ᠬᠠᠤᠯᠢ ᠶᠤᠰᠤᠭᠠᠷ ᠤᠯᠤᠰ ᠢᠶᠠᠨ ᠵᠠᠰᠠᠬᠤ ᠳᠤᠬᠠᠢ
ᠨᠡᠶᠢᠲᠡᠯᠡᠭᠰᠡᠨ ᠴᠠᠭ᠄
2016/4/27
           ᠬᠠᠤᠯᠢ ᠶᠤᠰᠤᠭᠠᠷ ᠤᠯᠤᠰ ᠢᠶᠠᠨ ᠵᠠᠰᠠᠬᠤ ᠳᠤᠬᠠᠢ        

           ᠨᠠᠮ ᠤᠨ ᠠᠷᠪᠠᠨ ᠨᠠᠢᠮᠠᠲᠤᠭᠠᠷ ᠶᠡᠭᠡ ᠬᠤᠷᠠᠯ ᠠᠴᠠ ᠭᠠᠷᠭᠠᠭᠰᠠᠨ ᠪᠠᠶᠢᠯᠲᠤᠬᠤ ᠪᠤᠲᠤᠯᠭ᠎ᠠ ᠶᠢᠨ

ᠪᠠᠶᠢᠷᠢᠯᠠᠭᠠᠯᠤᠯᠲᠠ ᠶᠢ  ᠳᠤᠤᠱᠯᠠᠭᠤᠯᠤᠨ ᠨᠠᠶᠢᠲᠠᠪᠤᠷᠢᠵᠢᠭᠤᠯᠵᠤ᠂ ᠨᠡᠶᠢᠭᠡᠮ  ᠵᠢᠷᠤᠮᠲᠤ ᠬᠠᠤᠯᠢ ᠪᠠᠷ ᠵᠠᠰᠠᠬᠤ ᠤᠯᠤᠰ

 ᠢ ᠳᠦᠷᠭᠡᠪᠴᠢᠯᠠᠨ ᠪᠦᠳᠦᠭᠡᠨ  ᠪᠠᠶᠢᠭᠤᠯᠬᠤ ᠶᠢᠨ ᠳᠦᠯᠦᠭᠡ᠂ ᠠᠷᠪᠠᠨ ᠨᠠᠢᠮᠠᠲᠤᠭᠠᠷ ᠬᠤᠭᠤᠴᠠᠭᠠᠨ ᠤ ᠳᠦᠪ

ᠬᠤᠷᠢᠶᠠᠨ ᠤ ᠳᠦᠷᠪᠡᠳᠦᠬᠡᠷ ᠪᠦᠬᠦᠲᠠ ᠬᠤᠷᠠᠯ  ᠲᠡᠭᠡᠷ᠎ᠡ ᠬᠠᠤᠯᠢ ᠶᠤᠰᠤᠭᠠᠷ ᠤᠯᠤᠰ ᠢᠶᠠᠨ ᠵᠠᠰᠠᠬᠤ ᠶᠠᠪᠤᠲᠠᠯ ᠢ

ᠪᠦᠬᠦ ᠲᠠᠯ᠎ᠠ ᠪᠠᠷ  ᠳᠦᠯᠬᠢᠨ ᠠᠬᠢᠭᠤᠯᠬᠤ ᠴᠢᠬᠤᠯᠠ ᠶᠡᠭᠡ  ᠠᠰᠠᠭᠤᠲᠠᠯ ᠤᠳ ᠢ ᠰᠤᠳᠤᠯᠵᠤ᠂ ᠳᠤᠤᠷᠠᠬᠢ ᠮᠠᠲᠤ

ᠲᠤᠭᠲᠠᠭᠠᠯ ᠭᠠᠷᠭᠠᠪᠠ᠃       ᠨᠢᠭᠡ᠂ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ

 ᠪᠠᠷ  ᠵᠠᠰᠠᠬᠤ ᠵᠠᠮ ᠢᠶᠠᠷ ᠵᠠᠮᠨᠠᠵᠤ᠂  ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ

ᠵᠠᠰᠠᠬᠤ ᠰᠢᠰᠲ᠋ᠧᠮ ᠢ ᠪᠠᠶᠢᠭᠤᠯᠤᠨ᠎ᠠ᠃       ᠬᠤᠶᠠᠷ᠂ ᠦᠨᠳᠦᠰᠦᠨ ᠬᠠᠤᠯᠢ ᠪᠠᠷ ᠭᠤᠤᠯ ᠪᠤᠯᠭᠠᠭᠰᠠᠨ ᠳᠤᠮᠳᠠᠳᠦ

ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ  ᠬᠠᠤᠯᠢ ᠴᠠᠭᠠᠵᠠ ᠶᠢᠨ ᠰᠢᠰᠲ᠋ᠧᠮ ᠢ ᠳᠡᠬᠦᠯᠲᠡᠷᠵᠢᠬᠦᠯᠵᠦ᠂

ᠦᠨᠳᠦᠰᠦᠨ ᠬᠠᠤᠯᠢ ᠶᠢᠨ ᠬᠡᠷᠡᠭᠵᠢᠬᠦᠯᠦᠯᠲᠠ ᠶᠢ ᠴᠢᠩᠭᠠᠳᠬᠠᠨ᠎ᠠ᠃       ᠭᠤᠷᠪᠠ᠂ ᠬᠠᠤᠯᠢ ᠶᠤᠰᠤᠭᠠᠷ ᠵᠠᠰᠠᠭ

ᠶᠠᠪᠤᠭᠤᠯᠬᠤ ᠶᠠᠪᠤᠲᠠᠯ ᠢ ᠭᠦᠨᠵᠡᠭᠡᠢ ᠳᠦᠯᠬᠢᠨ ᠠᠬᠢᠭᠤᠯᠵᠤ᠂ ᠬᠠᠤᠯᠢ ᠪᠠᠷ ᠵᠠᠰᠠᠬᠤ  ᠵᠠᠰᠠᠭ ᠤᠨ ᠤᠷᠲᠤᠨ ᠢ

ᠳᠦᠷᠭᠡᠪᠴᠢᠯᠠᠨ ᠪᠦᠳᠦᠭᠡᠨ ᠪᠠᠶᠢᠭᠤᠯᠤᠨ᠎ᠠ᠃       ᠳᠦᠷᠪᠡ᠂ ᠬᠠᠤᠯᠢ ᠶᠢ ᠳᠦᠪ ᠭᠤᠤᠯᠴᠢ ᠪᠠᠷ ᠪᠠᠷᠢᠬᠤ ᠶᠢ

ᠪᠠᠲᠤᠯᠠᠵᠤ᠂ ᠬᠠᠤᠯᠢ  ᠪᠠᠷᠢᠬᠤ ᠠᠵᠢᠯ ᠤᠨ ᠨᠡᠶᠢᠲᠡ ᠶᠢᠨ  ᠢᠲᠡᠭᠡᠮᠵᠢ ᠶᠢ ᠲᠡᠭᠡᠭᠰᠢᠯᠡᠬᠦᠯᠦᠨ᠎ᠡ᠃       ᠲᠠᠪᠤ᠂

ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠨᠡᠮᠡᠭᠲᠡᠬᠦᠯᠵᠦ᠂ ᠬᠠᠤᠯᠢ ᠪᠠᠷ ᠵᠠᠰᠠᠬᠤ ᠨᠡᠶᠢᠭᠡᠮ  

 ᠤᠨ ᠪᠠᠶᠢᠭᠤᠯᠤᠯᠲᠠ ᠶᠢ ᠠᠬᠢᠭᠤᠯᠤᠨ᠎ᠠ᠃       ᠵᠢᠷᠭᠤᠭ᠎ᠠ᠂ ᠬᠠᠤᠯᠢ ᠪᠠᠷ ᠵᠠᠰᠠᠬᠤ ᠠᠵᠢᠯ ᠤᠨ ᠡᠩᠨᠡᠭᠡᠨ ᠤ

ᠪᠠᠶᠢᠭᠤᠯᠤᠯᠲᠠ ᠶᠢ ᠴᠢᠩᠭᠠᠳᠬᠠᠨ᠎ᠠ᠃       ᠳᠤᠯᠤᠭ᠎ᠠ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠶᠠᠪᠤᠲᠠᠯ ᠢ

ᠪᠦᠬᠦ ᠲᠠᠯ᠎ᠠ ᠪᠠᠷ ᠳᠦᠯᠬᠢᠨ ᠠᠬᠢᠭᠤᠯᠬᠤ ᠲᠤᠬᠠᠢ ᠨᠠᠮ   ᠤᠨ ᠤᠲᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠤᠨ᠎ᠠ᠃

                                           ︵ᠰᠤᠨᠢᠠ ᠮᠡᠳᠡᠭᠡᠡ ᠤ ᠰᠦᠯᠵᠢᠶ᠎ᠠ︶

 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号