ᠦᠨᠳᠤᠰᠤᠳᠡᠨ ᠤ ᠦᠪ ᠰᠤᠶᠤᠯ ᠢᠶᠠᠨ ᠦᠨᠢᠳᠡ ᠲᠡᠬᠡᠳᠤᠯᠠᠵᠤ ᠶᠠᠪᠤᠨᠠᠮ
ᠨᠡᠶᠢᠲᠡᠯᠡᠭᠰᠡᠨ ᠴᠠᠭ᠄
2016/4/19
                           
    ᠦᠨᠳᠤᠰᠤᠳᠡᠨ ᠤ ᠦᠪ ᠰᠤᠶᠤᠯ ᠢᠶᠠᠨ ᠦᠨᠢᠳᠡ ᠲᠡᠬᠡᠳᠤᠯᠠᠵᠤ ᠶᠠᠪᠤᠨᠠᠮ                  —  ᠡᠷᠳᠡᠨ ᠤ ᠡᠳ᠋ ᠦᠯᠦᠭ ᠲᠡᠤᠬᠡ ᠶᠢᠨ ᠦᠯᠡᠳᠡᠪᠤᠷᠢ ᠶᠢ ᠬᠤᠷᠢᠶᠠᠨ                ᠬᠠᠳᠠᠭᠠᠯᠠᠬᠴᠢ ᠵᠢ᠊ · ᠨᠠᠶᠠᠨᠳᠠᠪᠤ  ᠭᠤᠸᠠᠢ  ᠶᠢ ᠰᠤᠷᠪᠤᠯᠵᠢᠯᠠᠬᠰᠠᠨ ᠨᠢ                      ᠰᠤᠷᠪᠤᠯᠵᠢᠯᠡᠬᠴᠢ ᠡᠷᠳᠡᠨᠢᠳᠦ᠋ᠭᠦᠷᠡᠩ ᠬᠤᠸᠠ ᠷᠦᠩ ᠬᠦᠭᠵᠢᠯᠳᠤ      ᠵᠢ᠊ · ᠨᠠᠶᠠᠨᠳᠠᠪᠤ ᠪᠤᠯ ᠦᠪᠤᠷ ᠮᠤᠩᠭᠤᠯ ᠤᠨ ᠤᠯᠠᠭᠠᠠᠬᠠᠳᠠ ᠬᠤᠳᠠ ᠤᠩᠨᠢᠭᠤᠳ ᠬᠤᠰᠢᠭᠤᠨ ᠤ ᠪᠦᠯᠢᠶᠡᠨ ᠰᠤᠮᠤ ᠶᠢᠨ ᠪᠦᠷᠢᠨ ᠪᠠᠭ᠎ᠠ ᠰᠤᠷᠭᠠᠭᠤᠯᠢ ᠶᠢᠨ ᠪᠠᠭᠰᠢ᠃ ᠲᠡᠭᠡᠷ᠎ᠡ ᠵᠠᠭᠤᠨ ᠤ ᠨᠠᠶᠠᠭᠠᠳ ᠤᠨ ᠠᠴᠠ ᠡᠬᠢᠯᠡᠨ ᠡᠷᠲᠡᠨ ᠤ ᠡᠳ᠋ ᠦᠯᠦᠭ ᠲᠡᠤᠬᠡ ᠶᠢᠨ ᠦᠯᠡᠳᠡᠪᠤᠷᠢ  ᠶᠢ ᠬᠤᠷᠢᠶᠠᠨ ᠬᠠᠳᠠᠭᠠᠯᠠᠵᠤ᠂ ᠤᠳᠤ ᠪᠤᠯᠲᠠᠯ᠎ᠠ ᠭᠤᠴᠢᠭᠠᠳ ᠵᠢᠯ ᠤᠨ ᠬᠤᠭᠤᠴᠠᠭᠠᠨ ᠳᠤ ᠨᠢᠬᠡᠨᠲᠡ ᠬᠡᠳᠦᠨ ᠮᠢᠩᠭᠠᠨ ᠲᠦᠷᠦᠯ ᠤᠨ ᠡᠷᠲᠡᠨ ᠤ ᠡᠳ᠋ ᠢ ᠴᠤᠭᠯᠠᠭᠤᠯᠵᠤ ᠬᠠᠳᠠᠭᠠᠯᠠᠭᠰᠠᠨ ᠠᠵᠢᠯ ᠤᠨ ᠴᠢᠯᠦᠭᠡᠨ ᠤ ᠬᠤᠷᠢᠶᠠᠨ ᠬᠠᠳᠠᠭᠠᠯᠠᠭᠴᠢ ᠪᠤᠯᠤᠨ᠎ᠠ᠃       ᠬᠤᠷᠢᠶᠠᠨ ᠬᠠᠳᠠᠭᠠᠯᠠᠭᠴᠢ ᠵᠢ᠊ · ᠨᠠᠶᠠᠨᠲᠠᠪᠤ ᠪᠠᠭᠰᠢ ᠶᠢᠨ ᠨᠤᠳᠤᠭ ᠨᠢ ᠤᠩᠨᠢᠭᠤᠳ ᠬᠤᠰᠢᠭᠤᠨ ᠤ ᠪᠦᠯᠢᠶᠡᠨ ᠰᠤᠮᠤᠨ ᠳᠤ ᠪᠠᠶᠢᠵᠤ᠂ ᠳᠤᠬᠢᠯᠢᠭ ᠵᠠᠰᠠᠭᠰᠠᠨ ᠭᠤᠷᠪᠠᠨ ᠳᠠᠰᠤᠯᠭ᠎ᠠ ᠬᠡᠷ ᠲᠤᠨᠢ ᠤᠷᠤᠬᠤ ᠳᠤ ᠬᠠᠨ᠎ᠠ ᠲᠦᠭᠦᠷᠡᠩ ᠦᠷᠦᠭᠰᠡᠨ ᠠᠳᠠᠯᠢ ᠪᠤᠰᠤ ᠴᠠᠭ ᠦᠶ᠎ᠡ ᠶᠢᠨ ᠳ᠋ᠧᠩ ᠵᠤᠯᠠ ᠶᠢᠨ ᠬᠡᠷᠡᠭᠰᠡᠯ ᠬᠠᠷᠠᠭᠠᠨ ᠳᠤ ᠤᠷᠤᠵᠤ᠂ ᠦᠷᠦᠭᠡᠯ ᠠᠶᠢᠯ ᠤᠳ  ᠠᠴᠠ ᠠᠷᠭ᠎ᠠ ᠦᠭᠡᠢ ᠢᠯᠭᠠᠭᠳᠠᠨ᠎ᠠ᠃       ᠵᠢ᠊ · ᠨᠠᠶᠠᠨᠲᠠᠪᠤ ᠭᠤᠸᠠᠢ ᠡᠨᠡ ᠵᠢᠯ ᠲᠠᠪᠢᠲᠠᠢ᠃ 1986 ᠤᠨ ᠡᠴ ᠡᠬᠢᠯᠡᠨ ᠠᠷᠠᠤᠨ ᠠᠴᠠ ᠡᠷᠬᠢᠯᠡᠭᠰᠡᠨ ᠪᠠᠭᠰᠢ ᠶᠢᠨ ᠠᠯᠪᠠ ᠬᠠᠭᠠᠵᠤ᠂ ᠲᠡᠬᠦᠨ ᠤ ᠬᠤᠷᠢᠶᠠᠨ ᠬᠠᠳᠠᠭᠠᠯᠠᠭᠰᠠᠨ ᠲᠡᠤᠬᠡ ᠨᠢ ᠬᠠᠷᠠᠬᠠᠨ ᠪᠠᠭ᠎ᠠ ᠠᠴᠠ ᠪᠠᠨ ᠬᠠᠪᠤᠷ ᠤᠨ  ᠬᠠᠷ᠎ᠠ ᠰᠠᠯᠬᠢᠨ ᠳᠤ ᠦᠭᠡᠷ ᠮᠠᠯ ᠢᠶᠠᠨ ᠲᠠᠭᠤᠵᠤ ᠶᠠᠪᠤᠬᠤ ᠳᠠᠭᠠᠨ ᠮᠠᠩᠬᠠᠨ ᠠᠷᠤ ᠪᠠᠷ ᠲᠤᠭᠤᠷᠢᠵᠤ ᠶᠠᠪᠤᠬᠤ ᠳᠠᠭᠠᠨ ᠡᠷᠲᠡᠨ ᠤ ᠪᠠᠭᠤᠷᠢ ᠠᠴᠠ ᠢᠯᠡᠷᠡᠭᠰᠡᠨ ᠡᠷᠲᠡᠨ ᠤ ᠵᠤᠭᠤᠰ᠂ ᠮᠠᠨᠤ᠂ ᠰᠤᠮᠤ ᠵᠡᠷᠭᠡ ᠶᠢ ᠱᠤᠬᠤᠷᠬᠠᠨ ᠴᠤᠭᠯᠠᠭᠤᠯᠤᠭᠰᠠᠨ ᠠᠴᠠ ᠡᠬᠢᠯᠡᠭᠰᠡᠨ ᠪᠠᠶᠢᠵᠠᠢ᠃ ᠬᠤᠵᠢᠮ ᠰᠡᠬᠦᠯᠡᠷ ᠨᠢ ᠪᠤᠰᠤᠳ ᠲᠠᠢ ᠬᠠᠷᠢᠯᠴᠠᠭ᠎ᠠ ᠬᠤᠯᠪᠤᠭ᠎ᠠ ᠠᠪᠴᠤ ᠲᠡᠭᠦᠵᠤ ᠴᠤᠭᠯᠠᠭᠤᠯᠤᠭᠰᠠᠨ ᠵᠦᠢᠯ ᠢᠶᠠᠨ ᠠᠷᠠᠯᠵᠢᠶᠠᠯᠠᠵᠤ ᠡᠬᠢᠯᠡᠭᠰᠡᠨ ᠢᠶᠠᠷ ᠵᠢ᠊ · ᠨᠠᠶᠠᠨᠲᠠᠪᠤ ᠭᠤᠸᠠᠢ ᠬᠤᠷᠢᠶᠠᠨ ᠬᠠᠳᠠᠭᠠᠯᠠᠬᠤ ᠵᠠᠮ ᠢᠶᠠᠨ ᠵᠢᠩᠬᠢᠨᠢ ᠪᠠᠷ ᠡᠯᠬᠦᠭᠰᠡᠨ ᠪᠢᠯᠡ᠃       ᠵᠢ᠊ · ᠨᠠᠶᠠᠨᠲᠠᠪᠤ᠄ ︽ᠪᠠᠭ᠎ᠠ ᠰᠤᠷᠭᠠᠭᠤᠯᠢ ᠳᠤ ᠤᠷᠤᠨ ᠪᠢᠴᠢᠭ ᠦᠵᠡᠨ ᠦᠰᠦᠭ ᠨᠢᠳᠦᠯᠡᠬᠦ ᠪᠤᠯᠤᠭᠰᠠᠨ ᠠᠴᠠ ᠪᠠᠨ ᠵᠢᠵᠢᠭ‌ᠵᠢᠷᠤᠭᠲᠤ ᠲᠡᠪᠲᠡᠷ ᠵᠡᠷᠬᠡ ᠨᠤᠮ ᠳᠡᠪᠳᠡᠷ ᠢ ᠡᠬᠢᠯᠡᠨ ᠬᠠᠳᠠᠭᠠᠯᠠᠵᠠᠢ᠃ ᠡᠨᠡ ᠨᠢ‌‍ᠬᠡᠳᠦ᠋ᠢᠪᠡᠷ ᠬᠤᠪᠢ ᠬᠦᠮᠦᠨ ᠤ ᠴᠤᠭᠯᠠᠭᠤᠯᠭ᠎ᠠ ᠪᠤᠯᠪᠠᠴᠤ ᠤᠳᠠᠭᠠᠨ ᠳᠠᠭᠠᠨ ᠪᠠᠰᠠ ᠪᠤᠯᠬᠤ ᠪᠠᠶᠢᠬ᠎ᠠ ᠬᠡᠵᠤ ᠪᠤᠳᠤᠵᠤ ᠪᠠᠶᠢᠨ᠎ᠠ᠃ ᠤᠳᠤᠬᠠᠨ ᠳᠤ ᠮᠤᠩᠭᠤᠯ ᠡᠳ᠋ᠯᠡᠯ᠂ ᠬᠠᠭᠤᠴᠢ ᠲᠤᠷᠠᠰᠬᠠᠯ᠂ ᠴᠢᠯᠠᠭᠤᠨ ᠪᠠᠭᠠᠵᠢ᠂ ᠳ᠋ᠧᠩ᠂ ᠯᠠ ᠶᠢᠨ ᠲᠠᠯᠪᠢᠭᠤᠷ᠂ ᠨᠤᠮ ᠲᠡᠪᠲᠡᠷ ᠁ ᠵᠡᠷᠬᠡ ᠤᠯᠠᠨ ᠶᠠᠩᠵᠦ   ᠶᠢᠨ ᠬᠠᠭᠤᠴᠢ ᠵᠦᠢᠯᠡᠰ ᠬᠠᠳᠠᠭᠠᠯᠠᠵᠦ ᠪᠠᠶᠢᠨ᠎ᠠ︾ ᠬᠡᠵᠤ ᠮᠠᠨ ᠤ ᠰᠤᠷᠪᠤᠯᠵᠢᠯᠠᠭ᠎ᠠ ᠳᠤ ᠬᠡᠯᠡᠭᠰᠡᠨ ᠪᠢᠯᠨ᠃      ᠦᠵᠡᠵᠤ ᠲᠤᠭᠤᠭᠰᠠᠨ ᠡᠷᠲᠡᠨ ᠤ ᠡᠳ᠋ ᠪᠤᠯᠭᠠᠨ ᠢ ᠨᠠᠨᠳᠢᠩᠨᠠᠨ ᠬᠠᠳᠠᠭᠠᠯᠠᠭᠰᠠᠭᠠᠷ ᠪᠠᠶᠢᠵᠤ ᠵᠢ᠊ · ᠨᠠᠶᠠᠨᠲᠠᠪᠤ ᠭᠤᠸᠠᠢ ᠶᠢᠨ ᠭᠡᠷ ᠲᠤᠨᠢ ᠪᠠᠭᠲᠠᠭᠠᠬᠤ ᠦᠭᠡᠢ ᠬᠡᠮᠵᠢᠶᠡᠨ ᠳᠤ ᠬᠦᠷᠴᠤ᠂ ᠬᠤᠷᠢᠶᠠᠨ ᠬᠠᠳᠠᠭᠠᠯᠠᠯᠲᠠ ᠪᠠᠨ ᠰᠢᠰᠲᠧᠮᠵᠢᠬᠦᠯᠬᠦ ᠬᠡᠷᠡᠭᠲᠠᠢ ᠬᠡᠬᠦ ᠪᠤᠰᠤᠳ ᠤᠨ ᠰᠠᠨᠠᠭᠤᠯᠤᠮᠵᠢ ᠨᠢ ᠲᠡᠬᠦᠨ ᠳᠤ ᠵᠦᠪᠬᠡᠨ ᠰᠤᠬᠤᠷ ᠪᠠᠯᠠᠢ ᠪᠠᠷ ᠴᠤᠭᠯᠠᠭᠤᠯᠤᠭᠠᠳ ᠪᠤᠯᠬᠤ ᠦᠭᠡᠢ ᠬᠡᠳᠡᠭ ᠢ ᠰᠡᠭᠡᠭᠡᠷᠡᠬᠦᠯᠵᠦ᠂ ᠴᠤᠭᠯᠠᠭᠤᠯᠤᠭᠰᠠᠨ ᠳ᠋ᠧᠩ ᠤᠨ ᠵᠦᠢᠯᠡᠰ ᠢᠶᠠᠷ ᠢᠶᠠᠨ ᠮᠤᠩᠭᠤᠯ ᠨᠤᠮ ᠬᠡᠪᠯᠡᠬᠦᠯᠬᠭᠦ ᠪᠤᠳᠤᠯ ᠲᠠᠢ ᠪᠤᠯᠤᠭᠰᠠᠨ ᠪᠠᠶᠢᠨ᠎ᠠ᠃ ᠤᠤᠯ ᠠᠴᠠ ᠪᠠᠨ ᠨᠤᠮ ᠵᠤᠬᠢᠶᠠᠯ ᠳᠤ ᠪᠠᠭ᠋ᠠᠲᠠᠢ ᠲᠡᠷᠡ᠂ ᠠᠯᠢ ᠴᠤ ᠵᠢᠯ ᠭᠡᠰᠡᠨ ᠬᠡᠳᠤᠨ ᠮᠢᠩᠭᠠᠨ ᠲᠦᠭᠦᠷᠢᠭ ᠤᠨ ᠨᠤᠮ ᠰᠡᠳᠬᠦᠯ ᠵᠠᠬᠢᠶᠠᠯᠠᠵᠤ ᠤᠩᠰᠢᠳᠠᠭ ᠠᠴᠠ ᠤᠳᠤ ᠲᠡᠬᠦᠨ ᠤ ᠨᠤᠮ ᠪᠠᠰᠠ ᠮᠢᠩᠭ᠎ᠠ ᠭᠠᠷᠤᠢ ᠲᠦᠷᠤᠯ ᠵᠦᠢᠯ ᠪᠤᠯᠴᠢᠬᠠᠵᠠᠢ᠃ ᠡᠨᠡ ᠵᠢᠯ ᠠᠴᠠ ᠡᠬᠢᠯᠡᠨ ᠤᠩᠨᠢᠭᠤᠳ ᠨᠤᠲᠤᠭ ᠲᠠᠢ ᠵᠤᠬᠢᠶᠠᠯᠴᠢᠳ ᠤᠨ ᠨᠤᠮ ᠵᠤᠬᠢᠶᠠᠯ ᠢ ᠡᠬᠢᠯᠡᠨ ᠴᠤᠭᠯᠠᠭᠤᠯᠵᠤ ︽ᠤᠩᠨᠢᠭᠤᠳ ᠵᠤᠬᠢᠶᠠᠯᠴᠢᠳ ᠤᠨ ᠬᠦᠮᠦᠷᠭᠡ︾ ᠪᠠᠶᠢᠭᠤᠯᠬᠤ ᠪᠠᠷ ᠪᠡᠯᠡᠳᠬᠡᠵᠦ ᠪᠤᠢ᠃ ᠲᠡᠷᠨ ︽ᠪᠠᠭᠠᠷᠢᠨ ᠪᠠᠷᠠᠭᠤᠨ ᠬᠤᠰᠢᠭᠤᠨ ᠤ ᠵᠤᠬᠢᠶᠠᠯᠴᠢᠳ ᠤᠨ ᠬᠦᠮᠦᠷᠭᠡ︾ ᠠᠴᠠ ᠰᠡᠩᠬᠡᠷᠡᠬᠦᠯᠦᠯ ᠤᠯᠵᠤ ᠤᠩᠨᠢᠭᠤᠳ ᠨᠤᠲᠤᠭᠲᠠᠢ ᠵᠤᠬᠢᠶᠠᠯᠴᠢᠳ ᠤᠨ ᠨᠤᠮ ᠵᠤᠬᠢᠶᠠᠯ ᠢ ᠤᠯᠳᠠᠬᠤ ᠶᠢᠨ ᠬᠢᠷᠢ ᠪᠠᠷ ᠴᠤᠬᠯᠠᠭᠤᠯᠬᠤ ᠴᠢᠷᠮᠠᠶᠢᠵᠦ ᠶᠠᠪᠤᠨ᠎ᠠ᠃       ᠲᠡᠷᠨ ᠠᠩᠬ᠎ᠠ ᠡᠬᠢᠯᠡᠭᠡᠳ ᠡᠷᠲᠡᠨ ᠤ ᠦᠯᠦᠭ ᠲᠡᠤᠬᠡ ᠶᠢᠨ ᠦᠯᠡᠳᠡᠪᠤᠷᠢ  ᠶᠢ ᠬᠤᠷᠢᠶᠠᠨ‌ᠬᠠᠳᠠᠭᠠᠯᠠᠬᠤ ᠳ᠋ᠠᠭᠠᠨ‌‍ᠲ᠋ᠡᠷᠡ ᠤᠶᠢᠯᠠᠭᠠᠯᠲᠠ ᠲᠤᠲᠠᠮᠠᠭ᠂ ᠲᠤᠷᠰᠢᠯᠭ᠎ᠠ ᠮᠡᠬᠦᠰ ᠠᠴᠠ ᠪᠤᠯᠵᠤ ᠮᠡᠬᠡᠯᠡᠭᠳᠡᠭᠰᠡᠨ ᠴᠢᠨᠠᠭᠰᠢᠯᠠᠪᠠᠯ ᠬᠤᠯᠠᠭᠠᠢ ᠳᠤ ᠠᠯᠳᠠᠭᠰᠠᠨ ᠶᠠᠪᠤᠳᠠᠯ ᠳᠤᠬᠢᠶᠠᠯᠳᠤᠵᠦ ᠬᠡᠳᠦᠨ ᠲᠦᠮᠡᠨ ᠲᠦᠭᠦᠷᠢᠭ ᠤᠨ ᠬᠤᠬᠢᠷᠠᠯ ᠳᠤ ᠤᠴᠠᠷᠠᠭᠰᠠᠨ ᠤᠳᠠᠭ᠎ᠠ ᠲᠠᠢ᠃ ᠤᠳᠠᠭᠠᠨ ᠵᠢᠯ ᠤᠨ ᠦᠩᠬᠡᠷᠡᠯᠳᠡ ᠪᠠᠷ ᠳᠠᠮᠵᠢᠵᠦ ᠬᠠᠰᠢᠷ ᠰᠠᠭᠤᠵᠦ ᠳᠤᠷᠰᠢᠯᠭ᠎ᠠ ᠳᠡᠬᠦᠰ ᠪᠤᠯᠵᠦ ᠤᠳᠤ ᠵᠢᠩᠬᠢᠨᠢ ᠬᠠᠭᠤᠷᠮᠠᠭ ᠵᠦᠢᠯ ᠢ ᠦᠨᠳᠦᠰᠦᠨ ᠳᠡᠭᠡᠨ ᠢᠯᠭᠠᠵᠦ ᠳᠡᠶᠢᠯᠬᠦ ᠪᠤᠯᠵᠠᠢ᠃ ᠬᠤᠷᠢᠶᠠᠨ ᠬᠠᠳᠠᠭᠠᠯᠠᠬᠤ ᠳᠤ ᠤᠷᠳᠤ ᠬᠤᠭᠤᠴᠠᠭᠠᠨ ᠤ ᠳᠠᠭᠠᠭᠠᠮᠠᠭᠠᠢ ᠴᠢᠨᠠᠷ ᠪᠠ‌ᠤᠷᠮ᠎ᠠ ᠪᠠᠬ᠎ᠠ ᠲᠠᠢ ᠪᠠᠶᠢᠬᠤ ᠨᠢ ᠳᠤᠩ ᠴᠢᠬᠤᠯᠠ ᠬᠡᠳᠡᠭ ᠢ ᠰᠤᠷᠪᠤᠯᠵᠢᠯᠠᠭ᠎ᠠ ᠳᠤᠮᠳᠠ ᠤᠢᠢᠯᠠᠭᠠᠯ᠎ᠠ᠃ ᠨᠠᠶᠠᠨᠲᠠᠪᠤ ᠭᠤᠸᠠᠢ ᠡᠬᠡᠨᠡᠷ ᠤᠯᠠᠭᠠᠨᠬᠡᠷᠡᠯ ᠲᠠᠢ ᠪᠠᠨ ᠬᠤᠶᠠᠭᠤᠯᠠ ᠪᠠᠨ ᠪᠠᠭᠰᠢᠯᠠᠵᠦ ᠳᠤᠭᠳᠠᠪᠤᠷᠢᠳᠠᠢ ᠴᠠᠯᠢᠩ ᠤᠯᠵᠤ ᠪᠠᠶᠢᠭ᠎ᠠ ᠪᠤᠯᠪᠠᠴᠤ ᠬᠤᠷᠢᠶᠠᠨ ᠬᠠᠳᠠᠭᠠᠯᠠᠬᠤ ᠵᠠᠮ ᠢ‌ᠡᠯᠭᠦᠭᠰᠡᠨ ᠠᠴᠠ ᠡᠬᠢᠯᠡᠨ ᠲᠡᠳᠡᠨᠠᠷ ᠤᠨ ᠠᠮᠢᠳᠤᠷᠠᠯ ᠤᠨ ᠤᠷᠤᠯᠭ᠎ᠠ ᠵᠠᠷᠤᠯᠭ᠎ᠠ ᠨᠢ ᠲᠡᠩᠴᠡᠭᠦᠷᠢ ᠪᠠᠨ ᠠᠯᠳᠠᠭᠰᠠᠨ ᠪᠠᠶᠢᠯ᠎ᠠ᠃ ᠤᠯᠠᠭᠠᠨᠬᠡᠷᠡᠯ ᠪᠠᠭᠰᠢ᠄ ︽ᠠᠩᠬ᠎ᠠ ᠡᠬᠢᠨ ᠳᠡᠭᠡᠨ ᠲᠡᠬᠦᠨ ᠤ ᠬᠤᠷᠢᠶᠠᠵᠤ ᠴᠤᠬᠯᠠᠭᠤᠯᠬᠤ ᠬᠡᠤᠨ ᠬᠦᠶᠤᠳᠡᠭ ᠲᠤᠨᠢ ᠲᠤᠩ ᠲᠤᠷ᠎ᠠ ᠦᠭᠡᠢ ᠪᠠᠶᠢᠵᠠᠢ᠃ ᠲᠡᠷᠡ ᠦᠶ᠎ᠡ ᠶᠢᠨ ᠠᠷᠠᠳ ᠤᠨ ᠪᠠᠭᠰᠢ ᠶᠢᠨ  ᠰᠠᠷ᠎ᠠ ᠶᠢᠨ ᠴᠠᠯᠢᠩ ᠭᠤᠴᠢᠭᠠᠤᠨ ᠲᠦᠭᠦᠷᠢᠭ ᠪᠠᠶᠢᠵᠦ᠂ ᠠᠮᠢᠳᠤᠷᠠᠯ ᠢᠶᠠᠨ ᠳᠦᠩᠬᠡᠵᠢ ᠠᠷᠭᠠᠴᠠᠭᠠᠵᠦ ᠪᠠᠶᠢᠭᠰᠠᠨ ᠪᠤᠯᠬᠤᠷ ᠡᠷᠳᠡᠨ ᠤ ᠵᠦᠢᠯᠡᠰ ᠢ ᠬᠤᠳᠠᠯᠳᠤᠨ ᠠᠪᠬᠤ ᠳᠤ ᠨᠢᠬᠡ ᠬᠡᠮᠵᠢᠶᠡᠨ ᠤ ᠵᠤᠭᠤᠰ ᠮᠦᠩᠬᠦ ᠵᠠᠷᠤᠴᠠᠭᠤᠯᠬᠤ ᠪᠤᠯᠤᠭᠰᠠᠨ ᠠᠴᠠ ᠠᠮᠢᠳᠤᠷᠠᠯ ᠤᠨ ᠤᠷᠤᠯᠭ᠎ᠠ ᠵᠠᠷᠤᠯᠭ᠎ᠠ ᠳᠡᠩᠴᠡᠬᠦᠷᠢ  ᠪᠠᠨ ᠠᠯᠳᠠᠭᠰᠠᠨ ᠪᠠᠶᠢᠨ᠎ᠠ᠃ ᠵᠠᠷᠢᠮ ᠳᠠᠭᠠᠨ ᠪᠠᠰᠠ ᠪᠤᠰᠤᠳ ᠠᠴᠠ ᠵᠤᠭᠤᠰ ᠵᠢᠬᠡᠯᠡᠵᠦ ᠴᠤ ᠪᠠᠶᠢᠭᠰᠠᠨ᠃ ᠬᠡᠪᠡᠴᠤ ᠬᠤᠵᠢᠮ ᠨᠢ ᠠᠭᠠᠵᠢᠮ ᠳᠠᠭᠠᠨ ᠵᠠᠮ ᠮᠦᠷ ᠢᠶᠠᠨ ᠤᠯᠵᠦ ᠡᠷᠳᠡᠨ ᠤ ᠵᠦᠢᠯᠡᠰ ᠬᠠᠳᠠᠭᠠᠯᠬᠤ ᠨᠢ ᠰᠠᠶᠢᠬᠠᠨ ᠰᠠᠨᠠᠭᠳᠠᠬᠤ ᠪᠤᠯᠵᠦ᠂ ᠨᠡᠩ ᠢᠯᠠᠩᠭᠤᠶ᠎ᠠ ᠦᠨᠳᠦᠰᠦᠲᠡᠨ ᠤ ᠡᠳ᠋ᠯᠡᠯ ᠬᠡᠷᠡᠭᠰᠡᠯ ᠴᠤᠭᠯᠠᠭᠤᠯᠬᠤ ᠨᠢ ᠶᠡᠭᠡ ᠰᠠᠶᠢᠬᠠᠨ ᠰᠠᠨᠠᠭᠳᠠᠬᠤ ᠪᠤᠯᠵᠠᠢ︾ ᠬᠡᠵᠤ ᠪᠠᠶᠡᠷᠳᠠᠶᠢᠬᠠᠨ ᠶᠡᠷᠢᠨ᠎ᠠ᠃       ᠡᠬᠡᠨᠡᠷ ᠤᠯᠠᠭᠠᠬᠡᠷᠠᠯ ᠤᠨ ᠲᠡᠮᠵᠢᠯᠬᠡ ᠶᠢ ᠤᠯᠤᠭᠰᠠᠨ ᠠᠴᠠ ᠰᠡᠬᠦᠯᠡᠷ ᠨᠠᠶᠠᠨᠲᠠᠪᠤ ᠭᠤᠸᠠᠢ ᠠᠵᠢᠯ ᠤᠨ ᠴᠢᠯᠦᠬᠡᠨ ᠳᠡᠭᠡᠨ ᠦᠪᠡᠷ ᠤᠨ ᠲᠤᠷᠠᠲᠠᠢ ᠪᠠᠭ᠋ᠠᠲᠠᠢ ᠵᠦᠢᠯ ᠢᠶᠠᠨ ᠤᠷᠤᠯᠳᠤᠵᠤ ᠰᠠᠭᠤᠬᠤ ᠳᠤ ᠨᠡᠩ ᠤᠷᠮᠠᠲᠠᠢ ᠮᠦᠷᠲᠡᠭᠡᠨ ᠵᠤᠷᠢᠭᠲᠠᠢ ᠪᠤᠯᠤᠭᠰᠠᠨ ᠪᠠᠶᠢᠵᠠᠢ᠃ ᠨᠠᠶᠠᠨᠲᠠᠪᠤ ᠭᠤᠸᠠᠢ ᠶᠢ ᠮᠤᠩᠭᠤᠯ ᠦᠨᠳᠦᠰᠦᠲᠡᠨ ᠤ ᠤᠯᠠᠮᠵᠢᠯᠠᠯᠲᠤ ᠡᠳ᠋ᠯᠡᠯ ᠬᠡᠷᠡᠭᠰᠡᠯ ᠤᠯᠠᠨ ᠴᠤᠭᠯᠠᠭᠤᠯᠵᠤ ᠪᠠᠶᠢᠬᠤ ᠰᠤᠷᠠᠭ ᠢᠶᠠᠷ ᠤᠩᠨᠢᠭᠤᠳ ᠬᠤᠰᠢᠭᠤᠨ ᠤ ᠡᠯ᠎ᠡ ᠮᠤᠩᠭᠤᠯ ᠲᠤᠮᠳᠠᠳᠤ ᠪᠠᠭ᠎ᠠ ᠰᠤᠷᠭᠠᠭᠤᠯᠢ ᠶᠢᠨ ᠬᠢᠨ ᠲᠡᠭᠦᠨ ᠤ ᠬᠠᠳᠠᠭᠠᠯᠠᠭᠰᠠᠨ ᠵᠦᠢᠯᠡᠰ ᠢ ᠲᠡᠯᠭᠡᠨ ᠦᠵᠡᠬᠦᠯᠬᠦ᠂ ᠬᠢᠴᠢᠶᠡᠯ ᠤᠨ ᠲᠢᠩᠬᠢᠮ ᠳᠤ ᠠᠪᠴᠤ ᠤᠷᠤᠬᠤ᠂ ᠦᠨᠳᠦᠰᠦᠲᠡᠨ ᠤ ᠬᠦᠮᠦᠵᠢᠯ ᠤᠨ ᠰᠠᠭᠤᠷᠢᠨ ᠭᠠᠵᠠᠷ ᠪᠠᠶᠢᠭᠤᠯᠬᠤ ᠪᠠᠷ ᠤᠯᠠᠨᠲᠠ ᠭᠤᠶᠤᠴᠢᠯᠠᠭᠰᠠᠨ ᠪᠠᠶᠢᠵᠠᠢ᠃ ᠨᠠᠰᠤᠨ ᠲᠤᠷᠰᠢᠲᠠ ᠪᠠᠭᠰᠢ ᠶᠢᠨ ᠠᠵᠢᠯ ᠭᠢᠭᠰᠡᠨ ᠨᠠᠶᠠᠨᠲᠠᠪᠤ ᠭᠤᠸᠠᠢ ᠴᠤ᠄ ︽ᠬᠤᠶᠢᠰᠢᠲᠠ ᠡᠨᠡ ᠴᠢᠭᠯᠡᠯ ᠢᠶᠠᠷ ᠦᠷᠬᠦᠯᠵᠢᠯᠡᠨ ᠴᠢᠷᠮᠠᠶᠢᠵᠤ ᠦᠪᠡᠷᠤᠨ ᠬᠤᠷᠢᠶᠠᠨ ᠬᠠᠳᠠᠭᠠᠯᠠᠭᠰᠠᠨ ᠵᠦᠢᠯᠡᠰ ᠢᠶᠠᠨ ᠮᠤᠩᠭᠤᠯ ᠬᠡᠤᠬᠡᠳ ᠤᠳ ᠲᠡᠭᠡᠨ ᠰᠤᠶᠤᠯ ᠬᠦᠮᠦᠵᠢᠯ ᠬᠦᠷᠲᠡᠭᠡᠬᠦ ᠦᠪ ᠪᠤᠯᠭᠠᠨ ᠦᠯᠡᠳᠡᠬᠡᠬᠦ ᠪᠠᠷ ᠴᠢᠷᠮᠠᠶᠢᠵᠤ ᠪᠤᠢ᠂ ᠬᠤᠵᠢᠮ ᠪᠠᠰᠠ ᠬᠤᠪᠢ ᠬᠦᠮᠦᠨ ᠤ  ᠮᠦᠽᠸᠢ ᠭᠠᠷᠭᠠᠬᠤ ᠶᠢ ᠪᠤᠳᠤᠵᠦ ᠪᠠᠶᠢᠨ᠎ᠠ᠃  ᠮᠦᠽᠸᠢ ᠳᠡᠭᠡᠨ ᠮᠤᠳᠤᠨ ᠠᠶᠠᠭ᠎ᠠ᠂ ᠮᠤᠩᠭᠤᠯ ᠬᠢᠲᠤᠭ᠎ᠠ᠂ ᠲᠠᠮᠠᠬᠢᠨ ᠬᠦᠬᠦᠷ ᠵᠡᠷᠬᠡ ᠮᠤᠩᠭᠤᠯ ᠦᠨᠳᠦᠰᠦᠳᠡᠨ ᠤ ᠤᠯᠠᠮᠵᠢᠯᠠᠯᠳᠤ ᠬᠡᠷᠡᠭᠯᠡᠬᠡᠨ ᠤ ᠵᠦᠢᠯᠡᠰ ᠢᠶᠠᠨ ᠳᠡᠯᠬᠡᠨ ᠦᠵᠡᠬᠦᠯᠬᠦ ᠨᠢ ᠬᠦᠮᠦᠰ ᠲᠤ ᠢᠯᠡᠩᠭᠤᠶ᠎ᠠ ᠦᠷ᠎ᠠ ᠬᠤᠶᠢᠴᠢᠰ  ᠲᠠᠭᠠᠨ ᠠᠮᠢᠳᠤᠯᠢᠭ ᠪᠤᠳᠠᠳᠠᠢ ᠵᠦᠢᠯᠡᠰ ᠢ ᠳᠠᠨᠢᠭᠤᠯᠵᠦ ᠳᠡᠶᠢᠯᠬᠦ ᠪᠦᠭᠡᠳ ᠮᠠᠨ ᠤ ᠡᠪᠦᠭᠡ ᠲᠡᠭᠡᠳᠦᠰ ᠤᠨ ᠰᠡᠴᠡᠨ ᠮᠡᠷᠭᠡᠨ ᠤᠢ ᠤᠬᠠᠭᠠᠨ ᠢ ᠮᠡᠳᠡᠷᠡᠬᠦᠯᠤᠨ ᠤᠯᠠᠮᠵᠢᠯᠠᠭᠤᠯᠵᠦ ᠳᠡᠶᠢᠯᠬᠦ ᠪᠤᠯᠤᠨ᠎ᠠ︾ ᠬᠡᠵᠦ ᠬᠤᠶᠢᠰᠢᠳᠠ ᠵᠢᠨ‌ᠬᠠᠷᠠᠯᠳᠠ ᠪᠤᠳᠤᠯᠭ᠎ᠠ ᠪᠠᠨ ᠰᠤᠷᠪᠤᠯᠵᠢᠯᠠᠭᠴᠢ ᠲᠠᠢ ᠤᠷᠮᠠᠳᠠᠶᠢᠬᠠᠨ ᠬᠤᠪᠢᠶᠠᠯᠴᠠᠬᠤ ᠳᠤ ᠳᠡᠬᠦᠨ ᠤ ᠬᠤᠷᠢᠶᠠᠨ ᠬᠠᠳᠠᠭᠠᠯᠠᠭᠰᠠᠨ ᠵᠦᠢᠯᠡᠰ ᠨᠢ ᠳᠡᠬᠦᠨ ᠤ ᠤᠬᠠᠭᠠᠨ ᠴᠢᠷᠮᠠᠶᠢᠯᠭ᠎ᠠ ᠪᠠᠷ ᠳᠠᠮᠵᠢᠨ ᠨᠡᠩ ᠶᠡᠭᠡ ᠦᠨ᠎ᠠ ᠴᠡᠨ᠎ᠠ ᠲᠠᠢ ᠪᠤᠯᠬᠤ ᠨᠢ ᠮᠠᠰᠢ ᠢᠯᠡᠬᠡᠨ ᠪᠠᠶᠢᠯ᠎ᠠ᠃        ᠳᠠᠷᠠᠭᠠᠬᠢ ᠵᠢᠷᠤᠭ ᠤᠳ ᠪᠤᠯ ᠵᠢ᠊ · ᠨᠠᠶᠠᠨᠲᠠᠪᠤ   ᠶᠢᠨ ᠬᠤᠷᠢᠶᠠᠨ ᠬᠠᠳᠠᠭᠠᠯᠠᠵᠤ ᠪᠠᠶᠢᠭ᠎ᠠ ᠡᠷᠳᠡᠨ ᠤ ᠡᠳ᠋ ᠦᠯᠦᠭ ᠪᠤᠯᠤᠨ᠎ᠠ᠃
              ᠲᠡᠮᠦᠷᠭᠤᠣᠯᠲᠣ ᠨᠠᠶᠢᠷᠠᠭᠤᠯᠵᠤ 2015-10-26 ᠤ ᠡᠳᠦᠷ ᠨᠡᠶᠢᠲᠡᠯᠡᠪᠡ          ᠲᠥᠪ ᠤᠨ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠰᠦᠯᠵᠢᠶᠡᠨ ᠤ ᠲᠧᠯᠸᠢᠰ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号