ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨᠶᠡᠭᠡ ᠬᠤᠷᠠᠯ ᠤᠨ ᠲᠦᠷᠪᠠᠳᠤᠭᠡᠷ ᠤᠳᠠᠭᠠᠨ ᠤ ᠬᠤᠷᠠᠯᠳᠤᠭᠠᠨ ᠤ ᠲᠦᠯᠦᠬᠡᠯᠡᠭᠴᠢᠳ | ᠤᠨᠰᠠᠨᠠᠭᠤᠯᠭᠠ ᠰᠢᠬᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠮᠠᠳᠠᠬᠦᠯᠦᠯᠳᠠ | | ︵2016 ᠤᠨ ᠤ 1 ᠰᠠᠷ᠎ᠠ︶ | | ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ | ᠲᠦᠯᠦᠭᠡᠯᠡᠭᠴᠢᠳ ᠡ᠄ | ᠬᠤᠰᠢᠭᠤᠨ ᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠤᠳᠤ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠤᠳᠠᠭᠠᠨ ᠤ ᠬᠤᠷᠠᠯᠳᠤᠭᠠᠨ | ᠤ ᠲᠦᠯᠦᠭᠡᠯᠡᠭᠴᠢᠳ ᠤᠨ ᠰᠠᠨᠠᠭᠤᠯᠭ᠎ᠠ ᠰᠢᠬᠦᠮᠵᠢᠯᠠᠯ ᠪᠠ ᠰᠠᠨᠠᠯ ︵ᠲᠤᠤᠷ᠎ᠠ ᠲᠦᠬᠦᠮᠴᠢᠯᠠᠭᠡᠳ ᠰᠠᠨᠠᠭᠤᠯᠭ᠎ᠠ ᠬᠡᠨ᠎ᠡ︶ | ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠮᠡᠳᠡᠬᠦᠯᠦᠯᠲᠠ ᠬᠢᠶ᠎ᠡ᠃ | 2015 ᠤᠨ ᠳᠤ ᠬᠤᠰᠢᠭᠤᠨ ᠤ ᠵᠠᠰᠠᠭ ᠤᠨ ᠣᠷᠳᠣᠨ ᠨᠢ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ ᠨᠠᠶᠢᠳᠠ 119 ᠵᠦᠢᠯ | ᠬᠤᠷᠢᠶᠠᠨ ᠣᠯᠪᠠ᠃ ᠠᠭᠤᠯᠭ᠎ᠠ ᠪᠠᠷ ᠨᠢ ᠵᠢᠷᠭᠤᠭᠠᠨ ᠲᠦᠷᠦᠯ ᠬᠤᠪᠢᠶᠠᠵᠡᠢ᠄ ᠲᠠᠷᠢᠶᠠᠯᠠᠩ᠂ ᠣᠢ ᠰᠢᠭᠤᠢ᠂ ᠣᠰᠣᠨ | ᠠᠰᠢᠭᠯᠠᠯᠲᠠ ᠶᠢᠨ ᠲᠠᠯ᠎ᠡ ᠶᠢᠨ 20 ᠵᠦᠢᠯ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠲᠠᠯ᠎ᠠ ᠶᠢᠨ 26 ᠵᠦᠢᠯ᠂ | ᠰᠢᠨᠵᠢᠯᠡᠬᠦ ᠮᠡᠷᠭᠡᠵᠢᠯ᠂ ᠰᠣᠶᠣᠯ ᠰᠣᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠲᠠᠯ᠎ᠠ ᠶᠢᠨ 25 ᠵᠦᠢᠯ᠂ ᠡᠳ᠋ ᠤᠨ | ᠵᠠᠰᠠᠭ᠂ ᠪᠠᠩᠬᠢ᠂ ᠢᠳᠡᠭᠡᠮᠵᠢ ᠶᠢᠨ ᠲᠠᠯ᠎ᠠ ᠶᠢᠨ 11 ᠵᠦᠢᠯ᠂ ᠬᠤᠲᠠ ᠶᠢᠨ ᠪᠦᠲᠦᠭᠡᠨ ᠪᠠᠶᠢᠭᠤᠯᠣᠯᠲᠠ | ᠬᠠᠮᠢᠶᠠᠷᠣᠯᠲᠠ ᠶᠢᠨ ᠲᠠᠯ᠎ᠠ ᠶᠢᠨ 17 ᠵᠦᠢᠯ᠂ ᠪᠣᠰᠣᠳ ᠲᠠᠯ᠎ᠠ ᠶᠢᠨ 20 ᠵᠦᠢᠯ᠂ ᠲᠣᠰᠪᠣᠷᠢ ᠰᠠᠨᠠᠭᠤᠯᠭ᠎ᠠ ᠶᠢᠨ | ᠶᠡᠷᠦᠩᠬᠡᠢ ᠲᠣᠭᠠᠨ ᠤ 16.8%᠂ 21.8%᠂ 21%᠂ 9.2%᠂ 14.4%᠂ 16.8% ᠶᠢ ᠡᠵᠡᠯᠡᠨ᠎ᠡ᠃ | ᠡᠳᠡᠭᠡᠷ ᠰᠠᠨᠠᠭᠤᠯᠭ᠎ᠠ ᠨᠢ ᠡᠯ᠎ᠡ ᠳᠠᠭᠠᠭᠠᠨ ᠬᠠᠷᠢᠭᠤᠴᠠᠬᠤ ᠨᠢᠭᠡᠴᠡ ᠶᠢᠨ ᠬᠠᠮᠲᠣ ᠶᠢᠨ ᠴᠢᠷᠮᠠᠶᠢᠯᠭ᠎ᠠ ᠳᠣᠣᠷ᠎ᠠ᠂ | ᠣᠳᠣ ᠨᠢᠭᠡᠨᠲᠡ ᠪᠦᠬᠦᠨ ᠢ ᠬᠠᠷᠢᠭᠤᠯᠵᠣ ᠳᠠᠭᠤᠰᠪᠠ᠃ ᠰᠠᠨᠠᠭᠤᠯᠭ᠎ᠠ ᠳᠤ ᠳᠣᠷᠠᠳᠣᠭᠰᠠᠨ ᠠᠰᠠᠭᠤᠳᠠᠯ ᠢ ᠨᠢᠭᠡᠨᠲᠡ | ᠰᠢᠢᠳᠪᠤᠷᠢᠯᠡᠭᠰᠡᠨ ᠪᠣᠶᠦ ᠦᠨᠳᠦᠰᠦᠨ ᠳᠡᠭᠡᠨ ᠰᠢᠢᠳᠪᠦᠷᠢᠯᠡᠭᠰᠡᠨ 47 ᠵᠦᠢᠯ᠂ ᠶᠡᠷᠦᠭᠬᠡᠢ ᠲᠣᠭᠠᠨ ᠤ 39.5% ᠶᠢ | ᠡᠵᠡᠯᠡᠨ᠎ᠡ︔ ᠰᠠᠨᠠᠭᠤᠯᠭ᠎ᠠ ᠳᠤ ᠳᠣᠷᠠᠳᠣᠭᠰᠠᠨ ᠠᠰᠠᠭᠤᠳᠠᠯ ᠢ ᠶᠠᠭ ᠰᠠᠶ᠋ᠢᠬᠠᠨ ᠰᠢᠢᠳᠪᠦᠷᠢᠯᠡᠵᠦ ᠪᠠᠶᠢᠭ᠎ᠠ 50 ᠵᠦᠢᠯ | ᠂ ᠰᠠᠨᠠᠭᠤᠯᠭ᠎ᠠ ᠶᠢᠨ ᠶᠡᠷᠦᠩᠬᠡᠢ ᠲᠣᠭᠠᠨ ᠤ 42% ᠶᠢ ᠡᠵᠡᠯᠡᠨ᠎ᠡ︔ ᠰᠠᠨᠠᠭᠤᠯᠭ᠎ᠠ ᠳᠤ ᠳᠣᠷᠠᠳᠣᠭᠰᠠᠨ ᠠᠰᠠᠭᠤᠳᠠᠯ | ᠨᠢ ᠣᠳᠣᠬᠠᠨ ᠤ ᠨᠦᠬᠦᠴᠡᠯ ᠤᠨ ᠬᠢᠵᠠᠭᠠᠷᠯᠠᠯ ᠠᠴᠠ ᠵᠦᠪᠬᠡᠨ ᠰᠡᠭᠦᠯᠡᠷ ᠰᠢᠢᠳᠪᠦᠷᠢᠯᠡᠬᠦ 19 ᠵᠦᠢᠯ᠂ ᠶᠡᠷᠦᠩᠬᠡᠢ | ᠲᠣᠭᠠᠨ ᠤ 16% ᠶᠢ ᠡᠵᠡᠯᠡᠨ᠎ᠡ︔ ᠰᠠᠨᠠᠭᠤᠯᠭ᠎ᠠ ᠳᠤ ᠳᠣᠷᠠᠳᠣᠭᠰᠠᠨ ᠠᠰᠠᠭᠤᠳᠠᠯ ᠢ ᠬᠤᠰᠢᠭᠤᠨ ᠱᠠᠳᠤ ᠳᠤ | ᠲᠠᠪᠬᠤᠷᠳᠠᠨ ᠪᠠᠶᠢᠭᠤᠯᠬᠤ ᠳᠤ ᠪᠠᠭᠲᠠᠬᠤ ᠪᠣᠶᠣ ᠣᠯᠣᠰ ᠤᠨ ᠣᠳᠣᠬᠠᠨ ᠤ ᠶᠠᠪᠣᠭᠳᠠᠭᠤᠯᠵᠦ ᠪᠠᠶᠢᠬᠤ ᠬᠠᠮᠢᠶ᠎ᠠ | ᠪᠦᠬᠦᠢ ᠲᠦᠷᠦ ᠶᠢᠨ ᠪᠣᠳᠣᠯᠭ᠎ᠠ ᠲᠤᠬᠳᠠᠭᠠᠯ ᠲᠠᠢ ᠨᠡᠶᠢᠴᠡᠬᠦ ᠦᠭᠡᠢ ᠲᠦᠷ ᠴᠠᠭ ᠰᠢᠳᠪᠦᠷᠢᠯᠡᠵᠦ ᠳᠡᠶᠢᠯᠬᠦ ᠦᠭᠡᠢ 3 | ᠵᠦᠢᠯ ᠪᠠᠶᠢᠵᠦ᠂ ᠶᠡᠷᠦᠩᠬᠡᠢ ᠲᠣᠭᠠᠨ ᠤ 2.5% ᠶᠢ ᠡᠵᠡᠯᠡᠨ᠎ᠡ᠃ ᠬᠠᠷᠢᠭᠤ ᠲᠣᠰᠬᠠᠯ ᠤᠨ ᠪᠠᠶᠢᠳᠠᠯ ᠠᠴᠠ | ᠦᠵᠡᠪᠡᠯ᠂ ᠲᠦᠯᠦᠭᠡᠯᠡᠭᠴᠢᠳ ᠰᠢᠳᠪᠦᠷᠢᠯᠡᠭᠰᠡᠨ ᠪᠠᠶᠢᠳᠠᠯ ᠳᠤ ᠬᠠᠨᠣᠮᠵᠢᠲᠠᠢ ᠪᠠᠶᠢᠬᠤ ᠪᠣᠶᠣ ᠦᠨᠳᠦᠰᠦᠨ ᠳᠡᠭᠡᠨ | ᠬᠠᠨᠣᠮᠵᠢᠲᠠᠢ ᠪᠠᠶᠢᠨ᠎ᠠ᠃ | | ᠨᠢᠭᠡ᠂ ᠰᠠᠨᠠᠭᠤᠯᠭ᠎ᠠ ᠶᠢ ᠰᠢᠢᠳᠪᠤᠷᠢᠯᠡᠭᠰᠡᠨ ᠪᠠᠶᠢᠳᠠᠯ | | ︵ᠨᠢᠭᠡ︶ ᠨᠢᠭᠡᠨᠲᠡ ᠰᠢᠢᠳᠪᠦᠷᠢᠯᠡᠭᠰᠡᠨ ᠪᠣᠶᠣ ᠦᠨᠳᠦᠰᠦᠨ ᠳᠡᠭᠡᠨ ᠰᠢᠢᠳᠪᠤᠷᠢᠯᠡᠭᠰᠡᠨ 47 ᠵᠦᠢᠯ᠂ | ᠵᠢᠱᠢᠶᠡᠯᠡᠪᠡᠯ᠄ | ᠭᠤᠸᠠᠩ ᠳ᠋ᠧ ᠭᠥᠩ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠯᠢᠥ ᠭᠦᠸᠧ ᠵᠧᠩ | ᠲᠦᠯᠦᠭᠡᠯᠡᠭᠴᠢ ᠶᠢᠨ ᠳᠣᠷᠠᠳᠣᠭᠰᠠᠨ ︽ᠬᠦᠳᠡᠭᠡ ᠲᠣᠰᠬᠤᠨ ᠤ ᠰᠣᠶᠣᠯ ᠲᠠᠮᠢᠷ ᠤᠨ ᠬᠦᠳᠡᠯᠭᠡᠭᠡᠨ ᠤ ᠲᠠᠯᠠᠪᠠᠢ ᠶᠢ | ᠪᠠᠶᠢᠭᠤᠯᠬᠤ ᠳᠣᠬᠠᠢ ᠰᠠᠨᠠᠭᠤᠯᠭ᠎ᠠ︾᠂ ᠣᠷᠴᠢᠮ ᠤᠨ ᠵᠢᠯ ᠠᠴᠠ ᠨᠠᠰᠢ ᠬᠦᠳᠡᠭᠡ ᠲᠣᠰᠬᠤᠨ ᠮᠠᠯᠵᠢᠬᠤ ᠣᠷᠣᠨ ᠤ | ᠤᠶᠤᠨ ᠤ ᠪᠣᠯᠪᠠᠰᠣᠨ ᠤ ᠪᠠᠶᠢᠭᠤᠯᠣᠯᠲᠠ ᠶᠢᠨ ᠳᠠᠰᠦᠷᠠᠯᠲᠠ ᠦᠭᠡᠢ ᠬᠦᠭᠵᠢᠬᠦ ᠶᠢ ᠳᠠᠭᠠᠯᠳᠣᠨ᠂ ᠮᠠᠯᠴᠢᠨ | ᠲᠠᠷᠢᠶᠠᠴᠢᠨ ᠤ ᠭᠡᠷ ᠤᠨ ᠭᠠᠳᠠᠨᠠᠬᠢ ᠬᠦᠳᠡᠯᠭᠡᠭᠡᠨ ᠤ ᠲᠠᠯᠠᠪᠠᠢ ᠶᠢᠨ ᠬᠡᠷᠡᠭᠴᠡᠭᠡ ᠶᠠᠪᠣᠬᠤ ᠲᠣᠳᠣᠮ ᠲᠣᠯᠭᠠᠮᠡ ᠪᠣᠯᠪᠠ | ᠃2015 ᠣᠨ ᠳᠤ ᠬᠤᠰᠢᠭᠤᠨ ᠤ ᠵᠡᠰᠠᠭ ᠤᠨ ᠣᠷᠳᠣᠨ ︽ᠠᠷᠪᠠ ᠶᠢ ᠪᠦᠷᠬᠦᠬᠦᠯᠬᠦ︾ ᠢᠨᠵᠧᠨ᠋ᠷᠢᠭ ᠲᠠᠢ | ᠣᠶᠠᠯᠳᠣᠭᠤᠯᠵᠦ᠂ 1321 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠪᠦᠬᠦ ᠬᠤᠰᠢᠭᠤᠨ ᠤ ᠬᠡᠪᠴᠢᠶᠡᠨ ᠳᠤ | ᠳᠣᠰᠬᠤᠨ ᠤ ᠱᠠᠳᠣᠨ ᠤ ᠭᠡᠷ ᠤᠨ ᠭᠠᠳᠠᠨᠠᠬᠢ ᠬᠦᠳᠡᠯᠭᠡᠭᠡᠨ ᠤ ᠠᠭᠤᠳᠠᠮ ᠲᠠᠯᠠᠪᠠᠢ18 ᠲᠦᠮᠡᠨ ᠲᠡᠭᠰᠢ | ᠳᠦᠷᠪᠡᠯᠵᠢᠨ ᠮᠧᠲᠷ ᠬᠠᠲᠠᠭᠤᠷᠠᠭᠤᠯᠵᠦ᠂184 ᠳᠣᠰᠬᠤᠨ ᠤ ᠠᠭᠤᠳᠠᠮ ᠲᠠᠯᠠᠪᠠᠢ ᠳᠤ ᠵᠤᠭ᠎ᠠ ᠴᠡᠩᠬᠡᠯ ᠢᠶᠠᠷ ᠪᠡᠶ᠎ᠡ | ᠮᠠᠬᠠᠪᠣᠳ ᠢᠶᠠᠨ ᠪᠣᠯᠪᠠᠰᠣᠷᠠᠭᠤᠯᠬᠤ ᠬᠡᠷᠡᠭᠰᠡᠯ ᠲᠠᠭᠠᠷᠠᠭᠤᠯᠣᠨ ᠦᠭᠴᠦ᠂ ᠮᠠᠯᠴᠢᠨ ᠲᠠᠷᠢᠶᠠᠴᠢᠨ ᠤ ᠵᠤᠭ᠎ᠠ ᠴᠡᠩᠬᠡᠯ | ᠢᠶᠠᠷ ᠪᠡᠶ᠎ᠡ ᠮᠠᠬᠠᠪᠣᠳ ᠢᠶᠠᠨ ᠪᠣᠯᠪᠠᠰᠣᠷᠠᠭᠤᠯᠬᠤ ᠲᠠᠯᠠᠪᠠᠢ ᠦᠭᠡᠢ ᠠᠰᠠᠭᠤᠳᠠᠯ ᠢ ᠦᠨᠳᠦᠰᠦᠨ ᠳᠡᠭᠡᠨ ᠰᠢᠳᠪᠦᠷᠢᠯᠡᠵᠠᠢ | ᠃ | ᠭᠡᠷᠰᠡᠭ ᠰᠣᠮᠣ ᠶᠢᠨ ᠲᠦᠯᠦᠭᠡᠯᠡᠭᠴᠢ ᠶᠢᠨ ᠪᠦᠯᠬᠦᠮ ᠤᠨ ᠰᠡᠴᠡᠨ ᠲᠦᠯᠦᠭᠡᠯᠡᠭᠴᠢ ᠶᠢᠨ ᠳᠣᠷᠠᠳᠣᠭᠰᠠᠨ ︽ | ᠲᠠᠷᠢᠶᠠᠯᠠᠩ ᠤᠨ ᠴᠠᠬᠢᠯᠭᠠᠨ ᠤ ᠲᠣᠣᠷᠵᠢᠯ ᠢ ᠥᠭᠡᠷᠡᠴᠢᠯᠡᠬᠦ ᠬᠦᠴᠦᠯᠡᠴᠡ ᠪᠠᠨ ᠴᠢᠩᠭᠠᠳᠬᠠᠵᠦ ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠠᠬᠦ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠣᠬᠠᠢ ᠰᠠᠨᠠᠭᠤᠯᠭ᠎ᠠ︾᠂ | ᠲᠠᠷᠢᠶᠠᠯᠠᠩ ᠤᠨ ᠴᠠᠬᠢᠯᠭᠠᠨ ᠤ ᠲᠣᠣᠷᠵᠢᠯ ᠢ ᠦᠬᠡᠷᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠡᠬᠦ ᠴᠢᠨᠡᠷ ᠴᠢᠨᠰᠠᠭ᠎ᠠ ᠶᠢ ᠰᠠᠶᠢᠵᠢᠷᠠᠭᠤᠯᠬᠤ ᠪᠣᠯ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠳᠡᠭᠡᠭᠰᠢᠯᠡᠭᠦᠯᠬᠦ ᠴᠢᠬᠤᠯᠠ ᠡᠯᠧᠮᠧᠨ᠋ᠲ ᠪᠣᠯᠣᠨ᠎ᠠ᠃ ᠣᠷᠴᠢᠮ ᠤᠨ ᠵᠢᠯ | ᠠᠴᠠ ᠨᠠᠰᠢ᠂ ᠬᠤᠰᠢᠭᠤᠨ ᠤ ᠵᠠᠰᠠᠭ ᠤᠨ ᠣᠷᠳᠣᠨ ᠴᠠᠬᠢᠯᠭᠠᠨ ᠬᠡᠷᠡᠭᠯᠠᠬᠦ ᠳᠠᠭᠠᠭᠠᠴᠠ ᠶᠢᠨ ᠪᠤᠳᠠᠳᠠᠢ ᠲᠠᠢ | ᠣᠶᠠᠯᠳᠣᠭᠤᠯᠵᠣ᠂ ᠴᠠᠶᠢᠳᠠᠮ ᠠᠴᠠ ᠰᠢᠨᠠᠰᠦ᠋ᠮ᠎ᠠ ᠬᠦᠷᠬᠦ 66 ᠺᠢᠯᠣᠸᠣᠯᠲ ᠶᠢᠨ ᠴᠠᠬᠢᠯᠭᠠᠨ ᠬᠦᠷᠭᠡᠬᠦ ᠱᠣᠭᠤᠮ ᠪᠠ | ᠭᠡᠷᠰᠡᠭ ᠤᠨ66 ᠺᠢᠯᠣᠸᠣᠯᠲ ᠶᠢᠨ ᠬᠦᠴᠦᠳᠡᠯ ᠬᠤᠪᠢᠷᠠᠭᠤᠯᠬᠤ ᠦᠷᠳᠡᠭᠡ ᠶᠢ ᠪᠠᠶᠢᠭᠤᠯᠵᠠᠢ᠃10 ᠺᠢᠯᠣᠸᠣᠯᠲ | ᠶᠢᠨ ᠴᠠᠬᠢᠯᠭᠠᠨ ᠲᠦᠭᠡᠭᠡᠬᠦ ᠱᠣᠭᠤᠮ 120 ᠢᠯᠠᠭᠦᠦ ᠺᠢᠯᠦᠮᠧᠲᠷ ᠰᠢᠨ᠎ᠡ ᠪᠠᠷ ᠵᠠᠰᠠᠵᠠᠢ᠃ ᠭᠡᠷᠰᠡᠭ ᠰᠣᠮᠣ ᠶᠢᠨ | ᠬᠠᠷᠠᠮᠣᠳᠣ ᠭᠠᠴᠠᠭ᠎ᠠ ᠵᠡᠷᠭᠡ 12 ᠳᠣᠣᠷ᠎ᠠ ᠳᠠᠷᠣᠯᠲᠠ ᠶᠢᠨ ᠤᠷᠤᠨ ᠳᠤ ᠲᠤᠤᠷ᠎ᠠ ᠲᠠᠷᠤᠯᠳᠠ ᠶᠢᠨ ᠦᠭᠡᠷᠡᠴᠢᠯᠡᠯᠲᠡ | ᠬᠢᠵᠣ᠂ ᠰᠠᠭᠤᠭᠠᠯᠢ ᠠᠷᠠᠳ ᠤᠨ ᠰᠢᠨ᠎ᠠ ᠪᠠᠷ ᠨᠡᠮᠡᠭᠳᠡᠵᠣ ᠪᠠᠶᠢᠬᠤ ᠤᠶᠢᠯᠠᠳᠪᠤᠷᠢᠯᠠᠯ ᠠᠮᠢᠳᠣᠷᠠᠯ ᠤᠨ ᠴᠠᠬᠢᠯᠭᠠᠨ | ᠬᠡᠷᠡᠭᠯᠡᠬᠦ ᠱᠠᠭᠠᠷᠳᠠᠯᠭ᠎ᠠ ᠶᠢ ᠬᠠᠩᠭᠠᠪᠠ᠃ ᠥᠭᠡᠷᠡᠴᠢᠯᠡᠵᠦ ᠳᠡᠶᠢᠯᠦᠭᠡ ᠦᠭᠡᠢ ᠣᠷᠣᠨ ᠢ2016 ᠣᠨ ᠳᠤ ᠪᠦᠬᠦᠨ | ᠢ ᠦᠬᠡᠷᠡᠴᠢᠯᠡᠵᠦ ᠳᠠᠭᠤᠰᠬᠠᠨ᠎ᠠ᠃ ᠴᠠᠬᠢᠯᠭᠠᠨ ᠲᠦᠬᠡᠬᠡᠬᠦ ᠳᠦᠬᠦᠭᠡᠷᠦᠮᠵᠢ ᠶᠢᠨ ᠠᠵᠢᠯᠯᠠᠬᠤ ᠬᠠᠮᠢᠶᠠᠷᠣᠯᠲᠠ ᠶᠢ | ᠣᠯᠠᠮ ᠨᠢᠭᠡ ᠠᠯᠬᠤᠮ ᠳᠦᠷᠢᠮᠵᠢᠭᠦᠯᠦᠨᠠ᠃ ᠳᠣᠭᠳᠠᠭᠰᠠᠨ ᠬᠤᠭᠤᠴᠠᠭ᠎ᠠ ᠲᠠᠢ ᠪᠠᠷ ᠳᠦᠬᠦᠭᠡᠷᠦᠮᠵᠢ ᠶᠢ | ᠪᠠᠶᠢᠴᠠᠭᠠᠵᠣ᠂ ᠭᠡᠮ ᠰᠣᠭᠤᠭ ᠲᠠᠢ ᠪᠣᠯ ᠳᠠᠷᠣᠢ ᠳᠤᠨᠢ ᠠᠷᠢᠯᠭᠠᠵᠣ᠂ ᠴᠠᠬᠢᠯᠭᠠᠨ ᠲᠣᠣᠷ ᠤᠨ ᠠᠶᠣᠯᠭᠦᠢ ᠪᠠᠷ | ᠴᠠᠬᠢᠯᠭᠠᠨ ᠬᠠᠩᠭᠠᠬᠤ ᠶᠢ ᠪᠠᠲᠣᠯᠠᠪᠠ᠃ ᠡᠭᠦᠨ ᠤ ᠵᠡᠷᠭᠡᠪᠡᠷ ᠵᠢᠯ ᠪᠦᠷᠢ ᠶᠢᠨ 6 ᠰᠠᠷ᠎ᠠ ᠠᠴᠠ 9 ᠰᠠᠷ᠎ᠠ ᠬᠦᠷᠳᠡᠯᠬᠢ | ᠴᠠᠬᠢᠯᠭᠠᠨ ᠬᠡᠷᠡᠭᠯᠡᠬᠦ ᠣᠷᠭᠢᠯ ᠤᠨ ᠦᠶᠡᠰ᠂ ᠴᠠᠬᠢᠯᠭᠠᠨ ᠬᠠᠭᠠᠯᠲᠠ ᠶᠢ ᠳᠠᠲᠠᠬᠤ ᠶᠢ ᠳᠡᠰ ᠳᠠᠷᠠᠭᠠᠯᠠᠯ ᠲᠠᠢ | ᠶᠠᠪᠣᠭᠳᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠴᠠᠬᠢᠯᠭᠠᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠬᠠᠮᠤᠭ ᠶᠡᠭᠡ ᠬᠡᠮᠵᠢᠶ᠎ᠠ ᠪᠠᠷ ᠬᠠᠩᠭᠠᠪᠠ᠃ | ᠪᠠᠶᠠᠨᠳᠣᠬᠤᠢ ᠰᠣᠮᠣ ᠶᠢᠨ ᠲᠦᠯᠦᠬᠡᠯᠡᠭᠴᠢ ᠶᠢᠨ ᠪᠦᠯᠬᠦᠮ ᠤᠨ ᠽᠸᠦ ᠵᠢᠢ ᠮᠢᠩ ᠲᠦᠯᠦᠭᠡᠯᠡᠭᠴᠢ ᠶᠢᠨ | ᠳᠣᠷᠠᠳᠣᠭᠰᠠᠨ ︽ᠪᠠᠶᠠᠨᠳᠣᠬᠤᠢ ᠰᠣᠮᠣ ᠶᠢᠨ ᠡᠾᠸᠢ ᠢᠣᠢ ᠫᠣᠣᠽ᠂ ᠰᠢᠶᠠᠩ ᠱᠦᠢ ᠭᠠᠴᠠᠭ᠎ᠠ ᠶᠢᠨ ᠨᠡᠶᠢᠲᠠᠮ | ᠨᠡᠪᠲᠠᠷᠡᠬᠦ ᠴᠢᠮᠡᠭᠡ ᠬᠤᠯᠪᠤᠭ᠎ᠠ ᠶᠢᠨ ᠪᠠᠶᠢᠭᠤᠯᠤᠯᠲᠠ ᠶᠢᠨ ᠳᠣᠬᠠᠢ ᠰᠠᠨᠠᠭᠤᠯᠭ᠎ᠠ︾᠂ 2015 ᠣᠨ ᠳᠤ᠂ ᠳᠣᠮᠳᠠᠳᠣ | ᠣᠯᠣᠰ ᠤᠨ ᠨᠢᠭᠡᠲᠦᠮᠡᠯ ᠬᠤᠯᠪᠣᠭ᠎ᠠ ᠶᠢᠨ ᠣᠩᠨᠢᠭᠤᠳ ᠬᠤᠰᠢᠭᠤᠨ ᠤ ᠬᠤᠪᠢᠶᠠᠷᠢ ᠺᠣᠮᠫᠠᠨᠢ ᠨᠢ ᠪᠠᠶᠠᠨᠳᠣᠬᠤᠢ ᠰᠣᠮᠣ | ᠶᠢᠨ ᠡᠾᠸᠢ ᠢᠣᠢ ᠫᠤᠤᠽᠢ ᠭᠠᠴᠠᠭ᠎ᠠ᠂ ᠰᠢᠶᠠᠩ ᠱᠦᠢ ᠭᠠᠴᠠᠭ᠎ᠠ ᠶᠢᠨ ᠨᠡᠶᠢᠲᠠᠮ ᠨᠡᠪᠲᠡᠷᠡᠬᠦ ᠴᠢᠮᠡᠭᠡ ᠬᠤᠯᠪᠤᠭ᠎ᠠ | ᠶᠢᠨ ᠪᠠᠶᠢᠭᠤᠯᠣᠯᠲᠠ ᠶᠢᠨ ᠲᠦᠷᠦᠯ ᠵᠦᠢᠯ ᠢ ᠲᠦᠯᠦᠪᠯᠡᠭᠡ ᠶᠢᠨ ᠲᠦᠷᠦᠯ ᠵᠦᠢᠯ ᠳᠤ ᠣᠷᠣᠭᠤᠯᠵᠣ᠂ ᠤᠳᠤ | ᠨᠢᠭᠡᠨᠳᠠ ᠨᠡᠶᠢᠲᠠᠮ ᠨᠡᠪᠲᠠᠷᠡᠬᠦ ᠴᠢᠮᠡᠭᠡ ᠬᠤᠯᠪᠤᠭ᠎ᠠ ᠶᠢᠨ ᠳᠤᠰᠬᠤᠨ ᠤ ᠲᠦᠷᠦᠯ ᠵᠦᠢᠯ ᠤᠨ ᠪᠠᠶᠢᠭᠤᠯᠤᠯᠲᠠ ᠶᠢ | ᠪᠠᠷᠠᠭᠠᠪᠠ᠃ | ᠪᠠᠶᠠᠨᠳᠤᠬᠤᠢ ᠰᠤᠮᠤ ᠶᠢᠨ ᠲᠦᠯᠦᠭᠡᠯᠡᠭᠴᠢ ᠶᠢᠨ ᠪᠦᠯᠬᠦᠮ ᠤᠨ ᠰᠠᠷᠠᠨ᠎ᠠ ᠵᠩᠡ11 ᠲᠦᠯᠦᠭᠡᠯᠡᠭᠴᠢ ᠶᠢᠨ | ᠲᠤᠷᠠᠳᠤᠭᠰᠠᠨ ︽ᠬᠡᠰᠡᠭ ᠪᠦᠯᠦᠭ ᠰᠤᠮᠤ ᠪᠠᠯᠭᠠᠰᠤ ᠶᠢᠨ ᠦᠨᠳᠤᠰᠤᠲᠠᠨ ᠤ ᠰᠤᠷᠭᠠᠨ ᠬᠦᠮᠦᠵᠢᠯ ᠤᠨ ᠵᠢᠭᠠᠨ | ᠰᠤᠷᠭᠠᠬᠤ ᠤᠷᠴᠢᠨ ᠢ ᠰᠠᠶᠢᠵᠢᠷᠠᠭᠤᠯᠬᠤ ᠲᠤᠬᠠᠢ ᠰᠠᠨᠠᠭᠤᠯᠭ᠎ᠠ︾᠂ ᠬᠤᠰᠢᠭᠤᠨ ᠤ ᠵᠠᠰᠠᠭ ᠤᠨ ᠤᠷᠲᠤᠨ | ᠦᠨᠳᠤᠰᠦᠲᠠᠨ ᠤ ᠰᠤᠷᠭᠠᠨ ᠬᠦᠮᠦᠵᠢᠯ ᠤᠨ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠤ᠂ | ᠰᠤᠷᠭᠠᠭᠤᠯᠢ ᠡᠷᠬᠢᠯᠡᠬᠦ ᠨᠦᠬᠦᠴᠡᠯ᠂ ᠪᠠᠭᠰᠢᠯᠠᠴᠢᠳ ᠢ ᠲᠦᠬᠢᠷᠠᠭᠤᠯᠬᠤ ᠲᠠᠯ᠎ᠠ ᠪᠠᠷ ᠴᠦᠮ ᠤᠷᠢᠲᠠᠪᠠᠷ ᠪᠤᠳᠤᠯᠬᠢᠯᠠᠪᠠ | ᠃ ᠤᠷᠴᠢᠮ ᠤᠨ ᠵᠢᠯ ᠳᠤ ᠨᠡᠶᠢᠲᠠ178 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠪᠠᠲᠠᠤᠳᠤᠬᠠᠢ ᠰᠤᠮᠤ ᠶᠢᠨ | ᠮᠤᠩᠭᠤᠯ ᠪᠠᠭ᠎ᠠ ᠰᠤᠷᠭᠠᠭᠤᠯᠢ ᠶᠢᠨ ᠤᠷᠤᠨ ᠰᠠᠭᠤᠴᠠ ᠶᠢ ᠰᠢᠨ᠎ᠠ ᠪᠠᠷ ᠦᠷᠭᠡᠳᠬᠡᠨ ᠪᠠᠶᠢᠭᠤᠯᠪᠠ᠃ ᠦᠤᠳᠦᠰᠦᠲᠡᠨ | ᠤ ᠰᠤᠷᠭᠠᠨ ᠬᠦᠮᠦᠵᠢᠯ ᠤᠨ ᠵᠠᠷᠤᠲᠠᠯ ᠤᠨ ᠵᠤᠭᠤᠰ30 ᠲᠦᠮᠡᠨ ᠲᠦᠭᠦᠷᠢᠭ ᠪᠠᠭᠤᠯᠭᠠᠵᠤ᠂ ᠦᠨᠳᠦᠰᠦᠲᠡᠨ ᠤ | ᠰᠤᠷᠭᠠᠨ ᠬᠦᠮᠦᠵᠢᠯ ᠤᠨ ᠲᠦᠬᠦᠭᠡᠷᠦᠮᠵᠢ ᠬᠤᠲᠠᠯᠲᠤᠨ ᠠᠪᠤᠪᠠ᠃ ᠡᠭᠦᠨ ᠤ ᠵᠡᠷᠭᠡᠪᠡᠷ᠂ ᠦᠨᠳᠦᠰᠦᠲᠡᠨ ᠤ ᠰᠤᠷᠭᠠᠨ | ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠨᠢᠬᠡ ᠠᠯᠬᠤᠮ ᠰᠢᠯᠢᠲᠡᠭᠵᠢᠭᠦᠯᠬᠦ ᠶᠢᠨ ᠲᠦᠯᠦᠬᠡ᠂ ︽ | ᠤᠡᠭᠨᠢᠭᠤᠳ ᠬᠤᠰᠢᠭᠤᠨ ᠤ ᠶᠠᠳᠠᠭᠤ ᠬᠦᠴᠢᠷᠲᠠᠢ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠦᠨᠳᠦᠰᠦᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠲᠦᠯᠦᠪᠵᠢᠬᠦᠯᠭᠡ ︵ | 2014-2018 ᠤᠨ︶︾ ᠶᠢ ᠦᠨᠳᠤᠰᠤᠯᠠᠵᠤ᠂ 2015 ᠤᠨ ᠳᠤ134 ᠲᠦᠮᠠᠨ ᠲᠦᠬᠦᠷᠢᠭ ᠪᠠᠯᠠ | ᠤᠷᠤᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠬᠤ ᠪᠠᠭᠠᠵᠢ ᠬᠡᠷᠡᠭᠰᠡᠯ ᠢ ᠰᠠᠶᠢᠵᠢᠷᠠᠭᠤᠯᠬᠤ ᠳᠤ ᠬᠡᠷᠡᠭᠯᠠᠵᠤ᠂ | ᠲᠤᠳᠠᠬᠳᠠᠬᠤ ᠪᠠᠶᠢᠬᠤ ᠬᠢᠴᠢᠶᠠᠯ ᠲᠦᠷᠦᠯ ᠤᠨ ᠪᠠᠭᠰᠢ ᠶᠢ ᠲᠤᠬᠢᠷᠠᠭᠤᠯᠵᠤ ᠦᠭᠪᠠ᠃ | ᠬᠠᠶᠢᠯᠠᠰᠤ ᠪᠠᠯᠭᠠᠰᠤ ᠶᠢᠨ ᠲᠦᠯᠦᠭᠡᠯᠡᠭᠴᠢ ᠶᠢᠨ ᠪᠦᠯᠬᠦᠮ ᠤᠨ ᠸᠠᠩᠵᠢᠯ ᠲᠦᠯᠦᠭᠡᠯᠡᠭᠴᠢ ᠶᠢᠨ | ᠲᠤᠷᠠᠳᠤᠬᠰᠠᠨ ︽2015 ᠤᠨ ᠤ ᠲᠤᠰᠬᠤᠨ ᠪᠦᠷᠢ ᠳᠤ ᠨᠠᠪᠳᠠᠷᠠᠬᠦ ᠢᠨᠵᠧᠨᠧᠷᠢᠭ ᠢ ᠲᠤᠰᠬᠤᠨ ᠳᠤ ᠪᠦᠷᠬᠦᠬᠦᠯᠬᠦ | ᠲᠤᠬᠠᠢ ᠰᠠᠨᠠᠭᠤᠯᠭ᠎ᠠ︾ ᠂ 2014 ᠤᠨ ᠳᠤ᠂ ᠪᠦᠬᠦ ᠬᠤᠰᠢᠭᠤᠨ ᠤ 38 ᠲᠤᠰᠬᠤᠨ ︽ᠠᠷᠪᠠ ᠶᠢ ᠪᠦᠷᠬᠦᠬᠦᠯᠬᠦ︾ | ᠶᠢ ᠪᠠᠶᠠᠯᠠᠬᠦᠯᠵᠠᠢ᠃ 2015 ᠤᠨ ᠳᠤ᠂ ᠬᠤᠰᠢᠭᠤᠨ ᠤ ᠵᠠᠰᠠᠭ ᠤᠨ ᠤᠷᠳᠤᠨ ︽ᠠᠷᠪᠠ ᠶᠢ ᠪᠦᠷᠬᠦᠬᠦᠯᠬᠦ︾ | ᠢᠨᠵᠧᠨᠧᠷᠢᠭ ᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠨ ᠲᠦᠯᠬᠢᠨ ᠠᠬᠢᠭᠤᠯᠵᠤ᠂ ᠪᠦᠬᠦ ᠬᠤᠰᠢᠭᠤᠨ | ᠳᠤ 133 ᠵᠠᠰᠠᠭ ᠵᠠᠬᠢᠷᠭᠠᠨ ᠤ ᠲᠤᠰᠬᠤᠨ ᠪᠠ 27 ᠡᠩ ᠤᠨ ᠲᠤᠰᠬᠤᠨ ᠳᠤ ︽ᠠᠷᠪᠠ ᠶᠢ ᠪᠦᠷᠬᠦᠬᠦᠯᠬᠦ︾ ᠶᠢ | ᠪᠠᠶᠠᠯᠠᠬᠦᠯᠪᠠ᠃ ᠡᠬᠦᠨ ᠳᠤ ᠤᠯᠠᠭᠠᠨᠵᠢᠳᠠᠭᠠᠢ ᠭᠠᠴᠠᠭ᠎ᠠ᠂ ᠬᠤᠶᠠᠷᠮᠤᠳᠤ ᠭᠠᠴᠠᠭ᠎ᠠ ᠨᠢᠭᠡᠨᠳᠡ ︽ᠠᠷᠪᠠ ᠶᠢ | ᠪᠦᠷᠬᠦᠬᠦᠯᠬᠦ︾ ᠶᠢ ᠪᠡᠶᠡᠯᠡᠭᠦᠯᠪᠡ᠃ ᠣᠳᠣᠬᠠᠨ ᠳᠤ᠂ ᠬᠠᠶᠢᠯᠠᠰᠣ ᠣᠷᠣᠨ ᠳᠤ ᠳᠣᠰᠬᠤᠨ ᠪᠣᠯᠭᠠᠨ ᠳᠤ ᠨᠡᠪᠲᠡᠷᠡᠬᠦ | ᠳᠦᠬᠦᠭᠡᠷᠦᠮᠵᠢ 800 ᠢᠯᠡᠭᠦᠦ ᠢᠵᠢ ᠲᠠᠷᠬᠠᠪᠠ᠂ ᠷᠠᠳᠢᠣ᠋ ᠲᠧᠯᠸᠢᠰ ᠳᠣᠰᠬᠤᠨ ᠪᠣᠯᠭᠠᠨ ᠳᠤ ᠨᠡᠪᠳᠡᠷᠡᠬᠦ | ᠢᠨᠵᠧᠨᠧᠷᠭ ᠢ ᠨᠢᠭᠡᠨᠳᠠ ᠬᠡᠷᠡᠭᠵᠢᠭᠦᠯᠵᠦ ᠳᠠᠭᠤᠰᠬᠠᠨ ᠵᠠᠬ᠎ᠠ ᠳᠡᠯᠭᠡᠭᠦᠷ ᠲᠤ ᠳᠦᠯᠬᠢᠨ ᠭᠠᠷᠭᠠᠪᠠ᠃ ᠳᠠᠷᠠᠭᠠᠴᠢ ᠶᠢᠨ | ᠠᠯᠬᠤᠮ ᠳᠤ ᠷᠠᠳᠢᠣ᠋ ᠲᠧᠯᠸᠢᠰ ᠤᠨ ᠰᠠᠯᠠᠭ᠎ᠠ ᠮᠦᠴᠢᠷ ᠬᠠᠶᠢᠯᠠᠰᠣ ᠂ ᠰᠢᠨᠡᠰᠦ᠋ᠮ᠎ᠡ ᠵᠡᠷᠭᠡ ᠣᠷᠣᠨ ᠳᠤ ᠣᠲᠠᠰᠣ | ᠦᠭᠡᠢ ᠭᠠᠵᠠᠷ ᠳᠡᠭᠡᠷᠡᠬᠢ ᠲᠣᠭᠠᠴᠠᠯᠠᠭᠰᠠᠨ ᠪᠦᠷᠬᠦᠬᠦ ᠥᠷᠲᠡᠭᠡ ᠶᠢ ᠤᠬᠰᠠᠷᠠᠬᠤ ᠪᠣᠯᠣᠨ᠎ᠠ᠂ ᠳᠣᠬᠠᠢ ᠶᠢᠨ ᠴᠠᠭ ᠲᠤ | ᠥᠷᠭᠡᠨ ᠣᠯᠠᠨ ᠬᠡᠷᠡᠭᠯᠡᠭᠴᠢᠳ ᠲᠦᠪ᠂ ᠦᠪᠡᠷᠲᠡᠭᠡᠨ ᠵᠠᠰᠠᠬᠤ ᠣᠷᠣᠨ᠂ ᠣᠯᠠᠭᠠᠨᠬᠠᠳᠠ ᠬᠤᠲᠠ᠂ ᠲᠣᠰ | ᠬᠤᠰᠢᠭᠤᠨ ᠤ ᠦᠪᠡᠷ ᠢᠶᠠᠨ ᠡᠷᠬᠢᠯᠡᠭᠰᠡᠨ ᠲᠧᠯᠸᠢᠰ ᠫᠷᠣᠭ᠍ᠷᠠᠮ ᠢ ᠬᠦᠯᠢᠶᠡᠨ ᠠᠪᠴᠦ ᠦᠵᠠᠵᠤ ᠪᠣᠯᠣᠨ᠎ᠠ᠃ | ᠦᠳᠡ ᠶᠢᠨ ᠬᠤᠸᠠ ᠪᠠᠯᠭᠠᠰᠣᠨ ᠤ ᠲᠦᠯᠦᠭᠡᠯᠡᠭᠴᠢ ᠶᠢᠨ ᠪᠦᠯᠬᠦᠮ ᠤᠨ ᠶᠠᠩ ᠵᠢᠶᠦ᠋ᠨ ᠵᠡᠷᠭᠡ | ᠲᠦᠯᠦᠭᠡᠯᠡᠭᠴᠢ ᠶᠢᠨ ᠳᠣᠷᠠᠳᠣᠭᠰᠠᠨ ︽ᠦᠳᠡ ᠶᠢᠨ ᠬᠤᠸᠠ ᠪᠠᠯᠭᠠᠰᠤ ᠶᠢ ᠰᠢᠬᠢᠷ ᠯᠤᠤᠪᠠᠩ ᠤᠨ ᠨᠤᠳᠤᠭ ᠪᠤᠯᠭᠠᠬᠤ | ᠲᠤᠬᠠᠢ ᠰᠠᠨᠠᠭᠤᠯᠭ᠎ᠠ︾ ᠂ ᠦᠳᠠ ᠶᠢᠨ ᠬᠤᠸᠠ ᠰᠢᠬᠢᠷ ᠯᠤᠤᠪᠠᠩ ᠤᠨ ᠠᠵᠦ ᠦᠢᠯᠡᠰ ᠤᠨ ᠬᠦᠭᠵᠢᠯᠲᠡ ᠶᠢ | ᠳᠡᠮᠵᠢᠬᠦ ᠶᠢᠨ ᠲᠦᠯᠦᠭᠡ᠂ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ᠨᠢ 5273 ᠮᠣ᠋ ᠣᠰᠦ | ᠠᠷᠪᠢᠯᠠᠵᠦ ᠣᠨᠠᠯᠳᠠ ᠪᠠᠨ ᠨᠡᠮᠡᠭᠳᠠᠭᠦᠯᠬᠦ ᠠᠵᠢᠯᠯᠠᠭ᠎ᠠ ᠶᠢᠨ ᠲᠦᠷᠦᠯ ᠵᠦᠢᠯ ᠢ ᠣᠷᠢᠳᠴᠢᠯᠠᠨ ᠬᠢᠵᠦ᠂ ᠣᠰᠣᠨ | ᠬᠦᠭᠡᠷᠭᠡ ᠶᠢ ᠪᠦᠬᠦᠨ ᠢ ᠰᠣᠯᠢᠵᠣ᠂ ᠬᠤᠳᠳᠤᠭ ᠤᠨ ᠭᠡᠷ ᠪᠠᠷᠢᠵᠦ᠂ ᠲᠣᠰᠣᠯᠠᠭᠤᠯᠣᠨ ᠣᠰᠣᠯᠠᠬᠤ ᠶᠢ ᠣᠷᠣᠭᠤᠯᠵᠦ | ᠂ ᠲᠠᠷᠢᠶᠠᠯᠠᠩ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ ᠳᠤ ᠰᠢᠯᠢᠳᠡᠭ ᠰᠠᠭᠤᠷᠢ ᠶᠢ ᠲᠠᠯᠪᠢᠭᠰᠠᠨ | ᠪᠠᠶᠢᠨ᠎ᠠ᠂ ᠡᠭᠦᠨ ᠤ ᠵᠡᠷᠭᠡᠪᠠᠷ 2015 ᠤᠨ ᠤ ᠬᠠᠪᠣᠷ ᠣᠣᠯ ᠤᠨ ᠬᠠᠭᠤᠴᠢᠨ ᠲᠠᠷᠢᠶᠠᠯᠠᠩ ᠤᠨ ᠶᠡᠷᠦᠭᠬᠡᠢ | ᠨᠡᠬᠡᠬᠡᠯᠲᠡ ᠶᠢᠨ ᠲᠦᠷᠦᠯ ᠵᠦᠢᠯ ᠤᠨ ᠲᠣᠭᠤᠷᠢᠭ ᠲᠤ ᠲᠣᠰᠪᠣᠷᠢ ᠦᠨ᠎ᠡ ᠦᠷᠲᠡᠭ ᠨᠢ 158.28 ᠲᠦᠮᠡᠨ | ᠲᠦᠭᠦᠷᠢᠭ ᠤᠨ7814 ᠺᠢᠯᠦᠮᠧᠲᠷ ᠲᠣᠰᠣᠯᠠᠭᠤᠯᠣᠨ ᠣᠰᠣᠯᠠᠬᠤ ᠬᠤᠭᠤᠯᠠᠢ ᠲᠠᠷᠬᠠᠭᠠᠵᠦ᠂ ᠦᠳᠡ ᠶᠢᠨ ᠬᠤᠸᠠ | ᠪᠠᠯᠭᠠᠰᠣᠨ ᠤ ᠰᠢᠬᠢᠷ ᠯᠣᠣᠪᠠᠩ ᠤᠨ ᠠᠵᠦ ᠦᠢᠯᠡᠰ ᠤᠨ ᠬᠥᠭᠵᠢᠯᠲᠡ ᠶᠢ ᠦᠷ᠎ᠡ ᠪᠦᠲᠦᠮᠵᠢᠲᠠᠢ ᠪᠠᠷ | ᠲᠤᠯᠭᠠᠭᠤᠷᠢᠯᠠᠪᠠ᠃ ᠳᠠᠷᠠᠭ᠎ᠠ ᠠᠯᠬᠤᠮ ᠳᠤ ᠠᠮᠣ ᠪᠣᠳᠠᠭᠠᠨ ᠤ ᠣᠨᠠᠯᠲᠠ ᠶᠢ ᠨᠡᠮᠡᠭᠳᠡᠭᠦᠯᠬᠦ ᠲᠦᠷᠦᠯ ᠵᠦᠢᠯ ᠢ ᠦᠳᠡ | ᠶᠢᠨ ᠬᠤᠸᠠ ᠪᠠᠯᠭᠠᠰᠣᠨ ᠳᠤ ᠭᠤᠣᠯᠳᠠᠯᠭ᠎ᠠ ᠲᠠᠢ ᠬᠡᠯᠪᠠᠶᠢᠯᠭᠡᠨᠠ᠃ | ᠦᠳᠡ ᠶᠢᠨ ᠬᠤᠸᠠ ᠪᠠᠯᠭᠠᠰᠣᠨ ᠤ ᠲᠦᠯᠦᠭᠡᠯᠡᠭᠴᠢ ᠶᠢᠨ ᠪᠦᠯᠬᠦᠮ ᠤᠨ ᠸᠧᠢ ᠬᠦᠢ ᠪᠦᠸᠧ | ᠲᠦᠯᠦᠭᠡᠯᠡᠭᠴᠢ ᠶᠢᠨ ᠳᠣᠷᠠᠳᠣᠭᠰᠠᠨ ︽ᠰᠣᠷᠭᠠᠨ ᠬᠦᠮᠦᠵᠢᠯ ᠤᠨ ᠡᠬᠢ ᠪᠠᠶᠠᠯᠢᠭ ᠢ ᠳᠣᠬᠢᠷᠠᠮᠵᠢᠲᠠᠢ ᠳᠣᠬᠢᠷᠠᠭᠤᠯᠵᠦ᠂ | ᠬᠤᠲᠠ ᠬᠦᠳᠡᠭᠡ ᠶᠢᠨ ᠵᠦᠷᠢᠶ᠎ᠠ ᠶᠢ ᠪᠠᠭᠠᠰᠬᠠᠵᠦ᠂ ᠰᠣᠷᠭᠠᠨ ᠬᠦᠮᠦᠵᠢᠯ ᠢ ᠡᠷᠬᠡ ᠲᠡᠭᠰᠢ ᠪᠠᠷ ᠠᠬᠢᠭᠤᠯᠬᠤ ᠳᠣᠬᠠᠢ | ᠰᠠᠨᠠᠭᠤᠯᠭ᠎ᠠ︾ ᠂ ᠪᠠᠭᠰᠢᠯᠠᠭᠴᠢᠳ ᠢ ᠳᠣᠬᠢᠷᠠᠭᠤᠯᠬᠤ ᠲᠠᠯ᠎ᠠ ᠪᠠᠷ᠂ ᠬᠤᠰᠢᠭᠤᠨ ᠤ ᠵᠠᠰᠠᠭ ᠤᠨ ᠣᠷᠳᠣᠨ ᠬᠦᠳᠡᠭᠡ | ᠳᠣᠰᠬᠤᠨ ᠮᠠᠯᠵᠢᠬᠤ ᠣᠷᠣᠨ ᠤ ᠳᠣᠮᠳᠠᠳᠣ ᠪᠠᠭ᠎ᠠ ᠰᠣᠷᠭᠠᠭᠤᠯᠢ ᠶᠢᠨ ᠨᠠᠰᠣ ᠠᠬᠢᠭᠰᠠᠨ᠂ ᠬᠢᠴᠢᠶᠡᠯ ᠲᠦᠷᠦᠯ | ᠳᠣᠲᠠᠭᠳᠠᠵᠦ ᠪᠠᠶᠢᠬᠤ ᠪᠣᠳᠠᠳᠠᠢ ᠪᠠᠶᠢᠳᠠᠯ ᠳᠤ ᠨᠦᠬᠦᠪᠦᠷᠢᠯᠡᠯᠲᠡ ᠬᠢᠵᠦ᠂ 2014 ᠣᠨ ᠳᠤ ᠪᠦᠬᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠳᠣᠮᠳᠠᠳᠣ ᠪᠠᠭ᠎ᠠ ᠰᠣᠷᠭᠠᠭᠤᠯᠢ ᠳᠤ 200 ᠪᠠᠭᠰᠢ ᠨᠦᠬᠦᠪᠦᠷᠢᠯᠡᠭᠰᠡᠨ ᠪᠦᠭᠡᠳ | 2015 ᠣᠨ ᠳᠤ ᠪᠠᠭᠰᠢ ᠣᠷᠢᠨ ᠡᠯᠰᠡᠬᠦ ᠲᠦᠯᠦᠪᠯᠡᠭᠡ ᠶᠢ ᠳᠣᠭᠳᠠᠭᠠᠵᠦ᠂ ᠣᠳᠣ ᠨᠢᠭᠡᠨᠲᠡ ᠦᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠠᠶᠢᠭᠡᠮ ᠤᠨ ᠪᠠᠳᠤᠯᠠᠭ᠎ᠠ ᠶᠢᠨ ᠲᠢᠩᠬᠢᠮ ᠳᠤ ᠮᠡᠳᠡᠭᠦᠯᠪᠡ᠃ | ᠰᠣᠷᠭᠠᠭᠤᠯᠢ ᠡᠷᠬᠢᠯᠡᠬᠦ ᠨᠦᠬᠦᠴᠡᠯ ᠤᠨ ᠲᠠᠯ᠎ᠠ ᠪᠠᠷ᠂ ᠬᠦᠳᠡᠭᠡ ᠲᠣᠰᠬᠤᠨ ᠮᠠᠯᠵᠢᠬᠤ ᠣᠷᠣᠨ ᠤ ᠳᠣᠮᠳᠠᠳᠣ ᠪᠠᠭ᠎ᠠ | ᠰᠣᠷᠭᠠᠭᠤᠯᠢ ᠶᠢᠨ ᠠᠶᠣᠯᠲᠠᠢ ᠰᠣᠷᠭᠠᠭᠤᠯᠢ ᠶᠢᠨ ᠣᠷᠣᠨ ᠰᠠᠭᠤᠴᠠ ᠶᠢ ᠰᠢᠨ᠎ᠠ ᠪᠠᠷ ᠦᠭᠡᠷᠡᠴᠢᠯᠡᠨ ᠪᠠᠶᠢᠭᠤᠯᠵᠣ | ᠢᠨᠵᠧᠨ᠋ᠷᠢᠭ 546 ᠶᠢ ᠡᠬᠢᠯᠡᠨ ᠬᠢᠵᠦ᠂ ᠣᠳᠣ ᠨᠢᠭᠡᠨᠳᠡ ᠠᠰᠢᠭᠯᠠᠯᠳᠠ ᠳᠤ ᠣᠷᠣᠪᠠ᠃ ᠡᠭᠦᠨ ᠤ ᠵᠡᠷᠭᠡᠪᠠᠷ᠂ | ᠬᠤᠰᠢᠭᠤᠨ ᠤ ᠵᠠᠰᠠᠭ ᠤᠨ ᠣᠷᠳᠣᠨ ︽ᠣᠩᠨᠢᠭᠤᠳ ᠬᠤᠰᠢᠭᠤᠨ ᠤ ᠶᠠᠳᠠᠭᠤ ᠬᠦᠴᠢᠷᠲᠠᠢ ᠣᠷᠣᠨ ᠤ ᠠᠯᠪᠠᠨ | ᠵᠢᠷᠦᠮ ᠤᠨ ᠰᠣᠷᠭᠠᠨ ᠬᠦᠮᠦᠵᠢᠯ ᠪᠠᠭᠤᠷᠠᠢ ᠰᠣᠷᠭᠠᠭᠤᠯᠢ ᠶᠢᠨ ᠣᠨᠳᠦᠰᠦᠨ ᠰᠣᠷᠭᠠᠭᠤᠯᠢ ᠡᠷᠬᠢᠯᠡᠬᠦ ᠨᠦᠬᠦᠴᠡᠯ ᠢ | ᠰᠠᠶᠢᠵᠢᠷᠠᠭᠤᠯᠬᠤ ᠲᠦᠷᠦᠯ ᠵᠦᠢᠯ ᠤᠨ ᠲᠦᠯᠦᠪᠵᠢᠭᠦᠯᠭᠡ︾ ᠶᠢ ᠳᠣᠭᠳᠠᠭᠠᠵᠦ᠂ ᠲᠦᠷᠦᠯ ᠵᠦᠢᠯ ᠢ | ᠬᠡᠷᠭᠵᠢᠭᠦᠯᠦᠭᠰᠡᠨ ᠤ ᠳᠠᠷᠠᠭ᠎ᠠ ᠪᠦᠬᠦ ᠬᠤᠰᠢᠭᠤᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠭᠦᠷᠢᠲᠠᠢ | ᠬᠦᠭᠵᠢᠯᠳᠠ ᠶᠢ ᠣᠯᠠᠮ ᠨᠢᠭᠡ ᠠᠯᠬᠤᠮ ᠲᠦᠷᠭᠡᠳᠭᠡᠵᠦ᠂ ᠬᠤᠲᠠ ᠬᠦᠳᠡᠭᠡ ᠶᠢᠨ ᠵᠦᠷᠢᠶ᠎ᠡ ᠶᠢ ᠦᠷ᠎ᠡ ᠪᠦᠲᠦᠮᠵᠢᠲᠠᠢ | ᠪᠠᠷ ᠪᠠᠭᠠᠰᠬᠠᠨ᠂ ᠰᠣᠷᠭᠠᠨ ᠬᠦᠮᠦᠵᠢᠯ ᠤᠨ ᠲᠡᠭᠰᠢ ᠪᠠᠶᠢᠳᠠᠯ ᠢ ᠠᠬᠢᠭᠤᠯᠬᠤ ᠪᠣᠯᠣᠨ᠎ᠠ᠃ | ︵ᠬᠤᠶᠠᠷ︶ ᠶᠠᠭ ᠰᠠᠶ᠋ᠢᠬᠠᠨ ᠰᠢᠢᠳᠪᠦᠷᠢᠯᠡᠵᠦ ᠪᠠᠶᠢᠬᠤ 50 ᠵᠦᠢᠯ᠂ ᠵᠢᠱᠢᠶᠡᠯᠡᠪᠡᠯ ᠄ | ᠪᠣᠷᠣᠬᠤᠲᠠ ᠪᠠᠯᠭᠠᠰᠣᠨ ᠤ ᠲᠦᠯᠦᠭᠡᠯᠡᠭᠴᠢ ᠶᠢᠨ ᠪᠦᠯᠬᠦᠮ ᠤᠨ ᠵᠠᠩ ᠱᠦ ᠫᠢᠩ ᠲᠦᠯᠦᠭᠡᠯᠡᠭᠴᠢ ᠶᠢᠨ | ᠳᠣᠷᠠᠳᠣᠭᠰᠠᠨ ︽ᠪᠡᠯᠴᠢᠭᠡᠷᠯᠡᠬᠦ ᠶᠢ ᠴᠠᠭᠠᠵᠠᠯᠠᠬᠤ ᠬᠦᠴᠦᠯᠡᠴᠡ ᠪᠠᠨ ᠴᠢᠩᠭᠠᠳᠬᠠᠨ ᠭᠠᠵᠡᠷ ᠣᠷᠣᠨ ᠤ ᠪᠠᠶᠢᠭᠠᠯᠢ | ᠠᠮᠢ ᠠᠬᠤᠢ ᠶᠢ ᠬᠠᠮᠠᠭᠠᠯᠠᠬᠤ ᠣᠷᠳᠣ ᠬᠤᠭᠤᠴᠠᠭ᠎ᠠ ᠪᠠᠷ ᠦᠷᠭᠦᠯᠵᠢᠯᠡᠨ ᠬᠦᠭᠵᠢᠬᠦᠯᠬᠦ ᠲᠤᠬᠠᠢ ᠰᠠᠨᠠᠭᠤᠯᠭ᠎ᠠ︾᠂ | ᠪᠦᠬᠦ ᠬᠤᠰᠢᠭᠤᠨ ᠤ ᠪᠠᠶᠢᠭᠠᠯᠢ ᠠᠮᠢ ᠠᠬᠤᠢ ᠶᠢᠨ ᠪᠤᠯᠤᠮᠵᠢᠳᠤ ᠬᠦᠭᠵᠢᠯᠲᠠ ᠶᠢ ᠪᠡᠶᠡᠯᠡᠭᠦᠯᠬᠦ ᠶᠢᠨ | ᠲᠦᠯᠦᠭᠡ᠂ ᠬᠤᠰᠢᠭᠤᠨ ᠤ ᠵᠠᠰᠠᠭ ᠤᠨ ᠤᠷᠲᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠢᠲᠡᠪᠬᠢᠲᠠᠢ | ᠲᠦᠯᠬᠢᠨ ᠠᠭᠢᠭᠤᠯᠬᠤ ᠪᠠ ᠲᠠᠷᠢᠶᠠᠯᠠᠬᠤ ᠤᠷᠤᠨ ᠳᠤ ᠪᠡᠯᠴᠢᠬᠡᠷᠯᠡᠭᠦᠯᠬᠦ ᠶᠢ ᠴᠠᠭᠠᠵᠠᠯᠠᠵᠤ ᠬᠠᠰᠢᠶᠠᠯᠠᠵᠤ ᠲᠡᠵᠢᠭᠡᠬᠦ | ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠲᠠᠪᠤᠷᠢᠵᠢᠭᠤᠯᠤᠨᠠ᠃ ᠨᠢᠬᠡ ᠳᠤ ᠮᠠᠯ ᠰᠦᠷᠦᠭ ᠮᠠᠯ ᠤᠨ ᠲᠦᠷᠦᠯ ᠤᠨ | ᠪᠦᠲᠦᠴᠡ ᠶᠢ ᠰᠢᠯᠢᠲᠡᠭᠵᠢᠭᠦᠯᠬᠦ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠤ ᠮᠠᠯ ᠠᠵᠤ ᠠᠬᠤᠢ ᠶᠢᠨ | ᠪᠦᠬᠦᠯᠢ ᠴᠤᠭᠴᠠ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠦᠷ᠎ᠡ ᠶᠢᠨ ᠢᠨᠵᠧᠨᠧᠷᠢᠭ ᠤᠨ ᠪᠠᠶᠢᠭᠤᠯᠤᠯᠲᠠ ᠪᠠᠷ | ᠰᠢᠪᠳᠤᠯᠤᠯᠲᠠ ᠪᠤᠯᠭᠠᠨ ᠪᠤᠲᠠ ᠮᠠᠯ ᠤᠨ ᠲᠦᠷᠦᠯ ᠤᠨ ᠪᠦᠲᠦᠴᠡ ᠶᠢ ᠲᠤᠬᠢᠷᠠᠭᠤᠯᠬᠤ ᠠᠯᠬᠤᠴᠠ ᠪᠠᠨ ᠶᠡᠬᠡᠳᠬᠡᠵᠤ᠂ | ᠰᠢᠯᠢᠲᠡᠭ ᠦᠷ᠎ᠡ ᠶᠢ ᠦᠷᠡᠵᠢᠭᠦᠯᠬᠦ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠮᠠᠯ ᠤᠨ ᠲᠦᠷᠦᠯ ᠤᠨ | ᠪᠦᠲᠦᠴᠡ ᠶᠢ ᠬᠠᠰᠢᠶᠠᠯᠠᠨ ᠲᠡᠵᠢᠭᠡᠬᠦ ᠠᠷᠭ᠎ᠠ ᠮᠠᠶ᠋ᠢᠭ ᠲᠠᠢ ᠤᠯᠠᠮ ᠨᠢᠬᠡ ᠠᠯᠬᠤᠮ ᠵᠤᠬᠢᠴᠠᠯᠳᠤᠭᠤᠯᠤᠨᠠ᠃ ᠬᠤᠶᠡᠷ | ᠲᠤ ᠬᠡᠪᠴᠢᠶᠡᠵᠢᠭᠦᠯᠦᠨ ᠲᠡᠵᠢᠭᠡᠬᠦ ᠠᠬᠢᠴᠠ ᠶᠢ ᠲᠦᠷᠭᠡᠳᠬᠡᠨ᠎ᠡ᠃ ᠦᠨᠠᠩᠬᠦ ᠶᠠᠪᠤᠭᠲᠠᠭᠤᠯᠵᠤ ᠲᠡᠶᠢᠯᠬᠦ ᠠᠷᠭ᠎ᠠ | ᠪᠤᠳᠤᠯᠭ᠎ᠠ ᠶᠢ ᠲᠤᠭᠲᠠᠭᠠᠵᠤ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠲᠠᠨᠢᠯᠲᠠ ᠶᠢ ᠬᠤᠪᠢᠷᠠᠭᠤᠯᠬᠤ ᠶᠢ | ᠢᠲᠡᠪᠬᠢᠲᠠᠢ ᠵᠢᠯᠤᠭᠤᠳᠴᠤ᠂ ᠤᠳᠤᠬᠢᠴᠢᠯᠠᠭᠰᠠᠨ ᠬᠠᠰᠢᠶ᠎ᠠ ᠰᠠᠷᠠᠪᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠠᠬᠦ ᠤᠬᠠᠭᠠᠨᠴᠢ ᠪᠠᠷ ᠲᠠᠵᠢᠭᠡᠬᠦ ᠮᠠᠷᠭᠡᠵᠢᠯ ᠢ ᠤᠯᠠᠮᠵᠢᠯᠠᠯᠳᠤ ᠪᠠᠯᠴᠢᠭᠡᠷᠯᠠᠬᠦᠯᠦᠨ ᠮᠠᠯᠵᠢᠬᠤ ᠠᠷᠭ᠎ᠠ ᠬᠡᠯᠪᠠᠷᠢ ᠶᠢ | ᠪᠦᠷᠢᠮᠤᠰᠤᠨ ᠬᠤᠪᠢᠷᠠᠭᠠᠵᠤ᠂ ᠤᠳᠤᠬᠢᠴᠢᠯᠠᠬᠰᠠᠨ ᠲᠠᠵᠢᠭᠡᠵᠤ ᠦᠷᠠᠵᠢᠬᠦᠯᠬᠦ ᠶᠢ ᠶᠡᠭᠡ ᠬᠡᠮᠵᠢᠶ᠎ᠠ ᠪᠠᠷ ᠬᠦᠭᠵᠢᠬᠦᠯᠵᠤ᠂ | ᠲᠠᠵᠢᠭᠡᠵᠤ ᠦᠷᠡᠵᠢᠭᠦᠯᠬᠦ ᠦᠷ᠎ᠡ ᠠᠰᠢᠭ ᠢ ᠲᠡᠭᠡᠭᠰᠢᠯᠡᠭᠦᠯᠵᠦ᠂ ᠮᠠᠯ ᠮᠠᠯᠵᠢᠬᠤ ᠭᠡᠮ ᠰᠤᠭᠤᠭ ᠢ ᠦᠨᠳᠦᠰᠦᠨ ᠠᠴᠠ | ᠨᠢ ᠲᠤᠶᠢᠯᠪᠤᠷᠢᠲᠠᠢ ᠠᠷᠢᠯᠭᠠᠨ᠎ᠠ᠃ ᠭᠤᠷᠪᠠ᠂ ᠤᠡᠭᠨᠢᠭᠤᠳ ᠬᠤᠰᠢᠭᠤᠨ ᠤ ᠪᠤᠲᠠᠲᠤ ᠪᠠᠶᠢᠲᠠᠯ ᠢ ᠦᠨᠳᠦᠰᠦᠯᠡᠵᠤ᠂ | ᠪᠡᠯᠴᠢᠭᠡᠷᠯᠡᠬᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠦ ᠶᠢᠨ ᠪᠤᠳᠤᠯᠭ᠎ᠠ ᠶᠢ ᠲᠤᠬᠢᠷᠬᠭᠤᠯᠬᠤ᠂ ᠬᠠᠮᠢᠶ᠎ᠠ | ᠪᠦᠬᠦᠢ ᠰᠠᠯᠠᠭ᠎ᠠ ᠮᠦᠴᠢᠷ ᠬᠠᠷᠢᠯᠴᠠᠨ ᠬᠠᠮᠵᠢᠯᠴᠠᠵᠤ᠂ ᠪᠡᠯᠴᠢᠬᠡᠷᠯᠡᠬᠦᠯᠬᠦ ᠶᠢ ᠴᠠᠭᠠᠵᠠᠯᠠᠬᠤ ᠴᠠᠭ ᠢ ᠲᠦᠷᠦᠯ | ᠬᠤᠪᠢᠶᠠᠨ ᠲᠤᠭᠲᠠᠭᠠᠵᠤ᠂ ᠵᠤᠬᠢᠰᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠮᠠᠶ᠋ᠢᠭ ᠢ ᠲᠤᠭᠲᠠᠭᠠᠵᠤ᠂ | ᠦᠷᠭᠡᠨ ᠤᠯᠠᠨ ᠮᠠᠯᠴᠢᠨ ᠲᠦᠮᠡᠨ ᠳᠤ ᠲᠦᠭᠦᠮ ᠦᠵᠡᠭᠦᠯᠬᠦ ᠦᠢᠯᠡᠴᠢᠯᠡᠭᠡ ᠶᠢ ᠬᠠᠨᠭ᠍ᠭᠠᠨ᠎ᠠ᠃ | ᠪᠤᠷᠤᠬᠤᠲᠠ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠯᠢᠤ ᠼᠠᠢ ᠰᠢᠶᠠ ᠲᠦᠯᠦᠭᠡᠯᠡᠭᠴᠢ ᠶᠢᠨ | ᠲᠤᠷᠠᠳᠤᠭᠰᠠᠨ ︽ᠮᠠᠯᠵᠢᠬᠤ ᠲᠠᠷᠢᠶᠠᠯᠠᠬᠤ ᠤᠷᠤᠨ ᠤ ᠦᠯᠡᠲᠠᠨ ᠰᠠᠬᠢᠵᠤ ᠪᠠᠶᠢᠬᠤ ᠬᠡᠤᠬᠡᠳ ᠢ ᠬᠠᠯᠠᠮᠵᠢᠯᠠᠨ | ᠠᠩᠬᠠᠷᠬᠤ ᠲᠤᠬᠠᠢ ᠰᠠᠨᠠᠭᠤᠯᠭ᠎ᠠ︾ ᠂ ᠨᠢᠳᠤᠨᠤᠨ ᠨᠠᠮ ᠤᠨ ᠤᠯᠠᠨ ᠲᠦᠮᠡᠨᠴᠢ ᠱᠤᠭᠤᠮ ᠤᠨ ᠰᠤᠷᠤᠯᠴᠠᠯᠭ᠎ᠠ | ᠬᠦᠮᠦᠵᠢᠯ ᠤᠨ ᠠᠵᠢᠯᠯᠠᠭᠠᠨ ᠠᠴᠠ ᠨᠠᠰᠢ ᠤᠡᠭᠨᠢᠭᠤᠳ ᠬᠤᠰᠢᠭᠤᠨ ᠤ ᠦᠯᠡᠲᠠᠨ ᠰᠠᠬᠢᠵᠤ ᠪᠠᠶᠢᠬᠤ ᠬᠡᠤᠬᠡᠳ ᠢ | ᠭᠤᠤᠯᠲᠠᠯᠭ᠎ᠠ ᠲᠠᠢ ᠬᠠᠮᠠᠭᠠᠯᠠᠬᠤ ᠡᠲᠡᠭᠡᠳ ᠪᠤᠯᠭᠠᠵᠤ᠂ ᠪᠦᠳᠦᠮᠵᠢᠲᠠᠢ ᠠᠷᠭ᠎ᠠ ᠬᠡᠮᠵᠢᠶ᠎ᠠ ᠠᠪᠴᠤ᠂ ᠦᠯᠡᠲᠠᠨ | ᠰᠠᠬᠢᠵᠤ ᠪᠠᠶᠢᠬᠤ ᠬᠡᠤᠭᠡᠳ ᠢ ᠪᠦᠬᠦ ᠨᠡᠶᠢᠭᠡᠮ ᠤᠨ ᠬᠠᠯᠠᠮᠵᠢᠯᠠᠯ ᠲᠤᠤᠷ᠎ᠠ ᠡᠷᠡᠭᠦᠯ ᠴᠢᠬᠢᠷᠠᠭ ᠢᠶᠠᠷ ᠦᠰᠦᠨ | ᠪᠤᠶᠢᠵᠢᠬᠤ ᠶᠢ ᠠᠩᠬᠠᠷᠪᠠ᠃ ᠨᠢᠬᠡ ᠳᠤ᠂ ︽ᠭᠤᠤᠯ ᠦᠷᠲᠡᠭ ᠤᠨ ᠦᠵᠡᠯᠲᠠ ᠶᠢ ᠭᠦᠢᠴᠡᠳᠬᠡᠵᠤ᠂ ᠪᠤᠯᠪᠠᠰᠤᠨ | ᠰᠠᠶᠢᠨ ᠪᠠᠭᠠᠴᠤᠳ ᠪᠤᠯᠬᠤ︾ ᠠᠵᠢᠯᠯᠠᠭᠠᠨ ᠢ ᠡᠷᠬᠢᠯᠠᠵᠤ᠂ 76 ᠬᠤᠳᠠ ᠬᠦᠳᠡᠭᠡ ᠶᠢᠨ ᠬᠡᠦᠭᠡᠳ ᠢ ᠬᠤᠤᠰᠯᠠᠨ | ᠰᠤᠷᠤᠯᠴᠠᠯᠭ᠎ᠠ ᠠᠮᠢᠳᠤᠷᠠᠯ ᠤᠨ ᠲᠤᠮᠳᠠ ᠬᠠᠷᠢᠯᠴᠠᠨ ᠬᠠᠪᠰᠤᠷᠤᠯᠴᠠᠵᠤ ᠬᠠᠮᠳᠤᠪᠠᠷ ᠦᠰᠤᠨ ᠪᠤᠶᠢᠵᠢᠬᠤ ᠶᠢ | ᠵᠤᠷᠢᠬᠵᠢᠭᠤᠯᠪᠠ᠃ ᠬᠤᠶᠠᠷ ᠲᠤ᠂ ︽ᠡᠬᠡᠴᠤᠤᠯ ᠤᠨ ᠤᠰᠤᠨ ᠵᠤᠭᠤᠷᠢ︾ ᠲᠦᠷᠦᠯ ᠵᠦᠢᠯ ᠤᠨ ᠪᠠᠯᠠ ᠮᠦᠩᠬᠦ | 10 ᠲᠦᠮᠠᠨ ᠲᠦᠬᠦᠷᠢᠭ ᠢ ᠲᠠᠮᠠᠴᠠᠨ ᠤᠯᠵᠤ᠂ ᠪᠠᠶᠠᠨᠳᠠᠯ᠎ᠠ ᠶᠢᠨ ᠭᠤᠤᠯ ᠬᠦᠢᠰᠤᠨ ᠪᠠᠭ᠎ᠠ ᠰᠤᠷᠭᠠᠭᠤᠯᠢ ᠳᠤ ᠤᠰᠤ | ᠴᠠᠪᠠᠷᠵᠢᠬᠦᠯᠬᠦ ᠲᠦᠬᠦᠭᠡᠷᠦᠮᠵᠢ ᠬᠤᠳᠠᠯᠳᠤᠨ ᠠᠪᠴᠤ᠂ 6 ᠲᠠᠰᠤᠯᠭ᠎ᠠ ᠰᠤᠷᠭᠠᠭᠤᠯᠢ ᠶᠢᠨ ᠰᠠᠭᠤᠴᠠ ᠶᠢ ᠵᠠᠰᠠᠨ | ᠰᠠᠯᠪᠢᠭ᠍ᠰᠡᠨ ᠪᠦᠭᠡᠳ ᠤᠬᠢᠶᠠᠯᠭ᠎ᠠ ᠶᠢᠨ ᠲᠦᠬᠦᠭᠡᠷᠦᠮᠵᠢ ᠲᠠᠭᠠᠷᠠᠭᠤᠯᠵᠤ᠂ ᠲᠤᠰ ᠰᠤᠷᠭᠠᠭᠤᠯᠢ ᠶᠢᠨ ᠪᠠᠭᠰᠢ | ᠰᠤᠷᠤᠬᠴᠢ ᠶᠢᠨ ᠤᠤᠭᠤᠬᠤ ᠤᠰᠤᠨ ᠤ ᠠᠮᠦᠷ ᠲᠦᠪᠰᠢᠨ ᠠᠰᠠᠭᠤᠳᠠᠯ ᠢ ᠦᠷ᠎ᠡ ᠪᠦᠳᠦᠮᠵᠢᠳᠠᠢ ᠪᠠᠷ | ᠰᠢᠢᠳᠪᠤᠷᠢᠯᠠᠵᠤ᠂ ᠰᠤᠷᠤᠬᠴᠢ ᠶᠢᠨ ᠠᠮᠢᠳᠤᠷᠠᠯ ᠰᠤᠷᠤᠯᠴᠠᠯᠭ᠎ᠠ ᠶᠢᠨ ᠤᠷᠴᠢᠨ ᠢ ᠰᠠᠶᠢᠵᠢᠷᠠᠭᠤᠯᠪᠠ᠃ ᠭᠤᠷᠪᠠ ᠳᠤ | ᠂ ᠬᠡᠦᠭᠡᠳ ᠤᠨ ᠬᠡᠷ ᠬᠦᠷᠢᠶ᠎ᠠ ᠲᠦᠷᠦᠯ ᠵᠦᠢᠯ ᠤᠨ ᠪᠠᠯᠠ ᠮᠦᠩᠬᠦ ᠶᠢ 4 ᠲᠦᠮᠠᠨ ᠲᠦᠬᠦᠷᠢᠭ ᠲᠠᠮᠠᠴᠠᠨ ᠤᠯᠵᠤ᠂ | ᠦᠯᠠᠳᠠᠨ ᠰᠠᠬᠢᠵᠤ ᠪᠠᠶᠢᠬᠤ ᠬᠡᠦᠭᠡᠳ ᠤᠨ ᠲᠤᠭ᠎ᠠ ᠨᠠᠯᠢᠶᠠᠳ ᠠᠷᠪᠢᠨ ᠰᠤᠷᠭᠠᠭᠤᠯᠢ ᠳᠤ ᠰᠠᠳᠬᠢᠴᠠ ᠶᠢᠨ ᠠᠰᠠᠭᠤᠨ | ᠯᠠᠪᠯᠠᠬᠤ ᠬᠡᠷ ᠪᠠᠶᠢᠭᠤᠯᠵᠤ᠂ ᠨᠤᠮ ᠲᠠᠪᠳᠠᠷ᠂ ᠬᠦᠭᠵᠢᠮ ᠤᠨ ᠬᠡᠷᠡᠭᠰᠡᠯ ᠪᠠ ᠲᠠᠮᠢᠷ ᠤᠨ ᠬᠦᠳᠡᠯᠭᠡᠭᠡᠨ ᠤ | ᠲᠦᠬᠦᠭᠡᠷᠦᠮᠵᠢ ᠬᠤᠳᠠᠯᠳᠤᠨ ᠠᠪᠴᠠᠢ᠃ ᠲᠦᠷᠦᠯ ᠰᠠᠳᠤᠨ ᠤ ᠳ᠋ᠢᠶᠠᠩᠬᠤᠸᠠ ᠤᠬᠰᠠᠷᠠᠵᠤ᠂ ᠦᠯᠠᠳᠠᠨ ᠰᠠᠬᠢᠵᠤ | ᠪᠠᠶᠢᠬᠤ ᠬᠡᠦᠭᠡᠳ ᠤᠨ ᠬᠢᠴᠢᠶᠠᠯ ᠤᠨ ᠭᠠᠳᠠᠨᠠᠬᠢ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠠᠢ᠃ ᠲᠦᠷᠪᠠ ᠳᠤ᠂ | ᠤᠯᠠᠨ ᠲᠠᠯ᠎ᠠ ᠪᠠᠷ ᠪᠠᠯᠠ ᠮᠦᠩᠬᠦ ᠴᠤᠬᠯᠠᠭᠤᠯᠵᠤ᠂ ᠴᠢᠶᠤᠤ ᠲᠸᠤ ᠪᠠᠯᠭᠠᠰᠤ ᠶᠢᠨ ᠲᠠᠢ ᠫᠢᠩ ᠵᠤᠸᠠᠩ ᠲᠤᠰᠬᠤᠨ ᠤ | 36 ᠦᠯᠠᠳᠠᠨ ᠰᠠᠬᠢᠵᠤ ᠪᠠᠶᠢᠬᠤ ᠬᠡᠦᠭᠡᠳ ᠲᠤ 1.8 ᠲᠦᠮᠠᠨ ᠲᠦᠬᠦᠷᠢᠭ ᠤᠨ ᠦᠨ᠎ᠠ ᠦᠷᠳᠡᠭ ᠪᠦᠬᠦᠢ ᠰᠢᠮ᠎ᠠ | ᠲᠠᠵᠢᠭᠡᠯ ᠤᠨ ᠪᠤᠳᠠᠰ ᠬᠦᠷᠭᠡᠵᠤ᠂ ᠦᠯᠠᠳᠠᠨ ᠰᠠᠬᠢᠵᠤ ᠪᠠᠶᠢᠬᠤ ᠬᠡᠦᠭᠡᠳ ᠤᠨ ᠪᠠᠶ᠎ᠠ ᠮᠠᠬᠠᠪᠤᠳ ᠤᠨ ᠡᠷᠡᠬᠦᠯ | ᠴᠢᠬᠢᠷᠠᠭ ᠢ ᠦᠨᠠᠩᠬᠦ ᠪᠠᠳᠤᠯᠠᠪᠠ᠃ ᠲᠠᠪᠤ ᠳᠤ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠢ ᠵᠤᠬᠢᠶᠠᠨ | ᠪᠠᠶᠢᠭᠤᠯᠵᠤ᠂ ᠵᠤᠬᠢᠶᠠᠨ ᠪᠠᠶᠢᠭᠤᠯᠤᠯᠳᠠ ᠪᠠᠶᠢᠭᠤᠯᠤᠨ᠂ ᠪᠠᠳᠤᠯᠠᠭ᠎ᠠ ᠶᠢᠨ ᠠᠷᠭ᠎ᠠ ᠬᠡᠮᠵᠢᠶ᠎ᠠ ᠶᠢ ᠲᠤᠬᠳᠠᠭᠠᠵᠤ᠂ | ᠰᠤᠷᠭᠠᠭᠤᠯᠢ ᠶᠢᠨ ᠦᠯᠠᠳᠠᠨ ᠰᠠᠬᠢᠵᠤ ᠪᠠᠶᠢᠬᠤ ᠬᠡᠦᠭᠡᠳ ᠤᠨ ᠰᠤᠷᠠᠭ ᠵᠠᠩᠬᠢ ᠶᠢ ᠲᠠᠮᠳᠡᠭᠯᠠᠵᠤ ᠲᠠᠩᠰᠠᠯᠠᠨ᠂ | ᠰᠤᠷᠭᠠᠭᠤᠯᠢ ᠶᠢᠨ ᠪᠤᠳᠠᠳᠠᠢ ᠠᠴᠠ ᠡᠬᠦᠰᠴᠤ᠂ ᠦᠯᠠᠳᠠᠨ ᠰᠠᠬᠢᠵᠤ ᠪᠠᠶᠢᠬᠤ ᠬᠡᠦᠭᠡᠳ ᠢ ᠬᠠᠯᠠᠮᠵᠢᠯᠠᠨ ᠠᠩᠬᠠᠷᠬᠤ | ᠪᠤᠳᠠᠳᠠᠢ ᠠᠷᠭ᠎ᠠ ᠲᠤᠬᠳᠠᠭᠠᠪᠠ᠃ | ᠼᠢ ᠴᠧᠩ ᠵᠠᠬᠡᠯᠢ ᠭᠤᠳᠤᠮᠵᠢ ᠶᠢᠨ ᠲᠦᠯᠦᠭᠡᠯᠡᠭᠴᠢ ᠶᠢᠨ ᠪᠦᠯᠬᠦᠮ ᠤᠨ ᠹᠦ᠋ ᠶᠠᠨ ᠲᠦᠯᠦᠭᠡᠯᠡᠭᠴᠢ ᠶᠢᠨ | ᠲᠤᠷᠠᠳᠤᠬᠰᠠᠨ ︽ᠪᠸᠢ ᠮᠧᠨ ᠸᠠᠢ ᠶᠢᠨ ᠵᠢᠵᠢᠭ ᠭᠤᠳᠤᠮᠵᠢ ᠶᠢ ᠵᠠᠰᠠᠬᠤ ᠲᠤᠬᠠᠢ ᠰᠠᠨᠠᠭᠤᠯᠭ᠎ᠠ︾ ᠂ ᠤᠷᠴᠢᠮ ᠤᠨ | ᠵᠢᠯ ᠠᠴᠠ ᠨᠠᠰᠢ᠂ ᠬᠤᠰᠢᠭᠤᠨ ᠤ ᠵᠠᠰᠠᠭ ᠤᠨ ᠤᠷᠳᠤᠨ ᠬᠠᠭᠤᠴᠢᠨ ᠬᠤᠳᠠ ᠲᠤᠭᠤᠷᠢᠭ ᠤᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠠᠬᠢᠴᠠ ᠪᠠᠨ ᠲᠠᠰᠤᠷᠠᠯᠳᠠ ᠦᠭᠡᠢ ᠴᠢᠩᠭᠠᠳᠬᠠᠵᠤ᠂ 353 | ᠲᠦᠮᠠᠨ ᠲᠦᠬᠦᠷᠢᠭ ᠪᠠᠯᠠ ᠤᠷᠤᠭᠤᠯᠵᠤ᠂ ᠪᠸᠢ ᠮᠧᠨ ᠸᠠᠢ ᠲᠤᠰᠬᠤᠨ ᠳᠤ ᠵᠠᠬᠡᠯᠢ ᠭᠤᠳᠤᠮᠵᠢ ᠶᠢ ᠬᠠᠳᠠᠭᠤᠷᠠᠭᠤᠯᠬᠤ | 1.2 ᠲᠦᠮᠠᠨ ᠲᠡᠭᠰᠢ ᠲᠦᠷᠪᠠᠯᠵᠢᠨ ᠮᠧᠲᠷ ᠢ ᠬᠡᠷᠡᠭᠵᠢᠬᠦᠯᠵᠤ᠂ ᠤᠰᠤ ᠵᠠᠯᠠᠬᠤ ᠬᠤᠭᠤᠯᠠᠢ 1500 ᠮᠧᠲᠷ | ᠰᠠᠯᠪᠢᠨ ᠵᠠᠰᠠᠵᠤ ᠪᠠᠶᠢᠭᠤᠯᠤᠨ᠂ ᠵᠠᠮ ᠤᠨ ᠳ᠋ᠧᠩ ᠤᠬᠰᠠᠷᠠᠪᠠ᠃ ᠬᠤᠰᠢᠭᠤᠨ ᠤ ᠵᠠᠰᠠᠭ ᠤᠨ ᠤᠷᠳᠤᠨ ᠠᠴᠠ | ᠬᠠᠳᠠᠭᠤᠷᠠᠭᠤᠯᠵᠤ ᠲᠠᠶᠢᠯᠤᠭᠡᠳᠦᠢ ᠬᠡᠰᠡᠭ ᠪᠦᠯᠦᠭ ᠵᠠᠬᠡᠯᠢ ᠭᠤᠳᠤᠮᠵᠢ ᠶᠢ 2016 ᠤᠨ ᠠᠴᠠ ᠰᠠᠬᠦᠯᠠᠷ ᠵᠢᠵᠢᠭ | ᠭᠤᠳᠤᠮᠵᠢ ᠶᠢ ᠵᠠᠰᠠᠬᠤ ᠠᠵᠢᠯ ᠳᠤ ᠤᠷᠤᠭᠤᠯᠵᠤ᠂ ᠵᠢᠯ ᠲᠠᠷᠠᠭᠠᠯᠠᠨ ᠬᠤᠪᠢᠶᠠᠨ ᠬᠡᠷᠡᠭᠵᠢᠬᠦᠯᠦᠨ᠎ᠠ᠃ | ︵ᠭᠤᠷᠪᠠ︶ ᠤᠳᠤᠬᠠᠨ ᠤ ᠨᠦᠬᠦᠴᠠᠯ ᠤᠨ ᠬᠢᠵᠠᠭᠠᠷᠯᠠᠯ ᠠᠴᠠ ᠵᠦᠪᠬᠡᠨ ᠰᠠᠬᠦᠯᠠᠷ ᠰᠢᠢᠳᠪᠤᠷᠢᠯᠠᠬᠦ 19 | ᠵᠦᠢᠯ᠃ ᠵᠢᠱᠢᠶᠠᠯᠠᠪᠠᠯ᠄ | ᠴᠢᠶᠤᠤ ᠲᠸᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠯᠢᠤ ᠵᠧᠨ ᠯᠢᠩ ᠵᠠᠷᠭᠡ 11 | ᠲᠦᠯᠦᠭᠡᠯᠡᠭᠴᠢ ᠶᠢᠨ ᠲᠤᠷᠠᠳᠤᠬᠰᠠᠨ ︽ᠶᠠᠩ ᠴᠠᠩ ᠭᠤᠤᠯ᠂ ᠴᠦᠨᠳᠤᠪ ᠤᠨ ᠭᠤᠤᠯ ᠤᠨ ᠲᠠᠭᠡᠳᠤ ᠤᠷᠤᠰᠬᠠᠯ ᠳᠤ | ᠵᠢᠵᠢᠭ ᠴᠦᠬᠦᠷᠦᠮ ᠵᠠᠰᠠᠵᠤ ᠤᠰᠤ ᠬᠠᠳᠠᠭᠠᠯᠠᠬᠤ ᠲᠤᠬᠠᠢ ᠰᠠᠨᠠᠭᠤᠯᠭ᠎ᠠ︾ ᠂ ᠶᠠᠩ ᠴᠠᠩ ᠭᠤᠤᠯ ᠪᠠ ᠴᠦᠨᠳᠤᠪ | ᠤᠨ ᠭᠤᠤᠯ ᠪᠤᠯ ᠮᠠᠨ ᠤ ᠬᠤᠰᠢᠭᠤᠨ ᠤ ᠬᠢᠯᠢ ᠳᠠᠬᠢ ᠬᠤᠶᠠᠷ ᠵᠤᠷᠪᠤᠰ ᠭᠤᠤᠯ ᠪᠤᠯᠬᠤ ᠤᠷᠤᠰᠬᠠᠯ ᠪᠤᠯᠤᠨ᠎ᠠ᠃ | ᠵᠢᠵᠢᠭ ᠴᠦᠬᠦᠷᠦᠮ ᠵᠠᠰᠠᠬᠤ ᠢᠨᠵᠧᠨᠧᠷᠢᠭ ᠨᠢ ᠤᠯᠤᠰ ᠤᠨ ᠪᠠᠷᠢᠮᠵᠢᠶ᠎ᠠ ᠪᠠᠷ ᠵᠦᠪᠬᠡᠨ 1—10 ᠲᠦᠮᠠᠨ ᠲᠡᠭᠰᠢ | ᠲᠦᠷᠪᠠᠯᠵᠢᠨ ᠮᠧᠲᠷ ᠤᠰᠤ ᠬᠠᠳᠠᠭᠠᠯᠠᠵᠤ ᠲᠠᠶᠢᠯᠦᠨ᠎ᠠ᠃ ᠲᠤᠬᠠᠢ ᠶᠢᠨ ᠤᠷᠤᠨ ᠤ ᠤᠰᠤᠯᠠᠯᠳᠠ ᠶᠢᠨ ᠨᠦᠬᠦᠴᠠᠯ ᠤᠨ | ᠬᠡᠷᠡᠭᠴᠡᠭᠡ ᠶᠢ ᠰᠠᠶᠢᠵᠢᠷᠠᠭᠤᠯᠬᠤ ᠳᠠᠬᠢ ᠤᠶᠢᠯᠠᠳᠤᠯ ᠲᠤᠶᠢᠯ ᠤᠨ ᠪᠠᠭ᠎ᠠ᠂ ᠭᠤᠤᠯ ᠤᠨ ᠬᠤᠶᠠᠷ ᠲᠠᠯ᠎ᠠ ᠳᠤ | ᠲᠤᠬᠢᠷᠠᠮᠵᠢᠳᠠᠢ ᠪᠠᠶᠢᠭᠤᠯᠤᠯᠳᠠ ᠶᠢᠨ ᠭᠠᠵᠠᠷ ᠡᠷᠢᠬᠦ ᠴᠢᠬᠤᠯᠠᠳᠠᠢ᠂ ᠡᠨᠡ ᠨᠢ ᠭᠠᠵᠠᠷ ᠲᠠᠳᠠᠪᠤᠷᠢᠯᠠᠬᠤ ᠠᠷᠠᠳ ᠢ | ᠨᠠᠬᠦᠯᠭᠡᠬᠦ᠂ ᠠᠮᠢ ᠠᠬᠤᠢ ᠶᠢᠨ ᠤᠷᠴᠢᠨ ᠵᠠᠷᠭᠡ ᠠᠰᠠᠭᠤᠳᠠᠯ ᠬᠤᠯᠪᠤᠬᠳᠠᠨ᠎ᠠ᠃ ᠪᠤᠯᠤᠮᠵᠢᠳᠤ ᠴᠢᠨᠠᠷ ᠨᠢ ᠰᠤᠳᠤᠯᠤᠨ | ᠨᠤᠳᠠᠯᠠᠬᠤ ᠴᠢᠬᠤᠯᠠᠳᠠᠢ᠃ | ᠬᠠᠶᠢᠯᠠᠰᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠲᠠᠮᠤᠷᠪᠠᠭᠠᠨ᠎ᠠ ᠲᠦᠯᠦᠭᠡᠯᠡᠭᠴᠢ ᠶᠢᠨ | ᠲᠤᠷᠠᠳᠤᠬᠰᠠᠨ ︽ᠬᠠᠶᠢᠯᠠᠰᠤ ᠪᠠᠯᠭᠠᠰᠤᠨ ᠳᠤ ᠬᠤᠭ ᠨᠤᠪᠰᠢ ᠶᠢ ᠰᠢᠢᠳᠪᠤᠷᠢᠯᠠᠬᠦ ᠤᠶᠢᠯᠠᠳᠪᠤᠷᠢ ᠪᠠᠶᠢᠭᠤᠯᠬᠤ ᠲᠤᠬᠠᠢ | ᠰᠠᠨᠠᠭᠤᠯᠭ᠎ᠠ︾ ᠂ ᠬᠤᠰᠢᠭᠤᠨ ᠤ ᠡᠳ᠋ ᠤᠨ ᠵᠠᠰᠠᠭ ᠤᠨ ᠡᠳ᠋ ᠤᠨ ᠬᠦᠴᠦᠨ ᠤ ᠬᠢᠵᠠᠭᠠᠷᠯᠠᠯ ᠠᠴᠠ ᠪᠤᠯᠵᠤ᠂ ᠬᠤᠭ | ᠨᠤᠪᠰᠢ ᠰᠢᠢᠳᠪᠦᠷᠢᠯᠡᠬᠦ ᠦᠢᠯᠡᠳᠪᠦᠷᠢ ᠪᠠᠶᠢᠭᠤᠯᠬᠤ ᠳᠤ ᠭᠤᠤᠯ ᠨᠢ ᠲᠡᠭᠡᠲᠦ ᠱᠠᠳᠤᠨ ᠤ ᠲᠦᠷᠦᠯ ᠵᠦᠢᠯ ᠤᠨ ᠪᠡᠯᠡ | ᠮᠦᠡᠭᠬᠦ ᠶᠢ ᠲᠡᠮᠡᠴᠡᠨ ᠤᠯᠬᠤ ᠳᠤ ᠲᠦᠰᠢᠭᠯᠡᠵᠤ ᠰᠢᠢᠳᠪᠦᠷᠢᠯᠡᠨ᠎ᠡ᠃ ᠤᠳᠤᠬᠠᠨ ᠳᠤ᠂ ᠤᠯᠤᠰ ᠠᠴᠠ ᠵᠦᠪᠬᠡᠨ | ᠤᠯᠤᠰ ᠤᠨ ᠲᠦᠯᠦᠪᠵᠢᠭᠦᠯᠬᠡ ᠳᠤ ᠤᠷᠤᠭᠤᠯᠤᠭᠰᠠᠨ᠂ ᠰᠢᠶᠠᠨ ᠪᠤᠶᠤ ᠰᠢᠶᠠᠨ ᠠᠴᠠ ᠲᠡᠭᠡᠭᠰᠢ ᠬᠤᠲᠠ ᠲᠤᠭᠤᠷᠢᠭ | ᠤᠨ ᠬᠤᠭ ᠨᠤᠪᠰᠢ ᠰᠢᠢᠳᠪᠦᠷᠢᠯᠡᠬᠦ ᠲᠦᠷᠦᠯ ᠵᠦᠢᠯ ᠳᠤ ᠲᠡᠮᠵᠢᠬᠦ ᠲᠦᠷᠦ ᠶᠢᠨ ᠪᠤᠳᠤᠯᠭ᠎ᠠ ᠪᠠᠶᠢᠨ᠎ᠠ᠂ ᠰᠤᠮᠤ | ᠪᠠᠯᠭᠠᠰᠤ ᠶᠢᠨ ᠬᠤᠭ ᠨᠤᠪᠰᠢ ᠰᠢᠢᠳᠪᠦᠷᠢᠯᠡᠬᠦ ᠲᠦᠷᠦᠯ ᠵᠦᠢᠯ ᠢ ᠬᠡᠷᠡᠭᠵᠢᠬᠦᠯᠬᠦ ᠲᠡᠯ᠎ᠠ ᠶᠢᠨ ᠬᠠᠮᠢᠶ᠎ᠠ ᠪᠦᠬᠦᠢ | ᠲᠡᠮᠵᠢᠬᠦ ᠲᠦᠷᠦ ᠶᠢᠨ ᠪᠤᠳᠤᠯᠭ᠎ᠠ ᠨᠡᠶᠢᠲᠡᠯᠡᠭᠡᠳᠦᠢ᠃ ᠬᠡᠷᠪᠡ ᠤᠯᠤᠰ ︽13.5︾ ᠶᠢᠨ ᠬᠤᠭᠤᠴᠠᠠᠭᠠᠨ ᠳᠤ ᠰᠤᠮᠤ | ᠪᠠᠯᠭᠠᠰᠤᠨ ᠤ ᠱᠠᠳᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠳᠤ ᠲᠡᠮᠵᠢᠯᠭᠡ ᠦᠵᠡᠭᠦᠯᠬᠦ ᠲᠦᠷᠦᠯ | ᠵᠦᠢᠯ ᠢ ᠬᠡᠷᠡᠭᠵᠢᠭᠦᠯᠪᠡᠯ᠂ ᠪᠢᠲᠠ ᠪᠤᠲᠠᠲᠠᠢ ᠬᠡᠷᠡᠭᠴᠡᠭᠡ ᠪᠠᠨ ᠦᠨᠳᠦᠰᠦᠯᠡᠨ ᠲᠡᠭᠡᠭᠰᠢ ᠮᠠᠲᠠᠭᠦᠯᠵᠤ᠂ ᠬᠠᠶᠢᠯᠠᠰᠤ | ᠪᠠᠯᠭᠠᠰᠤᠨ ᠤ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠪᠠᠶᠢᠭᠤᠯᠬᠤ ᠲᠦᠷᠦᠯ ᠵᠦᠢᠯ ᠢ ᠡᠷᠲᠡᠬᠡᠨ | ᠨᠠᠶᠢᠲᠠᠪᠦᠷᠢᠵᠢᠭᠤᠯᠬᠤ ᠪᠠᠷ ᠴᠢᠷᠮᠠᠶᠢᠨ᠎ᠠ᠃ | ᠪᠠᠶ᠋ᠨᠨᠳᠤᠬᠤᠢ ᠰᠤᠮᠤ ᠶᠢᠨ ᠲᠦᠯᠦᠭᠡᠯᠡᠭᠴᠢ ᠶᠢᠨ ᠪᠦᠯᠬᠦᠮ ᠤᠨ ᠽᠸᠤ ᠵᠢᠢ ᠮᠢᠩ ᠲᠦᠯᠦᠭᠡᠯᠡᠭᠴᠢ ᠠᠴᠠ | ᠲᠤᠷᠠᠳᠤᠭᠰᠠᠨ ︽ᠰᠢᠶᠠᠩ ᠱᠦᠢ ᠭᠠᠴᠠᠭᠠᠨ ᠳᠤ ᠵᠤᠭᠠᠴᠠᠯ ᠤᠨ ᠲᠤᠭᠤᠷᠢᠭ ᠪᠠᠶᠢᠭᠤᠯᠬᠤ ᠲᠤᠬᠠᠢ ᠰᠠᠨᠠᠭᠤᠯᠭ᠎ᠠ︾᠂ | ᠤᠷᠴᠢᠮ ᠤᠨ ᠵᠢᠯ ᠳᠤ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠲᠦᠷᠭᠡᠨ ᠬᠦᠭᠵᠢᠬᠦ ᠶᠢ ᠲᠠᠭᠠᠯᠳᠤᠨ᠂ | ᠬᠤᠰᠢᠭᠤᠨ ᠤ ᠵᠠᠰᠠᠭ ᠤᠨ ᠤᠷᠳᠤᠨ ᠤᠷᠤᠭᠤᠯᠵᠤ ᠲᠡᠮᠵᠢᠬᠦ ᠬᠦᠴᠦᠨ ᠢ ᠲᠠᠰᠤᠷᠠᠯᠲᠠ ᠦᠬᠡᠢ ᠨᠠᠮᠡᠭᠲᠠᠭᠦᠯᠵᠦ᠂ | ᠵᠤᠭᠠᠴᠠᠯ ᠤᠨ ᠪᠦᠳᠦᠭᠡᠭᠲᠡᠭᠦᠨ ᠤ ᠤᠯᠠᠨ ᠡᠰᠢᠵᠢᠭᠦᠯᠬᠦ ᠬᠦᠭᠵᠢᠯᠲᠠ ᠶᠢ ᠨᠠᠷᠢᠨ ᠬᠢᠨᠠᠮᠠᠭᠠᠢ ᠲᠦᠯᠦᠪᠵᠢᠬᠦᠯᠪᠠ᠂ | ᠰᠢᠶᠠᠩ ᠱᠦᠢ ᠶᠢᠨ ᠬᠦᠷᠬᠢᠷ᠎ᠡ ᠨᠢ ᠤᠡᠭᠨᠢᠭᠤᠳ ᠬᠤᠰᠢᠭᠤᠨ ᠤ ᠨᠠᠷᠡᠲᠦ ᠲᠠᠤᠭᠡ ᠶᠢᠨ ᠦᠯᠡᠲᠡᠭᠲᠡᠯ ᠪᠠ ᠪᠠᠶᠢᠭᠠᠯᠢ | ᠶᠢᠨ ᠦᠵᠡᠮᠵᠢ ᠪᠤᠯᠤᠭᠰᠠᠨ ᠤ ᠬᠤᠪᠢ ᠳᠤ᠂ ᠶᠡᠷᠦᠲᠡᠭᠡᠨ ᠬᠤᠰᠢᠭᠤᠨ ᠤ ᠵᠠᠰᠠᠭ ᠤᠨ ᠤᠷᠳᠤᠨ ᠭᠤᠤᠯᠲᠠᠯᠭ᠎ᠠ ᠲᠠᠢ | ᠤᠬᠠᠭᠤᠯᠬᠤ ᠪᠠ ᠲᠠᠨᠢᠯᠴᠠᠭᠤᠯᠬᠤ ᠶᠢᠨ ᠵᠡᠷᠭᠡᠪᠡᠷ ᠰᠢᠶᠠᠩ ᠱᠦᠢ ᠭᠠᠴᠠᠭᠠᠨ ᠤ ᠵᠤᠭᠠᠴᠠᠬᠤ ᠤᠷᠤᠨ ᠢ ᠪᠦᠬᠦ | ᠬᠤᠰᠢᠭᠤᠨ ᠤ ᠶᠡᠷᠦᠩᠬᠡᠢ ᠲᠦᠯᠦᠪᠵᠢᠭᠦᠯᠬᠡ ᠳᠤ ᠤᠷᠤᠭᠤᠯᠵᠠᠢ᠃ ᠡᠭᠦᠨ ᠠᠴᠠ ᠰᠡᠭᠦᠯᠡᠷ ᠠᠷᠠᠯᠵᠢᠶᠠᠴᠢᠨ ᠤᠷᠢᠵᠤ | ᠪᠠᠯᠡ ᠤᠷᠤᠭᠤᠯᠬᠤ ᠬᠦᠴᠦᠯᠡᠴᠡ ᠶᠢ ᠤᠯᠠᠮ ᠨᠢᠬᠡ ᠠᠯᠬᠤᠮ ᠨᠠᠮᠡᠭᠲᠡᠭᠦᠯᠵᠤ᠂ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠳᠤᠷ ᠬᠠᠮᠠᠭᠠᠯᠠᠭᠰᠠᠨ ᠤ ᠤᠷᠢᠲᠠᠯ ᠲᠤᠤᠷ᠎ᠠ᠂ ᠨᠠᠭᠡᠭᠡᠵᠦ ᠪᠠᠶᠢᠭᠤᠯᠬᠤ ᠬᠦᠴᠦᠨ ᠢ ᠲᠠᠰᠤᠷᠠᠯᠲᠠ | ᠦᠬᠡᠢ ᠨᠠᠮᠡᠭᠲᠡᠭᠦᠯᠵᠤ᠂ ᠤᠡᠭᠨᠢᠭᠤᠳ ᠬᠤᠰᠢᠭᠤᠨ ᠤ ᠵᠤᠭᠠᠴᠠᠯ ᠤᠨ ᠰᠤᠳᠤᠨ ᠪᠦᠳᠦᠭᠡᠭᠲᠡᠭᠦᠨ ᠢ ᠪᠤᠢ ᠪᠤᠯᠭᠠᠬᠤ ᠪᠠᠷ | ᠴᠢᠷᠮᠠᠶᠢᠨ᠎ᠠ᠃ | ︵ᠲᠦᠷᠪᠡ︶ ᠬᠤᠰᠢᠭᠤᠨ ᠲᠠᠰ ᠤᠨ ᠲᠠᠪᠬᠤᠷᠭ᠎ᠠ ᠳᠤ ᠲᠠᠪᠲᠠᠨ ᠪᠠᠶᠢᠭᠤᠯᠤᠭᠰᠠᠨ ᠪᠤᠶᠤ ᠤᠯᠤᠰ ᠤᠨ | ᠤᠲᠤᠬᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠤᠭᠲᠠᠭᠠᠯ ᠲᠠᠢ ᠨᠠᠶᠢᠴᠡᠬᠦ ᠦᠬᠡᠢ ᠠᠴᠠ ᠪᠤᠯᠵᠤ ᠲᠦᠷ ᠴᠠᠭ | ᠰᠢᠢᠳᠪᠦᠷᠢᠯᠡᠵᠤ ᠲᠡᠶᠢᠯᠬᠦ ᠦᠬᠡᠢ 3 ᠵᠦᠢᠯ᠂ ᠵᠢᠱᠢᠶᠠᠯᠡᠪᠠᠯ᠄ | ᠠᠰᠢᠬᠠᠨ ᠰᠤᠮᠤ ᠶᠢᠨ ᠲᠦᠯᠦᠭᠡᠯᠡᠭᠴᠢ ᠶᠢᠨ ᠪᠦᠯᠬᠦᠮ ᠤᠨ ᠮᠠᠨᠳᠤᠬᠤ ᠲᠦᠯᠦᠭᠡᠯᠡᠭᠴᠢ ᠶᠢᠨ ᠲᠤᠷᠠᠳᠤᠭᠰᠠᠨ | ︽ᠪᠤᠷᠤᠬᠤᠲᠠ ᠪᠠᠯᠭᠠᠰᠤᠨ ᠳᠤ ᠮᠤᠩᠭᠤᠯ ᠡᠮᠨᠡᠯᠭᠡ ᠶᠢᠨ ᠬᠤᠷᠢᠶ᠎ᠡ ᠪᠠᠶᠢᠭᠤᠯᠬᠤ ᠲᠤᠬᠠᠢ ᠰᠠᠨᠠᠭᠤᠯᠭ᠎ᠠ︾ ᠂ ᠮᠠᠨ ᠤ | ᠬᠤᠰᠢᠭᠤᠨ ᠤ ᠬᠢᠲᠠᠳ ᠮᠤᠩᠭᠤᠯ ᠡᠮᠨᠡᠯᠬᠡ ᠶᠢᠨ ᠬᠤᠷᠢᠶ᠎ᠠ ᠪᠤᠯ ᠦᠨᠳᠤᠰᠤᠲᠠᠨ ᠤ ᠤᠨᠴᠠᠯᠢᠭ ᠲᠠᠢ ᠬᠤᠶᠠᠳᠤᠭᠠᠷ | ᠲᠠᠰ ᠤᠨ ᠬᠦᠬᠡ ᠲᠠᠰ ᠤᠨ ᠲᠤᠰᠬᠠᠢ ᠡᠮᠨᠡᠯᠬᠡ ᠶᠢᠨ ᠬᠤᠷᠢᠶ᠎ᠠ ᠮᠦᠨ᠂ ᠪᠦᠬᠦ ᠬᠤᠰᠢᠭᠤᠨ ᠤ ᠠᠷᠠᠳ ᠤᠯᠠᠨ ᠤ | ᠮᠤᠩᠭᠤᠯ ᠬᠢᠲᠠᠳ ᠡᠮᠨᠡᠯᠭᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠡᠷᠡᠭᠴᠡᠭᠡ ᠶᠢ ᠦᠨᠳᠤᠰᠤᠨ ᠳᠡᠭᠡᠨ | ᠬᠠᠨᠭ᠍ᠭᠠᠵᠤ ᠲᠠᠶᠢᠯᠤᠨ᠎ᠠ᠃ ᠦᠭᠡᠷ᠎ᠡ ᠨᠢᠬᠡ ᠰᠠᠭᠤᠷᠢ ᠮᠤᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠬᠤ ᠨᠢ ᠲᠠᠪᠲᠠᠨ | ᠪᠠᠶᠢᠭᠤᠯᠤᠭᠰᠠᠨ ᠳᠤ ᠤᠷᠤᠨ᠎ᠠ᠂ ︽ᠡᠮᠨᠡᠨ ᠵᠠᠰᠠᠬᠤ ᠪᠠᠶᠢᠭᠤᠯᠤᠮᠵᠢ ᠪᠠᠶᠢᠭᠤᠯᠬᠤ ᠲᠦᠯᠦᠪᠵᠢᠭᠦᠯᠬᠡ︾ ᠶᠢᠨ | ᠶᠡᠷᠦᠩᠬᠡᠢ ᠦᠷ᠎ᠡ ᠠᠰᠢᠭ ᠤᠨ ᠵᠡᠷᠴᠢᠮ ᠲᠠᠢ ᠵᠦᠷᠢᠴᠡᠯᠳᠤᠨᠠ᠃ | ᠴᠢᠶᠤᠤ ᠲᠸᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠬᠦᠸᠧ ᠵᠢᠶᠠᠨ ᠯᠢ ᠲᠦᠯᠦᠭᠡᠯᠡᠭᠴᠢ ᠶᠢᠨ | ᠲᠤᠷᠠᠳᠤᠭᠰᠠᠨ ︽ᠲᠤᠰᠬᠤᠨ ᠤ ︿ᠠᠰ ᠠᠰ ᠢᠶᠠᠷ ᠵᠦᠪᠯᠡᠬᠦ﹀ ᠦᠪᠡᠷ ᠢᠶᠠᠨ ᠪᠡᠯᠡ ᠴᠤᠭᠯᠠᠭᠤᠯᠬᠤ ᠶᠢ ᠦᠭᠡᠶᠢᠰᠭᠡᠬᠦ | ᠲᠤᠬᠠᠢ ᠰᠠᠨᠠᠭᠤᠯᠭ᠎ᠠ︾᠂ ᠠᠰ ᠠᠰ ᠢᠶᠠᠷ ᠵᠦᠪᠯᠡᠬᠦ ᠡᠳ᠋ ᠤᠨ ᠵᠠᠰᠠᠭ ᠤᠨ ᠱᠠᠩᠨᠠᠯ ᠢᠶᠠᠷ ᠨᠦᠬᠦᠪᠦᠷᠢᠯᠡᠬᠦ ᠲᠦᠷᠦ ᠶᠢᠨ | ᠪᠤᠳᠤᠯᠭ᠎ᠠ ᠤᠨ ᠦᠨᠳᠤᠰᠦᠨ ᠵᠡᠷᠴᠢᠮ ᠪᠤᠯ ︽ᠠᠷᠠᠳᠴᠢᠯᠠᠯ ᠢᠶᠠᠷ ᠰᠢᠢᠳᠪᠦᠷᠢ ᠭᠠᠷᠭᠠᠵᠤ᠂ ᠴᠤᠭᠯᠠᠭᠤᠯᠬᠤ | ᠨᠦᠬᠦᠪᠦᠷᠢᠯᠡᠬᠦ ᠶᠢ ᠤᠶᠠᠯᠳᠤᠭᠤᠯᠤᠨ᠎ᠠ︾᠂ ᠲᠠᠷᠤᠢ ᠮᠠᠯᠴᠢᠨ ᠲᠠᠷᠢᠶᠠᠴᠢᠨ ᠦᠪᠡᠷ ᠤᠨ ᠲᠤᠷ᠎ᠠ ᠠᠴᠠ ᠪᠠᠨ ᠪᠡᠯᠡ | ᠭᠠᠷᠭᠠᠬᠤ ᠬᠦᠲᠡᠯᠮᠤᠷᠢ ᠭᠠᠷᠭᠠᠬᠤ ᠪᠠᠷ ᠤᠷᠢᠲᠠᠯ ᠪᠤᠯᠭᠠᠵᠤ᠂ ᠵᠠᠰᠠᠭ ᠤᠨ ᠤᠷᠲᠤᠨ ᠤ ᠪᠡᠯᠡ ᠮᠦᠡᠭᠬᠦ ᠪᠠᠷ ᠱᠠᠩᠨᠠᠬᠤ | ᠪᠠ ᠵᠢᠯᠤᠭᠤᠳᠬᠤ ᠶᠢ ᠭᠤᠤᠯᠴᠢᠯᠠᠵᠤ᠂ ᠵᠠᠰᠠᠭ ᠤᠨ ᠤᠷᠲᠤᠨ ᠤ ᠤᠷᠤᠭᠤᠯᠬᠤ ᠪᠠ ᠲᠠᠷᠢᠶᠠᠴᠢᠨ ᠮᠠᠯᠴᠢᠨ ᠤ | ᠬᠦᠲᠡᠯᠮᠦᠷᠢ ᠭᠠᠷᠭᠠᠬᠤ ᠵᠢᠴᠢ ᠪᠤᠰᠤᠳ ᠨᠡᠶᠢᠬᠡᠮ ᠤᠨ ᠬᠦᠴᠦᠨ ᠤ ᠲᠠᠮᠵᠢᠵᠤ ᠲᠤᠰᠠᠯᠠᠬᠤ ᠶᠢ ᠤᠶᠠᠯᠳᠤᠭᠤᠯᠵᠤ᠂ | ᠬᠠᠮᠳᠤᠪᠡᠷ ᠭᠠᠴᠠᠭ᠎ᠠ ᠲᠤᠰᠬᠤᠨ ᠤ ᠨᠡᠶᠢᠲᠠ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢ ᠠᠭᠢᠭᠤᠯᠤᠨ᠎ᠠ᠃ | ᠲᠠᠷᠢᠶᠠᠴᠢᠨ ᠮᠠᠯᠴᠢᠨ ᠤ ᠦᠪᠡᠷ ᠢᠶᠠᠨ ᠪᠡᠯᠡ ᠴᠤᠭᠯᠠᠭᠤᠯᠬᠤ ᠶᠢ ᠦᠭᠡᠶᠢᠰᠭᠡᠬᠦ ᠨᠢ ᠤᠯᠤᠰ ᠤᠨ ᠬᠤᠯᠪᠤᠭᠲᠠᠯ | ᠪᠦᠬᠦᠢ ᠲᠤᠭᠲᠠᠭᠠᠯ ᠲᠠᠢ ᠨᠡᠶᠢᠴᠡᠬᠦ ᠦᠬᠡᠢ᠂ ᠵᠦᠪᠬᠡᠨ ᠲᠡᠭᠡᠳᠦ ᠱᠠᠳᠤᠨ ᠤ ᠬᠤᠯᠪᠤᠭᠲᠠᠯ ᠪᠦᠬᠦᠢ ᠲᠦᠷᠦ ᠶᠢᠨ | ᠪᠤᠳᠤᠯᠭ᠎ᠠ ᠨᠠᠶᠢᠳᠠᠯᠡᠭᠰᠡᠨ ᠤ ᠰᠡᠭᠦᠯᠡᠷ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | ᠬᠤᠶᠠᠷ᠂ ᠬᠡᠷᠡᠭᠯᠡᠭᠰᠡᠨ ᠭᠤᠤᠯ ᠠᠷᠭ᠎ᠠ ᠬᠡᠮᠵᠢᠶ᠎ᠠ | | ᠬᠤᠰᠢᠭᠤᠨ ᠤ ᠵᠠᠰᠠᠭ ᠤᠨ ᠤᠷᠳᠤᠨ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠳᠤᠷ ᠬᠢᠬᠦ ᠶᠢ᠂ ︽ᠵᠠᠰᠠᠭ ᠤᠨ ᠤᠷᠳᠤᠨ ᠤ | ᠠᠵᠢᠯ ᠤᠨ ᠮᠡᠲᠡᠭᠦᠯᠦᠯᠲᠡ︾ ᠲᠤᠳᠤᠷᠠᠬᠢ ᠡᠯ᠎ᠡ ᠲᠦᠷᠦᠯ ᠤᠨ ᠠᠵᠢᠯ ᠡᠭᠦᠷᠬᠡ ᠶᠢ ᠨᠠᠶᠢᠲᠠᠪᠤᠷᠢᠵᠢᠭᠤᠯᠬᠤ ᠭᠤᠤᠯ | ᠠᠷᠭ᠎ᠠ ᠪᠠᠷᠢᠯ ᠪᠤᠯᠭᠠᠨ ᠠᠳᠬᠤᠵᠤ᠂ ᠭᠤᠤᠯ ᠨᠢ ᠲᠤᠤᠷᠠᠬᠢ ᠬᠡᠳᠤᠨ ᠲᠠᠯ᠎ᠠ ᠶᠢᠨ ᠠᠷᠭ᠎ᠠ ᠬᠡᠮᠵᠢᠶ᠎ᠠ ᠶᠢ | ᠬᠡᠷᠡᠭᠵᠢᠭᠦᠯᠵᠠᠢ᠃ | ︵ᠨᠢᠬᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠢᠳᠪᠦᠷᠢᠯᠡᠬᠦ | ᠲᠤᠭᠲᠠᠯᠴᠠᠭ᠎ᠠ ᠶᠢ ᠲᠡᠭᠦᠯᠲᠡᠷᠵᠢᠭᠦᠯᠦᠨ᠎ᠡ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠦᠷᠪᠡᠳᠦᠭᠡᠷ | ᠤᠲᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠠᠭᠦᠰᠦᠭᠰᠡᠨ ᠤ ᠲᠠᠷᠠᠭ᠎ᠠ᠂ ᠬᠤᠰᠢᠭᠤᠨ ᠤ ᠵᠠᠰᠠᠭ | ᠤᠨ ᠤᠷᠳᠤᠨ ᠠᠴᠠ ᠵᠠᠰᠠᠭ ᠤᠨ ᠤᠷᠳᠤᠨ ᠤ ᠠᠯᠪᠠᠨ ᠬᠡᠷ ᠲᠤ ᠲᠠᠭᠠᠭᠠᠴᠢᠯᠠᠭᠤᠯᠵᠤ ᠲᠤᠰᠬᠠᠢ ᠬᠦᠮᠦᠨ ᠲᠤᠮᠢᠯᠠᠵᠤ | ᠬᠤᠷᠢᠶᠠᠵᠤ ᠤᠯᠤᠭᠰᠠᠨ ᠲᠦᠯᠦᠭᠡᠯᠡᠭᠴᠢ ᠶᠢᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠷᠢᠨ ᠬᠢᠨᠠᠮᠠᠭᠠᠢ ᠲᠠᠩᠰᠠᠯᠠᠵᠤ | ᠡᠮᠬᠢᠯᠡᠪᠡ᠂ ᠮᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ | ᠲᠠᠢ ᠬᠠᠮᠳᠤᠪᠡᠷ ᠲᠤᠰᠢᠶᠠᠨ ᠰᠢᠢᠳᠪᠦᠷᠢᠯᠡᠬᠦ ᠬᠤᠷᠠᠯ ᠢ ᠵᠤᠬᠢᠶᠠᠨ ᠪᠠᠶᠢᠭᠤᠯᠤᠨ᠂ ᠰᠢᠢᠳᠪᠦᠷᠢᠯᠡᠬᠦ ᠠᠵᠢᠯ ᠳᠤ ᠪᠤᠲᠠᠲᠠᠢ | ᠪᠠᠶᠢᠷᠢᠯᠠᠭᠤᠯᠤᠯᠲᠠ ᠬᠢᠵᠤ᠂ ᠲᠠᠭᠠᠭᠠᠨ ᠬᠠᠷᠢᠭᠤᠴᠠᠬᠤ ᠨᠢᠭᠡᠴᠡ ᠶᠢ ᠲᠦᠯᠦᠬᠡᠯᠡᠭᠴᠢ ᠶᠢᠨ ᠰᠠᠨᠠᠭᠤᠯᠭ᠎ᠠ ᠪᠦᠷᠢ ᠶᠢ | ᠦᠨᠠᠩᠬᠦ ᠰᠠᠶᠢᠳᠤᠷ ᠰᠢᠢᠳᠪᠦᠷᠢᠯᠡᠬᠦ ᠶᠢ ᠱᠠᠭᠠᠷᠲᠠᠵᠤ᠂ ᠰᠢᠢᠳᠪᠦᠷᠢᠯᠡᠬᠦ ᠴᠠᠭ ᠬᠤᠭᠤᠴᠠᠭ᠎ᠠ᠂ ᠬᠠᠷᠠᠯᠲᠠ ᠪᠠ ᠴᠢᠨᠡᠷ | ᠵᠡᠷᠭᠡ ᠲᠠᠯ᠎ᠠ ᠪᠠᠷ ᠲᠤᠳᠤᠷᠬᠠᠢ ᠱᠠᠭᠠᠷᠲᠠᠯᠭ᠎ᠠ ᠲᠤᠷᠠᠳᠴᠡᠢ᠃ ᠡᠭᠦᠨ ᠤ ᠵᠡᠷᠭᠡᠪᠡᠷ᠂ ᠬᠤᠰᠢᠭᠤᠨ ᠤ ᠵᠠᠰᠠᠭ ᠤᠨ | ᠤᠷᠳᠤᠨ ᠤ ᠠᠯᠪᠠᠨ ᠬᠡᠷ ᠠᠴᠠ ᠰᠠᠨᠠᠭᠤᠯᠭ᠎ᠠ ᠰᠢᠢᠳᠪᠦᠷᠢᠯᠡᠬᠦ ᠠᠵᠢᠯ ᠢ ᠪᠤᠲᠠᠲᠠᠢ ᠬᠠᠷᠢᠭᠤᠴᠠᠨ ᠲᠤᠬᠢᠷᠠᠭᠤᠯᠵᠤ᠂ | ᠲᠤᠰ ᠠᠵᠢᠯ ᠤᠨ ᠤᠷᠤᠭᠰᠢᠲᠠᠢ ᠶᠠᠪᠤᠭᠲᠠᠬᠤ ᠳᠤ ᠴᠢᠬᠤᠯᠠ ᠪᠠᠳᠤᠯᠭ᠎ᠠ ᠬᠠᠨᠭ᠍ᠭᠠᠭᠰᠠᠨ ᠪᠠᠶᠢᠨ᠎ᠠ᠃ | ︵ᠬᠤᠶᠠᠷ︶ ᠬᠠᠷᠢᠯᠴᠠᠵᠤ ᠨᠡᠪᠲᠡᠷᠡᠯᠴᠡᠬᠦ ᠶᠢ ᠰᠠᠶᠢᠳᠤᠷ ᠬᠢᠵᠤ᠂ ᠬᠠᠮᠵᠢᠯᠴᠠᠵᠤ ᠬᠦᠲᠠᠯᠤᠯᠴᠡᠬᠦ ᠶᠢ | ᠠᠬᠢᠭᠤᠯᠪᠠ᠃ ᠰᠢᠢᠳᠪᠦᠷᠢᠯᠡᠬᠦ ᠶᠠᠪᠤᠴᠠ ᠲᠤᠮᠲᠠ᠂ ᠲᠠᠭᠠᠭᠠᠨ ᠬᠠᠷᠢᠭᠤᠴᠠᠬᠤ ᠨᠢᠭᠡᠴᠡ ᠠᠵᠢᠯ ᠢᠶᠠᠨ ᠬᠠᠷᠢᠭᠤ | ᠮᠡᠲᠡᠭᠦᠯᠬᠦ᠂ ᠰᠠᠨᠠᠯ ᠬᠤᠷᠢᠶᠠᠬᠤ ᠵᠡᠷᠬᠡ ᠠᠷᠭ᠎ᠠ ᠬᠡᠯᠪᠡᠷᠢ ᠪᠠᠷ ᠲᠠᠮᠵᠢᠵᠤ᠂ ᠢᠲᠡᠪᠬᠢᠲᠠᠢ ᠪᠠᠷ ᠲᠦᠯᠦᠭᠡᠯᠡᠭᠴᠢᠳ ᠲᠠᠢ | ᠪᠠᠶᠢᠲᠠᠯ ᠢᠶᠠᠨ ᠬᠠᠷᠢᠯᠴᠠᠵᠤ᠂ ᠬᠠᠷᠢᠯᠴᠠᠨ ᠨᠡᠪᠲᠡᠷᠡᠯᠴᠡᠵᠤ᠂ ᠬᠠᠮᠳᠤᠪᠡᠷ ᠰᠢᠢᠳᠪᠦᠷᠢᠯᠡᠬᠦ ᠠᠷᠭ᠎ᠠ ᠶᠢ ᠵᠦᠪᠲᠡᠪᠠ᠃ | ᠨᠦᠬᠦᠴᠡᠯ ᠲᠠᠢ ᠴᠠᠭ ᠲᠤᠬᠠᠢ ᠳᠤᠨᠢ ᠰᠢᠢᠳᠪᠦᠷᠢᠯᠡᠵᠤ ᠲᠠᠶᠢᠯᠬᠦ ᠰᠠᠨᠠᠭᠤᠯᠭ᠎ᠠ ᠶᠢ ᠬᠦᠴᠦᠨ ᠢᠶᠠᠨ ᠲᠦᠪᠯᠡᠷᠡᠭᠦᠯᠵᠤ | ᠬᠤᠷᠲᠤᠬᠠᠨ ᠬᠡᠷᠡᠭᠵᠢᠭᠦᠯᠪᠡ᠂ ᠨᠦᠬᠦᠴᠡᠯ ᠤᠨ ᠬᠢᠵᠠᠭᠠᠷᠯᠠᠯ ᠠᠴᠠ ᠪᠤᠯᠵᠤ ᠲᠦᠷ ᠵᠠᠭᠤᠷ᠎ᠠ ᠰᠢᠢᠳᠪᠦᠷᠢᠯᠡᠬᠦ ᠳᠤ | ᠬᠦᠴᠢᠷ ᠲᠠᠢ ᠰᠠᠨᠠᠭᠤᠯᠭ᠎ᠠ ᠶᠢ ᠲᠦᠯᠦᠪᠯᠡᠭᠡ ᠲᠤᠭᠲᠠᠭᠠᠵᠤ᠂ ᠨᠦᠬᠦᠴᠡᠯ ᠪᠦᠷᠢᠯᠳᠦᠭᠦᠯᠵᠤ᠂ ᠢᠲᠡᠭ ᠠᠯᠬᠤᠮ ᠢᠶᠠᠷ | ᠨᠡᠶᠢᠲᠡᠪᠤᠷᠢᠵᠢᠭᠤᠯᠪᠠ᠃ ᠦᠨᠠᠩᠬᠦ ᠰᠢᠢᠳᠪᠦᠷᠢᠯᠡᠵᠤ ᠲᠠᠶᠢᠯᠬᠦ ᠦᠭᠡᠢ ᠰᠠᠨᠠᠭᠤᠯᠭ᠎ᠠ ᠶᠢ ᠪᠤᠲᠠᠲᠠᠢ ᠠᠴᠠ ᠡᠭᠦᠰᠴᠤ | ᠲᠦᠯᠦᠭᠡᠯᠡᠭᠴᠢᠳ ᠲᠤ ᠲᠠᠶᠢᠯᠪᠤᠷᠢ ᠦᠭᠴᠦ᠂ ᠤᠶᠢᠯᠭᠠᠯᠲᠠ ᠪᠠ ᠲᠠᠮᠵᠢᠯᠭᠡ ᠶᠢ ᠤᠯᠪᠠ᠃ ᠬᠠᠮᠳᠤ ᠶᠢᠨ ᠴᠢᠷᠮᠠᠶᠢᠯᠭ᠎ᠠ | ᠪᠠᠷ ᠲᠠᠮᠵᠢᠭᠠᠳ᠂ ᠤᠯᠠᠩᠬᠢ ᠲᠦᠯᠦᠭᠡᠯᠡᠭᠴᠢᠳ ᠤᠨ ᠰᠡᠳᠬᠢᠯ ᠲᠠᠯᠪᠢᠵᠤ ᠪᠠᠶᠢᠬᠤ ᠭᠤᠤᠯᠲᠠᠯᠭ᠎ᠠ ᠲᠠᠢ ᠠᠰᠠᠭᠤᠲᠠᠯ | ᠨᠠᠯᠢᠶᠡᠳ ᠰᠠᠶᠢᠨ ᠰᠢᠢᠳᠪᠦᠷᠢᠯᠡᠭᠲᠡᠵᠤ᠂ ᠠᠵᠤ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠵᠤ᠂ ᠠᠷᠠᠳ | ᠲᠦᠮᠡᠨ ᠤ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ ᠳᠤ ᠦᠢᠯᠡᠳᠤᠯ ᠦᠵᠡᠭᠦᠯᠵᠠᠢ᠃ | ︵ᠭᠤᠷᠪᠠ︶ ᠬᠢᠨᠠᠨ ᠰᠢᠢᠳᠪᠦᠷᠢᠯᠡᠬᠦ ᠶᠠᠪᠤᠴᠠ ᠶᠢ ᠴᠢᠩᠭᠠᠳᠬᠠᠵᠤ᠂ ᠪᠤᠲᠠᠲᠠᠢ ᠬᠡᠷᠡᠭᠵᠢᠭᠦᠯᠬᠦ ᠶᠢ ᠴᠢᠩᠭ᠎ᠠ | ᠠᠳᠬᠤᠨ᠎ᠠ᠃ ᠬᠤᠰᠢᠭᠤᠨ ᠤ ᠵᠠᠰᠠᠭ ᠤᠨ ᠤᠷᠳᠤᠨ ᠤ ᠬᠢᠨᠠᠨ ᠪᠠᠶᠢᠴᠠᠭᠠᠬᠤ ᠲᠠᠰᠤᠭ ᠳ᠋ᠢᠶᠠᠩᠬᠤᠸᠠ ᠪᠠᠷ ᠱᠠᠭᠠᠷᠲᠠᠨ | ᠰᠢᠢᠳᠪᠦᠷᠢᠯᠡᠬᠦ᠂ ᠲᠤᠰᠬᠠᠢ ᠬᠦᠮᠦᠨ ᠱᠠᠭᠠᠷᠲᠠᠵᠤ ᠰᠢᠢᠳᠪᠦᠷᠢᠯᠡᠬᠦ ᠵᠡᠷᠬᠡ ᠤᠯᠠᠨ ᠵᠦᠢᠯ ᠤᠨ ᠬᠦᠴᠦᠨ ᠲᠠᠢ ᠬᠡᠯᠪᠡᠷᠢ | ᠶᠢ ᠶᠡᠷᠦᠩᠬᠡᠶᠢᠯᠡᠨ ᠬᠡᠷᠡᠭᠯᠡᠵᠤ᠂ ᠲᠤᠬᠢᠷᠠᠮᠵᠢᠲᠠᠢ ᠴᠠᠭ ᠲᠤ ᠲᠠᠭᠠᠭᠠᠨ ᠬᠠᠷᠢᠭᠤᠴᠠᠬᠤ ᠨᠢᠭᠡᠴᠡ ᠶᠢᠨ ᠠᠵᠢᠯ | ᠰᠢᠢᠳᠪᠦᠷᠢᠯᠡᠬᠦ ᠠᠬᠢᠴᠠ ᠶᠢᠨ ᠪᠠᠶᠢᠲᠠᠯ ᠳᠤ ᠪᠠᠶᠢᠴᠠᠭᠠᠯᠲᠠ ᠬᠢᠵᠤ᠂ ᠲᠤᠭᠲᠠᠭᠰᠠᠨ ᠬᠤᠭᠤᠴᠠᠭ᠎ᠠ ᠲᠠᠢ ᠪᠠᠷ | ᠰᠠᠨᠠᠭᠤᠯᠭ᠎ᠠ ᠰᠢᠢᠳᠪᠦᠷᠢᠯᠡᠬᠦ ᠪᠠᠶᠢᠲᠠᠯ ᠳᠤ ᠬᠤᠷᠢᠶᠠᠩᠭᠤᠶᠢᠯᠠᠯᠲᠠ ᠬᠢᠪᠠ᠂ ᠡᠯ᠎ᠡ ᠰᠠᠯᠠᠭ᠎ᠠ ᠮᠦᠴᠢᠷ ᠤᠨ | ᠬᠠᠷᠢᠭᠤᠯᠲᠠ ᠶᠢ ᠨᠢᠬᠡ ᠨᠢᠭᠡ ᠪᠠᠷ ᠬᠢᠨᠠᠨ ᠬᠠᠷᠭᠤᠭᠤᠯᠵᠤ᠂ ᠲᠦᠷᠦ ᠶᠢᠨ ᠪᠤᠳᠤᠯᠭ᠎ᠠ ᠬᠠᠤᠯᠢ ᠴᠠᠭᠠᠵᠠ᠂ | ᠬᠠᠷᠢᠭᠤᠯᠲᠠ ᠶᠢᠨ ᠠᠭᠤᠯᠭ᠎ᠠ ᠪᠠ ᠠᠯᠪᠠᠨ ᠪᠢᠴᠢᠭ ᠶᠠᠪᠤᠭᠤᠯᠬᠤ ᠲᠦᠷᠢᠮ ᠵᠡᠷᠭᠡ ᠭᠤᠷᠪᠠᠨ ᠪᠤᠭᠤᠮᠲᠠ ᠶᠢ ᠰᠠᠶᠢᠳᠤᠷ | ᠠᠳᠬᠤᠵᠤ᠂ ᠰᠢᠢᠳᠪᠦᠷᠢᠯᠡᠬᠦ ᠳᠤ ᠤᠲᠠᠭᠠᠨ ᠰᠠᠯᠠᠭ᠎ᠠ ᠮᠦᠴᠢᠷ ᠲᠤ ᠭᠤᠤᠯᠲᠠᠯᠭ᠎ᠠ ᠲᠠᠢ ᠪᠠᠷ ᠱᠠᠭᠠᠷᠲᠠᠯᠭ᠎ᠠ ᠪᠠ | ᠬᠠᠪᠰᠤᠷᠤᠯᠭ᠎ᠠ ᠦᠵᠡᠭᠦᠯᠪᠡ᠃ ᠲᠦᠯᠦᠭᠡᠯᠡᠭᠴᠢ ᠶᠢᠨ ᠰᠠᠨᠠᠭᠤᠯᠭ᠎ᠠ ᠶᠢ ᠨᠡᠶᠢᠲᠡᠪᠤᠷᠢᠵᠢᠭᠤᠯᠬᠤ ᠶᠢ 2015 ᠤᠨ ᠤ | ᠬᠢᠨᠠᠨ ᠪᠠᠶᠢᠴᠠᠭᠠᠬᠤ ᠠᠵᠢᠯ ᠤᠨ ᠭᠤᠤᠯᠲᠠᠯᠭ᠎ᠠ ᠪᠤᠯᠭᠠᠵᠤ᠂ ᠤᠯᠠᠨ ᠤᠲᠠᠭ᠎ᠠ ᠡᠯ᠎ᠡ ᠲᠠᠭᠠᠭᠠᠨ ᠬᠠᠷᠢᠭᠤᠴᠠᠬᠤ | ᠨᠢᠭᠡᠴᠡ ᠳᠤ ᠬᠦᠷᠴᠦ ᠪᠤᠲᠠᠲᠠᠢ ᠭᠠᠵᠠᠷ ᠤᠨ ᠬᠢᠨᠠᠨ ᠪᠠᠶᠢᠴᠠᠭᠠᠯᠲᠠ ᠬᠢᠵᠤ᠂ ᠰᠠᠶᠢᠨ ᠦᠷ᠎ᠡ ᠪᠦᠲᠦᠮᠵᠢ ᠤᠯᠵᠤ᠂ | ᠰᠢᠢᠳᠪᠦᠷᠢᠯᠡᠬᠦ ᠠᠬᠢᠴᠠ ᠶᠢ ᠤᠯᠠᠮ ᠠᠴᠠ ᠲᠦᠷᠭᠡᠳᠬᠡᠵᠤ᠂ ᠰᠢᠢᠳᠪᠦᠷᠢᠯᠡᠬᠦ ᠠᠵᠢᠯ ᠤᠨ ᠶᠡᠷᠦᠩᠬᠡᠢ ᠲᠦᠪᠰᠢᠨ | ᠲᠡᠭᠡᠭᠰᠢᠯᠡᠬᠦ ᠶᠢ ᠪᠠᠳᠤᠯᠠᠵᠠᠢ᠃ | | ᠭᠤᠷᠪᠠ᠂ ᠤᠷᠤᠰᠢᠵᠤ ᠪᠠᠶᠢᠭ᠎ᠠ ᠭᠤᠤᠯ ᠠᠰᠠᠭᠤᠳᠠᠯ ᠵᠢᠴᠢ ᠲᠠᠷᠠᠭ᠎ᠠ ᠠᠯᠬᠤᠮ ᠤᠨ ᠠᠵᠢᠯ ᠤᠨ ᠰᠡᠳᠬᠢᠮᠵᠢ | | 2015 ᠤᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ | ᠰᠠᠨᠠᠭᠤᠯᠭ᠎ᠠ ᠶᠢ ᠰᠢᠢᠳᠪᠤᠷᠢᠯᠠᠬᠦ ᠠᠵᠢᠯ ᠢ ᠬᠢᠨᠠᠮᠠᠭᠠᠢ ᠬᠤᠷᠢᠶᠠᠩᠭᠤᠶᠢᠯᠠᠵᠤ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠠᠬᠦᠨ ᠤ ᠪᠠᠶᠢᠩᠭᠤ ᠶᠢᠨ ᠬᠤᠷᠢᠶ᠎ᠠ ᠶᠢᠨ ᠬᠠᠷᠠᠭᠠᠯᠵᠠᠯᠠᠯ ᠲᠠᠮᠵᠢᠯᠭᠡ | ᠲᠤᠤᠷ᠎ᠠ᠂ ᠡᠯ᠎ᠡ ᠲᠠᠭᠠᠭᠠᠨ ᠬᠠᠷᠢᠭᠤᠴᠠᠬᠤ ᠨᠢᠭᠡᠴᠡ ᠶᠢᠨ ᠬᠠᠮᠳᠤ ᠶᠢᠨ ᠴᠢᠷᠮᠠᠶᠢᠯᠭ᠎ᠠ ᠲᠤᠤᠷ᠎ᠠ᠂ ᠵᠤᠬᠢᠬᠤ ᠬᠡᠮᠵᠢᠶᠠᠨ | ᠤ ᠬᠢᠷᠢ ᠪᠦᠳᠦᠮᠵᠢ ᠤᠯᠵᠠᠢ᠃ ᠬᠡᠪᠡᠴᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ | ᠵᠢᠴᠢ ᠠᠷᠠᠳ ᠤᠯᠠᠨ ᠤ ᠱᠠᠭᠠᠷᠳᠠᠯᠭ᠎ᠠ ᠲᠠᠢ ᠪᠠᠰᠠ ᠵᠦᠷᠢᠶ᠎ᠠ ᠲᠠᠢ ᠪᠠ ᠬᠦᠷᠦᠯᠴᠠᠬᠦ ᠦᠭᠡᠢ ᠲᠠᠯ᠎ᠠ ᠪᠠᠶᠢᠨ᠎ᠠ᠃ | ᠵᠢᠱᠢᠶᠠᠯᠠᠪᠠᠯ᠄ ᠡᠯ᠎ᠡ ᠲᠠᠭᠠᠭᠠᠨ ᠬᠠᠷᠢᠭᠤᠴᠠᠬᠤ ᠨᠢᠭᠡᠴᠡ ᠬᠤᠪᠢᠷᠠᠯᠳᠠ ᠭᠠᠷᠤᠬᠰᠠᠨ ᠠᠴᠠ ᠪᠤᠯᠵᠤ ᠰᠠᠨᠠᠭᠤᠯᠭ᠎ᠠ ᠶᠢ | ᠪᠤᠳᠠᠳᠠᠢ ᠲᠤᠰᠢᠶᠠᠬᠤ ᠪᠠ ᠬᠦᠯᠢᠶᠠᠨ ᠠᠪᠬᠤ ᠤᠳᠠᠭᠠᠰᠢᠷᠠᠵᠤ᠂ ᠵᠤᠬᠢᠬᠤ ᠬᠡᠮᠵᠢᠶ᠎ᠠ ᠪᠠᠷ ᠰᠢᠢᠳᠪᠤᠷᠢᠯᠠᠬᠦ ᠠᠬᠢᠴᠠ ᠪᠠ | ᠴᠢᠨᠠᠷ ᠢ ᠨᠦᠯᠦᠭᠡᠯᠡᠵᠠᠢ᠃ ᠵᠠᠷᠢᠮ ᠨᠢᠭᠡᠴᠡ ᠶᠢᠨ ᠰᠢᠢᠳᠪᠤᠷᠢᠯᠠᠬᠦ ᠠᠵᠢᠯ ᠯᠠᠪᠳᠠᠭᠤᠨ ᠪᠠᠳᠤᠳᠠᠢ ᠪᠢᠰᠢ᠂ | ᠰᠠᠨᠠᠭᠠᠴᠢᠯᠠᠭᠠᠳᠤ ᠴᠢᠨᠠᠷ ᠪᠠ ᠢᠳᠡᠪᠬᠢ ᠴᠢᠨᠠᠷ ᠲᠤᠳᠠᠮᠠᠭ᠂ ᠤᠨᠴᠠ ᠵᠠᠷᠢᠮ ᠨᠢᠭᠡᠴᠡ ᠬᠠᠷᠢᠭᠤᠯᠬᠤ ᠶᠢ | ᠴᠢᠬᠤᠯᠠᠴᠢᠯᠠᠵᠤ ᠨᠠᠶᠢᠳᠠᠪᠤᠷᠢᠵᠢᠭᠤᠯᠬᠤ ᠶᠢ ᠬᠦᠩᠭᠡᠯᠠᠵᠤ᠂ ᠬᠡᠯᠪᠠᠷᠢ ᠶᠢ ᠴᠢᠬᠤᠯᠠᠴᠢᠯᠠᠵᠤ᠂ ᠦᠨᠠᠨ ᠪᠤᠳᠠᠳᠠᠢ ᠶᠢ | ᠬᠦᠩᠭᠡᠯᠠᠵᠤ᠂ ᠠᠮᠠᠯᠳᠤᠬᠰᠠᠨ ᠶᠠᠪᠤᠳᠠᠯ ᠢᠶᠠᠨ ᠰᠢᠢᠳᠪᠤᠷᠢᠯᠠᠬᠦ ᠨᠢ ᠴᠠᠭ ᠲᠤᠬᠠᠢ ᠳᠤ ᠨᠢ ᠪᠢᠰᠢ ᠵᠠᠷᠭᠡ᠃ | ᠬᠤᠶᠢᠰᠢᠳᠠ ᠶᠢᠨ ᠠᠵᠢᠯ ᠲᠤᠮᠳᠠ᠂ ᠪᠢᠳᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ | ᠰᠢᠢᠳᠪᠤᠷᠢᠯᠠᠬᠦ ᠠᠵᠢᠯ ᠢ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠤ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠠᠬᠦ ᠠᠵᠢᠯ ᠤᠨ | ᠲᠤᠰᠬᠠᠢ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠦᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ | ᠲᠠᠭᠡᠭᠰᠢᠯᠠᠬᠦᠯᠵᠤ᠂ ᠰᠠᠨᠠᠭᠤᠯᠭ᠎ᠠ ᠶᠢ ᠰᠢᠢᠳᠪᠤᠷᠢᠯᠠᠬᠦ ᠠᠵᠢᠯ ᠤᠨ ᠬᠠᠷᠢᠭᠤᠴᠠᠯᠭᠠᠳᠤ ᠤᠪᠤᠷ ᠢᠶᠠᠨ ᠴᠢᠩᠭᠠᠳᠬᠠᠵᠤ᠂ | ᠠᠵᠢᠯ ᠤᠨ ᠬᠤᠪᠢᠶᠠᠷᠢ ᠲᠤᠳᠤᠷᠬᠠᠢ᠂ ᠵᠤᠬᠢᠴᠠᠮᠵᠢ ᠶᠢ ᠴᠢᠩᠭᠠᠳᠬᠠᠵᠤ᠂ ᠰᠢᠢᠳᠪᠤᠷᠢᠯᠠᠬᠦ ᠲᠦᠪᠰᠢᠨ ᠪᠠ ᠴᠢᠨᠠᠷ | ᠴᠢᠨᠰᠠᠭ᠎ᠠ ᠶᠢ ᠴᠢᠷᠮᠠᠶᠢᠨ ᠲᠠᠭᠡᠭᠰᠢᠯᠠᠬᠦᠯᠦᠨ᠎ᠠ᠃ ᠡᠬᠦᠨ ᠤ ᠵᠠᠷᠭᠡᠪᠠᠷ᠂ 2015 ᠤᠨ ᠳᠤ ᠲᠦᠯᠦᠭᠡᠯᠡᠭᠴᠢ ᠶᠢᠨ | ᠲᠤᠷᠠᠳᠤᠬᠰᠠᠨ ᠰᠠᠨᠠᠭᠤᠯᠭ᠎ᠠ ᠲᠤᠮᠳᠠ ᠬᠤᠯᠪᠤᠬᠳᠠᠬᠰᠠᠨ ᠨᠢᠭᠡ ᠪᠦᠯᠦᠭ ᠭᠤᠤᠯᠳᠠᠯᠭ᠎ᠠ ᠲᠠᠢ ᠴᠢᠬᠤᠯᠠ ᠠᠰᠠᠭᠤᠳᠠᠯ | ᠳᠤ ᠬᠦᠨᠵᠡᠭᠡᠢ ᠡᠮᠬᠢᠯᠠᠯᠳᠠ ᠵᠠᠳᠠᠯᠤᠯᠳᠠ ᠬᠢᠵᠤ᠂ ᠲᠤᠷᠰᠢᠯᠭ᠎ᠠ ᠪᠠᠨ ᠬᠢᠨᠠᠮᠠᠭᠠᠢ ᠬᠤᠷᠢᠶᠠᠩᠭᠤᠶᠢᠯᠠᠵᠤ᠂ ᠰᠠᠨᠠᠭᠤᠯᠭ᠎ᠠ | ᠶᠢ ᠰᠢᠢᠳᠪᠤᠷᠢᠯᠠᠬᠦ ᠠᠵᠢᠯ ᠤᠨ ᠰᠢᠨ᠎ᠠ ᠠᠷᠭ᠎ᠠ ᠬᠡᠮᠵᠢᠶ᠎ᠠ ᠶᠢ ᠰᠦᠪᠡᠭᠴᠢᠯᠠᠵᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ ᠵᠠᠰᠠᠭ ᠤᠨ ᠤᠷᠳᠤᠨ ᠤ ᠠᠵᠢᠯ ᠢ ᠰᠠᠶᠢᠵᠢᠷᠠᠭᠤᠯᠬᠤ ᠪᠠ | ᠴᠢᠩᠭᠠᠳᠬᠠᠬᠤ ᠬᠦᠴᠦᠨ ᠲᠠᠢ ᠠᠷᠭ᠎ᠠ ᠬᠡᠮᠵᠢᠶ᠎ᠠ ᠪᠤᠯᠭᠠᠵᠤ᠂ ᠮᠠᠨ ᠤ ᠬᠤᠰᠢᠭᠤᠨ ᠤ ᠡᠯ᠎ᠡ ᠲᠦᠷᠦᠯ ᠤᠨ ᠪᠤᠳᠠᠳᠠᠢ | ᠠᠵᠢᠯ ᠤᠨ ᠲᠤᠮᠳᠠ ᠨᠠᠩ ᠰᠠᠶᠢᠨ ᠦᠢᠯᠠᠳᠤᠯ ᠦᠵᠠᠬᠦᠯᠦᠨ᠎ᠠ᠃ | ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ ᠤᠨ ᠲᠦᠯᠦᠭᠡᠯᠡᠭᠴᠢᠳ ᠤᠨ ᠲᠤᠷᠠᠳᠤᠬᠰᠠᠨ ᠰᠠᠨᠠᠭᠤᠯᠭ᠎ᠠ᠂ | ᠰᠢᠬᠦᠮᠵᠢᠯᠠᠯ ᠪᠠ ᠰᠠᠨᠠᠯ ᠪᠤᠯ ᠠᠷᠠᠳ ᠤᠯᠠᠨ ᠤ ᠬᠦᠰᠠᠯ ᠱᠠᠭᠠᠷᠳᠠᠯᠭ᠎ᠠ ᠶᠢ ᠲᠤᠰᠬᠠᠵᠤ ᠪᠠᠶᠢᠨ᠎ᠠ᠂ ᠠᠷᠠᠳ ᠤᠯᠠᠨ ᠤ | ᠲᠤᠯᠭᠠᠮ᠎ᠠ ᠱᠠᠭᠠᠷᠳᠠᠵᠤ ᠪᠠᠶᠢᠬᠤ ᠰᠢᠢᠳᠪᠤᠷᠢᠯᠠᠬᠦ ᠴᠢᠬᠤᠯᠠ ᠲᠠᠢ ᠠᠰᠠᠭᠤᠳᠠᠯ ᠮᠥᠨ᠃ ᠰᠢᠨ᠎ᠠ ᠪᠠᠶᠢᠳᠠᠯ ᠲᠤᠤᠷᠠᠬᠢ | ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠦᠩᠭᠡᠷᠡᠭᠰᠡᠨ ᠲᠠᠢ ᠠᠳᠠᠯᠢ ᠬᠠᠯᠠᠮᠵᠢᠯᠠᠯ ᠪᠠ ᠲᠠᠮᠵᠢᠯᠭᠡ ᠠᠴᠠ ᠰᠠᠯᠵᠤ ᠴᠢᠳᠠᠬᠤ ᠦᠭᠡᠢ᠃ | ᠡᠯ᠎ᠡ ᠲᠦᠯᠦᠭᠡᠯᠡᠭᠴᠢ ᠠᠴᠠ ᠵᠠᠰᠠᠭ ᠤᠨ ᠤᠷᠳᠤᠨ ᠤ ᠠᠵᠢᠯ ᠳᠤ ᠤᠯᠠᠨ ᠡᠷᠬᠢᠮ ᠨᠠᠨᠳᠢᠨ ᠰᠠᠨᠠᠯ ᠢᠶᠠᠨ ᠲᠤᠷᠠᠳᠬᠤ | ᠶᠢ ᠦᠨᠠᠨ ᠰᠡᠳᠬᠢᠯ ᠠᠴᠠ ᠪᠠᠨ ᠬᠦᠰᠠᠵᠤ ᠪᠠᠶᠢᠨ᠎ᠠ᠃ ᠪᠢᠳᠠ ᠤᠯᠠᠮ ᠪᠠᠳᠤ ᠢᠳᠡᠭᠡᠯ᠂ ᠤᠯᠠᠮ ᠪᠤᠳᠠᠳᠠᠶᠢᠴᠢᠯᠠᠬᠤ | ᠰᠤᠷᠳᠠᠯ᠂ ᠤᠯᠠᠮ ᠬᠦᠴᠦᠨ ᠲᠠᠢ ᠠᠷᠭ᠎ᠠ ᠪᠠᠷᠢᠯ ᠢᠶᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠰᠠᠨᠠᠭᠤᠯᠭ᠎ᠠ ᠪᠦᠷᠢ ᠶᠢ ᠬᠢᠨᠠᠮᠠᠭᠠᠢ ᠰᠢᠢᠳᠪᠤᠷᠢᠯᠠᠨ᠎ᠠ᠃ | |