ᠬᠤᠷᠠᠭᠠᠨ ᠤ ᠰᠢᠩᠭᠡᠭᠡᠯᠳᠡ ᠶᠢᠨ ᠴᠢᠳᠠᠪᠤᠷᠢ ᠶᠢ ᠰᠠᠶᠢᠵᠢᠷᠠᠭᠤᠯᠬᠤ ᠠᠷᠭ᠎ᠠ
ᠨᠡᠶᠢᠲᠡᠯᠡᠭᠰᠡᠨ ᠴᠠᠭ᠄
2016/4/19
    ᠰᠢᠩᠭᠡᠭᠡᠯᠳᠡ ᠶᠢᠨ ᠴᠢᠳᠠᠪᠤᠷᠢ ᠲᠤᠷᠤᠢ ᠪᠠᠶᠢᠳᠠᠭ ᠪᠤᠯ ᠭᠦᠭᠦᠯᠳᠠ ᠶᠢᠨ ᠬᠤᠭᠤᠴᠠᠭᠠᠨ ᠤ ᠬᠤᠷᠠᠭᠠᠨ ᠳᠤ ᠦᠷᠭᠦᠯᠵᠢ  ᠲᠤᠬᠢᠶᠠᠯᠳᠤᠳᠠᠭ ᠦᠵᠡᠭᠳᠡᠯ ᠪᠤᠯᠬᠤ ᠶᠤᠮ᠃ ᠡᠨᠡ ᠨᠢ ᠭᠤᠤᠯᠳᠠᠭᠤ ᠬᠤᠷᠠᠭᠠᠠ ᠤ ᠭᠡᠳᠡᠰᠤ ᠬᠤᠳᠤᠭᠤᠳᠤᠨ ᠤ ᠰᠢᠰᠲ᠋ᠧᠮ  ᠡᠮᠬᠢ ᠵᠠᠮᠪᠠᠷᠠᠭ᠎ᠠ ᠪᠠᠨ ᠠᠯᠳᠠᠭᠰᠠᠨ ᠠᠴᠠ ᠡᠭᠦᠰᠦᠭᠰᠡᠨ ᠦᠵᠡᠭᠳᠡᠯ ᠪᠤᠯᠬᠤ ᠪᠦᠭᠡᠳ ᠴᠢᠴᠠᠭ᠎ᠠ ᠠᠯᠳᠠᠬᠤ᠂ ᠡᠴᠡᠵᠤ  ᠲᠤᠷᠠᠬᠤ ᠵᠡᠷᠭᠡ ᠢᠯᠡᠷᠡᠯ ᠲᠠᠢ ᠪᠠᠶᠢᠳᠠᠭ᠃         1᠂ ᠬᠤᠷᠠᠭᠠᠨ ᠤ ᠰᠢᠩᠭᠡᠭᠡᠯᠳᠡ ᠶᠢᠨ ᠰᠢᠰᠲ᠋ᠧᠮ ᠲᠤᠷᠤᠢ ᠪᠠᠶᠢᠳᠠᠭ ᠤᠨ ᠰᠢᠯᠳᠠᠭᠠᠨ ᠨᠢ᠄ ︵1︶ ᠡᠬᠡ ᠮᠠᠯ ᠨᠢ  ᠭᠡᠭᠡᠯ ᠲᠠᠢ ᠬᠤᠭᠤᠴᠠᠭᠠᠨ ᠳᠤ ᠪᠠᠨ ᠤᠭᠤᠷᠠᠭ᠂ ᠡᠷᠤᠳᠡᠰᠤ᠂ ᠸᠢᠲ᠋ᠠᠮᠢᠨ ᠵᠡᠷᠭᠡ ᠰᠢᠮ᠎ᠡ ᠲᠡᠵᠢᠭᠡᠯ ᠲᠤᠳᠠᠭᠳᠠᠪᠠᠯ  ᠬᠡᠪᠡᠯᠠᠢ ᠳᠠᠬᠢ ᠬᠤᠷᠠᠭᠠᠨ ᠤ ᠦᠰᠤᠯᠳᠡ ᠶᠢ ᠨᠦᠯᠤᠭᠡᠯᠡᠬᠦ ᠪᠠᠷ ᠪᠠᠷᠠᠬᠤ ᠦᠭᠡᠢ᠂ ᠰᠦᠨ ᠤ ᠪᠠᠭᠤᠷᠠᠯᠳᠠ ᠶᠢ ᠴᠤ  ᠨᠦᠯᠤᠭᠡᠯᠡᠵᠤ᠂ ᠬᠤᠷᠠᠭᠠᠨ ᠤ ᠰᠢᠩᠭᠡᠭᠡᠯᠳᠡ ᠶᠢᠨ ᠰᠢᠰᠲ᠋ᠧᠮ ᠤᠨ ᠡᠮᠬᠢ ᠵᠠᠮᠪᠠᠷᠠᠭ᠎ᠠ ᠶᠢ ᠠᠯᠳᠠᠭᠤᠯᠳᠠᠭ ᠪᠠᠶᠢᠨ᠎ᠠ᠃ ︵2︶  ᠡᠬᠡ ᠮᠠᠯ ᠪᠠ ᠨᠢᠯᠬ᠎ᠠ ᠬᠤᠷᠠᠭ᠎ᠠ ᠶᠢ ᠲᠡᠵᠢᠭᠡᠵᠤ ᠠᠷᠠᠴᠢᠯᠠᠬᠤ ᠲᠠᠯ᠎ᠠ ᠪᠠᠷ ᠴᠠᠭ᠂ ᠬᠡᠮᠵᠢᠶ᠎ᠡ᠂ ᠲᠤᠯᠠᠭᠠᠨ ᠵᠡᠷᠭᠡ ᠶᠢ ᠵᠦᠢ  ᠵᠤᠬᠢᠰᠳᠠᠢ ᠲᠤᠬᠢᠷᠠᠭᠤᠯᠬᠤ ᠦᠭᠡᠢ ᠪᠤᠯ ᠪᠠᠰᠠ ᠬᠤᠷᠠᠭᠠᠨ ᠤ ᠰᠢᠩᠭᠡᠭᠡᠯᠳᠡ ᠶᠢᠨ ᠴᠢᠳᠠᠪᠤᠷᠢ ᠶᠢ ᠲᠤᠷᠦ᠋ᠢᠳᠠᠭᠤᠯᠳᠠᠭ᠃           2᠂ ᠬᠤᠷᠠᠭᠠᠨ ᠤ ᠰᠢᠩᠭᠡᠭᠡᠯᠳᠡ ᠵᠢ᠊ ‍ᠨ ᠴᠢᠳᠠᠪᠤᠷᠢ ᠲᠤᠷᠦ᠋ᠢᠳᠠᠭᠰᠠᠨ ᠤ ᠢᠯᠡᠷᠡᠯ ᠨᠢ᠄ ︵1︶ ᠡᠩ ᠤᠨ ᠴᠢᠨᠠᠷᠳᠠᠢ  ᠰᠢᠩᠭᠡᠭᠡᠯᠳᠡ ᠶᠢᠨ ᠴᠢᠳᠠᠪᠤᠷᠢ ᠮᠠᠭᠤᠳᠠᠬᠤ᠃ ᠬᠤᠷᠠᠭᠠᠨ ᠤ ᠪᠡᠶ᠎ᠡ ᠶᠢᠨ ᠲᠤᠯᠠᠭᠠᠨ ᠪᠠᠭ᠎ᠠ ᠲᠤᠤᠷ᠎ᠠ ᠪᠤᠶᠤ ᠬᠡᠪ ᠤᠨ  ᠪᠠᠶᠢᠳᠠᠯ ᠳᠤ ᠪᠠᠶᠢᠵᠤ᠂ ᠪᠠᠭ᠎ᠠ ᠬᠡᠮᠵᠢᠶ᠎ᠡ ᠪᠠᠷ ᠴᠢᠴᠠᠭ᠎ᠠ ᠠᠯᠳᠠᠬᠤ ᠦᠵᠡᠭᠳᠡᠯ ᠢᠯᠡᠷᠡᠵᠤ᠂ ᠪᠠᠭᠠᠰᠤᠨ ᠤ ᠦᠩᠭᠡ ᠨᠢ  ᠬᠦᠷᠡᠩ ᠰᠢᠷ᠎ᠠ ᠠᠴᠠ ᠬᠦᠷᠡᠩ ᠨ᠊ ‍ᠤᠭᠤᠭᠠᠨ ᠪᠤᠯᠵᠤ ᠬᠤᠪᠢᠷᠠᠨ᠎ᠠ᠃ ᠭᠡᠳᠡᠰᠤ ᠨᠢ ᠲᠤᠤᠭᠠᠷᠬᠤ᠂ ᠡᠪᠡᠳᠬᠦ ᠵᠡᠷᠭᠡ ᠢᠯᠡᠷᠡᠯ  ᠡᠭᠦᠰᠴᠤ᠂ ᠰᠤᠳᠠᠯ ᠤᠨ ᠯᠤᠭᠰᠢᠯᠳᠠ ᠪᠠ ᠠᠮᠢᠰᠬᠤᠬᠤ ᠲᠤᠭ᠎ᠠ ᠦᠨᠳᠤᠷᠵᠢᠵᠤ᠂ ᠦᠰᠤ ᠨᠢ ᠪᠤᠷᠵᠠᠶᠢᠨ ᠬᠢᠯᠪᠠᠭ᠎ᠠ ᠪᠠᠨ  ᠠᠯᠳᠠᠵᠤ᠂ ᠡᠪᠳᠴᠢᠨ ᠨᠢ ᠬᠦᠨᠳᠤᠷᠡᠪᠡᠯ ᠪᠦᠬᠦ ᠪᠡᠶ᠎ᠡ ᠨᠢ ᠴᠡᠴᠡᠷᠡᠬᠦ ᠦᠵᠡᠭᠳᠡᠯ ᠢᠯᠡᠷᠡᠵᠤ᠂ ᠨᠢᠯᠬ ᠎ᠠ ᠬᠤᠷᠠᠭ᠎ᠠ  ᠵᠤᠭᠰᠤᠵᠤ ᠴᠢᠳᠠᠬᠤ ᠦᠭᠡᠢ ᠪᠤᠯᠳᠠᠭ᠃ ︵2︶ ᠬᠤᠤᠷᠳᠠᠭᠳᠠᠭᠰᠠᠨ ᠴᠢᠨᠠᠷᠳᠠᠢ ᠰᠢᠩᠭᠡᠭᠡᠯᠳᠡ ᠶᠢᠨ ᠴᠢᠳᠠᠪᠤᠷᠢ  ᠮᠠᠭᠤᠳᠠᠬᠤ᠃ ᠡᠪᠡᠳᠴᠢᠯᠡᠭᠰᠡᠨ ᠬᠤᠷᠠᠭ᠎ᠠ ᠴᠤᠭ ᠵᠢᠪᠬᠤᠭ᠎ᠠ ᠪᠠᠨ ᠠᠯᠳᠠᠨ᠂ ᠢᠳᠡᠰᠢᠨ ᠤ ᠲᠤᠷᠠᠰᠢᠯ ᠨᠢ ᠮᠠᠭᠤᠳᠠᠵᠤ᠂  ᠭᠠᠵᠠᠷ ᠲᠤ ᠬᠡᠪᠳᠡᠨ ᠲᠤᠯᠤᠭᠠᠢ ᠪᠠᠨ ᠠᠷᠤᠰᠢ ᠲᠠᠳᠠᠬᠤ ᠦᠵᠡᠭᠳᠡᠯ ᠢᠯᠡᠷᠡᠳᠡᠭ᠃ ᠪᠡᠶ᠎ᠡ ᠶᠢᠨ ᠲᠤᠯᠠᠭᠠᠨ ᠨᠢ  ᠦᠨᠳᠤᠷᠵᠢᠵᠤ᠂ ᠪᠦᠬᠦ ᠪᠡᠶ᠎ᠡ ᠨᠢ ᠴᠡᠴᠡᠷᠡᠬᠦ ᠪᠠ ᠬᠦᠵᠤᠭᠦᠤ ᠨᠢ ᠲᠠᠳᠠᠵᠤ᠂ ᠡᠪᠡᠳᠴᠢᠨ ᠨᠢ ᠬᠦᠨᠳᠤᠷᠡᠪᠡᠯ ᠪᠡᠶ᠎ᠡ ᠶᠢᠨ  ᠲᠤᠯᠠᠭᠠᠨ ᠨᠢ ᠲᠦᠷᠭᠡᠨ ᠲᠤᠷᠤᠭᠰᠢᠯᠠᠵᠤ ᠮᠡᠳᠡᠭᠡ ᠠᠯᠳᠠᠨ ᠴᠢᠨᠠᠭᠰᠢᠯᠠᠪᠠᠯ ᠦᠬᠦᠳᠡᠭ ᠪᠠᠶᠢᠨ᠎ᠠ᠃       3᠂ ᠰᠡᠷᠭᠡᠶᠢᠯᠡᠨ ᠵᠠᠰᠠᠬᠤ ᠨᠢ᠄ ᠰᠡᠷᠭᠡᠶᠢᠯᠡᠬᠦ ᠠᠷᠭ᠎ᠠ᠄ ᠡᠬᠡ ᠮᠠᠯ ᠪᠠ ᠨᠢᠯᠬ᠎ᠠ ᠬᠤᠷᠠᠭᠠᠨ ᠤ ᠠᠷᠠᠴᠢᠯᠠᠵᠤ  ᠲᠤᠳᠤᠮᠳᠠᠬᠤ ᠶᠢ ᠴᠢᠩᠭᠠᠳᠬᠠᠨ᠂ ᠡᠷᠡᠭᠦᠯ ᠬᠠᠮᠠᠭᠠᠯᠠᠯ ᠢ ᠠᠩᠬᠠᠷᠴᠤ᠂ ᠵᠢᠷᠤᠬᠡᠨ ᠲᠠᠮᠢᠷ ᠢ ᠨᠢ ᠲᠡᠭᠡᠭᠰᠢᠯᠡᠭᠦᠯᠤᠨ᠂  ᠪᠠᠷᠲ᠋ᠧᠷᠢ ᠶᠢ ᠤᠰᠠᠳᠬᠠᠵᠤ᠂ ᠬᠦᠴᠢᠯ ᠳᠤ ᠬᠤᠤᠷᠳᠠᠭᠳᠠᠬᠤ ᠠᠴᠠ ᠰᠡᠷᠭᠡᠶᠢᠯᠡᠬᠦ ᠬᠡᠷᠡᠭᠳᠠᠢ᠃ ᠡᠬᠡ ᠬᠤᠨᠢᠨ ᠳᠤ ᠡᠪᠡᠰᠤ ᠶᠢ  ᠭᠦᠢᠢᠴᠡᠳ ᠨᠦᠬᠦᠪᠤᠷᠢᠯᠡᠨ ᠦᠭᠴᠤ᠂ ᠬᠠᠭᠤᠷᠠᠢ ᠡᠪᠡᠰᠤ ᠪᠠ ᠬᠣ᠋ ᠯᠤᠤᠪᠠᠩ ᠢᠶᠠᠷ ᠲᠡᠵᠢᠭᠡᠪᠡᠯ ᠬᠠᠮᠤᠭ ᠰᠠᠶᠢᠨ᠃       4᠂ ᠵᠠᠰᠠᠬᠤ ᠠᠷᠭ᠎ᠠ ᠨᠢ᠄ ᠬᠤᠨᠢ ᠪᠠᠨ ᠲᠤᠯᠠᠭᠠᠨ ᠪᠦᠭᠡᠳ ᠬᠠᠭᠤᠷᠠᠢ ᠬᠠᠰᠢᠶ᠎ᠠ ᠰᠠᠷᠠᠪᠴᠢᠨ ᠳᠤ ᠪᠠᠶᠢᠯᠭᠠᠵᠤ᠂  ᠴᠠᠬᠢᠯᠭᠠᠨ ᠵᠠᠳᠠᠯᠤᠭᠴᠢ ᠠᠭᠤᠰᠤᠮᠠᠯ ᠤᠨ ᠰᠢᠩᠭᠡᠨ ᠢ ᠤᠤᠭᠤᠯᠭᠠᠨ᠎ᠠ᠃ ᠨᠢᠯᠬ᠎ᠠ ᠬᠤᠷᠠᠭᠠᠨ ᠳᠤ ᠲᠤᠰᠤᠨ ᠤ ᠵᠦᠢᠯ ᠪᠤᠶᠤ  ᠲᠠᠪᠤᠰᠤᠨ ᠲᠦᠷᠤᠯ ᠤᠨ ᠤᠮᠳᠠᠭᠠᠨ ᠢ ᠤᠤᠭᠤᠯᠭᠠᠵᠤ᠂ ᠭᠡᠳᠡᠰᠤᠨ ᠳᠠᠬᠢ ᠦᠯᠡᠳᠡᠭᠳᠡᠯ ᠪᠤᠳᠠᠰ ᠢ ᠤᠭᠢᠶᠠᠨ᠂ ᠪᠠᠷᠲ᠋ᠧᠷᠢ  ᠦᠷᠡᠵᠢᠬᠦ ᠠᠴᠠ ᠰᠡᠷᠭᠡᠶᠢᠯᠡᠨ᠎ᠡ᠃ ︵ᠲ᠊᠂ ᠵᠢᠷᠭᠠᠯ︶        
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号