ᠭᠡᠷᠰᠡᠩ ᠰᠣᠮᠣ ︽3·8︾ ᠤ ᠡᠮᠡᠭᠲᠡᠶᠢᠴᠦᠳ ᠤᠨ ᠪᠠᠶᠠᠷ ᠤᠨ ᠡᠳᠤᠷ ᠢ ᠪᠡᠯᠭᠡᠯᠡᠬᠦ ᠥᠨᠳᠤᠰᠤᠲᠡᠨ ᠤ ᠤᠯᠠᠮᠵᠢᠯᠠᠯᠲᠤ ᠰᠣᠶᠣᠯ ᠤᠨ ᠠᠵᠢᠯᠯᠠᠭᠠᠨ ᠢ ᠥᠷᠨᠢᠭᠦᠯᠪᠡ
ᠨᠡᠶᠢᠲᠡᠯᠡᠭᠰᠡᠨ ᠴᠠᠭ᠄
2016/5/23
   
    106 ᠳ᠋ᠤᠭᠠᠷ  ︽3·8︾   ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠤᠷ ᠢ  ᠪᠡᠯᠭᠡᠯᠡᠵᠤ᠂ ᠡᠮᠡᠭᠲᠡᠶᠢᠴᠦᠳ ᠤᠨ ᠣᠣᠷ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠵᠢᠬᠤ ᠣᠷᠤᠨ ᠤ ᠡᠮᠡᠭᠲᠡᠶᠢᠴᠦᠳ  ᠤᠨ ᠰᠡᠯᠡᠭᠦᠦ ᠴᠠᠭ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ 3 ᠰᠠᠷ᠎ᠠ ᠶᠢᠨ 3 ᠤ ᠡᠳᠤᠷ᠂  ᠭᠡᠷᠰᠡᠩ ᠰᠣᠮᠣ  ︽3·8︾   ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠤᠷ ᠢ ᠪᠡᠯᠭᠡᠯᠡᠬᠦ ᠵᠢᠴᠢ ︽ᠡᠮᠡᠭᠲᠡᠶᠢᠴᠦᠳ ᠤᠨ ᠭᠡᠷ︾ ᠥᠨᠳᠤᠰᠤᠲᠡᠨ ᠤ ᠤᠯᠠᠮᠵᠢᠯᠠᠯᠲᠤ ᠰᠣᠶᠣᠯ ᠤᠨ ᠠᠵᠢᠯᠯᠠᠭᠠᠨ ᠢ ᠥᠷᠨᠢᠭᠦᠯᠪᠡ᠃     ᠡᠨᠡ ᠤᠳᠠᠭᠠᠨ ᠤ ᠬᠦᠳᠡᠯᠭᠡᠭᠡᠨ ᠨᠢ ᠠᠭᠤᠯᠭ᠎ᠠ ᠪᠠᠶᠠᠯᠢᠭ᠂ ᠶᠠᠩᠵᠤ ᠣᠯᠠᠨ᠂ ᠮᠡᠳᠡᠯᠭᠡ ᠠᠰᠠᠭᠤᠵᠤ ᠬᠠᠷᠢᠭᠤᠯᠬᠤ᠂ ᠣᠶᠤᠳᠠᠯ ᠣᠶᠤᠬᠤ᠂ ᠵᠢᠷᠤᠭ ᠵᠢᠷᠤᠬᠤ᠂ ᠰᠠᠨᠠᠭ᠎ᠠ ᠰᠡᠳᠭᠢᠯ ᠢᠶᠠᠨ ᠮᠡᠳᠡᠯᠴᠡᠬᠦ᠂ ᠭᠠᠯᠠᠬ᠎ᠠ ᠨᠠᠭᠠᠳᠬᠤ ᠵᠡᠷᠭᠡ ᠮᠣᠩᠭᠤᠯ ᠥᠨᠳᠤᠰᠤᠲᠡᠨ ᠤ ᠤᠯᠠᠮᠵᠢᠯᠠᠯᠲᠤ ᠰᠣᠶᠣᠯ ᠢᠶᠠᠷ ᠭᠤᠣᠯ ᠠᠭᠤᠯᠭ᠎ᠠ ᠪᠣᠯᠭᠠᠵᠤ᠂ ᠪᠠᠰᠠ ᠲᠣᠭᠯᠠᠯᠲᠠ ᠪᠠ ᠱᠠᠩᠨᠠᠬᠤ ᠶᠣᠰᠤᠯᠠᠯ ᠶᠠᠪᠤᠭᠤᠯᠪᠠ᠃
        ᠠᠵᠢᠯᠯᠠᠭᠠᠨ ᠨᠢ ᠡᠷᠡᠭᠦᠯ ᠴᠢᠬᠢᠷᠠᠭ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠪᠠ ᠤᠶᠢᠯᠡ ᠠᠵᠢᠯᠠᠯᠭ᠎ᠠ ᠶᠢ ᠢᠳᠡᠪᠬᠢᠲᠡᠢ ᠰᠠᠨᠠᠭᠠᠴᠢᠯᠠᠨ ᠰᠡᠳᠤᠬᠦ ᠪᠠᠷ ᠥᠨᠳᠤᠰᠤ ᠪᠣᠯᠭᠠᠵᠤ᠂ ᠠᠷᠪᠢᠯᠠᠵᠤ ᠭᠠᠮᠨᠠᠬᠤ ᠶᠢᠨ ᠰᠠᠭᠤᠷᠢᠨ ᠳᠡᠭᠡᠷ᠎ᠡ᠂ ᠡᠮᠡᠭᠲᠡᠶᠢᠴᠦᠳ ᠤᠨ ᠦᠨᠳᠤᠰᠤᠲᠡᠨ ᠤ ᠤᠯᠠᠮᠵᠢᠯᠠᠯᠲᠤ ᠰᠣᠶᠣᠯ ᠤᠨ ᠠᠵᠢᠯᠯᠠᠭᠠᠨ ᠳᠤ ᠣᠷᠤᠯᠴᠠᠬᠤ ᠢᠳᠡᠪᠬᠢᠵᠢᠯ ᠢ ᠪᠦᠷᠢᠮᠤᠰᠤᠨ ᠳᠠᠶᠢᠴᠢᠯᠠᠪᠠ᠃ ᠰᠣᠮᠣ ᠶᠢᠨ ᠵᠠᠰᠠᠭ ᠤᠨ ᠣᠷᠳᠣᠨ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠪᠠ 10 ᠭᠠᠴᠠᠭᠠᠨ ᠤ 14 ᠲᠦᠯᠦᠭᠡᠯᠡᠭᠴᠢ ᠶᠢᠨ ᠪᠦᠯᠬᠦᠮ ᠵᠢᠴᠢ ᠥᠵᠡᠭᠴᠢᠳ ᠭᠤᠶᠣ ᠰᠠᠶᠢᠬᠠᠨ ᠬᠤᠪᠴᠠᠰᠤ ᠬᠤᠨᠠᠷ ᠡᠮᠤᠰᠴᠤ᠂ ᠠᠵᠢᠯᠯᠠᠭᠠᠨ ᠳᠤᠮᠳᠠ ᠤᠷᠤᠯᠴᠠᠭᠰᠠᠳ ᠰᠡᠴᠡᠨ ᠮᠡᠷᠭᠡᠨ ᠠᠪᠢᠶᠠᠰ ᠪᠢᠯᠢᠭ ᠢᠶᠠᠨ ᠪᠠᠳᠠᠷᠠᠭᠤᠯᠵᠤ  ᠂ ᠮᠣᠩᠭᠤᠯ ᠥᠨᠳᠤᠰᠤᠲᠡᠨ ᠤ ᠡᠮᠡᠭᠲᠡᠶᠢᠴᠦᠳ ᠤᠨ ᠤᠬᠠᠭᠠᠨ ᠰᠡᠷᠭᠦᠯᠡᠩ ᠭᠠᠷ ᠤᠷᠠᠨ ᠢ ᠪᠦᠷᠢᠮᠤᠰᠤᠨ ᠢᠯᠡᠷᠡᠭᠦᠯᠵᠡᠢ᠃ ᠡᠭᠦᠨ ᠠᠴᠠ ᠭᠠᠳᠠᠨ᠎ᠠ  ᠂ ᠬᠦᠯᠢᠶᠡᠬᠦ ᠬᠤᠭᠤᠴᠠᠭᠠᠨ ᠳᠤ ᠣᠷᠤᠯᠴᠠᠭᠰᠠᠳ ᠳᠠᠭᠤᠤ ᠡᠷᠭᠦᠵᠤ᠂ ᠠᠵᠢᠯᠯᠠᠭᠠᠨ ᠢ ᠣᠷᠭᠢᠯ ᠳᠤᠨᠢ ᠬᠦᠷᠭᠡᠪᠡ᠃ ᠬᠠᠮᠤᠭ ᠡᠴᠤᠰ ᠲᠤ᠂ ᠮᠣᠩᠭᠤᠯ ᠥᠨᠳᠤᠰᠤᠲᠡᠨ ᠤ ᠠᠵᠢᠯᠴᠢ ᠠᠷᠪᠢᠴᠢ ᠪᠣᠷᠤᠭᠵᠢᠭᠤᠨ ᠂ ᠨᠠᠰᠤᠲᠠᠨ ᠢᠶᠠᠨ ᠬᠦᠨᠳᠤᠯᠡᠵᠤ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠨ ᠮᠣᠷᠠᠯ ᠢ ᠪᠠᠳᠠᠷᠠᠭᠤᠯᠬᠤ ᠶᠢᠨ ᠲᠦᠯᠦᠭᠡ᠂ ᠡᠯ᠎ᠡ ᠭᠠᠴᠠᠭ᠎ᠠ ᠠᠴᠠ 20 ︽ᠠᠵᠢᠯᠴᠢ ᠣᠳᠤᠨ︾ ᠪᠠ ︽ᠨᠠᠰᠤᠲᠠᠨ ᠢᠶᠠᠨ ᠬᠦᠨᠳᠤᠯᠡᠬᠦ ᠣᠳᠣᠨ︾ ᠢ ᠰᠤᠩᠭᠤᠨ ᠭᠠᠷᠭᠠᠵᠤ᠂ ᠲᠡᠳᠡᠨ ᠳᠤ ᠴᠠᠴᠤᠭ ᠪᠠ ᠬᠦᠬᠢᠭᠦᠯᠤᠯ ᠤᠨ ᠪᠢᠴᠢᠭ ᠥᠭᠴᠦ ᠵᠣᠷᠢᠭᠵᠢᠭᠤᠯᠪᠠ᠃
         ᠡᠨᠡ ᠤᠳᠠᠭᠠᠨ ᠤ ᠠᠵᠢᠯᠯᠠᠭᠠᠨ ᠢ ᠥᠷᠨᠢᠭᠦᠯᠬᠦ ᠪᠠᠷ ᠳᠠᠮᠵᠢᠵᠤ᠂ ᠡᠮᠡᠭᠲᠡᠶᠢᠴᠦᠳ ᠤᠳᠬ᠎ᠠ ᠠᠭᠤᠯᠭ᠎ᠠ ᠲᠠᠢ ᠪᠠᠶᠠᠷ ᠤᠨ ᠡᠳᠤᠷ ᠥᠩᠭᠡᠷᠡᠭᠦᠯᠦᠭᠰᠡᠨ ᠪᠦᠭᠡᠳ ᠡᠮᠡᠭᠲᠡᠶᠢᠴᠦᠳ ᠤᠨ ᠤᠯᠠᠮᠵᠢᠯᠠᠯᠲᠤ ᠰᠣᠶᠣᠯ ᠢ ᠰᠤᠷᠤᠯᠴᠠᠵᠤ ᠤᠯᠠᠮᠵᠢᠯᠠᠬᠤ ᠢᠳᠡᠪᠬᠢ ᠴᠢᠨᠠᠷ ᠢ ᠪᠦᠷᠢᠮᠤᠰᠤᠨ ᠳᠠᠶᠢᠴᠢᠯᠠᠵᠤ᠂ ᠡᠷᠡᠭᠦᠯ ᠴᠢᠬᠢᠷᠠᠭ ᠪᠣᠯᠪᠠᠰᠤᠨ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠨ ᠰᠡᠳᠤᠵᠤ᠂ ᠤᠯᠠᠮᠵᠢᠯᠠᠯᠲᠤ ᠥᠨᠳᠤᠰᠤᠲᠡᠨ ᠤ ᠰᠣᠶᠣᠯ ᠢ ᠪᠠᠳᠠᠷᠠᠭᠤᠯᠤᠨ᠂ ᠰᠠᠶᠢᠨ ᠰᠠᠶᠢᠬᠠᠨ ᠨᠡᠶᠢᠭᠡᠮ ᠤᠨ ᠪᠠᠶᠢᠳᠠᠯ ᠢ ᠪᠣᠢ ᠪᠣᠯᠭᠠᠵᠤ᠂ ᠵᠣᠬᠢᠴᠠᠩᠭᠤᠢ ᠰᠣᠮᠣ ᠶᠢᠨ ᠪᠠᠶᠢᠭᠤᠯᠤᠯᠲᠠ ᠶᠢ ᠪᠦᠲᠤᠮᠵᠢᠲᠠᠢ ᠲᠦᠯᠬᠢᠨ ᠠᠬᠢᠭᠤᠯᠪᠠ᠃
 
ᠢᠷᠡᠯᠲᠡ᠄ ᠭᠡᠷᠰᠡᠩ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号