ᠤᠩᠨᠢᠭᠤᠳ ᠵᠠᠰᠠᠭ ᠲᠠᠷᠬᠠᠭᠠᠬᠤ ﹇2015﹈ 162 ᠳ᠋ᠤᠭᠠᠷ ᠨᠤᠮᠧᠷᠳᠤ | ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︽ᠤᠩᠨᠢᠭᠤᠳ ᠬᠤᠰᠢᠭᠤᠨ ᠤ ﹇ | ᠠᠷᠪᠠ ᠶᠢ ᠪᠦᠷᠬᠦᠬᠦᠯᠬᠦ﹈ ᠢᠨᠵᠧᠨᠧᠷᠢᠭ ᠢ ﹇ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ ᠮᠦᠩᠬᠦ | ᠶᠢᠨ ᠬᠠᠮᠢᠶᠠᠷᠤᠯᠳᠠ ᠶᠢᠨ ᠠᠷᠭ᠎ᠠ︾ ᠶᠢ ᠲᠠᠷᠤᠮᠠᠯᠯᠠᠨ ᠲᠠᠷᠬᠠᠭᠠᠬᠤ ᠲᠤᠬᠠᠢ ᠮᠠᠳᠡᠭᠳᠡᠯ | ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠷᠬᠢᠯᠡᠭᠰᠡᠨ ᠮᠠᠯ | ᠲᠠᠷᠢᠶᠠᠯᠠᠩ ᠤᠨ ᠲᠠᠯᠠᠪᠠᠢ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠡᠯ᠎ᠡ ᠰᠢᠭᠤᠳ | ᠬᠠᠷᠢᠶ᠎ᠠ ᠪᠠᠶᠢᠭᠤᠯᠤᠯᠭ᠎ᠠ ᠳᠤ᠄ | ᠬᠤᠰᠢᠭᠤᠨ ᠤ ᠵᠠᠰᠠᠭ ᠤᠨ ᠤᠷᠳᠤᠨ ᠤ ᠵᠦᠪᠰᠢᠶᠠᠷᠠᠯ ᠢᠶᠠᠷ ᠲᠠᠮᠵᠢᠨ ᠲᠤᠤᠷ᠎ᠠ ︽ᠤᠩᠨᠢᠭᠤᠳ ᠬᠤᠰᠢᠭᠤᠨ | ᠤ ﹇ᠠᠷᠪᠠ ᠶᠢ ᠪᠦᠷᠬᠦᠬᠦᠯᠬᠦ﹈ ᠢᠨᠵᠧᠨᠧᠷᠢᠭ ᠢ ﹇ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ | ᠮᠦᠩᠬᠦ ᠶᠢᠨ ᠬᠠᠮᠢᠶᠠᠷᠤᠯᠳᠠ ᠶᠢᠨ ᠠᠷᠭ᠎ᠠ︾ ᠶᠢ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠬᠦᠯᠳᠦᠭᠡᠢ᠃ | ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2015 ᠤᠨ ᠤ 8 ᠰᠠᠷᠠᠶᠢᠨ 3 ᠤ ᠡᠳᠦᠷ | | ᠤᠩᠨᠢᠭᠤᠳ ᠬᠤᠰᠢᠭᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ﹇ᠤᠷᠢᠳᠠᠪᠠᠷ | ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ ᠮᠦᠩᠬᠦ ᠶᠢᠨ ᠬᠠᠮᠢᠶᠠᠷᠤᠯᠳᠠ ᠶᠢᠨ ᠠᠷᠭ᠎ᠠ | ᠨᠢᠭᠡᠳᠦᠭᠡᠷ ᠵᠤᠷᠪᠤᠰ᠂ ᠪᠦᠬᠦ ᠬᠤᠰᠢᠭᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠬᠠᠮᠢᠶ᠎ᠠ ᠪᠦᠬᠦᠢ | ᠱᠠᠭᠠᠷᠳᠠᠯᠭ᠎ᠠ ᠪᠠ ︽ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠬᠤᠷᠠᠯᠳᠤᠭᠠᠨ | ᠤ ᠵᠤᠷᠢᠭ ᠰᠠᠨᠠᠭ᠎ᠠ ᠶᠢ ᠦᠨᠳᠤᠰᠤᠯᠠᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ | ᠲᠤᠰ ᠠᠷᠭ᠎ᠠ ᠶᠢ ᠲᠤᠬᠳᠠᠭᠠᠪᠠ᠃ | ᠬᠤᠶᠠᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠤᠯ ᠬᠤᠰᠢᠭᠤᠨ ᠤ ︽ | ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠲᠤᠭᠤᠶᠢᠯᠠᠩ ᠤᠨ ᠴᠤᠬᠤᠯᠠᠪᠤᠷᠢᠯᠠᠬᠰᠠᠨ ᠪᠦᠳᠦᠭᠡᠨ | ᠪᠠᠶᠢᠭᠤᠯᠤᠯᠳᠠ ᠶᠢᠨ ᠠᠭᠤᠯᠭ᠎ᠠ ᠶᠢ ᠦᠨᠳᠤᠰᠤᠯᠠᠵᠤ᠂ ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ | ᠬᠡᠷᠡᠭ ᠡᠷᠬᠢᠯᠠᠬᠦ ᠭᠠᠵᠠᠷ ᠤᠨ ᠦᠪᠠᠷᠳᠡᠭᠡᠨ ᠤᠷᠢᠳᠠᠪᠠᠷ ᠪᠠᠶᠢᠭᠤᠯᠵᠤ ᠪᠠᠶᠢᠬᠤ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ ᠪᠤᠯᠤᠨ᠎ᠠ᠃ ᠲᠦᠷᠦᠯ ᠵᠦᠢᠯ ᠢ ᠪᠦᠳᠦᠭᠡᠨ ᠪᠠᠶᠢᠭᠤᠯᠵᠤ ᠲᠠᠭᠤᠰᠤᠬᠰᠠᠨ ᠤ ᠲᠠᠷᠠᠭ᠎ᠠ ᠪᠦᠳᠦᠭᠡᠨ | ᠪᠠᠶᠢᠭᠤᠯᠤᠯᠳᠠ ᠶᠢᠨ ᠠᠭᠤᠯᠭ᠎ᠠ ᠳᠤ ᠡᠳ᠋ ᠤᠨ ᠵᠠᠰᠠᠭ ᠤᠨ ᠨᠦᠬᠦᠪᠤᠷᠢ ᠶᠢ ᠦᠭᠬᠦ ᠨᠢᠭᠡ ᠵᠦᠢᠯ ᠤᠨ ᠲᠦᠷᠦᠯ ᠵᠦᠢᠯ | ᠤᠨ ᠬᠠᠮᠢᠶᠠᠷᠤᠯᠳᠠ ᠶᠢᠨ ᠵᠠᠬᠪᠤᠷ ᠪᠤᠯᠤᠨ᠎ᠠ᠃ | ᠭᠤᠷᠪᠠᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠠᠯᠠ ᠮᠦᠩᠬᠦ ᠶᠢ | ᠬᠤᠰᠢᠭᠤᠨ ᠤ ︽ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠲᠤᠭᠤᠶᠢᠯᠠᠩ ᠤᠨ ᠲᠤᠬᠳᠠᠭᠠᠬᠰᠠᠨ | ᠭᠠᠴᠠᠭ᠎ᠠ ᠲᠤᠰᠬᠤᠨ ᠤ ᠲᠤᠤᠷᠠᠬᠢ ᠮᠠᠳᠤ ᠭᠤᠤᠯ ᠪᠦᠳᠦᠭᠡᠨ ᠪᠠᠶᠢᠭᠤᠯᠤᠯᠳᠠ ᠶᠢᠨ ᠠᠭᠤᠯᠭ᠎ᠠ᠄ ︽ᠲᠦᠷᠪᠠ ᠶᠢ | ᠴᠠᠪᠠᠷᠯᠠᠬᠦ︾ ᠢᠨᠵᠧᠨᠧᠷᠢᠭ᠂ ᠵᠠᠮ ᠤᠨ ᠬᠤᠶᠠᠷ ᠲᠠᠯ᠎ᠠ ᠶᠢᠨ ᠬᠡᠷᠡᠮ ᠬᠦᠷᠢᠶ᠎ᠠ ᠶᠢ ᠭᠤᠶᠤᠵᠢᠭᠤᠯᠬᠤ᠂ ᠵᠠᠬᠡᠯᠢ | ᠭᠤᠳᠤᠮᠵᠢ ᠶᠢ ᠬᠠᠳᠠᠭᠤᠷᠠᠭᠤᠯᠬᠤ ︵ᠬᠠᠶᠢᠷ ᠴᠢᠯᠠᠭᠤᠨ ᠵᠠᠮ︶᠂ ᠬᠢᠯᠠᠴᠢᠯᠠᠬᠤ ᠪᠠ ᠨᠤᠭᠤᠭᠠᠷᠠᠭᠤᠯᠬᠤ ᠢᠨᠵᠧᠨᠧᠷᠢᠭ᠂ | ᠰᠤᠶᠤᠯ ᠤᠨ ᠠᠵᠢᠯᠯᠠᠭᠠᠨ ᠤ ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠵᠠᠷᠭᠡ ᠶᠢ ᠲᠠᠮᠵᠢᠨ᠎ᠠ᠃ | ᠲᠦᠷᠪᠠᠳᠤᠭᠡᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠲᠦᠷᠦᠯ ᠵᠦᠢᠯ ᠨᠢ | ᠬᠡᠷᠡᠳᠤ ᠲᠦᠷᠢᠮ᠂ ᠬᠢᠨᠠᠨ ᠬᠠᠮᠢᠶᠠᠷᠬᠤ ᠲᠦᠷᠢᠮ᠂ ᠪᠠᠷᠢᠯᠭ᠎ᠠ ᠲᠠᠭᠤᠰᠤᠬᠰᠠᠨ ᠤ ᠲᠠᠷᠠᠭ᠎ᠠ ᠲᠠᠰᠤᠯᠤᠨ ᠪᠤᠳᠤᠬᠤ᠂ | ᠬᠢᠨᠠᠨ ᠪᠤᠳᠤᠬᠤ ᠲᠦᠷᠢᠮ ᠢ ᠬᠡᠷᠡᠭᠵᠢᠬᠦᠯᠦᠨ᠎ᠠ᠃ | ᠲᠠᠪᠤᠳᠤᠭᠠᠷ ᠵᠤᠷᠪᠤᠰ᠂ ᠲᠦᠷᠦᠯ ᠵᠦᠢᠯ ᠢ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠨᠢ | ᠦᠪᠠᠷ ᠢᠶᠠᠨ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠠ᠃ ᠬᠠᠳᠠᠭᠤᠷᠠᠭᠤᠯᠬᠤ᠂ ᠭᠤᠶᠤᠵᠢᠭᠤᠯᠬᠤ᠂ ᠨᠤᠭᠤᠭᠠᠷᠠᠭᠤᠯᠬᠤ | ᠂ ᠬᠢᠯᠠᠴᠢᠯᠠᠬᠤ ᠵᠠᠷᠭᠡ ᠪᠠᠯᠠ ᠤᠷᠤᠭᠤᠯᠤᠯᠳᠠ ᠶᠢᠨ ᠬᠡᠪᠴᠢᠶ᠎ᠠ ᠨᠠᠯᠢᠶᠠᠳ ᠶᠡᠭᠡ ᠲᠦᠷᠦᠯ ᠵᠦᠢᠯ ᠢ ᠪᠠᠷᠢᠯᠭ᠎ᠠ ᠶᠢᠨ | ᠬᠢᠷᠢ ᠬᠡᠮ ᠲᠠᠢ ᠠᠵᠤ ᠠᠬᠤᠶᠢᠯᠠᠯ ᠢ ᠰᠢᠯᠢᠵᠤ ᠪᠦᠳᠦᠭᠡᠨ ᠪᠠᠶᠢᠭᠤᠯᠤᠨ᠎ᠠ᠃ | ᠵᠢᠷᠭᠤᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ᠂ ᠲᠠᠷᠠᠭ᠎ᠠ ᠨᠢ ᠨᠦᠬᠦᠪᠤᠷᠢᠯᠠᠬᠦ︾ ᠲᠦᠷᠦᠯ ᠵᠦᠢᠯ ᠤᠨ | ᠨᠦᠬᠦᠪᠤᠷᠢ ᠶᠢᠨ ᠪᠠᠯᠠ ᠮᠦᠩᠬᠦ ᠶᠢᠨ ᠬᠡᠮᠵᠢᠶ᠎ᠠ ᠶᠢ ᠬᠤᠰᠢᠭᠤᠨ ᠤ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠲᠤᠬᠳᠠᠭᠠᠬᠰᠠᠨ ᠲᠤᠭ᠎ᠠ ᠨᠤᠷᠮ᠎ᠠ ᠪᠠᠷ ᠪᠠᠷᠢᠮᠵᠢᠶ᠎ᠠ ᠪᠤᠯᠭᠠᠨ᠎ᠠ᠃ ᠡᠯ᠎ᠡ ᠰᠤᠮᠤ ᠰᠢᠶᠠᠩ | ᠪᠠᠯᠭᠠᠰᠤ ᠵᠡᠬᠡᠯᠢ ᠭᠤᠳᠤᠮᠵᠢ ᠨᠢ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠠᠯᠠ ᠮᠦᠩᠬᠦᠨ ᠤ | ᠲᠤᠰᠬᠠᠢ ᠲᠠᠩᠰᠠ ᠶᠢ ᠪᠠᠶᠢᠭᠤᠯᠵᠤ᠂ ᠠᠰ ᠲᠤᠨᠢ ᠲᠤᠭᠠᠴᠠᠭ᠎ᠠ ᠬᠢᠨ᠎ᠠ᠃ | ᠲᠤᠯᠤᠳᠤᠭᠠᠷ ᠵᠤᠷᠪᠤᠰ᠂ ᠬᠠᠳᠠᠭᠤᠷᠠᠭᠤᠯᠬᠤ᠂ ᠭᠤᠶᠤᠵᠢᠭᠤᠯᠬᠤ᠂ ᠨᠤᠭᠤᠭᠠᠷᠠᠭᠤᠯᠬᠤ᠂ ᠬᠢᠯᠠᠴᠢᠯᠠᠬᠤ ᠵᠠᠷᠭᠡ | ᠪᠠᠯᠠ ᠤᠷᠤᠭᠤᠯᠬᠤ ᠬᠡᠮᠵᠢᠶ᠎ᠠ ᠨᠠᠯᠢᠶᠠᠳ ᠶᠡᠭᠡ ᠪᠦᠭᠡᠳ ᠲᠤᠬᠳᠠᠮᠠᠯ ᠬᠦᠷᠦᠩᠭᠡ ᠪᠤᠯᠵᠤ ᠪᠦᠷᠢᠯᠳᠤᠬᠦ ᠲᠦᠷᠦᠯ ᠵᠦᠢᠯ | ᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠤᠷᠢᠶᠠᠨ ᠰᠢᠯᠭᠠᠵᠤ ᠬᠢᠷᠢ ᠲᠠᠩᠴᠡᠭᠰᠡᠨ ᠤ ᠲᠠᠷᠠᠭ᠎ᠠ᠂ ᠡᠳ᠋ ᠤᠨ ᠵᠠᠰᠠᠭ | ᠤᠨ ᠰᠠᠯᠠᠭ᠎ᠠ ᠮᠦᠴᠢᠷ ᠠᠴᠠ ᠬᠡᠷ᠎ᠡ ᠶᠢᠨ ᠦᠨ᠎ᠠ ᠶᠢᠨ 90% ᠶᠢ ᠰᠤᠮᠤ ᠰᠢᠶᠠᠩ ᠪᠠᠯᠭᠠᠰᠤ ᠲᠠᠯᠠᠪᠠᠢ ᠳᠤ | ᠰᠢᠯᠵᠢᠬᠦᠯᠵᠤ ᠦᠭᠬᠦᠨ᠎ᠠ᠃ ᠨᠢᠭᠡ ᠵᠢᠯ ᠬᠦᠢᠴᠡᠭᠰᠡᠨ ᠤ ᠲᠠᠷᠠᠭ᠎ᠠ᠂ ᠶᠠᠰᠤ ᠴᠢᠨᠠᠷ ᠤᠨ ᠠᠰᠠᠭᠤᠳᠠᠯ ᠭᠠᠷᠬᠤ ᠦᠭᠡᠢ | ᠪᠤᠯ ᠦᠯᠠᠳᠡᠭᠰᠡᠨ ᠬᠡᠰᠡᠭ ᠪᠠᠯᠠ ᠮᠦᠩᠬᠦ ᠶᠢ ᠰᠢᠯᠵᠢᠬᠦᠯᠵᠤ ᠦᠭᠬᠦᠨ᠎ᠠ᠃ ᠲᠠᠷᠬᠠᠢ ᠪᠤᠳᠠᠷᠬᠠᠢ ᠢᠨᠵᠧᠨᠧᠷᠢᠭ ᠢ | ᠬᠠᠮᠢᠶ᠎ᠠ ᠪᠦᠬᠦᠢ ᠰᠠᠯᠠᠭ᠎ᠠ ᠮᠦᠴᠢᠷ ᠰᠢᠯᠭᠠᠨ ᠬᠤᠷᠢᠶᠠᠵᠤ ᠬᠢᠷᠢ ᠲᠠᠩᠴᠡᠭᠰᠡᠨ ᠤ ᠲᠠᠷᠠᠭ᠎ᠠ᠂ ᠡᠳ᠋ ᠤᠨ ᠵᠠᠰᠠᠭ ᠤᠨ | ᠰᠠᠯᠠᠭ᠎ᠠ ᠮᠦᠴᠢᠷ ᠠᠴᠠ ᠪᠠᠷᠢᠯᠭ᠎ᠠ ᠲᠠᠭᠤᠰᠤᠬᠰᠠᠨ ᠲᠠᠰᠤᠯᠤᠨ ᠪᠤᠳᠤᠬᠤ ᠬᠢᠨᠠᠨ ᠪᠤᠳᠤᠬᠰᠠᠨ ᠲᠤᠭ᠎ᠠ ᠪᠠᠷ ᠨᠢᠭᠡᠯᠡ | ᠤᠳᠠᠭᠠᠨ ᠤ ᠴᠢᠨᠠᠷᠳᠠᠢ ᠪᠠᠷ ᠰᠤᠮᠤ ᠰᠢᠶᠠᠩ ᠪᠠᠯᠭᠠᠰᠤ ᠲᠠᠯᠠᠪᠠᠢ ᠳᠤ ᠰᠢᠯᠵᠢᠬᠦᠯᠦᠨ ᠦᠭᠬᠦᠨ᠎ᠠ᠃ | ᠨᠠᠢᠮᠠᠳᠤᠭᠠᠷ ᠵᠤᠷᠪᠤᠰ᠂ ᠲᠠᠭᠡᠷ᠎ᠡ ᠱᠠᠳᠤᠨ ᠤ ᠲᠤᠰᠬᠠᠢ ᠲᠦᠷᠦᠯ ᠤᠨ ᠪᠠᠯᠠ ᠮᠦᠩᠬᠦ ᠪᠠᠷ ᠲᠠᠮᠵᠢᠬᠰᠠᠨ ︽ | ᠠᠷᠪᠠ ᠶᠢ ᠪᠦᠷᠬᠦᠬᠦᠯᠬᠦ︾ ᠵᠡᠬᠡᠯᠢ ᠭᠤᠳᠤᠮᠵᠢ ᠶᠢᠨ ᠬᠠᠳᠠᠭᠤᠷᠠᠭᠤᠯᠬᠤ ᠲᠦᠷᠦᠯ ᠵᠦᠢᠯ ᠪᠠ ︽ᠭᠤᠷᠪᠠ ᠲᠤᠰᠬᠤᠨ | ᠳᠤ ᠬᠦᠷᠬᠦ᠂ ᠭᠤᠷᠪᠠ ᠡᠷᠦᠭᠡ ᠳᠤ ᠬᠦᠷᠬᠦ︾ ᠲᠦᠷᠦᠯ ᠵᠦᠢᠯ ᠵᠢᠴᠢ ᠡᠶᠢᠮᠤᠷᠬᠦ ᠮᠠᠶ᠋ᠢᠭ ᠪᠠᠶᠢᠳᠠᠯ ᠲᠠᠢ ᠲᠦᠷᠦᠯ | ᠵᠦᠢᠯ ᠢ ᠵᠦᠪᠰᠢᠶᠡᠷᠡᠭᠰᠡᠨ ᠤ ᠲᠠᠷᠠᠭ᠎ᠠ ᠲᠤᠰ ᠠᠷᠭ᠎ᠠ ᠪᠠᠷ ᠯᠠᠪᠯᠠᠯᠳᠠ ᠪᠤᠯᠭᠠᠵᠤ ᠬᠡᠷᠡᠭᠵᠢᠬᠦᠯᠵᠤ ᠪᠤᠯᠤᠨ᠎ᠠ᠃ | ᠶᠢᠰᠤᠳᠤᠭᠡᠷ ᠵᠤᠷᠪᠤᠰ᠂ ᠲᠤᠰ ᠠᠷᠭ᠎ᠠ ᠶᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠠᠷᠪᠠᠳᠤᠭᠠᠷ ᠵᠤᠷᠪᠤᠰ᠂ ᠲᠤᠰ ᠠᠷᠭ᠎ᠠ ᠶᠢ ᠨᠠᠶᠢᠳᠡᠯᠡᠭᠰᠡᠨ ᠡᠳᠦᠷ ᠠᠴᠠ ᠡᠬᠢᠯᠠᠨ ᠬᠡᠷᠡᠭᠵᠢᠬᠦᠯᠦᠨ᠎ᠠ᠃ | | | ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ | 2015 ᠤᠨ ᠤ 8 ᠰᠠᠷᠠᠶᠢᠨ 3 ᠤ ᠡᠳᠦᠷ ᠲᠠᠷᠤᠮᠠᠯᠯᠠᠨ ᠲᠠᠷᠬᠠᠭᠠᠪᠠ |