ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ  ᠬᠤᠷᠠᠯ ᠤᠨ ᠲᠦᠯᠦᠭᠡᠯᠡᠭᠴᠢᠳ ᠤᠨ  ᠰᠠᠨᠠᠭᠤᠯᠭ᠎ᠠ ᠰᠢᠬᠦᠮᠵᠢ ᠪᠠ ᠰᠠᠨᠠᠯ ᠢ ᠬᠦᠢᠴᠡᠳᠭᠡᠭᠰᠡᠨ ᠪᠠᠶᠢᠳᠠᠯ ᠤᠨ ᠲᠤᠬᠠᠢ ᠮᠠᠳᠠᠬᠦᠯᠦᠯᠳᠠ
ᠨᠡᠶᠢᠲᠡᠯᠡᠭᠰᠡᠨ ᠴᠠᠭ᠄
2016/5/3
            ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ  ᠬᠤᠷᠠᠯ ᠤᠨ ᠲᠦᠯᠦᠭᠡᠯᠡᠭᠴᠢᠳ ᠤᠨ  ᠰᠠᠨᠠᠭᠤᠯᠭ᠎ᠠ ᠰᠢᠬᠦᠮᠵᠢ ᠪᠠ ᠰᠠᠨᠠᠯ ᠢ ᠬᠦᠢᠴᠡᠳᠭᠡᠭᠰᠡᠨ ᠪᠠᠶᠢᠳᠠᠯ ᠤᠨ ᠲᠤᠬᠠᠢ ᠮᠠᠳᠠᠬᠦᠯᠦᠯᠳᠠ                                                               ︵2015 ᠤᠨ ᠤ 2 ᠰᠠᠷ᠎ᠠ︶                                ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠦᠯᠦᠭᠡᠯᠡᠭᠴᠢᠳ ᠡ᠄       ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠰᠢᠬᠦᠮᠵᠢ ᠪᠠ ᠰᠠᠨᠠᠯ ︵ᠲᠤᠷᠤᠬᠰᠢ ᠲᠦᠬᠦᠮᠴᠢᠯᠠᠭᠡᠳ ᠰᠠᠨᠠᠭᠤᠯᠭ᠎ᠠ︶ ᠶᠢ ᠰᠢᠢᠳᠪᠤᠷᠢᠯᠡᠭᠰᠡᠨ ᠲᠤᠬᠠᠢ ᠮᠠᠳᠠᠬᠦᠯᠦᠯᠳᠠ ᠲᠤᠤᠷᠠᠬᠢ ᠮᠠᠳᠤ᠄       2014 ᠤᠨ ᠳᠤ ᠬᠤᠰᠢᠭᠤᠨ ᠤ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠠᠴᠠ ᠲᠤᠰᠢᠶᠠᠵᠤ ᠰᠢᠢᠳᠪᠤᠷᠢᠯᠠᠬᠦᠯᠬᠦ ᠰᠠᠨᠠᠭᠤᠯᠭ᠎ᠠ 102 ᠵᠦᠢᠯ ᠬᠤᠷᠢᠶᠠᠨ ᠤᠯᠵᠠᠢ᠃ ᠭᠤᠤᠯᠳᠠᠯᠭ᠎ᠠ ᠲᠠᠢ ᠰᠠᠨᠠᠭᠤᠯᠭ᠎ᠠ 11 ᠵᠦᠢᠯ ᠪᠠᠶᠢᠵᠤ᠂ ᠠᠭᠤᠯᠭ᠎ᠠ ᠪᠠᠷ ᠨᠢ ᠬᠤᠪᠢᠶᠠᠪᠠᠯ ᠵᠢᠷᠭᠤᠭᠠᠨ ᠲᠦᠷᠦᠯ ᠪᠠᠶᠢᠨ᠎ᠠ᠃ ᠲᠠᠷᠢᠶᠠᠯᠠᠩ᠂ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠬᠯᠠᠯᠳᠠ ᠶᠢᠨ ᠲᠠᠯ᠎ᠠ ᠶᠢᠨ 20 ᠵᠦᠢᠯ  ᠃ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠲᠠᠯ᠎ᠠ ᠶᠢᠨ 22 ᠵᠦᠢᠯ᠃ ᠰᠢᠨᠵᠢᠯᠡᠭᠡ ᠮᠠᠷᠭᠡᠵᠢᠯ᠂ ᠰᠤᠶᠤᠯ ᠡᠷᠠᠬᠦᠯ ᠬᠠᠮᠠᠭᠠᠯᠠᠯ ᠤᠨ ᠲᠠᠯ᠎ᠠ ᠶᠢᠨ 18 ᠵᠦᠢᠯ᠃ ᠡᠳ᠋ ᠤᠨ ᠵᠠᠰᠠᠭ᠂ ᠪᠠᠩᠬᠢ᠂ ᠢᠳᠡᠭᠡᠮᠵᠢ ᠶᠢᠨ ᠲᠠᠯ᠎ᠠ ᠶᠢᠨ 11 ᠵᠦᠢᠯ᠃ ᠬᠤᠳᠠ ᠶᠢᠨ ᠪᠦᠳᠦᠭᠡᠨ ᠪᠠᠶᠢᠭᠤᠯᠤᠯᠳᠠ᠂ ᠬᠤᠳᠠ ᠶᠢᠨ ᠬᠠᠮᠢᠶᠠᠷᠤᠯᠳᠠ ᠶᠢᠨ ᠲᠠᠯ᠎ᠠ ᠶᠢᠨ 17 ᠵᠦᠢᠯ᠃ ᠪᠤᠰᠤᠳ ᠲᠠᠯ᠎ᠠ ᠶᠢᠨ 14 ᠵᠦᠢᠯ ᠪᠠᠶᠢᠨ᠎ᠠ᠃ ᠲᠤᠰᠪᠤᠷᠢ ᠰᠠᠨᠠᠭᠤᠯᠭ᠎ᠠ ᠶᠢᠨ ᠶᠠᠷᠦᠩᠭᠡᠢ ᠲᠤᠭᠠᠨ 19.6%᠂ 21.6᠂ 17.6%᠂ 10.8%᠂ 16.7%᠂ 13.7% ᠶᠢ ᠡᠵᠡᠯᠠᠨ᠎ᠠ᠃ ᠤᠳᠤ ᠨᠢᠭᠡᠨᠳᠡ ᠪᠦᠬᠦᠨ ᠢ ᠬᠠᠷᠢᠭᠤᠯᠵᠤ ᠪᠠᠷᠠᠪᠠ᠂ ᠬᠠᠷᠢᠭᠤ ᠲᠤᠰᠬᠠᠯ ᠠᠴᠠ ᠦᠵᠠᠪᠠᠯ ᠲᠦᠯᠦᠭᠡᠯᠡᠭᠴᠢᠳ ᠰᠢᠢᠳᠪᠤᠷᠢᠯᠡᠭᠰᠡᠨ ᠪᠠᠶᠢᠳᠠᠯ ᠳᠤ ᠬᠠᠨᠤᠮᠵᠢᠳᠠᠢ ᠪᠠᠶᠢᠬᠤ ᠪᠠ ᠦᠨᠳᠤᠰᠤᠨ ᠳᠡᠭᠡᠨ ᠬᠠᠨᠤᠮᠵᠢᠳᠠᠢ ᠪᠠᠶᠢᠨ᠎ᠠ᠃       ᠨᠢᠭᠡ᠂ ᠭᠤᠤᠯᠳᠠᠯᠭ᠎ᠠ ᠲᠠᠢ ᠰᠠᠨᠠᠭᠤᠯᠭ᠎ᠠ ᠶᠢ ᠰᠢᠢᠳᠪᠤᠷᠢᠯᠡᠭᠰᠡᠨ ᠪᠠᠶᠢᠳᠠᠯ       ᠭᠤᠤᠯᠳᠠᠯᠭ᠎ᠠ ᠲᠠᠢ ᠰᠠᠨᠠᠭᠤᠯᠭ᠎ᠠ ᠪᠠᠷ ᠵᠢᠬᠰᠠᠭᠠᠬᠳᠠᠬᠰᠠᠨ 11 ᠵᠦᠢᠯ ᠤᠨ ᠰᠠᠨᠠᠭᠤᠯᠭ᠎ᠠ ᠨᠢ ᠮᠠᠰᠢ ᠲᠦᠯᠦᠭᠡᠯᠡᠬᠦ ᠴᠢᠨᠠᠷᠳᠠᠢ᠂ ᠮᠠᠨ ᠤ ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠳᠠ ᠳᠤ ᠤᠷᠤᠰᠢᠵᠤ ᠪᠠᠶᠢᠬᠤ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠲᠤᠰᠬᠠᠵᠤ᠂ ᠤᠳᠤᠬᠠᠨ ᠳᠤ ᠨᠢᠭᠡᠨᠳᠡ ᠢᠳᠡᠭ ᠠᠯᠬᠤᠮ ᠢᠶᠠᠷ ᠰᠢᠢᠳᠪᠤᠷᠢᠯᠠᠵᠤ ᠪᠠᠶᠢᠨ᠎ᠠ᠃       ᠭᠤᠸᠠᠩ ᠳ᠋ᠧ ᠬᠦᠩ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠯᠤ᠋ ᠬᠦᠸᠧ ᠯᠢ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᠭᠤᠸᠠᠩ ᠳ᠋ᠧ ᠬᠦᠩ ᠪᠠᠯᠭᠠᠰᠤᠨ ᠤ ᠲᠤᠮᠳᠠᠳᠤ ᠰᠤᠷᠭᠠᠭᠤᠯᠢ ᠶᠢ ᠪᠠᠶᠢᠭᠤᠯᠬᠤ ᠲᠤᠬᠠᠢ ᠰᠠᠨᠠᠭᠤᠯᠭ᠎ᠠ︾᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ︽ᠤᠯᠤᠰ ᠤᠨ ᠶᠠᠪᠤᠳᠠᠯ  ᠤᠨ ᠬᠤᠷᠢᠶᠠᠨ ᠤ ᠠᠯᠪᠠᠨ ᠲᠢᠩᠬᠢᠮ ᠤᠨ ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠶᠢᠷᠢᠯᠠᠭᠤᠯᠤᠯᠳᠠ ᠶᠢ ᠲᠤᠬᠢᠷᠠᠭᠤᠯᠬᠤ ᠰᠠᠨᠠᠯ︾ ᠤᠨ ᠱᠠᠭᠠᠷᠳᠠᠯᠭ᠎ᠠ ᠶᠤᠰᠤᠭᠠᠷ᠂ ᠤᠯᠠᠨ ᠤᠳᠠᠭ᠎ᠠ ᠪᠠᠶᠢᠴᠠᠭᠠᠨ ᠰᠤᠳᠤᠯᠵᠤ ᠨᠤᠳᠠᠯᠠᠭᠠᠳ᠂ ᠡᠯ᠎ᠡ ᠲᠠᠯ᠎ᠠ ᠶᠢᠨ ᠰᠠᠨᠠᠭᠤᠯᠭ᠎ᠠ ᠶᠢ ᠦᠷᠭᠡᠨ ᠢᠶᠠᠷ ᠬᠤᠷᠢᠶᠠᠬᠰᠠᠨ ᠰᠠᠭᠤᠷᠢᠨ ᠲᠠᠭᠡᠷ᠎ᠡ 2014 ᠤᠨ ᠤ ᠡᠬᠢᠨ ᠳᠤ ︽ᠤᠩᠨᠢᠭᠤᠳ ᠬᠤᠰᠢᠭᠤᠨ ᠤ〈 ᠠᠷᠪᠠ ᠶᠢ ᠪᠦᠷᠬᠦᠬᠦᠯᠬᠦ 〉 ᠶᠢ ᠬᠦᠳᠡᠭᠡ ᠲᠤᠰᠬᠤᠨ ᠮᠠᠯᠵᠢᠬᠤ ᠤᠷᠤᠨ ᠤ ᠠᠯᠪᠠᠨ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ᠂ ᠲᠤᠮᠳᠠᠳᠤ ᠪᠠᠭ᠎ᠠ ᠰᠤᠷᠭᠠᠭᠤᠯᠢ ︵ᠵᠢᠭᠠᠨ ᠰᠤᠷᠭᠠᠬᠤ ᠴᠡᠭ   ᠢ ᠪᠠᠭᠳᠠᠭᠠᠨ᠎ᠠ︶ ᠶᠢᠨ ᠰᠤᠷᠭᠠᠭᠤᠯᠢ ᠶᠢᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠠ ᠠᠮᠦᠷ ᠲᠦᠪᠰᠢᠨ ᠦᠭᠡᠷᠡᠴᠢᠯᠠᠯᠳᠠ ᠶᠢᠨ ᠲᠦᠯᠦᠪᠵᠢᠬᠦᠯᠭᠡ ︵2014 —2016︶ ᠵᠢᠴᠢ ︽ᠤᠩᠨᠢᠭᠤᠳ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠬᠡᠦᠭᠡᠳ ᠤᠨ ᠴᠡᠴᠡᠷᠯᠢᠭ ᠤᠨ ᠰᠤᠷᠭᠠᠭᠤᠯᠢ  ᠶᠢᠨ ᠤᠷᠤᠨ ᠰᠠᠭᠤᠴᠠ ᠵᠢᠴᠢ ᠠᠮᠦᠷ ᠲᠦᠪᠰᠢᠨ ᠤ ᠦᠭᠡᠷᠠᠴᠢᠯᠠᠯᠳᠠ ᠶᠢ ᠪᠦᠬᠦᠨ ᠢ ᠪᠦᠷᠬᠦᠬᠦᠯᠬᠦ ᠬᠡᠷᠡᠭᠵᠢᠬᠦᠯᠬᠦ ᠠᠷᠭ᠎ᠠ︾ ᠳᠤ ᠭᠤᠸᠠᠩ ᠳ᠋ᠧ ᠬᠦᠩ ᠪᠠᠯᠭᠠᠰᠤᠨ ᠤ ᠲᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠨᠢᠭᠡᠨᠳᠡ ᠲᠦᠯᠦᠪᠵᠢᠬᠦᠯᠭᠡ ᠳᠤ ᠤᠷᠤᠭᠤᠯᠵᠤ᠂ 2016 ᠤᠨ ᠠᠴᠠ ᠡᠬᠢᠯᠠᠨ ᠪᠠᠶᠢᠭᠤᠯᠬᠤ ᠪᠠᠷ ᠲᠦᠯᠦᠪᠯᠠᠵᠤ ᠪᠠᠶᠢᠨ᠎ᠠ᠃       ᠪᠤᠷᠤᠬᠤᠳᠠ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠰᠠᠶᠢᠨᠳᠤᠬᠳᠠᠬᠤ ᠵᠠᠷᠭᠡ ᠲᠦᠯᠦᠭᠡᠯᠡᠭᠴᠢ  ᠶᠢᠨ ᠲᠤᠷᠠᠳᠤᠬᠰᠠᠨ ︽ᠰᠤᠷᠭᠠᠭᠤᠯᠢ ᠶᠢᠨ ᠬᠠᠮᠢᠶᠠᠷᠤᠯᠳᠠ ᠶᠢ ᠴᠢᠩᠭᠠᠳᠬᠠᠬᠤ ᠪᠠ ᠵᠢᠭᠠᠨ ᠰᠤᠷᠭᠠᠬᠤ ᠶᠠᠰᠤ ᠴᠢᠨᠠᠷ ᠢ ᠲᠠᠭᠡᠭᠰᠢᠯᠠᠬᠦᠯᠬᠦ ᠲᠤᠬᠠᠢ ᠰᠠᠨᠠᠭᠤᠯᠭ᠎ᠠ︾᠃ ᠪᠦᠬᠦ ᠬᠤᠰᠢᠭᠤᠨ ᠤ ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠢ ᠲᠠᠭᠡᠭᠰᠢᠯᠠᠬᠦᠯᠬᠦ ᠶᠢᠨ ᠲᠦᠯᠦᠭᠡ 2013 ᠤᠨ ᠳᠤ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ  ᠨᠢ ᠪᠦᠬᠦ ᠬᠤᠰᠢᠭᠤᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠ 15 ᠰᠠᠭᠤᠷᠢ ᠠᠷᠠᠳ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ ᠲᠤ ᠰᠤᠷᠭᠠᠭᠤᠯᠢ ᠪᠠᠶᠢᠴᠠᠭᠠᠬᠴᠢ 12 ᠬᠦᠮᠦᠨ ᠢ ᠲᠤᠬᠢᠷᠠᠭᠤᠯᠵᠤ᠂ ᠡᠯ᠎ᠡ ᠰᠤᠷᠭᠠᠭᠤᠯᠢ  ᠶᠢᠨ ᠰᠤᠷᠭᠠᠨ ᠬᠦᠮᠦᠵᠢᠬᠦᠯᠬᠦ ᠵᠢᠭᠠᠨ ᠰᠤᠷᠭᠠᠬᠤ ᠪᠠ ᠰᠤᠷᠭᠠᠭᠤᠯᠢ ᠶᠢᠨ ᠬᠠᠮᠢᠶᠠᠷᠤᠯᠳᠠ ᠵᠠᠷᠭᠡ ᠠᠵᠢᠯ ᠢ ᠬᠢᠨᠠᠨ ᠵᠢᠯᠤᠭᠤᠳᠬᠤ ᠶᠢ ᠬᠠᠷᠢᠭᠤᠴᠠᠭᠤᠯᠵᠤ᠂ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠮᠠᠳᠡᠭᠳᠡᠬᠦᠶᠢᠴᠠ ᠲᠠᠭᠡᠭᠰᠢᠯᠠᠪᠠ᠃ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ  ᠤ ᠬᠠᠮᠢᠶᠠᠷᠤᠯᠳᠠ ᠶᠢᠨ ᠠᠰᠠᠭᠤᠳᠠᠯ ᠳᠤ ᠴᠢᠭᠯᠡᠬᠦᠯᠵᠤ᠂ 2014 ᠤᠨ ᠳᠤ ᠬᠤᠰᠢᠭᠤᠨ ᠤ ᠵᠠᠰᠠᠭ ᠤᠨ ᠤᠷᠳᠤᠨ  ᠠᠴᠠ 19 ᠰᠠᠭᠤᠷᠢ ᠲᠤᠮᠳᠠᠳᠤ ᠪᠠᠭ᠎ᠠ ᠰᠤᠷᠭᠠᠭᠤᠯᠢ᠂ ᠬᠡᠦᠭᠡᠳ ᠤᠨ ᠴᠡᠴᠡᠷᠯᠢᠭ ᠲᠤ ᠲᠤᠰᠬᠠᠢ ᠲᠤᠰᠢᠶᠠᠯ ᠤᠨ ᠠᠮᠤᠷ ᠢ ᠬᠠᠮᠠᠭᠠᠯᠠᠬᠴᠢ 59 ᠬᠦᠮᠦᠨ ᠢ ᠲᠤᠬᠢᠷᠠᠭᠤᠯᠪᠠ᠃ ᠪᠠᠰᠠ ᠲᠤᠳᠤᠭᠠᠳᠤ ᠶᠢ ᠬᠠᠮᠠᠭᠠᠯᠠᠬᠤ᠂ ᠰᠤᠶᠤᠯ ᠲᠠᠮᠢᠷ᠂ ᠤᠶᠢᠯᠠᠳᠪᠤᠷᠢ ᠬᠤᠳᠠᠯᠳᠤᠭ᠎ᠠ ᠵᠠᠷᠭᠡ ᠰᠠᠯᠠᠭ᠎ᠠ ᠮᠦᠴᠢᠷ ᠢ ᠲᠤᠬᠳᠠᠬᠰᠠᠨ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠵᠤ᠂ ᠰᠤᠷᠭᠠᠭᠤᠯᠢ ᠶᠢᠨ ᠬᠠᠪᠢ ᠳᠠᠬᠢ ᠰᠦᠯᠵᠢᠶᠠᠳᠤ ᠪᠠᠭᠠᠷ᠂ ᠪᠠᠭ᠎ᠠ ᠪᠠᠭᠤᠳᠠᠯ ᠵᠠᠷᠭᠡ ᠳᠤ ᠪᠠᠶᠢᠴᠠᠭᠠᠯᠳᠠ ᠬᠢᠵᠤ᠂ ᠲᠤᠬᠳᠠᠭᠠᠯ ᠢ ᠵᠦᠷᠢᠴᠠᠨ ᠡᠵᠡᠩᠨᠡᠭᠰᠡᠳ ᠢ ᠴᠢᠩᠭ᠎ᠠ ᠰᠢᠢᠳᠪᠤᠷᠢᠯᠠᠪᠠ᠃ ᠡᠬᠦᠨ ᠤ ᠵᠠᠷᠭᠡᠪᠠᠷ ᠠᠮᠦᠷ ᠲᠦᠪᠰᠢᠨ ᠤ ᠬᠢᠴᠢᠶᠠᠯ ᠨᠠᠬᠡᠬᠡᠬᠦ ᠵᠠᠷᠭᠡ ᠠᠷᠭ᠎ᠠ ᠮᠠᠶ᠋ᠢᠭ ᠢᠶᠠᠷ ᠲᠠᠮᠵᠢᠵᠤ᠂ ᠰᠤᠷᠤᠬᠴᠢᠳ ᠲᠤ ᠡᠳᠦᠷ ᠲᠤᠳᠤᠮ ᠤᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠵᠤ᠂ ᠰᠤᠷᠤᠬᠴᠢᠳ ᠤᠨ ᠠᠮᠦᠷ ᠲᠦᠪᠰᠢᠨ ᠤ ᠦᠵᠠᠯ ᠤᠬᠠᠮᠰᠠᠷ ᠪᠠ ᠦᠪᠠᠷ ᠢ ᠪᠠᠨ ᠬᠠᠮᠠᠭᠠᠯᠠᠬᠤ ᠦᠵᠠᠯ ᠤᠬᠠᠮᠰᠠᠷ ᠢ ᠲᠠᠭᠡᠭᠰᠢᠯᠠᠬᠦᠯᠪᠠ᠃      ᠪᠠᠶᠠᠨᠳᠤᠬᠤᠢ ᠰᠤᠮᠤ ᠶᠢᠨ ᠲᠦᠯᠦᠭᠡᠯᠡᠭᠴᠢ ᠶᠢᠨ ᠪᠦᠯᠬᠦᠮ ᠤᠨ ᠪᠤᠤ ᠮᠠᠩᠯᠠᠢ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠲᠠᠮᠵᠢᠬᠦ ᠬᠦᠴᠦᠯᠠᠴᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾᠃ 2014 ᠤᠨ ᠳᠤ ᠪᠦᠬᠦ ᠬᠤᠰᠢᠭᠤᠨ ᠤ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠨᠢᠭᠡᠨᠳᠡ 2000 ᠢᠯᠠᠬᠦᠦ ᠪᠤᠯᠵᠤ ᠬᠦᠭᠵᠢᠪᠠ᠂ ᠬᠡᠪᠡᠴᠤ ᠬᠡᠪ ᠤᠨ ᠡᠷᠬᠢᠯᠳᠠ ᠲᠠᠢ᠂ ᠵᠢᠱᠢᠶᠠᠴᠢ ᠲᠠᠭᠠᠭᠤᠯᠬᠤ ᠤᠶᠢᠯᠠᠳᠤᠯ ᠲᠠᠢ ᠬᠤᠷᠰᠢᠶᠠᠵᠢᠯ ᠲᠤᠩ ᠴᠦᠭᠡᠨ ᠪᠠᠶᠢᠨ᠎ᠠ᠃ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠵᠠᠷᠭᠡ ᠰᠢᠨ᠎ᠠ ᠬᠡᠯᠪᠠᠷᠢᠳᠤ ᠮᠠᠯ ᠲᠠᠷᠢᠶᠠᠯᠠᠩ ᠤᠨ ᠡᠵᠡᠩᠨᠠᠯᠳᠠ ᠶᠢᠨ ᠭᠤᠤᠯ ᠴᠤᠬᠴᠠ ᠶᠢᠨ ᠬᠦᠭᠵᠢᠯᠳᠠ  ᠶᠢ ᠲᠦᠷᠢᠮᠵᠢᠬᠦᠯᠬᠦ ᠶᠢᠨ ᠲᠦᠯᠦᠯᠭᠡ ᠬᠤᠰᠢᠭᠤᠨ ᠤ ᠵᠠᠰᠠᠭ ᠤᠨ ᠤᠷᠳᠤᠨ ᠨᠢ ︽ᠤᠩᠨᠢᠭᠤᠳ ᠬᠤᠰᠢᠭᠤᠨ ᠤ 2014 ᠤᠨ ᠤ ᠰᠢᠨ᠎ᠠ ᠬᠡᠯᠪᠠᠷᠢᠳᠤ ᠬᠦᠳᠡᠭᠡ ᠲᠤᠰᠬᠤᠨ ᠮᠠᠯᠵᠢᠬᠤ ᠤᠷᠤᠨ ᠤ ᠡᠵᠡᠩᠨᠠᠯᠳᠠ ᠶᠢᠨ ᠭᠤᠤᠯ ᠴᠤᠬᠴᠠ  ᠶᠢ ᠪᠤᠶᠢᠵᠢᠭᠤᠯᠬᠤ ᠠᠵᠢᠯ ᠤᠨ ᠬᠡᠷᠡᠭᠵᠢᠬᠦᠯᠬᠦ ᠠᠷᠭ᠎ᠠ︾ ᠶᠢ ᠨᠠᠶᠢᠳᠠᠯᠠᠵᠤ᠂ ᠵᠢᠯ ᠳᠤ 600 ᠲᠦᠮᠠᠨ ᠲᠦᠬᠦᠷᠢᠭ ᠲᠦᠯᠦᠪᠯᠠᠨ ᠤᠷᠤᠭᠤᠯᠵᠤ᠂ ᠨᠠᠯᠢᠶᠠᠳ ᠨᠢᠬᠳᠠ ᠬᠡᠯᠪᠠᠷᠢ ᠶᠢᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 20  ᠶᠢ ᠲᠠᠮᠵᠢᠨ ᠪᠤᠶᠢᠵᠢᠭᠤᠯᠵᠤ᠂ ᠡᠬᠦᠨ ᠤ ᠲᠤᠳᠤᠷ᠎ᠠ ᠲᠠᠷᠢᠮᠠᠯ ᠤᠨ ᠤᠶᠢᠯᠠᠰ ᠤᠨ ᠬᠤᠷᠰᠢᠶᠠᠵᠢᠯ 10᠂ ᠲᠤᠰᠪᠤᠷᠢ ᠲᠠᠮᠵᠢᠬᠦ ᠪᠠᠯᠠ ᠮᠦᠩᠬᠦ 20 ᠲᠦᠮᠠᠨ ᠲᠦᠬᠦᠷᠢᠭ︔ ᠲᠠᠵᠢᠭᠡᠨ ᠦᠷᠠᠵᠢᠬᠦᠯᠬᠦ ᠬᠤᠷᠰᠢᠶ᠎ᠠ 10᠂ ᠲᠤᠰᠪᠤᠷᠢ ᠲᠠᠮᠵᠢᠨ ᠲᠤᠰᠠᠯᠠᠬᠤ ᠪᠠᠯᠠ ᠮᠦᠩᠬᠦ 40 ᠲᠦᠮᠠᠨ ᠲᠦᠬᠦᠷᠢᠭ ᠤᠷᠤᠭᠤᠯᠪᠠ᠂ ᠤᠳᠤᠬᠠᠨ ᠳᠤ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶ᠎ᠠ᠂ ᠮᠠᠯ ᠡᠮᠨᠡᠯᠭᠡ ᠶᠢᠨ ᠲᠤᠪᠴᠢᠶ᠎ᠠ ᠶᠠᠭ ᠰᠠᠶᠢᠬᠠᠨ ᠡᠯ᠎ᠡ ᠭᠠᠵᠠᠷ ᠤᠨ ᠲᠡᠭᠡᠭᠰᠢ ᠮᠠᠳᠠᠬᠦᠯᠦᠭᠰᠡᠨ ᠬᠤᠷᠰᠢᠶᠠᠵᠢᠯ ᠳᠤ ᠬᠤᠷᠢᠶᠠᠨ ᠰᠢᠯᠭᠠᠬᠤ ᠬᠢᠨᠠᠨ ᠲᠤᠬᠳᠠᠭᠠᠵᠤ᠂ ᠪᠤᠶᠢᠵᠢᠭᠤᠯᠵᠤ ᠲᠠᠮᠵᠢᠬᠦ ᠶᠢ ᠲᠠᠮᠵᠢᠬᠤ ᠪᠠᠷ ᠴᠢᠷᠮᠠᠶᠢᠨ᠎ᠠ᠃ ᠨᠢᠭᠡ ᠪᠦᠯᠦᠭ ᠡᠵᠡᠩᠨᠠᠯᠳᠠ ᠬᠠᠮᠢᠶᠠᠷᠤᠯᠳᠠ ᠰᠠᠶᠢᠨ ᠤᠶᠢᠯᠠᠴᠢᠯᠠᠭᠡᠨ ᠤ ᠴᠢᠳᠠᠮᠵᠢ ᠴᠢᠩᠭ᠎ᠠ᠂ ᠤᠯᠠᠨ ᠲᠠᠷᠢᠶᠠᠴᠢᠨ ᠡᠷᠦᠭᠡ ᠶᠢ ᠲᠠᠶᠢᠴᠢᠯᠠᠨ ᠲᠠᠭᠠᠭᠤᠯᠵᠤ ᠴᠢᠳᠠᠬᠤ ᠬᠤᠷᠰᠢᠶᠠᠵᠢᠯ ᠢ ᠦᠨᠠᠩᠬᠦ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠮᠠᠯ ᠲᠠᠷᠢᠶᠠᠯᠠᠩ ᠤᠨ ᠤᠳᠤᠬᠢᠴᠢᠯᠠᠯᠳᠠ᠂ ᠬᠡᠪᠴᠢᠶᠠᠵᠢᠯ ᠬᠦᠭᠵᠢᠯᠳᠠ ᠶᠢ ᠲᠦᠯᠬᠢᠨ ᠠᠬᠢᠭᠤᠯᠤᠨ᠎ᠠ᠃       ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠲᠦᠯᠦᠭᠡᠯᠡᠭᠴᠢ ᠶᠢᠨ ᠪᠦᠯᠬᠦᠮ ᠤᠨ ᠯᠢᠨ ᠬᠤ᠋ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᠳ᠋ᠠᠰᠢᠩ ᠲᠠᠷᠢᠶᠠᠯᠠᠩ ᠤᠨ ᠲᠠᠯᠠᠪᠠᠢ ᠳᠤ ᠠᠯᠪᠠᠨ ᠠᠴᠠ ᠪᠠᠶᠢᠭᠤᠯᠤᠬᠰᠠᠨ ᠡᠮᠨᠡᠯᠭᠡ ᠶᠢᠨ ᠬᠤᠷᠢᠶ᠎ᠠ ᠪᠠᠶᠢᠭᠤᠯᠬᠤ ᠲᠤᠬᠠᠢ ᠰᠠᠨᠠᠭᠤᠯᠭ᠎ᠠ︾᠃ 2014 ᠤᠨ ᠤ 6 ᠰᠠᠷ᠎ᠠ ᠳᠤ ᠳ᠋ᠠᠰᠢᠩ ᠤᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠡᠵᠡᠩᠨᠠᠬᠦ ᠡᠷᠭᠡ ᠶᠢ ᠬᠤᠷᠢᠶᠠᠵᠤ ᠠᠪᠬᠤ ᠠᠵᠢᠯ ᠢ ᠨᠢᠬᠡᠨᠳᠡ ᠡᠬᠢᠯᠠᠬᠦᠯᠵᠤ᠂ ᠤᠳᠤᠬᠠᠨ ᠳᠤ ᠨᠢᠭᠡᠨᠳᠡ ᠡᠵᠡᠩᠨᠠᠬᠦ ᠡᠷᠭᠡ ᠶᠢ ᠬᠤᠷᠢᠶᠠᠨ ᠠᠪᠬᠤ ᠶᠢ ᠪᠠᠷᠠᠭᠠᠵᠤ᠂ ᠨᠠᠶᠢᠳᠠ ᠶᠢᠨ ᠠᠰᠠᠷᠠᠮᠵᠢ ᠶᠢᠨ ᠰᠢᠨᠵᠢ ᠴᠢᠨᠠᠷ ᠢ ᠨᠢ ᠰᠠᠷᠭᠦᠭᠡᠪᠠ᠃ ᠳ᠋ᠠᠰᠢᠩ ᠤᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠶᠡᠷᠦᠩᠭᠡᠶᠢᠯᠡᠭᠰᠡᠨ ᠠᠰᠠᠷ  ᠤᠨ ᠲᠦᠷᠦᠯ ᠵᠦᠢᠯ ᠨᠢᠭᠡᠨᠳᠡ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠭᠡ ᠳᠤ ᠤᠷᠤᠵᠤ ᠪᠠᠶᠢᠭᠤᠯᠬᠤ ᠪᠠᠷ ᠪᠠᠶᠢᠭ᠎ᠠ ᠠᠵᠢᠯ ᠡᠷᠬᠢᠯᠠᠬᠦ ᠶᠡᠷᠦᠩᠭᠡᠶᠢᠯᠡᠭᠰᠡᠨ ᠠᠰᠠᠷ ᠤᠨ ᠡᠮᠦᠨᠠᠬᠢ ᠬᠤᠭᠤᠴᠠᠭᠠᠨ ᠤ ᠠᠵᠢᠯ ᠦᠨᠳᠤᠰᠤᠨ ᠳᠡᠭᠡᠨ ᠲᠠᠭᠤᠰᠴᠤ᠂ ᠬᠤᠰᠢᠭᠤᠨ ᠤ ᠦᠭᠡᠷᠡᠴᠢᠯᠠᠯᠳᠠ ᠬᠦᠭᠵᠢᠯᠳᠠ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠤᠨ ᠲᠤᠪᠴᠢᠶ᠎ᠠ ᠨᠢ ᠶᠠᠭ ᠰᠠᠶᠢᠬᠠᠨ ᠲᠠᠭᠡᠳᠤ ᠱᠠᠳᠤᠨ ᠠᠴᠠ ᠲᠦᠷᠦᠯ ᠵᠦᠢᠯ ᠤᠨ ᠪᠠᠯᠠ ᠮᠦᠩᠬᠦ ᠤᠯᠬᠤ ᠪᠠᠷ ᠴᠢᠷᠮᠠᠶᠢᠵᠤ ᠪᠠᠶᠢᠨ᠎ᠠ᠃       ᠴᠢᠤᠸᠠᠨ ᠨᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠯᠢᠤ ᠭᠤᠸᠠᠩ ᠮᠢᠩ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᡁᠢ ᠡᠯ ᠵᠠᠭᠡᠯᠢ ᠶᠢ ᠵᠠᠰᠠᠬᠤ ᠪᠠ ᠨᠠᠪᠳᠠᠷᠠᠬᠦᠯᠬᠦ ᠲᠤᠬᠠᠢ ᠰᠠᠨᠠᠭᠤᠯᠭ᠎ᠠ︾᠃ 2010 ᠤᠨ ᠳᠤ ᠬᠤᠰᠢᠭᠤᠨ ᠤ ᠲᠦᠯᠦᠪᠵᠢᠬᠦᠯᠭᠡ ᠶᠢᠨ ᠵᠦᠪᠯᠠᠯ ᠤᠨ ᠭᠤᠷᠪᠠᠳᠤᠭᠠᠷ ᠤᠳᠠᠭᠠᠨ ᠤ ᠬᠤᠷᠠᠯ ᠠᠴᠠ ᠱᠤ᠋ ᠳ᠋ᠢ ᠯᠢᠶᠠᠨ ᠶᠦᠨ ᠪᠠᠭ᠎ᠠ ᠲᠤᠭᠤᠷᠢᠭ ᠤᠨ ᠬᠤᠶᠢᠳᠤ ᠲᠠᠯ᠎ᠠ ᠶᠢᠨ ᠬᠤᠳᠠᠯᠳᠤᠭᠠᠨ ᠤ ᠪᠦᠳᠦᠭᠡᠨ ᠪᠠᠶᠢᠭᠤᠯᠤᠯᠳᠠ  ᠶᠢᠨ ᠲᠦᠷᠦᠯ ᠵᠦᠢᠯ ᠵᠢᠴᠢ ᡁᠢ ᠡᠯ ᠵᠠᠬᠡᠯᠢ ᠶᠢ ᠨᠠᠪᠳᠠᠷᠠᠬᠦᠯᠬᠦ ᠲᠦᠯᠦᠪᠵᠢᠬᠦᠯᠭᠡ ᠶᠢᠨ ᠲᠦᠰᠦᠯ ᠢ ᠪᠠᠳᠤᠯᠠᠵᠤ᠂ ᠰᠠᠬᠦᠯᠠᠷ ᠨᠢ ᠹᠦ᠋ ᠰᠢᠶᠠᠩ ᠶᠤᠸᠠᠨ ᠪᠠᠭ᠎ᠠ ᠲᠤᠭᠤᠷᠢᠭ ᠤᠨ ᠰᠠᠭᠤᠭᠠᠯᠢ ᠠᠷᠠᠳ ᠬᠤᠷᠢᠬᠯᠠᠬᠰᠠᠨ ᠠᠴᠠ ᠡᠬᠢᠯᠡᠭᠦᠯᠦᠨ ᠪᠠᠶᠢᠭᠤᠯᠵᠤ ᠴᠢᠳᠠᠬᠰᠠᠨ ᠦᠭᠡᠢ᠃ 2013 ᠤᠨ ᠳᠤ ᠬᠤᠰᠢᠭᠤᠨ ᠤ ᠲᠦᠯᠦᠪᠵᠢᠬᠦᠯᠭᠡ ᠶᠢᠨ ᠵᠦᠪᠯᠠᠯ ᠤᠨ ᠬᠤᠶᠠᠳᠤᠭᠠᠷ ᠤᠳᠠᠭᠠᠨ ᠤ ᠬᠤᠷᠠᠯ ᠠᠴᠠ ᠲᠤᠰ ᠲᠦᠷᠦᠯ ᠵᠦᠢᠯ ᠤᠨ ᠰᠢᠨ᠎ᠠ ᠲᠦᠯᠦᠪᠵᠢᠬᠦᠯᠭᠡ ᠶᠢᠨ ᠲᠦᠰᠦᠯ ᠢ ᠪᠠᠳᠤᠯᠠᠵᠤ᠂ ᠬᠤᠳᠠ ᠶᠢᠨ ᠶᠠᠪᠤᠳᠠᠯ ᠤᠨ ᠪᠠᠷᠢᠮᠵᠢᠶ᠎ᠠ ᠪᠠᠷ ᡁᠢ ᠡᠯ ᠵᠡᠬᠡᠯᠢ ᠶᠢ ᠪᠠᠶᠢᠭᠤᠯᠬᠤ ᠪᠤᠯᠤᠨ᠎ᠠ᠂ ᠤᠳᠤᠬᠠᠨ  ᠳᠤ ᠨᠢᠭᠡᠨᠳᠡ ᠬᠦᠭᠡ ᠵᠢᠷᠤᠭ ᠢ ᠪᠠᠷᠠᠭᠠᠵᠤ᠂ ᠵᠢᠱᠢᠬᠦ ᠳᠤ 2015 ᠤᠨ ᠳᠤ ᠡᠬᠢᠯᠠᠨ ᠪᠦᠳᠦᠭᠡᠨ ᠪᠠᠶᠢᠭᠤᠯᠬᠤ ᠪᠤᠯᠤᠨ᠎ᠠ᠃       ᠢ ᠡᠾᠧ ᠬᠦᠩ ᠪᠠᠯᠭᠠᠰᠤᠨ ᠤ  ᠲᠦᠯᠦᠭᠡᠯᠡᠭᠴᠢ   ᠶᠢᠨ ᠪᠦᠯᠬᠦᠮ ᠤᠨ ᠭᠤᠤ ᠶᠢᠤ ᠯᠢᠶᠠᠩ ᠵᠠᠷᠭᠡ  ᠲᠦᠯᠦᠭᠡᠯᠡᠭᠴᠢ ᠶᠢᠨ ᠲᠤᠷᠠᠳᠤᠬᠰᠠᠨ ︽ᠡᠳ᠋ ᠤᠨ ᠵᠠᠰᠠᠭ ᠤᠨ〈 ᠠᠰ ᠠᠰ ᠢᠶᠠᠷ ᠨᠢ ᠵᠦᠪᠯᠠᠬᠦ〉ᠲᠦᠷᠦᠯ ᠵᠦᠢᠯ  ᠢᠶᠠᠷ ᠲᠠᠮᠵᠢᠵᠤ᠂ ᠲᠤᠰᠬᠤᠨ ᠤ ᠱᠠᠳᠤᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾᠃ ︽ᠠᠰ ᠠᠰ ᠢᠶᠠᠷ ᠨᠢ ᠵᠦᠪᠯᠠᠬᠦ》 ᠠᠵᠢᠯ ᠤᠨ ᠲᠦᠰᠦᠯ ᠪᠠ ᠪᠠᠯᠠ ᠮᠦᠩᠬᠦ ᠶᠢ ᠬᠡᠷᠡᠭᠯᠠᠬᠦ ᠱᠠᠭᠠᠷᠳᠠᠯᠭ᠎ᠠ ᠶᠢ ᠦᠨᠳᠤᠰᠤᠯᠠᠵᠤ᠂ ᠭᠠᠴᠠᠭ᠎ᠠ ᠲᠤᠰᠬᠤᠨ ᠤ ᠲᠠᠰ ᠤᠨ ᠨᠠᠶᠢᠳᠠ ᠶᠢᠨ ᠠᠰᠠᠷᠠᠮᠵᠢ ᠶᠢᠨ ᠤᠶᠢᠯᠠᠰ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ ︽ᠠᠰ ᠠᠰ ᠢᠶᠠᠷ ᠨᠢ ᠵᠦᠪᠯᠠᠬᠦ︾ ᠪᠠᠷ ᠲᠠᠮᠵᠢᠵᠤ ᠰᠢᠢᠳᠪᠤᠷᠢᠯᠠᠵᠤ ᠪᠤᠯᠤᠨ᠎ᠠ᠃ ᠰᠠᠯᠪᠢᠨ ᠵᠠᠰᠠᠬᠤ ᠪᠠ ᠰᠢᠨ᠎ᠠ ᠪᠠᠷ ᠪᠠᠶᠢᠭᠤᠯᠬᠤ ᠨᠢ ︽ᠠᠰ ᠠᠰ ᠢᠶᠠᠷ ᠨᠢ ᠵᠦᠪᠯᠠᠬᠦ︾ ᠡᠳ᠋ ᠤᠨ ᠵᠠᠰᠠᠭ ᠤᠨ ᠱᠠᠩᠨᠠᠯ ᠢᠶᠠᠷ ᠨᠦᠬᠦᠪᠤᠷᠢᠯᠠᠬᠦ ᠬᠡᠪᠴᠢᠶᠠᠨ ᠳᠤ ᠪᠠᠭᠳᠠᠬᠤ ᠦᠭᠡᠢ᠃ ᠢ ᠡᠾᠧ ᠬᠦᠩ ᠪᠠᠯᠭᠠᠰᠤᠨ ᠤ ᠲᠤᠰᠬᠤᠨ ᠤ ᠱᠠᠳᠤᠨ ᠤ ᠰᠠᠭᠤᠷᠢᠨ ᠭᠠᠵᠠᠷ ᠤᠨ ᠪᠠᠭᠤᠷᠠᠢ ᠠᠰᠠᠭᠤᠳᠠᠯ ᠢ ᠪᠦᠬᠦ ᠬᠤᠰᠢᠭᠤᠨ  ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠢᠶᠠᠷ ᠰᠢᠢᠳᠪᠤᠷᠢᠯᠠᠵᠤ ᠪᠤᠯᠤᠨ᠎ᠠ᠃ 2014 ᠤᠨ ᠳᠤ ᠪᠦᠬᠦ ᠬᠤᠰᠢᠭᠤᠨ ᠤ ︽ᠠᠰ ᠠᠰ ᠢᠶᠠᠷ ᠨᠢ ᠵᠦᠪᠯᠠᠬᠦ︾ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠢᠶᠠᠷ ᠲᠠᠮᠵᠢᠵᠤ ᠪᠠᠶᠢᠭᠤᠯᠤᠬᠰᠠᠨ ᠰᠤᠶᠤᠯ ᠤᠨ ᠠᠵᠢᠯᠯᠠᠭᠠᠨ ᠤ ᠬᠡᠷ 51᠂ ᠤᠳᠤ ᠨᠢᠭᠡᠨᠳᠡ 50 ᠶᠢ ᠪᠠᠶᠢᠭᠤᠯᠵᠤ ᠪᠠᠷᠠᠭᠠᠳ  ᠂  ᠶᠠᠭ ᠰᠠᠶᠢᠬᠠᠨ ᠪᠠᠷᠢᠵᠤ ᠪᠠᠶᠢᠬᠤ 1 ᠪᠠᠶᠢᠨ᠎ᠠ᠃      ᠪᠤᠷᠤᠬᠤᠳᠠ ᠪᠠᠯᠭᠠᠰᠤᠨ ᠤ  ᠲᠦᠯᠦᠭᠡᠯᠡᠭᠴᠢ ᠤᠨ ᠪᠦᠯᠬᠦᠮ ᠤᠨ ᠸᠧᠨ ᡁᠢ ᠭᠠᠩ ᠵᠠᠷᠭᠡ ᠲᠦᠯᠦᠭᠡᠯᠡᠭᠴᠢ  ᠶᠢᠨ ᠲᠤᠷᠠᠳᠤᠬᠰᠠᠨ ︽ᠵᠠᠩ ᠹᠠᠩ ᠭᠤᠤᠯ — ᠲᠠᠪᠤᠨ ᠤᠰᠤ ᠴᠦᠬᠦᠷᠦᠮ — ᠪᠦᠷᠢᠳᠤᠨ ᠨᠠᠭᠤᠷ ᠤᠨ ᠤᠰᠤ ᠲᠠᠳᠠᠬᠤ ᠢᠨᠵᠧᠨᠧᠷᠢᠭ ᠤᠨ ᠪᠠᠶᠢᠭᠤᠯᠤᠯᠳᠠ ᠶᠢ ᠬᠡᠷᠡᠭᠵᠢᠬᠦᠯᠬᠦ ᠲᠤᠬᠠᠢ ᠰᠠᠨᠠᠯ︾᠃ 2013 ᠤᠨ ᠳᠤ ᠬᠤᠰᠢᠭᠤᠨ  ᠤ ᠵᠠᠰᠠᠭ ᠤᠨ ᠤᠷᠳᠤᠨ ᠠᠴᠠ ᠤᠰᠤᠨ ᠤ ᠶᠠᠪᠤᠳᠠᠯ ᠤᠨ ᠲᠤᠪᠴᠢᠶ᠎ᠠ  ᠪᠠ ᠪᠤᠷᠤᠬᠤᠳᠠ ᠪᠠᠯᠭᠠᠰᠤ ᠶᠢ ᠵᠤᠬᠢᠶᠠᠨ ᠪᠠᠶᠢᠭᠤᠯᠵᠤ᠂ ᠲᠤᠰ ᠲᠦᠷᠦᠯ ᠵᠦᠢᠯ ᠳᠤ ᠲᠤᠰᠬᠠᠢ ᠰᠤᠳᠤᠯᠭᠠᠨ  ᠬᠢᠭᠰᠡᠨ ᠪᠦᠭᠡᠳ ᠤᠰᠤ ᠲᠠᠳᠠᠬᠤ ᠲᠦᠰᠦᠯ ᠤᠨ ᠵᠢᠷᠤᠭ ᠲᠦᠯᠦᠪᠯᠡᠭᠡ ᠶᠢᠨ ᠠᠵᠢᠯ ᠢ ᠪᠠᠷᠠᠭᠠᠪᠠ᠃ ᠤᠰᠤ ᠲᠠᠳᠠᠬᠤ ᠰᠤᠪᠠᠭ ᠨᠢ ᠵᠠᠷᠢᠮ ᠲᠤᠰᠬᠤᠨ ᠤ ᠠᠷᠠᠳ ᠤᠨ ᠮᠤᠳᠤᠨ ᠭᠠᠵᠠᠷ ᠢ ᠡᠵᠡᠯᠠᠬᠦ ᠠᠰᠠᠭᠤᠳᠠᠯ ᠶᠠᠷᠤ ᠨᠢ ᠰᠢᠢᠳᠪᠤᠷᠢᠯᠡᠭᠳᠡᠵᠤ ᠲᠠᠶᠢᠯᠦᠭᠰᠡᠨ ᠦᠭᠡᠢ ᠠᠴᠠ ᠢᠨᠵᠧᠨᠧᠷᠢᠭ ᠢ ᠬᠡᠷᠡᠭᠵᠢᠬᠦᠯᠵᠤ ᠲᠠᠶᠢᠯᠦᠭᠰᠡᠨ ᠦᠭᠡᠢ᠃ ᠭᠠᠵᠠᠷ ᠡᠵᠠᠯᠠᠬᠦ ᠠᠰᠠᠭᠤᠳᠠᠯ ᠢ ᠰᠢᠢᠳᠪᠤᠷᠢᠯᠡᠭᠰᠡᠨ ᠤ ᠲᠠᠷᠠᠭ᠎ᠠ ᠵᠢᠷᠤᠭ ᠲᠦᠯᠦᠪᠯᠡᠭᠡ ᠶᠢᠨ ᠶᠤᠰᠤᠭᠠᠷ ᠡᠬᠢᠯᠠᠨ ᠪᠦᠳᠦᠭᠡᠨ  ᠪᠠᠶᠢᠭᠤᠯᠬᠤ ᠪᠤᠯᠤᠨ᠎ᠠ᠃       ᠽᠢ ᠴᠧᠩ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠲᠦᠯᠦᠭᠡᠯᠡᠭᠴᠢ ᠶᠢᠨ ᠪᠦᠯᠬᠦᠮ ᠤᠨ ᠢᠥᠢ ᠵᠧᠨ ᠯᠦᠩ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᠰᠢᠨ᠎ᠠ ᠪᠠᠷ ᠪᠠᠶᠢᠭᠤᠯᠬᠤ ᠪᠠᠭ᠎ᠠ ᠲᠤᠭᠤᠷᠢᠭ ᠤᠨ ᠨᠠᠶᠢᠭᠡᠮ ᠲᠤᠭᠤᠷᠢᠭ ᠤᠨ ᠬᠠᠮᠢᠶᠠᠷᠤᠯᠳᠠ ᠶᠢᠨ ᠬᠡᠷ ᠬᠡᠷᠡᠭᠯᠠᠬᠦ ᠪᠠ ᠪᠠᠭ᠎ᠠ ᠲᠤᠭᠤᠷᠢᠭ ᠤᠨ ᠨᠤᠭᠤᠭᠠᠷᠠᠭᠤᠯᠤᠯᠳᠠ ᠶᠢᠨ ᠬᠠᠮᠢᠶᠠᠷᠤᠯᠳᠠ ᠶᠢᠨ ᠲᠤᠬᠠᠢ ᠰᠠᠨᠠᠭᠤᠯᠭ᠎ᠠ︾᠃ ᠰᠢᠨ᠎ᠠ ᠪᠠᠷ ᠪᠠᠶᠢᠭᠤᠯᠬᠤ ᠪᠠᠭ᠎ᠠ ᠲᠤᠭᠤᠷᠢᠭ ᠤᠨ ᠬᠠᠮᠢᠶᠠᠷᠤᠯᠳᠠ ᠶᠢᠨ ᠬᠡᠷ ᠬᠡᠷᠡᠭᠯᠠᠬᠦ ᠪᠠ ᠪᠠᠭ᠎ᠠ ᠲᠤᠭᠤᠷᠢᠭ ᠤᠨ ᠨᠤᠭᠤᠭᠠᠷᠠᠭᠤᠯᠤᠯᠳᠠ ᠶᠢᠨ ᠬᠠᠮᠢᠶᠠᠷᠤᠯᠳᠠ ᠶᠢ ᠴᠢᠩᠭᠠᠳᠬᠠᠬᠤ ᠶᠢᠨ ᠲᠦᠯᠦᠭᠡ ᠮᠠᠨ ᠤ ᠬᠤᠰᠢᠭᠤ ᠨᠢᠭᠡᠨᠳᠡ ᠲᠤᠤᠷᠠᠬᠢ ᠮᠠᠳᠤ ᠠᠷᠭ᠎ᠠ ᠶᠢ ᠠᠪᠴᠠᠢ᠂ ᠨᠢᠭᠡ ᠳᠤ ᠲᠦᠯᠦᠪᠵᠢᠬᠦᠯᠵᠤ ᠬᠢᠨᠠᠨ  ᠵᠦᠪᠰᠢᠶᠡᠷᠡᠭᠦᠯᠪᠡ᠃ ᠨᠠᠶᠢᠭᠡᠮ ᠲᠤᠭᠤᠷᠢᠭ ᠤᠨ ᠬᠠᠮᠢᠶᠠᠷᠤᠯᠳᠠ ᠶᠢᠨ ᠬᠡᠷ ᠤᠨ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠠ ᠪᠠ ᠲᠠᠯᠠᠪᠠᠢ ᠶᠢ ᠵᠠᠪᠠᠯ ᠲᠠᠭᠡᠭᠰᠢ ᠮᠠᠳᠠᠬᠦᠯᠵᠤ ᠲᠦᠯᠦᠪᠵᠢᠬᠦᠯᠭᠡ ᠶᠢᠨ ᠵᠦᠪᠯᠠᠯ ᠤᠨ ᠬᠤᠷᠠᠯ ᠢᠶᠠᠷ  ᠶᠠᠷᠢᠯᠴᠠᠨ ᠰᠤᠳᠤᠯᠪᠠ  ᠂ ᠨᠤᠭᠤᠭᠠᠷᠠᠭᠤᠯᠬᠤ ᠲᠦᠰᠦᠯ ᠢ ᠪᠠᠭ᠎ᠠ ᠲᠤᠭᠤᠷᠢᠭ ᠤᠨ ᠡᠵᠡᠯᠠᠬᠦᠨ ᠤ ᠨᠤᠷᠮ᠎ᠠ ᠵᠢᠴᠢ ᠲᠦᠯᠦᠪᠵᠢᠬᠦᠯᠬᠦ ᠬᠠᠪᠳᠠᠭᠠᠢ ᠪᠠᠷ  ᠲᠤᠭᠳᠠᠭᠠᠪᠠ  ᠂ ᠨᠤᠭᠤᠭᠠᠷᠠᠭᠤᠯᠬᠤ ᠠᠵᠢᠯ ᠤᠨ ᠵᠢᠷᠤᠭ ᠲᠦᠯᠦᠪᠯᠡᠭᠡ ᠶᠢ ᠲᠦᠯᠦᠪᠵᠢᠬᠦᠯᠵᠤ ᠵᠦᠪᠰᠢᠶᠠᠷᠠᠬᠦᠯᠬᠦ ᠵᠦᠢᠯ ᠳᠤ  ᠤᠷᠤᠭᠤᠯᠪᠠ᠃ ᠬᠤᠶᠠᠷ ᠲᠤ᠂ ᠲᠦᠯᠦᠪᠵᠢᠬᠦᠯᠵᠤ ᠰᠢᠯᠭᠠᠨ ᠬᠤᠷᠢᠶᠠᠵᠤ ᠠᠪᠬᠤ ᠶᠢ  ᠴᠢᠩᠭᠠᠳᠬᠠᠪᠠ᠃ ᠨᠠᠶᠢᠭᠡᠮ ᠲᠤᠭᠤᠷᠢᠭ ᠤᠨ ᠬᠡᠷᠡᠭᠯᠠᠬᠦ ᠬᠡᠷ᠂ ᠠᠳᠠᠯ ᠠᠬᠤᠢ ᠶᠢᠨ ᠬᠡᠷᠡᠭᠯᠠᠬᠦ ᠬᠡᠷ᠂ ᠪᠠᠭ᠎ᠠ ᠲᠤᠭᠤᠷᠢᠭ ᠤᠨ ᠨᠤᠭᠤᠭᠠᠷᠠᠭᠤᠯᠤᠯᠳᠠ ᠶᠢ ᠴᠦᠮ ᠲᠦᠯᠦᠪᠵᠢᠬᠦᠯᠵᠤ ᠬᠢᠨᠠᠨ ᠬᠠᠷᠭᠤᠭᠤᠯᠵᠤ ᠰᠢᠯᠭᠠᠨ ᠬᠤᠷᠢᠶᠠᠵᠤ ᠠᠪᠬᠤ ᠳᠤ ᠤᠷᠤᠭᠤᠯᠵᠤ᠂ ᠲᠦᠯᠦᠪᠵᠢᠬᠦᠯᠭᠡ ᠶᠢᠨ ᠶᠤᠰᠤᠭᠠᠷ ᠪᠦᠳᠦᠭᠡᠨ ᠪᠠᠶᠢᠭᠤᠯᠤᠬᠰᠠᠨ ᠦᠭᠡᠢ ᠪᠤᠯ ᠰᠢᠯᠭᠠᠨ ᠬᠤᠷᠢᠶᠠᠵᠤ ᠠᠪᠬᠤ ᠦᠭᠡᠢ᠃ ᠭᠤᠷᠪᠠ ᠳᠤ᠂ ᠦᠮᠴᠢᠯᠠᠬᠦ ᠡᠷᠭᠡ ᠶᠢ ᠲᠤᠳᠤᠷᠬᠠᠶᠢᠯᠠᠪᠠ᠃ ᠨᠠᠶᠢᠭᠡᠮ ᠲᠤᠭᠤᠷᠢᠭ ᠤᠨ ᠬᠡᠷᠡᠭᠯᠠᠬᠦ ᠬᠡᠷ᠂ ᠠᠳᠠᠯ ᠠᠬᠤᠢ ᠶᠢᠨ ᠬᠡᠷᠡᠭᠯᠠᠬᠦ ᠬᠡᠷ ᠤᠨ ᠦᠮᠴᠢᠯᠠᠬᠦ ᠡᠷᠭᠡ ᠨᠢ ᠪᠦᠬᠦ ᠡᠵᠡᠨᠳᠡᠨ ᠤ ᠪᠤᠯᠤᠨ᠎ᠠ᠃ ᠲᠦᠷᠪᠠ ᠳᠤ᠂ ᠪᠠᠷᠢᠴᠠᠭᠠᠯᠠᠬᠤ ᠪᠠ ᠪᠠᠳᠤᠯᠠᠭᠠᠳᠤ ᠮᠦᠩᠬᠦ ᠶᠢᠨ ᠲᠦᠷᠢᠮ ᠢ  ᠬᠡᠷᠡᠭᠵᠢᠭᠦᠯᠪᠡ᠃ ᠠᠰᠠᠷ  ᠤᠨ ᠪᠠᠷᠢᠯᠭ᠎ᠠ ᠶᠢ ᠲᠤᠰᠢᠶᠠᠨ ᠦᠭᠬᠦ ᠳᠤ ᠪᠤᠰᠤᠳ ᠲᠦᠬᠦᠷᠵᠢᠬᠦᠯᠦᠭᠰᠡᠨ ᠲᠦᠬᠦᠭᠡᠷᠦᠮᠵᠢ ᠶᠢ ᠪᠠᠷᠠᠭᠠᠬᠰᠠᠨ ᠦᠭᠡᠢ ᠪᠤᠯ ᠨᠠᠬᠡᠬᠡᠯᠳᠡ ᠶᠢᠨ ᠠᠷᠠᠯᠵᠢᠶᠠᠴᠢᠨ ᠢ ᠱᠠᠭᠠᠷᠳᠠᠵᠤ ᠬᠡᠷ ᠪᠠᠶᠢᠰᠢᠩ ᠢ   ᠨᠢ ᠪᠠᠷᠢᠴᠠᠭᠠᠯᠠᠬᠤ ᠪᠤᠶᠤ ᠪᠠᠳᠤᠯᠠᠭ᠎ᠠ ᠶᠢᠨ ᠮᠦᠩᠬᠦ  ᠲᠤᠰᠢᠶᠠᠯᠭᠠᠬᠤ ᠵᠠᠷᠭᠡ ᠠᠷᠭ᠎ᠠ ᠮᠠᠶ᠋ᠢᠭ ᠢᠶᠠᠷ ᠲᠠᠮᠵᠢᠵᠤ᠂ ᠲᠦᠬᠦᠷᠵᠢᠬᠦᠯᠦᠭᠰᠡᠨ ᠲᠦᠬᠦᠭᠡᠷᠦᠮᠵᠢ ᠶᠢᠨ ᠪᠠᠷᠢᠯᠭ᠎ᠠ ᠶᠢ ᠲᠤᠰᠢᠶᠠᠨ ᠦᠭᠬᠦ ᠰᠢᠯᠭᠠᠨ ᠬᠤᠷᠢᠶᠠᠬᠤ ᠴᠠᠭ ᠢ ᠨᠢ ᠲᠤᠳᠤᠷᠬᠠᠢ ᠪᠤᠯᠭᠠᠵᠤ᠂ ᠲᠦᠬᠦᠷᠵᠢᠬᠦᠯᠦᠭᠰᠡᠨ ᠲᠦᠬᠦᠭᠡᠷᠦᠮᠵᠢ ᠳᠤ ᠲᠦᠯᠦᠪᠵᠢᠬᠦᠯᠭᠡ ᠶᠤᠰᠤᠭᠠᠷ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠬᠢᠯᠭᠡᠪᠡ᠃       ᠪᠤᠷᠤᠬᠤᠳᠠ ᠪᠠᠯᠭᠠᠰᠤ ᠶᠢᠨ ᠲᠦᠯᠦᠭᠡᠯᠡᠭᠴᠢ ᠶᠢᠨ ᠪᠦᠯᠬᠦᠮ ᠤᠨ ᠶᠠᠩ ᠰᠢᠶᠤᠤ ᠮᠢᠩ ᠵᠠᠷᠭᠡ ᠲᠦᠯᠦᠭᠡᠯᠡᠭᠴᠢ  ᠶᠢᠨ ᠲᠤᠷᠠᠳᠤᠬᠰᠠᠨ ︽ᠨᠤᠷᠠᠬᠤ ᠠᠶᠤᠯᠳᠠᠢ ᠬᠡᠷ ᠪᠠᠷᠢᠯᠭ᠎ᠠ ᠶᠢ ᠰᠢᠨᠡᠳᠭᠡᠨ ᠵᠠᠰᠠᠬᠤ ᠪᠠᠯᠠ ᠮᠦᠩᠬᠦ ᠶᠢ ᠲᠦᠪᠯᠠᠷᠠᠬᠦᠯᠦᠨ ᠬᠡᠷᠡᠭᠯᠠᠬᠦ ᠲᠤᠬᠠᠢ ᠰᠠᠨᠠᠭᠤᠯᠭ᠎ᠠ︾᠃ ᠬᠦᠳᠡᠭᠡ ᠲᠤᠰᠬᠤᠨ ᠳᠤ ᠰᠤᠯᠠ ᠪᠠᠶᠢᠬᠤ ᠬᠠᠷᠢᠴᠠᠩᠭᠤᠢ ᠪᠠᠷ ᠰᠠᠶᠢᠨ ᠪᠠᠶᠢᠬᠤ ᠬᠡᠷ ᠪᠠᠶᠢᠰᠢᠩ ᠢ ᠬᠡᠷ ᠲᠤᠳᠠᠵᠤ ᠪᠠᠶᠢᠬᠤ ᠪᠠ ᠨᠤᠷᠠᠬᠤ ᠠᠶᠤᠯᠳᠠᠢ ᠤᠷᠤᠨ ᠰᠠᠭᠤᠴᠠ ᠳᠤ ᠰᠠᠭᠤᠵᠤ ᠪᠠᠶᠢᠬᠤ ᠡᠷᠦᠭᠡ ᠳᠤ ᠰᠤᠯᠢᠨ ᠦᠭᠴᠤ᠂ ᠨᠤᠷᠠᠬᠤ ᠠᠶᠤᠯᠳᠠᠢ ᠬᠡᠷ ᠢ ᠰᠢᠨᠠᠳᠭᠡᠨ ᠵᠠᠰᠠᠬᠤ ᠪᠠᠯᠠ ᠮᠦᠩᠬᠦ ᠪᠠ ᠪᠤᠰᠤᠳ ᠪᠠᠯᠠ ᠮᠦᠩᠬᠦ ᠲᠠᠢ ᠨᠠᠶᠢᠯᠠᠬᠦᠯᠵᠤ ᠵᠠᠷᠤᠬᠤ ᠨᠢ ᠴᠦᠮ ᠨᠤᠷᠠᠬᠤ ᠠᠶᠤᠯᠳᠠᠢ ᠬᠡᠷ ᠢ ᠰᠢᠨᠠᠳᠬᠡᠨ ᠵᠠᠰᠠᠬᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠲᠠᠢ ᠨᠠᠶᠢᠴᠠᠨ᠎ᠠ᠃ 2014 ᠤᠨ ᠳᠤ ᠨᠤᠷᠠᠬᠤ ᠠᠶᠤᠯᠳᠠᠢ ᠬᠡᠷ ᠢ ᠰᠢᠨᠠᠳᠬᠡᠨ ᠵᠠᠰᠠᠬᠤ ᠲᠦᠷᠦᠯ ᠵᠦᠢᠯ ᠢ ᠪᠦᠬᠦ ᠲᠠᠯ᠎ᠠ ᠪᠠᠷ ᠲᠦᠯᠬᠢᠨ ᠠᠭᠢᠭᠤᠯᠬᠤ ᠶᠢᠨ ᠵᠠᠷᠭᠡᠪᠠᠷ ᠬᠤᠰᠢᠭᠤᠨ ᠤ ᠵᠠᠰᠠᠭ ᠤᠨ ᠤᠷᠳᠤᠨ ᠨᠢᠭᠡᠨᠳᠡ ᠪᠦᠬᠦ ᠬᠤᠰᠢᠭᠤᠨ ᠤ 38 ︽ᠠᠷᠪᠠ ᠶᠢ ᠪᠦᠷᠬᠦᠬᠦᠯᠬᠦ︾ ᠭᠤᠤᠯᠳᠠᠯᠭ᠎ᠠ ᠲᠠᠢ ᠲᠤᠰᠬᠤᠨ ᠤ ᠨᠤᠷᠠᠬᠤ ᠠᠶᠤᠯᠳᠠᠢ ᠬᠡᠷ ᠢ ᠰᠢᠨᠠᠳᠬᠡᠨ ᠵᠠᠰᠠᠬᠤ ᠠᠵᠢᠯ ᠳᠤ ᠤᠷᠢᠳᠠᠪᠠᠷ ᠲᠤᠬᠢᠷᠠᠭᠤᠯᠤᠯᠳᠠ  ᠬᠢᠪᠡ᠃ ᠡᠬᠦᠨ ᠠᠴᠠ ᠭᠠᠳᠠᠨ᠎ᠠ ᠴᠢᠶᠤᠤ ᠲᠸᠤ ᠪᠠᠯᠭᠠᠰᠤᠨ ᠤ ᠲᠠᠢ ᠫᠢᠩ ᠵᠤᠸᠠᠩ ᠲᠤᠰᠬᠤᠨ᠂ ᠦ᠋ ᠹᠧᠨ ᠳ᠋ᠢ ᠪᠠᠯᠭᠠᠰᠤ ᠶᠢᠨ ᠭᠧ ᠳ᠋ᠠ ᠦᠸᠧ ᠫᠦ᠋ ᠲᠤᠰᠬᠤᠨ᠂ ᠬᠡᠷᠰᠡᠩ ᠰᠤᠮᠤ ᠶᠢᠨ ᠲᠤᠯᠤᠨᠮᠤᠳᠤ ᠭᠠᠴᠠᠭ᠎ᠠ ᠵᠠᠷᠭᠡ ᠲᠤᠰᠬᠤᠨ ᠳᠤ ᠴᠦᠮ ᠨᠤᠷᠠᠬᠤ ᠠᠶᠤᠯᠳᠠᠢ ᠬᠡᠷ ᠢ ᠰᠢᠨᠠᠳᠬᠡᠨ ᠵᠠᠰᠠᠬᠤ ᠪᠠᠯᠠ ᠮᠦᠩᠬᠦ ᠪᠠ ᠠᠮᠢ ᠠᠬᠤᠢ ᠪᠠᠭᠤᠷᠠᠢ ᠲᠤᠭᠤᠷᠢᠭ ᠤᠨ ᠶᠠᠳᠠᠭᠤ  ᠶᠢ ᠲᠠᠳᠬᠦᠵᠤ ᠠᠷᠠᠳ ᠢ ᠨᠠᠬᠦᠯᠭᠡᠬᠦ ᠲᠦᠷᠦᠯ ᠵᠦᠢᠯ ᠤᠨ ᠪᠠᠯᠠ ᠮᠦᠩᠬᠦ ᠲᠠᠢ ᠨᠠᠶᠢᠯᠠᠬᠦᠯᠦᠨ ᠬᠡᠷᠡᠭᠯᠠᠬᠦ ᠪᠤᠯᠤᠨ᠎ᠠ᠃       ᠤᠳᠠᠨᠳᠤᠬᠤᠢ ᠪᠠᠯᠭᠠᠰᠤ ᠶᠢᠨ ᠲᠦᠯᠦᠭᠡᠯᠡᠭᠴᠢ ᠶᠢᠨ ᠪᠦᠯᠬᠦᠮ ᠤᠨ ᠫᠠᠨ ᡁᠢ ᠶᠢᠤ ᠵᠠᠷᠭᠡ ᠲᠦᠯᠦᠭᠡᠯᠡᠭᠴᠢ  ᠶᠢᠨ ᠲᠤᠷᠠᠳᠤᠬᠰᠠᠨ ︽305 ᠤᠯᠤᠰ ᠤᠨ ᠵᠠᠮ ᠤᠨ ᠤᠳᠠᠨᠳᠤᠬᠤᠢ ᠪᠠᠯᠭᠠᠰᠤ ᠲᠤᠭᠤᠷᠢᠭ ᠤᠨ ᠵᠠᠮ ᠤᠨ ᠬᠡᠰᠡᠭ  ᠲᠤ ᠵᠠᠮ ᠬᠠᠷᠢᠯᠴᠠᠭᠠᠨ ᠤ ᠲᠤᠬᠢᠶᠠᠨ ᠳ᠋ᠧᠩ ᠲᠠᠭᠠᠷᠠᠭᠤᠯᠬᠤ ᠲᠤᠬᠠᠢ ᠰᠠᠨᠠᠭᠤᠯᠭ᠎ᠠ︾᠃ ᠲᠤᠬᠢᠶᠠᠨ ᠳ᠋ᠧᠩ ᠢ ᠪᠠᠶᠢᠷᠢᠯᠠᠭᠤᠯᠬᠤ ᠬᠠᠮᠢᠶ᠎ᠠ ᠪᠦᠬᠦᠢ ᠲᠤᠬᠳᠠᠭᠠᠯ ᠢ ᠦᠨᠳᠤᠰᠤᠯᠠᠵᠤ᠂ ᠤᠳᠠᠨᠳᠤᠬᠤᠢ ᠪᠠᠯᠭᠠᠰᠤ ᠶᠢᠨ ᠲᠤᠭᠤᠷᠢᠭ ᠤᠨ ᠰᠢᠨ ᠴᠧᠩ ᠵᠠᠬᠡᠯᠢ ᠪᠠ ᠬᠤᠩ ᠱᠠᠨ ᠵᠠᠮ᠂ ᠤᠯᠤᠰ ᠤᠨ ᠵᠠᠮ 305 ᠪᠠ ᠬᠤᠩ ᠱᠠᠨ ᠵᠠᠮ ᠢᠶᠠᠷ ᠪᠦᠷᠢᠯᠳᠦᠭᠰᠡᠨ ᠬᠤᠶᠠᠷ ᠲᠤᠨᠤᠯᠵᠢᠨ ᠵᠠᠮ ᠤᠨ ᠠᠮᠠᠰᠠᠷ ᠲᠤ ᠵᠠᠮ ᠬᠠᠷᠢᠯᠴᠠᠭᠠᠨ ᠤ ᠲᠤᠬᠢᠶᠠᠨ ᠳ᠋ᠧᠩ ᠵᠢᠴᠢ ᠲᠤᠬᠢᠷᠠᠮᠵᠢᠳᠠᠢ ᠵᠠᠮ ᠬᠠᠷᠢᠯᠴᠠᠭᠠᠨ ᠤ ᠲᠠᠮᠳᠡᠭ᠂ ᠲᠠᠮᠳᠡᠭ ᠱᠤᠭᠤᠮ ᠪᠠ ᠵᠠᠮ ᠬᠠᠷᠢᠯᠴᠠᠭᠠᠨ ᠤ ᠮᠠᠷᠭᠡᠵᠢᠯ ᠤᠨ ᠬᠢᠨᠠᠨ ᠡᠵᠡᠮᠰᠢᠬᠦ ᠲᠦᠬᠦᠭᠡᠷᠦᠮᠵᠢ ᠪᠠᠶᠢᠷᠢᠯᠠᠭᠤᠯᠪᠠ᠃ ᠲᠤᠰ ᠲᠦᠷᠦᠯ ᠤᠨ ᠠᠵᠢᠯ 2014 ᠤᠨ ᠤ 4 ᠰᠠᠷ᠎ᠠ ᠳᠤ ᠡᠬᠢᠯᠠᠨ ᠬᠢᠵᠤ᠂ ᠤᠳᠤᠬᠠᠨ ᠳᠤ ᠵᠠᠮ ᠬᠠᠷᠢᠯᠴᠠᠭᠠᠨ ᠤ ᠲᠤᠬᠢᠶᠠᠨ ᠳ᠋ᠧᠩ ᠲᠠᠭᠠᠷᠠᠭᠤᠯᠬᠤ ᠠᠵᠢᠯ ᠢ ᠨᠢᠬᠡᠨᠳᠡ ᠪᠦᠬᠦᠨ ᠢ ᠪᠠᠷᠠᠭᠠᠪᠠ᠃       ᠤᠳᠠᠨᠳᠤᠬᠤᠢ ᠪᠠᠯᠭᠠᠰᠤ ᠶᠢᠨ ᠲᠦᠯᠦᠭᠡᠯᠡᠭᠴᠢ ᠶᠢᠨ ᠪᠦᠯᠬᠦᠮ ᠤᠨ ᠵᠠᠩ ᠬᠤᠸᠠ ᠳ᠋ᠦᠩ ᠵᠡᠷᠭᠡ ᠲᠦᠯᠦᠭᠡᠯᠡᠭᠴᠢ ᠶᠢᠨ ᠲᠤᠷᠠᠳᠤᠬᠰᠠᠨ ︽ᠤᠩᠨᠢᠭᠤᠳ ᠬᠤᠰᠢᠭᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠠᠮᠤᠷ ᠲᠦᠪᠰᠢᠨ ᠤᠰᠤ ᠤᠮᠳᠠ ᠶᠢᠨ ᠢᠨᠵᠧᠨᠧᠷᠢᠭ ᠤᠨ ᠤᠰᠤ ᠬᠠᠩᠭᠠᠬᠤ ᠳᠤ ᠬᠡᠷᠡᠭᠯᠡᠬᠦ ᠴᠠᠬᠢᠯᠭᠠᠨ ᠤ ᠦᠨ᠎ᠠ ᠶᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠰᠠᠨᠠᠭᠤᠯᠭ᠎ᠠ︾᠃ ᠮᠤᠵᠢ ᠶᠢᠨ ᠱᠠᠳᠤ᠂ ᠭᠠᠵᠠᠷ  ᠤᠷᠤᠨ ᠬᠤᠳᠠ ᠶᠢᠨ ᠲᠠᠰ ᠤᠨ ᠦᠭᠡᠷᠡᠴᠢᠯᠠᠯᠳᠠ ᠬᠦᠭᠵᠢᠯᠳᠠ ᠪᠠ ᠤᠰᠤᠨ ᠠᠰᠢᠬᠯᠠᠯᠳᠠ ᠶᠢᠨ ᠰᠠᠯᠠᠭ᠎ᠠ ᠮᠦᠴᠢᠷ ᠤᠨ ᠵᠦᠪᠰᠢᠶᠠᠷᠠᠯ ᠢ ᠲᠠᠮᠵᠢᠵᠤ ᠮᠤᠵᠢ ᠶᠢᠨ ᠱᠠᠳᠤᠨ ᠤ ᠦᠭᠡᠷᠡᠴᠢᠯᠠᠯᠳᠠ ᠬᠦᠭᠵᠢᠯᠳᠠ ᠪᠠ ᠤᠰᠤᠨ ᠠᠰᠢᠬᠯᠠᠯᠳᠠ ᠶᠢᠨ ᠰᠠᠯᠠᠭ᠎ᠠ ᠮᠦᠴᠢᠷ  ᠤᠨ ᠰᠢᠯᠭᠠᠨ ᠬᠤᠷᠢᠶᠠᠯᠳᠠ ᠳᠤ ᠬᠢᠷᠢ  ᠲᠡᠩᠴᠡᠭᠰᠡᠨ᠂ ᠬᠤᠰᠢᠭᠤᠨ ᠤ ᠲᠠᠷᠢᠶᠠᠯᠠᠩ ᠤᠨ ᠴᠠᠬᠢᠯᠭᠠᠨ ᠤ ᠰᠠᠯᠠᠭ᠎ᠠ  ᠮᠦᠴᠢᠷ ᠤᠨ ᠴᠠᠬᠢᠯᠭᠠᠨ ᠬᠡᠷᠡᠭᠯᠠᠬᠦ ᠰᠢᠯᠭᠠᠨ ᠬᠤᠷᠢᠶᠠᠬᠤ ᠳᠤ ᠬᠢᠷᠢ ᠲᠠᠩᠴᠡᠭᠰᠡᠨ ᠤ ᠲᠠᠷᠠᠭᠠᠬᠬᠢ ᠤᠤᠭᠤᠬᠤ ᠤᠰᠤᠨ  ᠤ ᠠᠮᠦᠷ ᠲᠦᠪᠰᠢᠨ ᠤ ᠢᠨᠵᠧᠨᠧᠷᠢᠭ ᠨᠢ ᠰᠠᠭᠤᠭᠠᠯᠢ ᠠᠷᠠᠳ ᠤᠨ ᠴᠠᠬᠢᠯᠭᠠᠨ ᠤ ᠦᠨ᠎ᠠ ᠬᠠᠩᠰᠢ ᠶᠢ ᠬᠡᠷᠡᠭᠵᠢᠬᠦᠯᠵᠤ ᠪᠤᠯᠤᠨ᠎ᠠ᠃ ᠨᠦᠬᠦᠴᠠᠯ ᠳᠤ ᠨᠠᠶᠢᠴᠡᠭᠰᠡᠨ᠂ ᠰᠠᠭᠤᠭᠠᠯᠢ ᠠᠷᠠᠳ ᠤᠨ ᠴᠠᠬᠢᠯᠭᠠᠨ ᠤ ᠦᠨ᠎ᠠ ᠬᠠᠩᠰᠢ ᠶᠢ ᠬᠡᠷᠡᠭᠵᠢᠬᠦᠯᠦᠭᠡᠳᠦᠢ  ᠠᠮᠦᠷ ᠲᠦᠪᠰᠢᠨ ᠤᠰᠤ ᠤᠮᠳᠠ ᠶᠢᠨ ᠢᠨᠵᠧᠨᠧᠷᠢᠭ ᠨᠢ ᠢᠨᠵᠧᠨᠧᠷᠢᠭ ᠤᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠦᠷᠦᠯ ᠵᠦᠢᠯ ᠪᠠᠶᠢᠭᠤᠯᠬᠤ  ᠂ ᠰᠢᠯᠭᠠᠨ ᠬᠤᠷᠢᠶᠠᠬᠤ ᠪᠢᠴᠢᠭ ᠮᠠᠲ᠋ᠧᠷᠢᠶᠠᠯ  ᠬᠠᠩᠭᠠᠬᠤ᠂ ᠬᠤᠰᠢᠭᠤᠨ ᠤ ᠲᠠᠷᠢᠶᠠᠯᠠᠩ ᠤᠨ ᠴᠠᠬᠢᠯᠭᠠᠨ ᠤ ᠰᠠᠯᠠᠭ᠎ᠠ ᠮᠦᠴᠢᠷ ᠤᠨ ᠴᠠᠬᠢᠯᠭᠠᠨ ᠬᠡᠷᠡᠭᠯᠠᠬᠦ   ᠶᠢ ᠰᠢᠯᠭᠠᠨ ᠬᠤᠷᠢᠶᠠᠵᠤ ᠠᠪᠬᠤ ᠬᠢᠷᠢ ᠲᠠᠩᠴᠡᠭᠰᠡᠨ ᠤ ᠲᠠᠷᠠᠭ᠎ᠠ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠠᠬᠦ ᠴᠠᠬᠢᠯᠭᠠᠨ ᠬᠡᠷᠡᠭᠯᠠᠬᠦ ᠦᠨ᠎ᠠ ᠬᠠᠩᠰᠢ ᠶᠢ ᠬᠡᠷᠡᠭᠵᠢᠬᠦᠯᠵᠤ ᠪᠤᠯᠤᠨ᠎ᠠ᠃           ᠬᠤᠶᠠᠷ᠂ ᠪᠤᠰᠤᠳ ᠰᠠᠨᠠᠭᠤᠯᠭ᠎ᠠ ᠶᠢ ᠰᠢᠢᠳᠪᠤᠷᠢᠯᠡᠭᠰᠡᠨ ᠪᠠᠶᠢᠳᠠᠯ       ︵ᠨᠢᠭᠡ︶ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠨᠢᠭᠡᠨᠳᠡ ᠰᠢᠢᠳᠪᠤᠷᠢᠯᠡᠭᠰᠡᠨ ᠪᠤᠶᠤ ᠦᠨᠳᠤᠰᠤᠨ  ᠳᠡᠭᠡᠨ ᠰᠢᠢᠳᠪᠤᠷᠢᠯᠡᠭᠰᠡᠨ 38 ᠵᠦᠢᠯ ᠪᠠᠶᠢᠨ᠎ᠠ᠂ ᠶᠠᠷᠦᠩᠭᠡᠢ ᠲᠤᠭᠠᠨ ᠤ 37.3% ᠶᠢ ᠡᠵᠡᠯᠠᠨ᠎ᠠ᠃ ᠵᠢᠱᠢᠶᠠᠯᠠᠪᠠᠯ᠄       ᠸᠠᠩ ᠬᠦᠸᠧ ᠹᠧᠨ ᠲᠦᠯᠦᠭᠡᠯᠡᠭᠴᠢ ᠶᠢᠨ ᠲᠤᠷᠠᠳᠤᠬᠰᠠᠨ ︽ᠵᠠᠰᠠᠮᠠᠯ ᠵᠠᠮ ᠤᠨ ᠬᠤᠶᠠᠷ ᠬᠠᠵᠠᠭᠤ ᠶᠢᠨ ᠬᠤᠪᠠᠭ᠋ᠠᠢ ᠮᠤᠳᠤ ᠶᠢ ᠤᠬᠳᠤᠯᠬᠤ ᠲᠦᠷᠦ ᠶᠢᠨ ᠪᠤᠳᠤᠯᠭ᠎ᠠ ᠶᠢ ᠠᠭᠤᠵᠢᠭᠤ ᠲᠠᠯᠪᠢᠬᠤ ᠲᠤᠬᠠᠢ ᠰᠠᠨᠠᠭᠤᠯᠭ᠎ᠠ︾  ᠃ ᠤᠳᠤᠬᠠᠨ ᠳᠤ ᠤᠯᠤᠰ ᠠᠴᠠ ᠬᠤᠪᠠᠭ᠋ᠠᠢ ᠮᠤᠳᠤ ᠶᠢ ᠤᠬᠳᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠯᠠᠭᠡᠳᠦᠢ ᠪᠠᠶᠢᠬᠰᠠᠭᠠᠷ᠂ ᠬᠤᠪᠠᠭ᠋ᠠᠢ ᠮᠤᠳᠤ ᠶᠢ ᠤᠬᠳᠤᠯᠬᠤ ᠳᠤ ᠤᠢ ᠮᠤᠳᠤ ᠶᠢ ᠤᠬᠳᠤᠯᠬᠤ ᠬᠠᠮᠢᠶ᠎ᠠ ᠪᠦᠬᠦᠢ ᠭᠠᠷᠳᠠᠮ ᠬᠡᠷᠡᠭᠰᠡᠨ᠎ᠠ᠃ ᠬᠤᠪᠠᠭ᠋ᠠᠢ ᠮᠤᠳᠤ ᠶᠢ ᠤᠬᠳᠤᠯᠬᠤ ᠠᠰᠠᠭᠤᠳᠠᠯ ᠳᠤ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠨᠢ ᠨᠢᠬᠡᠨᠳᠡ ᠤᠬᠳᠤᠯᠬᠤ ᠬᠢᠵᠠᠭᠠᠷᠯᠠᠬᠤ ᠨᠤᠷᠮ᠎ᠠ ᠶᠢᠨ ᠲᠤᠳᠤᠷ᠎ᠠ ᠲᠠᠭᠡᠭᠰᠢ ᠮᠠᠳᠠᠬᠦᠯᠦᠭᠰᠡᠨ ᠬᠤᠪᠠᠭ᠋ᠠᠢ ᠮᠤᠳᠤ ᠶᠢ ᠤᠬᠳᠤᠯᠬᠤ ᠶᠢ ᠤᠷᠢᠳᠠᠪᠠᠷ ᠵᠦᠪᠰᠢᠶᠠᠷᠠᠵᠤ᠂ ᠲᠦᠷᠦ ᠶᠢᠨ ᠪᠤᠳᠤᠯᠭ᠎ᠠ ᠶᠢᠨ ᠵᠦᠪᠰᠢᠶᠠᠷᠠᠬᠦ ᠬᠡᠪᠴᠢᠶᠠᠨ ᠤ ᠲᠤᠳᠤᠷ᠎ᠠ ᠬᠡᠰᠡᠭ ᠲᠠᠬᠢᠵᠤ ᠤᠷᠭᠤᠭᠤᠯᠬᠤ ᠪᠠᠳᠤᠯᠠᠭ᠎ᠠ ᠶᠢᠨ ᠮᠦᠩᠬᠦ ᠶᠢ ᠵᠤᠬᠢᠰᠳᠠᠢ ᠬᠦᠩᠭᠡᠯᠠᠨ ᠬᠡᠯᠳᠦᠷᠢᠬᠦᠯᠵᠤ᠂ ᠬᠤᠪᠠᠭ᠋ᠠᠢ ᠮᠤᠳᠤ ᠶᠢ ᠤᠬᠳᠤᠯᠬᠤ ᠳᠤ ᠰᠠᠭᠠᠳ ᠦᠭᠡᠢ ᠵᠠᠮ ᠢ ᠬᠠᠩᠭᠠᠵᠤ᠂ ᠬᠤᠪᠠᠭ᠋ᠠᠢ ᠮᠤᠳᠤ ᠶᠢ ᠤᠬᠳᠤᠯᠵᠤ ᠲᠠᠬᠢᠵᠤ ᠤᠷᠭᠤᠭᠤᠯᠬᠤ ᠠᠵᠢᠯ ᠢ ᠲᠦᠷᠭᠡᠳᠭᠡᠨ᠎ᠠ᠃      ᠰᠢᠥᠢ ᠬᠦᠢ ᠬᠤᠸᠠ ᠲᠦᠯᠦᠭᠡᠯᠡᠭᠴᠢ ᠶᠢᠨ ᠲᠤᠷᠠᠳᠤᠬᠰᠠᠨ ︽ᠪᠤᠷᠤᠬᠤᠳᠠ ᠪᠠᠯᠭᠠᠰᠤ ᠶᠢᠨ ᠲᠤᠳᠤᠷᠠᠬᠢ ᠭᠤᠳᠤᠮᠵᠢ ᠶᠢᠨ ᠵᠠᠮ ᠲᠠᠭᠡᠷ᠎ᠡ ᠬᠤᠭ ᠨᠤᠪᠰᠢ ᠶᠢ ᠲᠤᠷ᠎ᠠ ᠪᠠᠷ ᠬᠠᠶᠠᠵᠤ ᠪᠠᠶᠢᠬᠤ ᠶᠢ ᠰᠢᠢᠳᠪᠤᠷᠢᠯᠠᠬᠦ ᠲᠤᠬᠠᠢ ᠰᠠᠨᠠᠭᠤᠯᠭ᠎ᠠ︾᠃ ᠪᠠᠯᠭᠠᠰᠤᠨ ᠲᠤᠳᠤᠷᠠᠬᠢ ᠭᠤᠳᠤᠮᠵᠢ ᠶᠢᠨ ᠵᠠᠮ ᠲᠠᠭᠡᠷ᠎ᠡ ᠬᠤᠭ ᠨᠤᠪᠰᠢ ᠶᠢ ᠲᠤᠷ᠎ᠠ ᠪᠠᠷ ᠬᠠᠶᠠᠬᠤ ᠠᠰᠠᠭᠤᠳᠠᠯ ᠢ ᠰᠢᠢᠳᠪᠤᠷᠢᠯᠠᠬᠦ ᠶᠢᠨ ᠲᠦᠯᠦᠭᠡ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ ᠨᠢ ᠤᠷᠴᠢᠨ ᠲᠤᠭᠤᠷᠢᠨ ᠤ ᠠᠷᠢᠭᠤᠨ ᠴᠠᠪᠠᠷ ᠢ ᠬᠠᠮᠠᠭᠠᠯᠠᠬᠤ ᠭᠠᠪᠰᠢᠭᠠᠢ ᠠᠩᠬᠢ ᠶᠢ ᠵᠤᠬᠢᠶᠠᠨ ᠪᠠᠶᠢᠭᠤᠯᠵᠤ᠂ ᠵᠠᠬᠡᠯᠢ ᠵᠢᠵᠢᠭ ᠭᠤᠳᠤᠮᠵᠢ ᠶᠢᠨ ᠡᠷᠡᠬᠦᠯ ᠬᠠᠮᠠᠭᠠᠯᠠᠯ᠂ ᠵᠠᠮ ᠤᠨ ᠬᠠᠵᠠᠭᠤ ᠶᠢᠨ ᠬᠤᠭ ᠡᠪᠡᠰᠤ᠂ ᠵᠠᠮ ᠢᠶᠠᠷ ᠬᠠᠶᠠᠬᠰᠠᠨ ᠬᠠᠶᠢᠷ ᠴᠢᠯᠠᠭᠤ᠂ ᠮᠤᠳᠤᠨ ᠲᠠᠭᠡᠷ᠎ᠡ ᠡᠯᠬᠦᠭᠳᠡᠭᠰᠡᠨ ᠬᠤᠭ ᠨᠤᠪᠰᠢ ᠵᠠᠷᠭᠡ ᠶᠢ ᠲᠤᠬᠳᠠᠬᠰᠠᠨ ᠬᠤᠭᠤᠴᠠᠭ᠎ᠠ ᠲᠠᠢ ᠪᠠᠷ ᠴᠠᠪᠠᠷᠯᠠᠵᠤ᠂ ᠡᠷᠡᠬᠦᠯ ᠬᠠᠮᠠᠭᠠᠯᠠᠯ ᠤᠨ ᠦᠯᠦ ᠤᠨᠤᠬᠳᠠᠬᠤ ᠪᠤᠯᠤᠩ ᠢ ᠦᠭᠡᠶᠢᠰᠭᠡᠵᠤ᠂ ᠤᠳᠤᠬᠠᠨ ᠳᠤ ᠪᠠᠯᠭᠠᠰᠤᠨ  ᠤ ᠲᠤᠳᠤᠷᠠᠬᠢ ᠪᠤᠢ ᠪᠦᠬᠦᠢ ᠭᠤᠳᠤᠮᠵᠢ ᠵᠠᠮ ᠤᠪᠤᠭᠠᠷᠠᠬᠰᠠᠨ ᠬᠤᠭ ᠨᠤᠪᠰᠢ ᠶᠢ ᠠᠷᠢᠯᠭᠠᠬᠤ ᠠᠵᠢᠯ ᠢ ᠪᠠᠶᠠᠯᠠᠬᠦᠯᠪᠠ᠃      ᠽᠤᠤ ᠰᠢᠶᠠᠨ ᠵᠤ᠋ ᠲᠦᠯᠦᠭᠡᠯᠡᠭᠴᠢ ᠶᠢᠨ ᠲᠤᠷᠠᠳᠤᠬᠰᠠᠨ ︽ᠢᠳᠡᠭᠡᠮᠵᠢ ᠶᠢᠨ ᠬᠤᠷᠰᠢᠶ᠎ᠠ ᠶᠢᠨ ᠰᠢᠶᠠᠩ ᠪᠠᠯᠭᠠᠰᠤᠨ ᠤ ᠴᠡᠭ ᠨᠢ ᠦᠳᠠ ᠳᠤ ᠬᠡᠪ ᠤᠨ ᠶᠤᠰᠤᠭᠠᠷ ᠡᠵᠡᠩᠨᠠᠬᠦ ᠲᠤᠬᠠᠢ ᠰᠠᠨᠠᠭᠤᠯᠭ᠎ᠠ︾᠃ ᠦᠷᠭᠡᠨ ᠤᠯᠠᠨ ᠬᠠᠷᠢᠴᠠᠭᠠᠨ ᠡᠷᠦᠭᠡ ᠶᠢᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠨᠢᠭᠡᠨᠳᠡ 2013 ᠤᠨ ᠤ 12 ᠰᠠᠷ᠎ᠠ ᠶᠢᠨ 26 ᠤ ᠡᠳᠦᠷ ᠠᠴᠠ ᠡᠬᠢᠯᠠᠵᠤ ᠪᠤᠢ ᠪᠦᠬᠦᠢ ᠰᠢᠶᠠᠩ ᠪᠠᠯᠭᠠᠰᠤᠨ ᠤ ᠢᠳᠡᠭᠡᠮᠵᠢ ᠶᠢᠨ ᠡᠵᠡᠩᠨᠠᠯᠳᠠ ᠶᠢᠨ ᠴᠡᠭ ᠲᠤ ᠪᠦᠬᠦᠯᠢ ᠡᠳᠦᠷ ᠤᠨ ᠠᠵᠢᠯ ᠤᠨ ᠲᠦᠷᠢᠮ ᠢ ᠬᠡᠷᠡᠭᠵᠢᠬᠦᠯᠪᠠ᠃ ᠲᠦᠯᠦᠭᠡᠯᠡᠭᠴᠢ ᠶᠢᠨ ᠲᠤᠰᠬᠠᠬᠰᠠᠨ ATM ᠮᠠᠰᠢᠨ ᠦᠷᠬᠦᠯᠵᠢ ᠴᠠᠭᠠᠰᠤᠨ ᠵᠤᠭᠤᠰ ᠲᠤᠳᠠᠬᠤ ᠠᠰᠠᠭᠤᠳᠠᠯ ᠤᠨ ᠲᠤᠬᠠᠢ ᠬᠤᠯᠪᠤᠭᠠᠳᠤ ᠬᠤᠷᠰᠢᠶ᠎ᠠ ᠨᠢ ᠨᠢᠭᠡᠨᠳᠡ ATM ᠮᠠᠰᠢᠨ ᠤ ᠵᠤᠭᠤᠰ ᠤᠨ ᠬᠠᠶᠢᠷᠴᠠᠭ ᠤᠨ ᠪᠠᠭᠳᠠᠭᠠᠮᠵᠢ ᠶᠢ ᠨᠠᠮᠡᠭᠳᠡᠬᠦᠯᠬᠦ ᠪᠠ ᠴᠠᠭᠠᠰᠤᠨ ᠵᠤᠭᠤᠰ ᠨᠠᠮᠠᠬᠦ ᠲᠠᠪᠳᠠᠮᠵᠢ  ᠶᠢ ᠨᠠᠮᠡᠭᠳᠡᠬᠦᠯᠵᠤ᠂ ᠤᠯᠠᠨ ᠲᠦᠮᠠᠨ ᠤ ᠪᠠᠯᠠᠨ ᠵᠤᠭᠤᠰ ᠤᠨ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠪᠠ᠃       ︵ᠬᠤᠶᠠᠷ︶ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠢ ᠨᠢᠬᠡᠨᠳᠡ ᠲᠦᠯᠦᠪᠯᠡᠭᠡ ᠳᠤ ᠤᠷᠤᠭᠤᠯᠵᠤ ᠢᠳᠡᠭ ᠠᠯᠬᠤᠮ ᠢᠶᠠᠷ ᠰᠢᠢᠳᠪᠤᠷᠢᠯᠠᠵᠤ ᠪᠠᠶᠢᠬᠤ 45 ᠵᠦᠢᠯ᠂ ᠶᠠᠷᠦᠩᠭᠡᠢ ᠲᠤᠭᠠᠨ ᠤ 44.1% ᠶᠢ ᠡᠵᠡᠯᠠᠨ᠎ᠠ᠃ ᠵᠢᠱᠢᠶᠠᠯᠠᠪᠠᠯ᠄      ᠯᠢᠨ ᠰᠢᠤ ᠷᠦᠩ ᠲᠦᠯᠦᠭᠡᠯᠡᠭᠴᠢ ᠶᠢᠨ ᠲᠤᠷᠠᠳᠤᠬᠰᠠᠨ ︽ᠲᠦᠷᠢᠶᠠᠰᠤᠨ ᠮᠠᠰᠢᠨ ᠲᠠᠷᠭᠡᠨ ᠤ ᠦᠯᠦ ᠲᠠᠭᠡᠭᠡᠪᠤᠷᠢᠯᠠᠬᠦ᠂ ᠲᠤᠷ᠎ᠠ ᠪᠠᠷ ᠵᠠᠷᠤᠳᠠᠯ ᠬᠤᠷᠢᠶᠠᠬᠤ ᠶᠢ ᠲᠦᠷᠢᠮᠵᠢᠬᠦᠯᠬᠦ ᠲᠤᠬᠠᠢ ᠰᠠᠨᠠᠭᠤᠯᠭ᠎ᠠ︾᠃ ᠲᠦᠷᠢᠶᠠᠰᠤᠨ ᠮᠠᠰᠢᠨ ᠤ ᠦᠯᠦ ᠲᠠᠭᠡᠭᠡᠪᠤᠷᠢᠯᠠᠬᠦ ᠠᠰᠠᠭᠤᠳᠠᠯ ᠢ ᠰᠢᠢᠳᠪᠤᠷᠢᠯᠠᠬᠦ ᠶᠢᠨ ᠲᠦᠯᠦᠭᠡ ᠬᠤᠰᠢᠭᠤᠨ ᠤ ᠵᠠᠮ ᠬᠠᠷᠢᠯᠴᠠᠭᠠᠨ  ᠤ ᠲᠠᠭᠡᠭᠡᠪᠤᠷᠢ ᠶᠢᠨ ᠲᠤᠪᠴᠢᠶ᠎ᠠ ᠨᠢ ᠬᠤᠯᠪᠤᠬᠳᠠᠯ ᠪᠦᠬᠦᠢ ᠠᠷᠭ᠎ᠠ ᠬᠡᠮᠵᠢᠶ᠎ᠠ ᠠᠪᠴᠤ ᠲᠦᠷᠢᠶᠠᠰᠤᠨ ᠮᠠᠰᠢᠨ ᠲᠠᠷᠭᠡᠨ  ᠤ ᠲᠠᠭᠡᠭᠡᠪᠤᠷᠢᠯᠠᠨ ᠡᠵᠡᠩᠨᠠᠬᠦ ᠬᠠᠮᠢᠶᠠᠷᠤᠯᠳᠠ ᠶᠢ ᠲᠦᠷᠢᠮᠵᠢᠬᠦᠯᠦᠭᠰᠡᠨ ᠪᠠᠶᠢᠨ᠎ᠠ᠃ ᠨᠢᠭᠡ ᠳᠤ᠂ ᠠᠵᠢᠯᠯᠠᠬᠴᠢᠳ ᠤᠨ ᠪᠤᠯᠪᠠᠰᠤᠷᠠᠯ ᠢ ᠴᠢᠩᠭᠠᠳᠬᠠᠵᠤ᠂ ᠠᠵᠢᠯᠯᠠᠬᠴᠢᠳ ᠤᠨ ᠪᠤᠯᠪᠠᠰᠤᠷᠠᠯ ᠤᠨ ᠲᠦᠯᠦᠪᠵᠢᠬᠦᠯᠭᠡ ᠶᠢ ᠲᠤᠬᠳᠠᠭᠠᠵᠤ᠂ ᠲᠦᠯᠦᠪᠵᠢᠬᠦᠯᠭᠡ ᠶᠤᠰᠤᠭᠠᠷ ᠪᠤᠢ ᠪᠦᠬᠦᠢ ᠠᠵᠢᠯᠯᠠᠬᠴᠢᠳ ᠲᠤ ᠪᠤᠯᠪᠠᠰᠤᠷᠠᠯ ᠬᠢᠯᠭᠡᠵᠤ᠂ ᠠᠵᠢᠯᠯᠠᠬᠴᠢᠳ ᠤᠨ ᠶᠠᠷᠦᠩᠭᠡᠶᠢᠯᠡᠭᠰᠡᠨ ᠬᠡᠪ ᠴᠢᠨᠠᠷ ᠪᠠ ᠤᠶᠢᠯᠠᠴᠢᠯᠠᠭᠡᠨ ᠤ ᠲᠦᠪᠰᠢᠨ ᠢ ᠲᠠᠭᠡᠭᠰᠢᠯᠠᠬᠦᠯᠪᠠ᠃ ᠬᠤᠶᠠᠷ ᠲᠤ᠂ ᠵᠠᠮ ᠬᠠᠷᠢᠯᠴᠠᠭ᠎ᠠ ᠲᠠᠭᠡᠭᠡᠪᠤᠷᠢ ᠶᠢᠨ ᠨᠠᠶᠢᠭᠡᠮᠯᠢᠭ ᠤᠨ ᠤᠶᠢᠯᠠᠳᠤᠯ ᠢ ᠪᠠᠳᠠᠷᠠᠭᠤᠯᠵᠤ᠂ ᠲᠦᠷᠢᠶᠠᠰᠤᠨ ᠮᠠᠰᠢᠨ ᠤ ᠠᠵᠢᠯ ᠲᠦᠷᠦᠯ ᠳᠤ ︽ᠪᠤᠯᠪᠠᠰᠤᠨ ᠡᠯᠴᠢ︾ ᠶᠢ ᠡᠬᠦᠳᠦᠨ ᠪᠠᠶᠢᠭᠤᠯᠬᠤ ᠠᠵᠢᠯᠯᠠᠭᠠᠨ ᠢ ᠦᠷᠨᠢᠬᠦᠯᠵᠤ᠂ ᠠᠵᠢᠯᠯᠠᠬᠴᠢᠳ  ᠤᠨ ᠪᠤᠯᠪᠠᠰᠤᠨ ᠤᠶᠢᠯᠠᠴᠢᠯᠡᠭᠡ ᠶᠢᠨ ᠤᠬᠠᠮᠰᠠᠷᠳᠤ ᠴᠢᠨᠠᠷᠳᠤ ᠢ ᠲᠠᠭᠡᠭᠰᠢᠯᠠᠬᠦᠯᠪᠠ᠃ ᠭᠤᠷᠪᠠ ᠳᠤ᠂ ᠬᠢᠨᠠᠨ ᠪᠠᠶᠢᠴᠠᠭᠠᠬᠤ ᠬᠦᠴᠦᠯᠠᠴᠠ ᠪᠠᠨ ᠴᠢᠩᠭᠠᠳᠬᠠᠵᠤ᠂ 24 ᠴᠠᠭ ᠲᠤ ᠢᠯᠠᠴᠢᠯᠠᠨ ᠮᠠᠳᠠᠬᠦᠯᠬᠦ ᠳ᠋ᠢᠶᠠᠩᠬᠤᠸᠠ ᠪᠠᠶᠢᠭᠤᠯᠵᠤ ᠂ ᠤᠯᠠᠨ ᠲᠦᠮᠠᠨ ᠤ ᠲᠤᠰᠬᠠᠬᠰᠠᠨ ᠦᠯᠦ ᠲᠠᠭᠡᠭᠡᠪᠤᠷᠢᠯᠠᠬᠦ᠂ ᠲᠤᠷ᠎ᠠ ᠪᠠᠷ ᠰᠦᠢᠳᠭᠡᠯ ᠬᠤᠷᠢᠶᠠᠬᠤ ᠠᠰᠠᠭᠤᠳᠠᠯ ᠢ ᠴᠠᠭ ᠲᠤᠬᠠᠢ ᠳᠤ ᠨᠢ ᠪᠠᠶᠢᠴᠠᠭᠠᠵᠤ᠂ ᠪᠠᠶᠢᠴᠠᠭᠠᠵᠤ ᠤᠯᠤᠮᠠᠬᠴᠠ ᠴᠢᠩᠭ᠎ᠠ ᠰᠢᠢᠳᠪᠤᠷᠢᠯᠠᠪᠠ᠃       ᠹᠦ᠋ ᠶᠠᠨ ᠲᠦᠯᠦᠭᠡᠯᠡᠭᠴᠢ ᠶᠢᠨ ᠲᠤᠷᠠᠳᠤᠬᠰᠠᠨ ︽ᠬᠡᠷ ᠢᠶᠠᠨ ᠰᠠᠬᠢᠵᠤ ᠪᠠᠶᠢᠭ᠎ᠠ ᠡᠮᠡᠭᠳᠡᠶᠢᠴᠤᠳ ᠲᠤ ᠦᠪᠠᠷ  ᠢᠶᠠᠨ ᠤᠶᠢᠯᠠᠰ ᠪᠤᠰᠬᠠᠬᠤ ᠪᠠᠯᠠ ᠮᠦᠩᠬᠦ ᠬᠠᠩᠭᠠᠵᠤ ᠲᠠᠮᠵᠢᠬᠦ ᠲᠤᠬᠠᠢ ᠰᠠᠨᠠᠭᠤᠯᠭ᠎ᠠ︾  ᠃ ᠡᠮᠡᠭᠳᠠᠶᠢᠴᠤᠳ ᠤᠨ ᠪᠠᠶ᠎ᠠ ᠪᠠᠨ ᠲᠠᠭᠠᠭᠠᠵᠤ ᠤᠶᠢᠯᠠᠰ ᠪᠤᠰᠠᠬᠬᠤ ᠶᠢ ᠵᠤᠷᠢᠬᠵᠢᠭᠤᠯᠵᠤ᠂ ᠡᠮᠡᠭᠳᠠᠶᠢᠴᠤᠳ ᠤᠨ ᠪᠠᠶ᠎ᠠ ᠪᠠᠨ ᠲᠠᠭᠠᠭᠠᠵᠤ ᠤᠶᠢᠯᠠᠰ ᠪᠤᠰᠬᠠᠬᠤ ᠪᠠᠯᠠ ᠮᠦᠩᠬᠦ ᠬᠦᠴᠢᠷ ᠠᠰᠠᠭᠤᠳᠠᠯ ᠢ ᠰᠢᠢᠳᠪᠤᠷᠢᠯᠠᠬᠦ ᠶᠢᠨ ᠲᠦᠯᠦᠭᠡ 2013 ᠤᠨ ᠳᠤ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠲᠠᠭᠡᠳᠤ ᠱᠠᠳᠤᠨ ᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠠᠷ ᠡᠮᠡᠭᠳᠠᠶᠢᠴᠤᠳ ᠤᠨ ᠤᠶᠢᠯᠠᠰ ᠪᠤᠰᠬᠠᠬᠤ ᠪᠠᠭ᠎ᠠ ᠲᠤᠭᠠᠨ ᠤ ᠲᠠᠮ ᠬᠦᠦ ᠲᠠᠢ ᠵᠢᠭᠡᠯᠡᠯᠭᠡ ᠶᠢ ᠵᠤᠬᠢᠶᠠᠨ ᠪᠠᠶᠢᠭᠤᠯᠤᠨ ᠲᠠᠯᠪᠢᠵᠤ᠂ ᠭᠤᠤᠯ ᠨᠢ ᠲᠠᠷᠢᠮᠠᠯ ᠤᠨ ᠤᠶᠢᠯᠠᠰ᠂ ᠲᠠᠵᠢᠭᠡᠨ ᠦᠷᠠᠵᠢᠬᠦᠯᠬᠦ ᠤᠶᠢᠯᠠᠰ ᠲᠠᠬᠢ ᠦᠪᠠᠷᠳᠡᠭᠡᠨ ᠪᠠᠶ᠎ᠠ ᠪᠠᠨ ᠲᠠᠭᠠᠭᠠᠵᠤ ᠦᠢᠯᠠᠰ ᠪᠤᠰᠬᠠᠵᠤ ᠪᠠᠶᠢᠬᠤ ᠦᠨᠳᠤᠰᠤᠨ ᠱᠠᠳᠤᠨ ᠤ ᠡᠮᠡᠭᠳᠠᠶᠢᠴᠤᠳ ᠲᠤ ᠲᠠᠮᠵᠢᠯᠭᠡ ᠦᠵᠠᠬᠦᠯᠪᠠ᠃ ᠪᠦᠬᠦ ᠵᠢᠯ ᠳᠤ ᠨᠠᠶᠢᠳᠠ 500 ᠲᠦᠮᠠᠨ ᠲᠦᠬᠦᠷᠢᠭ ᠤᠨ ᠬᠦᠦ ᠲᠠᠢ ᠵᠢᠭᠡᠯᠡᠯᠭᠡ ᠲᠠᠯᠪᠢᠵᠤ᠂ 103 ᠡᠷᠦᠭᠡ ᠶᠢ ᠲᠠᠮᠵᠢᠪᠠ᠃ ᠲᠠᠭᠡᠳᠤ ᠱᠠᠳᠤᠨ ᠠᠴᠠ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠳᠠ ᠬᠢᠭᠰᠡᠨ ᠠᠴᠠ 2014 ᠤᠨ ᠳᠤ ᠡᠮᠡᠭᠳᠠᠶᠢᠴᠤᠳ ᠤᠨ ᠤᠶᠢᠯᠠᠰ ᠪᠦᠳᠦᠭᠡᠬᠦ ᠪᠠᠭ᠎ᠠ ᠲᠤᠭᠠᠨ ᠤ ᠬᠦᠦ ᠲᠠᠢ ᠵᠢᠭᠡᠯᠡᠯᠭᠡ ᠲᠠᠯᠪᠢᠬᠤ ᠪᠠᠨ ᠵᠤᠬᠰᠤᠪᠠ᠃ ᠲᠠᠭᠡᠳᠤ ᠱᠠᠳᠤᠨ ᠤ ᠡᠮᠡᠭᠳᠡᠶᠢᠴᠤᠳ ᠤᠨ ᠤᠶᠢᠯᠠᠰ ᠪᠤᠰᠬᠠᠬᠤ ᠪᠠᠭ᠎ᠠ ᠲᠤᠭᠠᠨ ᠤ ᠲᠠᠮ ᠬᠦᠦ ᠲᠠᠢ ᠵᠢᠭᠡᠯᠡᠯᠭᠡ ᠶᠢᠨ ᠲᠦᠷᠦᠯ ᠵᠦᠢᠯ ᠡᠬᠢᠯᠡᠭᠰᠡᠨ ᠤ ᠲᠠᠷᠠᠭ᠎ᠠ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠴᠠᠭ ᠲᠤᠬᠠᠢ ᠳᠤ ᠨᠢ ᠵᠢᠭᠡᠯᠡᠯᠭᠡ ᠶᠢ ᠲᠠᠯᠪᠢᠬᠤ ᠪᠤᠯᠤᠨ᠎ᠠ᠃ ᠡᠬᠦᠨ ᠤ ᠵᠠᠷᠭᠡᠪᠠᠷ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠠᠵᠢᠯ ᠤᠯᠭᠤᠬᠤ ᠵᠠᠷᠭᠡ ᠰᠠᠯᠠᠭ᠎ᠠ ᠮᠦᠴᠢᠷ ᠶᠠᠭ ᠰᠠᠶᠢᠬᠠᠨ ᠲᠠᠭᠡᠳᠤ ᠱᠠᠳᠤᠨ ᠤ ᠲᠤᠬᠠᠶᠢᠯᠠᠬᠰᠠᠨ ᠠᠵᠢᠯ ᠤᠨ ᠰᠠᠯᠠᠭ᠎ᠠ ᠮᠦᠴᠢᠷ ᠲᠠᠢ ᠬᠠᠷᠢᠴᠠᠬᠤ ᠪᠠ ᠬᠤᠯᠪᠤᠬᠳᠠᠯ ᠪᠦᠬᠦᠢ ᠮᠦᠩᠬᠦᠨ ᠬᠦᠢᠯᠭᠡᠭᠡᠨ ᠤ ᠪᠠᠶᠢᠭᠤᠯᠤᠮᠵᠢ ᠲᠠᠢ ᠵᠤᠬᠢᠴᠠᠭᠤᠯᠵᠤ᠂ ᠡᠯ᠎ᠡ ᠵᠦᠢᠯ ᠤᠨ ᠠᠷᠭ᠎ᠠ ᠵᠠᠮ  ᠢᠶᠠᠷ ᠬᠡᠷ ᠢᠶᠠᠨ ᠰᠠᠬᠢᠵᠤ ᠪᠠᠶᠢᠭ᠎ᠠ ᠡᠮᠡᠭᠳᠡᠶᠢᠴᠤᠳ ᠤᠨ ᠤᠶᠢᠯᠠᠰ ᠪᠤᠰᠠᠬᠬᠤ ᠪᠠᠯᠠ ᠮᠦᠩᠬᠦ ᠶᠢᠨ ᠬᠦᠴᠢᠷ ᠠᠰᠠᠭᠤᠳᠠᠯ  ᠢ ᠡᠷᠳᠡᠭᠡᠨ ᠰᠢᠢᠳᠪᠤᠷᠢᠯᠠᠨ᠎ᠠ᠃       ︵ᠭᠤᠷᠪᠠ︶ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠨᠢ ᠤᠯᠤᠰ ᠤᠨ ᠬᠤᠯᠪᠤᠬᠳᠠᠯ ᠪᠦᠬᠦᠢ ᠲᠦᠷᠦ  ᠶᠢᠨ ᠪᠤᠳᠤᠯᠭ᠎ᠠ᠂ ᠲᠤᠬᠳᠠᠭᠠᠯ ᠵᠢᠴᠢ ᠤᠳᠤᠬᠠᠨ ᠤ ᠨᠦᠬᠦᠴᠠᠯ ᠤᠨ ᠬᠢᠵᠠᠭᠠᠷᠯᠠᠯ ᠠᠴᠠ ᠵᠦᠪᠬᠡᠨ ᠰᠠᠬᠦᠯᠠᠷ ᠰᠢᠢᠳᠪᠤᠷᠢᠯᠠᠬᠦ 19 ᠵᠦᠢᠯ᠂ ᠶᠠᠷᠦᠩᠭᠡᠢ ᠲᠤᠭᠠᠨ ᠤ 18.6% ᠶᠢ ᠡᠵᠡᠯᠠᠨ᠎ᠠ᠃ ᠵᠢᠱᠢᠶᠠᠯᠠᠪᠠᠯ᠄       ᠯᠢᠤ ᠭᠤᠸᠠᠩ ᠮᠢᠩ ᠲᠦᠯᠦᠭᠡᠯᠡᠭᠴᠢ ᠶᠢᠨ ᠲᠤᠷᠠᠳᠤᠬᠰᠠᠨ ︽ᠭᠠᠴᠠᠭ᠎ᠠ ᠲᠤᠰᠬᠤᠨ ᠤ ᠵᠦᠪᠯᠠᠯ ᠤᠨ ᠲᠤᠳᠤᠷ᠎ᠠ ᠲᠠᠳ᠋ ᠱᠦᠵᠢ ᠪᠠ ᠬᠡᠰᠢᠬᠦᠨ ᠤ ᠴᠠᠯᠢᠩ ᠢ ᠡᠳ᠋ ᠤᠨ ᠵᠠᠰᠠᠭ ᠤᠨ ᠰᠢᠯᠵᠢᠬᠦᠯᠦᠨ ᠦᠭᠬᠦ ᠪᠠᠯᠠ ᠮᠦᠩᠬᠦ ᠳᠤ ᠤᠷᠤᠭᠤᠯᠬᠤ ᠲᠤᠬᠠᠢ ᠰᠠᠨᠠᠭᠤᠯᠭ᠎ᠠ︾᠃ ︽ᠤᠯᠠᠭᠠᠨᠬᠠᠳᠠ ᠬᠤᠳᠠ ᠶᠢᠨ ᠭᠠᠴᠠᠭ᠎ᠠ ᠲᠤᠰᠬᠤᠨ ᠤ ᠵᠤᠬᠢᠶᠠᠨ ᠪᠠᠶᠢᠭᠤᠯᠤᠯᠳᠠ ᠶᠢᠨ ᠡᠷᠬᠢᠯᠳᠠ ᠮᠦᠩᠬᠦ ᠶᠢ ᠪᠠᠳᠤᠯᠠᠬᠤ ᠬᠠᠮᠢᠶᠠᠷᠤᠯᠳᠠ ᠶᠢᠨ ᠠᠷᠭ᠎ᠠ︾ ︵ᠤᠯᠠᠭᠠᠨᠬᠠᠳᠠ ᠡᠳ᠋ ᠲᠠᠷᠢᠶᠠᠯᠠᠩ ᠦᠭᠡᠷᠡᠴᠢᠯᠠᠯᠳᠠ〔2010〕591 ᠲᠤᠭᠠᠳᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠠᠵᠤ᠂ ᠭᠠᠴᠠᠭ᠎ᠠ ᠲᠤᠰᠬᠤᠨ ᠤ ᠲᠠᠰ ᠤᠨ ᠵᠤᠬᠢᠶᠠᠨ ᠪᠠᠶᠢᠭᠤᠯᠤᠯᠳᠠ ᠶᠢᠨ ᠡᠷᠬᠢᠯᠳᠠ ᠶᠢᠨ ᠵᠠᠷᠤᠳᠠᠯ ᠳᠤ ᠭᠠᠴᠠᠭ᠎ᠠ ᠲᠤᠰᠬᠤᠨ ᠤ ᠵᠦᠪᠯᠠᠯ ᠤᠨ ᠲᠠᠳ᠋ ᠱᠦᠵᠢ ᠪᠠ ᠬᠡᠰᠢᠬᠦᠨ ᠤ ᠴᠠᠯᠢᠩ ᠢ ᠪᠠᠭᠳᠠᠭᠠᠬᠤ ᠦᠭᠡᠢ᠃ ᠡᠶᠢᠮᠤ  ᠠᠴᠠ ᠭᠠᠴᠠᠭ᠎ᠠ ᠲᠤᠰᠬᠤᠨ ᠤ ᠲᠠᠰ ᠤᠨ ᠵᠦᠪᠯᠠᠯ ᠤᠨ ᠲᠠᠳ᠋ ᠱᠦᠵᠢ ᠪᠠ ᠬᠡᠰᠢᠬᠦᠨ ᠤ ᠴᠠᠯᠢᠩ ᠢ ᠡᠳ᠋ ᠤᠨ ᠵᠠᠰᠠᠭ  ᠤᠨ ᠰᠢᠯᠵᠢᠬᠦᠯᠦᠨ ᠦᠭᠬᠦ ᠪᠠᠯᠠ ᠮᠦᠩᠬᠦ ᠳᠤ ᠤᠷᠤᠭᠤᠯᠬᠤ ᠶᠢ ᠲᠦᠷ ᠰᠢᠢᠳᠪᠤᠷᠢᠯᠠᠵᠤ ᠲᠠᠶᠢᠯᠬᠦ ᠦᠭᠡᠢ᠃ ᠲᠠᠭᠡᠳᠤ ᠱᠠᠳᠤᠨ ᠤ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠡᠯᠡᠭᠰᠡᠨ ᠤ ᠲᠠᠷᠠᠭ᠎ᠠ᠂ ᠮᠠᠨ ᠤ ᠬᠤᠰᠢᠭᠤ ᠲᠠᠭᠡᠳᠤ ᠱᠠᠳᠤᠨ ᠤ ᠲᠦᠷᠦ ᠶᠢᠨ ᠪᠤᠳᠤᠯᠭ᠎ᠠ ᠶᠤᠰᠤᠭᠠᠷ ᠬᠡᠷᠡᠭᠵᠢᠬᠦᠯᠬᠦ ᠪᠤᠯᠤᠨ᠎ᠠ᠃       ᠫᠠᠨ ᡁᠢ ᠶᠢᠤ ᠲᠦᠯᠦᠭᠡᠯᠡᠭᠴᠢ ᠶᠢᠨ ᠲᠤᠷᠠᠳᠤᠬᠰᠠᠨ ︽ᠤᠳᠠᠨᠳᠤᠬᠤᠢ ᠪᠠᠯᠭᠠᠰᠤ ᠳᠤ ᠪᠤᠵᠠᠷ ᠤᠰᠤ ᠶᠢ ᠰᠢᠢᠳᠪᠤᠷᠢᠯᠠᠬᠦ ᠤᠶᠢᠯᠠᠳᠪᠤᠷᠢ ᠪᠠᠶᠢᠭᠤᠯᠬᠤ ᠲᠤᠬᠠᠢ ᠰᠠᠨᠠᠭᠤᠯᠭ᠎ᠠ︾᠃ ᠡᠳ᠋ ᠤᠨ ᠵᠠᠰᠠᠭ ᠤᠨ ᠬᠦᠴᠦᠨ ᠤ ᠬᠢᠵᠠᠭᠠᠷᠯᠠᠯ ᠠᠴᠠ ᠪᠤᠯᠵᠤ ᠪᠤᠵᠠᠷ ᠤᠰᠤ ᠶᠢ ᠭᠠᠳᠠᠬᠰᠢᠯᠠᠭᠤᠯᠬᠤ ᠤᠶᠢᠯᠠᠳᠪᠤᠷᠢ ᠪᠠᠶᠢᠭᠤᠯᠬᠤ   ᠳᠤ ᠭᠤᠤᠯ ᠨᠢ ᠲᠠᠭᠡᠳᠤ ᠱᠠᠳᠤᠨ ᠤ ᠲᠦᠷᠦᠯ ᠵᠦᠢᠯ ᠤᠨ ᠪᠠᠯᠠ ᠮᠦᠩᠬᠦ ᠶᠢ ᠤᠯᠬᠤ ᠳᠤ ᠲᠦᠰᠢᠭᠯᠡᠨ᠎ᠠ᠃ ᠤᠳᠤᠬᠠᠨ ᠳᠤ ᠵᠦᠪᠬᠡᠨ ᠤᠯᠤᠰ ᠤᠨ ᠲᠦᠯᠦᠪᠵᠢᠬᠦᠯᠭᠡ ᠳᠤ ᠤᠷᠤᠭᠤᠯᠬᠤ ᠨᠢ ᠰᠢᠶᠠᠨ ᠠᠴᠠ ᠲᠠᠭᠡᠭᠰᠢ ᠬᠤᠳᠠ ᠲᠤᠭᠤᠷᠢᠭ ᠤᠨ ᠪᠤᠵᠠᠷ ᠤᠰᠤ  ᠶᠢ ᠰᠢᠢᠳᠪᠤᠷᠢᠯᠠᠬᠦ ᠲᠦᠷᠦᠯ ᠵᠦᠢᠯ ᠢ ᠲᠠᠮᠵᠢᠬᠦ ᠲᠦᠷᠦ ᠶᠢᠨ ᠪᠤᠳᠤᠯᠭ᠎ᠠ ᠪᠠᠶᠢᠨ᠎ᠠ᠃ ᠰᠢᠶᠠᠩ ᠪᠠᠯᠭᠠᠰᠤ ᠶᠢᠨ ᠪᠤᠵᠠᠷ ᠤᠰᠤ ᠶᠢ ᠰᠢᠢᠳᠪᠤᠷᠢᠯᠠᠬᠦ ᠲᠦᠷᠦᠯ ᠵᠦᠢᠯ ᠳᠤ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠬᠠᠷᠠᠬᠠᠨ ᠨᠠᠶᠢᠳᠠᠯᠡᠭᠡ ᠦᠭᠡᠢ ᠪᠠᠶᠢᠬᠰᠠᠭᠠᠷ᠃ ᠤᠯᠤᠰ ᠠᠴᠠ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠨᠠᠶᠢᠳᠡᠯᠡᠭᠰᠡᠨ ᠤ ᠲᠠᠷᠠᠭ᠎ᠠ ᠮᠠᠨ  ᠤ ᠬᠤᠰᠢᠭᠤ ᠴᠠᠭ ᠲᠤᠬᠠᠢ   ᠳᠤᠨᠢ ᠲᠠᠭᠡᠭᠰᠢ ᠮᠠᠳᠠᠬᠦᠯᠵᠤ᠂ ᠤᠳᠠᠨᠳᠤᠬᠤᠢ ᠪᠠᠯᠭᠠᠰᠤᠨ ᠤ ᠪᠤᠵᠠᠷ ᠤᠰᠤ ᠰᠢᠢᠳᠪᠤᠷᠢᠯᠠᠬᠦ ᠤᠶᠢᠯᠠᠳᠪᠤᠷᠢ ᠶᠢᠨ ᠲᠦᠷᠦᠯ ᠵᠦᠢᠯ ᠢ ᠡᠷᠳᠡᠭᠡᠨ ᠬᠡᠷᠡᠭᠵᠢᠬᠦᠯᠦᠨ᠎ᠠ᠃       ᠭᠤᠷᠪᠠ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ᠂ ᠬᠤᠶᠠᠳᠤᠭᠠᠷ ᠤᠳᠠᠭᠠᠨ ᠤ ᠬᠤᠷᠠᠯᠳᠤᠭᠠᠨ ᠲᠠᠭᠡᠷ᠎ᠡ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠰᠡᠨ ᠪᠠᠶᠢᠳᠠᠯ       ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠨᠢᠭᠡᠳᠤᠭᠡᠷ ᠤᠳᠠᠭᠠᠨ ᠤ ᠬᠤᠷᠠᠯ᠂ ᠬᠤᠶᠠᠳᠤᠭᠠᠷ ᠤᠳᠠᠭᠠᠨ ᠤ ᠬᠤᠷᠠᠯ ᠤᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠴᠢᠬᠤᠯᠠᠳᠠᠢ ᠲᠦᠯᠦᠭᠡᠯᠡᠭᠴᠢᠳ ᠤᠨ ᠰᠠᠨᠠᠭᠤᠯᠭ᠎ᠠ 72 ᠵᠦᠢᠯ ᠪᠠᠶᠢᠨ᠎ᠠ᠃ ᠡᠬᠦᠨ ᠤ ᠲᠤᠳᠤᠷ᠎ᠠ ᠨᠢᠭᠡᠨᠳᠡ ᠰᠢᠢᠳᠪᠤᠷᠢᠯᠡᠭᠰᠡᠨ ᠪᠤᠶᠤ ᠦᠨᠳᠤᠰᠤᠨ ᠳᠤ ᠨᠢ ᠰᠢᠢᠳᠪᠤᠷᠢᠯᠡᠭᠰᠡᠨ 21 ᠵᠦᠢᠯ᠂ 29.2% ᠢ ᠡᠵᠡᠯᠠᠨ᠎ᠠ᠃ ᠲᠦᠯᠦᠪᠯᠡᠭᠡ ᠳᠤ ᠤᠷᠤᠵᠤ ᠢᠳᠡᠭ ᠠᠯᠬᠤᠮ ᠢᠶᠠᠷ ᠰᠢᠢᠳᠪᠤᠷᠢᠯᠠᠬᠦ ᠴᠢᠬᠤᠯᠠᠳᠠᠢ 46 ᠵᠦᠢᠯ᠂ 63.9% ᠢ ᠡᠵᠡᠯᠠᠨ᠎ᠠ᠃ ᠤᠯᠤᠰ ᠤᠨ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ᠂ ᠲᠤᠬᠳᠠᠭᠠᠯ ᠵᠢᠴᠢ ᠤᠳᠤᠬᠠᠨ ᠤ ᠨᠦᠬᠦᠴᠠᠯ ᠤᠨ ᠬᠢᠵᠠᠭᠠᠷᠯᠠᠯ ᠠᠴᠠ ᠪᠤᠯᠵᠤ ᠵᠦᠪᠬᠡᠨ ᠰᠠᠬᠦᠯᠠᠷ ᠰᠢᠢᠳᠪᠤᠷᠢᠯᠠᠬᠦ 5 ᠵᠦᠢᠯ  ᠂ 6.9% ᠢ ᠡᠵᠡᠯᠠᠨ᠎ᠠ᠃ ᠤᠳᠤᠬᠠᠨ ᠪᠤᠯᠳᠠᠯ᠎ᠠ ᠢᠳᠡᠭ ᠠᠯᠬᠤᠮ ᠢᠶᠠᠷ ᠰᠢᠢᠳᠪᠤᠷᠢᠯᠠᠬᠦ ᠪᠠᠷ ᠲᠦᠯᠦᠪᠯᠠᠵᠤ ᠪᠠᠶᠢᠬᠤ 46 ᠵᠦᠢᠯ᠂ 5 ᠵᠦᠢᠯ ᠢ  ᠨᠢ ᠨᠢᠬᠡᠨᠳᠡ ᠰᠢᠢᠳᠪᠤᠷᠢᠯᠡᠭᠰᠡᠨ ᠪᠠ ᠦᠨᠳᠤᠰᠤᠨ ᠳᠡᠭᠡᠨ ᠰᠢᠢᠳᠪᠤᠷᠢᠯᠠᠵᠠᠢ᠃ ᠵᠢᠱᠢᠶᠠᠯᠠᠪᠠᠯ᠄       ᠲᠠᠮᠤᠷᠪᠠᠭᠠᠨ᠎ᠠ ᠲᠦᠯᠦᠭᠡᠯᠡᠭᠴᠢ ᠶᠢᠨ ᠲᠤᠷᠠᠳᠤᠬᠰᠠᠨ ︽ᠠᠰᠢᠬᠠᠨ ᠤ ᠢᠳᠡᠭᠡᠮᠵᠢ ᠶᠢᠨ ᠬᠤᠷᠰᠢᠶ᠎ᠠ ᠶᠢ ᠰᠠᠷᠭᠦᠭᠡᠬᠦ ᠲᠤᠬᠠᠢ ᠰᠠᠨᠠᠭᠤᠯᠭ᠎ᠠ︾᠃ ᠤᠤᠯ ᠤᠨ ᠠᠰᠢᠬᠠᠨ ᠤ ᠢᠳᠡᠭᠡᠮᠵᠢ ᠶᠢᠨ ᠬᠤᠷᠰᠢᠶ᠎ᠠ ᠶᠢ ᠬᠠᠰᠤᠵᠤ ᠢᠳᠡᠭᠤᠨ ᠭᠤᠤ ᠶᠢᠨ ᠢᠳᠡᠭᠡᠮᠵᠢ ᠶᠢᠨ ᠬᠤᠷᠰᠢᠶ᠎ᠠ ᠲᠠᠢ ᠨᠠᠶᠢᠯᠡᠬᠦᠯᠦᠭᠰᠡᠨ ᠤ ᠲᠠᠷᠠᠭ᠎ᠠ ᠲᠤᠬᠠᠢ ᠶᠢᠨ ᠭᠠᠵᠠᠷ ᠤᠨ ᠺᠠᠳ᠋ᠷ ᠤᠯᠠᠨ  ᠲᠦᠮᠡᠨ ᠤ ᠠᠵᠢᠯ ᠰᠢᠢᠳᠪᠤᠷᠢᠯᠠᠬᠦ ᠳᠤ ᠲᠦᠬᠦᠮ ᠦᠭᠡᠢ ᠪᠤᠯᠪᠠ᠃ ᠪᠠᠰᠠᠴᠤ ᠲᠤᠬᠠᠢ ᠶᠢᠨ ᠭᠠᠵᠠᠷ ᠤᠨ ᠭᠤᠤᠯᠳᠠᠯᠭ᠎ᠠ  ᠲᠠᠢ ᠲᠦᠷᠦᠯ ᠵᠦᠢᠯ᠂ ᠭᠤᠤᠯᠳᠠᠯᠭ᠎ᠠ ᠲᠠᠢ ᠠᠵᠤ ᠤᠶᠢᠯᠠᠰ ᠲᠤ ᠴᠠᠭ ᠲᠤᠬᠠᠢ ᠳᠤ ᠨᠢ ᠢᠳᠡᠭᠡᠮᠵᠢᠳᠤ ᠵᠢᠭᠡᠯᠡᠯᠭᠡ  ᠶᠢᠨ ᠤᠶᠢᠯᠠᠴᠢᠯᠡᠭᠡ ᠬᠠᠩᠭᠠᠵᠤ ᠲᠠᠶᠢᠯᠬᠦ ᠦᠭᠡᠢ ᠪᠤᠯᠪᠠ  ᠂ ᠲᠠᠭᠡᠷᠡᠬᠢ ᠠᠰᠠᠭᠤᠳᠠᠯ ᠢ ᠰᠢᠢᠳᠪᠤᠷᠢᠯᠠᠬᠦ ᠶᠢᠨ ᠲᠦᠯᠦᠭᠡ ᠬᠤᠰᠢᠭᠤᠨ ᠤ ᠢᠳᠡᠭᠡᠮᠵᠢ ᠶᠢᠨ ᠬᠤᠷᠰᠢᠶ᠎ᠠ ᠨᠢ 2011 ᠤᠨ ᠳᠤ ᠬᠤᠳᠠ ᠶᠢᠨ ᠮᠦᠩᠬᠦ ᠬᠢᠨᠠᠬᠤ ᠲᠤᠪᠴᠢᠶ᠎ᠠ ᠳᠤ ᠭᠤᠶᠤᠴᠢᠯᠠᠵᠤ᠂ ᠲᠤᠰ ᠵᠢᠯ ᠳᠡᠭᠡᠨ ᠴᠤᠬᠤᠯᠠᠪᠤᠷᠢ ᠤᠯᠵᠠᠢ᠃ 2014 ᠤᠨ ᠳᠤ ᠬᠦᠮᠦᠨ ᠲᠤᠬᠢᠷᠠᠭᠤᠯᠤᠬᠰᠠᠨ ᠤ ᠲᠠᠷᠠᠭ᠎ᠠ ᠠᠰᠢᠬᠠᠨ ᠤ ᠢᠳᠡᠭᠡᠮᠵᠢ ᠶᠢᠨ ᠬᠤᠷᠰᠢᠶ᠎ᠠ ᠶᠢ 5 ᠰᠠᠷ᠎ᠠ ᠶᠢᠨ 15 ᠤ ᠡᠳᠦᠷ ᠨᠢᠭᠡᠨᠳᠡ ᠵᠢᠩᠬᠢᠨᠢ ᠪᠠᠷ ᠰᠠᠷᠭᠦᠭᠡᠵᠤ ᠡᠬᠢᠯᠠᠨ ᠡᠵᠡᠩᠨᠠᠪᠠ᠃       ᠲᠦᠷᠪᠠ᠂ ᠠᠪᠤᠬᠰᠠᠨ ᠭᠤᠤᠯ ᠠᠷᠭ᠎ᠠ ᠬᠡᠮᠵᠢᠶ᠎ᠠ       ᠲᠦᠯᠦᠭᠡᠯᠡᠭᠴᠢ ᠶᠢᠨ ᠰᠠᠨᠠᠭᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠰᠢᠢᠳᠪᠤᠷᠢᠯᠠᠬᠦ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠲᠠᠭᠡᠭᠰᠢᠯᠠᠬᠦᠯᠬᠦ ᠶᠢᠨ ᠲᠦᠯᠦᠭᠡ ᠪᠤᠳᠠᠳᠠᠢ ᠠᠵᠢᠯ ᠤᠨ ᠲᠤᠮᠳᠠ ᠭᠤᠤᠯ ᠨᠢ ᠲᠤᠤᠷᠠᠬᠢ ᠮᠠᠳᠤ ᠠᠷᠭ᠎ᠠ ᠶᠢ ᠠᠪᠤᠬᠰᠠᠨ ᠪᠠᠶᠢᠨ᠎ᠠ᠃       ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠲᠠᠭᠡᠳᠤ ᠬᠡᠮᠵᠢᠶ᠎ᠠ ᠪᠠᠷ. ᠴᠢᠬᠤᠯᠠᠴᠢᠯᠠᠪᠠ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠠᠬᠦᠰᠦᠭᠰᠡᠨ ᠤ ᠲᠠᠷᠠᠭ᠎ᠠ ᠬᠤᠰᠢᠭᠤᠨ ᠤ ᠵᠠᠰᠠᠭ ᠤᠨ ᠤᠷᠳᠤᠨ ᠲᠤᠰᠬᠠᠢ ᠬᠦᠮᠦᠨ ᠲᠤᠮᠢᠯᠠᠵᠤ ᠬᠤᠷᠢᠶᠠᠵᠤ ᠤᠯᠤᠬᠰᠠᠨ ᠲᠦᠯᠦᠭᠡᠯᠡᠭᠴᠢ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠢ ᠪᠦᠷᠢᠳᠭᠡᠵᠤ ᠲᠠᠮᠳᠡᠭᠯᠠᠨ ᠲᠢᠭᠯᠡᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠳᠤᠷᠠᠵᠤ ᠲᠤᠰᠢᠶᠠᠨ ᠰᠢᠢᠳᠪᠤᠷᠢᠯᠠᠬᠦ ᠬᠤᠷᠠᠯ ᠨᠡᠬᠡᠬᠡᠵᠤ᠂ ᠰᠢᠢᠳᠪᠤᠷᠢᠯᠠᠬᠦ ᠠᠵᠢᠯ ᠳᠤ ᠪᠠᠶᠢᠷᠢᠯᠠᠭᠤᠯᠤᠯᠳᠠ  ᠬᠢᠵᠡᠢ᠂ ᠡᠯ᠎ᠡ ᠲᠠᠭᠠᠭᠠᠨ ᠰᠢᠢᠳᠪᠤᠷᠢᠯᠠᠬᠦ ᠪᠠᠶᠢᠭᠤᠯᠤᠯᠭ᠎ᠠ ᠨᠢ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠠᠬᠦ ᠠᠵᠢᠯ ᠢ ᠨᠠᠷᠢᠨ ᠬᠢᠨᠠᠮᠠᠭᠠᠢ ᠰᠤᠳᠤᠯᠵᠤ᠂ ᠠᠵᠢᠯ ᠰᠢᠢᠳᠪᠤᠷᠢᠯᠠᠬᠦ ᠠᠵᠢᠯ ᠤᠨ ᠠᠷᠭ᠎ᠠ  ᠪᠠᠨ ᠰᠢᠨᠠᠳᠭᠡᠵᠤ᠂ ᠬᠠᠷᠢᠭᠤᠴᠠᠯᠭ᠎ᠠ ᠪᠠ ᠤᠶᠢᠯᠠᠴᠢᠯᠠᠭᠡᠨ ᠤ ᠤᠬᠠᠮᠰᠠᠷ ᠢᠶᠠᠨ ᠴᠢᠩᠭᠠᠳᠬᠠᠬᠤ ᠶᠢ ᠱᠠᠭᠠᠷᠳᠠᠵᠤ᠂ ᠰᠠᠨᠠᠭᠤᠯᠭ᠎ᠠ ᠨᠢᠭᠡᠪᠤᠷᠢ ᠶᠢ ᠴᠦᠮ ᠪᠤᠳᠠᠳᠠᠢ ᠰᠠᠯᠠᠭ᠎ᠠ ᠲᠠᠰᠤᠭ ᠪᠠ ᠪᠤᠳᠠᠳᠠᠢ ᠲᠠᠭᠠᠭᠠᠵᠤ ᠬᠢᠬᠦ ᠬᠦᠮᠦᠨ ᠳᠤ  ᠨᠠᠶᠢᠳᠠᠪᠦᠷᠢᠵᠢᠭᠤᠯᠵᠡᠢ᠂ ᠡᠬᠦᠨ ᠤ ᠵᠠᠷᠭᠡᠪᠠᠷ ᠰᠢᠢᠳᠪᠤᠷᠢᠯᠠᠬᠦ ᠴᠠᠭ ᠤᠨ ᠬᠢᠵᠠᠭᠠᠷ᠂ ᠬᠠᠷᠠᠯᠳᠠ ᠪᠠ ᠴᠢᠨᠠᠷ ᠴᠢᠨᠰᠠᠭ᠎ᠠ ᠵᠠᠷᠭᠡ ᠳᠤ ᠲᠤᠳᠤᠷᠬᠠᠢ ᠱᠠᠭᠠᠷᠳᠠᠯᠭ᠎ᠠ ᠲᠤᠷᠠᠳᠴᠤ᠂ ᠠᠷᠠᠳ ᠤᠨ ᠲᠦᠯᠦᠭᠡᠯᠡᠭᠴᠢ ᠶᠢᠨ ᠰᠢᠢᠳᠪᠤᠷᠢᠯᠠᠬᠦ ᠠᠵᠢᠯ ᠳᠠᠬᠢ ᠬᠠᠨᠤᠮᠵᠢ ᠶᠢᠨ ᠨᠤᠷᠮ᠎ᠠ ᠪᠠ ᠲᠤᠷᠠᠳᠤᠬᠰᠠᠨ ᠠᠰᠠᠭᠤᠳᠠᠯ ᠤᠨ ᠰᠢᠢᠳᠪᠤᠷᠢᠯᠠᠬᠦ ᠨᠤᠷᠮ᠎ᠠ ᠶᠢ ᠤᠯᠠᠮ ᠨᠢᠭᠡ ᠠᠯᠬᠤᠮ  ᠲᠡᠭᠡᠰᠢᠯᠡᠭᠦᠯᠦᠭᠰᠡᠨ ᠪᠠᠶᠢᠨ᠎ᠠ᠃       ︵ᠬᠤᠶᠠᠷ︶ ᠢᠳᠡᠪᠬᠢᠳᠠᠢ ᠵᠤᠬᠢᠴᠠᠭᠤᠯᠵᠤ᠂ ᠰᠠᠨᠠᠭᠠᠴᠢᠯᠭ᠎ᠠ ᠠᠴᠠ ᠪᠠᠨ ᠨᠠᠪᠳᠠᠷᠠᠯᠴᠠᠪᠠ᠃ ᠶᠠᠷᠦᠩᠭᠡᠶᠢᠯᠡᠭᠰᠡᠨ ᠵᠤᠬᠢᠴᠠᠭᠤᠯᠭ᠎ᠠ ᠶᠢ ᠦᠨᠠᠩᠬᠦ ᠴᠢᠩᠭᠠᠳᠬᠠᠵᠤ᠂ ᠰᠢᠢᠳᠪᠤᠷᠢᠯᠠᠬᠦ ᠶᠠᠪᠤᠴᠠ ᠳᠠᠬᠢ ᠡᠯ᠎ᠡ ᠲᠠᠯ᠎ᠠ ᠶᠢᠨ ᠰᠤᠷᠠᠭ ᠴᠢᠮᠡᠭᠡ ᠪᠠ ᠪᠠᠶᠢᠳᠠᠯ ᠢ ᠴᠠᠭ ᠲᠤᠬᠠᠢ ᠳᠤ ᠨᠢ  ᠴᠤᠬᠯᠠᠭᠤᠯᠵᠤ᠂ ᠰᠢᠢᠳᠪᠤᠷᠢᠯᠠᠵᠤ ᠲᠠᠮᠵᠢᠭᠤᠯᠬᠤ ᠪᠠ ᠬᠠᠷᠢᠭᠤ ᠲᠤᠰᠬᠠᠯ ᠦᠭᠴᠤ᠂ ᠲᠦᠯᠦᠭᠡᠯᠡᠭᠴᠢ ᠪᠠ ᠲᠠᠭᠠᠭᠠᠨ ᠬᠠᠷᠢᠭᠤᠴᠠᠵᠤ ᠰᠢᠢᠳᠪᠤᠷᠢᠯᠠᠬᠦ ᠪᠠᠶᠢᠭᠤᠯᠤᠯᠭ᠎ᠠ ᠶᠢᠨ ᠬᠤᠭᠤᠷᠤᠨᠳᠤᠬᠢ ᠵᠤᠬᠢᠴᠠᠭᠤᠯᠬᠤ ᠪᠠ ᠨᠠᠪᠳᠠᠷᠠᠯᠴᠠᠬᠦ ᠶᠢ ᠰᠠᠶᠢᠳᠤᠷ ᠬᠢᠵᠤ᠂ ᠰᠠᠨᠠᠭᠤᠯᠭ᠎ᠠ ᠶᠢ ᠰᠢᠢᠳᠪᠤᠷᠢᠯᠠᠬᠦ ᠴᠢᠨᠠᠷ ᠴᠢᠨᠰᠠᠭ᠎ᠠ ᠶᠢ ᠲᠠᠭᠡᠭᠰᠢᠯᠠᠬᠦᠯᠪᠠ᠃ ᠬᠠᠮᠳᠤ ᠶᠢᠨ ᠴᠢᠷᠮᠠᠶᠢᠯᠭ᠎ᠠ ᠪᠠᠷ ᠲᠠᠮᠵᠢᠭᠠᠳ᠂ ᠤᠯᠠᠩᠬᠢ ᠲᠦᠯᠦᠭᠡᠯᠡᠭᠴᠢ ᠶᠢᠨ ᠬᠠᠯᠠᠮᠵᠢᠯᠠᠵᠤ ᠪᠠᠶᠢᠬᠤ ᠭᠤᠤᠯᠳᠠᠯᠭ᠎ᠠ ᠲᠠᠢ ᠠᠰᠠᠭᠤᠳᠠᠯ ᠨᠠᠯᠢᠶᠠᠳ ᠰᠠᠶᠢᠨ ᠰᠢᠢᠳᠪᠤᠷᠢᠯᠠᠯᠳᠠ ᠶᠢ ᠤᠯᠵᠤ ᠨᠠᠶᠢᠭᠡᠮ  ᠤᠨ ᠠᠵᠤ ᠠᠬᠤᠢ ᠶᠢᠨ ᠬᠦᠭᠵᠢᠯᠳᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠭᠡᠭᠰᠢᠯᠠᠬᠦᠯᠬᠦ  ᠳᠤ ᠬᠦᠴᠦᠨ ᠢᠶᠠᠨ ᠡᠷᠬᠦᠭᠰᠡᠨ ᠪᠠᠶᠢᠨ᠎ᠠ᠃       ︵ᠭᠤᠷᠪᠠ︶ ᠱᠠᠭᠠᠷᠳᠠᠨ ᠬᠢᠯᠭᠡᠬᠦ ᠶᠢ ᠴᠢᠩᠭᠠᠳᠬᠠᠵᠤ ᠨᠠᠶᠢᠳᠠᠪᠤᠷᠢᠵᠢᠭᠤᠯᠬᠤ ᠶᠢ ᠠᠳᠬᠤᠪᠠ᠃ ᠬᠤᠰᠢᠭᠤᠨ  ᠤ ᠵᠠᠰᠠᠭ ᠤᠨ ᠤᠷᠳᠤᠨ ᠤ ᠬᠢᠨᠠᠨ ᠪᠠᠶᠢᠴᠠᠭᠠᠬᠤ ᠠᠯᠪᠠᠨ ᠬᠡᠷ ᠨᠢ ᠳ᠋ᠢᠶᠠᠩᠬᠤᠸᠠ ᠪᠠᠷ ᠱᠠᠭᠠᠷᠳᠠᠨ ᠬᠢᠬᠦ᠂ ᠲᠤᠰᠬᠠᠢ ᠬᠦᠮᠦᠨ ᠢᠶᠠᠷ ᠱᠠᠭᠠᠷᠳᠠᠨ ᠬᠢᠯᠭᠡᠬᠦ ᠵᠠᠷᠭᠡ ᠪᠦᠳᠦᠮᠵᠢᠳᠠᠢ ᠠᠷᠭ᠎ᠠ ᠪᠠᠷ ᠮᠦᠷᠳᠠᠵᠤ᠂ ᠱᠠᠯᠠᠪᠳᠠᠨ  ᠬᠢᠯᠭᠡᠪᠡ᠂ ᠲᠤᠬᠢᠷᠠᠮᠵᠢᠳᠠᠢ ᠴᠠᠭ ᠲᠤ ᠲᠠᠭᠠᠭᠠᠨ ᠬᠢᠵᠤ ᠪᠠᠶᠢᠭ᠎ᠠ ᠪᠠᠶᠢᠭᠤᠯᠤᠯᠭ᠎ᠠ ᠨᠢᠭᠡᠴᠡ ᠶᠢᠨ ᠠᠵᠢᠯ ᠤᠨ ᠠᠬᠢᠴᠠ ᠶᠢ ᠪᠠᠶᠢᠴᠠᠭᠠᠵᠤ᠂ ᠰᠠᠨᠠᠭᠤᠯᠭ᠎ᠠ ᠶᠢ ᠰᠢᠢᠳᠪᠤᠷᠢᠯᠠᠵᠤ ᠪᠠᠶᠢᠬᠤ ᠪᠠᠶᠢᠳᠠᠯ ᠢ ᠲᠤᠬᠳᠠᠬᠰᠠᠨ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠡᠯ᠎ᠡ ᠰᠠᠯᠠᠭ᠎ᠠ ᠮᠦᠴᠢᠷ ᠤᠨ ᠬᠠᠷᠢᠭᠤᠯᠤᠬᠰᠠᠨ ᠰᠠᠨᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠲᠦᠷᠦ ᠶᠢᠨ ᠪᠤᠳᠤᠯᠭ᠎ᠠ ᠬᠠᠤᠯᠢ ᠴᠠᠭᠠᠵᠠ᠂ ᠬᠠᠷᠢᠭᠤᠯᠳᠠ ᠦᠭᠬᠦᠭᠰᠡᠨ ᠠᠭᠤᠯᠭ᠎ᠠ ᠪᠠ ᠠᠯᠪᠠᠨ ᠪᠢᠴᠢᠭ ᠤᠨ ᠲᠦᠷᠢᠮᠵᠢᠯ ᠭᠤᠷᠪᠠᠨ ᠪᠤᠭᠤᠮᠳᠠ ᠶᠢ ᠰᠠᠶᠢᠳᠤᠷ ᠠᠳᠬᠤᠪᠠ᠃ ᠡᠬᠦᠨ ᠤ ᠵᠠᠷᠭᠡᠪᠠᠷ ᠲᠦᠯᠦᠭᠡᠯᠡᠭᠴᠢ ᠶᠢᠨ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠡᠨᠡ ᠵᠢᠯ ᠤᠨ ᠬᠢᠨᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠪᠤᠯᠭᠠᠵᠤ᠂ ᠡᠯ᠎ᠡ ᠲᠠᠭᠠᠭᠠᠨ ᠬᠢᠵᠤ ᠪᠠᠶᠢᠬᠤ ᠨᠢᠭᠡᠴᠡ ᠳᠤ ᠤᠯᠠᠨ ᠤᠳᠠᠭ᠎ᠠ ᠬᠦᠷᠴᠤ ᠪᠤᠳᠠᠳᠠᠢ ᠭᠠᠵᠠᠷ ᠲᠤᠨᠢ ᠬᠢᠨᠠᠨ ᠪᠠᠶᠢᠴᠠᠭᠠᠵᠤ᠂ ᠰᠢᠢᠳᠪᠤᠷᠢᠯᠠᠵᠤ ᠪᠠᠶᠢᠬᠤ ᠨᠢ ᠤᠳᠠᠭᠠᠨ ᠪᠠᠶᠢᠬᠤ ᠪᠠᠶᠢᠭᠤᠯᠤᠯᠭ᠎ᠠ ᠳᠤ ᠭᠤᠤᠯᠳᠠᠯᠭ᠎ᠠ ᠲᠠᠢ ᠱᠠᠭᠠᠷᠳᠠᠬᠤ ᠪᠠ ᠬᠠᠪᠰᠤᠷᠴᠤ᠂ ᠰᠢᠢᠳᠪᠤᠷᠢᠯᠠᠬᠦ ᠠᠵᠢᠯ ᠤᠨ ᠪᠦᠬᠦᠶᠢᠯᠠ ᠲᠦᠪᠰᠢᠨ ᠤ ᠲᠠᠭᠡᠭᠰᠢᠯᠠᠯᠳᠠ ᠶᠢ ᠪᠠᠳᠤᠯᠠᠬᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号