ᠨᠠᠰᠤᠳᠠᠶᠢᠴᠤᠤᠨ ᠲᠤ ᠤᠨᠴᠠᠭᠠᠢ ᠪᠠᠶᠢᠳᠠᠭ 8 ᠵᠦᠢᠯ ᠤᠨ ᠡᠷᠬᠡ ᠠᠰᠢᠭ
ᠨᠡᠶᠢᠲᠡᠯᠡᠭᠰᠡᠨ ᠴᠠᠭ᠄
2016/4/27
         ᠨᠠᠰᠤᠳᠠᠶᠢᠴᠤᠤᠨ ᠲᠤ ᠤᠨᠴᠠᠭᠠᠢ ᠪᠠᠶᠢᠳᠠᠭ 8 ᠵᠦᠢᠯ ᠤᠨ ᠡᠷᠬᠡ ᠠᠰᠢᠭ          1᠂ ᠠᠰᠠᠷᠠᠨ ᠲᠡᠳᠬᠦᠭᠳᠡᠬᠦ ᠡᠷᠬᠡ᠃ ᠨᠠᠰᠤᠳᠠᠶᠢᠴᠤᠤᠨ ᠨᠡᠶᠢᠬᠡᠮ ᠤᠨ ᠲᠦᠯᠦᠬᠡ ᠰᠢᠷᠭᠠᠭᠤ ᠪᠠᠷ ᠠᠵᠢᠯᠯᠠᠵᠤ ᠨᠢᠬᠡ ᠨᠠᠰᠤᠨ ᠤ ᠬᠦᠴᠦ ᠴᠢᠳᠠᠯ ᠢᠶᠠᠨ ᠡᠷᠬᠦᠵᠦ ᠦᠷ᠎ᠡ ᠬᠡᠤᠬᠡᠤᠨ ᠢᠶᠠᠨ ᠦᠰᠬᠡᠨ ᠪᠤᠶᠢᠵᠢᠭᠤᠯᠬᠤ ᠳᠤ ᠨᠠᠰᠤ  ᠪᠠᠷ ᠢᠶᠠᠨ ᠵᠢᠳᠬᠦᠨ ᠴᠢᠷᠮᠡᠶᠢᠪᠡ᠃ ᠲᠡᠳᠡ ᠨᠠᠰᠤ ᠠᠬᠢᠵᠦ ᠪᠠᠶ᠎ᠠ ᠮᠠᠭᠤᠳᠠᠭᠠᠳ ᠬᠦᠳᠡᠯᠮᠤᠷᠢᠯᠡᠬᠦ ᠴᠢᠳᠠᠪᠤᠷᠢ ᠪᠠᠨ ᠠᠯᠳᠠᠬᠰᠠᠨ ᠦᠶ᠎ᠡ ᠳᠤ ᠨᠡᠶᠢᠬᠡᠮ ᠪᠠ ᠬᠡᠷ ᠪᠦᠯᠢ ᠶᠢᠨ ᠬᠦᠨᠳᠦᠳᠬᠡᠯ ᠪᠠ ᠬᠠᠯᠠᠮᠵᠢᠯᠠᠯ ᠢ ᠤᠯᠬᠤ ᠶᠤᠰᠤᠳᠠᠢ᠂ ᠦᠷ᠎ᠡ ᠬᠡᠤᠬᠡᠤᠨ ᠬᠠᠨᠢ ᠨᠦᠬᠦᠷ ᠨᠢ ᠠᠰᠠᠷᠠᠨ ᠲᠡᠳᠬᠦᠬᠦ ᠡᠬᠦᠷᠬᠡ ᠲᠠᠢ᠃      2᠂ ᠡᠳ᠋ ᠬᠦᠷᠦᠩᠭᠡ ᠦᠮᠴᠢᠯᠡᠬᠦ ᠡᠷᠬᠡ ᠲᠠᠢ᠃ ᠡᠳ᠋ ᠬᠦᠷᠦᠩᠭᠡ ᠦᠮᠴᠢᠯᠡᠬᠦ ᠡᠷᠬᠡ ᠬᠡᠳᠡᠭ ᠨᠢ ᠡᠳ᠋ ᠬᠦᠷᠦᠩᠭᠡ ᠶᠢ ᠦᠮᠴᠢᠯᠡᠭᠴᠢ ᠨᠢ ᠬᠠᠤᠯᠢ ᠶᠤᠰᠤᠭᠠᠷ ᠦᠪᠡᠷ ᠤᠨ ᠡᠳ᠋ ᠬᠦᠷᠦᠩᠭᠡ ᠪᠠᠨ ᠡᠳ᠋ᠯᠡᠬᠦ ᠡᠷᠬᠡ ᠶᠢ ᠵᠢᠭᠠᠵᠦ ᠪᠤᠢ᠃ ︽ᠨᠠᠰᠤᠳᠠᠶᠢᠴᠤᠤᠨ ᠤᠨ ᠡᠷᠬᠡ ᠠᠰᠢᠭ ᠢ ᠪᠠᠳᠤᠯᠬᠤ ᠬᠠᠤᠯᠢ︾ ᠶᠢᠨ 19 ᠳ᠋ᠤᠭᠡᠷ ᠵᠦᠢᠯ ᠳᠤ ︽ᠨᠠᠰᠤᠳᠠᠶᠢᠴᠤᠤᠨ ᠦᠪᠡᠷ ᠤᠨ ᠡᠳ᠋ ᠬᠦᠷᠦᠩᠭᠡ ᠪᠠᠨ ᠬᠠᠤᠯᠢ ᠶᠤᠰᠤᠭᠠᠷ ᠰᠢᠢᠳᠪᠤᠷᠢᠯᠡᠬᠦ ᠡᠷᠬᠡ ᠲᠠᠢ᠂ ᠦᠷ᠎ᠡ ᠬᠡᠤᠬᠡᠤᠨ ᠨᠢ ᠪᠤᠶᠤ ᠪᠤᠰᠤᠤᠨ ᠰᠠᠳᠤᠨ ᠲᠦᠷᠦᠯ ᠨᠢ ᠭᠠᠷ ᠲᠦᠷᠦᠵᠦ ᠠᠯᠪᠠᠳᠠᠵᠤ ᠠᠪᠴᠦ ᠪᠤᠯᠬᠤ ᠦᠬᠡᠢ᠃ ᠨᠠᠰᠤᠳᠠᠶᠢᠴᠤᠤᠨ ᠨᠢ ᠡᠴᠢᠬᠡ ᠡᠬᠡ᠂ ᠤᠷᠤᠬᠯᠠᠬᠰᠠᠨ ᠨᠦᠬᠦᠷ᠂ ᠦᠷ᠎ᠡ ᠬᠡᠤᠬᠡᠤᠨ ᠪᠤᠶᠤ ᠪᠤᠰᠤᠤᠨ ᠰᠠᠳᠤᠨ ᠲᠦᠷᠦᠯ ᠤᠨ ᠢᠶᠠᠨ ᠦᠪ ᠬᠦᠷᠦᠩᠭᠡ ᠶᠢ ᠬᠠᠤᠯᠢ ᠶᠤᠰᠤᠭᠠᠷ ᠵᠠᠯᠭᠠᠮᠵᠢᠯᠠᠬᠤ ᠡᠷᠬᠡ ᠲᠠᠢ᠂ ᠪᠡᠯᠡᠭᠯᠡᠭᠰᠡᠨ ᠪᠡᠯᠡᠭ ᠢ ᠠᠪᠬᠤ ᠡᠷᠬᠡ ᠲᠠᠢ︾ ᠬᠡᠵᠦ ᠲᠤᠳᠤᠷᠬᠠᠢ ᠲᠤᠬᠳᠠᠭᠠᠪᠠ᠃      3᠂ ᠬᠦᠳᠡᠯᠮᠤᠷᠢᠯᠡᠬᠦ ᠡᠷᠬᠡ᠄ ᠮᠠᠨ ᠤ ᠤᠯᠤᠰ ᠤᠨ ᠠᠷᠠᠳ ᠢᠷᠬᠡᠤᠨ ᠬᠦᠳᠡᠯᠮᠤᠷᠢᠯᠡᠬᠦ ᠡᠷᠬᠡ ᠲᠠᠢ᠃ ᠡᠬᠦᠨ ᠢ ︽ᠦᠨᠳᠦᠰᠦᠨ ᠬᠠᠤᠯᠢ︾ ᠳᠤ ᠲᠤᠳᠤᠷᠬᠠᠢ ᠲᠤᠬᠳᠠᠭᠠᠬᠰᠠᠨ ᠪᠠᠶᠢᠳᠠᠭ᠃ ᠨᠡᠰᠤᠳᠠᠶᠢᠴᠤᠤᠨ ᠤᠨ ᠤᠯᠡᠩᠭᠢ ᠨᠢ ᠤᠯᠤᠰ ᠨᠡᠶᠢᠬᠡᠮ ᠳᠤ ᠲᠡᠬᠢᠨ ᠬᠤᠪᠢ ᠨᠡᠮᠡᠷᠢ ᠦᠵᠡᠬᠦᠯᠬᠦ ᠲᠤᠷᠠᠳᠠᠢ ᠪᠠᠶᠢᠳᠠᠭ᠂ ᠡᠬᠦᠨ ᠳᠤ ᠲᠦᠬᠦᠮ ᠦᠵᠡᠬᠦᠯᠬᠦ ᠬᠡᠷᠡᠭᠳᠡᠢ᠃ ᠬᠦᠳᠡᠯᠮᠤᠷᠢ ᠳᠤ ᠤᠷᠤᠯᠴᠠᠭᠠᠳ ᠤᠯᠤᠬᠰᠠᠨ ᠬᠠᠤᠯᠢ ᠶᠤᠰᠤᠨ ᠤ ᠤᠷᠤᠯᠭ᠎ᠠ ᠶᠢ ᠬᠠᠤᠯᠢ ᠪᠠᠷ ᠬᠠᠮᠠᠭᠠᠯᠠᠨ᠎ᠠ᠃      4᠂ ᠤᠷᠤᠬᠯᠠᠬᠤ ᠴᠢᠯᠤᠬᠡᠳᠤ ᠡᠷᠬᠡ᠃ ᠨᠠᠰᠤᠳᠠᠶᠢᠴᠤᠤᠨ ᠤᠨ ᠤᠷᠤᠬᠯᠠᠬᠤ ᠡᠷᠬᠡ ᠴᠢᠯᠦᠬᠡ ᠶᠢ ᠬᠠᠤᠯᠢ ᠴᠠᠭᠠᠵᠠ ᠬᠠᠮᠠᠭᠠᠯᠠᠨ᠎ᠠ᠃ ᠦᠷ᠎ᠡ ᠬᠡᠤᠬᠡᠤᠨ ᠨᠢ ᠪᠤᠶᠤ ᠪᠤᠰᠤᠤᠨ ᠰᠠᠳᠤᠨ ᠲᠦᠷᠦᠯ ᠨᠢ ᠨᠠᠰᠤᠳᠠᠶᠢᠴᠤᠤᠨ ᠤᠨ ᠤᠷᠤᠭ ᠰᠠᠯᠬᠤ᠂ ᠲᠠᠬᠢᠨ ᠤᠷᠤᠬᠯᠠᠬᠤ ᠵᠢᠴᠢ ᠤᠷᠤᠭ ᠤᠨ ᠲᠠᠷᠠᠭᠠᠬᠢ ᠠᠮᠢᠳᠤᠷᠠᠯ ᠳᠤ ᠭᠠᠷ ᠲᠦᠷᠦᠵᠦ ᠪᠤᠯᠬᠤ ᠦᠬᠡᠢ᠃      5᠂ ᠰᠠᠭᠤᠬᠤ ᠬᠡᠷ ᠤᠨ ᠡᠷᠬᠡ᠃ ᠰᠠᠭᠤᠬᠤ ᠬᠡᠷ ᠨᠢ ᠨᠠᠰᠤᠳᠠᠶᠢᠴᠤᠤᠨ ᠲᠤ ᠲᠦᠢᠯ ᠤᠨ ᠴᠢᠬᠤᠯᠠ ᠶᠤᠮ᠃ ᠬᠡᠷᠪᠡ ᠡᠷᠬᠡ ᠳᠤᠨᠢ ᠬᠠᠯᠳᠠᠪᠠᠯ ᠨᠠᠰᠤᠳᠠᠶᠢᠴᠤᠤᠨ ᠤᠨ ᠪᠠᠶ᠎ᠡ ᠰᠡᠳᠬᠢᠯ ᠤᠨ ᠡᠷᠡᠬᠦᠯ ᠴᠢᠬᠢᠷᠠᠭ ᠪᠠ ᠦᠳᠡᠯᠦᠬᠡ ᠨᠠᠰᠤᠨ ᠤ ᠠᠮᠢᠳᠤᠷᠠᠯ ᠢ ᠨᠢ ᠰᠢᠭᠤᠤᠨ ᠨᠦᠯᠦᠬᠡᠯᠡᠬᠦ ᠪᠤᠯᠤᠨ᠎ᠡ᠃ ︽ᠨᠠᠰᠤᠳᠠᠶᠢᠴᠤᠤᠨ ᠤᠨ ᠡᠷᠬᠡ ᠠᠰᠢᠭ ᠢ ᠪᠠᠳᠤᠯᠬᠤ ᠬᠠᠤᠯᠢ︾ ᠳᠤ ᠲᠤᠬᠳᠠᠭᠠᠬᠰᠠᠨ ᠨᠢ ᠠᠰᠠᠷᠠᠨ ᠲᠡᠵᠢᠬᠡᠬᠦ ᠬᠦᠮᠦᠨ ᠨᠢ ᠨᠠᠰᠤᠳᠠᠶᠢᠴᠤᠤᠨ ᠲᠤ ᠵᠤᠬᠢᠰᠳᠠᠢ ᠰᠠᠭᠤᠬᠤ ᠬᠡᠷ ᠲᠤᠬᠢᠷᠠᠭᠤᠯᠤᠨ ᠦᠭᠬᠦ ᠬᠡᠷᠡᠭᠳᠡᠢ ᠪᠦᠬᠡᠤᠨ ᠰᠡᠯᠪᠢᠨ ᠵᠠᠰᠠᠬᠤ ᠡᠬᠦᠷᠬᠡ ᠲᠠᠢ᠃ ᠦᠷ᠎ᠡ ᠬᠡᠤᠬᠡᠤᠨ ᠨᠢ ᠪᠤᠶᠤ ᠪᠤᠰᠤᠤᠨ ᠰᠠᠳᠤᠨ ᠲᠦᠷᠦᠯ ᠨᠢ ᠨᠠᠰᠤᠳᠠᠶᠢᠴᠤᠤᠨ ᠤᠨ ᠰᠠᠭᠤᠬᠤ ᠬᠡᠷ ᠢ ᠡᠵᠡᠯᠡᠵᠦ ᠪᠤᠯᠬᠤ ᠦᠬᠡᠢ᠃ ᠨᠡᠰᠤᠳᠠᠶᠢᠴᠤᠤᠨ ᠤᠨ ᠪᠠᠶᠢᠭ᠎ᠠ ᠪᠠᠶᠢᠭᠤᠯᠤᠯᠭ᠎ᠠ ᠨᠢ ᠰᠠᠭᠤᠬᠤ ᠬᠡᠷ ᠬᠤᠪᠢᠶᠠᠬᠤ᠂ ᠲᠤᠬᠢᠷᠠᠭᠤᠯᠬᠤ᠂ ᠬᠤᠳᠠᠯᠳᠤᠬᠤ  ᠳᠤ ᠪᠤᠳᠠᠳᠤ ᠪᠠᠶᠢᠳᠠᠯ ᠪᠠ ᠬᠤᠯᠪᠤᠬᠳᠠᠯ ᠪᠦᠬᠦᠢ ᠪᠠᠷᠢᠮᠵᠢᠶ᠎ᠡ ᠶᠢ ᠦᠨᠳᠦᠰᠦᠯᠡᠵᠦ ᠨᠠᠰᠤᠳᠠᠶᠢᠴᠤᠤᠨ ᠤᠨ ᠬᠡᠷᠡᠭᠴᠡᠭᠡ  ᠶᠢ ᠬᠠᠷᠠᠭᠠᠯᠵᠠᠬᠤ ᠬᠡᠷᠡᠭᠳᠡᠢ᠃       6᠂ ᠤᠯᠤᠰ ᠪᠠ ᠨᠡᠶᠢᠬᠡᠮ ᠠᠴᠠ ᠡᠳ᠋ ᠪᠤᠳᠡᠰ ᠤᠨ ᠬᠠᠪᠰᠤᠷᠤᠯᠭ᠎ᠠ ᠤᠯᠬᠤ ᠡᠷᠬᠡ ᠲᠠᠢ᠃ ᠤᠯᠤᠰ ᠠᠴᠠ ᠨᠠᠰᠤᠳᠠᠶᠢᠴᠤᠤᠨ ᠤᠨ ᠠᠮᠢᠳᠤᠷᠠᠯ ᠳᠤ ᠲᠦᠬᠦᠮ ᠨᠦᠬᠦᠴᠡᠯ ᠢ ᠪᠦᠷᠢᠯᠳᠦᠬᠦᠯᠦᠨ ᠦᠭᠴᠦ ᠨᠠᠰᠤᠳᠠᠶᠢᠴᠤᠤᠨ ᠤᠨ ᠠᠰᠠᠷᠠᠮᠵᠢ ᠪᠠ ᠤᠶᠢᠯᠡᠴᠢᠯᠡᠬᠡᠨ ᠤ ᠠᠵᠢᠯ ᠤᠶᠢᠯᠠᠰ ᠢ ᠬᠦᠭᠵᠢᠬᠦᠯᠬᠦ ᠬᠡᠷᠡᠭᠳᠡᠢ᠃ ᠨᠠᠰᠤᠳᠠᠶᠢᠴᠤᠤᠨ ᠤᠨ ᠠᠮᠢᠳᠤᠷᠠᠯ  ᠳᠤ ᠨᠠᠰᠤᠵᠢᠯ ᠤᠨ ᠲᠠᠭᠠᠳᠬᠠᠯ ᠤᠨ ᠲᠦᠷᠢᠮ ᠪᠠ ᠵᠠᠰᠠᠭ ᠤᠨ ᠤᠷᠳᠤᠨ ᠤ ᠲᠡᠮᠵᠢᠨ ᠲᠡᠳᠬᠦᠬᠦ ᠲᠦᠷᠢᠮ ᠢ ᠬᠡᠷᠡᠭᠵᠢᠬᠦᠯᠵᠦ᠂ ᠨᠠᠰᠤᠳᠠᠶᠢᠴᠤᠤᠨ ᠦᠳᠡᠯᠬᠦ ᠦᠶᠡᠰ ᠠᠰᠠᠷᠠᠮᠵᠢ ᠲᠠᠢ ᠪᠠᠶᠢᠬᠤ ᠶᠢ ᠪᠠᠳᠤᠯᠠᠨ᠎ᠠ᠃       7᠂ ᠡᠮ ᠡᠮᠨᠡᠯᠬᠡ ᠶᠢᠨ ᠪᠠᠳᠤᠯᠠᠭ᠎ᠠ ᠤᠯᠬᠤ ᠡᠷᠭᠡ᠃ ᠤᠯᠤᠰ ᠠᠴᠠ ᠤᠯᠠᠨ ᠵᠦᠢᠯ ᠤᠨ ᠬᠡᠯᠪᠡᠷᠢ ᠲᠠᠢ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠪᠠᠶᠢᠭᠤᠯᠵᠤ ᠨᠠᠰᠤᠳᠠᠶᠢᠴᠤᠤᠨ ᠤᠨ ᠡᠮ ᠡᠮᠨᠡᠯᠬᠡ ᠶᠢᠨ ᠦᠨᠳᠦᠰᠦᠨ ᠬᠡᠷᠡᠭᠴᠡᠭᠡ ᠶᠢ ᠪᠠᠳᠤᠯᠬᠤ ᠬᠡᠷᠡᠭᠳᠡᠢ᠃       8᠂ ᠦᠷᠬᠦᠯᠵᠢᠯᠡᠨ ᠰᠤᠷᠭᠠᠨ ᠬᠦᠮᠦᠵᠢᠯ ᠬᠦᠷᠳᠡᠬᠦ ᠡᠷᠬᠡ ᠲᠠᠢ᠃ ᠤᠯᠤᠰ ᠠᠴᠠ ᠨᠠᠰᠤᠳᠠᠶᠢᠴᠤᠤᠨ ᠤᠨ ᠰᠤᠷᠭᠠᠨ ᠬᠦᠮᠤᠵᠢᠯ ᠢ ᠬᠡᠷᠡᠭᠵᠢᠬᠦᠯᠵᠦ ᠨᠡᠶᠢᠬᠡᠮ ᠲᠡᠬᠡᠷ᠎ᠡ ᠡᠯ᠎ᠡ ᠵᠦᠢᠯ ᠤᠨ ᠨᠠᠰᠤᠳᠠᠶᠢᠴᠤᠤᠨ ᠤᠨ ᠰᠤᠷᠭᠠᠭᠤᠯᠢ ᠪᠠᠶᠢᠭᠤᠯᠬᠤ ᠶᠢ ᠵᠤᠷᠢᠬᠵᠢᠭᠤᠯᠤᠨ ᠨᠠᠰᠤᠳᠠᠶᠢᠴᠤᠤᠨ ᠤᠨ ᠰᠤᠷᠤᠯᠴᠠᠬᠤ ᠬᠡᠷᠡᠭᠴᠡᠭᠡ ᠶᠢ ᠬᠠᠨᠭ᠍ᠭᠠᠬᠤ ᠬᠡᠷᠡᠭᠳᠡᠢ᠃                                                                    ︵ᠴᠢᠭᠡᠴᠢ︶                  
 
ᠢᠷᠡᠯᠲᠡ᠄ ᠠᠯᠳᠠᠨ ᠬᠦᠷᠳᠦ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号