ᠲᠠᠷᠢᠶᠠᠯᠠᠩ ᠤᠨ ᠬᠠᠩᠭᠠᠯᠠᠭ᠎ᠠ ᠶᠢᠨ ᠲᠡᠯ᠎ᠠ ᠶᠢᠨ ᠪᠦᠲᠦᠴᠨ ᠶᠢᠨ ᠴᠢᠨᠡᠷᠲᠠᠢ  ᠦᠭᠡᠷᠡᠴᠢᠯᠡᠯᠲᠠ ᠶᠢ ᠰᠠᠶᠢᠲᠦᠷ ᠭᠢᠰᠤᠭᠡᠢ
ᠨᠡᠶᠢᠲᠡᠯᠡᠭᠰᠡᠨ ᠴᠠᠭ᠄
2016/4/6
      ᠲᠠᠷᠢᠶᠠᠯᠠᠩ ᠤᠨ ᠬᠠᠩᠭᠠᠯᠠᠭ᠎ᠠ ᠶᠢᠨ ᠲᠡᠯ᠎ᠠ ᠶᠢᠨ ᠪᠦᠲᠦᠴᠨ ᠶᠢᠨ ᠴᠢᠨᠡᠷᠲᠠᠢ  ᠦᠭᠡᠷᠡᠴᠢᠯᠡᠯᠲᠠ ᠶᠢ ᠰᠠᠶᠢᠲᠦᠷ ᠭᠢᠰᠤᠭᠡᠢ               — 2016 ᠤᠨ ᠤ ᠲᠦᠪ ᠤᠨ ᠨᠢᠭᠡᠲᠤᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ  ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠬᠤᠶᠠᠷᠲᠠ ᠦᠬᠦᠯᠡᠬᠦ ᠨᠢ   ᠰᠢᠨᠬᠤᠸ᠋ᠨ ᠬᠤᠷᠢᠶᠠᠨ ᠤ ᠤᠨᠴᠨ ᠤᠷᠢᠭᠰᠠᠨ ᠰᠢᠬᠦᠮᠵᠢᠯᠡᠭᠴᠢ      ︽ᠠᠷᠪᠠᠨ ᠭᠤᠷᠪᠠᠳᠤᠭᠠᠷ ᠳᠠᠪᠤᠨ ᠵᠢᠯ︾ ᠤᠨ ᠰᠢᠢᠳᠪᠦᠷᠢᠯᠡᠭᠴᠢ ᠱᠠᠳᠤᠨ ᠤ  ᠢᠯᠠᠯᠳᠠ ᠶᠢ  ᠤᠯᠬᠤ ᠶᠢᠨ  ᠳᠤᠰᠠᠳᠠ᠂ 2016 ᠤᠨ ᠤ ᠨᠢᠬᠡᠳᠦᠬᠡᠷ ᠳᠤᠭᠠᠳᠤ ᠪᠢᠴᠢᠭ ᠮᠠᠲᠧᠷᠢᠶᠠᠯ ᠳᠤ ᠲᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ  ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ  ᠠᠩᠬ᠎ᠠ  ᠳᠤᠷᠠᠳᠤᠨ  ᠭᠠᠷᠭᠠᠵᠥ᠂  ᠲᠠᠷᠢᠶᠠᠯᠠᠩ ᠤᠨ  ᠬᠦᠭᠵᠢᠯᠳᠡ ᠶᠢᠨ  ᠬᠦᠴᠢᠷ  ᠠᠰᠠᠭᠤᠳᠠᠯ ᠢ ᠰᠢᠢᠳᠪᠤᠷᠢᠯᠡᠵᠤ᠂ ᠲᠠᠷᠢᠶᠠᠯᠠᠩ ᠤᠨ ᠪᠤᠭᠤᠮᠳᠠ ᠰᠢᠪᠳᠤᠯᠵᠥ ᠪᠡᠷᠬᠡ ᠶᠢ ᠳᠠᠪᠠᠭ᠋ᠤ ᠳᠤ ᠮᠡᠷᠬᠡᠨ ᠪᠤᠳᠤᠯᠭ᠎ᠠ ᠳᠤᠬᠳᠠᠭᠠᠵᠤ ᠦᠭᠭᠦᠭᠰᠡᠨ ᠲᠡᠳᠦᠢ ᠦᠭᠡᠢ᠂ ᠪᠠᠰᠠ ᠲᠠᠷᠢᠶᠠᠯᠠᠩ ᠤᠨ ᠦᠷᠬᠦᠯᠵᠢᠯᠡᠨ ᠳᠤᠬᠳᠠᠭᠤᠨ ᠢᠶᠠᠷ  ᠬᠦᠭᠵᠢᠬᠦ᠂  ᠲᠠᠷᠢᠶᠠᠯᠠᠩ ᠤᠨ  ᠤᠳᠤᠬᠢᠴᠢᠯᠠᠯᠳᠠ ᠶᠢ ᠳᠦᠷᠬᠡᠳᠬᠡᠬᠦ ᠳᠤ ᠴᠢᠭᠯᠡᠯ ᠢ ᠵᠢᠭᠠᠵᠥ ᠦᠭᠴᠡᠢ᠃                        ᠲᠠᠷᠢᠶᠠᠯᠠᠩ ᠤᠨ  ᠬᠠᠩᠭᠠᠯᠭ᠎ᠠ ᠶᠢᠨ  ᠳᠠᠯ᠎ᠠ ᠶᠢᠨ  ᠪᠦᠳᠦᠴᠡ ᠶᠢᠨ  ᠴᠢᠨᠠᠷᠳᠠᠢ  ᠦᠬᠡᠷᠡᠴᠢᠯᠡᠯᠳᠡ ᠶᠢ  ᠠᠬᠢᠭᠤᠯᠬᠤ ᠳᠤ᠂ ᠭᠤᠤᠯ ᠨᠢ ᠵᠠᠬ᠎ᠠ ᠳᠡᠯᠬᠡᠬᠦᠷ ᠤᠨ ᠬᠡᠷᠡᠭᠴᠡᠭᠡ ᠪᠠᠷ ᠭᠤᠤᠯᠳᠠᠭᠤᠯᠵᠤ ᠦᠢᠯᠡᠳᠪᠦᠷᠢᠯᠡᠯ  ᠠᠵᠢᠯ ᠢᠶᠠᠨ  ᠬᠢᠵᠤ᠂  ᠡᠬᠢ  ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂  ᠪᠦᠳᠦᠮᠵᠢᠳᠡᠢ  ᠬᠠᠩᠭᠠᠯᠭ᠎ᠠ ᠶᠢ  ᠦᠷᠬᠡᠳᠬᠡᠵᠤ᠂  ᠬᠠᠩᠭᠠᠯᠭ᠎ᠠ ᠶᠢᠨ  ᠪᠦᠳᠦᠴᠡ ᠶᠢᠨ ᠵᠤᠬᠢᠴᠠᠬᠤ ᠴᠢᠨᠠᠷ ᠪᠤᠯᠤᠨ ᠠᠮᠢᠳᠤᠯᠢᠬ ᠴᠢᠨᠠᠷ ᠢ ᠴᠢᠩᠭᠠᠳᠬᠠᠵᠤ᠂ ᠳᠠᠷᠢᠶᠠᠯᠠᠩ ᠤᠨ ᠪᠦᠳᠦᠬᠡᠭᠳᠡᠬᠦᠨ ᠤ ᠬᠠᠩᠭᠠᠯᠭ᠎ᠠ ᠶᠢ ᠬᠡᠷᠡᠭᠯᠡᠬᠡᠨ ᠤ ᠱᠠᠭᠠᠷᠳᠠᠯᠭ᠎ᠠ ᠳᠤ ᠨᠡᠩ ᠨᠡᠶᠢᠴᠡᠬᠦᠯᠵᠤ ᠡᠬᠢ ᠪᠠᠶᠠᠯᠢᠬ ᠤᠨ ᠳᠠᠪᠠᠭᠤᠯᠢᠭ ᠢ ᠪᠠᠳᠠᠷᠠᠭᠤᠯᠬᠤ ᠳᠤ ᠨᠡᠩ  ᠠᠰᠢᠬᠳᠠᠢ  ᠪᠤᠯᠭᠠᠵᠤ᠂  ᠠᠮᠢ ᠠᠬᠤᠢ ᠶᠢᠨ  ᠤᠷᠴᠢᠨ  ᠳᠤᠭᠤᠷᠢᠨ ᠤ  ᠬᠠᠮᠠᠭᠠᠯᠠᠯᠳᠠ ᠳᠤ  ᠨᠡᠩ  ᠠᠰᠢᠬᠳᠠᠢ  ᠪᠤᠯᠭᠠᠬᠤ  ᠶᠠᠪᠤᠳᠠᠯ  ᠪᠤᠯᠤᠨ᠎ᠠ᠃  ᠡᠨᠡ  ᠪᠤᠯ ᠦᠢᠯᠡᠳᠪᠦᠷᠢᠯᠡᠯ ᠤᠨ  ᠬᠦᠴᠦᠨ ᠤ  ᠳᠤᠬᠢᠷᠠᠭᠤᠯᠤᠯᠳᠠ  ᠪᠤᠯᠤᠨ  ᠦᠢᠯᠡᠳᠪᠦᠷᠢᠯᠡᠯ ᠤᠨ   ᠬᠠᠷᠢᠴᠠᠭᠠᠨ ᠤ   ᠬᠤᠪᠢᠰᠤᠯᠳᠠ ᠳᠤ ᠬᠤᠯᠪᠤᠬᠳᠠᠬᠤ ᠶᠡᠭᠡ ᠶᠠᠪᠤᠳᠠᠯ ᠪᠤᠯᠬᠤ ᠲᠤᠯᠠ  ᠰᠢᠨᠵᠢᠯᠡᠬᠦ  ᠤᠬᠠᠭᠠᠨᠴᠢ ᠪᠠᠷ  ᠲᠦᠯᠦᠪᠵᠢᠭᠦᠯᠤᠨ  ᠪᠠᠶᠢᠷᠢᠰᠢᠯᠠᠭᠤᠯᠵᠥ᠂  ᠦᠨᠡᠨᠬᠦ ᠦᠷ᠎ᠠ ᠪᠦᠳᠦᠮᠵᠢ ᠭᠠᠷᠭᠠᠬᠤ ᠶᠢ ᠱᠠᠭᠠᠷᠳᠠᠵᠤ ᠪᠤᠢ᠃                      ᠲᠠᠷᠢᠶᠠᠯᠠᠩ ᠤᠨ  ᠬᠠᠩᠭᠠᠯᠭ᠎ᠠ ᠶᠢᠨ  ᠲᠠᠯ᠎ᠠ ᠶᠢᠨ  ᠪᠦᠲᠦᠴᠡ ᠶᠢᠨ  ᠴᠢᠨᠠᠷᠲᠠᠢ  ᠦᠭᠡᠷᠡᠴᠢᠯᠡᠯᠲᠡ ᠶᠢ   ᠠᠬᠢᠭᠤᠯᠬᠤ ᠳᠤ ᠵᠠᠩᠭᠢᠯᠠᠭ᠎ᠠ ᠨᠢ ᠪᠦᠲᠦᠴᠡ ᠳᠤ ᠲᠤᠬᠢᠷᠠᠭᠤᠯᠤᠯᠲᠠ ᠬᠢᠬᠦ᠂ ᠶᠠᠰᠤ ᠴᠢᠨᠠᠷ ᠢ ᠲᠡᠭᠡᠭᠰᠢᠯᠡᠭᠦᠯᠬᠦ᠂ ᠠᠭᠤᠰᠤᠯᠴᠠᠭᠤᠯᠬᠤ ᠶᠢ  ᠠᠬᠢᠭᠤᠯᠬᠤ᠂ ᠦᠪᠡᠷ ᠤᠨ ᠦᠷᠲᠡᠭ ᠢ ᠪᠠᠭᠤᠷᠠᠭᠤᠯᠬᠤ᠂ ᠬᠦᠮᠦᠷᠭᠡ ᠳᠠᠬᠢ ᠬᠠᠲᠠᠭᠠᠯᠠᠯᠲᠠ ᠶᠢ ᠪᠠᠭᠠᠰᠬᠠᠬᠤ᠂  ᠲᠤᠲᠠᠭᠤᠲᠠᠯ ᠢᠶᠠᠨ  ᠨᠦᠬᠦᠪᠦᠷᠢᠯᠡᠬᠦ ᠵᠡᠷᠭᠡ ᠭᠤᠤᠯ ᠡᠭᠦᠷᠭᠡ ᠶᠢ ᠰᠠᠶᠢᠲᠤᠷ ᠠᠳᠬᠤᠬᠤ ᠳᠤ ᠪᠠᠶᠢᠨ᠎ᠠ᠃ ᠪᠦᠲᠦᠴᠡ ᠳᠤ ᠲᠤᠬᠢᠷᠠᠭᠤᠯᠤᠯᠲᠠ ᠬᠢᠬᠦ  ᠭᠡᠲᠡᠭ ᠨᠢ  ᠬᠦᠲᠡᠭᠡ ᠠᠵᠦ  ᠠᠬᠤᠢ ᠶᠢᠨ  ᠦᠢᠯᠡᠳᠪᠦᠷᠢᠯᠡᠯ ᠤᠨ  ᠲᠦᠷᠦᠯ  ᠵᠦᠢᠯ ᠤᠨ  ᠪᠦᠲᠤᠴᠡ ᠳᠤ  ᠲᠤᠬᠢᠷᠠᠭᠤᠯᠤᠯᠲᠠ  ᠬᠢᠵᠦ᠂   ︽ᠠᠭᠤᠯᠠ ᠤᠰᠤ ᠪᠠᠨ ᠰᠠᠶᠢᠳᠤᠷ ᠬᠠᠮᠠᠭᠠᠯᠠᠵᠤ︾ ᠂  ︽ᠡᠪᠡᠰᠦ  ᠮᠤᠳᠤ ᠶᠢ  ᠶᠡᠬᠡᠪᠡᠷ  ᠲᠠᠷᠢᠵᠤ︾᠂  ᠭᠡᠷᠡᠭᠯᠡᠭᠴᠢᠳ ᠲᠤ  ᠤᠯᠠᠨ  ᠲᠦᠷᠦᠯ ᠵᠦᠢᠯ ᠤᠨ ᠦᠢᠯᠡᠳᠭᠦᠨ ᠬᠠᠩᠭᠠᠬᠤ ᠶᠢ ᠬᠡᠯᠡᠵᠤ ᠪᠠᠶᠢᠨ᠎ᠠ᠃ ᠶᠠᠰᠤ  ᠴᠢᠨᠠᠷ ᠢ  ᠲᠡᠭᠡᠭᠰᠢᠯᠡᠭᠦᠯᠬᠦ  ᠭᠡᠲᠡᠭ ᠨᠢ  ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠲᠦᠷᠦᠯ ᠲᠡᠮᠲᠡᠭᠵᠢᠭᠦᠯᠦᠨ ᠡᠵᠡᠩᠨᠠᠠ ᠪᠤᠷᠤᠯᠠᠭᠤᠯᠬᠤ᠂ ᠲᠦᠷᠦᠯ ᠲᠡᠮᠲᠡᠭ ᠢ ᠪᠤᠶᠢᠵᠢᠭᠤᠯᠬᠤ᠂  ᠲᠠᠷᠢᠶᠠᠯᠠᠩ ᠤᠨ ᠪᠦᠲᠦᠭᠡᠭᠲᠡᠭᠦᠨ ᠤ ᠬᠠᠩᠭᠠᠯᠭ᠎ᠠ ᠶᠢᠨ ᠲᠤᠬᠠᠢ ᠭᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠬᠦ ᠶᠢ ᠬᠦᠴᠦᠲᠠᠢ ᠠᠬᠢᠭᠤᠯᠬᠤ ᠶᠢ  ᠬᠡᠯᠡᠵᠤ ᠪᠠᠶᠢᠨ᠎ᠠ᠃ ᠠᠭᠤᠰᠤᠯᠴᠠᠯ ᠢ ᠠᠬᠢᠭᠤᠯᠬᠤ ᠭᠡᠲᠡᠭ ᠨᠢ ᠬᠦᠲᠡᠭᠡ ᠠᠵᠦ ᠠᠬᠤᠢ ᠶᠢᠨ ᠤᠯᠠᠠ  ᠵᠦᠢᠯ ᠤᠨ  ᠴᠢᠲᠠᠮᠵᠢ ᠶᠢ  ᠬᠦᠨᠵᠡᠭᠡᠢ ᠢᠯᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠪᠤᠯᠤᠨ  ᠲᠠᠷᠢᠶᠠᠯᠠᠩ ᠤᠨ  ᠪᠦᠲᠦᠭᠡᠭᠲᠡᠭᠦᠨ ᠢ  ᠡᠳ᠋ᠰᠢᠭᠦᠯᠬᠦ᠂  ᠬᠦᠢᠯᠭᠡᠭᠡᠬᠦ  ᠪᠠ ᠲᠠᠷᠢᠶᠠᠯᠠᠩ ᠤᠨ ᠰᠡᠯᠡᠭᠦᠴᠡᠯ ᠵᠤᠭᠠᠴᠠᠯ ᠢ ᠠᠭᠤᠰᠤᠯᠴᠠᠭᠤᠯᠤᠨ  ᠬᠦᠭᠵᠢᠭᠦᠯᠬᠦ ᠶᠢ  ᠬᠡᠯᠡᠵᠤ  ᠪᠠᠶᠢᠨ᠎ᠠ᠃  ᠦᠪᠡᠷ ᠤᠨ  ᠦᠷᠲᠡᠭ ᠢ ᠪᠠᠭᠤᠷᠠᠭᠤᠯᠬᠤ ᠭᠡᠲᠡᠭ ᠨᠢ ᠵᠤᠬᠢᠬᠤ ᠬᠡᠪᠴᠢᠶᠡᠳᠤ ᠡᠵᠡᠩᠨᠡᠯᠲᠡ ᠬᠢᠵᠦ᠂ ᠬᠢᠮᠢ ᠶᠢᠨ ᠪᠤᠷᠲᠤᠭᠤᠷ ᠲᠠᠷᠢᠶᠠᠠ ᠡᠮ  ᠵᠡᠷᠭᠡ ᠶᠢ  ᠵᠤᠬᠢᠰ ᠦᠭᠡᠢ ᠭᠡᠷᠡᠭᠯᠡᠬᠦ ᠶᠢ ᠪᠠᠭᠠᠰᠬᠠᠠ᠂  ᠨᠡᠶᠢᠭᠡᠮᠴᠢᠯᠡᠭᠰᠡᠡ  ᠦᠢᠯᠡᠴᠢᠯᠡᠭᠡ  ᠵᠡᠷᠭᠡ ᠶᠢ  ᠦᠷᠨᠢᠭᠦᠯᠬᠦ ᠪᠠᠷ  ᠲᠠᠮᠵᠢᠭᠤᠯᠵᠦ᠂  ᠦᠪᠡᠷ ᠤᠨ ᠦᠷᠲᠡᠭ ᠢ  ᠠᠷᠪᠢᠯᠠᠵᠦ  ᠦᠷ᠎ᠡ  ᠠᠰᠢᠬ ᠢ  ᠨᠡᠮᠡᠭᠲᠡᠭᠦᠯᠵᠦ᠂  ᠲᠠᠷᠢᠶᠠᠯᠠᠩ ᠤᠨ  ᠦᠷ᠎ᠠ  ᠠᠰᠢᠭ   ᠪᠤᠯᠤᠨ   ᠲᠠᠷᠢᠶᠠᠯᠠᠩ ᠤᠨ ᠪᠦᠲᠦᠭᠡᠭᠲᠡᠭᠦᠨ ᠤ ᠦᠷᠢᠰᠦᠯᠲᠦᠬᠦ  ᠬᠦᠴᠤᠨ ᠢ  ᠲᠡᠭᠡᠭᠰᠢᠯᠡᠭᠦᠯᠬᠦ ᠶᠢ  ᠬᠡᠯᠡᠵᠤ  ᠪᠠᠶᠢᠨ᠎ᠠ᠃  ᠬᠦᠮᠦᠷᠭᠡ ᠳᠠᠬᠢ  ᠬᠠᠳᠠᠭᠠᠯᠠᠯᠳᠠ ᠶᠢ ᠪᠠᠭᠠᠰᠬᠠᠬᠤ ᠭᠡᠳᠡᠭ ᠨᠢ  ᠬᠡᠳᠦ  ᠶᠡᠭᠡ  ᠬᠠᠳᠠᠭᠠᠯᠠᠯᠳᠠ ᠶᠢᠨ  ᠭᠡᠮᠵᠢᠶ᠎ᠠ ᠶᠢ  ᠪᠠᠭᠠᠰᠬᠠᠵᠦ᠂  ᠠᠮᠦ  ᠪᠤᠳᠠᠭ᠎ᠠ  ᠡᠳ᠋ᠰᠢᠭᠦᠯᠬᠦ  ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ  ᠬᠦᠭᠵᠢᠭᠦᠯᠬᠦ ᠶᠢ  ᠢᠳᠡᠪᠬᠢᠳᠠᠢ  ᠲᠡᠮᠵᠢᠬᠦ ᠶᠢ  ᠬᠡᠯᠡᠵᠤ  ᠪᠠᠶᠢᠨ᠎ᠠ᠃  ᠲᠤᠳᠠᠭᠤᠳᠠᠯ ᠢᠶᠠᠨ ᠨᠦᠬᠦᠪᠦᠷᠢᠯᠡᠬᠦ ᠭᠡᠳᠡᠭ ᠨᠢ ᠲᠠᠷᠢᠶᠠᠯᠠᠩ ᠤᠨ ᠦᠨᠳᠦᠰᠦᠨ  ᠪᠦᠳᠦᠭᠡᠨ  ᠪᠠᠶᠢᠭᠤᠯᠤᠯᠳᠠ ᠶᠢᠨ  ᠲᠤᠳᠠᠭᠤᠳᠠᠯ ᠢ  ᠨᠦᠬᠦᠪᠦᠷᠢᠯᠡᠬᠦ ᠪᠠᠷ ᠪᠠᠷᠠᠬᠤ  ᠦᠭᠡᠢ  ᠪᠠᠰᠠ  ᠲᠠᠷᠢᠶᠠᠯᠠᠩ ᠤᠨ  ᠠᠮᠢ  ᠠᠬᠤᠢ ᠶᠢᠨ  ᠤᠷᠴᠢᠨ  ᠲᠤᠭᠤᠷᠢᠨ ᠤ  ᠲᠤᠳᠠᠭᠤᠳᠠᠯ ᠢ   ᠨᠦᠬᠦᠪᠦᠷᠢᠯᠡᠵᠦ᠂ ᠲᠠᠷᠢᠶᠠᠯᠠᠩ ᠤᠨ ᠪᠤᠬᠢᠷᠳᠤᠯ ᠦᠭᠡᠢ ᠬᠦᠭᠵᠢᠯᠳᠡ ᠶᠢ ᠲᠠᠰᠤᠷᠠᠯᠳᠠ ᠦᠭᠡᠢ ᠠᠬᠢᠭᠤᠯᠬᠤ ᠶᠢ ᠬᠡᠯᠡᠵᠤ ᠪᠠᠶᠢᠨ᠎ᠠ᠃                      ᠲᠠᠷᠢᠶᠠᠯᠠᠩ ᠤᠨ  ᠬᠠᠩᠭᠠᠯᠭ᠎ᠠ ᠶᠢᠨ  ᠲᠠᠯ᠎ᠠ ᠶᠢᠨ  ᠪᠦᠳᠦᠴᠠ ᠶᠢᠨ  ᠴᠢᠨᠠᠷᠳᠠᠢ  ᠦᠭᠡᠷᠡᠴᠢᠯᠡᠯᠳᠡ ᠶᠢ  ᠠᠬᠢᠭᠤᠯᠬᠤ ᠳᠤ᠂ ᠤᠷᠢᠳᠠᠴᠢ  ᠨᠦᠬᠦᠴᠡᠯ ᠨᠢ  ᠤᠯᠤᠰ ᠤᠨ  ᠠᠮᠦ  ᠪᠤᠳᠠᠭᠠᠨ ᠤ   ᠠᠮᠤᠷ   ᠲᠦᠪᠰᠢᠨ ᠢ   ᠪᠠᠳᠤᠯᠠᠵᠦ᠂   ᠠᠮᠦ   ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠬᠳᠠᠭᠤᠨ ᠪᠠᠶᠢᠯᠭᠠᠬᠤ ᠶᠠᠪᠤᠳᠠᠯ ᠪᠤᠯᠤᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ  ᠴᠢᠨᠠᠷᠳᠠᠢ  ᠦᠭᠡᠷᠡᠴᠢᠯᠡᠯᠳᠡ ᠶᠢ  ᠠᠬᠢᠭᠤᠯᠬᠤ ᠶᠢ  ᠶᠠᠭᠠᠬᠢᠬᠰᠠᠠ  ᠴᠦ  ᠠᠮᠦ  ᠪᠤᠳᠠᠭᠠᠨ ᠤ  ᠦᠢᠯᠡᠳᠪᠦᠷᠢᠯᠡᠯ ᠢ ᠪᠠᠭᠠᠰᠬᠠᠬᠤ ᠲᠡᠳᠦᠢ ᠬᠢᠯᠪᠠᠷᠬᠠᠨ ᠢᠶᠠᠷ ᠦᠵᠡᠵᠦ ᠪᠤᠯᠬᠤ ᠦᠭᠡᠢ᠂ ᠨᠡᠩ ᠴᠦ  ᠬᠦᠳᠡᠯᠭᠡᠭᠡᠨ ᠤ  ᠴᠢᠨᠠᠷᠳᠠᠢ  ᠲᠤᠬᠢᠷᠠᠭᠤᠯᠤᠯᠳᠠ ᠪᠠᠷ ᠦᠵᠡᠵᠦ ᠪᠤᠯᠬᠤ ᠦᠭᠡᠢ᠃ ᠠᠮᠦ ᠪᠤᠳᠠᠭᠠᠨ ᠤ  ᠦᠢᠯᠡᠳᠪᠦᠷᠢᠯᠡᠯ  ᠵᠠᠬ᠎ᠠ  ᠲᠡᠯᠭᠡᠬᠦᠷ ᠤᠨ  ᠵᠢᠮ᠎ᠠ  ᠬᠠᠤᠯᠢ ᠶᠢ  ᠬᠦᠨᠳᠦᠳᠭᠡᠵᠦ᠂ ᠬᠠᠩᠭᠠᠯᠭ᠎ᠠ ᠭᠡᠷᠡᠭᠯᠡᠭᠡ ᠶᠢᠨ ᠬᠤᠪᠢᠷᠠᠯᠳᠠ ᠳᠤ ᠵᠤᠬᠢᠴᠠᠵᠤ᠂ ᠲᠠᠷᠢᠵᠦ ᠤᠷᠭᠤᠭᠤᠯᠬᠤ  ᠪᠦᠳᠦᠴᠡ ᠶᠢ  ᠵᠤᠬᠢᠰᠳᠠᠢ  ᠲᠤᠬᠢᠷᠠᠭᠤᠯᠬᠤ ᠭᠡᠷᠡᠭᠳᠠᠢ᠃  
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号