ᠦᠪᠦᠷ ᠮᠤᠩᠭᠤᠯ ᠤᠨ ᠡᠷᠲᠡᠨ ᠤ ᠤᠩᠭᠤᠨ ᠤ ᠰᠦᠷᠦᠭᠵᠢᠯ ᠨᠢ ᠮᠤᠩᠭᠤᠯ ᠤᠨ ᠬᠠᠭᠠᠨ ᠤ ᠤᠭᠰᠠᠭᠠᠨ ᠤ  ᠤᠷᠤᠰᠢᠭᠤᠯᠭ᠎ᠠ ᠶᠢᠨ ᠵᠠᠩᠰᠢᠯ ᠤᠨ ᠡᠭᠦᠰᠦᠯ ᠤᠨ ᠬᠠᠭᠤᠴᠢ ᠰᠤᠳᠤᠯᠤᠯ ᠳᠤ ᠪᠤᠳᠠᠳᠤ ᠭᠡᠷᠡᠴᠢ ᠬᠠᠩᠭᠠᠵᠠᠢ
ᠨᠡᠶᠢᠲᠡᠯᠡᠭᠰᠡᠨ ᠴᠠᠭ᠄
2016/4/6
    ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ 20 14 ᠤᠨ ᠤ ᠳᠤᠮᠳᠠᠳᠤ  ᠤᠯᠤᠰ ᠤᠨ  ᠵᠢᠷᠭᠤᠭᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯ ᠤᠨ ᠨᠢᠭᠡ ᠬᠡᠮᠡᠨ ᠦᠨᠡᠯᠡᠭᠳᠡᠭᠰᠡᠨ ᠦᠪᠦᠷ  ᠮᠤᠩᠭᠤᠯ ᠤᠨ  ᠦᠪᠡᠷᠳᠡᠭᠡᠨ ᠵᠠᠰᠠᠬᠤ ᠤᠷᠤᠨ ᠤ ᠭᠠᠩᠭ᠎ᠠ ᠤᠩᠭᠤᠨ ᠳᠤ ᠢᠯᠡᠷᠡᠭᠦᠯᠦᠭᠰᠡᠨ ᠭᠠᠭᠴᠠ ᠮᠤᠳᠤ ᠪᠠᠷ ᠬᠢᠭᠰᠡᠨ  ᠠᠪᠰᠠᠨ ᠤ ᠬᠡᠯᠪᠡᠷᠢ  ᠪᠦᠲᠦᠴᠡ ᠨᠢ ᠰᠡᠭᠦᠯ ᠤᠨ ᠦᠶ᠎ᠡ ᠶᠢᠨ ᠮᠤᠩᠭᠤᠯ ᠤᠨ ᠬᠠᠭᠠᠨ ᠤ ᠤᠭᠰᠠᠭᠠᠨ ᠤ ᠭᠠᠭᠴᠠ  ᠮᠤᠳᠤ ᠪᠠᠷ ᠬᠢᠭᠰᠡᠨ ᠠᠪᠰᠠ ᠪᠠᠷ  ᠤᠷᠤᠰᠢᠭᠤᠯᠭ᠎ᠠ ᠶᠢᠨ ᠪᠠᠭᠠᠵᠢ ᠬᠡᠷᠡᠭᠯᠡᠳᠡᠭ ᠲᠤ ᠴᠢᠬᠤᠯᠠ ᠰᠤᠷᠪᠤᠯᠵᠢ ᠬᠠᠩᠭᠠᠵᠤ  ᠦᠭᠴᠠᠢ᠃                 ︽ᠶᠤᠸᠠᠨ ᠤ ᠲᠡᠤᠭᠡ · ᠲᠠᠬᠢᠯᠭ᠎ᠠ ᠶᠢᠨ ᠲᠡᠮᠳᠡᠭᠯᠡᠯ︾ ᠵᠢᠴᠢ ᠲᠦᠪ ᠴᠢᠭᠡᠴᠢ ᠬᠦᠮᠦᠨ ᠶᠧ ᠽᠢ ᠴᠢ ᠶᠢᠨ ︽ ᠡᠪᠡᠰᠤ ᠮᠤᠳᠤᠨ ᠤ  ᠦᠨᠳᠤᠰᠤ︾   ᠳᠤ ᠪᠠᠨ ᠶᠠᠷᠢᠭᠰᠠᠨ ᠢᠶᠠᠷ᠂ ᠮᠤᠩᠭᠤᠯ ᠤᠨ ᠬᠠᠭᠠᠨ ᠤ ᠤᠭᠰᠠᠭᠠᠳᠠᠨ ᠭᠠᠭᠴᠠ  ᠮᠤᠳᠤ ᠪᠠᠷ ᠬᠢᠭᠰᠡᠨ ᠠᠪᠰᠠ ᠪᠠᠷ  ᠤᠷᠤᠰᠢᠭᠤᠯᠭ᠎ᠠ ᠶᠢᠨ ᠪᠠᠭᠠᠵᠢ ᠬᠢᠳᠡᠭ᠃ ᠳᠤᠮᠳᠠᠳᠤ ᠤᠯᠤᠰ ᠤᠨ ᠨᠡᠶᠢᠭᠡᠮ ᠤᠨ  ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ  ᠰᠤᠳᠤᠯᠬᠤ ᠭᠠᠵᠠᠷ᠂ ᠦᠪᠦᠷ ᠮᠤᠩᠭᠤᠯ ᠤᠨ ᠲᠡᠤᠭᠡ ᠶᠢᠨ  ᠲᠤᠷᠠᠰᠬᠠᠯᠳᠤ ᠵᠦᠢᠯ ᠤᠨ ᠬᠠᠭᠤᠴᠢ ᠰᠤᠳᠤᠯᠬᠤ ᠭᠠᠵᠠᠷ᠂ ᠬᠦᠯᠦᠨ  ᠪᠦᠢᠷ ᠤᠨ ᠦᠨᠳᠦᠰᠦᠲᠡᠨ ᠤ ᠮᠦᠽᠸᠢ ᠶᠢᠨ  ᠬᠦᠷᠢᠶᠡᠯᠡᠩ ᠬᠠᠮᠲᠤᠷᠤᠯᠴᠠᠨ ᠠᠭᠤᠳᠠᠯᠯᠠᠨ ᠭᠠᠷᠭᠠᠭᠰᠠᠨ ᠭᠠᠩᠭ᠎ᠠ ᠤᠩᠭᠤᠨ ᠳᠤ ᠶᠡᠭᠡ  ᠬᠡᠮᠵᠢᠶᠡᠨ ᠤ ᠭᠠᠭᠴᠠ  ᠮᠤᠳᠤ ᠪᠠᠷ ᠬᠢᠭᠰᠡᠨ ᠠᠪᠰᠠ ᠶᠢ ᠢᠯᠡᠷᠡᠭᠦᠯᠵᠤ᠂ C14 ᠬᠢᠨᠠᠨ ᠬᠡᠮᠵᠢᠯᠳᠠ ᠶᠢᠨ ᠤᠨ ᠤ ᠬᠢᠨᠠᠨ ᠬᠡᠮᠵᠢᠭᠰᠡᠨ  ᠢᠶᠠᠷ᠂ 8  ᠳ᠋ᠤᠭᠠᠷ ᠵᠠᠭᠤᠨ — 10 ᠳ᠋ᠤᠭᠠᠷ ᠵᠠᠭᠤᠨ ᠤ ᠨᠡᠭᠦᠳᠡᠯᠴᠢᠨ ᠦᠨᠳᠦᠰᠦᠳᠡᠨ ᠤ ᠦᠯᠡᠳᠡᠭᠳᠡᠯ ᠪᠠᠶᠢᠵᠤ᠂ ᠴᠠᠭ ᠦᠶ᠎ᠡ ᠨᠢ   ᠮᠤᠩᠭᠤᠯ ᠦᠨᠳᠦᠰᠦᠳᠡᠨ ᠤ ᠮᠠᠨᠳᠤᠨ ᠬᠦᠭᠵᠢᠭᠰᠡᠨ 13 ᠳ᠋ᠤᠭᠠᠷ ᠵᠠᠭᠤᠨ ᠠᠴᠠ ᠡᠷᠲᠡ ᠪᠠᠶᠢᠪᠠ᠃                   ᠭᠢᠷᠢᠨ ᠶᠡᠭᠡ ᠰᠤᠷᠭᠠᠭᠤᠯᠢ ᠶᠢᠨ ᠬᠢᠯᠢ ᠬᠢᠵᠠᠭᠠᠷ ᠤᠨ ᠬᠠᠭᠤᠴᠢ ᠰᠤᠳᠤᠯᠬᠤ ᠲᠦᠪ ᠤᠨ ᠬᠦᠮᠦᠨ ᠵᠦᠢ ᠶᠢᠨ  ᠲᠤᠷᠰᠢᠯᠲᠠ ᠶᠢᠨ  ᠲᠠᠰᠤᠭ ᠤᠨ ᠭᠠᠩᠭ᠎ᠠ ᠤᠩᠭᠤᠨ ᠠᠴᠠ ᠴᠤᠭᠯᠠᠭᠤᠯᠤᠭᠰᠠᠨ 18 ᠬᠦᠮᠦᠨ ᠤ ᠶᠠᠰᠤᠨ ᠤ ᠬᠡᠪ  ᠶᠠᠩᠵᠤ ᠳᠤ ᠬᠡᠯᠪᠡᠷᠢ ᠲᠦᠷᠰᠦ ᠶᠢᠨ  ᠰᠤᠳᠤᠯᠤᠯ ᠤᠨ ᠪᠠᠲᠤᠯᠠᠯᠲᠠ ᠪᠠ ᠬᠦᠮᠦᠨ ᠵᠦᠢ ᠶᠢᠨ ᠠᠵᠢᠬᠯᠠᠯᠲᠠ ᠬᠢᠬᠦ ᠪᠠᠷ  ᠳᠠᠮᠵᠢᠨ ᠢᠯᠡᠷᠡᠭᠦᠯᠦᠭᠰᠡᠨ ᠨᠢ᠂ ᠭᠠᠩᠭ᠎ᠠ ᠤᠩᠭᠤᠨ ᠠᠴᠠ  ᠮᠠᠯᠳᠠᠵᠤ ᠭᠠᠷᠭᠠᠭᠰᠠᠨ ᠬᠦᠮᠦᠨ ᠤ ᠶᠠᠰᠤ ᠨᠢ ᠲᠡᠤᠭᠡᠨ  ᠳᠡᠭᠡᠷ᠎ᠡ ᠳᠤᠮᠳᠠᠳᠤ ᠤᠯᠤᠰ ᠤᠨ ᠵᠡᠭᠦᠨ ᠬᠤᠶᠢᠲᠤ ᠤᠷᠤᠨ ᠢᠶᠠᠷ ᠬᠦᠭᠵᠢᠨ  ᠮᠠᠨᠳᠤᠵᠤ ᠪᠠᠶᠢᠭᠰᠠᠨ ᠬᠢᠳᠠᠨ᠂ ᠰᠢᠶᠠᠨᠪᠸᠢ  ᠦᠨᠳᠦᠰᠦᠲᠡᠨ ᠵᠡᠷᠭᠡ ᠨᠡᠭᠦᠳᠡᠯᠴᠢᠨ ᠦᠨᠳᠦᠰᠦᠲᠡᠨ ᠤ ᠭᠠᠪᠠᠯᠠ ᠶᠢᠨ ᠶᠠᠰᠤᠨ ᠤ ᠰᠢᠨᠵᠢ  ᠤᠨᠴᠠᠯᠢᠭ ᠲᠠᠢ ᠶᠡᠭᠡ  ᠲᠦᠰᠤᠭᠡᠲᠠᠢ᠂ ᠲᠡᠷᠡᠴᠢᠯᠡᠨ ᠤᠳᠤ ᠦᠶ᠎ᠡ ᠶᠢᠨ ᠮᠤᠩᠭᠤᠯ ᠬᠦᠮᠦᠨ ᠤ ᠲᠦᠷᠦᠯ ᠤᠨ ᠤᠮᠠᠷᠠᠳᠤ ᠠᠽᠢᠶ᠎ᠠ ᠶᠢᠨ  ᠬᠦᠮᠦᠨ ᠤ  ᠲᠦᠷᠦᠯ ᠤᠨ ᠲᠦᠪ ᠠᠽᠢᠶ᠎ᠠ ᠶᠢᠨ ᠲᠦᠷᠦᠯ ᠤᠨ ᠰᠠᠭᠤᠭᠠᠯᠢ ᠠᠷᠠᠳ ᠤᠨ ᠭᠠᠪᠠᠯᠠ ᠶᠢᠨ ᠶᠠᠰᠤᠨ ᠤ ᠰᠢᠨᠵᠢ  ᠤᠨᠴᠠᠯᠢᠭ ᠲᠠᠢ  ᠵᠤᠬᠢᠬᠤ ᠬᠡᠮᠵᠢᠶᠡᠨ ᠤ ᠤᠯᠠᠮᠵᠢᠯᠠᠯ ᠤᠨ ᠬᠠᠷᠢᠴᠠᠭ᠎ᠠ ᠲᠠᠢ ᠭᠡᠵᠤ ᠦᠵᠡᠵᠤ ᠪᠠᠶᠢᠨ᠎ᠠ᠃    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号