ᠭᠡᠷᠰᠡᠩ ᠶᠡᠷᠤᠩᠭᠡᠢ ᠰᠤᠷᠭᠠᠭᠤᠯᠢ ᠠᠮᠤᠷ ᠲᠦᠪᠰᠢᠨ ᠤ ᠪᠣᠯᠪᠠᠰᠤᠷᠠᠯ ᠬᠢᠵᠤ ᠠᠮᠤᠷ ᠢ ᠬᠠᠮᠠᠭᠠᠯᠠᠪᠠ
ᠨᠡᠶᠢᠲᠡᠯᠡᠭᠰᠡᠨ ᠴᠠᠭ᠄
2016/5/23
    ᠪᠠᠭᠰᠢ ᠰᠤᠷᠤᠭᠴᠢ ᠶᠢᠨ ᠥᠪᠡᠷ ‍ᠦᠨ‌‍ᠢᠶ᠋ᠡᠨ‌ᠠᠪᠤᠷᠠᠬᠤ ᠬᠠᠷᠢᠯᠴᠠᠨ ᠠᠪᠤᠷᠠᠬᠤ ᠴᠢᠳᠠᠪᠦᠷᠢ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠦᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ 2 ᠤ ᠡᠳᠤᠷ᠂ ᠭᠡᠷᠰᠡᠩ ᠶᠡᠷᠤᠩᠭᠡᠢ ᠰᠤᠷᠭᠠᠭᠤᠯᠢ ᠠᠮᠤᠷ ᠲᠦᠪᠰᠢᠨ ᠮᠥᠷᠳᠡᠭᠡᠨ ᠲᠦᠷᠭᠡᠨ ᠲᠠᠷᠬᠠᠭᠠᠬᠤ  ᠪᠣᠯᠪᠠᠰᠤᠷᠠᠯ ᠶᠠᠪᠤᠭᠤᠯᠵᠠᠢ᠃      ᠪᠣᠯᠪᠠᠰᠤᠷᠠᠯ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠰᠤᠷᠭᠠᠭᠤᠯᠢ ᠪᠣᠯᠪᠠᠰᠤᠷᠠᠯ ᠤᠨ ᠲᠦᠰᠤᠯ ᠢ ᠬᠢᠨᠠᠮᠠᠭᠠᠢ ᠲᠣᠭᠲᠠᠭᠠᠵᠤ᠂ ᠡᠭᠦᠷᠭᠡ ᠨᠠᠶᠢᠲᠠᠪᠦᠷᠢᠵᠢᠭᠤᠯᠵᠤ᠂ ᠬᠠᠷᠢᠭᠤᠴᠠᠯᠭ᠎ᠠ ᠲᠣᠳᠤᠷᠬᠠᠶᠢᠯᠠᠵᠠᠢ᠃ ᠪᠦᠬᠦ ᠰᠤᠷᠭᠠᠭᠤᠯᠢ ᠶᠢᠨ ᠪᠠᠭᠰᠢ ᠰᠤᠷᠤᠭᠴᠢ ᠢᠳᠡᠪᠬᠢᠲᠡᠢ ᠣᠷᠤᠯᠴᠠᠵᠤ᠂ ᠪᠦᠬᠦ ᠬᠦᠴᠦᠨ ᠢᠶᠠᠷ ᠬᠠᠮᠵᠢᠯᠴᠠᠵᠤ᠂ ᠤᠷᠢᠳᠴᠢᠯᠠᠨ ᠲᠣᠭᠲᠠᠭᠰᠠᠨ ᠲᠦᠰᠤᠯ ᠢ ᠥᠨᠳᠤᠰᠤᠯᠡᠵᠤ  ᠪᠣᠯᠪᠠᠰᠤᠷᠠᠯ ᠠᠯᠬᠤᠮ ᠳᠠᠷᠠᠭ᠎ᠠ ᠲᠠᠢ ᠶᠠᠪᠤᠭᠳᠠᠪᠠ᠃ ᠪᠣᠯᠪᠠᠰᠤᠷᠠᠯ ᠡᠬᠢᠯᠡᠵᠤ᠂ ᠰᠡᠷᠡᠮᠵᠢ ᠶᠢᠨ ᠮᠡᠳᠡᠭᠡᠨ ᠤ ᠳᠠᠭᠤ ᠳᠣᠣᠭᠠᠷᠴᠤ᠂ ᠡᠯ᠎ᠡ ᠠᠩᠭᠢ ᠶᠢᠨ ᠰᠤᠷᠤᠭᠴᠢ ᠠᠩᠭᠢ ᠶᠢᠨ ᠡᠷᠬᠢᠯᠡᠭᠴᠢ ᠶᠢᠨ ᠳᠠᠭᠠᠭᠤᠯᠭ᠎ᠠ ᠳᠣᠣᠷ᠎ᠠ᠂ ᠳᠡᠰ ᠳᠠᠷᠠᠭ᠎ᠠ ᠲᠠᠢ ᠬᠤᠷᠳᠤᠨ ᠲᠦᠷᠭᠡᠨ ᠵᠢᠭᠠᠨ ᠰᠤᠷᠭᠠᠬᠤ ᠠᠰᠠᠷ ᠠᠴᠠ ᠤᠬᠤᠷᠢᠵᠤ ᠭᠠᠷᠤᠪᠠ᠃ ᠢᠪᠴᠤᠤ ᠠᠰᠠᠷ ᠤᠨ ᠱᠠᠲᠤᠨ ᠤ ᠮᠣᠷᠤᠢ ᠬᠡᠰᠡᠭ ᠲᠤ᠂ ᠰᠤᠷᠤᠭᠴᠢᠳ ᠠᠯᠬᠤᠮ ᠳᠠᠷᠠᠭ᠎ᠠ ᠲᠠᠢ ᠬᠤᠷᠳᠤᠨ ᠥᠩᠭᠡᠷᠡᠵᠤ᠂ ᠪᠠᠴᠢᠮ ᠪᠣᠯᠪᠠᠴᠤ  ᠰᠠᠨᠳᠤᠷᠤᠯ ᠦᠭᠡᠢ᠂ ᠠᠰᠠᠷ ᠤᠨ ᠱᠠᠲᠤᠨ ᠳᠤ ᠵᠢᠯᠤᠭᠤᠳᠴᠤ ᠪᠠᠶᠢᠭ᠎ᠠ ᠪᠠᠭᠰᠢ ᠦᠪᠡᠷ ᠤᠨ ᠪᠠᠶᠢᠷᠢ ᠪᠠᠨ ᠪᠠᠲᠤ ᠰᠠᠭᠢᠵᠤ᠂ ᠬᠠᠮᠤᠭ ᠰᠡᠭᠦᠯᠴᠢ ᠶᠢᠨ ᠨᠢᠭᠡ ᠰᠤᠷᠤᠭᠴᠢ ᠥᠩᠭᠡᠷᠡᠵᠤ ᠭᠠᠷᠤᠭᠰᠠᠨ ᠤ ᠳᠠᠷᠠᠭ᠎ᠠ ᠰᠠᠶ᠋ᠢ ᠤᠬᠤᠷᠢᠵᠤ ᠭᠠᠷᠪᠠ᠃ ᠲᠠᠷᠬᠠᠵᠤ ᠭᠠᠷᠤᠭᠰᠠᠨ ᠰᠤᠷᠤᠭᠴᠢᠳ ᠲᠠᠮᠢᠷ ᠤᠨ ᠲᠠᠯᠠᠪᠠᠢ ᠳᠤ ᠠᠩᠭᠢ ᠶᠢᠨ ᠡᠷᠬᠢᠯᠡᠭᠴᠢ ᠶᠢᠨ ᠳᠠᠭᠠᠭᠤᠯᠭ᠎ᠠ ᠳᠣᠣᠷ᠎ᠠ᠂ ᠬᠦᠮᠦᠨ ᠤ  ᠲᠤᠭ᠎ᠠ ᠪᠠᠨ ᠪᠦᠷᠢᠳᠭᠡᠵᠤ᠂ ᠪᠦᠬᠦ ᠰᠤᠷᠭᠠᠭᠤᠯᠢ ᠶᠢᠨ ᠰᠤᠷᠤᠭᠴᠢ ᠨᠢᠭᠡ ᠬᠦᠮᠦᠨ ᠳᠤᠲᠠᠭᠰᠠᠨ ᠦᠭᠡᠢ᠂ ᠪᠠᠭᠰᠢ ᠰᠤᠷᠤᠭᠴᠢ ᠪᠦᠭᠦᠳᠡᠭᠡᠷ ᠲᠣᠭᠲᠠᠭᠰᠠᠨ ᠣᠷᠤᠨ   ᠳᠠᠭᠠᠨ ᠠᠮᠤᠷ ᠲᠦᠪᠰᠢᠨ ᠢᠶᠠᠷ ᠬᠦᠷᠴᠤ᠂ ᠪᠣᠯᠪᠠᠰᠤᠷᠠᠯ  ᠪᠣᠳᠤᠭᠰᠠᠨ  ᠬᠡᠪ ᠢᠶᠠᠷ ᠰᠠᠶᠢᠨ ᠥᠷ᠎ᠡ ᠪᠦᠲᠤᠮᠵᠢ ᠣᠯᠪᠠ᠃
 
ᠢᠷᠡᠯᠲᠡ᠄ ᠭᠡᠷᠰᠡᠩ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号