2016 ᠣᠨ ᠤ ᠡᠯ᠎ᠡ ᠲᠦᠷᠤᠯ ᠤᠨ ᠠᠵᠢᠯ ᠢ ᠤᠷᠤᠭᠰᠢᠲᠠᠢ ᠥᠷᠨᠢᠭᠦᠯᠬᠦ ᠶᠢ ᠪᠠᠲᠤᠯᠠᠬᠤ ᠶᠢᠨ ᠲᠦᠯᠦᠭᠡ᠂ | ᠣᠶᠢᠷ᠎ᠠ ᠳᠤ᠂ ᠪᠠᠶᠠᠨᠲᠤᠬᠤᠢ ᠰᠣᠮᠣ ᠬᠠᠭᠠᠰ ᠰᠠᠷ᠎ᠠ ᠶᠢᠨ ᠴᠠᠭ ᠢ ᠠᠰᠢᠭᠯᠠᠵᠤ᠂ ᠪᠦᠬᠦ ᠨᠠᠮ ᠤᠨ ᠭᠡᠰᠢᠭᠦᠨ | ᠺᠠᠲᠠᠷᠴᠤᠳ ᠤᠨ ᠰᠤᠷᠤᠯᠴᠠᠬᠤ ᠠᠵᠢᠯᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ᠃ | ᠡᠨᠡ ᠤᠳᠠᠭᠠᠨ ᠤ ᠰᠤᠷᠤᠯᠴᠠᠬᠤ ᠠᠵᠢᠯᠯᠠᠭᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ | ᠴᠢᠭᠡᠴᠢ ᠲᠣᠭᠲᠠᠭᠠᠯ ᠳᠦᠷᠢᠮ ᠢ ᠴᠢᠩᠭ᠎ᠠ ᠰᠠᠬᠢᠬᠤ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠳᠭᠡᠬᠦ ᠵᠣᠷᠪᠤᠰ᠂ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠶᠠᠷᠢᠶ᠎ᠠ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠨᠠᠡ ᠵᠧᠨ ᠬᠤ᠋ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠵᠤ ᠪᠣᠭᠤᠮᠲᠠ ᠰᠢᠪᠲᠤᠯᠬᠤ | ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ ᠵᠡᠷᠭᠡ ᠶᠢᠨ ᠲᠣᠭᠤᠷᠢᠨ ᠳᠤ ᠶᠠᠪᠤᠭᠳᠠᠪᠠ᠃ | ᠰᠤᠷᠤᠯᠴᠠᠯᠭ᠎ᠠ ᠨᠢ ᠪᠣᠲᠠᠲᠠᠢ ᠥᠷ᠎ᠡ ᠪᠦᠲᠤᠮᠵᠢ ᠣᠯᠬᠤ ᠶᠢ ᠪᠠᠲᠤᠯᠠᠬᠤ ᠶᠢᠨ ᠲᠦᠯᠦᠭᠡ᠂ ᠰᠣᠮᠣ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠤᠨ ᠶᠡᠬᠡᠪᠡᠷ ᠴᠢᠬᠤᠯᠴᠢᠯᠠᠨ ᠥᠵᠡᠵᠤ᠂ ᠨᠠᠮ ᠤᠨ ᠭᠡᠰᠢᠭᠦᠨ ᠺᠠᠲᠠᠷᠴᠤᠳ ᠢ | ᠵᠣᠬᠢᠶᠠᠨ ᠪᠠᠶᠢᠭᠤᠯᠵᠤ ᠲᠦᠪᠯᠡᠷᠡᠵᠤ ᠰᠤᠷᠤᠯᠴᠠᠬᠤ᠂ ᠲᠠᠷᠬᠠᠵᠤ ᠰᠤᠷᠤᠯᠴᠠᠬᠤ ᠵᠡᠷᠭᠡ ᠬᠡᠯᠪᠡᠷᠢ ᠪᠠᠷ ᠰᠤᠷᠤᠯᠴᠠᠵᠤ᠂ | ᠪᠦᠬᠦ ᠺᠠᠲᠠᠷᠴᠤᠳ ᠰᠤᠷᠤᠯᠴᠠᠬᠤ ᠬᠤᠭᠤᠴᠠᠭᠠᠨ ᠳᠤ ᠴᠢᠯᠦᠭᠡ ᠭᠤᠶᠤᠵᠤ ᠪᠣᠯᠬᠤ ᠦᠭᠡᠢ᠂ ᠬᠤᠪᠢ ᠬᠦᠮᠦᠨ ᠠᠵᠢᠯ | ᠡᠷᠬᠢᠯᠡᠬᠦ ᠪᠠᠷ ᠰᠢᠯᠲᠠᠭᠯᠠᠵᠤ ᠰᠤᠷᠤᠯᠴᠠᠬᠤ ᠠᠴᠠ ᠵᠠᠶᠢᠯᠠᠵᠤ ᠪᠣᠯᠬᠤ ᠦᠭᠡᠢ ᠭᠡᠵᠤ ᠱᠠᠭᠠᠷᠳᠠᠨ᠂ ᠨᠠᠮ ᠵᠠᠰᠠᠭ ᠤᠨ | ᠠᠯᠪᠠᠨ ᠭᠡᠷ ᠬᠢᠨᠠᠨ ᠪᠠᠶᠢᠴᠠᠭᠠᠬᠤ ᠳᠣᠭᠤᠶᠢᠯᠠᠩ ᠪᠠᠶᠢᠭᠤᠯᠵᠤ ᠲᠣᠭᠲᠠᠭᠰᠠᠨ ᠬᠤᠭᠤᠴᠠᠭᠠᠨ ᠳᠤ ᠰᠤᠩᠭᠤᠨ | ᠪᠠᠶᠢᠴᠠᠭᠠᠪᠠ᠃ ᠨᠠᠮ ᠤᠨ ᠭᠡᠰᠢᠭᠦᠨ ᠺᠠᠲᠠᠷᠴᠤᠳ ᠰᠤᠷᠤᠯᠴᠠᠭᠰᠠᠨ ᠲᠡᠮᠲᠡᠭᠯᠡᠯ ᠢᠶᠠᠨ ᠬᠢᠨᠠᠮᠠᠭᠠᠢ ᠰᠠᠶᠢᠳᠤᠷ ᠬᠢᠭᠦ ᠶᠢ | ᠱᠠᠭᠠᠷᠳᠠᠵᠤ᠂ ᠰᠤᠷᠤᠯᠴᠠᠬᠤ ᠠᠵᠢᠯᠯᠠᠭᠠᠨ ᠳᠠᠭᠤᠰᠬᠤ ᠦᠶ᠎ᠡ ᠳᠤ ᠨᠢᠭᠡ ᠬᠤᠪᠢ ᠰᠤᠷᠤᠯᠴᠠᠭᠰᠠᠨ ᠲᠦᠷᠤᠭ᠍ᠳᠡᠯ | ᠪᠢᠴᠢᠨ᠎ᠡ᠃ | ᠡᠨᠡ ᠤᠳᠠᠭᠠᠨ ᠤ ᠰᠤᠷᠤᠯᠴᠠᠬᠤ ᠠᠵᠢᠯᠯᠠᠭᠠᠨ ᠢᠶᠠᠷ ᠳᠠᠮᠵᠢᠵᠤ᠂ ᠪᠦᠬᠦ ᠺᠠᠲᠠᠷᠴᠤᠳ ᠤᠨ ᠣᠨᠤᠯ ᠤᠨ ᠬᠢᠷᠢ | ᠲᠦᠪᠰᠢᠨ ᠳᠡᠭᠡᠭᠰᠢᠯᠡᠵᠦ᠂ ᠠᠵᠢᠯ ᠤᠨ ᠬᠠᠷᠠᠯᠲᠠ ᠪᠠᠨ ᠲᠣᠳᠤᠷᠬᠠᠶᠢᠯᠠᠵᠤ᠂ 2016 ᠣᠨ ᠤ ᠠᠵᠢᠯ ᠰᠠᠶᠢᠨ | ᠡᠬᠢᠯᠡᠯᠲᠡ ᠲᠠᠢ ᠪᠠᠶᠢᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ |