ᠣᠩᠨᠢᠭᠤᠳ ᠬᠤᠰᠢᠭᠤᠨ ᠤ ᠡᠬᠢ ᠪᠠᠶᠠᠯᠢᠭ
ᠨᠡᠶᠢᠲᠡᠯᠡᠭᠰᠡᠨ ᠴᠠᠭ᠄
2016/4/5
      ᠤᠩᠨᠢᠭᠤᠳ ᠬᠤᠰᠢᠭᠤ ᠡᠬᠢ ᠪᠠᠶᠠᠯᠢᠭ ᠡᠯᠪᠡᠭ᠃ ᠤᠰᠤᠨ ᠠᠰᠢᠭᠯᠠᠯᠲᠠ ᠶᠢᠨ ᠡᠬᠢ ᠰᠤᠷᠪᠤᠯᠵᠢ ᠤᠯᠠᠭᠠᠨᠬᠠᠲᠠ ᠳᠤ ᠪᠠᠨ ᠬᠠᠮᠤᠭ ᠡᠯᠪᠡᠭ ᠪᠦᠬᠡᠳ ᠠᠰᠢᠭᠯᠠᠵᠤ ᠪᠤᠯᠬᠤᠶᠢᠴᠠ ᠤᠰᠤᠨ ᠤ ᠰᠤᠷᠪᠤᠯᠵᠢ ᠶᠢᠨ ᠶᠡᠷᠦᠩᠬᠡᠢ ᠬᠡᠮᠵᠢᠶ᠎ᠡ 6.8 ᠳ᠋ᠦᠡᠭᠰᠢᠭᠤᠷ ᠺᠦᠪ ᠮᠧᠲᠷ ᠪᠠᠶᠢᠵᠤ᠂ ᠪᠦᠬᠦ ᠤᠯᠤᠰ ᠤᠨ 36 ᠲᠤᠮᠤ ᠬᠡᠯᠪᠡᠷᠢ ᠶᠢᠨ ᠤᠰᠤᠨ ᠴᠦᠬᠦᠷᠦᠮ ᠤᠨ ᠨᠢᠬᠡ ᠪᠤᠯᠬᠤ ᠬᠤᠩᠱᠠᠨ ᠴᠦᠬᠦᠷᠦᠮ ᠤᠩᠨᠢᠭᠤᠳ‌ᠬᠤᠰᠢᠭᠤᠨ ᠳᠤ ᠪᠤᠢ᠃       ᠪᠦᠬᠦ ᠬᠤᠰᠢᠭᠤᠨ ᠤ ᠠᠩᠬ᠎ᠠ ᠠᠯᠬᠤᠮ ᠬᠠᠶᠢᠨ ᠰᠢᠨᠵᠢᠯᠡᠭᠰᠡᠨ ᠨᠡᠬᠡᠬᠡᠵᠤ ᠪᠤᠯᠬᠤᠶᠢᠴᠠ ᠦᠷᠲᠡᠭ ᠪᠦᠬᠦᠢ ᠴᠠᠶᠢᠷ ᠲᠤᠭᠤᠯᠭ᠎ᠠ ᠵᠡᠷᠭᠡ ᠲᠡᠮᠦᠷᠯᠢᠭ ᠤᠨ ᠠᠭᠤᠷᠬᠠᠢ ᠶᠢᠨ ᠬᠠᠲᠠᠭᠠᠯᠠᠭᠲᠠᠴᠠ 4800 ᠭᠠᠷᠤᠢ ᠲᠦᠮᠡᠨ ᠲᠤᠨ ᠴᠤᠬᠤᠢ ᠶᠢᠨ ᠴᠢᠯᠠᠭᠤ᠂ ᠬᠠᠶᠢᠯᠠᠭᠤᠷ ᠵᠤᠩᠰᠢ ᠵᠡᠷᠭᠡ ᠲᠡᠮᠦᠷᠯᠢᠭ  ᠪᠤᠰᠤ ᠠᠭᠤᠷᠬᠠᠢ ᠶᠢᠨ ᠬᠠᠲᠠᠭᠠᠯᠠᠭᠲᠠᠴᠠ 2.8 ᠭᠠᠷᠤᠢ ᠳ᠋ᠦᠡᠭᠰᠢᠭᠤᠷ ᠲᠤᠨ᠂ ᠭᠠᠨᠳᠢᠭ ᠴᠢᠯᠠᠭᠤ ᠶᠢᠨ ᠬᠠᠲᠠᠭᠠᠯᠠᠭᠳᠠᠴᠠ 5 ᠳ᠋ᠦᠡᠭᠰᠢᠭᠤᠷ ᠺᠦᠪ ᠮᠧᠲᠷ᠂ ᠬᠦᠯᠦᠷ᠎ᠡ ᠎ ᠶᠢᠨ ᠬᠠᠲᠠᠭᠠᠯᠠᠭᠲᠠᠴᠠ1.9 ᠭᠠᠷᠤᠢ ᠳ᠋ᠦᠡᠭᠰᠢᠭᠤᠷ  ᠲᠤᠨ᠂ ᠸᠠᠭᠠᠷ ᠤᠨ ᠰᠢᠷᠤᠢ ᠶᠢᠨ ᠡᠬᠢ ᠰᠤᠷᠪᠤᠯᠵᠢ ᠶᠢᠨ ᠬᠠᠲᠠᠭᠠᠯᠠᠭᠲᠠᠴᠠ 7 ᠳ᠋ᠦᠡᠭᠰᠢᠭᠤᠷ ᠭᠠᠷᠤᠢ ᠺᠦᠪ ᠮᠧᠲᠷ ᠪᠤᠢ᠃       ᠪᠦᠬᠦ ᠬᠤᠰᠢᠭᠤᠨ ᠤ ᠣᠳᠤ ᠨᠢᠭᠡᠨᠲᠡ ᠬᠠᠶᠢᠨ ᠲᠣᠳᠤᠯᠠᠭᠰᠠᠨ ᠠᠭᠤᠷᠬᠠᠢ ᠶᠢᠨ ᠪᠣᠯᠠᠭᠳᠠᠴᠠ ᠶᠢᠨ ᠲᠦᠷᠤᠯ ᠵᠤᠶᠢᠯ ᠭᠡᠪᠡᠯ ᠲᠤᠭᠤᠯᠭ᠎ᠠ᠂ ᠴᠠᠶᠢᠷ᠂ ᠲᠡᠮᠤᠷ᠂ ᠵᠡᠰ  ︵ ᠭᠠᠥᠯᠢ︶᠂ ᠲᠡᠮᠦᠷᠯᠢᠭ᠂ ᠠᠯᠲᠠ᠂ ᠮᠦᠩᠭᠦ᠂ ᠮᠠᠩᠭᠠᠨ᠂ ᠸᠤᠯᠪᠷᠠᠮ᠂ ᠬᠦᠷᠡᠩ᠂ ᠨᠡᠭᠦᠷᠡᠰᠦ᠂ ᠲᠠᠮᠠᠭ᠎ᠠ ᠶᠢᠨ ᠴᠢᠯᠠᠭᠤ᠂ ᠬᠦᠪᠰᠤᠭᠡᠷ ᠰᠢᠷᠤᠢ᠂ ᠪᠣᠴᠠᠯᠠᠭᠠᠭᠤᠷ ᠴᠢᠯᠠᠭᠤ᠂ ᠰᠣᠪᠤᠳᠯᠢᠭ ᠴᠢᠯᠠᠭᠤ᠂ ᠬᠠᠶᠢᠯᠠᠭᠤᠷ ᠵᠦᠩᠰᠢ᠂ ᠪᠣᠷᠵᠢᠨ ᠴᠢᠯᠠᠭᠤ᠂ ᠭᠠᠨᠳᠢᠭ ᠴᠢᠯᠠᠭᠤ᠂ ᠸᠠᠭᠠᠷ ᠤᠨ ᠰᠢᠷᠤᠢ᠂  ᠴᠣᠬᠤᠢ ᠶᠢᠨ ᠴᠢᠯᠠᠭᠤ᠂ ᠪᠠᠶᠢᠭᠠᠯᠢ ᠶᠢᠨ ᠷᠠᠰᠢᠶᠠᠨ ᠤᠰᠤ ᠵᠡᠷᠭᠡ 20 ᠢᠯᠡᠭᠦᠦ ᠲᠦᠷᠤᠯ ᠪᠠᠶᠢᠵᠤ ᠠᠵᠤ ᠤᠶᠢᠯᠡᠳᠪᠤᠷᠢ ᠶᠢᠨ ᠤᠶᠢᠯᠳᠪᠤᠷᠢᠯᠡᠯ ᠳᠤ ᠭᠦᠢᠴᠡᠳ ᠲᠦᠭᠦᠭᠡᠢ ᠡᠳ᠋ ᠢ ᠬᠠᠩᠭᠠᠵᠤ ᠳᠡᠶᠢᠯᠤᠨ᠎ᠡ᠃  
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号