ᠵᠠᠰᠠᠭ ᠤᠨ ᠤᠷᠳᠤᠨ ᠤ ᠠᠵᠢᠯ ᠤᠨ ᠮᠠᠳᠡᠬᠦᠯᠦᠯᠳᠠ | | 2016 ᠤᠨ ᠤ 1 ᠰᠠᠷᠠᠶᠢᠨ 27 ᠤ ᠡᠳᠦᠷ ᠤᠩᠨᠢᠭᠤᠳ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠤᠳᠠᠭᠠᠨ ᠤ ᠬᠤᠷᠠᠯᠳᠤᠭᠠᠨ ᠲᠠᠭᠡᠷ᠎ᠡ | ᠤᠷᠤᠯᠠᠬᠴᠢ ᠬᠤᠰᠢᠭᠤᠨ ᠲᠠᠷᠤᠭ᠎ᠠ ᠹᠠᠩ ᠷᠦᠢ | ᠲᠦᠯᠦᠭᠡᠯᠡᠭᠴᠢᠳ ᠡ᠄ | ᠤᠳᠤ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠵᠤ᠂ ᠶᠡᠭᠡ ᠬᠤᠷᠠᠯ ᠳᠤ ᠠᠵᠢᠯ ᠤᠨ | ᠮᠠᠳᠠᠬᠦᠯᠦᠯᠳᠠ ᠬᠢᠶ᠎ᠠ᠃ ︽ᠤᠩᠨᠢᠭᠤᠳ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠬᠦᠭᠵᠢᠯᠳᠠ ᠪᠠ | ᠨᠠᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠲᠤᠪᠴᠢ ︵ | ᠲᠦᠰᠦᠯ︶︾ ᠲᠠᠢ ᠬᠠᠮᠳᠤ ᠬᠢᠨᠠᠨ ᠵᠦᠪᠯᠠᠬᠦ ᠪᠤᠯᠪᠠᠤ᠂ ᠤᠯᠤᠰ ᠲᠦᠷᠦ ᠶᠢᠨ ᠵᠦᠪᠯᠠᠯᠭᠡᠨ ᠤ ᠬᠡᠰᠢᠬᠦᠨ ᠪᠠ ᠰᠤᠯᠠ | ᠤᠷᠤᠯᠴᠠᠬᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ ︽12.5︾ ᠶᠢᠨ ᠬᠤᠭᠤᠴᠠᠭᠠᠨ ᠳᠠᠬᠢ ᠭᠤᠤᠯ ᠬᠢᠷᠢ ᠪᠦᠳᠦᠮᠵᠢ ᠪᠠ 2015 ᠤᠨ ᠤ ᠠᠵᠢᠯ | ᠤᠨ ᠡᠷᠬᠢᠴᠠᠬᠦᠯᠦᠯ | ︽12.5︾ ᠶᠢᠨ ᠬᠤᠭᠤᠴᠠᠭ᠎ᠠ ᠪᠤᠯ ᠮᠠᠨ ᠤ ᠬᠤᠰᠢᠭᠤᠨ ᠤ ᠶᠡᠷᠦᠩᠭᠡᠶᠢᠯᠡᠭᠰᠡᠨ ᠪᠤᠳᠠᠳᠤ ᠬᠦᠴᠦᠨ ᠤ | ᠲᠠᠭᠡᠭᠰᠢᠯᠠᠯᠳᠠ ᠬᠠᠮᠤᠭ ᠲᠦᠷᠭᠡᠨ᠂ ᠬᠤᠳᠠ ᠬᠦᠳᠡᠭᠡ ᠶᠢᠨ ᠲᠦᠷᠰᠤ ᠪᠠᠶᠢᠳᠠᠯ ᠤᠨ ᠬᠤᠪᠢᠷᠠᠯᠳᠠ ᠬᠠᠮᠤᠭ ᠶᠡᠭᠡ᠂ | ᠠᠷᠠᠳ ᠤᠯᠠᠨ ᠤ ᠬᠠᠮᠤᠭ ᠠᠷᠪᠢᠨ ᠠᠰᠢᠭ ᠬᠦᠷᠳᠡᠭᠰᠡᠨ ᠬᠤᠭᠤᠴᠠᠭ᠎ᠠ ᠪᠤᠯᠤᠨ᠎ᠠ᠃ ᠲᠠᠪᠤᠨ ᠵᠢᠯ ᠤᠨ ᠲᠤᠷᠰᠢ | ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠠᠯᠭᠡᠨ ᠤ ᠬᠢᠨᠠᠯᠳᠠ ᠲᠠᠮᠵᠢᠯᠭᠡ | ᠲᠤᠤᠷ᠎ᠠ᠂ ᠬᠤᠰᠢᠭᠤᠨ ᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠠᠷᠠᠳ ᠲᠦᠮᠠᠨ | ᠢ ᠪᠦᠯᠬᠦᠮᠳᠠᠨ ᠲᠠᠭᠠᠭᠤᠯᠵᠤ᠂ ᠨᠠᠷᠢᠨ ᠪᠤᠳᠤᠯᠢᠶᠠᠨᠳᠠᠢ ᠬᠠᠳᠠᠭᠤ ᠴᠢᠩᠭ᠎ᠠ ᠬᠤᠷᠸ᠎ᠠ ᠠᠵᠤ ᠠᠬᠤᠢ ᠶᠢᠨ ᠪᠠᠶᠢᠳᠠᠯ ᠳᠤ | ᠬᠠᠨᠳᠤᠵᠤ᠂ ᠠᠵᠠ ᠲᠤᠬᠢᠶᠠᠯ ᠢ ᠴᠢᠩᠭ᠎ᠠ ᠠᠳᠬᠤᠨ᠂ ᠬᠦᠴᠢᠷ ᠪᠠᠷᠭᠡ ᠶᠢ ᠲᠠᠪᠴᠢᠨ᠂ ︽ᠠᠷᠪᠠᠨ ᠬᠤᠶᠠᠷ ᠲᠠᠪᠤ︾ | ᠶᠢᠨ ᠲᠦᠯᠦᠪᠵᠢᠬᠦᠯᠭᠡ ᠳᠤ ᠲᠤᠬᠳᠠᠭᠠᠬᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠪᠠᠨ ᠪᠦᠬᠦ ᠲᠠᠯ᠎ᠠ ᠪᠠᠷ | ᠪᠠᠶᠠᠯᠠᠬᠦᠯᠵᠤ᠂ ᠠᠵᠤ ᠠᠬᠤᠢ ᠨᠠᠶᠢᠭᠡᠮ ᠤᠨ ᠬᠦᠭᠵᠢᠯᠳᠠ ᠮᠠᠳᠡᠭᠳᠡᠮ᠎ᠠ ᠦᠷ᠎ᠡ ᠪᠦᠳᠦᠮᠵᠢ ᠶᠢ ᠤᠯᠤᠬᠰᠠᠨ ᠪᠠᠶᠢᠨ᠎ᠠ᠃ | —— ︽12.5︾ ᠪᠤᠯ ᠶᠠᠷᠦᠩᠭᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠦᠷᠬᠦᠯᠵᠢᠯᠠᠨ | ᠴᠢᠩᠭᠠᠷᠠᠬᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠬᠦᠭᠵᠢᠯᠳᠠ ᠶᠢ ᠨᠢᠭᠡᠳᠦᠭᠡᠷ ᠴᠢᠬᠤᠯᠠ | ᠡᠬᠦᠷᠭᠡ ᠪᠤᠯᠭᠠᠨ᠂ ᠠᠵᠤ ᠠᠬᠤᠢ ᠶᠢᠨ ᠲᠤᠬᠳᠠᠭᠤᠨ ᠲᠦᠷᠭᠡᠨ ᠨᠠᠮᠡᠭᠳᠡᠯ ᠢ ᠬᠦᠴᠦᠳᠠᠢ ᠲᠦᠯᠬᠢᠨ ᠠᠬᠢᠭᠤᠯᠤᠬᠰᠠᠨ | ᠪᠠᠶᠢᠨ᠎ᠠ᠃ ᠪᠦᠬᠦ ᠬᠤᠰᠢᠭᠤᠨ ᠤ ᠤᠷᠤᠨ ᠨᠤᠳᠤᠭ ᠤᠨ ᠶᠡᠷᠦᠩᠭᠡᠢ ᠤᠶᠢᠯᠠᠳᠪᠤᠷᠢᠯᠠᠯ ᠤᠨ ᠶᠠᠷᠦᠩᠭᠡᠢ ᠦᠷᠳᠡᠭ | 151.3 ᠳ᠋ᠦᠩᠰᠢᠭᠤᠷ ᠲᠦᠬᠦᠷᠢᠭ ᠬᠦᠷᠴᠤ᠂ 2010 ᠤᠨ ᠤ 1.9 ᠲᠠᠬᠢᠨ᠂ ᠵᠢᠯ ᠲᠤᠮᠳᠠᠴᠢ ᠪᠠᠷ 13.6% | ᠪᠠᠷ ᠨᠡᠮᠡᠭᠳᠡᠵᠠᠢ᠃ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ 4.2 ᠳ᠋ᠦᠩᠰᠢᠭᠤᠷ ᠲᠦᠬᠦᠷᠢᠭ ᠲᠤ ᠬᠦᠷᠴᠤ᠂ | 2010 ᠤᠨ ᠤ 2 ᠲᠠᠬᠢᠨ᠂ ᠵᠢᠯ ᠲᠤᠮᠳᠠᠴᠢ ᠪᠠᠷ 13.9% ᠢᠶᠠᠷ ᠨᠡᠮᠡᠭᠳᠡᠵᠠᠢ᠃ ᠨᠠᠶᠢᠭᠡᠮ ᠤᠨ ᠬᠡᠷᠡᠭᠯᠡᠭᠡᠨ ᠤ | ᠵᠢᠵᠢᠭᠯᠡᠨ ᠬᠤᠳᠠᠯᠳᠤᠬᠤ ᠨᠤᠷᠮ᠎ᠠ 42 ᠳ᠋ᠦᠩᠰᠢᠭᠤᠷ ᠲᠦᠬᠦᠷᠢᠭ ᠬᠦᠷᠴᠤ᠂ 2010 ᠤᠨ ᠤ 1.9 ᠲᠠᠬᠢᠨ᠂ ᠵᠢᠯ | ᠲᠤᠮᠳᠠᠴᠢ ᠪᠠᠷ 14% ᠢᠶᠠᠷ ᠨᠡᠮᠡᠭᠳᠡᠵᠠᠢ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠲᠤᠮᠳᠠᠴᠢ ᠶᠢᠨ | ᠡᠵᠡᠮᠳᠠᠵᠤ ᠪᠤᠯᠬᠤ ᠤᠷᠤᠯᠭ᠎ᠠ 22638 ᠲᠦᠬᠦᠷᠢᠭ ᠪᠠ 8295 ᠲᠦᠬᠦᠷᠢᠭ᠂ 2010 ᠤᠨ ᠤ 1.8 ᠲᠠᠬᠢᠨ | ᠪᠠ 1.6 ᠲᠠᠬᠢᠨ ᠵᠢᠯ ᠲᠤᠮᠳᠠᠴᠢ ᠪᠠᠷ 12.8% ᠪᠠ 10.4% ᠢᠶᠠᠷ ᠨᠡᠮᠡᠭᠳᠡᠵᠠᠢ᠃ ᠲᠠᠪᠤᠨ ᠵᠢᠯ ᠨᠠᠶᠢᠳᠠ 500 | ᠳ᠋ᠦᠩᠰᠢᠭᠤᠷ ᠲᠦᠬᠦᠷᠢᠭ ᠪᠠᠯᠠ ᠤᠷᠤᠭᠤᠯᠵᠤ᠂ ︽11.5︾ ᠶᠢᠨ 2.5 ᠲᠠᠬᠢᠨ᠂ ᠨᠠᠶᠢᠳᠠ ᠶᠢᠨ ᠡᠳ᠋ ᠤᠨ ᠵᠠᠰᠠᠭ | ᠤᠨ ᠵᠠᠷᠤᠯᠭ᠎ᠠ ᠲᠠᠪᠤᠨ ᠵᠢᠯ ᠳᠤ 146 ᠳ᠋ᠦᠩᠰᠢᠭᠤᠷ ᠲᠦᠬᠦᠷᠢᠭ᠂ ︽11.5︾ ᠶᠢᠨ 2.3 ᠲᠠᠬᠢᠨ᠃ ᠤᠯᠤᠰ | ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠶᠢ 26 ᠳ᠋ᠦᠩᠰᠢᠭᠤᠷ ᠲᠦᠬᠦᠷᠢᠭ | ᠲᠠᠮᠠᠴᠠᠨ ᠤᠯᠵᠤ᠂ ︽11.5︾ ᠶᠢᠨ 2.1 ᠲᠠᠬᠢᠨ᠃ ᠬᠤᠰᠢᠭᠤᠨ ᠤ ᠭᠠᠳᠠᠨᠠᠬᠢ ᠪᠠᠯᠠ ᠮᠦᠩᠬᠦ ᠶᠢ ᠨᠠᠶᠢᠳᠠ | 368 ᠳ᠋ᠦᠩᠰᠢᠭᠤᠷ ᠲᠦᠬᠦᠷᠢᠭ ᠲᠠᠳᠠᠨ ᠤᠷᠤᠭᠤᠯᠵᠤ ︽11.5︾ ᠤᠨ 3 ᠲᠠᠬᠢᠨ ᠪᠤᠯᠤᠨ᠎ᠠ᠃ | —— ︽ᠠᠷᠪᠠᠨ ᠬᠤᠶᠠᠷ ᠲᠠᠪᠤ︾ ᠪᠤᠯ ᠬᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ | ᠲᠤᠬᠳᠠᠭᠤᠨ ᠢᠶᠠᠷ ᠲᠠᠭᠡᠭᠰᠢᠯᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠨᠡᠮᠡᠭᠳᠡᠬᠦᠯᠬᠦ ᠠᠷᠭ᠎ᠠ | ᠮᠠᠶ᠋ᠢᠭ ᠢᠶᠠᠨ ᠬᠤᠪᠢᠷᠠᠭᠤᠯᠬᠤ ᠪᠠᠷ ᠴᠢᠷᠮᠠᠶᠢᠵᠤ᠂ ᠠᠵᠤ ᠠᠬᠤᠢ ᠶᠢᠨ ᠪᠦᠳᠦᠴᠠ ᠪᠠᠨ ᠲᠠᠰᠤᠷᠠᠯᠳᠠ ᠦᠭᠡᠢ | ᠰᠢᠯᠢᠳᠡᠭᠵᠢᠬᠦᠯᠵᠤ᠂ ᠭᠤᠷᠪᠠᠳᠤᠭᠠᠷ ᠠᠵᠤ ᠤᠶᠢᠯᠠᠰ ᠤᠨ ᠬᠠᠷᠢᠴᠠᠯ ᠢ 28.9᠄46.1᠄25 ᠪᠤᠯᠭᠠᠨ | ᠲᠤᠬᠢᠷᠠᠭᠤᠯᠪᠠ᠃ ᠠᠵᠤ ᠤᠶᠢᠯᠠᠳᠪᠤᠷᠢ ᠶᠢᠨ ᠠᠵᠤ ᠠᠬᠤᠢ ᠶᠢᠨ ᠬᠡᠪᠴᠢᠶ᠎ᠠ ᠲᠠᠰᠤᠷᠠᠯᠳᠠ ᠦᠭᠡᠢ ᠪᠤᠵᠠᠭᠠᠶᠢᠷᠠᠪᠠ᠃ | ᠪᠦᠬᠦ ᠬᠤᠰᠢᠭᠤᠨ ᠤ ᠬᠡᠪᠴᠢᠶᠠᠵᠢᠯ ᠠᠴᠠ ᠲᠠᠭᠡᠭᠰᠢ ᠠᠵᠤ ᠤᠶᠢᠯᠠᠳᠪᠤᠷᠢ ᠶᠢᠨ ᠠᠵᠤ ᠠᠬᠤᠶᠢᠯᠠᠯ 2010 ᠤᠨ ᠤ | 46 ᠪᠠᠶᠢᠬᠰᠠᠨ ᠠᠴᠠ ᠪᠠᠨ 61 ᠪᠤᠯᠵᠤ ᠨᠡᠮᠡᠭᠳᠡᠨ᠂ ᠠᠵᠤ ᠤᠶᠢᠯᠠᠳᠪᠤᠷᠢ ᠶᠢᠨ ᠲᠤᠬᠳᠠᠮᠠᠯ ᠬᠦᠷᠦᠩᠭᠡ ᠶᠢᠨ ᠪᠠᠯᠠ | ᠤᠷᠤᠭᠤᠯᠤᠯᠳᠠ 229.2 ᠳ᠋ᠦᠩᠰᠢᠭᠤᠷ ᠲᠦᠬᠦᠷᠢᠭ ᠢ ᠪᠠᠶᠠᠯᠠᠬᠦᠯᠪᠠ᠃ ᠢᠳᠡᠭᠡᠨ ᠢ ᠪᠤᠯᠪᠠᠰᠤᠷᠠᠭᠤᠯᠬᠤ᠂ ᠰᠢᠨ᠎ᠠ | ᠡᠨᠧᠷᠬᠢ᠂ ᠮᠠᠰᠢᠨ ᠮᠧᠬᠠᠨᠢᠭ ᠢ ᠤᠶᠢᠯᠠᠳᠬᠦ᠂ ᠠᠭᠤᠷᠬᠠᠢ ᠶᠢᠨ ᠤᠶᠢᠯᠠᠰ ᠤᠨ ᠰᠢᠯᠢᠵᠤ ᠪᠤᠯᠪᠠᠰᠤᠷᠠᠭᠤᠯᠬᠤ ᠵᠠᠷᠭᠡ | ᠠᠵᠤ ᠤᠶᠢᠯᠠᠳᠪᠤᠷᠢ ᠶᠢᠨ ᠠᠵᠤ ᠤᠶᠢᠯᠠᠰ ᠤᠨ ᠪᠤᠷᠤ ᠲᠦᠯᠦᠪ ᠠᠩᠬ᠎ᠠ ᠠᠯᠬᠤᠮ ᠪᠦᠷᠢᠯᠳᠤᠪᠠ᠃ ᠬᠦᠭᠵᠢᠯᠳᠠ ᠶᠢᠨ | ᠰᠠᠭᠤᠷᠢ ᠡᠳᠦᠷ ᠢᠷᠠᠬᠦᠶ᠎ᠠ ᠲᠠᠬᠦᠯᠳᠠᠷᠵᠢᠪᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠯᠠ | ᠮᠦᠩᠬᠦ ᠨᠠᠶᠢᠳᠠ 6 ᠳ᠋ᠦᠩᠰᠢᠭᠤᠷ ᠲᠦᠬᠦᠷᠢᠭ ᠢᠯᠠᠬᠦᠦ ᠤᠷᠤᠭᠤᠯᠵᠤ᠂ ᠬᠠᠰ ᠯᠤᠤ ᠠᠵᠤ ᠤᠶᠢᠯᠠᠳᠪᠤᠷᠢ ᠶᠢᠨ | ᠲᠤᠭᠤᠷᠢᠭ ᠤᠨ ᠲᠤᠭᠤᠷᠢᠭ ᠤᠨ ᠲᠠᠯᠠᠪᠠᠢ ᠶᠢᠨ ᠪᠠᠶᠢᠭᠤᠯᠤᠯᠳᠠ ᠨᠢ 8 ᠲᠡᠭᠰᠢ ᠲᠦᠷᠪᠠᠯᠵᠢᠨ ᠺᠢᠯᠤᠮᠧᠲᠷ ᠬᠦᠷᠴᠤ᠂ | 46 ᠠᠵᠤ ᠠᠬᠤᠶᠢᠯᠠᠯ ᠢ ᠲᠠᠳᠠᠨ ᠤᠷᠤᠭᠤᠯᠵᠤ᠂ ᠬᠡᠯᠡᠯᠴᠠᠭᠡᠷ ᠲᠤᠬᠳᠠᠬᠰᠠᠨ ᠶᠠᠷᠦᠩᠭᠡᠢ ᠪᠠᠯᠠ ᠤᠷᠤᠭᠤᠯᠤᠯᠳᠠ 69 | ᠳ᠋ᠦᠩᠰᠢᠭᠤᠷ ᠲᠦᠬᠦᠷᠢᠭ ᠬᠦᠷᠪᠠ᠃ ᠲᠤᠭᠤᠷᠢᠭ ᠨᠢ ᠦᠪᠠᠷᠳᠡᠭᠡᠨ ᠵᠠᠰᠠᠬᠤ ᠤᠷᠤᠨ ᠤ ᠲᠠᠰ ᠤᠨ ᠠᠵᠤ | ᠤᠶᠢᠯᠠᠳᠪᠤᠷᠢ ᠶᠢᠨ ᠲᠤᠭᠤᠷᠢᠭ ᠪᠤᠯᠤᠨ ᠲᠠᠪᠰᠢᠪᠠ᠃ ᠮᠠᠯ ᠲᠠᠷᠢᠶᠠᠯᠠᠩ ᠤᠨ ᠤᠳᠤᠬᠢᠴᠢᠯᠠᠯᠳᠠ ᠶᠢᠨ ᠠᠬᠢᠴᠠ ᠶᠢ | ᠲᠦᠷᠭᠡᠳᠭᠡᠪᠠ᠃ ᠠᠮᠤ ᠪᠤᠳᠠᠭᠠᠨ ᠤ ᠤᠨᠠᠯᠳᠠ ᠶᠢ 20 ᠳ᠋ᠦᠩᠰᠢᠭᠤᠷ ᠵᠢᠩ ᠠᠴᠠ ᠲᠡᠭᠡᠭᠰᠢ ᠳᠤ | ᠲᠤᠬᠳᠠᠪᠤᠷᠢᠵᠢᠭᠤᠯᠵᠤ᠂ ᠮᠠᠯᠵᠢᠯ ᠤᠨ ᠵᠢᠯ ᠤᠨ ᠬᠡᠷ ᠤᠨ ᠲᠠᠵᠢᠭᠡᠪᠤᠷᠢ ᠶᠢᠨ ᠵᠤᠬᠰᠤᠭ᠎ᠠ ᠲᠤᠭ᠎ᠠ 260 ᠲᠦᠮᠠᠨ | ᠲᠤᠯᠤᠭᠠᠢ ᠰᠢᠬᠠᠮ ᠢ ᠪᠠᠳᠤᠯᠠᠪᠠ᠃ ᠮᠠᠯ ᠲᠠᠷᠢᠶᠠᠯᠠᠩ ᠤᠨ ᠠᠵᠤ ᠤᠶᠢᠯᠠᠰᠵᠢᠯᠳᠠ ᠶᠢᠨ ᠲᠦᠪᠰᠢᠨ ᠦᠷᠬᠦᠯᠵᠢᠯᠠᠨ | ᠲᠠᠭᠡᠭᠰᠢᠯᠠᠪᠠ᠃ ᠵᠦᠩ ᠯᠢᠶᠠᠩ ᠵᠢᠶᠠ ᠵᠢᠶᠠ ᠺᠠᠩ᠂ ᠡᠾᠧᠩ ᠳ᠋ᠦ᠋ ᠦᠭᠡᠷ ᠤᠨ ᠤᠶᠢᠯᠠᠰ᠂ ᠠᠨ ᠴᠢ ᠰᠢᠬᠢᠷ ᠤᠨ | ᠤᠶᠢᠯᠠᠰ ᠵᠠᠷᠭᠡ ᠠᠵᠤ ᠤᠶᠢᠯᠠᠰᠵᠢᠯᠳᠠ ᠶᠢᠨ ᠭᠤᠤᠯᠯᠠᠬᠴᠢ ᠠᠵᠤ ᠠᠬᠤᠶᠢᠯᠠᠯ ᠢ ᠠᠮᠵᠢᠯᠳᠠ ᠲᠠᠢ ᠪᠠᠷ ᠲᠠᠳᠠᠨ | ᠤᠷᠤᠭᠤᠯᠪᠠ᠃ ᠡᠯ᠎ᠡ ᠲᠦᠷᠦᠯ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ | 2929 ᠢ ᠲᠠᠮᠵᠢᠨ ᠪᠤᠶᠢᠵᠢᠭᠤᠯᠵᠤ᠂ 8 ᠲᠦᠮᠠᠨ ᠮᠠᠯᠴᠢᠨ ᠡᠷᠦᠭᠡ ᠶᠢ ᠲᠠᠶᠢᠴᠢᠯᠠᠨ ᠠᠵᠤ ᠤᠶᠢᠯᠠᠰᠵᠢᠬᠦᠯᠦᠨ | ᠡᠵᠡᠩᠨᠠᠬᠦ ᠳᠤ ᠤᠷᠤᠯᠴᠠᠭᠤᠯᠪᠠ᠃ ᠪᠦᠬᠦ ᠬᠤᠰᠢᠭᠤᠨ ᠳᠤ ᠠᠯᠠᠰᠢᠨ ᠦᠭᠡᠷ᠂ ᠠᠯᠠᠰᠢᠨ ᠬᠤᠨᠢ᠂ ᠭᠠᠭ᠋ᠠᠢ᠂ ᠰᠢᠬᠢᠷ | ᠯᠤᠤᠪᠠᠩ᠂ ᠲᠦᠮᠦᠰᠤ᠂ ᠢᠳᠡᠰᠢᠨ ᠨᠤᠭᠤᠭ᠎ᠠ᠂ ᠠᠮᠤ ᠪᠤᠳᠠᠭ᠎ᠠ ᠪᠤᠯᠪᠠᠰᠤᠷᠠᠭᠤᠯᠬᠤ ᠲᠤᠯᠤᠭᠠᠨ ᠪᠦᠷᠢᠨ ᠠᠵᠤ | ᠤᠶᠢᠯᠠᠰ ᠤᠨ ᠬᠡᠯᠬᠢᠶᠠᠵᠢᠯ ᠪᠦᠷᠢᠯᠳᠤᠪᠠ᠃ ᠤᠩᠨᠢᠭᠤᠳ ᠤᠨ ᠠᠯᠠᠰᠢᠨ ᠦᠭᠡᠷ᠂ ᠠᠯᠠᠰᠢᠨ ᠬᠤᠨᠢ᠂ ᠲᠤᠳᠤᠷᠭ᠎ᠠ | ᠭᠤᠷᠪᠠᠨ ᠵᠦᠢᠯ ᠤᠨ ᠭᠠᠵᠠᠷ ᠵᠦᠢ ᠶᠢᠨ ᠰᠢᠨᠵᠢ ᠲᠠᠮᠳᠡᠭ ᠢ ᠬᠡᠷᠡᠴᠢᠯᠡᠭᠰᠡᠨ ᠲᠠᠸᠠᠷ ᠤᠨ ᠲᠠᠮᠳᠡᠭ ᠢ ᠲᠠᠩᠰᠠᠯᠠᠵᠤ᠂ | ᠮᠧᠩ ᠳ᠋ᠦ᠋ ᠨᠢ ︽ᠲᠤᠮᠳᠠᠳᠤ ᠤᠯᠤᠰ ᠤᠨ ᠨᠠᠷᠠᠳᠤ ᠲᠠᠸᠠᠷ ᠤᠨ ᠲᠠᠮᠳᠡᠭ︾ ᠢ ᠬᠦᠷᠳᠠᠪᠠ᠃ ᠶᠠᠩ ᠵᠢᠶᠠ ᠢᠩᠽᠢ | ᠤᠨ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠢ ᠲᠦᠯᠦᠪᠵᠢᠬᠦᠯᠦᠨ ᠪᠦᠳᠦᠭᠡᠨ | ᠪᠠᠶᠢᠭᠤᠯᠪᠠ᠃ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠶᠠᠷᠦᠩᠭᠡᠢ ᠬᠦᠳᠠᠯᠭᠡᠬᠦ ᠬᠦᠴᠦ 77.9 ᠲᠦᠮᠠᠨ | ᠺᠢᠯᠤᠸᠠᠲ᠂ ᠲᠠᠷᠢᠶᠠᠯᠠᠩ ᠤᠨ ᠮᠠᠰᠢᠨᠴᠢᠯᠠᠯᠳᠠ ᠶᠢᠨ ᠶᠠᠷᠦᠩᠭᠡᠶᠢᠯᠡᠭᠰᠡᠨ ᠠᠵᠢᠯᠯᠠᠬᠤ ᠲᠦᠪᠰᠢᠨ 75% ᠳᠤ ᠬᠦᠷᠪᠠ᠃ | ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠤᠶᠢᠯᠠᠰ ᠰᠢᠨ᠎ᠠ ᠬᠤᠪᠢᠷᠠᠯᠳᠠ ᠲᠠᠢ ᠪᠤᠯᠪᠠ᠃ ᠪᠤᠷᠤᠬᠤᠳᠠ | ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠲᠤᠭᠤᠷᠢᠭ ᠢ ᠲᠤᠭᠤᠷᠢᠭ ᠤᠨ ᠲᠠᠯᠠᠪᠠᠢ ᠨᠢ 0.8 | ᠲᠡᠭᠰᠢ ᠲᠦᠷᠪᠠᠯᠵᠢᠨ ᠺᠢᠯᠤᠮᠧᠲᠷ ᠪᠤᠯᠭᠠᠨ ᠪᠠᠶᠢᠭᠤᠯᠪᠠ᠃ ᠪᠤᠷᠤᠬᠤᠳᠠ ᠶᠢᠨ ᠠᠶᠠᠨᠴᠢᠨ ᠤ ᠲᠠᠷᠭᠡᠨ ᠦᠷᠳᠡᠭᠡ᠂ ᠯᠢ | ᠹᠧᠩ ᠮᠠᠰᠢᠨ ᠲᠠᠷᠭᠡᠨ ᠤ ᠬᠤᠳᠠ᠂ ᠮᠢᠨ ᠰᠢᠶᠠᠩ ᠠᠮᠤ ᠪᠤᠳᠠᠭ᠎ᠠ᠂ ᠵᠢᠮᠢᠰ᠂ ᠢᠳᠡᠰᠢᠨ ᠨᠤᠭᠤᠭ᠎ᠠ ᠶᠢᠨ ᠪᠦᠭᠡᠮ ᠢᠶᠠᠷ | ᠪᠤᠷᠤᠯᠠᠭᠤᠯᠬᠤ ᠵᠠᠬ᠎ᠠ ᠲᠠᠯᠭᠡᠬᠦᠷ ᠵᠠᠷᠭᠡ 12 ᠲᠦᠷᠦᠯ ᠵᠦᠢᠯ ᠢ ᠲᠠᠳᠠᠨ ᠤᠷᠤᠭᠤᠯᠵᠤ᠂ 11 ᠳ᠋ᠦᠩᠰᠢᠭᠤᠷ | ᠲᠦᠬᠦᠷᠢᠭ ᠪᠠᠯᠠ ᠤᠷᠤᠭᠤᠯᠬᠤ ᠶᠢ ᠪᠠᠶᠠᠯᠠᠬᠦᠯᠪᠠ᠃ ᠰᠢᠶᠠᠩ ᠡᠾᠧ ᠬᠡᠷ ᠤᠨ ᠬᠡᠷᠡᠭᠰᠡᠯ ᠤᠨ ᠬᠤᠳᠠ᠂ ᠡᠾᠧᠩ ᠮᠤᠤ | ᠲᠠᠯᠠᠪᠠᠢ᠂ ᠴᠢᠥᠸᠠᠨ ᠨᠢᠩ ᠪᠠᠭᠤᠳᠠᠯ᠂ ᠬᠤᠩ ᠱᠠᠨ ᠵᠠᠮ ᠤᠨ ᠢᠳᠡᠭᠡᠨ ᠤᠮᠳᠠᠭᠠᠨ ᠤ ᠨᠢᠭᠡ ᠵᠤᠷᠪᠤᠰ ᠵᠠᠬᠡᠯᠢ ᠵᠠᠷᠭᠡ | ᠨᠢᠭᠡ ᠪᠦᠯᠦᠭ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠢ ᠪᠠᠶᠢᠭᠤᠯᠵᠤ ᠪᠠᠷᠠᠭᠠᠳ | ᠠᠰᠢᠬᠯᠠᠯᠳᠠ ᠳᠤ ᠤᠷᠤᠵᠤ ᠡᠵᠡᠩᠨᠠᠪᠠ᠃ ᠰᠤᠶᠤᠯ ᠵᠤᠭᠠᠴᠠᠯ ᠤᠨ ᠤᠶᠢᠯᠠᠰ ᠰᠢᠨ᠎ᠠ ᠬᠦᠭᠵᠢᠯᠳᠠ ᠲᠠᠢ ᠪᠤᠯᠪᠠ᠃ | ᠰᠤᠶᠤᠯ ᠲᠤᠬᠯᠠᠯᠳᠠ ᠶᠢᠨ ᠲᠦᠪ᠂ ᠭᠠᠵᠠᠷ ᠰᠢᠨᠵᠢᠯᠠᠭᠡᠨ ᠤ ᠲᠠᠯᠭᠡᠨ ᠦᠵᠠᠬᠦᠯᠦᠯᠭᠡ ᠶᠢᠨ ᠤᠷᠳᠤᠨ᠂ ᠮᠦᠸᠧᠽᠠᠢ | ᠵᠠᠷᠭᠡ ᠰᠤᠶᠤᠯ ᠤᠨ ᠲᠦᠬᠦᠭᠡᠷᠦᠮᠵᠢ ᠠᠰᠢᠬᠯᠠᠯᠳᠠ ᠳᠤ ᠤᠷᠤᠪᠠ᠃ ᠬᠠᠰ ᠯᠤᠤ ᠮᠠᠩᠬᠠᠨ ᠨᠠᠭᠤᠷ ᠤᠨ ᠦᠵᠠᠮᠵᠢ ᠶᠢᠨ | ᠤᠷᠤᠨ ᠨᠢ ᠤᠯᠤᠰ ᠤᠨ 4A ᠲᠠᠰ ᠤᠨ ᠦᠵᠠᠮᠵᠢ ᠶᠢᠨ ᠤᠷᠤᠨ ᠪᠤᠯᠤᠨ ᠲᠠᠪᠰᠢᠵᠤ᠂ ᠤᠩᠨᠢᠭᠤᠳ ᠬᠤᠰᠢᠭᠤ ᠨᠢ | ︽ᠲᠤᠮᠳᠠᠳᠤ ᠤᠯᠤᠰ ᠤᠨ ᠬᠠᠮᠤᠭ ᠭᠤᠶᠤ ᠰᠠᠶᠢᠬᠠᠨ ᠠᠮᠢ ᠠᠬᠤᠢ ᠰᠤᠶᠤᠯ ᠵᠤᠭᠠᠴᠠᠯ ᠤᠨ ᠬᠠᠷᠠᠯᠳᠠᠳᠤ ᠭᠠᠵᠠᠷ︾ | ᠤᠨ ᠢᠷᠠᠭᠤ ᠠᠯᠳᠠᠷᠳᠤ ᠴᠤᠯᠠ ᠶᠢ ᠬᠦᠷᠳᠠᠪᠠ᠃ ᠮᠦᠩᠬᠦᠨ ᠬᠦᠢᠯᠭᠡᠭᠡᠨ ᠤ ᠤᠶᠢᠯᠠᠴᠢᠯᠠᠭᠡᠨ ᠤ ᠤᠶᠢᠯᠠᠰ ᠰᠢᠨ᠎ᠠ | ᠰᠠᠶᠢᠵᠢᠷᠠᠯᠳᠠ ᠲᠠᠢ ᠪᠤᠯᠪᠠ᠃ ᠲᠤᠮᠳᠠᠳᠤ ᠤᠯᠤᠰ ᠤᠨ ᠪᠠᠩᠬᠢ᠂ ᠪᠦᠳᠦᠭᠡᠨ ᠪᠠᠶᠢᠭᠤᠯᠤᠯᠳᠠ ᠶᠢᠨ ᠪᠠᠩᠬᠢ᠂ ᠪᠤᠤ | ᠱᠠᠩ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠯᠢ ᠨᠦᠩ ᠲᠤᠰᠬᠤᠨ ᠪᠠᠯᠭᠠᠰᠤᠨ ᠤ ᠪᠠᠩᠬᠢ ᠶᠢ ᠲᠠᠳᠠᠨ | ᠤᠷᠤᠭᠤᠯᠵᠤ᠂ ᠰᠢᠨ ᠯᠦᠩ᠂ ᠵᠤ᠋ ᠰᠢᠨ ᠵᠠᠷᠭᠡ 5 ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢ ᠪᠠᠶᠢᠭᠤᠯᠵᠤ᠂ | ᠬᠠᠰ ᠯᠤᠤ ᠲᠠᠭᠠᠭᠠᠨ ᠪᠠᠳᠤᠯᠠᠬᠤ ᠺᠤᠮᠫᠠᠨᠢ᠂ ᠷᠦᠨ ᠡᠾᠧᠩ ᠪᠠᠯᠠ ᠤᠷᠤᠭᠤᠯᠤᠯᠳᠠ ᠶᠢᠨ ᠺᠤᠮᠫᠠᠨᠢ ᠪᠠ ᠡᠾᠦ᠋ᠢ ᠵᠦᠩ | ᠮᠠᠯ ᠲᠠᠷᠢᠶᠠᠯᠠᠩ ᠤᠨ ᠪᠠᠯᠠ ᠤᠷᠤᠭᠤᠯᠤᠯᠳᠠ ᠶᠢᠨ ᠺᠤᠮᠫᠠᠨᠢ ᠪᠠᠶᠢᠭᠤᠯᠤᠬᠳᠠᠨ᠂ ᠪᠦᠬᠦ ᠬᠤᠰᠢᠭᠤᠨ ᠤ ᠪᠠᠩᠬᠢ ᠶᠢᠨ | ᠤᠶᠢᠯᠠᠰ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ 10 ᠪᠤᠯᠪᠠ᠃ ᠮᠦᠩᠬᠦᠨ ᠬᠦᠢᠯᠭᠡᠭᠡᠨ ᠤ ᠪᠠᠶᠢᠭᠤᠯᠤᠮᠵᠢ | ᠶᠢᠨ ᠬᠠᠳᠠᠭᠠᠯᠠᠵᠤ ᠪᠠᠶᠢᠬᠤ ᠵᠢᠭᠡᠯᠡᠯᠭᠡ ᠶᠢᠨ ᠵᠤᠭᠤᠰ ᠤᠨ ᠦᠯᠠᠳᠠᠪᠤᠷᠢ ᠲᠤᠭ᠎ᠠ ᠲᠤᠰᠪᠤᠷᠢ 84 ᠳ᠋ᠦᠩᠰᠢᠭᠤᠷ | ᠲᠦᠬᠦᠷᠢᠭ ᠪᠠ 55 ᠳ᠋ᠦᠩᠰᠢᠭᠤᠷ ᠲᠦᠬᠦᠷᠢᠭ ᠬᠦᠷᠴᠤ᠂ 2010 ᠤᠨ ᠤ 2 ᠲᠠᠬᠢᠨ ᠪᠠ 2.4 ᠲᠠᠬᠢᠨ᠃ | —— ︽12.5︾ ᠪᠤᠯ ᠬᠤᠳᠠ ᠬᠦᠳᠡᠭᠡ ᠶᠢᠨ ᠲᠦᠷᠰᠤ ᠪᠠᠶᠢᠳᠠᠯ ᠡᠳᠦᠷ ᠢᠷᠠᠬᠦᠶ᠎ᠠ ᠬᠤᠪᠢᠷᠠᠯᠳᠠ | ᠲᠠᠢ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠬᠤᠳᠠ ᠬᠦᠳᠡᠭᠡ ᠶᠢ ᠵᠠᠷᠭᠡᠪᠠᠷ ᠵᠤᠬᠢᠴᠠᠯᠳᠤᠭᠤᠯᠤᠨ | ᠬᠦᠭᠵᠢᠬᠦᠯᠵᠤ᠂ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠠᠮᠢ | ᠠᠬᠤᠢ ᠤᠰᠤᠨ ᠠᠰᠢᠬᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ | ᠬᠤᠳᠠ ᠪᠠᠯᠭᠠᠰᠤᠵᠢᠯᠳᠠ ᠶᠢᠨ ᠲᠦᠪᠰᠢᠨ ᠲᠦᠷᠭᠡᠨ ᠲᠠᠭᠡᠭᠰᠢᠯᠠᠪᠠ᠃ ᠲᠤᠮᠳᠠᠳᠤ ᠤᠯᠤᠰ ᠤᠨ ᠬᠤᠳᠠ ᠶᠢᠨ | ᠪᠦᠳᠦᠭᠡᠨ ᠪᠠᠶᠢᠭᠤᠯᠤᠯᠳᠠ ᠶᠢᠨ ᠰᠤᠳᠤᠯᠭᠠᠨ ᠤ ᠬᠦᠷᠢᠶᠠᠯᠠᠩ ᠢ ᠤᠷᠢᠵᠤ᠂ ︽ᠪᠤᠷᠤᠬᠤᠳᠠ ᠪᠠᠯᠭᠠᠰᠤᠨ ᠤ ᠬᠤᠳᠠ | ᠶᠢᠨ ᠶᠠᠷᠦᠩᠭᠡᠢ ᠲᠦᠯᠦᠪᠵᠢᠬᠦᠯᠭᠡ︾ ᠶᠢ ᠵᠠᠰᠠᠨ ᠨᠠᠶᠢᠷᠠᠭᠤᠯᠪᠠ᠃ ᠰᠠᠭᠤᠷᠢ ᠪᠦᠳᠦᠭᠡᠨ ᠪᠠᠶᠢᠭᠤᠯᠤᠯᠳᠠ ᠶᠢᠨ ᠪᠠᠯᠠ | ᠮᠦᠩᠬᠦ ᠨᠠᠶᠢᠳᠠ 15 ᠳ᠋ᠦᠩᠰᠢᠭᠤᠷ ᠲᠦᠬᠦᠷᠢᠭ ᠤᠷᠤᠭᠤᠯᠵᠤ᠂ ᠪᠤᠷᠤᠬᠤᠳᠠ ᠶᠢᠨ ᠰᠢᠨ᠎ᠠ ᠬᠤᠳᠠ ᠲᠤᠭᠤᠷᠢᠭ ᠤᠨ | 7 ᠲᠡᠭᠰᠢ ᠲᠦᠷᠪᠠᠯᠵᠢᠨ ᠺᠢᠯᠤᠮᠧᠲᠷ ᠭᠠᠵᠠᠷ ᠢ ᠲᠠᠳᠠᠪᠤᠷᠢᠯᠠᠨ ᠨᠤᠷᠠᠭᠠᠨ ᠨᠠᠬᠦᠯᠭᠡᠵᠤ᠂ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢᠨ ᠡᠬᠦᠷᠭᠡ ᠶᠢ ᠪᠠᠶᠠᠯᠠᠬᠦᠯᠪᠠ᠃ ᠰᠤᠶᠤᠯ ᠤᠨ ᠠᠭᠤᠳᠠᠮ ᠲᠠᠯᠠᠪᠠᠢ᠂ ᠵᠠᠬᠡᠯᠢ ᠵᠠᠮ ᠤᠨ | ᠪᠠᠶᠢᠭᠤᠯᠤᠯᠳᠠ᠂ ᠨᠤᠭᠤᠭᠠᠷᠠᠭᠤᠯᠤᠯᠳᠠ᠂ ᠭᠤᠶᠤᠵᠢᠭᠤᠯᠤᠯᠳᠠ᠂ ᠪᠠᠷᠠᠭᠤᠠ ᠭᠤᠤᠯ ᠢ ᠶᠠᠷᠦᠩᠭᠡᠶᠢᠯᠠᠨ ᠵᠠᠰᠠᠬᠤ ᠵᠠᠷᠭᠡ | ᠢᠨᠵᠧᠨᠧᠷᠢᠭ ᠢ ᠬᠡᠷᠡᠭᠵᠢᠬᠦᠯᠵᠤ᠂ ᠬᠦᠮᠦᠨ ᠠᠷᠠᠳ ᠤᠨ ᠰᠠᠭᠤᠷᠢᠰᠢᠬᠤ ᠤᠷᠴᠢᠨ ᠤ ᠰᠠᠶᠢᠵᠢᠷᠠᠯᠳᠠ ᠶᠡᠭᠡ ᠪᠤᠯᠪᠠ᠃ | ᠪᠦᠬᠦ ᠤᠷᠳᠤ ᠨᠢ 36 ᠺᠢᠯᠤᠮᠧᠲᠷ ᠪᠤᠯᠬᠤ ᠦᠪᠠᠷᠳᠡᠭᠡᠨ ᠵᠠᠰᠠᠬᠤ ᠤᠷᠤᠨ ᠤ ᠲᠦᠷᠦᠬᠦᠦ ᠵᠤᠷᠪᠤᠰ ᠬᠤᠰᠢᠭᠤ ᠰᠢᠶᠠᠨ | ᠤ ᠭᠠᠳᠠᠷ ᠲᠤᠭᠤᠷᠢᠭ ᠵᠠᠮ ᠢ ᠪᠠᠶᠢᠭᠤᠯᠵᠤ᠂ ︽ᠨᠢᠭᠡ ᠴᠤᠬᠴᠠ ᠲᠦᠷᠪᠠᠨ ᠲᠤᠭᠤᠷᠢᠭ︾ ᠤᠨ ᠤᠶᠢᠯᠠᠳᠪᠤᠷᠢᠯᠠᠯ | ᠬᠤᠳᠠ ᠨᠠᠶᠢᠯᠠᠨ ᠬᠦᠭᠵᠢᠬᠦ ᠰᠢᠨ᠎ᠠ ᠪᠠᠶᠢᠷᠢᠯᠠᠭᠤᠯᠤᠯᠳᠠ ᠪᠦᠷᠢᠯᠳᠤᠪᠠ᠃ ᠦᠪᠡᠷᠳᠡᠭᠡᠨ ᠵᠠᠰᠠᠬᠤ ᠤᠷᠤᠨ ᠤ ᠲᠠᠰ ᠤᠨ | ᠡᠷᠡᠬᠦᠯ ᠬᠠᠮᠠᠭᠠᠯᠠᠯ ᠤᠨ ᠬᠤᠳᠠ ᠰᠢᠶᠠᠨ ᠪᠠ ᠦᠪᠠᠷᠳᠡᠭᠡᠨ ᠵᠠᠰᠠᠬᠤ ᠤᠷᠤᠨ ᠤ ᠴᠡᠴᠡᠷᠯᠢᠭᠳᠦ ᠬᠤᠳᠠ ᠶᠢᠨ ᠰᠢᠯᠭᠠᠨ | ᠬᠤᠷᠢᠶᠠᠬᠤ ᠶᠢ ᠤᠷᠤᠬᠰᠢᠳᠠᠢ ᠦᠩᠭᠡᠷᠡᠭᠡᠪᠠ᠃ ᠪᠤᠷᠤᠬᠤᠳᠠ ᠪᠠᠯᠭᠠᠰᠤ᠂ ᠤᠳᠠᠨᠳᠤᠬᠤᠢ ᠪᠠᠯᠭᠠᠰᠤ ᠵᠠᠷᠭᠡ ᠨᠢ ᠤᠯᠤᠰ | ᠤᠨ ᠲᠠᠰ ᠤᠨ ᠭᠤᠤᠯᠳᠠᠯᠭ᠎ᠠ ᠲᠠᠢ ᠪᠠᠯᠭᠠᠰᠤ ᠪᠠᠷ ᠦᠨᠠᠯᠡᠭᠳᠡᠵᠤ᠂ ᠴᠢᠶᠤᠤ ᠲᠸᠤ ᠪᠠᠯᠭᠠᠰᠤ᠂ ᠭᠤᠸᠠᠩ ᠳ᠋ᠧ ᠬᠦᠩ | ᠪᠠᠯᠭᠠᠰᠤ᠂ ᠬᠠᠶᠢᠯᠠᠰᠤ ᠪᠠᠯᠭᠠᠰᠤ ᠨᠢ ᠦᠪᠠᠷᠳᠡᠭᠡᠨ ᠵᠠᠰᠠᠬᠤ ᠤᠷᠤᠨ ᠤ ᠲᠠᠰ ᠤᠨ ᠭᠤᠶᠤ ᠰᠠᠶᠢᠬᠠᠨ ᠰᠠᠭᠤᠬᠤ ᠳᠤ | ᠲᠠᠭᠠᠯᠠᠮᠵᠢᠳᠠᠢ ᠵᠢᠵᠢᠭ ᠪᠠᠯᠭᠠᠰᠤ ᠪᠠᠷ ᠦᠨᠠᠯᠡᠭᠳᠡᠭᠰᠡᠨ ᠪᠠᠶᠢᠨ᠎ᠠ᠃ ᠪᠦᠬᠦ ᠬᠤᠰᠢᠭᠤᠨ ᠤ ᠬᠤᠳᠠᠴᠢᠯᠠᠯᠳᠠ ᠶᠢᠨ | ᠨᠤᠷᠮ᠎ᠠ 40.75% ᠳᠤ ᠬᠦᠷᠴᠤ᠂ 2010 ᠤᠨ ᠲᠠᠢ ᠬᠠᠷᠢᠴᠠᠭᠤᠯᠪᠠᠯ 8.75 ᠵᠠᠭᠤᠨ ᠤ ᠴᠡᠭ ᠢᠶᠠᠷ | ᠲᠠᠭᠡᠭᠰᠢᠯᠠᠪᠠ᠃ ᠵᠠᠮ ᠬᠠᠷᠢᠯᠴᠠᠭ᠎ᠠ ᠴᠠᠬᠢᠯᠭᠠᠨ ᠬᠦᠴᠦᠨ ᠤ ᠲᠤᠤᠷ ᠰᠦᠯᠵᠢᠶ᠎ᠠ ᠨᠠᠩ ᠢᠯᠠᠬᠦᠦ ᠲᠠᠬᠦᠯᠳᠠᠷᠵᠢᠪᠠ᠃ | ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠳᠤ ᠨᠠᠶᠢᠳᠠ 26.7 ᠳ᠋ᠦᠩᠰᠢᠭᠤᠷ ᠲᠦᠬᠦᠷᠢᠭ ᠪᠠᠯᠠ ᠤᠷᠤᠭᠤᠯᠵᠤ | ᠂ ᠮᠤᠵᠢ ᠶᠢᠨ ᠵᠠᠮ 304 ᠱᠤᠭᠤᠮ ᠤᠨ ᠬᠠᠶᠢᠯᠠᠰᠤ ᠠᠴᠠ ᠪᠤᠷᠤᠬᠤᠳᠠ ᠬᠦᠷᠬᠦ ᠬᠡᠰᠡᠭ ᠤᠨ ᠴᠠᠷᠳᠠᠮᠠᠯ ᠵᠠᠮ ᠪᠤᠯᠭᠠᠨ | ᠦᠭᠡᠷᠡᠴᠢᠯᠠᠬᠦ ᠢᠨᠵᠧᠨᠧᠷᠢᠭ ᠲᠠᠭᠤᠰᠴᠤ ᠲᠠᠷᠭᠡ ᠨᠠᠪᠳᠠᠷᠠᠪᠠ᠂ ᠮᠤᠵᠢ ᠶᠢᠨ ᠵᠠᠮ ᠤᠨ 205 ᠱᠤᠭᠤᠮ ᠤᠨ | ᠪᠤᠷᠤᠬᠤᠳᠠ ᠠᠴᠠ ᠰᠾᠢ ᠳ᠋ᠤᠤ ᠭᠸᠤ ᠬᠦᠷᠬᠦ ᠬᠡᠰᠡᠭ ᠢ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠢᠨᠵᠧᠨᠧᠷᠢᠭ᠂ ᠦ᠋ | ᠹᠧᠨ ᠳ᠋ᠢ ᠠᠴᠠ ᠡᠾᠸᠢ ᠱᠦᠢ ᠬᠦᠷᠬᠦ ᠤᠯᠤᠰ ᠤᠨ ᠬᠠᠮᠠᠭᠠᠯᠠᠯᠳᠠ ᠶᠢᠨ ᠲᠠᠶᠢᠨ ᠤ ᠪᠠᠯᠠᠳᠭᠡᠯ ᠤᠨ ᠵᠠᠮ ᠠᠰᠢᠬᠯᠠᠯᠳᠠ | ᠳᠤ ᠤᠷᠤᠪᠠ᠂ ᠲᠤᠰᠬᠤᠨ ᠳᠤ ᠨᠠᠪᠳᠠᠷᠠᠬᠦ ᠴᠠᠷᠳᠠᠮᠠᠯ ᠵᠠᠮ᠂ ᠱᠦᠢᠨᠠᠢ ᠵᠠᠮ 1701 ᠺᠢᠯᠤᠮᠧᠲᠷ ᠰᠢᠨ᠎ᠠ ᠪᠠᠷ | ᠪᠠᠶᠢᠭᠤᠯᠵᠤ᠂ ᠪᠦᠬᠦ ᠬᠤᠰᠢᠭᠤᠨ ᠤ ᠵᠠᠰᠠᠮᠠᠯ ᠵᠠᠮ ᠤᠨ ᠶᠠᠷᠦᠩᠭᠡᠢ ᠵᠠᠮ ᠤᠨ ᠵᠠᠢ 3611 ᠺᠢᠯᠤᠮᠧᠲᠷ ᠬᠦᠷᠴᠠᠢ᠃ | ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠨᠠᠶᠢᠳᠠ 3.7 ᠳ᠋ᠦᠩᠰᠢᠭᠤᠷ ᠲᠦᠬᠦᠷᠢᠭ | ᠤᠷᠤᠭᠤᠯᠵᠤ᠂ ᠬᠤᠪᠢᠰᠬᠠᠭᠤᠷ ᠤᠨ ᠦᠷᠳᠡᠭᠡ 12 ᠢ ᠰᠢᠨ᠎ᠠ ᠪᠠᠷ ᠦᠭᠡᠷᠡᠴᠢᠯᠠᠨ ᠪᠠᠶᠢᠭᠤᠯᠵᠤ᠂ 66 ᠺᠢᠯᠤᠸᠤᠯᠲ | ᠤᠨ ᠬᠦᠴᠦᠳᠠᠯ ᠬᠤᠪᠢᠷᠠᠭᠠᠨ ᠴᠠᠬᠢᠯᠭᠠᠨ ᠬᠦᠷᠭᠡᠬᠦ ᠱᠤᠭᠤᠮ 191 ᠺᠢᠯᠤᠮᠧᠲᠷ ᠢ ᠪᠤᠰᠬᠠᠵᠤ᠂ ᠲᠤᠤᠷ᠎ᠠ ᠲᠠᠷᠤᠯᠳᠠᠳᠤ | ᠴᠠᠬᠢᠯᠭᠠᠨ ᠤᠳᠠᠰᠤᠨ ᠤ ᠱᠤᠭᠤᠮ 354 ᠺᠢᠯᠤᠮᠧᠲᠷ᠂ ᠲᠤᠤᠷ᠎ᠠ ᠲᠠᠷᠤᠯᠳᠠᠳᠤ ᠲᠠᠶᠢᠰᠠ ᠶᠢᠨ ᠤᠷᠤᠨ 313 ᠢ | ᠦᠭᠡᠷᠡᠴᠢᠯᠠᠨ ᠪᠠᠶᠢᠭᠤᠯᠵᠠᠢ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠪᠰᠢᠨ ᠤᠯᠠᠮ ᠨᠢᠭᠡ ᠠᠯᠬᠤᠮ | ᠲᠠᠭᠡᠭᠰᠢᠯᠠᠪᠠ᠃ ︽ᠤᠩᠨᠢᠭᠤᠳ ᠬᠤᠰᠢᠭᠤᠨ ᠤ ᠬᠤᠷᠴᠢᠨ ᠤ ᠡᠯᠡᠰᠤᠳᠤ ᠭᠠᠵᠠᠷ ᠢ ᠶᠠᠷᠦᠩᠭᠡᠶᠢᠯᠠᠨ ᠵᠠᠰᠠᠬᠤ ᠪᠠ | ᠡᠯᠡᠰᠤᠨ ᠤ ᠠᠵᠤ ᠤᠶᠢᠯᠠᠰ ᠢ ᠨᠡᠬᠡᠬᠡᠬᠦ ᠶᠡᠷᠦᠩᠭᠡᠢ ᠲᠦᠯᠦᠪᠵᠢᠬᠦᠯᠭᠡ ︵2013— 2017 ᠤᠨ︶︾ ᠢ | ᠨᠠᠶᠢᠷᠠᠭᠤᠯᠵᠤ ᠬᠡᠷᠡᠭᠵᠢᠬᠦᠯᠵᠠᠢ᠃ 3.9 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ ᠰᠤᠳᠤ ᠵᠠᠮ᠂ | ᠨᠠᠷᠢᠠᠭᠤᠤᠯ ᠠᠴᠠ ᠵᠢᠷᠭᠤᠭᠠᠨᠬᠡᠷ ᠬᠦᠷᠬᠦ ᠵᠠᠷᠭᠡ 4 ᠵᠤᠷᠪᠤᠰ ᠡᠯᠡᠰᠤ ᠲᠤᠭᠤᠯᠤᠬᠰᠠᠨ ᠵᠠᠰᠠᠮᠠᠯ ᠵᠠᠮ ᠢ ᠰᠢᠨ᠎ᠠ ᠪᠠᠷ | ᠵᠠᠰᠠᠵᠤ᠂ ᠡᠯᠡᠰᠤᠳᠤ ᠭᠠᠵᠠᠷ ᠢ 270 ᠲᠦᠮᠠᠨ ᠮᠤ᠋ ᠶᠡᠷᠦᠩᠭᠡᠶᠢᠯᠠᠨ ᠵᠠᠰᠠᠵᠠᠢ᠃ ᠭᠤᠤᠯᠳᠠᠯᠭ᠎ᠠ ᠲᠠᠢ ᠤᠷᠤᠨ | ᠲᠤᠭᠤᠷᠢᠭ ᠲᠤ ᠤᠢ ᠮᠤᠳᠤ ᠲᠠᠷᠢᠵᠤ ᠨᠤᠭᠤᠭᠠᠷᠠᠭᠤᠯᠤᠬᠰᠠᠨ 4.49 ᠲᠦᠮᠠᠨ ᠮᠤ᠋ ᠶᠢ ᠪᠠᠶᠠᠯᠠᠬᠦᠯᠪᠠ᠃ ᠪᠦᠬᠦ | ᠬᠤᠰᠢᠭᠤᠨ ᠤ ᠤᠢ ᠮᠤᠳᠤᠨ ᠤ ᠪᠦᠷᠬᠦᠴᠠ 29.46% ᠳᠤ ᠬᠦᠷᠴᠠᠢ᠃ ᠴᠦᠨᠳᠤᠪ ᠤᠨ ᠭᠤᠤᠯ ᠢ ᠶᠠᠷᠦᠩᠭᠡᠶᠢᠯᠠᠨ | ᠵᠠᠰᠠᠬᠤ᠂ ᠠᠶᠤᠯᠳᠠᠢ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠬᠦ᠂ ᠬᠠᠶᠢᠯᠠᠰᠤ ᠶᠢᠨ ᠤᠰᠤᠯᠠᠯᠳᠠ ᠶᠢᠨ | ᠲᠤᠭᠤᠷᠢᠭ ᠤᠨ ᠵᠢᠷᠭᠠᠯ ᠤᠨ ᠭᠤᠤᠯ ᠤᠨ ᠤᠰᠤᠯᠠᠯᠳᠠ ᠶᠢᠨ ᠤᠷᠤᠨ ᠢ ᠵᠠᠯᠭᠠᠨ ᠲᠦᠬᠦᠷᠵᠢᠬᠦᠯᠬᠦ ᠪᠠ ᠤᠰᠤᠨ ᠳᠤ | ᠠᠷᠪᠢᠳᠠᠢ ᠤᠰᠤᠯᠠᠯᠳᠠ ᠪᠤᠯᠭᠠᠨ ᠦᠭᠡᠷᠡᠴᠢᠯᠠᠨ ᠪᠠᠶᠢᠭᠤᠯᠬᠤ ᠵᠠᠷᠭᠡ ᠢᠨᠵᠧᠨᠧᠷᠢᠭ ᠢ ᠬᠡᠷᠡᠭᠵᠢᠬᠦᠯᠵᠤ᠂ ᠪᠦᠬᠦ | ᠬᠤᠰᠢᠭᠤᠨ ᠤ ᠦᠶᠠᠷ ᠢ ᠰᠠᠷᠭᠡᠶᠢᠯᠠᠵᠤ ᠭᠠᠩ ᠢ ᠡᠰᠡᠷᠬᠦᠴᠠᠬᠦ ᠴᠢᠳᠠᠯ ᠮᠡᠳᠡᠭᠳᠡᠮ᠎ᠠ ᠴᠢᠩᠭᠠᠷᠠᠬᠰᠠᠨ ᠪᠠᠶᠢᠨ᠎ᠠ᠃ | —— ︽12.5︾ ᠪᠤᠯ ᠨᠠᠶᠢᠭᠡᠮ ᠤᠨ ᠠᠵᠢᠯ ᠤᠶᠢᠯᠠᠰ ᠪᠦᠬᠦ ᠲᠠᠯ᠎ᠠ ᠪᠠᠷ ᠲᠠᠪᠰᠢᠬᠰᠠᠨ ᠲᠠᠪᠤᠨ ᠵᠢᠯ | ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠵᠠᠷᠭᠡ ᠨᠠᠶᠢᠭᠡᠮ | ᠤᠨ ᠠᠵᠢᠯ ᠤᠶᠢᠯᠠᠰ ᠤᠨ ᠬᠦᠭᠵᠢᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠠᠷᠠᠳ ᠤᠯᠠᠨ ᠤ ᠵᠤᠯ | ᠵᠢᠷᠭᠠᠯᠳᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳᠠ ᠦᠭᠡᠢ ᠨᠡᠮᠡᠭᠳᠡᠬᠦᠯᠦᠭᠰᠡᠨ ᠪᠠᠶᠢᠨ᠎ᠠ᠃ ᠨᠠᠶᠢᠳᠠ | 6.2 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ | ᠰᠤᠷᠭᠠᠭᠤᠯᠢ ᠶᠢᠨ ᠬᠠᠭᠤᠴᠢᠨ ᠬᠡᠷ ᠪᠠᠷᠢᠯᠭ᠎ᠠ ᠶᠢ ᠰᠢᠨ᠎ᠠ ᠪᠠᠷ ᠦᠭᠡᠷᠡᠴᠢᠯᠠᠨ ᠵᠠᠰᠠᠬᠤ ᠢᠨᠵᠧᠨᠧᠷᠢᠭ ᠢ ᠬᠡᠷᠡᠭᠵᠢᠬᠦᠯᠪᠠ | ᠃ ᠪᠤᠷᠤᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠢ | ᠰᠢᠯᠵᠢᠬᠦᠯᠦᠨ ᠪᠠᠶᠢᠭᠤᠯᠪᠠ᠂ ᠪᠤᠷᠤᠬᠤᠳᠠ ᠶᠢᠨ ᠲᠦᠷᠪᠠᠳᠤᠭᠡᠷ ᠪᠠᠭ᠎ᠠ ᠰᠤᠷᠭᠠᠭᠤᠯᠢ ᠶᠢ ᠠᠰᠢᠬᠯᠠᠯᠳᠠ ᠳᠤ | ᠤᠷᠤᠭᠤᠯᠪᠠ᠃ ᠺᠤᠮᠫᠠᠨᠢᠴᠢᠯᠳᠠ ᠶᠢᠨ ᠡᠵᠠᠩᠨᠠᠬᠦ ᠠᠷᠭ᠎ᠠ ᠬᠡᠯᠪᠠᠷᠢ ᠪᠠᠷ ᠬᠦᠳᠡᠭᠡ ᠲᠤᠰᠬᠤᠨ ᠮᠠᠯᠵᠢᠬᠤ ᠤᠷᠤᠨ ᠤ | ᠲᠤᠮᠳᠠᠳᠤ ᠪᠠᠭ᠎ᠠ ᠰᠤᠷᠭᠠᠭᠤᠯᠢ᠂ ᠬᠡᠦᠭᠡᠳ ᠤᠨ ᠴᠠᠴᠡᠷᠯᠢᠭ ᠲᠤ ᠰᠤᠷᠭᠠᠭᠤᠯᠢ ᠶᠢᠨ ᠲᠠᠷᠭᠡ 40 ᠶᠢ ᠲᠤᠬᠢᠷᠠᠭᠤᠯᠪᠠ᠃ | 2600 ᠢᠯᠠᠬᠦᠦ ᠲᠦᠮᠠᠨ ᠲᠦᠬᠦᠷᠢᠭ ᠤᠨ ᠪᠠᠯᠠ ᠤᠷᠤᠭᠤᠯᠵᠤ᠂ ᠰᠤᠮᠤ ᠰᠢᠶᠠᠩ ᠪᠠᠯᠭᠠᠰᠤ ᠶᠢᠨ | ᠶᠠᠷᠦᠩᠭᠡᠶᠢᠯᠡᠭᠰᠡᠨ ᠰᠤᠶᠤᠯ ᠤᠨ ᠦᠷᠳᠡᠭᠡ 27᠂ ᠲᠠᠯ᠎ᠠ ᠨᠤᠳᠤᠭ ᠤᠨ ᠨᠤᠮ ᠤᠨ ᠦᠷᠦᠭᠡ 241 ᠢ ᠪᠠᠶᠢᠭᠤᠯᠪᠠ᠂ | ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ ᠬᠡᠷ ᠢ 146 ᠰᠢᠨ᠎ᠠ ᠪᠠᠷ ᠦᠭᠡᠷᠡᠴᠢᠯᠠᠨ ᠪᠠᠶᠢᠭᠤᠯᠪᠠ᠃ | ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡ ᠶᠢᠨ ᠮᠠᠷᠭᠡᠵᠢᠯ ᠤᠨ ᠡᠮᠨᠠᠯᠭᠡ ᠳᠤ ᠰᠠᠭᠤᠬᠤ ᠶᠠᠷᠦᠩᠭᠡᠶᠢᠯᠡᠭᠰᠡᠨ | ᠠᠰᠠᠷ ᠪᠠ ᠲᠦᠷᠭᠡᠨ ᠠᠪᠤᠷᠠᠯᠳᠠ ᠶᠢᠨ ᠲᠦᠪ ᠪᠠᠶᠢᠭᠤᠯᠵᠤ ᠲᠠᠭᠤᠰᠬᠠᠭᠠᠳ ᠠᠰᠢᠬᠯᠠᠯᠳᠠ ᠳᠤ ᠤᠷᠤᠪᠠ᠃ 9 | ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 228 ᠰᠠᠭᠤᠷᠢ ᠨᠢᠭᠡ ᠴᠤᠬᠵᠢᠬᠰᠠᠨ | ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ ᠪᠠᠷᠢᠮᠵᠢᠶᠠᠵᠢᠭᠤᠯᠤᠨ ᠪᠦᠳᠦᠭᠡᠨ ᠪᠠᠶᠢᠭᠤᠯᠪᠠ᠃ ᠪᠦᠬᠦ | ᠬᠤᠰᠢᠭᠤᠨ ᠤ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ ᠶᠢᠨ ᠬᠠᠷᠢᠴᠠᠯ ᠬᠠᠷᠢᠴᠠᠩᠭᠤᠢ ᠪᠠᠷ ᠦᠨᠳᠤᠷ ᠪᠠᠶᠢᠬᠤ | ᠠᠰᠠᠭᠤᠳᠠᠯ ᠦᠷ᠎ᠡ ᠪᠦᠳᠦᠮᠵᠢᠳᠠᠢ ᠪᠠᠷ ᠬᠢᠵᠠᠭᠠᠷᠯᠠᠬᠳᠠᠪᠠ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠵᠢᠴᠢ | ᠪᠤᠰᠤᠳ ᠠᠵᠢᠯ ᠤᠶᠢᠯᠠᠰ ᠤᠨ ᠨᠢᠭᠡᠴᠡ ᠳᠤ ᠡᠯ᠎ᠡ ᠲᠦᠷᠦᠯ ᠤᠨ ᠲᠤᠰᠬᠠᠢ ᠠᠵᠢᠯ ᠤᠨ ᠴᠢᠳᠠᠪᠤᠷᠢᠳᠠᠨ ᠨᠠᠶᠢᠳᠠ | 730 ᠬᠦᠮᠦᠨ ᠢ ᠲᠠᠳᠠᠨ ᠤᠷᠤᠭᠤᠯᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠠᠶᠢᠳᠠᠮ ᠪᠠᠶᠢᠴᠠᠭᠠᠯᠳᠠ᠂ ᠬᠦᠮᠦᠨ ᠠᠮᠠ ᠨᠠᠶᠢᠳᠠᠮ ᠪᠠᠶᠢᠴᠠᠭᠠᠯᠳᠠ ᠪᠠ ︽ᠵᠢᠷᠭᠤᠭ᠎ᠠ ᠲᠠᠪᠤ︾ ᠶᠢᠨ ᠬᠠᠤᠯᠢ | ᠲᠦᠭᠡᠮᠠᠯᠵᠢᠬᠦᠯᠬᠦ ᠡᠬᠦᠷᠭᠡ ᠶᠢ ᠠᠮᠵᠢᠯᠳᠠ ᠲᠠᠢ ᠪᠠᠶᠠᠯᠠᠬᠦᠯᠪᠠ᠃ | —— ︽ 12.5︾ ᠪᠤᠯ ᠠᠷᠠᠳ ᠤᠯᠠᠨ ᠤ ᠠᠰᠢᠭ ᠬᠠᠷᠠᠭᠠᠯᠵᠠᠯ ᠠᠷᠪᠢᠨ ᠬᠦᠷᠳᠡᠭᠰᠡᠠ ᠲᠠᠪᠤᠨ ᠵᠢᠯ | ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ | ᠲᠠᠭᠡᠳᠤ ᠬᠡᠮᠵᠢᠶ᠎ᠠ ᠪᠠᠷ ᠬᠦᠨᠳᠤᠳᠭᠡᠨ ᠦᠵᠠᠵᠤ᠂ ᠡᠯ᠎ᠡ ᠲᠦᠷᠦᠯ ᠤᠨ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠭᠡᠢ | ᠲᠠᠭᠡᠭᠰᠢᠯᠡᠭᠰᠡᠨ ᠪᠠᠶᠢᠨ᠎ᠠ᠃ ᠠᠷᠠᠳ ᠤᠨ ᠠᠮᠢᠳᠤᠷᠠᠯ ᠳᠤ ᠨᠠᠶᠢᠳᠠ 107.5 ᠳ᠋ᠦᠩᠰᠢᠭᠤᠷ ᠲᠦᠬᠦᠷᠢᠭ ᠤᠨ ᠪᠠᠯᠠ | ᠤᠷᠤᠭᠤᠯᠵᠤ᠂ ︽11.5︾ ᠶᠢᠨ 2.5 ᠲᠠᠬᠢᠨ ᠪᠤᠯᠤᠨ᠎ᠠ᠃ ︽ᠭᠤᠷᠪᠠ ᠲᠤᠰᠬᠤᠨ ᠳᠤ ᠬᠦᠷᠬᠦ᠂ ᠭᠤᠷᠪᠠ | ᠡᠷᠦᠭᠡ ᠳᠤ ᠬᠦᠷᠬᠦ︾᠂ ᠮᠦᠩᠬᠦᠨ ᠬᠦᠢᠯᠭᠡᠭᠡ ᠪᠠᠷ ᠶᠠᠳᠠᠭᠤ ᠶᠢ ᠲᠠᠳᠬᠦᠵᠤ ᠠᠷᠠᠳ ᠢ ᠴᠢᠨᠠᠬᠡᠯᠢᠭᠵᠢᠬᠦᠯᠬᠦ᠂ ᠭᠠᠵᠠᠷ | ᠰᠤᠯᠢᠵᠤ ᠨᠠᠬᠦᠯᠭᠡᠨ ᠰᠢᠯᠵᠢᠬᠦᠯᠬᠦ᠂ ᠶᠠᠳᠠᠭᠤ ᠶᠢ ᠲᠠᠳᠬᠦᠬᠦ ᠬᠦᠳᠠᠯᠮᠤᠷᠢ ᠪᠠᠷ ᠲᠠᠳᠬᠦᠮᠵᠢ ᠶᠢ ᠤᠷᠤᠯᠠᠭᠤᠯᠬᠤ | ᠢᠨᠵᠧᠨᠧᠷᠢᠭ ᠢ ᠬᠡᠷᠡᠭᠵᠢᠬᠦᠯᠵᠤ᠂ 6 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ | ᠠᠴᠠ ᠠᠩᠬᠢᠵᠢᠷᠠᠭᠤᠯᠪᠠ᠃ ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠭ ᠢ 640 ᠰᠠᠭᠤᠷᠢ ᠪᠠᠶᠢᠭᠤᠯᠵᠤ | ᠂ 30.8 ᠲᠦᠮᠠᠨ ᠬᠦᠮᠦᠨ ᠤ ᠲᠦᠭᠡᠭᠡᠯ ᠤᠰᠤ ᠢᠳᠠᠬᠦ ᠠᠰᠠᠭᠤᠳᠠᠯ ᠢ ᠰᠢᠢᠳᠪᠤᠷᠢᠯᠠᠪᠠ᠃ ᠪᠦᠬᠦ ᠬᠤᠰᠢᠭᠤᠨ ᠤ | ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠭᠤᠬᠰᠠᠨ ᠬᠦᠮᠦᠨ 9930 ᠬᠦᠮᠦᠨ᠂ ᠬᠦᠳᠡᠭᠡ | ᠲᠤᠰᠬᠤᠨ ᠮᠠᠯᠵᠢᠬᠤ ᠤᠷᠤᠨ ᠤ ᠬᠦᠳᠠᠯᠮᠤᠷᠢ ᠬᠦᠴᠦ ᠶᠢ ᠰᠢᠯᠵᠢᠬᠦᠯᠦᠨ ᠠᠵᠢᠯ ᠤᠯᠭᠤᠬᠰᠠᠨ 39.3 ᠲᠦᠮᠠᠨ | ᠬᠦᠮᠦᠨ ᠬᠦᠷᠪᠠ᠃ ᠲᠠᠪᠤᠨ ᠵᠢᠯ ᠳᠤ ᠨᠠᠶᠢᠳᠠ ᠲᠤᠤᠷ᠎ᠠ ᠪᠠᠳᠤᠯᠠᠭ᠎ᠠ ᠶᠢᠨ ᠮᠦᠩᠬᠦ 2.4 ᠳ᠋ᠦᠩᠰᠢᠭᠤᠷ ᠲᠦᠬᠦᠷᠢᠭ | ᠲᠠᠷᠬᠠᠭᠠᠵᠤ᠂ ᠪᠠᠳᠤᠯᠠᠭ᠎ᠠ ᠳᠤ ᠤᠷᠤᠬᠰᠠᠨ ᠬᠦᠮᠦᠨ ᠤ ᠲᠤᠭ᠎ᠠ 2010 ᠤᠨ ᠤ 2.5 ᠲᠦᠮᠠᠨ ᠬᠦᠮᠦᠨ ᠠᠴᠠ 3. | 3 ᠲᠦᠮᠠᠨ ᠬᠦᠮᠦᠨ ᠪᠤᠯᠵᠤ ᠨᠠᠮᠡᠭᠳᠡᠪᠠ᠃ ᠲᠠᠳᠬᠦᠮᠵᠢ ᠶᠢᠨ ᠮᠦᠩᠬᠦ ᠨᠠᠶᠢᠳᠠ 3433 ᠲᠦᠮᠠᠨ ᠲᠦᠬᠦᠷᠢᠭ | ᠲᠠᠷᠬᠠᠭᠠᠵᠤ᠂ ᠭᠠᠮᠰᠢᠬᠳᠠᠬᠰᠠᠨ ᠤᠯᠠᠨ ᠲᠦᠮᠠᠨ ᠢ 11.4 ᠲᠦᠮᠠᠨ ᠬᠦᠮᠦᠨ ᠤᠳᠠᠭ᠎ᠠ ᠲᠤᠰᠠᠯᠠᠪᠠ᠃ ᠲᠠᠷᠢᠶᠠᠯᠠᠩ | ᠤᠨ ᠮᠠᠰᠢᠨ ᠢ ᠬᠤᠳᠠᠯᠳᠤᠨ ᠠᠪᠬᠤ ᠨᠦᠬᠦᠪᠤᠷᠢ 1.1 ᠳ᠋ᠦᠩᠰᠢᠭᠤᠷ ᠲᠦᠬᠦᠷᠢᠭ ᠲᠠᠷᠬᠠᠭᠠᠪᠠ᠂ ᠲᠤᠤᠷ᠎ᠠ ᠤᠷᠤᠯᠭ᠎ᠠ | ᠲᠠᠢ ᠮᠠᠯᠴᠢᠨ ᠲᠠᠷᠢᠶᠠᠴᠢᠨ ᠡᠷᠦᠭᠡ ᠳᠤ ᠲᠤᠯᠠᠭᠠᠯᠠᠬᠤ ᠨᠦᠬᠦᠪᠤᠷᠢ 5992.8 ᠲᠦᠮᠠᠨ ᠲᠦᠬᠦᠷᠢᠭ ᠲᠠᠷᠬᠠᠭᠠᠵᠠᠢ᠃ | 264 ᠨᠠᠷᠠ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠬᠡᠷ ᠪᠦᠯᠢ ᠶᠢᠨ ᠬᠡᠦᠭᠡᠳ ᠲᠤ ᠡᠩ ᠤᠨ ᠲᠠᠭᠡᠳᠤ | ᠰᠤᠷᠭᠠᠭᠤᠯᠢ ᠶᠢᠨ ᠰᠢᠨ᠎ᠠ ᠰᠤᠷᠤᠬᠴᠢ ᠶᠢᠨ ᠰᠤᠷᠭᠠᠭᠤᠯᠢ ᠳᠤ ᠤᠷᠤᠬᠤ ᠲᠠᠳᠬᠦᠮᠵᠢ ᠶᠢᠨ ᠮᠦᠩᠬᠦ 925 ᠲᠦᠮᠠᠨ | ᠲᠦᠬᠦᠷᠢᠭ ᠲᠠᠷᠬᠠᠭᠠᠵᠠᠢ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ | ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 15.5 ᠲᠦᠮᠠᠨ ᠬᠦᠮᠦᠨ ᠬᠦᠷᠴᠠᠢ᠃ ᠰᠢᠨ᠎ᠠ ᠬᠡᠯᠪᠠᠷᠢ ᠶᠢᠨ | ᠬᠤᠷᠰᠢᠬᠰᠠᠨ ᠡᠮᠨᠠᠯᠭᠡ ᠶᠢᠨ ᠲᠠᠭᠡᠷᠠᠬᠢ ᠶᠢ ᠨᠢ ᠬᠢᠵᠠᠭᠠᠷᠯᠠᠬᠤ ᠪᠠᠷᠢᠮᠵᠢᠶ᠎ᠠ ᠲᠠᠭᠡᠭᠰᠢᠯᠠᠭᠡᠳ 30 ᠲᠦᠮᠠᠨ ᠲᠦᠬᠦᠷᠢᠭ | ᠪᠤᠯᠵᠤ᠂ ᠨᠠᠶᠢᠳᠠ 78.9 ᠲᠦᠮᠠᠨ ᠬᠦᠮᠦᠨ ᠤᠳᠠᠭ᠎ᠠ ᠬᠤᠷᠰᠢᠬᠰᠠᠨ ᠡᠮᠨᠠᠯᠭᠡ ᠳᠤ ᠤᠷᠤᠯᠴᠠᠬᠰᠠᠨ ᠡᠪᠡᠳᠴᠢᠳᠠᠨ | ᠳᠤ ᠬᠠᠷᠭᠤᠭᠤᠯᠤᠨ ᠪᠤᠳᠤᠵᠤ ᠦᠭᠬᠦᠭᠰᠡᠨ ᠰᠦᠢᠳᠭᠡᠯ 5.6 ᠳ᠋ᠦᠩᠰᠢᠭᠤᠷ ᠲᠦᠬᠦᠷᠢᠭ ᠬᠦᠷᠴᠠᠢ᠃ 1000 | ᠲᠦᠮᠠ ᠢᠯᠠᠬᠦᠦ ᠲᠦᠬᠦᠷᠢᠭ ᠤᠨ ᠪᠠᠯᠠ ᠤᠷᠤᠭᠤᠯᠵᠤ᠂ ᠬᠤᠳᠠ ᠲᠤᠭᠤᠷᠢᠭ ᠤᠨ ᠰᠦᠯᠵᠢᠶ᠎ᠠ ᠶᠢᠨ ᠤᠳᠠᠰᠤᠳᠤ | ᠲᠧᠯᠸᠢᠰ ᠠᠴᠠ ᠲᠤᠭᠠᠴᠢᠯᠳᠠ ᠳᠤ ᠰᠢᠯᠵᠢᠬᠦᠯᠬᠦ ᠶᠢ ᠪᠠᠶᠠᠯᠠᠬᠦᠯᠪᠠ᠃ ᠤᠯᠠᠨ ᠨᠠᠶᠢᠳᠠ ᠶᠢᠨ ᠲᠦᠷᠢᠶᠠᠰᠤᠯᠠᠬᠦ ᠬᠡᠷ | 984 ᠢᠵᠢ ᠶᠢ ᠪᠠᠶᠢᠭᠤᠯᠵᠤ᠂ ᠪᠠᠶᠢᠰᠢᠩ ᠬᠡᠷ ᠢ ᠦᠭᠡᠷᠠᠴᠢᠯᠠᠬᠦ 1330 ᠡᠷᠦᠭᠡ᠂ ᠬᠦᠳᠡᠭᠡ ᠲᠤᠰᠬᠤᠨ ᠮᠠᠯᠵᠢᠬᠤ | ᠤᠷᠤᠨ ᠤ ᠠᠶᠤᠯᠳᠠᠢ ᠬᠡᠷ ᠪᠠᠷᠢᠯᠭ᠎ᠠ ᠶᠢ 17546 ᠡᠷᠦᠭᠡ᠂ ᠤᠯᠤᠰ ᠤᠨ ᠦᠮᠴᠢᠯᠠᠯᠳᠤ ᠬᠠᠭᠠᠯᠪᠤᠷᠢᠯᠠᠬᠤ ᠤᠷᠤᠨ | ᠤ ᠨᠤᠷᠠᠬᠤ ᠠᠶᠤᠯᠳᠠᠢ ᠬᠡᠷ 4157 ᠡᠷᠦᠭᠡ᠂ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠶᠢᠨ | ᠠᠶᠤᠯᠳᠠᠢ ᠬᠠᠭᠤᠴᠢᠨ ᠬᠡᠷ 762 ᠡᠷᠦᠭᠡ ᠶᠢ ᠦᠭᠡᠷᠠᠴᠢᠯᠠᠨ ᠪᠠᠷᠢᠵᠠᠢ᠃ 3.4 ᠳ᠋ᠦᠩᠰᠢᠭᠤᠷ ᠲᠦᠬᠦᠷᠢᠭ ᠤᠨ | ᠪᠠᠯᠠ ᠤᠷᠤᠭᠤᠯᠵᠤ᠂ ︽ᠠᠰ ᠠᠰ ᠢᠶᠠᠷ ᠨᠢ ᠵᠦᠪᠯᠠᠬᠦ︾ ᠱᠠᠩᠨᠠᠯ ᠢᠶᠠᠷ ᠨᠦᠬᠦᠪᠤᠷᠢᠯᠠᠬᠦ ᠲᠦᠷᠦᠯ ᠵᠦᠢᠯ 780 ᠶᠢ | ᠬᠡᠷᠡᠭᠵᠢᠬᠦᠯᠵᠤ᠂ ᠠᠰᠢᠭ ᠬᠦᠷᠳᠡᠭᠰᠡᠨ ᠬᠦᠮᠦᠨ ᠤ ᠲᠤᠭ᠎ᠠ 160 ᠲᠦᠮᠠᠨ ᠬᠦᠮᠦᠨ ᠤᠳᠠᠭ᠎ᠠ ᠬᠦᠷᠴᠠᠢ᠃ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠤᠴᠢᠷ ᠢ 1181 ᠵᠦᠢᠯ ᠢ ᠨᠠᠮᠳᠠᠭᠠᠵᠤ᠂ ᠤᠯᠠᠨ ᠲᠦᠮᠠᠨ ᠤ ᠠᠰᠢᠭ ᠲᠤᠰᠠ ᠳᠤ | ᠬᠤᠯᠪᠤᠬᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ 1497 ᠰᠢᠢᠳᠪᠤᠷᠢᠯᠠᠵᠠᠢ᠃ ᠪᠡᠬᠡᠵᠢᠩ᠂ ᠦᠪᠤᠷ | ᠮᠤᠩᠭᠤᠯ ᠤᠨ ᠠᠵᠢᠯ ᠲᠦᠷᠦᠯ ᠨᠢᠭᠡᠳᠡᠢ ᠪᠠᠷ ᠬᠠᠮᠳᠤᠷᠠᠨ ᠠᠵᠢᠯᠯᠠᠬᠤ ᠶᠢ ᠠᠰᠢᠬᠯᠠᠵᠤ᠂ ᠬᠠᠪᠰᠤᠷᠤᠨ ᠲᠠᠮᠵᠢᠵᠤ | ᠬᠤᠷᠰᠢᠨ ᠠᠵᠢᠯᠯᠠᠬᠤ ᠪᠠᠯᠠ ᠮᠦᠩᠬᠦ 3800 ᠲᠦᠮᠠᠨ ᠲᠦᠬᠦᠷᠢᠭ ᠲᠠᠮᠠᠴᠠᠨ ᠤᠯᠵᠠᠢ᠃ | —— ︽12.5︾ ᠪᠤᠯ ᠦᠭᠡᠷᠡᠴᠢᠯᠠᠯᠳᠠ ᠬᠢᠵᠤ ᠴᠢᠯᠦᠭᠡᠳᠠᠢ ᠶᠠᠪᠤᠯᠴᠠᠬᠤ ᠶᠢ ᠬᠦᠨᠵᠠᠬᠡᠢ ᠲᠦᠯᠬᠢᠨ | ᠠᠬᠢᠭᠤᠯᠤᠬᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠠᠰᠠᠭᠤᠳᠠᠯ ᠢᠶᠠᠷ ᠵᠠᠮᠴᠢᠯᠠᠭᠤᠷ | ᠪᠤᠯᠭᠠᠵᠤ ᠵᠤᠷᠢᠬᠳᠠᠢ ᠤᠷᠤᠬᠰᠢᠯᠠᠨ᠂ ᠪᠦᠬᠦ ᠲᠠᠯ᠎ᠠ ᠪᠠᠷ ᠦᠭᠡᠷᠡᠴᠢᠯᠠᠯᠳᠠ ᠶᠢ ᠬᠦᠨᠵᠡᠬᠡᠶᠢᠷᠠᠬᠦᠯᠬᠦ ᠪᠠᠳᠤ ᠪᠠᠬᠢ | ᠠᠯᠬᠤᠴᠠ ᠶᠢ ᠠᠯᠬᠤᠬᠰᠠᠨ ᠪᠠᠶᠢᠨ᠎ᠠ᠃ ᠪᠦᠬᠦ ᠤᠷᠤᠨ ᠳᠤ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ | ᠦᠭᠡᠷᠠᠴᠢᠯᠠᠯᠳᠠ ᠶᠢ ᠬᠠᠮᠤᠭ ᠲᠠᠷᠢᠬᠦᠨ ᠳᠤ ᠶᠠᠪᠤᠭᠤᠯᠵᠤ᠂ ᠪᠦᠬᠦ ᠬᠤᠰᠢᠭᠤᠨ ᠳᠤ ᠵᠠᠰᠠᠭ ᠵᠠᠬᠢᠷᠭᠠᠨ ᠤ ᠬᠢᠨᠠᠨ | ᠵᠦᠪᠰᠢᠶᠠᠷᠠᠬᠦ ᠵᠦᠢᠯ ᠢ 307 ᠵᠦᠢᠯ ᠪᠠᠶᠢᠬᠰᠠᠨ ᠠᠴᠠ 85 ᠵᠦᠢᠯ ᠪᠤᠯᠤᠨ ᠪᠠᠭᠠᠰᠬᠠᠵᠠᠢ᠃ ᠡᠮᠦᠨᠠᠬᠢ | ᠬᠤᠭᠤᠴᠠᠭᠠᠨ ᠤ ᠬᠢᠨᠠᠨ ᠵᠦᠪᠰᠢᠶᠠᠷᠠᠬᠦ ᠵᠦᠢᠯ ᠢ 35 ᠵᠦᠢᠯ ᠪᠠᠶᠢᠬᠰᠠᠨ ᠠᠴᠠ 2 ᠵᠦᠢᠯ ᠪᠤᠯᠭᠠᠨ ᠪᠠᠭᠠᠰᠬᠠᠵᠤ᠂ | ᠬᠢᠨᠠᠨ ᠵᠦᠪᠰᠢᠶᠠᠷᠠᠬᠦ ᠴᠠᠭ ᠬᠢᠵᠠᠭᠠᠷ ᠢ ᠲᠡᠭᠰᠢᠳᠭᠡᠭᠡᠳ 60% ᠢᠶᠠᠷ ᠪᠠᠭᠠᠰᠬᠠᠵᠠᠢ᠃ ᠤᠷᠤᠭ ᠤᠨ ᠪᠠᠳᠤᠯᠠᠪᠤᠷᠢ᠂ | ᠡᠷᠦᠭᠡ ᠠᠮᠠ ᠶᠢᠨ ᠲᠠᠪᠳᠠᠷ᠂ ᠡᠷᠦᠭᠡ ᠠᠮᠠ ᠶᠢᠨ ᠬᠡᠷᠡᠴᠢ ᠵᠠᠷᠭᠡ 9 ᠵᠦᠢᠯ ᠤᠨ ᠰᠦᠢᠳᠭᠡᠯ ᠬᠤᠷᠢᠶᠠᠬᠤ ᠵᠦᠢᠯ ᠢ | ᠬᠠᠰᠤᠪᠠ᠃ 13 ᠰᠢᠶᠠᠩ ᠤᠨ ᠲᠠᠰ ᠤᠨ ᠠᠷᠠᠳ ᠲᠤ ᠲᠦᠬᠦᠮ ᠦᠵᠠᠬᠦᠯᠬᠦ ᠤᠶᠢᠯᠠᠴᠢᠯᠠᠭᠡᠨ ᠤ ᠲᠦᠪ᠂ 229 | ᠲᠤᠰᠬᠤᠨ ᠤ ᠲᠠᠰ ᠤᠨ ᠠᠷᠠᠳ ᠲᠤ ᠲᠦᠬᠦᠮ ᠦᠵᠠᠬᠦᠯᠬᠦ ᠴᠢᠭ ᠢ ᠪᠠᠶᠢᠭᠤᠯᠵᠤ᠂ 610 ᠪᠤᠶᠢᠳᠠ ᠪᠦᠭᠯᠠᠬᠦᠦ | ᠲᠤᠰᠬᠤᠨ ᠤ ᠪᠠᠭ᠎ᠠ ᠲᠤᠭᠤᠶᠢᠯᠠᠩ ᠳᠤ ᠤᠷᠤᠯᠠᠨ ᠬᠦᠢᠴᠡᠳᠭᠡᠭᠴᠢ ᠶᠢ ᠪᠠᠶᠢᠭᠤᠯᠵᠤ᠂ ᠬᠤᠰᠢᠭᠤ᠂ ᠰᠢᠶᠠᠩ᠂ | ᠲᠤᠰᠬᠤᠨ᠂ ᠲᠤᠭᠤᠶᠢᠯᠠᠩ ᠤᠨ ᠠᠷᠠᠳ ᠲᠤ ᠲᠦᠬᠦᠮ ᠦᠵᠠᠬᠦᠯᠬᠦ ᠤᠶᠢᠯᠠᠴᠢᠯᠠᠭᠡᠨ ᠤ ᠲᠤᠤᠷ ᠢ ᠪᠦᠷᠬᠦᠬᠦᠯᠪᠠ᠃ ︽ | ᠤᠷᠢᠳᠠᠪᠠᠷ ᠦᠨᠠᠮᠯᠠᠯ ᠢᠶᠠᠨ ᠠᠪᠴᠤ ᠲᠠᠷᠠᠭ᠎ᠠ ᠨᠢ ᠭᠠᠷᠳᠠᠮ ᠢᠶᠠᠨ ᠬᠦᠢᠴᠡᠳᠭᠡᠬᠦ︾ ᠤᠶᠢᠯᠠᠳᠪᠤᠷᠢ ᠬᠤᠳᠠᠯᠳᠤᠭᠠᠨ ᠤ | ᠲᠠᠩᠰᠠᠯᠠᠬᠤ ᠲᠦᠷᠢᠮ ᠢ ᠬᠠᠮᠤᠭ ᠲᠦᠷᠦᠬᠦᠨ ᠳᠤ ᠬᠡᠷᠡᠭᠵᠢᠬᠦᠯᠵᠤ᠂ ᠤᠶᠢᠯᠠᠳᠪᠤᠷᠢ ᠬᠤᠳᠠᠯᠳᠤᠭᠠᠨ ᠤ ᠲᠠᠩᠰᠠᠯᠠᠵᠤ | ᠲᠠᠮᠳᠡᠭᠯᠠᠬᠦ ᠠᠵᠢᠯ ᠢ ︽ᠬᠤᠰᠢᠭᠤᠨ ᠤ ᠬᠡᠪᠴᠢᠶᠠᠨ ᠳᠤ ᠪᠦᠬᠦᠨ ᠢ ᠡᠷᠬᠢᠯᠠᠬᠦ︾ ᠶᠢ ᠪᠠᠶᠠᠯᠠᠬᠦᠯᠪᠠ᠃ ᠡᠳ᠋ ᠤᠨ | ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠦᠭᠡᠷᠠᠴᠢᠯᠠᠯᠳᠠ ᠶᠢ ᠲᠤᠬᠳᠠᠭᠤᠨ ᠢᠶᠠᠷ ᠲᠦᠯᠬᠢᠨ ᠠᠬᠢᠭᠤᠯᠵᠤ᠂ | ᠰᠢᠶᠠᠩ ᠤᠨ ᠲᠠᠰ ᠠᠴᠠ ᠲᠠᠭᠡᠭᠰᠢ ︽ᠠᠯᠪᠠᠨ ᠤ ᠭᠤᠷᠪᠠᠨ︾ ᠵᠠᠷᠤᠳᠠᠯ ᠤᠨ ᠲᠦᠰᠦᠪ ᠤᠨ ᠬᠦᠢᠴᠡᠳᠭᠡᠯ ᠢ ᠪᠦᠬᠦᠨ | ᠢ ᠢᠯᠠ ᠪᠤᠯᠭᠠᠪᠠ᠃ ᠠᠮᠢ ᠠᠬᠤᠢ ᠶᠢᠨ ᠤᠷᠴᠢᠨ ᠢ ᠰᠢᠯᠭᠠᠨ ᠦᠨᠠᠯᠠᠬᠦ ᠰᠢᠰᠲ᠋ᠧᠮ ᠤᠨ ᠪᠦᠳᠦᠭᠡᠨ ᠪᠠᠶᠢᠭᠤᠯᠤᠯᠳᠠ | ᠶᠢ ᠡᠬᠢᠯᠠᠨ ᠬᠢᠪᠠ᠃ ᠵᠠᠰᠠᠭ ᠵᠠᠬᠢᠷᠭᠠᠨ ᠤ ᠲᠤᠭᠤᠷᠢᠭ ᠢ ᠬᠤᠪᠢᠶᠠᠷᠢᠯᠠᠨ ᠲᠤᠬᠢᠷᠠᠭᠤᠯᠬᠤ ᠶᠢ ᠯᠠᠪᠳᠠᠭᠤᠨ ᠢᠶᠠᠷ | ᠶᠠᠪᠤᠭᠤᠯᠵᠤ᠂ ᠮᠠᠤ ᠱᠠᠨ ᠳ᠋ᠦᠩ ᠰᠢᠶᠠᠩ᠂ ᠬᠡᠷᠰᠡᠩ ᠰᠤᠮᠤ ᠶᠢ ᠰᠠᠷᠬᠦᠭᠡᠵᠤ᠂ ᠽᠢ ᠴᠧᠩ᠂ ᠴᠢᠤᠸᠠᠨ ᠨᠢᠩ ᠬᠤᠶᠠᠷ | ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠢ ᠪᠠᠶᠢᠭᠤᠯᠪᠠ᠃ | —— ︽12.5︾ ᠪᠤᠯ ᠤᠩᠨᠢᠭᠤᠳ ᠬᠤᠰᠢᠭᠤᠨ ᠤ ᠨᠦᠯᠦᠭᠡᠯᠠᠬᠦ ᠬᠦᠴᠦᠨ ᠪᠠ ᠠᠯᠳᠠᠷᠰᠢᠯ ᠡᠳᠦᠷ | ᠢᠷᠠᠬᠦᠶ᠎ᠠ ᠨᠠᠮᠡᠭᠳᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠤᠷᠢᠳ ᠬᠤᠵᠢᠳ ᠪᠦᠬᠦ ᠤᠯᠤᠰ | ᠤᠨ ᠭᠠᠩ ᠬᠠᠭᠤᠷᠠᠢ ᠤᠷᠤᠨ ᠤ ᠨᠤᠭᠤᠭᠠᠷᠠᠭᠤᠯᠤᠯᠳᠠ ᠶᠢᠨ ᠠᠵᠢᠯ ᠤᠨ ᠬᠤᠷᠠᠯ ᠤᠨ ᠲᠤᠬᠠᠢ ᠶᠢᠨ ᠲᠠᠯᠠᠪᠤᠷ ᠤᠨ | ᠦᠵᠠᠬᠦᠯᠦᠯᠭᠡ᠂ ᠦᠪᠠᠷᠳᠡᠭᠡᠨ ᠵᠠᠰᠠᠬᠤ ᠤᠷᠤᠨ ᠤ ᠵᠠᠬᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠢ ᠶᠢᠨ | ᠠᠵᠢᠯ ᠤᠨ ᠰᠠᠭᠤᠳᠠᠯ ᠤᠨ ᠬᠤᠷᠠᠯ ᠤᠨ ᠲᠤᠭᠤᠷᠢᠨ ᠪᠠᠶᠢᠴᠠᠭᠠᠬᠤ ᠦᠵᠠᠬᠦᠯᠦᠯᠭᠡ᠂ ᠦᠪᠠᠷᠳᠡᠭᠡᠨ ᠵᠠᠰᠠᠬᠤ ᠤᠷᠤᠨ ᠤ | ᠰᠢᠨᠵᠢᠯᠠᠬᠦ ᠤᠬᠠᠭᠠᠨ ᠤ ᠬᠦᠭᠵᠢᠯᠳᠠ ᠶᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠦᠵᠠᠬᠦᠯᠦᠯᠭᠡ᠂ ᠪᠦᠬᠦ | ᠤᠷᠤᠨ ᠤ ᠮᠠᠯ ᠲᠠᠷᠢᠶᠠᠯᠠᠩ ᠤᠨ ᠠᠵᠤ ᠤᠶᠢᠯᠠᠰᠵᠢᠯᠳᠠ ᠶᠢᠨ ᠲᠤᠬᠠᠢ ᠶᠢᠨ ᠲᠠᠯᠠᠪᠤᠷ ᠤᠨ ᠦᠵᠠᠬᠦᠯᠦᠯᠭᠡ ᠪᠠ ᠪᠦᠬᠦ | ᠤᠷᠤᠨ ᠤ ᠡᠯᠡᠰᠤ ᠶᠢ ᠰᠠᠷᠭᠡᠶᠢᠯᠠᠵᠤ᠂ ᠡᠯᠡᠰᠤ ᠵᠠᠰᠠᠬᠤ ᠲᠤᠬᠠᠢ ᠶᠢᠨ ᠭᠠᠵᠠᠷ ᠤᠨ ᠲᠤᠷᠰᠢᠯᠭ᠎ᠠ ᠰᠤᠯᠢᠯᠴᠠᠬᠤ ᠬᠤᠷᠠᠯ | ᠂ ᠪᠦᠬᠦ ᠬᠤᠳᠠ ᠶᠢᠨ ᠶᠢᠰᠤᠳᠤᠭᠡᠷ ᠤᠳᠠᠭᠠᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ | ᠲᠤᠷᠰᠢᠯᠭ᠎ᠠ ᠰᠤᠯᠢᠯᠴᠠᠬᠤ ᠬᠤᠷᠠᠯ ᠢ ᠤᠬᠳᠤᠵᠤ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ | ᠪᠠᠭᠠᠴᠤᠳ ᠤᠨ ︽ᠢᠷᠠᠭᠡᠳᠦᠢ ᠶᠢᠨ ᠤᠳᠤᠳ︾ ᠨᠠᠷᠠᠨ ᠬᠡᠷᠡᠯᠳᠤ ᠪᠠᠶ᠎ᠠ ᠲᠠᠮᠢᠷ ᠤᠨ ᠨᠠᠶᠢᠷ ᠤᠨ ᠲᠠᠬᠦᠰᠬᠦ ᠶᠤᠰᠤᠯᠠᠯ | ᠂ ᠲᠦᠷᠪᠠᠳᠤᠭᠡᠷ ᠬᠤᠭᠤᠴᠠᠭᠠᠨ ᠤ ︽ᠲᠤᠮᠳᠠᠳᠤ ᠤᠯᠤᠰ ᠤᠨ ᠤᠶᠤᠨᠳᠤ ᠲᠠᠷᠭᠡ ᠶᠢᠨ ᠢᠷᠠᠭᠡᠳᠦᠢ ᠶᠢᠨ | ᠦᠷᠢᠰᠤᠯᠳᠤᠬᠦ ᠤᠷᠤᠯᠳᠤᠭᠠᠨ︾᠂ ᠲᠤᠮᠳᠠᠳᠤ ᠤᠯᠤᠰ ᠤᠨ ᠬᠠᠰ ᠯᠤᠤ ᠮᠠᠩᠬᠠᠨ ᠨᠠᠭᠤᠷ ᠤᠨ ᠡᠯᠡᠰᠤ ᠮᠠᠩᠬ᠎ᠠ | ᠬᠦᠳᠡᠭᠡ ᠬᠡᠬᠡᠷ᠎ᠡ ᠪᠠᠷ ᠲᠠᠪᠬᠢᠬᠤ ᠦᠷᠢᠰᠤᠯᠳᠦᠬᠦ ᠤᠷᠤᠯᠳᠤᠭᠠᠨ᠂ ᠦᠪᠠᠷᠳᠡᠭᠡᠨ ᠵᠠᠰᠠᠬᠤ ᠤᠷᠤᠨ ᠤ ︽ᠠᠷᠪᠠᠨ | ᠭᠤᠷᠪᠠᠳᠤᠭᠠᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠴᠤᠬᠯᠠᠭᠠᠨ︾ ᠤ ᠠᠷᠢᠭᠤᠨ ᠭᠠᠯ ᠤᠨ ᠴᠤᠭ ᠢ | ᠴᠤᠬᠯᠠᠭᠤᠯᠬᠤ ᠶᠤᠰᠤᠯᠠᠯ ᠵᠠᠷᠭᠡ ᠶᠡᠭᠡ ᠬᠡᠯᠪᠠᠷᠢ ᠶᠢᠨ ᠤᠷᠤᠯᠳᠤᠭᠠᠨ ᠤ ᠠᠵᠢᠯᠯᠠᠭᠠᠨ ᠢ ᠠᠮᠵᠢᠯᠳᠠ ᠲᠠᠢ ᠡᠷᠬᠢᠯᠠᠨ | ᠶᠠᠪᠤᠬᠳᠠᠭᠤᠯᠵᠠᠢ᠂ ᠪᠦᠬᠦ ᠤᠯᠤᠰ ᠤᠨ ᠰᠢᠶᠠᠨ ᠬᠤᠳᠠ ᠶᠢᠨ ᠰᠢᠨᠵᠢᠯᠡᠭᠡ ᠮᠠᠷᠭᠡᠵᠢᠯ ᠤᠨ ᠲᠠᠪᠰᠢᠯᠳᠠ ᠶᠢᠨ ᠰᠢᠯᠭᠠᠨ | ᠬᠢᠨᠠᠬᠤ ᠲᠠᠷᠢᠬᠦᠨ ᠤ ᠬᠤᠰᠢᠭᠤ᠂ ᠪᠦᠬᠦ ᠤᠯᠤᠰ ᠤᠨ ᠰᠢᠨᠵᠢᠯᠡᠭᠡ ᠮᠠᠷᠭᠡᠵᠢᠯ ᠢ ᠲᠦᠬᠡᠮᠠᠯᠵᠢᠬᠦᠯᠬᠦ ᠵᠢᠱᠢᠶ᠎ᠠ ᠦᠵᠠᠬᠦᠯᠬᠦ | ᠬᠤᠰᠢᠭᠤ᠂ ᠪᠦᠬᠦ ᠤᠯᠤᠰ ᠤᠨ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠭ | ᠤᠨ ᠵᠢᠱᠢᠶ᠎ᠠ ᠦᠵᠠᠬᠦᠯᠬᠦ ᠬᠤᠰᠢᠭᠤ᠂ ᠪᠦᠬᠦ ᠤᠷᠤᠨ ᠤ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶᠠᠴᠢ | ᠬᠠᠮᠳᠤ ᠨᠠᠶᠢᠳᠠ᠂ ᠪᠦᠬᠦ ᠤᠷᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠠᠷᠢᠬᠦᠨ ᠤ ᠬᠠᠮᠳᠤ | ᠨᠠᠶᠢᠳᠠ ᠵᠠᠷᠭᠡ ᠢᠷᠠᠭᠤ ᠠᠯᠳᠠᠷᠳᠤ ᠴᠤᠯᠠ ᠶᠢ ᠬᠦᠷᠳᠡᠭᠰᠡᠨ ᠪᠠᠶᠢᠨ᠎ᠠ᠃ ᠤᠨᠴᠠᠭᠠᠶᠢᠯᠠᠨ 2014 ᠤᠨ ᠳᠤ | ᠤᠩᠨᠢᠭᠤᠳ ᠬᠤᠰᠢᠭᠤ ᠨᠢ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ ᠤ ᠨᠠᠮ ᠤᠨ | ᠤᠯᠠᠨ ᠲᠦᠮᠠᠨᠴᠢ ᠱᠤᠭᠤᠮ ᠤᠨ ᠬᠦᠮᠦᠵᠢᠯ ᠤᠶᠢᠯᠠᠳᠤᠯᠭᠡ ᠶᠢᠨ ᠠᠵᠢᠯᠯᠠᠭᠠᠨ ᠤ ᠬᠠᠷᠢᠯᠴᠠᠬᠤ ᠴᠢᠭ᠋ ᠢᠶᠠᠷ | ᠲᠤᠬᠳᠠᠭᠠᠬᠳᠠᠵᠤ᠂ ᠯᠢ ᠺᠧ ᠴᠢᠶᠠᠩ ᠶᠠᠷᠦᠩᠭᠡᠢ ᠰᠠᠶᠢᠳ ᠬᠤᠶᠠᠷ ᠤᠳᠠᠭ᠎ᠠ ᠤᠩᠨᠢᠭᠤᠳ ᠬᠤᠰᠢᠭᠤ ᠶᠢ ᠲᠤᠭᠤᠷᠢᠨ | ᠪᠠᠶᠢᠴᠠᠭᠠᠵᠤ᠂ ᠮᠠᠨ ᠤ ᠠᠵᠢᠯ ᠳᠤ ᠪᠦᠷᠢᠨ ᠬᠦᠢᠴᠡᠳ ᠨᠤᠳᠠᠯᠠᠯᠳᠠ ᠦᠭᠬᠦᠭᠰᠡᠨ ᠪᠠᠶᠢᠨ᠎ᠠ᠃ ᠲᠦᠪ ᠲᠧᠯᠸᠢᠰ᠂ | ᠠᠷᠠᠳ ᠤᠨ ᠡᠳᠦᠷ ᠤᠨ ᠰᠤᠨᠢᠨ ᠮᠠᠳᠡᠭᠡᠨ ᠤ ᠵᠠᠭᠤᠴᠢᠯᠠᠭᠤᠷ ᠤᠩᠨᠢᠭᠤᠳ ᠬᠤᠰᠢᠭᠤᠨ ᠤ ᠠᠵᠤ ᠠᠬᠤᠢ ᠨᠠᠶᠢᠭᠡᠮ | ᠤᠨ ᠬᠦᠭᠵᠢᠯᠳᠠ ᠶᠢ ᠪᠦᠬᠦ ᠲᠠᠯ᠎ᠠ ᠪᠠᠷ ᠬᠦᠨᠵᠡᠬᠡᠢ ᠤᠬᠠᠭᠤᠯᠤᠨ ᠮᠠᠳᠡᠭᠡᠯᠠᠵᠤ᠂ ᠤᠩᠨᠢᠭᠤᠳ ᠬᠤᠰᠢᠭᠤᠨ ᠤ | ᠠᠯᠳᠠᠷᠰᠢᠯ ᠪᠠ ᠨᠦᠯᠦᠬᠡᠯᠡᠬᠦ ᠬᠦᠴᠦᠨ ᠢ ᠲᠤᠶᠢᠯ ᠤᠨ ᠶᠡᠭᠡ ᠪᠠᠷ ᠲᠠᠭᠡᠭᠰᠢᠯᠠᠬᠦᠯᠦᠭᠰᠡᠨ ᠪᠠᠶᠢᠨ᠎ᠠ᠃ | ᠲᠦᠯᠦᠭᠡᠯᠡᠭᠴᠢᠳ ᠡ᠂ ᠰᠠᠶ᠋ᠢᠬᠠᠨ ᠦᠩᠭᠡᠷᠡᠭᠰᠡᠨ 2015 ᠤᠨ ᠪᠤᠯ ᠮᠠᠨ ᠤ ᠠᠵᠤ ᠠᠬᠤᠢ ᠶᠢᠨ | ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠢᠳᠡᠪᠬᠢᠳᠠᠢ ᠪᠠᠷ ᠵᠤᠬᠢᠴᠠᠯᠳᠤᠨ᠂ ᠦᠰᠦᠯᠳᠠ ᠶᠢ ᠲᠤᠬᠳᠠᠭᠤᠨ | ᠪᠤᠯᠭᠠᠵᠤ᠂ ᠪᠦᠳᠦᠴᠠ ᠶᠢ ᠰᠢᠯᠢᠳᠡᠭᠵᠢᠬᠦᠯᠵᠤ᠂ ᠦᠭᠡᠷᠠᠴᠢᠯᠠᠯᠳᠠ ᠶᠢ ᠲᠦᠷᠭᠡᠳᠭᠡᠵᠤ᠂ ᠠᠷᠠᠳ ᠤᠨ ᠠᠮᠢᠳᠤᠷᠠᠯ ᠢ | ᠬᠠᠷᠠᠭᠠᠯᠵᠠᠵᠤ᠂ ᠬᠤᠰᠢᠭᠤᠨ ᠤ ᠠᠷᠪᠠᠨ ᠵᠢᠷᠭᠤᠳᠤᠭᠠᠷ ᠬᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠷᠪᠠᠳᠤᠭᠡᠷ ᠤᠳᠠᠭᠠᠠ ᠤ ᠬᠤᠷᠠᠯ ᠠᠴᠠ ᠲᠤᠬᠳᠠᠭᠠᠬᠰᠠᠨ 8 ᠲᠠᠯ᠎ᠠ ᠶᠢᠨ 27 ᠵᠦᠢᠯ ᠤᠨ | ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠨᠠᠯᠢᠶᠠᠳ ᠰᠠᠶᠢᠨ ᠪᠠᠶᠠᠯᠠᠬᠦᠯᠵᠤ᠂ ᠪᠦᠬᠦ ᠬᠤᠰᠢᠭᠤᠨ ᠤ ᠠᠵᠤ ᠠᠬᠤᠢ | ᠨᠠᠶᠢᠭᠡᠮ ᠦᠷᠬᠦᠯᠵᠢᠯᠠᠨ ᠲᠤᠬᠳᠠᠭᠤᠨ ᠨᠠᠯᠢᠶᠠᠳ ᠲᠦᠷᠭᠡᠨ ᠬᠦᠭᠵᠢᠯᠳᠠ ᠶᠢᠨ ᠬᠠᠨᠳᠤᠰᠢ ᠶᠢ ᠬᠠᠳᠠᠭᠠᠯᠠᠬᠰᠠᠨ ᠪᠠᠶᠢᠨ᠎ᠠ | ᠃ | ᠦᠩᠭᠡᠷᠡᠭᠰᠡᠨ ᠨᠢᠭᠡ ᠵᠢᠯ ᠳᠤ ᠪᠢᠳᠠ ᠠᠵᠤ ᠠᠬᠤᠢ ᠪᠠᠭᠤᠷᠠᠬᠰᠠᠨ ᠲᠠᠷᠤᠯᠳᠠ ᠶᠢ ᠢᠳᠡᠪᠬᠢᠳᠠᠢ ᠠᠷᠭᠠᠴᠠᠭᠠᠨ | ᠂ ᠪᠠᠯᠠ ᠤᠷᠤᠭᠤᠯᠤᠯᠳᠠ ᠶᠢ ᠲᠠᠳᠠᠨ᠂ ᠲᠦᠷᠦᠯ ᠵᠦᠢᠯ ᠤᠷᠤᠭᠤᠯᠵᠤ᠂ ᠠᠵᠤ ᠤᠶᠢᠯᠠᠳᠪᠤᠷᠢ ᠶᠢᠨ ᠠᠵᠤ ᠠᠬᠤᠢ | ᠲᠤᠬᠳᠠᠭᠤᠨ ᠢᠶᠠᠷ ᠴᠢᠨᠠᠷ ᠴᠢᠨᠰᠠᠭ᠎ᠠ ᠨᠢ ᠲᠠᠭᠡᠭᠰᠢᠯᠡᠭᠰᠡᠨ ᠪᠠᠶᠢᠨ᠎ᠠ᠃ ᠪᠦᠬᠦ ᠬᠤᠰᠢᠭᠤᠨ ᠤ ᠬᠡᠪᠴᠢᠶᠠᠵᠢᠯ ᠠᠴᠠ | ᠲᠠᠭᠡᠭᠰᠢ ᠠᠵᠤ ᠤᠶᠢᠯᠠᠳᠪᠤᠷᠢ ᠶᠢᠨ ᠠᠵᠤ ᠠᠬᠤᠶᠢᠯᠠᠯ ᠤᠨ ᠦᠢᠯᠠᠳᠭᠦᠨ ᠤ ᠦᠷᠳᠡᠭ 226 ᠳ᠋ᠦᠩᠰᠢᠭᠤᠷ | ᠲᠦᠬᠦᠷᠢᠭ ᠢ ᠪᠠᠶᠠᠯᠠᠬᠦᠯᠵᠤ᠂ ᠠᠳᠠᠯᠢ ᠬᠤᠭᠤᠴᠠᠭᠠᠨ ᠠᠴᠠ 8.7% ᠪᠠᠷ ᠨᠡᠮᠡᠭᠳᠡᠵᠠᠢ᠃ 3000 ᠲᠦᠮᠠᠨ | ᠲᠦᠬᠦᠷᠢᠭ ᠠᠴᠠ ᠲᠠᠭᠡᠭᠰᠢ ᠠᠵᠤ ᠤᠶᠢᠯᠠᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ 17 ᠵᠦᠢᠯ ᠢ | ᠬᠡᠷᠡᠭᠵᠢᠬᠦᠯᠵᠤ᠂ 37.1 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠤᠯᠳᠠ ᠶᠢ ᠪᠠᠶᠠᠯᠠᠬᠦᠯᠵᠠᠢ᠃ ᠯᠢᠩ ᡁᠢ | ᠺᠤᠮᠫᠠᠨᠢ ᠶᠢᠨ 9000 ᠲᠤᠨ ᠤ ᠪᠦᠷᠢᠨ ᠭᠤᠯᠢᠷ ᠪᠤᠯᠭᠠᠨ ᠪᠤᠯᠪᠠᠰᠤᠷᠠᠭᠤᠯᠬᠤ᠂ ᠬᠤᠸᠠ ᠶᠤᠸᠠᠨ ᠠᠷᠢᠬᠢᠨ ᠤᠶᠢᠯᠠᠰ | ᠤᠨ 1 ᠲᠦᠮᠠᠨ ᠲᠤᠨ ᠬᠠᠷ᠎ᠠ ᠠᠷᠢᠬᠢᠨ ᠤ ᠤᠶᠢᠯᠠᠳᠪᠤᠷᠢᠯᠠᠯ᠂ ᠴᠤᠸᠠᠩ ᠳ᠋ᠠ 60 ᠲᠦᠮᠠᠨ ᠮᠧᠲᠷ ᠤᠨ ᠲᠤᠮᠳᠠ | ᠲᠤᠤᠷ᠎ᠠ ᠲᠤᠯᠠᠭᠠᠨ ᠡᠨᠧᠷᠬᠢ ᠠᠷᠪᠢᠯᠠᠬᠤ ᠲᠤᠯᠠᠭᠠᠨ ᠬᠤᠭᠤᠯᠠᠢ ᠶᠢᠨ ᠤᠶᠢᠯᠠᠳᠪᠤᠷᠢᠯᠠᠯ᠂ ᠰᠢᠨ ᠨᠦᠩ ᠢ 3000 | ᠲᠤᠨ ᠤ ᠤᠷᠭᠠᠨᠢᠭ ᠡᠯᠳᠡᠪ ᠠᠮᠤ ᠪᠤᠷᠴᠠᠭ ᠤᠨ ᠤᠶᠢᠯᠠᠳᠪᠤᠷᠢᠯᠠᠯ ᠵᠠᠷᠭᠡ ᠲᠦᠷᠦᠯ ᠵᠦᠢᠯ ᠪᠠᠶᠢᠭᠤᠯᠵᠤ | ᠲᠠᠭᠤᠰᠤᠭᠠᠳ ᠤᠶᠢᠯᠠᠳᠪᠤᠷᠢᠯᠠᠯ ᠳᠤ ᠤᠷᠤᠪᠠ᠃ ᠯᠢᠩ ᡁᠢ ᠹᠠ ᠮᠦ᠋ ᠹᠦ᠋ ᠷᠦᠢ 7 ᠲᠦᠮᠠᠨ ᠲᠤᠨ ᠤ ᠲᠦᠷᠭᠡᠨ | ᠬᠦᠯᠳᠠᠬᠡᠬᠦ ᠲᠦᠮᠦᠰᠤᠨ ᠵᠦᠰᠦᠮ ᠢ ᠪᠤᠯᠪᠠᠰᠤᠷᠠᠭᠤᠯᠬᠤ᠂ ᠵᠦᠩ ᠯᠢᠶᠠᠩ ᠪᠦᠯᠦᠭᠯᠠᠯ ᠤᠨ 18 ᠲᠦᠮᠠᠨ ᠲᠤᠨ ᠤ | ᠲᠠᠵᠢᠭᠡᠯ ᠪᠤᠷᠳᠤᠭ᠎ᠠ ᠪᠤᠯᠪᠠᠰᠤᠷᠠᠭᠤᠯᠬᠤ᠂ ᠡᠾᠧᠩ ᠳ᠋ᠦ᠋ ᠦᠭᠡᠷ ᠤᠨ ᠦᠢᠯᠠᠰ ᠤᠨ 10 ᠲᠦᠮᠠᠨ ᠲᠤᠨ ᠤ ᠠᠯᠠᠰᠢᠨ | ᠦᠭᠡᠷ ᠠᠯᠠᠵᠤ ᠪᠤᠯᠪᠠᠰᠤᠷᠠᠭᠤᠯᠬᠤ ᠵᠠᠷᠭᠡ ᠲᠦᠷᠦᠯ ᠵᠦᠢᠯ ᠢ ᠡᠬᠢᠯᠠᠨ ᠪᠦᠳᠦᠭᠡᠨ ᠪᠠᠶᠢᠭᠤᠯᠪᠠ᠃ ᠶᠦᠩ ᠨᠦᠸᠧ | ᠲᠤᠨᠤᠭ ᠲᠦᠬᠦᠭᠡᠷᠦᠮᠵᠢ ᠪᠠ ᠺᠦᠨ ᠴᠧᠩ ᠮᠠᠰᠢᠨ ᠮᠧᠬᠠᠨᠢᠭ ᠢ ᠲᠠᠬᠢᠨ ᠪᠠᠶᠢᠭᠤᠯᠬᠤ ᠬᠡᠯᠡᠯᠴᠠᠭᠡᠷ ᠲᠤᠬᠳᠠᠬᠤ᠂ | ᠪᠤᠷᠤᠬᠤᠳᠠ ᠶᠢᠨ ᠲᠤᠰᠤ ᠪᠠ ᠵᠦᠸᠧ ᠶᠦᠸᠧ ᠠᠵᠤ ᠤᠶᠢᠯᠠᠳᠪᠤᠷᠢ ᠠᠷᠠᠯᠵᠢᠶ᠎ᠠ ᠶᠢ ᠰᠲ᠋ᠤᠺ ᠤᠨ ᠡᠷᠭᠡ ᠳᠤ | ᠰᠢᠯᠵᠢᠬᠦᠯᠦᠨ ᠦᠭᠬᠦ ᠬᠡᠯᠡᠯᠴᠠᠭᠡᠷ ᠲᠤᠬᠢᠷᠠᠪᠠ᠃ ᠶᠢᠨ ᠰᠧ ᠡᠨᠧᠷᠬᠢ᠂ ᠱᠠᠨ ᠯᠤ᠋ ᠪᠦᠯᠦᠭᠯᠠᠯ᠂ ᠶᠦᠩ ᠨᠧᠩ ᠰᠢᠨ᠎ᠠ | ᠡᠨᠧᠷᠬᠢ ᠶᠢᠨ 80 ᠰᠠᠶ᠎ᠠ ᠸᠠᠲ ᠶᠢᠨ ᠬᠡᠷᠡᠯᠯᠢᠭ ᠴᠠᠬᠢᠯᠭᠠᠨ ᠤ ᠲᠦᠷᠦᠯ ᠵᠦᠢᠯ ᠨᠢ ᠮᠠᠰᠢᠨ ᠴᠤᠬᠴᠠᠯᠠᠪᠤᠷᠢ ᠶᠢ | ᠪᠠᠷᠠᠭᠠᠪᠠ᠃ ᠯᠢᠩ ᡁᠢ ᠲᠦᠮᠦᠰᠤᠨ ᠤ ᠠᠵᠤ ᠤᠶᠢᠯᠠᠰ ᠤᠨ ᠰᠢᠨᠵᠢᠯᠡᠭᠡ ᠮᠠᠷᠭᠡᠵᠢᠯ ᠤᠨ ᠬᠦᠷᠢᠶᠠᠯᠠᠩ ᠨᠢ | ᠦᠪᠠᠷᠳᠡᠭᠡᠨ ᠵᠠᠰᠠᠬᠤ ᠤᠷᠤᠨ ᠳᠤ ᠲᠠᠷᠢᠶᠠᠯᠠᠩ ᠤᠨ ᠰᠢᠨᠵᠢᠯᠡᠭᠡ ᠮᠠᠷᠭᠡᠵᠢᠯ ᠤᠨ ᠬᠦᠷᠢᠶᠠᠯᠠᠩ ᠢᠶᠠᠷ ᠲᠤᠬᠳᠠᠭᠠᠬᠳᠠᠪᠠ᠃ | | ᠦᠩᠭᠡᠷᠡᠭᠰᠡᠨ ᠨᠢᠭᠡ ᠵᠢᠯ ᠪᠢᠳᠠ ᠠᠷᠠᠳ ᠢ ᠪᠠᠶᠠᠵᠢᠭᠤᠯᠵᠤ ᠠᠵᠤ ᠤᠶᠢᠯᠠᠰ ᠢ ᠬᠦᠭᠵᠢᠬᠦᠯᠬᠦ᠂ ᠭᠤᠤᠯᠯᠠᠬᠴᠢ | ᠶᠢ ᠠᠳᠬᠤᠵᠤ᠂ ᠰᠠᠭᠤᠷᠢᠨ ᠭᠠᠵᠠᠷ ᠢ ᠪᠠᠶᠢᠭᠤᠯᠵᠤ᠂ ᠤᠳᠤᠬᠢᠴᠢᠯᠠᠬᠰᠠᠨ ᠮᠠᠯ ᠲᠠᠷᠢᠶᠠᠯᠠᠩ ᠤᠨ ᠶᠠᠰᠤ ᠴᠢᠨᠠᠷ ᠢ | ᠲᠠᠭᠡᠭᠰᠢᠯᠠᠬᠦᠯᠵᠤ ᠦᠷ᠎ᠡ ᠠᠰᠢᠭ ᠢ ᠨᠡᠮᠡᠭᠳᠡᠬᠦᠯᠦᠭᠰᠡᠨ ᠪᠠᠶᠢᠨ᠎ᠠ᠃ ᠠᠮᠤ ᠪᠤᠳᠠᠭᠠᠨ ᠤ ᠶᠠᠷᠦᠩᠭᠡᠢ ᠤᠨᠠᠯᠳᠠ 23 | ᠳ᠋ᠦᠩᠰᠢᠭᠤᠷ ᠵᠢᠩ᠂ 6 ᠰᠠᠷ᠎ᠠ ᠶᠢᠨ ᠡᠴᠦᠰ ᠤᠨ ᠬᠡᠷ ᠤᠨ ᠲᠠᠵᠢᠭᠡᠪᠤᠷᠢ ᠶᠢᠨ ᠵᠤᠬᠰᠤᠭ᠎ᠠ ᠲᠤᠭ᠎ᠠ 258 ᠲᠦᠮᠠᠨ | ᠲᠤᠯᠤᠭᠠᠢ ᠬᠦᠷᠪᠠ᠃ ᠪᠦᠬᠦ ᠬᠤᠰᠢᠭᠤ ᠨᠢ ᠲᠦᠮᠦᠰᠤ 30 ᠲᠦᠮᠠᠨ ᠮᠤ᠋᠂ ᠰᠢᠬᠢᠷ ᠯᠤᠤᠪᠠᠩ 7.3 ᠲᠦᠮᠠᠨ ᠮᠤ᠋᠂ | ᠢᠳᠡᠰᠢᠨ ᠨᠤᠭᠤᠭ᠎ᠠ 30 ᠲᠦᠮᠠᠨ ᠮᠤ᠋ ᠲᠠᠷᠢᠵᠤ᠂ ᠵᠢᠯ ᠳᠤ ᠠᠯᠠᠰᠢᠨ ᠦᠭᠡᠷ ᠤᠨ ᠭᠠᠷᠭᠠᠯᠳᠠ 20 ᠲᠦᠮᠠᠨ | ᠲᠤᠯᠤᠭᠠᠢ᠂ ᠠᠯᠠᠰᠢᠨ ᠬᠤᠨᠢ 103 ᠲᠦᠮᠠᠨ ᠲᠤᠯᠤᠭᠠᠢ᠂ ᠭᠠᠭ᠋ᠠᠢ 60 ᠲᠦᠮᠠ ᠪᠤᠯᠪᠠ᠂ ᠡᠾᠧᠩ ᠳ᠋ᠦ᠋ ᠦᠭᠡᠷ ᠤᠨ | ᠤᠶᠢᠯᠠᠰ ᠤᠨ ᠦᠨᠳᠤᠷ ᠪᠠᠷᠢᠮᠵᠢᠶᠠᠳᠤ ᠦᠭᠡᠷ ᠤᠨ ᠬᠠᠰᠢᠶ᠎ᠠ 4 ᠲᠦᠮᠠᠨ ᠲᠡᠭᠰᠢ ᠲᠦᠷᠪᠠᠯᠵᠢᠨ ᠮᠧᠲᠷ ᠢ ᠪᠠᠶᠢᠭᠤᠯᠵᠤ | ᠂ ᠲᠠᠵᠢᠭᠡᠵᠤ ᠪᠠᠶᠢᠭ᠎ᠠ ᠪᠤᠷᠳᠤᠭᠠᠨ ᠦᠭᠡᠷ 1.5 ᠲᠦᠮᠠᠨ ᠲᠤᠯᠤᠭᠠᠢ ᠪᠠᠶᠢᠨ᠎ᠠ᠃ ᠵᠦᠩ ᠯᠢᠶᠠᠩ ᠤᠨ ᠬᠤᠶᠠᠳᠤᠭᠠᠷ | ᠬᠤᠭᠤᠴᠠᠭ᠎ᠠ ᠶᠢᠨ 40 ᠲᠦᠮᠠᠨ ᠲᠤᠯᠤᠭᠠᠢ ᠭᠠᠭ᠋ᠠᠢ ᠲᠠᠵᠢᠭᠡᠬᠦ ᠰᠠᠭᠤᠷᠢᠨ ᠭᠠᠵᠠᠷ ᠠᠰᠢᠬᠯᠠᠯᠳᠠ ᠳᠤ ᠤᠷᠤᠪᠠ᠃ | ᠲᠠᠵᠢᠭᠡᠵᠤ ᠪᠠᠶᠢᠭ᠎ᠠ ᠮᠠᠬᠡᠵᠢ 1.2 ᠲᠦᠮᠨ ᠪᠤᠯᠪᠠ᠃ ᠮᠧᠩ ᠳ᠋ᠦ᠋ ᠬᠤᠨᠢᠨ ᠤ ᠤᠶᠢᠯᠠᠰ ᠤᠨ ᠦᠭᠡᠷ ᠬᠤᠨᠢᠨ ᠮᠢᠬ᠎ᠠ | ᠶᠢᠨ ᠦᠯᠢᠭᠡᠷ ᠬᠡᠪ ᠪᠤᠯᠪᠠᠰᠤᠷᠠᠭᠤᠯᠬᠤ ᠤᠶᠢᠯᠠᠳᠪᠤᠷᠢᠯᠠᠯ ᠤᠨ ᠲᠠᠰᠤᠭ᠂ ᠯᠢᠥᠢ ᠭᠠᠩ 1000 ᠲᠦᠮᠠᠨ ᠰᠠᠭᠤᠷᠢ | ᠴᠢᠬᠢ ᠮᠤᠳᠤᠨ ᠤ ᠤᠶᠢᠯᠠᠳᠪᠤᠷᠢ ᠠᠰᠢᠬᠯᠠᠯᠳᠠ ᠳᠤ ᠤᠷᠤᠪᠠ᠃ ᠤᠩᠨᠢᠭᠤᠳ ᠬᠤᠰᠢᠭᠤ ᠨᠢ ᠦᠪᠠᠷᠳᠡᠭᠡᠨ ᠵᠠᠰᠠᠬᠤ | ᠤᠷᠤᠨ ᠤ ᠠᠮᠤ ᠪᠤᠳᠠᠭ᠎ᠠ ᠶᠢ ᠪᠤᠷᠳᠤᠭᠤᠷ ᠪᠤᠯᠭᠠᠨ ᠬᠤᠪᠢᠷᠠᠭᠠᠬᠤ ᠠᠵᠢᠯ ᠤᠨ ᠲᠤᠷᠰᠢᠯᠳᠠ ᠶᠢᠨ ᠴᠢᠭ ᠢᠶᠠᠷ | ᠵᠢᠬᠰᠠᠭᠠᠬᠳᠠᠪᠠ᠃ ᠪᠦᠬᠦ ᠬᠤᠰᠢᠭᠤᠨ ᠤ ᠬᠠᠪᠰᠤᠷᠤᠯᠴᠠᠭ᠎ᠠ ᠨᠢᠬᠳᠠ ᠬᠡᠯᠪᠠᠷᠢᠳᠤ ᠮᠠᠯᠴᠢᠨ ᠲᠠᠷᠢᠶᠠᠴᠢᠨ ᠤ ᠲᠤᠰᠬᠠᠢ | ᠬᠤᠷᠰᠢᠶᠠᠵᠢᠯ 21 ᠲᠤᠰᠬᠠᠢ ᠲᠠᠷᠢᠵᠤ ᠲᠠᠵᠢᠭᠡᠬᠦ ᠶᠡᠭᠡ ᠡᠷᠦᠭᠡ ᠪᠠ ᠬᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ | 70 ᠪᠤᠯᠪᠠ᠃ ᠮᠠᠯᠴᠢᠨ ᠲᠠᠷᠢᠶᠠᠴᠢᠨ ᠤ ᠠᠵᠤ ᠤᠶᠢᠯᠠᠰᠵᠢᠬᠦᠯᠦᠨ ᠡᠵᠡᠩᠨᠠᠬᠦ ᠲᠤᠮᠳᠠ ᠠᠴᠠ ᠤᠷᠤᠯᠭ᠎ᠠ ᠪᠠᠨ ᠬᠦᠮᠦᠨ | ᠲᠤᠮᠳᠠᠴᠢ ᠪᠠᠷ 3000 ᠲᠦᠬᠦᠷᠢᠭ ᠨᠠᠮᠡᠭᠳᠡᠬᠦᠯᠪᠠ᠃ ᠬᠠᠶᠢᠯᠠᠰᠤ᠂ ᠤᠳᠠᠨᠳᠤᠬᠤᠢ ᠵᠠᠷᠭᠡ ᠤᠷᠤᠨ ᠤ ᠭᠠᠵᠠᠷ ᠰᠢᠷᠦᠢ | ᠶᠢ ᠲᠡᠭᠰᠢᠯᠠᠵᠤ ᠲᠢᠭᠯᠡᠬᠦ ᠲᠦᠷᠦᠯ ᠵᠦᠢᠯ 9 ᠲᠦᠮᠠᠨ ᠮᠤ᠋ ᠶᠢ ᠬᠡᠷᠡᠭᠵᠢᠬᠦᠯᠪᠠ᠃ ᠪᠦᠷᠬᠦᠪᠴᠢ ᠶᠢᠨ ᠲᠤᠤᠷ᠎ᠠ | ᠲᠤᠰᠤᠯᠭᠠᠨ ᠤᠰᠤᠯᠠᠬᠤ 16 ᠲᠦᠮᠠᠨ ᠮᠤ᠋ ᠶᠢ ᠰᠢᠨ᠎ᠠ ᠪᠠᠷ ᠪᠠᠶᠢᠭᠤᠯᠵᠤ᠂ ᠡᠬᠦᠷᠭᠡ ᠪᠠᠨ ᠨᠠᠶᠢᠳᠠᠪᠤᠷᠢᠵᠢᠭᠤᠯᠵᠤ | ᠪᠠᠬᠢᠵᠢᠬᠦᠯᠦᠭᠰᠡᠨ 64 ᠲᠦᠮᠠᠨ ᠮᠤ᠋᠂ ᠭᠠᠵᠠᠷ ᠲᠤᠤᠷ᠎ᠠ ᠪᠤᠯᠠᠵᠤ ᠲᠤᠰᠤᠯᠠᠭᠤᠯᠤᠨ ᠤᠰᠤᠯᠠᠬᠤ ᠵᠢᠱᠢᠶ᠎ᠠ ᠦᠵᠠᠬᠦᠯᠬᠦ | ᠲᠦᠷᠦᠯ ᠵᠦᠢᠯ 1.3 ᠲᠦᠮᠠᠨ ᠮᠤ᠋ ᠶᠢ ᠨᠠᠶᠢᠳᠠᠪᠤᠷᠢᠵᠢᠭᠤᠯᠪᠠ᠃ ᠯᠦᠩ ᠰᠢᠶᠠᠩ ᠢᠥᠢ ᠫᠢᠨ ᠺᠤᠮᠫᠠᠨᠢ ᠶᠢᠨ | ᠤᠶᠢᠯᠠᠳᠪᠤᠷᠢᠯᠡᠭᠰᠡᠨ ᠤᠩᠨᠢᠭᠤᠳ ᠤᠨ ᠲᠤᠳᠤᠷᠭ᠎ᠠ ᠨᠢ 2015 ᠤᠨ ᠤ ᠪᠦᠬᠦ ᠤᠯᠤᠰ ᠤᠨ ︽ᠤᠨᠴᠠᠭᠠᠢ | ᠨᠠᠷᠠᠳᠤ ᠰᠢᠯᠢᠳᠡᠭ ᠰᠢᠨ᠎ᠠ︾ ᠲᠠᠷᠢᠶᠠᠯᠠᠩ ᠤᠨ ᠪᠦᠳᠦᠭᠡᠭᠳᠡᠬᠦᠨ ᠤ ᠭᠠᠷᠴᠠᠭ ᠲᠤ ᠰᠤᠩᠭᠤᠬᠳᠠᠪᠠ᠃ ᠯᠢᠩ ᡁᠢ | ᠺᠤᠮᠫᠠᠨᠢ ᠨᠢ ︽ᠰᠢᠨ ᠰᠠᠨ ᠪᠠᠨ︾ ᠫᠠᠶᠢᠰᠠ ᠡᠯᠬᠦᠬᠦ ᠶᠢ ᠪᠠᠶᠠᠯᠠᠬᠦᠯᠵᠤ᠂ ︽ᠲᠤᠮᠳᠠᠳᠤ ᠤᠯᠤᠰ ᠤᠨ ᠲᠦᠮᠦᠰᠤᠨ | ᠤᠶᠢᠯᠠᠰ ᠤᠨ ᠨᠢᠭᠡᠳᠦᠭᠡᠷ ᠬᠤᠪᠢ ᠤᠷᠤᠭᠤᠯᠤᠬᠴᠢ︾ ᠪᠤᠯᠵᠤ᠂ 2015 ᠤᠨ ᠤ ᠪᠡᠬᠡᠵᠢᠩ ᠤᠨ ᠲᠠᠯᠠᠭᠡᠢ ᠶᠢᠨ | ᠲᠦᠮᠦᠰᠤ ᠶᠢᠨ ᠶᠡᠭᠡ ᠬᠤᠷᠠᠯ ᠳᠤ ᠤᠷᠤᠯᠴᠠᠬᠰᠠᠨ ᠪᠦᠭᠡᠳ ᠭᠤᠤᠯ ᠵᠤᠷᠢᠯᠭ᠎ᠠ ᠲᠠᠢ ᠶᠠᠷᠢᠶ᠎ᠠ ᠬᠢᠭᠰᠡᠨ ᠪᠠᠶᠢᠨ᠎ᠠ᠃ | ᠦᠩᠭᠡᠷᠡᠭᠰᠡᠨ ᠨᠢᠭᠡ ᠵᠢᠯ ᠳᠤ ᠪᠢᠳᠠ ᠲᠠᠰ ᠲᠠᠭᠡᠭᠰᠢᠯᠠᠬᠦᠯᠵᠤ ᠲᠠᠰ ᠲᠠᠪᠰᠢᠬᠦ ᠶᠢ ᠠᠩᠬᠠᠷᠴᠤ᠂ ᠰᠢᠨᠠᠴᠢᠯᠠᠬᠦ | ᠶᠢ ᠠᠬᠢᠭᠤᠯᠵᠤ᠂ ᠨᠠᠷᠠ ᠲᠠᠮᠳᠡᠭ ᠢ ᠪᠤᠰᠬᠠᠵᠤ᠂ ᠭᠤᠷᠪᠠᠳᠤᠭᠠᠷ ᠠᠵᠤ ᠤᠶᠢᠯᠠᠰ ᠤᠨ ᠤᠶᠢᠯᠠᠴᠢᠯᠠᠭᠡᠨ ᠤ ᠤᠶᠢᠯᠠᠰ | ᠤᠨ ᠢᠳᠡᠪᠬᠢ ᠬᠦᠴᠦᠨ ᠢᠯᠠᠷᠭᠡᠢ ᠪᠤᠯᠤᠬᠰᠠᠨ ᠪᠠᠶᠢᠨ᠎ᠠ᠃ ᠪᠤᠷᠤᠬᠤᠳᠠ ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ | ᠬᠦᠢᠯᠭᠡᠭᠡᠨ ᠤ ᠲᠤᠭᠤᠷᠢᠭ ᠤᠨ ᠵᠦᠩ ᠬᠤᠤ ᠪᠤᠳᠠᠰ ᠤᠨ ᠬᠦᠢᠯᠭᠡᠭᠡᠨ ᠤ ᠲᠤᠭᠤᠷᠢᠭ᠂ ᠵᠤ᠋ ᠰᠢᠨ ᠡᠮ ᠤᠨ | ᠮᠠᠲ᠋ᠧᠷᠢᠶᠠᠯ ᠤᠨ ᠬᠦᠮᠦᠷᠭᠡ ᠶᠢᠨ ᠬᠤᠶᠠᠳᠤᠭᠠᠷ ᠬᠤᠭᠤᠴᠠᠭᠠᠨ ᠤ ᠭᠤᠤᠯ ᠴᠤᠬᠴᠠ ᠶᠢᠨ ᠢᠨᠵᠧᠨᠧᠷᠢᠭ ᠢ ᠪᠠᠶᠢᠭᠤᠯᠵᠤ | ᠪᠠᠷᠠᠪᠠ᠃ ︽ᠶᠠᠰᠤ ᠴᠢᠨᠠᠷ ᠤᠯᠠᠭᠠᠨᠬᠠᠳᠠ᠂ ᠤᠩᠨᠢᠭᠤᠳ︾ ᠡᠾᠧᠨᠠᠨ ᠵᠢᠶᠤᠤ ᠽᠦᠸᠧ᠂ ᠬᠠᠰ ᠯᠤᠤ ᠮᠠᠩᠬᠠᠨ | ᠨᠠᠭᠤᠷ ᠤᠨ ᠬᠤᠶᠠᠷ ᠲᠠᠯᠭᠡᠷᠠᠬᠦᠯᠬᠦ ᠬᠤᠪᠢᠶᠠᠷᠢ ᠲᠦᠪ ᠢ ᠪᠠᠶᠢᠭᠤᠯᠵᠤ ᠪᠠᠷᠠᠪᠠ᠃ ᠪᠠᠷᠢᠮᠵᠢᠶᠠᠳᠤ ᠠᠳᠠᠯ ᠤᠶᠢᠯᠠᠰ | ᠪᠤᠰᠬᠠᠬᠤ ᠬᠦᠷᠢᠶᠠᠯᠠᠩ ᠪᠠ ᠠᠳᠠᠯ ᠤᠶᠢᠯᠠᠰ ᠪᠤᠰᠬᠠᠵᠤ ᠨᠠᠪᠴᠢᠬᠦᠯᠬᠦ ᠰᠠᠭᠤᠷᠢᠨ ᠭᠠᠵᠠᠷ ᠲᠤ ᠲᠦᠰᠢᠭᠯᠡᠵᠤ᠂ | ᠡᠯᠧᠺᠲᠷᠤᠨ ᠬᠤᠳᠠᠯᠳᠤᠭ᠎ᠠ ᠪᠠᠷ ᠠᠳᠠᠯ ᠤᠶᠢᠯᠠᠰ ᠪᠤᠰᠬᠠᠬᠤ ᠶᠢ ᠦᠷᠨᠢᠬᠦᠯᠵᠤ᠂ ᠤᠯᠠᠭᠠᠨᠬᠠᠳᠠ ᠠᠮᠢᠳᠤᠷᠠᠯ 365᠂ | ᠲᠦᠩ ᠴᠧᠩ ᠠᠮᠢᠳᠤᠷᠠᠯ ᠤᠨ ᠰᠦᠯᠵᠢᠶ᠎ᠠ᠂ ᠶᠦᠨ ᠲᠠᠷᠢᠶᠠᠯᠠᠩ ᠤᠨ ᠲᠠᠯᠠᠪᠠᠢ ᠵᠠᠷᠭᠡ 5 ᠡᠯᠧᠺᠲᠷᠤᠨ | ᠬᠤᠳᠠᠯᠳᠤᠭᠠᠨ ᠤ ᠲᠠᠪᠴᠠᠩ ᠢ ᠲᠠᠳᠠᠨ ᠤᠷᠤᠭᠤᠯᠵᠤ ᠪᠦᠳᠦᠭᠡᠨ ᠪᠠᠶᠢᠭᠤᠯᠪᠠ᠃ ᠲᠤᠭᠤᠷᠢᠭ ᠨᠢ ᠦᠪᠠᠷᠳᠡᠭᠡᠨ | ᠵᠠᠰᠠᠬᠤ ᠤᠷᠤᠨ ᠤ ᠲᠠᠰ ᠤᠶᠢᠯᠠᠴᠢᠯᠠᠭᠡᠨ ᠤ ᠤᠶᠢᠯᠠᠰ ᠤᠨ ᠲᠦᠪᠯᠠᠷᠡᠭᠰᠡᠨ ᠲᠤᠭᠤᠷᠢᠭ ᠢᠶᠠᠷ ᠲᠤᠬᠳᠠᠭᠠᠬᠳᠠᠪᠠ᠃ | ᠶᠦᠨ ᠯᠦᠩ ᠪᠠᠭᠤᠳᠠᠯ ᠡᠵᠡᠩᠨᠠᠯᠳᠠ ᠳᠤ ᠤᠷᠤᠪᠠ᠃ ᠦ᠋ ᠽᠠᠢ ᠴᠧᠩ᠂ ᠸᠠᠨ ᠯᠦᠩ ᠪᠠᠭᠤᠳᠠᠯ᠂ ᠯᠢ ᠨᠦᠩ ᠲᠤᠮᠤ | ᠠᠰᠠᠷ ᠤᠨ ᠭᠤᠤᠯ ᠴᠤᠬᠴᠠ ᠶᠢᠨ ᠢᠨᠵᠧᠨᠧᠷᠢᠭ ᠢ ᠪᠠᠷᠢᠵᠤ ᠪᠠᠷᠠᠭᠠᠪᠠ᠃ ᠬᠠᠰ ᠯᠤᠤ ᠡᠷᠳᠡᠨ ᠤ ᠡᠳ᠋ ᠤᠨ ᠬᠤᠳᠠ | ᠨᠢ ᠡᠵᠡᠩᠨᠠᠯᠳᠠ ᠳᠤ ᠤᠷᠤᠵᠤ ᠰᠤᠶᠤᠯ ᠤᠨ ᠠᠵᠤ ᠤᠶᠢᠯᠠᠰ ᠢ ᠡᠵᠠᠩᠨᠡᠭᠴᠢ ᠡᠷᠦᠭᠡ 74 ᠪᠠᠶᠢᠨ᠎ᠠ᠂ ᠲᠠᠪᠤᠳᠤᠭᠠᠷ | ᠬᠤᠭᠤᠴᠠᠭᠠᠨ ᠤ ᠠᠷᠠᠳ ᠤᠨ ᠲᠤᠮᠳᠠᠬᠢ ᠡᠷᠳᠡᠨ ᠤ ᠡᠳ᠋ ᠭᠠᠷ ᠤᠷᠠᠯᠠᠯ ᠤᠨ ᠪᠦᠳᠦᠭᠡᠭᠳᠡᠬᠦᠨ ᠤ ᠰᠤᠯᠢᠯᠴᠠᠭᠠᠨ ᠤ | ᠬᠤᠷᠠᠯ ᠢ ᠡᠷᠬᠢᠯᠠᠪᠠ᠃ ᠠᠩᠬᠠᠳᠤᠭᠠᠷ ᠬᠤᠭᠤᠴᠠᠭᠠᠨ ᠤ ᠬᠠᠰ ᠯᠤᠤ ᠮᠠᠩᠬᠠᠨ ᠨᠠᠭᠤᠷ ᠤᠨ ᠤᠷᠤᠨ ᠤ ᠵᠤᠭᠠᠴᠠᠯ ᠤᠨ | ᠬᠠᠮᠳᠤᠷᠠᠨ ᠠᠵᠢᠯᠯᠠᠬᠤ ᠶᠠᠷᠢᠯᠴᠠᠭᠠᠨ ᠤ ᠲᠠᠪᠴᠠᠩ᠂ ︽ᠲᠤᠮᠳᠠᠳᠤ ᠤᠯᠤᠰ ᠤᠨ ᠬᠠᠰ ᠯᠤᠤ ᠮᠠᠩᠬᠠᠨ ᠨᠠᠭᠤᠷ | ᠬᠤᠨᠳᠠᠭᠠᠳᠤ︾ ᠡᠯᠡᠰᠤᠨ ᠳᠠᠬᠢ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠠᠷᠭᠡ ᠤᠷᠤᠯᠳᠤᠭᠠᠨ ᠤ | ᠠᠵᠢᠯᠯᠠᠭᠠᠨ ᠢ ᠠᠮᠵᠢᠯᠳᠠ ᠲᠠᠢ ᠡᠷᠬᠢᠯᠠᠨ ᠶᠠᠪᠤᠬᠳᠠᠭᠤᠯᠪᠠ᠃ ᠤᠩᠨᠢᠭᠤᠳ ᠬᠤᠰᠢᠭᠤᠨ ᠤ ᠵᠤᠭᠠᠴᠠᠯ ᠢᠶᠠᠷ ᠶᠠᠳᠠᠭᠤ | ᠶᠢ ᠲᠠᠳᠬᠦᠬᠦ ᠠᠷᠠᠳ ᠢ ᠪᠠᠶᠠᠵᠢᠭᠤᠯᠬᠤ ᠢᠨᠵᠧᠨᠧᠷᠢᠭ ᠨᠢ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ | ᠠᠷᠠᠳ ᠤᠨ ᠠᠮᠢᠳᠤᠷᠠᠯ ᠤᠨ ᠬᠦᠭᠵᠢᠯᠳᠠ ᠶᠢᠨ ᠶᠠᠷᠢᠯᠴᠠᠭᠠᠨ ᠤ ᠲᠠᠪᠴᠠᠩ ᠲᠠᠭᠡᠷ᠎ᠡ ︽2015 ᠤᠨ ᠤ ᠠᠷᠠᠳ | ᠤᠨ ᠠᠮᠢᠳᠤᠷᠠᠯ ᠤᠨ ᠵᠢᠱᠢᠶ᠎ᠠ ᠦᠵᠠᠬᠦᠯᠬᠦ ᠢᠨᠵᠧᠨᠧᠷᠢᠭ︾ ᠢᠶᠠᠷ ᠦᠨᠠᠯᠡᠭᠳᠡᠪᠠ᠃ ᠪᠦᠬᠦ ᠵᠢᠯ ᠳᠤ ᠵᠤᠭᠠᠴᠠᠬᠰᠠᠳ ᠢ | 90 ᠲᠦᠮᠠᠨ ᠬᠦᠮᠦᠨ ᠤᠳᠠᠭ᠎ᠠ ᠬᠦᠯᠢᠶᠠᠨ ᠠᠪᠴᠤ᠂ ᠵᠤᠭᠠᠴᠠᠯ ᠤᠨ ᠤᠷᠤᠯᠭ᠎ᠠ 10.5 ᠳ᠋ᠦᠩᠰᠢᠭᠤᠷ ᠲᠦᠬᠦᠷᠢᠭ ᠢ | ᠪᠠᠶᠠᠯᠠᠬᠦᠯᠪᠠ᠃ ᠪᠦᠬᠦ ᠬᠤᠰᠢᠭᠤᠨ ᠤ ᠰᠢᠨ᠎ᠠ ᠪᠠᠷ ᠨᠡᠮᠡᠭᠳᠡᠭᠰᠡᠨ ︽ᠲᠠᠷᠢᠶᠠᠯᠠᠩ ᠢ ᠲᠤᠰᠠᠯᠠᠬᠤ ᠮᠦᠩᠬᠦᠨ ᠬᠦᠢᠯᠭᠡᠭᠡᠨ | ᠤ ᠤᠶᠢᠯᠠᠴᠢᠯᠡᠭᠡᠨ ᠤ ᠴᠡᠭ︾ 27 ᠶᠢ ᠰᠢᠨ᠎ᠠ ᠪᠠᠷ ᠨᠡᠮᠡᠭᠳᠡᠬᠦᠯᠪᠠ᠃ ᠠᠷᠠᠳ ᠢ ᠬᠠᠷᠠᠭᠠᠯᠵᠠᠬᠤ ᠮᠠᠯ ᠲᠠᠷᠢᠶᠠᠯᠠᠩ ᠤᠨ | ᠪᠠᠯᠠ ᠤᠷᠤᠭᠤᠯᠬᠤ ᠺᠤᠮᠫᠠᠨᠢ ᠨᠢ ᠦᠪᠠᠷᠳᠡᠭᠡᠨ ᠵᠠᠰᠠᠬᠤ ᠤᠷᠤᠨ ᠤ ᠬᠦᠭᠵᠢᠬᠦᠯᠦᠯᠳᠠ ᠶᠢᠨ ᠪᠠᠩᠬᠢ ᠠᠴᠠ ᠭᠠᠵᠠᠷ | ᠰᠤᠯᠢᠵᠤ ᠨᠠᠬᠦᠯᠭᠡᠨ ᠶᠠᠳᠠᠭᠤ ᠶᠢ ᠲᠠᠳᠬᠦᠬᠦ ᠨᠢᠭᠡᠳᠦᠭᠡᠷ ᠬᠤᠭᠤᠴᠠᠭᠠᠨ ᠤ ᠵᠢᠭᠡᠯᠡᠯᠭᠡ ᠶᠢᠨ ᠮᠦᠩᠬᠦ 4 ᠳ᠋ᠦᠩᠰᠢᠭᠤᠷ | ᠲᠦᠬᠦᠷᠢᠭ ᠢ ᠭᠤᠶᠤᠴᠢᠯᠠᠪᠠ᠃ | ᠦᠩᠭᠡᠷᠡᠭᠰᠡᠨ ᠨᠢᠭᠡ ᠵᠢᠯ ᠳᠤ ᠪᠢᠳᠠ ᠵᠠᠷᠭᠡᠪᠠᠷ ᠲᠦᠯᠬᠢᠨ ᠠᠬᠢᠭᠤᠯᠬᠤ ᠰᠠᠭᠤᠷᠢ ᠶᠢ ᠲᠠᠯᠪᠢᠵᠤ᠂ ᠠᠯᠤᠰ | ᠬᠡᠳᠤ ᠳᠤ ᠠᠰᠢᠬᠳᠠᠢ ᠪᠠᠶᠢᠬᠤ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ | ᠪᠠᠶᠠᠯᠠᠬᠦᠯᠦᠭᠰᠡᠨ ᠪᠠᠶᠢᠨ᠎ᠠ᠃ 1 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ᠂ ᠤᠳᠠᠨᠳᠤᠬᠤᠢ ᠵᠠᠬᠡᠯᠢ ᠶᠢᠨ | ᠪᠠᠷᠠᠭᠤᠨ ᠬᠡᠰᠡᠭ᠂ ᠬᠤᠩ ᠱᠠᠨ ᠵᠠᠮ ᠤᠨ ᠡᠮᠦᠨ᠎ᠠ ᠬᠡᠰᠡᠭ ᠵᠠᠷᠭᠡ ᠶᠠᠪᠠᠭᠠᠨ ᠵᠠᠬᠡᠯᠢ ᠶᠢ ᠬᠠᠳᠠᠭᠤᠷᠠᠭᠤᠯᠬᠤ᠂ | ᠬᠢᠯᠠᠴᠢᠯᠠᠬᠤ ᠢᠨᠵᠧᠨᠧᠷᠢᠭ ᠢ ᠪᠠᠶᠠᠯᠠᠬᠦᠯᠵᠤ᠂ ᠵᠢᠩ ᠰᠠᠨ ᠵᠠᠮ ᠢ ᠨᠠᠪᠳᠠᠷᠠᠬᠦᠯᠵᠤ᠂ ᠦ᠋ ᠶᠢᠨ ᠱᠤᠭᠤᠮ ᠤᠨ ᠬᠤᠳᠠ | ᠲᠤᠭᠤᠷᠢᠭ ᠤᠨ ᠬᠡᠰᠡᠭ ᠤᠨ ᠰᠢᠨᠠᠳᠬᠡᠨ ᠵᠠᠰᠠᠬᠤ ᠢᠨᠵᠧᠨᠧᠷᠢᠭ ᠢ ᠪᠠᠷᠠᠭᠠᠵᠤ᠂ 9 ᠵᠤᠷᠪᠤᠰ ᠵᠢᠵᠢᠭ ᠵᠡᠬᠡᠯᠢ | ᠭᠤᠳᠤᠮᠵᠢ ᠶᠢ ᠶᠠᠷᠦᠩᠭᠡᠶᠢᠯᠠᠨ ᠵᠠᠰᠠᠵᠠᠢ᠃ ᠤᠪᠤᠭ᠎ᠠ ᠠᠭᠤᠯᠠ ᠶᠢᠨ ᠴᠡᠴᠡᠷᠯᠢᠭ ᠤᠨ ᠠᠮᠢ ᠠᠬᠤᠢ ᠶᠢ ᠵᠠᠰᠠᠬᠤ | ᠲᠦᠷᠦᠯ ᠵᠦᠢᠯ ᠢ ᠡᠬᠢᠯᠠᠨ ᠬᠢᠵᠤ᠂ ᠠᠭᠤᠯᠠᠨ ᠤ ᠨᠠᠯᠠᠤ ᠬᠠᠵᠠᠭᠤ ᠶᠢ ᠨᠦᠬᠦᠬᠦ ᠢᠨᠵᠧᠨᠧᠷᠢᠭ ᠢ ᠪᠠᠷᠠᠭᠠᠪᠠ᠃ ︽ | ᠠᠷᠪᠠ ᠶᠢ ᠪᠦᠬᠦᠨ ᠢ ᠪᠦᠷᠬᠦᠬᠦᠯᠬᠦ︾ ᠢᠨᠵᠧᠨᠧᠷᠢᠭ ᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ 11.86 | ᠳ᠋ᠦᠩᠰᠢᠭᠤᠷ ᠲᠦᠬᠦᠷᠢᠭ ᠪᠠᠯᠠ ᠤᠷᠤᠭᠤᠯᠬᠤ ᠶᠢ ᠪᠠᠶᠠᠯᠠᠬᠦᠯᠵᠤ᠂ 165 ᠵᠠᠰᠠᠭ ᠵᠠᠬᠢᠷᠭᠠᠨ ᠤ ᠭᠠᠴᠠᠭ᠎ᠠ ᠲᠤᠰᠬᠤᠨ | ︵ᠬᠤᠪᠢᠶᠠᠷᠢ ᠲᠠᠯᠠᠪᠠᠢ︶᠂ 27 ᠡᠩ ᠤᠨ ᠲᠤᠰᠬᠤᠨ ᠢ ᠰᠢᠨ᠎ᠠ ᠪᠠᠷ ᠪᠦᠷᠬᠦᠬᠦᠯᠪᠠ᠃ | ︽ᠲᠦᠷᠪᠠ ᠶᠢ ᠴᠠᠪᠠᠷᠯᠠᠬᠦ᠂ ᠲᠦᠷᠪᠠ ᠶᠢ ᠤᠳᠤᠬᠢᠴᠢᠯᠠᠬᠤ︾ ᠪᠠᠷ ᠭᠤᠤᠯ ᠠᠭᠤᠯᠭ᠎ᠠ ᠪᠤᠯᠭᠠᠬᠰᠠᠨ ᠤᠷᠴᠢᠨ | ᠲᠤᠭᠤᠷᠢᠨ ᠢ ᠶᠠᠷᠦᠩᠭᠡᠶᠢᠯᠠᠨ ᠵᠠᠰᠠᠬᠤ ᠢᠨᠵᠧᠨᠧᠷᠢᠭ ᠢ ᠬᠦᠨᠵᠠᠬᠡᠢ ᠦᠷᠨᠢᠬᠦᠯᠵᠤ᠂ ᠬᠦᠳᠡᠭᠡ ᠲᠤᠰᠬᠤᠨ ᠮᠠᠯᠵᠢᠬᠤ | ᠤᠷᠤᠨ ᠤ ᠲᠦᠷᠰᠤ ᠪᠠᠶᠢᠳᠠᠯ ᠯᠤᠳᠤ ᠶᠡᠭᠡ ᠬᠤᠪᠢᠷᠠᠯᠳᠠ ᠲᠠᠢ ᠪᠤᠯᠵᠠᠢ᠃ ᠦᠪᠠᠷᠳᠡᠭᠡᠨ ᠵᠠᠰᠠᠬᠤ ᠤᠷᠤᠨ ᠤ | ᠪᠤᠯᠪᠠᠰᠤᠨ ᠰᠢᠶᠠᠨ ᠤ ᠬᠤᠳᠠ ᠶᠢ ᠢᠳᠡᠪᠬᠢᠳᠠᠢ ᠡᠬᠦᠳᠦᠨ ᠪᠠᠶᠢᠭᠤᠯᠵᠤ᠂ ᠪᠤᠷᠤᠬᠤᠳᠠ ᠪᠠᠯᠭᠠᠰᠤ ᠶᠢᠨ ᠰᠠᠴᠢᠨᠳᠠᠯᠠ | ᠭᠠᠴᠠᠭ᠎ᠠ ᠨᠢ ᠪᠦᠬᠦ ᠤᠯᠤᠰ ᠤᠨ ᠪᠤᠯᠪᠠᠰᠤᠨ ᠲᠤᠰᠬᠤᠨ ᠢᠶᠠᠷ ᠦᠨᠠᠯᠡᠭᠳᠡᠭᠰᠡᠨ ᠪᠠᠶᠢᠨ᠎ᠠ᠃ ᠮᠤᠵᠢ ᠶᠢᠨ ᠵᠠᠮ 304 | ᠱᠤᠭᠤᠮ ᠤᠨ ᠪᠤᠷᠤᠬᠤᠳᠠ ᠠᠴᠠ ᠲᠠᠩᠨᠠᠬᠦᠷ ᠤᠨ ᠭᠤᠤᠯ ᠬᠦᠷᠬᠦ ᠬᠡᠰᠡᠭ ᠢ ᠴᠠᠷᠳᠠᠮᠠᠯ ᠵᠠᠮ ᠪᠤᠯᠭᠠᠨ ᠦᠭᠡᠷᠡᠴᠢᠯᠠᠬᠦ | ᠢᠨᠵᠧᠨᠧᠷᠢᠭ ᠢ ᠲᠦᠷᠭᠡᠨ ᠲᠦᠯᠬᠢᠨ ᠠᠬᠢᠭᠤᠯᠵᠤ᠂ ᠬᠤᠶᠠᠳᠤᠭᠠᠷ ᠲᠠᠰ ᠤᠨ ᠴᠠᠷᠳᠠᠮᠠᠯ ᠵᠠᠮ 35 ᠺᠢᠯᠤᠮᠧᠲᠷ | ᠵᠠᠰᠠᠬᠰᠠᠨ ᠪᠠᠶᠢᠨ᠎ᠠ᠃ ᠭᠠᠴᠠᠭ᠎ᠠ ᠲᠤᠰᠬᠤᠨ ᠤ ᠵᠠᠬᠡᠯᠢ ᠭᠤᠳᠤᠮᠵᠢ ᠶᠢ ᠬᠠᠳᠠᠭᠤᠷᠠᠭᠤᠯᠬᠤ ᠶᠢ 536 ᠺᠢᠯᠤᠮᠧᠲᠷ | ᠪᠠᠶᠠᠯᠠᠬᠦᠯᠵᠠᠢ᠃ 16 ᠵᠤᠷᠪᠤᠰ 270 ᠺᠢᠯᠤᠮᠧᠲᠷ ᠲᠤᠰᠬᠤᠨ ᠳᠤ ᠨᠠᠪᠳᠠᠷᠠᠬᠦ ᠴᠠᠷᠳᠠᠮᠠᠯ ᠵᠠᠮ ᠢ ᠡᠬᠢᠯᠠᠨ ᠪᠠᠶᠢᠭᠤᠯᠪᠠ | ᠃ ᠰᠾᠢ ᠳ᠋ᠤᠤ ᠵᠠᠩ ᠹᠠᠩ᠂ ᠬᠠᠯᠵᠠᠨ ᠠᠭᠤᠯᠠ ᠶᠢᠨ 66 ᠺᠢᠯᠤᠸᠤᠯᠲ ᠶᠢᠨ ᠬᠦᠴᠦᠳᠠᠯ ᠦᠭᠡᠷᠠᠴᠢᠯᠠᠨ ᠴᠠᠬᠢᠯᠭᠠᠨ | ᠬᠦᠷᠭᠡᠬᠦ ᠢᠨᠵᠧᠨᠧᠷᠢᠭ ᠢ ᠪᠠᠶᠢᠭᠤᠯᠪᠠ᠃ ᠰᠢᠶᠠᠩ ᠬᠤᠤ ᠱᠤᠭᠤᠮ ᠤᠨ ᠡᠯᠡᠰᠤ ᠲᠤᠭᠤᠯᠤᠬᠰᠠᠨ ᠵᠠᠰᠠᠮᠠᠯ ᠵᠠᠮ ᠢ | ᠨᠠᠪᠳᠠᠷᠠᠬᠦᠯᠵᠤ᠂ ᠡᠯᠡᠰᠤᠳᠤ ᠭᠠᠵᠠᠷ ᠢ 31.6 ᠲᠦᠮᠠᠨ ᠮᠤ᠋ ᠶᠠᠷᠦᠩᠭᠡᠶᠢᠯᠠᠨ ᠵᠠᠰᠠᠪᠠ᠃ ᠭᠤᠤᠯᠳᠠᠯᠭ᠎ᠠ ᠲᠠᠢ ᠤᠷᠤᠨ | ᠲᠤᠭᠤᠷᠢᠭ ᠤᠨ ᠨᠤᠭᠤᠭᠠᠷᠠᠭᠤᠯᠤᠯᠳᠠ ᠶᠢ 1.87 ᠲᠦᠮᠠᠨ ᠮᠤ᠋ ᠬᠡᠷᠡᠭᠵᠢᠬᠦᠯᠵᠤ᠂ ᡂᠢ ᠳ᠋ᠠ ᠲᠠᠭᠡᠳᠤ ᠬᠤᠷᠳᠤᠴᠠᠳᠤ | ᠵᠠᠮ ᠤᠨ ᠪᠤᠷᠤᠬᠤᠳᠠ ᠠᠴᠠ ᠪᠠᠭᠠᠷᠢᠨ ᠬᠦᠬᠦᠷᠭᠡ ᠬᠦᠷᠬᠦ ᠬᠡᠰᠡᠭ ᠪᠠ ᡂᠢ ᠳ᠋ᠠ ᠲᠠᠭᠡᠳᠤ ᠬᠤᠷᠳᠤᠴᠠᠳᠤ ᠵᠠᠮ ᠤᠨ | ᠪᠤᠷᠤᠬᠤᠳᠠ ᠭᠠᠷᠬᠤ ᠵᠠᠮ ᠤᠨ ᠨᠤᠭᠤᠭᠠᠷᠠᠭᠤᠯᠤᠯᠳᠠ ᠶᠢᠨ ᠢᠨᠵᠧᠨᠧᠷᠢᠭ ᠢ ᠭᠤᠤᠯᠳᠠᠯᠭ᠎ᠠ ᠲᠠᠢ ᠬᠢᠪᠠ᠃ ᠪᠠᠷᠠᠭᠤᠨ | ᠦᠶᠠᠷ ᠤᠨ ᠰᠤᠪᠠᠭ ᠤᠨ ᠦᠶᠠᠷ ᠢ ᠰᠠᠷᠭᠡᠶᠢᠯᠠᠵᠤ ᠵᠠᠰᠠᠬᠤ᠂ ᠬᠠᠶᠢᠯᠠᠰᠤ ᠪᠠᠯᠭᠠᠰᠤ ᠶᠢᠨ ᠭᠠᠩ ᠢ ᠡᠰᠡᠷᠬᠦᠴᠠᠬᠦ | ᠪᠠᠴᠢᠮ ᠪᠠᠶᠢᠳᠠᠯ ᠢ ᠠᠷᠭᠠᠴᠠᠭᠠᠬᠤ ᠲᠦᠬᠦᠷᠵᠢᠬᠦᠯᠬᠦ ᠵᠠᠷᠭᠡ ᠤᠰᠤᠨ ᠠᠰᠢᠬᠯᠠᠯᠳᠠ ᠶᠢᠨ ᠢᠨᠵᠧᠨᠧᠷᠢᠭ ᠤᠨ | ᠪᠠᠶᠢᠭᠤᠯᠤᠯᠳᠠ ᠶᠢ ᠪᠠᠷᠠᠭᠠᠪᠠ᠃ | ᠦᠩᠭᠡᠷᠡᠭᠰᠡᠨ ᠵᠢᠯ ᠳᠤ ᠪᠢᠳᠠ ᠠᠷᠠᠳ ᠢᠶᠠᠷ ᠭᠤᠤᠯ ᠪᠤᠯᠭᠠᠵᠤ᠂ ᠤᠷᠤᠭᠤᠯᠤᠯᠳᠠ ᠶᠢ ᠴᠢᠩᠭᠠᠳᠬᠠᠵᠤ᠂ | ᠪᠠᠳᠤᠯᠠᠭ᠎ᠠ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠦᠷᠬᠦᠯᠵᠢᠯᠠᠨ ᠰᠠᠶᠢᠵᠢᠷᠠᠭᠤᠯᠤᠬᠰᠠᠨ ᠪᠠᠶᠢᠨ᠎ᠠ᠃ ᠪᠦᠬᠦ | ᠵᠢᠯ ᠳᠤ ᠠᠷᠠᠳ ᠤᠨ ᠠᠮᠢᠳᠤᠷᠠᠯ ᠳᠤ ᠬᠡᠷᠡᠭᠰᠡᠬᠦ ᠪᠠᠯᠠ ᠮᠦᠩᠬᠦ ᠶᠢ 25 ᠳ᠋ᠦᠩᠰᠢᠭᠤᠷ ᠲᠦᠬᠦᠷᠢᠭ ᠤᠷᠤᠭᠤᠯᠵᠤ᠂ | ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 76% ᠠᠴᠠ ᠲᠠᠭᠡᠭᠰᠢᠬᠢ ᠶᠢ ᠡᠵᠠᠯᠠᠨ᠎ᠠ᠃ ᠲᠠᠭᠡᠳᠤ ᠱᠠᠳᠤᠨ | ᠤ ᠲᠦᠷᠦᠯ ᠵᠦᠢᠯ ᠤᠨ ᠪᠠᠯᠠ ᠮᠦᠩᠬᠦ 8.8 ᠳ᠋ᠦᠩᠰᠢᠭᠤᠷ ᠲᠦᠬᠦᠷᠢᠭ ᠢ ᠲᠠᠮᠠᠴᠠᠨ ᠤᠯᠵᠠᠢ᠃ 82 ᠭᠤᠤᠯᠳᠠᠯᠭ᠎ᠠ | ᠲᠠᠢ ᠶᠠᠳᠠᠭᠤ ᠬᠦᠴᠢᠷᠳᠠᠢ ᠭᠠᠴᠠᠭ᠎ᠠ ᠲᠤᠰᠬᠤᠨ ᠳᠤ ︽ᠭᠤᠷᠪᠠ ᠲᠤᠰᠬᠤᠨ ᠳᠤ ᠬᠦᠷᠬᠦ ᠬᠢᠭᠡᠳ ᠭᠤᠷᠪᠠ ᠡᠷᠦᠭᠡ | ᠳᠤ ᠬᠦᠷᠬᠦ︾ ᠪᠦᠬᠦᠶᠢᠯᠠ ᠲᠤᠰᠬᠤᠨ ᠢᠶᠠᠷ ᠲᠦᠯᠬᠢᠨ ᠠᠬᠢᠭᠤᠯᠬᠤ ᠶᠠᠳᠠᠭᠤ ᠶᠢ ᠲᠠᠳᠬᠦᠬᠦ ᠢᠨᠵᠧᠨᠧᠷᠢᠭ ᠢ | ᠬᠡᠷᠡᠭᠵᠢᠬᠦᠯᠵᠤ᠂ ᠡᠳ᠋ ᠤᠨ ᠵᠠᠰᠠᠭ ᠤᠨ ᠶᠠᠳᠠᠭᠤ ᠶᠢ ᠲᠠᠳᠬᠦᠬᠦ ᠶᠢ ᠲᠠᠭᠠᠭᠤᠯᠬᠤ ᠪᠠᠯᠠ ᠮᠦᠩᠬᠦ 3690 ᠲᠦᠮᠠᠨ | ᠲᠦᠬᠦᠷᠢᠭ ᠨᠠᠶᠢᠳᠠᠪᠤᠷᠢᠵᠢᠭᠤᠯᠵᠤ᠂ ᠮᠦᠩᠬᠦᠨ ᠬᠦᠢᠯᠭᠡᠭᠡᠨ ᠤ ᠶᠠᠳᠠᠭᠤ ᠶᠢ ᠲᠠᠳᠬᠦᠵᠤ ᠠᠷᠠᠳ ᠢ ᠪᠠᠶᠠᠵᠢᠭᠤᠯᠬᠤ | ᠵᠢᠭᠡᠯᠡᠯᠭᠡ ᠶᠢᠨ ᠵᠤᠭᠤᠰ 1 ᠳ᠋ᠦᠩᠰᠢᠭᠤᠷ ᠲᠦᠬᠦᠷᠢᠭ ᠲᠠᠷᠬᠠᠭᠠᠵᠤ᠂ 1.92 ᠲᠦᠮᠠᠨ ᠶᠠᠳᠠᠭᠤ ᠬᠦᠴᠢᠷᠳᠠᠢ ᠬᠦᠮᠦᠨ | ᠠᠮᠠ ᠶᠢ ᠲᠠᠮᠵᠢᠵᠤ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠶᠠᠯᠠᠬᠦᠯᠵᠠᠢ᠃ ᠦᠪᠠᠷᠳᠡᠭᠡᠨ ᠵᠠᠰᠠᠬᠤ | ᠤᠷᠤᠨ ᠤ ᠠᠩᠬᠠᠳᠤᠭᠠᠷ ᠬᠤᠰᠢᠭᠤ ᠰᠢᠶᠠᠨ ᠤ ᠲᠠᠰ ᠤᠨ ᠶᠠᠳᠠᠭᠤ ᠶᠢ ᠲᠠᠳᠬᠦᠬᠦ ᠪᠤᠯᠪᠠᠰᠤᠷᠠᠯ ᠤᠨ ᠲᠦᠪ ᠢ | ᠪᠠᠶᠢᠭᠤᠯᠵᠤ᠂ ᠺᠠᠳ᠋ᠷ ᠤᠯᠠᠨ ᠲᠦᠮᠠᠨ ᠢ 5000 ᠢᠯᠠᠬᠦᠦ ᠬᠦᠮᠦᠨ ᠤᠳᠠᠭ᠎ᠠ ᠪᠤᠯᠪᠠᠰᠤᠷᠠᠭᠤᠯᠵᠠᠢ᠃ ᠪᠤᠷᠤᠬᠤᠳᠠ | ᠮᠤᠩᠭᠤᠯ ᠲᠤᠮᠳᠠᠳᠤ ᠰᠤᠷᠭᠠᠭᠤᠯᠢ᠂ ᠪᠤᠷᠤᠬᠤᠳᠠ ᠲᠤᠷᠰᠢᠯᠳᠠ ᠶᠢᠨ ᠪᠠᠭ᠎ᠠ ᠰᠤᠷᠭᠠᠭᠤᠯᠢ ᠶᠢ ᠰᠢᠯᠵᠢᠬᠦᠯᠦᠨ | ᠪᠠᠶᠢᠭᠤᠯᠬᠤ ᠲᠦᠷᠦᠯ ᠵᠦᠢᠯ ᠨᠢ ᠪᠠᠷᠢᠯᠭ᠎ᠠ ᠲᠠᠭᠤᠰᠤᠨ ᠰᠢᠯᠭᠠᠨ ᠬᠤᠷᠢᠶᠠᠵᠠᠢ᠃ ᠬᠦᠳᠡᠭᠡ ᠲᠤᠰᠬᠤᠨ ᠮᠠᠯᠵᠢᠬᠤ | ᠤᠷᠤᠨ ᠤ 54 ᠰᠤᠷᠭᠠᠭᠤᠯᠢ 6.9 ᠲᠦᠮᠠᠨ ᠲᠡᠭᠰᠢ ᠲᠦᠷᠪᠠᠯᠵᠢᠨ ᠮᠧᠲᠷ ᠠᠶᠤᠯᠳᠠᠢ ᠬᠠᠭᠤᠴᠢᠨ ᠰᠤᠷᠭᠠᠭᠤᠯᠢ ᠶᠢᠨ | ᠪᠠᠶᠢᠷᠢ ᠶᠢ ᠰᠢᠨ᠎ᠠ ᠪᠠᠷ ᠪᠠᠶᠢᠭᠤᠯᠵᠤ ᠵᠠᠰᠠᠨ ᠦᠭᠡᠷᠡᠴᠢᠯᠠᠬᠦ ᠡᠬᠦᠷᠭᠡ ᠶᠢ ᠪᠠᠶᠠᠯᠠᠬᠦᠯᠵᠠᠢ᠃ ᠠᠯᠪᠠᠨ ᠠᠴᠠ | ᠪᠠᠶᠢᠭᠤᠯᠤᠬᠰᠠᠨ ᠡᠮᠨᠠᠯᠭᠡ ᠶᠢᠨ ᠬᠤᠷᠢᠶᠠᠨ ᠤ ᠦᠭᠡᠷᠠᠴᠢᠯᠠᠯᠳᠠ ᠶᠢ ᠲᠦᠯᠬᠢᠨ ᠠᠬᠢᠭᠤᠯᠵᠤ᠂ ᠬᠤᠰᠢᠭᠤᠨ ᠡᠮᠨᠡᠯᠭᠡ | ᠶᠢᠨ ᠬᠤᠷᠢᠶ᠎ᠠ ᠪᠠ ᠬᠢᠳᠡᠳ ᠮᠤᠩᠭᠤᠯ ᠡᠮᠨᠡᠯᠭᠡ ᠶᠢᠨ ᠬᠤᠷᠢᠶᠠᠨ ᠳᠤ ᠡᠮ ᠬᠤᠳᠠᠯᠳᠤᠬᠤ ᠨᠤᠷᠮ᠎ᠠ ᠶᠢᠨ ᠵᠦᠷᠢᠶ᠎ᠠ ᠲᠡᠭ | ᠪᠤᠯᠬᠤ ᠶᠢ ᠬᠡᠷᠡᠭᠵᠢᠬᠦᠯᠵᠠᠢ᠃ 47 ᠪᠠᠷᠢᠮᠵᠢᠶᠠᠵᠢᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠪᠠ 3 | ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠲᠦᠷ ᠰᠠᠭᠤᠬᠤ ᠪᠠᠶᠢᠷᠢ ᠶᠢᠨ ᠬᠡᠷ ᠢ | ᠰᠢᠨ᠎ᠠ ᠪᠠᠷ ᠪᠠᠶᠢᠭᠤᠯᠵᠠᠢ᠃ 17.9 ᠲᠦᠮᠠᠨ ᠬᠦᠮᠦᠨ ᠤᠳᠠᠭ᠎ᠠ ᠰᠢᠨ᠎ᠠ ᠬᠡᠯᠪᠠᠷᠢ ᠶᠢᠨ ᠬᠦᠳᠡᠭᠡ ᠲᠤᠰᠬᠤᠨ ᠤ | ᠬᠤᠷᠰᠢᠬᠰᠠᠨ ᠡᠮᠨᠡᠯᠭᠡ ᠳᠤ ᠤᠷᠤᠯᠴᠠᠬᠰᠠᠨ ᠡᠪᠡᠳᠴᠢᠳᠠᠨ ᠤ ᠡᠮᠨᠡᠭᠰᠡᠨ ᠵᠠᠷᠤᠳᠠᠯ ᠢ 1.4 ᠳ᠋ᠦᠩᠰᠢᠭᠤᠷ ᠲᠦᠬᠦᠷᠢᠭ | ᠲᠠᠩᠰᠠᠨ ᠠᠴᠠ ᠲᠠᠶᠢᠯᠠᠵᠠᠢ᠃ 429 ᠤᠰᠤ ᠤᠮᠳᠠ ᠶᠢᠨ ᠠᠮᠦᠷ ᠲᠦᠪᠰᠢᠨ ᠤ ᠢᠨᠵᠧᠨᠧᠷᠢᠭ ᠢ ᠪᠠᠶᠢᠭᠤᠯᠵᠤ᠂ 16. | 6 ᠲᠦᠮᠠᠨ ᠬᠦᠮᠦᠨ ᠤ ᠤᠰᠤ ᠤᠮᠳᠠ ᠶᠢᠨ ᠠᠮᠦᠷ ᠲᠦᠪᠰᠢᠨ ᠤ ᠠᠰᠠᠭᠤᠳᠠᠯ ᠢ ᠰᠢᠢᠳᠪᠤᠷᠢᠯᠠᠵᠠᠢ᠃ 12115 | ᠡᠷᠦᠭᠡ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠢ ᠰᠠᠯᠪᠢᠨ ᠵᠠᠰᠠᠬᠤ ᠶᠢ ᠬᠡᠷᠡᠭᠵᠢᠬᠦᠯᠵᠤ᠂ 160 | ᠢᠵᠢ ᠨᠠᠳᠠ ᠶᠢᠨ ᠲᠦᠷᠢᠶᠠᠰᠤᠯᠠᠵᠤ ᠰᠠᠭᠤᠬᠤ ᠬᠡᠷ ᠢ ᠬᠤᠷᠢᠶᠠᠨ ᠬᠤᠳᠠᠯᠳᠤᠨ ᠠᠪᠴᠤ᠂ 110 ᠡᠷᠦᠭᠡ ᠬᠤᠳᠠ | ᠶᠢᠨ ᠪᠠᠶᠢᠰᠢᠩ ᠬᠡᠷ ᠤᠨ ᠲᠤᠭᠤᠷᠢᠭ ᠢ ᠦᠭᠡᠷᠠᠴᠢᠯᠠᠨ ᠵᠠᠰᠠᠵᠠᠢ᠃ ᠬᠤᠳᠠ ᠪᠠᠯᠭᠠᠰᠤᠨ ᠤ ᠡᠯ᠎ᠡ ᠲᠦᠷᠦᠯ ᠤᠨ ᠠᠵᠢᠯ | ᠤᠯᠭᠤᠬᠰᠠᠳ ᠰᠢᠨ᠎ᠠ ᠪᠠᠷ 2100 ᠬᠦᠮᠦᠨ ᠨᠡᠮᠡᠭᠳᠡᠵᠤ᠂ ᠤᠶᠢᠯᠠᠰ ᠪᠦᠳᠦᠭᠡᠬᠦ ᠪᠠᠷ ᠠᠵᠢᠯ ᠤᠯᠬᠤ ᠶᠢ | ᠲᠠᠶᠢᠴᠢᠯᠠᠬᠰᠠᠨ ᠨᠢ 1050 ᠬᠦᠮᠦᠨ᠃ ᠵᠦᠷᠢᠴᠠᠯ ᠮᠦᠷᠬᠦᠯᠳᠤᠭᠡᠨ ᠢ ᠢᠯᠭᠠᠨ ᠪᠠᠶᠢᠴᠠᠭᠠᠬᠤ ᠶᠢ ᠬᠦᠨᠵᠡᠭᠡᠢ | ᠦᠷᠨᠢᠬᠦᠯᠵᠤ᠂ ᠪᠦᠬᠦ ᠵᠢᠯ ᠳᠤ 273 ᠵᠤᠷᠪᠤᠰ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ | ᠨᠠᠮᠳᠠᠭᠠᠵᠠᠢ᠃ | ᠦᠩᠭᠡᠷᠡᠭᠰᠡᠨ ᠵᠢᠯ ᠳᠤ ᠪᠢᠳᠠ ᠪᠦᠬᠦ ᠰᠡᠳᠬᠢᠯ ᠢᠶᠠᠷ ᠲᠤᠰᠢᠶᠠᠯ ᠢᠶᠠᠨ ᠬᠦᠢᠴᠡᠳᠭᠡᠵᠤ᠂ ᠦᠷ᠎ᠡ ᠪᠦᠳᠦᠮᠵᠢ | ᠶᠢ ᠠᠳᠬᠤᠵᠤ᠂ ᠡᠷᠭᠡ ᠲᠤᠰᠢᠶᠠᠯ ᠢᠶᠠᠨ ᠬᠤᠪᠢᠷᠠᠭᠤᠯᠵᠤ᠂ ᠵᠠᠰᠠᠭ ᠤᠨ ᠤᠷᠳᠤᠨ ᠤ ᠬᠤᠪᠢ ᠪᠠᠶ᠎ᠠ ᠶᠢᠨ | ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠠᠢ᠃ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠠᠵᠢᠯ ᠤᠨ | ᠬᠦᠴᠦᠯᠠᠴᠠ ᠪᠠᠨ ᠨᠡᠮᠡᠭᠲᠡᠭᠦᠯᠵᠤ᠂ ᠪᠦᠬᠦ ᠤᠷᠤᠨ ᠤ ᠬᠤᠰᠢᠭᠤ ᠰᠢᠶᠠᠨ ᠤ ᠲᠠᠰ ᠤᠨ ᠨᠢᠭᠡᠳᠤᠭᠡᠷ ᠬᠠᠭᠤᠲᠠᠰᠤ ︽ | ᠭᠤᠷᠪᠠᠨ ᠦᠨᠡᠮᠯᠠᠯ ᠢ ᠨᠡᠶᠢᠯᠡᠭᠦᠯᠬᠦ᠂ ᠨᠢᠬᠡ ᠦᠨᠡᠮᠯᠡᠯ ᠨᠢᠭᠡ ᠲᠠᠮᠳᠡᠭ︾ ᠡᠵᠡᠭᠨᠡᠯᠲᠠ ᠶᠢᠨ ᠦᠨᠡᠮᠯᠡᠯ ᠢ ᠲᠠᠷᠬᠠᠭᠠᠵᠠᠢ᠃ | 40 ᠰᠠᠯᠠᠭ᠎ᠠ ᠮᠦᠴᠢᠷ4528 ᠵᠦᠢᠯ ᠤᠨ ᠡᠷᠬᠡ ᠶᠢᠨ ᠨᠠᠷᠢᠨ ᠲᠠᠩᠰᠠ ᠶᠢ ᠨᠡᠶᠢᠲᠠᠯᠠᠵᠠᠢ᠂ ᠵᠠᠰᠠᠭ ᠤᠨ ᠤᠷᠳᠤᠨ ᠤ | ᠡᠷᠭᠡ ᠲᠤᠰᠢᠶᠠᠯ ᠢᠶᠠᠨ ᠬᠤᠪᠢᠷᠠᠭᠠᠬᠤ ᠪᠠ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠲᠦᠯᠬᠢᠨ ᠠᠭᠢᠭᠤᠯᠵᠤ᠂ ᠡᠷᠡᠭᠦᠯ | ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠵᠠᠬ᠎ᠠ ᠲᠡᠯᠭᠡᠭᠦᠷ ᠢ ᠬᠢᠨᠠᠨ ᠬᠠᠮᠢᠶᠠᠷᠤᠬᠤ ᠲᠤᠪᠴᠢᠶ᠎ᠡ ᠶᠢ | ᠨᠡᠶᠢᠯᠡᠭᠦᠯᠵᠦ ᠪᠠᠶᠢᠭᠤᠯᠪᠠ᠃ ᠠᠯᠪᠠᠨ ᠪᠠᠶᠢᠭᠤᠯᠤᠯᠭ᠎ᠠ ᠶᠢᠨ ᠠᠯᠪᠠᠲᠠᠨ ᠤ ᠲᠤᠰᠢᠶᠡᠯ ᠪᠤᠯᠤᠨ ᠲᠠᠰ ᠢ ᠵᠡᠷᠭᠡ ᠪᠠᠷ | ᠶᠠᠪᠤᠭᠲᠠᠭᠤᠯᠬᠤ ᠠᠵᠢᠯ ᠢ ᠪᠠᠷᠠᠭᠠᠪᠠ᠃ ᠡᠩ ᠤᠨ ᠴᠢᠨᠡᠷ ᠲᠠᠢ ᠠᠯᠪᠠᠨ ᠤ ᠵᠠᠷᠤᠲᠠᠯ ᠢ ᠪᠠᠭᠠᠰᠴᠤ᠂ ᠪᠦᠬᠦ | ᠬᠤᠰᠢᠭᠤᠨ ᠤ ︽ᠠᠯᠪᠠᠨ ᠤ ᠭᠤᠷᠪᠠᠨ︾ ᠵᠠᠷᠤᠲᠠᠯ ᠠᠲᠠᠯᠢ ᠬᠤᠭᠤᠴᠠᠭᠠᠨ ᠠᠴᠠ 5% ᠢᠶᠠᠷ ᠲᠤᠷᠤᠭᠰᠢᠯᠠᠵᠠᠢ᠃ | ᠡᠳ᠋ ᠤᠨ ᠵᠠᠰᠠᠭ ᠤᠨ ᠬᠢᠨᠠᠨ ᠲᠤᠭᠲᠠᠭᠠᠬᠤ ᠪᠠ ᠵᠠᠰᠠᠭ ᠤᠨ ᠤᠷᠳᠤᠨ ᠤ ᠬᠤᠲᠠᠯᠲᠤᠨ ᠠᠪᠬᠤ ᠪᠠᠷ ᠲᠠᠮᠵᠢᠵᠤ᠂ ᠪᠠᠯᠠ | ᠮᠦᠩᠬᠦ ᠶᠢ 2.3 ᠳ᠋ᠦᠩᠰᠢᠭᠤᠷ ᠲᠦᠬᠦᠷᠢᠭ ᠬᠢᠨᠠᠨ ᠬᠠᠰᠤᠵᠠᠢ᠃ ᠪᠦᠬᠦ ᠵᠢᠯ ᠳᠤ ᠠᠷᠠᠳ ᠤᠨ ᠲᠦᠯᠦᠭᠡᠯᠡᠭᠴᠢᠳ | ᠤᠨ ᠰᠠᠨᠠᠯ ᠰᠠᠨᠠᠭᠤᠯᠭ᠎ᠠ ᠶᠢ 119 ᠵᠦᠢᠯ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠰᠠᠨᠠᠯ ᠢ 124 | ᠵᠦᠢᠯ ᠢ ᠰᠢᠢᠳᠪᠦᠷᠢᠯᠡᠵᠠᠢ᠃ ︽ᠭᠤᠷᠪᠠ ᠴᠢᠩᠭ᠎ᠠ ᠭᠤᠷᠪᠠ ᠪᠤᠲᠠᠲᠠᠢ︾ ᠲᠤᠰᠬᠠᠢ ᠰᠡᠳᠦᠪᠳᠦ ᠰᠤᠷᠤᠯᠴᠠᠯᠭ᠎ᠠ | ᠬᠦᠮᠦᠵᠢᠯ ᠤᠨ ᠠᠵᠢᠯᠯᠠᠭᠠᠨ ᠢ ᠦᠨᠳᠦᠷ ᠪᠠᠷᠢᠮᠵᠢᠶ᠎ᠠ ᠪᠠᠷ ᠦᠷᠨᠢᠭᠦᠯᠵᠦ᠂ ︽ᠲᠦᠷᠪᠡᠨ ᠰᠤᠷᠲᠠᠯ︾ ᠤᠨ ᠠᠰᠠᠭᠤᠲᠠᠯ | ᠢ ᠬᠢᠨᠠᠵᠤ ᠪᠠᠶᠢᠴᠠᠭᠠᠬᠤ ᠶᠢ ᠴᠢᠩᠭᠠᠳᠬᠠᠪᠠ᠂ ᠬᠠᠤᠯᠢ ᠲᠦᠷᠢᠮ ᠠᠴᠠ ᠵᠦᠷᠢᠴᠡᠭᠰᠡᠨ ᠬᠡᠷᠡᠭ ᠶᠠᠪᠤᠲᠠᠯ ᠢ | ᠰᠢᠢᠳᠪᠦᠷᠢᠯᠡᠬᠦ ᠬᠦᠴᠦᠯᠡᠴᠠ ᠪᠠᠨ ᠴᠢᠩᠭᠠᠳᠬᠠᠬᠤ᠂ ᠡᠰᠡ ᠦᠢᠯᠡᠳᠬᠦᠢ᠂ ᠤᠲᠠᠭᠠᠨ ᠦᠢᠯᠡᠳᠬᠦᠢ᠂ ᠲᠠᠷᠤᠭ᠎ᠠ | ᠪᠤᠯᠴᠢᠬᠠᠭᠠᠳ ᠦᠯᠦ ᠦᠢᠯᠡᠳᠬᠦᠢ ᠠᠰᠠᠭᠤᠲᠠᠯ ᠢ ᠲᠤᠰᠬᠠᠢ ᠲᠦᠷᠦᠯ ᠢᠶᠠᠷ ᠵᠠᠰᠠᠵᠤ᠂ ᠵᠠᠰᠠᠭ ᠤᠨ ᠰᠤᠷᠲᠠᠯ ᠠᠵᠢᠯ | ᠤᠨ ᠰᠤᠷᠲᠠᠯ ᠮᠡᠲᠡᠭᠲᠡᠮ᠎ᠡ ᠰᠠᠶᠢᠵᠢᠷᠠᠵᠠᠢ᠃ ᠦᠪᠠᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠪᠦᠯᠬᠦᠮ ᠤᠨ | ᠲᠤᠰᠢᠶᠠᠨ ᠦᠭᠬᠦᠭᠰᠡᠨ 111 ᠵᠤᠷᠪᠤᠰ ᠺᠠᠳ᠋ᠷ ᠤᠨ ᠠᠰᠠᠭᠤᠳᠠᠯ ᠤᠨ ᠰᠦᠪᠡᠭᠴᠢ ᠶᠢ ᠨᠢᠭᠡᠨᠳᠡ 100% ᠪᠠᠷ | ᠨᠠᠶᠢᠳᠠᠪᠤᠷᠢᠵᠢᠭᠤᠯᠵᠠᠢ᠃ ᠪᠠᠴᠢᠮ ᠪᠠᠶᠢᠲᠠᠯ ᠤᠨ ᠬᠠᠮᠢᠶᠠᠷᠤᠯᠲᠠ ᠠᠶᠤᠯᠬᠦᠢ ᠦᠢᠯᠡᠳᠪᠦᠷᠢᠯᠡᠯ ᠢ ᠪᠦᠬᠦ ᠬᠦᠴᠦᠨ ᠢᠶᠠᠷ | ᠠᠳᠬᠤᠵᠤ᠂ ᠨᠡᠶᠢᠭᠡᠮ ᠤᠨ ᠪᠦᠬᠦ ᠲᠠᠯ᠎ᠠ ᠤᠨ ᠡᠶ᠎ᠡ ᠵᠤᠬᠢᠴᠠᠩᠭᠤᠢ ᠲᠤᠭᠲᠠᠭᠤᠨ ᠢ ᠬᠠᠮᠠᠭᠠᠯᠠᠵᠠᠢ᠃ ᠦᠨᠳᠦᠰᠦᠲᠡᠨ | ᠱᠠᠰᠢᠨ ᠰᠤᠷᠳᠠᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠠᠩᠰᠠ ᠡᠪᠬᠡᠮᠠᠯ᠂ ᠭᠠᠵᠠᠷ ᠤᠷᠤᠨ ᠤ | ᠤᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠠ᠂ ᠭᠠᠲᠠᠭᠠᠳᠤ ᠶᠠᠪᠤᠲᠠᠯ᠂ ᠬᠠᠷᠢᠶᠠᠳᠤ ᠶᠢᠨ ᠶᠠᠪᠤᠲᠠᠯ᠂ ᠭᠠᠯ | ᠤᠨᠲᠠᠷᠠᠭᠠᠬᠤ᠂ ᠴᠠᠭ ᠠᠭᠤᠷ᠂ ᠭᠠᠵᠠᠷ ᠬᠦᠲᠠᠯᠦᠯᠲᠠ᠂ ᠵᠡᠮᠲᠡᠭᠴᠤᠳ᠂ ᠤᠯᠠᠭᠠᠨ ᠵᠠᠭᠠᠯᠮᠠᠶᠢᠲᠠᠨ ᠵᠡᠷᠭᠡ ᠠᠵᠢᠯ ᠤᠨ | ᠲᠠᠯ᠎ᠠ ᠪᠠᠷ ᠴᠦᠮ ᠰᠢᠨ᠎ᠠ ᠠᠮᠵᠢᠯᠲᠠ ᠤᠯᠪᠠ᠃ | ᠲᠦᠯᠦᠭᠡᠯᠡᠭᠴᠢᠳ ᠡ᠂ 2015 ᠤᠨ ᠤ ᠭᠤᠤᠯ ᠡᠭᠦᠷᠬᠡ ᠬᠠᠷᠠᠯᠲᠠ ᠪᠠᠨ ᠪᠡᠶᠡᠯᠡᠭᠦᠯᠦᠭᠰᠡᠨ ᠨᠢ ᠪᠦᠬᠦ | ᠬᠤᠰᠢᠭᠤᠨ ᠤ ︽12.5︾ ᠶᠢᠨ ᠲᠦᠯᠦᠪᠵᠢᠭᠦᠯᠬᠡ ᠶᠢ ᠢᠯᠠᠯᠲᠠ ᠲᠠᠢ ᠪᠠᠶᠠᠯᠠᠭᠦᠯᠵᠤ᠂ ᠤᠡᠭᠨᠢᠭᠤᠳ ᠬᠤᠰᠢᠭᠤ ᠨᠢ | ᠨᠢᠭᠡᠨᠲᠠ ᠰᠢᠨ᠎ᠠ ᠬᠦᠭᠵᠢᠯᠲᠠ ᠶᠢᠨ ᠡᠬᠢᠯᠡᠯᠲᠠ ᠶᠢᠨ ᠴᠡᠭ ᠲᠡᠭᠡᠷ᠎ᠡ ᠵᠤᠭᠰᠤᠭᠰᠠᠨ ᠢ ᠪᠡᠯᠭᠡᠲᠡᠵᠤ ᠪᠠᠶᠢᠨ᠎ᠠ ᠃ ᠲᠠᠪᠤᠨ | ᠵᠢᠯ ᠤᠨ ᠬᠦᠭᠵᠢᠯᠲᠠ᠂ ᠠᠮᠵᠢᠯᠲᠠ ᠶᠢᠨ ᠢᠷᠠᠯᠳᠠ ᠨᠢ ᠬᠢᠯᠪᠡᠷ ᠪᠤᠰᠤ᠂ ᠲᠤᠷᠰᠢᠯᠭ᠎ᠠ ᠨᠡᠩ ᠡᠷᠬᠢᠮ ᠨᠠᠨᠲᠢᠨ᠃ ᠡᠨᠡ | ᠪᠤᠯ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢ | ᠭᠠᠷᠭᠠᠭᠰᠠᠨ ᠤ ᠦᠷ᠎ᠡ ᠳ᠋ᠦᠩ ᠮᠦᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠦᠷ᠎ᠡ ᠪᠦᠲᠦᠮᠵᠢ ᠲᠠᠢ ᠪᠠᠷ | ᠬᠢᠨᠠᠯᠲᠠ ᠲᠠᠯᠪᠢᠵᠤ᠂ ᠪᠦᠬᠦ ᠬᠦᠴᠦᠨ ᠢᠶᠠᠷ ᠲᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠦᠨ᠂ ᠮᠦᠨᠴᠦ ᠪᠦᠬᠦ | ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠠᠮᠳᠦ ᠪᠠᠷ ᠬᠦᠴᠢᠷ ᠢ ᠢᠯᠠᠨ ᠲᠠᠪᠠᠵᠤ᠂ ᠦᠨᠡᠩᠬᠦ | ᠠᠳᠬᠤᠨ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠃ ᠡᠬᠦᠨ ᠳᠤ ᠪᠢ ᠬᠤᠰᠢᠭᠤᠨ ᠤ ᠠᠷᠠᠳ ᠤᠨ ᠵᠠᠰᠠᠭ | ᠤᠨ ᠤᠷᠳᠤᠨ ᠢ ᠲᠦᠯᠦᠭᠡᠯᠡᠵᠦ᠂ ᠤᠡᠭᠨᠢᠭᠤᠳ ᠤᠨ ᠠᠵᠤ ᠠᠬᠤᠢ ᠨᠡᠶᠢᠭᠡᠮ ᠤᠨ ᠬᠦᠭᠵᠢᠯᠲᠠ ᠶᠢ ᠬᠠᠯᠠᠮᠵᠢᠯᠠᠨ | ᠲᠡᠮᠵᠢᠵᠤ ᠪᠠᠶᠢᠭ᠎ᠠ ᠡᠯ᠎ᠡ ᠦᠨᠳᠦᠰᠦᠲᠡᠨ ᠤ ᠠᠷᠠᠳ ᠲᠦᠮᠡᠨ ᠡᠯ᠎ᠡ ᠡᠲᠡᠭᠡᠳ ᠤᠨ ᠨᠠᠶᠢᠵᠠ ᠨᠦᠬᠦᠳ ᠲᠡᠭᠡᠨ ᠬᠠᠮᠤᠭ | ᠤᠨ ᠡᠷᠬᠢᠮ ᠲᠠᠭᠡᠳᠦ ᠮᠠᠨᠳᠦᠴᠢᠯᠡᠯ ᠪᠠ ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠭᠦᠯᠦᠶ᠎ᠡ ︕ | ᠠᠮᠵᠢᠯᠲᠠ ᠪᠠᠨ ᠳ᠋ᠦᠡᠭᠨᠡᠬᠦ ᠶᠢᠨ ᠵᠡᠷᠭᠡᠪᠡᠷ᠂ ᠪᠢᠲᠠ ᠪᠠᠰᠠ ᠰᠢᠨ᠎ᠠ ᠬᠡᠪ ᠪᠠᠶᠢᠲᠠᠯ ᠲᠤᠤᠷ᠎ᠠ᠂ ᠤᠡᠭᠨᠢᠭᠤᠳ | ᠲᠤ ᠤᠯᠲᠠᠰᠢ ᠦᠭᠡᠢ ᠬᠦᠭᠵᠢᠯᠲᠠ ᠶᠢᠨ ᠰᠢᠨ᠎ᠠ ᠵᠠᠪᠰᠢᠶᠠᠨ ᠢᠷᠠᠬᠦ ᠮᠦᠷᠲᠡᠭᠡᠨ ᠪᠠᠰᠠ ᠰᠢᠨ᠎ᠠ ᠠᠰᠠᠭᠤᠲᠠᠯ᠂ ᠰᠢᠨ᠎ᠠ | ᠦᠷᠢᠰᠦᠯᠳᠦᠭᠡᠨ ᠲᠤᠯᠭᠠᠷᠠᠨ᠎ᠠ ᠭᠡᠲᠡᠭ ᠢ ᠰᠡᠷᠭᠡᠭ ᠢᠶᠠᠷ ᠲᠠᠨᠢᠵᠤ ᠤᠯᠤᠬᠰᠠᠨ ᠪᠠᠶᠢᠨ᠎ᠠ᠃ ᠭᠤᠤᠯ ᠢᠯᠡᠷᠡᠯ ᠨᠢ᠄ | ᠬᠦᠭᠵᠢᠯᠲᠠ ᠠᠨᠠᠢ ᠬᠤᠰᠢᠭᠤᠨ ᠤ ᠦᠨᠳᠦᠰᠤᠨ ᠪᠠᠶᠢᠲᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ | ᠦᠭᠡᠢ᠂ ᠶᠡᠷᠦᠩᠬᠡᠢ ᠬᠡᠮᠵᠢᠶ᠎ᠠ ᠶᠢ ᠨᠡᠮᠡᠭᠲᠡᠭᠦᠯᠬᠦ ᠪᠠ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠲᠠᠪᠬᠤᠷ ᠰᠢᠯᠭᠠᠯᠲᠠ ᠳᠤ | ᠲᠤᠯᠭᠠᠷᠠᠵᠤ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠡᠳ᠋ ᠤᠨ | ᠢᠷᠠᠯᠳᠠ ᠶᠢᠨ ᠪᠦᠳᠦᠭᠡᠨ ᠪᠠᠶᠢᠭᠤᠯᠤᠯᠳᠠ ᠲᠤᠷᠤᠢ᠂ ᠲᠠᠸᠠᠷ ᠤᠨ ᠬᠡᠷ ᠰᠠᠭᠤᠴᠠ ᠶᠢᠨ ᠬᠠᠳᠠᠭᠠᠯᠠᠬᠳᠠᠵᠤ ᠪᠠᠶᠢᠬᠤ | ᠲᠠᠷᠤᠯᠳᠠ ᠨᠠᠯᠢᠶᠠᠳ ᠶᠡᠭᠡ᠂ ᠲᠤᠭᠤᠷᠢᠭ ᠤᠨ ᠠᠵᠤ ᠠᠬᠤᠶᠢᠯᠠᠯ ᠤᠨ ᠪᠠᠯᠠ ᠴᠤᠬᠯᠠᠭᠤᠯᠬᠤ ᠬᠦᠴᠢᠷᠳᠠᠯ ᠪᠠ ᠡᠬᠡ | ᠦᠷᠳᠡᠭ ᠲᠠᠭᠡᠭᠰᠢᠯᠠᠬᠦ ᠠᠴᠠ ᠪᠢᠰᠢ ᠪᠠᠭᠤᠷᠠᠬᠰᠠᠨ ᠦᠭᠡᠢ᠃ ᠠᠵᠤ ᠦᠢᠯᠡᠳᠪᠦᠷᠢ ᠶᠢᠨ ᠬᠦᠭᠵᠢᠯᠲᠠ ᠶᠢᠨ ᠨᠦᠬᠡᠴᠡ | ᠬᠦᠴᠦᠨ ᠬᠦᠷᠦᠯᠴᠡᠬᠦ ᠦᠭᠡᠢ᠂ ᠲᠠᠲᠠᠠᠬᠤ ᠬᠦᠴᠦᠨ ᠪᠠ ᠲᠤᠯᠭᠠᠷᠢᠯᠠᠬᠤ ᠬᠦᠴᠦᠨ ᠲᠠᠢ ᠶᠡᠭᠡ ᠲᠦᠷᠦᠯ ᠵᠦᠢᠯ᠂ | ᠰᠠᠶᠢᠨ ᠲᠦᠷᠦᠯ ᠵᠦᠢᠯ ᠲᠤᠲᠠᠮᠠᠭ᠂ ᠮᠠᠯ ᠲᠠᠷᠢᠶᠠᠯᠠᠩ ᠤᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ | ᠪᠠᠶᠢᠭᠤᠯᠤᠯᠲᠠ ᠡᠬᠢᠯᠡᠯᠲᠠ ᠶᠢᠨ ᠱᠠᠳᠤᠨ ᠳᠠᠭᠠᠨ ᠪᠠᠶᠢᠵᠤ᠂ ᠰᠢᠨ᠎ᠠ ᠬᠡᠯᠪᠡᠷᠢ ᠶᠢᠨ ᠬᠤᠷᠰᠢᠭᠰᠠᠨ ᠵᠤᠬᠢᠶᠠᠨ | ᠪᠠᠶᠢᠭᠤᠯᠤᠯᠲᠠ ᠶᠢᠨ ᠲᠠᠭᠠᠭᠤᠯᠬᠤ ᠦᠢᠯᠡᠳᠦᠯ ᠨᠢ ᠢᠯᠡᠷᠬᠡᠢ ᠪᠤᠰᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ | ᠦᠨ᠎ᠠ ᠪᠠᠭᠤᠷᠠᠵᠤ᠂ ᠮᠠᠯᠴᠢᠨ ᠲᠠᠷᠢᠶᠠᠴᠢᠨ ᠤ ᠦᠷᠬᠦᠯᠵᠢᠯᠡᠨ ᠤᠷᠤᠯᠭ᠎ᠠ ᠨᠠᠮᠡᠭᠲᠠᠭᠦ ᠰᠠᠭᠤᠷᠢ ᠪᠠᠳᠤ ᠪᠢᠰᠢ᠂ | ᠤᠳᠤᠬᠢᠴᠢᠯᠠᠬᠰᠠᠨ ᠮᠠᠯ ᠲᠠᠷᠢᠶᠠᠯᠠᠩ ᠤᠨ ᠲᠤᠬᠳᠠᠯᠴᠠᠭ᠎ᠠ ᠶᠢᠨ ᠪᠠᠶᠢᠭᠤᠯᠤᠯᠳᠠ ᠨᠢ ᠰᠢᠰᠲ᠋ᠧᠮ ᠲᠠᠢ ᠲᠦᠯᠦᠪᠯᠡᠭᠡ | ᠲᠤᠳᠠᠬᠳᠠᠵᠤ ᠪᠠᠶᠢᠨ᠎ᠠ᠃ ᠰᠤᠶᠤᠯ ᠵᠤᠭᠠᠴᠠᠯ ᠤᠨ ᠡᠬᠢ ᠰᠤᠷᠪᠤᠯᠵᠢ ᠶᠢ ᠢᠯᠡᠷᠡᠭᠦᠯᠵᠤ ᠠᠰᠢᠭᠯᠠᠬᠤ ᠬᠦᠷᠦᠯᠴᠡᠬᠦ | ᠦᠬᠡᠢ᠂ ᠡᠯᠧᠺᠲᠷᠤᠨ ᠬᠤᠳᠠᠯᠳᠤᠭ᠎ᠠ᠂ ᠬᠦᠮᠦᠷᠭᠡᠯᠡᠬᠦ ᠪᠤᠲᠠᠰ ᠤᠨ ᠭᠦᠢᠯᠭᠡᠭᠡ ᠵᠡᠷᠭᠡ ᠰᠢᠨ᠎ᠠ ᠪᠤᠢ ᠪᠤᠯᠤᠭᠰᠠᠨ | ᠦᠢᠯᠡᠴᠢᠯᠡᠭᠡᠨ ᠤ ᠦᠢᠯᠡᠰ ᠤᠨ ᠬᠦᠭᠵᠢᠯᠲᠠ ᠬᠠᠷᠢᠴᠠᠩᠭᠤᠢ ᠪᠠᠷ ᠤᠳᠠᠭᠠᠯᠢᠭ᠂ ᠠᠵᠤ ᠦᠢᠯᠠᠰ ᠤᠨ ᠴᠢᠨᠡᠷ ᠢ | ᠲᠡᠭᠡᠭᠰᠢᠯᠡᠭᠦᠯᠬᠦ ᠪᠠᠴᠢᠮ ᠱᠠᠭᠠᠷᠳᠠᠬᠳᠠᠵᠤ ᠪᠠᠶᠢᠨ᠎ᠠ᠃ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠤᠰᠤᠨ | ᠠᠰᠢᠭᠯᠠᠯᠲᠠ ᠵᠡᠷᠭᠡ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠪᠠᠰᠠᠴᠤ ᠲᠠᠭᠦᠯᠲᠠᠷᠵᠢᠭᠡᠳᠦᠢ᠂ ᠠᠮᠢ ᠠᠬᠤᠢ | ᠶᠢᠨ ᠪᠦᠳᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠡᠬᠦᠷᠭᠡ ᠪᠠᠰᠠᠴᠤ ᠬᠦᠨᠳᠤ ᠪᠠᠶᠢᠬᠰᠠᠭᠠᠷ᠃ ᠠᠵᠢᠯ ᠤᠯᠬᠤ᠂ | ᠡᠪᠡᠳᠴᠢᠨ ᠦᠵᠡᠭᠦᠯᠬᠦ᠂ ᠰᠤᠷᠭᠠᠭᠤᠯᠢ ᠳᠤ ᠤᠷᠤᠬᠤ᠂ ᠰᠠᠭᠤᠬᠤ ᠭᠡᠷ ᠵᠡᠷᠭᠡ ᠲᠠᠯ᠎ᠠ ᠪᠠᠷ ᠤᠯᠠᠨ ᠲᠦᠮᠡᠨ ᠤ ᠬᠦᠰᠡᠯ | ᠱᠠᠭᠠᠷᠲᠠᠯᠭ᠎ᠠ ᠲᠠᠢ ᠪᠠᠰᠠᠴᠤ ᠨᠢᠭᠡᠨ ᠬᠡᠮᠵᠢᠶᠡᠨ ᠤ ᠵᠦᠷᠢᠶ᠎ᠡ ᠲᠠᠢ ᠪᠠᠶᠢᠭᠰᠠᠭᠠᠷ᠃ ᠨᠢᠬᠡ ᠪᠦᠯᠦᠭ ᠭᠠᠵᠠᠷ ᠤᠷᠤᠨ ᠪᠠ | ᠺᠠᠳ᠋ᠷᠴᠤᠳ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢ ᠲᠤᠬᠢᠷᠠᠭᠤᠯᠬᠤ ᠶᠢ ᠲᠦᠯᠬᠢᠨ | ᠠᠭᠢᠭᠤᠯᠬᠤ ᠲᠠᠯ᠎ᠠ ᠳᠤ ᠲᠠᠨᠢᠯᠲᠠ ᠪᠠᠷ ᠲᠤᠲᠠᠮᠠᠭ᠂ ᠰᠢᠨ᠎ᠠ ᠶᠢ ᠡᠭᠦᠳᠦᠵᠤ ᠬᠦᠭᠵᠢᠬᠦ᠂ ᠢᠲᠡᠪᠬᠢᠲᠡᠢ ᠬᠠᠷᠢᠭᠤᠴᠠᠬᠤ | ᠵᠤᠷᠢᠭ ᠬᠦᠷᠦᠯᠴᠡᠬᠦ ᠦᠬᠡᠢ᠂ ᠠᠵᠢᠯ ᠬᠢᠵᠤ ᠤᠶᠢᠯᠠᠰ ᠪᠦᠳᠦᠭᠡᠬᠦ ᠤᠷᠴᠢᠨ ᠤᠯᠠᠮ ᠨᠢᠭᠡ ᠠᠯᠬᠤᠮ ᠪᠦᠷᠢᠯᠳᠤᠬᠦ | ᠴᠢᠬᠤᠯᠠ ᠲᠠᠢ᠂ ᠡᠲᠡᠭᠡᠷ ᠠᠰᠠᠭᠤᠲᠠᠯ ᠢ ᠪᠢᠲᠠ ᠬᠤᠶᠢᠰᠢᠲᠠ ᠶᠢᠨ ᠠᠵᠢᠯ ᠲᠤᠮᠲᠠ ᠴᠢᠷᠮᠠᠶᠢᠨ ᠰᠢᠢᠳᠪᠦᠷᠢᠯᠡᠨ᠎ᠠ᠃ | | ᠬᠤᠶᠡᠷ᠂ ︽13.5︾ ᠤᠨ ᠬᠤᠭᠤᠴᠠᠭᠠᠨ ᠳᠠᠬᠢ ᠤᠡᠭᠨᠢᠭᠤᠳ ᠤᠨ ᠬᠦᠭᠵᠢᠯᠲᠠ ᠶᠢᠨ ᠬᠠᠨᠳᠤᠰᠢ | | ᠰᠢᠨ᠎ᠠ ᠴᠠᠭ ᠤᠨ ᠪᠠᠶᠢᠲᠠᠯ ᠳᠤ ᠬᠠᠨᠳᠤᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠤᠡᠭᠨᠢᠭᠤᠳ | ᠬᠤᠰᠢᠭᠤᠨ ᠤ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠠᠷᠪᠠᠨ | ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠬᠡ ᠶᠢ ᠲᠤᠭᠲᠠᠭᠠᠬᠤ ᠰᠠᠨᠠᠭᠤᠯᠭ᠎ᠠ︾ ᠶᠢ ᠦᠨᠳᠦᠰᠦᠯᠠᠨ ︽13.5︾ | ᠤᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠮᠵᠢ ᠪᠤᠯ᠄ ᠨᠠᠮ ᠤᠨ ᠠᠷᠪᠠᠨ | ᠨᠠᠶᠢᠮᠠᠳᠤᠭᠠᠷ ᠶᠡᠭᠡ ᠬᠤᠷᠠᠯ ᠪᠠ ᠠᠷᠪᠠᠨ ᠨᠠᠶᠢᠮᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠲᠠ ᠬᠤᠷᠠᠯ᠂ | ᠲᠦᠷᠪᠡᠳᠦᠭᠡᠷ ᠪᠦᠬᠦᠲᠠ ᠬᠤᠷᠠᠯ᠂ ᠲᠠᠪᠤᠳᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠵᠤ᠂ ᠯᠢ ᠺᠧ ᠴᠢᠶᠠᠩ ᠶᠡᠷᠦᠩᠬᠡᠢ ᠰᠠᠶᠢᠳ ᠤᠨ ᠤᠡᠭᠨᠢᠭᠤᠳ ᠲᠠᠬᠢ ᠵᠢᠭᠠᠪᠤᠷᠢ ᠪᠠ ᠱᠠᠭᠠᠷᠲᠠᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶᠠᠨ ᠤ ᠠᠵᠢᠯ ᠤᠨ ᠲᠤᠬᠢᠷᠠᠭᠤᠯᠤᠯᠲᠠ ᠶᠢ ᠡᠮᠬᠢ ᠲᠠᠷᠠᠭ᠎ᠠ ᠲᠠᠢ ᠵᠠᠯᠭᠠᠨ ᠠᠪᠴᠤ᠂ ︽ᠲᠦᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠪᠠᠷᠢᠮᠳᠠᠯᠠᠵᠤ᠂ ︽ᠰᠢᠨ᠎ᠠ ᠶᠢ ᠡᠭᠦᠳᠬᠦ᠂ ᠵᠤᠬᠢᠴᠠᠩᠭᠤᠢ | ᠂ ᠪᠤᠬᠢᠷᠳᠤᠯ ᠦᠭᠡᠢ᠂ ᠴᠢᠯᠦᠭᠡᠲᠠᠢ ᠶᠠᠪᠤᠯᠴᠠᠬᠤ᠂ ᠬᠠᠮᠳᠤᠪᠠᠷ ᠡᠳ᠋ᠯᠡᠬᠦ︾ ᠲᠠᠪᠤᠨ ᠶᠡᠭᠡ ᠬᠦᠭᠵᠢᠯᠲᠠ ᠶᠢᠨ ᠦᠵᠡᠯᠲᠠ | ᠶᠢ ᠪᠠᠷᠢᠮᠲᠠᠯᠠᠵᠤ᠂ ᠬᠦᠭᠵᠢᠯᠲᠠ ᠶᠢᠨ ᠴᠢᠨᠡᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠭᠦᠯᠬᠦ ᠪᠠᠷ ᠭᠤᠤᠯᠲᠠᠯᠭ᠎ᠠ | ᠪᠤᠯᠭᠠᠵᠤ᠂ ᠬᠦᠭᠵᠢᠯᠲᠠ ᠶᠢᠨ ᠠᠷᠭ᠎ᠠ ᠬᠡᠯᠪᠡᠷᠢ ᠪᠠᠨ ᠰᠢᠨᠠᠴᠢᠯᠡᠵᠤ᠂ ᠴᠢᠯᠦᠭᠡᠲᠠᠢ ᠪᠤᠯᠭᠠᠵᠤ ᠬᠦᠭᠵᠢᠯᠲᠠ ᠶᠢᠨ ᠠᠷᠭ᠎ᠠ | ᠬᠡᠯᠪᠡᠷᠢ ᠪᠠᠨ ᠰᠢᠨᠠᠴᠢᠯᠡᠵᠤ ᠦᠭᠡᠷᠠᠴᠢᠯᠠᠯᠳᠠ ᠬᠢᠵᠤ ᠴᠢᠯᠦᠭᠡᠳᠡᠢ ᠶᠠᠪᠤᠯᠴᠠᠬᠤ ᠶᠢ ᠰᠠᠶᠢᠳᠤᠷ ᠬᠢᠨ᠎ᠠ᠂ ᠭᠤᠷᠪᠠᠳᠤᠭᠠᠷ | ᠠᠵᠤ ᠦᠢᠯᠡᠰ ᠢ ᠨᠢᠭᠡᠳᠦᠯᠲᠠᠢ ᠲᠦᠯᠦᠪᠯᠡᠵᠤ᠂ ᠲᠦᠷᠪᠡᠨ ᠶᠡᠭᠡ ᠲᠤᠭᠤᠷᠢᠭ ᠢ ᠪᠠᠶᠢᠭᠤᠯᠤᠨ᠎ᠠ᠂ ᠬᠦᠭᠵᠢᠯᠳᠠ ᠶᠢ | ᠬᠢᠵᠠᠭᠠᠷᠯᠠᠵᠤ ᠪᠠᠶᠢᠬᠤ ᠬᠦᠴᠢᠷ ᠠᠰᠠᠭᠤᠲᠠᠯ ᠢ ᠲᠠᠶᠢᠯᠵᠤ᠂ ᠠᠵᠤ ᠠᠬᠤᠢ ᠶᠢᠨ ᠬᠦᠭᠵᠢᠯᠲᠠ ᠶᠢᠨ ᠰᠢᠨ᠎ᠠ ᠬᠡᠪ | ᠪᠡᠶᠢᠲᠠᠯ ᠢ ᠵᠢᠯᠤᠭᠤᠳᠬᠤ ᠲᠤᠭᠲᠠᠯᠴᠠᠭ᠎ᠠ ᠪᠦᠷᠢᠯᠳᠤᠬᠦ ᠶᠢ ᠲᠦᠷᠭᠡᠳᠬᠡᠵᠦ᠂ ᠪᠦᠬᠦ ᠬᠦᠴᠦᠨ ᠢᠶᠠᠷ ᠠᠵᠤ ᠠᠬᠤᠢ᠂ | ᠤᠯᠤᠰ ᠲᠦᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠪᠠᠶᠢᠭᠤᠯᠤᠯᠲᠠ ᠶᠢ ᠲᠦᠯᠬᠢᠨ ᠠᠭᠢᠭᠤᠯᠵᠤ᠂ | ᠲᠤᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠪᠠᠶᠢᠭᠤᠯᠬᠤ ᠶᠢ ᠪᠠᠳᠤᠯᠠᠨ᠎ᠠ᠃ | ᠬᠤᠶᠢᠰᠢᠲᠠ ᠶᠢᠨ ᠲᠠᠪᠤᠨ ᠵᠢᠯ ᠤᠨ ᠬᠦᠭᠵᠢᠯᠲᠠ ᠶᠢᠨ ᠬᠠᠨᠳᠤᠰᠢ ᠪᠠ ᠨᠦᠬᠦᠴᠡᠯ ᠢ ᠶᠡᠷᠦᠩᠬᠡᠶᠢᠯᠡᠨ | ᠪᠤᠳᠤᠯᠬᠢᠯᠠᠪᠠᠯ᠂ ︽13.5︾ ᠤᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠲᠠ ᠶᠢᠨ ᠭᠤᠤᠯ ᠤᠷᠢᠳᠴᠢᠯᠠᠭᠰᠠᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠢ ᠵᠢᠯ ᠲᠤᠮᠲᠠᠴᠢ ᠪᠠᠷ 9% ᠤᠷᠴᠢᠮ ᠨᠠᠮᠡᠭᠲᠠᠭᠦᠯᠵᠦ᠂ 2020 ᠤᠨ ᠳᠤ 233 | ᠳ᠋ᠦᠡᠭᠰᠢᠭᠤᠷ ᠲᠦᠭᠦᠷᠢᠭ ᠲᠤ ᠬᠦᠷᠭᠡᠨ᠎ᠠ᠃ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ | ᠲᠤᠮᠲᠠᠴᠢ ᠪᠠᠷ 6% ᠤᠷᠴᠢᠮ ᠨᠡᠮᠡᠭᠲᠡᠭᠦᠯᠵᠦ᠂ 5.6 ᠳ᠋ᠦᠡᠭᠰᠢᠭᠤᠷ ᠲᠦᠭᠦᠷᠢᠭ ᠲᠤ ᠬᠦᠷᠬᠡᠨ᠎ᠡ᠃ ᠬᠡᠪᠴᠢᠶᠡᠵᠢᠯ | ᠠᠴᠠ ᠲᠡᠭᠡᠭᠰᠢ ᠲᠤᠭᠲᠠᠮᠠᠯ ᠬᠦᠷᠦᠩᠬᠡ ᠶᠢᠨ ᠪᠠᠯᠠ ᠤᠷᠤᠭᠤᠯᠤᠯᠲᠠ ᠶᠢ ᠵᠢᠯ ᠲᠤᠮᠳᠠᠴᠢ ᠪᠠᠷ 14% ᠤᠷᠴᠢᠮ | ᠨᠠᠮᠡᠭᠲᠡᠭᠦᠯᠵᠦ᠂ 194 ᠳ᠋ᠦᠩᠰᠢᠭᠤᠷ ᠲᠦᠭᠦᠷᠢᠭ ᠲᠤ ᠬᠦᠷᠬᠡᠨ᠎ᠡ᠃ ᠨᠡᠶᠢᠭᠡᠮ ᠤᠨ ᠬᠡᠷᠡᠭᠯᠡᠭᠡᠨ ᠤ ᠵᠢᠵᠢᠭᠯᠡᠨ | ᠬᠤᠲᠠᠯᠲᠤᠬᠤ ᠶᠡᠷᠦᠩᠬᠡᠢ ᠨᠤᠷᠮ᠎ᠠ ᠶᠢ ᠵᠢᠯ ᠲᠤᠮᠲᠠᠴᠢ ᠪᠠᠷ 11% ᠤᠷᠴᠢᠮ ᠨᠡᠮᠡᠭᠲᠡᠭᠦᠯᠵᠦ᠂ 71 ᠳ᠋ᠦᠡᠭᠰᠢᠭᠤᠷ | ᠲᠦᠭᠦᠷᠢᠭ ᠲᠤ ᠬᠦᠷᠬᠡᠨ᠎ᠡ᠃ ᠬᠤᠲᠠ ᠪᠠᠯᠭᠠᠰᠤᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠡᠵᠡᠮᠲᠠᠵᠤ ᠪᠤᠯᠬᠤ | ᠤᠷᠤᠯᠭ᠎ᠠ ᠶᠢ ᠵᠢᠯ ᠲᠤᠮᠲᠠᠴᠢ ᠪᠠᠷ 11.5% ᠤᠷᠴᠢᠮ ᠨᠡᠮᠡᠭᠲᠡᠭᠦᠯᠵᠦ᠂ 39000 ᠲᠦᠭᠦᠷᠢᠭ ᠲᠤ ᠬᠦᠷᠭᠡᠨ᠎ᠡ ᠃ | ᠬᠦᠲᠡᠭᠡ ᠲᠤᠰᠬᠤᠨ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠠᠷᠠᠳ ᠤᠨ ᠬᠦᠮᠦᠨ ᠲᠤᠮᠲᠠᠴᠢ ᠶᠢᠨ ᠡᠵᠡᠮᠲᠡᠵᠤ | ᠪᠤᠯᠬᠤ ᠤᠷᠤᠯᠭ᠎ᠠ ᠶᠢ ᠵᠢᠯ ᠲᠤᠮᠲᠠᠴᠢ ᠪᠠᠷ 11% ᠤᠷᠷᠴᠢᠮ ᠨᠡᠮᠡᠭᠲᠡᠭᠦᠯᠵᠦ᠂ 14000 ᠲᠦᠭᠦᠷᠢᠭ ᠲᠤ | ᠬᠦᠷᠭᠡᠨ᠎ᠡ᠃ | —— ᠠᠵᠤ ᠦᠢᠯᠡᠰ ᠤᠨ ᠰᠢᠯᠢᠳᠡᠭᠵᠢᠵᠤ ᠲᠡᠪᠰᠢᠬᠦ ᠲᠠᠯ᠎ᠠ ᠪᠠᠷ ᠬᠦᠴᠦᠯᠡᠨ ᠴᠢᠷᠮᠠᠶᠢᠵᠤ᠂ ᠠᠵᠤ | ᠠᠬᠤᠢ ᠪᠠᠶᠠᠨ ᠴᠢᠨᠡᠭᠡᠯᠢᠭ ᠤᠡᠭᠨᠢᠭᠤᠳ ᠢ ᠪᠠᠶᠢᠭᠤᠯᠤᠨ᠎ᠠ᠃ ᠬᠤᠶᠢᠰᠢᠲᠠ ᠶᠢᠨ ᠲᠠᠪᠤᠨ ᠵᠢᠯ ᠳᠤ ᠪᠢᠲᠠ ᠬᠦᠴᠦᠨ | ᠢᠶᠠᠨ ᠲᠦᠪᠯᠡᠷᠡᠭᠦᠯᠵᠦ ᠠᠵᠤ ᠦᠢᠯᠡᠰ ᠢᠶᠠᠷ ᠬᠤᠰᠢᠭᠤ ᠪᠠᠨ ᠪᠠᠶᠠᠵᠢᠭᠤᠯᠵᠤ᠂ ᠭᠤᠷᠪᠠᠳᠤᠭᠠᠷ ᠠᠵᠤ ᠦᠢᠯᠡᠰ ᠤᠨ | ᠪᠦᠳᠦᠴᠡ ᠶᠢ 24᠄ 49᠄ 27 ᠪᠤᠯᠭᠠᠨ ᠲᠤᠬᠢᠷᠠᠭᠤᠯᠵᠤ᠂ ᠭᠤᠷᠪᠠᠨ ᠠᠵᠤ ᠤᠶᠢᠯᠠᠰᠵᠢᠯᠳᠠ ᠬᠠᠷᠢᠯᠴᠠᠨ | ᠨᠦᠬᠦᠪᠦᠷᠢᠯᠡᠬᠦ᠂ ᠭᠤᠷᠪᠠᠨ ᠠᠵᠤ ᠤᠶᠢᠯᠠᠰᠵᠢᠯᠳᠠ ᠬᠠᠷᠢᠯᠴᠠᠨ ᠦᠢᠯᠡᠳᠦᠯᠴᠡᠬᠦ ᠠᠵᠤ ᠠᠬᠤᠢ ᠶᠢᠨ ᠬᠦᠭᠵᠢᠯᠲᠠ ᠶᠢᠨ | ᠪᠠᠶᠢᠷᠢᠭᠤᠯᠤᠯᠲᠠ ᠶᠢ ᠠᠩᠬ᠎ᠠ ᠠᠯᠬᠤᠮ ᠪᠦᠷᠢᠯᠳᠤᠭᠦᠯᠦᠨ᠎ᠠ᠃ ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠰ | ᠢᠶᠠᠷ ᠭᠤᠤᠯ ᠴᠢᠭᠯᠡᠯ ᠪᠤᠯᠭᠠᠵᠤ᠂ ᠤᠳᠤᠬᠢᠴᠢᠯᠠᠭᠰᠠᠨ ᠠᠮᠤ ᠪᠤᠲᠠᠭ᠎ᠠ᠂ ᠠᠵᠤ ᠠᠬᠤᠢ ᠶᠢᠨ ᠲᠠᠷᠢᠮᠠᠯ᠂ ᠪᠤᠷᠳᠤᠭ᠎ᠠ᠂ | ᠮᠠᠯ ᠲᠠᠷᠢᠶᠠᠯᠠᠩ ᠤᠢ ᠰᠢᠭᠤᠢ ᠬᠠᠷᠢᠯᠴᠠᠨ ᠤᠶᠠᠯᠳᠤᠬᠤ ᠲᠠᠷᠢᠵᠤ ᠲᠡᠵᠢᠭᠡᠬᠦ ᠨᠢᠬᠡ ᠴᠤᠭᠵᠢᠭᠰᠠᠨ ᠬᠦᠭᠵᠢᠯᠲᠠ ᠶᠢ | ᠲᠦᠯᠬᠢᠨ ᠠᠭᠢᠭᠤᠯᠤᠨ᠎ᠠ᠃ ᠭᠤᠤᠯᠯᠠᠭᠴᠢ ᠠᠵᠤ ᠠᠬᠤᠶᠢᠯᠠᠯ ᠪᠠ ᠲᠠᠷᠢᠶᠠᠴᠢᠨ ᠮᠠᠯᠴᠢᠳ ᠤᠨ ᠠᠰᠢᠭ ᠲᠤᠰᠠ ᠲᠠᠢ | ᠬᠤᠯᠪᠤᠯᠳᠤᠬᠰᠠᠨ ᠲᠤᠭᠲᠠᠯᠴᠠᠭ᠎ᠠ ᠶᠢ ᠤᠯᠠᠮ ᠨᠢᠬᠡ ᠠᠯᠬᠤᠮ ᠨᠢᠨᠨᠲᠠᠷᠠᠭᠤᠯᠵᠤ᠂ ᠨᠢᠭᠡ ᠪᠦᠯᠦᠭ ᠵᠤᠬᠢᠬᠤ ᠨᠦᠯᠦᠬᠡ | ᠲᠠᠢ ᠮᠠᠯ ᠲᠠᠷᠢᠶᠠᠯᠠᠩ ᠤᠨ ᠦᠢᠯᠡᠰ ᠤᠨ ᠭᠤᠤᠯᠯᠠᠭᠴᠢ ᠠᠵᠤ ᠠᠬᠤᠶᠢᠯᠠᠯ ᠢ ᠲᠠᠳᠠᠨ ᠤᠷᠤᠭᠤᠯᠤᠨ ᠪᠤᠶᠢᠵᠢᠭᠤᠯᠵᠤ᠂ | ᠤᠡᠭᠨᠢᠭᠤᠳ ᠤᠨ ᠦᠭᠡᠷ ᠤᠨ ᠮᠢᠬ᠎ᠠ᠂ ᠬᠤᠨᠢᠨ ᠮᠢᠬ᠎ᠠ᠂ ᠭᠠᠭ᠋ᠠᠢ᠂ ᠲᠦᠮᠦᠰᠤ᠂ ᠰᠢᠬᠢᠷ᠂ ᠨᠤᠭᠤᠭ᠎ᠠ ᠵᠡᠷᠭᠡ ᠭᠠᠵᠠᠷ | ᠤᠷᠤᠨ ᠤ ᠤᠨᠴᠠᠯᠢᠭ ᠲᠤᠪᠤᠶᠢᠮ᠎ᠠ ᠨᠡᠷᠡᠳᠦ ᠲᠠᠸᠠᠷ ᠤᠨ ᠲᠡᠮᠲᠡᠭ ᠢ ᠪᠤᠢ ᠪᠤᠯᠭᠠᠵᠤ᠂ ᠮᠠᠯ ᠲᠠᠷᠢᠶᠠᠯᠠᠩ ᠤᠨ ᠦᠢᠯᠡᠰ | ᠤᠨ ᠨᠡᠮᠡᠭᠦᠤ ᠦᠷᠲᠡᠭ ᠢ ᠲᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ | ᠶᠢ ᠨᠡᠮᠡᠭᠲᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠶᠢᠨ ᠪᠦᠬᠦᠶᠢᠯᠡ ᠪᠤᠲᠠᠳᠤ ᠬᠦᠴᠦᠨ ᠢ | ᠲᠡᠭᠡᠭᠰᠢᠯᠡᠭᠦᠯᠦᠨ᠎ᠡ᠂ ᠢᠲᠡᠭᠡᠨ ᠪᠤᠯᠪᠠᠰᠤᠷᠠᠭᠤᠯᠬᠤ ᠠᠵᠤ ᠦᠢᠯᠡᠰ ᠢ ᠶᠡᠬᠡᠳᠬᠡᠨ ᠬᠦᠴᠦᠷᠬᠡᠭᠵᠢᠭᠦᠯᠵᠦ᠂ ᠪᠦᠬᠦ | ᠤᠯᠤᠰ ᠲᠤ ᠨᠠᠷᠠᠳᠠᠢ ᠤᠷᠭᠠᠨᠢᠭ ᠮᠠᠯ ᠲᠠᠷᠢᠶᠠᠯᠠᠩ ᠤᠨ ᠪᠦᠳᠦᠭᠡᠭᠳᠡᠬᠦᠨ ᠢ ᠤᠶᠢᠯᠠᠳᠪᠤᠷᠢᠯᠠᠵᠤ ᠪᠤᠯᠪᠠᠰᠤᠷᠠᠭᠤᠯᠬᠤ᠂ | ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠰᠠᠯᠬᠢᠨ ᠴᠠᠬᠢᠯᠭᠠᠨ᠂ ᠭᠡᠷᠡᠯᠯᠢᠭ ᠴᠠᠬᠢᠯᠭᠠᠨ ᠵᠠᠷᠭᠡ | ᠰᠢᠨ᠎ᠠ ᠡᠨᠧᠷᠭᠢ ᠶᠢᠨ ᠠᠵᠤ ᠦᠢᠯᠡᠰ ᠤᠨ ᠬᠦᠭᠵᠢᠯᠲᠠ ᠶᠢ ᠲᠦᠷᠭᠡᠳᠬᠡᠵᠤ᠂ ᠦᠪᠦᠷ ᠮᠤᠩᠭᠤᠯ ᠤᠨ ᠵᠡᠭᠦᠨ ᠬᠡᠰᠡᠭ | ᠤᠷᠤᠨ ᠤ ᠴᠢᠬᠤᠯᠠ ᠴᠡᠪᠡᠷ ᠡᠨᠧᠷᠭᠢ ᠤᠨ ᠭᠠᠷᠭᠠᠯᠳᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠮᠠᠰᠢᠨ ᠮᠧᠬᠠᠨᠢᠭ | ᠦᠢᠯᠡᠳᠪᠦᠷᠢᠯᠡᠬᠦ᠂ ᠠᠭᠤᠷᠬᠠᠢ ᠶᠢᠨ ᠭᠠᠷᠤᠯᠲᠠ ᠶᠢᠨ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠶᠢᠨ ᠭᠤᠤᠯᠯᠠᠭᠴᠢ | ᠠᠵᠤ ᠦᠢᠯᠡᠰ ᠢ ᠲᠠᠰ ᠲᠠᠪᠰᠢᠬᠦᠯᠵᠤ ᠦᠭᠡᠷᠡᠴᠢᠯᠡᠬᠦ ᠶᠢ ᠲᠦᠷᠭᠡᠳᠬᠡᠵᠦ᠂ ᠪᠦᠬᠦ ᠤᠷᠤᠨ ᠤ ᠠᠵᠤ ᠤᠶᠢᠯᠠᠰ ᠤᠨ | ᠰᠢᠯᠵᠢᠯᠳᠠ ᠶᠢ ᠵᠠᠯᠭᠠᠨ ᠠᠪᠬᠤ ᠵᠢᠱᠢᠶ᠎ᠠ ᠦᠵᠠᠬᠦᠯᠬᠦ ᠰᠠᠭᠤᠷᠢᠨ ᠭᠠᠵᠠᠷ ᠪᠤᠯᠭᠠᠨ ᠪᠦᠳᠦᠭᠡᠨ ᠪᠠᠶᠢᠭᠤᠯᠤᠨ᠎ᠠ᠃ | ᠰᠤᠶᠤᠯ ᠵᠤᠭᠠᠴᠠᠯ ᠤᠨ ᠬᠦᠨᠵᠡᠭᠡᠢ ᠨᠡᠶᠢᠯᠡᠵᠤ ᠬᠦᠭᠵᠢᠬᠦ ᠶᠢ ᠲᠦᠷᠭᠡᠳᠬᠡᠵᠤ᠂ ᠬᠠᠰ ᠯᠤᠤ ᠮᠠᠩᠬᠠᠨ ᠳᠠᠬᠢ ᠲᠠᠯ᠎ᠠ | ᠨᠤᠲᠤᠭ ᠤᠨ ᠰᠤᠶᠤᠯ ᠵᠤᠭᠠᠴᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠢᠨᠲ᠋ᠧᠷᠨ᠋ᠲ ᠰᠦᠯᠵᠢᠶ᠎ᠡ + | ᠠᠷᠠᠯᠵᠢᠶ᠎ᠠ ᠬᠤᠲᠠᠯᠳᠤᠭᠠᠨ ᠤ ᠭᠦᠢᠯᠭᠡᠭᠡᠨ ᠤ ᠪᠤᠲᠠᠳᠤ ᠴᠤᠭᠴᠠ︾ ᠵᠠᠭᠪᠤᠷ ᠢ ᠬᠡᠷᠡᠭᠯᠡᠵᠤ᠂ ᠬᠤᠲᠠ ᠬᠦᠲᠡᠭᠡ ᠶᠢ | ᠪᠦᠷᠬᠦᠬᠦᠯᠦᠭᠰᠡᠨ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ᠂ ᠤᠯᠠᠮᠵᠢᠯᠠᠯᠳᠤ | ᠠᠷᠠᠯᠵᠢᠶ᠎ᠠ ᠬᠤᠳᠠᠯᠳᠤᠭᠠᠨ ᠤ ᠭᠦᠢᠯᠭᠡᠬᠡᠨ ᠤ ᠦᠢᠯᠡᠰ ᠬᠡᠯᠪᠡᠷᠢ ᠪᠠᠨ ᠰᠤᠯᠢᠵᠤ ᠲᠠᠰ ᠲᠡᠪᠰᠢᠬᠦ ᠶᠢ ᠲᠠᠶᠢᠴᠢᠯᠠᠵᠤ᠂ | ᠯᠢᠶᠤᠤᠨᠢᠩ ᠱᠧᠨ᠋ᠶᠠᠩ ᠳᠤ ᠬᠠᠳᠤᠭᠤᠯᠤᠭᠰᠠᠨ᠂ ᠪᠡᠭᠡᠵᠢᠩ ᠲᠢᠶᠠᠨᠵᠢᠨ ᠳᠤ ᠦᠢᠯᠡᠴᠢᠯᠡᠭᠰᠡᠨ ᠴᠤᠬᠯᠠᠷᠠᠵᠤ ᠲᠠᠷᠬᠠᠬᠤ | ᠤᠷᠤᠨ ᠬᠡᠪᠴᠢᠶᠡᠨ ᠤ ᠴᠢᠨᠠᠷ ᠲᠠᠢ ᠪᠤᠲᠠᠰ ᠤᠨ ᠭᠦᠢᠯᠭᠡᠭᠡᠨ ᠤ ᠴᠤᠭᠯᠠᠷᠠᠵᠤ ᠲᠠᠷᠬᠠᠬᠤ ᠰᠠᠭᠤᠷᠢᠨ ᠭᠠᠵᠠᠷ ᠢ | ᠪᠠᠶᠢᠭᠤᠯᠤᠨ᠎ᠠ᠃ ᠡᠮᠴᠢᠯᠡᠭᠡ᠂ ᠠᠰᠠᠷᠠᠨ ᠰᠤᠪᠢᠯᠠᠬᠤ᠂ ᠡᠷᠡᠬᠦᠯ ᠮᠠᠨᠳᠤ ᠶᠢᠨ ᠠᠰᠠᠷᠠᠮᠵᠢ ᠶᠢᠨ ᠬᠦᠷᠢᠶᠠᠯᠠᠩ ᠤᠨ | ᠲᠦᠷᠦᠯ ᠵᠦᠢᠯ ᠢ ᠲᠦᠯᠬᠢᠨ ᠠᠬᠢᠭᠤᠯᠵᠤ᠂ ᠨᠠᠶᠢᠭᠡᠮ ᠤᠨ ᠬᠦᠷᠦᠩᠭᠡ ᠮᠦᠩᠬᠦ ᠶᠢ ᠨᠠᠰᠤᠳᠠᠨ ᠢ ᠠᠰᠠᠷᠠᠬᠤ | ᠤᠶᠢᠯᠠᠴᠢᠯᠠᠭᠡᠨ ᠳᠤ ᠤᠷᠤᠯᠴᠠᠭᠤᠯᠵᠤ᠂ ᠤᠶᠢᠯᠠᠴᠢᠯᠠᠭᠡᠨ ᠤ ᠤᠶᠢᠯᠠᠰ ᠲᠦᠪᠯᠠᠷᠡᠭᠰᠡᠨ ᠲᠤᠭᠤᠷᠢᠭ ᠢ ᠪᠦᠳᠦᠭᠡᠨ | ᠪᠠᠶᠢᠭᠤᠯᠤᠨ᠎ᠠ᠃ ᠮᠦᠡᠭᠭᠦᠨ ᠬᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠭᠦᠯᠵᠤ ᠨᠡᠶᠢᠲᠠᠮ | ᠠᠰᠢᠭᠲᠠᠢ ᠮᠦᠡᠭᠭᠦᠨ ᠭᠦᠢᠯᠭᠡᠭᠡ᠂ ᠢᠨᠲ᠋ᠧᠷᠨ᠋ᠲ ᠰᠦᠯᠵᠢᠶᠡᠨ ᠤ ᠮᠦᠡᠭᠭᠦᠨ ᠭᠦᠢᠯᠭᠡᠭᠡ᠂ ᠦᠢᠯᠡᠰ ᠪᠦᠳᠦᠭᠡᠬᠦ | ᠮᠦᠡᠭᠭᠦᠨ ᠭᠦᠢᠯᠭᠡᠭᠡ ᠪᠠ ᠴᠠᠪᠠᠷ ᠮᠦᠡᠭᠭᠦᠨ ᠭᠦᠢᠯᠭᠡᠭᠡ ᠶᠢ ᠶᠡᠬᠡᠪᠡᠷ ᠬᠦᠭᠵᠢᠭᠦᠯᠵᠦ᠂ ᠮᠦᠡᠭᠭᠦᠨ ᠬᠦᠢᠯᠭᠡᠭᠡᠨ ᠤ | ᠬᠢᠨᠠᠨ ᠬᠠᠮᠢᠶᠠᠷᠤᠯᠲᠠ ᠶᠢᠨ ᠲᠤᠬᠳᠠᠯᠴᠠᠭ᠎ᠠ ᠶᠢ ᠲᠡᠭᠦᠯᠲᠡᠷᠵᠢᠭᠦᠯᠦᠨ᠎ᠡ᠃ ᠤᠯᠠᠨ ᠲᠠᠪᠬᠤᠷᠭᠠᠳᠤ ᠬᠦᠷᠦᠩᠬᠡ ᠶᠢᠨ | ᠵᠠᠬ᠎ᠠ ᠲᠠᠯᠭᠡᠭᠦᠷ ᠤᠨ ᠬᠦᠷᠦᠩᠬᠡ ᠨᠡᠶᠢᠯᠡᠭᠦᠯᠬᠦ ᠵᠠᠭᠪᠤᠷ ᠢ ᠪᠠᠶᠢᠭᠤᠯᠬᠤ ᠪᠠ ᠰᠢᠨ᠎ᠠ ᠶᠢ ᠡᠭᠦᠳᠴᠤ᠂ ᠮᠦᠡᠭᠭᠦᠨ | ᠭᠦᠢᠯᠭᠡᠭᠡ ᠤᠷᠤᠨ ᠨᠤᠲᠤᠭ ᠤᠨ ᠠᠵᠤ ᠠᠬᠤᠢ ᠳᠤ ᠦᠵᠡᠭᠦᠯᠬᠦ ᠴᠢᠬᠤᠯᠠ ᠦᠢᠯᠡᠳᠤᠯ ᠢ ᠪᠠᠲᠠᠷᠠᠭᠤᠯᠤᠨ᠎ᠠ᠃ | —— ᠨᠡᠶᠢᠭᠡᠮ ᠤᠨ ᠠᠵᠢᠯ ᠦᠢᠯᠠᠰ ᠢ ᠪᠦᠬᠦ ᠲᠠᠯ᠎ᠠ ᠪᠠᠷ ᠬᠦᠭᠵᠢᠭᠦᠯᠬᠦ ᠪᠠᠷ ᠬᠦᠴᠦᠯᠡᠨ ᠴᠢᠷᠮᠠᠶᠢᠵᠤ᠂ | ᠰᠤᠶᠤᠯ ᠪᠤᠯᠪᠠᠰᠤᠷᠠᠯ ᠴᠡᠴᠡᠭᠯᠡᠨ ᠬᠦᠭᠵᠢᠭᠰᠡᠨ ᠤᠡᠭᠨᠢᠭᠤᠳ ᠢ ᠪᠦᠳᠦᠭᠡᠨ ᠪᠠᠶᠢᠭᠤᠯᠤᠨ᠎ᠠ᠃ ᠬᠤᠶᠢᠰᠢᠲᠠ ᠶᠢᠨ | ᠲᠠᠪᠤᠨ ᠵᠢᠯ ᠳᠤ᠂ ᠪᠢᠲᠠ ᠤᠯᠠᠨ ᠲᠦᠮᠠᠨ ᠤ ᠦᠵᠡᠵᠦ ᠰᠤᠨᠢᠷᠬᠠᠬᠤ ᠲᠤᠷᠠᠲᠠᠢ ᠬᠡᠯᠪᠡᠷᠢ ᠪᠠᠷ ᠲᠠᠮᠵᠢᠵᠤ᠂ ᠰᠤᠶᠤᠯ ᠢ | ᠬᠦᠲᠡᠭᠡ ᠳᠤ ᠬᠦᠷᠭᠡᠬᠦ ᠶᠢ ᠬᠡᠪ ᠤᠨ ᠪᠠᠶᠢᠲᠠᠯ ᠲᠠᠢ ᠪᠤᠯᠭᠠᠵᠤ᠂ ᠬᠦᠲᠡᠭᠡ ᠲᠤᠰᠬᠤᠨ ᠤ ᠰᠤᠶᠤᠯ ᠤᠨ ᠲᠠᠯᠠᠪᠤᠷ ᠶᠢᠨ | ᠬᠠᠮᠢᠶᠠᠷᠤᠯᠲᠠ ᠶᠢ ᠲᠦᠷᠢᠮᠵᠢᠯᠳᠠ ᠶᠢ ᠪᠤᠯᠭᠠᠵᠤ᠂ ᠦᠷᠭᠡᠨ ᠤᠯᠠᠨ ᠮᠠᠯᠴᠢᠨ ᠲᠡᠷᠢᠶᠠᠴᠢᠨ ᠳᠤ ᠨᠠᠩ ᠰᠠᠶᠢᠨ ᠰᠤᠶᠤᠯ | ᠤᠨ ᠠᠮᠢᠳᠤᠷᠠᠯ ᠢ ᠬᠦᠷᠲᠡᠭᠡᠨ᠎ᠡ᠃ ᠲᠡᠤᠬᠡ ᠰᠤᠶᠤᠯ᠂ ᠦᠨᠳᠦᠰᠦᠲᠡᠨ ᠤ ᠰᠤᠶᠤᠯ ᠢ ᠪᠦᠷᠢᠮᠦᠰᠤᠨ ᠢᠯᠡᠷᠡᠭᠦᠯᠵᠤ᠂ | ᠢᠯᠡ ᠲᠤᠳᠤ ᠭᠠᠵᠠᠷ ᠤᠷᠤᠨ ᠤ ᠰᠤᠶᠤᠯ ᠤᠨ ᠤᠨᠴᠠᠯᠢᠭ ᠲᠠᠢ ᠬᠡᠳᠦᠨ ᠨᠡᠷᠡᠲᠠᠢ ᠫᠷᠦᠭᠷᠡᠮ ᠢ ᠪᠤᠢ ᠪᠤᠯᠭᠠᠵᠤ᠂ | ᠤᠡᠭᠨᠢᠭᠤᠳ ᠬᠤᠰᠢᠭᠤᠨ ᠤ ᠲᠡᠤᠬᠡ ᠰᠤᠶᠤᠯ ᠤᠨ ᠠᠯᠲᠠᠷᠰᠢᠯ ᠢ ᠲᠠᠭᠡᠭᠰᠢᠯᠠᠬᠦᠯᠦᠨ᠎ᠠ᠃ ᠪᠠᠶ᠎ᠠ ᠲᠠᠮᠢᠷ ᠤᠨ ᠲᠠᠯᠠᠪᠠᠢ | ᠤᠷᠳᠤᠠ ᠳᠠᠬᠢ ᠤᠷᠤᠭᠤᠯᠤᠯᠳᠠ ᠶᠢ ᠨᠡᠮᠡᠭᠳᠡᠬᠦᠯᠵᠤ᠂ ᠤᠯᠠᠨ ᠲᠦᠮᠠᠨ ᠤ ᠪᠠᠶ᠎ᠠ ᠲᠠᠮᠢᠷ ᠤᠨ ᠬᠦᠳᠡᠯᠭᠡᠭᠡᠨ ᠢ | ᠪᠠᠶᠠᠯᠢᠬᠵᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ | ᠡᠷᠬᠢᠯᠠᠬᠦ ᠨᠦᠬᠦᠴᠠᠯ ᠢ ᠰᠠᠶᠢᠵᠢᠷᠠᠭᠤᠯᠬᠤ ᠪᠠᠷ ᠰᠢᠪᠳᠤᠯᠤᠯᠳᠠ ᠪᠤᠯᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ | ᠪᠠᠶᠢᠷᠢᠯᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠠ᠃ ᠦᠨᠳᠤᠰᠤᠨ ᠱᠠᠳᠤᠨ ᠤ ᠰᠤᠷᠭᠠᠨ ᠬᠦᠮᠦᠵᠢᠯ | ᠵᠢᠭᠠᠨ ᠰᠤᠷᠭᠠᠬᠤ ᠬᠦᠴᠦᠨ ᠢ ᠲᠠᠬᠦᠯᠳᠠᠷᠵᠢᠬᠦᠯᠵᠤ᠂ ᠪᠠᠭᠰᠢ ᠶᠢᠨ ᠴᠢᠨᠠᠷ ᠴᠢᠨᠰᠠᠭ᠎ᠠ ᠶᠢ ᠲᠠᠭᠡᠭᠰᠢᠯᠠᠬᠦᠯᠵᠤ᠂ | ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠲᠠᠭᠡᠭᠰᠢᠯᠠᠬᠦᠯᠬᠦ ᠶᠢ ᠠᠬᠢᠭᠤᠯᠤᠨ᠎ᠠ᠃ | ᠭᠤᠤᠯᠳᠠᠯᠭ᠎ᠠ ᠲᠠᠢ ᠲᠦᠯᠬᠢᠨ ᠠᠬᠢᠭᠤᠯᠬᠤ᠂ ᠵᠢᠱᠢᠶ᠎ᠠ ᠦᠵᠠᠬᠦᠯᠦᠨ ᠲᠠᠭᠠᠭᠤᠯᠬᠤ ᠶᠢ ᠬᠡᠷᠡᠭᠵᠢᠬᠦᠯᠵᠤ᠂ ᠨᠢᠭᠡ | ᠪᠦᠯᠦᠭ ᠤᠨᠴᠠᠯᠢᠬᠳᠤ ᠭᠤᠤᠯᠳᠠᠯᠭ᠎ᠠ ᠲᠠᠢ ᠨᠠᠷᠠᠳᠤ ᠰᠤᠷᠭᠠᠭᠤᠯᠢ ᠶᠢ ᠪᠤᠢ ᠪᠤᠯᠭᠠᠵᠤ᠂ ᠪᠤᠷᠤᠬᠤᠳᠠ ᠨᠢᠭᠡᠳᠦᠭᠡᠷ | ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠨᠠᠷᠠᠳᠤ ᠲᠡᠮᠳᠡᠭ ᠢ ᠲᠠᠬᠢᠨ ᠪᠦᠳᠦᠭᠡᠵᠤ᠂ ᠠᠷᠠᠳ ᠤᠯᠠᠨ | ᠳᠤ ᠰᠢᠯᠢᠳᠡᠭ ᠲᠠᠩᠴᠠᠬᠦᠷᠢᠳᠠᠢ ᠰᠤᠷᠭᠠᠨ ᠬᠦᠮᠦᠵᠢᠯ ᠤᠨ ᠦᠷ᠎ᠡ ᠪᠦᠳᠦᠮᠵᠢ ᠶᠢ ᠨᠠᠩ ᠰᠠᠶᠢᠨ ᠡᠳ᠋ᠯᠠᠬᠦᠯᠬᠦ ᠪᠠᠷ | ᠴᠢᠷᠮᠠᠶᠢᠨ᠎ᠠ᠃ ᠰᠢᠨᠵᠢᠯᠡᠭᠡ ᠮᠠᠷᠭᠡᠵᠢᠯ ᠪᠠ ᠠᠵᠤ ᠠᠬᠤᠢ ᠨᠠᠶᠢᠭᠡᠮ ᠤᠨ ᠠᠮᠢᠳᠤᠷᠠᠯ ᠤᠨ ᠪᠦᠳᠦᠮᠵᠢᠳᠠᠢ ᠵᠠᠯᠭᠠᠬᠤ ᠶᠢ | ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠭᠡ ᠮᠠᠷᠭᠡᠵᠢᠯ ᠤᠨ ᠡᠬᠦᠳᠦᠯᠳᠠ ᠶᠢ ᠲᠦᠯᠬᠢᠨ ᠠᠬᠢᠭᠤᠯᠤᠨ᠎ᠠ᠃ | —— ᠰᠠᠭᠤᠷᠢ ᠲᠦᠬᠦᠭᠡᠷᠦᠮᠵᠢ ᠶᠢ ᠨᠢᠭᠡ ᠴᠤᠬᠴᠠᠵᠢᠭᠤᠯᠬᠤ ᠪᠠᠷ ᠬᠦᠴᠦᠯᠠᠨ ᠴᠢᠷᠮᠠᠶᠢᠵᠤ᠂ ᠬᠤᠳᠠ | ᠬᠦᠳᠡᠭᠡ ᠵᠤᠬᠢᠴᠠᠩᠭᠤᠢ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠬᠦᠮᠦᠨ ᠢᠶᠠᠷ | ᠭᠤᠤᠯ ᠴᠤᠬᠴᠠ ᠪᠤᠯᠭᠠᠬᠤ ᠶᠢ ᠲᠤᠪᠤᠶᠢᠯᠭᠠᠵᠤ᠂ ︽ᠰᠠᠭᠤᠬᠤ ᠳᠤ ᠲᠤᠬᠢᠷᠠᠮᠵᠢᠳᠠᠢ᠂ ᠤᠶᠢᠯᠠᠰ ᠪᠦᠳᠦᠭᠡᠬᠦ ᠳᠤ | ᠠᠰᠢᠬᠳᠠᠢ᠂ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯ︾ ᠦᠵᠠᠯᠳᠠ ᠶᠤᠰᠤᠭᠠᠷ ᠬᠤᠳᠠ ᠪᠠᠯᠭᠠᠰᠤᠨ ᠤ | ᠬᠦᠭᠵᠢᠯᠳᠠ ᠶᠢᠨ ᠲᠤᠬᠳᠠᠯᠴᠠᠭ᠎ᠠ ᠶᠢ ᠵᠤᠬᠢᠰᠳᠠᠢ ᠪᠠᠶᠢᠷᠢᠯᠠᠭᠤᠯᠤᠨ᠎ᠠ᠃ ᠪᠤᠷᠤᠬᠤᠳᠠ ᠪᠠᠯᠭᠠᠰᠤ ᠪᠠᠷ ᠲᠦᠪ ᠪᠤᠯᠭᠠᠵᠤ᠂ | ︽ᠰᠢᠨ᠎ᠠ ᠬᠤᠳᠠ ᠲᠤᠭᠤᠷᠢᠭ ᠲᠤ ᠬᠢᠯᠠᠰ ᠴᠢᠭ ᠢ ᠪᠤᠢ ᠪᠤᠯᠭᠠᠵᠤ᠂ ᠬᠠᠭᠤᠴᠢᠨ ᠬᠤᠳᠠ ᠲᠤᠭᠤᠷᠢᠭ ᠢ ᠲᠠᠰ | ᠲᠠᠪᠰᠢᠬᠦᠯᠬᠦ︾ ᠠᠵᠢᠯ ᠤᠨ ᠱᠠᠭᠠᠷᠳᠠᠯᠭ᠎ᠠ ᠶᠤᠰᠤᠭᠠᠷ᠂ ᠭᠤᠤᠯ ᠬᠤᠳᠠ ᠲᠤᠭᠤᠷᠢᠭ ᠢ ᠪᠤᠢ ᠪᠤᠯᠭᠠᠬᠤ ᠲᠠᠰᠢ | ᠬᠦᠴᠦᠨ ᠢᠶᠠᠨ ᠬᠠᠨᠳᠤᠭᠤᠯᠵᠤ᠂ ︽13.5︾ ᠤᠨ ᠬᠤᠭᠤᠴᠠᠭᠠᠨ ᠳᠤ ᠰᠢᠨ᠎ᠠ ᠬᠠᠭᠤᠴᠢᠨ ᠬᠤᠳᠠ ᠲᠤᠭᠤᠷᠢᠭ ᠤᠨ | ᠭᠤᠤᠯ ᠵᠡᠬᠡᠯᠢ ᠵᠠᠮ ᠢ ᠭᠠᠳᠠᠷ ᠲᠤᠭᠤᠷᠢᠯ ᠵᠠᠮ ᠲᠠᠢ ᠰᠢᠭᠤᠳ ᠨᠠᠪᠳᠠᠷᠠᠬᠦᠯᠬᠦ ᠶᠢ ᠴᠢᠷᠮᠠᠶᠢᠨ ᠪᠠᠶᠠᠯᠠᠬᠦᠯᠦᠨ᠎ᠠ᠂ | ᠪᠤᠷᠤᠬᠤᠳᠠ ᠶᠢᠨ ᠬᠤᠳᠠ ᠲᠤᠭᠤᠷᠢᠭ ᠤᠨ ᠪᠤᠷᠤ ᠲᠦᠯᠦᠪ ᠢ ᠦᠷᠭᠡᠳᠭᠡᠵᠤ᠂ ︽ᠨᠠᠢᠮᠠᠨ ᠬᠦᠨᠳᠠᠯᠠᠨ ᠶᠢᠰᠤᠨ | ᠭᠤᠯᠳᠤ︾ ᠬᠦᠭᠵᠢᠯᠳᠠ ᠶᠢᠨ ᠪᠠᠶᠢᠷᠢᠯᠠᠭᠤᠯᠤᠯᠳᠠ ᠶᠢ ᠪᠦᠷᠢᠯᠳᠤᠬᠦᠯᠦᠨ᠎ᠠ᠃ ᠬᠤᠳᠠ ᠲᠤᠭᠤᠷᠢᠭ ᠢ | ᠨᠤᠭᠤᠭᠠᠷᠠᠭᠤᠯᠬᠤ᠂ ᠭᠤᠶᠤᠯᠠᠬᠤ ᠲᠠᠯ᠎ᠠ ᠪᠠᠷ ᠬᠢ ᠤᠷᠤᠭᠤᠯᠤᠯᠳᠠ ᠶᠢ ᠨᠡᠮᠡᠭᠳᠡᠬᠦᠯᠵᠤ᠂ ᠤᠪᠤᠭ᠎ᠠ ᠠᠭᠤᠯᠠ ᠶᠢ | ᠨᠤᠭᠤᠭᠠᠷᠠᠭᠤᠯᠬᠤ᠂ ᠬᠤᠶᠢᠳᠤ ᠠᠭᠤᠯᠠ ᠶᠢ ᠨᠤᠭᠤᠭᠠᠷᠠᠭᠤᠯᠬᠤ ᠢᠨᠵᠧᠨᠧᠷᠢᠭ ᠢ ᠬᠡᠷᠡᠭᠵᠢᠬᠦᠯᠵᠤ᠂ ᠰᠠᠭᠤᠬᠤ ᠳᠤ | ᠲᠠᠭᠠᠯᠠᠮᠵᠢᠳᠠᠢ ᠬᠤᠳᠠ ᠪᠠᠯᠭᠠᠰᠤ ᠶᠢ ᠪᠠᠶᠢᠭᠤᠯᠤᠨ᠎ᠠ᠃ ᠪᠤᠷᠤᠬᠤᠳᠠ ᠬᠤᠳᠠ ᠲᠤᠭᠤᠷᠢᠭ ᠤᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠤ ᠲᠤᠭ᠎ᠠ ᠶᠢ 20 ᠲᠦᠮᠠᠨ ᠬᠦᠮᠦᠨ ᠳᠤ ᠬᠦᠷᠭᠡᠨ᠎ᠠ᠃ ᠬᠦᠳᠡᠭᠡ ᠲᠤᠰᠬᠤᠨ | ᠮᠠᠯᠵᠢᠬᠤ ᠤᠷᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠢ ᠦᠨᠳᠤᠷ ᠴᠢᠨᠠᠷ ᠴᠢᠨᠰᠠᠭ᠎ᠠ ᠲᠠᠢ ᠬᠡᠷᠡᠭᠵᠢᠬᠦᠯᠵᠤ | ᠂ ᠭᠤᠶᠤ ᠰᠠᠶᠢᠬᠠᠨ ᠬᠦᠳᠡᠭᠡ ᠲᠤᠰᠬᠤᠨ ᠪᠠᠶᠢᠭᠤᠯᠬᠤ ᠲᠦᠪᠰᠢᠨ ᠢ ᠤᠯᠠᠮ ᠨᠢᠭᠡ ᠠᠯᠬᠤᠮ ᠲᠠᠭᠡᠭᠰᠢᠯᠠᠬᠦᠯᠦᠨ᠎ᠠ᠃ | ᠮᠤᠵᠢ ᠶᠢᠨ ᠵᠠᠮ 304᠂ ᠮᠤᠵᠢ ᠶᠢᠨ ᠵᠠᠮ 210 ᠱᠤᠭᠤᠮ᠂ ᠮᠤᠵᠢ ᠶᠢᠨ ᠵᠠᠮ 219 ᠱᠤᠭᠤᠮ ᠵᠠᠷᠭᠡ ᠤᠯᠤᠰ᠂ | ᠮᠤᠵᠢ ᠶᠢᠨ ᠭᠤᠤᠯ ᠱᠤᠭᠤᠮ ᠤᠨ ᠲᠠᠰ ᠲᠠᠪᠰᠢᠬᠦ ᠦᠭᠡᠷᠠᠴᠢᠯᠠᠯᠳᠠ ᠶᠢᠨ ᠢᠨᠵᠧᠨᠧᠷᠢᠭ ᠢ ᠪᠠᠶᠠᠯᠠᠬᠦᠯᠵᠤ᠂ ᠤᠯᠤᠰ | ᠤᠨ ᠵᠠᠮ 305 ᠱᠤᠭᠤᠮ ᠲᠠᠰ ᠲᠠᠪᠰᠢᠬᠦ ᠦᠭᠡᠷᠡᠴᠢᠯᠠᠯᠳᠠ᠂ ᠪᠤᠷᠤᠬᠤᠳᠠ ᠠᠴᠠ ᠬᠤᠩ ᠱᠠᠨ ᠨᠠᠭᠤᠷ ᠬᠦᠷᠬᠦ | ᠬᠤᠶᠠᠳᠤᠭᠠᠷ ᠲᠠᠰ ᠤᠨ ᠵᠠᠰᠠᠮᠠᠯ ᠵᠠᠮ ᠵᠠᠷᠭᠡ ᠨᠢᠭᠡ ᠪᠦᠯᠦᠭ ᠭᠤᠤᠯᠳᠠᠯᠭ᠎ᠠ ᠲᠠᠢ ᠢᠨᠵᠧᠨᠧᠷᠢᠭ ᠢ ᠴᠢᠷᠮᠠᠶᠢᠨ | ᠡᠬᠢᠯᠠᠬᠦᠯᠵᠤ᠂ ︽ᠵᠢᠷᠭᠤᠭᠠᠨ ᠭᠤᠯᠳᠤ ᠲᠦᠷᠪᠠᠨ ᠬᠦᠨᠳᠠᠯᠠᠨ ᠭᠤᠷᠪᠠ ᠶᠢ ᠬᠤᠯᠪᠤᠬᠳᠠᠭᠤᠯᠵᠤ ᠨᠢᠭᠡ ᠭᠠᠳᠠᠷ | ᠲᠤᠭᠤᠷᠢᠯ ᠵᠠᠮ ᠬᠤᠷᠢᠨ ᠭᠠᠷᠬᠤ ᠵᠠᠮ ᠲᠠᠢ︾ ᠵᠠᠮ ᠲᠤᠤᠷ ᠤᠨ ᠪᠦᠷᠢᠯᠳᠤᠴᠠ ᠶᠢ ᠪᠦᠷᠢᠯᠳᠦᠬᠦᠯᠦᠨ᠎ᠠ᠃ ᠬᠤᠳᠠ | ᠬᠦᠳᠡᠭᠡ ᠶᠢᠨ ᠴᠠᠬᠢᠯᠭᠠᠨ ᠲᠤᠤᠷ ᠢ ᠦᠭᠡᠷᠡᠴᠢᠯᠠᠵᠤ ᠲᠠᠬᠦᠯᠳᠠᠷᠵᠢᠬᠦᠯᠬᠦ ᠶᠢ ᠲᠦᠷᠭᠡᠳᠭᠡᠵᠤ᠂ ᠴᠠᠬᠢᠯᠭᠠᠨ ᠬᠠᠩᠭᠠᠬᠤ | ᠪᠠᠳᠤᠯᠠᠭ᠎ᠠ ᠪᠠ ᠴᠠᠬᠢᠯᠭᠠᠨ ᠬᠦᠴᠦ ᠶᠢ ᠭᠠᠳᠠᠬᠰᠢ ᠬᠦᠷᠭᠡᠬᠦ ᠴᠢᠳᠠᠯ ᠢ ᠲᠠᠭᠡᠭᠰᠢᠯᠠᠬᠦᠯᠵᠤ᠂ ᠪᠦᠬᠦ ᠤᠯᠤᠰ ᠤᠨ ᠠᠮᠦᠷ | ᠲᠦᠪᠰᠢᠨ ᠴᠠᠬᠢᠯᠭᠠᠨ ᠬᠡᠷᠡᠭᠯᠠᠬᠦ ᠵᠢᠱᠢᠶ᠎ᠠ ᠦᠵᠠᠬᠦᠯᠬᠦ ᠰᠢᠶᠠᠨ ᠢ ᠪᠠᠶᠢᠭᠤᠯᠤᠨ᠎ᠠ᠃ ︽ᠨᠠᠶᠢᠳᠠᠮ ᠨᠠᠪᠳᠠᠷᠠᠬᠦ ᠴᠢᠮᠡᠭᠡ | ᠬᠤᠯᠪᠤᠭᠠᠳᠤ ᠤᠩᠨᠢᠭᠤᠳ ᠬᠤᠰᠢᠭᠤ︾ ᠢᠨᠵᠧᠨᠧᠷᠢᠭ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ | ᠬᠤᠰᠢᠭᠤᠨ ᠤ ᠬᠡᠷᠡᠯ ᠰᠢᠷᠭᠡᠭ ᠪᠦᠷᠬᠦᠬᠦᠯᠬᠦ ᠨᠤᠷᠮ᠎ᠠ ᠶᠢ ᠲᠠᠭᠡᠭᠰᠢᠯᠠᠬᠦᠯᠦᠨ᠎ᠠ᠃ | —— ᠠᠮᠢ ᠠᠬᠤᠢ ᠶᠢᠨ ᠪᠤᠯᠪᠠᠰᠤᠨ ᠤ ᠦᠷᠬᠦᠯᠵᠢᠯᠠᠨ ᠬᠦᠭᠵᠢᠯᠳᠠ ᠲᠡᠭᠡᠷ᠎ᠡ ᠬᠦᠴᠦᠯᠠᠨ ᠴᠢᠷᠮᠠᠶᠢᠵᠤ᠂ | ᠪᠤᠬᠢᠷᠳᠤᠯ ᠦᠭᠡᠢ ᠤᠷᠴᠢᠨ ᠠᠬᠤᠢ ᠶᠢ ᠬᠠᠮᠠᠭᠠᠯᠠᠬᠤ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ | ᠵᠢᠯ ᠳᠤ ᠪᠢᠳᠠ ᠪᠤᠬᠢᠷᠳᠤᠯ ᠦᠭᠡᠢ᠂ ᠲᠤᠤᠷ᠎ᠠ ᠨᠠᠬᠦᠷᠠᠰᠤᠳᠦ᠋ᠷᠦᠭᠵᠢᠭᠰᠡᠨ ᠬᠦᠭᠵᠢᠯᠳᠠ ᠶᠢ ᠪᠠᠷᠢᠮᠳᠠᠯᠠᠵᠤ᠂ ᠠᠮᠢ | ᠠᠬᠤᠢ ᠶᠢᠨ ᠪᠠᠶᠢᠭᠤᠯᠤᠯᠳᠠ ᠬᠠᠮᠠᠭᠠᠯᠠᠯᠳᠠ ᠶᠢ ᠤᠩᠨᠢᠭᠤᠳ ᠤᠨ ᠨᠢᠭᠡ ᠨᠠᠷᠠ ᠶᠢᠨ ᠬᠠᠭᠤᠳᠠᠰᠤ ᠪᠠᠷ ᠦᠵᠠᠵᠤ | ᠰᠤᠯᠠᠷᠠᠰᠢ ᠦᠭᠡᠢ ᠴᠢᠩᠭ᠎ᠠ ᠠᠳᠬᠤᠨ᠎ᠠ᠃ ᠬᠤᠷᠴᠢᠨ ᠤ ᠮᠠᠩᠬᠠᠨ ᠭᠠᠵᠠᠷ ᠢ ᠶᠠᠷᠦᠩᠭᠡᠶᠢᠯᠠᠨ ᠵᠠᠰᠠᠵᠤ ᠬᠠᠮᠢᠶᠠᠷᠬᠤ | ᠢᠨᠵᠧᠨᠧᠷᠢᠭ ᠢ ᠦᠷᠬᠦᠯᠵᠢᠯᠠᠨ ᠲᠦᠯᠬᠢᠨ ᠠᠬᠢᠭᠤᠯᠵᠤ᠂ ︽13.5︾ ᠤᠨ ᠬᠤᠭᠤᠴᠠᠭᠠᠨ ᠳᠤ ᠬᠢᠯᠢ ᠲᠤᠳᠤᠷᠠᠬᠢ | ᠮᠠᠩᠬᠠᠨ ᠭᠠᠵᠠᠷ ᠢ ᠪᠦᠬᠦ ᠲᠠᠯ᠎ᠠ ᠪᠠᠷ ᠠᠩᠬ᠎ᠠ ᠠᠯᠬᠤᠮ ᠵᠠᠰᠠᠨ᠎ᠠ᠃ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠬᠤ | ᠬᠦᠴᠦᠯᠠᠴᠠ ᠶᠢ ᠨᠡᠮᠡᠭᠳᠡᠬᠦᠯᠵᠤ᠂ ᠤᠯᠤᠰ ᠤᠨ ᠤᠢ ᠰᠢᠭᠤᠢ ᠶᠢᠨ ᠬᠤᠳᠠ ᠪᠠᠯᠭᠠᠰᠤ ᠶᠢ ᠪᠠᠶᠢᠭᠤᠯᠬᠤ ᠪᠠᠷ | ᠢᠳᠡᠪᠬᠢᠳᠠᠢ ᠲᠠᠮᠠᠴᠠᠵᠤ᠂ 2020 ᠤᠨ ᠪᠤᠯᠬᠤ ᠳᠤ ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠠ ᠶᠢᠨ | ᠨᠤᠷᠮ᠎ᠠ ᠶᠢ 30% ᠳᠤ ᠬᠦᠷᠭᠡᠨ᠎ᠠ᠃ ᠨᠢᠭᠡ ᠪᠦᠯᠦᠭ ᠲᠤᠮᠤ ᠶᠡᠭᠡ ᠤᠰᠤᠨ ᠠᠰᠢᠬᠯᠠᠯᠳᠠ ᠶᠢᠨ ᠲᠦᠷᠦᠯ ᠵᠦᠢᠯ ᠢ | ᠬᠡᠷᠡᠭᠵᠢᠬᠦᠯᠵᠤ᠂ ᠭᠤᠤᠯ ᠴᠦᠬᠦᠷᠦᠮ ᠢ ᠬᠤᠯᠪᠤᠨ ᠨᠠᠪᠳᠠᠷᠠᠬᠦᠯᠬᠦ ᠢᠨᠵᠧᠨᠧᠷᠢᠭ ᠢ ᠢᠳᠡᠪᠬᠢᠳᠠᠢ ᠬᠢᠵᠤ᠂ ᠰᠢᠷᠠᠮᠦ᠋ᠷᠠᠨ | ᠭᠤᠤᠯ ᠤᠨ ᠡᠮᠦᠨ᠎ᠠ ᠡᠷᠬᠢ ᠶᠢᠨ ᠦᠶᠠᠷ ᠢ ᠰᠠᠷᠭᠡᠶᠢᠯᠠᠬᠦ ᠢᠨᠵᠧᠨᠧᠷᠢᠭ ᠢ ᠡᠬᠢᠯᠠᠨ ᠪᠠᠶᠢᠭᠤᠯᠤᠨ᠎ᠠ᠃ ᠡᠨᠧᠷᠬᠢ ᠶᠢᠨ | ᠡᠬᠢ ᠰᠤᠷᠪᠤᠯᠵᠢ ᠶᠢ ᠨᠡᠬᠡᠬᠡᠨ ᠠᠰᠢᠬᠯᠠᠬᠤ ᠦᠷ᠎ᠡ ᠪᠦᠳᠦᠮᠵᠢ ᠶᠢ ᠶᠡᠭᠡ ᠬᠡᠮᠵᠢᠶ᠎ᠠ ᠪᠠᠷ ᠲᠠᠭᠡᠭᠰᠢᠯᠠᠵᠤ᠂ ᠡᠨᠧᠷᠬᠢ ᠪᠠ | ᠤᠰᠤᠨ ᠤ ᠡᠬᠢ ᠰᠤᠷᠪᠤᠯᠵᠢ ᠶᠢᠨ ᠬᠤᠷᠤᠬᠳᠠᠯ᠂ ᠨᠠᠬᠦᠷᠠᠰᠦ᠋ᠳᠦ᠋ᠷᠦᠭᠴᠢ ᠭᠠᠷᠬᠤ ᠶᠠᠷᠦᠩᠭᠡᠢ ᠬᠡᠮᠵᠢᠶ᠎ᠠ ᠶᠢ ᠬᠦᠴᠦᠨ | ᠲᠠᠢ ᠬᠢᠵᠠᠭᠠᠷᠯᠠᠵᠤ᠂ ᠭᠤᠤᠯ ᠪᠤᠵᠠᠷᠳᠤᠯ ᠤᠨ ᠬᠠᠶᠠᠬᠳᠠᠮᠠᠯ ᠡᠳ᠋ ᠭᠠᠳᠠᠬᠰᠢᠯᠠᠭᠤᠯᠬᠤ ᠶᠠᠷᠦᠩᠭᠡᠢ ᠬᠡᠮᠵᠢᠶ᠎ᠠ ᠶᠢ | ᠪᠠᠭᠠᠰᠬᠠᠨ᠎ᠠ᠃ | —— ᠠᠷᠠᠳ ᠲᠦᠮᠠᠨ ᠤ ᠠᠮᠢᠳᠤᠷᠠᠯ ᠤᠨ ᠲᠦᠪᠰᠢᠨ ᠢ ᠲᠠᠭᠡᠭᠰᠢᠯᠠᠬᠦᠯᠬᠦ ᠪᠠᠷ ᠬᠦᠴᠦᠯᠠᠨ ᠴᠢᠷᠮᠠᠶᠢᠵᠤ᠂ | ᠠᠵᠠ ᠵᠢᠷᠭᠠᠯ ᠢ ᠬᠠᠮᠳᠤᠪᠠᠷ ᠡᠳ᠋ᠯᠠᠬᠦ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ | ᠵᠠᠰᠠᠭ ᠤᠨ ᠤᠷᠳᠤᠨ ᠤ ᠬᠤᠳᠠᠯᠳᠤᠨ ᠠᠪᠬᠤ ᠤᠶᠢᠯᠠᠴᠢᠯᠡᠭᠡ᠂ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ | ᠤᠶᠢᠯᠠᠴᠢᠯᠡᠭᠡ ᠶᠢ ᠬᠦᠳᠡᠭᠡ ᠳᠤ ᠬᠦᠷᠭᠡᠬᠦ ᠵᠠᠷᠭᠡ ᠤᠯᠠᠨ ᠬᠡᠯᠪᠠᠷᠢ ᠪᠠᠷ ᠦᠭᠡᠷᠡᠴᠢᠯᠠᠯᠳᠠ ᠶᠢᠨ ᠦᠷ᠎ᠡ ᠪᠦᠳᠦᠮᠵᠢ ᠶᠢ | ᠪᠦᠬᠦ ᠬᠤᠰᠢᠭᠤᠨ ᠤ ᠠᠷᠠᠳ ᠲᠦᠮᠠᠨ ᠳᠤ ᠬᠠᠮᠳᠤ ᠪᠠᠷ ᠡᠳ᠋ᠯᠠᠬᠦᠯᠦᠨᠠ᠃ ᠶᠠᠳᠠᠭᠤ ᠠᠴᠠ ᠠᠩᠬᠢᠵᠢᠷᠠᠬᠤ ᠪᠠᠬᠢᠯᠠᠯᠳᠠ | ᠲᠠᠭᠠᠷᠢᠬᠤ ᠲᠠᠶᠢᠯᠠᠯᠳᠤᠭᠠᠨ ᠳᠤ ᠵᠠᠪᠠᠯ ᠢᠯᠠᠯᠳᠠ ᠤᠯᠬᠤ ᠪᠠᠷ ᠴᠢᠷᠮᠠᠶᠢᠨ᠎ᠠ᠂ ᠠᠵᠤ ᠤᠶᠢᠯᠠᠰ ᠢᠶᠠᠷ ᠲᠠᠮᠵᠢᠬᠦ᠂ ᠭᠠᠵᠠᠷ | ᠰᠤᠯᠢᠵᠤ ᠨᠠᠬᠦᠯᠭᠡᠨ ᠰᠢᠯᠵᠢᠬᠦᠯᠬᠦ᠂ ᠰᠢᠯᠵᠢᠬᠦᠯᠦᠨ ᠠᠵᠢᠯ ᠤᠯᠭᠤᠬᠤ ᠵᠠᠷᠭᠡ ᠬᠡᠯᠪᠠᠷᠢ ᠪᠠᠷ ᠲᠠᠮᠵᠢᠵᠤ ᠤᠨᠤᠪᠴᠢᠳᠠᠢ | ᠲᠦᠯᠬᠢᠨ ᠠᠬᠢᠭᠤᠯᠵᠤ᠂ ᠪᠦᠬᠦ ᠬᠤᠰᠢᠭᠤᠨ ᠤ 3 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢᠨ ᠲᠤᠬᠳᠠᠭᠤᠨ | ᠢᠶᠠᠷ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃ ᠤᠩᠨᠢᠭᠤᠳ ᠤᠨ ᠤᠶᠢᠯᠠᠰ ᠪᠦᠳᠦᠭᠡᠬᠦ ᠬᠦᠷᠢᠶᠠᠯᠠᠩ ᠢ | ᠡᠬᠦᠳᠦᠨ ᠪᠠᠶᠢᠭᠤᠯᠵᠤ᠂ ᠪᠠᠶ᠎ᠠ ᠪᠠᠨ ᠲᠠᠭᠠᠭᠠᠵᠤ ᠤᠶᠢᠯᠠᠰ ᠪᠦᠳᠦᠭᠡᠬᠦ ᠶᠢ ᠵᠤᠷᠢᠬᠵᠢᠭᠤᠯᠵᠤ ᠲᠠᠮᠵᠢᠨ᠎ᠠ᠃ ᠠᠵᠢᠯ | ᠤᠯᠭᠤᠬᠤ ᠠᠷᠭ᠎ᠠ ᠵᠠᠮ ᠢ ᠢᠳᠡᠪᠬᠢᠳᠠᠢ ᠦᠷᠭᠡᠳᠭᠡᠵᠤ᠂ ᠲᠠᠪᠤᠨ ᠵᠢᠯ ᠳᠤ 7500 ᠬᠦᠮᠦᠨ ᠳᠤ ᠠᠵᠢᠯ | ᠲᠤᠬᠢᠷᠠᠭᠤᠯᠵᠤ ᠠᠵᠢᠯ ᠤᠯᠭᠤᠨ᠎ᠠ᠃ ᠡᠷᠠᠬᠦᠯ ᠴᠢᠬᠢᠷᠠᠭ ᠤᠩᠨᠢᠭᠤᠳ ᠬᠤᠰᠢᠭᠤᠨ ᠤ ᠪᠠᠶᠢᠭᠤᠯᠤᠯᠳᠠ ᠶᠢ ᠬᠦᠨᠵᠡᠭᠡᠢ | ᠲᠦᠯᠬᠢᠨ ᠠᠬᠢᠭᠤᠯᠵᠤ᠂ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠠᠴᠢᠯᠠᠯᠳᠠ ᠶᠢᠨ ᠠᠯᠬᠤᠴᠠ ᠶᠢ | ᠲᠦᠷᠭᠡᠳᠭᠡᠵᠤ᠂ ᠬᠤᠳᠠ ᠬᠦᠳᠡᠭᠡ ᠶᠢ ᠪᠦᠷᠬᠦᠬᠦᠯᠬᠦ ᠦᠨᠳᠤᠰᠤᠨ ᠡᠮᠨᠠᠬᠦ ᠡᠷᠡᠬᠦᠯ ᠬᠠᠮᠠᠭᠠᠯᠠᠯ ᠤᠨ ᠲᠤᠬᠳᠠᠯᠴᠠᠭ᠎ᠠ ᠶᠢ | ᠤᠯᠠᠮ ᠨᠢᠭᠡ ᠠᠯᠬᠤᠮ ᠲᠠᠬᠦᠯᠳᠠᠷᠵᠢᠬᠦᠯᠦᠨ᠎ᠠ᠂ ᠬᠤᠳᠠ ᠬᠦᠳᠡᠭᠡ ᠶᠢᠨ ᠡᠷᠡᠬᠦᠯ ᠬᠠᠮᠠᠭᠠᠯᠠᠯ ᠤᠨ ᠰᠠᠭᠤᠷᠢ | ᠲᠦᠬᠦᠭᠡᠷᠦᠮᠵᠢ ᠳᠠᠬᠢ ᠤᠷᠤᠭᠤᠯᠤᠯᠳᠠ ᠶᠢ ᠨᠡᠮᠡᠭᠳᠡᠬᠦᠯᠵᠤ᠂ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠶᠢ ᠪᠦᠬᠦ ᠲᠠᠯ᠎ᠠ ᠪᠠᠷ ᠦᠭᠡᠷᠡᠴᠢᠯᠠᠵᠤ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ | ᠪᠠᠳᠤᠳᠬᠠᠵᠤ᠂ ᠤᠯᠠᠨ ᠲᠦᠮᠠᠨ ᠤ ᠡᠪᠡᠳᠴᠢᠨ ᠦᠵᠠᠬᠦᠯᠬᠦ ᠳᠤ ᠬᠦᠴᠢᠷᠳᠠᠢ᠂ ᠡᠪᠡᠳᠴᠢᠨ ᠦᠵᠠᠬᠦᠯᠬᠦ ᠳᠤ ᠦᠨᠠᠳᠠᠢ | ᠠᠰᠠᠭᠤᠳᠠᠯ ᠢ ᠦᠨᠠᠩᠬᠦ ᠰᠢᠢᠳᠪᠤᠷᠢᠯᠠᠨ᠎ᠠ᠃ ᠨᠠᠶᠢᠭᠡᠮ ᠤᠨ ᠪᠠᠳᠤᠯᠠᠭ᠎ᠠ ᠶᠢᠨ ᠡᠯ᠎ᠡ ᠲᠦᠷᠦᠯ ᠤᠨ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠤᠷ᠎ᠠ ᠤᠷᠤᠯᠭ᠎ᠠ ᠲᠠᠢ ᠤᠯᠠᠨ ᠲᠦᠮᠠᠨ ᠤ | ᠤᠶᠢᠯᠠᠳᠪᠤᠷᠢᠯᠠᠯ ᠠᠮᠢᠳᠤᠷᠠᠯ ᠢ ᠦᠨᠠᠩᠬᠦ ᠪᠠᠳᠤᠯᠠᠨ᠎ᠠ᠃ | —— ᠨᠠᠶᠢᠭᠡᠮ ᠤᠨ ᠬᠠᠮᠢᠶᠠᠷᠤᠯᠳᠠ ᠶᠢᠨ ᠤᠳᠤᠬᠢᠴᠢᠯᠠᠯᠳᠠ ᠶᠢ ᠴᠢᠩᠭᠠᠳᠬᠠᠵᠤ᠂ ᠴᠢᠯᠦᠭᠡᠳᠠᠢ ᠰᠢᠨ᠎ᠠ | ᠶᠢ ᠡᠬᠦᠳᠦᠭᠰᠡᠨ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠦᠭᠡᠷᠠᠴᠢᠯᠠᠯᠳᠠ ᠪᠠᠷ | ᠬᠦᠭᠵᠢᠯᠳᠠ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢ ᠴᠢᠯᠦᠭᠡᠳᠡᠢ ᠪᠤᠯᠭᠠᠬᠤ᠂ ᠵᠠᠬ᠎ᠠ ᠲᠠᠯᠭᠡᠬᠦᠷ ᠢ ᠴᠢᠯᠦᠭᠡᠳᠡᠢ | ᠪᠤᠯᠭᠠᠬᠤ᠂ ᠡᠬᠢ ᠰᠤᠷᠪᠤᠯᠵᠢ ᠶᠢ ᠴᠢᠯᠦᠭᠡᠳᠡᠢ ᠪᠤᠯᠭᠠᠬᠤ ᠪᠠᠷ ᠲᠠᠮᠵᠢᠵᠤ᠂ ᠲᠤᠮᠤ ᠶᠡᠭᠡ ᠲᠦᠷᠦᠯ ᠵᠦᠢᠯ᠂ ᠠᠵᠤ | ᠤᠶᠢᠯᠠᠰ ᠤᠨ ᠲᠤᠯᠤᠭᠠᠶᠢᠯᠠᠬᠴᠢ᠂ ᠮᠠᠷᠭᠡᠵᠢᠯᠳᠠᠨ ᠢ ᠤᠷᠤᠭᠤᠯᠬᠤ ᠲᠠᠯ᠎ᠠ ᠲᠠᠭᠡᠷ᠎ᠡ ᠬᠦᠴᠦᠨ ᠢᠶᠠᠨ ᠲᠠᠯᠪᠢᠨ᠎ᠠ᠃ | ᠤᠷᠤᠨ ᠨᠤᠳᠤᠭ ᠤᠨ ᠠᠵᠤ ᠤᠶᠢᠯᠠᠰ ᠢ ᠬᠤᠯᠪᠤᠭᠠᠯᠠᠵᠤ ᠲᠠᠬᠢᠨ ᠪᠠᠶᠢᠭᠤᠯᠬᠤ᠂ ᠵᠠᠯᠭᠠᠵᠤ ᠦᠭᠡᠷᠠᠴᠢᠯᠠᠬᠦ᠂ ᠫᠠᠶᠢᠰᠠ | ᠡᠯᠬᠦᠵᠤ ᠵᠠᠬ᠎ᠠ ᠲᠠᠯᠭᠡᠬᠦᠷ ᠲᠤ ᠭᠠᠷᠬᠤ ᠵᠠᠷᠭᠡ ᠠᠷᠭ᠎ᠠ ᠬᠡᠯᠪᠠᠷᠢ ᠪᠠᠷ ᠭᠠᠳᠠᠬᠰᠢ ᠭᠠᠷᠭᠠᠬᠤ ᠶᠢ ᠵᠠᠷᠭᠡᠪᠠᠷ ᠲᠦᠯᠬᠢᠨ | ᠠᠬᠢᠭᠤᠯᠤᠨ᠎ᠠ᠂ ᠰᠢᠨ᠎ᠠ ᠭᠦᠭᠵᠢᠯᠳᠠ ᠶᠢᠨ ᠤᠷᠤᠨ ᠵᠠᠢ ᠶᠢ ᠦᠷᠭᠡᠳᠭᠡᠵᠤ᠂ ᠴᠢᠯᠦᠭᠡᠳᠡᠢ ᠠᠵᠤ ᠠᠬᠤᠢ ᠶᠢᠨ ᠰᠢᠨ᠎ᠠ | ᠪᠠᠶᠢᠷᠢᠯᠠᠭᠤᠯᠤᠯᠳᠠ ᠪᠦᠷᠢᠯᠳᠤᠬᠦᠯᠬᠦ ᠶᠢ ᠲᠦᠷᠭᠡᠳᠭᠡᠨ᠎ᠠ᠂ ᠦᠵᠠᠯᠳᠠ ᠰᠢᠨᠠᠴᠢᠯᠠᠬᠦ᠂ ᠮᠠᠷᠭᠡᠵᠢᠯ ᠰᠢᠨᠠᠴᠢᠯᠠᠬᠦ᠂ ᠠᠵᠤ | ᠤᠶᠢᠯᠠᠰ ᠰᠢᠨᠠᠴᠢᠯᠠᠬᠦ᠂ ᠬᠠᠮᠢᠶᠠᠷᠤᠯᠳᠠ ᠰᠢᠨᠠᠴᠢᠯᠠᠬᠦ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠰᠢᠨᠠᠴᠢᠯᠠᠬᠦ | ᠨᠢ ᠬᠡᠯᠪᠠᠷᠢ ᠶᠢ ᠬᠤᠪᠢᠷᠠᠭᠠᠬᠤ ᠲᠤᠮᠳᠠ ᠦᠵᠠᠬᠦᠯᠬᠦ ᠵᠠᠩᠬᠢᠯᠠᠭ᠎ᠠ ᠶᠢᠨ ᠤᠶᠢᠯᠠᠳᠤᠯ ᠢ ᠪᠠᠳᠠᠷᠠᠭᠤᠯᠤᠨ᠎ᠠ᠂ ᠵᠠᠰᠠᠭ ᠤᠨ | ᠤᠷᠳᠤᠨ ᠤ ᠡᠬᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠠᠵᠤ ᠠᠬᠤᠢ ᠶᠢᠨ ᠬᠦᠭᠵᠢᠯᠳᠠ ᠶᠢᠨ | ᠤᠷᠴᠢᠨ ᠲᠤᠭᠤᠷᠢᠨ ᠢ ᠰᠢᠯᠢᠳᠡᠭᠵᠢᠬᠦᠯᠦᠨ᠎ᠠ᠂ ᠵᠠᠰᠠᠭ ᠤᠨ ᠶᠠᠪᠤᠳᠠᠯ ᠤᠨ ᠤᠶᠢᠯᠠᠴᠢᠯᠡᠭᠡ ᠶᠢᠨ ᠬᠤᠷᠳᠤᠴᠠ ᠶᠢ | ᠲᠦᠷᠭᠡᠳᠭᠡᠵᠤ ᠴᠢᠨᠠᠷ ᠢ ᠲᠠᠭᠡᠭᠰᠢᠯᠠᠬᠦᠯᠬᠦ ᠶᠢ ᠲᠦᠯᠬᠢᠨ ᠠᠬᠢᠭᠤᠯᠵᠤ᠂ ᠬᠤᠳᠠᠯᠳᠤᠭᠠᠨ ᠤ ᠶᠠᠪᠤᠳᠠᠯ ᠢ ᠲᠠᠩᠰᠠᠯᠠᠬᠤ | ᠦᠭᠡᠷᠡᠴᠢᠯᠠᠯᠳᠠ ᠶᠢ ᠬᠦᠨᠵᠡᠭᠡᠶᠢᠷᠠᠬᠦᠯᠦᠨᠠ᠂ ︽ᠨᠢᠭᠡ ᠴᠤᠩᠬᠤ ᠳᠤ ᠬᠦᠯᠢᠶᠠᠨ ᠠᠪᠬᠤ︾᠂ ︽ᠭᠤᠷᠪᠠ ᠶᠢ | ᠮᠠᠳᠠᠬᠦᠯᠬᠦ︾ ᠬᠦᠢᠴᠡᠳᠭᠡᠬᠦ ᠵᠠᠬᠪᠤᠷ ᠢ ᠪᠦᠬᠦ ᠲᠠᠯ᠎ᠠ ᠪᠠᠷ ᠲᠦᠯᠬᠢᠨ ᠬᠡᠷᠡᠭᠵᠢᠬᠦᠯᠵᠤ᠂ ᠤᠯᠠᠨ ᠢᠶᠠᠷ ᠢᠶᠠᠨ ᠤᠶᠢᠯᠠᠰ | ᠪᠦᠳᠦᠭᠡᠬᠦ᠂ ᠤᠯᠠᠨ ᠲᠦᠮᠠᠨ ᠰᠢᠨᠠᠴᠢᠯᠠᠬᠦ ᠶᠢ ᠲᠦᠯᠬᠢᠨ ᠠᠬᠢᠭᠤᠯᠤᠨ᠎ᠠ᠃ ᠨᠠᠶᠢᠭᠡᠮ ᠵᠢᠷᠤᠮᠳᠤ ᠠᠷᠠᠳᠴᠢᠯᠠᠯᠳᠤ | ᠬᠠᠤᠯᠢ ᠪᠠᠷ ᠵᠠᠰᠠᠬᠤ ᠶᠢ ᠲᠠᠰᠤᠷᠠᠯᠳᠠ ᠦᠭᠡᠢ ᠲᠠᠬᠦᠯᠳᠠᠷᠵᠢᠬᠦᠯᠵᠤ᠂ ᠬᠠᠤᠯᠢ ᠴᠠᠭᠠᠵᠠ ᠶᠢᠨ ᠤᠯᠠᠨ ᠤ ᠢᠳᠡᠭᠡᠮᠵᠢ | ᠶᠢᠨ ᠬᠦᠴᠦᠨ ᠢ ᠮᠠᠳᠡᠭᠳᠡᠮ᠎ᠠ ᠲᠠᠭᠡᠭᠰᠢᠯᠠᠬᠦᠯᠵᠤ᠂ ᠨᠠᠶᠢᠭᠡᠮ ᠤᠨ ᠶᠡᠭᠡ ᠲᠠᠯ᠎ᠠ ᠪᠠ ᠵᠤᠬᠢᠴᠠᠩᠭᠤᠢ ᠲᠤᠬᠳᠠᠭᠤᠨ ᠢ | ᠲᠠᠰᠤᠷᠠᠯᠳᠠ ᠦᠭᠡᠢ ᠲᠠᠬᠦᠯᠳᠠᠷᠵᠢᠬᠦᠯᠦᠨ᠎ᠠ᠃ | | ᠭᠤᠷᠪᠠ᠂ 2016 ᠤᠨ ᠤ ᠭᠤᠤᠯ ᠡᠬᠦᠷᠭᠡ | | 2016 ᠤᠨ ᠪᠤᠯ ︽13.5︾ ᠤᠨ ᠡᠬᠢᠯᠠᠯᠳᠠ ᠶᠢᠨ ᠵᠢᠯ ᠮᠥᠨ᠂ ᠪᠠᠰᠠᠴᠤ ᠪᠦᠳᠦᠴᠠ ᠶᠢᠨ ᠴᠢᠨᠠᠷᠳᠠᠢ | ᠦᠭᠡᠷᠠᠴᠢᠯᠠᠯᠳᠠ ᠶᠢ ᠲᠦᠯᠬᠢᠨ ᠠᠬᠢᠭᠤᠯᠬᠤ ᠵᠠᠩᠬᠢᠯᠠᠭ᠎ᠠ ᠶᠢᠨ ᠵᠢᠯ ᠮᠥᠨ᠃ ᠪᠦᠬᠦ ᠵᠢᠯ ᠤᠨ ᠠᠵᠢᠯ ᠢᠶᠠᠨ ᠰᠠᠶᠢᠳᠤᠷ | ᠬᠢᠬᠦ ᠨᠢ ᠬᠦᠨᠳᠤ ᠴᠢᠬᠤᠯᠠ ᠤᠳᠬ᠎ᠠ ᠠᠭᠤᠯᠭ᠎ᠠ ᠲᠠᠢ᠃ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ | ᠬᠦᠭᠵᠢᠯᠳᠠ ᠶᠢᠨ ᠭᠤᠤᠯ ᠤᠷᠢᠳᠴᠢᠯᠠᠨ ᠲᠤᠬᠳᠠᠭᠠᠬᠰᠠᠨ ᠬᠠᠷᠠᠯᠳᠠ ᠪᠤᠯ᠄ ᠤᠷᠤᠨ ᠨᠤᠳᠤᠭ ᠤᠨ ᠤᠶᠢᠯᠠᠳᠪᠤᠷᠢᠯᠠᠯ | ᠤᠨ ᠶᠠᠷᠦᠩᠭᠡᠢ ᠦᠷᠳᠡᠭ ᠢ 9% ᠪᠠᠷ ᠨᠡᠮᠡᠭᠳᠡᠬᠦᠯᠵᠤ᠂ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 6% ᠪᠠᠷ ᠨᠡᠮᠡᠭᠳᠡᠬᠦᠯᠦᠨ᠎ᠠ᠃ ᠬᠡᠪᠴᠢᠶᠠᠵᠢᠯ ᠠᠴᠠ ᠲᠠᠭᠡᠭᠰᠢ ᠲᠤᠬᠳᠠᠮᠠᠯ ᠬᠦᠷᠦᠩᠭᠡ ᠶᠢᠨ ᠪᠠᠯᠠ | ᠤᠷᠤᠭᠤᠯᠤᠯᠳᠠ ᠶᠢ 14% ᠪᠠᠷ ᠨᠡᠮᠡᠭᠳᠡᠬᠦᠯᠦᠨ᠎ᠠ᠂ ᠨᠠᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠠᠷᠦᠩᠭᠡᠢ | ᠨᠤᠷᠮ᠎ᠠ ᠶᠢ 11% ᠪᠠᠷ ᠨᠡᠮᠡᠭᠳᠡᠬᠦᠯᠦᠨ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠡᠵᠡᠮᠳᠡᠵᠤ ᠪᠤᠯᠬᠤ ᠤᠷᠤᠯᠭ᠎ᠠ ᠶᠢ 11.5% ᠪᠠᠷ ᠨᠠᠮᠡᠭᠳᠡᠬᠦᠯᠦᠨ᠎ᠠ᠂ ᠬᠦᠳᠡᠭᠡ ᠲᠤᠰᠬᠤᠨ ᠮᠠᠯᠵᠢᠬᠤ ᠤᠷᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 11% | ᠪᠠᠷ ᠨᠡᠮᠡᠭᠳᠡᠬᠦᠯᠦᠨ᠎ᠠ᠃ | ᠲᠠᠭᠡᠷᠠᠬᠢ ᠬᠠᠷᠠᠯᠳᠠ ᠡᠬᠦᠷᠭᠡ ᠶᠢ ᠪᠠᠶᠠᠯᠠᠬᠦᠯᠬᠦ ᠳᠤ ᠪᠢᠳᠠ ᠪᠦᠬᠦ ᠬᠤᠰᠢᠭᠤᠨ ᠤ ᠠᠷᠠᠳ ᠲᠦᠮᠠᠨ ᠤ ᠤᠶᠤᠨ | ᠪᠢᠯᠢᠭ ᠬᠦᠴᠦ ᠴᠢᠳᠠᠯ ᠢ ᠨᠠᠶᠢᠯᠠᠬᠦᠯᠵᠤ᠂ ᠲᠤᠤᠷᠠᠬᠢ ᠨᠠᠢᠮᠠᠨ ᠲᠠᠯ᠎ᠠ ᠶᠢᠨ 25 ᠵᠦᠢᠯ ᠤᠨ ᠭᠤᠤᠯᠳᠠᠯᠭ᠎ᠠ ᠲᠠᠢ ᠠᠵᠢᠯ | ᠢ ᠰᠠᠶᠢᠳᠤᠷ ᠬᠢᠨ᠎ᠠ᠃ | ︵ᠨᠢᠭᠡ︶ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ | ᠠᠳᠬᠤᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠶᠢᠯᠠᠳᠪᠤᠷᠢᠯᠠᠯ ᠠᠮᠢᠳᠤᠷᠠᠯ ᠤᠨ ᠰᠠᠭᠤᠷᠢ ᠨᠦᠬᠦᠴᠠᠯ ᠢ | ᠦᠨᠠᠩᠬᠦ ᠴᠢᠩᠭᠠᠳᠬᠠᠨ᠎ᠠ᠃ | ᠬᠤᠳᠠ ᠪᠠᠯᠭᠠᠰᠤ ᠶᠢ ᠨᠢᠭᠡ ᠴᠤᠬᠴᠠᠵᠢᠭᠤᠯᠬᠤ ᠬᠦᠭᠵᠢᠯᠳᠠ᠂ ᠡᠯᠧᠮᠧᠨ᠋ᠲ ᠢ ᠲᠠᠩᠴᠠᠬᠦᠷᠢ ᠲᠠᠢ | ᠲᠤᠬᠢᠷᠠᠭᠤᠯᠬᠤ᠂ ᠤᠶᠢᠯᠠᠴᠢᠯᠡᠭᠡ ᠡᠷᠭᠡ ᠲᠡᠭᠰᠢ ᠶᠢ ᠬᠠᠮᠳᠤ ᠠᠰᠢᠬᠯᠠᠬᠤ ᠪᠠᠷ ᠬᠠᠷᠠᠯᠳᠠ ᠪᠤᠯᠭᠠᠨ᠂ ︽ᠠᠷᠪᠠ ᠶᠢ | ᠪᠦᠷᠬᠦᠬᠦᠯᠬᠦ︾ ᠢᠨᠵᠧᠨᠧᠷᠢᠭ ᠢ ᠪᠦᠬᠦ ᠬᠦᠴᠦ ᠪᠠᠷ ᠲᠦᠯᠬᠢᠨ ᠠᠬᠢᠭᠤᠯᠵᠤ᠂ 9 ᠰᠠᠷ᠎ᠠ ᠶᠢᠨ ᠰᠠᠬᠦᠯᠴᠢ ᠠᠴᠠ | ᠡᠮᠦᠨ᠎ᠠ 44 ᠵᠠᠰᠠᠭ ᠵᠠᠬᠢᠷᠭᠠᠨ ᠤ ᠲᠤᠰᠬᠤᠨ᠂ 735 ᠡᠩ ᠤᠨ ᠠᠶᠢᠯ ᠲᠤᠰᠬᠤᠨ ᠪᠤᠯᠤᠨ 38 ᠴᠢᠨᠠᠷ ᠢ | ᠲᠠᠭᠡᠭᠰᠢᠯᠠᠬᠦᠯᠵᠤ ᠪᠠᠷᠢᠮᠵᠢᠶᠠᠨ ᠳᠤ ᠬᠦᠷᠭᠡᠬᠦ ᠲᠤᠰᠬᠤᠨ ᠢ ᠪᠦᠷᠬᠦᠬᠦᠯᠬᠦ ᠢᠨᠵᠧᠨᠧᠷᠢᠭ ᠤᠨ ᠪᠠᠶᠢᠭᠤᠯᠤᠯᠳᠠ ᠶᠢᠨ | ᠡᠬᠦᠷᠭᠡ ᠶᠢ ᠪᠠᠶᠠᠯᠠᠬᠦᠯᠦᠨ᠎ᠠ᠃ | 1. ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠶᠢ ᠤᠯᠠᠨ ᠲᠠᠯ᠎ᠠ ᠪᠠᠷ ᠴᠤᠬᠯᠠᠭᠤᠯᠤᠨ᠎ᠠ᠃ ︽ | ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠵᠠᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠪᠠᠯᠠ | ᠮᠦᠩᠬᠦ ᠠᠷᠭᠠᠴᠠᠭᠠᠨ ᠵᠢᠭᠡᠯᠠᠵᠤ᠂ ᠡᠳ᠋ ᠤᠨ ᠵᠠᠰᠠᠭ ᠤᠨ ᠲᠠᠷᠤᠯᠳᠠ ᠶᠢ ᠦᠨᠠᠩᠬᠦ ᠬᠦᠩᠭᠡᠷᠡᠬᠦᠯᠦᠨᠠ᠃ ᠨᠤᠷᠠᠬᠤ | ᠠᠶᠤᠯᠳᠠᠢ ᠬᠡᠷ ᠢ ᠰᠠᠯᠪᠢᠨ ᠵᠠᠰᠠᠬᠤ᠂ ᠵᠠᠬᠡᠯᠢ ᠭᠤᠳᠤᠮᠵᠢ ᠶᠢ ᠬᠠᠳᠠᠭᠤᠷᠠᠭᠤᠯᠬᠤ ᠵᠠᠷᠭᠡ ᠲᠦᠷᠦᠯ ᠵᠦᠢᠯ ᠤᠨ ᠪᠠᠯᠠ | ᠮᠦᠩᠬᠦ ᠶᠢᠨ ᠲᠠᠮᠵᠢᠯᠭᠡ ᠶᠢ ᠤᠯᠵᠤ᠂ ᠨᠠᠩ ᠤᠯᠠᠨ ᠲᠦᠷᠦᠯ ᠵᠦᠢᠯ ᠢ ᠴᠢᠳᠠᠬᠤ ᠶᠢᠨ ᠬᠢᠷᠢ ᠪᠠᠷ ᠤᠯᠤᠰ ᠤᠨ ᠪᠠᠯᠠ | ᠤᠷᠤᠭᠤᠯᠬᠤ ᠬᠡᠪᠴᠢᠶᠠᠨ ᠳᠤ ᠤᠷᠤᠭᠤᠯᠤᠨ᠎ᠠ᠃ ︽ᠠᠰ ᠠᠰ ᠢᠶᠠᠷ ᠨᠢ ᠵᠦᠪᠯᠠᠬᠦ︾᠂ ᠭᠤᠶᠤ ᠰᠠᠶᠢᠬᠠᠨ ᠬᠦᠳᠡᠭᠡ | ᠲᠤᠰᠬᠤᠨ ᠵᠠᠷᠭᠡ ᠪᠠᠯᠠ ᠮᠦᠩᠬᠦ ᠶᠢ ᠨᠠᠶᠢᠯᠠᠬᠦᠯᠬᠦ ᠬᠦᠴᠦᠨ ᠢ ᠨᠠᠮᠡᠭᠳᠡᠬᠦᠯᠵᠤ᠂ ︽ᠠᠷᠪᠠ ᠶᠢ ᠪᠦᠷᠬᠦᠬᠦᠯᠬᠦ | ᠢᠨᠵᠧᠨᠧᠷᠢᠭ︾ ᠲᠤ ᠲᠦᠪᠯᠠᠷᠠᠬᠦᠯᠦᠨ ᠵᠠᠷᠤᠵᠤ᠂ ᠪᠠᠯᠠ ᠮᠦᠩᠬᠦ ᠶᠢᠨ ᠬᠡᠷᠡᠭᠯᠡᠭᠡᠨ ᠤ ᠠᠰᠢᠬᠯᠠᠮᠵᠢ ᠶᠢ | ᠲᠠᠭᠡᠭᠰᠢᠯᠠᠬᠦᠯᠦᠨ᠎ᠠ᠃ ᠨᠠᠶᠢᠳᠠ ᠬᠤᠪᠢ ᠳᠤ ᠬᠤᠷᠰᠢᠨ ᠡᠵᠡᠩᠨᠠᠵᠤ ᠨᠠᠶᠢᠭᠡᠮ ᠤᠨ ᠪᠠᠯᠠ ᠮᠦᠩᠬᠦ ᠶᠢ ᠲᠠᠳᠠᠬᠤ PPP | ᠵᠠᠬᠪᠤᠷ ᠪᠠ ᠴᠢᠳᠠᠪᠤᠷᠢᠳᠠᠨ ᠨᠤᠳᠤᠭ ᠲᠠᠭᠠᠨ ᠪᠤᠴᠠᠵᠤ ᠠᠵᠢᠯ ᠤᠶᠢᠯᠠᠰ ᠪᠤᠰᠬᠠᠬᠤ ᠵᠠᠬᠪᠤᠷ ᠢ ᠠᠪᠴᠤ᠂ ᠵᠡᠬᠡᠯᠢ | ᠭᠤᠳᠤᠮᠵᠢ ᠶᠢ ᠬᠠᠳᠠᠭᠤᠷᠠᠭᠤᠯᠬᠤ᠂ ᠲᠤᠭᠤᠰᠬᠠᠨ ᠬᠡᠷᠡᠮ ᠪᠠᠷᠢᠬᠤ᠂ ᠠᠶᠢᠯ ᠲᠤᠰᠬᠤᠨ ᠢ ᠨᠤᠭᠤᠭᠠᠷᠠᠭᠤᠯᠬᠤ ᠵᠠᠷᠭᠡ | ᠢᠨᠵᠧᠨᠧᠷᠢᠭ ᠤᠨ ᠪᠠᠶᠢᠭᠤᠯᠤᠯᠳᠠ ᠳᠤ ᠤᠷᠤᠯᠴᠠᠭᠤᠯᠤᠨ᠎ᠠ᠃ ᠮᠠᠯᠴᠢᠨ ᠲᠠᠷᠢᠶᠠᠴᠢᠨ ᠤ ᠪᠠᠯᠠ ᠤᠷᠤᠭᠤᠯᠬᠤ | ᠬᠦᠳᠠᠯᠮᠤᠷᠢ ᠤᠷᠤᠭᠤᠯᠬᠤ ᠶᠢ ᠢᠳᠡᠪᠬᠢᠳᠠᠢ ᠲᠠᠶᠢᠴᠢᠯᠠᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠵᠠᠰᠠᠬᠤ᠂ | ᠲᠦᠷᠦᠯ ᠵᠦᠢᠯ ᠢ ᠬᠠᠮᠢᠶᠠᠷᠬᠤ ᠵᠠᠷᠭᠡ ᠠᠵᠢᠯ ᠢ ᠰᠠᠶᠢᠳᠤᠷ ᠬᠢᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ | ᠭᠤᠶᠤ ᠰᠠᠶᠢᠬᠠᠨ ᠨᠤᠳᠤᠭ ᠤᠰᠤ ᠪᠠᠨ ᠪᠠᠶᠢᠭᠤᠯᠤᠨ᠎ᠠ᠃ | 2. ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠎ᠠ᠃ ︽ᠨᠢᠭᠡ ᠲᠤᠰᠬᠤᠨ ᠨᠢᠭᠡ | ᠲᠦᠰᠦᠯ᠂ ᠨᠢᠭᠡ ᠲᠤᠰᠬᠤᠨ ᠨᠢᠭᠡ ᠲᠦᠯᠦᠪᠵᠢᠬᠦᠯᠭᠡ᠂ ᠨᠢᠭᠡ ᠡᠷᠦᠭᠡ ᠨᠢᠭᠡ ᠲᠦᠯᠦᠪᠯᠡᠭᠡ᠂ ᠨᠢᠭᠡ ᠡᠷᠦᠭᠡ ᠨᠢᠭᠡ | ᠵᠢᠷᠤᠭ︾ ᠤᠨ ᠱᠠᠭᠠᠷᠳᠠᠯᠭ᠎ᠠ ᠶᠢ ᠦᠨᠳᠤᠰᠤᠯᠠᠨ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠬᠰᠠᠨ ᠲᠤᠰᠬᠤᠨ ᠤ | ᠲᠦᠯᠦᠪᠵᠢᠬᠦᠯᠭᠡ᠂ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠭᠡ ᠪᠤᠯᠤᠨ ᠠᠵᠤ ᠤᠶᠢᠯᠠᠰ ᠤᠨ ᠬᠦᠭᠵᠢᠯᠳᠠ | ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ 1 ᠰᠠᠷ᠎ᠠ ᠶᠢᠨ ᠰᠠᠬᠦᠯᠴᠢ ᠠᠴᠠ ᠡᠮᠦᠨ᠎ᠠ ᠪᠦᠬᠦ ᠬᠤᠰᠢᠭᠤᠨ | ᠤ ᠡᠩ ᠤᠨ ᠲᠤᠰᠬᠤᠨ ᠤ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠲᠠᠭᠤᠰᠬᠠᠨ᠎ᠠ᠃ ᠡᠯ᠎ᠡ | ᠲᠦᠷᠦᠯ ᠤᠨ ᠪᠤᠳᠠᠰ ᠤᠨ ᠮᠠᠲ᠋ᠧᠷᠢᠶᠠᠯ ᠢ ᠪᠠᠯᠠᠳᠭᠡᠬᠦ ᠵᠢᠴᠢ ᠲᠠᠭᠠᠭᠠᠴᠢᠯᠠᠯᠳᠠ ᠵᠠᠷᠯᠠᠬᠤ ᠵᠠᠷᠭᠡ ᠡᠮᠦᠨᠠᠬᠢ | ᠬᠤᠭᠤᠴᠠᠭᠠᠨ ᠤ ᠠᠵᠢᠯ ᠢ ᠲᠦᠷᠭᠡᠳᠭᠡᠵᠤ᠂ 4 ᠰᠠᠷ᠎ᠠ ᠳᠤ ᠪᠠᠶᠢᠭᠤᠯᠤᠯᠳᠠ ᠶᠢ ᠪᠦᠬᠦ ᠲᠠᠯ᠎ᠠ ᠪᠠᠷ ᠡᠬᠢᠯᠠᠬᠦ ᠶᠢ | ᠪᠠᠳᠤᠯᠠᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠨᠤᠷᠠᠬᠤ ᠠᠶᠤᠯ | ᠲᠠᠢ ᠬᠡᠷ ᠢ ᠰᠠᠯᠪᠢᠨ ᠵᠠᠰᠠᠬᠤ᠂ ᠭᠠᠴᠠᠭ᠎ᠠ ᠲᠤᠰᠬᠤᠨ ᠤ ᠵᠠᠬᠡᠯᠢ ᠭᠤᠳᠤᠮᠵᠢ ᠶᠢ 3250 ᠺᠢᠯᠤᠮᠧᠲᠷ | ᠬᠠᠳᠠᠭᠤᠷᠠᠭᠤᠯᠵᠤ᠂ ᠲᠤᠰᠬᠤᠨ ᠢ ᠨᠤᠭᠤᠭᠠᠷᠠᠭᠤᠯᠬᠤ ᠠᠵᠢᠯ ᠢ 1.12 ᠲᠦᠮᠠᠨ ᠮᠤ᠋ ᠬᠡᠷᠡᠭᠵᠢᠬᠦᠯᠦᠨ᠎ᠠ᠃ ᠵᠢᠯ ᠤᠨ | ᠰᠠᠬᠦᠯᠴᠢ ᠪᠤᠯᠬᠤ ᠦᠶ᠎ᠠ ᠳᠤ ᠪᠦᠬᠦ ᠬᠤᠰᠢᠭᠤᠨ ᠤ ᠮᠠᠯᠵᠢᠬᠤ ᠤᠷᠤᠨ᠂ ᠰᠤᠮᠤ ᠪᠠᠯᠭᠠᠰᠤ ᠶᠢᠨ ᠵᠠᠰᠠᠭ ᠤᠨ ᠤᠷᠳᠤᠨ | ᠤ ᠰᠠᠭᠤᠭ᠎ᠠ ᠭᠠᠵᠠᠷ᠂ ᠤᠯᠤᠰ ᠮᠤᠵᠢ ᠶᠢᠨ ᠭᠤᠤᠯ ᠱᠤᠭᠤᠮ ᠢ ᠲᠠᠭᠠᠬᠰᠠᠨ ᠭᠠᠴᠠᠭ᠎ᠠ ᠲᠤᠰᠬᠤᠨ ᠢ 100% ᠪᠠᠷ | ᠪᠦᠷᠬᠦᠬᠦᠯᠦᠨ᠎ᠠ᠃ ᠦᠨᠳᠤᠰᠤᠨ ᠪᠦᠳᠦᠭᠡᠨ ᠪᠠᠶᠢᠭᠤᠯᠤᠯᠳᠠ ᠶᠢᠨ ᠶᠠᠪᠤᠴᠠ ᠶᠢ ᠴᠢᠩᠭᠠᠳᠬᠠᠵᠤ᠂ ᠴᠢᠨᠠᠷ ᠴᠢᠨᠰᠠᠭ᠎ᠠ | ᠪᠤᠯᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠢᠷᠢ ᠲᠠᠩᠴᠠᠬᠦ ᠦᠭᠡᠢ ᠢᠨᠵᠧᠨᠧᠷᠢᠭ | ᠪᠤᠯᠤᠨ ᠠᠶᠤᠯᠬᠦᠢ ᠤᠶᠢᠯᠠᠳᠪᠤᠷᠢᠯᠠᠯ ᠤᠨ ᠬᠡᠨᠡᠳᠡᠯ ᠭᠠᠷᠬᠤ ᠶᠢ ᠡᠷᠡᠰ ᠰᠡᠷᠭᠡᠶᠢᠯᠠᠨ᠂ ᠲᠦᠷᠦᠯ ᠵᠦᠢᠯ ᠤᠨ ᠪᠠᠯᠠ | ᠮᠦᠩᠬᠦ ᠶᠢ ᠰᠢᠯᠵᠢᠬᠦᠯᠦᠨ ᠵᠠᠷᠤᠬᠤ᠂ ᠱᠠᠮᠰᠢᠨ ᠡᠵᠡᠯᠠᠬᠦ ᠶᠢ ᠲᠠᠰᠤ ᠬᠤᠷᠢᠬᠯᠠᠨ᠎ᠠ᠃ | 3. ᠢᠨᠵᠧᠨᠧᠷᠢᠭ ᠤᠨ ᠰᠠᠬᠦᠯᠴᠢ ᠶᠢᠨ ᠬᠤᠭᠤᠴᠠᠭᠠᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠢᠨᠵᠧᠨᠧᠷᠢᠭ | ᠤᠨ ᠰᠠᠬᠦᠯᠴᠢ ᠶᠢᠨ ᠬᠤᠭᠤᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠲᠤᠬᠳᠠᠭᠠᠵᠤ᠂ ᠮᠠᠯᠴᠢᠨ ᠲᠠᠷᠢᠶᠠᠴᠢᠨ ᠡᠷᠦᠭᠡ | ᠂ ᠭᠠᠴᠠᠭ᠎ᠠ ᠲᠤᠰᠬᠤᠨ᠂ ᠰᠤᠮᠤ ᠪᠠᠯᠭᠠᠰᠤ ᠲᠠᠯᠠᠪᠠᠢ ᠵᠡᠬᠡᠯᠢ ᠭᠤᠳᠤᠮᠵᠢ᠂ ᠬᠠᠮᠢᠶ᠎ᠠ ᠪᠦᠬᠦᠢ ᠰᠠᠯᠠᠭ᠎ᠠ ᠮᠦᠴᠢᠷ ︽ | ᠲᠦᠷᠪᠠ ᠨᠢᠭᠡ ᠴᠤᠬᠴᠠᠵᠢᠬᠰᠠᠨ︾ ᠬᠠᠮᠢᠶᠠᠷᠤᠯᠳᠠ ᠶᠢᠨ ᠲᠤᠬᠳᠠᠯᠴᠠᠭ᠎ᠠ ᠶᠢ ᠪᠠᠶᠢᠭᠤᠯᠵᠤ᠂ ᠢᠨᠵᠧᠨᠧᠷᠢᠭ ᠤᠷᠳᠤ | ᠬᠤᠭᠤᠴᠠᠭ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠳᠤᠯᠠᠨ᠎ᠠ᠃ ᠤᠷᠴᠢᠨ ᠲᠤᠭᠤᠷᠢᠨ ᠤ ᠡᠷᠡᠬᠦᠯ | ᠬᠠᠮᠠᠭᠠᠯᠠᠯ ᠤᠨ ᠤᠷᠳᠤ ᠬᠤᠭᠤᠴᠠᠭ᠎ᠠ ᠬᠦᠴᠦᠨ ᠲᠠᠢ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ ᠡᠬᠦᠳᠠᠨ | ᠡᠮᠦᠨᠠᠬᠢ ︽ᠭᠤᠷᠪᠠ ᠲᠠᠭᠠᠭᠠᠴᠢᠯᠠᠬᠤ︾ ᠲᠦᠷᠢᠮ ᠢ ᠨᠠᠶᠢᠳᠠᠪᠤᠷᠢᠵᠢᠭᠤᠯᠵᠤ᠂ ᠲᠤᠬᠳᠠᠬᠰᠠᠨ ᠬᠤᠭ ᠨᠤᠪᠰᠢ | ᠬᠠᠳᠠᠭᠠᠯᠠᠬᠤ ᠭᠠᠵᠠᠷ᠂ ᠬᠤᠭ ᠤᠨ ᠬᠠᠶᠢᠷᠴᠠᠭ᠂ ᠬᠤᠭ ᠨᠤᠪᠰᠢ ᠪᠤᠯᠠᠬᠤ ᠲᠠᠯᠠᠪᠠᠢ᠂ ᠬᠤᠭ ᠲᠠᠭᠡᠭᠡᠪᠤᠷᠢᠯᠠᠬᠦ ᠭᠠᠵᠠᠷ | ᠵᠠᠷᠭᠡ ᠶᠢᠨ ᠲᠦᠬᠦᠭᠡᠷᠦᠮᠵᠢ ᠶᠢ ᠲᠠᠬᠦᠯᠳᠠᠷᠵᠢᠬᠦᠯᠦᠨ ᠲᠦᠬᠦᠷᠴᠢᠯᠠᠵᠤ᠂ ᠪᠦᠬᠦ ᠬᠤᠰᠢᠭᠤᠨ ᠤ 90% ᠠᠴᠠ ᠲᠠᠭᠡᠭᠰᠢ | ᠠᠶᠢᠯ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠦᠷ᠎ᠡ ᠪᠦᠳᠦᠮᠵᠢ ᠲᠠᠢ ᠪᠠᠷ ᠵᠠᠰᠠᠵᠤ᠂ ᠬᠦᠳᠡᠭᠡ ᠲᠤᠰᠬᠤᠨ | ᠮᠠᠯᠵᠢᠬᠤ ᠤᠷᠤᠨ ᠤ ᠤᠶᠢᠯᠠᠳᠪᠤᠷᠢᠯᠠᠯ ᠠᠮᠢᠳᠤᠷᠠᠯ ᠤᠨ ᠨᠦᠬᠦᠴᠠᠯ ᠢ ᠦᠷᠬᠦᠯᠵᠢᠯᠠᠨ ᠰᠠᠶᠢᠵᠢᠷᠠᠭᠤᠯᠤᠨ᠎ᠠ᠃ | ︵ᠬᠤᠶᠠᠷ︶ ᠶᠠᠳᠠᠭᠤ ᠶᠢ ᠲᠠᠳᠬᠦᠬᠦ ᠤᠨᠤᠪᠴᠢᠳᠠᠢ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠬᠢᠵᠢᠷᠠᠬᠤ ᠪᠤᠭᠤᠮᠳᠠ ᠰᠢᠪᠳᠤᠯᠬᠤ ᠪᠠᠶᠢᠯᠳᠤᠭᠠᠨ ᠢ ᠵᠠᠪᠠᠯ ᠢᠯᠠᠨ᠎ᠠ᠃ | ᠤᠯᠠᠮ ᠡᠷᠡᠰ ᠴᠢᠩᠭ᠎ᠠ ᠵᠤᠷᠢᠭ ᠰᠠᠨᠠᠭ᠎ᠠ᠂ ᠤᠯᠠᠮ ᠲᠤᠳᠤᠷᠬᠠᠢ ᠰᠠᠳᠬᠢᠬᠦᠢ᠂ ᠤᠯᠠᠮ ᠤᠨᠤᠪᠴᠢᠳᠠᠢ ᠠᠷᠭ᠎ᠠ ᠪᠠᠷ | ᠵᠢᠯ ᠲᠤᠳᠤᠷ᠎ᠠ 1 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠬᠤ | ᠶᠢ ᠪᠠᠳᠤᠯᠠᠨ᠎ᠠ᠃ | 4. ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠲᠠᠭᠡᠭᠰᠢᠯᠠᠬᠦᠯᠦᠨ᠎ᠠ᠃ ︽ | ᠭᠤᠷᠪᠠ ᠲᠤᠰᠬᠤᠨ ᠳᠤ ᠬᠦᠷᠬᠦ ᠬᠢᠭᠡᠳ ᠭᠤᠷᠪᠠ ᠡᠷᠦᠭᠡ ᠳᠤ ᠬᠦᠷᠬᠦ︾ ᠡᠳ᠋ ᠤᠨ ᠵᠠᠰᠠᠭ ᠤᠨ ᠶᠠᠳᠠᠭᠤ ᠶᠢ | ᠲᠠᠳᠬᠦᠬᠦ ᠪᠠᠯᠠ ᠮᠦᠩᠬᠦ ᠶᠢ 6000 ᠲᠦᠮᠠᠨ ᠲᠦᠬᠦᠷᠢᠭ ᠤᠷᠤᠭᠤᠯᠵᠤ᠂ 82 ᠭᠤᠤᠯᠳᠠᠯᠭ᠎ᠠ ᠲᠠᠢ ᠶᠠᠳᠠᠭᠤ | ᠬᠦᠴᠢᠷᠳᠠᠢ ᠭᠠᠴᠠᠭ᠎ᠠ ᠲᠤᠰᠬᠤᠨ ᠢ ᠲᠠᠮᠵᠢᠵᠤ᠂ ᠠᠯᠠᠰᠢᠨ ᠦᠭᠡᠷ᠂ ᠠᠯᠠᠰᠢᠨ ᠬᠤᠨᠢ᠂ ᠭᠠᠭ᠋ᠠᠢ ᠲᠠᠵᠢᠭᠡᠬᠦ ᠵᠠᠷᠭᠡ | ᠠᠷᠠᠳ ᠢ ᠪᠠᠶᠠᠵᠢᠭᠤᠯᠬᠤ ᠠᠵᠤ ᠤᠶᠢᠯᠠᠰ ᠢ ᠬᠦᠭᠵᠢᠬᠦᠯᠦᠨ᠎ᠠ᠃ ᠪᠦᠬᠦ ᠵᠢᠯ ᠳᠤ ᠶᠠᠳᠠᠭᠤ ᠶᠢ ᠲᠠᠳᠬᠦᠬᠦ ᠮᠦᠩᠬᠦᠨ | ᠬᠦᠢᠯᠭᠡᠭᠡᠨ ᠤ ᠵᠢᠭᠡᠯᠡᠯᠭᠡ 1 ᠳ᠋ᠦᠩᠰᠢᠭᠤᠷ ᠲᠦᠬᠦᠷᠢᠭ ᠠᠴᠠ ᠲᠠᠭᠡᠭᠰᠢ᠂ ︽ᠲᠦᠪ ᠤᠨ ᠵᠢᠭᠡᠯᠡᠯᠭᠡ ᠪᠠᠷ ᠲᠠᠳᠬᠦᠬᠦ︾ | ᠵᠢᠭᠡᠯᠡᠯᠭᠡ ᠶᠢᠨ ᠵᠤᠭᠤᠰ ᠢ 1.5 ᠳ᠋ᠦᠩᠰᠢᠭᠤᠷ ᠲᠦᠬᠦᠷᠢᠭ ᠠᠴᠠ ᠲᠠᠭᠡᠭᠰᠢ ᠲᠠᠷᠬᠠᠭᠠᠵᠤ᠂ ᠪᠦᠬᠦ ᠬᠤᠰᠢᠭᠤᠨ ᠤ | ᠠᠯᠢᠪᠠ ᠶᠠᠳᠠᠭᠤ ᠠᠴᠠ ᠠᠩᠬᠢᠵᠢᠷᠠᠬᠤ ᠬᠦᠰᠠᠯ ᠲᠠᠢ ᠪᠤᠯᠤᠨ ᠬᠦᠭᠵᠢᠬᠦ ᠴᠢᠳᠠᠯ ᠲᠠᠢ ᠶᠠᠳᠠᠭᠤ ᠬᠦᠴᠢᠷᠳᠠᠢ ᠡᠷᠦᠭᠡ | ᠳᠤ ᠴᠦᠮ ᠵᠢᠭᠡᠯᠡᠯᠭᠡ ᠶᠢᠨ ᠵᠤᠭᠤᠰ ᠤᠯᠬᠤ ᠲᠠᠮᠵᠢᠯᠭᠡ ᠦᠵᠠᠬᠦᠯᠬᠦ ᠶᠢ ᠪᠠᠳᠤᠯᠠᠨ᠎ᠠ᠃ ᠭᠠᠵᠠᠷ ᠰᠤᠯᠢᠵᠤ ᠨᠠᠬᠦᠯᠭᠡᠨ | ᠰᠢᠯᠵᠢᠬᠦᠯᠬᠦ ᠶᠠᠳᠠᠭᠤ ᠶᠢ ᠲᠠᠳᠬᠦᠬᠦ ᠲᠦᠯᠦᠪᠵᠢᠬᠦᠯᠭᠡ ᠶᠢ ᠰᠢᠨᠵᠢᠯᠠᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ | ᠬᠠᠰ ᠯᠤᠤ ᠠᠵᠤ ᠤᠶᠢᠯᠠᠳᠪᠤᠷᠢ ᠶᠢᠨ ᠲᠤᠭᠤᠷᠢᠭ᠂ ᠪᠤᠷᠤᠬᠤᠳᠠ ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ | ᠬᠦᠢᠯᠭᠡᠭᠡ ᠶᠢᠨ ᠲᠤᠭᠤᠷᠢᠭ ᠪᠤᠯᠤᠨ ᠶᠠᠩ ᠵᠢᠶᠠ ᠢᠩᠽᠢ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ | ᠲᠤᠭᠤᠷᠢᠭ ᠢ ᠲᠦᠰᠢᠭᠯᠡᠵᠤ᠂ ᠭᠠᠵᠠᠷ ᠰᠤᠯᠢᠵᠤ ᠨᠠᠬᠦᠯᠭᠡᠨ ᠰᠢᠯᠵᠢᠬᠦᠯᠬᠦ ᠶᠠᠳᠠᠭᠤ ᠶᠢ ᠲᠠᠳᠬᠦᠬᠦ ᠢᠨᠵᠧᠨᠧᠷᠢᠭ ᠢ | ᠬᠡᠷᠡᠭᠵᠢᠬᠦᠯᠵᠤ᠂ ᠶᠠᠳᠠᠭᠤ ᠬᠦᠴᠢᠷᠳᠠᠢ ᠬᠦᠮᠦᠨ ᠠᠮᠠ ᠶᠢᠨ ᠨᠠᠬᠦᠵᠤ ᠭᠠᠷᠴᠤ ᠲᠠᠶᠢᠯᠬᠦ᠂ ᠰᠠᠭᠤᠷᠢᠰᠢᠵᠤ ᠲᠠᠶᠢᠯᠬᠦ᠂ | ᠪᠠᠶᠠᠵᠢᠵᠤ ᠲᠠᠶᠢᠯᠬᠦ ᠶᠢ ᠪᠠᠳᠤᠯᠠᠨ᠎ᠠ᠃ | 5. ᠶᠠᠳᠠᠭᠤ ᠶᠢ ᠲᠠᠳᠬᠦᠬᠦ ᠠᠷᠭ᠎ᠠ ᠵᠠᠮ ᠤᠨ ᠵᠠᠬᠪᠤᠷ ᠢ ᠰᠢᠨᠠᠳᠭᠡᠨᠠ᠃ ᠵᠤᠭᠠᠴᠠᠯ ᠢᠶᠠᠷ ᠶᠠᠳᠠᠭᠤ ᠶᠢ | ᠲᠠᠳᠬᠦᠬᠦ ᠶᠢ ᠬᠡᠷᠡᠭᠵᠢᠬᠦᠯᠵᠤ᠂ ᠬᠠᠰ ᠯᠤᠤ ᠮᠠᠩᠬᠠᠨ ᠨᠠᠭᠤᠷ᠂ ᠲᠠᠩᠨᠠᠬᠦᠷ ᠤᠨ ᠭᠤᠤᠯ᠂ ᠬᠤᠩ ᠱᠠᠨ ᠨᠠᠭᠤᠷ ᠵᠠᠷᠭᠡ | ᠦᠵᠠᠮᠵᠢ ᠶᠢᠨ ᠤᠷᠤᠨ ᠢ ᠲᠦᠰᠢᠭᠯᠡᠵᠤ᠂ ᠪᠦᠬᠦ ᠵᠢᠯ ᠳᠤ ᠲᠠᠷᠢᠶᠠᠴᠢᠨ ᠠᠶᠢᠯ ᠤᠨ ᠵᠤᠭᠤᠭ᠂ ᠮᠠᠯᠴᠢᠨ ᠠᠶᠢᠯ ᠤᠨ | ᠵᠤᠭᠤᠭ᠂ ᠤᠢ ᠳᠠᠬᠢ ᠵᠤᠭᠤᠭ ᠢ 150 ᠠᠴᠠ ᠲᠠᠭᠡᠭᠰᠢ ᠬᠦᠭᠵᠢᠬᠦᠯᠵᠤ᠂ ᠶᠠᠳᠠᠭᠤ ᠬᠦᠴᠢᠷᠳᠠᠢ ᠡᠷᠦᠭᠡ ᠡᠬᠦᠳᠠᠨ | ᠡᠮᠦᠨ᠎ᠠ ᠪᠠᠨ ᠤᠶᠢᠯᠠᠰ ᠪᠦᠳᠦᠭᠡᠵᠤ ᠠᠵᠢᠯ ᠤᠯᠬᠤ ᠶᠢ ᠪᠠᠶᠠᠯᠠᠬᠦᠯᠦᠨ᠎ᠠ᠃ ᠡᠯᠧᠺᠲᠷᠤᠨ ᠬᠤᠳᠠᠯᠳᠤᠭ᠎ᠠ ᠪᠠᠷ ᠶᠠᠳᠠᠭᠤ | ᠶᠢ ᠲᠠᠳᠬᠦᠬᠦ ᠶᠢ ᠦᠷᠨᠢᠬᠦᠯᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡ ᠶᠢᠨ ᠠᠷᠭ᠎ᠠ ᠵᠠᠮ ᠢ | ᠨᠠᠪᠳᠠᠷᠠᠬᠦᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠠᠮᠡᠭᠳᠡᠬᠦᠯᠦᠨ᠎ᠠ᠃ ᠬᠡᠷᠡᠯᠯᠢᠭ ᠴᠠᠬᠢᠯᠭᠠᠨ ᠢᠶᠠᠷ ᠶᠠᠳᠠᠭᠤ ᠶᠢ | ᠲᠠᠳᠬᠦᠬᠦ ᠶᠢ ᠰᠦᠪᠡᠭᠴᠢᠯᠠᠵᠤ᠂ ᠵᠢᠩ ᠨᠧᠩ ᠰᠢᠨ᠎ᠠ ᠡᠨᠧᠷᠬᠢ ᠶᠢᠨ ᠨᠢᠭᠡᠳᠦᠭᠡᠷ ᠬᠤᠭᠤᠴᠠᠭᠠᠨ ᠤ ᠬᠡᠷᠡᠯ ᠢᠶᠠᠷ | ᠴᠠᠬᠢᠯᠭᠠᠨ ᠭᠠᠷᠭᠠᠬᠤ ᠲᠦᠷᠦᠯ ᠵᠦᠢᠯ ᠢ ᠬᠤᠷᠳᠤᠬᠠᠨ ᠬᠡᠷᠡᠭᠵᠢᠬᠦᠯᠬᠦ ᠶᠢ ᠲᠦᠯᠬᠢᠨ ᠠᠬᠢᠭᠤᠯᠤᠨ᠎ᠠ᠃ | ᠲᠦᠭᠦᠭᠡᠷᠦᠮᠵᠢᠳᠤ ᠲᠠᠷᠢᠶᠠᠯᠠᠩ ᠤᠨ ᠫᠧᠩ ᠢ ᠲᠦᠬᠦᠷᠵᠢᠬᠦᠯᠦᠨ ᠪᠠᠶᠢᠭᠤᠯᠵᠤ᠂ ᠶᠠᠳᠠᠭᠤ ᠬᠦᠴᠢᠷᠳᠠᠢ ᠡᠷᠦᠭᠡ ᠶᠢᠨ | ᠤᠷᠤᠯᠭ᠎ᠠ ᠨᠡᠮᠡᠭᠳᠡᠵᠤ ᠪᠠᠶᠠᠵᠢᠬᠤ ᠶᠢ ᠲᠠᠮᠵᠢᠨ᠎ᠠ᠃ ᠲᠤᠬᠠᠢ ᠶᠢᠨ ᠭᠠᠵᠠᠷ ᠲᠠᠭᠠᠨ ᠲᠤᠬᠢᠷᠠᠬᠰᠠᠨ ︽ᠭᠤᠷᠪᠠᠨ | ᠬᠡᠯᠬᠢᠶ᠎ᠠ ᠬᠠᠷᠢᠯᠴᠠᠨ ᠬᠠᠪᠰᠤᠷᠤᠯᠴᠠᠬᠤ︾᠂ ︽ᠨᠢᠭᠡ ᠡᠷᠦᠭᠡ ᠲᠦᠷᠪᠠᠨ ᠡᠷᠦᠭᠡ ᠶᠢ ᠲᠠᠭᠠᠭᠠᠴᠢᠯᠠᠬᠤ︾᠂ ︽ | ᠵᠠᠬᠢᠶᠠᠯᠠᠭ᠎ᠠ ᠶᠢᠨ ᠬᠠᠭᠤᠳᠠᠰᠤ ᠪᠠᠷ ᠶᠠᠳᠠᠭᠤ ᠶᠢ ᠲᠠᠳᠬᠦᠬᠦ︾᠂ ︽ᠬᠤᠷᠰᠢᠨ ᠠᠵᠢᠯᠯᠠᠵᠤ ᠨᠠᠶᠢᠳᠠᠨ ᠲᠠᠵᠢᠭᠡᠬᠦ︾ | ᠵᠠᠷᠭᠡ ᠶᠠᠳᠠᠭᠤ ᠶᠢ ᠲᠠᠳᠬᠦᠬᠦ ᠵᠠᠬᠪᠤᠷ ᠢ ᠦᠷᠭᠡᠨ ᠢᠶᠠᠷ ᠲᠠᠯᠭᠡᠷᠡᠬᠦᠯᠵᠤ᠂ ᠪᠦᠬᠦ ᠬᠤᠰᠢᠭᠤᠨ ᠤ ᠶᠠᠳᠠᠭᠤ ᠠᠴᠠ | ᠠᠩᠬᠢᠵᠢᠷᠠᠬᠤ ᠪᠤᠭᠤᠮᠳᠠ ᠰᠢᠪᠳᠤᠯᠬᠤ ᠠᠬᠢᠴᠠ ᠶᠢ ᠲᠦᠷᠭᠡᠳᠭᠡᠨ᠎ᠠ᠃ | 6. ᠬᠠᠪᠰᠤᠷᠤᠨ ᠲᠠᠳᠬᠦᠬᠦ ᠲᠤᠬᠳᠠᠯᠴᠠᠭ᠎ᠠ ᠶᠢ ᠲᠠᠬᠦᠯᠳᠠᠷᠵᠢᠬᠦᠯᠦᠨ᠎ᠠ᠃ ᠱᠠᠭᠠᠷᠳᠠᠯᠭ᠎ᠠ ᠶᠤᠰᠤᠭᠠᠷ ︽ | ᠡᠷᠬᠢᠨ ᠬᠠᠷᠠᠬᠤ︾ ᠠᠵᠢᠯ ᠤᠨ ᠲᠠᠩᠰᠠ ᠺᠠᠷᠲ ᠶᠢ ᠪᠦᠷᠢᠨ ᠬᠦᠢᠴᠡᠳ ᠪᠤᠯᠭᠠᠵᠤ᠂ ᠶᠠᠳᠠᠭᠤ ᠬᠦᠴᠢᠷᠳᠠᠢ ᠬᠦᠮᠦᠨ | ᠠᠮᠠ ᠶᠢᠨ ᠰᠠᠭᠤᠷᠢ ᠲᠤᠭ᠎ᠠ ᠪᠤᠯᠤᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠶᠢᠯᠠᠭᠠᠵᠤ᠂ ᠲᠦᠷᠦᠯ ᠵᠦᠢᠯ | ᠡᠷᠦᠭᠡ ᠳᠤ ᠬᠦᠷᠬᠦ᠂ ᠨᠠᠷᠢᠯᠢᠭ ᠤᠨᠤᠪᠴᠢ ᠶᠢᠨ ᠬᠡᠮᠵᠢᠶ᠎ᠠ ᠶᠢ ᠬᠦᠮᠦᠨ ᠳᠤ ᠬᠦᠷᠬᠦ ᠶᠢ ᠪᠠᠶᠠᠯᠠᠬᠦᠯᠦᠨ᠎ᠠ᠃ | ᠦᠷᠬᠦᠯᠵᠢᠯᠠᠨ ᠭᠠᠵᠠᠷ ᠤᠨ ᠲᠠᠰ ᠤᠨ ᠤᠳᠤᠷᠢᠳᠤᠯᠭ᠎ᠠ ᠰᠤᠮᠤ ᠶᠢ ᠲᠠᠭᠠᠭᠠᠴᠢᠯᠠᠬᠤ᠂ ᠰᠠᠯᠠᠭ᠎ᠠ ᠮᠦᠴᠢᠷ ᠲᠤᠰᠬᠤᠨ ᠢ | ᠲᠠᠭᠠᠭᠠᠴᠢᠯᠠᠬᠤ᠂ ᠺᠠᠳ᠋ᠷ ᠠᠵᠢᠯᠳᠠᠨ ᠡᠷᠦᠭᠡ ᠶᠢ ᠲᠠᠭᠠᠭᠠᠴᠢᠯᠠᠬᠤ ᠬᠤᠤᠰᠯᠠᠨ ᠬᠠᠪᠰᠤᠷᠬᠤ ᠲᠦᠷᠢᠮ ᠢ ᠦᠷᠬᠦᠯᠵᠢᠯᠠᠨ | ᠬᠡᠷᠡᠭᠵᠢᠬᠦᠯᠵᠤ᠂ ᠲᠤᠰᠬᠤᠨ ᠳᠤ ᠰᠠᠭᠤᠵᠤ ᠲᠠᠭᠠᠭᠠᠴᠢᠯᠠᠵᠤ ᠬᠠᠪᠰᠤᠷᠬᠤ ᠠᠵᠢᠯ ᠤᠨ ᠲᠤᠬᠳᠠᠭᠠᠯ ᠢ ᠴᠢᠩᠭ᠎ᠠ | ᠬᠡᠷᠡᠭᠵᠢᠬᠦᠯᠵᠤ᠂ ᠺᠠᠳ᠋ᠷᠴᠤᠳ ᠤᠨ ᠪᠠᠭᠤᠵᠤ ᠲᠠᠶᠢᠯᠬᠦ᠂ ᠰᠠᠭᠤᠵᠤ ᠲᠠᠶᠢᠯᠬᠦ᠂ ᠪᠤᠳᠠᠳᠠᠢ ᠦᠷ᠎ᠡ ᠠᠰᠢᠭ ᠭᠠᠷᠭᠠᠬᠤ ᠶᠢ | ᠪᠠᠳᠤᠯᠠᠨ᠎ᠠ᠃ ᠲᠠᠷᠢᠶᠠᠯᠠᠩ ᠮᠠᠯᠵᠢᠯ ᠤᠨ ᠤᠶᠢᠯᠠᠰ ᠤᠨ ᠲᠤᠰᠬᠠᠢ ᠮᠠᠷᠭᠡᠵᠢᠯ ᠪᠤᠯᠤᠨ ᠬᠡᠷᠡᠭᠯᠡᠭᠡᠨ ᠤ ᠮᠠᠷᠭᠡᠵᠢᠯ ᠤᠨ | ᠪᠤᠯᠪᠠᠰᠤᠷᠠᠯ ᠢ ᠴᠢᠩᠭᠠᠳᠬᠠᠵᠤ᠂ ᠬᠤᠰᠢᠭᠤᠨ ᠲᠠᠰ ᠤᠨ ᠶᠠᠳᠠᠭᠤ ᠶᠢ ᠲᠠᠳᠬᠦᠬᠦ ᠪᠤᠯᠪᠠᠰᠤᠷᠠᠯ ᠤᠨ ᠲᠦᠪ ᠪᠤᠯᠤᠨ 6 | ᠲᠤᠰᠬᠤᠨ ᠤ ᠲᠠᠰ ᠤᠨ ᠪᠤᠳᠠᠳᠠᠢ ᠪᠤᠯᠪᠠᠰᠤᠷᠠᠯ ᠤᠨ ᠰᠠᠭᠤᠷᠢᠨ ᠭᠠᠵᠠᠷ ᠢ ᠲᠦᠰᠢᠭᠯᠡᠵᠤ᠂ ᠵᠢᠯ ᠳᠤ 1 ᠲᠦᠮᠠᠨ | ᠬᠦᠮᠦᠨ ᠤᠳᠠᠭ᠎ᠠ ᠲᠠᠷᠢᠶᠠᠴᠢᠨ ᠮᠠᠯᠴᠢᠨ ᠤ ᠪᠤᠯᠪᠠᠰᠤᠷᠠᠯ ᠬᠢᠵᠤ᠂ ᠶᠠᠳᠠᠭᠤ ᠬᠦᠴᠢᠷᠳᠠᠢ ᠡᠷᠦᠭᠡ ᠪᠦᠷᠢ 1—2 | ᠵᠦᠢᠯ ᠤᠨ ᠬᠡᠷᠡᠭᠯᠡᠭᠡᠨ ᠤ ᠮᠠᠷᠭᠡᠵᠢᠯ ᠡᠵᠡᠮᠰᠢᠬᠦ ᠶᠢ ᠪᠠᠳᠤᠯᠠᠵᠤ᠂ ᠦᠪᠠᠷ ᠢᠶᠠᠨ ᠬᠦᠭᠵᠢᠬᠦ ᠴᠢᠳᠠᠪᠤᠷᠢ ᠶᠢ | ᠨᠠᠮᠡᠭᠳᠡᠬᠦᠯᠦᠨ᠎ᠠ᠃ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ ᠨᠢᠭᠡᠳᠡᠢ ᠪᠠᠷ ᠬᠠᠪᠰᠤᠷᠤᠯᠴᠠᠬᠤ ᠲᠦᠷᠦᠯ | ᠵᠦᠢᠯ ᠤᠨ ᠪᠠᠯᠠ ᠮᠦᠩᠬᠦ ᠶᠢ ᠬᠦᠢᠴᠡᠳ ᠠᠰᠢᠬᠯᠠᠵᠤ᠂ ᠪᠦᠬᠦᠨ ᠢ ᠶᠠᠳᠠᠭᠤ ᠬᠦᠴᠢᠷᠳᠠᠢ ᠲᠤᠰᠬᠤᠨ᠂ ᠶᠠᠳᠠᠭᠤ | ᠬᠦᠴᠢᠷᠳᠠᠢ ᠡᠷᠦᠭᠡ᠂ ᠶᠠᠳᠠᠭᠤ ᠬᠦᠴᠢᠷᠳᠠᠢ ᠬᠦᠮᠦᠨ ᠠᠮᠠ ᠳᠤ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ | ︵ᠭᠤᠷᠪᠠ︶ ᠠᠵᠤ ᠤᠶᠢᠯᠠᠰ ᠤᠨ ᠪᠦᠳᠦᠴᠠ ᠶᠢ ᠲᠤᠬᠢᠷᠠᠭᠤᠯᠬᠤ ᠶᠢ ᠲᠦᠷᠭᠡᠳᠭᠡᠵᠤ᠂ ᠬᠦᠭᠵᠢᠯᠳᠠ ᠶᠢᠨ | ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠬᠠᠮᠳᠤᠪᠠᠷ ᠲᠠᠭᠡᠭᠰᠢᠯᠠᠬᠦᠯᠦᠨ᠎ᠠ | ᠪᠦᠳᠦᠴᠠ ᠶᠢ ᠲᠤᠬᠢᠷᠠᠭᠤᠯᠬᠤ ᠪᠠᠷ ᠭᠤᠤᠯ ᠡᠬᠦᠷᠭᠡ ᠪᠤᠯᠭᠠᠬᠤ ᠶᠢ ᠪᠠᠷᠢᠮᠳᠠᠯᠠᠵᠤ᠂ ᠭᠤᠷᠪᠠᠨ ᠠᠵᠤ | ᠤᠶᠢᠯᠠᠰ ᠬᠠᠷᠢᠯᠴᠠᠨ ᠤᠶᠢᠯᠠᠳᠤᠯᠴᠠᠬᠦ ᠶᠢ ᠴᠢᠩᠭᠠᠳᠬᠠᠵᠤ᠂ ᠬᠠᠳᠠᠭᠠᠯᠠᠬᠤ ᠬᠡᠮᠵᠢᠶ᠎ᠠ ᠶᠢ ᠤᠯᠠᠮ ᠰᠢᠯᠢᠳᠡᠭᠵᠢᠬᠦᠯᠵᠤ᠂ | ᠨᠠᠮᠡᠭᠳᠡᠬᠦ ᠬᠡᠮᠵᠢᠶ᠎ᠠ ᠶᠢ ᠶᠠᠬᠡᠳᠭᠡᠵᠤ᠂ ᠴᠢᠨᠠᠷ ᠴᠢᠨᠰᠠᠭ᠎ᠠ ᠶᠢ ᠲᠠᠭᠡᠭᠰᠢᠯᠠᠬᠦᠯᠵᠤ᠂ ᠠᠵᠤ ᠤᠶᠢᠯᠠᠰ ᠤᠨ ᠦᠷᠢᠰᠤᠯᠳᠤᠬᠦ | ᠬᠦᠴᠦᠨ ᠢ ᠪᠦᠬᠦ ᠲᠠᠯ᠎ᠠ ᠪᠠᠷ ᠨᠡᠮᠡᠭᠳᠡᠬᠦᠯᠦᠨ᠎ᠠ᠃ | 7. ᠠᠵᠤ ᠦᠢᠯᠠᠳᠪᠤᠷᠢ ᠶᠢᠨ ᠬᠦᠭᠵᠢᠯᠳᠠ ᠶᠢᠨ ᠶᠠᠰᠤ ᠴᠢᠨᠠᠷ ᠢ ᠲᠠᠭᠡᠭᠰᠢᠯᠠᠬᠦᠯᠦᠨ᠎ᠠ᠃ ᠠᠨ ᠴᠢ ᠰᠢᠬᠢᠷ | ᠤᠨ ᠤᠶᠢᠯᠠᠰ᠂ ᠯᠢᠩ ᡁᠢ ᠲᠦᠮᠦᠰᠤ᠂ ᠮᠧᠩ ᠳ᠋ᠦ᠋ ᠬᠤᠨᠢᠨ ᠤ ᠤᠶᠢᠯᠠᠰ᠂ ᠬᠤᠸᠠ ᠶᠤᠸᠠᠨ ᠠᠷᠢᠬᠢᠨ ᠤ ᠤᠶᠢᠯᠠᠰ᠂ | ᠮᠦ᠋ ᠡᠾᠧ ᠤᠰᠤ ᠠᠷᠪᠢᠯᠠᠬᠤ᠂ ᠭᠤᠸᠠᠩ ᠶᠤᠸᠠᠨ ᠴᠠᠬᠢᠯᠭᠠᠨ ᠬᠦᠴᠦᠨ ᠵᠠᠷᠭᠡ ᠤᠶᠢᠯᠠᠳᠪᠤᠷᠢᠯᠠᠯ ᠳᠤ ᠤᠷᠤᠬᠰᠠᠨ | ᠠᠵᠤ ᠠᠬᠤᠶᠢᠯᠠᠯ ᠤᠨ ᠲᠤᠬᠳᠠᠭᠤᠨ ᠤᠶᠢᠯᠠᠳᠪᠤᠷᠢᠯᠠᠬᠦ ᠶᠢ ᠲᠦᠯᠬᠢᠨ ᠠᠬᠢᠭᠤᠯᠤᠨ᠎ᠠ᠃ ᠬᠦᠴᠦᠨ ᠢᠶᠠᠨ | ᠲᠦᠪᠯᠡᠷᠡᠬᠦᠯᠵᠤ ᠯᠢᠩ ᡁᠢ ᠹᠠ ᠮᠦ ᠹᠦ᠋ ᠷᠦᠢ 7 ᠲᠦᠮᠠᠨ ᠲᠤᠨ ᠲᠦᠷᠭᠡᠨ ᠬᠦᠯᠳᠡᠭᠡᠭᠰᠡᠨ ᠲᠦᠮᠦᠰᠤᠨ ᠵᠦᠰᠦᠮ ᠢ | ᠪᠤᠯᠪᠠᠰᠤᠷᠠᠭᠤᠯᠬᠤ᠂ ᠵᠦᠩ ᠯᠢᠶᠠᠩ ᠪᠦᠯᠦᠭᠯᠠᠯ ᠤᠨ 18 ᠲᠦᠮᠠᠨ ᠲᠤᠨ ᠪᠤᠷᠳᠤᠭᠤᠷ ᠪᠤᠯᠪᠠᠰᠤᠷᠠᠭᠤᠯᠬᠤ᠂ ᠡᠾᠧᠩ | ᠳ᠋ᠦ᠋ ᠦᠭᠡᠷ ᠤᠨ ᠤᠶᠢᠯᠠᠰ ᠤᠨ 10 ᠲᠦᠮᠠᠨ ᠲᠤᠯᠤᠭᠠᠢ ᠠᠯᠠᠰᠢᠨ ᠦᠭᠡᠷ ᠢ ᠠᠯᠠᠵᠤ ᠪᠤᠯᠪᠠᠰᠤᠷᠠᠭᠤᠯᠬᠤ᠂ ᠵᠢᠤ | ᠶᠤᠸᠠᠨ ᠮᠠᠯᠵᠢᠯ ᠤᠨ ᠤᠶᠢᠯᠠᠰ ᠤᠨ 100 ᠲᠦᠮᠠᠨ ᠠᠯᠠᠰᠢᠨ ᠬᠤᠨᠢ ᠶᠢ ᠠᠯᠠᠵᠤ ᠪᠤᠯᠪᠠᠰᠤᠷᠠᠭᠤᠯᠬᠤ ᠵᠠᠷᠭᠡ ᠵᠠᠯᠭᠠᠵᠤ | ᠪᠠᠶᠢᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠲᠤᠰ ᠵᠢᠯ ᠳᠤ ᠪᠠᠶᠢᠭᠤᠯᠵᠤ ᠲᠠᠭᠤᠰᠬᠠᠨ ᠤᠶᠢᠯᠠᠳᠪᠤᠷᠢᠯᠠᠯ | ᠳᠤ ᠤᠷᠤᠭᠤᠯᠬᠤ ᠶᠢ ᠪᠠᠳᠤᠯᠠᠨ᠎ᠠ᠃ ᠶᠤᠸᠠᠨ ᠢ ᠠᠮᠢᠳᠤ ᠪᠤᠳᠠᠰ ᠤᠨ ᠰᠢᠳᠠᠮᠠᠬᠠᠢ ᠬᠡᠢ᠂ ᠱᠠᠨᠳᠦ᠋ᠩ ᠤᠨ ᠯᠢᠶᠠᠨ | ᠱᠧᠩ ᠠᠯᠠᠰᠢᠨ ᠨᠤᠭᠤᠰᠤ ᠶᠢ ᠲᠠᠵᠢᠭᠡᠬᠦ ᠠᠯᠠᠵᠤ ᠪᠤᠯᠪᠠᠰᠤᠷᠠᠭᠤᠯᠬᠤ᠂ ᠪᠡᠭᠡᠵᠢᠩ ᠤᠨ ᠡᠾᠷᠦᠮ ᠽᠢᠷᠺᠤᠨ ᠵᠠᠰ | ᠪᠤᠯᠪᠠᠰᠤᠷᠠᠭᠤᠯᠬᠤ᠂ ᠴᠢᠩ ᠢᠥᠢ ᠤᠷᠭᠠᠨᠢᠭ ᠪᠤᠷᠳᠤᠭᠤᠷ ᠤᠶᠢᠯᠠᠳᠪᠤᠷᠢᠯᠠᠬᠦ᠂ ᠲᠧ ᠷᠦᠨ ᠵᠢᠮᠢᠰ ᠤᠨ ᠤᠮᠳᠠᠭᠠᠨ | ᠪᠤᠯᠪᠠᠰᠤᠷᠠᠭᠤᠯᠬᠤ᠂ ᠮᠢ ᠴᠤᠸᠠᠨ ᠬᠤᠯᠢᠮᠠᠭ ᠠᠮᠤ ᠪᠤᠷᠴᠠᠭ ᠪᠤᠯᠪᠠᠰᠤᠷᠠᠭᠤᠯᠬᠤ ᠵᠠᠷᠭᠡ ᠰᠢᠨ᠎ᠠ ᠪᠠᠷ ᠪᠠᠶᠢᠭᠤᠯᠬᠤ | ᠲᠦᠷᠦᠯ ᠵᠦᠢᠯ ᠢ ᠡᠬᠢᠯᠠᠨ ᠪᠠᠶᠢᠭᠤᠯᠤᠨ᠎ᠠ᠃ ᠠᠭᠤᠷᠬᠠᠢ ᠶᠢᠨ ᠭᠠᠷᠤᠯᠳᠠ ᠶᠢᠨ ᠡᠭᠢ ᠪᠠᠶᠠᠯᠢᠭ ᠢ ᠨᠠᠶᠢᠯᠠᠬᠦᠯᠬᠦ ᠶᠢ | ᠲᠦᠷᠭᠡᠳᠭᠡᠵᠤ᠂ ᠭᠤᠸᠠᠩᠳᠦ᠋ᠩ ᠤᠨ ᠰᠢᠶᠠᠨ ᠹᠧᠩ ᠬᠤᠸᠠᠩ ᠬᠦ᠋ ᠲᠦᠨ ᠤ ᠠᠭᠤᠷᠬᠠᠢ ᠶᠢᠨ ᠤᠶᠢᠯᠠᠰ᠂ ᠵᠦᠩ | ᠰᠧ ᠳ᠋ᠢ ᠺᠧ ᠱᠧᠩ ᠱᠾᠢ ᠯᠢᠶᠠᠨ ᠬᠤᠸᠠ ᠠᠭᠤᠷᠬᠠᠢ ᠶᠢᠨ ᠤᠶᠢᠯᠠᠰ᠂ ᠴᠧᠩ ᠰᠢᠨ ᠠᠭᠤᠷᠬᠠᠢ ᠶᠢᠨ ᠤᠶᠢᠯᠠᠰ ᠤᠨ | ᠴᠠᠶᠢᠷ ᠲᠤᠭᠤᠯᠠᠭ᠎ᠠ ᠰᠢᠯᠢᠬᠦ ᠲᠠᠯᠠᠪᠠᠢ ᠶᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠲᠤᠰ ᠵᠢᠯ ᠳᠤ ᠪᠠᠶᠢᠭᠤᠯᠵᠤ | ᠲᠠᠭᠤᠰᠬᠠᠨ ᠠᠰᠢᠬᠯᠠᠯᠳᠠ ᠳᠤ ᠤᠷᠤᠭᠤᠯᠤᠨ᠎ᠠ᠃ ᠬᠤᠸᠠ ᠳ᠋ᠢᠶᠠᠨ ᠭᠤᠤ ᠵᠢᠶᠠ ᠯᠢᠶᠠᠩ ᠤᠨ 50 ᠰᠠᠶ᠎ᠠ ᠸᠠᠲ᠂ | ᠲᠢᠶᠠᠨ ᠿᠦᠨ ᠡᠾᠧ ᠫᠢᠩ ᠢᠩᠽᠢ 50 ᠰᠠᠶ᠎ᠠ ᠸᠠᠲ᠂ ᠵᠠᠬᠦᠨ ᠬᠡᠰᠡᠭ ᠤᠨ ᠮᠠᠯᠵᠢᠬᠤ ᠤᠷᠤᠨ ᠳᠤ ᠲᠠᠷᠬᠠᠮᠠᠯ | ᠬᠡᠯᠪᠠᠷᠢ ᠲᠠᠢ 30 ᠰᠠᠶ᠎ᠠ ᠸᠠᠲ᠂ ᠵᠦᠩ ᠰᠢᠨ ᠯᠢᠶᠠᠨ ᠢ ᠯᠤᠤᠬ᠎ᠠ ᠶᠢᠨ ᠭᠤᠤᠯ ᠤᠨ ᠲᠠᠷᠬᠠᠮᠠᠯ ᠬᠡᠯᠪᠠᠷᠢ ᠲᠠᠢ 9 | ᠰᠠᠶ᠎ᠠ ᠸᠠᠲ ᠵᠠᠷᠭᠡ ᠰᠠᠯᠬᠢᠨ ᠴᠠᠬᠢᠯᠭᠠᠨ ᠤ ᠲᠦᠷᠦᠯ ᠵᠦᠢᠯ ᠢ ᠬᠡᠷᠡᠭᠵᠢᠬᠦᠯᠵᠤ᠂ ᠵᠢᠯ ᠤᠨ ᠰᠠᠬᠦᠯᠴᠢ ᠠᠴᠠ ᠡᠮᠦᠨ᠎ᠠ | ᠲᠤᠤᠷ ᠨᠠᠶᠢᠯᠠᠬᠦᠯᠵᠤ ᠴᠠᠬᠢᠯᠭᠠᠨ ᠭᠠᠷᠭᠠᠬᠤ ᠶᠢ ᠴᠢᠷᠮᠠᠶᠢᠨ ᠪᠠᠶᠠᠯᠠᠬᠦᠯᠦᠨ᠎ᠠ᠃ ᠠᠵᠤ ᠠᠬᠤᠶᠢᠯᠠᠯ ᠤᠨ ᠬᠠᠳᠠᠭᠠᠯᠠᠵᠤ | ᠪᠠᠶᠢᠬᠤ ᠡᠳ᠋ ᠬᠦᠷᠦᠩᠭᠡ ᠶᠢ ᠢᠳᠡᠪᠬᠢᠳᠠᠢ ᠠᠮᠢᠯᠠᠭᠤᠯᠵᠤ᠂ ᠶᠢᠨ ᠴᠧᠩ ᠬᠦᠨᠳᠤ ᠤᠶᠢᠯᠠᠳᠪᠤᠷᠢ᠂ ᠪᠤᠷᠤᠬᠤᠳᠠ | ᠲᠤᠰᠤ᠂ ᠰᠢᠩ ᠠᠨ ᠳ᠋ᠠ ᠴᠢᠳᠬᠤᠮᠠᠯ ᠤᠨ ᠤᠶᠢᠯᠠᠰ ᠵᠠᠷᠭᠡ ᠠᠵᠤ ᠠᠬᠤᠶᠢᠯᠠᠯ ᠤᠨ ᠬᠤᠯᠪᠤᠭᠠᠯᠠᠬᠤ ᠲᠠᠬᠢᠨ | ᠪᠠᠶᠢᠭᠤᠯᠬᠤ ᠠᠵᠢᠯ ᠢ ᠰᠠᠶᠢᠳᠤᠷ ᠬᠢᠵᠤ᠂ ᠲᠤᠰ ᠵᠢᠯ ᠳᠤ ᠤᠶᠢᠯᠠᠳᠪᠤᠷᠢᠯᠠᠯ ᠡᠬᠢᠯᠠᠬᠦ ᠶᠢ ᠴᠢᠷᠮᠠᠶᠢᠨ ᠪᠠᠶᠠᠯᠠᠬᠦᠯᠦᠨ᠎ᠠ᠃ | | 8. ᠤᠳᠤᠬᠢᠴᠢᠯᠠᠬᠰᠠᠨ ᠲᠠᠷᠢᠶᠠᠯᠠᠩ ᠮᠠᠯ ᠠᠵᠤ ᠠᠬᠤᠢ ᠶᠢ ᠬᠦᠴᠦᠷᠭᠡᠭᠵᠢᠬᠦᠯᠦᠨ᠎ᠠ᠃ ᠵᠦᠩ ᠯᠢᠶᠠᠩ | ᠭᠤᠷᠪᠠᠳᠤᠭᠠᠷ ᠬᠤᠭᠤᠴᠠᠭᠠᠨ ᠤ 40 ᠲᠦᠮᠠᠨ ᠭᠠᠭ᠋ᠠᠢ ᠲᠠᠵᠢᠭᠡᠬᠦ ᠰᠠᠭᠤᠷᠢᠨ ᠭᠠᠵᠠᠷ ᠤᠨ ᠪᠠᠶᠢᠭᠤᠯᠤᠯᠳᠠ ᠶᠢ | ᠰᠠᠶᠢᠳᠤᠷ ᠠᠳᠬᠤᠵᠤ᠂ ᠵᠢᠯ ᠤᠨ ᠰᠠᠬᠦᠯᠴᠢ ᠠᠴᠠ ᠡᠮᠦᠨ᠎ᠠ ᠬᠡᠷᠡᠭᠯᠡᠭᠡᠨ ᠳᠤ ᠤᠷᠤᠭᠤᠯᠬᠤ ᠶᠢ ᠪᠠᠳᠤᠯᠠᠨ᠎ᠠ᠃ ︽ᠲᠠᠪᠤ | ᠶᠢ ᠨᠢᠭᠡᠳᠭᠡᠭᠰᠡᠨ︾ ᠵᠠᠬᠪᠤᠷ ᠢ ᠵᠠᠷᠭᠡᠪᠠᠷ ᠲᠠᠮᠵᠢᠵᠤ᠂ 2 ᠲᠦᠮᠠᠨ ᠲᠠᠷᠢᠶᠠᠴᠢᠨ ᠮᠠᠯᠴᠢᠨ ᠤ ᠡᠷᠦᠭᠡ ᠶᠢ ᠲᠠᠶᠢᠴᠢᠯᠠᠵᠤ | ᠭᠠᠭ᠋ᠠᠢ ᠲᠠᠵᠢᠭᠡᠬᠦ ᠶᠢ ᠬᠦᠭᠵᠢᠬᠦᠯᠦᠨ᠎ᠠ᠃ ᠡᠾᠧᠩ ᠳ᠋ᠦ᠋ ᠦᠭᠡᠷ ᠤᠨ ᠤᠶᠢᠯᠠᠰ ᠤᠨ 20 ᠮᠦᠷ ᠦᠨᠳᠤᠷ | ᠪᠠᠷᠢᠮᠵᠢᠶᠠᠳᠤ ᠮᠠᠯ ᠤᠨ ᠬᠠᠰᠢᠶ᠎ᠠ ᠪᠠᠷᠢᠬᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠲᠤᠰ ᠵᠢᠯ ᠳᠤ ᠠᠯᠠᠰᠢᠨ | ᠦᠭᠡᠷ ᠲᠠᠵᠢᠭᠡᠬᠦ ᠬᠡᠪᠴᠢᠶ᠎ᠠ ᠶᠢ 4 ᠲᠦᠮᠠᠨ ᠲᠤᠯᠤᠭᠠᠢ ᠳᠤ ᠬᠦᠷᠭᠡᠨ᠎ᠠ᠃ ᠠᠵᠤ ᠤᠶᠢᠯᠠᠰ ᠢ ᠬᠦᠭᠵᠢᠬᠦᠯᠬᠦ ᠰᠠᠭᠤᠷᠢ | ᠮᠦᠩᠬᠦ 2000 ᠲᠦᠮᠠᠨ ᠲᠦᠬᠦᠷᠢᠭ ᠲᠤᠬᠢᠷᠠᠭᠤᠯᠵᠤ᠂ ᠰᠢᠨ᠎ᠠ ᠬᠡᠯᠪᠠᠷᠢ ᠶᠢᠨ ᠡᠵᠡᠩᠨᠠᠬᠦ ᠭᠤᠤᠯ ᠴᠤᠬᠴᠠ ᠶᠢ | ᠲᠠᠮᠵᠢᠬᠦ ᠪᠤᠯᠤᠨ ᠨᠠᠷᠢᠯᠢᠭ ᠤᠨᠤᠪᠴᠢᠳᠠᠢ ᠶᠠᠳᠠᠭᠤ ᠶᠢ ᠲᠠᠳᠬᠦᠬᠦ ᠲᠠᠢ ᠤᠶᠠᠯᠳᠤᠭᠤᠯᠬᠤ ᠶᠢ ᠬᠡᠷᠡᠭᠵᠢᠬᠦᠯᠵᠤ᠂ ︽ | ᠱᠠᠩᠨᠠᠯ ᠢᠶᠠᠷ ᠨᠦᠬᠦᠪᠤᠷᠢᠯᠠᠬᠦ︾ ᠲᠠᠮᠵᠢᠯᠭᠡ ᠶᠢᠨ ᠬᠦᠴᠦᠨ ᠢ ᠨᠡᠮᠡᠭᠳᠡᠬᠦᠯᠵᠤ᠂ ᠲᠤᠰ ᠵᠢᠯ ᠳᠤ 30 ᠠᠴᠠ ᠲᠠᠭᠡᠭᠰᠢ | ᠨᠢᠬᠳᠠᠷᠠᠬᠰᠠᠨ ᠬᠡᠯᠪᠠᠷᠢ ᠲᠠᠢ ᠲᠠᠷᠢᠶᠠᠴᠢᠨ ᠮᠠᠯᠴᠢᠨ ᠤ ᠲᠤᠰᠬᠠᠢ ᠬᠤᠷᠰᠢᠶᠠᠵᠢᠯ᠂ 55 ᠲᠤᠰᠬᠠᠢ ᠲᠠᠷᠢᠵᠤ ᠲᠠᠵᠢᠭᠡᠬᠦ | ᠶᠡᠭᠡ ᠡᠷᠦᠭᠡ ᠪᠤᠯᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠪᠤᠶᠢᠵᠢᠭᠤᠯᠤᠨ᠎ᠠ᠃ ᠶᠠᠩ ᠵᠢᠶᠠ | ᠢᠩᠽᠢ ᠶᠢᠨ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠤᠨ ᠬᠦᠭᠵᠢᠯᠳᠠ ᠶᠢᠨ | ᠲᠦᠯᠦᠪᠵᠢᠬᠦᠯᠭᠡ ᠶᠢ ᠲᠠᠬᠦᠯᠳᠠᠷᠵᠢᠬᠦᠯᠵᠤ᠂ ᠪᠦᠬᠦ ᠬᠦᠴᠦ ᠪᠠᠨ ᠲᠦᠪᠯᠠᠷᠠᠬᠦᠯᠵᠤ ᠦᠪᠠᠷᠳᠡᠭᠡᠨ ᠵᠠᠰᠠᠬᠤ ᠤᠷᠤᠨ ᠤ | ᠲᠠᠰ ᠤᠨ ᠲᠠᠷᠢᠶᠠᠯᠠᠩ ᠤᠨ ᠲᠤᠭᠤᠷᠢᠭ ᠢ ᠪᠠᠶᠢᠭᠤᠯᠤᠨ᠎ᠠ᠃ ᠶᠤᠸᠠᠨ ᠪᠤᠤ ᠱᠠᠨ ᠤ ᠬᠤᠳᠤᠭᠤᠷ ᠤᠢ ᠶᠢᠨ ᠵᠢᠮᠢᠰ ᠤᠨ | ᠠᠮᠢ ᠠᠬᠤᠢ ᠶᠢᠨ ᠲᠤᠭᠤᠷᠢᠭ ᠪᠤᠯᠤᠨ ᠡᠯ ᠵᠢᠶᠧ ᠳ᠋ᠢ ᠶᠢᠨ ᠤᠳᠤᠬᠢᠴᠢᠯᠠᠬᠰᠠᠨ ᠠᠮᠢ ᠠᠬᠤᠢ ᠶᠢᠨ ᠲᠠᠷᠢᠶᠠᠯᠠᠩ ᠤᠨ | ᠵᠢᠱᠢᠶ᠎ᠠ ᠦᠵᠠᠬᠦᠯᠬᠦ ᠲᠤᠭᠤᠷᠢᠭ ᠢ ᠪᠠᠬᠢᠵᠢᠬᠦᠯᠦᠨ ᠲᠠᠭᠡᠭᠰᠢᠯᠠᠬᠦᠯᠦᠨ᠎ᠠ᠃ ᠦᠨᠳᠤᠷ ᠦᠷ᠎ᠡ ᠠᠰᠢᠬᠳᠤ ᠤᠰᠤ | ᠠᠷᠪᠢᠯᠠᠬᠤ ᠲᠠᠷᠢᠶᠠᠯᠠᠩ ᠮᠠᠯᠵᠢᠯ ᠤᠨ ᠤᠶᠢᠯᠠᠰ ᠢ ᠬᠡᠷᠡᠭᠵᠢᠬᠦᠯᠵᠤ᠂ ᠪᠦᠬᠦ ᠬᠤᠰᠢᠭᠤᠨ ᠳᠤ ᠪᠦᠷᠬᠦᠪᠴᠢ ᠶᠢᠨ | ᠲᠤᠤᠷ᠎ᠠ ᠲᠤᠰᠤᠯᠭᠠᠨ ᠤᠰᠤᠯᠠᠬᠤ 9.1 ᠲᠦᠮᠠᠨ ᠮᠤ᠋ ᠶᠢ ᠰᠢᠨ᠎ᠠ ᠪᠠᠷ ᠪᠠᠶᠢᠭᠤᠯᠵᠤ᠂ ᠦᠷ᠎ᠡ ᠪᠦᠳᠦᠮᠵᠢ ᠪᠠᠨ | ᠪᠠᠬᠢᠵᠢᠬᠦᠯᠬᠦ 80 ᠲᠦᠮᠠᠨ ᠮᠤ᠋᠂ ᠤᠰᠤ ᠠᠷᠪᠢᠯᠠᠵᠤ ᠤᠨᠠᠯᠳᠠ ᠨᠡᠮᠡᠭᠳᠡᠬᠦᠯᠬᠦ ᠢᠨᠵᠧᠨᠧᠷᠢᠭ 3 ᠲᠦᠮᠠᠨ ᠮᠤ᠋᠂ | ᠦᠨᠳᠤᠷ ᠪᠠᠷᠢᠮᠵᠢᠶᠠᠳᠤ ᠲᠠᠷᠢᠶᠠᠨ ᠤ ᠲᠦᠷᠦᠯ ᠵᠦᠢᠯ 1 ᠲᠦᠮᠠᠨ ᠮᠤ᠋ ᠶᠢ ᠬᠡᠷᠡᠭᠵᠢᠬᠦᠯᠦᠨ᠎ᠠ᠃ ︽ᠠᠮᠤ ᠪᠤᠳᠠᠭ᠎ᠠ ᠶᠢ | ᠪᠤᠷᠳᠤᠭᠤᠷ ᠬᠤᠪᠢᠷᠠᠭᠠᠬᠤ︾ ᠲᠤᠷᠰᠢᠯᠳᠠ ᠶᠢᠨ ᠠᠵᠢᠯ ᠢ ᠲᠦᠯᠬᠢᠨ ᠠᠬᠢᠭᠤᠯᠵᠤ᠂ ᠨᠤᠭᠤᠭᠠᠨ ᠲᠠᠷᠤᠰᠢ ᠶᠢᠨ ᠰᠢᠰᠢ | 10 ᠲᠦᠮᠠᠨ ᠮᠤ᠋᠂ ᠬᠦᠮᠦᠨ ᠤ ᠬᠦᠴᠦ ᠪᠠᠷ ᠡᠪᠡᠰᠤ ᠲᠠᠷᠢᠬᠤ 10 ᠲᠦᠮᠠᠨ ᠮᠤ᠋᠂ ᠤᠰᠤ ᠠᠷᠪᠢᠯᠠᠬᠤ ᠪᠤᠷᠤ | ᠬᠤᠸᠠᠷᠳᠤ ᠴᠠᠷᠭᠠᠰᠤ ᠶᠢ 1 ᠲᠦᠮᠠᠨ ᠮᠤ᠋ ᠬᠦᠭᠵᠢᠬᠦᠯᠦᠨ᠎ᠠ᠃ ᠰᠢᠷᠦᠢ ᠬᠡᠮᠵᠢᠵᠤ ᠵᠤᠷ ᠵᠤᠬᠢᠴᠠᠭᠤᠯᠵᠤ ᠪᠤᠷᠳᠤᠭᠤᠷ | ᠦᠭᠬᠦ᠂ ᠮᠠᠯ ᠠᠵᠤ ᠠᠬᠤᠢ ᠶᠢᠨ ᠤᠶᠢᠯᠠᠰ ᠤᠨ ᠡᠬᠦᠯᠳᠠᠷ ᠰᠠᠶᠢᠵᠢᠷᠠᠭᠤᠯᠬᠤ ᠠᠵᠢᠯ ᠢ ᠵᠠᠷᠭᠡᠪᠠᠷ ᠰᠠᠶᠢᠳᠤᠷ ᠬᠢᠵᠤ᠂ | ᠮᠠᠯ ᠲᠠᠷᠢᠶᠠᠯᠠᠩ ᠤᠨ ᠤᠶᠢᠯᠠᠰ ᠤᠨ ᠰᠢᠨᠵᠢᠯᠡᠭᠡ ᠮᠠᠷᠭᠡᠵᠢᠯ ᠤᠨ ᠲᠦᠪᠰᠢᠨ ᠢ ᠲᠠᠭᠡᠭᠰᠢᠯᠠᠬᠦᠯᠦᠨ᠎ᠠ᠃ 4 ᠳ᠋ᠤᠭᠡᠷ | ᠤᠳᠠᠭᠠᠨ ᠤ ᠪᠦᠬᠦ ᠬᠤᠰᠢᠭᠤᠨ ᠤ ᠲᠠᠷᠢᠶᠠᠯᠠᠩ ᠤᠨ ᠤᠶᠢᠯᠠᠰ ᠤᠨ ᠰᠢᠨᠵᠢᠯᠡᠭᠡ ᠮᠠᠷᠭᠡᠵᠢᠯ ᠤᠨ ᠦᠷ᠎ᠡ ᠪᠦᠳᠦᠮᠵᠢ | ᠶᠢᠨ ᠦᠵᠠᠰᠬᠦᠯᠠᠩ ᠤᠨ ᠬᠤᠷᠠᠯ ᠢ ᠰᠠᠶᠢᠳᠤᠷ ᠵᠤᠬᠢᠶᠠᠨ ᠪᠠᠶᠢᠭᠤᠯᠵᠤ ᠪᠠᠯᠠᠳᠭᠡᠨᠠ᠃ ᠤᠩᠨᠢᠭᠤᠳ ᠨᠠᠷᠠᠳᠤ ᠲᠠᠮᠳᠡᠭ | ᠢ ᠪᠤᠶᠢᠵᠢᠭᠤᠯᠤᠨ ᠲᠠᠮᠵᠢᠵᠤ᠂ ︽ᠤᠩᠨᠢᠭᠤᠳ ᠨᠠᠷᠢᠮᠤ︾ ︽ᠤᠩᠨᠢᠭᠤᠳ ᠨᠠᠷᠠᠨ ᠬᠤᠸᠠᠷ︾ ᠢ ᠤᠯᠤᠰ ᠤᠨ ᠲᠠᠸᠠᠷ | ᠤᠨ ᠲᠡᠮᠳᠡᠭ ᠤᠨ ᠲᠤᠪᠴᠢᠶ᠎ᠠ ᠪᠠᠷ ᠬᠡᠷᠡᠴᠢᠯᠠᠬᠦᠯᠬᠦ ᠪᠠᠷ ᠲᠠᠮᠵᠢᠵᠤ᠂ ︽ᠤᠩᠨᠢᠭᠤᠳ ᠰᠠᠭᠠᠭ︾ ᠬᠡᠬᠦ ᠤᠯᠤᠰ ᠤᠨ | ᠭᠠᠵᠠᠷ ᠵᠦᠢ ᠶᠢᠨ ᠰᠢᠨᠵᠢ ᠲᠠᠮᠳᠡᠭ ᠢ ᠬᠡᠷᠡᠴᠢᠯᠡᠭᠰᠡᠨ ᠲᠠᠸᠠᠷ ᠤᠨ ᠲᠡᠮᠳᠡᠭ ᠢ ᠲᠡᠭᠡᠭᠰᠢ ᠮᠠᠳᠠᠬᠦᠯᠬᠦ ᠠᠵᠢᠯ ᠢ | ᠰᠠᠶᠢᠳᠤᠷ ᠬᠢᠨ᠎ᠠ᠃ ᠡᠷᠳᠡᠨᠢ ᠰᠢᠰᠢ ᠶᠢᠨ ᠤᠨᠠᠯᠳᠠ᠂ ᠰᠢᠬᠢᠷ ᠯᠤᠤᠪᠠᠩ ᠵᠢᠴᠢ ᠮᠠᠯ ᠠᠵᠤ ᠠᠬᠤᠢ ᠶᠢᠨ ᠤᠶᠢᠯᠠᠰ ᠤᠨ | ᠮᠠᠰᠢᠨ ᠮᠧᠬᠠᠨᠢᠭ ᠲᠠᠯᠭᠡᠷᠠᠬᠦᠯᠬᠦ ᠬᠦᠴᠦᠯᠠᠴᠠ ᠪᠠᠨ ᠨᠡᠮᠡᠭᠳᠡᠬᠦᠯᠵᠤ᠂ ᠪᠦᠬᠦ ᠬᠤᠰᠢᠭᠤᠨ ᠤ ᠮᠠᠰᠢᠨᠴᠢᠯᠠᠯᠳᠠ ᠶᠢᠨ | ᠶᠠᠷᠦᠩᠭᠡᠢ ᠠᠵᠢᠯ ᠤᠨ ᠬᠢᠷᠢ ᠬᠡᠮᠵᠢᠶ᠎ᠠ ᠶᠢ 77% ᠳᠤ ᠬᠦᠷᠭᠡᠨ᠎ᠠ᠃ | 9. ᠭᠤᠷᠪᠠᠳᠤᠭᠠᠷ ᠠᠵᠤ ᠤᠶᠢᠯᠠᠰ ᠤᠨ ᠤᠶᠢᠯᠠᠴᠢᠯᠠᠭᠡᠨ ᠤ ᠲᠠᠰ ᠢ ᠲᠠᠭᠡᠭᠰᠢᠯᠠᠬᠦᠯᠦᠨ᠎ᠠ᠃ ᠵᠦᠩ ᠬᠤᠤ | ᠪᠤᠳᠠᠰ ᠤᠨ ᠬᠦᠢᠯᠭᠡᠭᠡᠨ ᠤ ᠲᠤᠭᠤᠷᠢᠭ᠂ ᠵᠤ᠋ ᠰᠢᠨ ᠡᠮ ᠤᠨ ᠤᠶᠢᠯᠠᠰ ᠤᠨ ᠬᠦᠮᠦᠷᠬᠡᠯᠡᠬᠦ ᠬᠦᠢᠯᠭᠡᠭᠡᠨ ᠤ | ᠬᠤᠶᠠᠳᠤᠭᠠᠷ ᠬᠤᠭᠤᠴᠠᠭᠠᠨ ᠤ ᠢᠨᠵᠧᠨᠧᠷᠢᠭ ᠤᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠵᠢᠯ ᠤᠨ | ᠰᠠᠬᠦᠯᠴᠢ ᠠᠴᠠ ᠡᠮᠦᠨ᠎ᠠ ᠬᠡᠷᠡᠭᠯᠡᠭᠡᠨ ᠳᠤ ᠤᠷᠤᠭᠤᠯᠬᠤ ᠶᠢ ᠪᠠᠳᠤᠯᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ | ᠡᠯᠧᠺᠲᠷᠤᠨ ᠬᠤᠳᠠᠯᠳᠤᠭ᠎ᠠ ᠶᠢ ᠲᠠᠯᠭᠡᠷᠡᠬᠦᠯᠵᠤ ᠬᠡᠷᠡᠭᠯᠠᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠬᠤᠰᠢᠭᠤᠨ | ᠲᠠᠰ ᠤᠨ ᠡᠯᠧᠺᠲᠷᠤᠨ ᠬᠤᠳᠠᠯᠳᠤᠭ᠎ᠠ ᠡᠵᠡᠩᠨᠠᠬᠦ ᠲᠦᠪ ᠪᠤᠯᠤᠨ 40 ᠲᠤᠰᠬᠤᠨ ᠤ ᠲᠠᠰ ᠤᠨ ᠡᠯᠧᠺᠲᠷᠤᠨ | ᠬᠤᠳᠠᠯᠳᠤᠭ᠎ᠠ ᠤᠶᠢᠯᠠᠴᠢᠯᠡᠭᠡ ᠶᠢᠨ ᠰᠦᠯᠵᠢᠶᠠᠨ ᠲᠠᠯᠭᠡᠬᠦᠷ ᠢ ᠪᠠᠶᠢᠭᠤᠯᠵᠤ᠂ ᠲᠤᠰ ᠵᠢᠯ ᠳᠤ ᠤᠯᠤᠰ ᠤᠨ | ᠡᠯᠧᠺᠲᠷᠤᠨ ᠬᠤᠳᠠᠯᠳᠤᠭ᠎ᠠ ᠬᠦᠳᠡᠭᠡ ᠳᠤ ᠬᠦᠷᠭᠡᠬᠦ ᠶᠠᠷᠦᠩᠭᠡᠢ ᠵᠢᠱᠢᠶ᠎ᠠ ᠦᠵᠠᠬᠦᠯᠬᠦ ᠰᠢᠶᠠᠨ ᠤ ᠡᠩᠨᠠᠬᠡᠨ ᠳᠤ | ᠤᠷᠤᠬᠤ ᠪᠠᠷ ᠴᠢᠷᠮᠠᠶᠢᠨ᠎ᠠ᠃ ᠦ᠋ ᠽᠠᠢ ᠴᠧᠩ᠂ ᠬᠤᠩ ᠶᠤᠸᠠᠨ ᠲᠤᠮᠤ ᠠᠰᠠᠷ᠂ ᠯᠢ ᠨᠦᠩ ᠲᠤᠮᠤ ᠠᠰᠠᠷ᠂ ᠸᠠᠨ | ᠯᠦᠩ ᠪᠠᠭᠤᠳᠠᠯ ᠵᠠᠷᠭᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠤᠨ ᠪᠠᠷᠢᠯᠭ᠎ᠠ ᠶᠢᠨ | ᠠᠵᠢᠯ ᠤᠨ ᠠᠬᠢᠴᠠ ᠶᠢ ᠲᠦᠷᠭᠡᠳᠭᠡᠵᠤ᠂ ᠵᠢᠯ ᠤᠨ ᠡᠴᠦᠰ ᠲᠤ ᠡᠵᠡᠩᠨᠠᠯᠳᠠ ᠳᠤ ᠤᠷᠤᠭᠤᠯᠤᠨ᠎ᠠ᠃ ᠰᠤᠶᠤᠯ ᠤᠨ | ᠠᠷᠠᠯᠵᠢᠶ᠎ᠠ ᠬᠤᠳᠠᠯᠳᠤᠭᠠᠨ ᠤ ᠰᠢᠨ᠎ᠠ ᠶᠢ ᠡᠬᠦᠳᠬᠦ ᠲᠤᠭᠤᠷᠢᠭ ᠤᠨ ᠲᠦᠷᠦᠯ ᠵᠦᠢᠯ ᠢ ᠡᠬᠢᠯᠠᠨ ᠬᠢᠵᠤ᠂ ᠡᠮᠴᠢᠯᠡᠭᠡ᠂ | ᠰᠤᠪᠢᠯᠠᠯᠳᠠ᠂ ᠡᠷᠡᠬᠦᠯ ᠴᠢᠬᠢᠷᠠᠭ ᠠᠰᠠᠷᠠᠮᠵᠢ ᠶᠢᠨ ᠬᠦᠷᠢᠶᠠᠯᠠᠩ ᠤᠨ ᠲᠦᠷᠦᠯ ᠵᠦᠢᠯ ᠢ ᠬᠡᠷᠡᠭᠵᠢᠬᠦᠯᠦᠨ᠎ᠠ᠃ 9 | ᠰᠠᠷ᠎ᠠ ᠶᠢᠨ ᠰᠠᠬᠦᠯᠴᠢ ᠠᠴᠠ ᠡᠮᠦᠨ᠎ᠠ ᠬᠠᠰ ᠯᠤᠤ ᠮᠠᠩᠬᠠᠨ ᠨᠠᠭᠤᠷ ᠤᠨ ᠵᠤᠭᠠᠴᠠᠯ ᠤᠨ ᠵᠠᠰᠠᠮᠠᠯ ᠵᠠᠮ ᠤᠨ | ᠪᠠᠶᠢᠭᠤᠯᠤᠯᠳᠠ ᠶᠢ ᠲᠠᠭᠤᠰᠬᠠᠨ᠎ᠠ᠃ 1 ᠳ᠋ᠦᠩᠰᠢᠭᠤᠷ ᠲᠦᠬᠦᠷᠢᠭ ᠠᠴᠠ ᠲᠠᠭᠡᠭᠰᠢ ᠪᠠᠯᠠ ᠤᠷᠤᠭᠤᠯᠵᠤ᠂ ᠬᠠᠰ ᠯᠤᠤ | ᠮᠠᠩᠬᠠᠨ ᠨᠠᠭᠤᠷ ᠤᠨ ᠦᠵᠠᠮᠵᠢ ᠶᠢᠨ ᠤᠷᠤᠨ ᠤ ᠬᠠᠭᠤᠴᠢᠨ ᠤᠳᠠ ᠮᠤᠳᠤᠨ ᠤ ᠦᠵᠠᠮᠤᠷᠢ ᠶᠢᠨ ᠲᠤᠭᠤᠷᠢᠭ ᠤᠨ | ᠲᠦᠷᠦᠯ ᠵᠦᠢᠯ ᠢ ᠬᠡᠷᠡᠭᠵᠢᠬᠦᠯᠦᠨ᠎ᠠ᠃ ᠪᠦᠬᠦ ᠬᠤᠰᠢᠭᠤᠨ ᠳᠤ ᠵᠤᠭᠠᠴᠠᠬᠰᠠᠳ ᠢ ᠬᠦᠯᠢᠶᠠᠨ ᠠᠪᠬᠤ 110 ᠲᠦᠮᠠᠨ | ᠬᠦᠮᠦᠨ ᠤᠳᠠᠭ᠎ᠠ ᠶᠢ ᠲᠠᠪᠠᠭᠤᠯᠵᠤ᠂ ᠵᠤᠭᠠᠴᠠᠯ ᠤᠨ ᠤᠷᠤᠯᠭ᠎ᠠ ᠶᠢ 13 ᠳ᠋ᠦᠩᠰᠢᠭᠤᠷ ᠲᠦᠬᠦᠷᠢᠭ ᠲᠤ ᠬᠦᠷᠭᠡᠨ᠎ᠠ᠃ | ᠡᠯ᠎ᠡ ᠪᠠᠩᠬᠢ ᠶᠢᠨ ᠤᠶᠢᠯᠠᠰ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠮᠦᠩᠬᠦᠨ ᠬᠦᠢᠯᠭᠡᠭᠡᠨ ᠤ | ᠪᠦᠳᠦᠭᠡᠭᠳᠡᠬᠦᠨ ᠢ ᠰᠢᠨᠠᠴᠢᠯᠠᠬᠦ ᠶᠢ ᠵᠢᠯᠤᠭᠤᠳᠴᠤ᠂ ᠲᠤᠮᠳᠠ ᠪᠠᠭ᠎ᠠ ᠵᠢᠵᠢᠭ ᠠᠵᠤ ᠠᠬᠤᠶᠢᠯᠠᠯ᠂ ︽ᠭᠤᠷᠪᠠᠨ | ᠲᠠᠷᠢᠶᠠᠯᠠᠩ ᠭᠤᠷᠪᠠᠨ ᠮᠠᠯᠵᠢᠯ︾ ᠪᠤᠯᠤᠨ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠵᠢᠭᠡᠯᠠᠯᠭᠡ ᠳᠤ ᠲᠠᠮᠵᠢᠯᠭᠡ | ᠦᠵᠠᠬᠦᠯᠬᠦ ᠬᠦᠴᠦᠨ ᠢ ᠨᠠᠮᠡᠭᠳᠡᠬᠦᠯᠦᠨ᠎ᠠ᠃ ᠮᠧᠩ ᠳ᠋ᠦ᠋ ᠬᠤᠨᠢᠨ ᠤ ᠤᠶᠢᠯᠠᠰ᠂ ᠮᠦ᠋ ᠡᠾᠧ ᠤᠰᠤ ᠠᠷᠪᠢᠯᠠᠬᠤ | ᠤᠶᠢᠯᠠᠰ ᠤᠨ ᠵᠠᠬ᠎ᠠ ᠲᠠᠯᠭᠡᠬᠦᠷ ᠲᠤ ᠭᠠᠷᠬᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠠᠵᠤ ᠠᠬᠤᠶᠢᠯᠠᠯ ᠤᠨ | ᠶᠡᠬᠡᠪᠠᠷ ᠬᠢᠵᠤ ᠰᠠᠶᠢᠨ ᠬᠢᠬᠦ ᠶᠢ ᠲᠠᠮᠵᠢᠨ᠎ᠠ᠃ | ︵ᠲᠦᠷᠪᠠ︶ ᠬᠤᠳᠠ ᠬᠦᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠠᠵᠤ᠂ | ᠬᠦᠭᠵᠢᠬᠦ ᠤᠷᠤᠨ ᠵᠠᠢ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠠ | ᠴᠢᠳᠠᠪᠬᠢ ᠶᠢ ᠲᠠᠬᠦᠯᠳᠠᠷᠵᠢᠬᠦᠯᠬᠦ ᠪᠤᠯᠤᠨ ᠪᠦᠳᠦᠴᠠ ᠶᠢ ᠰᠢᠯᠢᠳᠡᠭᠵᠢᠬᠦᠯᠬᠦ ᠶᠢ ᠪᠠᠷᠢᠮᠳᠠᠯᠠᠵᠤ᠂ ᠬᠤᠳᠠ | ᠠᠵᠤ ᠤᠶᠢᠯᠠᠰ ᠨᠠᠶᠢᠯᠠᠬᠦ ᠶᠢ ᠲᠦᠯᠬᠢᠨ ᠠᠬᠢᠭᠤᠯᠵᠤ᠂ ᠬᠤᠳᠠ ᠪᠠᠷ ᠬᠦᠳᠡᠭᠡ ᠶᠢ ᠲᠠᠶᠢᠴᠢᠯᠠᠵᠤ᠂ ᠬᠤᠳᠠ ᠬᠦᠳᠡᠭᠡ | ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠵᠤ᠂ ᠰᠢᠶᠠᠨ ᠤ ᠬᠤᠳᠠ ᠶᠢᠨ ᠠᠵᠤ ᠠᠬᠤᠢ ᠶᠢ ᠠᠴᠢᠶᠠᠯᠠᠬᠤ ᠴᠢᠳᠠᠯ | ᠢ ᠨᠡᠮᠡᠭᠳᠡᠬᠦᠯᠦᠨ᠎ᠠ᠃ | 10. ᠰᠠᠭᠤᠬᠤ ᠳᠤ ᠲᠠᠭᠠᠯᠠᠮᠵᠢᠳᠠᠢ ᠤᠶᠢᠯᠠᠰ ᠪᠦᠳᠦᠭᠡᠬᠦ ᠳᠤ ᠲᠤᠬᠢᠷᠠᠮᠵᠢᠳᠠᠢ ᠬᠤᠳᠠ ᠪᠠᠯᠭᠠᠰᠤᠨ ᠤ | ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ᠤᠩᠨᠢᠭᠤᠳ ᠬᠤᠰᠢᠭᠤᠨ ᠤ ᠪᠤᠷᠤᠬᠤᠳᠠ ᠪᠠᠯᠭᠠᠰᠤ ᠶᠢᠨ ᠬᠤᠳᠠ | ᠶᠢᠨ ᠶᠠᠷᠦᠩᠭᠡᠢ ᠲᠦᠯᠦᠪᠵᠢᠬᠦᠯᠭᠡ︾ ᠶᠢ ᠴᠢᠩᠭ᠎ᠠ ᠬᠡᠷᠡᠭᠵᠢᠬᠦᠯᠵᠤ᠂ ᠬᠠᠭᠤᠴᠢᠨ ᠬᠤᠳᠠ ᠲᠤᠭᠤᠷᠢᠭ ᠤᠨ 4.5 | ᠲᠡᠭᠰᠢ ᠲᠦᠷᠪᠠᠯᠵᠢᠨ ᠺᠢᠯᠤᠮᠧᠲᠷ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ ᠶᠢ ᠨᠠᠶᠢᠷᠠᠭᠤᠯᠵᠤ ᠪᠠᠷᠠᠭᠠᠨ᠂ | ᠬᠤᠳᠠᠨ ᠤ ᠭᠤᠤᠯᠳᠠᠯᠭ᠎ᠠ ᠲᠠᠢ ᠲᠦᠯᠦᠪᠯᠡᠭᠡ ᠶᠢ ᠰᠠᠶᠢᠳᠤᠷ ᠬᠢᠵᠤ᠂ ᠲᠦᠯᠦᠪᠵᠢᠬᠦᠯᠭᠡ ᠶᠢᠨ ᠭᠤᠤᠯᠯᠠᠨ ᠲᠠᠭᠠᠭᠤᠯᠬᠤ | ᠤᠶᠢᠯᠠᠳᠤᠯ ᠢ ᠪᠠᠳᠠᠷᠠᠭᠤᠯᠤᠨ᠎ᠠ᠃ ᠬᠠᠶᠢᠯᠠᠰᠤ ᠵᠠᠬᠡᠯᠢ ᠶᠢ ᠵᠠᠬᠦᠨᠰᠢ ᠨᠠᠪᠳᠠᠷᠠᠬᠦᠯᠬᠦ᠂ ᠪᠤᠷᠤᠬᠤᠳᠠ ᠵᠠᠮ ᠢ ᠡᠮᠦᠨᠠᠰᠢ | ᠭᠠᠳᠠᠷ ᠲᠤᠭᠤᠷᠢᠯ ᠵᠠᠮ ᠲᠠᠢ ᠨᠠᠪᠳᠠᠷᠠᠬᠦᠯᠬᠦ ᠢᠨᠵᠧᠨᠧᠷᠢᠭ ᠢ ᠪᠠᠷᠠᠭᠠᠵᠤ᠂ ᠴᠢᠩ ᠴᠢᠥᠸᠠᠨ ᠵᠠᠮ ᠪᠤᠯᠤᠨ ᠬᠤᠩ ᠱᠠᠨ | ᠵᠠᠮ ᠤᠨ ᠬᠤᠭᠤᠷᠤᠨᠳᠤᠬᠢ ᠵᠠᠮ ᠵᠡᠬᠡᠯᠢ ᠶᠢᠨ ᠪᠠᠶᠢᠭᠤᠯᠤᠯᠳᠠ ᠶᠢ ᠬᠡᠷᠡᠭᠵᠢᠬᠦᠯᠵᠤ᠂ ᠸᠧᠢ ᠦ᠋ ᠵᠠᠮ ᠪᠤᠯᠤᠨ ᠸᠧᠢ ᠯᠢᠤ | ᠵᠠᠮ ᠢ ᠨᠠᠪᠳᠠᠷᠠᠬᠦᠯᠵᠤ᠂ ᠲᠠᠷᠢᠶᠠᠯᠠᠩ ᠤᠨ ᠴᠠᠬᠢᠯᠭᠠᠨ ᠤ ᠲᠤᠭᠤᠷᠢᠭ ᠤᠨ ᠡᠮᠦᠨ᠎ᠠ ᠲᠠᠯ᠎ᠠ᠂ ᠪᠤᠷᠤᠬᠤᠳᠠ ᠬᠤᠶᠠᠳᠤᠭᠠᠷ | ᠪᠠᠭ᠎ᠠ ᠰᠤᠷᠭᠠᠭᠤᠯᠢ ᠶᠢᠨ ᠬᠤᠶᠢᠳᠤ ᠲᠠᠯ᠎ᠠ ᠵᠠᠷᠭᠡ 5 ᠵᠤᠷᠪᠤᠰ ᠪᠠᠭ᠎ᠠ ᠭᠤᠳᠤᠮᠵᠢ ᠶᠢ ᠶᠠᠷᠦᠩᠭᠡᠶᠢᠯᠠᠨ ᠵᠠᠰᠠᠨ᠎ᠠ᠃ | ᠬᠠᠰ ᠯᠤᠤ ᠵᠠᠮ ᠤᠨ ᠤᠰᠤ ᠲᠠᠳᠠᠷᠠᠭᠤᠯᠬᠤ ᠬᠤᠭᠤᠯᠠᠢ ᠶᠢᠨ ᠲᠤᠤᠷ ᠤᠨ ᠪᠦᠳᠦᠭᠡᠨ ᠪᠠᠶᠢᠭᠤᠯᠤᠯᠳᠠ ᠶᠢ | ᠬᠡᠷᠡᠭᠵᠢᠬᠦᠯᠵᠤ᠂ ᠬᠤᠳᠠᠨ ᠲᠤᠮᠳᠠᠬᠢ ᠤᠰᠤᠳᠠᠬᠤ ᠠᠰᠠᠭᠤᠳᠠᠯ ᠢ ᠰᠢᠢᠳᠪᠤᠷᠢᠯᠠᠨ᠎ᠠ᠃ ᠬᠤᠳᠠ ᠪᠠᠯᠭᠠᠰᠤᠨ ᠤ | ᠨᠤᠭᠤᠭᠠᠨ ᠭᠠᠵᠠᠷ ᠤᠨ ᠦᠵᠠᠮᠦᠷᠢ ᠶᠢᠨ ᠬᠤᠩᠬᠢᠯ ᠤᠨ ᠪᠠᠶᠢᠭᠤᠯᠤᠯᠳᠠ ᠶᠢᠨ ᠬᠦᠴᠦᠯᠠᠴᠠ ᠶᠢ ᠨᠠᠮᠡᠭᠳᠡᠬᠦᠯᠵᠤ᠂ 9 | ᠰᠠᠷ᠎ᠠ ᠶᠢᠨ ᠰᠠᠬᠦᠯᠴᠢ ᠠᠴᠠ ᠡᠮᠦᠨ᠎ᠠ ᠤᠪᠤᠭ᠎ᠠ ᠠᠭᠤᠯᠠ ᠶᠢᠨ ᠴᠡᠴᠡᠷᠯᠢᠭ ᠤᠨ ᠬᠦᠷᠢᠶᠠᠯᠠᠩ᠂ ᠴᠦᠨᠳᠤᠪ ᠤᠨ ᠭᠤᠤᠯ | ᠤᠨ ᠬᠤᠶᠢᠨ᠎ᠠ ᠡᠷᠬᠢ᠂ ᠬᠠᠰ ᠯᠤᠤ ᠵᠠᠮ ᠤᠨ ᠡᠮᠦᠨ᠎ᠠ ᠬᠡᠰᠡᠭ᠂ ᠤᠳᠠᠨᠳᠤᠬᠤᠢ ᠵᠠᠬᠡᠯᠢ ᠶᠢᠨ ᠨᠤᠭᠤᠭᠠᠷᠠᠭᠤᠯᠬᠤ | ᠢᠨᠵᠧᠨᠧᠷᠢᠭ ᠢ ᠲᠠᠭᠤᠰᠬᠠᠬᠤ ᠶᠢ ᠪᠠᠳᠤᠯᠠᠨ᠎ᠠ᠃ ᠴᠦᠨᠳᠤᠪ ᠤᠨ ᠭᠤᠤᠯ ᠤᠨ ᠪᠤᠷᠤᠬᠤᠳᠠ ᠶᠢᠨ ᠬᠤᠳᠠ ᠲᠤᠭᠤᠷᠢᠭ | ᠤᠨ ᠬᠡᠰᠡᠭ ᠲᠠᠬᠢ ᠶᠢ ᠶᠠᠷᠦᠩᠭᠡᠶᠢᠯᠠᠨ ᠵᠠᠰᠠᠬᠤ ᠢᠨᠵᠧᠨᠧᠷᠢᠭ ᠢ ᠦᠷᠬᠦᠯᠵᠢᠯᠠᠨ ᠬᠡᠷᠡᠭᠵᠢᠬᠦᠯᠦᠨ᠎ᠠ᠃ ᠪᠠᠶᠢᠰᠢᠩ ᠬᠡᠷ | ᠤᠨ ᠲᠤᠭᠤᠷᠢᠭ ᠢ ᠦᠭᠡᠷᠠᠴᠢᠯᠠᠬᠦ᠂ ᠵᠠᠮ ᠢ ᠨᠤᠷᠠᠭᠠᠵᠤ ᠰᠢᠯᠵᠢᠬᠦᠯᠬᠦ ᠲᠠᠢ ᠤᠶᠠᠯᠳᠤᠭᠤᠯᠵᠤ᠂ ᠲᠦᠷᠦ ᠶᠢᠨ ᠪᠤᠳᠤᠯᠭ᠎ᠠ | ᠶᠢᠨ ᠲᠠᠭᠠᠭᠤᠯᠭ᠎ᠠ ᠪᠠᠷ ᠲᠠᠮᠵᠢᠵᠤ᠂ ᠬᠠᠳᠠᠭᠠᠯᠠᠬᠳᠠᠵᠤ ᠪᠠᠶᠢᠭ᠎ᠠ ᠲᠠᠸᠠᠷ ᠤᠨ ᠬᠡᠷ ᠢ 1800 ᠢᠵᠢ ᠶᠢ | ᠪᠤᠷᠤᠯᠠᠭᠤᠯᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠭ ᠲᠤ ᠲᠦᠰᠢᠭᠯᠡᠵᠤ᠂ ᠰᠤᠮᠤ ᠪᠠᠯᠭᠠᠰᠤᠨ ᠤ ᠵᠢᠵᠢᠭ | ᠬᠤᠳᠠ ᠪᠠᠯᠭᠠᠰᠤᠨ ᠤ ᠪᠠᠶᠢᠭᠤᠯᠤᠯᠳᠠ ᠶᠢ ᠵᠤᠬᠢᠬᠤ ᠬᠡᠮᠵᠢᠶ᠎ᠠ ᠪᠠᠷ ᠲᠦᠯᠬᠢᠨ ᠠᠬᠢᠭᠤᠯᠤᠨ᠎ᠠ᠃ ᠬᠤᠳᠠ ᠶᠢᠨ ᠲᠦᠷᠢ | ᠪᠠᠶᠢᠳᠠᠯ ᠤᠨ ᠡᠮᠬᠢ ᠲᠢᠭᠯᠢᠮ ᠤᠨ ᠶᠠᠷᠦᠩᠭᠡᠢ ᠬᠠᠮᠢᠶᠠᠷᠤᠯᠳᠠ ᠶᠢ ᠰᠠᠶᠢᠳᠤᠷ ᠠᠳᠬᠤᠵᠤ᠂ ᠤᠷᠴᠢᠨ ᠲᠤᠭᠤᠷᠢᠨ ᠤ | ᠡᠷᠡᠬᠦᠯ ᠬᠠᠮᠠᠭᠠᠯᠠᠯ ᠤᠨ ᠠᠵᠢᠯ ᠢ ᠨᠠᠷᠢᠯᠢᠬᠵᠢᠭᠤᠯᠬᠤ ᠶᠢ ᠬᠡᠷᠡᠭᠵᠢᠬᠦᠯᠵᠤ᠂ ᠬᠤᠳᠠ ᠪᠠᠯᠭᠠᠰᠤᠨ ᠳᠤ ᠦᠷᠬᠦᠯᠵᠢ ᠶᠢᠨ | ᠴᠢᠨᠠᠷ ᠲᠠᠢ᠂ ᠬᠡᠪ ᠤᠨ ᠪᠠᠶᠢᠳᠠᠯ ᠲᠠᠢ ᠬᠠᠮᠢᠶᠠᠷᠤᠯᠳᠠ ᠶᠢ ᠪᠠᠶᠠᠯᠠᠬᠦᠯᠵᠤ᠂ ᠵᠢᠯ ᠲᠤᠳᠤᠷ᠎ᠠ ᠦᠪᠠᠷᠳᠡᠭᠡᠨ ᠵᠠᠰᠠᠬᠤ | ᠤᠷᠤᠨ ᠤ ᠪᠤᠯᠪᠠᠰᠤᠨ ᠬᠤᠰᠢᠭᠤ ᠰᠢᠶᠠᠨ ᠤ ᠡᠩᠨᠠᠬᠡᠨ ᠳᠤ ᠤᠷᠤᠬᠤ ᠪᠠᠷ ᠴᠢᠷᠮᠠᠶᠢᠨ᠎ᠠ᠃ | 11. ᠵᠠᠮ ᠬᠠᠷᠢᠯᠴᠠᠭ᠎ᠠ ᠴᠠᠬᠢᠯᠭᠠᠨ ᠬᠦᠴᠦ ᠤᠰᠤᠨ ᠠᠰᠢᠬᠯᠠᠯᠳᠠ ᠶᠢᠨ ᠲᠦᠬᠦᠭᠡᠷᠦᠮᠵᠢ ᠶᠢ | ᠲᠠᠬᠦᠯᠳᠠᠷᠵᠢᠬᠦᠯᠦᠨ᠎ᠠ᠃ ᠮᠤᠵᠢ ᠶᠢᠨ ᠵᠠᠮ 304 ᠱᠤᠭᠤᠮ ᠤᠨ ᠪᠤᠷᠤᠬᠤᠳᠠ ᠠᠴᠠ ᠲᠠᠩᠨᠠᠬᠦᠷ ᠤᠨ ᠭᠤᠤᠯ ᠬᠦᠷᠬᠦ | ᠬᠡᠰᠡᠭ ᠤᠨ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠢᠨᠵᠧᠨᠧᠷᠢᠭ ᠤᠨ ᠠᠬᠢᠴᠠ ᠶᠢ ᠲᠦᠷᠭᠡᠳᠭᠡᠵᠤ᠂ 9 ᠰᠠᠷ᠎ᠠ ᠶᠢᠨ | ᠰᠠᠬᠦᠯᠴᠢ ᠪᠠᠷ ᠠᠵᠢᠯ ᠲᠠᠭᠤᠰᠴᠤ ᠲᠠᠷᠭᠡ ᠨᠠᠪᠳᠠᠷᠠᠬᠦ ᠶᠢ ᠪᠠᠳᠤᠯᠠᠨ᠎ᠠ᠃ ᠮᠤᠵᠢ ᠶᠢᠨ ᠵᠠᠮ 304 ᠱᠤᠭᠤᠮ ᠪᠠ ᠬᠠᠰ | ᠯᠤᠤ ᠵᠠᠮ ᠢ ᠬᠤᠯᠪᠤᠬᠤ ᠢᠨᠵᠧᠨᠧᠷᠢᠭ ᠢ ᠪᠠᠶᠠᠯᠠᠬᠦᠯᠦᠨ᠎ᠠ᠂ ᠮᠤᠵᠢ ᠶᠢᠨ ᠵᠠᠮ 304 ᠱᠤᠭᠤᠮ ᠤᠨ ᠳ᠋ᠠᠰᠢᠩ ᠠᠴᠠ | ᠬᠠᠶᠢᠯᠠᠰᠤ ᠬᠦᠷᠬᠦ ᠬᠡᠰᠡᠭ ᠤᠨ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠵᠠᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ | ᠲᠦᠷᠦᠯ ᠵᠦᠢᠯ ᠤᠨ ᠡᠮᠦᠨᠠᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ ᠵᠢᠯ ᠤᠨ ᠰᠠᠬᠦᠯᠴᠢ ᠠᠴᠠ | ᠡᠮᠦᠨ᠎ᠠ ᠡᠬᠢᠯᠠᠨ ᠪᠠᠶᠢᠭᠤᠯᠬᠤ ᠪᠠᠷ ᠴᠢᠷᠮᠠᠶᠢᠨ᠎ᠠ᠃ ᠲᠤᠰᠬᠤᠨ ᠳᠤ ᠨᠠᠪᠳᠠᠷᠠᠬᠦ 56 ᠵᠤᠷᠪᠤᠰ 768 ᠺᠢᠯᠤᠮᠧᠲᠷ | ᠴᠠᠷᠳᠠᠮᠠᠯ ᠵᠠᠮ ᠢ ᠰᠢᠨ᠎ᠠ ᠪᠠᠷ ᠵᠠᠰᠠᠨ᠎ᠠ᠃ 66 ᠺᠢᠯᠤᠸᠤᠯᠲ ᠺᠠᠩ ᠵᠢᠶᠠ ᠢᠩᠽᠢ ᠠᠴᠠ ᠬᠤᠩ ᠱᠠᠨ ᠬᠦᠷᠬᠦ᠂ ᠺᠠᠩ | ᠵᠢᠶᠠ ᠢᠩᠽᠢ ᠠᠴᠠ ᠠᠰᠢᠬᠠᠨ ᠬᠦᠷᠬᠦ ᠬᠦᠴᠦᠳᠠᠯ ᠬᠤᠪᠢᠷᠠᠭᠤᠯᠵᠤ ᠴᠠᠬᠢᠯᠭᠠᠨ ᠬᠦᠷᠭᠡᠬᠦ ᠢᠨᠵᠧᠨᠧᠷᠢᠭ ᠢ ᠰᠢᠨ᠎ᠠ ᠪᠠᠷ | ᠪᠠᠶᠢᠭᠤᠯᠵᠤ᠂ 10 ᠺᠢᠯᠤᠸᠤᠯᠲ ᠶᠢᠨ ᠱᠤᠭᠤᠮ᠂ 118.5 ᠺᠢᠯᠤᠮᠧᠲᠷ ᠢ ᠰᠢᠨ᠎ᠠ ᠪᠠᠷ ᠦᠭᠡᠷᠡᠴᠢᠯᠠᠨ ᠪᠠᠶᠢᠭᠤᠯᠵᠤ᠂ | ᠰᠢᠨ᠎ᠠ ᠪᠠᠷ ᠦᠭᠡᠷᠡᠴᠢᠯᠠᠨ ᠪᠠᠶᠢᠭᠤᠯᠵᠤ᠂ 18 ᠲᠤᠤᠷ᠎ᠠ ᠲᠠᠷᠤᠯᠳᠠ ᠶᠢᠨ ᠤᠷᠤᠨ ᠢ ᠦᠭᠡᠷᠡᠴᠢᠯᠠᠨ ᠪᠠᠶᠢᠭᠤᠯᠤᠨ᠎ᠠ᠃ | ᠬᠦᠳᠡᠭᠡ ᠲᠤᠰᠬᠤᠨ ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ ᠢᠨᠵᠧᠨᠧᠷᠢᠭ 68 ᠢ | ᠪᠠᠳᠤᠳᠬᠠᠨ ᠲᠠᠭᠡᠭᠰᠢᠯᠠᠬᠦᠯᠵᠤ᠂ ᠬᠠᠮᠢᠶᠠᠷᠤᠯᠳᠠ ᠶᠢᠨ ᠪᠠᠶᠢᠭᠤᠯᠤᠮᠵᠢ᠂ ᠤᠰᠤᠨ ᠤ ᠴᠢᠨᠠᠷ ᠢ ᠬᠡᠮᠵᠢᠨ ᠪᠠᠶᠢᠴᠠᠭᠠᠬᠤ | ᠲᠦᠪ ᠪᠤᠯᠤᠨ ᠢᠨᠵᠧᠨᠧᠷᠢᠭ ᠢ ᠬᠠᠮᠠᠭᠠᠯᠠᠵᠤ ᠵᠠᠰᠠᠬᠤ ᠰᠠᠭᠤᠷᠢ ᠮᠦᠩᠬᠦ ︽ᠭᠤᠷᠪᠠᠨ ᠲᠦᠷᠦᠯ ᠤᠨ ᠲᠤᠬᠳᠠᠯᠴᠠᠭ᠎ᠠ︾ | ᠶᠢ ᠨᠠᠶᠢᠳᠠᠪᠤᠷᠢᠵᠢᠭᠤᠯᠤᠨ᠎ᠠ᠃ ᠰᠢᠷᠠᠮᠦ᠋ᠷᠠᠨ ᠭᠤᠤᠯ ᠤᠨ ᠡᠮᠦᠨ᠎ᠠ ᠡᠷᠬᠢ ᠶᠢᠨ ᠠᠶᠤᠯᠳᠠᠢ ᠬᠡᠰᠡᠭ ᠢ ᠵᠠᠰᠠᠵᠤ | ᠬᠠᠮᠢᠶᠠᠷᠬᠤ᠂ ᠬᠠᠶᠢᠯᠠᠰᠤ ᠶᠢᠨ ᠤᠰᠤᠯᠠᠯᠳᠠ ᠶᠢᠨ ᠤᠷᠤᠨ ᠤ ᠵᠢᠷᠭᠠᠯ ᠤᠨ ᠭᠤᠤᠯ ᠤᠨ ᠤᠰᠤᠯᠠᠯᠳᠠ ᠶᠢᠨ ᠤᠷᠤᠨ ᠤ | ᠵᠠᠯᠭᠠᠨ ᠪᠠᠶᠢᠭᠤᠯᠬᠤ ᠲᠦᠬᠦᠷᠵᠢᠬᠦᠯᠬᠦ ᠪᠤᠯᠤᠨ ᠤᠰᠤ ᠠᠷᠪᠢᠯᠠᠬᠤ ᠦᠭᠡᠷᠠᠴᠢᠯᠠᠨ ᠪᠠᠶᠢᠭᠤᠯᠬᠤ ᠵᠠᠷᠭᠡ ᠢᠨᠵᠧᠨᠧᠷᠢᠭ ᠢ | ᠰᠠᠶᠢᠳᠤᠷ ᠬᠡᠷᠡᠭᠵᠢᠬᠦᠯᠦᠨ᠎ᠠ᠃ | 12. ᠠᠮᠢ ᠠᠬᠤᠢ ᠶᠢᠨ ᠤᠷᠴᠢᠨ ᠲᠤᠭᠤᠷᠢᠨ ᠢ ᠶᠠᠬᠡᠪᠠᠷ ᠰᠠᠶᠢᠵᠢᠷᠠᠭᠤᠯᠤᠨ᠎ᠠ᠃ ᠪᠡᠬᠡᠵᠢᠩ ᠲᠢᠶᠠᠨᠵᠢᠨ ᠤ | ᠡᠯᠡᠰᠤᠨ ᠤ ᠡᠬᠢ ᠶᠢ ᠵᠠᠰᠠᠵᠤ ᠬᠠᠮᠢᠶᠠᠷᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠭ ᠪᠤᠯᠤᠨ ᠬᠤᠷᠢᠬᠯᠠᠵᠤ | ᠬᠠᠮᠠᠭᠠᠯᠠᠬᠤ ᠤᠷᠤᠨ ᠤ ᠪᠠᠶᠢᠭᠤᠯᠤᠯᠳᠠ ᠶᠢ ᠲᠦᠷᠭᠡᠳᠭᠡᠵᠤ᠂ ᠮᠠᠩᠬ᠎ᠠ ᠶᠢ ᠰᠠᠷᠬᠡᠶᠢᠯᠠᠵᠤ ᠵᠠᠰᠠᠬᠤ ᠲᠤᠷᠰᠢᠯᠳᠠ ᠶᠢᠨ | ᠵᠢᠱᠢᠶ᠎ᠠ ᠦᠵᠠᠬᠦᠯᠬᠦ ᠤᠷᠤᠨ ᠤ ᠰᠢᠯᠢᠳᠡᠭ ᠢᠨᠵᠧᠨᠧᠷᠢᠭ ᠢ ᠪᠠᠶᠢᠭᠤᠯᠵᠤ᠂ ᠲᠤᠰ ᠵᠢᠯ ᠳᠤ 30 ᠲᠦᠮᠠᠨ ᠮᠤ᠋ ᠮᠠᠩᠬᠠᠨ | ᠭᠠᠵᠠᠷ ᠢ ᠶᠠᠷᠦᠩᠭᠡᠶᠢᠯᠠᠨ ᠵᠠᠰᠠᠵᠤ᠂ ᠭᠤᠤᠯᠳᠠᠯᠭ᠎ᠠ ᠲᠠᠢ ᠤᠷᠤᠨ ᠳᠤ 1.63 ᠲᠦᠮᠠᠨ ᠮᠤ᠋ ᠮᠤᠳᠤ ᠲᠠᠷᠢᠵᠤ | ᠨᠤᠭᠤᠭᠠᠷᠠᠭᠤᠯᠬᠤ ᠶᠢ ᠬᠡᠷᠡᠭᠵᠢᠬᠦᠯᠦᠨ᠎ᠠ᠃ ᠠᠨ ᠴᠢ ᠢᠰᠭᠡᠬᠦᠷ ᠤᠨ ᠵᠤᠤᠬ᠎ᠠ ᠶᠢ ᠬᠦᠬᠦᠷ ᠦᠭᠡᠶᠢᠳᠠᠬᠦᠯᠵᠤ | ᠲᠤᠭᠤᠰᠤ ᠦᠭᠡᠢ ᠪᠤᠯᠭᠠᠨ ᠦᠭᠡᠷᠡᠴᠢᠯᠠᠬᠦ᠂ ᠪᠤᠷᠤᠬᠤᠳᠠ ᠶᠢᠨ ᠪᠤᠵᠠᠷ ᠤᠰᠤ ᠶᠢ ᠰᠢᠢᠳᠪᠤᠷᠢᠯᠠᠬᠦ ᠤᠶᠢᠯᠠᠳᠪᠤᠷᠢ ᠶᠢᠨ | ᠲᠤᠮᠳᠠᠬᠢ ᠤᠰᠤ ᠶᠢ ᠲᠠᠬᠢᠨ ᠠᠰᠢᠬᠯᠠᠬᠤ ᠵᠠᠷᠭᠡ ᠪᠤᠬᠢᠷᠳᠤᠯ ᠢ ᠭᠠᠳᠠᠬᠰᠢᠯᠠᠭᠤᠯᠬᠤ ᠢᠨᠵᠧᠨᠧᠷᠢᠭ ᠤᠨ ᠪᠦᠳᠦᠭᠡᠨ | ᠪᠠᠶᠢᠭᠤᠯᠤᠯᠳᠠ ᠶᠢ ᠰᠠᠶᠢᠳᠤᠷ ᠠᠳᠬᠤᠵᠤ᠂ 10 ᠰᠠᠷ᠎ᠠ ᠶᠢᠨ ᠰᠠᠬᠦᠯᠴᠢ ᠠᠴᠠ ᠡᠮᠦᠨ᠎ᠠ ᠠᠰᠢᠬᠯᠠᠯᠳᠠ ᠳᠤ | ᠤᠷᠤᠭᠤᠯᠤᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢ ᠬᠠᠮᠢᠶᠠᠷᠬᠤ ᠲᠦᠷᠢᠮ ᠢ ᠬᠡᠷᠡᠭᠵᠢᠬᠦᠯᠵᠤ᠂ | ᠤᠰᠤ ᠵᠠᠷᠤᠬᠤ ᠬᠡᠮᠵᠢᠶ᠎ᠠ᠂ ᠤᠰᠤ ᠵᠠᠷᠤᠬᠤ ᠦᠷ᠎ᠡ ᠪᠦᠳᠦᠮᠵᠢ ᠪᠤᠯᠤᠨ ᠤᠰᠤᠨ ᠤ ᠴᠢᠳᠠᠪᠬᠢ ᠤᠷᠤᠨ ᠳᠤ ᠪᠤᠵᠠᠷ | ᠤᠰᠤ ᠶᠢ ᠤᠷᠤᠭᠤᠯᠬᠤ ᠶᠢ ᠬᠢᠵᠠᠭᠠᠷᠯᠠᠬᠤ ︽ᠭᠤᠷᠪᠠᠨ ᠵᠤᠷᠪᠤᠰ ᠤᠯᠠᠭᠠᠨ ᠱᠤᠭᠤᠮ︾ ᠢ ᠴᠢᠩᠭ᠎ᠠ ᠬᠡᠷᠡᠭᠵᠢᠬᠦᠯᠦᠨ᠎ᠠ | ᠃ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠬᠦᠯᠬᠦ ᠬᠦᠴᠦᠯᠠᠴᠠ ᠪᠠᠨ ᠨᠡᠮᠡᠭᠳᠡᠬᠦᠯᠵᠤ᠂ | ᠬᠠᠤᠯᠢ ᠪᠤᠰᠤ ᠪᠠᠷ ᠪᠤᠬᠢᠷᠳᠤᠯ ᠭᠠᠳᠠᠬᠰᠢᠯᠠᠭᠤᠯᠬᠤ᠂ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠬᠤ᠂ ᠬᠠᠤᠯᠢ ᠪᠤᠰᠤ | ᠪᠠᠷ ᠮᠠᠯ ᠬᠠᠷᠢᠭᠤᠯᠬᠤ᠂ ᠬᠠᠤᠯᠢ ᠪᠤᠰᠤ ᠪᠠᠷ ᠡᠰᠢ ᠰᠦᠷᠠᠯ ᠢ ᠰᠢᠳᠠᠭᠠᠬᠤ ᠵᠠᠷᠭᠡ ᠠᠮᠢ ᠠᠬᠤᠢ ᠶᠢᠨ ᠤᠷᠴᠢᠨ | ᠲᠤᠭᠤᠷᠢᠨ ᠢ ᠡᠪᠳᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ | ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠷᠠᠳ ᠲᠦᠮᠠᠨ ᠤ ᠠᠵᠠ | ᠵᠢᠷᠭᠠᠯ ᠢ ᠦᠷᠬᠦᠯᠵᠢᠯᠠᠨ ᠨᠡᠮᠡᠭᠳᠡᠬᠦᠯᠦᠨ᠎ᠠ | ᠤᠯᠠᠨ ᠲᠦᠮᠠᠨ ᠤ ᠬᠠᠮᠤᠭ ᠠᠴᠠ ᠠᠩᠬᠠᠷᠴᠤ ᠪᠠᠶᠢᠬᠤ᠂ ᠬᠠᠮᠤᠭ ᠰᠢᠭᠤᠳ᠂ ᠬᠠᠮᠤᠭ ᠪᠤᠳᠠᠳᠠᠢ ᠠᠰᠢᠭ | ᠲᠤᠰᠠ ᠶᠢᠨ ᠠᠰᠠᠭᠤᠳᠠᠯ ᠢ ᠦᠨᠠᠩᠬᠦ ᠰᠢᠢᠳᠪᠤᠷᠢᠯᠠᠵᠤ᠂ ᠦᠭᠡᠷᠡᠴᠢᠯᠠᠯᠳᠠ ᠬᠦᠭᠵᠢᠯᠳᠠ ᠶᠢᠨ ᠦᠷ᠎ᠡ ᠪᠦᠳᠦᠮᠵᠢ ᠶᠢ | ᠤᠯᠠᠨ ᠲᠦᠮᠠᠨ ᠳᠤ ᠬᠠᠮᠳᠤ ᠪᠠᠷ ᠡᠳ᠋ᠯᠠᠬᠦᠯᠦᠨᠠ᠃ | 13. ᠠᠷᠠᠳ ᠲᠦᠮᠠᠨ ᠳᠤ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠬᠢᠨ᠎ᠠ᠃ ᠪᠦᠬᠦ ᠬᠤᠰᠢᠭᠤᠨ | ᠳᠤ 10 ᠲᠤᠮᠳᠠᠳᠤ ᠰᠤᠷᠭᠠᠭᠤᠯᠢ᠂ 40 ᠪᠦᠷᠢᠨ ᠪᠠᠭ᠎ᠠ ᠰᠤᠷᠭᠠᠭᠤᠯᠢ᠂ 40 ᠵᠢᠭᠠᠨ ᠰᠤᠷᠭᠠᠬᠤ ᠴᠢᠭ ᠳᠠᠬᠢ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠩᠴᠠᠬᠦᠷᠢ ᠲᠠᠢ ᠬᠦᠭᠵᠢᠬᠦ ᠠᠵᠢᠯ ᠢ ᠡᠬᠢᠯᠠᠬᠦᠯᠦᠨ᠎ᠠ᠃ ᠪᠤᠷᠤᠬᠤᠳᠠ | ᠶᠢᠨ ᠬᠤᠶᠠᠳᠤᠭᠠᠷ ᠬᠡᠦᠭᠡᠳ ᠤᠨ ᠴᠡᠴᠡᠷᠯᠢᠭ᠂ ᠦ᠋ ᠹᠧᠨ ᠳ᠋ᠢ ᠪᠠᠯᠭᠠᠰᠤᠨ ᠤ ᠪᠠᠷᠢᠮᠵᠢᠶᠠᠯᠠᠬᠰᠠᠨ ᠵᠢᠱᠢᠶ᠎ᠠ ᠦᠵᠠᠬᠦᠯᠬᠦ | ᠬᠡᠦᠭᠡᠳ ᠤᠨ ᠴᠡᠴᠡᠷᠯᠢᠭ ᠪᠤᠯᠤᠨ ᠬᠡᠷᠰᠠᠩ ᠰᠤᠮᠤ ᠶᠢᠨ ᠬᠦᠰᠠᠯᠳᠠᠢ ᠬᠡᠦᠭᠡᠳ ᠤᠨ ᠴᠡᠴᠡᠷᠯᠢᠭ ᠢ ᠡᠬᠢᠯᠠᠨ | ᠪᠠᠶᠢᠭᠤᠯᠤᠨ᠎ᠠ᠃ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ᠂ ᠪᠤᠷᠤᠬᠤᠳᠠ ᠶᠢᠨ ᠲᠤᠷᠰᠢᠯᠳᠠ ᠶᠢᠨ ᠪᠠᠭ᠎ᠠ | ᠰᠤᠷᠭᠠᠭᠤᠯᠢ ᠶᠢ ᠰᠢᠯᠵᠢᠬᠦᠯᠦᠨ ᠪᠠᠶᠢᠭᠤᠯᠬᠤ ᠲᠦᠷᠦᠯ ᠵᠦᠢᠯ ᠢ ᠲᠠᠭᠤᠰᠬᠠᠵᠤ᠂ 9 ᠰᠠᠷ᠎ᠠ ᠶᠢᠨ 1 ᠤ ᠡᠳᠦᠷ ᠠᠴᠠ | ᠡᠮᠦᠨ᠎ᠠ ᠪᠠᠭᠰᠢ ᠰᠤᠷᠤᠬᠴᠢ ᠬᠠᠮᠳᠤ ᠳᠠᠭᠠᠨ ᠰᠢᠨ᠎ᠠ ᠰᠤᠷᠭᠠᠭᠤᠯᠢ ᠳᠠᠭᠠᠨ ᠨᠠᠬᠦᠨ ᠤᠷᠤᠬᠤ ᠶᠢ ᠪᠠᠶᠠᠯᠠᠬᠦᠯᠦᠨ᠎ᠠ᠃ | ᠪᠠᠭᠰᠢ ᠶᠢᠨ ᠡᠩᠨᠠᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠤᠤᠷ ᠴᠢᠨᠠᠷ ᠢ ᠴᠢᠷᠮᠠᠶᠢᠨ | ᠲᠠᠭᠡᠭᠰᠢᠯᠠᠬᠦᠯᠦᠨ᠎ᠠ᠂ ᠪᠠᠭᠰᠢ ᠨᠦᠬᠦᠪᠤᠷᠢᠯᠠᠬᠦ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ | ᠮᠠᠯᠵᠢᠬᠤ ᠤᠷᠤᠨ ᠤ ᠲᠤᠳᠠᠬᠳᠠᠵᠤ ᠪᠠᠶᠢᠭ᠎ᠠ ᠬᠢᠴᠢᠶᠠᠯ ᠲᠦᠷᠦᠯ ᠤᠨ ᠪᠠᠭᠰᠢ ᠶᠢ 150 ᠬᠦᠮᠦᠨ ᠡᠯᠰᠡᠨ᠎ᠠ᠃ | ᠲᠠᠭᠡᠳᠤ ᠲᠤᠮᠳᠠᠳᠤ ᠶᠢᠨ ᠰᠤᠷᠭᠠᠨ ᠬᠦᠮᠦᠵᠢᠯ᠂ ᠰᠤᠷᠭᠠᠨ ᠬᠦᠮᠦᠵᠢᠯ ᠢ ᠴᠢᠩᠭ᠎ᠠ ᠠᠳᠬᠤᠵᠤ᠂ ᠦᠵᠠᠯᠳᠠ ᠪᠠᠨ | ᠰᠢᠨᠠᠴᠢᠯᠠᠵᠤ᠂ ᠬᠠᠮᠢᠶᠠᠷᠤᠯᠳᠠ ᠪᠠᠨ ᠴᠢᠩᠭᠠᠳᠬᠠᠵᠤ᠂ ᠵᠢᠭᠠᠨ ᠰᠤᠷᠭᠠᠬᠤ ᠶᠠᠰᠤ ᠴᠢᠨᠠᠷ ᠢ ᠦᠨᠠᠩᠬᠦ | ᠲᠠᠭᠡᠭᠰᠢᠯᠠᠬᠦᠯᠦᠨ᠎ᠠ᠃ ᠪᠡᠬᠡᠵᠢᠩ ᠤᠨ ᠲᠦᠩᠵᠸᠤ ᠲᠤᠭᠤᠷᠢᠭ ᠤᠨ 17 ᠰᠠᠭᠤᠷᠢ ᠲᠤᠮᠳᠠᠳᠤ ᠪᠠᠭ᠎ᠠ ᠰᠤᠷᠭᠠᠭᠤᠯᠢ᠂ | ᠬᠡᠦᠭᠡᠳ ᠤᠨ ᠴᠡᠴᠡᠷᠯᠢᠭ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠡᠷᠬᠢᠯᠠᠬᠦ ᠲᠦᠪᠰᠢᠨ | ᠢᠶᠠᠨ ᠲᠠᠭᠡᠭᠰᠢᠯᠠᠬᠦᠯᠬᠦ ᠪᠠᠷ ᠴᠢᠷᠮᠠᠶᠢᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠦᠭᠡᠷᠠᠴᠢᠯᠠᠯᠳᠠ | ᠶᠢᠨ ᠠᠵᠢᠯ ᠢ ᠬᠦᠨᠵᠠᠬᠡᠢ ᠲᠦᠯᠬᠢᠨ ᠠᠬᠢᠭᠤᠯᠵᠤ᠂ ᠵᠠᠯᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠠᠨ ᠤ | ᠬᠦᠯ ᠪᠦᠮᠪᠦᠭᠡ ᠶᠢ ᠶᠠᠬᠡᠪᠠᠷ ᠲᠦᠭᠡᠮᠠᠯᠵᠢᠬᠦᠯᠵᠤ᠂ ᠪᠤᠷᠤᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠶᠢᠨ | ᠬᠦᠯ ᠪᠦᠮᠪᠦᠭᠡ ᠶᠢᠨ ᠪᠤᠯᠪᠠᠰᠤᠷᠠᠯ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ | ᠬᠡᠷᠡᠭᠵᠢᠬᠦᠯᠦᠨ᠎ᠠ᠃ | 14. ᠡᠷᠡᠬᠦᠯ ᠬᠠᠮᠠᠭᠠᠯᠠᠯ ᠲᠦᠯᠦᠪᠯᠠᠭᠡᠳᠤ ᠦᠷᠠᠵᠢᠯ ᠤᠨ ᠤᠶᠢᠯᠠᠴᠢᠯᠠᠭᠡᠨ ᠤ ᠲᠦᠪᠰᠢᠨ ᠢ | ᠲᠠᠭᠡᠭᠰᠢᠯᠠᠬᠦᠯᠦᠨ᠎ᠠ᠃ 2 ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠰᠢᠨ᠎ᠠ ᠪᠠᠷ | ᠪᠠᠶᠢᠭᠤᠯᠵᠤ᠂ 92 ᠰᠠᠭᠤᠷᠢ ᠨᠢᠭᠡ ᠴᠤᠬᠴᠠᠵᠢᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ | ᠦᠭᠡᠷᠡᠴᠢᠯᠠᠨ ᠰᠠᠶᠢᠵᠢᠷᠠᠭᠤᠯᠵᠤ᠂ ᠲᠤᠰ ᠵᠢᠯ ᠳᠤ ᠠᠰᠢᠬᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠰᠤᠮᠤ | ᠲᠤᠰᠬᠤᠨ ᠬᠤᠶᠠᠷ ᠲᠠᠰ ᠤᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠨ᠎ᠠ ᠡᠮᠴᠢᠯᠠᠭᠡᠨ ᠤ ᠲᠦᠬᠦᠭᠡᠷᠦᠮᠵᠢ ᠶᠢ | ᠰᠢᠨᠠᠳᠬᠡᠨ ᠲᠦᠬᠦᠷᠵᠢᠬᠦᠯᠵᠤ ᠦᠭᠬᠦᠨ᠎ᠠ᠃ ᠲᠸᠤ ᠫᠠᠶᠢᠽᠢ᠂ ᠵᠤᠸᠠᠩ ᠲᠸᠤ ᠢᠩᠽᠢ ᠵᠠᠷᠭᠡ 5 ᠡᠷᠡᠬᠦᠯ ᠬᠠᠮᠠᠭᠠᠯᠠᠯ | ᠤᠨ ᠬᠤᠷᠢᠶᠠᠨ ᠤ ᠲᠠᠭᠠᠭᠠᠴᠢᠯᠠᠵᠤ ᠡᠵᠡᠩᠨᠠᠬᠦ ᠡᠷᠭᠡ ᠶᠢ ᠬᠤᠷᠢᠶᠠᠨ ᠠᠪᠤᠨ᠎ᠠ᠃ ᠰᠢᠨ᠎ᠠ ᠬᠡᠯᠪᠠᠷᠢ ᠶᠢᠨ ᠬᠤᠷᠰᠢᠬᠰᠨᠨ | ᠡᠮᠨᠡᠯᠭᠡ ᠶᠢᠨ ᠰᠠᠭᠤᠷᠢ ᠮᠦᠩᠬᠦ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠱᠠᠳᠤ ᠬᠤᠪᠢᠶᠠᠵᠤ ᠤᠨᠤᠰᠢᠯᠠᠨ | ᠡᠮᠨᠠᠬᠦ ᠠᠵᠢᠯ ᠢ ᠲᠦᠯᠬᠢᠨ ᠠᠬᠢᠭᠤᠯᠵᠤ᠂ ᠬᠤᠷᠰᠢᠬᠰᠠᠨ ᠡᠮᠨᠠᠯᠭᠡ ᠳᠤ ᠤᠷᠤᠯᠴᠠᠬᠰᠠᠨ ᠡᠪᠡᠳᠴᠢᠳᠠᠨ ᠤ ᠡᠮᠨᠠᠯᠭᠡ ᠳᠤ | ᠰᠠᠭᠤᠬᠤ ᠪᠤᠳᠠᠳᠠᠢ ᠲᠠᠩᠰᠠᠨ ᠠᠴᠠ ᠲᠠᠶᠢᠯᠬᠤ ᠬᠠᠷᠢᠴᠠᠯ ᠢ ᠲᠠᠭᠡᠭᠰᠢᠯᠠᠬᠦᠯᠦᠨ᠎ᠠ᠃ ᠡᠮᠴᠢᠯᠠᠨ ᠵᠠᠰᠠᠬᠤ ᠡᠷᠡᠬᠦᠯ | ᠬᠠᠮᠠᠭᠠᠯᠠᠯ ᠤᠨ ᠲᠤᠰᠬᠠᠢ ᠮᠠᠷᠭᠡᠵᠢᠯᠳᠠᠨ ᠢ ᠦᠷᠬᠦᠯᠵᠢᠯᠠᠨ ᠲᠠᠳᠠᠨ ᠤᠷᠤᠭᠤᠯᠵᠤ᠂ ᠡᠷᠡᠬᠦᠯ ᠬᠠᠮᠠᠭᠠᠯᠠᠯ | ᠲᠦᠯᠦᠪᠯᠠᠭᠡᠳᠤ ᠦᠷᠠᠵᠢᠯ ᠤᠨ ᠠᠵᠢᠯᠯᠠᠬᠰᠠᠳ ᠢ 5000 ᠬᠦᠮᠦᠨ ᠤᠳᠠᠭ᠎ᠠ ᠪᠤᠯᠪᠠᠰᠤᠷᠠᠭᠤᠯᠤᠨ᠎ᠠ᠃ ᠡᠭᠡ ᠨᠢᠯᠬᠠᠰ | ᠤᠨ ᠡᠷᠡᠬᠦᠯ ᠬᠠᠮᠠᠭᠠᠯᠠᠯ ᠪᠤᠯᠤᠨ ᠲᠦᠯᠦᠪᠯᠠᠭᠡᠳᠤ ᠦᠷᠠᠵᠢᠯ ᠤᠨ ᠮᠠᠷᠭᠡᠵᠢᠯ ᠤᠨ ᠤᠶᠢᠯᠠᠴᠢᠯᠠᠭᠡᠨ ᠤ ᠪᠠᠶᠢᠭᠤᠯᠤᠮᠵᠢ ᠶᠢ | ᠨᠠᠶᠢᠯᠠᠬᠦᠯᠬᠦ ᠠᠵᠢᠯ ᠢ ᠡᠬᠢᠯᠠᠬᠦᠯᠦᠨ᠎ᠠ᠃ ︽ᠬᠤᠶᠠᠷ ᠬᠡᠦᠭᠡᠳ ᠠᠪᠴᠤ ᠪᠤᠯᠬᠤ︾ ᠲᠦᠷᠦ ᠶᠢᠨ ᠪᠤᠳᠤᠯᠭ᠎ᠠ ᠶᠢ | ᠰᠠᠶᠢᠳᠤᠷ ᠬᠡᠷᠡᠭᠵᠢᠬᠦᠯᠵᠤ᠂ ᠲᠦᠷᠦᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ ᠶᠠᠷᠦᠩᠭᠡᠶᠢᠯᠠᠨ | ᠵᠠᠰᠠᠬᠤ ᠬᠦᠴᠦᠯᠠᠴᠠ ᠶᠢ ᠨᠡᠮᠡᠭᠳᠡᠬᠦᠯᠦᠨ᠎ᠠ᠃ | 15. ᠨᠠᠶᠢᠭᠡᠮ ᠤᠨ ᠪᠠᠳᠤᠯᠠᠭ᠎ᠠ ᠶᠢᠨ ᠲᠤᠤᠷ ᠢ ᠪᠠᠳᠤ ᠪᠠᠶᠢᠭᠤᠯᠤᠨ᠎ᠠ᠃ ᠬᠠᠮᠤᠭ ᠲᠤᠤᠷ᠎ᠠ ᠠᠮᠢᠳᠤᠷᠠᠯ ᠤᠨ | ᠪᠠᠳᠤᠯᠠᠭ᠎ᠠ᠂ ᠤᠨᠴᠠᠭᠠᠢ ᠬᠦᠴᠢᠷᠳᠠᠢ ᠬᠦᠮᠦᠨ ᠢ ᠲᠠᠵᠢᠭᠡᠨ ᠠᠰᠠᠷᠠᠬᠤ᠂ ᠭᠠᠮᠰᠢᠭ ᠠᠴᠠ ᠠᠪᠤᠷᠠᠵᠤ ᠲᠠᠳᠬᠦᠬᠦ ᠵᠠᠷᠭᠡ | ᠠᠵᠢᠯ ᠢ ᠦᠷᠬᠦᠯᠵᠢᠯᠠᠨ ᠰᠠᠶᠢᠳᠤᠷ ᠬᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠢ ᠪᠦᠷᠬᠦᠭᠰᠡᠨ ᠨᠠᠶᠢᠭᠡᠮ ᠤᠨ | ᠲᠠᠭᠠᠳᠬᠠᠯ ᠤᠨ ᠲᠤᠬᠳᠠᠯᠴᠠᠭ᠎ᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠲᠠᠪᠬᠤᠷᠭ᠎ᠠ ᠲᠠᠢ᠂ ᠦᠷᠭᠡᠨ | ᠪᠦᠷᠬᠦᠭᠰᠡᠨ ᠨᠠᠶᠢᠭᠡᠮ ᠤᠨ ᠠᠪᠤᠷᠠᠵᠤ ᠲᠠᠮᠵᠢᠬᠦ ᠲᠤᠬᠳᠠᠯᠴᠠᠭ᠎ᠠ ᠶᠢ ᠪᠦᠬᠦ ᠬᠦᠴᠦᠨ ᠢᠶᠠᠷ ᠪᠠᠶᠢᠭᠤᠯᠤᠨ᠎ᠠ᠃ | ᠨᠠᠰᠤᠳᠠᠶᠢᠴᠤᠳ ᠢ ᠠᠰᠠᠷᠠᠨ ᠰᠤᠪᠢᠯᠠᠬᠤ ᠬᠦᠷᠢᠶᠠᠯᠠᠩ ᠪᠤᠯᠤᠨ ᠪᠤᠷᠤᠬᠤᠳᠠ ᠪᠠᠯᠭᠠᠰᠤ ᠶᠢᠨ ᠭᠤᠤᠯ ᠨᠠᠰᠤᠳᠠᠨ ᠢ | ᠠᠰᠠᠷᠠᠬᠤ ᠬᠦᠷᠢᠶᠠᠯᠠᠩ ᠤᠨ ᠪᠠᠶᠢᠭᠤᠯᠤᠯᠳᠠ ᠶᠢ ᠡᠬᠢᠯᠠᠬᠦᠯᠦᠨ᠎ᠠ᠃ ᠨᠠᠶᠢᠳᠠ ᠶᠢᠨ ᠲᠦᠷᠢᠶᠠᠰᠤᠯᠠᠵᠤ ᠰᠠᠭᠤᠬᠤ ᠬᠡᠷ ᠢ | 180 ᠢᠵᠢ ᠬᠤᠳᠠᠯᠳᠤᠨ ᠠᠪᠴᠤ᠂ ᠪᠠᠶᠢᠰᠢᠩ ᠬᠡᠷ ᠤᠨ ᠲᠤᠭᠤᠷᠢᠭ ᠤᠨ 100 ᠡᠷᠦᠭᠡ ᠶᠢ ᠦᠭᠡᠷᠡᠴᠢᠯᠠᠨ | ᠪᠠᠶᠢᠭᠤᠯᠤᠨ᠎ᠠ᠃ ᠨᠠᠶᠢᠳᠠ ᠶᠢᠨ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠲᠤᠰᠢᠶᠠᠨ | ᠬᠠᠳᠠᠭᠠᠯᠠᠬᠤ ᠪᠦᠷᠬᠦᠴᠠ ᠶᠢ ᠦᠷᠭᠡᠳᠭᠡᠵᠤ᠂ ᠰᠠᠭᠤᠭᠠᠯᠢ ᠠᠷᠠᠳ ᠤᠨ ᠬᠡᠷ ᠬᠤᠳᠠᠯᠳᠤᠨ ᠠᠪᠬᠤ ᠬᠡᠷᠡᠭᠯᠡᠭᠡᠨ ᠤ | ᠴᠢᠳᠠᠯ ᠢ ᠲᠠᠭᠡᠭᠰᠢᠯᠠᠬᠦᠯᠦᠨ᠎ᠠ᠃ ᠠᠵᠢᠯ ᠤᠯᠬᠤ ᠤᠶᠢᠯᠠᠰ ᠪᠦᠳᠦᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠵᠤ᠂ ᠬᠤᠳᠠ ᠪᠠᠯᠭᠠᠰᠤᠨ ᠤ ᠪᠦᠬᠦ ᠵᠢᠯ ᠤᠨ ᠠᠵᠢᠯ ᠤᠯᠭᠤᠬᠰᠠᠳ ᠢ ᠰᠢᠨ᠎ᠠ ᠪᠠᠷ 1700 ᠬᠦᠮᠦᠨ | ᠨᠠᠮᠡᠭᠳᠡᠬᠦᠯᠵᠤ᠂ ᠨᠠᠶᠢᠳᠠ ᠶᠢᠨ ᠠᠰᠠᠷᠠᠮᠵᠢ ᠶᠢᠨ ᠴᠢᠨᠠᠷ ᠲᠠᠢ ᠪᠠᠶᠢᠷᠢ ᠶᠢ ᠰᠢᠨ᠎ᠠ ᠪᠠᠷ ᠨᠡᠬᠡᠬᠡᠵᠤ᠂ ᠠᠵᠢᠯ ᠤᠯᠬᠤ ᠳᠤ | ᠬᠦᠴᠢᠷᠳᠠᠢ 200 ᠬᠦᠮᠦᠨ ᠳᠤ ᠠᠵᠢᠯ ᠤᠯᠭᠤᠵᠤ᠂ ᠤᠶᠢᠯᠠᠰ ᠪᠦᠳᠦᠭᠡᠬᠦ ᠪᠠᠷ ᠲᠠᠭᠠᠭᠤᠯᠵᠤ 1000 ᠠᠴᠠ | ᠲᠠᠭᠡᠭᠰᠢ ᠬᠦᠮᠦᠨ ᠳᠤ ᠠᠵᠢᠯ ᠤᠯᠭᠤᠨ᠎ᠠ᠃ ᠤᠯᠠᠭᠠᠠᠮᠦ᠋ᠴᠢᠷ ᠤᠨ ᠦᠨᠳᠤᠰᠤᠳᠠᠨ ᠤ ᠰᠤᠶᠤᠯ ᠪᠤᠯᠪᠠᠰᠤᠷᠠᠯ ᠤᠨ | ᠲᠤᠰᠬᠠᠢ ᠪᠦᠯᠬᠦᠮ ᠤᠨ ᠤᠶᠢᠯᠠᠳᠤᠯ ᠢ ᠪᠠᠳᠠᠷᠠᠭᠤᠯᠵᠤ᠂ ᠰᠤᠶᠤᠯ ᠪᠤᠯᠪᠠᠰᠤᠷᠠᠯ ᠬᠦᠳᠡᠭᠡ ᠳᠤ ᠬᠦᠷᠬᠦ ᠶᠢ ᠲᠦᠯᠬᠢᠨ | ᠠᠬᠢᠭᠤᠯᠵᠤ᠂ ᠤᠯᠠᠨ ᠲᠦᠮᠠᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠪᠦᠬᠦ ᠠᠷᠠᠳ ᠤᠨ ᠪᠠᠶ᠎ᠠ | ᠪᠤᠯᠪᠠᠰᠤᠷᠠᠬᠤ ᠲᠦᠯᠦᠪᠯᠡᠭᠡ ᠶᠢ ᠰᠠᠶᠢᠳᠤᠷ ᠬᠡᠷᠡᠭᠵᠢᠬᠦᠯᠵᠤ᠂ ᠪᠦᠬᠦ ᠠᠷᠠᠳ ᠤᠨ ᠪᠠᠶ᠎ᠠ ᠪᠤᠯᠪᠠᠰᠤᠷᠠᠬᠤ ᠲᠠᠮᠢᠷ ᠤᠨ | ᠬᠦᠳᠡᠯᠭᠡᠭᠡᠨ ᠢ ᠦᠷᠨᠢᠬᠦᠯᠦᠨ᠎ᠠ᠃ | ︵ᠵᠢᠷᠭᠤᠭ᠎ᠠ︶ ᠦᠭᠡᠷᠠᠴᠢᠯᠠᠯᠳᠠ ᠰᠢᠨᠠᠴᠢᠯᠠᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠲᠤᠳᠤᠭᠠᠳᠤ ᠬᠦᠳᠠᠯᠭᠡᠬᠦ ᠬᠦᠴᠦᠨ ᠪᠤᠯᠤᠨ ᠬᠦᠭᠵᠢᠯᠳᠠ ᠶᠢᠨ ᠢᠳᠡᠪᠬᠢᠵᠢᠯ ᠢ ᠨᠠᠮᠡᠭᠳᠡᠬᠦᠯᠦᠨ᠎ᠠ | ᠲᠦᠷᠦ ᠶᠢᠨ ᠪᠤᠳᠤᠯᠭ᠎ᠠ ᠶᠢᠨ ᠲᠠᠪᠠᠭᠤᠯᠢᠭ ᠲᠠᠯ᠎ᠠ ᠪᠠᠷ ᠬᠦᠳᠡᠯᠭᠡᠭᠡᠴᠢ ᠬᠦᠴᠦᠨ ᠪᠤᠯᠭᠠᠨ᠂ ᠦᠭᠡᠷᠡᠴᠢᠯᠠᠯᠳᠠ ᠶᠢ | ᠬᠦᠨᠵᠡᠭᠡᠶᠢᠷᠠᠬᠦᠯᠬᠦ ᠶᠢ ᠪᠠᠷᠢᠮᠳᠠᠯᠠᠵᠤ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠵᠠᠩᠬᠢᠯᠭ᠎ᠠ ᠶᠢᠨ ᠭᠤᠬᠴᠤᠭ᠎ᠠ ᠳᠤ | ᠰᠢᠨ᠎ᠠ ᠰᠢᠪᠳᠤᠯᠤᠯᠳᠠ ᠤᠯᠬᠤ ᠪᠠᠷ ᠴᠢᠷᠮᠠᠶᠢᠨ᠎ᠠ᠃ | 16. ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠦᠭᠡᠷᠠᠴᠢᠯᠠᠯᠳᠠ ᠶᠢ ᠰᠠᠶᠢᠳᠤᠷ ᠠᠳᠬᠤᠨ᠎ᠠ᠃ ᠵᠠᠰᠠᠭ | ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ ᠦᠭᠡᠷᠡᠴᠢᠯᠠᠯᠳᠠ ᠶᠢ ᠤᠯᠠᠮ ᠨᠢᠭᠡ ᠠᠯᠬᠤᠮ ᠬᠦᠨᠵᠡᠭᠡᠶᠢᠷᠠᠬᠦᠯᠵᠤ᠂ | ᠵᠠᠰᠠᠭ ᠤᠨ ᠤᠷᠳᠤᠨ ᠤ ᠡᠷᠭᠡ ᠶᠢ ᠰᠢᠰᠲ᠋ᠧᠮ ᠲᠠᠢ ᠪᠠᠷ ᠡᠮᠬᠢᠯᠠᠨ ᠲᠢᠭᠯᠡᠵᠤ᠂ 6 ᠰᠠᠷ᠎ᠠ ᠶᠢᠨ ᠰᠠᠬᠦᠯᠴᠢ ᠠᠴᠠ | ᠡᠮᠦᠨ᠎ᠠ ᠬᠠᠷᠢᠭᠤᠴᠠᠯᠭ᠎ᠠ ᠶᠢᠨ ᠨᠠᠷᠢᠨ ᠲᠠᠩᠰᠠ᠂ ︽ᠤᠷᠢᠳᠠᠪᠠᠷ ᠦᠨᠠᠮᠯᠠᠯ ᠢᠶᠠᠨ ᠠᠪᠴᠤ ᠲᠠᠷᠠᠭ᠎ᠠ ᠨᠢ ᠭᠠᠷᠳᠠᠮ | ᠬᠦᠢᠴᠠᠳᠭᠡᠬᠦ︾ ᠦᠭᠡᠷᠠᠴᠢᠯᠠᠯᠳᠠ ᠶᠢ ᠬᠦᠨᠵᠡᠭᠡᠶᠢᠷᠠᠬᠦᠯᠵᠤ᠂ ᠵᠢᠯ ᠤᠨ ᠲᠤᠳᠤᠷ᠎ᠠ ︽ᠤᠯᠠᠨ ᠦᠨᠠᠮᠯᠠᠯ ᠢ ᠨᠢᠭᠡᠳᠭᠡᠵᠤ | ᠨᠢᠭᠡ ᠦᠨᠠᠮᠯᠠᠯ ᠨᠢᠭᠡ ᠲᠡᠮᠳᠡᠭ︾ ᠢ ᠪᠠᠶᠠᠯᠠᠬᠦᠯᠦᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠠᠴᠢᠯᠠᠯᠳᠠ ᠶᠢ ᠲᠦᠯᠬᠢᠨ ᠠᠬᠢᠭᠤᠯᠵᠤ᠂ ᠵᠠᠬ᠎ᠠ ᠲᠠᠯᠬᠡᠬᠦᠷ ᠤᠨ ᠭᠤᠤᠯ ᠴᠤᠬᠴᠠ ᠶᠢ ᠲᠠᠩᠰᠠᠯᠠᠵᠤ ᠲᠡᠮᠳᠡᠭᠯᠠᠬᠦ | ᠠᠵᠢᠯ ᠢ ᠡᠯᠧᠺᠲᠷᠤᠨᠵᠢᠬᠦᠯᠬᠦ ᠶᠢ ᠦᠷᠨᠢᠬᠦᠯᠵᠤ᠂ ᠵᠢᠯ ᠤᠨ ᠰᠠᠬᠦᠯᠴᠢ ᠠᠴᠠ ᠡᠮᠦᠨ᠎ᠠ ᠡᠵᠡᠩᠨᠠᠯᠳᠠ ᠶᠢᠨ ᠦᠨᠠᠮᠯᠠᠯ ᠢ | ᠰᠥᠯᠵᠢᠶᠠᠨ ᠲᠠᠭᠡᠷ᠎ᠡ ᠤᠷᠢᠳᠴᠢᠯᠠᠨ ᠬᠢᠨᠠᠵᠤ ᠲᠠᠮᠳᠡᠭᠯᠠᠬᠦ ᠶᠢ ᠪᠠᠶᠠᠯᠠᠬᠦᠯᠦᠨ᠎ᠠ᠃ ᠭᠠᠴᠠᠭ᠎ᠠ ᠲᠤᠰᠬᠤᠨ ᠤ ᠲᠦᠬᠦᠮ | ᠦᠵᠠᠬᠦᠯᠬᠦ ᠤᠶᠢᠯᠠᠴᠢᠯᠠᠭᠡᠨ ᠤ ᠴᠢᠭ ᠤᠨ ᠪᠠᠷᠢᠮᠵᠢᠶᠠᠵᠢᠬᠰᠠᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ | ᠲᠦᠬᠦᠮ ᠦᠵᠠᠬᠦᠯᠬᠦ ᠤᠶᠢᠯᠠᠴᠢᠯᠠᠭᠡᠨ ᠤ ᠶᠠᠪᠤᠳᠠᠯ ᠢ ᠲᠤᠰᠬᠤᠨ᠂ ᠲᠤᠭᠤᠶᠢᠯᠠᠩ ᠤᠷᠤᠯᠠᠨ ᠡᠷᠬᠢᠯᠠᠬᠦ᠂ ᠰᠦᠯᠵᠢᠶᠠᠨ | ᠲᠠᠭᠡᠷ᠎ᠡ ᠬᠢᠨᠠᠨ ᠵᠦᠪᠰᠢᠶᠠᠷᠠᠬᠦ ᠶᠢ ᠲᠦᠷᠭᠡᠳᠭᠡᠨ᠎ᠠ᠃ ᠨᠠᠶᠢᠳᠠ ᠶᠢᠨ ᠡᠬᠢ ᠪᠠᠶᠠᠯᠢᠭ ᠰᠤᠯᠢᠯᠴᠠᠬᠤ ᠲᠠᠪᠴᠠᠩ ᠤᠨ | ᠦᠭᠡᠷᠡᠴᠢᠯᠠᠯᠳᠠ ᠶᠢ ᠡᠬᠢᠯᠠᠬᠦᠯᠵᠤ᠂ ᠲᠠᠭᠡᠳᠤ ᠱᠠᠳᠤᠨ ᠤ ᠱᠠᠭᠠᠷᠳᠠᠯᠭ᠎ᠠ ᠶᠤᠰᠤᠭᠠᠷ ᠨᠠᠶᠢᠯᠠᠬᠦᠯᠬᠦ ᠡᠬᠦᠷᠭᠡ ᠶᠢ | ᠪᠠᠶᠠᠯᠠᠬᠦᠯᠦᠨ᠎ᠠ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠲᠦᠯᠬᠢᠨ ᠠᠬᠢᠭᠤᠯᠵᠤ | ᠂ ᠭᠠᠵᠠᠷ ᠤᠷᠤᠨ ᠤ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠬᠦᠢᠴᠡᠳᠭᠡᠯ ᠢ ᠢᠯᠠ ᠪᠤᠯᠭᠠᠬᠤ ᠶᠢ | ᠬᠡᠷᠡᠭᠵᠢᠬᠦᠯᠵᠤ᠂ ᠡᠳ᠋ ᠤᠨ ᠵᠠᠰᠠᠭ ᠤᠨ ᠲᠦᠰᠦᠪ ᠨᠡᠮᠠᠬᠦ ᠲᠦᠷᠢᠮ ᠢ ᠬᠠᠤᠯᠢ ᠶᠤᠰᠤ ᠪᠠᠷ ᠲᠠᠬᠦᠯᠳᠠᠷᠵᠢᠬᠦᠯᠵᠤ᠂ ᠡᠳ᠋ | ᠤᠨ ᠵᠠᠰᠠᠭ ᠤᠨ ᠪᠠᠯᠠ ᠮᠦᠩᠬᠦ ᠶᠢᠨ ᠬᠡᠷᠡᠭᠯᠡᠭᠡᠨ ᠤ ᠦᠷ᠎ᠡ ᠠᠰᠢᠭ ᠢ ᠨᠠᠮᠡᠭᠳᠡᠬᠦᠯᠦᠨ᠎ᠠ᠃ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶ᠎ᠠ ᠪᠠ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠠᠴᠢᠯᠠᠯᠳᠠ | ᠶᠢ ᠦᠷᠬᠦᠯᠵᠢᠯᠠᠨ ᠬᠦᠨᠵᠡᠭᠡᠶᠢᠷᠠᠬᠦᠯᠵᠤ᠂ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠶᠢᠨ | ᠦᠭᠡᠷᠠᠴᠢᠯᠠᠯᠳᠠ ᠶᠢ ᠯᠠᠪᠳᠠᠭᠤᠨ ᠢᠶᠠᠷ ᠬᠡᠷᠡᠭᠵᠢᠬᠦᠯᠦᠨ᠎ᠠ᠃ 6 ᠰᠠᠷ᠎ᠠ ᠶᠢᠨ ᠰᠠᠬᠦᠯᠴᠢ ᠠᠴᠠ ᠡᠮᠦᠨ᠎ᠠ ᠠᠯᠪᠠᠨ ᠤ | ᠲᠠᠷᠭᠡ ᠬᠡᠷᠡᠭᠯᠠᠬᠦ ᠦᠭᠡᠷᠠᠴᠢᠯᠠᠯᠳᠠ ᠶᠢ ᠲᠠᠭᠤᠰᠬᠠᠨ᠎ᠠ᠃ ᠨᠤᠳᠤᠭ ᠪᠠᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ | ᠲᠤᠬᠳᠠᠭᠠᠬᠤ ᠠᠵᠢᠯ ᠢ ᠪᠦᠬᠦ ᠲᠠᠯ᠎ᠠ ᠪᠠᠷ ᠡᠬᠢᠯᠠᠵᠤ ᠨᠤᠳᠤᠭ ᠪᠠᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠨᠤᠳᠠᠯᠠᠬᠤ | ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ ᠡᠯ᠎ᠡ ᠲᠦᠷᠦᠯ ᠤᠨ ᠠᠵᠢᠯ | ᠡᠬᠦᠷᠭᠡ ᠪᠠᠨ ᠪᠠᠶᠠᠯᠠᠬᠦᠯᠦᠨ᠎ᠠ᠃ ᠲᠤᠬᠳᠠᠮᠠᠯ ᠬᠦᠷᠦᠩᠭᠡ ᠲᠠᠩᠰᠠᠯᠠᠬᠤ ᠠᠵᠢᠯᠳᠠᠨ᠂ ᠪᠠᠶᠢᠭᠤᠯᠤᠮᠵᠢ ᠶᠢᠨ ᠨᠠᠶᠢᠯᠠᠬᠦ | ᠠᠵᠢᠯ ᠢ ᠰᠠᠶᠢᠳᠤᠷ ᠬᠢᠵᠤ᠂ ᠵᠢᠯ ᠤᠨ ᠲᠤᠳᠤᠷ᠎ᠠ ᠲᠤᠬᠳᠠᠮᠠᠯ ᠬᠦᠷᠦᠩᠭᠡ ᠶᠢ ᠨᠢᠭᠡᠳᠦᠯᠳᠠᠢ ᠲᠠᠩᠰᠠᠯᠠᠨ ᠲᠡᠮᠳᠡᠭᠯᠠᠬᠦ ᠶᠢ | ᠪᠠᠶᠠᠯᠠᠬᠦᠯᠦᠨ᠎ᠠ᠃ | 17. ᠭᠠᠳᠠᠬᠰᠢ ᠴᠢᠯᠦᠭᠡᠳᠠᠢ ᠶᠠᠪᠤᠯᠴᠠᠬᠤ ᠠᠯᠬᠤᠴᠠ ᠪᠠᠨ ᠲᠦᠷᠭᠡᠳᠭᠡᠨ᠎ᠠ᠃ ᠮᠤᠵᠢ ᠶᠢᠨ ᠲᠠᠰ ᠤᠨ | ᠲᠠᠷᠤᠭ᠎ᠠ ᠺᠠᠳ᠋ᠷᠴᠤᠳ ᠤᠨ ᠶᠠᠳᠠᠭᠤ ᠬᠦᠴᠢᠷᠳᠠᠢ ᠰᠢᠶᠠᠨ ᠲᠠᠢ ᠬᠠᠷᠢᠯᠴᠠᠬᠤ᠂ ᠪᠡᠬᠡᠵᠢᠩ ᠦᠪᠤᠷ ᠮᠤᠩᠭᠤᠯ ᠤᠨ | ᠠᠵᠢᠯ ᠲᠦᠷᠦᠯ ᠨᠢᠭᠡᠳᠡᠢ ᠪᠠᠷ ᠬᠠᠪᠰᠤᠷᠤᠯᠴᠠᠵᠤ ᠬᠠᠮᠳᠤᠷᠠᠨ ᠠᠵᠢᠯᠯᠠᠬᠤ ᠠᠰᠢᠬᠳᠠᠢ ᠲᠤᠬᠢᠶᠠᠯ ᠢ ᠪᠠᠳᠤ ᠡᠵᠡᠮᠰᠢᠨ᠂ | ᠪᠡᠬᠡᠵᠢᠩ ᠲᠢᠶᠠᠨᠵᠢᠨ ᠡᠾᠧᠪᠸᠢ ᠶᠢᠨ ᠨᠢᠭᠡ ᠴᠤᠬᠴᠠᠵᠢᠬᠰᠠᠨ ᠬᠦᠭᠵᠢᠯᠳᠠ ᠲᠠᠢ ᠨᠠᠶᠢᠯᠠᠬᠦ ᠶᠢ ᠲᠦᠷᠭᠡᠳᠭᠡᠨ᠎ᠠ᠃ | ᠲᠤᠰᠬᠠᠢ ᠪᠠ ᠲᠤᠰᠢᠶᠠᠯ ᠬᠠᠪᠰᠤᠷᠭᠠᠬᠤ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠵᠤ᠂ ᠲᠤᠬᠳᠠᠬᠰᠠᠨ | ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠵᠢᠯ ᠲᠦᠷᠦᠯ | ᠨᠢᠭᠡᠳᠡᠢ ᠪᠠᠷ ᠠᠷᠠᠯᠵᠢᠶᠠᠴᠢᠨ ᠤᠷᠢᠬᠤ ᠵᠠᠷᠭᠡ ᠠᠷᠭ᠎ᠠ ᠬᠡᠯᠪᠠᠷᠢ ᠶᠢ ᠬᠡᠷᠡᠭᠯᠠᠵᠤ᠂ ᠮᠠᠯ ᠲᠠᠷᠢᠶᠠᠯᠠᠩ ᠤᠨ | ᠪᠦᠳᠦᠭᠡᠭᠳᠡᠬᠦᠨ ᠢ ᠪᠤᠯᠪᠠᠰᠤᠷᠠᠭᠤᠯᠬᠤ᠂ ᠰᠢᠨ᠎ᠠ ᠡᠨᠧᠷᠬᠢ ᠵᠠᠷᠭᠡ ᠭᠤᠤᠯᠯᠠᠬᠴᠢ ᠠᠵᠤ ᠤᠶᠢᠯᠠᠰ ᠤᠨ ᠲᠤᠭᠤᠷᠢᠨ ᠳᠤ | ᠠᠵᠤ ᠤᠶᠢᠯᠠᠰ ᠤᠨ ᠰᠢᠯᠵᠢᠯᠳᠠ ᠶᠢ ᠢᠳᠡᠪᠬᠢᠳᠠᠢ ᠵᠠᠯᠭᠠᠨ ᠠᠪᠴᠤ᠂ ᠲᠦᠪ ᠤᠨ ᠠᠵᠤ ᠠᠬᠤᠶᠢᠯᠠᠯ᠂ ᠠᠵᠢᠯ | ᠲᠦᠷᠦᠯ ᠤᠨ ᠭᠤᠤᠯᠯᠠᠬᠴᠢ ᠠᠵᠤ ᠠᠬᠤᠶᠢᠯᠠᠯ ᠢ ᠤᠷᠤᠭᠤᠯᠬᠤ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠬᠤ ᠪᠠᠷ | ᠴᠢᠷᠮᠠᠶᠢᠨ᠎ᠠ᠃ ᠪᠡᠬᠡᠵᠢᠩ ᠲᠢᠶᠠᠨᠵᠢᠨ ᠵᠠᠷᠭᠡ ᠭᠠᠵᠠᠷ ᠤᠷᠤᠨ ᠤ ᠲᠠᠷᠢᠶᠠᠯᠠᠩ ᠤᠨ ᠬᠡᠳᠤ ᠲᠠᠯᠭᠡᠬᠦᠷ ᠲᠠᠢ ᠵᠠᠯᠭᠠᠯᠳᠤᠬᠤ | ᠶᠢ ᠴᠢᠩᠭᠠᠳᠬᠠᠵᠤ᠂ ᠪᠡᠬᠡᠵᠢᠩ ᠲᠢᠶᠠᠨᠵᠢᠨ ᠳᠤ ᠬᠠᠨᠳᠤᠭᠤᠯᠤᠬᠰᠠᠨ ᠨᠤᠭᠤᠭᠠᠨ ᠰᠠᠬᠰᠤ᠂ ᠪᠤᠳᠠᠭᠠᠨ ᠤᠭᠤᠳᠠ ᠶᠢ | ᠪᠠᠶᠢᠭᠤᠯᠤᠨ᠎ᠠ᠃ ᠡᠯᠧᠺᠲᠷᠤᠨ ᠬᠤᠳᠠᠯᠳᠤᠭ᠎ᠠ᠂ ︽ᠶᠠᠰᠤ ᠴᠢᠨᠠᠷ ᠤᠯᠠᠭᠠᠨᠬᠠᠳᠠ᠂ ᠤᠩᠨᠢᠭᠤᠳ︾ ᠵᠠᠷᠭᠡ ᠲᠠᠪᠴᠠᠩ | ᠢ ᠠᠰᠢᠬᠯᠠᠵᠤ᠂ ᠲᠠᠪᠠᠭᠤᠯᠢᠭ ᠤᠨᠴᠠᠯᠢᠭ ᠲᠠᠢ ᠲᠠᠷᠢᠶᠠᠯᠠᠩ ᠮᠠᠯᠵᠢᠯ ᠤᠨ ᠪᠦᠳᠦᠭᠡᠭᠳᠡᠬᠦᠨ ᠢ ᠭᠠᠳᠠᠷ ᠤᠷᠤᠨ ᠤ ᠵᠠᠬ᠎ᠠ | ᠲᠠᠯᠭᠡᠬᠦᠷ ᠲᠤ ᠲᠦᠯᠬᠢᠨ ᠬᠠᠨᠳᠤᠭᠤᠯᠤᠨ᠎ᠠ᠃ ᠡᠵᠡᠩᠨᠠᠯᠳᠠ ᠶᠢᠨ ᠤᠷᠴᠢᠨ ᠢ ᠤᠯᠠᠮ ᠨᠢᠭᠡ ᠠᠯᠬᠤᠮ | ᠰᠢᠯᠢᠳᠡᠭᠵᠢᠬᠦᠯᠵᠤ᠂ ᠠᠵᠤ ᠠᠬᠤᠶᠢᠯᠠᠯ ᠤᠨ ᠡᠵᠡᠩᠨᠠᠯᠳᠠ ᠬᠢᠬᠦ ᠦᠪᠠᠷ ᠤᠨ ᠦᠷᠳᠡᠭ ᠢ ᠪᠠᠭᠤᠷᠠᠭᠤᠯᠵᠤ᠂ ᠨᠠᠩ | ᠤᠯᠠᠨ ᠠᠵᠤ ᠠᠬᠤᠶᠢᠯᠠᠯ ᠤᠨ ᠤᠩᠨᠢᠭᠤᠳ ᠲᠤ ᠪᠠᠯᠠ ᠤᠷᠤᠭᠤᠯᠵᠤ ᠤᠶᠢᠯᠠᠰ ᠬᠦᠭᠵᠢᠬᠦᠯᠬᠦ ᠶᠢ ᠲᠠᠳᠠᠨ᠎ᠠ᠃ | 18. ᠪᠠᠯᠠ ᠴᠤᠬᠯᠠᠭᠤᠯᠬᠤ ᠠᠷᠭ᠎ᠠ ᠵᠠᠮ ᠢ ᠦᠷᠭᠡᠳᠭᠡᠨ᠎ᠠ᠃ ᠪᠦᠬᠦ ᠬᠤᠰᠢᠭᠤᠨ ᠤ ︽13.5︾ | ᠲᠦᠯᠦᠪᠵᠢᠬᠦᠯᠭᠡ ᠶᠢᠨ ᠭᠤᠤᠯ ᠲᠦᠷᠦᠯ ᠵᠦᠢᠯ ᠪᠤᠯᠤᠨ ᠠᠵᠤ ᠤᠶᠢᠯᠠᠰ ᠤᠨ ᠪᠠᠯᠠ ᠤᠷᠤᠭᠤᠯᠬᠤ ᠬᠠᠨᠳᠤᠰᠢ ᠲᠠᠢ | ᠤᠶᠠᠯᠳᠤᠭᠤᠯᠤᠨ᠂ ᠲᠦᠷᠦᠯ ᠵᠦᠢᠯ ᠤᠨ ᠬᠦᠮᠦᠷᠭᠡ ᠶᠢ ᠤᠯᠠᠮ ᠨᠢᠭᠡ ᠠᠯᠬᠤᠮ ᠲᠠᠬᠦᠯᠳᠠᠷᠵᠢᠬᠦᠯᠵᠤ᠂ ᠲᠠᠭᠡᠳᠤ | ᠱᠠᠳᠤᠨ ᠤ ᠠᠵᠢᠯ ᠤᠨ ᠰᠠᠯᠠᠭ᠎ᠠ ᠮᠦᠴᠢᠷ ᠲᠠᠢ ᠬᠠᠷᠢᠯᠴᠠᠵᠤ ᠵᠠᠯᠭᠠᠯᠳᠤᠬᠤ ᠬᠦᠴᠦᠯᠠᠴᠠ ᠪᠠᠨ ᠨᠡᠮᠡᠭᠳᠡᠬᠦᠯᠵᠤ᠂ ᠵᠢᠯ | ᠲᠤᠳᠤᠷ᠎ᠠ 6 ᠳ᠋ᠦᠩᠰᠢᠭᠤᠷ ᠲᠦᠬᠦᠷᠢᠭ ᠠᠴᠠ ᠲᠠᠭᠡᠭᠰᠢ ᠲᠦᠷᠦᠯ ᠵᠦᠢᠯ ᠤᠨ ᠮᠦᠩᠬᠦ ᠶᠢ ᠲᠠᠮᠠᠴᠠᠨ ᠤᠯᠤᠨ᠎ᠠ᠃ | ᠨᠠᠶᠢᠭᠡᠮ ᠤᠨ ᠪᠠᠯᠠ ᠮᠦᠩᠬᠦ ᠪᠠᠯᠠ ᠨᠠᠶᠢᠯᠠᠬᠦᠯᠬᠦ᠂ ᠬᠤᠷᠰᠢᠬᠤ ᠬᠡᠯᠪᠠᠷᠢ ᠪᠠᠷ ᠨᠠᠶᠢᠭᠡᠮ ᠤᠨ ᠤᠶᠢᠯᠠᠴᠢᠯᠡᠭᠡ᠂ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠳᠠ ᠵᠠᠷᠭᠡ ᠬᠦᠷᠢᠶ᠎ᠠ ᠬᠡᠪᠴᠢᠶᠠᠨ ᠳᠤ ᠢᠳᠡᠪᠬᠢᠳᠠᠢ ᠤᠷᠤᠯᠴᠠᠬᠤ ᠶᠢ | ᠵᠤᠷᠢᠬᠵᠢᠭᠤᠯᠵᠤ᠂ ᠲᠤᠬᠳᠠᠭᠤᠨ ᠦᠷ᠎ᠡ ᠠᠰᠢᠭ ᠲᠠᠢ ᠪᠠᠯᠠ ᠤᠷᠤᠭᠤᠯᠬᠤ ᠪᠠᠶᠢᠳᠠᠯ ᠲᠠᠢ ᠪᠤᠯᠭᠠᠨ᠎ᠠ᠃ ᠨᠠᠶᠢᠳᠠ | ᠬᠤᠪᠢ ᠶᠢᠨ ᠬᠤᠷᠰᠢᠨ ᠡᠵᠡᠩᠨᠠᠬᠦ ᠪᠠᠷ ᠨᠠᠶᠢᠭᠡᠮ ᠤᠨ ᠪᠠᠯᠠ ᠮᠦᠩᠬᠦ ᠶᠢ ᠲᠠᠳᠠᠬᠤ PPP ᠵᠠᠬᠪᠤᠷ ᠢ ᠬᠡᠷᠡᠭᠯᠠᠵᠤ᠂ | ᠵᠢᠯ ᠲᠤᠳᠤᠷ᠎ᠠ ᠪᠤᠵᠠᠷ ᠤᠰᠤ ᠶᠢ ᠰᠢᠢᠳᠪᠤᠷᠢᠯᠠᠬᠦ ᠤᠶᠢᠯᠠᠳᠪᠤᠷᠢ᠂ ᠰᠢᠨ᠎ᠠ ᠬᠤᠳᠠ ᠲᠤᠭᠤᠷᠢᠭ ᠤᠨ ᠬᠡᠦᠭᠡᠳ ᠤᠨ | ᠴᠡᠴᠡᠷᠯᠢᠭ᠂ ᠴᠦᠨᠳᠤᠪ ᠤᠨ ᠭᠤᠤᠯ ᠤᠨ ᠪᠢᠨ ᠡᠾᠧ ᠴᠡᠴᠡᠷᠯᠢᠭ ᠵᠠᠷᠭᠡ ᠲᠦᠷᠦᠯ ᠵᠦᠢᠯ ᠤᠨ ᠪᠠᠶᠢᠭᠤᠯᠤᠯᠳᠠ ᠶᠢ | ᠡᠬᠢᠯᠠᠬᠦᠯᠦᠨ᠎ᠠ᠃ ᠮᠦᠩᠬᠦᠨ ᠬᠦᠢᠯᠭᠡᠭᠡ ᠶᠢᠨ ᠪᠠᠶᠢᠭᠤᠯᠤᠯᠭ᠎ᠠ ᠯᠤᠭ᠎ᠠ ᠶᠢᠨ ᠵᠠᠯᠭᠠᠯᠳᠤᠬᠤ ᠶᠢ ᠴᠢᠩᠭᠠᠳᠬᠠᠵᠤ᠂ | ᠦᠪᠠᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠬᠦᠭᠵᠢᠯᠳᠠ ᠶᠢᠨ ᠪᠠᠩᠬᠢ ᠶᠢᠨ ᠭᠠᠵᠠᠷ ᠰᠤᠯᠢᠵᠤ ᠨᠠᠬᠦᠯᠭᠡᠨ | ᠰᠢᠯᠵᠢᠬᠦᠯᠵᠤ ᠶᠠᠳᠠᠭᠤ ᠶᠢ ᠲᠠᠳᠬᠦᠬᠦ ᠨᠠᠬᠦᠳᠠᠯᠯᠠᠨ ᠰᠢᠯᠵᠢᠬᠦᠯᠬᠦ᠂ ᠬᠤᠶᠠᠳᠤᠭᠠᠷ ᠬᠤᠭᠤᠴᠠᠭᠠᠨ ᠤ 4 ᠳ᠋ᠦᠩᠰᠢᠭᠤᠷ | ᠲᠦᠬᠦᠷᠢᠭ ᠵᠢᠭᠡᠯᠡᠯᠭᠡ ᠶᠢᠨ ᠵᠤᠭᠤᠰ ᠢ ᠪᠦᠬᠦ ᠬᠦᠴᠦ ᠪᠠᠷ ᠲᠠᠮᠠᠴᠠᠨ ᠤᠯᠤᠨ᠎ᠠ᠃ ᠲᠤᠰᠬᠠᠢ ᠲᠦᠷᠦᠯ ᠤᠨ | ᠪᠠᠶᠢᠭᠤᠯᠤᠯᠳᠠ ᠶᠢᠨ ᠵᠢᠭᠡᠯᠡᠯᠭᠡ ᠶᠢᠨ ᠲᠠᠮᠳᠡᠭ ᠢ ᠢᠳᠡᠪᠬᠢᠳᠠᠢ ᠮᠠᠳᠠᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠲᠠᠷᠤᠭᠠᠰᠤ ᠶᠢ ᠦᠨᠠᠩᠬᠦ ᠬᠦᠩᠭᠡᠷᠡᠬᠦᠯᠦᠨᠠ᠃ | ︵ᠲᠤᠯᠤᠭ᠎ᠠ︶ ᠨᠠᠶᠢᠭᠡᠮ ᠤᠨ ᠬᠠᠮᠢᠶᠠᠷᠤᠯᠳᠠ ᠶᠢ ᠰᠢᠨᠡᠳᠭᠡᠬᠦ ᠬᠦᠴᠦᠯᠠᠴᠠ ᠪᠠᠨ ᠨᠠᠮᠡᠭᠳᠡᠬᠦᠯᠵᠤ ᠪᠦᠬᠦ | ᠬᠦᠴᠦᠨ ᠢᠶᠠᠷ ᠠᠮᠦᠷ ᠲᠦᠪᠰᠢᠨ ᠤᠩᠨᠢᠭᠤᠳ ᠢ ᠪᠠᠶᠢᠭᠤᠯᠤᠨ᠎ᠠ | ︽ᠲᠤᠬᠳᠠᠭᠤᠨ ᠢ ᠪᠠᠳᠤᠯᠠᠬᠤ᠂ ᠠᠮᠦᠷ ᠲᠦᠪᠰᠢᠨ ᠢ ᠡᠬᠦᠳᠦᠨ ᠪᠠᠶᠢᠭᠤᠯᠬᠤ ᠤᠶᠢᠯᠠᠴᠢᠯᠡᠭᠡ ᠶᠢ | ᠰᠠᠶᠢᠵᠢᠷᠠᠭᠤᠯᠬᠤ᠂ ᠦᠨᠳᠤᠰᠤᠨ ᠱᠠᠳᠤ ᠶᠢ ᠬᠦᠴᠦᠷᠭᠡᠭᠵᠢᠬᠦᠯᠬᠦ︾ ᠠᠵᠢᠯ ᠤᠨ ᠴᠢᠭᠯᠡᠯᠳᠠ ᠶᠢ ᠪᠠᠷᠢᠮᠳᠠᠯᠠᠵᠤ᠂ ᠡᠶ᠎ᠡ | ᠵᠤᠬᠢᠴᠠᠩᠭᠤᠢ ᠠᠮᠦᠷ ᠲᠦᠪᠰᠢᠨ ᠤᠩᠨᠢᠭᠤᠳ ᠬᠤᠰᠢᠭᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | 19. ᠠᠶᠤᠯᠬᠦᠢ ᠤᠶᠢᠯᠠᠳᠪᠤᠷᠢᠯᠠᠯ ᠤᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠦᠨ᠎ᠠ᠃ ᠠᠶᠤᠯᠬᠦᠢ | ᠤᠶᠢᠯᠠᠳᠪᠤᠷᠢᠯᠠᠯ ᠤᠨ ᠤᠯᠠᠭᠠᠨ ᠱᠤᠭᠤᠮ ᠢ ᠪᠤᠢ ᠪᠤᠯᠭᠠᠵᠤ᠂ ᠠᠵᠤ ᠠᠬᠤᠶᠢᠯᠠᠯ ᠤᠨ ᠭᠤᠤᠯ ᠴᠤᠬᠴᠠ ᠶᠢᠨ | ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠤᠯᠤᠨ ᠰᠤᠮᠤ ᠪᠠᠯᠭᠠᠰᠤᠨ ᠤ ᠨᠠᠮ | ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠠᠩᠬᠦ | ᠨᠠᠶᠢᠳᠠᠪᠤᠷᠢᠵᠢᠭᠤᠯᠤᠨ᠎ᠠ᠃ ᠠᠶᠤᠯᠬᠦᠢ ᠤᠶᠢᠯᠠᠳᠪᠤᠷᠢᠯᠠᠬᠦ ᠪᠠᠴᠢᠮ ᠪᠠᠶᠢᠳᠠᠯ ᠢ ᠠᠷᠭᠠᠴᠠᠭᠠᠬᠤ ᠪᠠᠯᠠᠳᠭᠡᠯ ᠲᠦᠰᠦᠪ ᠢ | ᠲᠠᠬᠦᠯᠳᠠᠷᠵᠢᠬᠦᠯᠵᠤ᠂ ᠵᠢᠭᠠᠨ ᠰᠤᠷᠭᠠᠬᠤ ᠪᠤᠯᠪᠠᠰᠤᠷᠠᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠯ ᠬᠢᠬᠦ | ᠶᠢ ᠴᠢᠩᠭᠠᠳᠬᠠᠵᠤ᠂ ᠬᠡᠨᠡᠳᠳᠡ ᠶᠢᠨ ᠬᠡᠷᠡᠭ ᠢ ᠰᠢᠢᠳᠪᠤᠷᠢᠯᠠᠬᠦ ᠴᠢᠳᠠᠯ ᠢ ᠲᠠᠭᠡᠭᠰᠢᠯᠠᠬᠦᠯᠦᠨ᠎ᠠ᠃ ᠠᠶᠤᠯᠬᠦᠢ | ᠤᠶᠢᠯᠠᠳᠪᠤᠷᠢᠯᠠᠯ ᠤᠨ ᠲᠠᠯ᠎ᠠ ᠶᠢᠨ ᠶᠡᠭᠡ ᠪᠠᠶᠢᠴᠠᠭᠠᠯᠳᠠ ᠶᠢ ᠦᠷᠬᠦᠯᠵᠢᠳᠠ ᠦᠷᠨᠢᠬᠦᠯᠵᠤ᠂ ᠠᠭᠤᠷᠬᠠᠢ ᠶᠢᠨ ᠪᠤᠰᠤ᠂ | ᠫᠤᠤᠵᠢᠩ᠂ ᠪᠠᠷᠢᠯᠭ᠎ᠠ ᠶᠢᠨ ᠠᠵᠢᠯ ᠤᠨ ᠲᠠᠯᠠᠪᠤᠷ᠂ ᠵᠠᠮ ᠬᠠᠷᠢᠯᠴᠠᠭ᠎ᠠ᠂ ᠤᠨᠴᠠᠭᠠᠢ ᠲᠦᠬᠦᠭᠡᠷᠦᠮᠵᠢ᠂ ᠠᠶᠤᠯᠳᠠᠢ | ᠬᠢᠮᠢ ᠶᠢᠨ ᠪᠤᠳᠠᠰ᠂ ᠠᠮᠠᠷᠬᠠᠨ ᠨᠤᠴᠤᠵᠤ ᠲᠠᠯᠪᠠᠷᠠᠬᠦ ᠪᠤᠳᠠᠰ᠂ ᠭᠠᠯ ᠤᠨ ᠠᠶᠤᠯ ᠢ ᠰᠠᠷᠭᠡᠶᠢᠯᠠᠬᠦ ᠵᠠᠷᠭᠡ ᠭᠤᠤᠯᠳᠠᠯᠭ᠎ᠠ | ᠲᠠᠢ ᠠᠵᠢᠯ ᠲᠦᠷᠦᠯ ᠵᠢᠴᠢ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠦᠵᠠᠮᠵᠢ ᠶᠢᠨ | ᠭᠠᠵᠠᠷ ᠵᠠᠷᠭᠡ ᠬᠦᠮᠦᠨ ᠨᠢᠬᠳᠠᠷᠠᠵᠤ ᠴᠤᠬᠯᠠᠷᠠᠬᠰᠠᠨ ᠲᠠᠯᠠᠪᠠᠢ ᠶᠢᠨ ᠠᠮᠦᠷ ᠲᠦᠪᠰᠢᠨ ᠢ ᠬᠢᠨᠠᠨ ᠬᠠᠮᠢᠶᠠᠷᠬᠤ ᠶᠢ | ᠤᠨᠴᠠᠭᠠᠶᠢᠯᠠᠨ ᠠᠳᠬᠤᠵᠤ᠂ ᠡᠯ᠎ᠡ ᠵᠦᠢᠯ ᠤᠨ ᠬᠡᠨᠡᠳᠡᠯ ᠭᠠᠷᠬᠤ ᠶᠢ ᠡᠷᠡᠰ ᠰᠠᠷᠭᠡᠶᠢᠯᠠᠨ᠎ᠠ᠃ ᠠᠵᠤ ᠠᠬᠤᠶᠢᠯᠠᠯ ᠤᠨ | ᠢᠳᠡᠭᠡᠮᠵᠢ ᠶᠢᠨ ︽ᠨᠠᠷᠠ ᠶᠢᠨ ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠠᠶᠤᠯᠬᠦᠢ ᠤᠶᠢᠯᠠᠳᠪᠤᠷᠢᠯᠠᠬᠦ | ᠲᠠᠯ᠎ᠠ ᠪᠠᠷ ᠢᠳᠡᠭᠡᠯ ᠠᠯᠳᠠᠬᠰᠠᠨ ᠠᠵᠤ ᠠᠬᠤᠶᠢᠯᠠᠯ ᠢ ᠴᠢᠩᠭ᠎ᠠ ᠵᠠᠯᠬᠠᠭᠠᠨ ᠴᠠᠭᠡᠷᠯᠠᠬᠦᠯᠦᠨᠠ᠃ ᠲᠤᠬᠠᠶᠢᠯᠠᠬᠰᠠᠨ | ᠠᠵᠢᠯ ᠤᠨ ᠡᠷᠡᠬᠦᠯ ᠬᠠᠮᠠᠭᠠᠯᠠᠯ ᠤᠨ ᠬᠢᠨᠠᠨ ᠬᠠᠮᠢᠶᠠᠷᠬᠤ ᠠᠵᠢᠯ ᠢ ᠰᠠᠶᠢᠳᠤᠷ ᠠᠳᠬᠤᠵᠤ᠂ ᠠᠵᠢᠯ ᠤᠨ ᠨᠦᠯᠦᠭᠡᠨ ᠤ | ᠡᠪᠡᠳᠴᠢᠨ ᠢ ᠰᠠᠷᠭᠡᠶᠢᠯᠠᠬᠦ᠂ ᠬᠢᠵᠠᠭᠠᠷᠯᠠᠬᠤ ᠪᠤᠯᠤᠨ ᠦᠭᠡᠶᠢᠰᠭᠡᠵᠤ ᠬᠦᠳᠠᠯᠮᠤᠷᠢᠴᠢᠳ ᠤᠨ ᠡᠷᠡᠬᠦᠯ ᠮᠠᠨᠳᠤ ᠶᠢᠨ ᠡᠷᠭᠡ | ᠠᠰᠢᠭ ᠢ ᠦᠨᠠᠩᠬᠦ ᠬᠠᠮᠠᠭᠠᠯᠠᠨ᠎ᠠ᠃ ︽ᠶᠠᠰᠤ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠪᠦᠬᠦ ᠬᠤᠰᠢᠭᠤᠨ ᠤ ᠪᠦᠳᠦᠭᠡᠭᠳᠡᠬᠦᠨ ᠤ ᠴᠢᠨᠠᠷ ᠤᠨ ᠶᠠᠷᠦᠩᠭᠡᠢ | ᠲᠦᠪᠰᠢᠨ ᠢ ᠲᠠᠰᠤᠷᠠᠯᠳᠠ ᠦᠭᠡᠢ ᠲᠠᠭᠡᠭᠰᠢᠯᠠᠬᠦᠯᠦᠨ᠎ᠠ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠦᠷ | ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠵᠠᠷᠤᠬᠤ | ᠠᠮᠦᠷ ᠲᠦᠪᠰᠢᠨ ᠢ ᠪᠠᠳᠤᠯᠠᠨ᠎ᠠ᠃ | 20. ᠵᠠᠬᠢᠳᠠᠯ ᠰᠤᠷᠪᠤᠯᠵᠢᠯᠠᠭ᠎ᠠ ᠲᠤᠬᠳᠠᠭᠤᠨ ᠢ ᠬᠠᠮᠠᠭᠠᠯᠠᠬᠤ ᠠᠵᠢᠯ ᠢ ᠦᠨᠠᠩᠬᠦ ᠰᠠᠶᠢᠳᠤᠷ ᠠᠳᠬᠤᠨ᠎ᠠ᠃ | ᠵᠠᠬᠢᠳᠠᠯ ᠰᠤᠷᠪᠤᠯᠵᠢᠯᠠᠭ᠎ᠠ ᠶᠢᠨ ︽ᠬᠠᠤᠯᠢ ᠲᠦᠷᠢᠮᠵᠢᠯᠳᠠ᠂ ᠴᠢᠮᠡᠭᠡ ᠵᠠᠩᠬᠢᠴᠢᠯᠠᠯᠳᠠ᠂ ᠲᠦᠷᠢᠮᠵᠢᠬᠦᠯᠦᠯᠳᠠ︾ ᠶᠢᠨ | ᠪᠠᠶᠢᠭᠤᠯᠤᠯᠳᠠ ᠪᠤᠯᠤᠨ ᠰᠦᠯᠵᠢᠶᠠᠨ ᠲᠠᠭᠡᠷ᠎ᠡ ᠵᠠᠬᠢᠳᠠᠯ ᠰᠤᠷᠪᠤᠯᠵᠢᠯᠠᠭ᠎ᠠ ᠬᠢᠬᠦ᠂ ᠲᠦᠷᠰᠤ ᠰᠢᠩᠭᠡᠭᠡᠯᠳᠡ ᠪᠠᠷ | ᠰᠤᠷᠪᠤᠯᠵᠢᠯᠠᠭ᠎ᠠ ᠬᠢᠬᠦ ᠶᠢ ᠬᠦᠯᠢᠶᠠᠨ ᠠᠪᠬᠤ ᠠᠵᠢᠯ ᠢ ᠢᠳᠡᠪᠬᠢᠳᠠᠢ ᠲᠦᠯᠬᠢᠨ ᠠᠬᠢᠭᠤᠯᠤᠨ᠎ᠠ᠃ ᠨᠠᠶᠢᠭᠡᠮ ᠤᠨ | ᠵᠦᠷᠢᠴᠠᠯ ᠮᠦᠷᠬᠦᠯᠳᠤᠭᠡᠨ ᠢ ᠲᠠᠷᠠᠭᠠᠯᠠᠨ ᠪᠠᠶᠢᠴᠠᠭᠠᠵᠤ ᠦᠭᠡᠶᠢᠰᠭᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠠᠯᠳᠠ ᠬᠡᠮ | ᠢ ᠦᠨᠳᠤᠰᠤ ᠠᠴᠠ ᠨᠢ ᠵᠠᠰᠠᠵᠤ ᠬᠠᠮᠢᠶᠠᠷᠬᠤ᠂ ᠦᠨᠳᠤᠰᠤᠨ ᠱᠠᠳᠤᠨ ᠤ ᠰᠠᠭᠤᠷᠢ ᠪᠠᠶᠢᠭᠤᠯᠤᠯᠳᠠ᠂ ᠤᠳᠤᠷᠢᠳᠤᠯᠭ᠎ᠠ | ᠺᠠᠳ᠋ᠷᠴᠤᠳ ᠵᠠᠷᠭᠤ ᠲᠠᠭᠠᠭᠠᠴᠢᠯᠠᠵᠤ ᠰᠤᠷᠪᠤᠯᠵᠢᠯᠠᠭ᠎ᠠ ᠬᠦᠯᠢᠶᠠᠨ ᠠᠪᠬᠤ ᠶᠢ ᠰᠠᠶᠢᠳᠤᠷ ᠠᠳᠬᠤᠵᠤ᠂ ︽ᠶᠠᠪᠤᠳᠠᠯ ᠢ | ᠰᠢᠢᠳᠪᠤᠷᠢᠯᠠᠬᠦ︾ ᠶᠢ ᠲᠦᠯᠬᠢᠨ ᠠᠬᠢᠭᠤᠯᠤᠨ᠎ᠠ᠃ ᠬᠠᠤᠯᠢ ᠶᠤᠰᠤᠭᠠᠷ ᠱᠠᠳᠤ ᠲᠠᠷᠠᠭᠠᠯᠠᠨ ᠰᠤᠷᠪᠤᠯᠵᠢᠯᠠᠭ᠎ᠠ ᠬᠢᠬᠦ᠂ | ᠵᠠᠭᠠᠯᠳᠤᠬᠤ ᠰᠤᠷᠪᠤᠯᠵᠢᠯᠠᠬᠤ ᠶᠢ ᠰᠠᠯᠭᠠᠬᠰᠠᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠷᠭᠤᠯᠳᠤᠬᠤ᠂ ᠬᠡᠷᠡᠭ | ᠡᠬᠦᠰᠭᠡᠬᠦ ᠵᠠᠷᠭᠡ ᠰᠤᠷᠪᠤᠯᠵᠢᠯᠠᠭ᠎ᠠ ᠶᠢᠨ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ | 21. ᠨᠠᠶᠢᠭᠡᠮ ᠤᠨ ᠬᠠᠤᠯᠢ ᠬᠠᠮᠢᠶᠠᠷᠤᠯᠳᠠ ᠶᠢ ᠲᠠᠬᠦᠯᠳᠠᠷᠵᠢᠬᠦᠯᠦᠨ᠎ᠠ᠃ ︽7᠂ 5︾᠂ ᠬᠠᠤᠯᠢ | ᠲᠦᠭᠡᠮᠠᠯᠵᠢᠬᠦᠯᠬᠦ ᠠᠵᠢᠯ ᠢ ᠡᠬᠢᠯᠠᠬᠦᠯᠵᠤ᠂ ︽ᠬᠠᠤᠯᠢ ᠪᠠᠷ ᠬᠤᠰᠢᠭᠤ ᠪᠠᠨ ᠵᠠᠰᠠᠬᠤ︾ ᠠᠬᠢᠴᠠ ᠶᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠪᠦᠬᠦ ᠠᠷᠠᠳ ᠤᠨ ᠬᠠᠤᠯᠢ ᠶᠢᠨ ᠤᠬᠠᠮᠰᠠᠷ ᠪᠤᠯᠤᠨ ᠬᠠᠤᠯᠢ ᠶᠢᠨ ᠦᠵᠠᠯᠳᠠ ᠶᠢ | ᠲᠠᠭᠡᠭᠰᠢᠯᠠᠬᠦᠯᠦᠨ᠎ᠠ᠃ ᠨᠠᠶᠢᠭᠡᠮ ᠤᠨ ᠠᠮᠦᠷ ᠢ ᠬᠠᠮᠠᠭᠠᠯᠠᠬᠤ ᠲᠤᠬᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ | ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠠᠷᠠᠳ | ᠤᠯᠠᠨ ᠤ ᠠᠮᠦᠷ ᠲᠦᠪᠰᠢᠨ ᠰᠠᠳᠬᠢᠯᠭᠡ ᠪᠤᠯᠤᠨ ᠬᠠᠨᠤᠮᠵᠢ ᠶᠢᠨ ᠬᠡᠮᠵᠢᠶ᠎ᠠ ᠶᠢ ᠴᠢᠷᠮᠠᠶᠢᠨ ᠲᠠᠭᠡᠭᠰᠢᠯᠠᠬᠦᠯᠦᠨ᠎ᠠ᠃ | ᠰᠦᠯᠵᠢᠶᠠᠨ ᠲᠠᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠢᠬᠤᠯᠠᠴᠢᠯᠠᠨ ᠦᠵᠠᠵᠤ᠂ ᠨᠠᠶᠢᠭᠡᠮ ᠤᠨ ᠶᠠᠷᠢᠶ᠎ᠠ | ᠬᠡᠯᠡᠯᠴᠡᠭᠡ ᠶᠢ ᠵᠦᠪ ᠲᠠᠰᠢ ᠲᠠᠭᠠᠭᠤᠯᠤᠨ᠎ᠠ᠃ ᠦᠨᠳᠤᠰᠤᠳᠠᠨ ᠱᠠᠰᠢᠨ ᠰᠤᠷᠳᠠᠬᠤᠨ᠂ ᠬᠤᠶᠠᠷ ᠢ ᠬᠦᠷᠢᠶᠠᠯᠠᠵᠤ | ᠬᠠᠮᠳᠤᠪᠠᠷ ᠪᠠᠶᠢᠭᠤᠯᠬᠤ᠂ ᠲᠤᠭ᠎ᠠ ᠪᠦᠷᠢᠳᠭᠡᠯ᠂ ᠲᠠᠩᠰᠠ ᠡᠪᠬᠡᠮᠠᠯ᠂ ᠭᠠᠵᠠᠷ ᠬᠦᠳᠠᠯᠤᠯᠳᠠ᠂ ᠤᠯᠠᠭᠠᠨ | ᠵᠠᠯᠠᠭᠠᠮᠠᠶᠢᠳᠠᠨ᠂ ᠠᠷᠠᠳ ᠤᠨ ᠠᠭᠠᠷ ᠢ ᠰᠠᠷᠭᠡᠶᠢᠯᠠᠬᠦ᠂ ᠴᠠᠭ ᠠᠭᠤᠷ᠂ ᠵᠠᠮᠳᠡᠭᠴᠤᠳ ᠵᠠᠷᠭᠡ ᠠᠵᠢᠯ ᠢ ᠬᠠᠤᠯᠢ | ᠶᠤᠰᠤᠭᠠᠷ ᠲᠦᠯᠬᠢᠨ ᠠᠬᠢᠭᠤᠯᠤᠨ᠎ᠠ᠃ | ︵ᠨᠠᠢᠮᠠ︶ ᠵᠠᠰᠠᠭ ᠤᠨ ᠤᠷᠳᠤᠨ ᠤ ᠬᠤᠪᠢ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ | ᠵᠠᠬᠢᠷᠭᠠᠨ ᠤ ᠦᠢᠯᠠᠴᠢᠯᠠᠬᠦ ᠴᠢᠳᠠᠮᠵᠢ ᠶᠢ ᠲᠠᠭᠡᠭᠰᠢᠯᠠᠬᠦᠯᠦᠨ᠎ᠠ | ᠰᠢᠨ᠎ᠠ ᠬᠡᠪ ᠪᠠᠶᠢᠳᠠᠯ ᠤᠨ ᠲᠤᠤᠷ᠎ᠠ ᠪᠢᠳᠠ ᠦᠭᠡᠷᠠᠴᠢᠯᠠᠯᠳᠠ ᠬᠦᠭᠵᠢᠯᠳᠠ ᠶᠢᠨ ᠰᠢᠨ᠎ᠠ ᠱᠠᠭᠠᠷᠳᠠᠯᠭ᠎ᠠ | ᠪᠤᠯᠤᠨ ᠠᠷᠠᠳ ᠤᠯᠠᠨ ᠤ ᠰᠢᠨ᠎ᠠ ᠬᠦᠰᠠᠯ ᠡᠷᠠᠮᠠᠯᠵᠠᠯ ᠢ ᠤᠨᠤᠪᠴᠢᠳᠠᠢ ᠡᠵᠡᠮᠳᠡᠵᠤ᠂ ᠦᠵᠠᠯ ᠰᠠᠨᠠᠭ᠎ᠠ ᠪᠠᠨ | ᠴᠢᠯᠦᠭᠡᠯᠡᠵᠤ᠂ ᠵᠤᠷᠢᠭ ᠲᠠᠢ ᠬᠠᠷᠢᠭᠤᠴᠠᠵᠤ᠂ ᠵᠠᠰᠠᠭ ᠤᠨ ᠤᠷᠳᠤᠨ ᠤ ᠬᠠᠮᠢᠶᠠᠷᠬᠤ ᠴᠢᠳᠠᠪᠬᠢ ᠶᠢ ᠴᠢᠷᠮᠠᠶᠢᠨ | ᠲᠠᠭᠡᠭᠰᠢᠯᠠᠬᠦᠯᠦᠨ᠎ᠠ᠃ | 22. ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ | ᠤᠷᠳᠤᠨ ᠢ ᠪᠠᠶᠢᠭᠤᠯᠤᠨ᠎ᠠ᠃ ︽ᠬᠠᠤᠯᠢ ᠳᠤ ᠲᠤᠰᠢᠶᠠᠬᠰᠠᠨ ᠦᠭᠡᠢ ᠡᠷᠭᠡ ᠶᠢ ᠬᠡᠷᠡᠭᠯᠠᠬᠦ ᠦᠭᠡᠢ᠂ ᠬᠠᠤᠯᠢ ᠪᠠᠷ | ᠲᠤᠬᠳᠠᠭᠠᠬᠰᠠᠨ ᠬᠠᠷᠢᠭᠤᠴᠠᠯᠭ᠎ᠠ ᠶᠢ ᠡᠷᠭᠡᠪᠰᠢ ᠪᠠᠶᠠᠯᠠᠬᠦᠯᠬᠦ︾ ᠵᠠᠷᠴᠢᠮ ᠢ ᠦᠨᠳᠤᠰᠤᠯᠠᠵᠤ᠂ ᠬᠠᠤᠯᠢ ᠪᠠᠷ ᠵᠠᠰᠠᠬᠤ | ᠰᠡᠳᠬᠢᠬᠦᠢ᠂ ᠬᠠᠤᠯᠢ ᠪᠠᠷ ᠵᠠᠰᠠᠬᠤ ᠬᠡᠯᠪᠠᠷᠢ ᠪᠤᠯᠤᠨ ᠬᠠᠤᠯᠢ ᠪᠠᠷ ᠵᠠᠰᠠᠬᠤ ᠠᠷᠭ᠎ᠠ ᠶᠢ ᠤᠬᠠᠮᠰᠠᠷ ᠠᠴᠠ ᠪᠠᠨ | ᠬᠡᠷᠡᠭᠵᠢᠬᠦᠯᠵᠤ᠂ ᠦᠭᠡᠷᠠᠴᠢᠯᠠᠯᠳᠠ ᠬᠦᠭᠵᠢᠯᠳᠠ ᠶᠢ ᠲᠦᠯᠬᠢᠨ ᠠᠬᠢᠭᠤᠯᠵᠤ᠂ ᠨᠠᠶᠢᠭᠡᠮ ᠤᠨ ᠲᠤᠬᠳᠠᠭᠤᠨ ᠢ | ᠬᠠᠮᠠᠭᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ | ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠲᠦᠷᠦ ᠶᠢᠨ ᠵᠦᠪᠯᠠᠯᠭᠡᠨ ᠤ ᠠᠷᠠᠳᠴᠢᠯᠠᠯᠳᠤ ᠬᠢᠨᠠᠯᠳᠠ | ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠤᠯᠤᠨ ᠤᠯᠤᠰ ᠲᠦᠷᠦ | ᠶᠢᠨ ᠵᠦᠪᠯᠠᠯᠭᠡᠨ ᠤ ᠬᠡᠰᠢᠬᠦᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠬᠦᠢᠴᠠᠳᠭᠡᠵᠤ᠂ ᠵᠦᠢᠯ ᠪᠦᠷᠢ ᠶᠢ | ᠬᠡᠷᠡᠭᠵᠢᠬᠦᠯᠵᠤ᠂ ᠶᠠᠪᠤᠳᠠᠯ ᠪᠦᠷᠢ ᠳᠤ ᠬᠠᠷᠢᠭᠤᠯᠳᠠ ᠲᠠᠢ ᠪᠠᠶᠢᠯᠭᠠᠨ᠎ᠠ᠃ ᠠᠷᠠᠳᠴᠢᠯᠠᠯᠳᠤ ᠨᠠᠮ ᠪᠦᠯᠦᠭ᠂ | ᠤᠶᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠤᠰᠤ ᠪᠦᠯᠦᠭ ᠤᠨ ᠬᠦᠮᠦᠰ ᠪᠤᠯᠤᠨ ᠠᠷᠠᠳ ᠤᠨ ᠪᠦᠯᠬᠦᠮ | ᠤᠨ ᠰᠠᠨᠠᠭᠤᠯᠭ᠎ᠠ ᠶᠢ ᠢᠳᠡᠪᠬᠢᠳᠠᠢ ᠬᠦᠯᠢᠶᠠᠨ ᠠᠪᠤᠨ᠎ᠠ᠃ ᠬᠠᠤᠯᠢ ᠶᠤᠰᠤᠭᠠᠷ ᠰᠢᠢᠳᠪᠤᠷᠢ ᠭᠠᠷᠭᠠᠬᠤ ᠪᠠᠶᠢᠭᠤᠯᠤᠮᠵᠢ | ᠶᠢ ᠲᠠᠬᠦᠯᠳᠠᠷᠵᠢᠬᠦᠯᠵᠤ᠂ ᠤᠯᠠᠨ ᠨᠠᠶᠢᠳᠠ ᠤᠷᠤᠯᠴᠠᠬᠤ᠂ ᠮᠠᠷᠭᠡᠵᠢᠯᠳᠠᠨ ᠨᠤᠳᠠᠯᠠᠬᠤ᠂ ᠠᠶᠤᠯ ᠲᠦᠭᠰᠢᠬᠦᠷᠢ ᠶᠢ | ᠦᠨᠠᠯᠠᠬᠦ᠂ ᠬᠠᠤᠯᠢ ᠳᠤ ᠨᠠᠶᠢᠴᠡᠭᠰᠡᠨ ᠴᠢᠨᠠᠷ ᠲᠠᠢ ᠲᠤᠮᠤ ᠬᠢᠨᠠᠨ ᠪᠠᠶᠢᠴᠠᠭᠠᠬᠤ ᠪᠤᠯᠤᠨ ᠬᠠᠮᠳᠤ ᠪᠠᠷ ᠶᠠᠷᠢᠯᠴᠠᠵᠤ | ᠰᠢᠢᠳᠪᠤᠷᠢ ᠭᠠᠷᠭᠠᠬᠤ ᠶᠢ ᠵᠠᠰᠠᠭ ᠵᠠᠬᠢᠷᠭᠠᠨ ᠤ ᠰᠢᠢᠳᠪᠤᠷᠢ ᠲᠤᠬᠳᠠᠭᠠᠬᠤ ᠶᠢᠨ ᠬᠠᠤᠯᠢ ᠪᠠᠷ ᠲᠤᠬᠳᠠᠭᠠᠬᠰᠠᠨ | ᠶᠠᠪᠤᠴᠠ ᠪᠤᠯᠭᠠᠵᠤ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠠᠷᠠᠳᠴᠢᠯᠠᠯᠳᠤ ᠰᠢᠨᠵᠢᠯᠠᠬᠦ | ᠤᠬᠠᠭᠠᠨᠴᠢ᠂ ᠬᠠᠤᠯᠢ ᠶᠤᠰᠤᠭᠠᠷ ᠲᠤᠬᠳᠠᠭᠠᠯ ᠳᠤ ᠨᠠᠶᠢᠴᠡᠭᠰᠡᠨ ᠪᠠᠶᠢᠬᠤ ᠶᠢ ᠪᠠᠳᠤᠯᠠᠨ᠎ᠠ᠃ | 23. ᠠᠷᠠᠳ ᠤᠨ ᠲᠦᠯᠦᠭᠡ ᠠᠵᠢᠯᠯᠠᠬᠤ ᠵᠠᠰᠠᠭ ᠢ ᠪᠠᠷᠢᠮᠳᠠᠯᠠᠵᠤ᠂ ᠤᠶᠢᠯᠠᠴᠢᠯᠠᠭᠡᠨ ᠤ ᠵᠠᠰᠠᠭ ᠤᠨ | ᠤᠷᠳᠤᠨ ᠢ ᠪᠠᠶᠢᠭᠤᠯᠤᠨ᠎ᠠ᠃ ᠡᠷᠭᠡ ᠶᠢ ᠲᠤᠷᠤᠬᠰᠢ ᠲᠠᠯᠪᠢᠵᠤ ᠤᠶᠢᠯᠠᠴᠢᠯᠡᠭᠡ ᠶᠢ ᠲᠤᠷᠤᠬᠰᠢ ᠤᠷᠳᠤᠳᠬᠠᠬᠤ ᠶᠢ | ᠲᠦᠯᠬᠢᠨ ᠠᠬᠢᠭᠤᠯᠵᠤ᠂ ᠬᠤᠰᠢᠭᠤ ᠰᠤᠮᠤ ᠶᠢ ᠪᠦᠷᠬᠦᠬᠦᠯᠦᠭᠰᠡᠨ ᠡᠯᠧᠺᠲᠷᠤᠨ ᠵᠠᠰᠠᠭ ᠤᠨ ᠶᠠᠪᠤᠳᠠᠯ ᠤᠨ ᠰᠦᠯᠵᠢᠶ᠎ᠠ | ᠶᠢ ᠪᠠᠶᠢᠭᠤᠯᠵᠤ᠂ ᠵᠠᠰᠠᠭ ᠤᠨ ᠤᠷᠳᠤᠨ ᠤ ᠠᠵᠢᠯ ᠤᠨ ᠦᠷ᠎ᠡ ᠠᠰᠢᠭ ᠢ ᠲᠠᠭᠡᠭᠰᠢᠯᠠᠬᠦᠯᠦᠨ᠎ᠠ᠃ ︽ᠭᠤᠷᠪᠠᠨ | ᠴᠢᠩᠭ᠎ᠠ ᠭᠤᠷᠪᠠᠨ ᠪᠤᠳᠠᠳᠠᠢ︾ ᠲᠤᠰᠬᠠᠢ ᠰᠤᠷᠤᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠶᠢ ᠪᠠᠬᠢᠵᠢᠬᠦᠯᠵᠤ᠂ | ᠵᠤᠷᠢᠯᠳᠠ ᠶᠢᠨ ᠦᠵᠠᠯ ᠤᠬᠠᠮᠰᠠᠷ᠂ ᠤᠶᠢᠯᠠᠴᠢᠯᠠᠬᠦ ᠦᠵᠠᠯ ᠤᠬᠠᠮᠰᠠᠷ ᠢ ᠴᠢᠩᠭᠠᠳᠬᠠᠵᠤ᠂ ᠪᠦᠬᠦ ᠬᠤᠰᠢᠭᠤᠨ ᠤ | ᠦᠷᠭᠡᠨ ᠤᠯᠠᠨ ᠠᠷᠠᠳ ᠲᠦᠮᠠᠨ ᠤ ᠨᠠᠶᠢᠳᠠᠮ ᠳᠡᠭᠡᠨ ᠠᠩᠬᠠᠷᠴᠤ ᠰᠡᠳᠬᠢᠯ ᠲᠠᠯᠪᠢᠵᠤ ᠪᠠᠶᠢᠬᠤ ᠬᠠᠯᠠᠮᠰᠢᠯ | ᠠᠰᠠᠭᠤᠳᠠᠯ ᠬᠦᠴᠢᠷᠳᠠᠯ ᠠᠰᠠᠭᠤᠳᠠᠯ ᠢ ᠦᠨᠠᠩᠬᠦ ᠰᠠᠶᠢᠨ ᠰᠢᠢᠳᠪᠤᠷᠢᠯᠠᠨ᠎ᠠ᠃ ᠵᠠᠰᠠᠭ ᠤᠨ ᠤᠷᠳᠤᠨ ᠤ ᠰᠤᠨᠢᠨ | ᠮᠠᠳᠡᠭᠡ ᠨᠠᠶᠢᠳᠠᠯᠠᠬᠦ ᠲᠦᠷᠢᠮ ᠢ ᠲᠠᠬᠦᠯᠳᠠᠷᠵᠢᠬᠦᠯᠵᠤ᠂ ᠪᠢᠴᠢᠯ ᠪᠦᠷᠭᠡ᠂ ᠸᠠᠶᠢᠴᠠᠲ ᠵᠠᠷᠭᠡ ᠰᠢᠨ᠎ᠠ ᠲᠠᠮᠵᠢᠭᠤᠯᠤᠬᠴᠢ | ᠶᠢ ᠠᠰᠢᠬᠯᠠᠵᠤ ᠨᠠᠶᠢᠭᠡᠮ ᠤᠨ ᠠᠩᠬᠠᠷᠴᠤ ᠪᠠᠶᠢᠬᠤ ᠠᠰᠠᠭᠤᠳᠠᠯ ᠳᠤ ᠲᠠᠷᠤᠢ ᠳᠤᠨᠢ ᠬᠠᠷᠢᠭᠤ ᠦᠭᠬᠦᠨ᠎ᠠ᠃ ᠵᠠᠰᠠᠭ | ᠤᠨ ᠶᠠᠪᠤᠳᠠᠯ ᠢ ᠢᠯᠠ ᠪᠤᠯᠭᠠᠬᠤ ᠶᠢ ᠦᠷᠬᠦᠯᠵᠢᠯᠠᠨ ᠬᠦᠨᠵᠡᠭᠡᠶᠢᠷᠠᠬᠦᠯᠵᠤ᠂ ᠵᠠᠰᠠᠭ ᠤᠨ ᠤᠷᠳᠤᠨ ᠤ ᠡᠬᠦᠳᠠᠨ ᠤ | ᠰᠦᠯᠵᠢᠶᠠᠨ ᠴᠡᠭ ᠤᠨ ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠴᠢᠨ ᠮᠠᠯᠴᠢᠨ ᠳᠤ ᠠᠰᠢᠭ ᠬᠦᠷᠳᠡᠭᠡᠬᠦ ᠲᠦᠷᠦ | ᠶᠢᠨ ᠪᠤᠳᠤᠯᠭ᠎ᠠ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠬᠦᠢᠴᠡᠳᠭᠡᠯ᠂ ᠨᠠᠶᠢᠭᠡᠮ ᠤᠨ ᠪᠠᠳᠤᠯᠠᠭ᠎ᠠ | ᠵᠠᠷᠭᠡ ᠵᠠᠰᠠᠭ ᠤᠨ ᠤᠷᠳᠤᠨ ᠤ ᠴᠢᠮᠡᠭᠡ ᠵᠠᠩᠬᠢ ᠶᠢ ᠨᠠᠶᠢᠳᠠᠯᠠᠬᠦ ᠠᠵᠢᠯ ᠢ ᠰᠠᠶᠢᠳᠤᠷ ᠬᠢᠵᠤ᠂ ᠠᠷᠠᠳ ᠤᠯᠠᠨ ᠤ | ᠪᠠᠶᠢᠳᠠᠯ ᠢ ᠤᠶᠢᠯᠠᠭᠠᠬᠤ ᠡᠷᠭᠡ ᠪᠤᠯᠤᠨ ᠬᠢᠨᠠᠯᠳᠠ ᠲᠠᠯᠪᠢᠬᠤ ᠡᠷᠭᠡ ᠶᠢ ᠪᠠᠳᠤᠯᠠᠨ᠎ᠠ᠃ | 24. ᠪᠤᠳᠠᠳᠠᠢ ᠠᠵᠢᠯᠯᠠᠭ᠎ᠠ ᠶᠢ ᠡᠷᠬᠢᠮᠯᠠᠬᠦ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠰᠢᠷᠭᠠᠭᠤ ᠠᠵᠢᠯᠯᠠᠬᠤ | ᠵᠠᠰᠠᠭ ᠤᠨ ᠤᠷᠳᠤᠨ ᠢ ᠪᠠᠶᠢᠭᠤᠯᠤᠨ᠎ᠠ᠃ ᠬᠠᠷᠢᠭᠤᠴᠠᠯᠭᠠᠳᠤ ᠰᠡᠳᠬᠢᠯᠭᠡ᠂ ᠬᠠᠷᠢᠭᠤᠴᠠᠬᠤ ᠤᠬᠠᠮᠰᠠᠷ᠂ ᠪᠦᠬᠦ ᠲᠠᠯ᠎ᠠ | ᠪᠠᠷ ᠠᠰᠠᠭᠤᠳᠠᠯ ᠢ ᠦᠵᠠᠬᠦ ᠤᠬᠠᠮᠰᠠᠷ ᠢ ᠴᠢᠩᠭᠠᠳᠬᠠᠵᠤ᠂ ᠰᠢᠷᠭᠠᠭᠤ ᠠᠵᠢᠯᠯᠠᠬᠤ ᠵᠤᠷᠢᠭ ᠰᠠᠨᠠᠭ᠎ᠠ ᠶᠢ | ᠪᠠᠳᠠᠷᠠᠭᠤᠯᠵᠤ᠂ ᠰᠡᠳᠬᠢᠯ ᠰᠠᠨᠠᠭ᠎ᠠ ᠬᠦᠴᠦ ᠴᠢᠳᠠᠯ ᠢᠶᠠᠨ ᠦᠨᠠᠩᠬᠦ ᠪᠤᠳᠠᠳᠠᠢ ᠠᠵᠢᠯᠯᠠᠬᠤ᠂ ᠬᠦᠭᠵᠢᠯᠳᠠ ᠶᠢ | ᠠᠬᠢᠭᠤᠯᠬᠤ ᠲᠠᠭᠡᠷ᠎ᠡ ᠲᠠᠯᠪᠢᠵᠤ᠂ ᠨᠢᠭᠡ ᠲᠦᠷᠦᠯ ᠤᠨ ᠠᠵᠢᠯ ᠨᠢᠭᠡ ᠲᠦᠷᠦᠯ ᠤᠨ ᠠᠵᠢᠯ ᠢᠶᠠᠷ ᠲᠦᠯᠬᠢᠨ | ᠠᠬᠢᠭᠤᠯᠵᠤ᠂ ᠨᠢᠭᠡ ᠭᠤᠬᠴᠤᠭ᠎ᠠ ᠨᠢᠭᠡ ᠭᠤᠬᠴᠤᠭ᠎ᠠ ᠪᠠᠷ ᠴᠢᠩᠭ᠎ᠠ ᠠᠳᠬᠤᠵᠤ᠂ ᠨᠢᠭᠡ ᠠᠰᠠᠭᠤᠳᠠᠯ ᠨᠢᠭᠡ | ᠠᠰᠠᠭᠤᠳᠠᠯ ᠢᠶᠠᠷ ᠰᠢᠢᠳᠪᠤᠷᠢᠯᠠᠨ᠎ᠠ᠂ ᠠᠵᠢᠯ ᠤᠨ ᠰᠡᠳᠬᠢᠮᠵᠢ ᠪᠤᠯᠤᠨ ᠠᠷᠭ᠎ᠠ ᠬᠡᠯᠪᠠᠷᠢ ᠪᠠᠨ ᠰᠢᠨᠠᠳᠬᠡᠬᠦ ᠶᠢ | ᠠᠩᠬᠠᠷᠴᠤ᠂ ᠰᠢᠨ᠎ᠠ ᠬᠡᠪ ᠪᠠᠶᠢᠳᠠᠯ ᠲᠤᠤᠷ᠎ᠠ ᠵᠠᠰᠠᠭ ᠤᠨ ᠤᠷᠳᠤᠨ ᠤ ᠠᠵᠤ ᠠᠬᠤᠢ ᠨᠠᠶᠢᠭᠡᠮ ᠢ ᠵᠢᠯᠤᠭᠤᠳᠬᠤ | ᠴᠢᠳᠠᠪᠬᠢ ᠶᠢ ᠲᠠᠭᠡᠭᠰᠢᠯᠠᠬᠦᠯᠦᠨ᠎ᠠ᠃ ᠵᠠᠰᠠᠭ ᠤᠨ ᠶᠠᠪᠤᠳᠠᠯ ᠢ ᠬᠢᠨᠠᠨ ᠪᠠᠶᠢᠴᠠᠭᠠᠬᠤ ᠪᠠ ᠵᠠᠰᠠᠭ ᠤᠨ ᠬᠠᠷᠢᠭᠤᠴᠠᠯᠭ᠎ᠠ | ᠠᠰᠠᠭᠤᠬᠤ ᠬᠦᠴᠦᠯᠠᠴᠠ ᠶᠢ ᠨᠡᠮᠡᠭᠳᠡᠬᠦᠯᠵᠤ᠂ ᠠᠵᠢᠯ ᠬᠢᠬᠦ ᠦᠭᠡᠢ᠂ ᠲᠤᠷ᠎ᠠ ᠪᠠᠷ ᠬᠢᠬᠦ᠂ ᠤᠳᠠᠭᠠᠨ ᠬᠢᠬᠦ᠂ ᠠᠯᠵᠠᠭᠤ | ᠵᠠᠯᠬᠠᠭᠤ᠂ ᠰᠠᠯᠠᠩ ᠵᠠᠳᠠᠭᠠᠢ ᠵᠠᠷᠭᠡ ᠠᠵᠢᠯᠯᠠᠭ᠎ᠠ ᠶᠢ ᠲᠦᠪ ᠴᠢᠩᠭ᠎ᠠ ᠪᠠᠷ ᠵᠠᠯᠠᠷᠠᠭᠤᠯᠵᠤ᠂ ᠵᠠᠰᠠᠭ ᠤᠨ ᠵᠠᠷᠯᠢᠭ | ᠰᠢᠭᠤᠳ ᠨᠠᠪᠳᠠᠷᠠᠬᠦ ᠶᠢ ᠪᠠᠳᠤᠯᠠᠵᠤ᠂ ᠵᠠᠰᠠᠭ ᠤᠨ ᠤᠷᠳᠤᠨ ᠤ ᠬᠦᠢᠴᠡᠳᠭᠡᠬᠦ ᠬᠦᠴᠦᠨ ᠪᠠ ᠨᠠᠶᠢᠳᠠ ᠶᠢ | ᠢᠳᠡᠭᠡᠬᠦᠯᠬᠦ ᠬᠦᠴᠦᠨ ᠢ ᠲᠠᠭᠡᠭᠰᠢᠯᠠᠬᠦᠯᠦᠨ᠎ᠠ᠃ | 25. ᠠᠷᠪᠢᠯᠠᠵᠤ ᠭᠠᠮᠨᠠᠬᠤ ᠶᠢ ᠪᠠᠷᠢᠮᠳᠠᠯᠠᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠲᠦᠪ ᠤᠨ ᠨᠠᠢᠮᠠᠨ ᠲᠤᠬᠳᠠᠭᠠᠯ᠂ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠵᠤ ᠪᠦᠷᠢᠯᠭᠡᠨ | ᠰᠦᠢᠳᠭᠡᠬᠦ ᠶᠢ ᠡᠰᠡᠷᠬᠦᠴᠠᠬᠦ ᠲᠤᠬᠳᠠᠭᠠᠯ ᠢ ᠴᠢᠩᠭ᠎ᠠ ᠬᠡᠷᠡᠭᠵᠢᠬᠦᠯᠵᠤ᠂ ︽ᠠᠯᠪᠠᠨ ᠤ ᠭᠤᠷᠪᠠᠨ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠠᠯᠢᠪᠠ ᠴᠢᠬᠤᠯᠠ ᠦᠭᠡᠢ ᠵᠠᠰᠠᠭ ᠵᠠᠬᠢᠷᠭᠠᠨ ᠤ ᠵᠠᠷᠤᠳᠠᠯ ᠢ ᠪᠠᠭᠠᠰᠬᠠᠨ᠎ᠠ᠃ ᠡᠳ᠋ ᠤᠨ | ᠵᠠᠰᠠᠭ ᠤᠨ ᠬᠢᠨᠠᠨ ᠲᠤᠬᠳᠠᠭᠠᠬᠤ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠢ ᠰᠠᠶᠢᠳᠤᠷ | ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠯᠠ ᠮᠦᠩᠬᠦ ᠶᠢ ᠬᠠᠮᠤᠭ ᠤᠨ ᠶᠡᠭᠡ ᠬᠡᠮᠵᠢᠶ᠎ᠠ ᠪᠠᠷ ᠠᠷᠪᠢᠯᠠᠨ᠎ᠠ᠃ | ᠨᠠᠮ ᠤᠨ ᠰᠤᠷᠳᠠᠯ ᠤᠨ ᠠᠷᠢᠭᠤᠨ ᠴᠢᠭᠡᠴᠢ ᠪᠠᠶᠢᠭᠤᠯᠤᠯᠳᠠ ᠶᠢᠨ ᠬᠠᠷᠢᠭᠤᠴᠠᠯᠭᠠᠳᠤ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠢᠯᠵᠠᠷᠠᠨ ᠲᠤᠷᠤᠶᠢᠳᠠᠬᠤ ᠶᠢ ᠵᠠᠯᠬᠠᠭᠠᠬᠤ ᠪᠠ ᠰᠠᠷᠭᠡᠶᠢᠯᠠᠬᠦ ᠰᠢᠰᠲ᠋ᠧᠮ ᠤᠨ ᠪᠠᠶᠢᠭᠤᠯᠤᠯᠳᠠ | ᠶᠢ ᠲᠦᠯᠬᠢᠨ ᠠᠬᠢᠭᠤᠯᠵᠤ᠂ ᠡᠷᠭᠡ ᠶᠢ ᠬᠢᠵᠠᠭᠠᠷᠯᠠᠬᠤ ᠪᠠ ᠬᠢᠨᠠᠬᠤ ᠶᠢ ᠴᠢᠩᠭᠠᠳᠬᠠᠨ᠎ᠠ᠂ ᠬᠢᠨᠠᠨ ᠪᠤᠳᠤᠬᠤ ᠳᠤ | ᠬᠢᠨᠠᠯᠳᠠ ᠲᠠᠯᠪᠢᠬᠤ᠂ ᠬᠠᠤᠯᠢ ᠬᠡᠷᠡᠭᠵᠢᠬᠦᠯᠵᠤ ᠬᠢᠨᠠᠨ ᠪᠠᠶᠢᠴᠠᠭᠠᠬᠤ ᠪᠠ ᠠᠷᠢᠭᠤᠨ ᠴᠢᠭᠡᠴᠢ ᠶᠢ ᠬᠢᠨᠠᠨ ᠪᠠᠶᠢᠴᠠᠭᠠᠬᠤ | ᠶᠢ ᠴᠢᠩᠭᠠᠳᠬᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠲᠠᠭᠠᠭᠠᠴᠢᠯᠠᠯᠳᠠ ᠵᠠᠷᠯᠠᠬᠤ ᠪᠠ ᠤᠯᠤᠰ ᠤᠨ | ᠦᠮᠴᠢᠯᠠᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠵᠤ᠂ | ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠬᠡᠷᠡᠭ ᠤᠴᠢᠷ ᠢ ᠡᠷᠡᠰ ᠪᠠᠶᠢᠴᠠᠭᠠᠨ ᠰᠢᠢᠳᠪᠤᠷᠢᠯᠠᠵᠤ᠂ ᠬᠡᠪ | ᠰᠤᠷᠳᠠᠯ ᠴᠢᠭᠡᠴᠢ ᠰᠠᠶᠢᠨ ᠰᠠᠶᠢᠬᠠᠨ ᠵᠠᠰᠠᠭ ᠤᠨ ᠤᠷᠳᠤᠨ ᠤ ᠲᠦᠷᠢ ᠲᠦᠷᠬᠦ ᠶᠢ ᠪᠤᠢ ᠪᠤᠯᠭᠠᠨ᠎ᠠ᠃ | ᠲᠦᠯᠦᠭᠡᠯᠡᠭᠴᠢᠳ ᠡ᠂ ᠪᠤᠳᠠᠳᠠᠢ ᠠᠵᠢᠯ ᠬᠢᠬᠦ ᠪᠤᠯ ᠬᠢᠵᠠᠭᠠᠷ ᠦᠭᠡᠢ ᠶᠤᠮ᠂ ᠡᠮᠦᠨ᠎ᠠ ᠡᠩᠨᠠᠬᠡᠨ ᠳᠤ | ᠶᠠᠪᠤᠬᠤ ᠳᠠᠭᠠᠨ ᠰᠢᠨ᠎ᠠ ᠶᠢ ᠰᠦᠪᠡᠭᠴᠢᠯᠠᠬᠦ ᠬᠡᠷᠡᠭᠳᠡᠢ᠃ ᠪᠦᠬᠦ ᠬᠤᠰᠢᠭᠤᠨ ᠤ 48 ᠲᠦᠮᠠᠨ ᠡᠯ᠎ᠡ ᠦᠨᠳᠤᠰᠤᠳᠠᠨ ᠤ | ᠠᠷᠠᠳ ᠲᠦᠮᠠᠨ ᠤ ᠶᠠᠳᠠᠭᠤ ᠠᠴᠠ ᠠᠩᠬᠢᠵᠢᠷᠠᠵᠤ᠂ ᠪᠠᠶᠠᠵᠢᠨ ᠴᠢᠨᠠᠬᠡᠯᠢᠭᠵᠢᠬᠦ ᠲᠠᠰᠢ ᠵᠤᠷᠢᠬᠤ ᠬᠦᠰᠠᠯ ᠤᠨ ᠬᠠᠷᠢᠭᠤ | ᠳᠤ ᠪᠢᠳᠠ ᠦᠴᠦᠭᠡᠨ ᠴᠦ ᠴᠠᠯᠠᠭᠠᠶᠢᠷᠠᠬᠤ ᠪᠠ ᠤᠬᠤᠷᠢᠵᠤ ᠪᠤᠯᠬᠤ ᠦᠭᠡᠢ᠃ ᠪᠢᠳᠠ ᠬᠤᠰᠢᠭᠤᠨ ᠤ ᠨᠠᠮ ᠤᠨ | ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠠᠯᠭᠡᠨ ᠤ ᠬᠢᠨᠠᠯᠳᠠ ᠪᠠ ᠲᠠᠮᠵᠢᠯᠭᠡ ᠲᠤᠤᠷ᠎ᠠ᠂ ᠪᠦᠯᠬᠦᠮᠳᠠᠨ | ᠨᠢᠭᠡᠳᠴᠤ᠂ ᠯᠠᠪᠳᠠᠭᠤᠨ ᠪᠤᠳᠠᠳᠠᠢ ᠠᠵᠢᠯᠯᠠᠵᠤ᠂ ᠨᠡᠬᠡᠬᠡᠯᠳᠡ ᠲᠠᠢ ᠪᠠᠷ ᠤᠷᠤᠬᠰᠢᠯᠠᠵᠤ᠂ ᠪᠦᠬᠦ ᠵᠢᠯ ᠤᠨ ᠡᠯ᠎ᠡ | ᠲᠦᠷᠦᠯ ᠤᠨ ᠬᠠᠷᠠᠯᠳᠠ ᠡᠬᠦᠷᠭᠡ ᠪᠠᠨ ᠲᠠᠬᠦᠰ ᠠᠮᠵᠢᠯᠳᠠ ᠲᠠᠢ ᠪᠠᠶᠠᠯᠠᠬᠦᠯᠵᠤ᠂ ᠪᠦᠬᠦ ᠲᠠᠯ᠎ᠠ ᠪᠠᠷ ᠴᠢᠨᠡᠬᠡᠯᠢᠭ | ᠨᠠᠶᠢᠭᠡᠮ ᠢ ᠪᠠᠶᠢᠭᠤᠯᠬᠤ ᠠᠭᠤᠤ ᠶᠡᠭᠡ ᠬᠠᠷᠠᠯᠳᠠ ᠪᠠᠨ ᠲᠤᠬᠳᠠᠬᠰᠠᠨ ᠬᠤᠭᠤᠴᠠᠭᠠᠨ ᠳᠤ ᠪᠠᠶᠠᠯᠠᠬᠦᠯᠬᠦ ᠶᠢᠨ ᠲᠦᠯᠦᠭᠡ | ᠴᠢᠷᠮᠠᠶᠢᠨ ᠲᠠᠮᠠᠴᠠᠵᠠᠬᠡᠶᠡ︕ | | | | |