ᠮᠠᠨ ᠤ ᠤᠷᠤᠨ 2018 ᠤᠨ ᠤ ᠡᠴᠦᠰ ᠪᠤᠯᠲᠠᠯ᠎ᠠ ᠭᠠᠵᠠᠷ ᠰᠢᠷᠤᠢ ᠶᠢᠨ ᠡᠷᠬᠡ ᠶᠢ ᠲᠠᠩᠰᠠᠯᠠᠵᠤ  ᠦᠨᠡᠮᠯᠠᠯ ᠤᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2016/4/8
    ᠰᠤᠷᠪᠤᠯᠵᠢᠯᠠᠭᠴᠢ ᠤᠢᠢᠷ᠎ᠠ ᠶᠢᠨ ᠡᠳᠦᠷ ᠬᠤᠷᠠᠯᠳᠤᠭᠰᠠᠨ ᠮᠠᠨ ᠤ ᠤᠷᠤᠨ ᠤ ᠭᠠᠵᠠᠷ ᠰᠢᠷᠤᠢ ᠶᠢᠨ  ᠦᠮᠴᠢᠯᠡᠯ ᠤᠨ ᠡᠷᠬᠡ᠂ ᠬᠡᠷᠡᠭᠯᠡᠬᠦ ᠡᠷᠬᠡ ᠪᠠ ᠪᠤᠰᠤᠳ ᠲᠦᠷᠦᠯ ᠤᠨ ᠡᠷᠬᠡ ᠶᠢ ᠲᠤᠲᠤᠷᠬᠠᠢᠢᠯᠠᠨ ᠲᠠᠩᠰᠠᠯᠠᠵᠤ  ᠦᠨᠡᠮᠯᠡᠯ ᠤᠯᠭᠤᠬᠤ ᠪᠠ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠬᠡᠷᠡᠭᠯᠡᠬᠦ ᠡᠷᠬᠡ ᠶᠢ ᠲᠤᠲᠤᠷᠬᠠᠢᠢᠯᠠᠨ  ᠲᠠᠩᠰᠠᠯᠠᠵᠤ ᠲᠠᠭᠠᠭᠠᠴᠢᠯᠠᠭᠤᠯᠬᠤ ᠠᠵᠢᠯ ᠤᠨ ᠬᠤᠷᠠᠯ ᠠᠴᠠ ᠤᠢᠢᠯᠠᠭᠠᠭᠰᠠᠨ ᠢᠶᠠᠷ᠂ ᠮᠠᠨ ᠤ ᠤᠷᠤᠨ 2018 ᠤᠨ ᠤ  ᠡᠴᠦᠰ ᠪᠤᠯᠲᠠᠯ᠎ᠠ᠂ ᠭᠠᠵᠠᠷ ᠰᠢᠷᠤᠢ ᠶᠢᠨ ᠡᠷᠬᠡ ᠶᠢ ᠲᠤᠲᠤᠷᠬᠠᠢᠢᠯᠠᠨ ᠲᠠᠩᠰᠠᠯᠠᠵᠤ ᠦᠨᠡᠮᠯᠡᠯ ᠤᠯᠭᠤᠬᠤ ᠠᠵᠢᠯ ᠢ  ᠪᠦᠬᠦ ᠲᠠᠯ᠎ᠠ ᠪᠠᠷ ᠪᠡᠶᠡᠯᠡᠭᠦᠯᠬᠦ ᠪᠤᠯᠤᠨ᠎ᠠ᠃        ᠭᠠᠵᠠᠷ ᠰᠢᠷᠤᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠬᠡᠷᠡᠭᠯᠡᠬᠦ ᠡᠷᠬᠡ ᠶᠢ ᠲᠤᠲᠤᠷᠬᠠᠢᠢᠯᠠᠨ  ᠲᠠᠩᠰᠠᠯᠠᠵᠤ ᠦᠨᠡᠮᠯᠡᠯ ᠤᠯᠭᠤᠬᠤ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ  ᠭᠤᠷᠪᠠᠳᠤᠭᠠᠷ ᠪᠦᠭᠦᠲᠡ ᠬᠤᠷᠠᠯ ᠠᠴᠠ ᠲᠤᠭᠲᠠᠭᠠᠭᠰᠠᠨ ᠦᠭᠡᠷᠡᠴᠢᠯᠡᠯᠲᠡ ᠶᠢᠨ ᠵᠦᠢᠯ ᠲᠤᠲᠤᠷᠠᠬᠢ ᠮᠠᠯᠵᠢᠬᠤ  ᠲᠠᠷᠢᠶᠠᠯᠠᠬᠤ ᠤᠷᠤᠨ ᠯᠤᠭ᠎ᠠ ᠶᠢᠨ ᠬᠠᠷᠢᠴᠠᠭ᠎ᠠ ᠪᠠᠷ ᠬᠠᠮᠤᠭ ᠶᠡᠭᠡ᠂ ᠬᠠᠮᠤᠭ ᠤᠨ ᠴᠢᠬᠤᠯᠠ ᠨᠢᠭᠡ ᠲᠦᠷᠦᠯ ᠤᠨ  ᠦᠭᠡᠷᠡᠴᠢᠯᠡᠯᠲᠡ ᠪᠤᠯᠤᠨ᠎ᠠ᠃ ᠡᠨᠡᠬᠦ ᠦᠭᠡᠷᠡᠴᠢᠯᠡᠯᠲᠡ ᠨᠢ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ  ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠪᠦᠬᠦ ᠶᠠᠪᠤᠴᠠ ᠳᠤ ᠬᠤᠯᠪᠤᠭᠳᠠᠨ᠎ᠠ ᠭᠡᠵᠦ  ᠬᠤᠷᠠᠯ ᠠᠴᠠ ᠵᠢᠭᠠᠵᠤ ᠭᠠᠷᠭᠠᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠴᠠᠭ ᠪᠤᠯᠤᠨ ᠡᠭᠦᠷᠭᠡ ᠶᠢᠨ ᠱᠠᠭᠠᠷᠳᠠᠯᠭ᠎ᠠ ᠶᠢ ᠲᠤᠲᠤᠷᠬᠠᠢᠢᠯᠠᠵᠤ᠂  ᠬᠠᠷᠢᠭᠤᠴᠠᠯᠭ᠎ᠠ ᠶᠢ ᠠᠵᠢᠯᠲᠠᠨ ᠪᠠ ᠭᠠᠵᠠᠷ ᠰᠢᠷᠤᠢ᠂ ᠨᠤᠲᠤᠭ ᠪᠡᠯᠴᠢᠭᠡᠷ ᠨᠢᠭᠡᠪᠦᠷᠢ ᠳᠤ ᠰᠠᠶᠢᠲᠤᠷ  ᠨᠠᠶᠢᠳᠠᠪᠤᠷᠢᠵᠢᠭᠤᠯᠬᠤ ᠬᠡᠷᠡᠭᠲᠡᠢ  ᠃ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠵᠠᠷ  ᠰᠢᠷᠤᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ ᠪᠡ ᠬᠡᠷᠡᠭᠯᠡᠬᠦ ᠡᠷᠬᠡ ᠶᠢ ᠲᠤᠲᠤᠷᠬᠠᠢᠢᠯᠠᠨ ᠲᠠᠩᠰᠠᠯᠠᠵᠤ  ᠦᠨᠡᠮᠯᠡᠯ ᠤᠯᠭᠤᠬᠤ ᠠᠵᠢᠯ ᠤᠨ ᠶᠠᠰᠤ ᠴᠢᠨᠠᠷ ᠢ ᠪᠠᠲᠤᠯᠠᠵᠤ᠂ ᠠᠵᠢᠯ ᠢᠶᠠᠨ ᠨᠠᠷᠢᠨ ᠬᠢᠨᠠᠮᠠᠭᠠᠢ ᠪᠡᠶᠡᠯᠡᠭᠦᠯᠦᠨ᠂ ᠤᠯᠠᠨ  ᠲᠦᠮᠡᠨ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠦᠨᠳᠦᠰᠦᠨ ᠵᠠᠷᠴᠢᠮ ᠪᠠ ᠴᠢᠭᠯᠡᠯ ᠢ ᠡᠵᠡᠮᠳᠡᠵᠦ᠂  ᠤᠳᠤ ᠶᠢᠨ ᠪᠠᠶᠢᠭ᠎ᠠ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠠᠷᠢᠴᠠᠭ᠎ᠠ ᠲᠤᠭᠲᠠᠭᠤᠨ ᠪᠠᠶᠢᠬᠤ ᠶᠢ  ᠪᠠᠲᠤᠯᠠᠬᠤ ᠶᠢᠨ ᠬᠠᠮᠲᠤ ᠬᠤᠶᠠᠳᠤᠭᠠᠷ ᠡᠭᠡᠯᠵᠢ ᠶᠢᠨ ᠲᠠᠭᠠᠭᠠᠴᠢᠯᠠᠯᠲᠠ ᠶᠢᠨ ᠰᠠᠭᠤᠷᠢ ᠲᠤᠭ᠎ᠠ ᠶᠤᠰᠤᠭᠠᠷ ᠵᠠᠷᠴᠢᠮ  ᠲᠡᠭᠡᠷ᠎ᠡ ᠪᠠᠨ ᠲᠠᠭᠠᠭᠠᠴᠢᠯᠠᠯᠲᠠ ᠶᠢᠨ ᠬᠠᠷᠢᠴᠠᠭ᠎ᠠ ᠶᠢᠨ ᠲᠠᠯ᠎ᠠ ᠪᠠᠷ ᠶᠡᠭᠡ ᠲᠤᠬᠢᠷᠠᠭᠤᠯᠤᠯᠲᠠ ᠬᠢᠬᠦ ᠦᠭᠡᠢ ᠪᠠᠶᠢᠬᠤ  ᠬᠡᠷᠡᠭᠲᠡᠢ  ᠃ ᠭᠠᠵᠠᠷ ᠰᠢᠷᠤᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠬᠡᠷᠡᠭᠯᠡᠬᠦ ᠡᠷᠬᠡ ᠶᠢ ᠲᠤᠲᠤᠷᠬᠠᠢᠢᠯᠠᠨ  ᠲᠠᠩᠰᠠᠯᠠᠵᠤ ᠦᠨᠡᠮᠯᠡᠯ ᠤᠯᠭᠤᠬᠤ ᠠᠵᠢᠯ ᠢᠶᠠᠷ ᠲᠠᠮᠵᠢᠨ᠂ ᠮᠠᠯᠴᠢᠨ ᠲᠠᠷᠢᠶᠠᠴᠢᠨ ᠳᠤ ᠦᠪ ᠦᠨᠡᠨᠬᠦ ᠠᠰᠢᠭ  ᠬᠦᠷᠲᠡᠭᠡᠬᠦ ᠶᠢ ᠪᠠᠲᠤᠯᠠᠬᠤ ᠬᠡᠷᠡᠭᠲᠡᠢ  ᠃ ᠭᠠᠵᠠᠷ ᠰᠢᠷᠤᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠬᠡᠷᠡᠭᠯᠡᠬᠦ  ᠡᠷᠬᠡ ᠶᠢ ᠲᠤᠲᠤᠷᠬᠠᠢᠢᠯᠠᠨ ᠲᠠᠩᠰᠠᠯᠠᠵᠤ ᠦᠨᠡᠮᠯᠡᠯ ᠤᠯᠭᠤᠬᠤ ᠠᠵᠢᠯ ᠢ ᠮᠠᠯ ᠠᠵᠤ ᠠᠬᠤᠢ ᠲᠠᠷᠢᠶᠠᠯᠠᠩ ᠤᠨ  ᠤᠳᠤᠬᠢᠴᠢᠯᠠᠯᠲᠠ ᠶᠢᠨ ᠬᠦᠴᠦᠨ ᠪᠦᠬᠦᠢ ᠭᠠᠷᠳᠠᠴᠠ ᠪᠠ ᠬᠤᠪᠤᠷ ᠨᠠᠨᠳᠢᠨ ᠠᠵᠤ ᠲᠤᠬᠢᠶᠠᠯ ᠪᠤᠯᠭᠠᠨ ᠠᠳᠬᠤᠬᠤ  ᠬᠡᠷᠡᠭᠲᠡᠢ  ᠃  ᠭᠠᠵᠠᠷ ᠰᠢᠷᠤᠢ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠬᠡᠷᠡᠭᠯᠡᠬᠦ ᠡᠷᠬᠡ ᠶᠢ ᠲᠤᠲᠤᠷᠬᠠᠢᠢᠯᠠᠨ  ᠲᠠᠩᠰᠠᠯᠠᠵᠤ ᠦᠨᠡᠮᠯᠡᠯ ᠤᠯᠭᠤᠬᠤ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠠᠶᠢᠲᠤᠷ  ᠨᠠᠶᠢᠳᠠᠪᠤᠷᠢᠵᠢᠭᠤᠯᠵᠤ᠂ ᠡᠷᠬᠡ ᠲᠡᠭᠰᠢ᠂ ᠲᠦᠪ ᠭᠤᠤᠯᠴᠢ᠂ ᠠᠷᠠᠳᠴᠢᠯᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠢ  ᠭᠡᠪᠡ᠃  
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ  ᠠᠴᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号