ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ
ᠨᠡᠶᠢᠲᠡᠯᠡᠭᠰᠡᠨ ᠴᠠᠭ᠄
2016/5/3
      ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ  ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠬᠦᠷᠲᠡᠬᠦ ᠳᠤ  ᠳᠥᠭᠦᠮ ᠦᠵᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ᠦᠨᠳᠦᠰᠦᠯᠡᠵᠦ ᠲᠤᠰ ᠤᠳᠤᠷᠢᠳᠤᠮᠵᠢ ᠶᠢ  ᠳᠤᠭᠲᠠᠭᠠᠭᠰᠠᠨ ᠶᠤᠮ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ  ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡ ᠤᠯᠬᠤ ᠴᠢᠬᠤᠯᠠᠲᠠᠶ  ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠤᠰ ᠤᠳᠤᠷᠢᠳᠤᠮᠵᠢ ᠶᠢ  ᠣᠩᠰᠢᠭᠠᠷᠠᠢ᠃             ᠤᠳᠤᠷᠢᠳᠤᠮᠵᠢ ᠵᠢᠯ ᠪᠦᠷᠢ ᠨᠢᠭᠡ ᠤᠳᠠᠭ᠎ᠠ ᠰᠢᠨᠡᠳᠬᠡᠭᠳᠡᠳᠡᠭ᠂ ᠤᠯᠠᠭᠠᠨᠬᠠᠳᠠ ᠬᠤᠲᠠ ᠶᠢᠨ ᠠᠷᠠᠳ ᠤᠨ  ᠵᠠᠰᠠᠭ ᠤᠨ ᠣᠷᠳᠣᠨ ᠤ ᠰᠦᠯᠵᠢᠶ᠎ᠡ ᠳᠡᠭᠡᠷ᠎ᠡ ᠪᠠᠶᠢᠴᠠᠭᠠᠨ ᠦᠵᠡᠬᠦ ᠪᠣᠯᠪᠠᠦ᠃                 ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ             ︵ᠨᠢᠭᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠲᠤᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ  ᠨᠡᠶᠢᠭᠡᠮ ᠳᠤ ᠰᠦᠢᠳᠬᠡᠯ ᠬᠤᠷᠢᠶᠠᠬᠤ ᠦᠭᠡᠢ ᠪᠠᠷ ᠢᠯᠠ ᠨᠡᠶᠢᠲᠡᠯᠡᠬᠦ ᠮᠡᠳᠡᠭᠡ ᠵᠠᠩᠭᠢ᠂ ᠲᠤᠰ ᠪᠠᠶᠢᠭᠤᠯᠭ᠎ᠠ ᠶᠢᠨ  ᠨᠠᠶᠢᠷᠠᠭᠤᠯᠤᠭᠰᠠᠨ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠢ ᠦᠵᠡᠭᠡᠷᠠᠢ᠃             ︵ᠬᠤᠶᠠᠷ︶ ᠢᠯᠡ ᠪᠣᠯᠭᠠᠬᠤ ᠬᠡᠯᠪᠡᠷᠢ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠡ ᠵᠠᠩᠭᠢ ᠶᠢ  ᠲᠤᠰ ᠪᠠᠶᠢᠭᠤᠯᠭ᠎ᠠ ᠨᠢ ᠭᠤᠣᠯᠳᠠᠭᠤ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠶ᠃ ᠲᠤᠰ ᠪᠠᠶᠢᠭᠤᠯᠭ᠎ᠠ ᠪᠠᠰᠠ ᠷᠠᠳᠢᠣ᠋  ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠪᠠ ᠬᠡᠪᠯᠡᠭᠳᠡᠬᠦᠨ ᠦᠢᠯᠡᠳᠴᠦ ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠃             ︵ᠭᠤᠷᠪᠠ︶ ᠢᠯᠡ ᠪᠣᠯᠭᠠᠵᠤ ᠴᠠᠭ ᠬᠤᠭᠤᠴᠠᠭ᠎ᠠ᠃ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ  ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠨᠡᠶᠢᠲᠡᠯᠡᠭᠰᠡᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠪᠤᠶ  ᠪᠣᠯᠤᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯ ᠤᠨ ᠡᠳᠦᠷ ᠤᠨ ᠳᠣᠲᠣᠷ᠎ᠠ ᠳᠡᠭᠡᠷ᠎ᠡ  ᠳᠤᠷᠠᠳᠤᠭᠰᠠᠨ ᠠᠷᠭ᠎ᠠ ᠮᠠᠶ᠋ᠢᠭ ᠢᠶᠠᠷ ᠢᠯᠡ ᠪᠣᠯᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ  ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠬᠤᠭᠤᠴᠠᠭ᠎ᠠ ᠳᠤ ᠠᠰᠲᠠᠭᠠᠨ ᠲᠣᠭᠲᠠᠭᠠᠯ ᠲᠠᠢ  ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃               ᠬᠤᠶᠠᠷ᠂ ᠢᠯᠡ ᠪᠣᠯᠭᠠᠬᠤ ᠪᠠᠷ ᠭᠤᠶᠤᠴᠢᠯᠠᠬᠤ             ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠦᠢᠯᠡᠳᠪᠦᠷᠢᠯᠡᠯ᠂  ᠠᠮᠢᠳᠤᠷᠠᠯ᠂ ᠡᠷᠳᠡᠮ ᠰᠢᠨᠵᠢᠯᠡᠭᠡᠨ ᠵᠡᠷᠭᠡ ᠣᠨᠴᠠᠭᠠᠶ ᠬᠡᠷᠡᠭᠴᠡᠭᠡ ᠠᠴᠠ ᠪᠤᠯᠵᠤ᠂ ᠲᠤᠰ ᠪᠠᠶᠢᠭᠤᠯᠭ᠎ᠠ ᠶᠢᠨ  ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ  ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠳᠤ ᠭᠤᠶᠤᠴᠢᠯᠠᠯ ᠳᠡᠪᠰᠢᠭᠦᠯᠵᠦ ᠪᠣᠯᠤᠨ᠎ᠠ᠃             ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠃ ᠲᠤᠰ ᠪᠠᠶᠢᠭᠤᠯᠭ᠎ᠠ 2008 ᠣᠨ ᠠᠴᠠ  ᠡᠬᠢᠯᠡᠨ ᠠᠯᠪᠠᠨ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ  ᠠᠪᠴᠤ ᠰᠢᠢᠳᠪᠦᠷᠢᠯᠡᠨ᠎ᠡ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ  ᠪᠠᠭᠲᠠᠬᠤ ᠦᠭᠡᠢ︶᠂ ᠬᠦᠯᠢᠶᠡᠨ ᠠᠪᠬᠤ ᠪᠠᠶᠢᠭᠤᠯᠤᠮᠵᠢ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠠᠯᠪᠠᠨ ᠲᠢᠩᠬᠢᠮ ᠤᠨ ᠵᠠᠰᠠᠭ ᠤᠨ ᠠᠵᠢᠯ ᠢ ᠢᠯᠡ ᠪᠣᠯᠭᠠᠬᠤ ᠭᠠᠵᠠᠷ︔           ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ  ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 936 ᠭᠡᠷ︔           ᠬᠠᠷᠢᠯᠴᠠᠬᠤ ᠤᠲᠠᠰᠤ᠄ ︵0476︶ 4364741︔         ᠵᠠᠬᠢᠳᠠᠯ ᠨᠡᠪᠲᠡᠷᠡᠬᠦ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ  ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 936 ᠭᠡᠷ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠠᠯᠪᠠᠨ ᠲᠢᠩᠬᠢᠮ ᠤᠨ ᠵᠠᠰᠠᠭ ᠤᠨ ᠠᠵᠢᠯ ᠢ ᠢᠯᠡ ᠪᠣᠯᠭᠠᠬᠤ ᠭᠠᠵᠠᠷ᠂ ᠰᠢᠦᠳᠠᠨ ᠳ᠋ᠤᠭᠠᠷ᠄ 024006  ᠃              ︵ᠬᠤᠶᠠᠷ︶ ᠭᠤᠶᠤᠴᠢᠯᠠᠬᠤ ᠬᠡᠯᠪᠡᠷᠢ᠃ ᠲᠤᠰ ᠪᠠᠶᠢᠭᠤᠯᠭ᠎ᠠ ᠳᠤ ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠤᠯᠬᠤ ᠭᠤᠶᠤᠴᠢᠯᠠᠯ ᠳᠤᠷᠠᠳᠴᠤ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ︵ᠳᠣᠷᠣᠭᠰᠢ ︽ᠭᠤᠶᠤᠴᠢᠯᠠᠯ ᠤᠨ ᠬᠦᠰᠦᠨᠦᠭᠲᠦ︾ ᠭᠡᠵᠦ ᠲᠣᠪᠴᠢᠯᠠᠨ᠎ᠠ︶᠂ ᠪᠢᠴᠢᠭ ᠢᠶᠠᠷ  ᠭᠤᠶᠤᠴᠢᠯᠠᠯ ᠭᠠᠷᠭᠠᠬᠤ ᠬᠡᠷᠡᠭᠲᠡᠶ᠃ ︽ᠭᠤᠶᠤᠴᠢᠯᠠᠯ ᠤᠨ ᠬᠦᠰᠦᠨᠦᠭᠲᠦ︾ ᠶᠢ ᠤᠯᠠᠭᠠᠨᠬᠠᠳᠠ ᠬᠤᠲᠠ ᠶᠢᠨ  ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠡᠭᠦᠳᠡ ᠡᠷᠦᠬᠡᠨ ᠤ ᠰᠦᠯᠵᠢᠶᠡᠨ ᠤ  ᠤᠢᠷᠳᠡᠭᠡ ᠠᠴᠠ ᠪᠠᠭᠤᠯᠭᠠᠨ ᠠᠪᠴᠤ ᠪᠣᠯᠤᠨ᠎ᠠ᠃ ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠨᠢ ᠬᠡᠷᠡᠭᠰᠡᠬᠦ ᠮᠡᠳᠡᠭᠡ ᠵᠠᠩᠭᠢ ᠶᠢ ᠪᠢᠴᠢᠬᠦ ᠳᠤ ᠠᠯᠢ ᠪᠣᠯᠬᠤ ᠪᠠᠷ  ᠨᠠᠷᠢᠨ ᠲᠣᠳᠣᠷᠬᠠᠶ ᠪᠠᠶᠢᠬᠤ ᠬᠡᠷᠡᠭᠲᠠᠢ᠃ ᠬᠡᠷᠪᠡ ᠪᠣᠯᠤᠯᠴᠠᠭ᠎ᠠ ᠲᠠᠢ ᠪᠣᠯ ᠲᠤᠰ ᠮᠡᠳᠡᠭᠡ ᠵᠠᠩᠭᠢ ᠶᠢᠨ ᠭᠠᠷᠴᠠᠭ᠂  ᠨᠡᠶᠢᠲᠡᠯᠡᠬᠦ ᠴᠠᠭ᠂ ᠲᠤᠰ ᠪᠠᠶᠢᠭᠤᠯᠭ᠎ᠠ ᠶᠢᠨ ᠲᠣᠭᠲᠠᠭᠠᠭᠰᠠᠨ ᠪᠢᠴᠢᠭ ᠤᠨ ᠳ᠋ᠤᠭᠠᠷᠯᠠᠯ ᠪᠤᠶᠤ ᠪᠤᠰᠤᠳ ᠬᠠᠪᠰᠤᠷᠤᠮᠵᠢ   ᠲᠠᠢ ᠮᠡᠳᠡᠭᠡ ᠵᠠᠩᠭᠢ ᠶᠢᠨ ᠠᠴᠢᠶᠠᠯᠠᠭᠴᠢ ᠶᠢᠨ ᠰᠠᠨᠠᠭᠤᠯᠤᠮᠵᠢ ᠬᠠᠩᠭᠠᠬᠤ ᠬᠡᠷᠡᠭᠲᠡᠶ᠃ ᠳᠣᠣᠷᠠᠬᠢ ᠠᠷᠭ᠎ᠠ ᠮᠠᠶ᠋ᠢᠭ ᠢᠶᠠᠷ  ᠳᠠᠮᠵᠢᠭᠤᠯᠤᠨ ᠭᠤᠶᠤᠴᠢᠯᠠᠯ ᠭᠠᠷᠭᠠᠵᠤ ᠪᠣᠯᠤᠨ᠎ᠠ᠄             ⒈ ᠢᠨᠲ᠋ᠧᠷ ᠰᠦᠯᠵᠢᠶ᠎ᠡ ᠪᠠᠷ ᠭᠤᠶᠤᠴᠢᠯᠠᠯ ᠭᠠᠷᠭᠠᠬᠤ᠃ ᠭᠤᠶᠤᠴᠢᠯᠠᠭᠴᠢ ᠨᠢ ᠤᠯᠠᠭᠠᠨᠬᠠᠳᠠ ᠬᠤᠲᠠ ᠶᠢᠨ  ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠰᠦᠯᠵᠢᠶ᠎ᠡ ᠪᠠᠷ ᠢᠯᠡ ᠪᠣᠯᠭᠠᠬᠤ  ᠰᠢᠰᠲ᠋ᠧᠮ ᠢ ᠦᠨᠳᠦᠰᠦᠯᠡᠨ᠂ ᠴᠠᠬᠢᠮ ᠬᠡᠪᠯᠡᠯ ᠤᠨ ︽ᠭᠤᠶᠤᠴᠢᠯᠠᠯ ᠤᠨ ᠬᠦᠰᠦᠨᠦᠭᠲᠦ︾ ᠲᠤᠰᠢᠶᠠᠬᠤ ᠬᠡᠷᠡᠭᠲᠡᠶ᠃              ⒉ ᠵᠠᠬᠢᠳᠠᠯ ᠢᠶᠠᠷ ᠭᠤᠶᠤᠴᠢᠯᠠᠯ ᠭᠠᠷᠭᠠᠬᠤ᠃ ᠭᠤᠶᠤᠴᠢᠯᠠᠭᠴᠢ ᠵᠠᠬᠢᠳᠠᠯ ᠢᠶᠠᠷ ᠭᠤᠶᠤᠴᠢᠯᠠᠯ ᠭᠠᠷᠭᠠᠭᠰᠠᠨ  ᠪᠠᠶᠢᠪᠠᠯ᠂ ᠵᠠᠬᠢᠳᠠᠯ ᠤᠨ ᠵᠡᠭᠦᠨ ᠳᠣᠣᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ  ᠪᠣᠯᠭᠠᠬᠤ ᠭᠤᠶᠤᠴᠢᠯᠠᠯ︾ ᠭᠡᠰᠡᠨ ᠤᠢᠰᠦᠭ ᠣᠷᠣᠭᠤᠯᠬᠤ ᠬᠡᠷᠡᠭᠲᠡᠶ᠃            ⒊ ᠨᠢᠭᠤᠷᠲᠡᠨ ᠭᠤᠶᠤᠴᠢᠯᠠᠯ ᠭᠠᠷᠭᠠᠬᠤ᠃ ᠭᠤᠶᠤᠴᠢᠯᠠᠭᠴᠢ ᠬᠦᠯᠢᠶᠡᠨ ᠠᠪᠴᠤ ᠪᠠᠶᠢᠭᠤᠯᠤᠮᠵᠢ ᠳᠤ  ᠬᠦᠷᠴᠦ ᠰᠢᠭᠤᠳ ᠭᠤᠶᠤᠴᠢᠯᠠᠯ ᠭᠠᠷᠭᠠᠵᠤ ᠪᠤᠯᠤᠨ᠎ᠠ᠃             ᠲᠤᠰ ᠪᠠᠶᠢᠭᠤᠯᠭ᠎ᠠ ᠶᠢᠨ ᠳ᠋ᠢᠶᠠᠩᠬᠤᠸᠠ ᠶᠢᠨ ᠬᠡᠯᠪᠡᠷᠢ ᠪᠠᠷ ᠭᠤᠶᠤᠴᠢᠯᠠᠯ ᠢ ᠬᠦᠯᠢᠶᠡᠨ ᠠᠪᠬᠤ ᠦᠬᠡᠢ᠂  ᠭᠡᠪᠡᠴᠦ ᠭᠤᠶᠤᠴᠢᠯᠠᠭᠴᠢ ᠳ᠋ᠢᠶᠠᠩᠬᠤᠸᠠ ᠪᠠᠷ ᠵᠣᠬᠢᠬᠤ ᠦᠢᠯᠡᠴᠢᠯᠡᠭᠡ ᠶᠢ ᠰᠤᠷᠠᠭᠯᠠᠵᠤ ᠪᠣᠯᠤᠨ᠎ᠠ᠃             ︵ᠭᠤᠷᠪᠠ︶ ᠭᠤᠶᠤᠴᠢᠯᠠᠯ ᠢ ᠰᠢᠢᠳᠪᠦᠷᠢᠯᠡᠬᠦ           ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ  ᠣᠯᠵᠤ ᠠᠪᠤᠭᠰᠠᠨ ᠤ ᠳᠠᠷᠠᠭ᠎ᠠ ᠰᠢᠭᠤᠳ ᠬᠠᠷᠢᠭᠤᠯᠲᠠ ᠥᠭᠴᠦ ᠴᠢᠳᠠᠬᠤ ᠶᠢ ᠨᠢ ᠲᠤᠬᠠᠶ ᠶᠢᠨ ᠲᠠᠯᠠᠪᠤᠷ ᠲᠤᠨᠢ  ᠬᠠᠷᠢᠭᠤᠯᠲᠠ ᠥᠭᠬᠦ ᠬᠡᠷᠡᠭᠲᠡᠶ︔ ᠰᠢᠭᠤᠳ ᠬᠠᠷᠢᠭᠤᠯᠲᠠ ᠥᠭᠴᠦ ᠴᠢᠳᠠᠪᠠᠯ ᠭᠤᠶᠤᠴᠢᠯᠠᠯ ᠢ ᠣᠯᠤᠭᠰᠠᠨ  ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠡᠷᠪᠡ ᠬᠠᠷᠢᠭᠤᠯᠲᠠ  ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ  ᠵᠥᠪᠰᠢᠶᠡᠷᠡᠭᠦᠯᠦᠭᠰᠡᠨ ᠤ ᠲᠡᠷᠠᠭ᠎ᠠ᠂ ᠭᠤᠶᠤᠴᠢᠯᠠᠭᠴᠢ ᠳᠤ ᠮᠡᠳᠡᠭᠳᠡᠵᠦ᠂ ᠬᠠᠷᠢᠭᠤᠯᠲᠠ ᠥᠭᠬᠦ ᠬᠤᠭᠤᠴᠠᠭ᠎ᠠ ᠶᠢ 15  ᠠᠵᠢᠯᠯᠠᠬᠤ ᠡᠳᠦᠷ ᠠᠴᠠ ᠢᠯᠡᠬᠦᠦ ᠤᠷᠲᠤᠳᠬᠠᠵᠤ ᠪᠣᠯᠬᠤᠷ ᠦᠭᠡᠢ᠃ ᠢᠯᠡ ᠪᠣᠯᠭᠠᠬᠤ ᠪᠠᠷ ᠭᠤᠶᠤᠴᠢᠯᠠᠭᠰᠠᠨ  ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠠᠭᠴᠢ ᠡᠲᠡᠭᠡᠳ ᠤᠨ ᠡᠷᠬᠡ ᠠᠰᠢᠭ ᠲᠤ ᠬᠤᠯᠪᠣᠭᠳᠠᠭᠰᠠᠨ  ᠪᠠᠶᠢᠪᠠᠯ ᠲᠤᠰ ᠪᠠᠶᠢᠭᠤᠯᠭ᠎ᠠ ᠠᠴᠠ ᠭᠤᠷᠪᠠᠳᠠᠭᠴᠢ ᠡᠲᠡᠭᠡᠳ ᠤᠨ ᠰᠠᠨᠠᠯ ᠢ ᠬᠤᠷᠢᠶᠠᠬᠤ ᠴᠠᠭ ᠢ ᠲᠤᠰ ᠵᠦᠢᠯ ᠤᠨ  ᠬᠤᠶᠠᠳᠤᠭᠠᠷ ᠵᠣᠷᠪᠤᠰ ᠲᠤ ᠲᠣᠭᠲᠠᠭᠠᠭᠰᠠᠨ ᠬᠤᠭᠤᠴᠠᠭ᠎ᠠ ᠲᠣᠲᠣᠷ᠎ᠠ ᠪᠤᠳᠤᠵᠤ ᠣᠷᠣᠭᠤᠯᠬᠤ ᠦᠭᠡᠢ᠃ ᠲᠤᠰ  ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠢᠨᠠᠨ  ᠬᠠᠷᠭᠤᠭᠤᠯᠤᠭᠰᠠᠨ ᠤ ᠳᠠᠷᠠᠭ᠎ᠠ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠲᠤᠰ ᠲᠤᠰ ᠳᠣᠣᠷᠠᠬᠢ ᠮᠡᠲᠦ ᠪᠠᠷ  ᠬᠠᠷᠢᠭᠤᠯᠲᠠ ᠥᠭᠬᠦᠨ᠎ᠡ᠃            ⒈ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠶᠢᠪᠠᠯ ᠲᠤᠰ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃              ⒉ ᠢᠯᠡ ᠪᠣᠯᠭᠠᠬᠤ ᠦᠭᠡᠢ ᠬᠦᠷᠢᠶ᠎ᠡ ᠬᠡᠪᠴᠢᠶᠡᠨ ᠳᠤ ᠪᠠᠶᠢᠪᠠᠯ ᠭᠤᠶᠤᠴᠢᠯᠠᠭᠴᠢ ᠳᠤ ᠮᠡᠳᠡᠭᠳᠡᠵᠦ ᠤᠴᠢᠷ  ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃              ⒊ ᠲᠤᠰ ᠪᠠᠶᠢᠭᠤᠯᠭ᠎ᠠ ᠶᠢᠨ ᠢᠯᠡ ᠪᠣᠯᠭᠠᠬᠤ ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ ᠤᠨ  ᠣᠷᠳᠣᠨ ᠤ ᠮᠡᠳᠡᠭᠡ ᠵᠠᠩᠭᠢ ᠣᠷᠣᠰᠢᠬᠤ ᠦᠭᠡᠶ ᠪᠠᠶᠢᠳᠠᠯ ᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠲᠤᠰ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠶᠢᠭᠤᠯᠭ᠎ᠠ ᠶᠢ ᠨᠢ ᠨᠤᠲᠠᠯᠠᠨ ᠲᠣᠭᠲᠠᠭᠠᠵᠤ ᠴᠢᠳᠠᠪᠠᠯ  ᠭᠤᠶᠤᠴᠢᠯᠠᠭᠴᠢ ᠶᠢ ᠢᠯᠡ ᠪᠤᠯᠭᠠᠬᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢᠶᠠᠨ ᠮᠡᠳᠡᠭᠳᠡᠬᠦ  ᠬᠡᠷᠡᠭᠲᠠᠢ᠃              ⒋ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠶ ᠪᠠᠶᠢᠪᠠᠯ ᠨᠥᠬᠦᠵᠦ ᠵᠠᠯᠠᠷᠠᠭᠤᠯᠬᠤ ᠴᠢᠬᠤᠯᠠᠲᠠᠢ  ᠭᠡᠵᠦ ᠭᠤᠶᠤᠴᠢᠯᠠᠭᠴᠢ ᠳᠤ ᠬᠡᠯᠡᠵᠦ ᠥᠭᠬᠦ ᠬᠡᠷᠡᠭᠲᠡᠶ᠃ ᠭᠤᠶᠤᠴᠢᠯᠠᠭᠴᠢ ᠨᠢ ᠬᠤᠭᠤᠴᠠᠭ᠎ᠠ ᠥᠩᠭᠡᠷᠡᠵᠦ  ᠨᠥᠬᠦᠪᠥᠷᠢᠯᠡᠭᠰᠡᠨ ᠦᠭᠡᠶ ᠪᠠᠶᠢᠪᠠᠯ ᠭᠤᠶᠤᠴᠢᠯᠠᠯ ᠢᠶᠠᠨ ᠬᠠᠶᠠᠭᠰᠠᠨ ᠢᠶᠠᠷ ᠪᠤᠳᠤᠨ᠎ᠠ᠃            ⒌ ᠲᠤᠰ ᠪᠠᠶᠢᠭᠤᠯᠭ᠎ᠠ ᠶᠢᠨ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ  ᠵᠠᠩᠭᠢ ᠨᠢ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠤᠭᠳᠠᠵᠤ ᠢᠯᠠ ᠪᠠᠷ  ᠨᠡᠶᠢᠲᠡᠯᠡᠭᠰᠡᠨ ᠤ ᠳᠠᠷᠠᠭ᠎ᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠮᠡᠳᠡᠪᠡᠯ᠂ ᠭᠤᠷᠪᠠᠳᠠᠭᠴᠢ ᠡᠲᠡᠭᠡᠳ ᠤᠨ ᠰᠠᠨᠠᠯ ᠢ ᠪᠢᠴᠢᠭ ᠢᠶᠠᠷ ᠬᠤᠷᠢᠶᠠᠬᠤ ᠬᠡᠷᠡᠭᠲᠡᠶ᠃ ᠭᠤᠷᠪᠠᠳᠠᠬᠢ ᠡᠲᠡᠭᠡᠳ ᠠᠴᠠ ᠢᠯᠡ  ᠪᠣᠯᠭᠠᠬᠤ ᠶᠢ ᠵᠥᠪᠰᠢᠶᠡᠷᠡᠬᠦ ᠦᠭᠡᠶ ᠭᠡᠪᠡᠯ ᠢᠯᠡ ᠪᠣᠯᠭᠠᠵᠤ ᠪᠣᠯᠬᠤ ᠦᠭᠡᠶ᠃ ᠭᠡᠪᠡᠴᠦ ᠲᠤᠰ ᠪᠠᠶᠢᠭᠤᠯᠭ᠎ᠠ ᠢᠯᠡ  ᠪᠣᠯᠭᠠᠬᠤ ᠦᠭᠡᠶ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠥᠯᠥᠭᠡ ᠭᠠᠷᠭᠠᠪᠠᠯ᠂ ᠢᠯᠡ  ᠪᠣᠯᠭᠠᠬᠤ ᠮᠥᠷᠲᠡᠭᠡᠨ ᠢᠯᠡ ᠪᠣᠯᠭᠠᠬᠤ ᠪᠠᠷ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ  ᠪᠠ ᠤᠴᠢᠷ ᠰᠢᠯᠲᠠᠭᠠᠨ ᠢ ᠪᠢᠴᠢᠭ ᠢᠶᠠᠷ ᠭᠤᠷᠪᠠᠳᠠᠭᠴᠢ ᠡᠲᠡᠭᠡᠳ ᠲᠤ ᠮᠡᠳᠡᠭᠳᠡᠬᠦ ᠬᠡᠷᠡᠭᠲᠡᠶ᠃              ⒍ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠤᠯᠭᠠᠬᠤ  ᠦᠭᠡᠢ ᠠᠭᠤᠯᠭ᠎ᠠ ᠪᠠᠶᠢᠪᠠᠯ᠂ ᠢᠯᠭᠠᠨ ᠰᠢᠶ᠋ᠳᠪᠦᠷᠢᠯᠡᠵᠦ ᠬᠡᠰᠡᠭ ᠪᠦᠯᠦᠭ ᠢ ᠨᠢ ᠢᠯᠡ ᠪᠣᠯᠭᠠᠬᠤ ᠵᠢᠴᠢ ᠮᠡᠳᠡᠭᠡ  ᠵᠠᠩᠭᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠮᠡᠳᠡᠭᠳᠡᠵᠦ᠂ ᠢᠯᠡ ᠪᠤᠯᠭᠠᠬᠤ ᠦᠭᠡᠢ  ᠬᠡᠰᠡᠭ ᠤᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃            ⒎ ᠠᠳᠠᠯᠢ ᠨᠢᠭᠡ ᠭᠤᠶᠤᠴᠢᠯᠠᠭᠴᠢ ᠳᠠᠬᠢᠨ ᠳᠠᠪᠲᠠᠨ ᠲᠤᠰ ᠪᠠᠶᠢᠭᠤᠯᠭ᠎ᠠ ᠳᠤ ᠠᠳᠠᠯᠢ ᠨᠢᠭᠡᠨ ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠠᠳ᠂ ᠨᠢᠭᠡᠨᠲᠡ ᠬᠠᠷᠢᠭᠤᠯᠲᠠ ᠥᠭᠭᠦᠭᠰᠡᠨ  ᠪᠠᠶᠢᠪᠠᠯ ᠠᠳᠡ ᠲᠠᠬᠢᠨ ᠬᠠᠷᠢᠭᠤᠯᠲᠠ ᠥᠭᠬᠦ ᠦᠭᠡᠢ᠃              ᠲᠤᠰ ᠪᠠᠶᠢᠭᠤᠯᠭ᠎ᠠ ᠭᠤᠶᠤᠴᠢᠯᠠᠯ ᠤᠨ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ   ᠳᠤ ᠭᠠᠷᠤᠭᠰᠠᠨ ᠡᠷᠢᠬᠦ᠂ ᠬᠠᠭᠤᠯᠬᠤ᠂ ᠰᠢᠦᠳᠠᠨ ᠢᠶᠠᠷ ᠶᠠᠪᠤᠭᠤᠯᠬᠤ ᠵᠡᠷᠭᠡ ᠥᠪᠡᠷ ᠤᠨ ᠥᠷᠲᠡᠭ ᠤᠨ ᠰᠦᠢᠳᠬᠡᠯ᠂  ᠰᠦᠢᠳᠬᠡᠯ ᠬᠤᠷᠢᠶᠠᠬᠤ ᠵᠦᠢᠯᠡᠰ ᠪᠣᠯᠤᠨ ᠪᠠᠷᠢᠮᠵᠢᠶ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ  ᠦᠨ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ  ᠃               ᠭᠤᠷᠪᠠ᠂ ᠬᠢᠨᠠᠯᠲᠠ ᠲᠠᠯᠪᠢᠬᠤ ᠪᠠ ᠵᠠᠭᠠᠯᠳᠤᠬᠤ            ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ  ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ  ᠡᠰᠡ ᠭᠦᠢᠴᠡᠳᠬᠡᠭᠰᠡᠨ ᠪᠠᠶᠢᠪᠠᠯ᠂ ᠲᠤᠰ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ  ᠢᠯᠡᠴᠢᠯᠡᠨ ᠮᠡᠳᠡᠭᠦᠯᠬᠦ ᠪᠤᠶᠤ ᠵᠠᠭᠠᠯᠳᠤᠯᠭ᠎ᠠ ᠭᠠᠷᠭᠠᠵᠤ ᠪᠣᠯᠤᠨ᠎ᠠ᠃             ᠢᠯᠡᠴᠢᠯᠡᠨ ᠮᠡᠳᠡᠭᠦᠯᠬᠦ ᠤᠲᠠᠰᠤ᠄ ︵0476︶ 8838186᠃             ᠡᠭᠦᠨ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ  ᠪᠠᠶᠢᠭᠤᠯᠤᠯᠲᠠ ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ  ᠮᠡᠳᠡᠭᠦᠯᠬᠦ ᠪᠤᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠨ ᠰᠢᠢᠳᠪᠦᠷᠢᠯᠡᠵᠦ ᠪᠣᠯᠣᠨ᠎ᠠ᠃                              ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                  2015 ᠣᠨ ᠤ 1 ᠰᠠᠷ᠎ᠠ ᠶᠢᠨ 1 ᠤ ᠡᠳᠦᠷ  
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号