ᠣᠩᠨᠢᠭᠤᠳ ᠬᠤᠰᠢᠭᠤᠨ ᠤ ᠰᠢᠨᠡᠰᠦ᠋ᠮ᠎ᠡ ᠰᠣᠮᠣ ᠶᠢᠨ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠷᠤᠭᠰᠢᠲᠠᠢ ᠶᠠᠪᠤᠭᠳᠠᠵᠤ ᠪᠣᠢ
ᠨᠡᠶᠢᠲᠡᠯᠡᠭᠰᠡᠨ ᠴᠠᠭ᠄
2016/4/27
     ᠤᠯᠠᠭᠠᠨᠬᠠᠲᠠ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠶᠡᠷᠤᠩᠬᠡᠶᠢᠯᠡᠭᠰᠡᠨ ᠷᠠᠳᠢᠣ᠋ ᠶᠢᠨ ᠰᠣᠷᠪᠤᠯᠵᠢᠯᠠᠭᠴᠢ ᠰᠢᠶᠠᠩ ᠲᠠᠩ ᠤᠨ ᠮᠡᠳᠡᠭᠡᠯᠡᠭᠰᠡᠨ ᠢᠶᠠᠷ᠄      2016 ᠣᠨ ᠪᠣᠯ ᠮᠠᠨ ᠤ ᠣᠷᠤᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠬᠠᠮᠤᠭ ᠰᠡᠭᠦᠯᠴᠢ ᠶᠢᠨ ᠨᠢᠭᠡ ᠵᠢᠯ ᠪᠣᠯᠤᠨ᠎ᠠ᠃ ᠲᠡᠭᠡᠪᠡᠯ ᠲᠤᠰ ᠢᠨᠵᠧᠨᠧᠷᠢᠩ ᠤᠨ ᠬᠡᠷᠡᠭᠵᠢᠭᠦᠯᠦᠭᠳᠡᠭᠰᠡᠨ ᠪᠠᠶᠢᠳᠠᠯ ᠬᠢᠷᠢ ᠵᠡᠷᠭᠡ ᠪᠠᠶᠢᠨ᠎ᠠ︖ ᠬᠦᠳᠡᠭᠡ ᠨᠤᠲᠤᠭ ᠢᠶᠠᠷ ᠶᠠᠮᠠᠷ ᠰᠢᠨᠡᠭᠡᠨ ᠬᠤᠪᠢᠷᠠᠯᠲᠠ ᠲᠠᠢ ᠪᠣᠯ︖ ᠡᠨᠡ ᠠᠰᠠᠭᠤᠯᠲᠠ ᠶᠢᠨ ᠲᠣᠭᠤᠷᠢᠨ ᠳᠤ ᠰᠣᠷᠪᠤᠯᠵᠢᠯᠠᠭᠴᠢ ᠰᠢᠶᠠᠩ ᠲᠠᠩ ᠣᠶᠢᠷ᠎ᠠ ᠳᠤ ᠣᠩᠨᠢᠭᠤᠳ ᠬᠤᠰᠢᠭᠤᠨ ᠤ ᠰᠢᠨᠡᠰᠦ᠋ᠮ᠎ᠡ ᠰᠣᠮᠣ   ᠳᠤ ᠬᠦᠷᠴᠤ ᠰᠣᠷᠪᠤᠯᠵᠢᠯᠠᠭ᠎ᠠ ᠬᠢᠪᠡ᠃      ᠰᠢᠨᠡᠰᠦ᠋ᠮ᠎ᠡ ᠰᠣᠮᠣ ᠶᠢᠨ ᠪᠣᠶᠠᠨᠳᠠᠢ ᠭᠠᠴᠠᠭ᠎ᠠ   ᠳᠤ ᠨᠡᠶᠢᠲᠡ 4 ᠳᠣᠭᠤᠶᠢᠯᠠᠩ ᠭᠤᠷᠪᠠᠨ ᠵᠠᠭᠤ ᠵᠢᠷᠠᠭᠠᠳ ᠡᠷᠤᠭᠡ ᠲᠠᠢ᠂ ᠡᠭᠦᠨ ᠳᠤ ᠰᠢᠪᠠᠷ ᠪᠠᠶᠢᠰᠢᠩ 80 ᠭᠠᠷᠤᠢ ᠪᠠᠶᠢᠵᠤ᠂ ᠡᠨᠡ ᠵᠢᠯ ᠪᠦᠭᠦᠨ ᠢ ᠨᠤᠷᠠᠭᠠᠵᠤ ᠰᠢᠨ᠎ᠡ ᠪᠠᠷ ᠪᠠᠷᠢᠬᠤ ᠪᠠᠷ ᠪᠠᠶᠢᠨ᠎ᠠ᠃ ᠡᠨᠡ  ᠲᠣᠬᠠᠢ ᠭᠠᠴᠠᠭᠠᠨ ᠳᠠᠷᠤᠭ᠎ᠠ ᠦᠷᠡᠲᠤᠭᠲᠠᠬᠤ ᠬᠡᠯᠡᠬᠦ ᠳᠡᠭᠡᠨ᠄ ᠭᠠᠴᠠᠭᠠᠨ ᠤ ︽ᠠᠷᠪᠠ ᠶᠢ ᠪᠦᠷᠬᠦᠭᠦᠯᠬᠦ︾ ᠠᠵᠢᠯ ᠬᠦᠷ ᠬᠦᠭᠵᠢᠶᠡᠨ ᠲᠠᠢ ᠡᠬᠢᠯᠡᠭᠡᠳ ᠨᠢᠭᠡᠨᠲᠡ ᠰᠠᠷ᠎ᠠ ᠭᠠᠷᠤᠢ ᠪᠣᠯᠪᠠ᠂  ᠶᠠᠭᠤᠨ ᠤ ᠡᠮᠤᠨ᠎ᠡ ᠲᠤᠰᠬᠤᠨ ᠤ ᠠᠷᠢᠭᠤᠨ ᠴᠡᠪᠡᠷ ᠤᠨ ᠠᠵᠢᠯ ᠢ ᠰᠠᠶᠢᠳᠤᠷ ᠬᠢᠵᠤ ᠪᠠᠷᠭᠠᠵᠤ ᠳᠠᠷᠠᠭ᠎ᠠ   ᠨᠢ ᠪᠦᠬᠦ ᠭᠠᠴᠠᠭᠠᠨ ᠤ ᠨᠤᠷᠠᠬᠤ ᠠᠶᠤᠯᠲᠠᠢ ᠰᠢᠪᠠᠷ  ᠪᠠᠶᠢᠰᠢᠩ ᠢ  ᠰᠡᠯᠪᠢᠨ ᠵᠠᠰᠠᠬᠤ ᠠᠵᠢᠯ ᠢ ᠡᠬᠢᠯᠡᠭᠦᠯᠵᠠᠢ᠃      ᠡᠭᠦᠨ ᠠᠴᠠ ᠭᠠᠳᠠᠨ᠎ᠠ᠂ ᠪᠣᠶᠠᠨᠳᠠᠢ ᠭᠠᠴᠠᠭ᠎ᠠ ᠶᠢᠨ ᠪᠦᠷᠢᠳᠤᠨ ᠳᠣᠭᠤᠶᠢᠯᠠᠩ ᠪᠠ ᠪᠣᠶᠠᠨᠳᠠᠢ ᠳᠣᠭᠤᠶᠢᠯᠠᠩ ᠨᠢ ᠪᠦᠷ ᠠᠶᠢᠯ ᠢᠶᠠᠨ ᠲᠣᠭᠤᠷᠢᠭᠰᠠᠨ ᠲᠣᠭᠤᠷᠢᠯ ᠵᠠᠮ ᠵᠠᠰᠠᠵᠤ ᠪᠣᠢ᠂ ᠡᠨᠡ ᠲᠣᠬᠠᠢ ᠭᠠᠴᠠᠭᠠᠨ ᠳᠠᠷᠤᠭ᠎ᠠ ᠦᠷᠡᠲᠤᠭᠲᠠᠬᠤ ᠬᠡᠯᠡᠬᠦ ᠳᠡᠭᠡᠨ᠄  ᠲᠣᠭᠤᠷᠢᠯ ᠵᠠᠮ  ᠵᠠᠰᠠᠭᠰᠠᠨ ᠨᠢ ᠠᠷᠠᠳ ᠤᠨ ᠣᠷᠤᠵᠤ ᠭᠠᠷᠬᠤ ᠳᠤ ᠳᠦᠭᠦᠮ ᠦᠵᠡᠭᠦᠯᠵᠦ᠂ ᠵᠠᠮ ᠤᠨ  ᠬᠠᠵᠠᠭᠤ ᠪᠠᠷ ᠰᠢᠨ᠎ᠡ ᠲᠣᠣᠷ ᠬᠦᠷᠢᠶᠡᠯᠡᠵᠤ᠂ ᠬᠡᠳᠤᠨ ᠮᠦᠷ ᠮᠣᠲᠤ ᠵᠠᠶᠢᠯᠠᠵᠦ ᠭᠠᠴᠠᠭᠠᠨ  ᠤ ᠣᠷᠴᠢᠨ ᠠᠬᠤᠢ ᠶᠢ ᠰᠠᠶᠢᠵᠢᠷᠠᠭᠤᠯᠵᠠᠢ᠃      ᠭᠠᠴᠠᠭ᠎ᠠ ᠲᠤᠰᠬᠤᠨ ᠤ ᠣᠷᠴᠢᠨ ᠲᠣᠭᠤᠷᠢᠨ ᠢ ᠴᠡᠪᠡᠷᠯᠡᠬᠦ ᠠᠵᠢᠯ ᠪᠣᠯ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠬᠦᠴᠢᠷ ᠠᠵᠢᠯ ᠤᠨ ᠨᠢᠭᠡ ᠪᠣᠯᠤᠨ᠎ᠠ᠃ ᠰᠢᠨᠡᠰᠦ᠋ᠮ᠎ᠡ ᠰᠣᠮᠣ ᠡᠨᠡ ᠵᠢᠯ ᠤᠨ ᠭᠤᠷᠪᠠᠳᠤᠭᠠᠷ ᠰᠠᠷ᠎ᠠ ᠠᠴᠠ ᠡᠬᠢᠯᠡᠵᠤ ᠲᠤᠰ ᠠᠵᠢᠯ ᠢ ᠭᠠᠷᠳᠠᠨ ᠬᠢᠵᠦ᠂ 6000 ᠢᠯᠡᠭᠦᠦ ᠮᠠᠯᠴᠢᠨ ᠲᠦᠮᠡᠨ ᠤ ᠣᠷᠤᠯᠴᠠᠯᠭ᠎ᠠ ᠲᠠᠢ᠂70 ᠲᠦᠮᠡᠨ ᠲᠦᠭᠦᠷᠢᠭ ᠤᠨ ᠪᠡᠯᠡ ᠣᠷᠤᠭᠤᠯᠵᠦ᠂ 4 ᠲᠦᠮᠡ ᠢᠯᠡᠭᠦᠦ ᠲᠡᠭᠰᠢ ᠳᠥᠷᠪᠡᠯᠵᠢᠨ ᠮᠧᠲᠷ ᠤᠨ ᠬᠤᠭ ᠨᠣᠪᠰᠢ ᠶᠢ ᠠᠷᠢᠯᠭᠠᠵᠤ ᠴᠡᠪᠡᠷᠯᠡᠭᠰᠡᠨ ᠪᠠᠶᠢᠨ᠎ᠠ᠃ ᠡᠨᠡ ᠲᠣᠬᠠᠢ ᠮᠠᠯᠴᠢᠨ ᠰᠠᠷᠠᠨ᠎ᠠ ᠶᠠᠷᠢᠬᠤ ᠳᠠᠭᠠᠨ᠄ ᠰᠣᠮᠣ ᠠᠴᠠ ᠠᠷᠢᠭᠤᠨ ᠴᠡᠪᠡᠷ ᠢ ᠱᠠᠭᠠᠷᠳᠠᠵᠤ᠂ ᠺᠠᠲᠠᠷ ᠲᠣᠮᠢᠯᠠᠨ ᠮᠠᠯᠴᠢᠳ ᠢ ᠬᠠᠪᠰᠤᠷᠴᠤ ᠬᠦᠷᠢᠶ᠎ᠡ ᠬᠠᠰᠢᠶ᠎ᠠ᠂  ᠮᠠᠯ ᠤᠨ ᠬᠤᠷᠢᠶ᠎ᠠ  ᠶᠢ ᠴᠡᠪᠡᠷᠯᠡᠵᠦ᠂ ᠲᠣᠣᠷ ᠪᠣᠯᠠᠭ᠎ᠠ ᠶᠢ ᠲᠡᠭᠰᠢᠯᠡᠵᠦ ᠬᠤᠷᠢᠶᠠᠵᠦ  ᠂ ᠣᠬᠤᠷ ᠬᠤᠭᠤᠴᠠᠭᠠᠨ ᠳᠤ ᠭᠡᠷ ᠤᠨ ᠭᠠᠳᠠᠨ᠎ᠠ ᠳᠣᠲᠤᠨ᠎ᠠ ᠶᠢ ᠳᠡᠷᠢ ᠲᠡᠭᠰᠢ ᠪᠣᠯᠭᠠᠭᠰᠠᠨ ᠪᠠᠶᠢᠨ᠎ᠠ᠃      ᠳᠡᠭᠡᠷ᠎ᠡ ᠳᠤᠷᠠᠳᠤᠭᠰᠠᠨ᠂ ᠰᠠᠷᠠᠨ᠎ᠠ ᠶᠢ ᠬᠠᠪᠰᠤᠷᠴᠤ ᠬᠦᠷᠢᠶ᠎ᠡ ᠬᠠᠰᠢᠶ᠎ᠠ ᠶᠢ ᠨᠢ ᠴᠡᠪᠡᠷᠯᠡᠭᠰᠡᠨ ᠬᠦᠮᠦᠨ ᠪᠣᠯ ᠰᠢᠨᠡᠰᠦ᠋ᠮ᠎ᠡ ᠰᠣᠮᠣ ᠶᠢᠨ ᠳᠡᠳ᠋ ᠳᠠᠷᠤᠭ᠎ᠠ ᠢᠦᠢ ᠵᠤᠸᠠᠩ ᠪᠣᠯᠤᠨ᠎ᠠ᠃ ᠰᠢᠨᠡᠰᠦ᠋ᠮ᠎ᠡ ᠰᠣᠮᠣ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ︽ᠠᠷᠪᠠ ᠶᠢ ᠪᠦᠷᠬᠦᠭᠦᠯᠬᠦ︾ ᠢᠨᠵᠧᠨᠧᠷᠢᠩ  ᠤᠨ ᠠᠵᠢᠯ ᠳᠤ ᠨᠢᠭᠡᠳᠤᠭᠡᠷ ᠱᠦᠵᠢ ᠪᠡᠶᠡᠲᠡᠨ ᠳᠠᠭᠠᠭᠤᠯᠵᠦ᠂ ᠺᠠᠲᠠᠷ ᠪᠦᠬᠦᠨ ᠲᠤᠰᠬᠤᠨ ᠳᠤ ᠪᠠᠭᠤᠵᠤ᠂ ᠮᠠᠯᠴᠢᠨ ᠲᠦᠮᠡᠨ ᠲᠠᠢ ᠬᠠᠮᠲᠤ ᠰᠠᠭᠤᠵᠤ ᠬᠠᠮᠳᠤ ᠠᠵᠢᠯᠯᠠᠵᠤ ᠪᠣᠢ᠃ ᠢᠦᠢ ᠵᠤᠸᠠᠩ ᠳᠡᠳ᠋ ᠰᠣᠮᠣᠨ ᠳᠠᠷᠤᠭ᠎ᠠ ᠶᠢᠨ ᠬᠠᠷᠢᠭᠤᠴᠠᠵᠤ ᠪᠠᠶᠢᠭ᠎ᠠ ᠭᠠᠴᠠᠭ᠎ᠠ ᠪᠣᠯ ᠪᠣᠶᠠᠨᠳᠠᠢ ᠭᠠᠴᠠᠭ᠎ᠠ ᠪᠠᠶᠢᠵᠤ᠂ ᠡᠨᠡ ᠬᠤᠶᠠᠷ ᠡᠳᠤᠷ ᠲᠡᠷᠡ ᠶᠠᠭ ᠵᠠᠮ ᠤᠨ ᠬᠠᠵᠠᠭᠤ ᠪᠠᠷ ᠮᠣᠳᠤ ᠵᠠᠶᠢᠯᠠᠬᠤ ᠠᠵᠢᠯ ᠳᠤ ᠶᠠᠭᠠᠷᠠᠵᠤ ᠪᠣᠢ᠃ ᠡᠨᠡ ᠲᠣᠬᠠᠢ ᠢᠦᠢ ᠵᠤᠸᠠᠩ ᠶᠠᠷᠢᠬᠤ ᠳᠠᠭᠠᠨ᠄ ᠣᠳᠤ ᠪᠠᠷ ᠠᠵᠢᠯᠯᠠᠵᠤ ᠪᠠᠶᠢᠭ᠎ᠠ ᠭᠠᠵᠠᠷ ᠪᠣᠯ ᠪᠣᠶᠠᠨᠳᠠᠢ ᠭᠠᠴᠠᠭ᠎ᠠ ᠶᠢᠨ ᠨᠣᠭᠤᠭᠠᠷᠠᠭᠤᠯᠤᠯᠲᠠ ᠶᠢᠨ ᠪᠦᠰᠡ ᠪᠣᠯᠤᠨ᠎ᠠ᠂ ᠲᠦᠯᠦᠪᠯᠡᠭᠰᠡᠨ ᠢᠶᠠᠷ 1600 ᠰᠠᠭᠤᠷᠢ ᠮᠣᠳᠤ ᠵᠠᠶᠢᠯᠠᠬᠤ ᠪᠠᠷ ᠪᠡᠯᠡᠳᠭᠡᠵᠤ᠂ ᠣᠳᠤ ᠨᠢᠭᠡᠨᠲᠡ 1/3   ᠶᠢᠨ ᠡᠭᠦᠷᠭᠡ  ᠪᠠᠨ ᠪᠡᠶᠡᠯᠡᠭᠦᠯᠪᠡ᠃      ︽ᠠᠷᠪᠠ ᠶᠢ ᠪᠦᠷᠬᠦᠭᠦᠯᠬᠦ︾ ᠢᠨᠵᠧᠨᠧᠷᠢᠩ ᠪᠣᠯ ᠬᠦᠳᠡᠭᠡ ᠲᠣᠰᠬᠤᠨ ᠮᠠᠯᠵᠢᠬᠤ ᠣᠷᠤᠨ ᠤ ᠨᠡᠶᠢᠲᠡ ᠶᠢᠨ ᠰᠠᠭᠤᠷᠢ ᠪᠦᠲᠤᠭᠡᠨ ᠪᠠᠶᠢᠭᠤᠯᠤᠯᠲᠠ ᠶᠢ ᠬᠦᠭᠵᠢᠭᠦᠯᠵᠦ᠂ ᠭᠠᠴᠠᠭ᠎ᠠ ᠲᠣᠰᠬᠤᠨ ᠤ ᠪᠣᠯᠪᠠᠰᠤᠨ ᠴᠡᠪᠡᠷ ᠰᠢᠨ᠎ᠡ ᠳᠦᠷᠢ ᠲᠦᠷᠬᠦ ᠶᠢ ᠪᠣᠢ ᠪᠣᠯᠭᠠᠨ ᠮᠠᠯᠴᠢᠨ ᠲᠠᠷᠢᠶᠠᠴᠢᠳ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠬᠦᠯᠬᠦ ᠶᠢ ᠵᠣᠷᠢᠭᠰᠠᠨ ᠠᠷᠠᠳ ᠲᠤ  ᠠᠰᠢᠭ ᠬᠦᠷᠲᠡᠭᠡᠬᠦ ᠢᠨᠵᠧᠨᠧᠷᠢᠩ ᠪᠣᠯᠤᠨ᠎ᠠ᠃ ᠲᠤᠰ ᠢᠨᠵᠧᠨᠧᠷᠢᠩ ᠨᠢ ᠮᠠᠯᠴᠢᠨ ᠲᠦᠮᠡᠨ  ᠤ ᠮᠠᠨᠢ ᠲᠠᠨᠢᠯᠲᠠ ᠤᠬᠠᠮᠰᠠᠷ᠂ ᠬᠠᠮᠵᠢᠯᠴᠠᠭ᠎ᠠ ᠴᠢᠷᠮᠠᠶᠢᠯᠭ᠎ᠠ ᠪᠠ ᠡᠯ᠎ᠡ ᠱᠠᠲᠤᠨ ᠤ ᠺᠠᠲᠠᠷ ᠤᠳᠤᠷᠢᠳᠤᠯᠭ᠎ᠠ ᠶᠢᠨ ᠤᠶᠤᠨ ᠴᠢᠳᠠᠯ᠂ ᠬᠠᠷᠢᠭᠤᠴᠠᠯᠭᠠᠲᠤ ᠰᠡᠳᠬᠢᠯ ᠤᠨ ᠳᠣᠣᠷ᠎ᠠ ᠤᠷᠤᠭᠰᠢᠲᠠᠢ ᠶᠠᠪᠤᠭᠳᠠᠵᠤ ᠪᠣᠢ᠃ ᠰᠣᠷᠪᠤᠯᠵᠢᠯᠠᠭᠴᠢ ᠶᠢ ᠰᠢᠨᠡᠰᠦ᠋ᠮ᠎ᠡ ᠰᠣᠮᠣ ᠶᠢᠨ ᠠᠯᠪᠠᠨ ᠤ ᠭᠠᠵᠠᠷ ᠬᠦᠷᠬᠦ ᠳᠤ ᠴᠦᠬᠡᠨ ᠬᠡᠳᠤᠨ ᠬᠦᠮᠤᠨ ᠠᠯᠪᠠᠨ  ᠳᠤ ᠪᠠᠨ ᠪᠠᠶᠢᠬᠤ ᠠᠴᠠ ᠭᠠᠳᠠᠨ᠎ᠠ᠂ ᠰᠣᠮᠣᠨ ᠤ  ᠱᠦᠵᠢ᠂ ᠰᠣᠮᠣᠨ ᠳᠠᠷᠤᠭ᠎ᠠ ᠲᠡᠷᠢᠭᠦᠲᠡᠢ ᠺᠠᠲᠠᠷᠴᠤᠳ ᠪᠦᠷ ᠦᠨᠳᠤᠰᠤᠨ ᠱᠠᠲᠤ ᠪᠠᠷ ᠭᠦᠨᠵᠡᠭᠡᠶᠢᠷᠡᠵᠦ᠂ ᠮᠠᠯᠴᠢᠨ ᠲᠠᠢ ᠬᠠᠮᠲᠤ ᠪᠠᠷ ᠭᠦᠷᠢᠶ᠎ᠡ ᠬᠠᠰᠢᠶ᠎ᠠ ᠴᠡᠪᠡᠷᠯᠡᠵᠦ᠂ ᠬᠠᠮᠲᠤ ᠪᠠᠷ ᠮᠣᠳᠤ ᠵᠠᠶᠢᠯᠠᠵᠦ᠂ ᠬᠠᠮᠲᠤ ᠪᠠᠷ ᠬᠡᠷᠡᠮ ᠪᠠᠷᠢᠵᠤ᠂ ᠬᠠᠮᠲᠤ ᠪᠠᠷ ᠡᠨᠡ ᠰᠠᠶᠢᠬᠠᠨ ᠨᠤᠲᠤᠭ ᠢᠶᠠᠨ ᠪᠦᠲᠤᠭᠡᠨ ᠪᠠᠶᠢᠭᠤᠯᠵᠤ ᠪᠠᠶᠢᠯ᠎ᠠ᠃ ᠰᠢᠨᠡᠰᠦ᠋ᠮ᠎ᠡ ᠰᠣᠮᠣ ᠶᠢᠨ ᠱᠦᠵᠢ ᠰᠠᠶᠢᠨᠪᠠᠲᠤ᠄ ᠰᠢᠨᠡᠰᠦ᠋ᠮ᠎ᠡ ᠰᠣᠮᠣ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ᠲᠤᠰ ᠵᠢᠯ ᠤᠨ ︽ᠠᠷᠪᠠ ᠶᠢ ᠪᠦᠷᠬᠦᠭᠦᠯᠬᠦ︾ ᠠᠵᠢᠯ ᠢ ᠡᠷᠴᠢᠮ ᠲᠠᠢ ᠠᠳᠬᠤᠪᠠ  ᠃ ᠪᠦᠬᠦ ᠰᠣᠮᠣ ᠪᠠᠷ ᠢᠶᠠᠨ 224 ᠡᠷᠤᠭᠡ ᠨᠤᠷᠠᠬᠤ ᠠᠶᠤᠯᠲᠠᠢ ᠰᠢᠪᠠᠷ ᠪᠠᠶᠢᠰᠢᠩ ᠪᠠᠶᠢᠵᠤ᠂ ᠣᠲᠣ ᠪᠣᠯᠲᠠᠯ᠎ᠠ ᠨᠢᠭᠡᠨᠲᠡ 120  ᠡᠷᠤᠬᠡ ᠶᠢᠨ ᠰᠢᠪᠠᠷ ᠪᠠᠶᠢᠰᠢᠩ ᠢ ᠨᠤᠷᠠᠭᠠᠵᠤ ᠰᠢᠨ᠎ᠡ ᠪᠠᠷ ᠪᠠᠶᠢᠭᠤᠯᠬᠤ ᠪᠠᠷ ᠪᠠᠶᠢᠨ᠎ᠠ᠂ ᠲᠤᠰ ᠵᠢᠯ ᠳᠤ ᠪᠦᠬᠦᠨ ᠢ ᠰᠢᠨᠡᠳᠭᠡᠬᠦ ᠪᠠᠷ ᠴᠢᠷᠮᠠᠶᠢᠵᠤ ᠪᠠᠶᠢᠨ᠎ᠠ  ᠃ ᠨᠣᠭᠤᠭᠠᠷᠠᠭᠤᠯᠤᠯᠲᠠ ᠶᠢᠨ ᠠᠵᠢᠯ ᠢ ᠰᠠᠶᠢᠨ ᠠᠳᠬᠤᠵᠤ᠂ ᠲᠦᠯᠦᠪᠯᠡᠯᠲᠡ ᠪᠠᠷ ᠠᠷᠪᠠᠨ ᠭᠠᠴᠠᠭᠠᠨ ᠳᠤ 850 ᠲᠦᠮᠡᠨ ᠲᠦᠬᠦᠷᠢᠭ ᠣᠷᠤᠭᠤᠯᠵᠦ 3 ᠲᠦᠮᠡ ᠢᠯᠡᠭᠦᠦ ᠰᠠᠭᠤᠷᠢ ᠮᠣᠲᠤ ᠵᠠᠶᠢᠯᠠᠨ᠎ᠠ᠂ 8800 ᠲᠦᠮᠡᠨ ᠲᠦᠬᠦᠷᠢᠭ ᠣᠷᠤᠭᠤᠯᠵᠦ 204 ᠺᠢᠯᠤᠮᠧᠲ᠋ᠧᠷ ᠵᠠᠮ ᠢ  ᠬᠠᠲᠠᠷᠠᠭᠤᠯᠤᠨ᠎ᠠ᠂  ᠪᠣᠰᠤᠳ ᠵᠤᠶᠢᠯ ᠤᠨ ᠠᠵᠢᠯ ᠪᠠᠰᠠ ᠡᠳᠤᠢ ᠲᠡᠳᠤᠢ ᠪᠠᠶᠢᠵᠤ  ᠂ 10 ᠰᠠᠷ᠎ᠠ ᠠᠴᠠ ᠡᠮᠤᠨ᠎ᠡ ᠪᠦᠬᠦᠨ ᠢ ᠪᠡᠶᠡᠯᠡᠬᠦᠯᠬᠦ ᠪᠠᠷ ᠪᠣᠢ᠃  ᠣᠳᠤ ᠪᠠᠷ᠂ ᠡᠯ᠎ᠡ ᠲᠠᠯ᠎ᠡ ᠶᠢᠨ ᠠᠵᠢᠯ ᠳᠡᠰ ᠳᠠᠷᠠᠭ᠎ᠠ ᠲᠠᠢ  ᠂ ᠡᠷᠴᠢᠮ ᠲᠠᠢ ᠶᠠᠪᠤᠭᠳᠠᠵᠤ ᠪᠠᠶᠢᠨ᠎ᠠ ᠭᠡᠪᠡ᠃
 
ᠢᠷᠡᠯᠲᠡ᠄ ᠤᠯᠠᠭᠠᠨᠬᠠᠳᠠ ᠶᠢᠨ ᠮᠣᠩᠭᠤᠯ ᠶᠡᠷᠤᠩᠬᠡᠶᠢᠯᠡᠭᠰᠡᠨ ᠷᠠᠳᠢᠣ᠋
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号