ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠰᠢᠨ᠎ᠠ ᠠᠭᠤᠯᠤᠭᠳᠠᠬᠤᠨ ᠰᠢᠨ᠎ᠠ  ᠱᠠᠭᠠᠷᠳᠠᠯᠭ᠎ᠠ ᠶᠢ ᠡᠵᠡᠮᠰᠢᠬᠦ ᠬᠡᠷᠡᠭᠳᠠᠢ
ᠨᠡᠶᠢᠲᠡᠯᠡᠭᠰᠡᠨ ᠴᠠᠭ᠄
2016/4/6
     ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠰᠢᠨ᠎ᠠ ᠠᠭᠤᠯᠤᠭᠳᠠᠬᠤᠨ ᠰᠢᠨ᠎ᠠ  ᠱᠠᠭᠠᠷᠳᠠᠯᠭ᠎ᠠ ᠶᠢ ᠡᠵᠡᠮᠰᠢᠬᠦ ᠬᠡᠷᠡᠭᠳᠠᠢ               —— ᠰᠢ ᠶᠢᠨ ᠫᠢᠩ  ᠨᠦᠬᠦᠷ  ᠤᠨ ᠠᠷᠪᠠᠨ ᠨᠠᠢᠮᠠᠳᠤᠭᠠᠷ  ᠬᠤᠭᠤᠴᠠᠭᠠᠨ ᠤ ᠲᠦᠪ ᠤᠨ  ᠰᠠᠬᠢᠯᠭ᠎ᠠ  ᠪᠠᠳᠤ  ᠪᠠᠶᠢᠴᠠᠭᠠᠬᠤ  ᠬᠤᠷᠢᠶᠠᠨ  ᠤ  ᠵᠢᠷᠭᠤᠳᠤᠭᠠᠷ  ᠪᠦᠬᠦᠳᠡ  ᠬᠤᠷᠠᠯ  ᠲᠡᠭᠡᠷᠡᠬᠢ  ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠵᠤ ᠲᠤᠤᠱᠯᠠᠭᠤᠯᠬᠤ ᠲᠤᠬᠠᠢ ᠲᠦᠷᠪᠠᠨᠳᠡ ᠦᠬᠦᠯᠡᠬᠦ ᠨᠢ                                        ᠠᠷᠠᠳ ᠤᠨ ᠡᠳᠤᠷ ᠤᠨ ᠰᠤᠨᠢᠨ ᠤ ᠰᠢᠬᠦᠮᠵᠢᠯᠡᠭᠴᠢ     ︽ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠤᠤᠯᠳᠠᠯᠭ᠎ᠠ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤ ᠪᠠᠶᠢᠵᠤ᠂ ᠰᠠᠭᠤᠷᠢ ᠨᠢ ᠪᠦᠬᠦ ᠲᠠᠯ᠎ᠠ ᠳᠤ ᠪᠠᠶᠢᠵᠤ᠂ ᠵᠠᠩᠬᠢᠯᠠᠭ᠎ᠠ ᠨᠢ ᠴᠢᠩᠭ᠎ᠠ ᠪᠠᠶᠢᠬᠤ ᠳᠤ ᠪᠠᠶᠢᠵᠤ᠂  ᠬᠠᠮᠤᠭ   ᠤᠨ  ᠴᠢᠬᠤᠯᠠ   ᠨᠢ ᠵᠠᠰᠠᠬᠤ ᠳᠤ ᠪᠤᠢ᠃︾ ᠶᠡᠷᠤᠩᠭᠡᠢ ᠱᠦᠵᠢ ᠰᠢ ᠶᠢᠨ ᠫᠢᠩ ᠠᠷᠪᠠᠨ  ᠨᠠᠢᠮᠠᠳᠤᠭᠠᠷ  ᠬᠤᠭᠤᠴᠠᠭᠠᠨ ᠤ  ᠲᠦᠪ ᠤᠨ  ᠰᠠᠬᠢᠯᠭ᠎ᠠ  ᠪᠠᠳᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠲᠡᠭᠡᠷ᠎ᠠ ᠴᠢᠬᠤᠯᠠ  ᠶᠠᠷᠢᠶ᠎ᠠ  ᠲᠠᠯᠪᠢᠵᠤ᠂  ᠨᠠᠮ ᠢ  ᠪᠦᠬᠦ  ᠲᠠᠯ᠎ᠠ   ᠪᠠᠷ ᠴᠢᠩᠭ᠎ᠠ ᠵᠠᠰᠠᠬᠤ ᠶᠢᠨ ᠰᠢᠨ᠎ᠠ ᠠᠭᠤᠯᠤᠭᠳᠠᠬᠤᠨ ᠢ ᠬᠥᠨᠵᠡᠭᠡᠢ ᠲᠠᠶᠢᠯᠪᠤᠷᠢᠯᠠᠵᠤ᠂ ᠨᠠᠮ ᠢ ᠬᠠᠮᠢᠶᠠᠷᠴᠤ ᠨᠠᠮ ᠢ  ᠵᠠᠰᠠᠬᠤ   ᠶᠢᠨ  ᠰᠢᠨ᠎ᠠ ᠱᠠᠭᠠᠷᠳᠠᠯᠭ᠎ᠠ  ᠶᠢ ᠲᠤᠳᠤᠷᠬᠠᠢ ᠲᠤᠷᠠᠳᠤᠨ ᠭᠠᠷᠭᠠᠪᠠ᠂ ᠡᠨᠡ ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠵᠢᠷᠤᠮᠯᠠᠯ ᠮᠦᠨ᠂ ᠨᠠᠮ ᠢ ᠰᠠᠶᠢᠳᠤᠷ ᠬᠠᠮᠢᠶᠠᠷᠬᠤ ᠪᠠ ᠨᠠᠮ ᠢ ᠰᠠᠶᠢᠳᠤᠷ ᠵᠠᠰᠠᠬᠤ ᠳᠤ ᠴᠢᠭᠯᠡᠯ ᠢ ᠲᠤᠳᠤᠷᠬᠠᠢ ᠵᠢᠭᠠᠭᠰᠠᠨ ᠪᠠᠶᠢᠨ᠎ᠠ᠃              ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠰᠢᠨ᠎ᠠ ᠠᠭᠤᠯᠤᠭᠳᠠᠬᠤᠨ ᠢ  ᠡᠵᠡᠮᠰᠢᠵᠦ᠂  ᠨᠠᠮ ᠢ  ᠬᠠᠮᠢᠶᠠᠷᠴᠤ  ᠨᠠᠮ ᠢ ᠵᠠᠰᠠᠬᠤ ᠶᠢᠨ ᠰᠢᠨ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠭᠤᠤᠯᠳᠠᠯᠭ᠎ᠠ ᠨᠢ  ᠨᠠᠮ ᠤᠨ  ᠤᠳᠤᠷᠢᠳᠤᠯᠭ᠎ᠠ   ᠶᠢ  ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠵᠠᠰᠠᠬᠤ ᠦᠭᠡᠢ ᠶᠠᠪᠤᠳᠠᠯ ᠪᠤᠯ  ᠲᠠᠷᠤᠢ  ᠬᠠᠷᠢᠭᠤᠴᠠᠯᠭ᠎ᠠ   ᠪᠠᠨ  ᠬᠥᠨᠳᠤ ᠨᠤᠴᠢᠳᠠᠢ ᠠᠯᠳᠠᠵᠤ ᠪᠠᠶᠢᠭ᠎ᠠ ᠶᠠᠪᠤᠳᠠᠯ ᠮᠦᠨ ᠭᠡᠬᠦ ᠦᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠤ᠂  ᠨᠠᠮ ᠤᠨ  ᠤᠳᠤᠷᠢᠳᠤᠯᠭ᠎ᠠ ᠶᠢ ᠡᠳᠤᠷ ᠲᠤᠳᠤᠮ ᠤᠨ ᠬᠠᠮᠢᠶᠠᠷᠤᠯᠳᠠ ᠬᠢᠨᠠᠯᠳᠠ ᠶᠢᠨ ᠲᠤᠮᠳᠠ ᠢᠯᠡᠷᠡᠬᠦᠯᠤᠨ᠂ ᠵᠤᠷᠢᠬᠳᠠᠢ ᠪᠠᠷ  ᠪᠡᠷᠭᠡ   ᠶᠢ  ᠬᠥᠨᠳᠡᠵᠤ᠂  ᠡᠳᠤᠷ ᠲᠤᠳᠤᠮ ᠤᠨ ᠶᠠᠪᠤᠳᠠᠯ ᠢ ᠴᠢᠬᠤᠯᠠᠴᠢᠯᠠᠨ᠂ ᠡᠷᠳᠡ ᠠᠳᠬᠤᠵᠤ ᠪᠠᠭ᠎ᠠ ᠦᠶ᠎ᠠ ᠳᠤᠨᠢ  ᠠᠳᠬᠤᠵᠤ᠂  ᠬᠡᠷᠡᠭ ᠢ  ᠭᠠᠷᠬᠤ   ᠠᠴᠠ   ᠨᠢ ᠡᠮᠤᠨ᠎ᠠ ᠰᠡᠷᠭᠡᠶᠢᠯᠡᠬᠦ ᠬᠡᠷᠡᠭᠳᠠᠢ᠃ ᠡᠬᠦᠨ ᠳᠤ ᠴᠢᠬᠤᠯᠠ ᠵᠦᠢᠯ ᠪᠤᠯ ᠰᠠᠬᠢᠯᠭ᠎ᠠ ᠪᠠᠳᠤ ᠶᠢᠨ ᠪᠠᠶᠢᠭᠤᠯᠤᠯᠳᠡ   ᠶᠢ  ᠨᠡᠩ  ᠲᠤᠪᠤᠶᠢᠮ᠎ᠠ ᠪᠠᠶᠢᠷᠢᠨ ᠳᠤ ᠲᠠᠯᠪᠢᠵᠤ᠂ ᠰᠠᠬᠢᠯᠭ᠎ᠠ ᠪᠠᠳᠤ ᠪᠠᠷ ᠪᠦᠬᠦ  ᠨᠠᠮ ᠤᠨ  ᠭᠡᠰᠢᠬᠦᠨ ᠢ  ᠬᠠᠮᠢᠶᠠᠷᠬᠤ  ᠮᠦᠷᠳᠡᠭᠡᠨ  ᠰᠠᠶᠢᠳᠤᠷ  ᠬᠠᠮᠢᠶᠠᠷᠴᠤ᠂ ᠨᠠᠮ ᠤᠨ ᠭᠡᠰᠢᠬᠦᠨ ᠺᠠᠳ᠋ᠷᠴᠤᠳ ᠢ ᠦᠵᠠᠯ ᠰᠠᠨᠠᠭᠠᠨ ᠤ ᠬᠠᠨᠳᠤᠯᠭ᠎ᠠ ᠪᠠᠨ ᠵᠠᠯᠠᠷᠠᠭᠤᠯᠤᠨ᠂ ᠦᠢᠯᠡ  ᠠᠵᠢᠯᠯᠠᠭᠠᠨ ᠤ  ᠴᠢᠭᠯᠡᠯ   ᠢᠶᠠᠨ ᠲᠤᠬᠢᠷᠠᠭᠤᠯᠵᠤ᠂ ᠬᠡᠪ ᠰᠤᠷᠳᠠᠯ ᠤᠨ ᠴᠢᠪᠬᠠᠳᠠᠰᠤ ᠪᠠᠨ ᠴᠢᠩᠭᠠᠯᠠᠬᠤ ᠪᠤᠯᠭᠠᠬᠤ ᠬᠡᠷᠡᠭᠳᠠᠢ᠃ ᠢᠯᠠᠩᠭᠤᠶ᠎ᠠ ᠤᠳᠤᠷᠢᠳᠬᠤ  ᠺᠠᠳ᠋ᠷ ᠤᠨ ᠤᠯᠤᠰ ᠲᠦᠷᠤ ᠶᠢᠨ ᠰᠤᠨᠤᠷ ᠰᠡᠷᠡᠮᠵᠢ ᠪᠠ ᠤᠯᠤᠰ ᠲᠦᠷᠤ ᠶᠢᠨ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠬᠦᠯᠬᠦ ᠬᠡᠷᠡᠭᠳᠠᠢ᠂ ᠤᠴᠢᠷ ᠨᠢ ᠤᠯᠤᠰ ᠲᠦᠷᠤ ᠶᠢᠨ ᠠᠰᠠᠭᠤᠳᠠᠯ ᠪᠤᠯ ᠭᠡᠵᠢᠶ᠎ᠠ ᠢᠮᠠᠬᠳᠠ ᠴᠦᠮ ᠦᠨᠳᠤᠰᠤᠨ ᠴᠢᠨᠠᠷᠳᠠᠢ ᠲᠤᠮᠤ ᠠᠰᠠᠭᠤᠳᠠᠯ ᠪᠤᠯᠬᠤ ᠲᠤᠯᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠡᠷᠭᠡᠪᠰᠢ ᠤᠯᠤᠰ ᠲᠦᠷᠤ ᠶᠢᠨ ᠲᠠᠯ᠎ᠠ  ᠪᠠᠷ ᠬᠢ ᠱᠠᠭᠠᠷᠳᠠᠯᠭ᠎ᠠ   ᠶᠢ  ᠴᠢᠬᠤᠯᠠᠴᠢᠯᠠᠨ᠂ ᠤᠳᠤᠷᠢᠳᠬᠤ ᠺᠠᠳ᠋ᠷ ᠢ ᠢᠮᠠᠬᠳᠠ ᠤᠯᠤᠰ ᠲᠦᠷᠤ ᠲᠡᠭᠡᠷᠡᠬᠢ ᠮᠡᠷᠭᠡᠨ ᠬᠥᠮᠤᠨ ᠪᠤᠯᠭᠠᠬᠤ  ᠬᠡᠷᠡᠭᠳᠠᠢ᠃  ᠦᠨᠳᠤᠷ  ᠪᠠᠷᠢᠮᠵᠢᠶ᠎ᠠ   ᠶᠢ ᠪᠠᠷᠢᠮᠳᠠᠯᠠᠬᠤ ᠪᠠ ᠬᠢᠵᠠᠭᠠᠷ ᠱᠤᠭᠤᠮ ᠢ ᠰᠠᠬᠢᠬᠤ ᠶᠢ ᠤᠶᠠᠯᠳᠤᠭᠤᠯᠵᠤ᠂ ᠵᠠᠯᠬᠠᠭᠠᠨ ᠴᠡᠭᠡᠷᠯᠡᠬᠦᠯᠬᠦ ᠶᠢ ᠵᠢᠷᠤᠮᠵᠢᠭᠤᠯᠬᠤ ᠪᠠ ᠰᠠᠬᠢᠯᠭ᠎ᠠ ᠪᠠᠳᠤ ᠶᠢᠨ ᠬᠢᠵᠠᠭᠠᠷ ᠱᠤᠭᠤᠮ ᠢ ᠴᠢᠩᠳᠠᠯᠠᠬᠤ ᠶᠢ ᠴᠢᠬᠤᠯᠠᠴᠢᠯᠠᠬᠤ ᠪᠠᠷ  ᠪᠠᠷᠠᠬᠤ  ᠦᠭᠡᠢ  ᠨᠡᠩ  ᠴᠤ  ᠬᠥᠮᠤᠰ ᠤᠨ  ᠴᠠᠶᠢᠯᠭᠠᠨ ᠶᠠᠪᠤᠵᠤ ᠦᠭᠡᠳᠡᠯᠡᠨ ᠲᠠᠪᠰᠢᠬᠤ ᠶᠢ  ᠬᠥᠳᠤᠯᠤᠨ  ᠵᠢᠯᠤᠭᠤᠳᠴᠤ᠂  ᠦᠨᠳᠤᠰᠤ  ᠰᠠᠭᠤᠷᠢ   ᠶᠢ  ᠪᠠᠳᠤ  ᠲᠠᠯᠪᠢᠨ᠂  ᠢᠯᠵᠠᠷᠠᠯ   ᠢ ᠡᠰᠡᠷᠬᠦᠴᠡᠵᠦ ᠬᠤᠪᠢᠷᠠᠭᠤᠯᠤᠯ ᠢ ᠰᠡᠷᠭᠡᠶᠢᠯᠡᠬᠦ ᠦᠵᠡᠯ ᠰᠠᠨᠠᠭ᠎ᠠ ᠶᠤᠰᠤ ᠮᠤᠷᠠᠯ ᠤᠨ ᠰᠡᠷᠭᠡᠶᠢᠯᠡᠯᠳᠡ ᠶᠢᠨ ᠱᠤᠭᠤᠮ ᠢ ᠪᠠᠳᠤ ᠨᠤᠳᠠᠳᠠᠢ ᠴᠤᠭᠴᠠᠯᠠᠬᠤ ᠬᠡᠷᠡᠭᠳᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号