ᠤᠩᠨᠢᠭᠤᠳ ᠵᠠᠰᠠᠭ ᠲᠠᠷᠬᠠᠭᠠᠬᠤ ﹇2015﹈ 80 ᠳ᠋ᠤᠭᠠᠷ ᠲᠤᠭᠠᠳᠤ | ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2015 ᠤᠨ ᠤ ᠠᠮᠢ ᠠᠬᠤᠢ | ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠲᠦᠷᠦᠯ ᠵᠦᠢᠯ ᠢ ᠬᠡᠷᠡᠭᠵᠢᠬᠦᠯᠬᠦ ᠲᠤᠬᠠᠢ | ᠰᠠᠨᠠᠯ | ᠡᠯ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠷᠬᠢᠯᠡᠭᠰᠡᠨ ᠮᠠᠯ | ᠲᠠᠷᠢᠶᠠᠯᠠᠩ ᠤᠨ ᠲᠠᠯᠠᠪᠠᠢ᠂ ᠡᠯ᠎ᠡ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠡᠯ᠎ᠡ ᠬᠠᠮᠢᠶ᠎ᠠ ᠪᠦᠬᠦᠢ | ᠪᠠᠶᠢᠭᠤᠯᠤᠯᠭ᠎ᠠ ᠳᠤ᠄ | ᠦᠪᠠᠷᠳᠠᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠶᠢᠨ ᠠᠮᠢ ᠠᠬᠤᠢ ᠪᠠᠭᠤᠷᠠᠢ ᠤᠷᠤᠨ ᠤ ᠠᠷᠠᠳ ᠢ | ᠨᠠᠬᠦᠯᠭᠡᠬᠦ ᠤᠷᠤᠨ ᠤ ᠶᠠᠳᠠᠭᠤ ᠶᠢ ᠲᠠᠳᠬᠦᠬᠦ ᠲᠦᠷᠦᠯ ᠵᠦᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ | ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ᠮᠠᠨ ᠤ ᠬᠤᠰᠢᠭᠤᠨ ᠤ | ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠠᠵᠢᠯ ᠢ ᠲᠦᠯᠬᠢᠨ ᠠᠬᠢᠭᠤᠯᠬᠤ ᠶᠢ | ᠲᠦᠷᠭᠡᠳᠭᠡᠵᠤ᠂ ᠬᠢᠵᠠᠭᠠᠷ ᠤᠷᠤᠨ ᠤ ᠠᠮᠢ ᠠᠬᠤᠢ ᠪᠠᠭᠤᠷᠠᠢ ᠤᠷᠤᠨ ᠤ ᠮᠠᠯᠴᠢᠨ ᠲᠠᠷᠢᠶᠠᠴᠢᠨ ᠢ ᠮᠠᠭᠤ ᠤᠷᠴᠢᠨ | ᠠᠴᠠ ᠰᠠᠯᠭᠠᠵᠤ᠂ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠠᠶᠠᠯᠠᠬᠦᠯᠬᠦ ᠶᠢᠨ ᠲᠦᠯᠦᠭᠡ ᠲᠤᠤᠷᠠᠬᠢ ᠮᠠᠳᠤ | ᠰᠠᠨᠠᠯ ᠢ ᠲᠤᠷᠠᠳᠪᠠ᠃ | ᠨᠢᠭᠡ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠶᠢ ᠬᠡᠷᠡᠭᠵᠢᠬᠦᠯᠬᠦ ᠶᠢᠨ | ᠴᠢᠬᠤᠯᠠ ᠤᠳᠬ᠎ᠠ ᠠᠭᠤᠯᠭ᠎ᠠ | ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠲᠦᠷᠦᠯ ᠵᠦᠢᠯ ᠢ | ᠬᠡᠷᠡᠭᠵᠢᠬᠦᠯᠬᠦ ᠨᠢ ᠤᠯᠠᠨ ᠲᠦᠮᠠᠨ ᠢ ᠤᠶᠢᠯᠠᠳᠪᠤᠷᠢᠯᠠᠯ ᠠᠮᠢᠳᠤᠷᠠᠯ ᠤᠨ ᠮᠠᠭᠤ ᠤᠷᠴᠢᠨ ᠠᠴᠠ ᠠᠩᠬᠢᠵᠢᠷᠠᠭᠤᠯᠵᠤ᠂ | ᠦᠵᠠᠯ ᠰᠠᠨᠠᠭ᠎ᠠ ᠲᠠᠨᠢᠯᠳᠠ ᠶᠢ ᠨᠢ ᠬᠤᠪᠢᠷᠠᠭᠤᠯᠤᠨ᠂ ᠦᠪᠠᠷ ᠤᠨ ᠬᠦᠭᠵᠢᠯᠳᠠ ᠶᠢᠨ ᠴᠢᠳᠠᠯ ᠢ ᠨᠢ ᠴᠢᠩᠭᠠᠳᠬᠠᠨ᠂ | ᠤᠷᠤᠰᠢᠨ ᠠᠮᠢᠳᠤᠷᠠᠬᠤ ᠰᠢᠨ᠎ᠠ ᠬᠦᠭᠵᠢᠯᠳᠠ ᠶᠢᠨ ᠠᠷᠭ᠎ᠠ ᠵᠠᠮ ᠪᠠ ᠤᠷᠤᠨ ᠵᠠᠢ ᠶᠢ ᠨᠠᠬᠡᠬᠡᠵᠤ ᠶᠠᠳᠠᠭᠤ ᠠᠴᠠ | ᠠᠩᠬᠢᠵᠢᠷᠠᠨ ᠴᠢᠨᠠᠬᠡᠯᠢᠭᠵᠢᠬᠦ ᠠᠯᠬᠤᠴᠠ ᠶᠢ ᠲᠦᠷᠭᠡᠳᠬᠡᠬᠦ ᠶᠤᠮ᠃ ᠡᠬᠦᠨ ᠤ ᠵᠠᠷᠭᠡᠪᠠᠷ ᠶᠠᠳᠠᠭᠤ ᠶᠢ ᠲᠠᠳᠬᠦᠬᠦ | ᠨᠠᠬᠡᠬᠡᠯᠳᠡ ᠶᠢᠨ ᠡᠭᠡ ᠦᠷᠳᠡᠭ ᠢ ᠲᠤᠷᠤᠬᠰᠢᠯᠠᠭᠤᠯᠬᠤ ᠳᠤ ᠠᠰᠢᠬᠳᠠᠢ ᠪᠠᠶᠢᠵᠤ᠂ ᠠᠮᠢ ᠠᠬᠤᠢ ᠪᠠᠭᠤᠷᠠᠢ ᠤᠷᠤᠨ ᠤ | ᠬᠦᠮᠦᠨ ᠠᠮᠠ ᠶᠢᠨ ᠲᠠᠷᠤᠯᠳᠠ ᠶᠢ ᠬᠦᠩᠭᠡᠯᠠᠵᠤ᠂ ᠠᠮᠢ ᠠᠬᠤᠢ ᠶᠢᠨ ᠤᠷᠴᠢᠨ ᠢ ᠬᠠᠮᠠᠭᠠᠯᠠᠬᠤ ᠪᠠ ᠰᠠᠷᠭᠦᠭᠡᠵᠤ᠂ | ᠲᠠᠷᠢᠶᠠᠯᠠᠬᠤ ᠪᠠᠨ ᠵᠤᠬᠰᠤᠵᠤ ᠤᠶᠢᠵᠢᠭᠤᠯᠤᠬᠰᠠᠨ ᠦᠷ᠎ᠡ ᠪᠦᠳᠦᠮᠵᠢ ᠶᠢ ᠪᠠᠳᠤᠳᠬᠠᠵᠤ᠂ ᠭᠠᠵᠠᠷ ᠰᠢᠷᠦᠢ ᠶᠢ | ᠬᠡᠪᠴᠢᠶᠠᠵᠢᠬᠦᠯᠦᠨ ᠡᠵᠡᠩᠨᠠᠬᠦ ᠶᠢ ᠠᠬᠢᠭᠤᠯᠬᠤ ᠪᠤᠯᠤᠨ᠎ᠠ᠃ ᠪᠠᠰᠠᠴᠤ ᠦᠨᠳᠤᠰᠤᠨ ᠨᠠᠶᠢᠳᠠ ᠶᠢᠨ ᠤᠶᠢᠯᠠᠴᠢᠯᠠᠭᠡᠨ ᠤ | ᠲᠠᠩᠴᠠᠬᠦᠦ ᠬᠦᠭᠵᠢᠯᠳᠠ ᠳᠤ ᠠᠰᠢᠬᠳᠠᠢ ᠪᠠᠶᠢᠵᠤ᠂ ᠬᠤᠳᠠᠴᠢᠯᠠᠯᠳᠠ ᠶᠢᠨ ᠠᠬᠢᠴᠠ ᠶᠢ ᠲᠦᠷᠭᠡᠳᠭᠡᠵᠤ᠂ ᠬᠤᠳᠠ | ᠬᠦᠳᠡᠭᠡ ᠶᠢᠨ ᠵᠤᠬᠢᠴᠠᠩᠭᠤᠢ ᠬᠦᠭᠵᠢᠯᠳᠠ ᠪᠠ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠪᠦᠳᠦᠭᠡᠨ | ᠪᠠᠶᠢᠭᠤᠯᠤᠯᠳᠠ ᠶᠢ ᠠᠬᠢᠭᠤᠯᠬᠤ ᠪᠤᠯᠤᠨ᠎ᠠ᠃ | ᠬᠤᠶᠠᠷ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠶᠠᠷᠦᠩᠭᠡᠢ ᠬᠠᠷᠠᠯᠳᠠ | ᠪᠠ ᠦᠨᠳᠤᠰᠤᠨ ᠵᠠᠷᠴᠢᠮ | ︵ᠨᠢᠭᠡ︶ ᠵᠢᠯᠤᠭᠤᠳᠬᠤ ᠦᠵᠠᠯ ᠰᠠᠨᠠᠭ᠎ᠠ | ᠳ᠋ᠧᠩ ᠰᠢᠶᠤᠤ ᠫᠢᠩ ᠤᠨ ᠤᠨᠤᠯ ᠪᠠ ︽ᠭᠤᠷᠪᠠ ᠶᠢ ᠲᠦᠯᠦᠭᠡᠯᠡᠬᠦ︾ ᠴᠢᠬᠤᠯᠠ ᠦᠵᠠᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠰᠢᠨᠵᠢᠯᠠᠬᠦ ᠤᠬᠠᠭᠠᠨᠴᠢ ᠬᠦᠭᠵᠢᠯᠳᠠ ᠶᠢᠨ ᠦᠵᠠᠯᠳᠠ ᠶᠢ ᠬᠦᠨᠵᠡᠭᠡᠢ ᠲᠤᠤᠱᠯᠠᠭᠤᠯᠵᠤ᠂ | ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠲᠦᠷᠪᠠᠳᠤᠭᠡᠷ | ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠦᠪ ᠬᠤᠷᠢᠶ᠎ᠠ ᠠᠴᠠ ᠦᠪᠤᠷ | ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠤᠷᠳᠤᠨ ᠲᠦᠷᠭᠡᠨ ᠬᠦᠭᠵᠢᠯᠳᠠ ᠶᠢ ᠠᠬᠢᠭᠤᠯᠬᠤ᠂ ︽ᠠᠷᠪᠠ ᠶᠢ | ᠪᠦᠷᠬᠦᠬᠦᠯᠬᠦ︾ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠪᠠ ᠡᠬᠡ ᠤᠯᠤᠰ ᠤᠨ ᠤᠮᠠᠷᠠᠳᠤ ᠬᠢᠯᠢ ᠶᠢᠨ ᠭᠤᠶᠤ | ᠰᠠᠶᠢᠬᠠᠨ ᠦᠵᠠᠮᠵᠢ ᠶᠢ ᠪᠦᠳᠦᠭᠡᠨ ᠪᠠᠶᠢᠭᠤᠯᠬᠤ ᠵᠠᠷᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠬᠦᠴᠦᠳᠠᠢ | ᠠᠳᠬᠤᠵᠤ᠂ ︽ᠨᠢᠭᠡᠳᠦᠯᠳᠠᠢ ᠲᠦᠯᠦᠪᠯᠠᠵᠤ᠂ ᠤᠯᠠᠨ ᠲᠦᠮᠠᠨ ᠤ ᠰᠠᠶᠢᠨ ᠲᠤᠷ᠎ᠠ ᠠᠴᠠ ᠪᠠᠨ᠂ ᠤᠷᠤᠨ ᠭᠠᠵᠠᠷ ᠤᠨ | ᠪᠤᠳᠠᠳᠠᠢ ᠲᠠᠢ ᠤᠶᠠᠯᠳᠤᠭᠤᠯᠵᠤ᠂ ᠪᠤᠳᠠᠳᠤ ᠦᠷ᠎ᠡ ᠪᠦᠳᠦᠮᠵᠢ ᠶᠢ ᠡᠷᠬᠢᠮᠯᠠᠬᠦ︾ ᠰᠠᠳᠬᠢᠮᠵᠢ ᠪᠠᠷ ᠶᠠᠳᠠᠭᠤ ᠠᠴᠠ | ᠠᠩᠬᠢᠵᠢᠷᠠᠭᠤᠯᠤᠨ ᠴᠢᠨᠠᠬᠡᠯᠢᠭᠵᠢᠬᠦᠯᠬᠦ ᠪᠠᠷ ᠬᠠᠷᠠᠯᠳᠠ ᠪᠤᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ | ᠭᠤᠤᠯ ᠪᠤᠯᠭᠠᠵᠤ᠂ ᠡᠬᠢ ᠰᠤᠷᠪᠤᠯᠵᠢ ᠶᠢ ᠨᠠᠶᠢᠯᠠᠬᠦᠯᠬᠦ ᠪᠠᠷ ᠪᠠᠳᠤᠯᠠᠭ᠎ᠠ ᠪᠤᠯᠭᠠᠵᠤ᠂ ᠲᠦᠪᠬᠢᠨᠠᠬᠦᠯᠬᠦ ᠵᠠᠮ ᠢ | ᠦᠷᠭᠡᠳᠭᠡᠵᠤ᠂ ᠬᠦᠳᠠᠯᠮᠤᠷᠢ ᠤᠶᠢᠯᠠᠴᠢᠯᠠᠭᠡᠨ ᠪᠠ ᠤᠨᠴᠠᠯᠢᠬᠳᠤ ᠠᠵᠤ ᠤᠶᠢᠯᠠᠰ ᠢ ᠬᠦᠭᠵᠢᠬᠦᠯᠵᠤ᠂ | ᠤᠶᠢᠯᠠᠳᠪᠤᠷᠢᠯᠠᠯ ᠠᠮᠢᠳᠤᠷᠠᠯ ᠤᠨ ᠨᠦᠬᠦᠴᠠᠯ ᠢ ᠬᠦᠴᠦᠳᠠᠢ ᠰᠠᠶᠢᠵᠢᠷᠠᠭᠤᠯᠵᠤ᠂ ᠬᠦᠳᠠᠯᠮᠤᠷᠢ ᠬᠦᠴᠦᠨ ᠤ ᠬᠡᠪ ᠴᠢᠨᠠᠷ | ᠢ ᠲᠠᠭᠡᠭᠰᠢᠯᠠᠬᠦᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠠᠮᠢ ᠠᠬᠤᠢ ᠪᠠᠭᠤᠷᠠᠢ | ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠯᠬᠤᠴᠠ ᠶᠢ ᠪᠦᠬᠦ ᠲᠠᠯ᠎ᠠ ᠪᠠᠷ ᠲᠦᠷᠭᠡᠳᠭᠡᠬᠦ ᠬᠡᠷᠡᠭᠳᠡᠢ᠃ | ︵ᠬᠤᠶᠠᠷ︶ ᠶᠠᠷᠦᠩᠭᠡᠢ ᠬᠠᠷᠠᠯᠳᠠ | 2015 ᠤᠨ ᠤ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠷᠦᠯ | ᠵᠦᠢᠯ ᠢ ᠪᠦᠬᠦ ᠲᠠᠯ᠎ᠠ ᠪᠠᠷ ᠪᠠᠶᠠᠯᠠᠬᠦᠯᠬᠦ 245 ᠡᠷᠦᠭᠡ᠂ 804 ᠬᠦᠮᠦᠨ ᠪᠤᠯᠤᠨ᠎ᠠ᠃ | ︵ᠭᠤᠷᠪᠠ︶ ᠦᠨᠳᠤᠰᠤᠨ ᠵᠠᠷᠴᠢᠮ | 1. ᠨᠢᠭᠡᠳᠦᠯᠳᠠᠢ ᠲᠦᠯᠦᠪᠵᠢᠬᠦᠯᠦᠨ ᠬᠡᠷᠡᠭᠵᠢᠬᠦᠯᠵᠤ᠂ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠷᠠᠳ | ᠢ ᠨᠠᠬᠦᠯᠭᠡᠬᠦ ᠶᠠᠳᠠᠭᠤ ᠶᠢ ᠲᠠᠳᠬᠦᠬᠦ ᠲᠦᠯᠦᠪᠵᠢᠬᠦᠯᠭᠡ ᠪᠠ ᠪᠤᠳᠠᠳᠠᠢ ᠬᠡᠷᠡᠭᠵᠢᠬᠦᠯᠬᠦ ᠠᠷᠭ᠎ᠠ ᠶᠢ ᠰᠢᠨᠵᠢᠯᠠᠬᠦ | ᠤᠬᠠᠭᠠᠨᠴᠢ ᠪᠠᠷ ᠲᠤᠬᠳᠠᠭᠠᠵᠤ᠂ ᠤᠷᠤᠰᠢᠨ ᠲᠤᠬᠳᠠᠨᠢᠬᠤ ᠨᠦᠬᠦᠴᠠᠯ ᠮᠠᠭᠤ᠂ ᠠᠮᠢᠳᠤᠷᠠᠬᠤ ᠨᠦᠬᠦᠴᠠᠯ | ᠬᠠᠳᠠᠭᠤᠵᠢᠯᠳᠠᠢ ᠬᠠᠮᠤᠭ ᠶᠠᠳᠠᠭᠤ ᠬᠦᠴᠢᠷᠳᠠᠢ ᠬᠦᠮᠦᠨ ᠠᠮᠠ ᠶᠢ ᠤᠷᠢᠳᠠᠪᠠᠷ ᠨᠠᠬᠦᠯᠭᠡᠨᠡ᠃ ᠨᠠᠬᠦᠯᠭᠡᠨ ᠰᠢᠯᠵᠢᠬᠦᠯᠬᠦ | ᠤᠷᠤᠨ ᠰᠠᠭᠤᠴᠠ᠂ ᠠᠵᠤ ᠤᠶᠢᠯᠠᠰ ᠤᠨ ᠬᠦᠭᠵᠢᠯᠳᠠ᠂ ᠲᠠᠷᠢᠶᠠᠯᠠᠩ ᠤᠰᠤᠨ ᠠᠰᠢᠬᠯᠠᠯᠳᠠ᠂ ᠰᠠᠭᠤᠷᠢ | ᠲᠦᠬᠦᠭᠡᠷᠦᠮᠵᠢ᠂ ᠨᠠᠶᠢᠳᠠ ᠶᠢᠨ ᠠᠰᠠᠷᠠᠮᠵᠢ ᠶᠢᠨ ᠤᠶᠢᠯᠠᠰ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ | ᠲᠦᠯᠦᠪᠵᠢᠬᠦᠯᠦᠨ᠎ᠠ᠃ ᠰᠢᠨᠵᠢᠯᠠᠬᠦ ᠤᠬᠠᠭᠠᠨᠴᠢ ᠪᠠᠷ ᠰᠠᠭᠤᠷᠢᠰᠢᠯ ᠢ ᠰᠤᠩᠭᠤᠵᠤ᠂ ᠨᠢᠭᠡ ᠶᠠᠳᠠᠭᠤ ᠬᠦᠴᠢᠷᠳᠠᠢ | ᠤᠷᠤᠨ ᠠᠴᠠ ᠨᠦᠬᠦᠭᠡ ᠶᠠᠳᠠᠭᠤ ᠬᠦᠴᠢᠷᠳᠠᠢ ᠤᠷᠤᠨ ᠳᠤ ᠰᠢᠯᠵᠢᠨ ᠤᠷᠤᠬᠤ ᠶᠢ ᠰᠠᠷᠭᠡᠶᠢᠯᠠᠬᠦ ᠬᠡᠷᠡᠭᠳᠡᠢ᠃ ᠪᠠᠰᠠ | ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠪᠠ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ | ᠪᠦᠳᠦᠭᠡᠨ ᠪᠠᠶᠢᠭᠤᠯᠤᠯᠳᠠ ᠲᠠᠢ ᠤᠷᠭᠠᠨᠢᠭ ᠢᠶᠠᠷ ᠤᠶᠠᠯᠳᠤᠭᠤᠯᠬᠤ ᠬᠡᠷᠡᠭᠳᠡᠢ᠃ | 2. ᠵᠠᠰᠠᠭ ᠤᠨ ᠤᠷᠳᠤᠨ ᠠᠴᠠ ᠭᠤᠤᠯᠯᠠᠵᠤ ᠨᠠᠶᠢᠭᠡᠮ ᠤᠷᠤᠯᠴᠠᠨ᠎ᠠ᠃ ᠮᠠᠯᠴᠢᠨ ᠲᠠᠷᠢᠶᠠᠴᠢᠨ ᠰᠠᠶᠢᠨ ᠲᠤᠷ᠎ᠠ | ᠠᠴᠠ ᠪᠠᠨ ᠨᠠᠬᠦᠨ ᠰᠢᠯᠵᠢᠬᠦ ᠤᠷᠢᠳᠠᠯ ᠲᠤᠤᠷ᠎ᠠ᠂ ᠬᠤᠰᠢᠭᠤ ᠰᠤᠮᠤ ᠬᠤᠶᠠᠷ ᠱᠠᠳᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠲᠦᠷᠦ ᠶᠢᠨ ᠪᠤᠳᠤᠯᠭ᠎ᠠ ᠲᠤᠬᠳᠠᠭᠠᠵᠤ᠂ ᠬᠡᠷᠡᠭᠵᠢᠬᠦᠯᠬᠦ᠂ ᠡᠬᠢ ᠰᠤᠷᠪᠤᠯᠵᠢ ᠶᠢ ᠲᠤᠬᠢᠷᠠᠭᠤᠯᠬᠤ᠂ | ᠵᠤᠬᠢᠶᠠᠨ ᠪᠠᠶᠢᠭᠤᠯᠵᠤ ᠲᠤᠬᠢᠷᠠᠭᠤᠯᠬᠤ ᠵᠡᠷᠭᠡ ᠲᠠᠯ᠎ᠠ ᠪᠠᠷ ᠭᠤᠤᠯᠯᠠᠬᠤ ᠤᠶᠢᠯᠠᠳᠤᠯ ᠢᠶᠠᠨ ᠬᠦᠢᠴᠡᠳ ᠪᠠᠳᠠᠷᠠᠭᠤᠯᠬᠤ | ᠬᠡᠷᠡᠭᠳᠡᠢ᠃ ᠡᠯ᠎ᠡ ᠪᠠᠶᠢᠭᠤᠯᠤᠯᠭ᠎ᠠ ᠨᠢᠭᠡᠴᠡ᠂ ᠠᠷᠠᠳ ᠤᠨ ᠨᠠᠶᠢᠭᠡᠮᠯᠢᠭ᠂ ᠠᠵᠤ ᠠᠬᠤᠶᠢᠯᠠᠯ ᠵᠢᠴᠢ ᠨᠠᠶᠢᠭᠡᠮ ᠤᠨ ᠡᠯ᠎ᠡ | ᠡᠳᠡᠭᠡᠳ ᠴᠦᠮ ᠨᠦᠬᠦᠴᠠᠯ ᠡᠬᠦᠳᠴᠤ᠂ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠳᠤ ᠢᠳᠡᠪᠬᠢᠳᠠᠢ | ᠤᠷᠤᠯᠴᠠᠬᠤ ᠪᠠ ᠲᠠᠮᠵᠢᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ | ᠤᠨ ᠬᠦᠴᠦᠷᠭᠡᠭ ᠶᠡᠭᠡ ᠨᠢᠬᠳᠠᠷᠠᠯ ᠬᠦᠴᠦᠨ ᠢ ᠪᠦᠷᠢᠯᠳᠤᠬᠦᠯᠬᠦ ᠬᠡᠷᠡᠭᠳᠡᠢ᠃ | 3. ᠤᠷᠤᠨ ᠭᠠᠵᠠᠷ ᠤᠨ ᠪᠤᠳᠠᠳᠠᠢ ᠠᠴᠠ ᠡᠬᠦᠰᠴᠤ ᠲᠦᠷᠦᠯ ᠬᠤᠪᠢᠶᠠᠨ ᠲᠤᠬᠢᠷᠠᠭᠤᠯᠬᠤ ᠬᠡᠷᠡᠭᠳᠡᠢ᠃ | ᠨᠠᠬᠦᠯᠭᠡᠬᠦ ᠠᠷᠠᠳ ᠤᠨ ᠪᠤᠳᠠᠳᠠᠢ ᠪᠠᠶᠢᠳᠠᠯ ᠪᠠ ᠲᠤᠬᠢᠷᠠᠭᠤᠯᠬᠤ ᠨᠦᠬᠦᠴᠠᠯ ᠢ ᠨᠠᠷᠢᠨ ᠬᠢᠨᠠᠮᠠᠭᠠᠢ ᠰᠤᠩᠭᠤᠵᠤ᠂ | ᠨᠠᠬᠦᠨ ᠤᠷᠤᠬᠤ ᠤᠷᠤᠨ ᠢ ᠨᠠᠷᠢᠨ ᠬᠢᠨᠠᠮᠠᠭᠠᠢ ᠰᠤᠩᠭᠤᠵᠤ᠂ ᠰᠡᠳᠬᠢᠮᠵᠢ ᠪᠠᠨ ᠰᠢᠨᠠᠳᠬᠡᠵᠤ᠂ ᠮᠠᠯᠵᠢᠬᠤ ᠲᠠᠷᠢᠶᠠᠯᠠᠬᠤ | ᠤᠷᠤᠨ ᠪᠠ ᠬᠤᠳᠠ ᠪᠠᠯᠭᠠᠰᠤ ᠶᠢ ᠤᠶᠠᠯᠳᠤᠭᠤᠯᠬᠤ ᠭᠠᠵᠠᠷ ᠲᠠᠢ ᠪᠠ ᠭᠠᠵᠠᠷ ᠦᠭᠡᠢ ᠶᠢ ᠤᠶᠠᠯᠳᠤᠭᠤᠯᠵᠤ᠂ | ᠬᠦᠳᠠᠯᠮᠤᠷᠢ ᠬᠦᠴᠦ ᠬᠢᠵᠤ ᠪᠠᠶᠢᠬᠤ ᠪᠠ ᠲᠠᠷᠢᠶᠠᠯᠠᠵᠤ ᠪᠠᠶᠢᠬᠤ ᠲᠠᠢ ᠤᠶᠠᠯᠳᠤᠭᠤᠯᠵᠤ᠂ ᠲᠦᠪᠯᠠᠷᠠᠬᠦᠯᠬᠦ ᠪᠠ | ᠠᠯᠠᠬᠯᠠᠬᠤ ᠪᠦᠳᠦᠴᠠ ᠵᠠᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠨᠠᠬᠦᠬᠦ ᠡᠷᠦᠭᠡ ᠶᠢ ᠰᠠᠶᠢᠳᠤᠷ | ᠲᠤᠬᠢᠷᠠᠭᠤᠯᠬᠤ ᠬᠡᠷᠡᠭᠳᠡᠢ᠃ | 4. ᠠᠵᠤ ᠤᠶᠢᠯᠠᠰ ᠢ ᠪᠤᠶᠢᠵᠢᠭᠤᠯᠵᠤ᠂ ᠤᠷᠤᠯᠭ᠎ᠠ ᠶᠢ ᠨᠢ ᠨᠠᠮᠡᠭᠳᠡᠬᠦᠯᠵᠤ ᠴᠢᠨᠠᠬᠡᠯᠢᠭᠵᠢᠬᠦᠯᠬᠦ ᠬᠡᠷᠡᠭᠳᠡᠢ᠃ | ᠨᠠᠬᠦᠬᠦ ᠡᠷᠦᠭᠡ ᠶᠢᠨ ᠦᠪᠠᠷ ᠢ ᠪᠠᠨ ᠬᠦᠭᠵᠢᠬᠦᠯᠬᠦ ᠴᠢᠳᠠᠯ ᠢ ᠨᠢ ᠴᠢᠩᠭᠠᠳᠬᠠᠵᠤ᠂ ᠮᠠᠯ ᠲᠠᠷᠢᠶᠠᠯᠠᠩ ᠤᠨ | ᠭᠤᠤᠯᠯᠠᠬᠴᠢ ᠠᠵᠤ ᠤᠶᠢᠯᠠᠰ ᠪᠠ ᠬᠦᠳᠠᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠬᠤ ᠲᠠᠢ ᠤᠶᠠᠯᠳᠤᠭᠤᠯᠤᠨ | ᠂ ᠲᠠᠷᠢᠵᠤ ᠲᠠᠵᠢᠭᠡᠬᠦ ᠤᠶᠢᠯᠠᠰ ᠤᠨ ᠤᠷᠤᠯᠭ᠎ᠠ ᠪᠠᠷ ᠰᠠᠭᠤᠷᠢ ᠪᠤᠯᠭᠠᠵᠤ᠂ ᠬᠦᠳᠠᠯᠮᠤᠷᠢ ᠬᠦᠴᠦᠨ ᠢ ᠰᠢᠯᠵᠢᠬᠦᠯᠦᠨ | ᠠᠵᠢᠯ ᠤᠯᠭᠤᠵᠤ ᠤᠷᠤᠯᠭ᠎ᠠ ᠤᠯᠬᠤ ᠪᠠᠷ ᠭᠤᠤᠯ ᠴᠤᠬᠴᠠ ᠪᠤᠯᠭᠠᠬᠰᠠᠨ ᠤᠷᠤᠯᠭ᠎ᠠ ᠪᠠᠨ ᠨᠠᠮᠡᠭᠳᠡᠬᠦᠯᠵᠤ | ᠴᠢᠨᠠᠬᠡᠯᠢᠭᠵᠢᠬᠦᠯᠬᠦ ᠰᠢᠨ᠎ᠠ ᠪᠦᠳᠦᠴᠠ ᠮᠠᠶ᠋ᠢᠭ ᠢ ᠪᠦᠷᠢᠯᠳᠤᠬᠦᠯᠬᠦ ᠬᠡᠷᠡᠭᠳᠡᠢ᠃ ᠡᠯ᠎ᠡ ᠲᠦᠷᠦᠯ ᠤᠨ ᠪᠤᠯᠪᠠᠰᠤᠷᠠᠯ ᠤᠨ | ᠡᠬᠢ ᠰᠤᠷᠪᠤᠯᠵᠢ ᠶᠢ ᠨᠠᠶᠢᠯᠠᠬᠦᠯᠵᠤ᠂ ᠮᠠᠯ ᠲᠠᠷᠢᠶᠠᠯᠠᠩ ᠤᠨ ᠬᠡᠷᠡᠭᠯᠡᠬᠡᠨ ᠤ ᠮᠠᠷᠭᠡᠵᠢᠯ ᠤᠨ ᠪᠤᠯᠪᠠᠰᠤᠷᠠᠯ᠂ ᠠᠵᠢᠯ | ᠤᠯᠭᠤᠬᠤ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂ ᠠᠵᠢᠯ ᠮᠠᠷᠭᠡᠵᠢᠯ ᠤᠨ ᠰᠤᠷᠭᠠᠭᠤᠯᠢ ᠶᠢᠨ ᠨᠠᠬᠦᠳᠠᠯ | ᠡᠷᠦᠭᠡ ᠠᠴᠠ ᠰᠤᠷᠤᠬᠴᠢ ᠡᠯᠰᠡᠬᠦ ᠶᠢ ᠵᠤᠷᠢᠬᠵᠢᠭᠤᠯᠤᠨ᠎ᠠ᠃ | 5. ᠡᠭᠢ ᠰᠤᠷᠪᠤᠯᠵᠢ ᠶᠢ ᠨᠠᠶᠢᠯᠠᠬᠦᠯᠵᠤ᠂ ᠪᠤᠳᠠᠳᠠᠢ ᠦᠷ᠎ᠡ ᠪᠦᠳᠦᠮᠵᠢ ᠶᠢ ᠴᠢᠬᠤᠯᠠᠴᠢᠯᠠᠨ᠎ᠠ᠃ ᠬᠦᠮᠦᠨ ᠤ | ᠬᠦᠴᠦᠨ ᠤ ᠡᠬᠢ ᠰᠤᠷᠪᠤᠯᠵᠢ᠂ ᠭᠠᠵᠠᠷ ᠰᠢᠷᠦᠢ ᠶᠢᠨ ᠡᠬᠢ ᠰᠤᠷᠪᠤᠯᠵᠢ᠂ ᠤᠰᠤᠨ ᠠᠰᠢᠬᠯᠠᠯᠳᠠ ᠶᠢᠨ ᠡᠭᠢ | ᠰᠤᠷᠪᠤᠯᠵᠢ ᠪᠠ ᠡᠳ᠋ ᠤᠨ ᠬᠦᠴᠦᠨ ᠤ ᠡᠬᠢ ᠰᠤᠷᠪᠤᠯᠵᠢ ᠶᠢ ᠨᠢᠭᠡᠳᠦᠬᠦᠯᠵᠤ᠂ ᠬᠦᠴᠦᠨ ᠢᠶᠠᠨ ᠲᠦᠪᠯᠠᠷᠠᠬᠦᠯᠦᠨ ᠶᠡᠭᠡ | ᠠᠵᠢᠯ ᠢ ᠬᠢᠬᠦ ᠬᠡᠷᠡᠭᠳᠡᠢ᠃ ᠦᠪᠠᠷ ᠢᠶᠠᠨ ᠬᠦᠴᠦᠷᠭᠡᠭᠵᠢᠬᠦ ᠶᠢ ᠪᠠᠷᠢᠮᠳᠠᠯᠠᠬᠤ ᠪᠠᠷ ᠭᠤᠤᠯ ᠪᠤᠯᠭᠠᠵᠤ᠂ ᠲᠠᠭᠡᠳᠤ | ᠱᠠᠳᠤᠨ ᠤ ᠲᠠᠮᠵᠢᠯᠭᠡ ᠶᠢ ᠤᠯᠬᠤ ᠲᠠᠢ ᠤᠶᠠᠯᠳᠤᠭᠤᠯᠵᠤ᠂ ᠡᠯ᠎ᠡ ᠲᠦᠷᠦᠯ ᠤᠨ ᠪᠠᠯᠠ ᠮᠦᠩᠬᠦ ᠶᠢ ᠨᠢᠭᠡᠳᠦᠯᠳᠠᠢ | ᠲᠦᠯᠦᠪᠯᠠᠵᠤ᠂ ᠠᠮᠢ ᠠᠬᠤᠢ ᠪᠠᠭᠤᠷᠠᠢ ᠤᠷᠤᠠ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠷᠦᠯ ᠵᠦᠢᠯ ᠢ | ᠲᠦᠯᠬᠢᠨ ᠠᠬᠢᠭᠤᠯᠬᠤ ᠬᠡᠷᠡᠭᠳᠡᠢ᠃ | 6. ᠠᠮᠢ ᠠᠬᠤᠢ ᠶᠢ ᠬᠠᠮᠠᠭᠠᠯᠠᠵᠤ᠂ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠪᠠ ᠠᠮᠢ ᠠᠬᠤᠢ ᠶᠢ | ᠬᠠᠮᠠᠭᠠᠯᠠᠬᠤ ᠲᠠᠢ ᠤᠶᠠᠯᠳᠤᠭᠤᠯᠵᠤ᠂ ᠨᠠᠬᠦᠬᠦ ᠡᠷᠦᠭᠡ ᠶᠢᠨ ᠰᠢᠯᠵᠢᠵᠤ ᠭᠠᠷᠤᠬᠰᠠᠨ ᠤ ᠲᠠᠷᠠᠭᠠᠬᠢ ᠪᠤᠴᠠᠭᠠᠵᠤ | ᠠᠪᠴᠢᠷᠠᠬᠰᠠᠨ ᠭᠠᠵᠠᠷ ᠰᠢᠷᠦᠢ ᠶᠢ ᠴᠦᠮ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠲᠠᠭᠡᠷ᠎ᠡ ᠬᠡᠷᠡᠭᠯᠠᠵᠤ᠂ ᠠᠮᠢ | ᠠᠬᠤᠢ ᠶᠢᠨ ᠤᠷᠴᠢᠨ ᠢ ᠦᠷ᠎ᠡ ᠪᠦᠳᠦᠮᠵᠢ ᠲᠠᠢ ᠪᠠᠷ ᠦᠭᠡᠷᠠᠴᠢᠯᠠᠨ ᠰᠠᠶᠢᠵᠢᠷᠠᠭᠤᠯᠤᠨ᠎ᠠ᠃ ᠨᠠᠬᠦᠳᠠᠯ ᠠᠷᠠᠳ ᠤᠨ | ᠰᠢᠨ᠎ᠠ ᠠᠶᠢᠯ ᠤᠨ ᠨᠤᠭᠤᠭᠠᠷᠠᠭᠤᠯᠤᠯᠳᠠ ᠪᠠ ᠲᠠᠷᠢᠶᠠᠯᠠᠩ ᠡᠪᠡᠰᠤ ᠪᠠᠯᠴᠢᠭᠡᠷ ᠤᠨ ᠬᠠᠮᠠᠭᠠᠯᠠᠯᠳᠠ ᠶᠢᠨ ᠤᠢ ᠶᠢᠨ | ᠪᠦᠰᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠶᠠᠳᠠᠭᠤ ᠶᠢ ᠦᠭᠡᠶᠢᠰᠭᠡᠬᠦ ᠪᠠ ᠠᠮᠢ ᠠᠬᠤᠢ ᠶᠢ | ᠰᠠᠶᠢᠵᠢᠷᠠᠭᠤᠯᠬᠤ ᠬᠤᠤᠰ ᠢᠯᠠᠯᠳᠠ ᠶᠢᠨ ᠬᠠᠷᠠᠯᠳᠠ ᠳᠤ ᠬᠦᠷᠴᠤ᠂ ᠤᠷᠤᠨ ᠬᠡᠪᠴᠢᠶᠠᠨ ᠤ ᠬᠦᠮᠦᠨ ᠠᠮᠠ᠂ ᠡᠬᠢ | ᠰᠤᠷᠪᠤᠯᠵᠢ᠂ ᠤᠷᠴᠢᠨ ᠲᠤᠭᠤᠷᠢᠨ ᠤ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠬᠡᠷᠡᠭᠳᠡᠢ᠃ | ᠭᠤᠷᠪᠠ᠂ ᠨᠢᠭᠡᠳᠦᠯᠳᠠᠢ ᠲᠤᠬᠢᠷᠠᠭᠤᠯᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ | ᠶᠢ ᠲᠠᠳᠬᠦᠬᠦ ᠶᠢ ᠠᠯᠬᠤᠴᠠ ᠪᠠᠨ ᠲᠦᠷᠭᠡᠳᠭᠡᠬᠦ ᠬᠡᠷᠡᠭᠳᠡᠢ᠃ | ︵ᠨᠢᠭᠡ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠡᠳᠡᠭᠡᠳ᠂ ᠠᠯᠤᠰ | ᠬᠢᠵᠠᠭᠠᠷ ᠤᠷᠤᠨ ᠳᠤ ᠰᠠᠭᠤᠵᠤ ᠪᠠᠶᠢᠬᠤ᠂ ᠠᠮᠢᠳᠤᠷᠠᠬᠤ ᠨᠦᠬᠦᠴᠠᠯ ᠮᠠᠭᠤ᠂ ᠠᠮᠢᠳᠤᠷᠠᠵᠤ ᠪᠠᠶᠢᠬᠤ ᠭᠠᠵᠠᠷ ᠨᠢ | ᠭᠠᠵᠠᠷ ᠰᠢᠨᠵᠢᠯᠠᠭᠡᠨ ᠤ ᠭᠠᠮᠰᠢᠭ ᠲᠠᠬᠢᠨ ᠲᠠᠪᠳᠠᠨ ᠡᠬᠦᠰᠬᠦ᠂ ᠤᠰᠤ ᠲᠤᠳᠠᠵᠤ ᠴᠠᠬᠢᠯᠭᠠᠨ ᠲᠤᠳᠠᠬᠤ᠂ ᠵᠠᠮ | ᠬᠠᠷᠢᠯᠴᠠᠭ᠎ᠠ ᠲᠦᠬᠦᠮ ᠦᠭᠡᠢ ᠤᠷᠤᠨ ᠪᠠ ᠲᠠᠷᠢᠶᠠᠯᠠᠬᠤ ᠪᠠᠨ ᠵᠤᠬᠰᠤᠵᠤ ᠤᠶᠢᠵᠢᠭᠤᠯᠬᠤ ᠲᠦᠷᠦ ᠶᠢᠨ ᠪᠤᠳᠤᠯᠭ᠎ᠠ | ᠶᠢᠨ ᠪᠦᠷᠬᠦᠯᠳᠠ ᠶᠢ ᠪᠠᠳᠤᠳᠬᠠᠬᠤ ᠮᠠᠯᠴᠢᠨ ᠲᠠᠷᠢᠶᠠᠴᠢᠨ ᠤᠯᠠᠨ ᠲᠦᠮᠠᠨ ᠪᠤᠯᠤᠨ ᠨᠠᠬᠦᠯᠭᠡᠬᠦ ᠡᠳᠡᠭᠡᠳ ᠢ | ᠲᠤᠬᠳᠠᠭᠠᠬᠤ ᠦᠶ᠎ᠠ ᠳᠤ ︽ᠨᠢᠭᠡ ᠵᠠᠪᠠᠯ᠂ ᠨᠢᠭᠡ ᠤᠷᠢᠳᠠᠪᠠᠷ᠂ ᠨᠢᠭᠡ ᠶᠢ ᠵᠤᠷᠢᠬᠵᠢᠭᠤᠯᠬᠤ ᠶᠢ ᠵᠠᠪᠠᠯ ᠪᠠᠷᠢᠮᠳᠠᠯᠠᠨ᠎ᠠ︾ | ᠃ ᠲᠠᠷᠤᠢ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠲᠠᠢ ᠨᠠᠬᠦᠬᠦ ᠢᠳᠡᠪᠬᠢᠵᠢᠯ ᠦᠨᠳᠤᠷ ᠶᠠᠳᠠᠭᠤ | ᠬᠦᠴᠢᠷᠳᠠᠢ ᠬᠦᠮᠦᠨ ᠠᠮᠠ ᠶᠢ ᠤᠷᠢᠳᠠᠪᠠᠷ ᠨᠠᠬᠦᠯᠭᠡᠨᠡ᠃ ᠠᠶᠢᠯ ᠲᠤᠰᠬᠤᠨ ᠢᠶᠠᠷ ᠨᠢᠭᠡᠴᠠ ᠪᠤᠯᠭᠠᠬᠤ ᠶᠢ | ᠵᠤᠷᠢᠬᠵᠢᠭᠤᠯᠵᠤ᠂ ᠪᠦᠬᠦ ᠠᠶᠢᠯ ᠢᠶᠠᠷ ᠨᠢ ᠨᠠᠬᠦᠯᠭᠡᠬᠦ ᠶᠢ ᠬᠡᠷᠡᠭᠵᠢᠬᠦᠯᠦᠨ᠎ᠠ᠃ | ︵ᠬᠤᠶᠠᠷ︶ ᠠᠮᠢ ᠠᠬᠤᠢ ᠪᠠᠭᠤᠷᠠᠢ ᠤᠷᠤᠨ ᠤ ᠨᠠᠬᠦᠯᠭᠡᠬᠦ ᠠᠷᠠᠳ ᠤᠨ ᠶᠠᠳᠠᠭᠤ ᠶᠢ ᠲᠠᠳᠬᠦᠬᠦ ᠲᠦᠪᠬᠢᠨᠠᠬᠦᠯᠬᠦ | ᠭᠠᠵᠠᠷ ᠢ ᠰᠢᠨᠵᠢᠯᠠᠬᠦ ᠤᠬᠠᠭᠠᠨᠴᠢ ᠪᠠᠷ ᠰᠤᠩᠭᠤᠨ᠎ᠠ᠃ | ᠲᠦᠪᠬᠢᠨᠠᠬᠦᠯᠬᠦ ᠭᠠᠵᠠᠷ ᠢ ᠰᠤᠩᠭᠤᠬᠤ ᠳᠠᠭᠠᠨ 4 ᠶᠢ ᠤᠶᠠᠯᠳᠤᠭᠤᠯᠬᠤ ᠪᠠᠷ ᠴᠢᠷᠮᠠᠶᠢᠨ᠎ᠠ᠃ ᠨᠢᠭᠡ ᠳᠤ᠂ | ᠵᠢᠵᠢᠭ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠲᠠᠢ ᠤᠶᠠᠯᠳᠤᠭᠤᠯᠤᠨ᠎ᠠ᠃ ᠬᠤᠶᠠᠷ ᠲᠤ᠂ ᠰᠢᠨ᠎ᠠ | ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠲᠠᠢ ᠤᠶᠠᠯᠳᠤᠭᠤᠯᠤᠨ᠎ᠠ᠃ ᠭᠤᠷᠪᠠ ᠳᠤ᠂ ᠮᠠᠯ | ᠲᠠᠷᠢᠶᠠᠯᠠᠩ ᠤᠨ ᠠᠵᠤ ᠤᠶᠢᠯᠠᠰ ᠤᠨ ᠪᠦᠳᠦᠴᠠ ᠶᠢᠨ ᠲᠤᠬᠢᠷᠠᠭᠤᠯᠤᠯᠳᠠ ᠲᠠᠢ ᠤᠶᠠᠯᠳᠤᠭᠤᠯᠤᠨ᠎ᠠ᠃ ᠲᠦᠷᠪᠠ ᠳᠤ᠂ | ᠤᠳᠤᠬᠢ ᠪᠦᠳᠦᠭᠡᠨ ᠪᠠᠶᠢᠭᠤᠯᠤᠯᠳᠠ ᠪᠠ ᠠᠯᠤᠰ ᠬᠡᠳᠤ ᠶᠢᠨ ᠬᠦᠭᠵᠢᠯᠳᠠ ᠲᠠᠢ ᠤᠶᠠᠯᠳᠤᠭᠤᠯᠤᠨ᠎ᠠ᠃ | ᠲᠦᠪᠬᠢᠨᠠᠬᠦᠯᠬᠦ ᠭᠠᠵᠠᠷ ᠤᠨ ᠲᠠᠭᠠᠭᠠᠴᠠ ᠪᠠ ᠬᠦᠭᠵᠢᠯᠳᠠ ᠶᠢᠨ ᠲᠠᠯᠳᠠ ᠬᠦᠴᠦᠨ ᠢ ᠰᠢᠨᠵᠢᠯᠠᠬᠦ ᠤᠬᠠᠭᠠᠨᠴᠢ ᠪᠠᠷ | ᠨᠤᠳᠠᠯᠠᠨ᠎ᠠ᠃ ᠲᠦᠪᠬᠢᠨᠠᠬᠦᠯᠬᠦ ᠭᠠᠵᠠᠷ ᠢ ᠰᠠᠶᠢᠨ ᠢ ᠨᠢ ᠰᠢᠯᠢᠨ ᠲᠤᠬᠳᠠᠭᠠᠵᠤ᠂ ᠲᠦᠪᠬᠢᠨᠠᠬᠦᠯᠬᠦ ᠬᠡᠪᠴᠢᠶ᠎ᠠ ᠶᠢ | ᠵᠤᠬᠢᠰᠳᠠᠢ ᠲᠤᠬᠳᠠᠭᠠᠨ᠎ᠠ᠃ ᠲᠦᠪᠬᠢᠨᠠᠬᠦᠯᠬᠦ ᠭᠠᠵᠠᠷ ᠨᠢ ᠵᠠᠪᠠᠯ ᠡᠳᠡᠭᠡᠷ ᠨᠦᠬᠦᠴᠠᠯ ᠢ ᠪᠦᠷᠢᠯᠳᠤᠬᠦᠯᠬᠦ ᠬᠡᠷᠡᠭᠳᠡᠢ᠃ | ᠨᠢᠭᠡ ᠳᠤ᠂ ᠭᠠᠵᠠᠷ ᠤᠨ ᠪᠠᠶᠢᠳᠠᠯ ᠰᠠᠶᠢᠨ᠂ ᠭᠠᠵᠠᠷ ᠰᠢᠨᠵᠢᠯᠠᠭᠡᠨ ᠤ ᠮᠠᠭᠤ ᠦᠵᠡᠭᠳᠡᠯ ᠦᠭᠡᠢ ᠪᠠ ᠭᠠᠵᠠᠷ | ᠰᠢᠨᠵᠢᠯᠠᠭᠡᠨ ᠤ ᠮᠠᠭᠤ ᠡᠯᠧᠮᠧᠨ᠋ᠲ ᠦᠭᠡᠢ ᠪᠠᠶᠢᠬᠤ︔ ᠬᠤᠶᠠᠷ ᠲᠤ᠂ ᠤᠷᠴᠢᠨ ᠲᠤᠭᠤᠷᠢᠨ ᠤ ᠨᠦᠬᠦᠴᠠᠯ ᠰᠠᠶᠢᠨ᠂ | ᠢᠯᠠᠷᠭᠡᠢ ᠪᠤᠬᠢᠷᠳᠤᠯ ᠤᠨ ᠦᠵᠡᠭᠳᠡᠯ ᠬᠦᠨᠳᠤ ᠨᠤᠴᠢᠳᠠᠢ ᠪᠤᠬᠢᠷᠳᠤᠯ ᠤᠨ ᠰᠤᠷᠪᠤᠯᠵᠢ ᠪᠠ ᠨᠢᠭᠤᠬᠳᠠᠮᠠᠯ ᠪᠤᠬᠢᠷᠳᠤᠯ | ᠤᠨ ᠰᠤᠷᠪᠤᠯᠵᠢ ᠦᠭᠡᠢ᠂ ᠭᠠᠵᠠᠷ ᠤᠷᠤᠨ ᠤ ᠡᠪᠡᠳᠴᠢᠨ ᠡᠬᠦᠰᠬᠡᠬᠦ ᠡᠯᠧᠮᠧᠨ᠋ᠲ ᠦᠭᠡᠢ︔ ᠭᠤᠷᠪᠠ ᠳᠤ᠂ | ᠲᠦᠪᠬᠢᠨᠠᠬᠦᠯᠬᠦ ᠤᠯᠠᠨ ᠲᠦᠮᠠᠨ ᠤ ᠤᠷᠴᠢᠨ ᠲᠤᠭᠤᠷᠢᠨ ᠤ ᠪᠠᠭᠳᠠᠭᠠᠮᠵᠢ ᠶᠢᠨ ᠬᠡᠮᠵᠢᠶ᠎ᠠ᠂ ᠦᠨᠳᠤᠰᠤᠨ | ᠲᠦᠬᠦᠭᠡᠷᠦᠮᠵᠢ᠂ ᠨᠠᠶᠢᠳᠠ ᠶᠢᠨ ᠠᠰᠠᠷᠠᠮᠵᠢ ᠶᠢᠨ ᠲᠦᠬᠦᠭᠡᠷᠦᠮᠵᠢ ᠪᠠ ᠲᠤᠬᠢᠷᠠᠭᠤᠯᠬᠤ ᠭᠠᠵᠠᠷ ᠰᠠᠭᠤᠷᠢ ᠶᠢ ᠲᠦᠷᠭᠡᠨ | ᠰᠠᠶᠢᠵᠢᠷᠠᠭᠤᠯᠬᠤ ᠨᠠᠶᠢᠳᠠ ᠶᠢᠨ ᠲᠦᠭᠦᠭᠡᠷᠦᠮᠵᠢ ᠪᠠ ᠮᠠᠯ ᠲᠠᠷᠢᠶᠠᠯᠠᠩ ᠤᠨ ᠤᠶᠢᠯᠠᠳᠪᠤᠷᠢᠯᠠᠯ ᠳᠤ ᠬᠡᠷᠡᠭᠯᠠᠬᠦ ᠭᠠᠵᠠᠷ ᠢ | ᠨᠠᠮᠡᠭᠳᠡᠬᠦᠯᠬᠦ ᠨᠦᠬᠦᠴᠠᠯ ᠢ ᠪᠦᠷᠢᠯᠳᠤᠬᠦᠯᠦᠭᠰᠡᠨ ᠪᠠᠶᠢᠬᠤ︔ ᠲᠦᠷᠪᠠ ᠳᠤ᠂ ᠬᠤᠳᠠ ᠪᠠᠯᠭᠠᠰᠤ ᠪᠠ ᠭᠤᠤᠯ ᠠᠶᠢᠯ | ᠠᠴᠠ ᠵᠠᠢ ᠨᠢ ᠤᠶᠢᠷᠠᠬᠠᠨ ᠪᠠᠶᠢᠬᠤ ᠵᠠᠮ ᠬᠠᠷᠢᠯᠴᠠᠭ᠎ᠠ ᠲᠦᠬᠦᠮ︔ ᠲᠠᠪᠤ ᠳᠤ᠂ ᠬᠤᠶᠢᠨᠠᠬᠢ ᠠᠵᠤ ᠤᠶᠢᠯᠠᠰ ᠤᠨ | ᠬᠦᠭᠵᠢᠯᠳᠠ ᠪᠠ ᠠᠵᠢᠯ ᠤᠯᠭᠤᠬᠤ ᠤᠷᠤᠨ ᠵᠠᠢ ᠲᠠᠢ ᠪᠠᠶᠢᠬᠤ᠃ | ︵ᠭᠤᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠪᠬᠢᠨᠠᠬᠦᠯᠬᠦ | ᠠᠷᠭ᠎ᠠ ᠮᠠᠶ᠋ᠢᠭ ᠢ ᠵᠤᠬᠢᠰᠳᠠᠢ ᠲᠤᠬᠳᠠᠭᠠᠬᠤ ᠬᠡᠷᠡᠭᠳᠡᠢ᠃ | ᠨᠠᠬᠦᠯᠭᠡᠬᠦ ᠠᠷᠠᠳ ᠤᠨ ᠨᠠᠰᠤ᠂ ᠰᠤᠷᠭᠠᠨ ᠬᠦᠮᠦᠵᠢᠯ ᠬᠦᠷᠳᠠᠬᠦ ᠬᠡᠮᠵᠢᠶ᠎ᠠ᠂ ᠮᠠᠷᠭᠡᠵᠢᠯ ᠴᠢᠳᠠᠪᠤᠷᠢ ᠶᠢᠨ ᠪᠠᠶᠢᠳᠠᠯ | ᠂ ᠠᠵᠤ ᠠᠬᠤᠢ ᠶᠢᠨ ᠲᠠᠭᠠᠭᠠᠴᠠ ᠴᠢᠳᠠᠯ ᠵᠠᠷᠭᠡ ᠡᠯᠧᠮᠧᠨ᠋ᠲ ᠶᠢ ᠶᠠᠷᠦᠩᠭᠡᠢ ᠳᠤᠨᠢ ᠪᠤᠳᠤᠯᠬᠢᠯᠠᠵᠤ᠂ ᠤᠯᠠᠨ ᠲᠦᠮᠠᠨ | ᠤ ᠬᠦᠰᠠᠯ ᠢ ᠦᠨᠳᠤᠰᠤᠯᠠᠵᠤ᠂ ᠲᠦᠪᠬᠢᠨᠠᠬᠦᠯᠬᠦ ᠭᠠᠵᠠᠷ ᠤᠨ ᠦᠨᠳᠤᠰᠤᠨ ᠪᠠᠶᠢᠳᠠᠯ ᠲᠠᠢ ᠤᠶᠠᠯᠳᠤᠭᠤᠯᠵᠤ᠂ | ᠲᠦᠪᠬᠢᠨᠠᠬᠦᠯᠬᠦ ᠠᠷᠭ᠎ᠠ ᠮᠠᠶ᠋ᠢᠭ ᠢ ᠵᠤᠬᠢᠰᠳᠠᠢ ᠲᠤᠬᠳᠠᠭᠠᠨ᠎ᠠ᠃ | ︵ᠲᠦᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠭᠠᠵᠠᠷ ᠰᠢᠷᠦᠢ | ᠶᠢ ᠲᠤᠬᠢᠷᠠᠭᠤᠯᠬᠤ ᠶᠢ ᠦᠨᠠᠩᠬᠦ ᠰᠠᠶᠢᠳᠤᠷ ᠬᠢᠬᠦ ᠬᠡᠷᠡᠭᠳᠡᠢ᠃ | ᠨᠠᠬᠦᠵᠤ ᠭᠠᠷᠤᠬᠰᠠᠨ ᠠᠷᠠᠳ ᠤᠨ ᠤᠤᠯ ᠤᠨ ᠰᠠᠭᠤᠷᠢᠰᠢᠯ ᠤᠨ ᠭᠠᠵᠠᠷ ᠪᠠ ᠲᠠᠭᠠᠭᠠᠴᠢᠯᠠᠨ ᠡᠵᠡᠩᠨᠠᠵᠤ | ᠪᠠᠶᠢᠬᠰᠠᠨ ᠭᠠᠵᠠᠷ ᠨᠢ ᠵᠠᠷᠴᠢᠮ ᠲᠠᠭᠡᠷ᠎ᠡ ᠪᠠᠨ ᠨᠠᠶᠢᠳᠠ ᠳᠤ ᠦᠮᠴᠢᠯᠡᠭᠳᠡᠨ᠎ᠠ᠃ ᠤᠤᠯ ᠤᠨ ᠡᠵᠡᠩᠨᠠᠵᠤ ᠪᠠᠶᠢᠬᠰᠠᠨ | ᠭᠠᠵᠠᠷ ᠪᠠ ᠰᠠᠭᠤᠷᠢᠰᠢᠯ ᠭᠠᠵᠠᠷ ᠲᠤ ᠲᠠᠷᠤᠢ ᠲᠦᠷᠭᠡᠨ ᠲᠤᠬᠢᠷᠠᠭᠤᠯᠤᠯᠳᠠ ᠪᠠ ᠵᠠᠰᠠᠯᠳᠠ ᠬᠢᠵᠤ ᠲᠠᠷᠢᠶᠠᠯᠠᠬᠤ ᠪᠠᠨ | ᠵᠤᠬᠰᠤᠵᠤ ᠤᠶᠢᠵᠢᠭᠤᠯᠬᠤ ᠪᠤᠶᠤ ᠬᠡᠪᠴᠢᠶᠠᠵᠢᠬᠦᠯᠦᠨ ᠡᠵᠡᠩᠨᠠᠬᠦ ᠬᠡᠷᠡᠭᠳᠡᠢ᠃ ᠭᠠᠵᠠᠷ ᠲᠤᠬᠢᠷᠠᠭᠤᠯᠵᠤ ᠤᠯᠤᠬᠰᠠᠨ | ᠨᠠᠬᠦᠭᠰᠡᠨ ᠠᠷᠠᠳ ᠵᠠᠪᠠᠯ ᠤᠶᠢᠯᠠᠳᠪᠤᠷᠢᠯᠠᠯ ᠠᠮᠢᠳᠤᠷᠠᠯ ᠳᠤ ᠬᠡᠷᠡᠭᠯᠠᠬᠦ ᠭᠠᠵᠠᠷ ᠪᠠ ᠬᠡᠷ ᠪᠠᠷᠢᠬᠤ ᠭᠠᠵᠠᠷ ᠪᠠᠶᠢᠬᠤ ᠶᠢ | ᠪᠠᠳᠤᠯᠠᠬᠤ ᠬᠡᠷᠡᠭᠳᠡᠢ᠃ ᠭᠠᠵᠠᠷ ᠰᠢᠷᠦᠢ ᠶᠢ ᠵᠠᠰᠠᠵᠤ ᠲᠡᠭᠰᠢᠯᠠᠬᠦ᠂ ᠲᠠᠷᠢᠶ᠎ᠠ ᠶᠢ ᠦᠭᠡᠷᠡᠴᠢᠯᠠᠬᠦ ᠵᠠᠷᠭᠡ ᠠᠷᠭ᠎ᠠ ᠪᠠᠷ | ᠲᠠᠮᠵᠢᠭᠠᠳ ᠲᠦᠪᠬᠢᠨᠠᠬᠦᠯᠬᠦ ᠤᠷᠤᠨ ᠤ ᠲᠠᠷᠢᠶᠠᠨ ᠭᠠᠵᠠᠷ ᠤᠨ ᠤᠨᠠᠯᠳᠠ ᠶᠢ ᠲᠠᠭᠡᠭᠰᠢᠯᠠᠬᠦᠯᠬᠦ ᠬᠡᠷᠡᠭᠳᠡᠢ᠃ | ︵ᠲᠠᠪᠤ︶ ᠨᠠᠬᠦᠯᠭᠡᠬᠦ ᠠᠷᠠᠳ ᠤᠨ ᠲᠦᠪᠬᠢᠨᠠᠬᠦᠯᠬᠦ ᠭᠠᠵᠠᠷ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠨᠠᠷᠢᠨ ᠬᠢᠨᠠᠮᠠᠭᠠᠢ ᠠᠳᠬᠤᠬᠤ ᠬᠡᠷᠡᠭᠳᠡᠢ᠃ | ᠲᠦᠯᠦᠪᠵᠢᠬᠦᠯᠭᠡ ᠶᠢ ᠰᠠᠶᠢᠳᠤᠷ ᠬᠢᠵᠤ᠂ ᠪᠦᠳᠦᠭᠡᠨ ᠪᠠᠶᠢᠭᠤᠯᠬᠤ ᠪᠠᠷ ᠪᠠᠶᠢᠭ᠎ᠠ ᠰᠠᠭᠤᠷᠢ ᠲᠦᠬᠦᠭᠡᠷᠦᠮᠵᠢ ᠶᠢᠨ | ᠠᠭᠤᠯᠭ᠎ᠠ᠂ ᠬᠡᠪᠴᠢᠶ᠎ᠠ ᠵᠢᠴᠢ ᠪᠠᠯᠠ ᠤᠷᠤᠭᠤᠯᠬᠤ ᠶᠠᠷᠦᠩᠭᠡᠢ ᠬᠡᠮᠵᠢᠶ᠎ᠠ ᠪᠠᠯᠠ ᠮᠦᠩᠬᠦᠨ ᠤ ᠢᠷᠠᠯᠳᠠ ᠪᠠ | ᠠᠷᠭᠠᠴᠠᠭᠠᠨ ᠵᠢᠭᠡᠯᠡᠬᠦ ᠠᠷᠭ᠎ᠠ ᠶᠢ ᠲᠤᠳᠤᠷᠬᠠᠶᠢᠯᠠᠵᠤ᠂ ᠢᠷᠠᠭᠡᠳᠦᠢ ᠶᠢᠨ ᠠᠵᠤ ᠤᠶᠢᠯᠠᠰ ᠤᠨ ᠬᠦᠭᠵᠢᠯᠳᠠ᠂ ᠨᠠᠶᠢᠭᠡᠮ | ᠤᠨ ᠠᠵᠢᠯ ᠤᠶᠢᠯᠠᠰ ᠤᠨ ᠬᠦᠭᠵᠢᠯᠳᠠ ᠶᠢᠨ ᠲᠦᠯᠦᠪᠵᠢᠬᠦᠯᠭᠡ ᠵᠢᠴᠢ ᠲᠦᠯᠦᠪᠵᠢᠬᠦᠯᠭᠡ ᠶᠢ ᠬᠡᠷᠡᠭᠵᠢᠬᠦᠯᠬᠦ | ᠪᠠᠳᠤᠯᠠᠭ᠎ᠠ ᠶᠢᠨ ᠠᠷᠭ᠎ᠠ ᠶᠢ ᠲᠤᠬᠳᠠᠭᠠᠨ᠎ᠠ᠃ ᠲᠦᠪᠬᠢᠨᠠᠬᠦᠯᠬᠦ ᠤᠷᠤᠨ ᠤ ᠲᠠᠷᠢᠶᠠᠯᠠᠩ᠂ ᠤᠰᠤᠨ ᠠᠰᠢᠬᠯᠠᠯᠳᠠ᠂ | ᠴᠠᠬᠢᠯᠭᠠᠨ ᠬᠠᠩᠭᠠᠬᠤ᠂ ᠵᠠᠮ᠂ ᠰᠤᠷᠭᠠᠨ ᠬᠦᠮᠦᠵᠢᠯ᠂ ᠰᠤᠶᠤᠯ᠂ ᠡᠷᠡᠬᠦᠯ ᠬᠠᠮᠠᠭᠠᠯᠠᠯ ᠵᠠᠷᠭᠡ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠠᠷᠭᠡ ᠶᠢ ᠭᠤᠤᠯᠳᠠᠯᠭ᠎ᠠ ᠲᠠᠢ ᠬᠢᠵᠤ᠂ ᠤᠶᠢᠯᠠᠳᠪᠤᠷᠢᠯᠠᠯ ᠠᠮᠢᠳᠤᠷᠠᠯ | ᠤᠨ ᠨᠦᠬᠦᠴᠠᠯ ᠢ ᠰᠠᠶᠢᠵᠢᠷᠠᠭᠤᠯᠬᠤ ᠲᠦᠪᠬᠢᠨᠠᠬᠦᠯᠬᠦ ᠤᠷᠤᠨ ᠤ ᠬᠦᠮᠦᠨ ᠠᠮᠠ ᠶᠢᠨ ᠠᠴᠢᠶᠠᠯᠠᠬᠤ ᠴᠢᠳᠠᠯ ᠢ | ᠲᠠᠭᠡᠭᠰᠢᠯᠠᠬᠦᠯᠬᠦ ᠬᠡᠷᠡᠭᠳᠡᠢ᠃ | ︵ᠵᠢᠷᠭᠤᠭ᠎ᠠ︶ ᠨᠠᠬᠦᠯᠭᠡᠭᠰᠡᠨ ᠠᠷᠠᠳ ᠤᠨ ᠠᠵᠤ ᠤᠶᠢᠯᠠᠰ ᠤᠨ ᠲᠠᠮᠵᠢᠯᠭᠡ ᠶᠢᠨ ᠠᠵᠢᠯ ᠢ ᠯᠠᠪᠳᠠᠭᠤᠨ | ᠪᠠᠳᠤᠳᠠᠢ ᠬᠢᠬᠦ ᠬᠡᠷᠡᠭᠳᠡᠢ᠃ | ᠨᠠᠬᠦᠯᠭᠡᠭᠰᠡᠨ ᠠᠷᠠᠳ ᠤᠨ ᠤᠶᠢᠯᠠᠳᠪᠤᠷᠢᠯᠠᠯ ᠤᠨ ᠴᠢᠳᠠᠯ ᠪᠠ ᠰᠤᠶᠤᠯ ᠮᠠᠳᠡᠯᠭᠡ ᠶᠢᠨ ᠪᠤᠯᠪᠠᠰᠤᠷᠠᠯ ᠢ | ᠴᠢᠩᠭᠠᠳᠬᠠᠵᠤ᠂ ᠦᠪᠠᠷ ᠢ ᠪᠠᠨ ᠬᠦᠭᠵᠢᠬᠦᠯᠬᠦ ᠴᠢᠳᠠᠯ ᠢ ᠨᠢ ᠴᠢᠩᠭᠠᠳᠬᠠᠬᠤ ᠬᠡᠷᠡᠭᠳᠡᠢ᠃ ᠨᠠᠬᠦᠭᠰᠡᠨ ᠠᠷᠠᠳ ᠢ | ᠢᠳᠡᠪᠬᠢᠳᠠᠢ ᠬᠠᠪᠰᠤᠷᠴᠤ ᠲᠤᠬᠠᠢ ᠶᠢᠨ ᠭᠠᠵᠠᠷ ᠤᠨ ᠡᠭᠢ ᠪᠠᠶᠠᠯᠢᠭ ᠤᠨ ᠲᠠᠪᠠᠭᠤᠯᠢᠭ ᠪᠠ ᠨᠦᠬᠦᠴᠠᠯ ᠤᠨ | ᠲᠤᠭᠤᠷᠢᠨ ᠳᠤ ᠵᠠᠯᠭᠠᠬᠤ ᠠᠵᠤ ᠤᠶᠢᠯᠠᠰ ᠢ ᠪᠤᠶᠢᠵᠢᠭᠤᠯᠵᠤ᠂ ᠭᠤᠤᠯᠯᠠᠬᠴᠢ ᠠᠵᠤ ᠤᠶᠢᠯᠠᠰ ᠤᠨ ᠪᠤᠶᠢᠵᠢᠭᠤᠯᠬᠤ | ᠲᠠᠮᠵᠢᠬᠦ ᠬᠦᠴᠦᠯᠠᠴᠠ ᠪᠠᠨ ᠴᠢᠩᠭᠠᠳᠬᠠᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠡᠬᠦᠯᠭᠡᠵᠤ ᠶᠠᠳᠠᠭᠤ ᠶᠢ | ᠲᠠᠳᠬᠦᠬᠦ ᠨᠠᠬᠦᠯᠭᠡᠬᠦ ᠤᠯᠠᠨ ᠲᠦᠮᠠᠨ ᠢ ︽ᠨᠠᠬᠦᠵᠤ ᠭᠠᠷᠴᠤ ᠲᠠᠶᠢᠯᠬᠦ ᠲᠤᠬᠳᠠᠭᠤᠨ ᠰᠠᠭᠤᠬᠤ᠂ ᠬᠦᠭᠵᠢᠯᠳᠠ ᠲᠠᠢ | ᠪᠠᠶᠢᠬᠤ᠂ ᠪᠠᠶᠠᠵᠢᠵᠤ ᠲᠠᠶᠢᠯᠬᠦ︾ ᠬᠠᠷᠠᠯᠳᠠ ᠶᠢ ᠪᠠᠳᠤᠯᠠᠬᠤ ᠬᠡᠷᠡᠭᠳᠡᠢ᠃ | ᠲᠦᠷᠪᠠ᠂ ᠤᠷᠤᠭᠤᠯᠤᠯᠳᠠ ᠶᠢᠨ ᠬᠦᠴᠦᠯᠠᠴᠠ ᠪᠠᠨ ᠴᠢᠩᠭᠠᠳᠬᠠᠵᠤ᠂ ᠪᠠᠳᠤᠯᠠᠭ᠎ᠠ ᠶᠢᠨ ᠠᠷᠭ᠎ᠠ ᠶᠢ | ᠪᠠᠶᠢᠭᠤᠯᠵᠤ ᠪᠦᠷᠢᠨᠵᠢᠬᠦᠯᠬᠦ ᠬᠡᠷᠡᠭᠳᠡᠢ᠃ | ︵ᠨᠢᠭᠡ︶ ᠨᠦᠬᠦᠪᠤᠷᠢ ᠶᠢᠨ ᠪᠠᠷᠢᠮᠵᠢᠶ᠎ᠠ ᠶᠢ ᠵᠤᠬᠢᠰᠳᠠᠢ ᠲᠤᠬᠳᠠᠭᠠᠬᠤ ᠬᠡᠷᠡᠭᠳᠡᠢ᠃ | ᠦᠪᠠᠷᠳᠡᠭᠡᠨ ᠵᠠᠰᠠᠬᠤ ᠤᠷᠤᠨ ᠤ ᠨᠦᠬᠦᠪᠤᠷᠢ ᠶᠢᠨ ᠪᠠᠷᠢᠮᠵᠢᠶ᠎ᠠ ᠶᠤᠰᠤᠭᠠᠷ ᠬᠦᠮᠦᠨ ᠪᠦᠷᠢ ᠳᠤ 1.5 ᠲᠦᠮᠠᠨ | ᠲᠦᠬᠦᠷᠢᠭ ᠤᠨ ᠨᠦᠬᠦᠪᠤᠷᠢ ᠤᠯᠭᠤᠨ᠎ᠠ᠃ | ︵ᠬᠤᠶᠠᠷ︶ ᠲᠦᠷᠦᠯ ᠵᠦᠢᠯ ᠤᠨ ᠪᠠᠯᠠ ᠮᠦᠩᠬᠦ ᠶᠢ ᠶᠡᠭᠡ ᠬᠦᠴᠦᠨ ᠢᠶᠠᠷ ᠨᠢᠭᠡᠳᠦᠬᠦᠯᠬᠦ ᠬᠡᠷᠡᠭᠳᠡᠢ᠃ | 1. ᠮᠠᠯ ᠲᠠᠷᠢᠶᠠᠯᠠᠩ ᠳᠤ ᠬᠤᠯᠪᠤᠬᠳᠠᠬᠤ ᠲᠦᠷᠦᠯ ᠵᠦᠢᠯ ᠤᠨ ᠪᠠᠯᠠ ᠮᠦᠩᠬᠦ ᠶᠢ ᠨᠢᠭᠡᠳᠦᠯᠳᠠᠢ ᠲᠤᠬᠢᠷᠠᠭᠤᠯᠵᠤ | ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ᠂ ᠶᠠᠳᠠᠭᠤ ᠶᠢ ᠲᠠᠳᠬᠦᠬᠦ ᠲᠦᠷᠦᠯ ᠵᠦᠢᠯ ᠤᠨ | ᠲᠦᠬᠦᠷᠵᠢᠬᠦᠯᠬᠦ ᠬᠦᠴᠦᠯᠠᠴᠠ ᠶᠢ ᠶᠡᠬᠡᠰᠭᠡᠬᠦ ᠬᠡᠷᠡᠭᠳᠡᠢ᠃ ᠡᠬᠦᠨ ᠤ ᠵᠠᠷᠭᠡᠪᠠᠷ ᠵᠠᠮ ᠬᠠᠷᠢᠯᠴᠠᠭ᠎ᠠ᠂ ᠮᠠᠯ ᠲᠠᠷᠢᠶᠠᠯᠠᠩ᠂ | ᠤᠰᠤᠨ ᠠᠰᠢᠬᠯᠠᠯᠳᠠ᠂ ᠤᠢ ᠰᠢᠭᠤᠢ᠂ ᠶᠠᠳᠠᠭᠤ ᠶᠢ ᠲᠠᠳᠬᠦᠬᠦ᠂ ᠨᠠᠶᠢᠭᠡᠮ ᠤᠨ ᠠᠵᠢᠯ ᠤᠶᠢᠯᠠᠰ᠂ ᠵᠢᠵᠢᠭ ᠬᠤᠳᠠ | ᠪᠠᠯᠭᠠᠰᠤ ᠶᠢᠨ ᠪᠦᠳᠦᠭᠡᠨ ᠪᠠᠶᠢᠭᠤᠯᠤᠯᠳᠠ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ᠂ | ᠭᠠᠵᠠᠷ ᠰᠢᠨᠵᠢᠯᠠᠭᠡᠨ ᠤ ᠭᠠᠮᠰᠢᠭ ᠢ ᠰᠠᠷᠭᠡᠶᠢᠯᠠᠬᠦ ᠵᠠᠷᠭᠡ ᠲᠠᠯ᠎ᠠ ᠪᠠᠷ ᠲᠦᠯᠦᠪᠵᠢᠬᠦᠯᠭᠡ ᠬᠢᠵᠤ ᠰᠠᠶᠢᠳᠤᠷ | ᠵᠠᠯᠭᠠᠯᠳᠤᠭᠤᠯᠬᠤ. ᠬᠡᠷᠡᠭᠳᠡᠢ᠃ ︽ᠠᠷᠭ᠎ᠠ ᠵᠠᠮ ᠨᠢ ᠡᠮᠬᠢ ᠵᠠᠮᠪᠠᠷᠠᠭ᠎ᠠ ᠲᠠᠢ᠂ ᠬᠡᠷᠡᠭᠴᠡᠭᠡ ᠨᠢ ᠬᠤᠪᠢᠷᠠᠬᠤ ᠦᠭᠡᠢ᠂ | ᠲᠤᠰ ᠲᠤᠰ ᠲᠠᠭᠠᠨ ᠬᠠᠷᠢᠭᠤᠴᠠᠬᠤ︾ ᠵᠠᠷᠴᠢᠮ ᠢᠶᠠᠷ ᠬᠠᠮᠢᠶ᠎ᠠ ᠪᠦᠬᠦᠢ ᠪᠠᠯᠠ ᠮᠦᠩᠬᠦ ᠶᠢ ᠲᠢᠭᠯᠡᠵᠤ᠂ ᠨᠠᠬᠦᠬᠦ ᠳᠤ | ᠲᠤᠬᠢᠷᠠᠭᠤᠯᠬᠤ ᠲᠤᠭᠤᠷᠢᠭ ᠤᠨ ᠰᠠᠭᠤᠬᠤ ᠬᠡᠷ᠂ ᠵᠠᠰᠠᠮᠠᠯ ᠵᠠᠮ᠂ ᠲᠠᠷᠢᠶᠠᠯᠠᠩ᠂ ᠤᠤᠭᠤᠬᠤ ᠤᠰᠤ᠂ ᠨᠠᠶᠢᠭᠡᠮ ᠤᠨ | ᠠᠵᠢᠯ ᠤᠶᠢᠯᠠᠰ ᠵᠠᠷᠭᠡ ᠲᠠᠯ᠎ᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠡᠢ᠃ | 2. ᠬᠠᠮᠢᠶ᠎ᠠ ᠪᠦᠬᠦᠢ ᠪᠠᠶᠢᠭᠤᠯᠤᠯᠭ᠎ᠠ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠳᠠᠢ | ᠬᠠᠮᠵᠢᠯᠴᠠᠨ᠂ ᠪᠠᠯᠠ ᠴᠤᠬᠯᠠᠭᠤᠯᠬᠤ ᠠᠷᠭ᠎ᠠ ᠵᠠᠮ ᠢᠶᠠᠨ ᠦᠷᠭᠡᠳᠭᠡᠵᠤ᠂ ᠠᠮᠢ ᠠᠬᠤᠢ ᠪᠠᠭᠤᠷᠠᠢ ᠤᠷᠤᠨ ᠤ ᠠᠷᠠᠳ | ᠢ ᠨᠠᠬᠦᠯᠭᠡᠬᠦ ᠪᠠ ᠲᠦᠪᠬᠢᠨᠠᠬᠦᠯᠬᠦ ᠲᠤᠭᠤᠷᠢᠭ ᠤᠨ ᠬᠤᠶᠢᠨᠠᠬᠢ ᠠᠵᠤ ᠤᠶᠢᠯᠠᠰ ᠤᠨ ᠬᠦᠭᠵᠢᠯᠳᠠ ᠶᠢ ᠲᠠᠮᠵᠢᠬᠦ | ᠬᠡᠷᠡᠭᠳᠡᠢ᠃ ᠢᠳᠡᠭᠡᠮᠵᠢᠳᠤ ᠵᠢᠭᠡᠯᠡᠯᠭᠡ ᠪᠠᠷ ᠶᠠᠳᠠᠭᠤ ᠶᠢ ᠲᠠᠳᠬᠦᠬᠦ ᠪᠠᠯᠠ ᠮᠦᠩᠬᠦ ᠶᠢ ᠨᠠᠬᠦᠯᠭᠡᠬᠦ ᠠᠷᠠᠳ ᠤᠨ ᠬᠡᠷ | ᠪᠠᠷᠢᠬᠤ ᠳᠤ ᠤᠷᠢᠳᠠᠪᠠᠷ ᠲᠠᠮᠵᠢᠯᠭᠡ ᠦᠵᠠᠬᠦᠯᠬᠦ ᠬᠡᠷᠡᠭᠳᠡᠢ᠃ ᠲᠠᠷᠢᠶᠠᠯᠠᠩ ᠤᠨ ᠪᠠᠩᠬᠢ᠂ ᠲᠠᠷᠢᠶᠠᠯᠠᠩ ᠤᠨ | ᠬᠦᠭᠵᠢᠬᠦᠯᠦᠯᠳᠠ ᠶᠢᠨ ᠪᠠᠩᠬᠢ᠂ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠵᠠᠷᠭᠡ ᠨᠢ ᠲᠦᠪᠬᠢᠨᠠᠬᠦᠯᠬᠦ | ᠤᠷᠤᠨ ᠤ ᠬᠤᠶᠢᠨᠠᠬᠢ ᠠᠵᠤ ᠤᠶᠢᠯᠠᠰ ᠤᠨ ᠬᠦᠭᠵᠢᠯᠳᠠ ᠳᠤ ᠲᠠᠮᠵᠢᠯᠭᠡ ᠦᠵᠠᠬᠦᠯᠬᠦ ᠪᠠᠨ ᠴᠢᠩᠭᠠᠳᠬᠠᠬᠤ ᠬᠡᠷᠡᠭᠳᠡᠢ᠃ | | ︵ᠭᠤᠷᠪᠠ︶ ᠠᠮᠢ ᠠᠬᠤᠢ ᠪᠠᠭᠤᠷᠠᠢ ᠤᠷᠤᠨ ᠤ ᠶᠠᠳᠠᠭᠤ ᠶᠢ ᠲᠠᠳᠬᠦᠬᠦ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠠ ᠪᠠᠨ ᠦᠨᠠᠩᠬᠦ ᠲᠠᠭᠡᠭᠰᠢᠯᠠᠬᠦᠯᠬᠦ ᠬᠡᠷᠡᠭᠳᠡᠢ᠃ | 1. ᠲᠦᠪᠬᠢᠨᠠᠬᠦᠯᠬᠦ ᠠᠷᠠᠳ ᠲᠤ ᠬᠦᠮᠦᠨ ᠪᠦᠷᠢ ᠳᠤ ᠬᠠᠮᠤᠭ ᠪᠠᠭ᠎ᠠ ᠳᠠᠭᠠᠨ 0.5 ᠮᠤ᠋ ᠶᠢᠨ ᠦᠨᠳᠤᠰᠤᠨ | ᠲᠠᠷᠢᠶᠠᠨ ᠭᠠᠵᠠᠷ ᠪᠠᠶᠢᠬᠤ ᠶᠢ ᠪᠠᠳᠤᠯᠠᠨ᠎ᠠ᠃ ᠲᠦᠪᠬᠢᠨᠠᠬᠦᠯᠬᠦ ᠠᠷᠠᠳ ᠲᠤ ᠬᠡᠷᠡᠭᠯᠠᠬᠦ ᠰᠠᠭᠤᠷᠢᠰᠢᠯ ᠤᠨ ᠭᠠᠵᠠᠷ ᠪᠠ | ᠲᠠᠷᠢᠶᠠᠨ ᠭᠠᠵᠠᠷ ᠨᠢ ᠤᠯᠤᠰ ᠤᠨ ᠦᠮᠴᠢᠯᠠᠯᠳᠤ ᠠᠳᠠᠷ ᠠᠭᠤᠯᠠ᠂ ᠠᠳᠠᠷ ᠭᠠᠵᠠᠷ ᠪᠤᠯ ᠬᠠᠮᠢᠶ᠎ᠠ ᠪᠦᠬᠦᠢ ᠰᠢᠶᠠᠩ | ᠪᠠᠯᠭᠠᠰᠤ᠂ ᠲᠠᠯᠠᠪᠠᠢ ᠨᠢ ᠦᠨ᠎ᠠ ᠲᠦᠯᠦᠪᠤᠷᠢ ᠦᠭᠡᠢ ᠪᠠᠷ ᠨᠠᠬᠦᠭᠰᠡᠨ ᠠᠷᠠᠳ ᠲᠤ ᠲᠠᠭᠠᠭᠠᠴᠢᠯᠠᠨ ᠦᠭᠬᠦᠨ᠎ᠠ᠃ | ᠨᠠᠶᠢᠳᠠ ᠶᠢᠨ ᠭᠠᠵᠠᠷ ᠰᠢᠷᠦᠢ ᠳᠤ ᠬᠠᠷᠢᠶᠠᠯᠠᠬᠳᠠᠪᠠᠯ ᠪᠤᠳᠠᠳᠠᠢ ᠬᠡᠷᠡᠭᠯᠠᠵᠤ ᠪᠤᠯᠬᠤ ᠲᠠᠯᠠᠪᠠᠢ ᠶᠤᠰᠤᠭᠠᠷ ᠵᠦᠪᠳᠠᠯᠴᠠᠨ | ᠲᠤᠬᠢᠷᠠᠭᠤᠯᠬᠤ ᠪᠤᠶᠤ ᠵᠤᠬᠢᠬᠤ ᠬᠡᠮᠵᠢᠶᠠᠨ ᠤ ᠲᠦᠯᠦᠪᠤᠷᠢ ᠦᠭᠴᠤ᠂ ᠨᠠᠬᠦᠬᠦ ᠠᠷᠠᠳ ᠲᠤ ᠲᠠᠭᠠᠭᠠᠴᠢᠯᠠᠨ ᠦᠭᠬᠦᠨ᠎ᠠ | ᠃ | 2. ᠨᠦᠬᠦᠴᠠᠯ ᠲᠠᠢ ᠪᠤᠯ ᠨᠠᠬᠦᠬᠦ ᠠᠷᠠᠳ ᠲᠤ ᠭᠠᠵᠠᠷ ᠲᠤᠬᠢᠷᠠᠭᠤᠯᠵᠤ ᠦᠭᠬᠦ ᠦᠭᠡᠢ ᠶᠢ ᠬᠡᠷᠡᠭᠵᠢᠬᠦᠯᠵᠤ᠂ | ᠬᠤᠳᠠ ᠪᠠᠯᠭᠠᠰᠤᠨ ᠳᠤ ᠨᠠᠬᠦᠯᠭᠡᠵᠤ᠂ ᠲᠠᠷᠢᠶᠠᠯᠠᠩ ᠮᠠᠯᠵᠢᠯ ᠤᠨ ᠪᠤᠰᠤ ᠤᠶᠢᠯᠠᠳᠪᠤᠷᠢᠯᠠᠯ ᠳᠤ ᠤᠷᠤᠯᠴᠠᠭᠤᠯᠵᠤ᠂ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠲᠠᠬᠦᠯᠳᠠᠷᠵᠢᠬᠦᠯᠵᠤ᠂ ᠲᠤᠬᠠᠢ ᠶᠢᠨ ᠭᠠᠵᠠᠷ | ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠬᠠᠷᠠᠭᠠᠯᠵᠠᠯᠠᠯ ᠬᠦᠷᠳᠡᠭᠡᠨ᠎ᠠ᠃ | 3. ᠬᠦᠳᠠᠯᠮᠤᠷᠢ ᠬᠦᠴᠦᠨ ᠤ ᠪᠤᠯᠪᠠᠰᠤᠷᠠᠯ ᠤᠨ ᠬᠦᠴᠦᠯᠠᠴᠠ ᠪᠠᠨ ᠴᠢᠩᠭᠠᠳᠬᠠᠵᠤ᠂ ᠠᠮᠢ ᠠᠬᠤᠢ ᠪᠠᠭᠤᠷᠠᠢ | ᠤᠷᠤᠨ ᠤ ᠶᠠᠳᠠᠭᠤ ᠶᠢ ᠲᠠᠳᠬᠦᠵᠤ ᠨᠠᠬᠦᠯᠭᠡᠭᠰᠠᠨ ᠡᠷᠦᠭᠡ ᠶᠢᠨ ᠬᠡᠦᠭᠡᠳ ᠲᠤ ᠠᠵᠢᠯ ᠮᠠᠷᠭᠡᠵᠢᠯ ᠤᠨ ᠪᠤᠯᠪᠠᠰᠤᠷᠠᠯ ᠪᠠ | ᠬᠦᠳᠠᠯᠮᠤᠷᠢ ᠤᠶᠢᠯᠠᠴᠢᠯᠠᠭᠡᠨ ᠤ ᠴᠢᠳᠠᠪᠤᠷᠢ ᠶᠢᠨ ᠪᠤᠯᠪᠠᠰᠤᠷᠠᠯ ᠢ ᠤᠷᠢᠳᠠᠪᠠᠷ ᠬᠦᠷᠳᠡᠭᠡᠵᠤ᠂ ᠤᠶᠢᠯᠠᠳᠪᠤᠷᠢᠯᠠᠯ ᠤᠨ | ᠬᠡᠷᠡᠭᠴᠡᠭᠡ ᠶᠢ ᠪᠠᠳᠤᠯᠠᠨ᠎ᠠ᠃ ᠨᠠᠬᠦᠭᠰᠡᠨ ᠠᠷᠠᠳ ᠲᠤ ᠬᠡᠷᠡᠭᠯᠡᠭᠡᠨ ᠤ ᠮᠠᠷᠭᠡᠵᠢᠯ ᠤᠨ ᠪᠤᠯᠪᠠᠰᠤᠷᠠᠯ ᠪᠠ ᠬᠦᠳᠠᠯᠮᠤᠷᠢ | ᠬᠦᠴᠦᠨ ᠤ ᠪᠤᠯᠪᠠᠰᠤᠷᠠᠯ ᠢ ᠦᠨ᠎ᠠ ᠲᠦᠯᠦᠪᠤᠷᠢ ᠦᠭᠡᠢ ᠪᠠᠷ ᠬᠠᠩᠭᠠᠨ᠎ᠠ᠃ | ︵ᠲᠦᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠬᠠᠮᠢᠶᠠᠷᠤᠯᠳᠠ | ᠬᠢᠨᠠᠯᠳᠠ ᠶᠢᠨ ᠲᠦᠷᠢᠮ ᠢ ᠪᠠᠶᠢᠭᠤᠯᠤᠨ ᠲᠠᠬᠦᠯᠳᠠᠷᠵᠢᠬᠦᠯᠦᠨ᠎ᠠ᠃ | ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠡᠳ᠋ ᠤᠨ ᠵᠠᠰᠠᠭ ᠤᠨ ᠪᠠᠯᠠ | ᠮᠦᠩᠬᠦ ᠶᠢᠨ ᠬᠠᠮᠢᠶᠠᠷᠤᠯᠳᠠ ᠳᠤ ᠲᠤᠰᠬᠠᠢ ᠡᠷᠦᠭᠡ ᠪᠠᠷ ᠬᠠᠳᠠᠭᠠᠯᠠᠬᠤ᠂ ᠲᠤᠰᠬᠠᠢ ᠲᠠᠩᠰᠠ ᠪᠠᠷ ᠬᠠᠮᠢᠶᠠᠷᠬᠤ᠂ | ᠲᠤᠰᠬᠠᠢ ᠵᠤᠭᠤᠰ ᠢ ᠲᠤᠰᠬᠠᠢ ᠬᠡᠷᠡᠭᠯᠠᠵᠤ ᠪᠢᠳᠠᠬᠦᠮᠵᠢᠯᠠᠨ ᠶᠠᠪᠤᠬᠳᠠᠭᠤᠯᠤᠨ᠎ᠠ᠃ ᠢᠨᠵᠧᠨᠧᠷᠢᠭ ᠤᠨ ᠪᠦᠳᠦᠭᠡᠨ | ᠪᠠᠶᠢᠭᠤᠯᠤᠯᠳᠠ ᠶᠢᠨ ᠠᠬᠢᠴᠠ ᠶᠤᠰᠤᠭᠠᠷ ᠴᠠᠭ ᠲᠤᠬᠠᠢ ᠳᠤᠨᠢ ᠬᠡᠮᠵᠢᠶ᠎ᠠ ᠶᠤᠰᠤᠭᠠᠷ ᠰᠠᠯᠭᠠᠨ ᠦᠭᠬᠦᠨ᠎ᠠ᠃ ᠰᠢᠬᠠᠨ | ᠡᠵᠡᠯᠠᠵᠤ ᠨᠠᠬᠦᠯᠭᠡᠨ ᠬᠡᠷᠡᠭᠯᠠᠵᠤ ᠪᠤᠯᠬᠤ ᠦᠭᠡᠢ᠃ ᠵᠠᠰᠠᠭ ᠤᠨ ᠶᠠᠪᠤᠳᠠᠯ ᠢ ᠢᠯᠠ ᠪᠠᠶᠢᠯᠭᠠᠬᠤ᠂ ᠭᠠᠴᠠᠭᠠᠨ ᠤ | ᠶᠠᠪᠤᠳᠠᠯ ᠢ ᠢᠯᠠ ᠪᠠᠶᠢᠯᠭᠠᠬᠤ ᠵᠠᠷᠭᠡ ᠠᠷᠭ᠎ᠠ ᠮᠠᠶ᠋ᠢᠭ ᠢᠶᠠᠷ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ | ᠶᠠᠳᠠᠭᠤ ᠶᠢ ᠲᠠᠳᠬᠦᠬᠦ ᠲᠦᠷᠦ ᠶᠢᠨ ᠪᠤᠳᠤᠯᠭ᠎ᠠ᠂ ᠡᠯ᠎ᠡ ᠲᠦᠷᠦᠯ ᠤᠨ ᠪᠠᠯᠠ ᠤᠷᠤᠭᠤᠯᠤᠯᠳᠠ ᠵᠢᠴᠢ ᠨᠦᠬᠦᠪᠤᠷᠢ | ᠮᠦᠩᠬᠦ ᠶᠢᠨ ᠪᠦᠷᠢᠯᠳᠤᠴᠠ᠂ ᠲᠦᠪᠬᠢᠨᠠᠬᠦᠯᠬᠦ ᠪᠠᠷ ᠲᠦᠯᠦᠪᠯᠠᠵᠤ ᠪᠠᠶᠢᠬᠤ ᠭᠠᠵᠠᠷ ᠤᠨ ᠦᠨᠳᠤᠰᠤᠨ ᠪᠠᠶᠢᠳᠠᠯ ᠳᠤ | ᠨᠠᠬᠦᠯᠭᠡᠬᠦ ᠢᠨᠵᠧᠨᠧᠷᠢᠭ ᠤᠨ ᠭᠤᠤᠯ ᠪᠦᠳᠦᠭᠡᠨ ᠪᠠᠶᠢᠭᠤᠯᠤᠯᠳᠠ ᠶᠢᠨ ᠠᠭᠤᠯᠭ᠎ᠠ᠂ ᠨᠠᠬᠦᠯᠬᠡᠬᠦ ᠡᠳᠡᠭᠡᠳ ᠤᠨ | ᠨᠦᠬᠦᠴᠠᠯ ᠪᠠᠯᠠ ᠮᠦᠩᠬᠦ ᠶᠢ ᠬᠡᠷᠡᠭᠯᠠᠬᠦ ᠵᠠᠷᠭᠡ ᠬᠠᠮᠢᠶ᠎ᠠ ᠪᠦᠬᠦᠢ ᠠᠭᠤᠯᠭ᠎ᠠ ᠳᠤ ᠨᠠᠶᠢᠳᠠᠯᠠᠯᠳᠠ ᠬᠢᠵᠤ᠂ ᠲᠦᠪ | ᠴᠢᠭᠡᠴᠢ᠂ ᠲᠡᠭᠰᠢ᠂ ᠢᠯᠠ ᠪᠠᠶᠢᠬᠤ ᠶᠢ ᠪᠠᠳᠤᠯᠠᠨ᠎ᠠ᠃ ᠡᠬᠦᠨ ᠤ ᠵᠠᠷᠭᠡᠪᠠᠷ ᠲᠦᠷᠦᠯ ᠵᠦᠢᠯ ᠤᠨ ᠲᠠᠩᠰᠠ ᠡᠪᠬᠡᠮᠠᠯ | ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠬᠤ᠂ ᠲᠦᠷᠦᠯ ᠵᠦᠢᠯ ᠤᠨ ᠵᠢᠷᠤᠭ ᠲᠦᠷᠰᠤ᠂ ᠪᠢᠴᠢᠭ ᠮᠠᠲ᠋ᠧᠷᠢᠶᠠᠯ | ᠤᠨ ᠲᠠᠩᠰᠠ ᠡᠪᠬᠡᠮᠠᠯ᠂ ᠨᠠᠬᠦᠬᠦ ᠡᠷᠦᠭᠡ ᠶᠢᠨ ᠨᠠᠬᠦᠨ ᠰᠢᠯᠵᠢᠬᠦ ᠭᠤᠶᠤᠴᠢᠯᠠᠯ ᠤᠨ ᠪᠢᠴᠢᠭ᠂ ᠨᠠᠬᠦᠬᠦ ᠡᠷᠦᠭᠡ ᠶᠢᠨ | ᠨᠠᠷᠠᠰ ᠤᠨ ᠲᠠᠪᠳᠠᠷ᠂ ᠰᠢᠯᠭᠠᠨ ᠬᠤᠷᠢᠶᠠᠬᠤ ᠰᠠᠨᠠᠯ ᠵᠠᠷᠭᠡ ᠶᠢ ᠰᠠᠶᠢᠳᠤᠷ ᠬᠢᠬᠦ ᠬᠡᠷᠡᠭᠳᠡᠢ᠃ | ᠲᠠᠪᠤ᠂ ᠤᠳᠤᠷᠢᠳᠤᠯᠭ᠎ᠠ ᠪᠠᠨ ᠴᠢᠩᠭᠠᠳᠬᠠᠵᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠢ ᠠᠬᠤᠢ | ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠤᠨ ᠤᠷᠤᠬᠰᠢᠳᠠᠢ ᠶᠠᠪᠤᠬᠳᠠᠬᠤ ᠶᠢ | ᠪᠠᠳᠤᠯᠠᠬᠤ ᠬᠡᠷᠡᠭᠳᠡᠢ᠃ | ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢ ᠠᠮᠢ ᠠᠬᠤᠢ | ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠤᠨ ᠵᠤᠬᠢᠶᠠᠨ ᠪᠠᠶᠢᠭᠤᠯᠤᠯᠳᠠ | ᠤᠳᠤᠷᠢᠳᠤᠯᠭ᠎ᠠ ᠪᠠᠨ ᠦᠨᠠᠩᠬᠦ ᠴᠢᠩᠭᠠᠳᠬᠠᠵᠤ᠂ ᠰᠢᠨ᠎ᠠ ᠪᠠᠷ ᠨᠢᠭᠡᠳᠦᠯᠳᠠᠢ ᠲᠦᠯᠦᠪᠯᠠᠵᠤ ᠨᠠᠷᠢᠯᠢᠭ ᠪᠠᠶᠢᠷᠢᠯᠠᠭᠤᠯᠵᠤ᠂ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠢᠳᠠᠪᠬᠢᠳᠠᠢ ᠰᠤᠳᠤᠯᠵᠤ᠂ ᠠᠵᠢᠯ ᠤᠨ ᠲᠤᠬᠳᠠᠴᠠ ᠶᠢ ᠪᠠᠶᠢᠭᠤᠯᠬᠤ | ᠪᠠ ᠲᠠᠬᠦᠯᠳᠠᠷᠵᠢᠬᠦᠯᠵᠤ᠂ ᠠᠰᠢᠬᠳᠠᠢ ᠲᠤᠬᠢᠶᠠᠯ ᠢ ᠠᠳᠬᠤᠵᠤ᠂ ᠠᠬᠢᠴᠠ ᠪᠠᠨ ᠲᠦᠷᠭᠡᠳᠭᠡᠵᠤ᠂ ᠪᠤᠳᠠᠳᠠᠢ ᠪᠠᠶᠢᠳᠠᠯ | ᠳᠤ ᠴᠢᠭᠯᠡᠬᠦᠯᠦᠨ ᠬᠠᠷᠢᠭᠤᠴᠠᠬᠤ ᠠᠷᠭ᠎ᠠ ᠪᠠᠨ ᠰᠤᠳᠤᠯᠵᠤ᠂ ᠪᠦᠳᠦᠮᠵᠢᠳᠠᠢ ᠠᠷᠭ᠎ᠠ ᠪᠤᠳᠤᠯᠭ᠎ᠠ ᠶᠢ ᠲᠤᠬᠳᠠᠭᠠᠬᠤ | ᠬᠡᠷᠡᠭᠳᠠᠢ᠃ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠦᠪᠠᠷ ᠤᠨ ᠬᠠᠷᠢᠭᠤᠴᠠᠯᠭ᠎ᠠ ᠪᠠᠨ ᠦᠨᠳᠤᠰᠤᠯᠠᠵᠤ᠂ ᠠᠵᠢᠯ | ᠢᠶᠠᠨ ᠬᠤᠪᠢᠶᠠᠨ ᠬᠠᠪᠰᠤᠷᠤᠨ ᠬᠠᠷᠢᠭᠤᠴᠠᠵᠤ᠂ ᠭᠠᠴᠠᠭ᠎ᠠ ᠲᠤᠰᠬᠤᠨ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ | ᠲᠦᠷᠦᠯ ᠵᠦᠢᠯ ᠢ ᠶᠠᠪᠤᠭᠤᠯᠵᠤ ᠪᠠᠶᠢᠬᠤ ᠲᠤᠮᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠤᠯᠤᠰ ᠤᠨ | ᠲᠦᠷᠦ ᠶᠢᠨ ᠪᠤᠳᠤᠯᠭ᠎ᠠ ᠶᠢᠨ ᠲᠠᠮᠵᠢᠯᠭᠡ ᠪᠠ ᠪᠠᠯᠠ ᠮᠦᠩᠬᠦᠨ ᠤ ᠲᠠᠮᠵᠢᠯᠭᠡ ᠶᠢ ᠢᠳᠡᠪᠬᠢᠳᠠᠢ ᠲᠠᠮᠠᠴᠠᠨ ᠤᠯᠵᠤ᠂ | ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠢ ᠢᠯᠭᠤᠮ ᠤᠷᠤᠬᠰᠢᠳᠠᠢ | ᠶᠠᠪᠤᠬᠳᠠᠬᠤ ᠪᠠ ᠬᠠᠷᠠᠯᠳᠠ ᠡᠬᠦᠷᠭᠡ ᠶᠢ ᠪᠦᠬᠦ ᠲᠠᠯ᠎ᠠ ᠪᠠᠷ ᠪᠠᠶᠠᠯᠠᠬᠦᠯᠬᠦ ᠶᠢ ᠪᠠᠳᠤᠯᠠᠬᠤ ᠬᠡᠷᠡᠭᠳᠡᠢ᠃ | | ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2015 ᠤᠨ ᠤ 5 ᠰᠠᠷ᠎ᠠ ᠶᠢᠨ 8 ᠤ ᠡᠳᠦᠷ | | |