2022 ᠤᠨ ᠳᠤ ᠬᠠᠩᠵᠸᠦ ᠳᠤ ᠪᠤᠯᠬᠤ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ  ᠴᠤᠭᠯᠠᠭᠠᠨ ᠢ ᠵᠤᠬᠢᠶᠠᠨ ᠪᠠᠶᠢᠭᠤᠯᠬᠤ ᠺᠤᠮᠢᠰ ᠤᠨ ᠲᠡᠷᠢᠬᠦᠯᠡᠭᠴᠢ ᠶᠢ ᠲᠤᠭᠳᠠᠭᠠᠪᠠ
ᠨᠡᠶᠢᠲᠡᠯᠡᠭᠰᠡᠨ ᠴᠠᠭ᠄
2016/4/6
     ᠠᠷᠠᠳ ᠤᠨ ᠰᠦᠯᠵᠢᠶ᠎ᠠ ᠶᠢᠨ ᠮᠡᠳᠡᠭᠡ ᠲᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ   ᠶᠢᠨ  28   ᠤ ᠡᠳᠦᠷ ᠤᠨ ᠮᠡᠳᠡᠭᠡ ᠶᠢ ᠦᠨᠳᠦᠰᠦᠯᠡᠪᠡᠯ᠂ 2022 ᠤᠨ ᠳᠤ ᠬᠠᠩᠵᠸᠦ ᠳᠤ ᠪᠤᠯᠬᠤ ᠠᠽᠢᠶ᠎ᠠ ᠲᠢᠪ ᠤᠨ  ᠪᠡᠶ᠎ᠡ   ᠶᠢᠨ  ᠲᠠᠮᠢᠷ ᠤᠨ ᠴᠤᠭᠯᠠᠭᠠᠨ ᠢ ᠵᠤᠬᠢᠶᠠᠨ ᠪᠠᠶᠢᠭᠤᠯᠬᠤ ᠺᠤᠮᠢᠰ ᠤᠨ ᠲᠡᠷᠢᠬᠦᠯᠡᠭᠴᠢ ᠶᠢᠨ ᠲᠤᠰᠢᠶᠠᠯ ᠢ ᠤᠯᠤᠰ  ᠤᠨ  ᠪᠡᠶ᠎ᠡ   ᠶᠢᠨ  ᠲᠠᠮᠢᠷ   ᠤᠨ ᠶᠡᠷᠦᠩᠬᠡᠢ ᠲᠤᠪᠴᠢᠶ᠎ᠠ ᠶᠢᠨ ᠲᠤᠪᠴᠢᠶᠠᠨ ᠲᠠᠷᠤᠭ᠎ᠠ ᠯᠢᠦ ᠫᠧᠩ ᠪᠤᠯᠤᠨ ᠵᠧᠵᠢᠶᠠᠩ ᠮᠤᠵᠢ ᠶᠢᠨ ᠮᠤᠵᠢ ᠶᠢᠨ ᠲᠠᠷᠤᠭ᠎ᠠ ᠯᠢ  ᠴᠢᠶᠠᠩ ᠢᠶᠠᠷ ᠬᠠᠷᠢᠭᠤᠴᠠᠭᠤᠯᠬᠤ ᠪᠠᠷ ᠲᠤᠭᠳᠠᠭᠰᠠᠨ ᠪᠠᠶᠢᠨ᠎ᠠ᠃             ︽ᠲᠦᠷᠦ ᠶᠢᠨ ᠶᠠᠪᠤᠳᠠᠯ ᠤᠨ ᠬᠤᠷᠢᠶᠠᠨ   ᠤ  ᠠᠯᠪᠠᠨ  ᠲᠢᠩᠬᠢᠮ   ᠤᠨ  2022  ᠤᠨ   ᠤ  ᠠᠷᠪᠠ  ᠶᠢᠰᠦᠳᠦᠬᠡᠷ ᠬᠤᠭᠤᠴᠠᠭᠠᠨ ᠤ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠵᠤᠬᠢᠶᠠᠨ ᠪᠠᠶᠢᠭᠤᠯᠬᠤ ᠺᠤᠮᠢᠰ ︵ᠲᠤᠷᠤᠭᠰᠢ  ᠵᠤᠬᠢᠶᠠᠨ ᠪᠠᠶᠢᠭᠤᠯᠬᠤ ᠺᠤᠮᠢᠰ ᠬᠡᠵᠦ ᠲᠦᠬᠦᠮᠴᠢᠯᠠᠨ᠎ᠠ︶ ᠢ ᠪᠠᠶᠢᠭᠤᠯᠬᠤ ᠶᠢ ᠵᠦᠪᠰᠢᠶᠡᠷᠡᠬᠦ ᠲᠤᠬᠠᠢ ᠵᠠᠬᠢᠳᠠᠯ︾ ᠳᠤ ᠬᠡᠯᠡᠬᠦ   ᠳᠡᠭᠡᠨ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ   ᠤ  ᠵᠤᠬᠢᠶᠠᠨ  ᠪᠠᠶᠢᠭᠤᠯᠬᠤ  ᠺᠤᠮᠢᠰ   ᠢ  ᠪᠠᠶᠢᠭᠤᠯᠬᠤ  ᠪᠠ  ᠪᠦᠷᠢᠳᠦᠬᠦᠯᠬᠦ   ᠶᠢ ᠵᠦᠪᠰᠢᠶᠠᠷᠠᠨ᠎ᠠ᠃ ᠵᠤᠬᠢᠶᠠᠨ ᠪᠠᠶᠢᠭᠤᠯᠬᠤ ᠺᠤᠮᠢᠰ  ᠤᠨ ᠲᠡᠷᠢᠬᠦᠯᠡᠭᠴᠢ ᠶᠢᠨ ᠲᠤᠰᠢᠶᠠᠯ ᠢ ᠤᠯᠤᠰ   ᠤᠨ  ᠪᠡᠶ᠎ᠡ   ᠶᠢᠨ ᠲᠠᠮᠢᠷ ᠤᠨ ᠶᠡᠷᠦᠩᠬᠡᠢ ᠲᠤᠪᠴᠢᠶ᠎ᠠ ᠶᠢᠨ ᠲᠤᠪᠴᠢᠶᠠᠨ ᠲᠠᠷᠤᠭ᠎ᠠ ᠯᠢᠦ ᠫᠧᠩ ᠪᠤᠯᠤᠨ ᠵᠧᠵᠢᠶᠠᠩ ᠮᠤᠵᠢ ᠶᠢᠨ ᠮᠤᠵᠢ ᠶᠢᠨ ᠲᠠᠷᠤᠭ᠎ᠠ ᠯᠢ  ᠴᠢᠶᠠᠩ ᠢᠶᠠᠷ ᠬᠠᠷᠢᠭᠤᠴᠠᠭᠤᠯᠤᠨ᠎ᠠ᠃ ᠵᠤᠬᠢᠶᠠᠨ ᠪᠠᠶᠢᠭᠤᠯᠬᠤ ᠺᠤᠮᠢᠰ ᠤᠨ ᠲᠤᠳᠤᠭᠠᠳᠤ ᠪᠠᠶᠢᠭᠤᠯᠤᠮᠵᠢ ᠶᠢ ᠵᠤᠬᠢᠶᠠᠨ  ᠪᠠᠶᠢᠭᠤᠯᠬᠤ  ᠺᠤᠮᠢᠰ ᠠᠴᠠ ᠠᠵᠢᠯ ᠤᠨ ᠬᠡᠷᠡᠭᠴᠡᠭᠡ ᠪᠠᠨ ᠦᠨᠳᠤᠰᠤᠯᠠᠵᠤ ᠪᠠᠶᠢᠭᠠᠳ ᠦᠪᠡᠷᠰᠡᠳ ᠢᠶᠠᠨ ᠲᠤᠭᠳᠠᠭᠠᠨ᠎ᠠ ᠬᠡᠰᠡᠨ ᠪᠠᠶᠢᠨ᠎ᠠ᠃             2015 ᠤᠨ ᠤ 9 ᠰᠠᠷ᠎ᠠ ᠶᠢᠨ 16 ᠤ ᠡᠳᠦᠷ ᠬᠠᠩᠵᠸᠤ ᠬᠤᠳᠠ 2022 ᠤᠨ ᠤ ᠠᠽᠢᠶ᠎ᠠ ᠲᠢᠪ ᠤᠨ  ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠡᠷᠬᠡ ᠶᠢ ᠤᠯᠵᠤ᠂ ᠪᠡᠭᠡᠵᠢᠩ ᠪᠤᠯᠤᠨ ᠭᠤᠸᠠᠩᠵᠸᠦ ᠶᠢᠨ ᠲᠠᠷᠠᠭᠠᠬᠢ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠪᠠᠶᠢᠭ᠎ᠠ ᠭᠤᠷᠪᠠᠳᠠᠭᠴᠢ ᠲᠤᠮᠳᠠᠳᠤ ᠤᠯᠤᠰ  ᠤᠨ ᠬᠤᠳᠠ ᠪᠤᠯᠵᠤ  ᠪᠠᠶᠢᠨ᠎ᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号