ᠤᠩᠨᠢᠭᠤᠳ ᠵᠠᠰᠠᠭ ᠲᠠᠷᠬᠠᠭᠠᠬᠤ ﹇2015﹈ 22 ᠳ᠋ᠤᠭᠠᠷ ᠨᠤᠮᠧᠷᠳᠤ
ᠨᠡᠶᠢᠲᠡᠯᠡᠭᠰᠡᠨ ᠴᠠᠭ᠄
2016/4/18
      ᠤᠩᠨᠢᠭᠤᠳ ᠵᠠᠰᠠᠭ ᠲᠠᠷᠬᠠᠭᠠᠬᠤ ﹇2015﹈ 22 ᠳ᠋ᠤᠭᠠᠷ ᠨᠤᠮᠧᠷᠳᠤ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ  ᠠᠷᠠᠳ ᠤᠨ  ᠵᠠᠰᠠᠭ ᠤᠨ  ᠤᠷᠳᠤᠨ ᠤ  ᠤᠷᠤᠨ  ᠨᠤᠳᠤᠭ ᠤᠨ  ᠵᠠᠰᠠᠭ ᠤᠨ  ᠤᠷᠳᠤᠨ ᠤ  ᠴᠢᠨᠠᠷᠳᠠᠢ‌ᠵᠢᠭᠡᠯᠡᠯᠭᠡ ᠶᠢᠨ  ᠶᠠᠪᠤᠳᠠᠯ ᠤᠨ  ᠬᠠᠮᠢᠶᠠᠷᠤᠯᠳᠠ ᠶᠢ  ᠬᠡᠷᠡᠭᠵᠢᠬᠦᠯᠬᠦ  ᠰᠠᠨᠠᠯ︾ ᠢ  ᠲᠠᠷᠬᠠᠭᠠᠬᠤ  ᠲᠤᠬᠠᠢ  ᠮᠠᠳᠡᠭᠳᠡᠯᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠵᠡᠩᠨᠡᠭᠰᠡᠨ ᠮᠠᠯ ᠲᠠᠷᠢᠶᠠᠯᠠᠩ ᠤᠨ ᠲᠠᠯᠠᠪᠠᠢ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠡᠯ᠎ᠡ ᠰᠢᠭᠤᠳ ᠬᠠᠷᠢᠶ᠎ᠠ ᠪᠠᠶᠢᠭᠤᠯᠤᠯᠭ᠎ᠠ ᠳᠤ᠄      ᠤᠳᠤ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢ ᠬᠡᠷᠡᠭᠵᠢᠬᠦᠯᠬᠦ ᠰᠠᠨᠠᠯ︾   ᠢ ᠲᠠᠨᠠᠷ ᠲᠤ ᠲᠠᠷᠬᠠᠭᠠᠯ᠎ᠠ᠃ ᠨᠠᠷᠢᠨ ᠬᠢᠨᠠᠮᠠᠭᠠᠢ ᠪᠠᠷ ᠲᠤᠤᠱᠯᠠᠭᠤᠯᠤᠨ ᠬᠡᠷᠡᠭᠵᠢᠬᠦᠯᠳᠦᠭᠡᠢ᠃                    ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ                        2015 ᠤᠨ ᠤ 2 ᠰᠠᠷᠠᠶᠢᠨ 26 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ              ᠦᠪᠤᠷ ᠵᠠᠰᠠᠭ ᠲᠠᠷᠬᠠᠭᠠᠬᠤ ﹇2015﹈ 16 ᠳ᠋ᠤᠭᠠᠷ ᠲᠤᠭᠠᠳᠤ      ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ  ᠵᠢᠭᠡᠯᠡᠯᠭᠡ   ᠶᠢᠨ  ᠬᠠᠮᠢᠶᠠᠷᠤᠯᠳᠠ   ᠶᠢ  ᠴᠢᠩᠭᠠᠳᠬᠠᠨ  ᠬᠡᠷᠡᠭᠵᠢᠬᠦᠯᠬᠦ   ᠲᠤᠬᠠᠢ  ᠰᠠᠨᠠᠯᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠪᠠᠶᠢᠭᠤᠯᠤᠯᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠠᠷᠳᠡᠭᠡᠨ ᠵᠠᠰᠠᠬᠤ ᠤᠷᠤᠨ ᠤ ᠡᠯ᠎ᠡ ᠬᠤᠷᠢᠶ᠎ᠠ᠂ ᠠᠯᠪᠠᠨ ᠬᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠤᠶᠢᠯᠠᠰ ᠤᠨ ᠨᠢᠭᠡᠴᠡ ᠳᠤ᠄      ᠪᠦᠬᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠪᠠᠷᠳᠡᠭᠡᠨ ᠵᠠᠰᠠᠬᠤ ᠤᠷᠤᠨ ᠤ ᠠᠵᠤ ᠠᠬᠤᠢ ᠶᠢ ᠦᠷᠬᠦᠯᠵᠢᠯᠠᠨ ᠡᠷᠡᠬᠦᠯ ᠴᠢᠬᠢᠷᠠᠭ ᠢᠶᠠᠷ ᠬᠦᠭᠵᠢᠬᠦᠯᠬᠦ ᠶᠢᠨ ᠲᠦᠯᠦᠭᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠠᠳᠤᠭᠡᠷ ᠪᠦᠬᠦᠳᠠ ᠬᠤᠷᠠᠯᠳᠤᠭᠠᠨ ᠪᠠ ︽ᠤᠯᠤᠰ ᠤᠨ ᠶᠠᠪᠤᠳᠠᠯ ᠤᠨ ᠬᠤᠷᠢᠶᠠᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢᠨ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠰᠠᠨᠠᠯ︾ ︵ᠤᠯᠤᠰ ᠲᠠᠷᠬᠠᠭᠠᠬᠰᠠᠨ ﹇2014﹈ 43 ᠨᠤᠮᠧᠷᠳᠤ︶   ᠤᠨ ᠵᠤᠷᠢᠭ ᠰᠠᠨᠠᠭ᠎ᠠ ᠵᠢᠴᠢ ᠬᠠᠮᠢᠶ᠎ᠠ ᠪᠦᠬᠦᠢ ᠬᠠᠤᠯᠢ ᠲᠦᠷᠢᠮ ᠤᠨ ᠲᠤᠬᠳᠠᠭᠠᠯ ᠢ ᠦᠨᠳᠤᠰᠤᠯᠠᠵᠤ᠂ ᠮᠠᠨ ᠤ ᠤᠷᠤᠨ  ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠤᠷᠠᠬᠢ ᠮᠠᠳᠤ ᠬᠡᠷᠡᠭᠵᠢᠬᠦᠯᠬᠦ ᠰᠠᠨᠠᠯ ᠢ ᠲᠤᠷᠠᠳᠤᠨ ᠭᠠᠷᠭᠠᠪᠠ᠃     ᠨᠢᠭᠡ᠂ ᠶᠠᠷᠦᠩᠭᠡᠢ ᠱᠠᠭᠠᠷᠳᠠᠯᠭ᠎ᠠ     ︵ᠨᠢᠭᠡ︶ ᠵᠢᠯᠤᠭᠤᠳᠬᠤ ᠦᠵᠠᠯ ᠰᠠᠨᠠᠭ᠎ᠠ     ᠳ᠋ᠧᠩ ᠰᠢᠶᠥᠥ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠠᠯ ᠰᠠᠨᠠᠭ᠎ᠠ᠂ ᠰᠢᠨᠵᠢᠯᠠᠬᠦ ᠤᠬᠠᠭᠠᠨᠴᠢ ᠪᠠᠷ ᠬᠦᠭᠵᠢᠬᠦᠯᠬᠦ ᠦᠵᠠᠯᠳᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠠᠳᠤᠭᠡᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠠ᠂ ᠤᠯᠤᠰ  ᠤᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠤ ᠪᠠᠶᠢᠷᠢᠯᠠᠭᠤᠯᠤᠯᠳᠠ ᠶᠤᠰᠤᠭᠠᠷ᠂ ︽ᠵᠢᠭᠡᠯᠡᠬᠦ᠂ ᠬᠡᠷᠡᠭᠯᠠᠬᠦ᠂ ᠪᠤᠴᠠᠭᠠᠬᠤ︾ ᠶᠢ ᠨᠢᠭᠡᠳᠭᠡᠭᠰᠡᠨ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮᠵᠢᠯ ᠢ ᠪᠠᠶᠢᠭᠤᠯᠵᠤ᠂ ᠪᠦᠬᠦ ᠤᠷᠤᠨ ᠤ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠵᠢᠷᠤᠮᠵᠢᠬᠦᠨ ᠢᠶᠠᠷ ᠵᠢᠭᠡᠯᠡᠯᠭᠡ ᠶᠢ ᠬᠮᠢᠶᠠᠷᠬᠤ ᠢᠳᠡᠪᠬᠢᠳᠠᠢ ᠤᠶᠢᠯᠠᠳᠤᠯ ᠢ ᠪᠦᠳᠦᠮᠵᠢᠳᠠᠢ ᠪᠠᠳᠠᠷᠠᠭᠤᠯᠵᠤ᠂ ᠡᠳ᠋ ᠤᠨ ᠵᠠᠰᠠᠭ᠂ ᠡᠳ᠋ ᠮᠦᠩᠬᠦ ᠶᠢᠨ ᠲᠦᠭᠰᠢᠬᠦᠷᠢ ᠶᠢ ᠦᠨᠠᠩᠬᠦ ᠰᠠᠷᠭᠡᠶᠢᠯᠠᠨ ᠦᠭᠡᠶᠢᠰᠭᠡᠵᠤ᠂ ᠦᠪᠠᠷᠳᠡᠭᠡᠨ ᠵᠠᠰᠠᠬᠤ ᠤᠷᠤᠨ ᠤ ᠠᠵᠤ ᠠᠬᠤᠢ ᠦᠷᠬᠦᠯᠵᠢᠯᠠᠨ ᠬᠦᠭᠵᠢᠬᠦ ᠶᠢ ᠠᠬᠢᠭᠤᠯᠬᠤ ᠬᠡᠷᠡᠭᠳᠡᠢ᠃     ︵ᠬᠤᠶᠠᠷ︶ ᠦᠨᠳᠤᠰᠤᠨ ᠵᠠᠷᠴᠢᠮ    ᠨᠠᠪᠳᠠᠷᠠᠬᠦᠯᠬᠦ ᠪᠠ ᠪᠦᠭᠯᠠᠬᠦ ᠶᠢ ᠤᠶᠠᠯᠳᠤᠭᠤᠯᠤᠨ᠎ᠠ᠃ ᠲᠤᠳᠤ ᠰᠤᠪᠠᠭ ᠢ ᠵᠠᠰᠠᠵᠤ᠂ ᠨᠢᠭᠤᠴᠠ ᠵᠠᠮ ᠢ ᠪᠦᠭᠯᠠᠵᠤ᠂ ᠤᠯᠤᠰ ᠤᠨ ᠶᠠᠪᠤᠳᠠᠯ ᠤᠨ ᠬᠤᠷᠢᠶᠠᠨ ᠠᠴᠠ ᠦᠪᠠᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠤᠯᠭᠤᠬᠰᠠᠨ ᠬᠠᠤᠯᠢ ᠶᠤᠰᠤᠭᠠᠷ ᠵᠤᠬᠢᠮᠵᠢᠳᠠᠢ ᠵᠢᠭᠡᠯᠡᠯᠭᠡ ᠭᠠᠷᠭᠠᠬᠤ᠂ ᠮᠦᠩᠬᠦ ᠴᠤᠬᠯᠠᠭᠤᠯᠬᠤ ᠡᠷᠭᠡ ᠶᠢ ᠬᠡᠷᠡᠭᠵᠢᠬᠦᠯᠦᠨ᠂ ᠵᠢᠷᠦᠮᠵᠢᠭᠰᠡᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠵᠢᠭᠡᠯᠡᠯᠭᠡ ᠭᠠᠷᠭᠠᠬᠤ ᠮᠦᠩᠬᠦ ᠴᠤᠬᠯᠠᠭᠤᠯᠬᠤ ᠪᠠᠶᠢᠭᠤᠯᠦᠮᠵᠢ ᠶᠢ ᠲᠦᠷᠭᠡᠭᠡᠨ ᠪᠠᠶᠢᠭᠤᠯᠬᠤ ᠬᠡᠷᠡᠭᠳᠡᠢ᠃ ᠡᠬᠦᠨ ᠤ ᠬᠠᠮᠳᠤ ᠡᠯ᠎ᠡ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠬᠠᠤᠯᠢ ᠲᠦᠷᠢᠮ ᠵᠦᠷᠢᠴᠠᠵᠤ ᠵᠢᠭᠡᠯᠡᠯᠭᠡ ᠭᠠᠷᠭᠠᠬᠤ ᠶᠢ ᠡᠷᠡᠰ ᠬᠢᠵᠠᠭᠠᠷᠯᠠᠬᠤ ᠬᠡᠷᠡᠭᠳᠡᠢ᠃     ᠬᠠᠷᠢᠭᠤᠴᠠᠯᠭ᠎ᠠ ᠪᠠᠨ ᠲᠤᠳᠤᠷᠬᠠᠢ ᠬᠤᠪᠢᠶᠠᠷᠢᠯᠠᠨ᠎ᠠ᠃ ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠲᠤᠳᠤᠳᠬᠠᠵᠤ᠂ ᠵᠠᠰᠠᠭ ᠤᠨ ᠤᠷᠳᠤᠨ ᠤ ᠵᠢᠭᠡᠯᠡᠯᠭᠡ ᠶᠢᠨ ᠶᠠᠪᠤᠳᠠᠯ ᠢ ᠠᠵᠤ ᠠᠬᠤᠶᠢᠯᠠᠯ ᠢᠶᠠᠷ ᠲᠠᠮᠵᠢᠭᠤᠯᠵᠤ ᠵᠢᠭᠡᠯᠡᠵᠤ ᠪᠤᠯᠬᠤ ᠦᠭᠡᠢ᠃ ᠠᠵᠤ ᠠᠬᠤᠶᠢᠯᠠᠯ ᠨᠢ ᠵᠢᠭᠡᠯᠡᠯᠭᠡ ᠶᠢᠨ ᠶᠠᠪᠤᠳᠠᠯ ᠢᠶᠠᠨ ᠵᠠᠰᠠᠭ ᠤᠨ ᠤᠷᠳᠤᠨ ᠢᠶᠠᠷ ᠲᠦᠯᠦᠭᠦᠯᠬᠦ ᠬᠡᠵᠤ ᠲᠦᠯᠬᠢᠵᠤ ᠪᠤᠯᠬᠤ ᠦᠭᠡᠢ᠃ ᠬᠡᠨ ᠵᠢᠭᠡᠯᠡᠭᠰᠡᠨ ᠪᠤᠯ ᠲᠠᠷᠠ ᠲᠦᠯᠦᠵᠤ ᠲᠦᠭᠰᠢᠬᠦᠷᠢ ᠶᠢ ᠦᠪᠠᠷᠳᠡᠭᠡᠨ ᠠᠷᠭᠠᠴᠠᠭᠠᠬᠤ ᠶᠢ ᠦᠨᠠᠩᠬᠦ ᠬᠦᠢᠴᠠᠳᠭᠡᠬᠦ ᠬᠡᠷᠡᠭᠳᠡᠢ᠃ ᠵᠠᠰᠠᠭ ᠤᠨ ᠤᠷᠳᠤᠨ ᠪᠤᠯᠤᠨ ᠨᠠᠶᠢᠭᠡᠮ ᠤᠨ ᠬᠦᠷᠦᠩᠭᠡ ᠬᠤᠷᠰᠢᠬᠰᠠᠨ ᠢ ᠲᠤᠬᠳᠠᠬᠰᠠᠨ ᠲᠤᠬᠳᠠᠭᠠᠯ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠬᠦᠷᠭᠡᠯᠠᠨ᠎ᠠ᠃    ᠬᠠᠮᠢᠶᠠᠷᠤᠯᠳᠠ ᠪᠠᠨ ᠵᠢᠷᠤᠮᠵᠢᠬᠦᠯᠦᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠶᠠᠪᠤᠳᠠᠯ ᠳᠤ ᠵᠢᠷᠦᠮᠵᠢᠭᠰᠡᠨ ᠬᠢᠵᠠᠭᠠᠷᠯᠠᠯ ᠢ ᠬᠡᠷᠡᠭᠵᠢᠬᠦᠯᠵᠤ᠂ ᠵᠠᠰᠠᠭ ᠤᠨ ᠤᠷᠳᠤᠨ ᠤ ᠵᠢᠭᠡᠯᠡᠯᠭᠡ ᠭᠠᠷᠭᠠᠬᠤ ᠡᠮᠬᠢ ᠵᠢᠷᠤᠮ ᠢ ᠲᠦᠪ ᠴᠢᠩᠭ᠎ᠠ ᠵᠢᠷᠤᠮᠵᠢᠬᠦᠯᠬᠦ ᠪᠠ ᠪᠠᠯᠠ ᠮᠦᠩᠬᠦ ᠶᠢᠨ ᠬᠡᠷᠡᠭᠴᠡᠭᠡ ᠶᠢ ᠲᠤᠬᠳᠠᠭᠠᠨ ᠬᠢᠵᠠᠭᠠᠷᠯᠠᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠠᠯᠭᠡ ᠶᠢᠨ ᠶᠠᠪᠤᠳᠠᠯ ᠢ ᠠᠳᠠᠯᠢ ᠪᠤᠰᠤ ᠰᠠᠯᠠᠭ᠎ᠠ ᠮᠦᠴᠢᠷ ᠢᠶᠠᠷ ᠬᠤᠪᠢᠶᠠᠷᠢᠯᠠᠵᠤ᠂ ᠪᠦᠬᠦᠨ ᠢ ᠤᠷᠢᠳᠴᠢᠯᠠᠨ ᠪᠤᠳᠤᠬᠤ ᠬᠠᠮᠢᠶᠠᠷᠤᠯᠳᠠ ᠳᠤ ᠤᠷᠤᠭᠤᠯᠤᠨ ︽ᠵᠢᠭᠡᠯᠠᠬᠦ᠂ ᠬᠡᠷᠡᠭᠯᠠᠬᠦ᠂ ᠪᠤᠴᠠᠭᠠᠬᠤ︾ ᠶᠢ ᠨᠢᠭᠡᠳᠭᠦ ᠶᠢ ᠪᠠᠶᠠᠯᠠᠬᠦᠯᠦᠨ᠎ᠠ᠃    ᠲᠦᠭᠰᠢᠬᠦᠷᠢ ᠶᠢ ᠰᠠᠷᠭᠡᠶᠢᠯᠠᠨ᠎ᠠ᠃ ᠤᠷᠤᠨ ᠨᠤᠳᠤᠭ ᠤᠨ ᠴᠢᠨᠠᠷᠳᠠᠢ ᠪᠠ ᠰᠢᠰᠲ᠋ᠧᠮ ᠤᠨ ᠴᠢᠨᠠᠷᠳᠠᠢ ᠠᠶᠤᠯ ᠡᠬᠦᠰᠬᠦ ᠦᠭᠡᠢ ᠶᠢ ᠪᠠᠳᠤᠯᠠᠬᠤ ᠪᠠᠷ ᠬᠢᠴᠢᠶᠠᠵᠤ᠂ ᠡᠳ᠋ ᠤᠨ ᠵᠠᠰᠠᠭ ᠤᠨ ᠲᠦᠭᠰᠢᠬᠦᠷᠢ ᠶᠢ ᠦᠨᠠᠩᠬᠦ ᠰᠠᠷᠭᠡᠶᠢᠯᠠᠬᠦ ᠪᠠ ᠦᠭᠡᠶᠢᠰᠭᠡᠵᠤ᠂ ᠠᠵᠤ ᠠᠬᠤᠢ ᠨᠠᠶᠢᠭᠡᠮ ᠤᠨ ᠰᠢᠯᠢᠳᠡᠭ ᠡᠷᠡᠬᠦᠯ ᠢᠶᠠᠷ ᠬᠦᠭᠵᠢᠬᠦ ᠶᠢ ᠪᠠᠳᠤᠯᠠᠬᠤ ᠬᠡᠷᠡᠭᠳᠡᠢ᠃     ᠲᠤᠬᠳᠠᠭᠤᠨ ᠢᠶᠠᠷ ᠠᠬᠢᠭᠤᠯᠤᠨ᠎ᠠ᠃ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢ ᠴᠢᠩᠭᠠᠳᠬᠠᠵᠤ᠂ ᠢᠳᠡᠪᠬᠢᠳᠠᠢ ᠪᠠᠷ ᠠᠬᠢᠭᠤᠯᠬᠤ ᠮᠦᠷᠳᠡᠭᠡᠨ ᠪᠠᠰᠠ ᠬᠢᠴᠢᠶᠠᠩᠬᠦᠢ ᠪᠠᠷ ᠲᠤᠬᠳᠠᠭᠤᠨ ᠪᠤᠯᠭᠠᠨ ᠴᠢᠬᠢᠷᠠᠬᠵᠢᠭᠤᠯᠤᠨ᠎ᠠ᠃ ᠵᠢᠷᠤᠮᠵᠢᠬᠦᠯᠦᠨ ᠬᠠᠮᠢᠶᠠᠷᠬᠤ ᠶᠢᠨ ᠬᠠᠮᠳᠤ ᠲᠤᠭ᠎ᠠ ᠬᠡᠮᠵᠢᠶ᠎ᠠ ᠲᠠᠢ ᠵᠢᠭᠡᠯᠡᠯᠭᠡ ᠶᠢᠨ ᠶᠠᠪᠤᠳᠠᠯ ᠢ ᠵᠤᠬᠢᠰᠳᠠᠢ ᠪᠠᠷ ᠰᠢᠢᠳᠪᠤᠷᠢᠯᠠᠵᠤ᠂ ᠲᠦᠷᠦᠯ ᠵᠦᠢᠯ ᠢ ᠪᠠᠶᠢᠭᠤᠯᠬᠤ ᠶᠢ ᠲᠠᠰ ᠲᠠᠷᠠᠭ᠎ᠠ ᠲᠠᠢ ᠠᠬᠢᠭᠤᠯᠬᠤ ᠶᠢ ᠦᠨᠠᠩᠬᠦ ᠪᠠᠳᠤᠯᠠᠬᠤ ᠬᠡᠷᠡᠭᠳᠡᠢ᠃     ᠪᠦᠳᠦᠮᠵᠢ ᠶᠢ ᠴᠢᠬᠤᠯᠠᠴᠢᠯᠠᠨ᠎ᠠ᠃ ᠵᠢᠭᠡᠯᠡᠯᠭᠡ ᠶᠢᠨ ᠬᠡᠷᠡᠭᠯᠠᠭᠡᠨ ᠤ ᠬᠠᠷᠢᠭᠤᠴᠠᠯᠭ᠎ᠠ ᠶᠢ ᠮᠦᠷᠳᠠᠨ ᠠᠰᠠᠭᠤᠬᠤ ᠪᠠ ᠦᠨᠠᠯᠠᠬᠦ ᠶᠢ ᠴᠢᠩᠭᠠᠳᠬᠠᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠶᠠᠪᠤᠳᠠᠯ ᠤᠨ ︽ᠵᠢᠭᠡᠯᠡᠬᠦ᠂ ᠬᠡᠷᠡᠭᠯᠠᠬᠦ᠂ ᠪᠤᠴᠠᠭᠠᠬᠤ︾ ᠶᠢ ᠺᠠᠳ᠋ᠷ ᠤᠨ ᠵᠠᠰᠠᠭ ᠤᠨ ᠠᠵᠢᠯ ᠤᠨ ᠬᠢᠷᠢ ᠪᠦᠳᠦᠮᠵᠢ ᠶᠢ ᠰᠢᠯᠭᠠᠬᠤ ᠪᠠ ᠠᠵᠢᠯ ᠤᠨ ᠪᠦᠳᠦᠮᠵᠢ ᠶᠢ ᠤᠷᠢᠳᠴᠢᠯᠠᠨ ᠪᠤᠳᠤᠵᠤ ᠬᠠᠮᠢᠶᠠᠷᠬᠤ ᠬᠡᠪᠴᠢᠶᠠᠨ ᠳᠤ ᠤᠷᠤᠭᠤᠯᠤᠨ᠎ᠠ᠃     ᠬᠤᠶᠠᠷ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠷᠦᠮᠵᠢᠭᠰᠡᠨ ᠵᠢᠭᠡᠯᠡᠯᠭᠡ ᠭᠠᠷᠭᠠᠵᠤ᠂ ᠪᠠᠯᠠ ᠴᠤᠬᠯᠠᠭᠤᠯᠬᠤ ᠪᠠᠶᠢᠭᠤᠯᠤᠮᠵᠢ ᠶᠢᠨ ᠪᠠᠶᠢᠭᠤᠯᠤᠯᠳᠠ ᠶᠢ ᠲᠦᠷᠭᠡᠳᠭᠡᠨ᠎ᠠ᠃     ︵ᠨᠢᠭᠡ︶ ᠲᠤᠬᠳᠠᠭᠠᠬᠰᠠᠨ ᠡᠷᠭᠡ ᠶᠢᠨ ᠬᠢᠵᠠᠭᠠᠷᠯᠠᠯ ᠶᠤᠰᠤᠭᠠᠷ ᠵᠤᠬᠢᠮᠵᠢᠳᠠᠢ ᠵᠢᠭᠡᠯᠡᠯᠭᠡ ᠭᠠᠷᠭᠠᠨ᠎ᠠ᠃ ᠤᠯᠤᠰ  ᠤᠨ ᠶᠠᠪᠤᠳᠠᠯ ᠤᠨ ᠬᠤᠷᠢᠶ᠎ᠠ ᠪᠠᠷ ᠵᠦᠪᠰᠢᠶᠠᠷᠠᠬᠦᠯᠬᠦ ᠪᠠᠷ ᠲᠠᠮᠵᠢᠭᠤᠯᠵᠤ᠂ ᠦᠪᠠᠷᠳᠡᠭᠡᠨ ᠵᠠᠰᠠᠬᠤ ᠤᠷᠤᠨ ᠤ ᠵᠠᠰᠠᠭ  ᠤᠨ ᠤᠷᠳᠤᠨ ᠨᠢ ᠵᠤᠬᠢᠰᠳᠠᠢ ᠪᠠᠷ ᠵᠢᠭᠡᠯᠡᠯᠭᠡ ᠭᠠᠷᠭᠠᠵᠤ ᠪᠤᠯᠤᠨ᠎ᠠ᠃ ᠡᠯ᠎ᠡ ᠠᠶᠢᠮᠠᠭ ᠤᠨ ᠵᠠᠰᠠᠭ ᠵᠠᠬᠢᠷᠭ᠎ᠠ ᠶᠢᠨ ᠭᠠᠵᠠᠷ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠢᠭᠡᠯᠡᠯᠭᠡ ᠭᠠᠷᠭᠠᠬᠤ ᠴᠢᠬᠤᠯᠠ ᠲᠠᠢ ᠪᠤᠯ ᠦᠪᠠᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠷᠤᠯᠠᠨ ᠵᠢᠭᠡᠯᠡᠵᠤ ᠦᠭᠴᠤ ᠪᠤᠯᠤᠨ᠎ᠠ᠃ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠤᠨ ᠠᠷᠠᠳ ᠤᠨ ᠵᠠᠰᠠᠭ ᠤᠨ ᠤᠷᠳᠤᠨ ᠵᠢᠭᠡᠯᠠᠬᠦ ᠴᠢᠬᠤᠯᠠ ᠲᠠᠢ ᠪᠤᠯ᠂ ᠪᠠᠶᠢᠭ᠎ᠠ ᠠᠶᠢᠮᠠᠭ  ᠤᠨ ᠵᠠᠰᠠᠭ ᠵᠠᠬᠢᠷᠭ᠎ᠠ ᠶᠢᠨ ᠭᠠᠵᠠᠷ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠭᠤᠯᠤᠬᠰᠠᠨ ᠤ ᠰᠠᠬᠦᠯᠠᠷ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤᠷᠤᠯᠠᠨ ᠵᠢᠭᠡᠯᠡᠵᠤ ᠦᠭᠬᠦᠨ᠎ᠠ᠃ ᠵᠠᠰᠠᠭ ᠤᠨ ᠤᠷᠳᠤᠨ ᠤ ᠵᠢᠭᠡᠯᠡᠯᠭᠡ ᠶᠢᠨ ᠶᠠᠪᠤᠳᠠᠯ ᠨᠢ ᠵᠦᠪᠬᠡᠨ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠢᠶᠠᠷ ᠲᠠᠮᠵᠢᠭᠤᠯᠵᠤ ᠵᠢᠭᠡᠯᠡᠨ᠎ᠠ᠃ ᠠᠵᠤ ᠠᠬᠤᠶᠢᠯᠠᠯ᠂ ᠠᠵᠤ ᠤᠶᠢᠯᠠᠰ ᠤᠨ ᠨᠢᠭᠡᠴᠡ ᠪᠠᠷ ᠲᠠᠮᠵᠢᠭᠤᠯᠵᠤ ᠵᠢᠭᠡᠯᠡᠵᠤ ᠪᠤᠯᠬᠤ ᠦᠭᠡᠢ᠃     ︵ᠬᠤᠶᠠᠷ︶ ᠵᠢᠷᠦᠮᠵᠢᠭᠰᠡᠨ ᠵᠢᠭᠡᠯᠡᠯᠭᠡ ᠭᠠᠷᠭᠠᠵᠤ ᠪᠠᠯᠠ ᠴᠤᠬᠯᠠᠭᠤᠯᠬᠤ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠭᠡᠯᠡᠯᠭᠡ ᠭᠠᠷᠭᠠᠬᠤ ᠳᠤ ᠤᠷᠤᠨ ᠨᠤᠳᠤᠭ ᠤᠨ ᠵᠠᠰᠠᠭ ᠤᠨ ᠤᠷᠳᠤᠨ ᠵᠤᠭᠤᠰ ᠵᠢᠭᠡᠯᠡᠬᠦ ᠬᠡᠯᠪᠠᠷᠢ ᠪᠠᠷ ᠪᠠᠯᠠ ᠮᠦᠩᠬᠦ ᠪᠠᠯᠠᠳᠭᠡᠵᠤ ᠴᠤᠬᠯᠠᠭᠤᠯᠤᠨ᠎ᠠ᠃ ᠠᠰᠢᠭ ᠤᠷᠤᠯᠭ᠎ᠠ ᠦᠭᠡᠢ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠤ ᠤᠶᠢᠯᠠᠰ ᠬᠦᠭᠵᠢᠬᠦᠯᠬᠦ ᠳᠤ ᠦᠨᠠᠩᠬᠦ ᠵᠠᠰᠠᠭ ᠤᠨ ᠤᠷᠳᠤᠨ ᠵᠢᠭᠡᠯᠡᠯᠭᠡ ᠭᠠᠷᠭᠠᠬᠤ ᠴᠢᠬᠤᠯᠠ ᠲᠠᠢ ᠪᠤᠯ ᠡᠩ ᠤᠨ ᠵᠢᠭᠡᠯᠡᠯᠭᠡ ᠶᠢᠨ ᠪᠠᠷᠢᠮᠳᠠ ᠪᠠᠷ ᠲᠠᠮᠵᠢᠭᠤᠯᠤᠨ ᠮᠦᠩᠬᠦ ᠴᠤᠬᠯᠠᠭᠤᠯᠵᠤ᠂ ᠭᠤᠤᠯᠳᠠᠭᠤ ᠡᠩ ᠤᠨ ᠨᠠᠶᠢᠳᠠ ᠶᠢᠨ ᠲᠦᠯᠦᠪᠯᠠᠨ ᠪᠤᠳᠤᠬᠰᠠᠨ ᠤᠷᠤᠯᠭ᠎ᠠ ᠪᠠᠷ ᠪᠤᠴᠠᠭᠠᠨ ᠲᠦᠯᠦᠨ᠎ᠠ᠃ ᠵᠤᠬᠢᠬᠤ ᠠᠰᠢᠭ ᠤᠷᠤᠯᠭ᠎ᠠ ᠲᠠᠢ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠶᠢᠯᠠᠰ ᠬᠦᠭᠵᠢᠬᠦᠯᠬᠦ ᠳᠤ ᠵᠠᠰᠠᠭ ᠤᠨ ᠤᠷᠳᠤᠨ ᠠᠴᠠ ᠲᠤᠰᠬᠠᠢ ᠲᠦᠷᠦᠯ ᠤᠨ ᠵᠢᠭᠡᠯᠡᠯᠭᠡ ᠬᠢᠬᠦ ᠴᠢᠬᠤᠯᠠ ᠲᠠᠢ ᠪᠤᠯ ᠲᠤᠰᠬᠠᠢ ᠲᠦᠷᠦᠯ ᠤᠨ ᠵᠢᠭᠡᠯᠡᠯᠭᠡ ᠶᠢᠨ ᠲᠠᠮᠳᠡᠭ ᠲᠠᠷᠬᠠᠭᠠᠬᠤ ᠪᠠᠷ ᠮᠦᠩᠬᠦ ᠴᠤᠬᠯᠠᠭᠤᠯᠵᠤ᠂ ᠵᠠᠰᠠᠭ ᠤᠨ ᠤᠷᠳᠤᠨ  ᠤ ᠵᠤᠬᠢᠴᠠᠩᠭᠤᠢ ᠴᠢᠨᠠᠷᠳᠠᠢ ᠰᠠᠭᠤᠷᠢ ᠮᠦᠩᠬᠦ ᠡᠰᠡᠬᠦᠯ᠎ᠠ ᠲᠤᠰ ᠲᠦᠷᠦᠯ ᠤᠨ ᠲᠤᠰᠬᠠᠢ ᠲᠦᠷᠦᠯ ᠤᠨ ᠤᠷᠤᠯᠭ᠎ᠠ ᠪᠠᠷ ᠲᠦᠯᠦᠨ᠎ᠠ᠃     ︵ᠭᠤᠷᠪᠠ︶ ᠵᠠᠰᠠᠭ ᠤᠨ ᠤᠷᠳᠤᠨ ᠪᠠ ᠨᠠᠶᠢᠭᠡᠮ ᠤᠨ ᠬᠦᠷᠦᠩᠭᠡ ᠶᠢ ᠬᠠᠮᠳᠤᠷᠠᠵᠢᠭᠤᠯᠬᠤ ᠬᠡᠯᠪᠠᠷᠢ ᠪᠠᠷ ᠦᠷᠭᠡᠵᠢᠬᠦᠯᠵᠤ ᠬᠡᠷᠡᠭᠵᠢᠬᠦᠯᠦᠨ᠎ᠠ᠃ ᠬᠤᠳᠠ ᠶᠢᠨ ᠰᠠᠭᠤᠷᠢ ᠲᠦᠬᠦᠭᠡᠷᠦᠮᠵᠢ ᠵᠠᠷᠭᠡ ᠵᠤᠬᠢᠬᠤ ᠤᠷᠤᠯᠭ᠎ᠠ ᠲᠠᠢ ᠨᠠᠶᠢᠳᠠ ᠶᠢᠨ ᠠᠰᠠᠷᠠᠮᠵᠢ ᠶᠢᠨ ᠤᠶᠢᠯᠠᠰ ᠲᠤ ᠪᠠᠯᠠ ᠤᠷᠤᠭᠤᠯᠬᠤ ᠪᠠ ᠡᠵᠡᠩᠨᠠᠬᠦ ᠳᠤ ᠤᠷᠤᠯᠴᠠᠨ᠎ᠠ᠃ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠠ ᠨᠠᠶᠢᠳᠠ ᠶᠢᠨ ᠤᠶᠢᠯᠠᠰ ᠤᠨ ᠲᠠᠪᠬᠤᠷᠭ᠎ᠠ ᠶᠢ ᠭᠤᠤᠯᠳᠠᠯᠭ᠎ᠠ ᠲᠠᠢ ᠠᠩᠬᠠᠷᠴᠤ᠂ ᠦᠨ᠎ᠠ ᠲᠤᠬᠳᠠᠭᠠᠬᠤ ᠪᠠᠶᠢᠭᠤᠯᠤᠮᠵᠢ ᠨᠢ ᠲᠤᠳᠤᠷᠬᠠᠢ᠂ ᠪᠠᠯᠠ ᠮᠦᠩᠬᠦ ᠲᠤᠬᠳᠠᠭᠤᠨ ᠢᠶᠠᠷ ᠬᠦᠶᠦᠬᠦ ᠲᠦᠷᠦᠯ ᠵᠦᠢᠯ  ᠢ ᠤᠷᠢᠳᠠᠪᠠᠷ ᠰᠤᠩᠭᠤᠨ᠎ᠠ᠃ ᠵᠢᠱᠢᠶᠠᠯᠠᠪᠠᠯ ᠬᠤᠳᠠ   ᠶᠢᠨ ᠤᠰᠤᠨ ᠤ ᠬᠠᠩᠭᠠᠯᠳᠠ᠂ ᠲᠤᠯᠠᠭᠠᠴᠠᠯ ᠢ ᠬᠠᠩᠭᠠᠬᠤ᠂ ᠬᠡᠢ ᠬᠠᠩᠭᠠᠬᠤ᠂ ᠪᠤᠵᠠᠷᠳᠤᠯ ᠤᠰᠤ ᠪᠠ ᠬᠤᠭ ᠨᠤᠪᠰᠢ ᠶᠢ ᠴᠠᠪᠠᠷᠯᠠᠬᠦ᠂ ᠪᠠᠳᠤᠯᠠᠭ᠎ᠠ ᠶᠢᠨ ᠴᠢᠨᠠᠷᠳᠠᠢ ᠲᠠᠶᠢᠪᠤᠩ ᠰᠠᠭᠤᠴᠠ ᠶᠢᠨ ᠪᠠᠷᠢᠯᠭ᠎ᠠ᠂ ᠭᠠᠵᠠᠷ ᠲᠤᠤᠷᠠᠬᠢ ᠶᠠᠷᠦᠩᠭᠡᠶᠢᠯᠡᠭᠰᠡᠨ ᠰᠤᠪᠠᠭ᠂ ᠵᠠᠮ ᠨᠠᠪᠳᠠᠷᠠᠯᠭᠡ᠂ ᠡᠮᠨᠡᠯᠭᠡ ᠪᠠ ᠨᠠᠰᠤᠳᠠᠨ ᠤ ᠠᠰᠠᠷᠠᠮᠵᠢ ᠶᠢᠨ ᠤᠶᠢᠯᠠᠴᠢᠯᠠᠭᠡᠨ ᠤ ᠲᠦᠬᠦᠭᠡᠷᠦᠮᠵᠢ ᠵᠠᠷᠭᠡ ᠶᠢ ᠤᠷᠢᠳᠠᠪᠠᠷ ᠰᠤᠩᠭᠤᠵᠤ᠂ ᠵᠠᠰᠠᠭ ᠤᠨ ᠤᠷᠳᠤᠨ ᠪᠠ ᠨᠠᠶᠢᠭᠡᠮ ᠤᠨ ᠬᠦᠷᠦᠩᠭᠡ ᠪᠠᠷ ᠬᠠᠮᠵᠢᠯᠴᠠᠬᠤ ᠬᠡᠯᠪᠠᠷᠢ ᠶᠢᠨ ᠲᠤᠷᠰᠢᠯᠳᠠ ᠶᠢᠨ ᠲᠦᠷᠦᠯ ᠵᠦᠢᠯ ᠢ ᠢᠳᠡᠪᠬᠢᠳᠠᠢ ᠲᠤᠬᠳᠠᠭᠤᠨ ᠢᠶᠠᠷ ᠠᠬᠢᠭᠤᠯᠬᠤ ᠬᠡᠷᠡᠭᠳᠡᠢ᠃ ᠪᠠᠯᠠ ᠤᠷᠤᠭᠤᠯᠤᠬᠴᠢ ᠵᠠᠬ᠎ᠠ ᠲᠠᠯᠬᠡᠬᠦᠷᠵᠢᠬᠦ ᠵᠠᠷᠴᠢᠮ ᠶᠤᠰᠤᠭᠠᠷ ᠪᠠᠯᠠ ᠭᠠᠷᠭᠠᠵᠤ ᠭᠡᠷ᠎ᠡ ᠳᠤ ᠲᠤᠭᠲᠠᠭᠰᠠᠨ ᠲᠦᠷᠢᠮ ᠢᠶᠠᠷ ᠲᠤᠰᠠᠭᠠᠷ ᠪᠤᠶᠤ ᠵᠠᠰᠠᠭ ᠤᠨ ᠤᠷᠲᠤᠨ ᠲᠠᠢ ᠬᠠᠮᠲᠤ ᠪᠠᠷ ᠤᠨᠴᠠᠭᠠᠢ ᠬᠠᠷᠠᠯᠲᠠ ᠲᠠᠢ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠪᠠ ᠡᠵᠡᠭᠨᠡᠯᠲᠠ ᠶᠢᠨ ᠬᠠᠮᠲᠤᠷᠠᠭᠰᠠᠨ ᠲᠦᠷᠦᠯ ᠵᠦᠢᠯ ᠢ ᠪᠠᠶᠢᠭᠤᠯᠤᠨ᠎ᠠ᠃ ᠪᠡᠯᠡ ᠤᠷᠤᠭᠤᠯᠤᠭᠴᠢ ᠪᠤᠶᠤ ᠤᠨᠴᠠᠭᠠᠢ ᠬᠠᠷᠠᠯᠲᠠᠲᠤ ᠺᠤᠮᠫᠠᠨᠢ  ᠨᠢ ᠪᠠᠩᠭᠢ ᠶᠢᠨ ᠵᠢᠭᠡᠯᠡᠯᠭᠡ᠂ ᠠᠵᠤ ᠠᠬᠤᠶᠢᠯᠠᠯ ᠤᠨ ᠦᠷᠢ᠂ ᠲᠦᠷᠦᠯ ᠵᠦᠢᠯ ᠤᠨ ᠠᠰᠢᠭ ᠤᠯᠵᠠᠪᠤᠷᠢ᠂ ᠵᠢᠭᠡᠯᠡᠯᠭᠡ  ᠶᠢᠨ ᠲᠡᠮᠲᠡᠭ᠂ ᠡᠳ᠋ ᠬᠦᠷᠦᠩᠭᠡ ᠶᠢ ᠲᠡᠮᠲᠡᠭᠴᠢᠯᠡᠬᠦ ᠵᠡᠷᠭᠡ ᠠᠷᠭ᠎ᠠ ᠮᠠᠶ᠋ᠢᠭ ᠢᠶᠠᠷ ᠵᠢᠭᠡᠯᠡᠬᠦ ᠪᠦᠭᠡᠳ ᠵᠢᠭᠡᠯᠡᠯᠭᠡ ᠶᠢ ᠪᠤᠴᠠᠭᠠᠬᠤ ᠡᠭᠦᠷᠭᠡ ᠶᠢ ᠬᠠᠷᠢᠭᠤᠴᠠᠨ᠎ᠠ᠃ ᠵᠠᠰᠠᠭ ᠤᠨ ᠤᠷᠳᠤᠨ ᠨᠢ ᠪᠡᠯᠡ ᠤᠷᠤᠭᠤᠯᠤᠭᠴᠢ ᠪᠤᠶᠤ ᠤᠨᠴᠠᠭᠠᠢ ᠬᠠᠷᠠᠯᠲᠠᠲᠤ ᠺᠤᠮᠫᠠᠨᠢ ᠶᠢᠨ ᠭᠡᠷ᠎ᠡ ᠶᠢᠨ ᠲᠤᠭᠲᠠᠭᠠᠯ ᠢᠶᠠᠷ ᠡᠵᠡᠭᠨᠡᠯᠲᠠ ᠶᠢᠨ ᠡᠷᠬᠡ ᠤᠯᠭᠤᠬᠤ᠂ ᠵᠤᠬᠢᠮᠵᠢᠲᠠᠢ ᠬᠠᠨᠭ᠍ᠰᠢ ᠲᠤᠭᠲᠠᠭᠠᠬᠤ᠂ ᠡᠳ᠋ ᠤᠨ ᠵᠠᠰᠠᠭ ᠤᠨ ᠨᠦᠬᠦᠪᠦᠷᠢ ᠵᠡᠷᠭᠡ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠵᠦ ᠪᠡᠯᠡ ᠤᠷᠤᠭᠤᠯᠤᠭᠴᠢ ᠶᠢ ᠤᠷᠲᠤ ᠬᠤᠭᠤᠴᠠᠭᠠᠨ ᠤ ᠲᠤᠭᠲᠠᠭᠤᠨ ᠦᠷ᠎ᠡ ᠠᠰᠢᠭ ᠲᠠᠢ ᠪᠠᠶᠢᠯᠭᠠᠨ᠎ᠠ᠂ ᠪᠡᠯᠡ ᠤᠷᠤᠭᠤᠯᠤᠭᠴᠢ ᠪᠤᠶᠤ ᠤᠨᠴᠠᠭᠠᠢ ᠬᠠᠷᠠᠯᠲᠠᠲᠤ ᠺᠤᠮᠫᠠᠨᠢ ᠶᠢᠨ ᠦᠷᠢ ᠪᠠᠨ ᠪᠤᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠃ ᠡᠯ᠎ᠡ ᠱᠠᠲᠤᠨ ᠤ ᠵᠠᠰᠠᠭ ᠤᠨ ᠤᠷᠲᠤᠨ ᠨᠢ ᠵᠠᠰᠠᠭ ᠤᠨ ᠤᠷᠲᠤᠨ ᠪᠠ ᠨᠡᠶᠢᠭᠡᠮ ᠤᠨ ᠬᠦᠷᠦᠩᠭᠡ ᠮᠦᠡᠭᠭᠦ ᠬᠠᠮᠳᠤᠷᠠᠠ ᠠᠵᠢᠯᠯᠠᠬᠤ ᠬᠡᠪ ᠵᠠᠭᠪᠤᠷ ᠢᠶᠠᠷ ᠳᠠᠮᠵᠢᠵᠤ᠂ ᠬᠠᠮᠢᠶ᠎ᠠ ᠪᠦᠬᠦᠢ ᠠᠵᠤ ᠠᠬᠤᠶᠢᠯᠠᠯ ᠢ ᠪᠡᠯᠡ ᠬᠤᠷᠠᠮᠲᠤᠭᠤᠯᠬᠤ ᠲᠠᠪᠴᠠᠩ ᠤᠨ ᠺᠤᠮᠫᠠᠨᠢ ᠪᠤᠯᠭᠠᠨ ᠬᠤᠪᠢᠷᠠᠭᠤᠯᠵᠤ᠂ ᠡᠳ᠋ ᠤᠨ ᠵᠠᠰᠠᠭ ᠤᠨ ᠨᠦᠬᠦᠪᠦᠷᠢ ᠢᠶᠠᠷ ᠵᠢᠭᠡᠯᠡᠯᠭᠡ ᠶᠢ ᠪᠤᠴᠠᠭᠠᠵᠤ ᠪᠤᠯᠭᠠᠨ᠎ᠠ᠃     ︵ᠲᠦᠷᠪᠠ︶ ᠵᠠᠰᠠᠭ ᠤᠨ ᠤᠷᠳᠤᠨ ᠦᠷᠢ ᠰᠢᠷᠢ ᠶᠢᠨ ᠬᠠᠮᠢᠶᠠᠷᠤᠯᠳᠠ ᠪᠠᠨ ᠴᠢᠩᠭᠠᠳᠬᠠᠨ᠎ᠠ᠃ ᠡᠯ᠎ᠡ ᠱᠠᠳᠤᠨ  ᠤ ᠵᠠᠰᠠᠭ ᠤᠨ ᠤᠷᠳᠤᠨ ᠳᠤ ᠰᠢᠨ᠎ᠠ ᠪᠠᠷ ᠪᠤᠢ ᠪᠤᠯᠤᠬᠰᠠᠨ ᠪᠤᠶᠤ ᠦᠷᠢ ᠲᠠᠢ ᠪᠤᠯ ᠬᠠᠤᠯᠢ ᠶᠤᠰᠤᠭᠠᠷ ᠲᠠᠭᠠᠭᠠᠨ ᠪᠠᠳᠤᠯᠠᠬᠤ ᠬᠡᠪᠴᠢᠶᠠᠨ ᠳᠤ ᠴᠢᠩᠭ᠎ᠠ ᠬᠢᠵᠠᠭᠠᠷᠯᠠᠬᠤ ᠪᠦᠭᠡᠳ ᠲᠠᠭᠠᠭᠠᠨ ᠪᠠᠳᠤᠯᠠᠬᠤ ᠬᠡᠷ᠎ᠡ ᠶᠢ ᠦᠨᠳᠤᠰᠤᠯᠠᠵᠤ ᠬᠠᠤᠯᠢ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠡᠬᠦᠷᠭᠡᠯᠠᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠨᠢ ᠦᠷᠢ ᠰᠢᠷᠢ ᠶᠢᠨ ᠪᠦᠷᠢᠳᠭᠡᠯ ᠵᠠᠳᠠᠯᠤᠯᠳᠠ ᠪᠠ ᠲᠦᠭᠰᠢᠬᠦᠷᠢ ᠶᠢ ᠰᠠᠷᠭᠡᠶᠢᠯᠠᠬᠦ ᠶᠢ ᠴᠢᠩᠭᠠᠳᠬᠠᠵᠤ᠂ ᠬᠠᠮᠢᠶ᠎ᠠ ᠪᠦᠬᠦᠢ ᠬᠢᠨᠠᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠨ᠎ᠠ᠃ ᠡᠬᠦᠨ ᠤ ᠵᠠᠷᠭᠡᠪᠠᠷ ᠪᠠᠯᠠ ᠴᠤᠬᠯᠠᠭᠤᠯᠬᠤ ᠲᠠᠪᠴᠠᠩ ᠤᠨ ᠺᠤᠮᠫᠠᠨᠢ ᠶᠢᠨ ᠦᠷᠢ ᠰᠢᠷᠢ ᠶᠢ ᠲᠤᠬᠢᠷᠠᠮᠵᠢᠳᠠᠢ ᠰᠢᠢᠳᠪᠤᠷᠢᠯᠠᠨ᠎ᠠ᠃ ᠬᠤᠳᠠᠯᠳᠤᠭᠠᠨ ᠤ ᠶᠠᠪᠤᠳᠠᠯ ᠤᠨ ᠬᠡᠷ ᠬᠦᠷᠦᠩᠭᠡ ᠵᠠᠷᠭᠡ ᠡᠵᠡᠩᠨᠠᠯᠳᠠ ᠶᠢᠨ ᠴᠢᠨᠠᠷᠳᠠᠢ ᠲᠦᠷᠦᠯ ᠵᠦᠢᠯ ᠢ ᠵᠠᠰᠠᠭ ᠤᠨ ᠤᠷᠳᠤᠨ ᠲᠠᠢ ᠬᠠᠷᠢᠴᠠᠭ᠎ᠠ ᠬᠤᠯᠪᠤᠭ᠎ᠠ ᠪᠠᠨ ᠲᠠᠰᠤᠯᠵᠤ᠂ ᠵᠠᠬ᠎ᠠ ᠲᠠᠯᠬᠡᠬᠦᠷ ᠲᠤ ᠲᠦᠯᠬᠢᠨ ᠭᠠᠷᠭᠠᠨ᠎ᠠ᠃ ᠦᠷᠢ ᠰᠢᠷᠢ ᠶᠢ ᠠᠵᠤ ᠠᠬᠤᠶᠢᠯᠠᠯ ᠤᠨ ᠦᠷᠢ ᠪᠤᠯᠭᠠᠨ ᠬᠤᠪᠢᠷᠠᠭᠤᠯᠤᠨ᠎ᠠ᠃ ᠤᠰᠤ ᠬᠠᠩᠭᠠᠬᠤ᠂ ᠬᠡᠢ ᠬᠠᠩᠭᠠᠬᠤ᠂ ᠬᠤᠭ ᠨᠤᠪᠰᠢ ᠶᠢ ᠰᠢᠢᠳᠪᠤᠷᠢᠯᠠᠬᠦ ᠵᠠᠷᠭᠡ ᠨᠠᠶᠢᠭᠡᠮ ᠤᠨ ᠪᠠᠯᠠ ᠮᠦᠩᠬᠦ ᠶᠢ ᠲᠠᠳᠠᠬᠤ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠲᠦᠷᠦᠯ ᠵᠦᠢᠯ ᠤᠨ ᠦᠷᠢ ᠰᠢᠷᠢ ᠶᠢ ᠲᠦᠷᠦᠯ ᠵᠦᠢᠯ ᠤᠨ ᠺᠤᠮᠫᠠᠨᠢ ᠨᠢ ᠵᠠᠬ᠎ᠠ ᠲᠠᠯᠬᠡᠬᠦᠷᠴᠢᠯᠠᠯᠳᠠ ᠶᠢᠨ ᠵᠠᠷᠴᠢᠮ ᠢᠶᠠᠷ ᠲᠦᠯᠦᠨ᠎ᠠ᠃ ᠵᠠᠰᠠᠭ ᠤᠨ ᠤᠷᠳᠤᠨ ᠤᠷᠢᠳᠠᠪᠠᠷ ᠲᠤᠬᠳᠠᠬᠰᠠᠨ ᠬᠡᠷ᠎ᠡ ᠶᠤᠰᠤᠭᠠᠷ ᠤᠨᠴᠠᠭᠠᠢ ᠡᠵᠡᠩᠨᠠᠯᠳᠠ ᠶᠢᠨ ᠡᠷᠭᠡ ᠶᠢ ᠤᠯᠭᠤᠬᠤ᠂ ᠡᠳ᠋ ᠤᠨ ᠵᠠᠰᠠᠭ  ᠤᠨ ᠨᠦᠬᠦᠪᠤᠷᠢ᠂ ᠲᠤᠬᠢᠷᠠᠮᠵᠢᠳᠠᠢ ᠦᠨ᠎ᠠ ᠬᠠᠩᠰᠢ ᠲᠤᠬᠳᠠᠭᠠᠬᠤ ᠵᠠᠷᠭᠡ ᠬᠠᠷᠢᠭᠤᠴᠠᠯᠭ᠎ᠠ ᠶᠢ ᠡᠬᠦᠷᠭᠡᠯᠠᠵᠤ᠂ ᠦᠷᠢ ᠰᠢᠷᠢ ᠲᠦᠯᠦᠬᠦ ᠬᠠᠷᠢᠭᠤᠴᠠᠯᠭ᠎ᠠ ᠶᠢ ᠡᠬᠦᠷᠭᠡᠯᠠᠬᠦ ᠦᠭᠡᠢ᠃ ᠨᠠᠶᠢᠭᠡᠮ ᠤᠨ ᠬᠦᠷᠦᠩᠭᠡ ᠮᠦᠩᠬᠦ ᠶᠢ ᠲᠠᠳᠠᠬᠤ ᠳᠤ ᠬᠦᠴᠢᠷᠳᠠᠢ᠂ ᠵᠠᠰᠠᠭ ᠤᠨ ᠤᠷᠳᠤᠨ ᠠᠴᠠ ᠦᠨᠠᠩᠬᠦ ᠦᠷᠢ ᠭᠠᠷᠭᠠᠬᠤ ᠴᠢᠬᠤᠯᠠᠳᠠᠢ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠲᠦᠷᠦᠯ ᠵᠦᠢᠯ ᠤᠨ ᠦᠷᠢ ᠰᠢᠷᠢ ᠶᠢ ᠵᠠᠰᠠᠭ ᠤᠨ ᠤᠷᠳᠤᠨ ᠤ ᠦᠷᠢ ᠪᠤᠯᠭᠠᠨ ᠬᠤᠪᠢᠷᠠᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠢ ᠭᠤᠶᠤᠴᠢᠯᠠᠵᠤ᠂ ᠤᠷᠤᠨ ᠨᠤᠳᠤᠭ ᠤᠨ ᠵᠢᠭᠡᠯᠡᠯᠭᠡ ᠶᠢᠨ ᠲᠠᠮᠳᠡᠭ ᠲᠠᠷᠬᠠᠭᠠᠬᠤ  ᠪᠠᠷ ᠪᠠᠯᠠ ᠴᠤᠬᠯᠠᠭᠤᠯᠵᠤ ᠰᠤᠯᠢᠵᠤ ᠪᠤᠯᠤᠨ᠎ᠠ᠃     ᠭᠤᠷᠪᠠ᠂ ᠪᠦᠬᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢ ᠬᠡᠪᠴᠢᠶᠠᠵᠢᠬᠦᠯᠦᠨ ᠬᠢᠵᠠᠭᠠᠷᠯᠠᠬᠤ ᠪᠠ ᠲᠦᠰᠦᠪ ᠤᠨ ᠬᠠᠮᠢᠶᠠᠷᠤᠯᠳᠠ ᠶᠠᠪᠤᠭᠤᠯᠤᠨ᠎ᠠ᠃     ︵ᠨᠢᠭᠡ︶ ᠪᠦᠬᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢ ᠬᠡᠪᠴᠢᠶᠠᠵᠢᠬᠦᠯᠦᠨ ᠬᠢᠵᠠᠭᠠᠷᠯᠠᠨ᠎ᠠ᠃ ᠪᠦᠬᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ  ᠶᠢᠨ ᠬᠡᠪᠴᠢᠶ᠎ᠠ ᠶᠢ ᠲᠤᠭ᠎ᠠ ᠨᠤᠷᠮ᠎ᠠ ᠶᠢ ᠬᠢᠵᠠᠭᠠᠷᠯᠠᠨ ᠬᠠᠮᠢᠶᠠᠷᠴᠤ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠦᠷᠢ ᠭᠠᠷᠭᠠᠬᠤ ᠳᠠᠭᠠᠨ ᠵᠦᠪᠰᠢᠶᠡᠷᠡᠭᠰᠡᠨ ᠲᠤᠭᠠᠨ ᠠᠴᠠ ᠬᠡᠳᠦᠷᠠᠵᠤ ᠪᠤᠯᠬᠤ ᠦᠭᠡᠢ᠃ ᠪᠦᠬᠦ ᠤᠷᠤᠨ ᠤ ᠡᠯ᠎ᠡ ᠭᠠᠵᠠᠷ ᠤᠨ ᠵᠠᠰᠠᠭ ᠤᠨ ᠤᠷᠳᠤᠨ ᠤ ᠡᠩ ᠤᠨ ᠦᠷᠢ ᠰᠢᠷᠢ ᠶᠢᠨ ᠶᠠᠪᠤᠳᠠᠯ ᠪᠠ ᠲᠤᠰᠬᠠᠢ ᠲᠦᠷᠦᠯ ᠤᠨ ᠦᠷᠢ ᠰᠢᠷᠢ ᠶᠢᠨ ᠶᠠᠪᠤᠳᠠᠯ ᠢ ᠲᠤᠭ᠎ᠠ ᠬᠢᠵᠠᠭᠠᠷᠯᠠᠬᠤ ᠬᠠᠮᠢᠶᠠᠷᠤᠯᠳᠠ ᠳᠤ ᠤᠷᠤᠭᠤᠯᠵᠤ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠤᠯᠤᠰ ᠤᠨ ᠶᠠᠪᠤᠳᠠᠯ ᠤᠨ ᠬᠤᠷᠢᠶ᠎ᠠ ᠠᠴᠠ ᠬᠢᠵᠠᠭᠠᠷᠯᠠᠬᠰᠠᠨ ᠲᠤᠭ᠎ᠠ ᠶᠢᠨ ᠲᠤᠳᠤᠷ᠎ᠠ ᠬᠢᠵᠠᠭᠠᠷᠯᠠᠨ᠎ᠠ᠃     ︵ᠬᠤᠶᠠᠷ︶ ᠵᠠᠰᠠᠭ ᠤᠨ ᠤᠷᠳᠤᠨ ᠤ ᠦᠷᠢ ᠰᠢᠷᠢ ᠭᠠᠷᠭᠠᠬᠤ ᠠᠯᠬᠤᠮ ᠲᠠᠷᠠᠭ᠎ᠠ ᠪᠠ ᠪᠠᠯᠠ ᠮᠦᠩᠬᠦ ᠶᠢᠨ ᠬᠡᠷᠡᠭᠴᠡᠭᠡ ᠶᠢ ᠬᠢᠵᠠᠭᠠᠷᠯᠠᠨ ᠲᠤᠬᠳᠠᠭᠠᠨ᠎ᠠ᠃ ᠦᠪᠠᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠤᠬᠳᠠᠭᠠᠬᠰᠠᠨ ᠬᠢᠵᠠᠭᠠᠷᠯᠠᠬᠰᠠᠨ ᠲᠤᠭᠠᠨ ᠤ ᠲᠤᠳᠤᠷ᠎ᠠ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠪᠦᠬᠦ ᠤᠷᠤᠨ ᠤ ᠵᠢᠭᠡᠯᠡᠯᠭᠡ ᠶᠢᠨ ᠶᠠᠪᠤᠳᠠᠯ ᠤᠨ ᠲᠦᠭᠰᠢᠬᠦᠷᠢ ᠲᠠᠢ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠠᠷᠭᠡ ᠶᠢ ᠦᠨᠳᠤᠰᠤᠯᠠᠵᠤ᠂ ᠦᠪᠠᠷᠳᠡᠭᠡᠨ ᠵᠠᠰᠠᠬᠤ ᠤᠷᠤᠨ ᠤ ᠲᠤᠰ ᠱᠠᠳᠤ ᠵᠢᠴᠢ ᠠᠶᠢᠮᠠᠭ ᠬᠤᠳᠠ ᠶᠢᠨ ᠵᠢᠭᠡᠯᠡᠯᠭᠡ ᠶᠢᠨ ᠶᠠᠪᠤᠳᠠᠯ ᠤᠨ ᠬᠡᠪᠴᠢᠶ᠎ᠠ ᠶᠢ ᠲᠦᠰᠦᠪᠯᠠᠨ ᠪᠤᠳᠤᠵᠤ᠂ ᠦᠪᠠᠷᠳᠡᠭᠡᠨ ᠵᠠᠰᠠᠬᠤ ᠤᠷᠤᠨ ᠤ ᠵᠦᠪᠰᠢᠶᠠᠷᠠᠯ ᠢᠶᠠᠷ ᠲᠠᠮᠵᠢᠭᠤᠯᠤᠬᠰᠠᠨ ᠤ ᠲᠠᠷᠠᠭ᠎ᠠ ᠲᠦᠰᠦᠪᠯᠠᠨ ᠪᠤᠳᠤᠬᠰᠠᠨ ᠡᠭᠡ ᠲᠦᠰᠦᠪ ᠢᠶᠠᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠠᠳᠠᠬᠦᠯᠵᠤ ᠵᠦᠪᠰᠢᠶᠠᠷᠠᠬᠦᠯᠬᠦ ᠬᠡᠷᠡᠭᠳᠡᠢ᠃ ᠲᠦᠯᠦᠪᠯᠠᠨ ᠲᠤᠬᠢᠷᠠᠭᠤᠯᠤᠬᠰᠠᠨ ᠲᠦᠯᠦᠪᠵᠢᠬᠦᠯᠭᠡ ᠶᠢ ᠵᠦᠪᠰᠢᠶᠠᠷᠡᠭᠰᠡᠨ ᠤ ᠲᠠᠷᠠᠭ᠎ᠠ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠨᠦᠬᠦᠴᠠᠯ ᠢ ᠦᠨᠳᠤᠰᠤᠯᠠᠵᠤ᠂ ᠠᠶᠢᠮᠠᠭ ᠬᠤᠳᠠ ᠤᠨ ᠵᠢᠭᠡᠯᠡᠯᠭᠡ ᠶᠢᠨ ᠶᠠᠪᠤᠳᠠᠯ ᠤᠨ ᠬᠡᠪᠴᠢᠶ᠎ᠠ ᠶᠢ ᠬᠤᠪᠢᠶᠠᠷᠢᠯᠠᠨ ᠤᠷᠢᠳᠴᠢᠯᠠᠨ ᠪᠤᠳᠤᠵᠤ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠠᠳᠠᠬᠦᠯᠵᠤ ᠵᠦᠪᠰᠢᠶᠠᠷᠠᠬᠦᠯᠦᠭᠰᠡᠨ ᠤ ᠲᠠᠷᠠᠭ᠎ᠠ ᠡᠯ᠎ᠡ ᠠᠶᠢᠮᠠᠭ ᠬᠤᠳᠠ ᠳᠤ ᠪᠠᠭᠤᠯᠭᠠᠵᠤ ᠦᠭᠬᠦᠨ᠎ᠠ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠭᠠᠵᠠᠷ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠠᠷᠳᠡᠭᠡᠨ ᠵᠠᠰᠠᠬᠤ ᠤᠷᠤᠨ ᠤ ᠵᠦᠪᠰᠢᠶᠠᠷᠡᠭᠰᠡᠨ ᠠᠶᠢᠮᠠᠭ ᠬᠤᠳᠠ ᠶᠢ ᠬᠤᠪᠢᠶᠠᠨ ᠬᠢᠵᠠᠭᠠᠷᠯᠠᠬᠰᠠᠨ ᠲᠤᠭᠠᠨ ᠤ ᠲᠤᠳᠤᠷ᠎ᠠ ᠵᠢᠭᠡᠯᠡᠯᠭᠡ ᠬᠢᠵᠤ᠂ ᠡᠷᠭᠡᠪᠰᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠡᠰᠡᠬᠦᠯ᠎ᠠ ᠪᠠᠶᠢᠩᠭᠤ ᠶᠢᠨ ᠬᠤᠷᠢᠶ᠎ᠠ  ᠳᠤ ᠮᠠᠳᠠᠬᠦᠯᠵᠤ ᠵᠦᠪᠰᠢᠶᠠᠷᠠᠬᠦᠯᠬᠦ ᠪᠤᠶᠤ ᠲᠡᠭᠡᠭᠰᠢ ᠮᠠᠳᠠᠬᠦᠯᠬᠦ ᠬᠡᠷᠡᠭᠳᠡᠢ᠃ ᠵᠠᠰᠠᠭ ᠤᠨ ᠤᠷᠳᠤᠨ ᠤ ᠵᠢᠭᠡᠯᠡᠯᠭᠡ ᠶᠢᠨ ᠶᠠᠪᠤᠳᠠᠯ ᠤᠨ ᠬᠢᠵᠠᠭᠠᠷᠯᠠᠬᠰᠠᠨ ᠲᠤᠭᠠᠨ ᠤ ᠲᠤᠳᠤᠷ᠎ᠠ ᠦᠪᠠᠷᠳᠡᠭᠡᠨ ᠵᠠᠰᠠᠬᠤ ᠤᠷᠤᠨ ᠤ ᠲᠤᠬᠳᠠᠭᠠᠬᠰᠠᠨ ᠵᠢᠯ ᠤᠨ ᠵᠢᠭᠡᠯᠡᠯᠭᠡ ᠶᠢᠨ ᠮᠦᠩᠬᠦ ᠶᠢ ᠬᠡᠷᠡᠭᠯᠠᠬᠦ ᠴᠢᠭᠯᠡᠯ ᠪᠠ ᠭᠤᠤᠯᠳᠠᠯᠭ᠎ᠠ ᠶᠢ ᠦᠨᠳᠤᠰᠤᠯᠠᠵᠤ᠂ ᠡᠯ᠎ᠡ ᠠᠶᠢᠮᠠᠭ ᠬᠤᠳᠠ᠂ ᠦᠪᠠᠷᠳᠡᠭᠡᠨ ᠵᠠᠰᠠᠬᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠤᠰ ᠤᠷᠤᠨ᠂ ᠲᠤᠰ ᠰᠠᠯᠠᠭ᠎ᠠ ᠮᠦᠴᠢᠷ ᠤᠨ ᠢᠶᠠᠨ ᠵᠢᠭᠡᠯᠡᠯᠭᠡ ᠶᠢᠨ ᠮᠦᠩᠬᠦ ᠪᠠᠨ ᠬᠡᠷᠡᠭᠯᠠᠬᠦ ᠲᠦᠷᠦᠯ ᠵᠦᠢᠯ ᠤᠨ ᠲᠦᠯᠦᠪᠯᠡᠭᠡ ᠪᠠᠨ ᠨᠠᠶᠢᠷᠠᠭᠤᠯᠵᠤ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠢᠶᠠᠷ ᠬᠢᠨᠠᠭᠤᠯᠵᠤ ᠬᠤᠷᠢᠶᠠᠩᠭᠤᠶᠢᠯᠠᠬᠰᠠᠨ ᠤ ᠲᠠᠷᠠᠭ᠎ᠠ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠤᠷᠤᠨ ᠨᠤᠳᠤᠭ ᠤᠨ ᠵᠠᠰᠠᠭ ᠤᠨ ᠤᠷᠳᠤᠨ ᠢ ᠵᠤᠬᠢᠶᠠᠨ ᠪᠠᠶᠢᠭᠤᠯᠵᠤ ᠵᠢᠭᠡᠯᠡᠯᠭᠡ ᠶᠢᠨ ᠲᠠᠮᠳᠡᠭ ᠲᠠᠷᠬᠠᠭᠠᠵᠤ ᠵᠢᠭᠡᠯᠡᠯᠭᠡ ᠶᠢᠨ ᠪᠠᠯᠠ ᠮᠦᠩᠬᠦ ᠶᠢ ᠴᠤᠬᠯᠠᠭᠤᠯᠤᠨ᠎ᠠ᠃ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠵᠢᠭᠡᠯᠡᠯᠭᠡ ᠬᠢᠬᠦ ᠳᠡᠭᠡᠨ ᠵᠠᠬ᠎ᠠ ᠲᠠᠯᠬᠡᠬᠦᠷᠵᠢᠭᠰᠡᠨ ᠵᠠᠷᠴᠢᠮ ᠢ ᠬᠦᠨᠳᠤᠳᠭᠡᠨ ᠲᠠᠭᠠᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ  ᠨᠢ ᠵᠠᠰᠠᠭ ᠤᠨ ᠤᠷᠳᠤᠨ ᠤ ᠵᠢᠭᠡᠯᠡᠯᠭᠡ ᠶᠢ ᠬᠢᠬᠦ ᠳᠡᠭᠡᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠢᠳᠡᠭᠡᠯ ᠢ ᠬᠠᠮᠠᠭᠠᠯᠠᠪᠠᠯ ᠵᠤᠬᠢᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠵᠤ ᠠᠬᠤᠶᠢᠯᠠᠯ᠂ ᠠᠵᠤ ᠤᠶᠢᠯᠠᠰ ᠤᠨ ᠨᠢᠭᠡᠴᠡ ᠪᠠᠷ ᠲᠠᠮᠵᠢᠭᠤᠯᠤᠨ ᠵᠢᠭᠡᠯᠡᠯᠭᠡ ᠬᠢᠵᠤ ᠪᠤᠯᠬᠤ ᠦᠭᠡᠢ᠃ ᠡᠯ᠎ᠡ ᠱᠠᠳᠤᠨ  ᠤ ᠠᠷᠠᠳ ᠤᠨ ᠵᠠᠰᠠᠭ ᠤᠨ ᠤᠷᠳᠤᠨ ᠤ ᠵᠢᠭᠡᠯᠡᠭᠰᠡᠨ ᠵᠢᠭᠡᠯᠡᠯᠭᠡ ᠨᠢ ᠵᠦᠪᠬᠡᠨ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠬᠦᠷᠦᠩᠭᠡ ᠶᠢᠨ ᠵᠠᠷᠤᠯᠭ᠎ᠠ ᠪᠠ ᠪᠤᠴᠠᠭᠠᠬᠤ ᠳᠤ ᠵᠤᠬᠢᠮᠵᠢᠳᠠᠢ ᠬᠡᠮᠵᠢᠶ᠎ᠠ ᠲᠠᠢ ᠵᠢᠭᠡᠯᠡᠯᠭᠡ ᠪᠠᠶᠢᠵᠤ᠂ ᠦᠷᠬᠦᠯᠵᠢ ᠶᠢᠨ ᠴᠢᠨᠠᠷᠳᠠᠢ ᠵᠠᠷᠤᠯᠭ᠎ᠠ ᠳᠤ ᠬᠡᠷᠡᠭᠯᠠᠵᠤ ᠪᠤᠯᠬᠤ ᠦᠭᠡᠢ᠃     ︵ᠭᠤᠷᠪᠠ︶ ᠪᠦᠬᠦ ᠤᠷᠤᠨ ᠤ ᠵᠠᠰᠠᠭ ᠤᠨ ᠤᠷᠳᠤᠨ ᠤ ᠵᠢᠭᠡᠯᠡᠯᠭᠡ ᠶᠢ ᠲᠦᠷᠦᠯ ᠬᠤᠪᠢᠶᠠᠵᠤ ᠪᠦᠬᠦ ᠲᠦᠰᠦᠪᠯᠠᠨ ᠪᠤᠳᠤᠬᠤ ᠬᠠᠮᠢᠶᠠᠷᠤᠯᠳᠠ ᠳᠤ ᠤᠷᠤᠭᠤᠯᠤᠨ᠎ᠠ᠃ ᠵᠠᠰᠠᠭ ᠤᠨ ᠤᠷᠳᠤᠨ ᠤ ᠵᠢᠭᠡᠯᠡᠯᠭᠡ ᠵᠢᠴᠢ ᠬᠠᠮᠢᠶ᠎ᠠ ᠪᠦᠬᠦᠢ ᠤᠷᠤᠯᠭ᠎ᠠ ᠵᠠᠷᠤᠯᠭ᠎ᠠ ᠶᠢ ᠲᠤᠤᠷᠠᠬᠢ ᠱᠠᠭᠠᠷᠳᠠᠯᠭ᠎ᠠ ᠶᠤᠰᠤᠭᠠᠷ ᠲᠦᠰᠦᠪᠯᠠᠨ ᠪᠤᠳᠤᠬᠤ ᠳᠤ ᠤᠷᠤᠭᠤᠯᠤᠨ᠎ᠠ᠄ ᠡᠯ᠎ᠡ ᠱᠠᠳᠤᠨ ᠤ ᠵᠠᠰᠠᠭ ᠤᠨ ᠤᠷᠳᠤᠨ ᠲᠤᠰ ᠵᠢᠯ ᠤᠨ ᠵᠢᠭᠡᠯᠡᠭᠰᠡᠨ ᠡᠩ ᠤᠨ ᠵᠢᠭᠡᠯᠡᠯᠭᠡ᠂ ᠲᠤᠰᠬᠠᠢ ᠲᠦᠷᠦᠯ ᠤᠨ ᠵᠢᠭᠡᠯᠡᠯᠭᠡ ᠶᠢ ᠲᠤᠰ ᠲᠤᠰ ᠲᠤᠨᠢ ᠡᠩ ᠤᠨ ᠨᠠᠶᠢᠳᠠ ᠶᠢᠨ ᠲᠦᠰᠦᠪᠯᠠᠨ ᠪᠤᠳᠤᠬᠤ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠲᠦᠰᠦᠪᠯᠠᠨ ᠪᠤᠳᠤᠬᠤ ᠳᠤ ᠤᠷᠤᠭᠤᠯᠬᠤ ᠬᠡᠷᠡᠭᠳᠡᠢ᠃ ᠵᠢᠭᠡᠯᠡᠯᠭᠡ ᠳᠡᠭᠡᠨ ᠤᠤᠯ ᠵᠤᠭᠤᠰ ᠢ ᠨᠢ ᠪᠤᠴᠠᠭᠠᠵᠤ᠂ ᠬᠦᠦ ᠮᠦᠩᠬᠦ ᠦᠭᠬᠦᠭᠰᠡᠨ ᠵᠠᠷᠤᠯᠭ᠎ᠠ ᠡᠰᠡᠬᠦᠯ᠎ᠠ ᠪᠤᠰᠤᠳ ᠰᠠᠯᠠᠭ᠎ᠠ ᠮᠦᠴᠢᠷ ᠬᠠᠤᠯᠢ ᠶᠤᠰᠤᠭᠠᠷ ᠦᠷᠢ ᠲᠦᠯᠦᠬᠦ ᠬᠠᠷᠢᠭᠤᠴᠠᠯᠭ᠎ᠠ ᠲᠠᠢ ᠲᠦᠯᠦᠪᠤᠷᠢ ᠶᠢᠨ ᠮᠦᠩᠬᠦ᠂ ᠵᠠᠰᠠᠭ ᠤᠨ ᠤᠷᠳᠤᠨ ᠪᠠ ᠨᠠᠶᠢᠭᠡᠮ  ᠤᠨ ᠬᠦᠷᠦᠩᠭᠡ ᠲᠠᠢ ᠬᠤᠷᠰᠢᠬᠰᠠᠨ ᠬᠡᠯᠪᠠᠷᠢ ᠶᠢᠨ ᠲᠦᠷᠦᠯ ᠵᠦᠢᠯ ᠤᠨ ᠡᠳ᠋ ᠤᠨ ᠵᠠᠰᠠᠭ ᠤᠨ ᠨᠦᠬᠦᠪᠤᠷᠢ᠂ ᠨᠠᠶᠢᠳᠠ  ᠶᠢᠨ ᠠᠰᠠᠷᠠᠮᠵᠢ ᠶᠢᠨ ᠴᠢᠨᠠᠷᠳᠠᠢ ᠠᠵᠤ ᠠᠬᠤᠶᠢᠯᠠᠯ᠂ ᠠᠵᠤ ᠤᠶᠢᠯᠠᠰ ᠤᠨ ᠨᠢᠭᠡᠴᠡ ᠶᠢᠨ ᠡᠳ᠋ ᠤᠨ ᠵᠠᠰᠠᠭ ᠤᠨ ᠨᠦᠬᠦᠪᠤᠷᠢ᠂ ᠡᠳ᠋ ᠬᠦᠷᠦᠩᠭᠡ ᠶᠢᠨ ᠮᠦᠩᠬᠦ ᠶᠢᠨ ᠤᠷᠤᠭᠤᠯᠤᠯᠳᠠ ᠵᠠᠷᠭᠡ ᠪᠠᠯᠠ ᠮᠦᠩᠬᠦ ᠶᠢᠨ ᠴᠢᠨᠠᠷ ᠶᠤᠰᠤᠭᠠᠷ ᠲᠤᠰᠪᠤᠷᠢ ᠡᠩ ᠤᠨ ᠬᠠᠮᠳᠤ ᠨᠠᠶᠢᠳᠠ ᠶᠢᠨ ᠲᠦᠰᠦᠪᠯᠠᠨ ᠪᠤᠳᠤᠬᠤ᠂ ᠵᠠᠰᠠᠭ ᠤᠨ ᠤᠷᠳᠤᠨ ᠤ ᠴᠢᠨᠠᠷᠳᠠᠢ ᠲᠦᠰᠦᠪᠯᠠᠨ ᠪᠤᠳᠤᠬᠤ ᠳᠤ ᠤᠷᠤᠭᠤᠯᠬᠤ ᠬᠡᠷᠡᠭᠳᠡᠢ᠃ ᠵᠠᠰᠠᠭ ᠤᠨ ᠤᠷᠳᠤᠨ ᠡᠰᠡᠬᠦᠯ᠎ᠠ ᠵᠢᠭᠡᠯᠡᠯᠭᠡ ᠲᠠᠢ ᠲᠦᠰᠦᠪᠯᠠᠨ ᠪᠤᠳᠤᠬᠤ ᠬᠡᠪᠴᠢᠶᠠᠨ ᠳᠤ ᠤᠷᠤᠭᠤᠯᠤᠬᠰᠠᠨ ᠢ ᠲᠦᠰᠦᠪᠯᠠᠨ ᠪᠤᠳᠤᠬᠰᠠᠨ ᠮᠠᠳᠠᠬᠦᠯᠦᠯᠳᠠ ᠶᠢᠨ ᠬᠦᠰᠦᠨᠦᠭ ᠡᠰᠡᠬᠦᠯ᠎ᠠ ᠲᠠᠭᠠᠯᠳᠤᠭᠤᠯᠤᠯ ᠬᠦᠰᠦᠨᠦᠭ ᠤᠨ ᠬᠡᠯᠪᠠᠷᠢ ᠪᠠᠷ ᠠᠳᠠᠯᠢ ᠱᠠᠳᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠮᠠᠳᠠᠬᠦᠯᠬᠦ ᠬᠡᠷᠡᠭᠳᠡᠢ᠃ ᠵᠢᠭᠡᠯᠠᠯᠭᠡ ᠶᠢᠨ ᠵᠠᠷᠤᠯᠭ᠎ᠠ ᠨᠢ ᠶᠠᠷᠤᠨᠢ ᠡᠳ᠋ ᠤᠨ ᠵᠠᠰᠠᠭ ᠤᠨ ᠵᠢᠯ ᠬᠤᠭᠤᠴᠠᠭ᠎ᠠ ᠶᠢ ᠲᠠᠪᠠᠭ᠋ᠤ ᠤᠨᠴᠠᠯᠢᠭ ᠢ ᠦᠨᠳᠤᠰᠤᠯᠠᠵᠤ᠂ ᠭᠤᠷᠪᠠᠨ ᠵᠢᠯ ᠤᠨ ᠵᠢᠭᠡᠯᠡᠯᠭᠡ ᠶᠢᠨ ᠲᠦᠯᠦᠪᠵᠢᠬᠦᠯᠭᠡ ᠶᠢ ᠲᠤᠬᠳᠠᠭᠠᠵᠤ ᠢᠳᠡᠪᠬᠢᠳᠠᠢ ᠬᠡᠷᠡᠭᠵᠢᠬᠦᠯᠬᠦ ᠬᠡᠷᠡᠭᠳᠡᠢ᠃ ᠵᠢᠯ ᠤᠨ ᠲᠦᠰᠦᠪᠯᠠᠨ ᠪᠤᠳᠤᠬᠤ ᠳᠤ ᠡᠰᠡ ᠤᠷᠤᠭᠤᠯᠤᠬᠰᠠᠨ ᠵᠢᠭᠡᠯᠡᠯᠭᠡ ᠶᠢᠨ ᠲᠦᠷᠦᠯ ᠵᠦᠢᠯ ᠢ ᠲᠦᠷᠦᠯ ᠵᠦᠢᠯ ᠤᠨ ᠲᠠᠭᠠᠭᠠᠴᠢᠯᠠᠯᠳᠠ ᠵᠠᠷᠯᠠᠬᠤ ᠪᠠ ᠠᠵᠢᠯ ᠢᠶᠠᠨ ᠡᠬᠢᠯᠠᠵᠤ ᠪᠦᠳᠦᠭᠡᠨ ᠪᠠᠶᠢᠭᠤᠯᠤᠯᠳᠠ ᠬᠢᠵᠤ ᠪᠤᠯᠬᠤ ᠦᠭᠡᠢ᠃     ᠲᠦᠷᠪᠠ᠂ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠲᠦᠭᠰᠢᠬᠦᠷᠢ ᠶᠢ ᠬᠢᠵᠠᠭᠠᠷᠯᠠᠬᠤ ᠪᠠ ᠦᠭᠡᠶᠢᠰᠭᠡᠨ᠎ᠡ     ︵ᠨᠢᠭᠡ︶ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠠᠶᠤᠯ ᠢ ᠤᠷᠢᠳᠴᠢᠯᠠᠨ ᠰᠠᠷᠭᠡᠶᠢᠯᠠᠬᠦ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠲᠦᠭᠰᠢᠬᠦᠷᠢ ᠶᠢ ᠰᠠᠷᠭᠡᠶᠢᠯᠠᠬᠦ ᠲᠠᠨᠢᠯᠳᠠ ᠪᠠᠨ ᠴᠢᠩᠭᠠᠳᠬᠠᠵᠤ᠂ ᠵᠢᠭᠡᠯᠡᠯᠭᠡ ᠶᠢ ᠬᠠᠷᠢᠭᠤᠴᠠᠬᠤ ᠪᠠᠶᠢᠭᠤᠯᠤᠯᠳᠠ ᠪᠤᠯᠤᠨ ᠡᠳ᠋ ᠤᠨ ᠵᠠᠰᠠᠭ ᠤᠨ ᠲᠦᠭᠰᠢᠬᠦᠷᠢ ᠶᠢ ᠲᠡᠭᠰᠢᠳᠭᠡᠬᠦ ᠬᠠᠷᠢᠴᠠᠭ᠎ᠠ ᠶᠢ ᠰᠠᠶᠢᠳᠤᠷ ᠡᠵᠡᠮᠰᠢᠵᠤ᠂ ᠵᠢᠭᠡᠯᠡᠯᠭᠡ ᠶᠢᠨ ᠶᠠᠪᠤᠳᠠᠯ ᠤᠨ ᠬᠡᠪᠴᠢᠶ᠎ᠠ ᠶᠢ ᠲᠦᠪ ᠴᠢᠩᠭ᠎ᠠ ᠡᠵᠡᠮᠰᠢᠬᠦ ᠬᠡᠷᠡᠭᠳᠡᠢ᠃ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠡᠯ᠎ᠡ ᠭᠠᠵᠠᠷ ᠤᠷᠤᠨ ᠤ ᠡᠩ ᠤᠨ ᠵᠢᠭᠡᠯᠡᠯᠭᠡ ᠶᠢᠨ ᠶᠠᠪᠤᠳᠠᠯ᠂ ᠲᠤᠰᠬᠠᠢ ᠲᠦᠷᠦᠯ ᠤᠨ ᠵᠢᠭᠡᠯᠡᠯᠭᠡ ᠶᠢᠨ ᠶᠠᠪᠤᠳᠠᠯ᠂ ᠡᠰᠡᠬᠦᠯ᠎ᠠ ᠵᠢᠭᠡᠯᠡᠯᠭᠡ ᠶᠢᠨ ᠶᠠᠪᠤᠳᠠᠯ ᠪᠠᠶᠢᠬᠤ᠂ ᠵᠢᠭᠡᠯᠠᠯᠭᠡ ᠶᠢ ᠲᠦᠯᠦᠬᠦ᠂ ᠡᠩ ᠤᠨ ᠬᠠᠮᠳᠤ ᠨᠠᠶᠢᠳᠠ   ᠶᠢᠨ ᠲᠦᠰᠦᠪᠯᠠᠨ ᠪᠤᠳᠤᠬᠰᠠᠨ ᠡᠳ᠋ ᠤᠨ ᠬᠦᠴᠦᠨ ᠪᠠ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠲᠦᠰᠦᠪᠯᠠᠨ ᠪᠤᠳᠤᠬᠰᠠᠨ ᠡᠳ᠋ ᠤᠨ ᠬᠦᠴᠦᠨ ᠵᠠᠷᠭᠡ ᠪᠠᠶᠢᠳᠠᠯ ᠢ ᠦᠨᠳᠤᠰᠤᠯᠠᠵᠤ᠂ ᠡᠩ ᠤᠨ ᠵᠢᠭᠡᠯᠠᠯᠭᠡ ᠶᠢᠨ ᠶᠠᠪᠤᠳᠠᠯ ᠤᠨ ᠨᠤᠷᠮ᠎ᠠ᠂ ᠲᠤᠰᠬᠠᠢ ᠲᠦᠷᠦᠯ ᠤᠨ ᠵᠢᠭᠡᠯᠠᠯᠭᠡ ᠶᠢᠨ ᠶᠠᠪᠤᠳᠠᠯ ᠤᠨ ᠨᠤᠷᠮ᠎ᠠ᠂ ᠰᠢᠨ᠎ᠠ ᠨᠡᠮᠡᠭᠳᠡᠭᠰᠡᠨ ᠵᠢᠭᠡᠯᠠᠯᠭᠡ ᠶᠢᠨ ᠶᠠᠪᠤᠳᠠᠯ ᠤᠨ ᠨᠤᠷᠮ᠎ᠠ᠂ ᠲᠦᠯᠦᠬᠦ ᠨᠤᠷᠮ᠎ᠠ᠂ ᠬᠤᠭᠤᠴᠠᠭ᠎ᠠ ᠬᠡᠳᠦᠷᠡᠭᠰᠡᠨ ᠵᠢᠭᠡᠯᠠᠯᠭᠡ  ᠶᠢᠨ ᠶᠠᠪᠤᠳᠠᠯ ᠤᠨ ᠨᠤᠷᠮ᠎ᠠ ᠵᠠᠷᠭᠡ ᠶᠢ ᠬᠡᠮᠵᠢᠶᠠᠯᠠᠨ ᠪᠤᠳᠤᠵᠤ ᠡᠯ᠎ᠡ ᠭᠠᠵᠠᠷ ᠤᠷᠤᠨ ᠤ ᠵᠢᠭᠡᠯᠠᠯᠭᠡ ᠶᠢᠨ ᠲᠦᠭᠰᠢᠬᠦᠷᠢ  ᠶᠢᠨ ᠪᠠᠶᠢᠳᠠᠯ ᠢ ᠤᠶᠢᠯᠠᠭᠠᠨ ᠦᠨᠠᠯᠠᠵᠤ᠂ ᠵᠢᠭᠡᠯᠠᠯᠭᠡ ᠶᠢᠨ ᠲᠦᠭᠰᠢᠬᠦᠷᠢ ᠶᠡᠭᠡ ᠪᠠᠶᠢᠭ᠎ᠠ ᠭᠠᠵᠠᠷ ᠤᠷᠤᠨ ᠳᠤ ᠤᠷᠢᠳᠴᠢᠯᠠᠬᠰᠠᠨ ᠰᠠᠷᠠᠮᠵᠢ ᠦᠭᠬᠦᠨ᠎ᠠ᠃ ᠲᠦᠭᠰᠢᠬᠦᠷᠢ ᠶᠢᠨ ᠤᠷᠢᠳᠴᠢᠯᠠᠬᠰᠠᠨ ᠲᠤᠬᠢᠶ᠎ᠠ ᠦᠭᠬᠦ ᠬᠡᠪᠴᠢᠶᠠᠨ ᠳᠤ ᠤᠷᠤᠭᠤᠯᠤᠬᠰᠠᠨ ᠵᠢᠭᠡᠯᠠᠯᠭᠡ ᠶᠢᠨ ᠲᠦᠭᠰᠢᠬᠦᠷᠢ ᠦᠨᠳᠤᠷ ᠪᠠᠶᠢᠭ᠎ᠠ ᠭᠠᠵᠠᠷ ᠤᠷᠤᠨ ᠳᠤ ᠢᠳᠡᠪᠬᠢᠳᠠᠢ ᠠᠷᠭ᠎ᠠ ᠠᠪᠴᠤ ᠂ ᠲᠦᠭᠰᠢᠬᠦᠷᠢ ᠶᠢ ᠢᠳᠡᠭ ᠠᠯᠬᠤᠮ ᠢᠶᠠᠷ ᠪᠠᠭᠤᠷᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠤᠭᠤᠴᠠᠭ᠎ᠠ ᠲᠤᠬᠳᠠᠭᠠᠵᠤ᠂ ᠲᠤᠰ ᠱᠠᠳᠤᠨ ᠤ ᠵᠠᠰᠠᠭ ᠤᠨ ᠤᠷᠳᠤᠨ ᠵᠢᠴᠢ ᠲᠠᠭᠡᠳᠤ ᠱᠠᠳᠤᠨ ᠤ ᠡᠳ᠋ ᠤᠨ ᠵᠠᠰᠠᠭ  ᠤᠨ ᠰᠠᠯᠠᠭ᠎ᠠ ᠮᠦᠴᠢᠷ ᠲᠤ ᠲᠦᠭᠰᠢᠬᠦᠷᠢ ᠶᠢ ᠦᠭᠡᠶᠢᠰᠭᠡᠭᠰᠡᠨ ᠪᠠᠶᠢᠳᠠᠯ ᠢᠶᠠᠨ ᠮᠠᠳᠠᠬᠦᠯᠬᠦ ᠬᠡᠷᠡᠭᠳᠡᠢ᠃ ᠵᠢᠭᠡᠯᠠᠯᠭᠡ ᠶᠢᠨ ᠲᠦᠭᠰᠢᠬᠦᠷᠢ ᠲᠤᠤᠷ᠎ᠠ ᠪᠠᠶᠢᠭ᠎ᠠ ᠭᠠᠵᠠᠷ ᠤᠷᠤᠨ ᠨᠢ ᠵᠢᠭᠡᠯᠠᠯᠭᠡ ᠶᠢᠨ ᠶᠠᠪᠤᠳᠠᠯ ᠤᠨ ᠦᠯᠡᠳᠡᠭᠳᠡᠯ ᠲᠤᠭ᠎ᠠ ᠶᠢᠨ ᠬᠡᠪᠴᠢᠶ᠎ᠠ ᠪᠠ ᠨᠡᠮᠡᠭᠳᠡᠬᠦ ᠶᠠᠪᠤᠴᠠ ᠶᠢ ᠵᠤᠬᠢᠰᠳᠠᠢ ᠬᠢᠵᠠᠭᠠᠷᠯᠠᠵᠤ ᠡᠵᠡᠮᠰᠢᠬᠦ ᠬᠡᠷᠡᠭᠳᠡᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠲᠤᠭᠤᠷᠢᠭ︶ ᠲᠤᠰ ᠤᠷᠤᠨ ᠤ ᠪᠠᠨ ᠡᠩ ᠤᠨ ᠵᠢᠭᠡᠯᠠᠯᠭᠡ ᠶᠢᠨ ᠶᠠᠪᠤᠳᠠᠯ᠂ ᠲᠤᠰᠬᠠᠢ ᠲᠦᠷᠦᠯ ᠤᠨ ᠵᠢᠭᠡᠯᠠᠯᠭᠡ ᠶᠢᠨ ᠶᠠᠪᠤᠳᠠᠯ᠂ ᠡᠰᠡᠬᠦᠯ᠎ᠠ ᠪᠠᠶᠢᠭ᠎ᠠ ᠵᠢᠭᠡᠯᠠᠯᠭᠡ ᠶᠢᠨ ᠶᠠᠪᠤᠳᠠᠯ ᠵᠠᠷᠭᠡ ᠶᠢ ᠦᠨᠳᠤᠰᠤᠯᠠᠵᠤ᠂ ᠵᠢᠭᠡᠯᠠᠯᠭᠡ ᠶᠢᠨ ᠶᠠᠪᠤᠳᠠᠯ ᠤᠨ ᠲᠦᠭᠰᠢᠬᠦᠷᠢ ᠶᠢᠨ ᠪᠠᠶᠢᠳᠠᠯ ᠢ ᠦᠨᠠᠯᠠᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠳᠠᠢ  ᠪᠠᠷ ᠲᠦᠭᠰᠢᠬᠦᠷᠢ ᠶᠢ ᠰᠠᠷᠭᠡᠶᠢᠯᠠᠨ ᠬᠢᠵᠠᠭᠠᠷᠯᠠᠬᠤ ᠬᠡᠷᠡᠭᠳᠡᠢ᠃     ︵ᠬᠤᠶᠠᠷ︶ ᠵᠢᠭᠡᠯᠠᠯᠭᠡ ᠶᠢᠨ ᠲᠦᠭᠰᠢᠬᠦᠷᠢ ᠶᠢ ᠪᠠᠴᠢᠮ ᠢᠶᠠᠷ ᠰᠢᠢᠳᠪᠤᠷᠢᠯᠠᠬᠦ ᠪᠠᠶᠢᠭᠤᠯᠤᠮᠵᠢ ᠶᠢ ᠪᠠᠶᠢᠭᠤᠯᠤᠨ᠎ᠠ ᠃ ᠲᠦᠰᠦᠪᠯᠠᠨ ᠪᠤᠳᠤᠬᠤ ᠶᠢ ᠡᠵᠡᠮᠰᠢᠬᠦ ᠶᠢ ᠴᠢᠩᠭᠠᠳᠬᠠᠵᠤ᠂ ᠶᠤᠰᠤ ᠮᠤᠷᠠᠯ ᠤᠨ ᠲᠦᠭᠰᠢᠬᠦᠷᠢ ᠶᠢ ᠰᠠᠷᠭᠡᠶᠢᠯᠠᠨ᠂ ᠤᠷᠤᠨ ᠭᠠᠵᠠᠷ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠵᠢᠭᠡᠯᠡᠭᠰᠡᠨ ᠵᠢᠭᠡᠯᠠᠯᠭᠡ ᠶᠢᠨ ᠶᠠᠪᠤᠳᠠᠯ  ᠳᠠᠭᠠᠨ ᠲᠦᠯᠦᠪᠤᠷᠢ ᠦᠭᠬᠦ ᠬᠠᠷᠢᠭᠤᠴᠠᠯᠭ᠎ᠠ ᠶᠢ ᠬᠠᠷᠢᠭᠤᠴᠠᠵᠤ᠂ ᠦᠪᠠᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠪᠤᠷᠨᠨ ᠲᠠᠮᠵᠢᠬᠦ ᠦᠭᠡᠢ ᠵᠠᠷᠴᠢᠮ ᠢ ᠬᠡᠷᠡᠭᠵᠢᠬᠦᠯᠦᠨ᠎ᠠ᠃ ᠡᠯ᠎ᠡ ᠭᠠᠵᠠᠷ ᠤᠷᠤᠨ ᠨᠢ ᠵᠢᠭᠡᠯᠠᠯᠭᠡ ᠶᠢᠨ ᠶᠠᠪᠤᠳᠠᠯ ᠤᠨ ᠲᠦᠭᠰᠢᠬᠦᠷᠢ ᠶᠢ ᠪᠠᠴᠢᠮ ᠰᠢᠢᠳᠪᠤᠷᠢᠯᠠᠬᠦ ᠪᠠᠶᠢᠷᠢᠯᠠᠭᠤᠯᠤᠯᠳᠠ ᠶᠢ ᠲᠦᠰᠦᠪᠯᠠᠨ ᠲᠤᠬᠳᠠᠭᠠᠵᠤ᠂ ᠬᠠᠷᠢᠭᠤᠴᠠᠯᠭ᠎ᠠ ᠶᠢ ᠨᠡᠬᠡᠮᠵᠢᠯᠠᠬᠦ ᠪᠠᠶᠢᠭᠤᠯᠤᠮᠵᠢ ᠶᠢ ᠪᠠᠶᠢᠭᠤᠯᠬᠤ ᠬᠡᠷᠡᠭᠳᠡᠢ᠃ ᠲᠦᠯᠦᠬᠦ ᠳᠤ ᠬᠦᠴᠢᠷ ᠭᠠᠷᠪᠠᠯ ᠲᠦᠷᠦᠯ ᠵᠦᠢᠯ ᠤᠨ ᠢᠶᠠᠨ ᠬᠡᠪᠴᠢᠶ᠎ᠠ ᠶᠢ ᠡᠵᠡᠮᠰᠢᠵᠤ᠂ ᠠᠯᠪᠠᠨ ᠵᠠᠷᠤᠳᠠᠯ ᠤᠨ ᠰᠦᠢᠳᠭᠡᠯ ᠢᠶᠠᠨ ᠪᠠᠭᠠᠰᠬᠠᠬᠤ ᠪᠠ ᠬᠠᠳᠠᠭᠠᠯᠠᠵᠤ᠂ ᠡᠳ᠋ ᠬᠦᠷᠦᠩᠭᠡ ᠪᠠᠨ ᠪᠤᠷᠤᠯᠠᠭᠤᠯᠬᠤ ᠬᠡᠯᠪᠠᠷᠢ ᠪᠠᠷ ᠲᠠᠮᠵᠢᠭᠤᠯᠤᠨ᠂ ᠤᠯᠠᠨ ᠵᠠᠮ ᠢᠶᠠᠷ ᠡᠳ᠋ ᠮᠦᠩᠬᠦ ᠴᠤᠬᠯᠠᠭᠤᠯᠤᠨ ᠦᠷᠢ ᠪᠠᠨ ᠲᠦᠯᠦᠬᠦ ᠬᠡᠷᠡᠭᠳᠡᠢ᠃ ᠦᠪᠠᠷᠳᠡᠭᠡᠨ ᠦᠷᠢ ᠪᠠᠨ ᠲᠦᠯᠦᠬᠦ ᠳᠤ ᠬᠦᠴᠢᠷᠳᠠᠢ ᠦᠶ᠎ᠠ ᠳᠤ ᠴᠠᠭ ᠲᠠᠷᠤᠢ ᠳᠤᠨᠢ ᠲᠠᠭᠡᠭᠰᠢ ᠮᠠᠳᠠᠬᠦᠯᠵᠤ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠲᠠᠭᠡᠳᠤ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠭᠡᠯᠠᠯᠭᠡ ᠶᠢᠨ ᠶᠠᠪᠤᠳᠠᠯ ᠤᠨ ᠲᠦᠭᠰᠢᠭᠦᠷᠢ ᠶᠢ ᠪᠠᠴᠢᠮ ᠰᠢᠢᠳᠪᠤᠷᠢᠯᠠᠬᠦ ᠲᠦᠰᠦᠪ ᠪᠠ ᠬᠠᠷᠢᠭᠤᠴᠠᠯᠭ᠎ᠠ ᠶᠢ ᠨᠡᠬᠡᠮᠵᠢᠯᠠᠬᠦ ᠪᠠᠶᠢᠭᠤᠯᠤᠮᠵᠢ ᠶᠢ ᠬᠦᠳᠠᠯᠭᠡᠵᠤ᠂ ᠵᠢᠭᠡᠯᠠᠯᠭᠡ ᠶᠢᠨ ᠶᠠᠪᠤᠳᠠᠯ ᠤᠨ ᠠᠶᠤᠯ ᠢ ᠦᠨᠠᠩᠬᠦ ᠦᠭᠡᠶᠢᠰᠬᠡᠬᠦ ᠮᠦᠷᠳᠡᠭᠡᠨ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠠᠬᠦ ᠬᠡᠷᠡᠭᠳᠡᠢ᠃     ︵ᠭᠤᠷᠪᠠ︶ ᠡᠳ᠋ ᠤᠨ ᠵᠠᠰᠠᠭ ᠤᠨ ᠰᠠᠬᠢᠯᠭ᠎ᠠ ᠪᠠᠳᠤ ᠶᠢ ᠴᠢᠩᠭᠠᠳᠬᠠᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠠᠤᠯᠢ ᠶᠢ ᠵᠦᠷᠢᠴᠠᠵᠤ ᠮᠦᠩᠬᠦ ᠴᠤᠬᠯᠠᠭᠤᠯᠬᠤ᠂ ᠲᠤᠬᠳᠠᠭᠠᠯ ᠲᠦᠷᠢᠮ ᠢ ᠵᠦᠷᠢᠴᠠᠵᠤ ᠵᠠᠰᠠᠭ ᠤᠨ ᠤᠷᠳᠤᠨ ᠤ ᠵᠢᠭᠡᠯᠠᠯᠭᠡ ᠶᠢᠨ ᠮᠦᠩᠬᠦ ᠶᠢ ᠵᠠᠷᠤᠬᠤ ᠲᠦᠷᠢᠮ ᠢ ᠵᠦᠷᠢᠴᠠᠨ ᠲᠠᠭᠠᠳᠬᠠᠯ ᠬᠢᠬᠦ ᠶᠢ ᠶᠠᠯᠠᠳᠠᠬᠤ ᠪᠠᠶᠢᠭᠤᠯᠤᠮᠵᠢ ᠶᠢ ᠪᠠᠶᠢᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠠᠯᠭᠡ ᠶᠢᠨ ᠶᠠᠪᠤᠳᠠᠯ ᠤᠨ ᠬᠠᠮᠢᠶᠠᠷᠤᠯᠳᠠ ᠳᠤ ᠬᠢᠨᠠᠯᠳᠠ ᠲᠠᠯᠪᠢᠵᠤ ᠪᠠᠶᠢᠴᠠᠭᠠᠬᠤ ᠬᠦᠴᠦᠯᠠᠴᠠ ᠪᠠᠨ ᠴᠢᠩᠭᠠᠳᠬᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠪᠤᠰᠤᠳ ᠬᠠᠷᠢᠶᠠᠯᠠᠬᠳᠠᠵᠤ ᠪᠠᠶᠢᠭ᠎ᠠ ᠰᠠᠯᠠᠭ᠎ᠠ ᠮᠦᠴᠢᠷ᠂ ᠪᠠᠶᠢᠭᠤᠯᠤᠮᠵᠢ ᠪᠠ ᠠᠵᠢᠯ ᠤᠶᠢᠯᠠᠰ ᠤᠨ ᠨᠢᠭᠡᠴᠡ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠰᠦᠪᠯᠠᠨ ᠪᠤᠳᠤᠬᠤ ᠬᠠᠤᠯᠢ︾ ᠶᠢ ᠵᠦᠷᠢᠴᠠᠵᠤ ᠵᠢᠭᠡᠯᠠᠯᠭᠡ ᠠᠪᠴᠤ ᠪᠤᠯᠬᠤ ᠦᠭᠡᠢ᠃ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠤ ᠤᠶᠢᠯᠠᠰ ᠢ ᠬᠦᠭᠵᠢᠬᠦᠯᠬᠦ ᠨᠠᠷ᠎ᠠ ᠪᠠᠷ ᠵᠢᠭᠡᠯᠠᠯᠭᠡ ᠠᠪᠴᠤ ᠦᠷᠬᠦᠯᠵᠢ ᠶᠢᠨ ᠴᠢᠨᠠᠷᠳᠠᠢ ᠵᠠᠷᠤᠯᠭ᠎ᠠ ᠪᠠ ᠠᠰᠠᠷ ᠲᠠᠬᠳᠤ ᠶᠢᠨ ᠪᠠᠶᠢᠭᠤᠯᠤᠯᠳᠠ ᠳᠤ ᠵᠠᠷᠤᠵᠤ ᠪᠤᠯᠬᠤ ᠦᠭᠡᠢ ᠃ ᠵᠢᠭᠡᠯᠠᠯᠭᠡ ᠶᠢᠨ ᠪᠠᠯᠠ ᠮᠦᠩᠬᠦ ᠶᠢ ᠨᠠᠬᠦᠯᠭᠡᠬᠦ ᠪᠤᠶᠤ ᠡᠰᠡᠬᠦᠯ᠎ᠠ ᠮᠦᠩᠬᠦᠨ ᠤ ᠬᠡᠷᠡᠭᠴᠡᠭᠡ ᠶᠢ ᠦᠭᠡᠷᠡᠴᠢᠯᠠᠵᠤ ᠪᠤᠯᠬᠤ ᠦᠭᠡᠢ᠃ ᠠᠵᠤ ᠠᠬᠤᠶᠢᠯᠠᠯ ᠳᠤ ᠲᠠᠮᠳᠡᠭᠯᠡᠬᠦ ᠮᠦᠩᠬᠦ᠂ ᠡᠳ᠋ ᠤᠨ ᠵᠠᠰᠠᠭ ᠤᠨ ᠨᠦᠬᠦᠪᠤᠷᠢ ᠵᠠᠷᠭᠡ ᠠᠵᠢᠯᠯᠠᠭ᠎ᠠ  ᠨᠢ ᠡᠷᠭᠡᠪᠰᠢ ᠬᠠᠤᠯᠢ ᠳᠤ ᠨᠠᠶᠢᠴᠠᠵᠤ ᠲᠦᠷᠢᠮ ᠳᠤ ᠨᠠᠶᠢᠴᠠᠵᠤ᠂ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠭᠠᠳᠬᠠᠯ ᠤᠨ ᠬᠠᠤᠯᠢ︾ ᠶᠢ ᠵᠦᠷᠢᠴᠠᠵᠤ᠂ ᠶᠠᠮᠠᠷ ᠨᠢᠭᠡᠨ ᠨᠢᠭᠡᠴᠡ ᠪᠤᠯᠤᠨ ᠬᠤᠪᠢ ᠬᠦᠮᠦᠨ ᠳᠤ ᠶᠠᠮᠠᠷ ᠨᠢᠭᠡᠨ ᠠᠷᠭ᠎ᠠ ᠬᠡᠯᠪᠠᠷᠢ ᠪᠠᠷ ᠲᠠᠭᠠᠳᠬᠠᠯ ᠬᠢᠵᠤ ᠪᠤᠯᠬᠤ ᠦᠭᠡᠢ᠃ ᠮᠦᠩᠬᠦᠨ ᠬᠦᠢᠯᠭᠡᠭᠡᠨ ᠤ ᠪᠠᠶᠢᠭᠤᠯᠤᠮᠵᠢ  ᠶᠢᠨ ᠶᠠᠷᠤ ᠶᠢᠨ ᠡᠵᠡᠩᠨᠠᠯᠳᠠ ᠶᠢᠨ ᠠᠵᠢᠯᠯᠠᠭ᠎ᠠ ᠶᠢ ᠤᠶᠢᠮᠠᠬᠦᠯᠵᠤ᠂ ᠲᠦᠷᠢᠮ ᠢ ᠡᠪᠳᠡᠵᠤ ᠪᠤᠯᠬᠤ ᠦᠭᠡᠢ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢ ᠠᠯᠪᠠᠳᠠᠵᠤ᠂ ᠵᠠᠰᠠᠭ ᠤᠨ ᠤᠷᠳᠤᠨ ᠤ ᠴᠢᠨᠠᠷᠳᠠᠢ ᠮᠦᠩᠬᠦ ᠶᠢ ᠬᠦᠶᠤᠯᠭᠡᠵᠤ ᠪᠤᠯᠬᠤ ᠦᠭᠡᠢ᠃ ᠡᠯ᠎ᠡ ᠭᠠᠵᠠᠷ ᠤᠷᠤᠨ ᠭᠠᠵᠠᠷ ᠰᠢᠷᠦᠢ ᠶᠢ ᠰᠢᠯᠵᠢᠬᠦᠯᠦᠨ ᠬᠡᠷᠡᠭᠯᠠᠬᠦ ᠳᠤ ᠬᠠᠮᠢᠶᠠᠷᠤᠯᠳᠠ ᠪᠠᠨ ᠴᠢᠩᠭᠠᠳᠬᠠᠵᠤ᠂ ᠬᠠᠤᠯᠢ ᠶᠢ ᠵᠦᠷᠢᠴᠠᠵᠤ ᠲᠦᠷᠢᠮ ᠢ ᠡᠪᠳᠡᠵᠤ ᠭᠠᠵᠠᠷ ᠰᠢᠷᠦᠢ ᠶᠢ ᠰᠢᠯᠵᠢᠬᠦᠯᠦᠨ ᠬᠡᠷᠡᠭᠯᠠᠬᠦᠯᠬᠦ ᠪᠠ ᠮᠦᠩᠬᠦᠨ ᠬᠦᠢᠯᠭᠡᠭᠡᠨ ᠤ ᠠᠵᠢᠯᠯᠠᠭ᠎ᠠ ᠶᠢ ᠡᠷᠡᠰ ᠬᠤᠷᠢᠬᠯᠠᠬᠤ ᠬᠡᠷᠡᠭᠳᠡᠢ᠃     ᠲᠠᠪᠤ᠂ ᠲᠦᠬᠦᠷᠴᠢᠯᠡᠭᠰᠡᠨ ᠲᠦᠷᠢᠮ ᠢ ᠰᠠᠶᠢᠵᠢᠷᠠᠭᠤᠯᠬᠤ ᠬᠡᠷᠡᠭᠳᠡᠢ     ︵ᠨᠢᠭᠡ︶ ᠵᠢᠭᠡᠯᠠᠯᠭᠡ ᠶᠢᠨ ᠶᠠᠪᠤᠳᠠᠯ ᠤᠨ ᠮᠠᠳᠠᠬᠦᠯᠦᠯᠳᠠ ᠪᠠ ᠢᠯᠠ ᠪᠠᠶᠢᠬᠤ ᠲᠦᠷᠢᠮ ᠢ ᠲᠠᠬᠦᠯᠳᠠᠷᠵᠢᠬᠦᠯᠦᠨ᠎ᠠ ᠵᠠᠰᠠᠭ ᠤᠨ ᠤᠷᠳᠤᠨ ᠤ ᠴᠢᠨᠠᠷᠳᠠᠢ ᠵᠢᠭᠡᠯᠠᠯᠭᠡ ᠶᠢᠨ ᠶᠠᠪᠤᠳᠠᠯ ᠢ ᠲᠠᠮᠳᠡᠭᠯᠠᠨ ᠮᠠᠳᠠᠬᠦᠯᠬᠦ ᠲᠦᠷᠢᠮ ᠢ ᠲᠠᠬᠦᠯᠳᠠᠷᠵᠢᠬᠦᠯᠵᠤ᠂ ᠡᠯ᠎ᠡ ᠰᠠᠯᠠᠭ᠎ᠠ ᠮᠦᠴᠢᠷ ᠲᠤᠬᠳᠠᠭᠠᠯ ᠶᠤᠰᠤᠭᠠᠷ ᠬᠤᠭᠤᠴᠠᠭ᠎ᠠ ᠲᠤᠬᠳᠠᠵᠤ ᠠᠳᠠᠯᠢ ᠲᠠᠰ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠵᠢᠭᠡᠯᠠᠯᠭᠡ ᠶᠢᠨ ᠶᠠᠪᠤᠳᠠᠯ ᠤᠨ ᠮᠠᠳᠡᠭᠡ ᠵᠠᠩᠬᠢ ᠶᠢ ᠮᠠᠳᠠᠬᠦᠯᠦᠨ ᠬᠦᠷᠭᠡᠵᠤ᠂ ᠵᠠᠰᠠᠭ ᠤᠨ ᠤᠷᠳᠤᠨ ᠤ ᠴᠢᠨᠠᠷᠳᠠᠢ ᠵᠢᠭᠡᠯᠠᠯᠭᠡ ᠶᠢᠨ ᠶᠠᠪᠤᠳᠠᠯ ᠤᠨ ᠮᠦᠩᠬᠦ ᠴᠤᠬᠯᠠᠭᠤᠯᠬᠤ ᠲᠠᠪᠴᠠᠩ ᠺᠤᠮᠫᠠᠨᠢ ᠠᠳᠠᠯᠢ ᠲᠠᠰ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠨᠢᠬᠳᠠᠯᠠᠨ ᠪᠤᠳᠤᠬᠰᠠᠨ᠂ ᠵᠢᠭᠡᠯᠠᠯᠭᠡ ᠶᠢᠨ ᠶᠠᠪᠤᠳᠠᠯ ᠤᠨ ᠬᠦᠰᠦᠨᠦᠭ ᠮᠠᠳᠠᠬᠦᠯᠵᠤ ᠬᠦᠷᠭᠡᠬᠦ ᠬᠡᠷᠡᠭᠳᠡᠢ᠃ ᠡᠯ᠎ᠡ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠵᠢᠭᠡᠯᠠᠯᠭᠡ ᠶᠢᠨ ᠶᠠᠪᠤᠳᠠᠯ ᠤᠨ ᠲᠤᠭ᠎ᠠ ᠪᠠᠷᠢᠮᠳᠠ ᠶᠢ ᠬᠢᠨᠠᠮᠠᠭᠠᠢ ᠪᠠᠷ ᠬᠢᠨᠠᠨ ᠪᠠᠶᠢᠴᠠᠭᠠᠵᠤ᠂ ᠬᠠᠨᠳᠤᠰᠢ  ᠶᠢ ᠬᠢᠨᠠᠵᠤ ᠡᠵᠡᠮᠰᠢᠬᠦ ᠪᠠᠨ ᠴᠢᠩᠭᠠᠳᠬᠠᠨ ᠴᠠᠭ ᠲᠤᠬᠠᠢ ᠳᠤᠨᠢ ᠠᠷᠠᠳ ᠤᠨ ᠵᠠᠰᠠᠭ ᠤᠨ ᠤᠷᠳᠤᠨ ᠪᠤᠯᠤᠨ ᠲᠠᠭᠡᠳᠤ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠴᠤᠬᠯᠠᠭᠤᠯᠤᠬᠰᠠᠨ ᠮᠠᠳᠡᠭᠡ ᠵᠠᠩᠬᠢ ᠵᠢᠴᠢ ᠢᠯᠠᠷᠠᠬᠦᠯᠦᠭᠰᠡᠨ ᠰᠢᠨ᠎ᠠ ᠪᠠᠶᠢᠳᠠᠯ᠂ ᠰᠢᠨ᠎ᠠ ᠠᠰᠠᠭᠤᠳᠠᠯ ᠢ ᠮᠠᠳᠠᠬᠦᠯᠬᠦ ᠬᠡᠷᠡᠭᠳᠡᠢ᠃ ᠡᠷᠭᠡ ᠬᠠᠷᠢᠭᠤᠴᠠᠯᠭ᠎ᠠ ᠶᠢ ᠪᠤᠢ ᠪᠤᠯᠭᠠᠬᠤ ᠵᠠᠰᠠᠭ  ᠤᠨ ᠤᠷᠳᠤᠨ ᠤ ᠶᠠᠷᠦᠩᠭᠡᠶᠢᠯᠡᠭᠰᠡᠨ ᠡᠳ᠋ ᠤᠨ ᠶᠠᠪᠤᠳᠠᠯ ᠢ ᠮᠠᠳᠠᠬᠦᠯᠬᠦ ᠲᠦᠷᠢᠮ ᠤᠨ ᠪᠠᠶᠢᠭᠤᠯᠤᠯᠳᠠ ᠶᠢ ᠲᠦᠷᠭᠡᠳᠭᠡᠵᠤ᠂ ᠵᠠᠰᠠᠭ ᠤᠨ ᠤᠷᠳᠤᠨ ᠤ ᠬᠦᠷᠦᠩᠭᠡ ᠶᠢᠨ ᠦᠷᠢᠳᠤᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠲᠤᠰᠬᠠᠬᠤ ᠬᠡᠷᠡᠭᠳᠡᠢ᠃ ᠨᠠᠮ ᠤᠨ ᠲᠦᠪ ᠬᠤᠷᠢᠶ᠎ᠠ ᠠᠴᠠ ᠭᠠᠷᠭᠠᠬᠰᠠᠨ ᠴᠢᠬᠤᠯᠠ ᠲᠤᠮᠤ ᠲᠦᠷᠦ ᠶᠢᠨ ᠪᠤᠳᠤᠯᠭ᠎ᠠ ᠠᠷᠭ᠎ᠠ ᠮᠠᠶ᠋ᠢᠭ ᠬᠡᠷᠪᠠ ᠡᠷᠦᠭᠡᠯᠡᠭᠰᠡᠨ ᠤᠷᠤᠨ ᠢ ᠦᠭᠡᠷᠡᠴᠢᠯᠠᠬᠦ ᠳᠤ ᠪᠤᠢ ᠪᠤᠯᠤᠬᠰᠠᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠲᠤᠰᠠᠭᠠᠷᠯᠠᠨ ᠲᠠᠮᠳᠡᠭᠯᠠᠵᠤ᠂ ᠲᠤᠰᠠᠭᠠᠷᠯᠠᠨ ᠪᠤᠳᠤᠵᠤ᠂ ᠲᠤᠰᠠᠭᠠᠷᠯᠠᠨ ᠪᠠᠶᠢᠴᠠᠭᠠᠵᠤ᠂ ᠲᠤᠰᠠᠭᠠᠷᠯᠠᠨ ᠰᠢᠯᠭᠠᠨ᠎ᠠ᠃ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠢᠯᠠ ᠪᠤᠯᠭᠠᠬᠤ ᠲᠦᠷᠢᠮ ᠢ ᠪᠠᠶᠢᠭᠤᠯᠵᠤ᠂ ᠵᠠᠰᠠᠭ ᠤᠨ ᠤᠷᠳᠤᠨ ᠤ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠢᠶᠠᠨ ᠵᠢᠭᠡᠯᠡᠯᠭᠡ ᠶᠢᠨ ᠶᠠᠪᠤᠳᠠᠯ ᠤᠨ ᠪᠠᠶᠢᠳᠠᠯ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢᠶᠠᠨ ᠢᠯᠠ ᠪᠤᠯᠭᠠᠵᠤ᠂ ᠨᠠᠶᠢᠭᠡᠮ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠬᠦ ᠬᠡᠷᠡᠭᠳᠡᠢ᠃     ︵ᠬᠤᠶᠠᠷ︶ ᠰᠢᠯᠭᠠᠨ ᠪᠠᠶᠢᠴᠠᠭᠠᠵᠤ ᠵᠢᠭᠡᠯᠡᠯᠭᠡ ᠶᠢ ᠨᠢ ᠠᠰᠠᠭᠤᠬᠤ ᠲᠤᠬᠳᠠᠴᠠ ᠶᠢ ᠪᠠᠶᠢᠭᠤᠯᠤᠨ᠎ᠠ᠃ ᠵᠠᠰᠠᠭ  ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠨᠢᠭᠡ ᠬᠠᠳᠠᠭᠤ ᠪᠠᠷᠢᠮᠵᠢᠶ᠎ᠠ ᠪᠤᠯᠭᠠᠵᠤ ᠵᠠᠰᠠᠭ ᠤᠨ ᠠᠵᠢᠯ  ᠤᠨ ᠪᠦᠳᠦᠮᠵᠢ ᠶᠢ ᠰᠢᠯᠭᠠᠨ ᠪᠠᠶᠢᠴᠠᠭᠠᠬᠤ ᠳᠤ ᠤᠷᠤᠭᠤᠯᠤᠨ᠎ᠠ᠃ ᠡᠯ᠎ᠡ ᠭᠠᠵᠠᠷ ᠤᠷᠤᠨ ᠡᠯ᠎ᠡ ᠱᠠᠳᠤᠨ ᠤ ᠠᠷᠠᠳ  ᠤᠨ ᠵᠠᠰᠠᠭ ᠤᠨ ᠤᠷᠳᠤᠨ ᠲᠤᠰ ᠭᠠᠵᠠᠷ ᠤᠨ ᠢᠶᠠᠨ ᠵᠠᠰᠠᠭ ᠤᠨ ᠤᠷᠳᠤᠨ ᠤ ᠵᠢᠭᠡᠯᠡᠯᠭᠡ ᠶᠢ ᠬᠠᠷᠢᠭᠤᠴᠠᠬᠤ ᠬᠡᠷᠡᠭᠳᠡᠢ ᠃ ᠵᠢᠭᠡᠯᠡᠯᠭᠡ   ᠶᠢᠨ ᠶᠠᠪᠤᠳᠠᠯ ᠤᠨ ᠦᠵᠠᠯᠳᠠ ᠪᠠᠨ ᠦᠭᠡᠷᠡᠴᠢᠯᠠᠵᠤ᠂ ᠬᠠᠷᠢᠭᠤᠴᠠᠯᠭ᠎ᠠ ᠶᠢᠨ ᠲᠠᠨᠢᠯᠳᠠ᠂ ᠠᠶᠤᠯ ᠤᠨ ᠲᠠᠨᠢᠯᠳᠠ᠂ ᠡᠬᠢ ᠰᠠᠭᠤᠷᠢ ᠶᠢᠨ ᠠᠰᠢᠭ ᠲᠤᠰᠠ ᠶᠢᠨ ᠲᠠᠨᠢᠯᠳᠠ ᠶᠢ ᠪᠠᠳᠤ ᠪᠠᠬᠢ ᠪᠤᠢ ᠪᠤᠯᠭᠠᠵᠤ᠂ ᠤᠷᠤᠨ ᠭᠠᠵᠠᠷ  ᠤᠨ ᠴᠢᠨᠠᠷ ᠪᠠ ᠰᠢᠰᠲ᠋ᠧᠮ ᠤᠨ ᠴᠢᠨᠠᠷ ᠲᠠᠢ ᠠᠶᠤᠯ ᠭᠠᠷᠬᠤ ᠱᠤᠭᠤᠮ ᠢ ᠪᠠᠳᠤ ᠰᠠᠬᠢᠬᠤ ᠬᠡᠷᠡᠭᠳᠡᠢ᠃ ᠦᠪᠠᠷᠳᠡᠭᠡᠨ ᠵᠠᠰᠠᠬᠤ ᠤᠷᠤᠨ ᠠᠴᠠ ᠡᠯ᠎ᠡ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠠ᠂ ᠡᠳ᠋ ᠬᠦᠷᠦᠩᠭᠡ ᠶᠢᠨ ᠵᠢᠭᠡᠯᠡᠯᠭᠡ ᠵᠠᠷᠭᠡ ᠪᠠᠶᠢᠳᠠᠯ ᠢ ᠶᠠᠷᠦᠩᠭᠡᠶᠢᠯᠠᠨ ᠪᠤᠳᠤᠯᠬᠢᠯᠠᠵᠤ᠂ ᠵᠢᠭᠡᠯᠡᠯᠭᠡ ᠶᠢᠨ ᠶᠠᠪᠤᠳᠠᠯ ᠤᠨ ᠶᠠᠷᠦᠩᠭᠡᠶᠢᠯᠡᠭᠰᠡᠨ ᠬᠢᠷᠢ ᠬᠡᠮᠵᠢᠶ᠎ᠠ᠂ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠤᠨ ᠪᠠᠶᠢᠭᠤᠯᠤᠯᠳᠠ ᠪᠠ ᠵᠢᠭᠡᠯᠡᠯᠭᠡ ᠶᠢᠨ ᠶᠠᠪᠤᠳᠠᠯ ᠤᠨ ᠦᠨᠠᠨᠴᠢ ᠪᠠᠶᠢᠬᠤ ᠵᠠᠷᠭᠡ ᠲᠠᠯ᠎ᠠ ᠪᠠᠷ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢᠨ ᠠᠵᠢᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ᠎ᠠ᠃ ᠪᠤᠳᠠᠳᠤ ᠪᠠᠶᠢᠳᠠᠯ ᠠᠴᠠ ᠠᠩᠬᠢᠵᠢᠷᠠᠵᠤ᠂ ᠬᠡᠳᠦᠷᠭᠡᠢ ᠵᠢᠭᠡᠯᠡᠯᠭᠡ ᠬᠢᠭᠰᠡᠨ ᠬᠠᠤᠯᠢ ᠲᠦᠷᠢᠮ ᠢ ᠵᠦᠷᠢᠴᠠᠵᠤ ᠵᠢᠭᠡᠯᠡᠯᠭᠡ ᠬᠢᠭᠰᠡᠨ ᠪᠠ ᠲᠠᠭᠠᠳᠬᠠᠯ ᠬᠢᠭᠰᠡᠨ᠂ ᠲᠦᠷᠢᠮ ᠢ ᠵᠦᠷᠢᠴᠠᠵᠤ ᠵᠢᠭᠡᠯᠡᠯᠭᠡ   ᠶᠢᠨ ᠮᠦᠩᠬᠦ ᠶᠢ ᠬᠡᠷᠡᠭᠯᠡᠭᠰᠡᠨ᠂ ᠵᠢᠭᠡᠯᠡᠯᠭᠡ ᠶᠢᠨ ᠶᠠᠪᠤᠳᠠᠯ ᠠᠴᠠ ᠬᠡᠷᠴᠠᠭᠡᠢ ᠪᠠᠷ ᠵᠠᠶᠢᠯᠠᠵᠤ ᠲᠤᠳᠠᠭᠠᠬᠰᠠᠨ ᠠᠵᠢᠯᠯᠠᠭ᠎ᠠ ᠳᠤ ᠬᠠᠮᠢᠶ᠎ᠠ ᠪᠦᠬᠦᠢ ᠬᠦᠮᠦᠨ ᠤ ᠬᠠᠷᠢᠭᠤᠴᠠᠯᠭ᠎ᠠ ᠶᠢ ᠨᠡᠬᠡᠮᠵᠢᠯᠠᠨ᠎ᠠ᠃ ᠡᠬᠦᠨ ᠤ ᠬᠠᠮᠳᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠵᠢᠭᠡᠯᠡᠯᠭᠡ ᠶᠢᠨ ᠶᠠᠪᠤᠳᠠᠯ ᠤᠨ ᠬᠢᠷᠢ ᠪᠦᠳᠦᠮᠵᠢ ᠶᠢ ᠦᠨᠠᠯᠠᠬᠦ ᠶᠢ ᠡᠳ᠋ ᠤᠨ ᠵᠠᠰᠠᠭ  ᠤᠨ ᠬᠢᠷᠢ ᠪᠦᠳᠦᠮᠵᠢ ᠶᠢ ᠦᠨᠠᠯᠠᠬᠦ ᠶᠢᠨ ᠴᠢᠬᠤᠯᠠ ᠠᠭᠤᠯᠭ᠎ᠠ ᠪᠤᠯᠭᠠᠵᠤ ᠡᠩ ᠲᠠᠷᠢᠬᠦᠨ ᠳᠤ ᠠᠬᠢᠭᠤᠯᠬᠤ ᠶᠢ ᠲᠦᠷᠭᠡᠳᠭᠡᠬᠦ ᠬᠡᠷᠡᠭᠳᠡᠢ᠃ ᠮᠦᠩᠬᠦ ᠤᠷᠤᠭᠤᠯᠬᠤ᠂ ᠵᠢᠷᠤᠮᠵᠢᠬᠦᠨ ᠢᠶᠠᠷ ᠬᠡᠷᠡᠭᠯᠠᠬᠦ᠂ ᠰᠠᠭᠤᠷᠢ ᠨᠦᠬᠦᠴᠠᠯ ᠢ ᠰᠠᠶᠢᠵᠢᠷᠠᠭᠤᠯᠬᠤ᠂ ᠨᠠᠶᠢᠭᠡᠮ ᠤᠨ ᠠᠰᠢᠭ ᠤᠷᠤᠯᠭ᠎ᠠ᠂ ᠦᠷᠢ ᠲᠦᠯᠦᠵᠤ ᠢᠳᠡᠭᠡᠮᠵᠢᠳᠤ ᠬᠡᠷᠡᠭᠯᠡᠬᠦ ᠲᠠᠯ᠎ᠠ ᠪᠠᠷ ᠵᠤᠬᠢᠰᠳᠠᠢ ᠨᠤᠷᠮ᠎ᠠ ᠶᠢ ᠲᠤᠬᠳᠠᠭᠠᠵᠤ᠂ ᠵᠢᠭᠡᠯᠡᠯᠭᠡ ᠶᠢᠨ ᠪᠦᠳᠦᠮᠵᠢ ᠶᠢᠨ ᠦᠨᠠᠯᠠᠯᠳᠠ ᠶᠢᠨ ᠰᠢᠨᠵᠢᠯᠠᠬᠦ ᠤᠬᠠᠭᠠᠨᠴᠢ ᠪᠠ ᠡᠷᠭᠡ ᠰᠦᠷᠳᠠᠢ ᠴᠢᠨᠠᠷ ᠢ ᠲᠠᠭᠡᠭᠰᠢᠯᠠᠬᠦᠯᠦᠨ᠂ ᠲᠦᠷᠦᠯ ᠵᠦᠢᠯ ᠤᠨ ᠬᠢᠷᠢ ᠪᠦᠳᠦᠮᠵᠢ ᠶᠢ ᠦᠨᠠᠯᠠᠬᠦ ᠪᠠ ᠰᠠᠯᠠᠭ᠎ᠠ ᠮᠦᠴᠢᠷ ᠵᠢᠴᠢ ᠬᠠᠮᠢᠶᠠᠷᠤᠬᠳᠠᠵᠤ ᠪᠠᠶᠢᠭ᠎ᠠ ᠭᠠᠵᠠᠷ ᠤᠷᠤᠨ ᠤ ᠰᠠᠬᠦᠯᠴᠢ ᠶᠢᠨ ᠵᠠᠯᠭᠠᠮᠵᠢ ᠶᠢᠨ ᠵᠢᠭᠡᠯᠡᠯᠭᠡ ᠶᠢᠨ ᠲᠠᠮᠳᠡᠭ ᠢ ᠲᠤᠬᠢᠷᠠᠭᠤᠯᠬᠤ ᠪᠠᠶᠢᠭᠤᠯᠤᠮᠵᠢ ᠶᠢ ᠪᠠᠶᠢᠭᠤᠯᠤᠨ᠎ᠠ᠃    ︵ᠭᠤᠷᠪᠠ︶ ᠵᠢᠭᠡᠯᠡᠯᠭᠡ ᠶᠢᠨ ᠡᠷᠭᠡ ᠲᠠᠢ ᠬᠦᠮᠦᠨ ᠢ ᠬᠢᠵᠠᠭᠠᠷᠯᠠᠬᠤ ᠶᠢ ᠴᠢᠩᠭᠠᠳᠬᠠᠨ᠎ᠠ᠃ ᠵᠤᠭᠤᠰ ᠮᠦᠩᠬᠦ  ᠶᠢᠨ ᠪᠠᠶᠢᠭᠤᠯᠤᠮᠵᠢ ᠨᠢ ᠬᠠᠤᠯᠢ ᠶᠤᠰᠤ ᠶᠢ ᠵᠦᠷᠢᠴᠠᠵᠤ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠬᠠᠮᠢᠶᠠᠷᠤᠬᠳᠠᠵᠤ ᠪᠠᠶᠢᠭ᠎ᠠ ᠰᠠᠯᠠᠭ᠎ᠠ ᠮᠦᠴᠢᠷ᠂ ᠨᠢᠭᠡᠴᠡ ᠳᠡᠭᠡᠨ ᠮᠦᠩᠬᠦ ᠴᠤᠬᠯᠠᠭᠤᠯᠵᠤ ᠬᠠᠩᠭᠠᠵᠤ ᠪᠤᠯᠬᠤ ᠦᠭᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠠᠮᠢᠶᠠᠷᠤᠬᠳᠠᠵᠤ ᠪᠠᠶᠢᠭ᠎ᠠ ᠰᠠᠯᠠᠭ᠎ᠠ ᠮᠦᠴᠢᠷ᠂ ᠨᠢᠭᠡᠴᠡ ᠲᠦᠷᠢᠮ ᠢ ᠵᠦᠷᠢᠴᠠᠵᠤ ᠲᠠᠭᠠᠭᠠᠯᠳᠠ ᠬᠠᠩᠭᠠᠬᠤ ᠶᠢ ᠱᠠᠭᠠᠷᠳᠠᠵᠤ ᠪᠤᠯᠬᠤ ᠦᠭᠡᠢ᠃ ᠮᠦᠩᠬᠦ ᠶᠢᠨ ᠪᠠᠶᠢᠭᠤᠯᠤᠯᠭ᠎ᠠ ᠵᠠᠷᠭᠡ ᠨᠢ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠠᠮᠳᠡᠭ ᠬᠤᠳᠠᠯᠳᠤᠨ ᠠᠪᠬᠤ ᠳᠤ ᠬᠢᠨᠠᠵᠤ ᠬᠠᠮᠢᠶᠠᠷᠬᠤ ᠲᠤᠬᠳᠠᠭᠠᠯ ᠳᠤ ᠨᠠᠶᠢᠴᠠᠵᠤ᠂ ᠵᠠᠰᠠᠭ ᠤᠨ ᠤᠷᠳᠤᠨ ᠡᠰᠡᠬᠦᠯ᠎ᠠ ᠵᠢᠭᠡᠯᠡᠯᠭᠡ ᠶᠢᠨ ᠶᠠᠪᠤᠳᠠᠯ ᠬᠢᠭᠰᠡᠨ ᠭᠤᠤᠯ ᠴᠤᠬᠴᠠ ᠶᠢᠨ ᠠᠵᠤ ᠠᠬᠤᠶᠢᠯᠠᠯ ᠤᠨ ᠬᠠᠤᠯᠢ ᠶᠢᠨ ᠲᠦᠯᠦᠭᠡᠯᠡᠭᠴᠢ ᠬᠦᠮᠦᠨ ᠵᠠᠷᠭᠡ ᠡᠳ᠋ ᠮᠦᠩᠬᠦ ᠬᠠᠩᠭᠠᠬᠤ ᠳᠤ ᠢᠳᠡᠭᠡᠮᠵᠢᠳᠠᠢ ᠵᠢᠭᠡᠯᠡᠯᠭᠡ ᠶᠢᠨ ᠬᠠᠮᠢᠶᠠᠷᠤᠯᠳᠠ ᠶᠢ ᠲᠦᠪ ᠴᠢᠩᠭ᠎ᠠ ᠵᠢᠷᠤᠮᠵᠢᠬᠦᠯᠵᠤ᠂ ᠲᠦᠭᠰᠢᠬᠦᠷᠢ ᠶᠢ ᠰᠠᠷᠭᠡᠶᠢᠯᠠᠬᠦ ᠲᠠᠨᠢᠯᠳᠠ ᠪᠠ ᠲᠦᠭᠰᠢᠬᠦᠷᠢ ᠶᠢ ᠬᠠᠮᠢᠶᠠᠷᠬᠤ ᠪᠠᠨ ᠦᠨᠠᠩᠬᠦ ᠴᠢᠩᠭᠠᠳᠬᠠᠬᠤ ᠬᠡᠷᠡᠭᠳᠡᠢ᠃ ᠡᠳ᠋ ᠮᠦᠩᠬᠦ ᠶᠢᠨ ᠪᠠᠶᠢᠭᠤᠯᠤᠯᠭ᠎ᠠ ᠵᠠᠷᠭᠡ ᠨᠢ ᠬᠠᠤᠯᠢ ᠲᠦᠷᠢᠮ ᠢ ᠵᠦᠷᠢᠴᠠᠵᠤ ᠵᠠᠰᠠᠭ ᠤᠨ ᠤᠷᠳᠤᠨ ᠤ ᠴᠢᠨᠠᠷᠳᠠᠢ ᠮᠦᠩᠬᠦ ᠬᠤᠷᠠᠮᠳᠤᠭᠤᠯᠬᠤ ᠳᠤ ᠬᠠᠩᠭᠠᠯᠳᠠ ᠦᠭᠬᠦᠭᠰᠡᠨ ᠪᠤᠯ ᠵᠤᠬᠢᠬᠤ ᠰᠦᠢᠳᠭᠡᠯ ᠢᠶᠠᠨ ᠦᠪᠠᠷᠳᠡᠭᠡᠨ ᠬᠠᠷᠢᠭᠤᠴᠠᠪᠠᠯ ᠵᠤᠬᠢᠬᠤ ᠮᠦᠷᠳᠡᠭᠡᠨ ᠠᠷᠠᠯᠵᠢᠶ᠎ᠠ ᠬᠤᠳᠠᠯᠳᠤᠭᠠᠨ ᠤ ᠪᠠᠩᠬᠢ ᠶᠢᠨ ᠬᠠᠤᠯᠢ ᠶᠤᠰᠤᠭᠠᠷ ᠮᠦᠩᠬᠦᠨ ᠪᠠᠩᠬᠢ ᠶᠢᠨ ᠤᠶᠢᠯᠠᠰ  ᠤᠨ ᠬᠠᠮᠢᠶᠠᠷᠤᠯᠳᠠ ᠶᠢᠨ ᠬᠠᠤᠯᠢ ᠶᠤᠰᠤᠭᠠᠷ ᠬᠠᠮᠢᠶ᠎ᠠ ᠪᠦᠬᠦᠢ ᠪᠠᠶᠢᠭᠤᠯᠤᠮᠵᠢ ᠪᠠ ᠬᠦᠮᠦᠨ ᠬᠠᠷᠢᠭᠤᠴᠠᠯᠭ᠎ᠠ ᠶᠢ ᠨᠡᠬᠡᠮᠵᠢᠯᠠᠨ᠎ᠠ᠃     ᠵᠢᠷᠭᠤᠭ᠎ᠠ᠂ ᠲᠤᠭ᠎ᠠ ᠲᠠᠢ ᠬᠠᠳᠠᠭᠠᠯᠠᠵᠤ ᠪᠠᠶᠢᠭ᠎ᠠ ᠵᠢᠭᠡᠯᠡᠯᠭᠡ ᠶᠢᠨ ᠶᠠᠪᠤᠳᠠᠯ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠰᠠᠬᠦᠯᠴᠢ ᠶᠢᠨ ᠬᠤᠷᠠᠮᠳᠤᠯ ᠮᠦᠩᠬᠦ ᠶᠢ ᠵᠤᠬᠢᠰᠳᠠᠢ ᠰᠢᠢᠳᠪᠤᠷᠢᠯᠠᠬᠦ ᠬᠡᠷᠡᠭᠳᠡᠢ     ︵ᠨᠢᠭᠡ︶ ᠲᠤᠭᠠᠨ ᠳᠤ ᠪᠠᠶᠢᠭ᠎ᠠ ᠵᠢᠭᠡᠯᠡᠯᠭᠡ ᠶᠢᠨ ᠶᠠᠪᠤᠳᠠᠯ ᠢ ᠲᠦᠰᠦᠪᠯᠠᠨ ᠪᠤᠳᠤᠬᠤ ᠬᠠᠮᠢᠶᠠᠷᠤᠯᠳᠠ ᠳᠤ ᠤᠷᠤᠭᠤᠯᠬᠤ ᠶᠢ ᠴᠢᠩᠭ᠎ᠠ ᠠᠳᠬᠤᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠲᠤᠬᠳᠠᠭᠠᠯ ᠶᠤᠰᠤᠭᠠᠷ ᠨᠢᠳᠤᠨ ᠡᠮᠦᠨᠠᠬᠢ ᠲᠤᠭᠠᠨ ᠳᠤ ᠪᠠᠶᠢᠭ᠎ᠠ ᠵᠢᠭᠡᠯᠡᠯᠭᠡ ᠶᠢᠨ ᠶᠠᠪᠤᠳᠠᠯ ᠳᠤ ᠵᠠᠳᠠᠯᠤᠯᠳᠠ ᠬᠢᠵᠤ᠂ ᠲᠠᠷᠤᠢ 2013 ᠤᠨ ᠤ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠬᠢᠨᠠᠨ ᠪᠤᠳᠤᠬᠰᠠᠨ ᠰᠠᠭᠤᠷᠢᠨ ᠲᠠᠭᠡᠷ᠎ᠡ ᠬᠢᠨᠠᠨ ᠪᠤᠳᠤᠬᠰᠠᠨ ᠤ ᠲᠠᠷᠠᠭ᠎ᠠ ᠵᠢᠭᠡᠯᠡᠯᠭᠡ ᠶᠢᠨ ᠶᠠᠪᠤᠳᠠᠯ ᠨᠠᠮᠠᠵᠤ ᠬᠠᠰᠤᠬᠳᠠᠬᠰᠠᠨ ᠬᠤᠪᠢᠷᠠᠯᠳᠠ ᠶᠢᠨ ᠪᠠᠶᠢᠳᠠᠯ ᠢ ᠦᠨᠳᠤᠰᠤᠯᠠᠨ᠂ ᠵᠢᠭᠡᠯᠡᠯᠭᠡ ᠶᠢᠨ ᠡᠷᠭᠡ ᠲᠠᠢ ᠬᠦᠮᠦᠨ ᠪᠠ ᠵᠢᠭᠡᠯᠡᠯᠭᠡ ᠶᠢᠨ ᠶᠠᠪᠤᠳᠠᠯ ᠲᠠᠢ ᠬᠦᠮᠦᠨ ᠲᠠᠢ ᠬᠠᠮᠳᠤ ᠪᠠᠷ ᠵᠦᠪᠳᠠᠯᠴᠠᠵᠤ᠂ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠲᠠᠰ ᠲᠦᠷᠦᠯ ᠢᠶᠠᠷ ᠵᠠᠳᠠᠯᠤᠯᠳᠠ ᠬᠢᠵᠤ ᠲᠠᠨᠢᠬᠤ ᠬᠡᠷᠡᠭᠳᠡᠢ᠃ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠵᠢᠭᠡᠯᠡᠭᠰᠡᠨ ᠵᠢᠭᠡᠯᠡᠯᠭᠡ  ᠶᠢᠨ ᠶᠠᠪᠤᠳᠠᠯ ᠢ ᠡᠩ ᠤᠨ ᠵᠢᠭᠡᠯᠡᠯᠭᠡ ᠶᠢᠨ ᠶᠠᠪᠤᠳᠠᠯ ᠪᠠ ᠲᠤᠰᠬᠠᠢ ᠲᠦᠷᠦᠯ ᠤᠨ ᠵᠢᠭᠡᠯᠡᠯᠭᠡ ᠶᠢᠨ ᠶᠠᠪᠤᠳᠠᠯ ᠳᠤ ᠤᠷᠤᠭᠤᠯᠤᠨ᠎ᠠ᠃ ᠠᠵᠤ ᠠᠬᠤᠶᠢᠯᠠᠯ ᠠᠵᠤ ᠤᠶᠢᠯᠠᠰ ᠤᠨ ᠨᠢᠭᠡᠴᠡ ᠶᠢᠨ ᠵᠢᠭᠡᠯᠡᠯᠭᠡ ᠶᠢᠨ ᠶᠠᠪᠤᠳᠠᠯ ᠤᠨ ᠵᠠᠰᠠᠭ ᠤᠨ ᠤᠷᠳᠤᠨ ᠲᠦᠯᠦᠪᠠᠰᠤ ᠵᠤᠬᠢᠬᠤ ᠵᠢᠭᠡᠯᠡᠯᠭᠡ ᠶᠢᠨ ᠶᠠᠪᠤᠳᠠᠯ ᠢ ᠡᠩ ᠤᠨ ᠵᠢᠭᠡᠯᠡᠯᠭᠡ ᠶᠢᠨ ᠶᠠᠪᠤᠳᠠᠯ ᠪᠠ ᠲᠤᠰᠬᠠᠢ ᠲᠦᠷᠦᠯ ᠤᠨ ᠵᠢᠭᠡᠯᠡᠯᠭᠡ ᠶᠢᠨ ᠶᠠᠪᠤᠳᠠᠯ ᠳᠤ ᠤᠷᠤᠭᠤᠯᠬᠤ ᠬᠡᠷᠡᠭᠳᠡᠢ᠃ ᠵᠠᠰᠠᠭ ᠤᠨ ᠤᠷᠳᠤᠨ ᠲᠠᠭᠠᠳᠬᠠᠯ ᠤᠨ ᠬᠠᠷᠢᠭᠤᠴᠠᠯᠭ᠎ᠠ ᠲᠠᠢ ᠪᠤᠶᠤ ᠠᠪᠤᠷᠠᠵᠤ ᠲᠠᠮᠵᠢᠬᠦ ᠬᠠᠷᠢᠭᠤᠴᠠᠯᠭ᠎ᠠ ᠲᠠᠢ ᠵᠢᠭᠡᠯᠡᠯᠭᠡ ᠶᠢᠨ ᠶᠠᠪᠤᠳᠠᠯ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠭᠠᠳᠬᠠᠯ ᠤᠨ ᠬᠠᠤᠯᠢ︾ ᠪᠠ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠰᠦᠪᠯᠠᠨ ᠪᠤᠳᠤᠬᠤ ᠬᠠᠤᠯᠢ︾ ᠶᠢᠨ ᠬᠠᠮᠢᠶ᠎ᠠ ᠪᠦᠬᠦᠢ ᠲᠤᠬᠳᠠᠭᠠᠯ ᠶᠤᠰᠤᠭᠠᠷ᠂ ᠪᠦᠳᠦᠮᠵᠢᠳᠠᠢ ᠲᠠᠭᠠᠳᠬᠠᠯ ᠪᠠ ᠪᠦᠳᠦᠮᠵᠢ ᠦᠭᠡᠢ ᠲᠠᠭᠠᠳᠬᠠᠯ ᠢ ᠲᠤᠳᠤᠷᠬᠠᠢ ᠬᠤᠪᠢᠶᠠᠷᠢᠯᠠᠵᠤ᠂ ᠬᠠᠤᠯᠢ ᠳᠤ ᠨᠠᠶᠢᠴᠠᠬᠦ ᠲᠠᠭᠠᠳᠬᠠᠯ ᠲᠠᠢ ᠵᠢᠭᠡᠯᠡᠯᠭᠡ ᠶᠢᠨ ᠶᠠᠪᠤᠳᠠᠯ ᠢ ᠵᠢᠭᠡᠯᠡᠯᠭᠡ ᠶᠢᠨ ᠶᠠᠪᠤᠳᠠᠯ ᠤᠨ ᠬᠢᠨᠠᠵᠤ ᠬᠢᠵᠠᠭᠠᠷᠯᠠᠬᠤ ᠬᠡᠪᠴᠢᠶᠠᠨ ᠳᠤ ᠤᠷᠤᠭᠤᠯᠤᠨ᠎ᠠ᠃ ᠴᠠᠭ ᠠᠴᠠ ᠬᠡᠳᠦᠷᠡᠭᠰᠡᠨ ᠲᠠᠭᠠᠳᠬᠠᠯ ᠪᠠ ᠦᠷ᠎ᠡ ᠪᠦᠳᠦᠮᠵᠢ ᠦᠭᠡᠢ ᠲᠠᠭᠠᠳᠬᠠᠯ ᠢ ᠴᠠᠭ ᠲᠠᠷᠤᠢ ᠳᠤᠨᠢ ᠴᠠᠪᠠᠷᠯᠠᠵᠤ ᠵᠤᠬᠢᠰᠳᠠᠢ ᠰᠢᠢᠳᠪᠤᠷᠢᠯᠠᠬᠦ ᠬᠡᠷᠡᠭᠳᠡᠢ᠃ ᠦᠨᠠᠩᠬᠦ ᠵᠠᠰᠠᠭ ᠤᠨ ᠤᠷᠳᠤᠨ ᠲᠦᠯᠦᠬᠦ ᠴᠢᠬᠤᠯᠠᠳᠠᠢ ᠬᠠᠷᠢᠭᠤᠴᠠᠯᠭ᠎ᠠ ᠲᠠᠢ ᠵᠢᠭᠡᠯᠡᠯᠭᠡ ᠶᠢᠨ ᠶᠠᠪᠤᠳᠠᠯ ᠢ ᠲᠤᠰ ᠱᠠᠳᠤᠨ ᠤ ᠬᠢᠨᠠᠨ ᠪᠤᠳᠤᠬᠤ ᠰᠠᠯᠠᠭ᠎ᠠ ᠮᠦᠴᠢᠷ ᠬᠢᠨᠠᠨ ᠪᠤᠳᠤᠬᠰᠠᠨ ᠰᠠᠨᠠᠯ ᠭᠠᠷᠭᠠᠬᠤ ᠮᠦᠷᠳᠡᠭᠡᠨ ᠬᠠᠮᠢᠶ᠎ᠠ ᠪᠦᠬᠦᠢ ᠡᠳ᠋ ᠬᠦᠷᠦᠩᠭᠡ ᠡᠰᠡᠬᠦᠯ᠎ᠠ ᠲᠦᠷᠦᠯ ᠵᠦᠢᠯ ᠤᠨ ᠠᠰᠢᠭ ᠤᠷᠤᠯᠭ᠎ᠠ ᠶᠢ ᠬᠠᠮᠳᠤᠪᠠᠷ ᠪᠤᠴᠠᠭᠠᠨ ᠵᠢᠷᠤᠬᠯᠠᠬᠤ ᠬᠡᠷᠡᠭᠳᠡᠢ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠭᠠᠵᠠᠷ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠤᠰ ᠭᠠᠵᠠᠷ ᠤᠷᠤᠨ ᠳᠤ ᠪᠠᠨ ᠵᠠᠳᠠᠯᠤᠯᠳᠠ ᠬᠢᠭᠰᠡᠨ ᠤ ᠲᠠᠷᠠᠭᠠᠬᠢ ᠲᠤᠭ᠎ᠠ ᠲᠠᠢ ᠵᠢᠭᠡᠯᠡᠯᠭᠡ ᠶᠢᠨ ᠶᠠᠪᠤᠳᠠᠯ ᠢ ᠶᠠᠷᠦᠩᠭᠡᠶᠢᠯᠠᠨ ᠨᠢᠭᠡᠳᠭᠡᠵᠤ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠳᠤ ᠮᠠᠳᠠᠬᠦᠯᠵᠤ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠶᠠᠷᠦᠩᠭᠡᠶᠢᠯᠠᠨ ᠨᠢᠭᠡᠳᠭᠡᠵᠤ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠠᠳᠠᠬᠦᠯᠵᠤ ᠵᠦᠪᠰᠢᠶᠠᠷᠡᠬᠦᠯᠦᠭᠰᠡᠨ ᠤ ᠲᠠᠷᠠᠭ᠎ᠠ᠂ ᠰᠠᠯᠠᠭ᠎ᠠ ᠮᠦᠴᠢᠷ ᠢ ᠬᠤᠪᠢᠶᠠᠷᠢᠯᠠᠨ ᠲᠦᠰᠦᠪᠯᠠᠨ ᠪᠤᠳᠤᠵᠤ ᠬᠠᠮᠢᠶᠠᠷᠤᠯᠳᠠ ᠳᠤ ᠤᠷᠤᠭᠤᠯᠤᠨ᠎ᠠ᠃ ᠲᠦᠰᠦᠪᠯᠠᠨ ᠪᠤᠳᠤᠬᠤ ᠬᠠᠮᠢᠶᠠᠷᠤᠯᠳᠠ  ᠳᠤ ᠤᠷᠤᠬᠰᠠᠨ ᠤᠤᠯ ᠤᠨ ᠵᠢᠭᠡᠯᠡᠯᠭᠡ ᠶᠢᠨ ᠶᠠᠪᠤᠳᠠᠯ ᠤᠨ ᠵᠢᠭᠡᠯᠡᠯᠭᠡ ᠶᠢᠨ ᠡᠷᠭᠡ ᠶᠢᠨ ᠬᠠᠷᠢᠴᠠᠭ᠎ᠠ ᠬᠤᠪᠢᠷᠠᠬᠤ ᠦᠭᠡᠢ᠂ ᠦᠷᠢ ᠲᠦᠯᠦᠬᠦ ᠮᠦᠩᠬᠦ ᠵᠤᠭᠤᠰ ᠢ ᠲᠦᠰᠦᠪᠯᠠᠨ ᠪᠤᠳᠤᠬᠰᠠᠨ ᠬᠠᠮᠢᠶᠠᠷᠤᠯᠳᠠ ᠶᠢᠨ ᠱᠠᠭᠠᠷᠳᠠᠯᠭ᠎ᠠ ᠶᠤᠰᠤᠭᠠᠷ ᠵᠢᠷᠤᠮᠵᠢᠬᠦᠯᠦᠨ ᠬᠠᠮᠢᠶᠠᠷᠤᠨ᠎ᠠ᠃    ︵ᠬᠤᠶᠠᠷ︶ ᠲᠤᠭᠠᠨ ᠳᠤ ᠪᠠᠶᠢᠭ᠎ᠠ ᠵᠢᠭᠡᠯᠡᠯᠭᠡ ᠶᠢᠨ ᠶᠠᠪᠤᠳᠠᠯ ᠤᠨ ᠬᠦᠦ ᠮᠦᠩᠬᠦ ᠲᠠᠷᠤᠭᠠᠰᠤ ᠶᠢ ᠢᠳᠡᠪᠬᠢᠳᠠᠢ ᠲᠤᠷᠤᠬᠰᠢᠯᠠᠭᠤᠯᠤᠨ᠎ᠠ᠃ ᠵᠠᠳᠠᠯᠤᠯᠳᠠ ᠬᠢᠭᠰᠡᠨ ᠮᠦᠷᠳᠡᠭᠡᠨ ᠦᠪᠠᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ  ᠢᠶᠠᠷ ᠵᠦᠪᠰᠢᠶᠠᠷᠠᠬᠦᠯᠬᠦ ᠪᠠᠷ ᠲᠠᠮᠵᠢᠭᠤᠯᠵᠤ᠂ ᠲᠦᠰᠦᠪᠯᠠᠨ ᠪᠤᠳᠤᠬᠤ ᠬᠠᠮᠢᠶᠠᠷᠤᠯᠳᠠ ᠳᠤ ᠤᠷᠤᠭᠤᠯᠤᠬᠰᠠᠨ ᠵᠠᠰᠠᠭ  ᠤᠨ ᠤᠷᠳᠤᠨ ᠤ ᠲᠤᠭᠠᠳᠠᠢ ᠵᠢᠭᠡᠯᠡᠯᠭᠡ ᠶᠢᠨ ᠶᠠᠪᠤᠳᠠᠯ ᠢ ᠡᠯ᠎ᠡ ᠭᠠᠵᠠᠷ ᠤᠷᠤᠨ ᠨᠢ ᠬᠢᠨᠠᠨ ᠲᠤᠬᠳᠠᠭᠠᠬᠰᠠᠨ ᠬᠡᠪᠴᠢᠶ᠎ᠠ  ᠶᠢᠨ ᠴᠢᠨᠠᠷᠳᠠᠢ ᠲᠤᠭᠠᠨ ᠤ ᠲᠤᠳᠤᠷ᠎ᠠ ᠤᠷᠤᠨ ᠨᠤᠳᠤᠭ ᠤᠨ ᠵᠠᠰᠠᠭ ᠤᠨ ᠤᠷᠳᠤᠨ ᠵᠢᠭᠡᠯᠡᠯᠭᠡ ᠶᠢᠨ ᠪᠠᠷᠢᠮᠳᠠ ᠶᠢ ᠰᠤᠯᠢᠬᠤ ᠪᠠᠷ ᠭᠤᠶᠤᠴᠢᠯᠠᠵᠤ᠂ ᠬᠦᠦ ᠮᠦᠩᠬᠦ ᠶᠢᠨ ᠲᠠᠷᠤᠭᠠᠰᠤ ᠶᠢ ᠬᠦᠩᠭᠡᠯᠡᠵᠤ᠂ ᠬᠤᠭᠤᠴᠠᠭ᠎ᠠ ᠶᠢᠨ ᠬᠢᠵᠠᠭᠠᠷᠯᠠᠯ  ᠤᠨ ᠪᠦᠳᠦᠴᠠ ᠶᠢ ᠰᠢᠯᠢᠳᠡᠭᠵᠢᠬᠦᠯᠦᠨ᠂ ᠨᠠᠩ ᠤᠯᠠᠨ ᠬᠦᠷᠦᠩᠭᠡ ᠮᠦᠩᠬᠦ ᠶᠢ ᠰᠤᠯᠠᠯᠠᠨ ᠭᠠᠷᠭᠠᠵᠤ᠂ ᠭᠤᠤᠯᠳᠠᠯᠭ᠎ᠠ  ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠠᠵᠤ ᠪᠤᠯᠤᠨ᠎ᠠ᠃ ᠰᠤᠯᠢᠬᠰᠠᠨ ᠵᠢᠭᠡᠯᠡᠯᠭᠡ ᠶᠢᠨ ᠪᠠᠷᠢᠮᠳᠠ ᠶᠢᠨ ᠤᠷᠤᠯᠭ᠎ᠠ ᠶᠢ ᠡᠳ᠋ ᠤᠨ ᠵᠠᠰᠠᠭ ᠤᠨ ᠰᠠᠯᠠᠭ᠎ᠠ ᠮᠦᠴᠢᠷ ᠨᠢᠭᠡᠳᠦᠯᠳᠠᠢ ᠬᠠᠮᠢᠶᠠᠷᠴᠤ ᠵᠢᠭᠡᠯᠡᠯᠭᠡ ᠶᠢᠨ ᠡᠷᠭᠡ ᠲᠠᠢ ᠬᠦᠮᠦᠨ ᠰᠢᠭᠤᠳ ᠦᠭᠴᠤ ᠪᠤᠯᠤᠨ᠎ᠠ᠃    ︵ᠭᠤᠷᠪᠠ︶ ᠲᠤᠭᠠᠳᠠᠢ ᠵᠢᠭᠡᠯᠡᠯᠭᠡ ᠶᠢ ᠵᠤᠬᠢᠰᠳᠠᠢ ᠲᠦᠯᠦᠬᠦ ᠬᠡᠷᠡᠭᠳᠡᠢ᠃ ᠬᠤᠭᠤᠴᠠᠭ᠎ᠠ ᠨᠢ ᠬᠦᠷᠦᠭᠰᠡᠨ ᠲᠤᠭᠠᠳᠠᠢ ᠵᠢᠭᠡᠯᠡᠯᠭᠡ ᠨᠢ ᠶᠠᠪᠤᠳᠠᠯ ᠢ ᠵᠠᠬ᠎ᠠ ᠲᠠᠯᠬᠡᠬᠦᠷ ᠤᠨ ᠶᠤᠰᠤ ᠲᠦᠷᠢᠮ ᠢ ᠲᠠᠭᠠᠵᠤ᠂ ᠵᠠᠰᠠᠭ ᠵᠠᠬᠢᠷᠭ᠎ᠠ ᠪᠠᠷ ᠤᠶᠢᠮᠠᠬᠦᠯᠬᠦ ᠶᠢ ᠪᠠᠭᠠᠰᠬᠠᠬᠤ ᠬᠡᠷᠡᠭᠳᠡᠢ᠃ ᠲᠦᠷᠦᠯ ᠵᠦᠢᠯ ᠤᠨ ᠲᠤᠰ ᠪᠠᠶ᠎ᠠ ᠶᠢᠨ ᠬᠢᠨ ᠡᠵᠡᠩᠨᠠᠯᠳᠠ ᠶᠢᠨ ᠤᠷᠤᠯᠭ᠎ᠠ  ᠨᠢ ᠤᠤᠯ ᠤᠨ ᠦᠷᠢ ᠪᠠᠨ ᠲᠦᠯᠦᠵᠤ᠂ ᠬᠦᠦ ᠮᠦᠩᠬᠦ ᠶᠢ ᠨᠢ ᠦᠭᠴᠤ ᠲᠠᠶᠢᠯᠬᠦ ᠵᠢᠭᠡᠯᠡᠯᠭᠡ ᠶᠢᠨ ᠶᠠᠪᠤᠳᠠᠯ ᠢ ᠬᠠᠤᠯᠢ  ᠪᠠᠷ ᠲᠠᠮᠵᠢᠭᠤᠯᠤᠨ ᠰᠢᠯᠢᠳᠡᠭ ᠬᠦᠷᠦᠩᠭᠡ ᠳᠤ ᠤᠷᠤᠭᠤᠯᠵᠤ᠂ ᠡᠵᠡᠩᠨᠠᠨ ᠬᠠᠮᠢᠶᠠᠷᠬᠤ ᠪᠠᠨ ᠴᠢᠩᠭᠠᠳᠬᠠᠵᠤ᠂ ᠦᠭᠡᠷᠡᠴᠢᠯᠠᠯᠳᠠ ᠬᠢᠬᠦ ᠬᠦᠴᠦᠯᠠᠴᠠ ᠪᠠᠨ ᠶᠡᠬᠡᠳᠭᠡᠬᠦ ᠵᠠᠷᠭᠡ ᠠᠷᠭ᠎ᠠ ᠶᠢ ᠠᠪᠴᠤ᠂ ᠲᠦᠷᠦᠯ ᠵᠦᠢᠯ ᠤᠨ ᠠᠰᠢᠭ ᠤᠷᠤᠯᠭ᠎ᠠ ᠤᠯᠬᠤ ᠴᠢᠳᠠᠪᠤᠷᠢ ᠶᠢ ᠲᠠᠭᠡᠭᠰᠢᠯᠠᠬᠦᠯᠦᠨ᠂ ᠵᠢᠭᠡᠯᠡᠯᠭᠡ ᠪᠠᠨ ᠲᠦᠯᠦᠬᠦ ᠴᠢᠳᠠᠪᠤᠷᠢ ᠪᠠᠨ ᠲᠠᠭᠡᠭᠰᠢᠯᠠᠬᠦᠯᠦᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠠᠮᠢᠶ᠎ᠠ ᠪᠦᠬᠦᠢ ᠵᠢᠭᠡᠯᠡᠯᠭᠡ ᠶᠢᠨ ᠶᠠᠪᠤᠳᠠᠯ ᠲᠠᠢ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠪᠠᠨ ᠴᠢᠩᠭᠠᠳᠬᠠᠵᠤ᠂ ᠵᠢᠭᠠᠨ ᠵᠢᠯᠤᠭᠤᠳᠬᠤ ᠪᠠ ᠱᠠᠭᠠᠷᠳᠠᠵᠤ᠂ ᠦᠷᠢ ᠪᠠᠨ ᠲᠦᠯᠦᠬᠦ ᠪᠠᠯᠠ ᠮᠦᠩᠬᠦ ᠶᠢᠨ ᠢᠷᠠᠯᠳᠠ ᠶᠢᠨ ᠵᠠᠮ ᠢ ᠦᠷᠭᠡᠳᠭᠡᠨ᠂ ᠦᠷᠢ ᠪᠠᠨ ᠲᠦᠯᠦᠬᠦ ᠪᠠᠯᠠ ᠮᠦᠩᠬᠦ ᠶᠢ ᠶᠠᠷᠦᠩᠭᠡᠶᠢᠯᠠᠨ ᠲᠤᠬᠢᠷᠠᠭᠤᠯᠬᠤ ᠬᠡᠷᠡᠭᠳᠡᠢ᠃ ᠦᠨᠠᠩᠬᠦ ᠵᠠᠰᠠᠭ ᠤᠨ ᠤᠷᠳᠤᠨ ᠲᠦᠯᠦᠬᠦ ᠴᠢᠬᠤᠯᠠᠳᠠᠢ ᠵᠢᠭᠡᠯᠡᠯᠭᠡ ᠶᠢᠨ ᠶᠠᠪᠤᠳᠠᠯ ᠳᠤ ᠲᠤᠰ ᠭᠠᠵᠠᠷ ᠤᠨ ᠵᠠᠰᠠᠭ ᠤᠨ ᠤᠷᠳᠤᠨ ᠲᠦᠯᠦᠪᠤᠷᠢ ᠶᠢᠨ ᠬᠠᠷᠢᠭᠤᠴᠠᠯᠭ᠎ᠠ ᠪᠠᠨ ᠬᠦᠢᠴᠡᠳᠭᠡᠵᠤ᠂ ᠴᠢᠬᠤᠯᠠ ᠲᠠᠢ ᠦᠶ᠎ᠠ ᠳᠤ ᠵᠠᠰᠠᠭ ᠤᠨ ᠤᠷᠳᠤᠨ ᠤ ᠬᠦᠷᠦᠩᠭᠡ ᠪᠠᠷ ᠵᠢᠭᠡᠯᠡᠯᠭᠡ ᠶᠢ ᠲᠦᠯᠦᠬᠦ ᠬᠡᠷᠡᠭᠳᠡᠢ᠃ ᠵᠠᠰᠠᠭ  ᠤᠨ ᠤᠷᠳᠤᠨ ᠦᠨᠠᠩᠬᠦ ᠲᠠᠭᠠᠭᠠᠴᠢᠯᠠᠬᠤ ᠡᠰᠡᠬᠦᠯ᠎ᠠ ᠠᠪᠤᠷᠠᠵᠤ ᠲᠠᠮᠵᠢᠬᠦ ᠴᠢᠬᠤᠯᠠ ᠲᠠᠢ ᠵᠢᠭᠡᠯᠡᠯᠭᠡ ᠶᠢᠨ ᠶᠠᠪᠤᠳᠠᠯ ᠳᠤ ᠲᠤᠰ ᠭᠠᠵᠠᠷ ᠤᠨ ᠵᠠᠰᠠᠭ ᠤᠨ ᠤᠷᠳᠤᠨ ᠬᠠᠤᠯᠢ ᠶᠤᠰᠤᠭᠠᠷ ᠵᠦᠪᠳᠠᠯᠴᠠᠭᠡᠨ ᠬᠢᠵᠤ ᠵᠤᠬᠢᠰᠳᠠᠢ ᠲᠤᠬᠢᠷᠠᠭᠤᠯᠬᠤ ᠬᠡᠷᠡᠭᠳᠡᠢ᠃ ᠵᠢᠭᠡᠯᠡᠯᠭᠡ ᠬᠢᠭᠰᠡᠨ ᠬᠠᠮᠢᠶ᠎ᠠ ᠪᠦᠬᠦᠢ ᠨᠢᠭᠡᠴᠡ ᠪᠠ ᠬᠠᠷᠢᠭᠤᠴᠠᠯᠭᠠᠳᠤ ᠬᠦᠮᠦᠨ ᠵᠦᠪᠳᠠᠯᠴᠠᠨ᠂ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠭᠡᠯᠡᠯᠭᠡ ᠪᠠᠨ ᠲᠦᠯᠦᠬᠦ ᠴᠠᠭ ᠤᠨ ᠬᠢᠵᠠᠭᠠᠷ ᠢ ᠲᠤᠳᠤᠷᠬᠠᠶᠢᠯᠠᠵᠤ ᠴᠠᠭ ᠲᠤᠬᠠᠢ ᠳᠤᠨᠢ ᠡᠭᠡ ᠮᠦᠩᠬᠦ ᠶᠢ ᠨᠢ ᠲᠦᠯᠦᠵᠤ᠂ ᠬᠦᠦ ᠮᠦᠩᠬᠦ ᠶᠢ ᠨᠢ ᠦᠭᠴᠤ᠂ ᠦᠷᠦᠭᠡᠰᠣᠨ ᠲᠠᠯ᠎ᠠ ᠨᠢ ᠤᠤᠯ ᠤᠨ ᠪᠠᠶᠢᠬᠰᠠᠨ ᠵᠢᠭᠡᠯᠡᠯᠭᠡ ᠶᠢᠨ ᠡᠷᠭᠡ ᠵᠢᠭᠡᠯᠡᠯᠭᠡ ᠶᠢᠨ ᠶᠠᠪᠤᠳᠠᠯ ᠤᠨ ᠬᠠᠷᠢᠴᠠᠭ᠎ᠠ ᠶᠢ ᠦᠭᠡᠷᠠᠴᠢᠯᠠᠵᠤ ᠪᠤᠯᠬᠤ ᠦᠭᠡᠢ᠃ ᠵᠢᠭᠡᠯᠡᠯᠭᠡ ᠪᠠᠨ ᠲᠦᠯᠦᠬᠦ ᠬᠠᠷᠢᠭᠤᠴᠠᠯᠭ᠎ᠠ ᠪᠠᠨ ᠰᠢᠯᠵᠢᠬᠦᠯᠬᠦ ᠪᠠ ᠵᠢᠭᠡᠯᠡᠯᠭᠡ ᠠᠴᠠ ᠪᠠᠨ ᠲᠤᠳᠠᠭᠠᠵᠤ ᠪᠤᠯᠬᠤ ᠦᠭᠡᠢ᠃ ᠨᠢᠭᠡᠨᠳᠡ ᠰᠦᠢᠳᠭᠡᠯ ᠭᠠᠷᠤᠬᠰᠠᠨ ᠲᠤᠭᠠᠳᠠᠢ ᠵᠢᠭᠡᠯᠡᠯᠭᠡ ᠶᠢᠨ ᠶᠠᠪᠤᠳᠠᠯ ᠳᠤ ᠵᠢᠭᠡᠯᠡᠯᠭᠡ ᠶᠢᠨ ᠡᠷᠭᠡᠳᠡᠨ ᠠᠷᠠᠯᠵᠢᠶᠠᠯᠠᠬᠰᠠᠨ ᠵᠠᠷᠴᠢᠮ ᠶᠤᠰᠤᠭᠠᠷ ᠵᠤᠬᠢᠬᠤ ᠬᠠᠷᠢᠭᠤᠴᠠᠯᠭ᠎ᠠ ᠶᠢᠨ ᠰᠦᠢᠳᠭᠡᠯ ᠢ ᠡᠬᠦᠷᠭᠡᠯᠡᠬᠦ ᠬᠡᠷᠡᠭᠳᠡᠢ᠃     ︵ᠲᠦᠷᠪᠠ︶ ᠲᠦᠷᠦᠯ ᠵᠦᠢᠯ ᠢ ᠪᠠᠶᠢᠭᠤᠯᠤᠬᠰᠠᠨ ᠤ ᠰᠠᠬᠦᠯᠠᠷ ᠬᠢ ᠦᠷᠬᠦᠯᠵᠢᠯᠠᠨ ᠮᠦᠩᠬᠦ ᠬᠤᠷᠠᠮᠳᠤᠭᠤᠯᠬᠤ  ᠶᠢ ᠦᠨᠠᠩᠬᠦ ᠪᠠᠳᠤᠯᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠡᠯ᠎ᠡ ᠲᠦᠷᠦᠯ ᠤᠨ ᠪᠠᠯᠠ ᠮᠦᠩᠬᠦ ᠶᠢ ᠪᠠᠯᠠᠳᠭᠡᠵᠤ᠂ ᠲᠦᠷᠦᠯ ᠵᠦᠢᠯ ᠢ ᠦᠷᠬᠦᠯᠵᠢᠯᠠᠨ ᠪᠠᠶᠢᠭᠤᠯᠬᠤ ᠪᠠ ᠲᠠᠭᠤᠰᠬᠠᠬᠤ ᠶᠢ ᠪᠠᠳᠤᠯᠠᠬᠤ ᠬᠡᠷᠡᠭᠳᠡᠢ ᠃ ᠵᠢᠭᠡᠯᠡᠯᠭᠡ ᠶᠢᠨ ᠮᠦᠩᠬᠦ ᠶᠢ ᠬᠡᠷᠡᠭᠯᠠᠵᠤ ᠪᠠᠶᠢᠭᠤᠯᠵᠤ ᠪᠠᠶᠢᠭ᠎ᠠ ᠲᠦᠷᠦᠯ ᠵᠦᠢᠯ ᠢ ᠤᠤᠯ ᠤᠨ ᠵᠢᠭᠡᠯᠡᠯᠭᠡ ᠦᠭᠬᠦᠭᠰᠡᠨ ᠮᠦᠩᠬᠦᠨ ᠪᠠᠩᠬᠢ ᠵᠠᠷᠭᠡ ᠲᠠᠬᠢᠨ ᠬᠢᠨᠠᠨ ᠪᠤᠳᠤᠵᠤ᠂ ᠤᠯᠤᠰ ᠤᠨ ᠬᠠᠮᠢᠶ᠎ᠠ ᠪᠦᠬᠦᠢ ᠲᠦᠷᠢᠮ ᠲᠤᠬᠳᠠᠭᠠᠯ  ᠳᠤ ᠨᠠᠶᠢᠴᠠᠬᠦ ᠲᠦᠷᠦᠯ ᠵᠦᠢᠯ ᠳᠤ ᠦᠩᠭᠡᠷᠡᠯᠳᠠ ᠶᠢᠨ ᠬᠤᠭᠤᠴᠠᠭᠠᠨ ᠳᠤ ᠨᠢ ᠤᠤᠯ ᠤᠨ ᠵᠢᠭᠡᠯᠡᠯᠭᠡ ᠦᠭᠬᠦᠭᠰᠡᠨ ᠮᠦᠩᠬᠦᠨ ᠪᠠᠩᠬᠢ ᠵᠦᠪᠳᠠᠯᠴᠠᠨ ᠶᠤᠰᠤᠭᠠᠷ ᠦᠷᠬᠦᠯᠵᠢᠯᠠᠨ ᠵᠢᠭᠡᠯᠡᠯᠭᠡ ᠬᠠᠩᠭᠠᠵᠤ᠂ ᠵᠦᠢᠯ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠬᠤ ᠬᠡᠷᠡᠭᠳᠡᠢ᠃ ᠪᠠᠶᠢᠭᠤᠯᠵᠤ ᠪᠠᠶᠢᠭ᠎ᠠ ᠲᠦᠷᠦᠯ ᠵᠦᠢᠯ ᠨᠢ ᠦᠨᠠᠩᠬᠦ ᠪᠤᠰᠤᠳ ᠵᠤᠭᠤᠰ ᠮᠦᠩᠬᠦ ᠶᠢᠨ ᠢᠷᠠᠯᠳᠠ ᠦᠭᠡᠢ ᠪᠤᠯ ᠭᠤᠤᠯᠳᠠᠭᠤ ᠵᠠᠰᠠᠭ ᠤᠨ ᠤᠷᠳᠤᠨ ᠪᠠ ᠨᠠᠶᠢᠭᠡᠮ ᠤᠨ ᠡᠳ᠋ ᠬᠦᠷᠦᠩᠭᠡ ᠶᠢ ᠬᠤᠷᠰᠢᠶᠠᠵᠢᠭᠤᠯᠬᠤ ᠬᠡᠯᠪᠠᠷᠢ ᠪᠠ ᠤᠷᠤᠨ ᠭᠠᠵᠠᠷ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠪᠠᠷᠢᠮᠳᠠ ᠪᠠᠷ ᠵᠠᠯᠭᠠᠮᠵᠢ ᠵᠠᠷᠤᠳᠠᠯ ᠤᠨ ᠮᠦᠩᠬᠦ ᠶᠢ ᠰᠢᠢᠳᠪᠤᠷᠢᠯᠠᠨ᠎ᠠ᠃     ᠲᠤᠯᠤᠭ᠎ᠠ᠂ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ     ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠦᠵᠠᠯ ᠰᠠᠨᠠᠭ᠎ᠠ ᠪᠠ ᠠᠵᠢᠯᠯᠠᠭ᠎ᠠ ᠪᠠᠨ ᠲᠦᠪ ᠬᠤᠷᠢᠶ᠎ᠠ ᠪᠤᠯᠤᠨ ᠦᠪᠠᠷᠳᠡᠭᠡᠨ ᠵᠠᠰᠠᠬᠤ ᠤᠷᠤᠨ ᠤ ᠰᠢᠢᠳᠪᠤᠷᠢ ᠪᠠᠶᠢᠷᠢᠯᠠᠭᠤᠯᠤᠯᠳᠠ ᠲᠠᠭᠡᠷ᠎ᠡ ᠨᠢᠭᠡᠳᠭᠡᠵᠤ᠂ ᠤᠷᠤᠨ ᠨᠤᠳᠤᠭ  ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠪᠠᠨ ᠴᠢᠩᠭᠠᠳᠬᠠᠵᠤ᠂ ᠪᠤᠳᠠᠳᠠᠢ ᠬᠢ ᠲᠠᠢ ᠤᠶᠠᠯᠳᠤᠭᠤᠯᠵᠤ᠂ ᠪᠤᠳᠠᠳᠠᠢ ᠲᠦᠰᠦᠪ ᠲᠤᠬᠳᠠᠭᠠᠨ ᠡᠯ᠎ᠡ ᠲᠦᠷᠦᠯ ᠤᠨ ᠠᠵᠢᠯ ᠤᠨ ᠤᠷᠤᠬᠰᠢᠳᠠᠢ ᠦᠷᠨᠢᠬᠦ ᠶᠢ ᠦᠨᠠᠩᠬᠦ ᠪᠠᠳᠤᠯᠠᠬᠤ ᠬᠡᠷᠡᠭᠳᠡᠢ᠃    ︵ᠨᠢᠭᠡ︶ ᠵᠤᠬᠢᠶᠠᠨ ᠪᠠᠶᠢᠭᠤᠯᠵᠤ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤᠷᠤᠨ ᠨᠤᠳᠤᠭ ᠤᠨ ᠵᠠᠰᠠᠭ ᠤᠨ ᠤᠷᠳᠤᠨ   ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠬᠠᠮᠢᠶᠠᠷᠬᠤ ᠪᠠ ᠡᠳ᠋ ᠤᠨ ᠵᠠᠰᠠᠭ ᠤᠨ ᠲᠦᠭᠰᠢᠬᠦᠷᠢ ᠶᠢ ᠦᠭᠡᠶᠢᠰᠭᠡᠬᠦ ᠬᠠᠷᠢᠭᠤᠴᠠᠯᠭ᠎ᠠ ᠶᠢ ᠦᠨᠠᠩᠬᠦ ᠡᠬᠦᠷᠭᠡᠯᠡᠵᠤ᠂ ᠵᠠᠰᠠᠭ ᠤᠨ ᠤᠷᠳᠤᠨ ᠤ ᠭᠤᠤᠯ ᠬᠠᠷᠢᠭᠤᠴᠠᠬᠤ ᠬᠦᠮᠦᠨ ᠨᠢᠭᠡᠳᠦᠭᠡᠷ ᠬᠠᠷᠢᠭᠤᠴᠠᠯᠭᠠᠳᠤ ᠬᠦᠮᠦᠨ ᠪᠤᠯᠤᠬᠰᠠᠨ ᠤ ᠬᠤᠪᠢ ᠳᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠬᠢᠨᠠᠮᠠᠭᠠᠢ ᠰᠠᠶᠢᠳᠤᠷ ᠠᠳᠬᠤᠵᠤ᠂ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢᠨ ᠪᠠᠶᠢᠳᠠᠯ ᠢ ᠬᠤᠭᠤᠴᠠᠭ᠎ᠠ ᠲᠤᠬᠳᠠᠭᠠᠨ ᠰᠤᠳᠤᠯᠵᠤ᠂ ᠵᠢᠭᠡᠯᠡᠯᠭᠡ ᠶᠢᠨ ᠶᠠᠪᠤᠳᠠᠯ ᠤᠨ ᠠᠰᠠᠭᠤᠳᠠᠯ ᠢ ᠰᠢᠢᠳᠪᠤᠷᠢᠯᠠᠬᠦ ᠬᠡᠷᠡᠭᠳᠡᠢ᠃     ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢ ᠵᠤᠬᠢᠴᠠᠭᠤᠯᠬᠤ ᠪᠠᠶᠢᠭᠤᠯᠤᠮᠵᠢ ᠶᠢᠨ ᠲᠦᠷᠢᠮ ᠢ ᠪᠠᠶᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠢ ᠠᠮᠠᠳᠠᠨ ᠬᠠᠮᠢᠶᠠᠷᠬᠤ ᠰᠠᠯᠠᠭ᠎ᠠ ᠮᠦᠴᠢᠷ ᠪᠤᠯᠤᠬᠰᠠᠨ ᠤ ᠬᠤᠪᠢ ᠳᠤ ᠵᠢᠭᠡᠯᠡᠯᠭᠡ ᠶᠢᠨ ᠶᠠᠪᠤᠳᠠᠯ ᠢ ᠬᠠᠮᠢᠶᠠᠷᠬᠤ ᠲᠦᠷᠢᠮ ᠢ ᠲᠠᠬᠦᠯᠳᠠᠷᠵᠢᠬᠦᠯᠵᠤ᠂ ᠵᠢᠭᠡᠯᠡᠯᠭᠡ  ᠶᠢᠨ ᠶᠠᠪᠤᠳᠠᠯ ᠢ ᠬᠠᠮᠢᠶᠠᠷᠬᠤ ᠬᠦᠴᠦᠨ ᠢᠶᠠᠨ ᠴᠢᠩᠭᠠᠳᠬᠠᠨ᠂ ᠵᠢᠭᠡᠯᠡᠯᠭᠡ ᠶᠢᠨ ᠬᠡᠪᠴᠢᠶ᠎ᠠ ᠶᠢ ᠬᠢᠵᠠᠭᠠᠷᠯᠠᠬᠤ᠂ ᠵᠢᠭᠡᠯᠡᠯᠭᠡ ᠶᠢᠨ ᠪᠠᠷᠢᠮᠳᠠ ᠶᠢ ᠲᠠᠷᠬᠠᠭᠠᠬᠤ᠂ ᠲᠦᠰᠦᠪᠯᠠᠨ ᠪᠤᠳᠤᠬᠤ ᠶᠢ ᠬᠠᠮᠢᠶᠠᠷᠬᠤ᠂ ᠪᠦᠷᠢᠳᠭᠡᠨ ᠲᠠᠮᠳᠡᠭᠯᠠᠵᠤ ᠵᠠᠳᠠᠯᠤᠯᠳᠠ ᠬᠢᠬᠦ ᠪᠠ ᠠᠶᠤᠯ ᠢ ᠬᠢᠨᠠᠵᠤ ᠬᠢᠵᠠᠭᠠᠷᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠬᠦᠭᠵᠢᠬᠦᠯᠵᠤ ᠦᠭᠡᠷᠠᠴᠢᠯᠠᠯᠳᠠ ᠬᠢᠬᠦ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ ᠪᠠᠯᠠ ᠤᠷᠤᠭᠤᠯᠤᠯᠳᠠ ᠶᠢᠨ ᠬᠠᠮᠢᠶᠠᠷᠤᠯᠳᠠ ᠪᠠ ᠲᠦᠷᠦᠯ ᠵᠦᠢᠯ ᠢ ᠬᠢᠨᠠᠨ ᠵᠦᠪᠰᠢᠶᠠᠷᠠᠬᠦ ᠪᠠᠨ ᠴᠢᠩᠭᠠᠳᠬᠠᠵᠤ᠂ ᠵᠢᠭᠡᠯᠡᠯᠭᠡ ᠶᠢᠨ ᠶᠠᠪᠤᠳᠠᠯ ᠤᠨ ᠠᠶᠤᠯ ᠨᠠᠯᠢᠶᠠᠳ ᠦᠨᠳᠤᠷ ᠪᠠᠶᠢᠭ᠎ᠠ ᠤᠷᠤᠨ ᠤ ᠰᠢᠨ᠎ᠠ ᠡᠬᠢᠯᠠᠬᠦ ᠲᠦᠷᠦᠯ ᠵᠦᠢᠯ ᠢ ᠲᠦᠪ ᠴᠢᠩᠭ᠎ᠠ ᠬᠢᠨᠠᠵᠤ ᠵᠦᠪᠰᠢᠶᠠᠷᠠᠬᠦ ᠬᠡᠷᠡᠭᠳᠡᠢ᠃ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠪᠠᠯᠠ ᠤᠷᠤᠭᠤᠯᠬᠤ ᠲᠦᠷᠦᠯ ᠵᠦᠢᠯ ᠢ ᠠᠳᠠᠯᠢ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠬᠢᠨᠠᠵᠤ ᠪᠤᠳᠤᠬᠰᠠᠨ ᠰᠠᠨᠠᠯ ᠭᠠᠷᠭᠠᠬᠤ ᠬᠡᠷᠡᠭᠳᠡᠢ᠃ ᠬᠡᠷᠪᠠ ᠲᠠᠶᠢᠮᠤ ᠪᠢᠰᠢ ᠪᠤᠯ ᠬᠦᠭᠵᠢᠬᠦᠯᠵᠤ ᠦᠭᠡᠷᠠᠴᠢᠯᠠᠯᠳᠠ ᠬᠢᠬᠦ ᠰᠠᠯᠠᠭ᠎ᠠ ᠮᠦᠴᠢᠷ ᠨᠢ ᠵᠦᠪᠰᠢᠶᠠᠷᠠᠬᠦ ᠦᠭᠡᠢ᠃ ᠮᠦᠩᠬᠦᠨ ᠬᠦᠢᠯᠭᠡᠭᠡᠨ ᠢ ᠬᠢᠨᠠᠵᠤ ᠬᠠᠮᠢᠶᠠᠷᠬᠤ ᠰᠠᠯᠠᠭ᠎ᠠ ᠮᠦᠴᠢᠷ ᠨᠢ ᠬᠢᠨᠠᠵᠤ ᠬᠠᠮᠢᠶᠠᠷᠬᠤ ᠪᠠᠨ ᠴᠢᠩᠭᠠᠳᠬᠠᠵᠤ᠂ ᠵᠦᠪ ᠵᠢᠯᠤᠭᠤᠳᠤᠯᠭ᠎ᠠ ᠦᠭᠴᠤ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠠᠴᠠ ᠬᠠᠤᠯᠢ ᠶᠢ ᠵᠦᠷᠢᠴᠠᠬᠦ ᠲᠦᠷᠢᠮ ᠲᠤᠬᠳᠠᠭᠠᠯ ᠢ ᠵᠦᠷᠢᠴᠠᠬᠦ ᠳᠤ ᠵᠤᠭᠤᠰ ᠬᠠᠩᠭᠠᠬᠤ ᠶᠢ ᠬᠤᠷᠢᠬᠯᠠᠬᠤ ᠬᠡᠷᠡᠭᠳᠡᠢ᠃ ᠬᠢᠨᠠᠨ ᠪᠤᠳᠤᠬᠤ ᠰᠠᠯᠠᠭ᠎ᠠ ᠮᠦᠴᠢᠷ ᠬᠠᠤᠯᠢ ᠶᠤᠰᠤᠭᠠᠷ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠳᠤ ᠬᠢᠨᠠᠨ ᠪᠤᠳᠤᠵᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠵᠢᠭᠡᠯᠡᠯᠭᠡ ᠶᠢᠨ ᠶᠠᠪᠤᠳᠠᠯ ᠢ ᠬᠠᠮᠢᠶᠠᠷᠬᠤ ᠲᠦᠷᠢᠮ ᠢ ᠠᠬᠢᠭᠤᠯᠵᠤ᠂ ᠠᠶᠤᠯ ᠢ ᠰᠠᠷᠭᠡᠶᠢᠯᠠᠨ᠂ ᠬᠠᠮᠢᠶᠠᠷᠤᠯᠳᠠ ᠪᠠᠨ ᠵᠢᠷᠤᠮᠵᠢᠬᠦᠯᠵᠤ᠂ ᠪᠠᠯᠠ ᠶᠢᠨ ᠵᠠᠷᠤᠳᠠᠯ ᠤᠨ ᠪᠦᠳᠦᠮᠵᠢ  ᠶᠢ ᠲᠠᠭᠡᠭᠰᠢᠯᠠᠬᠦᠯᠬᠦ ᠬᠡᠷᠡᠭᠳᠡᠢ᠃    ︵ᠭᠤᠷᠪᠠ︶ ᠵᠢᠭᠡᠯᠡᠯᠭᠡ ᠶᠢᠨ ᠶᠠᠪᠤᠳᠠᠯ ᠢ ᠬᠠᠮᠢᠶᠠᠷᠴᠤ ᠬᠠᠷᠠᠯᠳᠠ ᠪᠠ ᠠᠷᠭ᠎ᠠ ᠮᠠᠶ᠋ᠢᠭ ᠲᠤᠳᠤ ᠪᠤᠯᠭᠠᠬᠤ ᠬᠡᠷᠡᠭᠳᠡᠢ᠃ ᠡᠯ᠎ᠡ ᠭᠠᠵᠠᠷ ᠤᠷᠤᠨ ᠲᠤᠰ ᠭᠠᠵᠠᠷ ᠤᠷᠤᠨ ᠤ ᠪᠠᠨ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ᠬᠠᠮᠢᠶᠠᠷᠤᠯᠳᠠ ᠶᠢᠨ ᠪᠠᠶᠢᠳᠠᠯ ᠢᠶᠠᠨ ᠬᠢᠨᠠᠮᠠᠭᠠᠢ ᠰᠤᠳᠤᠯᠵᠤ᠂ ᠠᠰᠠᠭᠤᠳᠠᠯ ᠢ ᠵᠢᠯᠤᠭᠤᠳᠬᠤ ᠴᠢᠭᠯᠡᠯ ᠢ ᠪᠠᠷᠢᠮᠳᠠᠯᠠᠨ ᠬᠠᠮᠢᠶᠠᠷᠤᠯᠳᠠ ᠶᠢᠨ ᠬᠠᠷᠠᠯᠳᠠ ᠪᠠᠨ ᠲᠤᠳᠤᠷᠬᠠᠶᠢᠯᠠᠨ ᠴᠢᠩᠭᠠᠳᠬᠠᠬᠤ ᠪᠠ ᠦᠭᠡᠷᠡᠴᠢᠯᠠᠨ ᠰᠠᠶᠢᠵᠢᠷᠠᠭᠤᠯᠵᠤ᠂ ᠪᠤᠳᠠᠳᠠᠢ ᠠᠵᠢᠯ ᠤᠨ ᠲᠦᠰᠦᠪ ᠢᠶᠠᠨ ᠲᠤᠬᠳᠠᠭᠠᠵᠤ᠂ ᠦᠨᠠᠩᠬᠦ ᠪᠦᠳᠦᠮᠵᠢᠳᠠᠢ ᠠᠷᠭ᠎ᠠ ᠶᠢ ᠠᠪᠴᠤ᠂ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢᠨ ᠶᠠᠪᠤᠳᠠᠯ ᠤᠨ ︽ᠵᠢᠭᠡᠯᠡᠬᠦ᠂ ᠬᠡᠷᠡᠭᠯᠠᠬᠦ᠂ ᠪᠤᠴᠠᠭᠠᠬᠤ︾  ᠶᠢ ᠰᠢᠯᠢᠳᠡᠭ ᠢᠶᠠᠷ ᠶᠠᠪᠤᠬᠳᠠᠬᠤ ᠶᠢ ᠪᠠᠳᠤᠯᠠᠬᠤ ᠬᠡᠷᠡᠭᠳᠡᠢ᠃ ᠤᠷᠤᠨ ᠨᠤᠳᠤᠭ ᠤᠨ ᠡᠳ᠋ ᠤᠨ ᠵᠠᠰᠠᠭ ᠲᠤᠬᠳᠠᠭᠤᠨ ᠡᠷᠡᠬᠦᠯ ᠢᠶᠠᠷ ᠬᠦᠭᠵᠢᠬᠦ ᠶᠢ ᠦᠨᠠᠩᠬᠦ ᠪᠠᠳᠤᠯᠠᠵᠤ᠂ ᠦᠪᠠᠷᠳᠡᠭᠡᠨ ᠵᠠᠰᠠᠬᠤ ᠤᠷᠤᠨ ᠤ ᠪᠦᠬᠦ ᠲᠠᠯ᠎ᠠ ᠪᠠᠷ  ᠴᠢᠨᠡᠬᠡᠯᠢᠭ ᠨᠠᠶᠢᠭᠡᠮ ᠢ ᠪᠠᠶᠢᠭᠤᠯᠬᠤ᠂ ᠡᠭᠡ ᠤᠯᠤᠰ ᠤᠨ ᠤᠮᠠᠷᠠᠳᠤ ᠬᠢᠯᠢ ᠶᠢᠨ ᠬᠡᠷᠡᠯᠳᠤ ᠭᠤᠶᠤᠮᠰᠤᠭ ᠦᠵᠠᠮᠵᠢ ᠶᠢ ᠪᠠᠶᠢᠭᠤᠯᠬᠤ  ᠳᠤ ᠲᠠᠬᠦᠯᠳᠠᠷ ᠲᠦᠰᠢᠭᠳᠦ ᠪᠠᠳᠤᠯᠠᠭ᠎ᠠ ᠶᠢ ᠬᠠᠩᠭᠠᠬᠤ ᠬᠡᠷᠡᠭᠳᠡᠢ᠃                          2015 ᠤᠨ ᠤ 1 ᠰᠠᠷᠠᠶᠢᠨ 21 ᠤ ᠡᠳᠦᠷ                          ︵ᠲᠤᠰ ᠮᠠᠲ᠋ᠧᠷᠢᠶᠠᠯ ᠢ ᠢᠯᠠ ᠪᠠᠷ ᠲᠠᠷᠬᠠᠭᠠᠪᠠ︶          ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                                          2015 ᠤᠨ ᠤ 2 ᠰᠠᠷᠠᠶᠢᠨ 26 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号