2016 ᠣᠨ ᠤ ᠵᠠᠰᠠᠭ ᠤᠨ ᠤᠷᠳᠤᠨ ᠤ ᠠᠵᠢᠯ  ᠤᠨ ᠢᠯᠡᠳᠭᠡᠯ
ᠨᠡᠶᠢᠲᠡᠯᠡᠭᠰᠡᠨ ᠴᠠᠭ᠄
2016/5/3
           ᠵᠠᠰᠠᠭ   ᠤᠨ  ᠤᠷᠳᠤᠨ   ᠤ  ᠠᠵᠢᠯ   ᠤᠨ ᠢᠯᠡᠳᠭᠡᠯ                                         2016 ᠤᠨ ᠤ 1 ᠰᠠᠷᠠᠶᠢᠨ 27 ᠤ ᠡᠳᠦᠷ ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ                                         ᠠᠷᠠᠳ ᠤᠨ  ᠲᠦᠯᠦᠭᠡᠯᠡᠭᠴᠢᠳ   ᠤᠨ  ᠶᠡᠭᠡ  ᠬᠤᠷᠠᠯ   ᠤᠨ  ᠲᠠᠪᠤᠳᠤᠭᠠᠷ  ᠤᠳᠠᠭᠠᠨ ᠤ  ᠬᠤᠷᠠᠯᠳᠤᠭᠠᠨ  ᠲᠠᠭᠡᠷ᠎ᠡ                                            ᠤᠷᠤᠯᠠᠬᠴᠢ ᠬᠤᠰᠢᠭᠤᠨ ᠲᠠᠷᠤᠭ᠎ᠠ     ᠹᠠᠩ ᠷᠦᠢ ᠲᠦᠯᠦᠭᠡᠯᠡᠭᠴᠢᠳ ᠡ᠄       ᠤᠳᠤ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠵᠤ᠂ ᠶᠡᠭᠡ ᠬᠤᠷᠠᠯ ᠳᠤ ᠠᠵᠢᠯ ᠤᠨ ᠮᠠᠳᠠᠬᠦᠯᠦᠯᠳᠠ ᠬᠢᠶ᠎ᠠ᠃ ︽ᠤᠩᠨᠢᠭᠤᠳ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠬᠦᠭᠵᠢᠯᠳᠠ ᠪᠠ ᠨᠠᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠲᠤᠪᠴᠢ ︵ᠲᠦᠰᠦᠯ︶︾ ᠲᠠᠢ ᠬᠠᠮᠳᠤ ᠬᠢᠨᠠᠨ ᠵᠦᠪᠯᠠᠬᠦ ᠪᠤᠯᠪᠠᠤ᠂ ᠤᠯᠤᠰ ᠲᠦᠷᠦ ᠶᠢᠨ ᠵᠦᠪᠯᠠᠯᠭᠡᠨ ᠤ ᠬᠡᠰᠢᠬᠦᠨ ᠪᠠ ᠰᠤᠯᠠ ᠤᠷᠤᠯᠴᠠᠬᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ᠃       ᠨᠢᠭᠡ᠂ ︽12.5︾ ᠶᠢᠨ ᠬᠤᠭᠤᠴᠠᠭᠠᠨ ᠳᠠᠬᠢ ᠭᠤᠤᠯ ᠬᠢᠷᠢ ᠪᠦᠳᠦᠮᠵᠢ ᠪᠠ 2015 ᠤᠨ ᠤ ᠠᠵᠢᠯ  ᠤᠨ ᠡᠷᠬᠢᠴᠠᠬᠦᠯᠦᠯ       ︽12.5︾ ᠶᠢᠨ ᠬᠤᠭᠤᠴᠠᠭ᠎ᠠ ᠪᠤᠯ ᠮᠠᠨ ᠤ ᠬᠤᠰᠢᠭᠤᠨ ᠤ ᠶᠡᠷᠦᠩᠭᠡᠶᠢᠯᠡᠭᠰᠡᠨ ᠪᠤᠳᠠᠳᠤ ᠬᠦᠴᠦᠨ ᠤ ᠲᠠᠭᠡᠭᠰᠢᠯᠠᠯᠳᠠ ᠬᠠᠮᠤᠭ ᠲᠦᠷᠭᠡᠨ᠂ ᠬᠤᠳᠠ ᠬᠦᠳᠡᠭᠡ ᠶᠢᠨ ᠲᠦᠷᠰᠤ ᠪᠠᠶᠢᠳᠠᠯ ᠤᠨ ᠬᠤᠪᠢᠷᠠᠯᠳᠠ ᠬᠠᠮᠤᠭ ᠶᠡᠭᠡ᠂ ᠠᠷᠠᠳ ᠤᠯᠠᠨ ᠤ ᠬᠠᠮᠤᠭ ᠠᠷᠪᠢᠨ ᠠᠰᠢᠭ ᠬᠦᠷᠳᠡᠭᠰᠡᠨ ᠬᠤᠭᠤᠴᠠᠭ᠎ᠠ ᠪᠤᠯᠤᠨ᠎ᠠ᠃ ᠲᠠᠪᠤᠨ ᠵᠢᠯ ᠤᠨ ᠲᠤᠷᠰᠢ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠠᠯᠭᠡᠨ ᠤ ᠬᠢᠨᠠᠯᠳᠠ ᠲᠠᠮᠵᠢᠯᠭᠡ ᠲᠤᠤᠷ᠎ᠠ᠂ ᠬᠤᠰᠢᠭᠤᠨ ᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠠᠷᠠᠳ ᠲᠦᠮᠠᠨ  ᠢ ᠪᠦᠯᠬᠦᠮᠳᠠᠨ ᠲᠠᠭᠠᠭᠤᠯᠵᠤ᠂ ᠨᠠᠷᠢᠨ ᠪᠤᠳᠤᠯᠢᠶᠠᠨᠳᠠᠢ ᠬᠠᠳᠠᠭᠤ ᠴᠢᠩᠭ᠎ᠠ ᠬᠤᠷᠸ᠎ᠠ ᠠᠵᠤ ᠠᠬᠤᠢ ᠶᠢᠨ ᠪᠠᠶᠢᠳᠠᠯ ᠳᠤ ᠬᠠᠨᠳᠤᠵᠤ᠂ ᠠᠵᠠ ᠲᠤᠬᠢᠶᠠᠯ ᠢ ᠴᠢᠩᠭ᠎ᠠ ᠠᠳᠬᠤᠨ᠂ ᠬᠦᠴᠢᠷ ᠪᠠᠷᠭᠡ ᠶᠢ ᠲᠠᠪᠴᠢᠨ᠂ ︽ᠠᠷᠪᠠᠨ ᠬᠤᠶᠠᠷ ᠲᠠᠪᠤ︾  ᠶᠢᠨ ᠲᠦᠯᠦᠪᠵᠢᠬᠦᠯᠭᠡ ᠳᠤ ᠲᠤᠬᠳᠠᠭᠠᠬᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠪᠠᠨ ᠪᠦᠬᠦ ᠲᠠᠯ᠎ᠠ ᠪᠠᠷ ᠪᠠᠶᠠᠯᠠᠬᠦᠯᠵᠤ᠂ ᠠᠵᠤ ᠠᠬᠤᠢ ᠨᠠᠶᠢᠭᠡᠮ ᠤᠨ ᠬᠦᠭᠵᠢᠯᠳᠠ ᠮᠠᠳᠡᠭᠳᠡᠮ᠎ᠠ ᠦᠷ᠎ᠡ ᠪᠦᠳᠦᠮᠵᠢ ᠶᠢ ᠤᠯᠤᠬᠰᠠᠨ ᠪᠠᠶᠢᠨ᠎ᠠ᠃     —— ︽12.5︾ ᠪᠤᠯ ᠶᠠᠷᠦᠩᠭᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠦᠷᠬᠦᠯᠵᠢᠯᠠᠨ ᠴᠢᠩᠭᠠᠷᠠᠬᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠬᠦᠭᠵᠢᠯᠳᠠ ᠶᠢ ᠨᠢᠭᠡᠳᠦᠭᠡᠷ ᠴᠢᠬᠤᠯᠠ ᠡᠬᠦᠷᠭᠡ ᠪᠤᠯᠭᠠᠨ᠂ ᠠᠵᠤ ᠠᠬᠤᠢ ᠶᠢᠨ ᠲᠤᠬᠳᠠᠭᠤᠨ ᠲᠦᠷᠭᠡᠨ ᠨᠠᠮᠡᠭᠳᠡᠯ ᠢ ᠬᠦᠴᠦᠳᠠᠢ ᠲᠦᠯᠬᠢᠨ ᠠᠬᠢᠭᠤᠯᠤᠬᠰᠠᠨ ᠪᠠᠶᠢᠨ᠎ᠠ᠃ ᠪᠦᠬᠦ ᠬᠤᠰᠢᠭᠤᠨ ᠤ ᠤᠷᠤᠨ ᠨᠤᠳᠤᠭ ᠤᠨ ᠶᠡᠷᠦᠩᠭᠡᠢ ᠤᠶᠢᠯᠠᠳᠪᠤᠷᠢᠯᠠᠯ ᠤᠨ ᠶᠠᠷᠦᠩᠭᠡᠢ ᠦᠷᠳᠡᠭ 151.3 ᠳ᠋ᠦᠩᠰᠢᠭᠤᠷ ᠲᠦᠬᠦᠷᠢᠭ ᠬᠦᠷᠴᠤ᠂ 2010 ᠤᠨ ᠤ 1.9 ᠲᠠᠬᠢᠨ᠂ ᠵᠢᠯ ᠲᠤᠮᠳᠠᠴᠢ ᠪᠠᠷ 13.6%  ᠪᠠᠷ ᠨᠡᠮᠡᠭᠳᠡᠵᠠᠢ᠃ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ 4.2 ᠳ᠋ᠦᠩᠰᠢᠭᠤᠷ ᠲᠦᠬᠦᠷᠢᠭ ᠲᠤ ᠬᠦᠷᠴᠤ᠂ 2010 ᠤᠨ ᠤ 2 ᠲᠠᠬᠢᠨ᠂ ᠵᠢᠯ ᠲᠤᠮᠳᠠᠴᠢ ᠪᠠᠷ 13.9% ᠢᠶᠠᠷ ᠨᠡᠮᠡᠭᠳᠡᠵᠠᠢ᠃ ᠨᠠᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠨᠤᠷᠮ᠎ᠠ 42 ᠳ᠋ᠦᠩᠰᠢᠭᠤᠷ ᠲᠦᠬᠦᠷᠢᠭ ᠬᠦᠷᠴᠤ᠂ 2010 ᠤᠨ ᠤ 1.9 ᠲᠠᠬᠢᠨ᠂ ᠵᠢᠯ ᠲᠤᠮᠳᠠᠴᠢ ᠪᠠᠷ 14% ᠢᠶᠠᠷ ᠨᠡᠮᠡᠭᠳᠡᠵᠠᠢ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠲᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ 22638 ᠲᠦᠬᠦᠷᠢᠭ ᠪᠠ 8295 ᠲᠦᠬᠦᠷᠢᠭ᠂ 2010 ᠤᠨ ᠤ 1.8 ᠲᠠᠬᠢᠨ ᠪᠠ 1.6 ᠲᠠᠬᠢᠨ ᠵᠢᠯ ᠲᠤᠮᠳᠠᠴᠢ ᠪᠠᠷ 12.8% ᠪᠠ 10.4% ᠢᠶᠠᠷ ᠨᠡᠮᠡᠭᠳᠡᠵᠠᠢ᠃ ᠲᠠᠪᠤᠨ ᠵᠢᠯ ᠨᠠᠶᠢᠳᠠ 500 ᠳ᠋ᠦᠩᠰᠢᠭᠤᠷ ᠲᠦᠬᠦᠷᠢᠭ ᠪᠠᠯᠠ ᠤᠷᠤᠭᠤᠯᠵᠤ᠂ ︽11.5︾ ᠶᠢᠨ 2.5 ᠲᠠᠬᠢᠨ᠂ ᠨᠠᠶᠢᠳᠠ ᠶᠢᠨ ᠡᠳ᠋ ᠤᠨ ᠵᠠᠰᠠᠭ  ᠤᠨ ᠵᠠᠷᠤᠯᠭ᠎ᠠ ᠲᠠᠪᠤᠨ ᠵᠢᠯ ᠳᠤ 146 ᠳ᠋ᠦᠩᠰᠢᠭᠤᠷ ᠲᠦᠬᠦᠷᠢᠭ᠂ ︽11.5︾ ᠶᠢᠨ 2.3 ᠲᠠᠬᠢᠨ᠃ ᠤᠯᠤᠰ  ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠶᠢ 26 ᠳ᠋ᠦᠩᠰᠢᠭᠤᠷ ᠲᠦᠬᠦᠷᠢᠭ ᠲᠠᠮᠠᠴᠠᠨ ᠤᠯᠵᠤ᠂ ︽11.5︾ ᠶᠢᠨ 2.1 ᠲᠠᠬᠢᠨ᠃ ᠬᠤᠰᠢᠭᠤᠨ ᠤ ᠭᠠᠳᠠᠨᠠᠬᠢ ᠪᠠᠯᠠ ᠮᠦᠩᠬᠦ ᠶᠢ ᠨᠠᠶᠢᠳᠠ 368 ᠳ᠋ᠦᠩᠰᠢᠭᠤᠷ ᠲᠦᠬᠦᠷᠢᠭ ᠲᠠᠳᠠᠨ ᠤᠷᠤᠭᠤᠯᠵᠤ ︽11.5︾ ᠤᠨ 3 ᠲᠠᠬᠢᠨ ᠪᠤᠯᠤᠨ᠎ᠠ᠃      —— ︽ᠠᠷᠪᠠᠨ ᠬᠤᠶᠠᠷ ᠲᠠᠪᠤ︾ ᠪᠤᠯ ᠬᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠲᠤᠬᠳᠠᠭᠤᠨ ᠢᠶᠠᠷ ᠲᠠᠭᠡᠭᠰᠢᠯᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠨᠡᠮᠡᠭᠳᠡᠬᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠᠷ ᠴᠢᠷᠮᠠᠶᠢᠵᠤ᠂ ᠠᠵᠤ ᠠᠬᠤᠢ ᠶᠢᠨ ᠪᠦᠳᠦᠴᠠ ᠪᠠᠨ ᠲᠠᠰᠤᠷᠠᠯᠳᠠ ᠦᠭᠡᠢ ᠰᠢᠯᠢᠳᠡᠭᠵᠢᠬᠦᠯᠵᠤ᠂ ᠭᠤᠷᠪᠠᠳᠤᠭᠠᠷ ᠠᠵᠤ ᠤᠶᠢᠯᠠᠰ ᠤᠨ ᠬᠠᠷᠢᠴᠠᠯ ᠢ 28.9᠄46.1᠄25 ᠪᠤᠯᠭᠠᠨ ᠲᠤᠬᠢᠷᠠᠭᠤᠯᠪᠠ᠃ ᠠᠵᠤ ᠤᠶᠢᠯᠠᠳᠪᠤᠷᠢ ᠶᠢᠨ ᠠᠵᠤ ᠠᠬᠤᠢ ᠶᠢᠨ ᠬᠡᠪᠴᠢᠶ᠎ᠠ ᠲᠠᠰᠤᠷᠠᠯᠳᠠ ᠦᠭᠡᠢ ᠪᠤᠵᠠᠭᠠᠶᠢᠷᠠᠪᠠ᠃ ᠪᠦᠬᠦ ᠬᠤᠰᠢᠭᠤᠨ ᠤ ᠬᠡᠪᠴᠢᠶᠠᠵᠢᠯ ᠠᠴᠠ ᠲᠠᠭᠡᠭᠰᠢ ᠠᠵᠤ ᠤᠶᠢᠯᠠᠳᠪᠤᠷᠢ ᠶᠢᠨ ᠠᠵᠤ ᠠᠬᠤᠶᠢᠯᠠᠯ 2010 ᠤᠨ ᠤ 46 ᠪᠠᠶᠢᠬᠰᠠᠨ ᠠᠴᠠ ᠪᠠᠨ 61 ᠪᠤᠯᠵᠤ ᠨᠡᠮᠡᠭᠳᠡᠨ᠂ ᠠᠵᠤ ᠤᠶᠢᠯᠠᠳᠪᠤᠷᠢ ᠶᠢᠨ ᠲᠤᠬᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 229.2 ᠳ᠋ᠦᠩᠰᠢᠭᠤᠷ ᠲᠦᠬᠦᠷᠢᠭ ᠢ ᠪᠠᠶᠠᠯᠠᠬᠦᠯᠪᠠ᠃ ᠢᠳᠡᠭᠡᠨ ᠢ ᠪᠤᠯᠪᠠᠰᠤᠷᠠᠭᠤᠯᠬᠤ᠂ ᠰᠢᠨ᠎ᠠ ᠡᠨᠧᠷᠬᠢ᠂ ᠮᠠᠰᠢᠨ ᠮᠧᠬᠠᠨᠢᠭ ᠢ ᠤᠶᠢᠯᠠᠳᠬᠦ᠂ ᠠᠭᠤᠷᠬᠠᠢ ᠶᠢᠨ ᠤᠶᠢᠯᠠᠰ ᠤᠨ ᠰᠢᠯᠢᠵᠤ ᠪᠤᠯᠪᠠᠰᠤᠷᠠᠭᠤᠯᠬᠤ ᠵᠠᠷᠭᠡ ᠠᠵᠤ ᠤᠶᠢᠯᠠᠳᠪᠤᠷᠢ ᠶᠢᠨ ᠠᠵᠤ ᠤᠶᠢᠯᠠᠰ ᠤᠨ ᠪᠤᠷᠤ ᠲᠦᠯᠦᠪ ᠠᠩᠬ᠎ᠠ ᠠᠯᠬᠤᠮ ᠪᠦᠷᠢᠯᠳᠤᠪᠠ᠃ ᠬᠦᠭᠵᠢᠯᠳᠠ ᠶᠢᠨ ᠰᠠᠭᠤᠷᠢ ᠡᠳᠦᠷ ᠢᠷᠠᠬᠦᠶ᠎ᠠ ᠲᠠᠬᠦᠯᠳᠠᠷᠵᠢᠪᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠨᠠᠶᠢᠳᠠ 6 ᠳ᠋ᠦᠩᠰᠢᠭᠤᠷ ᠲᠦᠬᠦᠷᠢᠭ ᠢᠯᠠᠬᠦᠦ ᠤᠷᠤᠭᠤᠯᠵᠤ᠂ ᠬᠠᠰ ᠯᠤᠤ ᠠᠵᠤ ᠤᠶᠢᠯᠠᠳᠪᠤᠷᠢ ᠶᠢᠨ ᠲᠤᠭᠤᠷᠢᠭ ᠤᠨ ᠲᠤᠭᠤᠷᠢᠭ ᠤᠨ ᠲᠠᠯᠠᠪᠠᠢ ᠶᠢᠨ ᠪᠠᠶᠢᠭᠤᠯᠤᠯᠳᠠ ᠨᠢ 8 ᠲᠡᠭᠰᠢ ᠲᠦᠷᠪᠠᠯᠵᠢᠨ ᠺᠢᠯᠤᠮᠧᠲᠷ ᠬᠦᠷᠴᠤ᠂ 46 ᠠᠵᠤ ᠠᠬᠤᠶᠢᠯᠠᠯ ᠢ ᠲᠠᠳᠠᠨ ᠤᠷᠤᠭᠤᠯᠵᠤ᠂ ᠬᠡᠯᠡᠯᠴᠠᠭᠡᠷ ᠲᠤᠬᠳᠠᠬᠰᠠᠨ ᠶᠠᠷᠦᠩᠭᠡᠢ ᠪᠠᠯᠠ ᠤᠷᠤᠭᠤᠯᠤᠯᠳᠠ 69 ᠳ᠋ᠦᠩᠰᠢᠭᠤᠷ ᠲᠦᠬᠦᠷᠢᠭ ᠬᠦᠷᠪᠠ᠃ ᠲᠤᠭᠤᠷᠢᠭ ᠨᠢ ᠦᠪᠠᠷᠳᠡᠭᠡᠨ ᠵᠠᠰᠠᠬᠤ ᠤᠷᠤᠨ ᠤ ᠲᠠᠰ ᠤᠨ ᠠᠵᠤ ᠤᠶᠢᠯᠠᠳᠪᠤᠷᠢ ᠶᠢᠨ ᠲᠤᠭᠤᠷᠢᠭ ᠪᠤᠯᠤᠨ ᠲᠠᠪᠰᠢᠪᠠ᠃ ᠮᠠᠯ ᠲᠠᠷᠢᠶᠠᠯᠠᠩ ᠤᠨ ᠤᠳᠤᠬᠢᠴᠢᠯᠠᠯᠳᠠ ᠶᠢᠨ ᠠᠬᠢᠴᠠ ᠶᠢ ᠲᠦᠷᠭᠡᠳᠭᠡᠪᠠ᠃ ᠠᠮᠤ ᠪᠤᠳᠠᠭᠠᠨ ᠤ ᠤᠨᠠᠯᠳᠠ ᠶᠢ 20 ᠳ᠋ᠦᠩᠰᠢᠭᠤᠷ ᠵᠢᠩ ᠠᠴᠠ ᠲᠡᠭᠡᠭᠰᠢ ᠳᠤ ᠲᠤᠬᠳᠠᠪᠤᠷᠢᠵᠢᠭᠤᠯᠵᠤ᠂ ᠮᠠᠯᠵᠢᠯ ᠤᠨ ᠵᠢᠯ ᠤᠨ ᠬᠡᠷ ᠤᠨ ᠲᠠᠵᠢᠭᠡᠪᠤᠷᠢ ᠶᠢᠨ ᠵᠤᠬᠰᠤᠭ᠎ᠠ ᠲᠤᠭ᠎ᠠ 260 ᠲᠦᠮᠠᠨ ᠲᠤᠯᠤᠭᠠᠢ ᠰᠢᠬᠠᠮ ᠢ ᠪᠠᠳᠤᠯᠠᠪᠠ᠃ ᠮᠠᠯ ᠲᠠᠷᠢᠶᠠᠯᠠᠩ ᠤᠨ ᠠᠵᠤ ᠤᠶᠢᠯᠠᠰᠵᠢᠯᠳᠠ ᠶᠢᠨ ᠲᠦᠪᠰᠢᠨ ᠦᠷᠬᠦᠯᠵᠢᠯᠠᠨ ᠲᠠᠭᠡᠭᠰᠢᠯᠠᠪᠠ᠃ ᠵᠦᠩ ᠯᠢᠶᠠᠩ ᠵᠢᠶᠠ ᠵᠢᠶᠠ ᠺᠠᠩ᠂ ᠡᠾᠧᠩ ᠳ᠋ᠦ᠋ ᠦᠭᠡᠷ ᠤᠨ ᠤᠶᠢᠯᠠᠰ᠂ ᠠᠨ ᠴᠢ ᠰᠢᠬᠢᠷ ᠤᠨ ᠤᠶᠢᠯᠠᠰ ᠵᠠᠷᠭᠡ ᠠᠵᠤ ᠤᠶᠢᠯᠠᠰᠵᠢᠯᠳᠠ ᠶᠢᠨ ᠭᠤᠤᠯᠯᠠᠬᠴᠢ ᠠᠵᠤ ᠠᠬᠤᠶᠢᠯᠠᠯ ᠢ ᠠᠮᠵᠢᠯᠳᠠ ᠲᠠᠢ ᠪᠠᠷ ᠲᠠᠳᠠᠨ ᠤᠷᠤᠭᠤᠯᠪᠠ᠃ ᠡᠯ᠎ᠡ ᠲᠦᠷᠦᠯ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ 2929 ᠢ ᠲᠠᠮᠵᠢᠨ ᠪᠤᠶᠢᠵᠢᠭᠤᠯᠵᠤ᠂ 8 ᠲᠦᠮᠠᠨ ᠮᠠᠯᠴᠢᠨ ᠡᠷᠦᠭᠡ ᠶᠢ ᠲᠠᠶᠢᠴᠢᠯᠠᠨ ᠠᠵᠤ ᠤᠶᠢᠯᠠᠰᠵᠢᠬᠦᠯᠦᠨ ᠡᠵᠡᠩᠨᠠᠬᠦ ᠳᠤ ᠤᠷᠤᠯᠴᠠᠭᠤᠯᠪᠠ᠃ ᠪᠦᠬᠦ ᠬᠤᠰᠢᠭᠤᠨ ᠳᠤ ᠠᠯᠠᠰᠢᠨ ᠦᠭᠡᠷ᠂ ᠠᠯᠠᠰᠢᠨ ᠬᠤᠨᠢ᠂ ᠭᠠᠭ᠋ᠠᠢ᠂ ᠰᠢᠬᠢᠷ ᠯᠤᠤᠪᠠᠩ᠂ ᠲᠦᠮᠦᠰᠤ᠂ ᠢᠳᠡᠰᠢᠨ ᠨᠤᠭᠤᠭ᠎ᠠ᠂ ᠠᠮᠤ ᠪᠤᠳᠠᠭ᠎ᠠ ᠪᠤᠯᠪᠠᠰᠤᠷᠠᠭᠤᠯᠬᠤ ᠲᠤᠯᠤᠭᠠᠨ ᠪᠦᠷᠢᠨ ᠠᠵᠤ ᠤᠶᠢᠯᠠᠰ ᠤᠨ ᠬᠡᠯᠬᠢᠶᠠᠵᠢᠯ ᠪᠦᠷᠢᠯᠳᠤᠪᠠ᠃ ᠤᠩᠨᠢᠭᠤᠳ ᠤᠨ ᠠᠯᠠᠰᠢᠨ ᠦᠭᠡᠷ᠂ ᠠᠯᠠᠰᠢᠨ ᠬᠤᠨᠢ᠂ ᠲᠤᠳᠤᠷᠭ᠎ᠠ ᠭᠤᠷᠪᠠᠨ ᠵᠦᠢᠯ ᠤᠨ ᠭᠠᠵᠠᠷ ᠵᠦᠢ ᠶᠢᠨ ᠰᠢᠨᠵᠢ ᠲᠠᠮᠳᠡᠭ ᠢ ᠬᠡᠷᠡᠴᠢᠯᠡᠭᠰᠡᠨ ᠲᠠᠸᠠᠷ ᠤᠨ ᠲᠠᠮᠳᠡᠭ ᠢ ᠲᠠᠩᠰᠠᠯᠠᠵᠤ᠂ ᠮᠧᠩ ᠳ᠋ᠦ᠋ ᠨᠢ ︽ᠲᠤᠮᠳᠠᠳᠤ ᠤᠯᠤᠰ ᠤᠨ ᠨᠠᠷᠠᠳᠤ ᠲᠠᠸᠠᠷ ᠤᠨ ᠲᠠᠮᠳᠡᠭ︾ ᠢ ᠬᠦᠷᠳᠠᠪᠠ᠃ ᠶᠠᠩ ᠵᠢᠶᠠ ᠢᠩᠽᠢ  ᠤᠨ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠢ ᠲᠦᠯᠦᠪᠵᠢᠬᠦᠯᠦᠨ ᠪᠦᠳᠦᠭᠡᠨ ᠪᠠᠶᠢᠭᠤᠯᠪᠠ᠃ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠶᠠᠷᠦᠩᠭᠡᠢ ᠬᠦᠳᠠᠯᠭᠡᠬᠦ ᠬᠦᠴᠦ 77.9 ᠲᠦᠮᠠᠨ ᠺᠢᠯᠤᠸᠠᠲ᠂ ᠲᠠᠷᠢᠶᠠᠯᠠᠩ ᠤᠨ ᠮᠠᠰᠢᠨᠴᠢᠯᠠᠯᠳᠠ ᠶᠢᠨ ᠶᠠᠷᠦᠩᠭᠡᠶᠢᠯᠡᠭᠰᠡᠨ ᠠᠵᠢᠯᠯᠠᠬᠤ ᠲᠦᠪᠰᠢᠨ 75% ᠳᠤ ᠬᠦᠷᠪᠠ᠃ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠤᠶᠢᠯᠠᠰ ᠰᠢᠨ᠎ᠠ ᠬᠤᠪᠢᠷᠠᠯᠳᠠ ᠲᠠᠢ ᠪᠤᠯᠪᠠ᠃ ᠪᠤᠷᠤᠬᠤᠳᠠ  ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠲᠤᠭᠤᠷᠢᠭ ᠢ ᠲᠤᠭᠤᠷᠢᠭ ᠤᠨ ᠲᠠᠯᠠᠪᠠᠢ ᠨᠢ 0.8 ᠲᠡᠭᠰᠢ ᠲᠦᠷᠪᠠᠯᠵᠢᠨ ᠺᠢᠯᠤᠮᠧᠲᠷ ᠪᠤᠯᠭᠠᠨ ᠪᠠᠶᠢᠭᠤᠯᠪᠠ᠃ ᠪᠤᠷᠤᠬᠤᠳᠠ ᠶᠢᠨ ᠠᠶᠠᠨᠴᠢᠨ ᠤ ᠲᠠᠷᠭᠡᠨ ᠦᠷᠳᠡᠭᠡ᠂ ᠯᠢ ᠹᠧᠩ ᠮᠠᠰᠢᠨ ᠲᠠᠷᠭᠡᠨ ᠤ ᠬᠤᠳᠠ᠂ ᠮᠢᠨ ᠰᠢᠶᠠᠩ ᠠᠮᠤ ᠪᠤᠳᠠᠭ᠎ᠠ᠂ ᠵᠢᠮᠢᠰ᠂ ᠢᠳᠡᠰᠢᠨ ᠨᠤᠭᠤᠭ᠎ᠠ ᠶᠢᠨ ᠪᠦᠭᠡᠮ ᠢᠶᠠᠷ ᠪᠤᠷᠤᠯᠠᠭᠤᠯᠬᠤ ᠵᠠᠬ᠎ᠠ ᠲᠠᠯᠭᠡᠬᠦᠷ ᠵᠠᠷᠭᠡ 12 ᠲᠦᠷᠦᠯ ᠵᠦᠢᠯ ᠢ ᠲᠠᠳᠠᠨ ᠤᠷᠤᠭᠤᠯᠵᠤ᠂ 11 ᠳ᠋ᠦᠩᠰᠢᠭᠤᠷ ᠲᠦᠬᠦᠷᠢᠭ ᠪᠠᠯᠠ ᠤᠷᠤᠭᠤᠯᠬᠤ ᠶᠢ ᠪᠠᠶᠠᠯᠠᠬᠦᠯᠪᠠ᠃ ᠰᠢᠶᠠᠩ ᠡᠾᠧ ᠬᠡᠷ ᠤᠨ ᠬᠡᠷᠡᠭᠰᠡᠯ ᠤᠨ ᠬᠤᠳᠠ᠂ ᠡᠾᠧᠩ ᠮᠤᠤ ᠲᠠᠯᠠᠪᠠᠢ᠂ ᠴᠢᠥᠸᠠᠨ ᠨᠢᠩ ᠪᠠᠭᠤᠳᠠᠯ᠂ ᠬᠤᠩ ᠱᠠᠨ ᠵᠠᠮ ᠤᠨ ᠢᠳᠡᠭᠡᠨ ᠤᠮᠳᠠᠭᠠᠨ ᠤ ᠨᠢᠭᠡ ᠵᠤᠷᠪᠤᠰ ᠵᠠᠬᠡᠯᠢ ᠵᠠᠷᠭᠡ ᠨᠢᠭᠡ ᠪᠦᠯᠦᠭ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠢ ᠪᠠᠶᠢᠭᠤᠯᠵᠤ ᠪᠠᠷᠠᠭᠠᠳ ᠠᠰᠢᠬᠯᠠᠯᠳᠠ ᠳᠤ ᠤᠷᠤᠵᠤ ᠡᠵᠡᠩᠨᠠᠪᠠ᠃ ᠰᠤᠶᠤᠯ ᠵᠤᠭᠠᠴᠠᠯ ᠤᠨ ᠤᠶᠢᠯᠠᠰ ᠰᠢᠨ᠎ᠠ ᠬᠦᠭᠵᠢᠯᠳᠠ ᠲᠠᠢ ᠪᠤᠯᠪᠠ᠃ ᠰᠤᠶᠤᠯ ᠲᠤᠬᠯᠠᠯᠳᠠ ᠶᠢᠨ ᠲᠦᠪ᠂ ᠭᠠᠵᠠᠷ ᠰᠢᠨᠵᠢᠯᠠᠭᠡᠨ ᠤ ᠲᠠᠯᠭᠡᠨ ᠦᠵᠠᠬᠦᠯᠦᠯᠭᠡ ᠶᠢᠨ ᠤᠷᠳᠤᠨ᠂ ᠮᠦᠸᠧᠽᠠᠢ ᠵᠠᠷᠭᠡ ᠰᠤᠶᠤᠯ ᠤᠨ ᠲᠦᠬᠦᠭᠡᠷᠦᠮᠵᠢ ᠠᠰᠢᠬᠯᠠᠯᠳᠠ ᠳᠤ ᠤᠷᠤᠪᠠ᠃ ᠬᠠᠰ ᠯᠤᠤ ᠮᠠᠩᠬᠠᠨ ᠨᠠᠭᠤᠷ ᠤᠨ ᠦᠵᠠᠮᠵᠢ ᠶᠢᠨ ᠤᠷᠤᠨ ᠨᠢ ᠤᠯᠤᠰ ᠤᠨ 4A ᠲᠠᠰ ᠤᠨ ᠦᠵᠠᠮᠵᠢ ᠶᠢᠨ ᠤᠷᠤᠨ ᠪᠤᠯᠤᠨ ᠲᠠᠪᠰᠢᠵᠤ᠂ ᠤᠩᠨᠢᠭᠤᠳ ᠬᠤᠰᠢᠭᠤ ᠨᠢ ︽ᠲᠤᠮᠳᠠᠳᠤ ᠤᠯᠤᠰ ᠤᠨ ᠬᠠᠮᠤᠭ ᠭᠤᠶᠤ ᠰᠠᠶᠢᠬᠠᠨ ᠠᠮᠢ ᠠᠬᠤᠢ ᠰᠤᠶᠤᠯ ᠵᠤᠭᠠᠴᠠᠯ ᠤᠨ ᠬᠠᠷᠠᠯᠳᠠᠳᠤ ᠭᠠᠵᠠᠷ︾  ᠤᠨ ᠢᠷᠠᠭᠤ ᠠᠯᠳᠠᠷᠳᠤ ᠴᠤᠯᠠ ᠶᠢ ᠬᠦᠷᠳᠠᠪᠠ᠃ ᠮᠦᠩᠬᠦᠨ ᠬᠦᠢᠯᠭᠡᠭᠡᠨ ᠤ ᠤᠶᠢᠯᠠᠴᠢᠯᠠᠭᠡᠨ ᠤ ᠤᠶᠢᠯᠠᠰ ᠰᠢᠨ᠎ᠠ ᠰᠠᠶᠢᠵᠢᠷᠠᠯᠳᠠ ᠲᠠᠢ ᠪᠤᠯᠪᠠ᠃ ᠲᠤᠮᠳᠠᠳᠤ ᠤᠯᠤᠰ ᠤᠨ ᠪᠠᠩᠬᠢ᠂ ᠪᠦᠳᠦᠭᠡᠨ ᠪᠠᠶᠢᠭᠤᠯᠤᠯᠳᠠ ᠶᠢᠨ ᠪᠠᠩᠬᠢ᠂ ᠪᠤᠤ ᠱᠠᠩ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠯᠢ ᠨᠦᠩ ᠲᠤᠰᠬᠤᠨ ᠪᠠᠯᠭᠠᠰᠤᠨ ᠤ ᠪᠠᠩᠬᠢ ᠶᠢ ᠲᠠᠳᠠᠨ ᠤᠷᠤᠭᠤᠯᠵᠤ᠂ ᠰᠢᠨ ᠯᠦᠩ᠂ ᠵᠤ᠋ ᠰᠢᠨ ᠵᠠᠷᠭᠡ 5 ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢ ᠪᠠᠶᠢᠭᠤᠯᠵᠤ᠂ ᠬᠠᠰ ᠯᠤᠤ ᠲᠠᠭᠠᠭᠠᠨ ᠪᠠᠳᠤᠯᠠᠬᠤ ᠺᠤᠮᠫᠠᠨᠢ᠂ ᠷᠦᠨ ᠡᠾᠧᠩ ᠪᠠᠯᠠ ᠤᠷᠤᠭᠤᠯᠤᠯᠳᠠ ᠶᠢᠨ ᠺᠤᠮᠫᠠᠨᠢ ᠪᠠ ᠡᠾᠦ᠋ᠢ ᠵᠦᠩ ᠮᠠᠯ ᠲᠠᠷᠢᠶᠠᠯᠠᠩ ᠤᠨ ᠪᠠᠯᠠ ᠤᠷᠤᠭᠤᠯᠤᠯᠳᠠ ᠶᠢᠨ ᠺᠤᠮᠫᠠᠨᠢ ᠪᠠᠶᠢᠭᠤᠯᠤᠬᠳᠠᠨ᠂ ᠪᠦᠬᠦ ᠬᠤᠰᠢᠭᠤᠨ ᠤ ᠪᠠᠩᠬᠢ ᠶᠢᠨ ᠤᠶᠢᠯᠠᠰ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ 10 ᠪᠤᠯᠪᠠ᠃ ᠮᠦᠩᠬᠦᠨ ᠬᠦᠢᠯᠭᠡᠭᠡᠨ ᠤ ᠪᠠᠶᠢᠭᠤᠯᠤᠮᠵᠢ  ᠶᠢᠨ ᠬᠠᠳᠠᠭᠠᠯᠠᠵᠤ ᠪᠠᠶᠢᠬᠤ ᠵᠢᠭᠡᠯᠡᠯᠭᠡ ᠶᠢᠨ ᠵᠤᠭᠤᠰ ᠤᠨ ᠦᠯᠠᠳᠠᠪᠤᠷᠢ ᠲᠤᠭ᠎ᠠ ᠲᠤᠰᠪᠤᠷᠢ 84 ᠳ᠋ᠦᠩᠰᠢᠭᠤᠷ ᠲᠦᠬᠦᠷᠢᠭ ᠪᠠ 55 ᠳ᠋ᠦᠩᠰᠢᠭᠤᠷ ᠲᠦᠬᠦᠷᠢᠭ ᠬᠦᠷᠴᠤ᠂ 2010 ᠤᠨ ᠤ 2 ᠲᠠᠬᠢᠨ ᠪᠠ 2.4 ᠲᠠᠬᠢᠨ᠃     —— ︽12.5︾ ᠪᠤᠯ ᠬᠤᠳᠠ ᠬᠦᠳᠡᠭᠡ ᠶᠢᠨ ᠲᠦᠷᠰᠤ ᠪᠠᠶᠢᠳᠠᠯ ᠡᠳᠦᠷ ᠢᠷᠠᠬᠦᠶ᠎ᠠ ᠬᠤᠪᠢᠷᠠᠯᠳᠠ  ᠲᠠᠢ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠬᠤᠳᠠ ᠬᠦᠳᠡᠭᠡ ᠶᠢ ᠵᠠᠷᠭᠡᠪᠠᠷ ᠵᠤᠬᠢᠴᠠᠯᠳᠤᠭᠤᠯᠤᠨ ᠬᠦᠭᠵᠢᠬᠦᠯᠵᠤ᠂ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠠᠮᠢ ᠠᠬᠤᠢ ᠤᠰᠤᠨ ᠠᠰᠢᠬᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠬᠤᠳᠠ ᠪᠠᠯᠭᠠᠰᠤᠵᠢᠯᠳᠠ ᠶᠢᠨ ᠲᠦᠪᠰᠢᠨ ᠲᠦᠷᠭᠡᠨ ᠲᠠᠭᠡᠭᠰᠢᠯᠠᠪᠠ᠃ ᠲᠤᠮᠳᠠᠳᠤ ᠤᠯᠤᠰ ᠤᠨ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠰᠤᠳᠤᠯᠭᠠᠨ ᠤ ᠬᠦᠷᠢᠶᠠᠯᠠᠩ ᠢ ᠤᠷᠢᠵᠤ᠂ ︽ᠪᠤᠷᠤᠬᠤᠳᠠ ᠪᠠᠯᠭᠠᠰᠤᠨ ᠤ ᠬᠤᠳᠠ  ᠶᠢᠨ ᠶᠠᠷᠦᠩᠭᠡᠢ ᠲᠦᠯᠦᠪᠵᠢᠬᠦᠯᠭᠡ︾ ᠶᠢ ᠵᠠᠰᠠᠨ ᠨᠠᠶᠢᠷᠠᠭᠤᠯᠪᠠ᠃ ᠰᠠᠭᠤᠷᠢ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠨᠠᠶᠢᠳᠠ 15 ᠳ᠋ᠦᠩᠰᠢᠭᠤᠷ ᠲᠦᠬᠦᠷᠢᠭ ᠤᠷᠤᠭᠤᠯᠵᠤ᠂ ᠪᠤᠷᠤᠬᠤᠳᠠ ᠶᠢᠨ ᠰᠢᠨ᠎ᠠ ᠬᠤᠳᠠ ᠲᠤᠭᠤᠷᠢᠭ ᠤᠨ 7 ᠲᠡᠭᠰᠢ ᠲᠦᠷᠪᠠᠯᠵᠢᠨ ᠺᠢᠯᠤᠮᠧᠲᠷ ᠭᠠᠵᠠᠷ ᠢ ᠲᠠᠳᠠᠪᠤᠷᠢᠯᠠᠨ ᠨᠤᠷᠠᠭᠠᠨ ᠨᠠᠬᠦᠯᠭᠡᠵᠤ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠡᠬᠦᠷᠭᠡ ᠶᠢ ᠪᠠᠶᠠᠯᠠᠬᠦᠯᠪᠠ᠃ ᠰᠤᠶᠤᠯ ᠤᠨ ᠠᠭᠤᠳᠠᠮ ᠲᠠᠯᠠᠪᠠᠢ᠂ ᠵᠠᠬᠡᠯᠢ ᠵᠠᠮ ᠤᠨ ᠪᠠᠶᠢᠭᠤᠯᠤᠯᠳᠠ᠂ ᠨᠤᠭᠤᠭᠠᠷᠠᠭᠤᠯᠤᠯᠳᠠ᠂ ᠭᠤᠶᠤᠵᠢᠭᠤᠯᠤᠯᠳᠠ᠂ ᠪᠠᠷᠠᠭᠤᠠ ᠭᠤᠤᠯ ᠢ ᠶᠠᠷᠦᠩᠭᠡᠶᠢᠯᠠᠨ ᠵᠠᠰᠠᠬᠤ ᠵᠠᠷᠭᠡ ᠢᠨᠵᠧᠨᠧᠷᠢᠭ ᠢ ᠬᠡᠷᠡᠭᠵᠢᠬᠦᠯᠵᠤ᠂ ᠬᠦᠮᠦᠨ ᠠᠷᠠᠳ ᠤᠨ ᠰᠠᠭᠤᠷᠢᠰᠢᠬᠤ ᠤᠷᠴᠢᠨ ᠤ ᠰᠠᠶᠢᠵᠢᠷᠠᠯᠳᠠ ᠶᠡᠭᠡ ᠪᠤᠯᠪᠠ᠃ ᠪᠦᠬᠦ ᠤᠷᠳᠤ ᠨᠢ 36 ᠺᠢᠯᠤᠮᠧᠲᠷ ᠪᠤᠯᠬᠤ ᠦᠪᠠᠷᠳᠡᠭᠡᠨ ᠵᠠᠰᠠᠬᠤ ᠤᠷᠤᠨ ᠤ ᠲᠦᠷᠦᠬᠦᠦ ᠵᠤᠷᠪᠤᠰ ᠬᠤᠰᠢᠭᠤ ᠰᠢᠶᠠᠨ  ᠤ ᠭᠠᠳᠠᠷ ᠲᠤᠭᠤᠷᠢᠭ ᠵᠠᠮ ᠢ ᠪᠠᠶᠢᠭᠤᠯᠵᠤ᠂ ︽ᠨᠢᠭᠡ ᠴᠤᠬᠴᠠ ᠲᠦᠷᠪᠠᠨ ᠲᠤᠭᠤᠷᠢᠭ︾ ᠤᠨ ᠤᠶᠢᠯᠠᠳᠪᠤᠷᠢᠯᠠᠯ ᠬᠤᠳᠠ ᠨᠠᠶᠢᠯᠠᠨ ᠬᠦᠭᠵᠢᠬᠦ ᠰᠢᠨ᠎ᠠ ᠪᠠᠶᠢᠷᠢᠯᠠᠭᠤᠯᠤᠯᠳᠠ ᠪᠦᠷᠢᠯᠳᠤᠪᠠ᠃ ᠦᠪᠡᠷᠳᠡᠭᠡᠨ ᠵᠠᠰᠠᠬᠤ ᠤᠷᠤᠨ ᠤ ᠲᠠᠰ ᠤᠨ ᠡᠷᠡᠬᠦᠯ ᠬᠠᠮᠠᠭᠠᠯᠠᠯ ᠤᠨ ᠬᠤᠳᠠ ᠰᠢᠶᠠᠨ ᠪᠠ ᠦᠪᠠᠷᠳᠡᠭᠡᠨ ᠵᠠᠰᠠᠬᠤ ᠤᠷᠤᠨ ᠤ ᠴᠡᠴᠡᠷᠯᠢᠭᠳᠦ ᠬᠤᠳᠠ ᠶᠢᠨ ᠰᠢᠯᠭᠠᠨ ᠬᠤᠷᠢᠶᠠᠬᠤ ᠶᠢ ᠤᠷᠤᠬᠰᠢᠳᠠᠢ ᠦᠩᠭᠡᠷᠡᠭᠡᠪᠠ᠃ ᠪᠤᠷᠤᠬᠤᠳᠠ ᠪᠠᠯᠭᠠᠰᠤ᠂ ᠤᠳᠠᠨᠳᠤᠬᠤᠢ ᠪᠠᠯᠭᠠᠰᠤ ᠵᠠᠷᠭᠡ ᠨᠢ ᠤᠯᠤᠰ  ᠤᠨ ᠲᠠᠰ ᠤᠨ ᠭᠤᠤᠯᠳᠠᠯᠭ᠎ᠠ ᠲᠠᠢ ᠪᠠᠯᠭᠠᠰᠤ ᠪᠠᠷ ᠦᠨᠠᠯᠡᠭᠳᠡᠵᠤ᠂ ᠴᠢᠶᠤᠤ ᠲᠸᠤ ᠪᠠᠯᠭᠠᠰᠤ᠂ ᠭᠤᠸᠠᠩ ᠳ᠋ᠧ ᠬᠦᠩ ᠪᠠᠯᠭᠠᠰᠤ᠂ ᠬᠠᠶᠢᠯᠠᠰᠤ ᠪᠠᠯᠭᠠᠰᠤ ᠨᠢ ᠦᠪᠠᠷᠳᠡᠭᠡᠨ ᠵᠠᠰᠠᠬᠤ ᠤᠷᠤᠨ ᠤ ᠲᠠᠰ ᠤᠨ ᠭᠤᠶᠤ ᠰᠠᠶᠢᠬᠠᠨ ᠰᠠᠭᠤᠬᠤ ᠳᠤ ᠲᠠᠭᠠᠯᠠᠮᠵᠢᠳᠠᠢ ᠵᠢᠵᠢᠭ ᠪᠠᠯᠭᠠᠰᠤ ᠪᠠᠷ ᠦᠨᠠᠯᠡᠭᠳᠡᠭᠰᠡᠨ ᠪᠠᠶᠢᠨ᠎ᠠ᠃ ᠪᠦᠬᠦ ᠬᠤᠰᠢᠭᠤᠨ ᠤ ᠬᠤᠳᠠᠴᠢᠯᠠᠯᠳᠠ ᠶᠢᠨ ᠨᠤᠷᠮ᠎ᠠ 40.75% ᠳᠤ ᠬᠦᠷᠴᠤ᠂ 2010 ᠤᠨ ᠲᠠᠢ ᠬᠠᠷᠢᠴᠠᠭᠤᠯᠪᠠᠯ 8.75 ᠵᠠᠭᠤᠨ ᠤ ᠴᠡᠭ ᠢᠶᠠᠷ ᠲᠠᠭᠡᠭᠰᠢᠯᠠᠪᠠ᠃ ᠵᠠᠮ ᠬᠠᠷᠢᠯᠴᠠᠭ᠎ᠠ ᠴᠠᠬᠢᠯᠭᠠᠨ ᠬᠦᠴᠦᠨ ᠤ ᠲᠤᠤᠷ ᠰᠦᠯᠵᠢᠶ᠎ᠠ ᠨᠠᠩ ᠢᠯᠠᠬᠦᠦ ᠲᠠᠬᠦᠯᠳᠠᠷᠵᠢᠪᠠ᠃ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠳᠤ ᠨᠠᠶᠢᠳᠠ 26.7 ᠳ᠋ᠦᠩᠰᠢᠭᠤᠷ ᠲᠦᠬᠦᠷᠢᠭ ᠪᠠᠯᠠ ᠤᠷᠤᠭᠤᠯᠵᠤ ᠂ ᠮᠤᠵᠢ ᠶᠢᠨ ᠵᠠᠮ 304 ᠱᠤᠭᠤᠮ ᠤᠨ ᠬᠠᠶᠢᠯᠠᠰᠤ ᠠᠴᠠ ᠪᠤᠷᠤᠬᠤᠳᠠ ᠬᠦᠷᠬᠦ ᠬᠡᠰᠡᠭ ᠤᠨ ᠴᠠᠷᠳᠠᠮᠠᠯ ᠵᠠᠮ ᠪᠤᠯᠭᠠᠨ ᠦᠭᠡᠷᠡᠴᠢᠯᠠᠬᠦ ᠢᠨᠵᠧᠨᠧᠷᠢᠭ ᠲᠠᠭᠤᠰᠴᠤ ᠲᠠᠷᠭᠡ ᠨᠠᠪᠳᠠᠷᠠᠪᠠ᠂ ᠮᠤᠵᠢ ᠶᠢᠨ ᠵᠠᠮ ᠤᠨ 205 ᠱᠤᠭᠤᠮ ᠤᠨ ᠪᠤᠷᠤᠬᠤᠳᠠ ᠠᠴᠠ ᠰᠾᠢ ᠳ᠋ᠤᠤ ᠭᠸᠤ ᠬᠦᠷᠬᠦ ᠬᠡᠰᠡᠭ ᠢ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠢᠨᠵᠧᠨᠧᠷᠢᠭ᠂ ᠦ᠋ ᠹᠧᠨ ᠳ᠋ᠢ ᠠᠴᠠ ᠡᠾᠸᠢ ᠱᠦᠢ ᠬᠦᠷᠬᠦ ᠤᠯᠤᠰ ᠤᠨ ᠬᠠᠮᠠᠭᠠᠯᠠᠯᠳᠠ ᠶᠢᠨ ᠲᠠᠶᠢᠨ ᠤ ᠪᠠᠯᠠᠳᠭᠡᠯ ᠤᠨ ᠵᠠᠮ ᠠᠰᠢᠬᠯᠠᠯᠳᠠ  ᠳᠤ ᠤᠷᠤᠪᠠ᠂ ᠲᠤᠰᠬᠤᠨ ᠳᠤ ᠨᠠᠪᠳᠠᠷᠠᠬᠦ ᠴᠠᠷᠳᠠᠮᠠᠯ ᠵᠠᠮ᠂ ᠱᠦᠢᠨᠠᠢ ᠵᠠᠮ 1701 ᠺᠢᠯᠤᠮᠧᠲᠷ ᠰᠢᠨ᠎ᠠ ᠪᠠᠷ ᠪᠠᠶᠢᠭᠤᠯᠵᠤ᠂ ᠪᠦᠬᠦ ᠬᠤᠰᠢᠭᠤᠨ ᠤ ᠵᠠᠰᠠᠮᠠᠯ ᠵᠠᠮ ᠤᠨ ᠶᠠᠷᠦᠩᠭᠡᠢ ᠵᠠᠮ ᠤᠨ ᠵᠠᠢ 3611 ᠺᠢᠯᠤᠮᠧᠲᠷ ᠬᠦᠷᠴᠠᠢ᠃ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠨᠠᠶᠢᠳᠠ 3.7 ᠳ᠋ᠦᠩᠰᠢᠭᠤᠷ ᠲᠦᠬᠦᠷᠢᠭ ᠤᠷᠤᠭᠤᠯᠵᠤ᠂ ᠬᠤᠪᠢᠰᠬᠠᠭᠤᠷ ᠤᠨ ᠦᠷᠳᠡᠭᠡ 12 ᠢ ᠰᠢᠨ᠎ᠠ ᠪᠠᠷ ᠦᠭᠡᠷᠡᠴᠢᠯᠠᠨ ᠪᠠᠶᠢᠭᠤᠯᠵᠤ᠂ 66 ᠺᠢᠯᠤᠸᠤᠯᠲ  ᠤᠨ ᠬᠦᠴᠦᠳᠠᠯ ᠬᠤᠪᠢᠷᠠᠭᠠᠨ ᠴᠠᠬᠢᠯᠭᠠᠨ ᠬᠦᠷᠭᠡᠬᠦ ᠱᠤᠭᠤᠮ 191 ᠺᠢᠯᠤᠮᠧᠲᠷ ᠢ ᠪᠤᠰᠬᠠᠵᠤ᠂ ᠲᠤᠤᠷ᠎ᠠ ᠲᠠᠷᠤᠯᠳᠠᠳᠤ ᠴᠠᠬᠢᠯᠭᠠᠨ ᠤᠳᠠᠰᠤᠨ ᠤ ᠱᠤᠭᠤᠮ 354 ᠺᠢᠯᠤᠮᠧᠲᠷ᠂ ᠲᠤᠤᠷ᠎ᠠ ᠲᠠᠷᠤᠯᠳᠠᠳᠤ ᠲᠠᠶᠢᠰᠠ ᠶᠢᠨ ᠤᠷᠤᠨ 313 ᠢ ᠦᠭᠡᠷᠡᠴᠢᠯᠠᠨ ᠪᠠᠶᠢᠭᠤᠯᠵᠠᠢ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠪᠰᠢᠨ ᠤᠯᠠᠮ ᠨᠢᠭᠡ ᠠᠯᠬᠤᠮ ᠲᠠᠭᠡᠭᠰᠢᠯᠠᠪᠠ᠃ ︽ᠤᠩᠨᠢᠭᠤᠳ ᠬᠤᠰᠢᠭᠤᠨ ᠤ ᠬᠤᠷᠴᠢᠨ ᠤ ᠡᠯᠡᠰᠤᠳᠤ ᠭᠠᠵᠠᠷ ᠢ ᠶᠠᠷᠦᠩᠭᠡᠶᠢᠯᠠᠨ ᠵᠠᠰᠠᠬᠤ ᠪᠠ ᠡᠯᠡᠰᠤᠨ ᠤ ᠠᠵᠤ ᠤᠶᠢᠯᠠᠰ ᠢ ᠨᠡᠬᠡᠬᠡᠬᠦ ᠶᠡᠷᠦᠩᠭᠡᠢ ᠲᠦᠯᠦᠪᠵᠢᠬᠦᠯᠭᠡ ︵2013— 2017 ᠤᠨ︶︾ ᠢ ᠨᠠᠶᠢᠷᠠᠭᠤᠯᠵᠤ ᠬᠡᠷᠡᠭᠵᠢᠬᠦᠯᠵᠠᠢ᠃ 3.9 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ ᠰᠤᠳᠤ ᠵᠠᠮ᠂ ᠨᠠᠷᠢᠠᠭᠤᠤᠯ ᠠᠴᠠ ᠵᠢᠷᠭᠤᠭᠠᠨᠬᠡᠷ ᠬᠦᠷᠬᠦ ᠵᠠᠷᠭᠡ 4 ᠵᠤᠷᠪᠤᠰ ᠡᠯᠡᠰᠤ ᠲᠤᠭᠤᠯᠤᠬᠰᠠᠨ ᠵᠠᠰᠠᠮᠠᠯ ᠵᠠᠮ ᠢ ᠰᠢᠨ᠎ᠠ ᠪᠠᠷ ᠵᠠᠰᠠᠵᠤ᠂ ᠡᠯᠡᠰᠤᠳᠤ ᠭᠠᠵᠠᠷ ᠢ 270 ᠲᠦᠮᠠᠨ ᠮᠤ᠋ ᠶᠡᠷᠦᠩᠭᠡᠶᠢᠯᠠᠨ ᠵᠠᠰᠠᠵᠠᠢ᠃ ᠭᠤᠤᠯᠳᠠᠯᠭ᠎ᠠ ᠲᠠᠢ ᠤᠷᠤᠨ ᠲᠤᠭᠤᠷᠢᠭ ᠲᠤ ᠤᠢ ᠮᠤᠳᠤ ᠲᠠᠷᠢᠵᠤ ᠨᠤᠭᠤᠭᠠᠷᠠᠭᠤᠯᠤᠬᠰᠠᠨ 4.49 ᠲᠦᠮᠠᠨ ᠮᠤ᠋ ᠶᠢ ᠪᠠᠶᠠᠯᠠᠬᠦᠯᠪᠠ᠃ ᠪᠦᠬᠦ ᠬᠤᠰᠢᠭᠤᠨ ᠤ ᠤᠢ ᠮᠤᠳᠤᠨ ᠤ ᠪᠦᠷᠬᠦᠴᠠ 29.46% ᠳᠤ ᠬᠦᠷᠴᠠᠢ᠃ ᠴᠦᠨᠳᠤᠪ ᠤᠨ ᠭᠤᠤᠯ ᠢ ᠶᠠᠷᠦᠩᠭᠡᠶᠢᠯᠠᠨ ᠵᠠᠰᠠᠬᠤ᠂ ᠠᠶᠤᠯᠳᠠᠢ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠬᠦ᠂ ᠬᠠᠶᠢᠯᠠᠰᠤ ᠶᠢᠨ ᠤᠰᠤᠯᠠᠯᠳᠠ ᠶᠢᠨ ᠲᠤᠭᠤᠷᠢᠭ ᠤᠨ ᠵᠢᠷᠭᠠᠯ ᠤᠨ ᠭᠤᠤᠯ ᠤᠨ ᠤᠰᠤᠯᠠᠯᠳᠠ ᠶᠢᠨ ᠤᠷᠤᠨ ᠢ ᠵᠠᠯᠭᠠᠨ ᠲᠦᠬᠦᠷᠵᠢᠬᠦᠯᠬᠦ ᠪᠠ ᠤᠰᠤᠨ ᠳᠤ ᠠᠷᠪᠢᠳᠠᠢ ᠤᠰᠤᠯᠠᠯᠳᠠ ᠪᠤᠯᠭᠠᠨ ᠦᠭᠡᠷᠡᠴᠢᠯᠠᠨ ᠪᠠᠶᠢᠭᠤᠯᠬᠤ ᠵᠠᠷᠭᠡ ᠢᠨᠵᠧᠨᠧᠷᠢᠭ ᠢ ᠬᠡᠷᠡᠭᠵᠢᠬᠦᠯᠵᠤ᠂ ᠪᠦᠬᠦ ᠬᠤᠰᠢᠭᠤᠨ ᠤ ᠦᠶᠠᠷ ᠢ ᠰᠠᠷᠭᠡᠶᠢᠯᠠᠵᠤ ᠭᠠᠩ ᠢ ᠡᠰᠡᠷᠬᠦᠴᠠᠬᠦ ᠴᠢᠳᠠᠯ ᠮᠡᠳᠡᠭᠳᠡᠮ᠎ᠠ ᠴᠢᠩᠭᠠᠷᠠᠬᠰᠠᠨ ᠪᠠᠶᠢᠨ᠎ᠠ᠃     —— ︽12.5︾ ᠪᠤᠯ ᠨᠠᠶᠢᠭᠡᠮ ᠤᠨ ᠠᠵᠢᠯ ᠤᠶᠢᠯᠠᠰ ᠪᠦᠬᠦ ᠲᠠᠯ᠎ᠠ ᠪᠠᠷ ᠲᠠᠪᠰᠢᠬᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠵᠠᠷᠭᠡ ᠨᠠᠶᠢᠭᠡᠮ  ᠤᠨ ᠠᠵᠢᠯ ᠤᠶᠢᠯᠠᠰ ᠤᠨ ᠬᠦᠭᠵᠢᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠠᠷᠠᠳ ᠤᠯᠠᠨ ᠤ ᠵᠤᠯ ᠵᠢᠷᠭᠠᠯᠳᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳᠠ ᠦᠭᠡᠢ ᠨᠡᠮᠡᠭᠳᠡᠬᠦᠯᠦᠭᠰᠡᠨ ᠪᠠᠶᠢᠨ᠎ᠠ᠃ ᠨᠠᠶᠢᠳᠠ 6.2 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠰᠤᠷᠭᠠᠭᠤᠯᠢ ᠶᠢᠨ ᠬᠠᠭᠤᠴᠢᠨ ᠬᠡᠷ ᠪᠠᠷᠢᠯᠭ᠎ᠠ ᠶᠢ ᠰᠢᠨ᠎ᠠ ᠪᠠᠷ ᠦᠭᠡᠷᠡᠴᠢᠯᠠᠨ ᠵᠠᠰᠠᠬᠤ ᠢᠨᠵᠧᠨᠧᠷᠢᠭ ᠢ ᠬᠡᠷᠡᠭᠵᠢᠬᠦᠯᠪᠠ ᠃ ᠪᠤᠷᠤᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠢ ᠰᠢᠯᠵᠢᠬᠦᠯᠦᠨ ᠪᠠᠶᠢᠭᠤᠯᠪᠠ᠂ ᠪᠤᠷᠤᠬᠤᠳᠠ ᠶᠢᠨ ᠲᠦᠷᠪᠠᠳᠤᠭᠡᠷ ᠪᠠᠭ᠎ᠠ ᠰᠤᠷᠭᠠᠭᠤᠯᠢ ᠶᠢ ᠠᠰᠢᠬᠯᠠᠯᠳᠠ ᠳᠤ ᠤᠷᠤᠭᠤᠯᠪᠠ᠃ ᠺᠤᠮᠫᠠᠨᠢᠴᠢᠯᠳᠠ ᠶᠢᠨ ᠡᠵᠠᠩᠨᠠᠬᠦ ᠠᠷᠭ᠎ᠠ ᠬᠡᠯᠪᠠᠷᠢ ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ᠂ ᠬᠡᠦᠭᠡᠳ ᠤᠨ ᠴᠠᠴᠡᠷᠯᠢᠭ ᠲᠤ ᠰᠤᠷᠭᠠᠭᠤᠯᠢ ᠶᠢᠨ ᠲᠠᠷᠭᠡ 40 ᠶᠢ ᠲᠤᠬᠢᠷᠠᠭᠤᠯᠪᠠ᠃ 2600 ᠢᠯᠠᠬᠦᠦ ᠲᠦᠮᠠᠨ ᠲᠦᠬᠦᠷᠢᠭ ᠤᠨ ᠪᠠᠯᠠ ᠤᠷᠤᠭᠤᠯᠵᠤ᠂ ᠰᠤᠮᠤ ᠰᠢᠶᠠᠩ ᠪᠠᠯᠭᠠᠰᠤ ᠶᠢᠨ ᠶᠠᠷᠦᠩᠭᠡᠶᠢᠯᠡᠭᠰᠡᠨ ᠰᠤᠶᠤᠯ ᠤᠨ ᠦᠷᠳᠡᠭᠡ 27᠂ ᠲᠠᠯ᠎ᠠ ᠨᠤᠳᠤᠭ ᠤᠨ ᠨᠤᠮ ᠤᠨ ᠦᠷᠦᠭᠡ 241 ᠢ ᠪᠠᠶᠢᠭᠤᠯᠪᠠ᠂ ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ ᠬᠡᠷ ᠢ 146 ᠰᠢᠨ᠎ᠠ ᠪᠠᠷ ᠦᠭᠡᠷᠡᠴᠢᠯᠠᠨ ᠪᠠᠶᠢᠭᠤᠯᠪᠠ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡ ᠶᠢᠨ ᠮᠠᠷᠭᠡᠵᠢᠯ ᠤᠨ ᠡᠮᠨᠠᠯᠭᠡ ᠳᠤ ᠰᠠᠭᠤᠬᠤ ᠶᠠᠷᠦᠩᠭᠡᠶᠢᠯᠡᠭᠰᠡᠨ ᠠᠰᠠᠷ ᠪᠠ ᠲᠦᠷᠭᠡᠨ ᠠᠪᠤᠷᠠᠯᠳᠠ ᠶᠢᠨ ᠲᠦᠪ ᠪᠠᠶᠢᠭᠤᠯᠵᠤ ᠲᠠᠭᠤᠰᠬᠠᠭᠠᠳ ᠠᠰᠢᠬᠯᠠᠯᠳᠠ ᠳᠤ ᠤᠷᠤᠪᠠ᠃ 9 ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 228 ᠰᠠᠭᠤᠷᠢ ᠨᠢᠭᠡ ᠴᠤᠬᠵᠢᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ ᠪᠠᠷᠢᠮᠵᠢᠶᠠᠵᠢᠭᠤᠯᠤᠨ ᠪᠦᠳᠦᠭᠡᠨ ᠪᠠᠶᠢᠭᠤᠯᠪᠠ᠃ ᠪᠦᠬᠦ ᠬᠤᠰᠢᠭᠤᠨ ᠤ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ ᠶᠢᠨ ᠬᠠᠷᠢᠴᠠᠯ ᠬᠠᠷᠢᠴᠠᠩᠭᠤᠢ ᠪᠠᠷ ᠦᠨᠳᠤᠷ ᠪᠠᠶᠢᠬᠤ ᠠᠰᠠᠭᠤᠳᠠᠯ ᠦᠷ᠎ᠡ ᠪᠦᠳᠦᠮᠵᠢᠳᠠᠢ ᠪᠠᠷ ᠬᠢᠵᠠᠭᠠᠷᠯᠠᠬᠳᠠᠪᠠ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠵᠢᠴᠢ ᠪᠤᠰᠤᠳ ᠠᠵᠢᠯ ᠤᠶᠢᠯᠠᠰ ᠤᠨ ᠨᠢᠭᠡᠴᠡ ᠳᠤ ᠡᠯ᠎ᠡ ᠲᠦᠷᠦᠯ ᠤᠨ ᠲᠤᠰᠬᠠᠢ ᠠᠵᠢᠯ ᠤᠨ ᠴᠢᠳᠠᠪᠤᠷᠢᠳᠠᠨ ᠨᠠᠶᠢᠳᠠ 730 ᠬᠦᠮᠦᠨ ᠢ ᠲᠠᠳᠠᠨ ᠤᠷᠤᠭᠤᠯᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ᠂ ᠬᠦᠮᠦᠨ ᠠᠮᠠ ᠨᠠᠶᠢᠳᠠᠮ ᠪᠠᠶᠢᠴᠠᠭᠠᠯᠳᠠ ᠪᠠ ︽ᠵᠢᠷᠭᠤᠭ᠎ᠠ ᠲᠠᠪᠤ︾ ᠶᠢᠨ ᠬᠠᠤᠯᠢ ᠲᠦᠭᠡᠮᠠᠯᠵᠢᠬᠦᠯᠬᠦ ᠡᠬᠦᠷᠭᠡ ᠶᠢ ᠠᠮᠵᠢᠯᠳᠠ ᠲᠠᠢ ᠪᠠᠶᠠᠯᠠᠬᠦᠯᠪᠠ᠃     —— ︽ 12.5︾ ᠪᠤᠯ ᠠᠷᠠᠳ ᠤᠯᠠᠨ ᠤ ᠠᠰᠢᠭ ᠬᠠᠷᠠᠭᠠᠯᠵᠠᠯ ᠠᠷᠪᠢᠨ ᠬᠦᠷᠳᠡᠭᠰᠡᠠ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ ᠲᠠᠭᠡᠳᠤ ᠬᠡᠮᠵᠢᠶ᠎ᠠ ᠪᠠᠷ ᠬᠦᠨᠳᠤᠳᠭᠡᠨ ᠦᠵᠠᠵᠤ᠂ ᠡᠯ᠎ᠡ ᠲᠦᠷᠦᠯ ᠤᠨ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠭᠡᠢ ᠲᠠᠭᠡᠭᠰᠢᠯᠡᠭᠰᠡᠨ ᠪᠠᠶᠢᠨ᠎ᠠ᠃ ᠠᠷᠠᠳ ᠤᠨ ᠠᠮᠢᠳᠤᠷᠠᠯ ᠳᠤ ᠨᠠᠶᠢᠳᠠ 107.5 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ᠂ ︽11.5︾ ᠶᠢᠨ 2.5 ᠲᠠᠬᠢᠨ ᠪᠤᠯᠤᠨ᠎ᠠ᠃ ︽ᠭᠤᠷᠪᠠ ᠲᠤᠰᠬᠤᠨ ᠳᠤ ᠬᠦᠷᠬᠦ᠂ ᠭᠤᠷᠪᠠ ᠡᠷᠦᠭᠡ ᠳᠤ ᠬᠦᠷᠬᠦ︾᠂ ᠮᠦᠩᠬᠦᠨ ᠬᠦᠢᠯᠭᠡᠭᠡ ᠪᠠᠷ ᠶᠠᠳᠠᠭᠤ ᠶᠢ ᠲᠠᠳᠬᠦᠵᠤ ᠠᠷᠠᠳ ᠢ ᠴᠢᠨᠠᠬᠡᠯᠢᠭᠵᠢᠬᠦᠯᠬᠦ᠂ ᠭᠠᠵᠠᠷ ᠰᠤᠯᠢᠵᠤ ᠨᠠᠬᠦᠯᠭᠡᠨ ᠰᠢᠯᠵᠢᠬᠦᠯᠬᠦ᠂ ᠶᠠᠳᠠᠭᠤ ᠶᠢ ᠲᠠᠳᠬᠦᠬᠦ ᠬᠦᠳᠠᠯᠮᠤᠷᠢ ᠪᠠᠷ ᠲᠠᠳᠬᠦᠮᠵᠢ ᠶᠢ ᠤᠷᠤᠯᠠᠭᠤᠯᠬᠤ ᠢᠨᠵᠧᠨᠧᠷᠢᠭ ᠢ ᠬᠡᠷᠡᠭᠵᠢᠬᠦᠯᠵᠤ᠂ 6 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ  ᠠᠴᠠ ᠠᠩᠬᠢᠵᠢᠷᠠᠭᠤᠯᠪᠠ᠃ ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠭ ᠢ 640 ᠰᠠᠭᠤᠷᠢ ᠪᠠᠶᠢᠭᠤᠯᠵᠤ ᠂ 30.8 ᠲᠦᠮᠠᠨ ᠬᠦᠮᠦᠨ ᠤ ᠲᠦᠭᠡᠭᠡᠯ ᠤᠰᠤ ᠢᠳᠠᠬᠦ ᠠᠰᠠᠭᠤᠳᠠᠯ ᠢ ᠰᠢᠢᠳᠪᠤᠷᠢᠯᠠᠪᠠ᠃ ᠪᠦᠬᠦ ᠬᠤᠰᠢᠭᠤᠨ ᠤ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠭᠤᠬᠰᠠᠨ ᠬᠦᠮᠦᠨ 9930 ᠬᠦᠮᠦᠨ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠳᠠᠯᠮᠤᠷᠢ ᠬᠦᠴᠦ ᠶᠢ ᠰᠢᠯᠵᠢᠬᠦᠯᠦᠨ ᠠᠵᠢᠯ ᠤᠯᠭᠤᠬᠰᠠᠨ 39.3 ᠲᠦᠮᠠᠨ ᠬᠦᠮᠦᠨ ᠬᠦᠷᠪᠠ᠃ ᠲᠠᠪᠤᠨ ᠵᠢᠯ ᠳᠤ ᠨᠠᠶᠢᠳᠠ ᠲᠤᠤᠷ᠎ᠠ ᠪᠠᠳᠤᠯᠠᠭ᠎ᠠ ᠶᠢᠨ ᠮᠦᠩᠬᠦ 2.4 ᠳ᠋ᠦᠩᠰᠢᠭᠤᠷ ᠲᠦᠬᠦᠷᠢᠭ ᠲᠠᠷᠬᠠᠭᠠᠵᠤ᠂ ᠪᠠᠳᠤᠯᠠᠭ᠎ᠠ ᠳᠤ ᠤᠷᠤᠬᠰᠠᠨ ᠬᠦᠮᠦᠨ ᠤ ᠲᠤᠭ᠎ᠠ 2010 ᠤᠨ ᠤ 2.5 ᠲᠦᠮᠠᠨ ᠬᠦᠮᠦᠨ ᠠᠴᠠ 3.3 ᠲᠦᠮᠠᠨ ᠬᠦᠮᠦᠨ ᠪᠤᠯᠵᠤ ᠨᠠᠮᠡᠭᠳᠡᠪᠠ᠃ ᠲᠠᠳᠬᠦᠮᠵᠢ ᠶᠢᠨ ᠮᠦᠩᠬᠦ ᠨᠠᠶᠢᠳᠠ 3433 ᠲᠦᠮᠠᠨ ᠲᠦᠬᠦᠷᠢᠭ ᠲᠠᠷᠬᠠᠭᠠᠵᠤ᠂ ᠭᠠᠮᠰᠢᠬᠳᠠᠬᠰᠠᠨ ᠤᠯᠠᠨ ᠲᠦᠮᠠᠨ ᠢ 11.4 ᠲᠦᠮᠠᠨ ᠬᠦᠮᠦᠨ ᠤᠳᠠᠭ᠎ᠠ ᠲᠤᠰᠠᠯᠠᠪᠠ᠃ ᠲᠠᠷᠢᠶᠠᠯᠠᠩ  ᠤᠨ ᠮᠠᠰᠢᠨ ᠢ ᠬᠤᠳᠠᠯᠳᠤᠨ ᠠᠪᠬᠤ ᠨᠦᠬᠦᠪᠤᠷᠢ 1.1 ᠳ᠋ᠦᠩᠰᠢᠭᠤᠷ ᠲᠦᠬᠦᠷᠢᠭ ᠲᠠᠷᠬᠠᠭᠠᠪᠠ᠂ ᠲᠤᠤᠷ᠎ᠠ ᠤᠷᠤᠯᠭ᠎ᠠ  ᠲᠠᠢ ᠮᠠᠯᠴᠢᠨ ᠲᠠᠷᠢᠶᠠᠴᠢᠨ ᠡᠷᠦᠭᠡ ᠳᠤ ᠲᠤᠯᠠᠭᠠᠯᠠᠬᠤ ᠨᠦᠬᠦᠪᠤᠷᠢ 5992.8 ᠲᠦᠮᠠᠨ ᠲᠦᠬᠦᠷᠢᠭ ᠲᠠᠷᠬᠠᠭᠠᠵᠠᠢ᠃ 264 ᠨᠠᠷ᠎ᠠ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠬᠡᠷ ᠪᠦᠯᠢ ᠶᠢᠨ ᠬᠡᠦᠭᠡᠳ ᠲᠤ ᠡᠩ ᠤᠨ ᠲᠠᠭᠡᠳᠤ ᠰᠤᠷᠭᠠᠭᠤᠯᠢ ᠶᠢᠨ ᠰᠢᠨ᠎ᠠ ᠰᠤᠷᠤᠬᠴᠢ ᠶᠢᠨ ᠰᠤᠷᠭᠠᠭᠤᠯᠢ ᠳᠤ ᠤᠷᠤᠬᠤ ᠲᠠᠳᠬᠦᠮᠵᠢ ᠶᠢᠨ ᠮᠦᠩᠬᠦ 925 ᠲᠦᠮᠠᠨ ᠲᠦᠬᠦᠷᠢᠭ ᠲᠠᠷᠬᠠᠭᠠᠵᠠᠢ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 15.5 ᠲᠦᠮᠠᠨ ᠬᠦᠮᠦᠨ ᠬᠦᠷᠴᠠᠢ᠃ ᠰᠢᠨ᠎ᠠ ᠬᠡᠯᠪᠠᠷᠢ ᠶᠢᠨ ᠬᠤᠷᠰᠢᠬᠰᠠᠨ ᠡᠮᠨᠠᠯᠭᠡ ᠶᠢᠨ ᠲᠠᠭᠡᠷᠠᠬᠢ ᠶᠢ ᠨᠢ ᠬᠢᠵᠠᠭᠠᠷᠯᠠᠬᠤ ᠪᠠᠷᠢᠮᠵᠢᠶ᠎ᠠ ᠲᠠᠭᠡᠭᠰᠢᠯᠠᠭᠡᠳ 30 ᠲᠦᠮᠠᠨ ᠲᠦᠬᠦᠷᠢᠭ ᠪᠤᠯᠵᠤ᠂ ᠨᠠᠶᠢᠳᠠ 78.9 ᠲᠦᠮᠠᠨ ᠬᠦᠮᠦᠨ ᠤᠳᠠᠭ᠎ᠠ ᠬᠤᠷᠰᠢᠬᠰᠠᠨ ᠡᠮᠨᠠᠯᠭᠡ ᠳᠤ ᠤᠷᠤᠯᠴᠠᠬᠰᠠᠨ ᠡᠪᠡᠳᠴᠢᠳᠠᠨ  ᠳᠤ ᠬᠠᠷᠭᠤᠭᠤᠯᠤᠨ ᠪᠤᠳᠤᠵᠤ ᠦᠭᠬᠦᠭᠰᠡᠨ ᠰᠦᠢᠳᠭᠡᠯ 5.6 ᠳ᠋ᠦᠩᠰᠢᠭᠤᠷ ᠲᠦᠬᠦᠷᠢᠭ ᠬᠦᠷᠴᠠᠢ᠃ 1000 ᠲᠦᠮᠠ ᠢᠯᠠᠬᠦᠦ ᠲᠦᠬᠦᠷᠢᠭ ᠤᠨ ᠪᠠᠯᠠ ᠤᠷᠤᠭᠤᠯᠵᠤ᠂ ᠬᠤᠳᠠ ᠲᠤᠭᠤᠷᠢᠭ ᠤᠨ ᠰᠦᠯᠵᠢᠶ᠎ᠠ ᠶᠢᠨ ᠤᠳᠠᠰᠤᠳᠤ ᠲᠧᠯᠸᠢᠰ ᠠᠴᠠ ᠲᠤᠭᠠᠴᠢᠯᠳᠠ ᠳᠤ ᠰᠢᠯᠵᠢᠬᠦᠯᠬᠦ ᠶᠢ ᠪᠠᠶᠠᠯᠠᠬᠦᠯᠪᠠ᠃ ᠤᠯᠠᠨ ᠨᠠᠶᠢᠳᠠ ᠶᠢᠨ ᠲᠦᠷᠢᠶᠠᠰᠤᠯᠠᠬᠦ ᠬᠡᠷ 984 ᠢᠵᠢ ᠶᠢ ᠪᠠᠶᠢᠭᠤᠯᠵᠤ᠂ ᠪᠠᠶᠢᠰᠢᠩ ᠬᠡᠷ ᠢ ᠦᠭᠡᠷᠠᠴᠢᠯᠠᠬᠦ 1330 ᠡᠷᠦᠭᠡ᠂ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠪᠠᠷᠢᠯᠭ᠎ᠠ ᠶᠢ 17546 ᠡᠷᠦᠭᠡ᠂ ᠤᠯᠤᠰ ᠤᠨ ᠦᠮᠴᠢᠯᠠᠯᠳᠤ ᠬᠠᠭᠠᠯᠪᠤᠷᠢᠯᠠᠬᠤ ᠤᠷᠤᠨ  ᠤ ᠨᠤᠷᠠᠬᠤ ᠠᠶᠤᠯᠳᠠᠢ ᠬᠡᠷ 4157 ᠡᠷᠦᠭᠡ᠂ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠶᠢᠨ ᠠᠶᠤᠯᠳᠠᠢ ᠬᠠᠭᠤᠴᠢᠨ ᠬᠡᠷ 762 ᠡᠷᠦᠭᠡ ᠶᠢ ᠦᠭᠡᠷᠠᠴᠢᠯᠠᠨ ᠪᠠᠷᠢᠵᠠᠢ᠃ 3.4 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ᠂ ︽ᠠᠰ ᠠᠰ ᠢᠶᠠᠷ ᠨᠢ ᠵᠦᠪᠯᠠᠬᠦ︾ ᠱᠠᠩᠨᠠᠯ ᠢᠶᠠᠷ ᠨᠦᠬᠦᠪᠤᠷᠢᠯᠠᠬᠦ ᠲᠦᠷᠦᠯ ᠵᠦᠢᠯ 780 ᠶᠢ ᠬᠡᠷᠡᠭᠵᠢᠬᠦᠯᠵᠤ᠂ ᠠᠰᠢᠭ ᠬᠦᠷᠳᠡᠭᠰᠡᠨ ᠬᠦᠮᠦᠨ ᠤ ᠲᠤᠭ᠎ᠠ 160 ᠲᠦᠮᠠᠨ ᠬᠦᠮᠦᠨ ᠤᠳᠠᠭ᠎ᠠ ᠬᠦᠷᠴᠠᠢ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ 1181 ᠵᠦᠢᠯ ᠢ ᠨᠠᠮᠳᠠᠭᠠᠵᠤ᠂ ᠤᠯᠠᠨ ᠲᠦᠮᠠᠨ ᠤ ᠠᠰᠢᠭ ᠲᠤᠰᠠ ᠳᠤ ᠬᠤᠯᠪᠤᠬᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ 1497 ᠰᠢᠢᠳᠪᠤᠷᠢᠯᠠᠵᠠᠢ᠃ ᠪᠡᠬᠡᠵᠢᠩ᠂ ᠦᠪᠤᠷ ᠮᠤᠩᠭᠤᠯ ᠤᠨ ᠠᠵᠢᠯ ᠲᠦᠷᠦᠯ ᠨᠢᠭᠡᠳᠡᠢ ᠪᠠᠷ ᠬᠠᠮᠳᠤᠷᠠᠨ ᠠᠵᠢᠯᠯᠠᠬᠤ ᠶᠢ ᠠᠰᠢᠬᠯᠠᠵᠤ᠂ ᠬᠠᠪᠰᠤᠷᠤᠨ ᠲᠠᠮᠵᠢᠵᠤ ᠬᠤᠷᠰᠢᠨ ᠠᠵᠢᠯᠯᠠᠬᠤ ᠪᠠᠯᠠ ᠮᠦᠩᠬᠦ 3800 ᠲᠦᠮᠠᠨ ᠲᠦᠬᠦᠷᠢᠭ ᠲᠠᠮᠠᠴᠠᠨ ᠤᠯᠵᠠᠢ᠃     —— ︽12.5︾ ᠪᠤᠯ ᠦᠭᠡᠷᠡᠴᠢᠯᠠᠯᠳᠠ ᠬᠢᠵᠤ ᠴᠢᠯᠦᠭᠡᠳᠠᠢ ᠶᠠᠪᠤᠯᠴᠠᠬᠤ ᠶᠢ ᠬᠦᠨᠵᠠᠬᠡᠢ ᠲᠦᠯᠬᠢᠨ ᠠᠬᠢᠭᠤᠯᠤᠬᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠠᠰᠠᠭᠤᠳᠠᠯ ᠢᠶᠠᠷ ᠵᠠᠮᠴᠢᠯᠠᠭᠤᠷ ᠪᠤᠯᠭᠠᠵᠤ ᠵᠤᠷᠢᠬᠳᠠᠢ ᠤᠷᠤᠬᠰᠢᠯᠠᠨ᠂ ᠪᠦᠬᠦ ᠲᠠᠯ᠎ᠠ ᠪᠠᠷ ᠦᠭᠡᠷᠡᠴᠢᠯᠠᠯᠳᠠ ᠶᠢ ᠬᠦᠨᠵᠡᠬᠡᠶᠢᠷᠠᠬᠦᠯᠬᠦ ᠪᠠᠳᠤ ᠪᠠᠬᠢ ᠠᠯᠬᠤᠴᠠ ᠶᠢ ᠠᠯᠬᠤᠬᠰᠠᠨ ᠪᠠᠶᠢᠨ᠎ᠠ᠃ ᠪᠦᠬᠦ ᠤᠷᠤᠨ ᠳᠤ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ ᠦᠭᠡᠷᠠᠴᠢᠯᠠᠯᠳᠠ ᠶᠢ ᠬᠠᠮᠤᠭ ᠲᠠᠷᠢᠬᠦᠨ ᠳᠤ ᠶᠠᠪᠤᠭᠤᠯᠵᠤ᠂ ᠪᠦᠬᠦ ᠬᠤᠰᠢᠭᠤᠨ ᠳᠤ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠵᠦᠢᠯ ᠢ 307 ᠵᠦᠢᠯ ᠪᠠᠶᠢᠬᠰᠠᠨ ᠠᠴᠠ 85 ᠵᠦᠢᠯ ᠪᠤᠯᠤᠨ ᠪᠠᠭᠠᠰᠬᠠᠵᠠᠢ᠃ ᠡᠮᠦᠨᠠᠬᠢ ᠬᠤᠭᠤᠴᠠᠭᠠᠨ ᠤ ᠬᠢᠨᠠᠨ ᠵᠦᠪᠰᠢᠶᠠᠷᠠᠬᠦ ᠵᠦᠢᠯ ᠢ 35 ᠵᠦᠢᠯ ᠪᠠᠶᠢᠬᠰᠠᠨ ᠠᠴᠠ 2 ᠵᠦᠢᠯ ᠪᠤᠯᠭᠠᠨ ᠪᠠᠭᠠᠰᠬᠠᠵᠤ᠂ ᠬᠢᠨᠠᠨ ᠵᠦᠪᠰᠢᠶᠠᠷᠠᠬᠦ ᠴᠠᠭ ᠬᠢᠵᠠᠭᠠᠷ ᠢ ᠲᠡᠭᠰᠢᠳᠭᠡᠭᠡᠳ 60% ᠢᠶᠠᠷ ᠪᠠᠭᠠᠰᠬᠠᠵᠠᠢ᠃ ᠤᠷᠤᠭ ᠤᠨ ᠪᠠᠳᠤᠯᠠᠪᠤᠷᠢ᠂ ᠡᠷᠦᠭᠡ ᠠᠮᠠ ᠶᠢᠨ ᠲᠠᠪᠳᠠᠷ᠂ ᠡᠷᠦᠭᠡ ᠠᠮᠠ ᠶᠢᠨ ᠬᠡᠷᠡᠴᠢ ᠵᠠᠷᠭᠡ 9 ᠵᠦᠢᠯ ᠤᠨ ᠰᠦᠢᠳᠭᠡᠯ ᠬᠤᠷᠢᠶᠠᠬᠤ ᠵᠦᠢᠯ ᠢ ᠬᠠᠰᠤᠪᠠ᠃ 13 ᠰᠢᠶᠠᠩ ᠤᠨ ᠲᠠᠰ ᠤᠨ ᠠᠷᠠᠳ ᠲᠤ ᠲᠦᠬᠦᠮ ᠦᠵᠠᠬᠦᠯᠬᠦ ᠤᠶᠢᠯᠠᠴᠢᠯᠠᠭᠡᠨ ᠤ ᠲᠦᠪ᠂ 229 ᠲᠤᠰᠬᠤᠨ ᠤ ᠲᠠᠰ ᠤᠨ ᠠᠷᠠᠳ ᠲᠤ ᠲᠦᠬᠦᠮ ᠦᠵᠠᠬᠦᠯᠬᠦ‍ ᠴᠢᠭ ᠢ ᠪᠠᠶᠢᠭᠤᠯᠵᠤ᠂ 610 ᠪᠤᠶᠢᠳᠠ ᠪᠦᠭᠯᠠᠬᠦᠦ ᠲᠤᠰᠬᠤᠨ ᠤ ᠪᠠᠭ᠎ᠠ ᠲᠤᠭᠤᠶᠢᠯᠠᠩ ᠳᠤ ᠤᠷᠤᠯᠠᠨ ᠬᠦᠢᠴᠡᠳᠭᠡᠭᠴᠢ ᠶᠢ ᠪᠠᠶᠢᠭᠤᠯᠵᠤ᠂ ᠬᠤᠰᠢᠭᠤ᠂ ᠰᠢᠶᠠᠩ᠂ ᠲᠤᠰᠬᠤᠨ᠂ ᠲᠤᠭᠤᠶᠢᠯᠠᠩ ᠤᠨ ᠠᠷᠠᠳ ᠲᠤ ᠲᠦᠬᠦᠮ ᠦᠵᠠᠬᠦᠯᠬᠦ ᠤᠶᠢᠯᠠᠴᠢᠯᠠᠭᠡᠨ ᠤ ᠲᠤᠤᠷ ᠢ ᠪᠦᠷᠬᠦᠬᠦᠯᠪᠠ᠃ ︽ᠤᠷᠢᠳᠠᠪᠠᠷ ᠦᠨᠠᠮᠯᠠᠯ ᠢᠶᠠᠨ ᠠᠪᠴᠤ ᠲᠠᠷᠠᠭ᠎ᠠ ᠨᠢ ᠭᠠᠷᠳᠠᠮ ᠢᠶᠠᠨ ᠬᠦᠢᠴᠡᠳᠭᠡᠬᠦ︾ ᠤᠶᠢᠯᠠᠳᠪᠤᠷᠢ ᠬᠤᠳᠠᠯᠳᠤᠭᠠᠨ ᠤ ᠲᠠᠩᠰᠠᠯᠠᠬᠤ ᠲᠦᠷᠢᠮ ᠢ ᠬᠠᠮᠤᠭ ᠲᠦᠷᠦᠬᠦᠨ ᠳᠤ ᠬᠡᠷᠡᠭᠵᠢᠬᠦᠯᠵᠤ᠂ ᠤᠶᠢᠯᠠᠳᠪᠤᠷᠢ ᠬᠤᠳᠠᠯᠳᠤᠭᠠᠨ ᠤ ᠲᠠᠩᠰᠠᠯᠠᠵᠤ ᠲᠠᠮᠳᠡᠭᠯᠠᠬᠦ ᠠᠵᠢᠯ ᠢ ︽ᠬᠤᠰᠢᠭᠤᠨ ᠤ ᠬᠡᠪᠴᠢᠶᠠᠨ ᠳᠤ ᠪᠦᠬᠦᠨ ᠢ ᠡᠷᠬᠢᠯᠠᠬᠦ︾ ᠶᠢ ᠪᠠᠶᠠᠯᠠᠬᠦᠯᠪᠠ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠦᠭᠡᠷᠠᠴᠢᠯᠠᠯᠳᠠ ᠶᠢ ᠲᠤᠬᠳᠠᠭᠤᠨ ᠢᠶᠠᠷ ᠲᠦᠯᠬᠢᠨ ᠠᠬᠢᠭᠤᠯᠵᠤ᠂ ᠰᠢᠶᠠᠩ ᠤᠨ ᠲᠠᠰ ᠠᠴᠠ ᠲᠠᠭᠡᠭᠰᠢ ︽ᠠᠯᠪᠠᠨ ᠤ ᠭᠤᠷᠪᠠᠨ︾ ᠵᠠᠷᠤᠳᠠᠯ ᠤᠨ ᠲᠦᠰᠦᠪ ᠤᠨ ᠬᠦᠢᠴᠡᠳᠭᠡᠯ ᠢ ᠪᠦᠬᠦᠨ  ᠢ ᠢᠯᠠ ᠪᠤᠯᠭᠠᠪᠠ᠃ ᠠᠮᠢ ᠠᠬᠤᠢ ᠶᠢᠨ ᠤᠷᠴᠢᠨ ᠢ ᠰᠢᠯᠭᠠᠨ ᠦᠨᠠᠯᠠᠬᠦ ᠰᠢᠰᠲ᠋ᠧᠮ ᠤᠨ ᠪᠦᠳᠦᠭᠡᠨ ᠪᠠᠶᠢᠭᠤᠯᠤᠯᠳᠠ  ᠶᠢ ᠡᠬᠢᠯᠠᠨ ᠬᠢᠪᠠ᠃ ᠵᠠᠰᠠᠭ ᠵᠠᠬᠢᠷᠭᠠᠨ ᠤ ᠲᠤᠭᠤᠷᠢᠭ ᠢ ᠬᠤᠪᠢᠶᠠᠷᠢᠯᠠᠨ ᠲᠤᠬᠢᠷᠠᠭᠤᠯᠬᠤ ᠶᠢ ᠯᠠᠪᠳᠠᠭᠤᠨ ᠢᠶᠠᠷ ᠶᠠᠪᠤᠭᠤᠯᠵᠤ᠂ ᠮᠠᠤ ᠱᠠᠨ ᠳ᠋ᠦᠩ ᠰᠢᠶᠠᠩ᠂ ᠬᠡᠷᠰᠡᠩ ᠰᠤᠮᠤ ᠶᠢ ᠰᠠᠷᠬᠦᠭᠡᠵᠤ᠂ ᠽᠢ ᠴᠧᠩ᠂ ᠴᠢᠤᠸᠠᠨ ᠨᠢᠩ ᠬᠤᠶᠠᠷ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠢ ᠪᠠᠶᠢᠭᠤᠯᠪᠠ᠃     —— ︽12.5︾ ᠪᠤᠯ ᠤᠩᠨᠢᠭᠤᠳ ᠬᠤᠰᠢᠭᠤᠨ ᠤ ᠨᠦᠯᠦᠭᠡᠯᠠᠬᠦ ᠬᠦᠴᠦᠨ ᠪᠠ ᠠᠯᠳᠠᠷᠰᠢᠯ ᠡᠳᠦᠷ ᠢᠷᠠᠬᠦᠶ᠎ᠠ ᠨᠠᠮᠡᠭᠳᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ ᠪᠢᠳᠠ ᠤᠷᠢᠳ ᠬᠤᠵᠢᠳ ᠪᠦᠬᠦ ᠤᠯᠤᠰ  ᠤᠨ ᠭᠠᠩ ᠬᠠᠭᠤᠷᠠᠢ ᠤᠷᠤᠨ ᠤ ᠨᠤᠭᠤᠭᠠᠷᠠᠭᠤᠯᠤᠯᠳᠠ ᠶᠢᠨ ᠠᠵᠢᠯ ᠤᠨ ᠬᠤᠷᠠᠯ ᠤᠨ ᠲᠤᠬᠠᠢ ᠶᠢᠨ ᠲᠠᠯᠠᠪᠤᠷ ᠤᠨ ᠦᠵᠠᠬᠦᠯᠦᠯᠭᠡ᠂ ᠦᠪᠠᠷᠳᠡᠭᠡᠨ ᠵᠠᠰᠠᠬᠤ ᠤᠷᠤᠨ ᠤ ᠵᠠᠬᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠢ ᠶᠢᠨ ᠠᠵᠢᠯ ᠤᠨ ᠰᠠᠭᠤᠳᠠᠯ ᠤᠨ ᠬᠤᠷᠠᠯ ᠤᠨ ᠲᠤᠭᠤᠷᠢᠨ ᠪᠠᠶᠢᠴᠠᠭᠠᠬᠤ ᠦᠵᠠᠬᠦᠯᠦᠯᠭᠡ᠂ ᠦᠪᠠᠷᠳᠡᠭᠡᠨ ᠵᠠᠰᠠᠬᠤ ᠤᠷᠤᠨ ᠤ ᠰᠢᠨᠵᠢᠯᠠᠬᠦ ᠤᠬᠠᠭᠠᠨ ᠤ ᠬᠦᠭᠵᠢᠯᠳᠠ ᠶᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠦᠵᠠᠬᠦᠯᠦᠯᠭᠡ᠂ ᠪᠦᠬᠦ ᠤᠷᠤᠨ ᠤ ᠮᠠᠯ ᠲᠠᠷᠢᠶᠠᠯᠠᠩ ᠤᠨ ᠠᠵᠤ ᠤᠶᠢᠯᠠᠰᠵᠢᠯᠳᠠ ᠶᠢᠨ ᠲᠤᠬᠠᠢ ᠶᠢᠨ ᠲᠠᠯᠠᠪᠤᠷ ᠤᠨ ᠦᠵᠠᠬᠦᠯᠦᠯᠭᠡ ᠪᠠ ᠪᠦᠬᠦ ᠤᠷᠤᠨ ᠤ ᠡᠯᠡᠰᠤ ᠶᠢ ᠰᠠᠷᠭᠡᠶᠢᠯᠠᠵᠤ᠂ ᠡᠯᠡᠰᠤ ᠵᠠᠰᠠᠬᠤ ᠲᠤᠬᠠᠢ ᠶᠢᠨ ᠭᠠᠵᠠᠷ ᠤᠨ ᠲᠤᠷᠰᠢᠯᠭ᠎ᠠ ᠰᠤᠯᠢᠯᠴᠠᠬᠤ ᠬᠤᠷᠠᠯ ᠂ ᠪᠦᠬᠦ ᠬᠤᠳᠠ ᠶᠢᠨ ᠶᠢᠰᠤᠳᠤᠭᠡᠷ ᠤᠳᠠᠭᠠᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠤᠬᠳᠤᠵᠤ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ︽ᠢᠷᠠᠭᠡᠳᠦᠢ ᠶᠢᠨ ᠤᠳᠤᠳ︾ ᠨᠠᠷᠠᠨ ᠬᠡᠷᠡᠯᠳᠤ ᠪᠠᠶ᠎ᠠ ᠲᠠᠮᠢᠷ ᠤᠨ ᠨᠠᠶᠢᠷ ᠤᠨ ᠲᠠᠬᠦᠰᠬᠦ ᠶᠤᠰᠤᠯᠠᠯ ᠂ ᠲᠦᠷᠪᠠᠳᠤᠭᠡᠷ ᠬᠤᠭᠤᠴᠠᠭᠠᠨ ᠤ ︽ᠲᠤᠮᠳᠠᠳᠤ ᠤᠯᠤᠰ ᠤᠨ ᠤᠶᠤᠨᠳᠤ ᠲᠠᠷᠭᠡ ᠶᠢᠨ ᠢᠷᠠᠭᠡᠳᠦᠢ ᠶᠢᠨ ᠦᠷᠢᠰᠤᠯᠳᠤᠬᠦ ᠤᠷᠤᠯᠳᠤᠭᠠᠨ︾᠂ ᠲᠤᠮᠳᠠᠳᠤ ᠤᠯᠤᠰ ᠤᠨ ᠬᠠᠰ ᠯᠤᠤ ᠮᠠᠩᠬᠠᠨ ᠨᠠᠭᠤᠷ ᠤᠨ ᠡᠯᠡᠰᠤ ᠮᠠᠩᠬ᠎ᠠ ᠬᠦᠳᠡᠭᠡ ᠬᠡᠬᠡᠷ᠎ᠡ ᠪᠠᠷ ᠲᠠᠪᠬᠢᠬᠤ ᠦᠷᠢᠰᠤᠯᠳᠦᠬᠦ ᠤᠷᠤᠯᠳᠤᠭᠠᠨ᠂ ᠦᠪᠠᠷᠳᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠴᠤᠬᠯᠠᠭᠠᠨ︾ ᠤ ᠠᠷᠢᠭᠤᠨ ᠭᠠᠯ ᠤᠨ ᠴᠤᠭ ᠢ ᠴᠤᠬᠯᠠᠭᠤᠯᠬᠤ ᠶᠤᠰᠤᠯᠠᠯ ᠵᠠᠷᠭᠡ ᠶᠡᠭᠡ ᠬᠡᠯᠪᠠᠷᠢ ᠶᠢᠨ ᠤᠷᠤᠯᠳᠤᠭᠠᠨ ᠤ ᠠᠵᠢᠯᠯᠠᠭᠠᠨ ᠢ ᠠᠮᠵᠢᠯᠳᠠ ᠲᠠᠢ ᠡᠷᠬᠢᠯᠠᠨ ᠶᠠᠪᠤᠬᠳᠠᠭᠤᠯᠵᠠᠢ᠂ ᠪᠦᠬᠦ ᠤᠯᠤᠰ ᠤᠨ ᠰᠢᠶᠠᠨ ᠬᠤᠳᠠ ᠶᠢᠨ ᠰᠢᠨᠵᠢᠯᠡᠭᠡ ᠮᠠᠷᠭᠡᠵᠢᠯ ᠤᠨ ᠲᠠᠪᠰᠢᠯᠳᠠ ᠶᠢᠨ ᠰᠢᠯᠭᠠᠨ ᠬᠢᠨᠠᠬᠤ ᠲᠠᠷᠢᠬᠦᠨ ᠤ ᠬᠤᠰᠢᠭᠤ᠂ ᠪᠦᠬᠦ ᠤᠯᠤᠰ ᠤᠨ ᠰᠢᠨᠵᠢᠯᠡᠭᠡ ᠮᠠᠷᠭᠡᠵᠢᠯ ᠢ ᠲᠦᠬᠡᠮᠠᠯᠵᠢᠬᠦᠯᠬᠦ ᠵᠢᠱᠢᠶ᠎ᠠ ᠦᠵᠠᠬᠦᠯᠬᠦ ᠬᠤᠰᠢᠭᠤ᠂ ᠪᠦᠬᠦ ᠤᠯᠤᠰ ᠤᠨ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠭ  ᠤᠨ ᠵᠢᠱᠢᠶ᠎ᠠ ᠦᠵᠠᠬᠦᠯᠬᠦ ᠬᠤᠰᠢᠭᠤ᠂ ᠪᠦᠬᠦ ᠤᠷᠤᠨ ᠤ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶᠠᠴᠢ ᠬᠠᠮᠳᠤ ᠨᠠᠶᠢᠳᠠ᠂ ᠪᠦᠬᠦ ᠤᠷᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠠᠷᠢᠬᠦᠨ ᠤ ᠬᠠᠮᠳᠤ ᠨᠠᠶᠢᠳᠠ ᠵᠠᠷᠭᠡ ᠢᠷᠠᠭᠤ ᠠᠯᠳᠠᠷᠳᠤ ᠴᠤᠯᠠ ᠶᠢ ᠬᠦᠷᠳᠡᠭᠰᠡᠨ ᠪᠠᠶᠢᠨ᠎ᠠ᠃ ᠤᠨᠴᠠᠭᠠᠶᠢᠯᠠᠨ 2014 ᠤᠨ ᠳᠤ ᠤᠩᠨᠢᠭᠤᠳ ᠬᠤᠰᠢᠭᠤ ᠨᠢ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ ᠤ ᠨᠠᠮ ᠤᠨ ᠤᠯᠠᠨ ᠲᠦᠮᠠᠨᠴᠢ ᠱᠤᠭᠤᠮ ᠤᠨ ᠬᠦᠮᠦᠵᠢᠯ ᠤᠶᠢᠯᠠᠳᠤᠯᠭᠡ ᠶᠢᠨ ᠠᠵᠢᠯᠯᠠᠭᠠᠨ ᠤ ᠬᠠᠷᠢᠯᠴᠠᠬᠤ ᠴᠢᠭ᠋ ᠢᠶᠠᠷ ᠲᠤᠬᠳᠠᠭᠠᠬᠳᠠᠵᠤ᠂ ᠯᠢ ᠺᠧ ᠴᠢᠶᠠᠩ ᠶᠠᠷᠦᠩᠭᠡᠢ ᠰᠠᠶᠢᠳ ᠬᠤᠶᠠᠷ ᠤᠳᠠᠭ᠎ᠠ ᠤᠩᠨᠢᠭᠤᠳ ᠬᠤᠰᠢᠭᠤ ᠶᠢ ᠲᠤᠭᠤᠷᠢᠨ ᠪᠠᠶᠢᠴᠠᠭᠠᠵᠤ᠂ ᠮᠠᠨ ᠤ ᠠᠵᠢᠯ ᠳᠤ ᠪᠦᠷᠢᠨ ᠬᠦᠢᠴᠡᠳ ᠨᠤᠳᠠᠯᠠᠯᠳᠠ ᠦᠭᠬᠦᠭᠰᠡᠨ ᠪᠠᠶᠢᠨ᠎ᠠ᠃ ᠲᠦᠪ ᠲᠧᠯᠸᠢᠰ᠂ ᠠᠷᠠᠳ ᠤᠨ ᠡᠳᠦᠷ ᠤᠨ ᠰᠤᠨᠢᠨ ᠮᠠᠳᠡᠭᠡᠨ ᠤ ᠵᠠᠭᠤᠴᠢᠯᠠᠭᠤᠷ ᠤᠩᠨᠢᠭᠤᠳ ᠬᠤᠰᠢᠭᠤᠨ ᠤ ᠠᠵᠤ ᠠᠬᠤᠢ ᠨᠠᠶᠢᠭᠡᠮ  ᠤᠨ ᠬᠦᠭᠵᠢᠯᠳᠠ ᠶᠢ ᠪᠦᠬᠦ ᠲᠠᠯ᠎ᠠ ᠪᠠᠷ ᠬᠦᠨᠵᠡᠬᠡᠢ ᠤᠬᠠᠭᠤᠯᠤᠨ ᠮᠠᠳᠡᠭᠡᠯᠠᠵᠤ᠂ ᠤᠩᠨᠢᠭᠤᠳ ᠬᠤᠰᠢᠭᠤᠨ ᠤ ᠠᠯᠳᠠᠷᠰᠢᠯ ᠪᠠ ᠨᠦᠯᠦᠬᠡᠯᠡᠬᠦ ᠬᠦᠴᠦᠨ ᠢ ᠲᠤᠶᠢᠯ ᠤᠨ ᠶᠡᠭᠡ ᠪᠠᠷ ᠲᠠᠭᠡᠭᠰᠢᠯᠠᠬᠦᠯᠦᠭᠰᠡᠨ ᠪᠠᠶᠢᠨ᠎ᠠ᠃       ᠲᠦᠯᠦᠭᠡᠯᠡᠭᠴᠢᠳ ᠡ᠂ ᠰᠠᠶ᠋ᠢᠬᠠᠨ ᠦᠩᠭᠡᠷᠡᠭᠰᠡᠨ 2015 ᠤᠨ ᠪᠤᠯ ᠮᠠᠨ ᠤ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠢᠳᠡᠪᠬᠢᠳᠠᠢ ᠪᠠᠷ ᠵᠤᠬᠢᠴᠠᠯᠳᠤᠨ᠂ ᠦᠰᠦᠯᠳᠠ ᠶᠢ ᠲᠤᠬᠳᠠᠭᠤᠨ ᠪᠤᠯᠭᠠᠵᠤ᠂ ᠪᠦᠳᠦᠴᠠ ᠶᠢ ᠰᠢᠯᠢᠳᠡᠭᠵᠢᠬᠦᠯᠵᠤ᠂ ᠦᠭᠡᠷᠠᠴᠢᠯᠠᠯᠳᠠ ᠶᠢ ᠲᠦᠷᠭᠡᠳᠭᠡᠵᠤ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠬᠤᠰᠢᠭᠤᠨ ᠤ ᠠᠷᠪᠠᠨ ᠵᠢᠷᠭᠤᠳᠤᠭᠠᠷ ᠬᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠠᠳᠤᠭᠡᠷ ᠤᠳᠠᠭᠠᠠ ᠤ ᠬᠤᠷᠠᠯ ᠠᠴᠠ ᠲᠤᠬᠳᠠᠭᠠᠬᠰᠠᠨ 8 ᠲᠠᠯ᠎ᠠ ᠶᠢᠨ 27 ᠵᠦᠢᠯ ᠤᠨ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠨᠠᠯᠢᠶᠠᠳ ᠰᠠᠶᠢᠨ ᠪᠠᠶᠠᠯᠠᠬᠦᠯᠵᠤ᠂ ᠪᠦᠬᠦ ᠬᠤᠰᠢᠭᠤᠨ ᠤ ᠠᠵᠤ ᠠᠬᠤᠢ ᠨᠠᠶᠢᠭᠡᠮ ᠦᠷᠬᠦᠯᠵᠢᠯᠠᠨ ᠲᠤᠬᠳᠠᠭᠤᠨ ᠨᠠᠯᠢᠶᠠᠳ ᠲᠦᠷᠭᠡᠨ ᠬᠦᠭᠵᠢᠯᠳᠠ ᠶᠢᠨ ᠬᠠᠨᠳᠤᠰᠢ ᠶᠢ ᠬᠠᠳᠠᠭᠠᠯᠠᠬᠰᠠᠨ ᠪᠠᠶᠢᠨ᠎ᠠ       ᠦᠩᠭᠡᠷᠡᠭᠰᠡᠨ ᠨᠢᠭᠡ ᠵᠢᠯ ᠳᠤ ᠪᠢᠳᠠ ᠠᠵᠤ ᠠᠬᠤᠢ ᠪᠠᠭᠤᠷᠠᠬᠰᠠᠨ ᠲᠠᠷᠤᠯᠳᠠ ᠶᠢ ᠢᠳᠡᠪᠬᠢᠳᠠᠢ ᠠᠷᠭᠠᠴᠠᠭᠠᠨ ᠂ ᠪᠠᠯᠠ ᠤᠷᠤᠭᠤᠯᠤᠯᠳᠠ ᠶᠢ ᠲᠠᠳᠠᠨ᠂ ᠲᠦᠷᠦᠯ ᠵᠦᠢᠯ ᠤᠷᠤᠭᠤᠯᠵᠤ᠂ ᠠᠵᠤ ᠤᠶᠢᠯᠠᠳᠪᠤᠷᠢ ᠶᠢᠨ ᠠᠵᠤ ᠠᠬᠤᠢ ᠲᠤᠬᠳᠠᠭᠤᠨ ᠢᠶᠠᠷ ᠴᠢᠨᠠᠷ ᠴᠢᠨᠰᠠᠭ᠎ᠠ ᠨᠢ ᠲᠠᠭᠡᠭᠰᠢᠯᠡᠭᠰᠡᠨ ᠪᠠᠶᠢᠨ᠎ᠠ᠃ ᠪᠦᠬᠦ ᠬᠤᠰᠢᠭᠤᠨ ᠤ ᠬᠡᠪᠴᠢᠶᠠᠵᠢᠯ ᠠᠴᠠ ᠲᠠᠭᠡᠭᠰᠢ ᠠᠵᠤ ᠤᠶᠢᠯᠠᠳᠪᠤᠷᠢ ᠶᠢᠨ ᠠᠵᠤ ᠠᠬᠤᠶᠢᠯᠠᠯ ᠤᠨ ᠦᠢᠯᠠᠳᠭᠦᠨ ᠤ ᠦᠷᠳᠡᠭ 226 ᠳ᠋ᠦᠩᠰᠢᠭᠤᠷ ᠲᠦᠬᠦᠷᠢᠭ ᠢ ᠪᠠᠶᠠᠯᠠᠬᠦᠯᠵᠤ᠂ ᠠᠳᠠᠯᠢ ᠬᠤᠭᠤᠴᠠᠭᠠᠨ ᠠᠴᠠ 8.7% ᠪᠠᠷ ᠨᠡᠮᠡᠭᠳᠡᠵᠠᠢ᠃ 3000 ᠲᠦᠮᠠᠨ ᠲᠦᠬᠦᠷᠢᠭ ᠠᠴᠠ ᠲᠠᠭᠡᠭᠰᠢ ᠠᠵᠤ ᠤᠶᠢᠯᠠᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ 17 ᠵᠦᠢᠯ ᠢ ᠬᠡᠷᠡᠭᠵᠢᠬᠦᠯᠵᠤ᠂ 37.1 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠤᠯᠳᠠ ᠶᠢ ᠪᠠᠶᠠᠯᠠᠬᠦᠯᠵᠠᠢ᠃ ᠯᠢᠩ ᡁᠢ ᠺᠤᠮᠫᠠᠨᠢ ᠶᠢᠨ 9000 ᠲᠤᠨ ᠤ ᠪᠦᠷᠢᠨ ᠭᠤᠯᠢᠷ ᠪᠤᠯᠭᠠᠨ ᠪᠤᠯᠪᠠᠰᠤᠷᠠᠭᠤᠯᠬᠤ᠂ ᠬᠤᠸᠠ ᠶᠤᠸᠠᠨ ᠠᠷᠢᠬᠢᠨ ᠤᠶᠢᠯᠠᠰ  ᠤᠨ 1 ᠲᠦᠮᠠᠨ ᠲᠤᠨ ᠬᠠᠷ᠎ᠠ ᠠᠷᠢᠬᠢᠨ ᠤ ᠤᠶᠢᠯᠠᠳᠪᠤᠷᠢᠯᠠᠯ᠂ ᠴᠤᠸᠠᠩ ᠳ᠋ᠠ 60 ᠲᠦᠮᠠᠨ ᠮᠧᠲᠷ ᠤᠨ ᠲᠤᠮᠳᠠ ᠲᠤᠤᠷ᠎ᠠ ᠲᠤᠯᠠᠭᠠᠨ ᠡᠨᠧᠷᠬᠢ ᠠᠷᠪᠢᠯᠠᠬᠤ ᠲᠤᠯᠠᠭᠠᠨ ᠬᠤᠭᠤᠯᠠᠢ ᠶᠢᠨ ᠤᠶᠢᠯᠠᠳᠪᠤᠷᠢᠯᠠᠯ᠂ ᠰᠢᠨ ᠨᠦᠩ ᠢ 3000 ᠲᠤᠨ ᠤ ᠤᠷᠭᠠᠨᠢᠭ ᠡᠯᠳᠡᠪ ᠠᠮᠤ ᠪᠤᠷᠴᠠᠭ ᠤᠨ ᠤᠶᠢᠯᠠᠳᠪᠤᠷᠢᠯᠠᠯ ᠵᠠᠷᠭᠡ ᠲᠦᠷᠦᠯ ᠵᠦᠢᠯ ᠪᠠᠶᠢᠭᠤᠯᠵᠤ ᠲᠠᠭᠤᠰᠤᠭᠠᠳ ᠤᠶᠢᠯᠠᠳᠪᠤᠷᠢᠯᠠᠯ ᠳᠤ ᠤᠷᠤᠪᠠ᠃ ᠯᠢᠩ ᡁᠢ ᠹᠠ ᠮᠦ᠋ ᠹᠦ᠋ ᠷᠦᠢ 7 ᠲᠦᠮᠠᠨ ᠲᠤᠨ ᠤ ᠲᠦᠷᠭᠡᠨ ᠬᠦᠯᠳᠠᠬᠡᠬᠦ ᠲᠦᠮᠦᠰᠤᠨ ᠵᠦᠰᠦᠮ ᠢ ᠪᠤᠯᠪᠠᠰᠤᠷᠠᠭᠤᠯᠬᠤ᠂ ᠵᠦᠩ ᠯᠢᠶᠠᠩ ᠪᠦᠯᠦᠭᠯᠠᠯ ᠤᠨ 18 ᠲᠦᠮᠠᠨ ᠲᠤᠨ ᠤ ᠲᠠᠵᠢᠭᠡᠯ ᠪᠤᠷᠳᠤᠭ᠎ᠠ ᠪᠤᠯᠪᠠᠰᠤᠷᠠᠭᠤᠯᠬᠤ᠂ ᠡᠾᠧᠩ ᠳ᠋ᠦ᠋ ᠦᠭᠡᠷ ᠤᠨ ᠦᠢᠯᠠᠰ ᠤᠨ 10 ᠲᠦᠮᠠᠨ ᠲᠤᠨ ᠤ ᠠᠯᠠᠰᠢᠨ ᠦᠭᠡᠷ ᠠᠯᠠᠵᠤ ᠪᠤᠯᠪᠠᠰᠤᠷᠠᠭᠤᠯᠬᠤ ᠵᠠᠷᠭᠡ ᠲᠦᠷᠦᠯ ᠵᠦᠢᠯ ᠢ ᠡᠬᠢᠯᠠᠨ ᠪᠦᠳᠦᠭᠡᠨ ᠪᠠᠶᠢᠭᠤᠯᠪᠠ᠃ ᠶᠦᠩ ᠨᠦᠸᠧ ᠲᠤᠨᠤᠭ ᠲᠦᠬᠦᠭᠡᠷᠦᠮᠵᠢ ᠪᠠ ᠺᠦᠨ ᠴᠧᠩ ᠮᠠᠰᠢᠨ ᠮᠧᠬᠠᠨᠢᠭ ᠢ ᠲᠠᠬᠢᠨ ᠪᠠᠶᠢᠭᠤᠯᠬᠤ ᠬᠡᠯᠡᠯᠴᠠᠭᠡᠷ ᠲᠤᠬᠳᠠᠬᠤ᠂ ᠪᠤᠷᠤᠬᠤᠳᠠ ᠶᠢᠨ ᠲᠤᠰᠤ ᠪᠠ ᠵᠦᠸᠧ ᠶᠦᠸᠧ ᠠᠵᠤ ᠤᠶᠢᠯᠠᠳᠪᠤᠷᠢ ᠠᠷᠠᠯᠵᠢᠶ᠎ᠠ ᠶᠢ ᠰᠲ᠋ᠤᠺ ᠤᠨ ᠡᠷᠭᠡ ᠳᠤ ᠰᠢᠯᠵᠢᠬᠦᠯᠦᠨ ᠦᠭᠬᠦ ᠬᠡᠯᠡᠯᠴᠠᠭᠡᠷ ᠲᠤᠬᠢᠷᠠᠪᠠ᠃ ᠶᠢᠨ ᠰᠧ ᠡᠨᠧᠷᠬᠢ᠂ ᠱᠠᠨ ᠯᠤ᠋ ᠪᠦᠯᠦᠭᠯᠠᠯ᠂ ᠶᠦᠩ ᠨᠧᠩ ᠰᠢᠨ᠎ᠠ ᠡᠨᠧᠷᠬᠢ ᠶᠢᠨ 80 ᠰᠠᠶ᠎ᠠ ᠸᠠᠲ ᠶᠢᠨ ᠬᠡᠷᠡᠯᠯᠢᠭ ᠴᠠᠬᠢᠯᠭᠠᠨ ᠤ ᠲᠦᠷᠦᠯ ᠵᠦᠢᠯ ᠨᠢ ᠮᠠᠰᠢᠨ ᠴᠤᠬᠴᠠᠯᠠᠪᠤᠷᠢ ᠶᠢ ᠪᠠᠷᠠᠭᠠᠪᠠ᠃ ᠯᠢᠩ ᡁᠢ ᠲᠦᠮᠦᠰᠤᠨ ᠤ ᠠᠵᠤ ᠤᠶᠢᠯᠠᠰ ᠤᠨ ᠰᠢᠨᠵᠢᠯᠡᠭᠡ ᠮᠠᠷᠭᠡᠵᠢᠯ ᠤᠨ ᠬᠦᠷᠢᠶᠠᠯᠠᠩ ᠨᠢ ᠦᠪᠠᠷᠳᠡᠭᠡᠨ ᠵᠠᠰᠠᠬᠤ ᠤᠷᠤᠨ ᠳᠤ ᠲᠠᠷᠢᠶᠠᠯᠠᠩ ᠤᠨ ᠰᠢᠨᠵᠢᠯᠡᠭᠡ ᠮᠠᠷᠭᠡᠵᠢᠯ ᠤᠨ ᠬᠦᠷᠢᠶᠠᠯᠠᠩ ᠢᠶᠠᠷ ᠲᠤᠬᠳᠠᠭᠠᠬᠳᠠᠪᠠ᠃       ᠦᠩᠭᠡᠷᠡᠭᠰᠡᠨ ᠨᠢᠭᠡ ᠵᠢᠯ ᠪᠢᠳᠠ ᠠᠷᠠᠳ ᠢ ᠪᠠᠶᠠᠵᠢᠭᠤᠯᠵᠤ ᠠᠵᠤ ᠤᠶᠢᠯᠠᠰ ᠢ ᠬᠦᠭᠵᠢᠬᠦᠯᠬᠦ᠂ ᠭᠤᠤᠯᠯᠠᠬᠴᠢ  ᠶᠢ ᠠᠳᠬᠤᠵᠤ᠂ ᠰᠠᠭᠤᠷᠢᠨ ᠭᠠᠵᠠᠷ ᠢ ᠪᠠᠶᠢᠭᠤᠯᠵᠤ᠂ ᠤᠳᠤᠬᠢᠴᠢᠯᠠᠬᠰᠠᠨ ᠮᠠᠯ ᠲᠠᠷᠢᠶᠠᠯᠠᠩ ᠤᠨ ᠶᠠᠰᠤ ᠴᠢᠨᠠᠷ ᠢ ᠲᠠᠭᠡᠭᠰᠢᠯᠠᠬᠦᠯᠵᠤ ᠦᠷ᠎ᠡ ᠠᠰᠢᠭ ᠢ ᠨᠡᠮᠡᠭᠳᠡᠬᠦᠯᠦᠭᠰᠡᠨ ᠪᠠᠶᠢᠨ᠎ᠠ᠃ ᠠᠮᠤ ᠪᠤᠳᠠᠭᠠᠨ ᠤ ᠶᠠᠷᠦᠩᠭᠡᠢ ᠤᠨᠠᠯᠳᠠ 23 ᠳ᠋ᠦᠩᠰᠢᠭᠤᠷ ᠵᠢᠩ᠂ 6 ᠰᠠᠷ᠎ᠠ ᠶᠢᠨ ᠡᠴᠦᠰ ᠤᠨ ᠬᠡᠷ ᠤᠨ ᠲᠠᠵᠢᠭᠡᠪᠤᠷᠢ ᠶᠢᠨ ᠵᠤᠬᠰᠤᠭ᠎ᠠ ᠲᠤᠭ᠎ᠠ 258 ᠲᠦᠮᠠᠨ ᠲᠤᠯᠤᠭᠠᠢ ᠬᠦᠷᠪᠠ᠃ ᠪᠦᠬᠦ ᠬᠤᠰᠢᠭᠤ ᠨᠢ ᠲᠦᠮᠦᠰᠤ 30 ᠲᠦᠮᠠᠨ ᠮᠤ᠋᠂ ᠰᠢᠬᠢᠷ ᠯᠤᠤᠪᠠᠩ 7.3 ᠲᠦᠮᠠᠨ ᠮᠤ᠋᠂ ᠢᠳᠡᠰᠢᠨ ᠨᠤᠭᠤᠭ᠎ᠠ 30 ᠲᠦᠮᠠᠨ ᠮᠤ᠋ ᠲᠠᠷᠢᠵᠤ᠂ ᠵᠢᠯ ᠳᠤ ᠠᠯᠠᠰᠢᠨ ᠦᠭᠡᠷ ᠤᠨ ᠭᠠᠷᠭᠠᠯᠳᠠ 20 ᠲᠦᠮᠠᠨ ᠲᠤᠯᠤᠭᠠᠢ᠂ ᠠᠯᠠᠰᠢᠨ ᠬᠤᠨᠢ 103 ᠲᠦᠮᠠᠨ ᠲᠤᠯᠤᠭᠠᠢ᠂ ᠭᠠᠭ᠋ᠠᠢ 60 ᠲᠦᠮᠠ ᠪᠤᠯᠪᠠ᠂ ᠡᠾᠧᠩ ᠳ᠋ᠦ᠋ ᠦᠭᠡᠷ ᠤᠨ ᠤᠶᠢᠯᠠᠰ ᠤᠨ ᠦᠨᠳᠤᠷ ᠪᠠᠷᠢᠮᠵᠢᠶᠠᠳᠤ ᠦᠭᠡᠷ ᠤᠨ ᠬᠠᠰᠢᠶ᠎ᠠ 4 ᠲᠦᠮᠠᠨ ᠲᠡᠭᠰᠢ ᠲᠦᠷᠪᠠᠯᠵᠢᠨ ᠮᠧᠲᠷ ᠢ ᠪᠠᠶᠢᠭᠤᠯᠵᠤ ᠂ ᠲᠠᠵᠢᠭᠡᠵᠤ ᠪᠠᠶᠢᠭ᠎ᠠ ᠪᠤᠷᠳᠤᠭᠠᠨ ᠦᠭᠡᠷ 1.5 ᠲᠦᠮᠠᠨ ᠲᠤᠯᠤᠭᠠᠢ ᠪᠠᠶᠢᠨ᠎ᠠ᠃ ᠵᠦᠩ ᠯᠢᠶᠠᠩ ᠤᠨ ᠬᠤᠶᠠᠳᠤᠭᠠᠷ ᠬᠤᠭᠤᠴᠠᠭ᠎ᠠ ᠶᠢᠨ 40 ᠲᠦᠮᠠᠨ ᠲᠤᠯᠤᠭᠠᠢ ᠭᠠᠭ᠋ᠠᠢ ᠲᠠᠵᠢᠭᠡᠬᠦ ᠰᠠᠭᠤᠷᠢᠨ ᠭᠠᠵᠠᠷ ᠠᠰᠢᠬᠯᠠᠯᠳᠠ ᠳᠤ ᠤᠷᠤᠪᠠ᠃ ᠲᠠᠵᠢᠭᠡᠵᠤ ᠪᠠᠶᠢᠭ᠎ᠠ ᠮᠠᠬᠡᠵᠢ 1.2 ᠲᠦᠮᠨ ᠪᠤᠯᠪᠠ᠃ ᠮᠧᠩ ᠳ᠋ᠦ᠋ ᠬᠤᠨᠢᠨ ᠤ ᠤᠶᠢᠯᠠᠰ ᠤᠨ ᠦᠭᠡᠷ ᠬᠤᠨᠢᠨ ᠮᠢᠬ᠎ᠠ  ᠶᠢᠨ ᠦᠯᠢᠭᠡᠷ ᠬᠡᠪ ᠪᠤᠯᠪᠠᠰᠤᠷᠠᠭᠤᠯᠬᠤ ᠤᠶᠢᠯᠠᠳᠪᠤᠷᠢᠯᠠᠯ ᠤᠨ ᠲᠠᠰᠤᠭ᠂ ᠯᠢᠥᠢ ᠭᠠᠩ 1000 ᠲᠦᠮᠠᠨ ᠰᠠᠭᠤᠷᠢ ᠴᠢᠬᠢ ᠮᠤᠳᠤᠨ ᠤ ᠤᠶᠢᠯᠠᠳᠪᠤᠷᠢ ᠠᠰᠢᠬᠯᠠᠯᠳᠠ ᠳᠤ ᠤᠷᠤᠪᠠ᠃ ᠤᠩᠨᠢᠭᠤᠳ ᠬᠤᠰᠢᠭᠤ ᠨᠢ ᠦᠪᠠᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠶᠢ ᠪᠤᠷᠳᠤᠭᠤᠷ ᠪᠤᠯᠭᠠᠨ ᠬᠤᠪᠢᠷᠠᠭᠠᠬᠤ ᠠᠵᠢᠯ ᠤᠨ ᠲᠤᠷᠰᠢᠯᠳᠠ ᠶᠢᠨ ᠴᠢᠭ ᠢᠶᠠᠷ ᠵᠢᠬᠰᠠᠭᠠᠬᠳᠠᠪᠠ᠃ ᠪᠦᠬᠦ ᠬᠤᠰᠢᠭᠤᠨ ᠤ ᠬᠠᠪᠰᠤᠷᠤᠯᠴᠠᠭ᠎ᠠ ᠨᠢᠬᠳᠠ ᠬᠡᠯᠪᠠᠷᠢᠳᠤ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 21 ᠲᠤᠰᠬᠠᠢ ᠲᠠᠷᠢᠵᠤ ᠲᠠᠵᠢᠭᠡᠬᠦ ᠶᠡᠭᠡ ᠡᠷᠦᠭᠡ ᠪᠠ  ᠬᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ 70 ᠪᠤᠯᠪᠠ᠃ ᠮᠠᠯᠴᠢᠨ ᠲᠠᠷᠢᠶᠠᠴᠢᠨ ᠤ ᠠᠵᠤ ᠤᠶᠢᠯᠠᠰᠵᠢᠬᠦᠯᠦᠨ ᠡᠵᠡᠩᠨᠠᠬᠦ ᠲᠤᠮᠳᠠ ᠠᠴᠠ ᠤᠷᠤᠯᠭ᠎ᠠ ᠪᠠᠨ ᠬᠦᠮᠦᠨ ᠲᠤᠮᠳᠠᠴᠢ ᠪᠠᠷ 3000 ᠲᠦᠬᠦᠷᠢᠭ ᠨᠠᠮᠡᠭᠳᠡᠬᠦᠯᠪᠠ᠃ ᠬᠠᠶᠢᠯᠠᠰᠤ᠂ ᠤᠳᠠᠨᠳᠤᠬᠤᠢ ᠵᠠᠷᠭᠡ ᠤᠷᠤᠨ ᠤ ᠭᠠᠵᠠᠷ ᠰᠢᠷᠦᠢ  ᠶᠢ ᠲᠡᠭᠰᠢᠯᠠᠵᠤ ᠲᠢᠭᠯᠡᠬᠦ ᠲᠦᠷᠦᠯ ᠵᠦᠢᠯ 9 ᠲᠦᠮᠠᠨ ᠮᠤ᠋ ᠶᠢ ᠬᠡᠷᠡᠭᠵᠢᠬᠦᠯᠪᠠ᠃ ᠪᠦᠷᠬᠦᠪᠴᠢ ᠶᠢᠨ ᠲᠤᠤᠷ᠎ᠠ ᠲᠤᠰᠤᠯᠭᠠᠨ ᠤᠰᠤᠯᠠᠬᠤ 16 ᠲᠦᠮᠠᠨ ᠮᠤ᠋ ᠶᠢ ᠰᠢᠨ᠎ᠠ ᠪᠠᠷ ᠪᠠᠶᠢᠭᠤᠯᠵᠤ᠂ ᠡᠬᠦᠷᠭᠡ ᠪᠠᠨ ᠨᠠᠶᠢᠳᠠᠪᠤᠷᠢᠵᠢᠭᠤᠯᠵᠤ ᠪᠠᠬᠢᠵᠢᠬᠦᠯᠦᠭᠰᠡᠨ 64 ᠲᠦᠮᠠᠨ ᠮᠤ᠋᠂ ᠭᠠᠵᠠᠷ ᠲᠤᠤᠷ᠎ᠠ ᠪᠤᠯᠠᠵᠤ ᠲᠤᠰᠤᠯᠠᠭᠤᠯᠤᠨ ᠤᠰᠤᠯᠠᠬᠤ ᠵᠢᠱᠢᠶ᠎ᠠ ᠦᠵᠠᠬᠦᠯᠬᠦ ᠲᠦᠷᠦᠯ ᠵᠦᠢᠯ 1.3 ᠲᠦᠮᠠᠨ ᠮᠤ᠋ ᠶᠢ ᠨᠠᠶᠢᠳᠠᠪᠤᠷᠢᠵᠢᠭᠤᠯᠪᠠ᠃ ᠯᠦᠩ ᠰᠢᠶᠠᠩ ᠢᠥᠢ ᠫᠢᠨ ᠺᠤᠮᠫᠠᠨᠢ ᠶᠢᠨ ᠤᠶᠢᠯᠠᠳᠪᠤᠷᠢᠯᠡᠭᠰᠡᠨ ᠤᠩᠨᠢᠭᠤᠳ ᠤᠨ ᠲᠤᠳᠤᠷᠭ᠎ᠠ ᠨᠢ 2015 ᠤᠨ   ᠤ ᠪᠦᠬᠦ ᠤᠯᠤᠰ ᠤᠨ ︽ᠤᠨᠴᠠᠭᠠᠢ ᠨᠠᠷᠠᠳᠤ ᠰᠢᠯᠢᠳᠡᠭ ᠰᠢᠨ᠎ᠠ︾ ᠲᠠᠷᠢᠶᠠᠯᠠᠩ ᠤᠨ ᠪᠦᠳᠦᠭᠡᠭᠳᠡᠬᠦᠨ ᠤ ᠭᠠᠷᠴᠠᠭ ᠲᠤ ᠰᠤᠩᠭᠤᠬᠳᠠᠪᠠ᠃ ᠯᠢᠩ ᡁᠢ ᠺᠤᠮᠫᠠᠨᠢ ᠨᠢ ︽ᠰᠢᠨ ᠰᠠᠨ ᠪᠠᠨ︾ ᠫᠠᠶᠢᠰᠠ ᠡᠯᠬᠦᠬᠦ ᠶᠢ ᠪᠠᠶᠠᠯᠠᠬᠦᠯᠵᠤ᠂ ︽ᠲᠤᠮᠳᠠᠳᠤ ᠤᠯᠤᠰ ᠤᠨ ᠲᠦᠮᠦᠰᠤᠨ ᠤᠶᠢᠯᠠᠰ ᠤᠨ ᠨᠢᠭᠡᠳᠦᠭᠡᠷ ᠬᠤᠪᠢ ᠤᠷᠤᠭᠤᠯᠤᠬᠴᠢ︾ ᠪᠤᠯᠵᠤ᠂ 2015 ᠤᠨ ᠤ ᠪᠡᠬᠡᠵᠢᠩ ᠤᠨ ᠲᠠᠯᠠᠭᠡᠢ ᠶᠢᠨ ᠲᠦᠮᠦᠰᠤ ᠶᠢᠨ ᠶᠡᠭᠡ ᠬᠤᠷᠠᠯ ᠳᠤ ᠤᠷᠤᠯᠴᠠᠬᠰᠠᠨ ᠪᠦᠭᠡᠳ ᠭᠤᠤᠯ ᠵᠤᠷᠢᠯᠭ᠎ᠠ ᠲᠠᠢ ᠶᠠᠷᠢᠶ᠎ᠠ ᠬᠢᠭᠰᠡᠨ ᠪᠠᠶᠢᠨ᠎ᠠ᠃       ᠦᠩᠭᠡᠷᠡᠭᠰᠡᠨ ᠨᠢᠭᠡ ᠵᠢᠯ ᠳᠤ ᠪᠢᠳᠠ ᠲᠠᠰ ᠲᠠᠭᠡᠭᠰᠢᠯᠠᠬᠦᠯᠵᠤ ᠲᠠᠰ ᠲᠠᠪᠰᠢᠬᠦ ᠶᠢ ᠠᠩᠬᠠᠷᠴᠤ᠂ ᠰᠢᠨᠠᠴᠢᠯᠠᠬᠦ  ᠶᠢ ᠠᠬᠢᠭᠤᠯᠵᠤ᠂ ᠨᠠᠷ᠎ᠠ ᠲᠠᠮᠳᠡᠭ ᠢ ᠪᠤᠰᠬᠠᠵᠤ᠂ ᠭᠤᠷᠪᠠᠳᠤᠭᠠᠷ ᠠᠵᠤ ᠤᠶᠢᠯᠠᠰ ᠤᠨ ᠤᠶᠢᠯᠠᠴᠢᠯᠠᠭᠡᠨ ᠤ ᠤᠶᠢᠯᠠᠰ  ᠤᠨ ᠢᠳᠡᠪᠬᠢ ᠬᠦᠴᠦᠨ ᠢᠯᠠᠷᠭᠡᠢ ᠪᠤᠯᠤᠬᠰᠠᠨ ᠪᠠᠶᠢᠨ᠎ᠠ᠃ ᠪᠤᠷᠤᠬᠤᠳᠠ ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠲᠤᠭᠤᠷᠢᠭ ᠤᠨ ᠵᠦᠩ ᠬᠤᠤ ᠪᠤᠳᠠᠰ ᠤᠨ ᠬᠦᠢᠯᠭᠡᠭᠡᠨ ᠤ ᠲᠤᠭᠤᠷᠢᠭ᠂ ᠵᠤ᠋ ᠰᠢᠨ ᠡᠮ ᠤᠨ ᠮᠠᠲ᠋ᠧᠷᠢᠶᠠᠯ ᠤᠨ ᠬᠦᠮᠦᠷᠭᠡ ᠶᠢᠨ ᠬᠤᠶᠠᠳᠤᠭᠠᠷ ᠬᠤᠭᠤᠴᠠᠭᠠᠨ ᠤ ᠭᠤᠤᠯ ᠴᠤᠬᠴᠠ ᠶᠢᠨ ᠢᠨᠵᠧᠨᠧᠷᠢᠭ ᠢ ᠪᠠᠶᠢᠭᠤᠯᠵᠤ ᠪᠠᠷᠠᠪᠠ᠃ ︽ᠶᠠᠰᠤ ᠴᠢᠨᠠᠷ ᠤᠯᠠᠭᠠᠨᠬᠠᠳᠠ᠂ ᠤᠩᠨᠢᠭᠤᠳ︾ ᠡᠾᠧᠨᠠᠨ ᠵᠢᠶᠤᠤ ᠽᠦᠸᠧ᠂ ᠬᠠᠰ ᠯᠤᠤ ᠮᠠᠩᠬᠠᠨ ᠨᠠᠭᠤᠷ ᠤᠨ ᠬᠤᠶᠠᠷ ᠲᠠᠯᠭᠡᠷᠠᠬᠦᠯᠬᠦ ᠬᠤᠪᠢᠶᠠᠷᠢ ᠲᠦᠪ ᠢ ᠪᠠᠶᠢᠭᠤᠯᠵᠤ ᠪᠠᠷᠠᠪᠠ᠃ ᠪᠠᠷᠢᠮᠵᠢᠶᠠᠳᠤ ᠠᠳᠠᠯ ᠤᠶᠢᠯᠠᠰ ᠪᠤᠰᠬᠠᠬᠤ ᠬᠦᠷᠢᠶᠠᠯᠠᠩ ᠪᠠ ᠠᠳᠠᠯ ᠤᠶᠢᠯᠠᠰ ᠪᠤᠰᠬᠠᠵᠤ ᠨᠠᠪᠴᠢᠬᠦᠯᠬᠦ ᠰᠠᠭᠤᠷᠢᠨ ᠭᠠᠵᠠᠷ ᠲᠤ ᠲᠦᠰᠢᠭᠯᠡᠵᠤ᠂ ᠡᠯᠧᠺᠲᠷᠤᠨ ᠬᠤᠳᠠᠯᠳᠤᠭ᠎ᠠ ᠪᠠᠷ ᠠᠳᠠᠯ ᠤᠶᠢᠯᠠᠰ ᠪᠤᠰᠬᠠᠬᠤ ᠶᠢ ᠦᠷᠨᠢᠬᠦᠯᠵᠤ᠂ ᠤᠯᠠᠭᠠᠨᠬᠠᠳᠠ ᠠᠮᠢᠳᠤᠷᠠᠯ 365᠂ ᠲᠦᠩ ᠴᠧᠩ ᠠᠮᠢᠳᠤᠷᠠᠯ ᠤᠨ ᠰᠦᠯᠵᠢᠶ᠎ᠠ᠂ ᠶᠦᠨ ᠲᠠᠷᠢᠶᠠᠯᠠᠩ ᠤᠨ ᠲᠠᠯᠠᠪᠠᠢ ᠵᠠᠷᠭᠡ 5 ᠡᠯᠧᠺᠲᠷᠤᠨ ᠬᠤᠳᠠᠯᠳᠤᠭᠠᠨ ᠤ ᠲᠠᠪᠴᠠᠩ ᠢ ᠲᠠᠳᠠᠨ ᠤᠷᠤᠭᠤᠯᠵᠤ ᠪᠦᠳᠦᠭᠡᠨ ᠪᠠᠶᠢᠭᠤᠯᠪᠠ᠃ ᠲᠤᠭᠤᠷᠢᠭ ᠨᠢ ᠦᠪᠠᠷᠳᠡᠭᠡᠨ ᠵᠠᠰᠠᠬᠤ ᠤᠷᠤᠨ ᠤ ᠲᠠᠰ ᠤᠶᠢᠯᠠᠴᠢᠯᠠᠭᠡᠨ ᠤ ᠤᠶᠢᠯᠠᠰ ᠤᠨ ᠲᠦᠪᠯᠠᠷᠡᠭᠰᠡᠨ ᠲᠤᠭᠤᠷᠢᠭ ᠢᠶᠠᠷ ᠲᠤᠬᠳᠠᠭᠠᠬᠳᠠᠪᠠ᠃ ᠶᠦᠨ ᠯᠦᠩ ᠪᠠᠭᠤᠳᠠᠯ ᠡᠵᠡᠩᠨᠠᠯᠳᠠ ᠳᠤ ᠤᠷᠤᠪᠠ᠃ ᠦ᠋ ᠽᠠᠢ ᠴᠧᠩ᠂ ᠸᠠᠨ ᠯᠦᠩ ᠪᠠᠭᠤᠳᠠᠯ᠂ ᠯᠢ ᠨᠦᠩ ᠲᠤᠮᠤ ᠠᠰᠠᠷ ᠤᠨ ᠭᠤᠤᠯ ᠴᠤᠬᠴᠠ ᠶᠢᠨ ᠢᠨᠵᠧᠨᠧᠷᠢᠭ ᠢ ᠪᠠᠷᠢᠵᠤ ᠪᠠᠷᠠᠭᠠᠪᠠ᠃ ᠬᠠᠰ ᠯᠤᠤ ᠡᠷᠳᠡᠨ ᠤ ᠡᠳ᠋ ᠤᠨ ᠬᠤᠳᠠ  ᠨᠢ ᠡᠵᠡᠩᠨᠠᠯᠳᠠ ᠳᠤ ᠤᠷᠤᠵᠤ ᠰᠤᠶᠤᠯ ᠤᠨ ᠠᠵᠤ ᠤᠶᠢᠯᠠᠰ ᠢ ᠡᠵᠠᠩᠨᠡᠭᠴᠢ ᠡᠷᠦᠭᠡ 74 ᠪᠠᠶᠢᠨ᠎ᠠ᠂ ᠲᠠᠪᠤᠳᠤᠭᠠᠷ ᠬᠤᠭᠤᠴᠠᠭᠠᠨ ᠤ ᠠᠷᠠᠳ ᠤᠨ ᠲᠤᠮᠳᠠᠬᠢ ᠡᠷᠳᠡᠨ ᠤ ᠡᠳ᠋ ᠭᠠᠷ ᠤᠷᠠᠯᠠᠯ ᠤᠨ ᠪᠦᠳᠦᠭᠡᠭᠳᠡᠬᠦᠨ ᠤ ᠰᠤᠯᠢᠯᠴᠠᠭᠠᠨ ᠤ ᠬᠤᠷᠠᠯ ᠢ ᠡᠷᠬᠢᠯᠠᠪᠠ᠃ ᠠᠩᠬᠠᠳᠤᠭᠠᠷ ᠬᠤᠭᠤᠴᠠᠭᠠᠨ ᠤ ᠬᠠᠰ ᠯᠤᠤ ᠮᠠᠩᠬᠠᠨ ᠨᠠᠭᠤᠷ ᠤᠨ ᠤᠷᠤᠨ ᠤ ᠵᠤᠭᠠᠴᠠᠯ ᠤᠨ ᠬᠠᠮᠳᠤᠷᠠᠨ ᠠᠵᠢᠯᠯᠠᠬᠤ ᠶᠠᠷᠢᠯᠴᠠᠭᠠᠨ ᠤ ᠲᠠᠪᠴᠠᠩ᠂ ︽ᠲᠤᠮᠳᠠᠳᠤ ᠤᠯᠤᠰ ᠤᠨ ᠬᠠᠰ ᠯᠤᠤ ᠮᠠᠩᠬᠠᠨ ᠨᠠᠭᠤᠷ ᠬᠤᠨᠳᠠᠭᠠᠳᠤ︾ ᠡᠯᠡᠰᠤᠨ ᠳᠠᠬᠢ ᠬᠦᠯ ᠪᠦᠮᠪᠦᠭᠡ   ᠶᠢᠨ ᠤᠷᠢᠯᠭ᠎ᠠ ᠶᠢᠨ ᠤᠷᠤᠯᠳᠤᠭᠠᠨ ᠵᠠᠷᠭᠡ ᠤᠷᠤᠯᠳᠤᠭᠠᠨ ᠤ ᠠᠵᠢᠯᠯᠠᠭᠠᠨ ᠢ ᠠᠮᠵᠢᠯᠳᠠ ᠲᠠᠢ ᠡᠷᠬᠢᠯᠠᠨ ᠶᠠᠪᠤᠬᠳᠠᠭᠤᠯᠪᠠ᠃ ᠤᠩᠨᠢᠭᠤᠳ ᠬᠤᠰᠢᠭᠤᠨ ᠤ ᠵᠤᠭᠠᠴᠠᠯ ᠢᠶᠠᠷ ᠶᠠᠳᠠᠭᠤ  ᠶᠢ ᠲᠠᠳᠬᠦᠬᠦ ᠠᠷᠠᠳ ᠢ ᠪᠠᠶᠠᠵᠢᠭᠤᠯᠬᠤ ᠢᠨᠵᠧᠨᠧᠷᠢᠭ ᠨᠢ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠠᠷᠠᠳ ᠤᠨ ᠠᠮᠢᠳᠤᠷᠠᠯ ᠤᠨ ᠬᠦᠭᠵᠢᠯᠳᠠ ᠶᠢᠨ ᠶᠠᠷᠢᠯᠴᠠᠭᠠᠨ ᠤ ᠲᠠᠪᠴᠠᠩ ᠲᠠᠭᠡᠷ᠎ᠡ ︽2015 ᠤᠨ ᠤ ᠠᠷᠠᠳ  ᠤᠨ ᠠᠮᠢᠳᠤᠷᠠᠯ ᠤᠨ ᠵᠢᠱᠢᠶ᠎ᠠ ᠦᠵᠠᠬᠦᠯᠬᠦ ᠢᠨᠵᠧᠨᠧᠷᠢᠭ︾ ᠢᠶᠠᠷ ᠦᠨᠠᠯᠡᠭᠳᠡᠪᠠ᠃ ᠪᠦᠬᠦ ᠵᠢᠯ ᠳᠤ ᠵᠤᠭᠠᠴᠠᠬᠰᠠᠳ ᠢ 90 ᠲᠦᠮᠠᠨ ᠬᠦᠮᠦᠨ ᠤᠳᠠᠭ᠎ᠠ ᠬᠦᠯᠢᠶᠠᠨ ᠠᠪᠴᠤ᠂ ᠵᠤᠭᠠᠴᠠᠯ ᠤᠨ ᠤᠷᠤᠯᠭ᠎ᠠ 10.5 ᠳ᠋ᠦᠩᠰᠢᠭᠤᠷ ᠲᠦᠬᠦᠷᠢᠭ ᠢ ᠪᠠᠶᠠᠯᠠᠬᠦᠯᠪᠠ᠃ ᠪᠦᠬᠦ ᠬᠤᠰᠢᠭᠤᠨ ᠤ ᠰᠢᠨ᠎ᠠ ᠪᠠᠷ ᠨᠡᠮᠡᠭᠳᠡᠭᠰᠡᠨ ︽ᠲᠠᠷᠢᠶᠠᠯᠠᠩ ᠢ ᠲᠤᠰᠠᠯᠠᠬᠤ ᠮᠦᠩᠬᠦᠨ ᠬᠦᠢᠯᠭᠡᠭᠡᠨ  ᠤ ᠤᠶᠢᠯᠠᠴᠢᠯᠡᠭᠡᠨ ᠤ ᠴᠡᠭ︾ 27 ᠶᠢ ᠰᠢᠨ᠎ᠠ ᠪᠠᠷ ᠨᠡᠮᠡᠭᠳᠡᠬᠦᠯᠪᠠ᠃ ᠠᠷᠠᠳ ᠢ ᠬᠠᠷᠠᠭᠠᠯᠵᠠᠬᠤ ᠮᠠᠯ ᠲᠠᠷᠢᠶᠠᠯᠠᠩ ᠤᠨ ᠪᠠᠯᠠ ᠤᠷᠤᠭᠤᠯᠬᠤ ᠺᠤᠮᠫᠠᠨᠢ ᠨᠢ ᠦᠪᠠᠷᠳᠡᠭᠡᠨ ᠵᠠᠰᠠᠬᠤ ᠤᠷᠤᠨ ᠤ ᠬᠦᠭᠵᠢᠬᠦᠯᠦᠯᠳᠠ ᠶᠢᠨ ᠪᠠᠩᠬᠢ ᠠᠴᠠ ᠭᠠᠵᠠᠷ ᠰᠤᠯᠢᠵᠤ ᠨᠠᠬᠦᠯᠭᠡᠨ ᠶᠠᠳᠠᠭᠤ ᠶᠢ ᠲᠠᠳᠬᠦᠬᠦ ᠨᠢᠭᠡᠳᠦᠭᠡᠷ ᠬᠤᠭᠤᠴᠠᠭᠠᠨ ᠤ ᠵᠢᠭᠡᠯᠡᠯᠭᠡ ᠶᠢᠨ ᠮᠦᠩᠬᠦ 4 ᠳ᠋ᠦᠩᠰᠢᠭᠤᠷ ᠲᠦᠬᠦᠷᠢᠭ ᠢ ᠭᠤᠶᠤᠴᠢᠯᠠᠪᠠ᠃       ᠦᠩᠭᠡᠷᠡᠭᠰᠡᠨ ᠨᠢᠭᠡ ᠵᠢᠯ ᠳᠤ ᠪᠢᠳᠠ ᠵᠠᠷᠭᠡᠪᠠᠷ ᠲᠦᠯᠬᠢᠨ ᠠᠬᠢᠭᠤᠯᠬᠤ ᠰᠠᠭᠤᠷᠢ ᠶᠢ ᠲᠠᠯᠪᠢᠵᠤ᠂ ᠠᠯᠤᠰ ᠬᠡᠳᠤ ᠳᠤ ᠠᠰᠢᠬᠳᠠᠢ ᠪᠠᠶᠢᠬᠤ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠪᠠᠶᠠᠯᠠᠬᠦᠯᠦᠭᠰᠡᠨ ᠪᠠᠶᠢᠨ᠎ᠠ᠃ 1 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ᠂ ᠤᠳᠠᠨᠳᠤᠬᠤᠢ ᠵᠠᠬᠡᠯᠢ ᠶᠢᠨ ᠪᠠᠷᠠᠭᠤᠨ ᠬᠡᠰᠡᠭ᠂ ᠬᠤᠩ ᠱᠠᠨ ᠵᠠᠮ ᠤᠨ ᠡᠮᠦᠨ᠎ᠠ ᠬᠡᠰᠡᠭ ᠵᠠᠷᠭᠡ ᠶᠠᠪᠠᠭᠠᠨ ᠵᠠᠬᠡᠯᠢ ᠶᠢ ᠬᠠᠳᠠᠭᠤᠷᠠᠭᠤᠯᠬᠤ᠂ ᠬᠢᠯᠠᠴᠢᠯᠠᠬᠤ ᠢᠨᠵᠧᠨᠧᠷᠢᠭ ᠢ ᠪᠠᠶᠠᠯᠠᠬᠦᠯᠵᠤ᠂ ᠵᠢᠩ ᠰᠠᠨ ᠵᠠᠮ ᠢ ᠨᠠᠪᠳᠠᠷᠠᠬᠦᠯᠵᠤ᠂ ᠦ᠋ ᠶᠢᠨ ᠱᠤᠭᠤᠮ ᠤᠨ ᠬᠤᠳᠠ ᠲᠤᠭᠤᠷᠢᠭ ᠤᠨ ᠬᠡᠰᠡᠭ ᠤᠨ ᠰᠢᠨᠠᠳᠬᠡᠨ ᠵᠠᠰᠠᠬᠤ ᠢᠨᠵᠧᠨᠧᠷᠢᠭ ᠢ ᠪᠠᠷᠠᠭᠠᠵᠤ᠂ 9 ᠵᠤᠷᠪᠤᠰ ᠵᠢᠵᠢᠭ ᠵᠡᠬᠡᠯᠢ ᠭᠤᠳᠤᠮᠵᠢ ᠶᠢ ᠶᠠᠷᠦᠩᠭᠡᠶᠢᠯᠠᠨ ᠵᠠᠰᠠᠵᠠᠢ᠃ ᠤᠪᠤᠭ᠎ᠠ ᠠᠭᠤᠯᠠ ᠶᠢᠨ ᠴᠡᠴᠡᠷᠯᠢᠭ ᠤᠨ ᠠᠮᠢ ᠠᠬᠤᠢ ᠶᠢ ᠵᠠᠰᠠᠬᠤ ᠲᠦᠷᠦᠯ ᠵᠦᠢᠯ ᠢ ᠡᠬᠢᠯᠠᠨ ᠬᠢᠵᠤ᠂ ᠠᠭᠤᠯᠠᠨ ᠤ ᠨᠠᠯᠠᠤ ᠬᠠᠵᠠᠭᠤ ᠶᠢ ᠨᠦᠬᠦᠬᠦ ᠢᠨᠵᠧᠨᠧᠷᠢᠭ ᠢ ᠪᠠᠷᠠᠭᠠᠪᠠ᠃ ︽ᠠᠷᠪᠠ ᠶᠢ ᠪᠦᠬᠦᠨ ᠢ ᠪᠦᠷᠬᠦᠬᠦᠯᠬᠦ︾ ᠢᠨᠵᠧᠨᠧᠷᠢᠭ ᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ 11.86 ᠳ᠋ᠦᠩᠰᠢᠭᠤᠷ ᠲᠦᠬᠦᠷᠢᠭ ᠪᠠᠯᠠ ᠤᠷᠤᠭᠤᠯᠬᠤ ᠶᠢ ᠪᠠᠶᠠᠯᠠᠬᠦᠯᠵᠤ᠂ 165 ᠵᠠᠰᠠᠭ ᠵᠠᠬᠢᠷᠭᠠᠨ ᠤ ᠭᠠᠴᠠᠭ᠎ᠠ ᠲᠤᠰᠬᠤᠨ ︵ᠬᠤᠪᠢᠶᠠᠷᠢ ᠲᠠᠯᠠᠪᠠᠢ︶᠂ 27 ᠡᠩ ᠤᠨ ᠲᠤᠰᠬᠤᠨ ᠢ ᠰᠢᠨ᠎ᠠ ᠪᠠᠷ ᠪᠦᠷᠬᠦᠬᠦᠯᠪᠠ᠃ ︽ᠲᠦᠷᠪᠠ ᠶᠢ ᠴᠠᠪᠠᠷᠯᠠᠬᠦ᠂ ᠲᠦᠷᠪᠠ ᠶᠢ ᠤᠳᠤᠬᠢᠴᠢᠯᠠᠬᠤ︾ ᠪᠠᠷ ᠭᠤᠤᠯ ᠠᠭᠤᠯᠭ᠎ᠠ ᠪᠤᠯᠭᠠᠬᠰᠠᠨ ᠤᠷᠴᠢᠨ ᠲᠤᠭᠤᠷᠢᠨ ᠢ ᠶᠠᠷᠦᠩᠭᠡᠶᠢᠯᠠᠨ ᠵᠠᠰᠠᠬᠤ ᠢᠨᠵᠧᠨᠧᠷᠢᠭ ᠢ ᠬᠦᠨᠵᠠᠬᠡᠢ ᠦᠷᠨᠢᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠲᠦᠷᠰᠤ ᠪᠠᠶᠢᠳᠠᠯ ᠯᠤᠳᠤ ᠶᠡᠭᠡ ᠬᠤᠪᠢᠷᠠᠯᠳᠠ ᠲᠠᠢ ᠪᠤᠯᠵᠠᠢ᠃ ᠦᠪᠠᠷᠳᠡᠭᠡᠨ ᠵᠠᠰᠠᠬᠤ ᠤᠷᠤᠨ ᠤ ᠪᠤᠯᠪᠠᠰᠤᠨ ᠰᠢᠶᠠᠨ ᠤ ᠬᠤᠳᠠ ᠶᠢ ᠢᠳᠡᠪᠬᠢᠳᠠᠢ ᠡᠬᠦᠳᠦᠨ ᠪᠠᠶᠢᠭᠤᠯᠵᠤ᠂ ᠪᠤᠷᠤᠬᠤᠳᠠ ᠪᠠᠯᠭᠠᠰᠤ ᠶᠢᠨ ᠰᠠᠴᠢᠨᠳᠠᠯ᠎ᠠ ᠭᠠᠴᠠᠭ᠎ᠠ ᠨᠢ ᠪᠦᠬᠦ ᠤᠯᠤᠰ ᠤᠨ ᠪᠤᠯᠪᠠᠰᠤᠨ ᠲᠤᠰᠬᠤᠨ ᠢᠶᠠᠷ ᠦᠨᠠᠯᠡᠭᠳᠡᠭᠰᠡᠨ ᠪᠠᠶᠢᠨ᠎ᠠ᠃ ᠮᠤᠵᠢ ᠶᠢᠨ ᠵᠠᠮ 304 ᠱᠤᠭᠤᠮ ᠤᠨ ᠪᠤᠷᠤᠬᠤᠳᠠ ᠠᠴᠠ ᠲᠠᠩᠨᠠᠬᠦᠷ ᠤᠨ ᠭᠤᠤᠯ ᠬᠦᠷᠬᠦ ᠬᠡᠰᠡᠭ ᠢ ᠴᠠᠷᠳᠠᠮᠠᠯ ᠵᠠᠮ ᠪᠤᠯᠭᠠᠨ ᠦᠭᠡᠷᠡᠴᠢᠯᠠᠬᠦ ᠢᠨᠵᠧᠨᠧᠷᠢᠭ ᠢ ᠲᠦᠷᠭᠡᠨ ᠲᠦᠯᠬᠢᠨ ᠠᠬᠢᠭᠤᠯᠵᠤ᠂ ᠬᠤᠶᠠᠳᠤᠭᠠᠷ ᠲᠠᠰ ᠤᠨ ᠴᠠᠷᠳᠠᠮᠠᠯ ᠵᠠᠮ 35 ᠺᠢᠯᠤᠮᠧᠲᠷ ᠵᠠᠰᠠᠬᠰᠠᠨ ᠪᠠᠶᠢᠨ᠎ᠠ᠃ ᠭᠠᠴᠠᠭ᠎ᠠ ᠲᠤᠰᠬᠤᠨ ᠤ ᠵᠠᠬᠡᠯᠢ ᠭᠤᠳᠤᠮᠵᠢ ᠶᠢ ᠬᠠᠳᠠᠭᠤᠷᠠᠭᠤᠯᠬᠤ ᠶᠢ 536 ᠺᠢᠯᠤᠮᠧᠲᠷ ᠪᠠᠶᠠᠯᠠᠬᠦᠯᠵᠠᠢ᠃ 16 ᠵᠤᠷᠪᠤᠰ 270 ᠺᠢᠯᠤᠮᠧᠲᠷ ᠲᠤᠰᠬᠤᠨ ᠳᠤ ᠨᠠᠪᠳᠠᠷᠠᠬᠦ ᠴᠠᠷᠳᠠᠮᠠᠯ ᠵᠠᠮ ᠢ ᠡᠬᠢᠯᠠᠨ ᠪᠠᠶᠢᠭᠤᠯᠪᠠ ᠃ ᠰᠾᠢ ᠳ᠋ᠤᠤ ᠵᠠᠩ ᠹᠠᠩ᠂ ᠬᠠᠯᠵᠠᠨ ᠠᠭᠤᠯᠠ ᠶᠢᠨ 66 ᠺᠢᠯᠤᠸᠤᠯᠲ ᠶᠢᠨ ᠬᠦᠴᠦᠳᠠᠯ ᠦᠭᠡᠷᠠᠴᠢᠯᠠᠨ ᠴᠠᠬᠢᠯᠭᠠᠨ ᠬᠦᠷᠭᠡᠬᠦ ᠢᠨᠵᠧᠨᠧᠷᠢᠭ ᠢ ᠪᠠᠶᠢᠭᠤᠯᠪᠠ᠃ ᠰᠢᠶᠠᠩ ᠬᠤᠤ ᠱᠤᠭᠤᠮ ᠤᠨ ᠡᠯᠡᠰᠤ ᠲᠤᠭᠤᠯᠤᠬᠰᠠᠨ ᠵᠠᠰᠠᠮᠠᠯ ᠵᠠᠮ ᠢ ᠨᠠᠪᠳᠠᠷᠠᠬᠦᠯᠵᠤ᠂ ᠡᠯᠡᠰᠤᠳᠤ ᠭᠠᠵᠠᠷ ᠢ 31.6 ᠲᠦᠮᠠᠨ ᠮᠤ᠋ ᠶᠠᠷᠦᠩᠭᠡᠶᠢᠯᠠᠨ ᠵᠠᠰᠠᠪᠠ᠃ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠶᠢ 1.87 ᠲᠦᠮᠠᠨ ᠮᠤ᠋ ᠬᠡᠷᠡᠭᠵᠢᠬᠦᠯᠵᠤ᠂ ᡂᠢ ᠳ᠋ᠠ ᠲᠠᠭᠡᠳᠤ ᠬᠤᠷᠳᠤᠴᠠᠳᠤ ᠵᠠᠮ ᠤᠨ ᠪᠤᠷᠤᠬᠤᠳᠠ ᠠᠴᠠ ᠪᠠᠭᠠᠷᠢᠨ ᠬᠦᠬᠦᠷᠭᠡ ᠬᠦᠷᠬᠦ ᠬᠡᠰᠡᠭ ᠪᠠ ᡂᠢ ᠳ᠋ᠠ ᠲᠠᠭᠡᠳᠤ ᠬᠤᠷᠳᠤᠴᠠᠳᠤ ᠵᠠᠮ ᠤᠨ ᠪᠤᠷᠤᠬᠤᠳᠠ ᠭᠠᠷᠬᠤ ᠵᠠᠮ ᠤᠨ ᠨᠤᠭᠤᠭᠠᠷᠠᠭᠤᠯᠤᠯᠳᠠ ᠶᠢᠨ ᠢᠨᠵᠧᠨᠧᠷᠢᠭ ᠢ ᠭᠤᠤᠯᠳᠠᠯᠭ᠎ᠠ ᠲᠠᠢ ᠬᠢᠪᠠ᠃ ᠪᠠᠷᠠᠭᠤᠨ ᠦᠶᠠᠷ ᠤᠨ ᠰᠤᠪᠠᠭ ᠤᠨ ᠦᠶᠠᠷ ᠢ ᠰᠠᠷᠭᠡᠶᠢᠯᠠᠵᠤ ᠵᠠᠰᠠᠬᠤ᠂ ᠬᠠᠶᠢᠯᠠᠰᠤ ᠪᠠᠯᠭᠠᠰᠤ ᠶᠢᠨ ᠭᠠᠩ ᠢ ᠡᠰᠡᠷᠬᠦᠴᠠᠬᠦ ᠪᠠᠴᠢᠮ ᠪᠠᠶᠢᠳᠠᠯ ᠢ ᠠᠷᠭᠠᠴᠠᠭᠠᠬᠤ ᠲᠦᠬᠦᠷᠵᠢᠬᠦᠯᠬᠦ ᠵᠠᠷᠭᠡ ᠤᠰᠤᠨ ᠠᠰᠢᠬᠯᠠᠯᠳᠠ ᠶᠢᠨ ᠢᠨᠵᠧᠨᠧᠷᠢᠭ ᠤᠨ ᠪᠠᠶᠢᠭᠤᠯᠤᠯᠳᠠ ᠶᠢ ᠪᠠᠷᠠᠭᠠᠪᠠ᠃       ᠦᠩᠭᠡᠷᠡᠭᠰᠡᠨ ᠵᠢᠯ ᠳᠤ ᠪᠢᠳᠠ ᠠᠷᠠᠳ ᠢᠶᠠᠷ ᠭᠤᠤᠯ ᠪᠤᠯᠭᠠᠵᠤ᠂ ᠤᠷᠤᠭᠤᠯᠤᠯᠳᠠ ᠶᠢ ᠴᠢᠩᠭᠠᠳᠬᠠᠵᠤ᠂ ᠪᠠᠳᠤᠯᠠᠭ᠎ᠠ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠦᠷᠬᠦᠯᠵᠢᠯᠠᠨ ᠰᠠᠶᠢᠵᠢᠷᠠᠭᠤᠯᠤᠬᠰᠠᠨ ᠪᠠᠶᠢᠨ᠎ᠠ᠃ ᠪᠦᠬᠦ ᠵᠢᠯ ᠳᠤ ᠠᠷᠠᠳ ᠤᠨ ᠠᠮᠢᠳᠤᠷᠠᠯ ᠳᠤ ᠬᠡᠷᠡᠭᠰᠡᠬᠦ ᠪᠠᠯᠠ ᠮᠦᠩᠬᠦ ᠶᠢ 25 ᠳ᠋ᠦᠩᠰᠢᠭᠤᠷ ᠲᠦᠬᠦᠷᠢᠭ ᠤᠷᠤᠭᠤᠯᠵᠤ᠂ ᠨᠠᠶᠢᠳᠠ ᠶᠢᠨ ᠡᠳ᠋ ᠤᠨ ᠵᠠᠰᠠᠭ ᠤᠨ  ᠵᠠᠷᠤᠯᠭ᠎ᠠ ᠶᠢᠨ 76% ᠠᠴᠠ ᠲᠠᠭᠡᠭᠰᠢᠬᠢ ᠶᠢ ᠡᠵᠠᠯᠠᠨ᠎ᠠ᠃ ᠲᠠᠭᠡᠳᠤ ᠱᠠᠳᠤᠨ  ᠤ ᠲᠦᠷᠦᠯ ᠵᠦᠢᠯ ᠤᠨ ᠪᠠᠯᠠ ᠮᠦᠩᠬᠦ 8.8 ᠳ᠋ᠦᠩᠰᠢᠭᠤᠷ ᠲᠦᠬᠦᠷᠢᠭ ᠢ ᠲᠠᠮᠠᠴᠠᠨ ᠤᠯᠵᠠᠢ᠃ 82 ᠭᠤᠤᠯᠳᠠᠯᠭ᠎ᠠ  ᠲᠠᠢ ᠶᠠᠳᠠᠭᠤ ᠬᠦᠴᠢᠷᠳᠠᠢ ᠭᠠᠴᠠᠭ᠎ᠠ ᠲᠤᠰᠬᠤᠨ ᠳᠤ ︽ᠭᠤᠷᠪᠠ ᠲᠤᠰᠬᠤᠨ ᠳᠤ ᠬᠦᠷᠬᠦ ᠬᠢᠭᠡᠳ ᠭᠤᠷᠪᠠ ᠡᠷᠦᠭᠡ  ᠳᠤ ᠬᠦᠷᠬᠦ︾ ᠪᠦᠬᠦᠶᠢᠯᠠ ᠲᠤᠰᠬᠤᠨ ᠢᠶᠠᠷ ᠲᠦᠯᠬᠢᠨ ᠠᠬᠢᠭᠤᠯᠬᠤ ᠶᠠᠳᠠᠭᠤ ᠶᠢ ᠲᠠᠳᠬᠦᠬᠦ ᠢᠨᠵᠧᠨᠧᠷᠢᠭ ᠢ ᠬᠡᠷᠡᠭᠵᠢᠬᠦᠯᠵᠤ᠂ ᠡᠳ᠋ ᠤᠨ ᠵᠠᠰᠠᠭ ᠤᠨ ᠶᠠᠳᠠᠭᠤ ᠶᠢ ᠲᠠᠳᠬᠦᠬᠦ ᠶᠢ ᠲᠠᠭᠠᠭᠤᠯᠬᠤ ᠪᠠᠯᠠ ᠮᠦᠩᠬᠦ 3690 ᠲᠦᠮᠠᠨ ᠲᠦᠬᠦᠷᠢᠭ ᠨᠠᠶᠢᠳᠠᠪᠤᠷᠢᠵᠢᠭᠤᠯᠵᠤ᠂ ᠮᠦᠩᠬᠦᠨ ᠬᠦᠢᠯᠭᠡᠭᠡᠨ ᠤ ᠶᠠᠳᠠᠭᠤ ᠶᠢ ᠲᠠᠳᠬᠦᠵᠤ ᠠᠷᠠᠳ ᠢ ᠪᠠᠶᠠᠵᠢᠭᠤᠯᠬᠤ ᠵᠢᠭᠡᠯᠡᠯᠭᠡ ᠶᠢᠨ ᠵᠤᠭᠤᠰ 1 ᠳ᠋ᠦᠩᠰᠢᠭᠤᠷ ᠲᠦᠬᠦᠷᠢᠭ ᠲᠠᠷᠬᠠᠭᠠᠵᠤ᠂ 1.92 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢ ᠲᠠᠮᠵᠢᠵᠤ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠶᠠᠯᠠᠬᠦᠯᠵᠠᠢ᠃ ᠦᠪᠠᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠰᠢᠭᠤ ᠰᠢᠶᠠᠨ   ᠤ ᠲᠠᠰ ᠤᠨ ᠶᠠᠳᠠᠭᠤ ᠶᠢ ᠲᠠᠳᠬᠦᠬᠦ ᠪᠤᠯᠪᠠᠰᠤᠷᠠᠯ ᠤᠨ ᠲᠦᠪ ᠢ ᠪᠠᠶᠢᠭᠤᠯᠵᠤ᠂ ᠺᠠᠳ᠋ᠷ ᠤᠯᠠᠨ ᠲᠦᠮᠠᠨ ᠢ 5000 ᠢᠯᠠᠬᠦᠦ ᠬᠦᠮᠦᠨ ᠤᠳᠠᠭ᠎ᠠ ᠪᠤᠯᠪᠠᠰᠤᠷᠠᠭᠤᠯᠵᠠᠢ᠃ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ᠂ ᠪᠤᠷᠤᠬᠤᠳᠠ ᠲᠤᠷᠰᠢᠯᠳᠠ ᠶᠢᠨ ᠪᠠᠭ᠎ᠠ ᠰᠤᠷᠭᠠᠭᠤᠯᠢ ᠶᠢ ᠰᠢᠯᠵᠢᠬᠦᠯᠦᠨ ᠪᠠᠶᠢᠭᠤᠯᠬᠤ ᠲᠦᠷᠦᠯ ᠵᠦᠢᠯ ᠨᠢ ᠪᠠᠷᠢᠯᠭ᠎ᠠ ᠲᠠᠭᠤᠰᠤᠨ ᠰᠢᠯᠭᠠᠨ ᠬᠤᠷᠢᠶᠠᠵᠠᠢ᠃ ᠬᠦᠳᠡᠭᠡ ᠲᠤᠰᠬᠤᠨ ᠮᠠᠯᠵᠢᠬᠤ ᠤᠷᠤᠨ ᠤ 54 ᠰᠤᠷᠭᠠᠭᠤᠯᠢ 6.9 ᠲᠦᠮᠠᠨ ᠲᠡᠭᠰᠢ ᠲᠦᠷᠪᠠᠯᠵᠢᠨ ᠮᠧᠲᠷ ᠠᠶᠤᠯᠳᠠᠢ ᠬᠠᠭᠤᠴᠢᠨ ᠰᠤᠷᠭᠠᠭᠤᠯᠢ ᠶᠢᠨ ᠪᠠᠶᠢᠷᠢ ᠶᠢ ᠰᠢᠨ᠎ᠠ ᠪᠠᠷ ᠪᠠᠶᠢᠭᠤᠯᠵᠤ ᠵᠠᠰᠠᠨ ᠦᠭᠡᠷᠡᠴᠢᠯᠠᠬᠦ ᠡᠬᠦᠷᠭᠡ ᠶᠢ ᠪᠠᠶᠠᠯᠠᠬᠦᠯᠵᠠᠢ᠃ ᠠᠯᠪᠠᠨ ᠠᠴᠠ ᠪᠠᠶᠢᠭᠤᠯᠤᠬᠰᠠᠨ ᠡᠮᠨᠠᠯᠭᠡ ᠶᠢᠨ ᠬᠤᠷᠢᠶᠠᠨ ᠤ ᠦᠭᠡᠷᠠᠴᠢᠯᠠᠯᠳᠠ ᠶᠢ ᠲᠦᠯᠬᠢᠨ ᠠᠬᠢᠭᠤᠯᠵᠤ᠂ ᠬᠤᠰᠢᠭᠤᠨ ᠡᠮᠨᠡᠯᠭᠡ  ᠶᠢᠨ ᠬᠤᠷᠢᠶ᠎ᠠ ᠪᠠ ᠬᠢᠳᠡᠳ ᠮᠤᠩᠭᠤᠯ ᠡᠮᠨᠡᠯᠭᠡ ᠶᠢᠨ ᠬᠤᠷᠢᠶᠠᠨ ᠳᠤ ᠡᠮ ᠬᠤᠳᠠᠯᠳᠤᠬᠤ ᠨᠤᠷᠮ᠎ᠠ ᠶᠢᠨ ᠵᠦᠷᠢᠶ᠎ᠠ ᠲᠡᠭ ᠪᠤᠯᠬᠤ ᠶᠢ ᠬᠡᠷᠡᠭᠵᠢᠬᠦᠯᠵᠠᠢ᠃ 47 ᠪᠠᠷᠢᠮᠵᠢᠶᠠᠵᠢᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠪᠠ 3 ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠲᠦᠷ ᠰᠠᠭᠤᠬᠤ ᠪᠠᠶᠢᠷᠢ ᠶᠢᠨ ᠬᠡᠷ ᠢ ᠰᠢᠨ᠎ᠠ ᠪᠠᠷ ᠪᠠᠶᠢᠭᠤᠯᠵᠠᠢ᠃ 17.9 ᠲᠦᠮᠠᠨ ᠬᠦᠮᠦᠨ ᠤᠳᠠᠭ᠎ᠠ ᠰᠢᠨ᠎ᠠ ᠬᠡᠯᠪᠠᠷᠢ ᠶᠢᠨ ᠬᠦᠳᠡᠭᠡ ᠲᠤᠰᠬᠤᠨ ᠤ ᠬᠤᠷᠰᠢᠬᠰᠠᠨ ᠡᠮᠨᠡᠯᠭᠡ ᠳᠤ ᠤᠷᠤᠯᠴᠠᠬᠰᠠᠨ ᠡᠪᠡᠳᠴᠢᠳᠠᠨ ᠤ ᠡᠮᠨᠡᠭᠰᠡᠨ ᠵᠠᠷᠤᠳᠠᠯ ᠢ 1.4 ᠳ᠋ᠦᠩᠰᠢᠭᠤᠷ ᠲᠦᠬᠦᠷᠢᠭ ᠲᠠᠩᠰᠠᠨ ᠠᠴᠠ ᠲᠠᠶᠢᠯᠠᠵᠠᠢ᠃ 429 ᠤᠰᠤ ᠤᠮᠳᠠ ᠶᠢᠨ ᠠᠮᠦᠷ ᠲᠦᠪᠰᠢᠨ ᠤ ᠢᠨᠵᠧᠨᠧᠷᠢᠭ ᠢ ᠪᠠᠶᠢᠭᠤᠯᠵᠤ᠂ 16.6 ᠲᠦᠮᠠᠨ ᠬᠦᠮᠦᠨ ᠤ ᠤᠰᠤ ᠤᠮᠳᠠ ᠶᠢᠨ ᠠᠮᠦᠷ ᠲᠦᠪᠰᠢᠨ ᠤ ᠠᠰᠠᠭᠤᠳᠠᠯ ᠢ ᠰᠢᠢᠳᠪᠤᠷᠢᠯᠠᠵᠠᠢ᠃ 12115 ᠡᠷᠦᠭᠡ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠢ ᠰᠠᠯᠪᠢᠨ ᠵᠠᠰᠠᠬᠤ ᠶᠢ ᠬᠡᠷᠡᠭᠵᠢᠬᠦᠯᠵᠤ᠂ 160 ᠢᠵᠢ ᠨᠠᠳᠠ ᠶᠢᠨ ᠲᠦᠷᠢᠶᠠᠰᠤᠯᠠᠵᠤ ᠰᠠᠭᠤᠬᠤ ᠬᠡᠷ ᠢ ᠬᠤᠷᠢᠶᠠᠨ ᠬᠤᠳᠠᠯᠳᠤᠨ ᠠᠪᠴᠤ᠂ 110 ᠡᠷᠦᠭᠡ ᠬᠤᠳᠠ  ᠶᠢᠨ ᠪᠠᠶᠢᠰᠢᠩ ᠬᠡᠷ ᠤᠨ ᠲᠤᠭᠤᠷᠢᠭ ᠢ ᠦᠭᠡᠷᠠᠴᠢᠯᠠᠨ ᠵᠠᠰᠠᠵᠠᠢ᠃ ᠬᠤᠳᠠ ᠪᠠᠯᠭᠠᠰᠤᠨ ᠤ ᠡᠯ᠎ᠡ ᠲᠦᠷᠦᠯ ᠤᠨ ᠠᠵᠢᠯ ᠤᠯᠭᠤᠬᠰᠠᠳ ᠰᠢᠨ᠎ᠠ ᠪᠠᠷ 2100 ᠬᠦᠮᠦᠨ ᠨᠡᠮᠡᠭᠳᠡᠵᠤ᠂ ᠤᠶᠢᠯᠠᠰ ᠪᠦᠳᠦᠭᠡᠬᠦ ᠪᠠᠷ ᠠᠵᠢᠯ ᠤᠯᠬᠤ ᠶᠢ ᠲᠠᠶᠢᠴᠢᠯᠠᠬᠰᠠᠨ ᠨᠢ 1050 ᠬᠦᠮᠦᠨ᠃ ᠵᠦᠷᠢᠴᠠᠯ ᠮᠦᠷᠬᠦᠯᠳᠤᠭᠡᠨ ᠢ ᠢᠯᠭᠠᠨ ᠪᠠᠶᠢᠴᠠᠭᠠᠬᠤ ᠶᠢ ᠬᠦᠨᠵᠡᠭᠡᠢ ᠦᠷᠨᠢᠬᠦᠯᠵᠤ᠂ ᠪᠦᠬᠦ ᠵᠢᠯ ᠳᠤ 273 ᠵᠤᠷᠪᠤᠰ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠨᠠᠮᠳᠠᠭᠠᠵᠠᠢ᠃       ᠦᠩᠭᠡᠷᠡᠭᠰᠡᠨ ᠵᠢᠯ ᠳᠤ ᠪᠢᠳᠠ ᠪᠦᠬᠦ ᠰᠡᠳᠬᠢᠯ ᠢᠶᠠᠷ ᠲᠤᠰᠢᠶᠠᠯ ᠢᠶᠠᠨ ᠬᠦᠢᠴᠡᠳᠭᠡᠵᠤ᠂ ᠦᠷ᠎ᠡ ᠪᠦᠳᠦᠮᠵᠢ  ᠶᠢ ᠠᠳᠬᠤᠵᠤ᠂ ᠡᠷᠭᠡ ᠲᠤᠰᠢᠶᠠᠯ ᠢᠶᠠᠨ ᠬᠤᠪᠢᠷᠠᠭᠤᠯᠵᠤ᠂ ᠵᠠᠰᠠᠭ ᠤᠨ ᠤᠷᠳᠤᠨ ᠤ ᠬᠤᠪᠢ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠠᠢ᠃ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠠᠵᠢᠯ ᠤᠨ ᠬᠦᠴᠦᠯᠠᠴᠠ ᠪᠠᠨ ᠨᠡᠮᠡᠭᠲᠡᠭᠦᠯᠵᠤ᠂ ᠪᠦᠬᠦ ᠤᠷᠤᠨ ᠤ ᠬᠤᠰᠢᠭᠤ ᠰᠢᠶᠠᠨ ᠤ ᠲᠠᠰ ᠤᠨ ᠨᠢᠭᠡᠳᠤᠭᠡᠷ ᠬᠠᠭᠤᠲᠠᠰᠤ ︽ᠭᠤᠷᠪᠠᠨ ᠦᠨᠡᠮᠯᠠᠯ ᠢ ᠨᠡᠶᠢᠯᠡᠭᠦᠯᠬᠦ᠂ ᠨᠢᠬᠡ ᠦᠨᠡᠮᠯᠡᠯ ᠨᠢᠭᠡ ᠲᠠᠮᠳᠡᠭ︾ ᠡᠵᠡᠭᠨᠡᠯᠲᠠ ᠶᠢᠨ ᠦᠨᠡᠮᠯᠡᠯ ᠢ ᠲᠠᠷᠬᠠᠭᠠᠵᠠᠢ᠃40 ᠰᠠᠯᠠᠭ᠎ᠠ ᠮᠦᠴᠢᠷ4528 ᠵᠦᠢᠯ ᠤᠨ ᠡᠷᠬᠡ ᠶᠢᠨ ᠨᠠᠷᠢᠨ ᠲᠠᠩᠰᠠ ᠶᠢ ᠨᠡᠶᠢᠲᠠᠯᠠᠵᠠᠢ᠂ ᠵᠠᠰᠠᠭ ᠤᠨ ᠤᠷᠳᠤᠨ ᠤ ᠡᠷᠭᠡ ᠲᠤᠰᠢᠶᠠᠯ ᠢᠶᠠᠨ ᠬᠤᠪᠢᠷᠠᠭᠠᠬᠤ ᠪᠠ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠲᠦᠯᠬᠢᠨ ᠠᠭᠢᠭᠤᠯᠵᠤ᠂ ᠡᠷᠡᠭᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠵᠠᠬ᠎ᠠ ᠲᠡᠯᠭᠡᠭᠦᠷ ᠢ ᠬᠢᠨᠠᠨ ᠬᠠᠮᠢᠶᠠᠷᠤᠬᠤ ᠲᠤᠪᠴᠢᠶ᠎ᠡ ᠶᠢ ᠨᠡᠶᠢᠯᠡᠭᠦᠯᠵᠦ ᠪᠠᠶᠢᠭᠤᠯᠪᠠ᠃ ᠠᠯᠪᠠᠨ ᠪᠠᠶᠢᠭᠤᠯᠤᠯᠭ᠎ᠠ ᠶᠢᠨ ᠠᠯᠪᠠᠲᠠᠨ ᠤ ᠲᠤᠰᠢᠶᠡᠯ ᠪᠤᠯᠤᠨ ᠲᠠᠰ ᠢ ᠵᠡᠷᠭᠡ ᠪᠠᠷ ᠶᠠᠪᠤᠭᠲᠠᠭᠤᠯᠬᠤ ᠠᠵᠢᠯ ᠢ ᠪᠠᠷᠠᠭᠠᠪᠠ᠃ ᠡᠩ ᠤᠨ ᠴᠢᠨᠡᠷ ᠲᠠᠢ ᠠᠯᠪᠠᠨ ᠤ ᠵᠠᠷᠤᠲᠠᠯ ᠢ ᠪᠠᠭᠠᠰᠴᠤ᠂ ᠪᠦᠬᠦ ᠬᠤᠰᠢᠭᠤᠨ ᠤ ︽ᠠᠯᠪᠠᠨ ᠤ ᠭᠤᠷᠪᠠᠨ︾ ᠵᠠᠷᠤᠲᠠᠯ ᠠᠲᠠᠯᠢ ᠬᠤᠭᠤᠴᠠᠭᠠᠨ ᠠᠴᠠ 5% ᠢᠶᠠᠷ ᠲᠤᠷᠤᠭᠰᠢᠯᠠᠵᠠᠢ᠃ ᠡᠳ᠋ ᠤᠨ ᠵᠠᠰᠠᠭ ᠤᠨ ᠬᠢᠨᠠᠨ ᠲᠤᠭᠲᠠᠭᠠᠬᠤ ᠪᠠ ᠵᠠᠰᠠᠭ ᠤᠨ ᠤᠷᠳᠤᠨ ᠤ ᠬᠤᠲᠠᠯᠲᠤᠨ ᠠᠪᠬᠤ ᠪᠠᠷ ᠲᠠᠮᠵᠢᠵᠤ᠂ ᠪᠠᠯᠠ ᠮᠦᠩᠬᠦ ᠶᠢ 2.3 ᠳ᠋ᠦᠩᠰᠢᠭᠤᠷ ᠲᠦᠬᠦᠷᠢᠭ ᠬᠢᠨᠠᠨ ᠬᠠᠰᠤᠵᠠᠢ᠃ ᠪᠦᠬᠦ ᠵᠢᠯ ᠳᠤ ᠠᠷᠠᠳ ᠤᠨ ᠲᠦᠯᠦᠭᠡᠯᠡᠭᠴᠢᠳ  ᠤᠨ ᠰᠠᠨᠠᠯ ᠰᠠᠨᠠᠭᠤᠯᠭ᠎ᠠ ᠶᠢ 119 ᠵᠦᠢᠯ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠰᠠᠨᠠᠯ ᠢ 124 ᠵᠦᠢᠯ ᠢ ᠰᠢᠢᠳᠪᠦᠷᠢᠯᠡᠵᠠᠢ᠃ ︽ᠭᠤᠷᠪᠠ ᠴᠢᠩᠭ᠎ᠠ ᠭᠤᠷᠪᠠ ᠪᠤᠲᠠᠲᠠᠢ︾ ᠲᠤᠰᠬᠠᠢ ᠰᠡᠳᠦᠪᠳᠦ ᠰᠤᠷᠤᠯᠴᠠᠯᠭ᠎ᠠ ᠬᠦᠮᠦᠵᠢᠯ ᠤᠨ ᠠᠵᠢᠯᠯᠠᠭᠠᠨ ᠢ ᠦᠨᠳᠦᠷ ᠪᠠᠷᠢᠮᠵᠢᠶ᠎ᠠ ᠪᠠᠷ ᠦᠷᠨᠢᠭᠦᠯᠵᠦ᠂ ︽ᠲᠦᠷᠪᠡᠨ ᠰᠤᠷᠲᠠᠯ︾ ᠤᠨ ᠠᠰᠠᠭᠤᠲᠠᠯ  ᠢ ᠬᠢᠨᠠᠵᠤ ᠪᠠᠶᠢᠴᠠᠭᠠᠬᠤ ᠶᠢ ᠴᠢᠩᠭᠠᠳᠬᠠᠪᠠ᠂ ᠬᠠᠤᠯᠢ ᠲᠦᠷᠢᠮ ᠠᠴᠠ ᠵᠦᠷᠢᠴᠡᠭᠰᠡᠨ ᠬᠡᠷᠡᠭ ᠶᠠᠪᠤᠲᠠᠯ ᠢ ᠰᠢᠢᠳᠪᠦᠷᠢᠯᠡᠬᠦ ᠬᠦᠴᠦᠯᠡᠴᠠ ᠪᠠᠨ  ᠴᠢᠩᠭᠠᠳᠬᠠᠬᠤ᠂ ᠡᠰᠡ ᠦᠢᠯᠡᠳᠬᠦᠢ᠂ ᠤᠲᠠᠭᠠᠨ ᠦᠢᠯᠡᠳᠬᠦᠢ᠂ ᠲᠠᠷᠤᠭ᠎ᠠ ᠪᠤᠯᠴᠢᠬᠠᠭᠠᠳ ᠦᠯᠦ ᠦᠢᠯᠡᠳᠬᠦᠢ ᠠᠰᠠᠭᠤᠲᠠᠯ ᠢ ᠲᠤᠰᠬᠠᠢ ᠲᠦᠷᠦᠯ ᠢᠶᠠᠷ ᠵᠠᠰᠠᠵᠤ᠂ ᠵᠠᠰᠠᠭ ᠤᠨ ᠰᠤᠷᠲᠠᠯ ᠠᠵᠢᠯ  ᠤᠨ ᠰᠤᠷᠲᠠᠯ ᠮᠡᠲᠡᠭᠲᠡᠮ᠎ᠡ ᠰᠠᠶᠢᠵᠢᠷᠠᠵᠠᠢ᠃ ᠦᠪᠠᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠪᠦᠯᠬᠦᠮ ᠤᠨ ᠲᠤᠰᠢᠶᠠᠨ ᠦᠭᠬᠦᠭᠰᠡᠨ 111 ᠵᠤᠷᠪᠤᠰ ᠺᠠᠳ᠋ᠷ ᠤᠨ ᠠᠰᠠᠭᠤᠳᠠᠯ ᠤᠨ ᠰᠦᠪᠡᠭᠴᠢ ᠶᠢ ᠨᠢᠭᠡᠨᠳᠡ 100% ᠪᠠᠷ ᠨᠠᠶᠢᠳᠠᠪᠤᠷᠢᠵᠢᠭᠤᠯᠵᠠᠢ᠃ ᠪᠠᠴᠢᠮ ᠪᠠᠶᠢᠲᠠᠯ ᠤᠨ ᠬᠠᠮᠢᠶᠠᠷᠤᠯᠲᠠ ᠠᠶᠤᠯᠬᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠠᠳᠬᠤᠵᠤ᠂ ᠨᠡᠶᠢᠭᠡᠮ ᠤᠨ  ᠪᠦᠬᠦ ᠲᠠᠯ᠎ᠠ ᠤᠨ ᠡᠶ᠎ᠡ ᠵᠤᠬᠢᠴᠠᠩᠭᠤᠢ ᠲᠤᠭᠲᠠᠭᠤᠨ ᠢ ᠬᠠᠮᠠᠭᠠᠯᠠᠵᠠᠢ᠃ ᠦᠨᠳᠦᠰᠦᠲᠡᠨ ᠱᠠᠰᠢᠨ ᠰᠤᠷᠳᠠᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠠᠩᠰᠠ ᠡᠪᠬᠡᠮᠠᠯ᠂ ᠭᠠᠵᠠᠷ ᠤᠷᠤᠨ ᠤ ᠤᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠠ᠂ ᠭᠠᠲᠠᠭᠠᠳᠤ ᠶᠠᠪᠤᠲᠠᠯ᠂ ᠬᠠᠷᠢᠶᠠᠳᠤ ᠶᠢᠨ ᠶᠠᠪᠤᠲᠠᠯ᠂ ᠭᠠᠯ ᠤᠨᠲᠠᠷᠠᠭᠠᠬᠤ᠂ ᠴᠠᠭ ᠠᠭᠤᠷ᠂ ᠭᠠᠵᠠᠷ ᠬᠦᠲᠠᠯᠦᠯᠲᠠ᠂ ᠵᠡᠮᠲᠡᠭᠴᠤᠳ᠂ ᠤᠯᠠᠭᠠᠨ ᠵᠠᠭᠠᠯᠮᠠᠶᠢᠲᠠᠨ ᠵᠡᠷᠭᠡ ᠠᠵᠢᠯ ᠤᠨ ᠲᠠᠯ᠎ᠠ ᠪᠠᠷ ᠴᠦᠮ ᠰᠢᠨ᠎ᠠ ᠠᠮᠵᠢᠯᠲᠠ ᠤᠯᠪᠠ᠃       ᠲᠦᠯᠦᠭᠡᠯᠡᠭᠴᠢᠳ ᠡ᠂ 2015 ᠤᠨ ᠤ ᠭᠤᠤᠯ ᠡᠭᠦᠷᠬᠡ ᠬᠠᠷᠠᠯᠲᠠ ᠪᠠᠨ ᠪᠡᠶᠡᠯᠡᠭᠦᠯᠦᠭᠰᠡᠨ ᠨᠢ ᠪᠦᠬᠦ ᠬᠤᠰᠢᠭᠤᠨ ᠤ ︽12.5︾ ᠶᠢᠨ ᠲᠦᠯᠦᠪᠵᠢᠭᠦᠯᠬᠡ ᠶᠢ ᠢᠯᠠᠯᠲᠠ ᠲᠠᠢ ᠪᠠᠶᠠᠯᠠᠭᠦᠯᠵᠤ᠂ ᠤᠡᠭᠨᠢᠭᠤᠳ ᠬᠤᠰᠢᠭᠤ ᠨᠢ ᠨᠢᠭᠡᠨᠲᠠ ᠰᠢᠨ᠎ᠠ ᠬᠦᠭᠵᠢᠯᠲᠠ ᠶᠢᠨ ᠡᠬᠢᠯᠡᠯᠲᠠ ᠶᠢᠨ ᠴᠡᠭ ᠲᠡᠭᠡᠷ᠎ᠡ ᠵᠤᠭᠰᠤᠭᠰᠠᠨ ᠢ ᠪᠡᠯᠭᠡᠲᠡᠵᠤ ᠪᠠᠶᠢᠨ᠎ᠠ  ᠃ ᠲᠠᠪᠤᠨ ᠵᠢᠯ ᠤᠨ ᠬᠦᠭᠵᠢᠯᠲᠠ᠂ ᠠᠮᠵᠢᠯᠲᠠ ᠶᠢᠨ ᠢᠷᠠᠯᠳᠠ ᠨᠢ ᠬᠢᠯᠪᠡᠷ ᠪᠤᠰᠤ᠂ ᠲᠤᠷᠰᠢᠯᠭ᠎ᠠ ᠨᠡᠩ ᠡᠷᠬᠢᠮ ᠨᠠᠨᠲᠢᠨ᠃ ᠡᠨᠡ ᠪᠤᠯ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠭᠠᠷᠭᠠᠭᠰᠠᠨ ᠤ ᠦᠷ᠎ᠡ ᠳ᠋ᠦᠩ ᠮᠦᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ  ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠦᠷ᠎ᠡ ᠪᠦᠲᠦᠮᠵᠢ ᠲᠠᠢ ᠪᠠᠷ ᠬᠢᠨᠠᠯᠲᠠ ᠲᠠᠯᠪᠢᠵᠤ᠂ ᠪᠦᠬᠦ ᠬᠦᠴᠦᠨ ᠢᠶᠠᠷ ᠲᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠦᠨ᠂ ᠮᠦᠨᠴᠦ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠠᠮᠳᠦ ᠪᠠᠷ ᠬᠦᠴᠢᠷ ᠢ ᠢᠯᠠᠨ ᠲᠠᠪᠠᠵᠤ᠂ ᠦᠨᠡᠩᠬᠦ ᠠᠳᠬᠤᠨ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠃ ᠡᠬᠦᠨ ᠳᠤ ᠪᠢ ᠬᠤᠰᠢᠭᠤᠨ ᠤ ᠠᠷᠠᠳ ᠤᠨ ᠵᠠᠰᠠᠭ  ᠤᠨ ᠤᠷᠳᠤᠨ ᠢ ᠲᠦᠯᠦᠭᠡᠯᠡᠵᠦ᠂ ᠤᠡᠭᠨᠢᠭᠤᠳ ᠤᠨ ᠠᠵᠤ ᠠᠬᠤᠢ ᠨᠡᠶᠢᠭᠡᠮ ᠤᠨ ᠬᠦᠭᠵᠢᠯᠲᠠ ᠶᠢ ᠬᠠᠯᠠᠮᠵᠢᠯᠠᠨ ᠲᠡᠮᠵᠢᠵᠤ ᠪᠠᠶᠢᠭ᠎ᠠ ᠡᠯ᠎ᠡ ᠦᠨᠳᠦᠰᠦᠲᠡᠨ ᠤ ᠠᠷᠠᠳ ᠲᠦᠮᠡᠨ ᠡᠯ᠎ᠡ ᠡᠲᠡᠭᠡᠳ ᠤᠨ ᠨᠠᠶᠢᠵᠠ ᠨᠦᠬᠦᠳ ᠲᠡᠭᠡᠨ ᠬᠠᠮᠤᠭ  ᠤᠨ ᠡᠷᠬᠢᠮ ᠲᠠᠭᠡᠳᠦ ᠮᠠᠨᠳᠦᠴᠢᠯᠡᠯ ᠪᠠ ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠭᠦᠯᠦᠶ᠎ᠡ  ︕       ᠠᠮᠵᠢᠯᠲᠠ ᠪᠠᠨ ᠳ᠋ᠦᠡᠭᠨᠡᠬᠦ ᠶᠢᠨ ᠵᠡᠷᠭᠡᠪᠡᠷ᠂ ᠪᠢᠲᠠ ᠪᠠᠰᠠ ᠰᠢᠨ᠎ᠠ ᠬᠡᠪ ᠪᠠᠶᠢᠲᠠᠯ ᠲᠤᠤᠷ᠎ᠠ᠂ ᠤᠡᠭᠨᠢᠭᠤᠳ  ᠲᠤ ᠤᠯᠲᠠᠰᠢ ᠦᠭᠡᠢ ᠬᠦᠭᠵᠢᠯᠲᠠ ᠶᠢᠨ ᠰᠢᠨ᠎ᠠ ᠵᠠᠪᠰᠢᠶᠠᠨ ᠢᠷᠠᠬᠦ ᠮᠦᠷᠲᠡᠭᠡᠨ ᠪᠠᠰᠠ ᠰᠢᠨ᠎ᠠ ᠠᠰᠠᠭᠤᠲᠠᠯ᠂ ᠰᠢᠨ᠎ᠠ ᠦᠷᠢᠰᠦᠯᠳᠦᠭᠡᠨ ᠲᠤᠯᠭᠠᠷᠠᠨ᠎ᠠ ᠭᠡᠲᠡᠭ ᠢ ᠰᠡᠷᠭᠡᠭ ᠢᠶᠠᠷ ᠲᠠᠨᠢᠵᠤ ᠤᠯᠤᠬᠰᠠᠨ ᠪᠠᠶᠢᠨ᠎ᠠ᠃ ᠭᠤᠤᠯ ᠢᠯᠡᠷᠡᠯ ᠨᠢ᠄ ᠬᠦᠭᠵᠢᠯᠲᠠ ᠠᠨᠠᠢ ᠬᠤᠰᠢᠭᠤᠨ ᠤ ᠦᠨᠳᠦᠰᠤᠨ ᠪᠠᠶᠢᠲᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠭᠡᠢ᠂ ᠶᠡᠷᠦᠩᠬᠡᠢ ᠬᠡᠮᠵᠢᠶ᠎ᠠ ᠶᠢ ᠨᠡᠮᠡᠭᠲᠡᠭᠦᠯᠬᠦ ᠪᠠ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠲᠠᠪᠬᠤᠷ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠡᠳ᠋ ᠤᠨ ᠢᠷᠠᠯᠳᠠ ᠶᠢᠨ ᠪᠦᠳᠦᠭᠡᠨ ᠪᠠᠶᠢᠭᠤᠯᠤᠯᠳᠠ ᠲᠤᠷᠤᠢ᠂ ᠲᠠᠸᠠᠷ ᠤᠨ ᠬᠡᠷ ᠰᠠᠭᠤᠴᠠ ᠶᠢᠨ ᠬᠠᠳᠠᠭᠠᠯᠠᠬᠳᠠᠵᠤ ᠪᠠᠶᠢᠬᠤ ᠲᠠᠷᠤᠯᠳᠠ ᠨᠠᠯᠢᠶᠠᠳ ᠶᠡᠭᠡ᠂ ᠲᠤᠭᠤᠷᠢᠭ ᠤᠨ ᠠᠵᠤ ᠠᠬᠤᠶᠢᠯᠠᠯ ᠤᠨ ᠪᠠᠯᠠ ᠴᠤᠬᠯᠠᠭᠤᠯᠬᠤ ᠬᠦᠴᠢᠷᠳᠠᠯ ᠪᠠ ᠡᠬᠡ ᠦᠷᠳᠡᠭ ᠲᠠᠭᠡᠭᠰᠢᠯᠠᠬᠦ ᠠᠴᠠ ᠪᠢᠰᠢ ᠪᠠᠭᠤᠷᠠᠬᠰᠠᠨ ᠦᠭᠡᠢ᠃ ᠠᠵᠤ ᠦᠢᠯᠡᠳᠪᠦᠷᠢ ᠶᠢᠨ ᠬᠦᠭᠵᠢᠯᠲᠠ ᠶᠢᠨ ᠨᠦᠬᠡᠴᠡ ᠬᠦᠴᠦᠨ ᠬᠦᠷᠦᠯᠴᠡᠬᠦ ᠦᠭᠡᠢ᠂ ᠲᠠᠲᠠᠠᠬᠤ ᠬᠦᠴᠦᠨ ᠪᠠ ᠲᠤᠯᠭᠠᠷᠢᠯᠠᠬᠤ ᠬᠦᠴᠦᠨ ᠲᠠᠢ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠲᠤᠲᠠᠮᠠᠭ᠂ ᠮᠠᠯ ᠲᠠᠷᠢᠶᠠᠯᠠᠩ ᠤᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠡᠬᠢᠯᠡᠯᠲᠠ ᠶᠢᠨ ᠱᠠᠳᠤᠨ ᠳᠠᠭᠠᠨ ᠪᠠᠶᠢᠵᠤ᠂ ᠰᠢᠨ᠎ᠠ ᠬᠡᠯᠪᠡᠷᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠲᠠᠭᠠᠭᠤᠯᠬᠤ ᠦᠢᠯᠡᠳᠦᠯ ᠨᠢ ᠢᠯᠡᠷᠬᠡᠢ ᠪᠤᠰᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠦᠨ᠎ᠠ ᠪᠠᠭᠤᠷᠠᠵᠤ᠂ ᠮᠠᠯᠴᠢᠨ ᠲᠠᠷᠢᠶᠠᠴᠢᠨ ᠤ ᠦᠷᠬᠦᠯᠵᠢᠯᠡᠨ ᠤᠷᠤᠯᠭ᠎ᠠ ᠨᠠᠮᠡᠭᠲᠠᠭᠦ ᠰᠠᠭᠤᠷᠢ ᠪᠠᠳᠤ ᠪᠢᠰᠢ᠂ ᠤᠳᠤᠬᠢᠴᠢᠯᠠᠬᠰᠠᠨ ᠮᠠᠯ ᠲᠠᠷᠢᠶᠠᠯᠠᠩ ᠤᠨ ᠲᠤᠬᠳᠠᠯᠴᠠᠭ᠎ᠠ ᠶᠢᠨ ᠪᠠᠶᠢᠭᠤᠯᠤᠯᠳᠠ ᠨᠢ ᠰᠢᠰᠲ᠋ᠧᠮ ᠲᠠᠢ ᠲᠦᠯᠦᠪᠯᠡᠭᠡ ᠲᠤᠳᠠᠬᠳᠠᠵᠤ ᠪᠠᠶᠢᠨ᠎ᠠ᠃ ᠰᠤᠶᠤᠯ ᠵᠤᠭᠠᠴᠠᠯ ᠤᠨ ᠡᠬᠢ ᠰᠤᠷᠪᠤᠯᠵᠢ ᠶᠢ ᠢᠯᠡᠷᠡᠭᠦᠯᠵᠤ ᠠᠰᠢᠭᠯᠠᠬᠤ ᠬᠦᠷᠦᠯᠴᠡᠬᠦ ᠦᠬᠡᠢ᠂ ᠡᠯᠧᠺᠲᠷᠤᠨ ᠬᠤᠳᠠᠯᠳᠤᠭ᠎ᠠ᠂ ᠬᠦᠮᠦᠷᠭᠡᠯᠡᠬᠦ ᠪᠤᠲᠠᠰ ᠤᠨ ᠭᠦᠢᠯᠭᠡᠭᠡ ᠵᠡᠷᠭᠡ ᠰᠢᠨ᠎ᠠ ᠪᠤᠢ ᠪᠤᠯᠤᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠲᠠ ᠬᠠᠷᠢᠴᠠᠩᠭᠤᠢ ᠪᠠᠷ ᠤᠳᠠᠭᠠᠯᠢᠭ᠂ ᠠᠵᠤ ᠦᠢᠯᠠᠰ ᠤᠨ ᠴᠢᠨᠡᠷ ᠢ ᠲᠡᠭᠡᠭᠰᠢᠯᠡᠭᠦᠯᠬᠦ ᠪᠠᠴᠢᠮ ᠱᠠᠭᠠᠷᠳᠠᠬᠳᠠᠵᠤ ᠪᠠᠶᠢᠨ᠎ᠠ᠃ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠤᠰᠤᠨ ᠠᠰᠢᠭᠯᠠᠯᠲᠠ ᠵᠡᠷᠭᠡ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠪᠠᠰᠠᠴᠤ ᠲᠠᠭᠦᠯᠲᠠᠷᠵᠢᠭᠡᠳᠦᠢ᠂ ᠠᠮᠢ ᠠᠬᠤᠢ  ᠶᠢᠨ ᠪᠦᠳᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠡᠬᠦᠷᠭᠡ ᠪᠠᠰᠠᠴᠤ ᠬᠦᠨᠳᠤ ᠪᠠᠶᠢᠬᠰᠠᠭᠠᠷ᠃ ᠠᠵᠢᠯ ᠤᠯᠬᠤ᠂ ᠡᠪᠡᠳᠴᠢᠨ ᠦᠵᠡᠭᠦᠯᠬᠦ᠂ ᠰᠤᠷᠭᠠᠭᠤᠯᠢ ᠳᠤ ᠤᠷᠤᠬᠤ᠂ ᠰᠠᠭᠤᠬᠤ ᠭᠡᠷ ᠵᠡᠷᠭᠡ ᠲᠠᠯ᠎ᠠ ᠪᠠᠷ ᠤᠯᠠᠨ ᠲᠦᠮᠡᠨ ᠤ ᠬᠦᠰᠡᠯ ᠱᠠᠭᠠᠷᠲᠠᠯᠭ᠎ᠠ ᠲᠠᠢ ᠪᠠᠰᠠᠴᠤ ᠨᠢᠭᠡᠨ ᠬᠡᠮᠵᠢᠶᠡᠨ ᠤ ᠵᠦᠷᠢᠶ᠎ᠡ ᠲᠠᠢ ᠪᠠᠶᠢᠭᠰᠠᠭᠠᠷ᠃ ᠨᠢᠬᠡ ᠪᠦᠯᠦᠭ ᠭᠠᠵᠠᠷ ᠤᠷᠤᠨ ᠪᠠ ᠺᠠᠳ᠋ᠷᠴᠤᠳ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢ ᠲᠤᠬᠢᠷᠠᠭᠤᠯᠬᠤ ᠶᠢ ᠲᠦᠯᠬᠢᠨ ᠠᠭᠢᠭᠤᠯᠬᠤ ᠲᠠᠯ᠎ᠠ ᠳᠤ ᠲᠠᠨᠢᠯᠲᠠ ᠪᠠᠷ ᠲᠤᠲᠠᠮᠠᠭ᠂ ᠰᠢᠨ᠎ᠠ ᠶᠢ ᠡᠭᠦᠳᠦᠵᠤ ᠬᠦᠭᠵᠢᠬᠦ᠂ ᠢᠲᠡᠪᠬᠢᠲᠡᠢ ᠬᠠᠷᠢᠭᠤᠴᠠᠬᠤ ᠵᠤᠷᠢᠭ ᠬᠦᠷᠦᠯᠴᠡᠬᠦ ᠦᠬᠡᠢ᠂ ᠠᠵᠢᠯ ᠬᠢᠵᠤ ᠤᠶᠢᠯᠠᠰ ᠪᠦᠳᠦᠭᠡᠬᠦ ᠤᠷᠴᠢᠨ ᠤᠯᠠᠮ ᠨᠢᠭᠡ ᠠᠯᠬᠤᠮ ᠪᠦᠷᠢᠯᠳᠤᠬᠦ ᠴᠢᠬᠤᠯᠠ ᠲᠠᠢ᠂ ᠡᠲᠡᠭᠡᠷ ᠠᠰᠠᠭᠤᠲᠠᠯ ᠢ ᠪᠢᠲᠠ ᠬᠤᠶᠢᠰᠢᠲᠠ ᠶᠢᠨ ᠠᠵᠢᠯ ᠲᠤᠮᠲᠠ ᠴᠢᠷᠮᠠᠶᠢᠨ ᠰᠢᠢᠳᠪᠦᠷᠢᠯᠡᠨ᠎ᠠ᠃       ᠬᠤᠶᠡᠷ᠂  ︽13.5︾ ᠤᠨ ᠬᠤᠭᠤᠴᠠᠭᠠᠨ ᠳᠠᠬᠢ ᠤᠡᠭᠨᠢᠭᠤᠳ ᠤᠨ ᠬᠦᠭᠵᠢᠯᠲᠠ ᠶᠢᠨ ᠬᠠᠨᠳᠤᠰᠢ       ᠰᠢᠨ᠎ᠠ ᠴᠠᠭ ᠤᠨ ᠪᠠᠶᠢᠲᠠᠯ ᠳᠤ ᠬᠠᠨᠳᠤᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠤᠡᠭᠨᠢᠭᠤᠳ ᠬᠤᠰᠢᠭᠤᠨ ᠤ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠬᠡ ᠶᠢ ᠲᠤᠭᠲᠠᠭᠠᠬᠤ ᠰᠠᠨᠠᠭᠤᠯᠭ᠎ᠠ︾ ᠶᠢ ᠦᠨᠳᠦᠰᠦᠯᠠᠨ ︽13.5︾ ᠤᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠮᠵᠢ ᠪᠤᠯ᠄ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠪᠠ ᠠᠷᠪᠠᠨ ᠨᠠᠶᠢᠮᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠲᠠ ᠬᠤᠷᠠᠯ᠂ ᠲᠦᠷᠪᠡᠳᠦᠭᠡᠷ ᠪᠦᠬᠦᠲᠠ ᠬᠤᠷᠠᠯ᠂ ᠲᠠᠪᠤᠳᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠯᠢ ᠺᠧ ᠴᠢᠶᠠᠩ ᠶᠡᠷᠦᠩᠬᠡᠢ ᠰᠠᠶᠢᠳ ᠤᠨ ᠤᠡᠭᠨᠢᠭᠤᠳ ᠲᠠᠬᠢ ᠵᠢᠭᠠᠪᠤᠷᠢ ᠪᠠ ᠱᠠᠭᠠᠷᠲᠠᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠲᠠ ᠶᠢ ᠡᠮᠬᠢ ᠲᠠᠷᠠᠭ᠎ᠠ ᠲᠠᠢ ᠵᠠᠯᠭᠠᠨ ᠠᠪᠴᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠪᠠᠷᠢᠮᠳᠠᠯᠠᠵᠤ᠂ ︽ᠰᠢᠨ᠎ᠠ ᠶᠢ ᠡᠭᠦᠳᠬᠦ᠂ ᠵᠤᠬᠢᠴᠠᠩᠭᠤᠢ ᠂ ᠪᠤᠬᠢᠷᠳᠤᠯ ᠦᠭᠡᠢ᠂ ᠴᠢᠯᠦᠭᠡᠲᠠᠢ ᠶᠠᠪᠤᠯᠴᠠᠬᠤ᠂ ᠬᠠᠮᠳᠤᠪᠠᠷ ᠡᠳ᠋ᠯᠡᠬᠦ︾ ᠲᠠᠪᠤᠨ ᠶᠡᠭᠡ ᠬᠦᠭᠵᠢᠯᠲᠠ ᠶᠢᠨ ᠦᠵᠡᠯᠲᠠ  ᠶᠢ ᠪᠠᠷᠢᠮᠲᠠᠯᠠᠵᠤ᠂ ᠬᠦᠭᠵᠢᠯᠲᠠ ᠶᠢᠨ ᠴᠢᠨᠡᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠭᠦᠯᠬᠦ ᠪᠠᠷ ᠭᠤᠤᠯᠲᠠᠯᠭ᠎ᠠ ᠪᠤᠯᠭᠠᠵᠤ᠂ ᠬᠦᠭᠵᠢᠯᠲᠠ ᠶᠢᠨ ᠠᠷᠭ᠎ᠠ ᠬᠡᠯᠪᠡᠷᠢ ᠪᠠᠨ ᠰᠢᠨᠠᠴᠢᠯᠡᠵᠤ᠂ ᠴᠢᠯᠦᠭᠡᠲᠠᠢ ᠪᠤᠯᠭᠠᠵᠤ ᠬᠦᠭᠵᠢᠯᠲᠠ ᠶᠢᠨ ᠠᠷᠭ᠎ᠠ ᠬᠡᠯᠪᠡᠷᠢ ᠪᠠᠨ ᠰᠢᠨᠠᠴᠢᠯᠡᠵᠤ ᠦᠭᠡᠷᠠᠴᠢᠯᠠᠯᠳᠠ ᠬᠢᠵᠤ ᠴᠢᠯᠦᠭᠡᠳᠡᠢ ᠶᠠᠪᠤᠯᠴᠠᠬᠤ ᠶᠢ ᠰᠠᠶᠢᠳᠤᠷ ᠬᠢᠨ᠎ᠠ᠂ ᠭᠤᠷᠪᠠᠳᠤᠭᠠᠷ ᠠᠵᠤ  ᠦᠢᠯᠡᠰ ᠢ ᠨᠢᠭᠡᠳᠦᠯᠲᠠᠢ ᠲᠦᠯᠦᠪᠯᠡᠵᠤ᠂ ᠲᠦᠷᠪᠡᠨ ᠶᠡᠭᠡ ᠲᠤᠭᠤᠷᠢᠭ ᠢ ᠪᠠᠶᠢᠭᠤᠯᠤᠨ᠎ᠠ᠂ ᠬᠦᠭᠵᠢᠯᠳᠠ ᠶᠢ ᠬᠢᠵᠠᠭᠠᠷᠯᠠᠵᠤ ᠪᠠᠶᠢᠬᠤ ᠬᠦᠴᠢᠷ ᠠᠰᠠᠭᠤᠲᠠᠯ ᠢ ᠲᠠᠶᠢᠯᠵᠤ᠂ ᠠᠵᠤ ᠠᠬᠤᠢ ᠶᠢᠨ ᠬᠦᠭᠵᠢᠯᠲᠠ ᠶᠢᠨ ᠰᠢᠨ᠎ᠠ ᠬᠡᠪ ᠪᠡᠶᠢᠲᠠᠯ ᠢ ᠵᠢᠯᠤᠭᠤᠳᠬᠤ ᠲᠤᠭᠲᠠᠯᠴᠠᠭ᠎ᠠ ᠪᠦᠷᠢᠯᠳᠤᠬᠦ ᠶᠢ ᠲᠦᠷᠭᠡᠳᠬᠡᠵᠦ᠂ ᠪᠦᠬᠦ ᠬᠦᠴᠦᠨ ᠢᠶᠠᠷ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠪᠠᠶᠢᠭᠤᠯᠤᠯᠲᠠ ᠶᠢ ᠲᠦᠯᠬᠢᠨ ᠠᠭᠢᠭᠤᠯᠵᠤ᠂ ᠲᠤᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠪᠠᠶᠢᠭᠤᠯᠬᠤ ᠶᠢ ᠪᠠᠳᠤᠯᠠᠨ᠎ᠠ᠃       ᠬᠤᠶᠢᠰᠢᠲᠠ ᠶᠢᠨ ᠲᠠᠪᠤᠨ ᠵᠢᠯ ᠤᠨ ᠬᠦᠭᠵᠢᠯᠲᠠ ᠶᠢᠨ ᠬᠠᠨᠳᠤᠰᠢ ᠪᠠ ᠨᠦᠬᠦᠴᠡᠯ ᠢ ᠶᠡᠷᠦᠩᠬᠡᠶᠢᠯᠡᠨ ᠪᠤᠳᠤᠯᠬᠢᠯᠠᠪᠠᠯ᠂ ︽13.5︾ ᠤᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠭᠤᠤᠯ ᠤᠷᠢᠳᠴᠢᠯᠠᠭᠰᠠᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠵᠢᠯ ᠲᠤᠮᠲᠠᠴᠢ ᠪᠠᠷ 9% ᠤᠷᠴᠢᠮ ᠨᠠᠮᠡᠭᠲᠠᠭᠦᠯᠵᠦ᠂ 2020 ᠤᠨ ᠳᠤ 233 ᠳ᠋ᠦᠡᠭᠰᠢᠭᠤᠷ ᠲᠦᠭᠦᠷᠢᠭ ᠲᠤ ᠬᠦᠷᠭᠡᠨ᠎ᠠ᠃ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠲᠤᠮᠲᠠᠴᠢ ᠪᠠᠷ 6% ᠤᠷᠴᠢᠮ ᠨᠡᠮᠡᠭᠲᠡᠭᠦᠯᠵᠦ᠂ 5.6 ᠳ᠋ᠦᠡᠭᠰᠢᠭᠤᠷ ᠲᠦᠭᠦᠷᠢᠭ ᠲᠤ ᠬᠦᠷᠬᠡᠨ᠎ᠡ᠃ ᠬᠡᠪᠴᠢᠶᠡᠵᠢᠯ  ᠠᠴᠠ ᠲᠡᠭᠡᠭᠰᠢ ᠲᠤᠭᠲᠠᠮᠠᠯ ᠬᠦᠷᠦᠩᠬᠡ ᠶᠢᠨ ᠪᠠᠯᠠ ᠤᠷᠤᠭᠤᠯᠤᠯᠲᠠ ᠶᠢ ᠵᠢᠯ ᠲᠤᠮᠳᠠᠴᠢ ᠪᠠᠷ 14% ᠤᠷᠴᠢᠮ ᠨᠠᠮᠡᠭᠲᠡᠭᠦᠯᠵᠦ᠂ 194 ᠳ᠋ᠦᠩᠰᠢᠭᠤᠷ ᠲᠦᠭᠦᠷᠢᠭ ᠲᠤ ᠬᠦᠷᠬᠡᠨ᠎ᠡ᠃ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠲᠠᠯᠲᠤᠬᠤ ᠶᠡᠷᠦᠩᠬᠡᠢ ᠨᠤᠷᠮ᠎ᠠ ᠶᠢ ᠵᠢᠯ ᠲᠤᠮᠲᠠᠴᠢ ᠪᠠᠷ 11% ᠤᠷᠴᠢᠮ ᠨᠡᠮᠡᠭᠲᠡᠭᠦᠯᠵᠦ᠂ 71 ᠳ᠋ᠦᠡᠭᠰᠢᠭᠤᠷ ᠲᠦᠭᠦᠷᠢᠭ ᠲᠤ ᠬᠦᠷᠬᠡᠨ᠎ᠡ᠃ ᠬᠤᠲᠠ ᠪᠠᠯᠭᠠᠰᠤᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠡᠵᠡᠮᠲᠠᠵᠤ ᠪᠤᠯᠬᠤ ᠤᠷᠤᠯᠭ᠎ᠠ ᠶᠢ ᠵᠢᠯ ᠲᠤᠮᠲᠠᠴᠢ ᠪᠠᠷ 11.5% ᠤᠷᠴᠢᠮ ᠨᠡᠮᠡᠭᠲᠡᠭᠦᠯᠵᠦ᠂ 39000 ᠲᠦᠭᠦᠷᠢᠭ ᠲᠤ ᠬᠦᠷᠭᠡᠨ᠎ᠡ  ᠃ ᠬᠦᠲᠡᠭᠡ ᠲᠤᠰᠬᠤᠨ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠠᠷᠠᠳ ᠤᠨ ᠬᠦᠮᠦᠨ ᠲᠤᠮᠲᠠᠴᠢ ᠶᠢᠨ ᠡᠵᠡᠮᠲᠡᠵᠤ ᠪᠤᠯᠬᠤ ᠤᠷᠤᠯᠭ᠎ᠠ ᠶᠢ ᠵᠢᠯ ᠲᠤᠮᠲᠠᠴᠢ ᠪᠠᠷ 11% ᠤᠷᠷᠴᠢᠮ ᠨᠡᠮᠡᠭᠲᠡᠭᠦᠯᠵᠦ᠂ 14000 ᠲᠦᠭᠦᠷᠢᠭ ᠲᠤ ᠬᠦᠷᠭᠡᠨ᠎ᠡ᠃     —— ᠠᠵᠤ ᠦᠢᠯᠡᠰ ᠤᠨ ᠰᠢᠯᠢᠳᠡᠭᠵᠢᠵᠤ ᠲᠡᠪᠰᠢᠬᠦ ᠲᠠᠯ᠎ᠠ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠪᠠᠶᠠᠨ ᠴᠢᠨᠡᠭᠡᠯᠢᠭ ᠤᠡᠭᠨᠢᠭᠤᠳ ᠢ ᠪᠠᠶᠢᠭᠤᠯᠤᠨ᠎ᠠ᠃ ᠬᠤᠶᠢᠰᠢᠲᠠ ᠶᠢᠨ ᠲᠠᠪᠤᠨ ᠵᠢᠯ ᠳᠤ ᠪᠢᠲᠠ ᠬᠦᠴᠦᠨ  ᠢᠶᠠᠨ ᠲᠦᠪᠯᠡᠷᠡᠭᠦᠯᠵᠦ ᠠᠵᠤ ᠦᠢᠯᠡᠰ ᠢᠶᠠᠷ ᠬᠤᠰᠢᠭᠤ ᠪᠠᠨ ᠪᠠᠶᠠᠵᠢᠭᠤᠯᠵᠤ᠂ ᠭᠤᠷᠪᠠᠳᠤᠭᠠᠷ ᠠᠵᠤ ᠦᠢᠯᠡᠰ ᠤᠨ ᠪᠦᠳᠦᠴᠡ ᠶᠢ 24᠄ 49᠄ 27  ᠪᠤᠯᠭᠠᠨ ᠲᠤᠬᠢᠷᠠᠭᠤᠯᠵᠤ᠂ ᠭᠤᠷᠪᠠᠨ ᠠᠵᠤ ᠤᠶᠢᠯᠠᠰᠵᠢᠯᠳᠠ ᠬᠠᠷᠢᠯᠴᠠᠨ ᠨᠦᠬᠦᠪᠦᠷᠢᠯᠡᠬᠦ᠂ ᠭᠤᠷᠪᠠᠨ ᠠᠵᠤ ᠤᠶᠢᠯᠠᠰᠵᠢᠯᠳᠠ ᠬᠠᠷᠢᠯᠴᠠᠨ ᠦᠢᠯᠡᠳᠦᠯᠴᠡᠬᠦ ᠠᠵᠤ ᠠᠬᠤᠢ ᠶᠢᠨ ᠬᠦᠭᠵᠢᠯᠲᠠ ᠶᠢᠨ ᠪᠠᠶᠢᠷᠢᠭᠤᠯᠤᠯᠲᠠ ᠶᠢ ᠠᠩᠬ᠎ᠠ ᠠᠯᠬᠤᠮ ᠪᠦᠷᠢᠯᠳᠤᠭᠦᠯᠦᠨ᠎ᠠ᠃ ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠰ  ᠢᠶᠠᠷ ᠭᠤᠤᠯ ᠴᠢᠭᠯᠡᠯ ᠪᠤᠯᠭᠠᠵᠤ᠂ ᠤᠳᠤᠬᠢᠴᠢᠯᠠᠭᠰᠠᠨ ᠠᠮᠤ ᠪᠤᠲᠠᠭ᠎ᠠ᠂ ᠠᠵᠤ ᠠᠬᠤᠢ ᠶᠢᠨ ᠲᠠᠷᠢᠮᠠᠯ᠂ ᠪᠤᠷᠳᠤᠭ᠎ᠠ᠂ ᠮᠠᠯ ᠲᠠᠷᠢᠶᠠᠯᠠᠩ ᠤᠢ ᠰᠢᠭᠤᠢ ᠬᠠᠷᠢᠯᠴᠠᠨ ᠤᠶᠠᠯᠳᠤᠬᠤ ᠲᠠᠷᠢᠵᠤ ᠲᠡᠵᠢᠭᠡᠬᠦ‍ ᠨᠢᠬᠡ ᠴᠤᠭᠵᠢᠭᠰᠠᠨ ᠬᠦᠭᠵᠢᠯᠲᠠ ᠶᠢ ᠲᠦᠯᠬᠢᠨ ᠠᠭᠢᠭᠤᠯᠤᠨ᠎ᠠ᠃ ᠭᠤᠤᠯᠯᠠᠭᠴᠢ ᠠᠵᠤ ᠠᠬᠤᠶᠢᠯᠠᠯ ᠪᠠ ᠲᠠᠷᠢᠶᠠᠴᠢᠨ ᠮᠠᠯᠴᠢᠳ ᠤᠨ ᠠᠰᠢᠭ ᠲᠤᠰᠠ ᠲᠠᠢ ᠬᠤᠯᠪᠤᠯᠳᠤᠬᠰᠠᠨ ᠲᠤᠭᠲᠠᠯᠴᠠᠭ᠎ᠠ ᠶᠢ ᠤᠯᠠᠮ ᠨᠢᠬᠡ ᠠᠯᠬᠤᠮ ᠨᠢᠨᠨᠲᠠᠷᠠᠭᠤᠯᠵᠤ᠂ ᠨᠢᠭᠡ ᠪᠦᠯᠦᠭ ᠵᠤᠬᠢᠬᠤ ᠨᠦᠯᠦᠬᠡ  ᠲᠠᠢ ᠮᠠᠯ ᠲᠠᠷᠢᠶᠠᠯᠠᠩ ᠤᠨ ᠦᠢᠯᠡᠰ ᠤᠨ ᠭᠤᠤᠯᠯᠠᠭᠴᠢ ᠠᠵᠤ ᠠᠬᠤᠶᠢᠯᠠᠯ ᠢ ᠲᠠᠳᠠᠨ ᠤᠷᠤᠭᠤᠯᠤᠨ ᠪᠤᠶᠢᠵᠢᠭᠤᠯᠵᠤ᠂ ᠤᠡᠭᠨᠢᠭᠤᠳ ᠤᠨ ᠦᠭᠡᠷ ᠤᠨ ᠮᠢᠬ᠎ᠠ᠂ ᠬᠤᠨᠢᠨ ᠮᠢᠬ᠎ᠠ᠂ ᠭᠠᠭ᠋ᠠᠢ᠂ ᠲᠦᠮᠦᠰᠤ᠂ ᠰᠢᠬᠢᠷ᠂ ᠨᠤᠭᠤᠭ᠎ᠠ ᠵᠡᠷᠭᠡ ᠭᠠᠵᠠᠷ ᠤᠷᠤᠨ ᠤ ᠤᠨᠴᠠᠯᠢᠭ ᠲᠤᠪᠤᠶᠢᠮ᠎ᠠ ᠨᠡᠷᠡᠳᠦ ᠲᠠᠸᠠᠷ ᠤᠨ ᠲᠡᠮᠲᠡᠭ ᠢ ᠪᠤᠢ ᠪᠤᠯᠭᠠᠵᠤ᠂ ᠮᠠᠯ ᠲᠠᠷᠢᠶᠠᠯᠠᠩ ᠤᠨ ᠦᠢᠯᠡᠰ  ᠤᠨ ᠨᠡᠮᠡᠭᠦᠤ ᠦᠷᠲᠡᠭ ᠢ ᠲᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ  ᠶᠢ ᠨᠡᠮᠡᠭᠲᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠶᠢᠨ ᠪᠦᠬᠦᠶᠢᠯᠡ ᠪᠤᠲᠠᠳᠤ ᠬᠦᠴᠦᠨ ᠢ ᠲᠡᠭᠡᠭᠰᠢᠯᠡᠭᠦᠯᠦᠨ᠎ᠡ᠂ ᠢᠲᠡᠭᠡᠨ ᠪᠤᠯᠪᠠᠰᠤᠷᠠᠭᠤᠯᠬᠤ ᠠᠵᠤ ᠦᠢᠯᠡᠰ ᠢ ᠶᠡᠬᠡᠳᠬᠡᠨ ᠬᠦᠴᠦᠷᠬᠡᠭᠵᠢᠭᠦᠯᠵᠦ᠂ ᠪᠦᠬᠦ ᠤᠯᠤᠰ ᠲᠤ ᠨᠠᠷᠠᠳᠠᠢ ᠤᠷᠭᠠᠨᠢᠭ ᠮᠠᠯ ᠲᠠᠷᠢᠶᠠᠯᠠᠩ ᠤᠨ ᠪᠦᠳᠦᠭᠡᠭᠳᠡᠬᠦᠨ ᠢ ᠤᠶᠢᠯᠠᠳᠪᠤᠷᠢᠯᠠᠵᠤ ᠪᠤᠯᠪᠠᠰᠤᠷᠠᠭᠤᠯᠬᠤ᠂ ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠰᠠᠯᠬᠢᠨ ᠴᠠᠬᠢᠯᠭᠠᠨ᠂ ᠭᠡᠷᠡᠯᠯᠢᠭ ᠴᠠᠬᠢᠯᠭᠠᠨ ᠵᠠᠷᠭᠡ ᠰᠢᠨ᠎ᠠ ᠡᠨᠧᠷᠭᠢ ᠶᠢᠨ ᠠᠵᠤ ᠦᠢᠯᠡᠰ ᠤᠨ ᠬᠦᠭᠵᠢᠯᠲᠠ ᠶᠢ ᠲᠦᠷᠭᠡᠳᠬᠡᠵᠤ᠂ ᠦᠪᠦᠷ ᠮᠤᠩᠭᠤᠯ ᠤᠨ ᠵᠡᠭᠦᠨ ᠬᠡᠰᠡᠭ ᠤᠷᠤᠨ ᠤ ᠴᠢᠬᠤᠯᠠ ᠴᠡᠪᠡᠷ ᠡᠨᠧᠷᠭᠢ ᠤᠨ ᠭᠠᠷᠭᠠᠯᠳᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠮᠠᠰᠢᠨ ᠮᠧᠬᠠᠨᠢᠭ ᠦᠢᠯᠡᠳᠪᠦᠷᠢᠯᠡᠬᠦ᠂ ᠠᠭᠤᠷᠬᠠᠢ ᠶᠢᠨ ᠭᠠᠷᠤᠯᠲᠠ ᠶᠢᠨ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠶᠢᠨ ᠭᠤᠤᠯᠯᠠᠭᠴᠢ ᠠᠵᠤ ᠦᠢᠯᠡᠰ ᠢ ᠲᠠᠰ ᠲᠠᠪᠰᠢᠬᠦᠯᠵᠤ ᠦᠭᠡᠷᠡᠴᠢᠯᠡᠬᠦ ᠶᠢ ᠲᠦᠷᠭᠡᠳᠬᠡᠵᠦ᠂ ᠪᠦᠬᠦ ᠤᠷᠤᠨ ᠤ ᠠᠵᠤ ᠤᠶᠢᠯᠠᠰ ᠤᠨ ᠰᠢᠯᠵᠢᠯᠳᠠ ᠶᠢ ᠵᠠᠯᠭᠠᠨ ᠠᠪᠬᠤ ᠵᠢᠱᠢᠶ᠎ᠠ ᠦᠵᠠᠬᠦᠯᠬᠦ ᠰᠠᠭᠤᠷᠢᠨ ᠭᠠᠵᠠᠷ ᠪᠤᠯᠭᠠᠨ ᠪᠦᠳᠦᠭᠡᠨ ᠪᠠᠶᠢᠭᠤᠯᠤᠨ᠎ᠠ᠃ ᠰᠤᠶᠤᠯ ᠵᠤᠭᠠᠴᠠᠯ ᠤᠨ ᠬᠦᠨᠵᠡᠭᠡᠢ ᠨᠡᠶᠢᠯᠡᠵᠤ ᠬᠦᠭᠵᠢᠬᠦ ᠶᠢ ᠲᠦᠷᠭᠡᠳᠬᠡᠵᠤ᠂ ᠬᠠᠰ ᠯᠤᠤ ᠮᠠᠩᠬᠠᠨ ᠳᠠᠬᠢ ᠲᠠᠯ᠎ᠠ ᠨᠤᠲᠤᠭ ᠤᠨ ᠰᠤᠶᠤᠯ ᠵᠤᠭᠠᠴᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠢᠨᠲ᠋ᠧᠷᠨ᠋ᠲ ᠰᠦᠯᠵᠢᠶ᠎ᠡ + ᠠᠷᠠᠯᠵᠢᠶ᠎ᠠ ᠬᠤᠲᠠᠯᠳᠤᠭᠠᠨ ᠤ ᠭᠦᠢᠯᠭᠡᠭᠡᠨ ᠤ ᠪᠤᠲᠠᠳᠤ ᠴᠤᠭᠴᠠ︾ ᠵᠠᠭᠪᠤᠷ ᠢ ᠬᠡᠷᠡᠭᠯᠡᠵᠤ᠂ ᠬᠤᠲᠠ ᠬᠦᠲᠡᠭᠡ ᠶᠢ ᠪᠦᠷᠬᠦᠬᠦᠯᠦᠭᠰᠡᠨ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠭᠦᠢᠯᠭᠡᠬᠡᠨ ᠤ ᠦᠢᠯᠡᠰ ᠬᠡᠯᠪᠡᠷᠢ ᠪᠠᠨ ᠰᠤᠯᠢᠵᠤ ᠲᠠᠰ ᠲᠡᠪᠰᠢᠬᠦ ᠶᠢ ᠲᠠᠶᠢᠴᠢᠯᠠᠵᠤ᠂ ᠯᠢᠶᠤᠤᠨᠢᠩ ᠱᠧᠨ᠋ᠶᠠᠩ ᠳᠤ ᠬᠠᠳᠤᠭᠤᠯᠤᠭᠰᠠᠨ᠂ ᠪᠡᠭᠡᠵᠢᠩ ᠲᠢᠶᠠᠨᠵᠢᠨ ᠳᠤ ᠦᠢᠯᠡᠴᠢᠯᠡᠭᠰᠡᠨ ᠴᠤᠬᠯᠠᠷᠠᠵᠤ ᠲᠠᠷᠬᠠᠬᠤ ᠤᠷᠤᠨ ᠬᠡᠪᠴᠢᠶᠡᠨ ᠤ ᠴᠢᠨᠠᠷ ᠲᠠᠢ ᠪᠤᠲᠠᠰ ᠤᠨ ᠭᠦᠢᠯᠭᠡᠭᠡᠨ ᠤ ᠴᠤᠭᠯᠠᠷᠠᠵᠤ ᠲᠠᠷᠬᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠡᠮᠴᠢᠯᠡᠭᠡ᠂ ᠠᠰᠠᠷᠠᠨ ᠰᠤᠪᠢᠯᠠᠬᠤ᠂ ᠡᠷᠡᠬᠦᠯ ᠮᠠᠨᠳᠤ ᠶᠢᠨ ᠠᠰᠠᠷᠠᠮᠵᠢ ᠶᠢᠨ ᠬᠦᠷᠢᠶᠠᠯᠠᠩ ᠤᠨ ᠲᠦᠷᠦᠯ ᠵᠦᠢᠯ ᠢ ᠲᠦᠯᠬᠢᠨ ᠠᠬᠢᠭᠤᠯᠵᠤ᠂ ᠨᠠᠶᠢᠭᠡᠮ ᠤᠨ ᠬᠦᠷᠦᠩᠭᠡ ᠮᠦᠩᠬᠦ ᠶᠢ ᠨᠠᠰᠤᠳᠠᠨ ᠢ ᠠᠰᠠᠷᠠᠬᠤ ᠤᠶᠢᠯᠠᠴᠢᠯᠠᠭᠡᠨ ᠳᠤ ᠤᠷᠤᠯᠴᠠᠭᠤᠯᠵᠤ᠂ ᠤᠶᠢᠯᠠᠴᠢᠯᠠᠭᠡᠨ ᠤ ᠤᠶᠢᠯᠠᠰ ᠲᠦᠪᠯᠠᠷᠡᠭᠰᠡᠨ ᠲᠤᠭᠤᠷᠢᠭ ᠢ ᠪᠦᠳᠦᠭᠡᠨ ᠪᠠᠶᠢᠭᠤᠯᠤᠨ᠎ᠠ᠃ ᠮᠦᠡᠭᠭᠦᠨ ᠬᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠭᠦᠯᠵᠤ ᠨᠡᠶᠢᠲᠠᠮ ᠠᠰᠢᠭᠲᠠᠢ ᠮᠦᠡᠭᠭᠦᠨ ᠭᠦᠢᠯᠭᠡᠭᠡ᠂ ᠢᠨᠲ᠋ᠧᠷᠨ᠋ᠲ ᠰᠦᠯᠵᠢᠶᠡᠨ ᠤ ᠮᠦᠡᠭᠭᠦᠨ ᠭᠦᠢᠯᠭᠡᠭᠡ᠂ ᠦᠢᠯᠡᠰ ᠪᠦᠳᠦᠭᠡᠬᠦ ᠮᠦᠡᠭᠭᠦᠨ ᠭᠦᠢᠯᠭᠡᠭᠡ ᠪᠠ ᠴᠠᠪᠠᠷ ᠮᠦᠡᠭᠭᠦᠨ ᠭᠦᠢᠯᠭᠡᠭᠡ ᠶᠢ ᠶᠡᠬᠡᠪᠡᠷ ᠬᠦᠭᠵᠢᠭᠦᠯᠵᠦ᠂ ᠮᠦᠡᠭᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠳᠠᠯᠴᠠᠭ᠎ᠠ ᠶᠢ ᠲᠡᠭᠦᠯᠲᠡᠷᠵᠢᠭᠦᠯᠦᠨ᠎ᠡ᠃ ᠤᠯᠠᠨ ᠲᠠᠪᠬᠤᠷᠭᠠᠳᠤ ᠬᠦᠷᠦᠩᠬᠡ ᠶᠢᠨ ᠵᠠᠬ᠎ᠠ ᠲᠠᠯᠭᠡᠭᠦᠷ ᠤᠨ ᠬᠦᠷᠦᠩᠬᠡ ᠨᠡᠶᠢᠯᠡᠭᠦᠯᠬᠦ ᠵᠠᠭᠪᠤᠷ ᠢ ᠪᠠᠶᠢᠭᠤᠯᠬᠤ ᠪᠠ ᠰᠢᠨ᠎ᠠ ᠶᠢ ᠡᠭᠦᠳᠴᠤ᠂ ᠮᠦᠡᠭᠭᠦᠨ ᠭᠦᠢᠯᠭᠡᠭᠡ ᠤᠷᠤᠨ ᠨᠤᠲᠤᠭ ᠤᠨ ᠠᠵᠤ ᠠᠬᠤᠢ ᠳᠤ ᠦᠵᠡᠭᠦᠯᠬᠦ ᠴᠢᠬᠤᠯᠠ ᠦᠢᠯᠡᠳᠤᠯ ᠢ ᠪᠠᠲᠠᠷᠠᠭᠤᠯᠤᠨ᠎ᠠ᠃      —— ᠨᠡᠶᠢᠭᠡᠮ ᠤᠨ ᠠᠵᠢᠯ ᠦᠢᠯᠠᠰ ᠢ ᠪᠦᠬᠦ ᠲᠠᠯ᠎ᠠ ᠪᠠᠷ ᠬᠦᠭᠵᠢᠭᠦᠯᠬᠦ ᠪᠠᠷ ᠬᠦᠴᠦᠯᠡᠨ ᠴᠢᠷᠮᠠᠶᠢᠵᠤ᠂ ᠰᠤᠶᠤᠯ ᠪᠤᠯᠪᠠᠰᠤᠷᠠᠯ ᠴᠡᠴᠡᠭᠯᠡᠨ ᠬᠦᠭᠵᠢᠭᠰᠡᠨ ᠤᠡᠭᠨᠢᠭᠤᠳ ᠢ ᠪᠦᠳᠦᠭᠡᠨ ᠪᠠᠶᠢᠭᠤᠯᠤᠨ᠎ᠠ᠃ ᠬᠤᠶᠢᠰᠢᠲᠠ ᠶᠢᠨ ᠲᠠᠪᠤᠨ ᠵᠢᠯ ᠳᠤ᠂ ᠪᠢᠲᠠ ᠤᠯᠠᠨ ᠲᠦᠮᠠᠨ ᠤ ᠦᠵᠡᠵᠦ ᠰᠤᠨᠢᠷᠬᠠᠬᠤ ᠲᠤᠷᠠᠲᠠᠢ ᠬᠡᠯᠪᠡᠷᠢ ᠪᠠᠷ ᠲᠠᠮᠵᠢᠵᠤ᠂ ᠰᠤᠶᠤᠯ ᠢ ᠬᠦᠲᠡᠭᠡ ᠳᠤ ᠬᠦᠷᠭᠡᠬᠦ ᠶᠢ ᠬᠡᠪ ᠤᠨ ᠪᠠᠶᠢᠲᠠᠯ ᠲᠠᠢ ᠪᠤᠯᠭᠠᠵᠤ᠂ ᠬᠦᠲᠡᠭᠡ ᠲᠤᠰᠬᠤᠨ ᠤ ᠰᠤᠶᠤᠯ ᠤᠨ ᠲᠠᠯᠠᠪᠤᠷ ᠶᠢᠨ ᠬᠠᠮᠢᠶᠠᠷᠤᠯᠲᠠ ᠶᠢ ᠲᠦᠷᠢᠮᠵᠢᠯᠳᠠ ᠶᠢ ᠪᠤᠯᠭᠠᠵᠤ᠂ ᠦᠷᠭᠡᠨ ᠤᠯᠠᠨ ᠮᠠᠯᠴᠢᠨ ᠲᠡᠷᠢᠶᠠᠴᠢᠨ ᠳᠤ ᠨᠠᠩ ᠰᠠᠶᠢᠨ ᠰᠤᠶᠤᠯ  ᠤᠨ ᠠᠮᠢᠳᠤᠷᠠᠯ ᠢ ᠬᠦᠷᠲᠡᠭᠡᠨ᠎ᠡ᠃ ᠲᠡᠤᠬᠡ ᠰᠤᠶᠤᠯ᠂ ᠦᠨᠳᠦᠰᠦᠲᠡᠨ ᠤ ᠰᠤᠶᠤᠯ ᠢ ᠪᠦᠷᠢᠮᠦᠰᠤᠨ ᠢᠯᠡᠷᠡᠭᠦᠯᠵᠤ᠂ ᠢᠯᠡ ᠲᠤᠳᠤ ᠭᠠᠵᠠᠷ ᠤᠷᠤᠨ ᠤ ᠰᠤᠶᠤᠯ ᠤᠨ ᠤᠨᠴᠠᠯᠢᠭ ᠲᠠᠢ ᠬᠡᠳᠦᠨ ᠨᠡᠷᠡᠲᠠᠢ ᠫᠷᠦᠭᠷᠡᠮ ᠢ ᠪᠤᠢ ᠪᠤᠯᠭᠠᠵᠤ᠂ ᠤᠡᠭᠨᠢᠭᠤᠳ ᠬᠤᠰᠢᠭᠤᠨ ᠤ ᠲᠡᠤᠬᠡ ᠰᠤᠶᠤᠯ ᠤᠨ ᠠᠯᠲᠠᠷᠰᠢᠯ ᠢ ᠲᠠᠭᠡᠭᠰᠢᠯᠠᠬᠦᠯᠦᠨ᠎ᠠ᠃ ᠪᠠᠶ᠎ᠠ ᠲᠠᠮᠢᠷ ᠤᠨ ᠲᠠᠯᠠᠪᠠᠢ ᠤᠷᠳᠤᠠ ᠳᠠᠬᠢ ᠤᠷᠤᠭᠤᠯᠤᠯᠳᠠ ᠶᠢ ᠨᠡᠮᠡᠭᠳᠡᠬᠦᠯᠵᠤ᠂ ᠤᠯᠠᠨ ᠲᠦᠮᠠᠨ ᠤ ᠪᠠᠶ᠎ᠠ ᠲᠠᠮᠢᠷ ᠤᠨ ᠬᠦᠳᠡᠯᠭᠡᠭᠡᠨ ᠢ ᠪᠠᠶᠠᠯᠢᠬᠵᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠠᠬᠦ ᠨᠦᠬᠦᠴᠠᠯ ᠢ ᠰᠠᠶᠢᠵᠢᠷᠠᠭᠤᠯᠬᠤ ᠪᠠᠷ ᠰᠢᠪᠳᠤᠯᠤᠯᠳᠠ ᠪᠤᠯᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠯᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠠ᠃ ᠦᠨᠳᠤᠰᠤᠨ ᠱᠠᠳᠤᠨ ᠤ ᠰᠤᠷᠭᠠᠨ ᠬᠦᠮᠦᠵᠢᠯ ᠵᠢᠭᠠᠨ ᠰᠤᠷᠭᠠᠬᠤ ᠬᠦᠴᠦᠨ ᠢ ᠲᠠᠬᠦᠯᠳᠠᠷᠵᠢᠬᠦᠯᠵᠤ᠂ ᠪᠠᠭᠰᠢ ᠶᠢᠨ ᠴᠢᠨᠠᠷ ᠴᠢᠨᠰᠠᠭ᠎ᠠ ᠶᠢ ᠲᠠᠭᠡᠭᠰᠢᠯᠠᠬᠦᠯᠵᠤ᠂ ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠲᠠᠭᠡᠭᠰᠢᠯᠠᠬᠦᠯᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠲᠦᠯᠬᠢᠨ ᠠᠬᠢᠭᠤᠯᠬᠤ᠂ ᠵᠢᠱᠢᠶ᠎ᠠ ᠦᠵᠠᠬᠦᠯᠦᠨ ᠲᠠᠭᠠᠭᠤᠯᠬᠤ ᠶᠢ ᠬᠡᠷᠡᠭᠵᠢᠬᠦᠯᠵᠤ᠂ ᠨᠢᠭᠡ ᠪᠦᠯᠦᠭ ᠤᠨᠴᠠᠯᠢᠬᠳᠤ ᠭᠤᠤᠯᠳᠠᠯᠭ᠎ᠠ ᠲᠠᠢ ᠨᠠᠷᠠᠳᠤ ᠰᠤᠷᠭᠠᠭᠤᠯᠢ ᠶᠢ ᠪᠤᠢ ᠪᠤᠯᠭᠠᠵᠤ᠂ ᠪᠤᠷᠤᠬᠤᠳᠠ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠨᠠᠷᠠᠳᠤ ᠲᠡᠮᠳᠡᠭ ᠢ ᠲᠠᠬᠢᠨ ᠪᠦᠳᠦᠭᠡᠵᠤ᠂ ᠠᠷᠠᠳ ᠤᠯᠠᠨ  ᠳᠤ ᠰᠢᠯᠢᠳᠡᠭ ᠲᠠᠩᠴᠠᠬᠦᠷᠢᠳᠠᠢ ᠰᠤᠷᠭᠠᠨ ᠬᠦᠮᠦᠵᠢᠯ ᠤᠨ ᠦᠷ᠎ᠡ ᠪᠦᠳᠦᠮᠵᠢ ᠶᠢ ᠨᠠᠩ ᠰᠠᠶᠢᠨ ᠡᠳ᠋ᠯᠠᠬᠦᠯᠬᠦ ᠪᠠᠷ ᠴᠢᠷᠮᠠᠶᠢᠨ᠎ᠠ᠃ ᠰᠢᠨᠵᠢᠯᠡᠭᠡ ᠮᠠᠷᠭᠡᠵᠢᠯ ᠪᠠ ᠠᠵᠤ ᠠᠬᠤᠢ ᠨᠠᠶᠢᠭᠡᠮ ᠤᠨ ᠠᠮᠢᠳᠤᠷᠠᠯ ᠤᠨ ᠪᠦᠳᠦᠮᠵᠢᠳᠠᠢ ᠵᠠᠯᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠭᠡ ᠮᠠᠷᠭᠡᠵᠢᠯ ᠤᠨ ᠡᠬᠦᠳᠦᠯᠳᠠ ᠶᠢ ᠲᠦᠯᠬᠢᠨ ᠠᠬᠢᠭᠤᠯᠤᠨ᠎ᠠ᠃      —— ᠰᠠᠭᠤᠷᠢ ᠲᠦᠬᠦᠭᠡᠷᠦᠮᠵᠢ ᠶᠢ ᠨᠢᠭᠡ ᠴᠤᠬᠴᠠᠵᠢᠭᠤᠯᠬᠤ ᠪᠠᠷ ᠬᠦᠴᠦᠯᠠᠨ ᠴᠢᠷᠮᠠᠶᠢᠵᠤ᠂ ᠬᠤᠳᠠ ᠬᠦᠳᠡᠭᠡ ᠵᠤᠬᠢᠴᠠᠩᠭᠤᠢ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠬᠦᠮᠦᠨ ᠢᠶᠠᠷ ᠭᠤᠤᠯ ᠴᠤᠬᠴᠠ ᠪᠤᠯᠭᠠᠬᠤ ᠶᠢ ᠲᠤᠪᠤᠶᠢᠯᠭᠠᠵᠤ᠂ ︽ᠰᠠᠭᠤᠬᠤ ᠳᠤ ᠲᠤᠬᠢᠷᠠᠮᠵᠢᠳᠠᠢ᠂ ᠤᠶᠢᠯᠠᠰ ᠪᠦᠳᠦᠭᠡᠬᠦ ᠳᠤ ᠠᠰᠢᠬᠳᠠᠢ᠂ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯ︾ ᠦᠵᠠᠯᠳᠠ ᠶᠤᠰᠤᠭᠠᠷ ᠬᠤᠳᠠ ᠪᠠᠯᠭᠠᠰᠤᠨ ᠤ ᠬᠦᠭᠵᠢᠯᠳᠠ ᠶᠢᠨ ᠲᠤᠬᠳᠠᠯᠴᠠᠭ᠎ᠠ ᠶᠢ ᠵᠤᠬᠢᠰᠳᠠᠢ ᠪᠠᠶᠢᠷᠢᠯᠠᠭᠤᠯᠤᠨ᠎ᠠ᠃ ᠪᠤᠷᠤᠬᠤᠳᠠ ᠪᠠᠯᠭᠠᠰᠤ ᠪᠠᠷ ᠲᠦᠪ ᠪᠤᠯᠭᠠᠵᠤ᠂ ︽ᠰᠢᠨ᠎ᠠ ᠬᠤᠳᠠ ᠲᠤᠭᠤᠷᠢᠭ ᠲᠤ ᠬᠢᠯᠠᠰ ᠴᠢᠭ ᠢ ᠪᠤᠢ ᠪᠤᠯᠭᠠᠵᠤ᠂ ᠬᠠᠭᠤᠴᠢᠨ ᠬᠤᠳᠠ ᠲᠤᠭᠤᠷᠢᠭ ᠢ ᠲᠠᠰ ᠲᠠᠪᠰᠢᠬᠦᠯᠬᠦ︾  ᠠᠵᠢᠯ ᠤᠨ ᠱᠠᠭᠠᠷᠳᠠᠯᠭ᠎ᠠ ᠶᠤᠰᠤᠭᠠᠷ᠂ ᠭᠤᠤᠯ ᠬᠤᠳᠠ ᠲᠤᠭᠤᠷᠢᠭ ᠢ ᠪᠤᠢ ᠪᠤᠯᠭᠠᠬᠤ ᠲᠠᠰᠢ ᠬᠦᠴᠦᠨ ᠢᠶᠠᠨ ᠬᠠᠨᠳᠤᠭᠤᠯᠵᠤ᠂ ︽13.5︾ ᠤᠨ ᠬᠤᠭᠤᠴᠠᠭᠠᠨ ᠳᠤ ᠰᠢᠨ᠎ᠠ ᠬᠠᠭᠤᠴᠢᠨ ᠬᠤᠳᠠ ᠲᠤᠭᠤᠷᠢᠭ ᠤᠨ ᠭᠤᠤᠯ ᠵᠡᠬᠡᠯᠢ ᠵᠠᠮ ᠢ ᠭᠠᠳᠠᠷ ᠲᠤᠭᠤᠷᠢᠯ ᠵᠠᠮ ᠲᠠᠢ ᠰᠢᠭᠤᠳ ᠨᠠᠪᠳᠠᠷᠠᠬᠦᠯᠬᠦ ᠶᠢ ᠴᠢᠷᠮᠠᠶᠢᠨ ᠪᠠᠶᠠᠯᠠᠬᠦᠯᠦᠨ᠎ᠠ᠂ ᠪᠤᠷᠤᠬᠤᠳᠠ ᠶᠢᠨ ᠬᠤᠳᠠ ᠲᠤᠭᠤᠷᠢᠭ ᠤᠨ ᠪᠤᠷᠤ ᠲᠦᠯᠦᠪ ᠢ ᠦᠷᠭᠡᠳᠭᠡᠵᠤ᠂ ︽ᠨᠠᠢᠮᠠᠨ ᠬᠦᠨᠳᠠᠯᠠᠨ ᠶᠢᠰᠤᠨ ᠭᠤᠯᠳᠤ︾  ᠬᠦᠭᠵᠢᠯᠳᠠ ᠶᠢᠨ ᠪᠠᠶᠢᠷᠢᠯᠠᠭᠤᠯᠤᠯᠳᠠ ᠶᠢ ᠪᠦᠷᠢᠯᠳᠤᠬᠦᠯᠦᠨ᠎ᠠ᠃ ᠬᠤᠳᠠ ᠲᠤᠭᠤᠷᠢᠭ ᠢ ᠨᠤᠭᠤᠭᠠᠷᠠᠭᠤᠯᠬᠤ᠂ ᠭᠤᠶᠤᠯᠠᠬᠤ ᠲᠠᠯ᠎ᠠ ᠪᠠᠷ ᠬᠢ ᠤᠷᠤᠭᠤᠯᠤᠯᠳᠠ ᠶᠢ ᠨᠡᠮᠡᠭᠳᠡᠬᠦᠯᠵᠤ᠂ ᠤᠪᠤᠭ᠎ᠠ ᠠᠭᠤᠯᠠ ᠶᠢ ᠨᠤᠭᠤᠭᠠᠷᠠᠭᠤᠯᠬᠤ᠂ ᠬᠤᠶᠢᠳᠤ ᠠᠭᠤᠯᠠ ᠶᠢ ᠨᠤᠭᠤᠭᠠᠷᠠᠭᠤᠯᠬᠤ ᠢᠨᠵᠧᠨᠧᠷᠢᠭ ᠢ ᠬᠡᠷᠡᠭᠵᠢᠬᠦᠯᠵᠤ᠂ ᠰᠠᠭᠤᠬᠤ ᠳᠤ ᠲᠠᠭᠠᠯᠠᠮᠵᠢᠳᠠᠢ ᠬᠤᠳᠠ ᠪᠠᠯᠭᠠᠰᠤ ᠶᠢ ᠪᠠᠶᠢᠭᠤᠯᠤᠨ᠎ᠠ᠃ ᠪᠤᠷᠤᠬᠤᠳᠠ ᠬᠤᠳᠠ ᠲᠤᠭᠤᠷᠢᠭ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠤ ᠲᠤᠭ᠎ᠠ ᠶᠢ 20 ᠲᠦᠮᠠᠨ ᠬᠦᠮᠦᠨ ᠳᠤ ᠬᠦᠷᠭᠡᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠢ ᠦᠨᠳᠤᠷ ᠴᠢᠨᠠᠷ ᠴᠢᠨᠰᠠᠭ᠎ᠠ ᠲᠠᠢ ᠬᠡᠷᠡᠭᠵᠢᠬᠦᠯᠵᠤ ᠂ ᠭᠤᠶᠤ ᠰᠠᠶᠢᠬᠠᠨ ᠬᠦᠳᠡᠭᠡ ᠲᠤᠰᠬᠤᠨ ᠪᠠᠶᠢᠭᠤᠯᠬᠤ ᠲᠦᠪᠰᠢᠨ ᠢ ᠤᠯᠠᠮ ᠨᠢᠭᠡ ᠠᠯᠬᠤᠮ ᠲᠠᠭᠡᠭᠰᠢᠯᠠᠬᠦᠯᠦᠨ᠎ᠠ᠃ ᠮᠤᠵᠢ ᠶᠢᠨ ᠵᠠᠮ 304᠂ ᠮᠤᠵᠢ ᠶᠢᠨ ᠵᠠᠮ 210 ᠱᠤᠭᠤᠮ᠂ ᠮᠤᠵᠢ ᠶᠢᠨ ᠵᠠᠮ 219 ᠱᠤᠭᠤᠮ ᠵᠠᠷᠭᠡ ᠤᠯᠤᠰ᠂ ᠮᠤᠵᠢ ᠶᠢᠨ ᠭᠤᠤᠯ ᠱᠤᠭᠤᠮ ᠤᠨ ᠲᠠᠰ ᠲᠠᠪᠰᠢᠬᠦ ᠦᠭᠡᠷᠠᠴᠢᠯᠠᠯᠳᠠ ᠶᠢᠨ ᠢᠨᠵᠧᠨᠧᠷᠢᠭ ᠢ ᠪᠠᠶᠠᠯᠠᠬᠦᠯᠵᠤ᠂ ᠤᠯᠤᠰ  ᠤᠨ ᠵᠠᠮ 305 ᠱᠤᠭᠤᠮ ᠲᠠᠰ ᠲᠠᠪᠰᠢᠬᠦ ᠦᠭᠡᠷᠡᠴᠢᠯᠠᠯᠳᠠ᠂ ᠪᠤᠷᠤᠬᠤᠳᠠ ᠠᠴᠠ ᠬᠤᠩ ᠱᠠᠨ ᠨᠠᠭᠤᠷ ᠬᠦᠷᠬᠦ ᠬᠤᠶᠠᠳᠤᠭᠠᠷ ᠲᠠᠰ ᠤᠨ ᠵᠠᠰᠠᠮᠠᠯ ᠵᠠᠮ ᠵᠠᠷᠭᠡ ᠨᠢᠭᠡ ᠪᠦᠯᠦᠭ ᠭᠤᠤᠯᠳᠠᠯᠭ᠎ᠠ ᠲᠠᠢ ᠢᠨᠵᠧᠨᠧᠷᠢᠭ ᠢ ᠴᠢᠷᠮᠠᠶᠢᠨ ᠡᠬᠢᠯᠠᠬᠦᠯᠵᠤ᠂ ︽ᠵᠢᠷᠭᠤᠭᠠᠨ ᠭᠤᠯᠳᠤ ᠲᠦᠷᠪᠠᠨ ᠬᠦᠨᠳᠠᠯᠠᠨ ᠭᠤᠷᠪᠠ ᠶᠢ ᠬᠤᠯᠪᠤᠬᠳᠠᠭᠤᠯᠵᠤ ᠨᠢᠭᠡ ᠭᠠᠳᠠᠷ ᠲᠤᠭᠤᠷᠢᠯ ᠵᠠᠮ ᠬᠤᠷᠢᠨ ᠭᠠᠷᠬᠤ ᠵᠠᠮ ᠲᠠᠢ︾ ᠵᠠᠮ ᠲᠤᠤᠷ ᠤᠨ ᠪᠦᠷᠢᠯᠳᠤᠴᠠ ᠶᠢ ᠪᠦᠷᠢᠯᠳᠦᠬᠦᠯᠦᠨ᠎ᠠ᠃ ᠬᠤᠳᠠ ᠬᠦᠳᠡᠭᠡ ᠶᠢᠨ ᠴᠠᠬᠢᠯᠭᠠᠨ ᠲᠤᠤᠷ ᠢ ᠦᠭᠡᠷᠡᠴᠢᠯᠠᠵᠤ ᠲᠠᠬᠦᠯᠳᠠᠷᠵᠢᠬᠦᠯᠬᠦ ᠶᠢ ᠲᠦᠷᠭᠡᠳᠭᠡᠵᠤ᠂ ᠴᠠᠬᠢᠯᠭᠠᠨ ᠬᠠᠩᠭᠠᠬᠤ ᠪᠠᠳᠤᠯᠠᠭ᠎ᠠ ᠪᠠ ᠴᠠᠬᠢᠯᠭᠠᠨ ᠬᠦᠴᠦ ᠶᠢ ᠭᠠᠳᠠᠬᠰᠢ ᠬᠦᠷᠭᠡᠬᠦ ᠴᠢᠳᠠᠯ ᠢ ᠲᠠᠭᠡᠭᠰᠢᠯᠠᠬᠦᠯᠵᠤ᠂ ᠪᠦᠬᠦ ᠤᠯᠤᠰ ᠤᠨ ᠠᠮᠦᠷ ᠲᠦᠪᠰᠢᠨ ᠴᠠᠬᠢᠯᠭᠠᠨ ᠬᠡᠷᠡᠭᠯᠠᠬᠦ ᠵᠢᠱᠢᠶ᠎ᠠ ᠦᠵᠠᠬᠦᠯᠬᠦ ᠰᠢᠶᠠᠨ ᠢ ᠪᠠᠶᠢᠭᠤᠯᠤᠨ᠎ᠠ᠃ ︽ᠨᠠᠶᠢᠳᠠᠮ ᠨᠠᠪᠳᠠᠷᠠᠬᠦ ᠴᠢᠮᠡᠭᠡ ᠬᠤᠯᠪᠤᠭᠠᠳᠤ ᠤᠩᠨᠢᠭᠤᠳ ᠬᠤᠰᠢᠭᠤ︾ ᠢᠨᠵᠧᠨᠧᠷᠢᠭ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠬᠡᠷᠡᠯ ᠰᠢᠷᠭᠡᠭ ᠪᠦᠷᠬᠦᠬᠦᠯᠬᠦ ᠨᠤᠷᠮ᠎ᠠ ᠶᠢ ᠲᠠᠭᠡᠭᠰᠢᠯᠠᠬᠦᠯᠦᠨ᠎ᠠ᠃      —— ᠠᠮᠢ ᠠᠬᠤᠢ ᠶᠢᠨ ᠪᠤᠯᠪᠠᠰᠤᠨ ᠤ ᠦᠷᠬᠦᠯᠵᠢᠯᠠᠨ ᠬᠦᠭᠵᠢᠯᠳᠠ ᠲᠡᠭᠡᠷ᠎ᠡ ᠬᠦᠴᠦᠯᠠᠨ ᠴᠢᠷᠮᠠᠶᠢᠵᠤ᠂ ᠪᠤᠬᠢᠷᠳᠤᠯ ᠦᠭᠡᠢ ᠤᠷᠴᠢᠨ ᠠᠬᠤᠢ ᠶᠢ ᠬᠠᠮᠠᠭᠠᠯᠠᠬᠤ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠪᠤᠬᠢᠷᠳᠤᠯ ᠦᠭᠡᠢ᠂ ᠲᠤᠤᠷ᠎ᠠ ᠨᠠᠬᠦᠷᠠᠰᠤᠳᠦ᠋ᠷᠦᠭᠵᠢᠭᠰᠡᠨ ᠬᠦᠭᠵᠢᠯᠳᠠ ᠶᠢ ᠪᠠᠷᠢᠮᠳᠠᠯᠠᠵᠤ᠂ ᠠᠮᠢ ᠠᠬᠤᠢ ᠶᠢᠨ ᠪᠠᠶᠢᠭᠤᠯᠤᠯᠳᠠ ᠬᠠᠮᠠᠭᠠᠯᠠᠯᠳᠠ ᠶᠢ ᠤᠩᠨᠢᠭᠤᠳ ᠤᠨ ᠨᠢᠭᠡ ᠨᠠᠷ᠎ᠠ ᠶᠢᠨ ᠬᠠᠭᠤᠳᠠᠰᠤ ᠪᠠᠷ ᠦᠵᠠᠵᠤ ᠰᠤᠯᠠᠷᠠᠰᠢ ᠦᠭᠡᠢ ᠴᠢᠩᠭ᠎ᠠ ᠠᠳᠬᠤᠨ᠎ᠠ᠃ ᠬᠤᠷᠴᠢᠨ ᠤ ᠮᠠᠩᠬᠠᠨ ᠭᠠᠵᠠᠷ ᠢ ᠶᠠᠷᠦᠩᠭᠡᠶᠢᠯᠠᠨ ᠵᠠᠰᠠᠵᠤ ᠬᠠᠮᠢᠶᠠᠷᠬᠤ ᠢᠨᠵᠧᠨᠧᠷᠢᠭ ᠢ ᠦᠷᠬᠦᠯᠵᠢᠯᠠᠨ ᠲᠦᠯᠬᠢᠨ ᠠᠬᠢᠭᠤᠯᠵᠤ᠂ ︽13.5︾ ᠤᠨ ᠬᠤᠭᠤᠴᠠᠭᠠᠨ ᠳᠤ ᠬᠢᠯᠢ ᠲᠤᠳᠤᠷᠠᠬᠢ ᠮᠠᠩᠬᠠᠨ ᠭᠠᠵᠠᠷ ᠢ ᠪᠦᠬᠦ ᠲᠠᠯ᠎ᠠ ᠪᠠᠷ ᠠᠩᠬ᠎ᠠ ᠠᠯᠬᠤᠮ ᠵᠠᠰᠠᠨ᠎ᠠ᠃ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠬᠤ ᠬᠦᠴᠦᠯᠠᠴᠠ ᠶᠢ ᠨᠡᠮᠡᠭᠳᠡᠬᠦᠯᠵᠤ᠂ ᠤᠯᠤᠰ ᠤᠨ ᠤᠢ ᠰᠢᠭᠤᠢ ᠶᠢᠨ ᠬᠤᠳᠠ ᠪᠠᠯᠭᠠᠰᠤ ᠶᠢ ᠪᠠᠶᠢᠭᠤᠯᠬᠤ ᠪᠠᠷ ᠢᠳᠡᠪᠬᠢᠳᠠᠢ ᠲᠠᠮᠠᠴᠠᠵᠤ᠂ 2020 ᠤᠨ ᠪᠤᠯᠬᠤ ᠳᠤ ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠶᠢ 30% ᠳᠤ ᠬᠦᠷᠭᠡᠨ᠎ᠠ᠃ ᠨᠢᠭᠡ ᠪᠦᠯᠦᠭ ᠲᠤᠮᠤ ᠶᠡᠭᠡ ᠤᠰᠤᠨ ᠠᠰᠢᠬᠯᠠᠯᠳᠠ ᠶᠢᠨ ᠲᠦᠷᠦᠯ ᠵᠦᠢᠯ ᠢ ᠬᠡᠷᠡᠭᠵᠢᠬᠦᠯᠵᠤ᠂ ᠭᠤᠤᠯ ᠴᠦᠬᠦᠷᠦᠮ ᠢ ᠬᠤᠯᠪᠤᠨ ᠨᠠᠪᠳᠠᠷᠠᠬᠦᠯᠬᠦ ᠢᠨᠵᠧᠨᠧᠷᠢᠭ ᠢ ᠢᠳᠡᠪᠬᠢᠳᠠᠢ ᠬᠢᠵᠤ᠂ ᠰᠢᠷᠠᠮᠦ᠋ᠷᠠᠨ ᠭᠤᠤᠯ ᠤᠨ ᠡᠮᠦᠨ᠎ᠠ ᠡᠷᠬᠢ ᠶᠢᠨ ᠦᠶᠠᠷ ᠢ ᠰᠠᠷᠭᠡᠶᠢᠯᠠᠬᠦ ᠢᠨᠵᠧᠨᠧᠷᠢᠭ ᠢ ᠡᠬᠢᠯᠠᠨ ᠪᠠᠶᠢᠭᠤᠯᠤᠨ᠎ᠠ᠃ ᠡᠨᠧᠷᠬᠢ ᠶᠢᠨ ᠡᠬᠢ ᠰᠤᠷᠪᠤᠯᠵᠢ ᠶᠢ ᠨᠡᠬᠡᠬᠡᠨ ᠠᠰᠢᠬᠯᠠᠬᠤ ᠦᠷ᠎ᠡ ᠪᠦᠳᠦᠮᠵᠢ ᠶᠢ ᠶᠡᠭᠡ ᠬᠡᠮᠵᠢᠶ᠎ᠠ ᠪᠠᠷ ᠲᠠᠭᠡᠭᠰᠢᠯᠠᠵᠤ᠂ ᠡᠨᠧᠷᠬᠢ ᠪᠠ ᠤᠰᠤᠨ ᠤ ᠡᠬᠢ ᠰᠤᠷᠪᠤᠯᠵᠢ   ᠶᠢᠨ ᠬᠤᠷᠤᠬᠳᠠᠯ᠂ ᠨᠠᠬᠦᠷᠠᠰᠦ᠋ᠳᠦ᠋ᠷᠦᠭᠴᠢ ᠭᠠᠷᠬᠤ ᠶᠠᠷᠦᠩᠭᠡᠢ ᠬᠡᠮᠵᠢᠶ᠎ᠠ ᠶᠢ ᠬᠦᠴᠦᠨ  ᠲᠠᠢ ᠬᠢᠵᠠᠭᠠᠷᠯᠠᠵᠤ᠂ ᠭᠤᠤᠯ ᠪᠤᠵᠠᠷᠳᠤᠯ ᠤᠨ ᠬᠠᠶᠠᠬᠳᠠᠮᠠᠯ ᠡᠳ᠋ ᠭᠠᠳᠠᠬᠰᠢᠯᠠᠭᠤᠯᠬᠤ ᠶᠠᠷᠦᠩᠭᠡᠢ ᠬᠡᠮᠵᠢᠶ᠎ᠠ ᠶᠢ ᠪᠠᠭᠠᠰᠬᠠᠨ᠎ᠠ᠃      —— ᠠᠷᠠᠳ ᠲᠦᠮᠠᠨ ᠤ ᠠᠮᠢᠳᠤᠷᠠᠯ ᠤᠨ ᠲᠦᠪᠰᠢᠨ ᠢ ᠲᠠᠭᠡᠭᠰᠢᠯᠠᠬᠦᠯᠬᠦ ᠪᠠᠷ ᠬᠦᠴᠦᠯᠠᠨ ᠴᠢᠷᠮᠠᠶᠢᠵᠤ᠂ ᠠᠵᠠ ᠵᠢᠷᠭᠠᠯ ᠢ ᠬᠠᠮᠳᠤᠪᠠᠷ ᠡᠳ᠋ᠯᠠᠬᠦ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠵᠠᠰᠠᠭ ᠤᠨ ᠤᠷᠳᠤᠨ ᠤ ᠬᠤᠳᠠᠯᠳᠤᠨ ᠠᠪᠬᠤ ᠤᠶᠢᠯᠠᠴᠢᠯᠡᠭᠡ᠂ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠤᠶᠢᠯᠠᠴᠢᠯᠡᠭᠡ ᠶᠢ ᠬᠦᠳᠡᠭᠡ ᠳᠤ ᠬᠦᠷᠭᠡᠬᠦ ᠵᠠᠷᠭᠡ ᠤᠯᠠᠨ ᠬᠡᠯᠪᠠᠷᠢ ᠪᠠᠷ ᠦᠭᠡᠷᠡᠴᠢᠯᠠᠯᠳᠠ ᠶᠢᠨ ᠦᠷ᠎ᠡ ᠪᠦᠳᠦᠮᠵᠢ ᠶᠢ ᠪᠦᠬᠦ ᠬᠤᠰᠢᠭᠤᠨ ᠤ ᠠᠷᠠᠳ ᠲᠦᠮᠠᠨ ᠳᠤ ᠬᠠᠮᠳᠤ ᠪᠠᠷ ᠡᠳ᠋ᠯᠠᠬᠦᠯᠦᠨ᠎ᠠ᠃ ᠶᠠᠳᠠᠭᠤ ᠠᠴᠠ ᠠᠩᠬᠢᠵᠢᠷᠠᠬᠤ ᠪᠠᠬᠢᠯᠠᠯᠳᠠ ᠲᠠᠭᠠᠷᠢᠬᠤ ᠲᠠᠶᠢᠯᠠᠯᠳᠤᠭᠠᠨ ᠳᠤ ᠵᠠᠪᠠᠯ ᠢᠯᠠᠯᠳᠠ ᠤᠯᠬᠤ ᠪᠠᠷ ᠴᠢᠷᠮᠠᠶᠢᠨ᠎ᠠ᠂ ᠠᠵᠤ ᠤᠶᠢᠯᠠᠰ ᠢᠶᠠᠷ ᠲᠠᠮᠵᠢᠬᠦ᠂ ᠭᠠᠵᠠᠷ ᠰᠤᠯᠢᠵᠤ ᠨᠠᠬᠦᠯᠭᠡᠨ ᠰᠢᠯᠵᠢᠬᠦᠯᠬᠦ᠂ ᠰᠢᠯᠵᠢᠬᠦᠯᠦᠨ ᠠᠵᠢᠯ ᠤᠯᠭᠤᠬᠤ ᠵᠠᠷᠭᠡ ᠬᠡᠯᠪᠠᠷᠢ ᠪᠠᠷ ᠲᠠᠮᠵᠢᠵᠤ ᠤᠨᠤᠪᠴᠢᠳᠠᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ 3 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢᠨ ᠲᠤᠬᠳᠠᠭᠤᠨ  ᠢᠶᠠᠷ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃ ᠤᠩᠨᠢᠭᠤᠳ ᠤᠨ ᠤᠶᠢᠯᠠᠰ ᠪᠦᠳᠦᠭᠡᠬᠦ ᠬᠦᠷᠢᠶᠠᠯᠠᠩ ᠢ ᠡᠬᠦᠳᠦᠨ ᠪᠠᠶᠢᠭᠤᠯᠵᠤ᠂ ᠪᠠᠶ᠎ᠠ ᠪᠠᠨ ᠲᠠᠭᠠᠭᠠᠵᠤ ᠤᠶᠢᠯᠠᠰ ᠪᠦᠳᠦᠭᠡᠬᠦ ᠶᠢ ᠵᠤᠷᠢᠬᠵᠢᠭᠤᠯᠵᠤ ᠲᠠᠮᠵᠢᠨ᠎ᠠ᠃ ᠠᠵᠢᠯ ᠤᠯᠭᠤᠬᠤ ᠠᠷᠭ᠎ᠠ ᠵᠠᠮ ᠢ ᠢᠳᠡᠪᠬᠢᠳᠠᠢ ᠦᠷᠭᠡᠳᠭᠡᠵᠤ᠂ ᠲᠠᠪᠤᠨ ᠵᠢᠯ ᠳᠤ 7500 ᠬᠦᠮᠦᠨ ᠳᠤ ᠠᠵᠢᠯ ᠲᠤᠬᠢᠷᠠᠭᠤᠯᠵᠤ ᠠᠵᠢᠯ ᠤᠯᠭᠤᠨ᠎ᠠ᠃ ᠡᠷᠠᠬᠦᠯ ᠴᠢᠬᠢᠷᠠᠭ ᠤᠩᠨᠢᠭᠤᠳ ᠬᠤᠰᠢᠭᠤᠨ ᠤ ᠪᠠᠶᠢᠭᠤᠯᠤᠯᠳᠠ ᠶᠢ ᠬᠦᠨᠵᠡᠭᠡᠢ ᠲᠦᠯᠬᠢᠨ ᠠᠬᠢᠭᠤᠯᠵᠤ᠂ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠠᠴᠢᠯᠠᠯᠳᠠ ᠶᠢᠨ ᠠᠯᠬᠤᠴᠠ ᠶᠢ ᠲᠦᠷᠭᠡᠳᠭᠡᠵᠤ᠂ ᠬᠤᠳᠠ ᠬᠦᠳᠡᠭᠡ ᠶᠢ ᠪᠦᠷᠬᠦᠬᠦᠯᠬᠦ ᠦᠨᠳᠤᠰᠤᠨ ᠡᠮᠨᠠᠬᠦ ᠡᠷᠡᠬᠦᠯ ᠬᠠᠮᠠᠭᠠᠯᠠᠯ ᠤᠨ ᠲᠤᠬᠳᠠᠯᠴᠠᠭ᠎ᠠ ᠶᠢ ᠤᠯᠠᠮ ᠨᠢᠭᠡ ᠠᠯᠬᠤᠮ ᠲᠠᠬᠦᠯᠳᠠᠷᠵᠢᠬᠦᠯᠦᠨ᠎ᠠ᠂ ᠬᠤᠳᠠ ᠬᠦᠳᠡᠭᠡ ᠶᠢᠨ ᠡᠷᠡᠬᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠳᠠᠬᠢ ᠤᠷᠤᠭᠤᠯᠤᠯᠳᠠ ᠶᠢ ᠨᠡᠮᠡᠭᠳᠡᠬᠦᠯᠵᠤ᠂ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠦᠬᠦ ᠲᠠᠯ᠎ᠠ ᠪᠠᠷ ᠦᠭᠡᠷᠡᠴᠢᠯᠠᠵᠤ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ ᠪᠠᠳᠤᠳᠬᠠᠵᠤ᠂ ᠤᠯᠠᠨ ᠲᠦᠮᠠᠨ ᠤ ᠡᠪᠡᠳᠴᠢᠨ ᠦᠵᠠᠬᠦᠯᠬᠦ ᠳᠤ ᠬᠦᠴᠢᠷᠳᠠᠢ᠂ ᠡᠪᠡᠳᠴᠢᠨ ᠦᠵᠠᠬᠦᠯᠬᠦ ᠳᠤ ᠦᠨᠠᠳᠠᠢ ᠠᠰᠠᠭᠤᠳᠠᠯ ᠢ ᠦᠨᠠᠩᠬᠦ ᠰᠢᠢᠳᠪᠤᠷᠢᠯᠠᠨ᠎ᠠ᠃ ᠨᠠᠶᠢᠭᠡᠮ ᠤᠨ ᠪᠠᠳᠤᠯᠠᠭ᠎ᠠ ᠶᠢᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠤᠷ᠎ᠠ ᠤᠷᠤᠯᠭ᠎ᠠ ᠲᠠᠢ ᠤᠯᠠᠨ ᠲᠦᠮᠠᠨ ᠤ ᠤᠶᠢᠯᠠᠳᠪᠤᠷᠢᠯᠠᠯ ᠠᠮᠢᠳᠤᠷᠠᠯ ᠢ ᠦᠨᠠᠩᠬᠦ ᠪᠠᠳᠤᠯᠠᠨ᠎ᠠ᠃      —— ᠨᠠᠶᠢᠭᠡᠮ ᠤᠨ ᠬᠠᠮᠢᠶᠠᠷᠤᠯᠳᠠ ᠶᠢᠨ ᠤᠳᠤᠬᠢᠴᠢᠯᠠᠯᠳᠠ ᠶᠢ ᠴᠢᠩᠭᠠᠳᠬᠠᠵᠤ᠂ ᠴᠢᠯᠦᠭᠡᠳᠠᠢ ᠰᠢᠨ᠎ᠠ  ᠶᠢ ᠡᠬᠦᠳᠦᠭᠰᠡᠨ ᠤᠩᠨᠢᠭᠤᠳ ᠢ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ ᠪᠢᠳᠠ ᠦᠭᠡᠷᠠᠴᠢᠯᠠᠯᠳᠠ ᠪᠠᠷ ᠬᠦᠭᠵᠢᠯᠳᠠ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢ ᠴᠢᠯᠦᠭᠡᠳᠡᠢ ᠪᠤᠯᠭᠠᠬᠤ᠂ ᠵᠠᠬ᠎ᠠ ᠲᠠᠯᠭᠡᠬᠦᠷ ᠢ ᠴᠢᠯᠦᠭᠡᠳᠡᠢ ᠪᠤᠯᠭᠠᠬᠤ᠂ ᠡᠬᠢ ᠰᠤᠷᠪᠤᠯᠵᠢ ᠶᠢ ᠴᠢᠯᠦᠭᠡᠳᠡᠢ ᠪᠤᠯᠭᠠᠬᠤ ᠪᠠᠷ ᠲᠠᠮᠵᠢᠵᠤ᠂ ᠲᠤᠮᠤ ᠶᠡᠭᠡ ᠲᠦᠷᠦᠯ ᠵᠦᠢᠯ᠂ ᠠᠵᠤ ᠤᠶᠢᠯᠠᠰ ᠤᠨ ᠲᠤᠯᠤᠭᠠᠶᠢᠯᠠᠬᠴᠢ᠂ ᠮᠠᠷᠭᠡᠵᠢᠯᠳᠠᠨ ᠢ ᠤᠷᠤᠭᠤᠯᠬᠤ ᠲᠠᠯ᠎ᠠ ᠲᠠᠭᠡᠷ᠎ᠡ ᠬᠦᠴᠦᠨ ᠢᠶᠠᠨ ᠲᠠᠯᠪᠢᠨ᠎ᠠ᠃ ᠤᠷᠤᠨ ᠨᠤᠳᠤᠭ ᠤᠨ ᠠᠵᠤ ᠤᠶᠢᠯᠠᠰ ᠢ ᠬᠤᠯᠪᠤᠭᠠᠯᠠᠵᠤ ᠲᠠᠬᠢᠨ ᠪᠠᠶᠢᠭᠤᠯᠬᠤ᠂ ᠵᠠᠯᠭᠠᠵᠤ ᠦᠭᠡᠷᠠᠴᠢᠯᠠᠬᠦ᠂ ᠫᠠᠶᠢᠰᠠ ᠡᠯᠬᠦᠵᠤ ᠵᠠᠬ᠎ᠠ ᠲᠠᠯᠭᠡᠬᠦᠷ ᠲᠤ ᠭᠠᠷᠬᠤ ᠵᠠᠷᠭᠡ ᠠᠷᠭ᠎ᠠ ᠬᠡᠯᠪᠠᠷᠢ ᠪᠠᠷ ᠭᠠᠳᠠᠬᠰᠢ ᠭᠠᠷᠭᠠᠬᠤ ᠶᠢ ᠵᠠᠷᠭᠡᠪᠠᠷ ᠲᠦᠯᠬᠢᠨ ᠠᠬᠢᠭᠤᠯᠤᠨ᠎ᠠ᠂ ᠰᠢᠨ᠎ᠠ ᠭᠦᠭᠵᠢᠯᠳᠠ ᠶᠢᠨ ᠤᠷᠤᠨ ᠵᠠᠢ ᠶᠢ ᠦᠷᠭᠡᠳᠭᠡᠵᠤ᠂ ᠴᠢᠯᠦᠭᠡᠳᠡᠢ ᠠᠵᠤ ᠠᠬᠤᠢ ᠶᠢᠨ ᠰᠢᠨ᠎ᠠ ᠪᠠᠶᠢᠷᠢᠯᠠᠭᠤᠯᠤᠯᠳᠠ ᠪᠦᠷᠢᠯᠳᠤᠬᠦᠯᠬᠦ ᠶᠢ ᠲᠦᠷᠭᠡᠳᠭᠡᠨ᠎ᠠ᠂ ᠦᠵᠠᠯᠳᠠ ᠰᠢᠨᠠᠴᠢᠯᠠᠬᠦ᠂ ᠮᠠᠷᠭᠡᠵᠢᠯ ᠰᠢᠨᠠᠴᠢᠯᠠᠬᠦ᠂ ᠠᠵᠤ ᠤᠶᠢᠯᠠᠰ ᠰᠢᠨᠠᠴᠢᠯᠠᠬᠦ᠂ ᠬᠠᠮᠢᠶᠠᠷᠤᠯᠳᠠ ᠰᠢᠨᠠᠴᠢᠯᠠᠬᠦ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠰᠢᠨᠠᠴᠢᠯᠠᠬᠦ  ᠨᠢ ᠬᠡᠯᠪᠠᠷᠢ ᠶᠢ ᠬᠤᠪᠢᠷᠠᠭᠠᠬᠤ ᠲᠤᠮᠳᠠ ᠦᠵᠠᠬᠦᠯᠬᠦ ᠵᠠᠩᠬᠢᠯᠠᠭ᠎ᠠ ᠶᠢᠨ ᠤᠶᠢᠯᠠᠳᠤᠯ ᠢ ᠪᠠᠳᠠᠷᠠᠭᠤᠯᠤᠨ᠎ᠠ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠦᠨ᠎ᠠ᠂ ᠵᠠᠰᠠᠭ ᠤᠨ ᠶᠠᠪᠤᠳᠠᠯ ᠤᠨ ᠤᠶᠢᠯᠠᠴᠢᠯᠡᠭᠡ ᠶᠢᠨ ᠬᠤᠷᠳᠤᠴᠠ ᠶᠢ ᠲᠦᠷᠭᠡᠳᠭᠡᠵᠤ ᠴᠢᠨᠠᠷ ᠢ ᠲᠠᠭᠡᠭᠰᠢᠯᠠᠬᠦᠯᠬᠦ ᠶᠢ ᠲᠦᠯᠬᠢᠨ ᠠᠬᠢᠭᠤᠯᠵᠤ᠂ ᠬᠤᠳᠠᠯᠳᠤᠭᠠᠨ ᠤ ᠶᠠᠪᠤᠳᠠᠯ ᠢ ᠲᠠᠩᠰᠠᠯᠠᠬᠤ ᠦᠭᠡᠷᠡᠴᠢᠯᠠᠯᠳᠠ ᠶᠢ ᠬᠦᠨᠵᠡᠭᠡᠶᠢᠷᠠᠬᠦᠯᠦᠨ᠎ᠠ᠂ ︽ᠨᠢᠭᠡ ᠴᠤᠩᠬᠤ ᠳᠤ ᠬᠦᠯᠢᠶᠠᠨ ᠠᠪᠬᠤ︾᠂ ︽ᠭᠤᠷᠪᠠ ᠶᠢ ᠮᠠᠳᠠᠬᠦᠯᠬᠦ︾  ᠬᠦᠢᠴᠡᠳᠭᠡᠬᠦ ᠵᠠᠬᠪᠤᠷ ᠢ ᠪᠦᠬᠦ ᠲᠠᠯ᠎ᠠ ᠪᠠᠷ ᠲᠦᠯᠬᠢᠨ ᠬᠡᠷᠡᠭᠵᠢᠬᠦᠯᠵᠤ᠂ ᠤᠯᠠᠨ ᠢᠶᠠᠷ ᠢᠶᠠᠨ ᠤᠶᠢᠯᠠᠰ ᠪᠦᠳᠦᠭᠡᠬᠦ᠂ ᠤᠯᠠᠨ ᠲᠦᠮᠠᠨ ᠰᠢᠨᠠᠴᠢᠯᠠᠬᠦ ᠶᠢ ᠲᠦᠯᠬᠢᠨ ᠠᠬᠢᠭᠤᠯᠤᠨ᠎ᠠ᠃ ᠨᠠᠶᠢᠭᠡᠮ ᠵᠢᠷᠤᠮᠳᠤ ᠠᠷᠠᠳᠴᠢᠯᠠᠯᠳᠤ ᠬᠠᠤᠯᠢ ᠪᠠᠷ ᠵᠠᠰᠠᠬᠤ ᠶᠢ ᠲᠠᠰᠤᠷᠠᠯᠳᠠ ᠦᠭᠡᠢ ᠲᠠᠬᠦᠯᠳᠠᠷᠵᠢᠬᠦᠯᠵᠤ᠂ ᠬᠠᠤᠯᠢ ᠴᠠᠭᠠᠵᠠ ᠶᠢᠨ ᠤᠯᠠᠨ ᠤ ᠢᠳᠡᠭᠡᠮᠵᠢ  ᠶᠢᠨ ᠬᠦᠴᠦᠨ ᠢ ᠮᠠᠳᠡᠭᠳᠡᠮ᠎ᠠ ᠲᠠᠭᠡᠭᠰᠢᠯᠠᠬᠦᠯᠵᠤ᠂ ᠨᠠᠶᠢᠭᠡᠮ ᠤᠨ ᠶᠡᠭᠡ ᠲᠠᠯ᠎ᠠ ᠪᠠ ᠵᠤᠬᠢᠴᠠᠩᠭᠤᠢ ᠲᠤᠬᠳᠠᠭᠤᠨ ᠢ ᠲᠠᠰᠤᠷᠠᠯᠳᠠ ᠦᠭᠡᠢ ᠲᠠᠬᠦᠯᠳᠠᠷᠵᠢᠬᠦᠯᠦᠨ᠎ᠠ᠃            ᠭᠤᠷᠪᠠ᠂ 2016 ᠤᠨ ᠤ ᠭᠤᠤᠯ ᠡᠬᠦᠷᠭᠡ       2016 ᠤᠨ ᠪᠤᠯ ︽13.5︾ ᠤᠨ ᠡᠬᠢᠯᠠᠯᠳᠠ ᠶᠢᠨ ᠵᠢᠯ ᠮᠥᠨ᠂ ᠪᠠᠰᠠᠴᠤ ᠪᠦᠳᠦᠴᠠ ᠶᠢᠨ ᠴᠢᠨᠠᠷᠳᠠᠢ ᠦᠭᠡᠷᠠᠴᠢᠯᠠᠯᠳᠠ ᠶᠢ ᠲᠦᠯᠬᠢᠨ ᠠᠬᠢᠭᠤᠯᠬᠤ ᠵᠠᠩᠬᠢᠯᠠᠭ᠎ᠠ ᠶᠢᠨ ᠵᠢᠯ ᠮᠥᠨ᠃ ᠪᠦᠬᠦ ᠵᠢᠯ ᠤᠨ ᠠᠵᠢᠯ ᠢᠶᠠᠨ ᠰᠠᠶᠢᠳᠤᠷ ᠬᠢᠬᠦ ᠨᠢ ᠬᠦᠨᠳᠤ ᠴᠢᠬᠤᠯᠠ ᠤᠳᠬ᠎ᠠ ᠠᠭᠤᠯᠭ᠎ᠠ ᠲᠠᠢ᠃ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠳᠠ ᠶᠢᠨ ᠭᠤᠤᠯ ᠤᠷᠢᠳᠴᠢᠯᠠᠨ ᠲᠤᠬᠳᠠᠭᠠᠬᠰᠠᠨ ᠬᠠᠷᠠᠯᠳᠠ ᠪᠤᠯ᠄ ᠤᠷᠤᠨ ᠨᠤᠳᠤᠭ ᠤᠨ ᠤᠶᠢᠯᠠᠳᠪᠤᠷᠢᠯᠠᠯ  ᠤᠨ ᠶᠠᠷᠦᠩᠭᠡᠢ ᠦᠷᠳᠡᠭ ᠢ 9% ᠪᠠᠷ ᠨᠡᠮᠡᠭᠳᠡᠬᠦᠯᠵᠤ᠂ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 6% ᠪᠠᠷ ᠨᠡᠮᠡᠭᠳᠡᠬᠦᠯᠦᠨ᠎ᠠ᠃ ᠬᠡᠪᠴᠢᠶᠠᠵᠢᠯ ᠠᠴᠠ ᠲᠠᠭᠡᠭᠰᠢ ᠲᠤᠬᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ 14% ᠪᠠᠷ ᠨᠡᠮᠡᠭᠳᠡᠬᠦᠯᠦᠨ᠎ᠠ᠂ ᠨᠠᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠠᠷᠦᠩᠭᠡᠢ ᠨᠤᠷᠮ᠎ᠠ ᠶᠢ 11% ᠪᠠᠷ ᠨᠡᠮᠡᠭᠳᠡᠬᠦᠯᠦᠨ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠤ ᠪᠤᠯᠬᠤ ᠤᠷᠤᠯᠭ᠎ᠠ ᠶᠢ 11.5% ᠪᠠᠷ ᠨᠠᠮᠡᠭᠳᠡᠬᠦᠯᠦᠨ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 11%  ᠪᠠᠷ ᠨᠡᠮᠡᠭᠳᠡᠬᠦᠯᠦᠨ᠎ᠠ᠃       ᠲᠠᠭᠡᠷᠠᠬᠢ ᠬᠠᠷᠠᠯᠳᠠ ᠡᠬᠦᠷᠭᠡ ᠶᠢ ᠪᠠᠶᠠᠯᠠᠬᠦᠯᠬᠦ ᠳᠤ ᠪᠢᠳᠠ ᠪᠦᠬᠦ ᠬᠤᠰᠢᠭᠤᠨ ᠤ ᠠᠷᠠᠳ ᠲᠦᠮᠠᠨ ᠤ ᠤᠶᠤᠨ ᠪᠢᠯᠢᠭ ᠬᠦᠴᠦ ᠴᠢᠳᠠᠯ ᠢ ᠨᠠᠶᠢᠯᠠᠬᠦᠯᠵᠤ᠂ ᠲᠤᠤᠷᠠᠬᠢ ᠨᠠᠢᠮᠠᠨ ᠲᠠᠯ᠎ᠠ ᠶᠢᠨ 25 ᠵᠦᠢᠯ ᠤᠨ ᠭᠤᠤᠯᠳᠠᠯᠭ᠎ᠠ ᠲᠠᠢ ᠠᠵᠢᠯ  ᠢ ᠰᠠᠶᠢᠳᠤᠷ ᠬᠢᠨ᠎ᠠ᠃       ︵ᠨᠢᠭᠡ︶ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠳᠬᠤᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠶᠢᠯᠠᠳᠪᠤᠷᠢᠯᠠᠯ ᠠᠮᠢᠳᠤᠷᠠᠯ ᠤᠨ ᠰᠠᠭᠤᠷᠢ ᠨᠦᠬᠦᠴᠠᠯ ᠢ ᠦᠨᠠᠩᠬᠦ ᠴᠢᠩᠭᠠᠳᠬᠠᠨ᠎ᠠ᠃       ᠬᠤᠳᠠ ᠪᠠᠯᠭᠠᠰᠤ ᠶᠢ ᠨᠢᠭᠡ ᠴᠤᠬᠴᠠᠵᠢᠭᠤᠯᠬᠤ ᠬᠦᠭᠵᠢᠯᠳᠠ᠂ ᠡᠯᠧᠮᠧᠨ᠋ᠲ ᠢ ᠲᠠᠩᠴᠠᠬᠦᠷᠢ ᠲᠠᠢ ᠲᠤᠬᠢᠷᠠᠭᠤᠯᠬᠤ᠂ ᠤᠶᠢᠯᠠᠴᠢᠯᠡᠭᠡ ᠡᠷᠭᠡ ᠲᠡᠭᠰᠢ ᠶᠢ ᠬᠠᠮᠳᠤ ᠠᠰᠢᠬᠯᠠᠬᠤ ᠪᠠᠷ ᠬᠠᠷᠠᠯᠳᠠ ᠪᠤᠯᠭᠠᠨ᠂ ︽ᠠᠷᠪᠠ ᠶᠢ ᠪᠦᠷᠬᠦᠬᠦᠯᠬᠦ︾ ᠢᠨᠵᠧᠨᠧᠷᠢᠭ ᠢ ᠪᠦᠬᠦ ᠬᠦᠴᠦ ᠪᠠᠷ ᠲᠦᠯᠬᠢᠨ ᠠᠬᠢᠭᠤᠯᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ 44 ᠵᠠᠰᠠᠭ ᠵᠠᠬᠢᠷᠭᠠᠨ ᠤ ᠲᠤᠰᠬᠤᠨ᠂ 735 ᠡᠩ ᠤᠨ ᠠᠶᠢᠯ ᠲᠤᠰᠬᠤᠨ ᠪᠤᠯᠤᠨ 38 ᠴᠢᠨᠠᠷ ᠢ ᠲᠠᠭᠡᠭᠰᠢᠯᠠᠬᠦᠯᠵᠤ ᠪᠠᠷᠢᠮᠵᠢᠶᠠᠨ ᠳᠤ ᠬᠦᠷᠭᠡᠬᠦ ᠲᠤᠰᠬᠤᠨ ᠢ ᠪᠦᠷᠬᠦᠬᠦᠯᠬᠦ ᠢᠨᠵᠧᠨᠧᠷᠢᠭ ᠤᠨ ᠪᠠᠶᠢᠭᠤᠯᠤᠯᠳᠠ ᠶᠢᠨ ᠡᠬᠦᠷᠭᠡ ᠶᠢ ᠪᠠᠶᠠᠯᠠᠬᠦᠯᠦᠨ᠎ᠠ᠃     1. ᠪᠦᠳᠦᠭᠡᠨ ᠪᠠᠶᠢᠭᠤᠯᠤᠯᠳᠠ ᠶᠢᠨ ᠪᠠᠯᠠ ᠮᠦᠩᠬᠦ ᠶᠢ ᠤᠯᠠᠨ ᠲᠠᠯ᠎ᠠ ᠪᠠᠷ ᠴᠤᠬᠯᠠᠭᠤᠯᠤᠨ᠎ᠠ᠃ ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠵᠠᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠪᠠᠯᠠ ᠮᠦᠩᠬᠦ ᠠᠷᠭᠠᠴᠠᠭᠠᠨ ᠵᠢᠭᠡᠯᠠᠵᠤ᠂ ᠡᠳ᠋ ᠤᠨ ᠵᠠᠰᠠᠭ ᠤᠨ ᠲᠠᠷᠤᠯᠳᠠ ᠶᠢ ᠦᠨᠠᠩᠬᠦ ᠬᠦᠩᠭᠡᠷᠡᠬᠦᠯᠦᠨ᠎ᠠ᠃ ᠨᠤᠷᠠᠬᠤ ᠠᠶᠤᠯᠳᠠᠢ ᠬᠡᠷ ᠢ ᠰᠠᠯᠪᠢᠨ ᠵᠠᠰᠠᠬᠤ᠂ ᠵᠠᠬᠡᠯᠢ ᠭᠤᠳᠤᠮᠵᠢ ᠶᠢ ᠬᠠᠳᠠᠭᠤᠷᠠᠭᠤᠯᠬᠤ ᠵᠠᠷᠭᠡ ᠲᠦᠷᠦᠯ ᠵᠦᠢᠯ ᠤᠨ ᠪᠠᠯᠠ ᠮᠦᠩᠬᠦ ᠶᠢᠨ ᠲᠠᠮᠵᠢᠯᠭᠡ ᠶᠢ ᠤᠯᠵᠤ᠂ ᠨᠠᠩ ᠤᠯᠠᠨ ᠲᠦᠷᠦᠯ ᠵᠦᠢᠯ ᠢ ᠴᠢᠳᠠᠬᠤ ᠶᠢᠨ ᠬᠢᠷᠢ ᠪᠠᠷ ᠤᠯᠤᠰ ᠤᠨ ᠪᠠᠯᠠ ᠤᠷᠤᠭᠤᠯᠬᠤ ᠬᠡᠪᠴᠢᠶᠠᠨ ᠳᠤ ᠤᠷᠤᠭᠤᠯᠤᠨ᠎ᠠ᠃ ︽ᠠᠰ ᠠᠰ ᠢᠶᠠᠷ ᠨᠢ ᠵᠦᠪᠯᠠᠬᠦ︾᠂ ᠭᠤᠶᠤ ᠰᠠᠶᠢᠬᠠᠨ ᠬᠦᠳᠡᠭᠡ ᠲᠤᠰᠬᠤᠨ ᠵᠠᠷᠭᠡ ᠪᠠᠯᠠ ᠮᠦᠩᠬᠦ ᠶᠢ ᠨᠠᠶᠢᠯᠠᠬᠦᠯᠬᠦ ᠬᠦᠴᠦᠨ ᠢ ᠨᠠᠮᠡᠭᠳᠡᠬᠦᠯᠵᠤ᠂ ︽ᠠᠷᠪᠠ ᠶᠢ ᠪᠦᠷᠬᠦᠬᠦᠯᠬᠦ ᠢᠨᠵᠧᠨᠧᠷᠢᠭ︾ ᠲᠤ ᠲᠦᠪᠯᠠᠷᠠᠬᠦᠯᠦᠨ ᠵᠠᠷᠤᠵᠤ᠂ ᠪᠠᠯᠠ ᠮᠦᠩᠬᠦ ᠶᠢᠨ ᠬᠡᠷᠡᠭᠯᠡᠭᠡᠨ ᠤ ᠠᠰᠢᠬᠯᠠᠮᠵᠢ ᠶᠢ ᠲᠠᠭᠡᠭᠰᠢᠯᠠᠬᠦᠯᠦᠨ᠎ᠠ᠃ ᠨᠠᠶᠢᠳᠠ ᠬᠤᠪᠢ ᠳᠤ ᠬᠤᠷᠰᠢᠨ ᠡᠵᠡᠩᠨᠠᠵᠤ ᠨᠠᠶᠢᠭᠡᠮ ᠤᠨ ᠪᠠᠯᠠ ᠮᠦᠩᠬᠦ ᠶᠢ ᠲᠠᠳᠠᠬᠤ PPP ᠵᠠᠬᠪᠤᠷ ᠪᠠ ᠴᠢᠳᠠᠪᠤᠷᠢᠳᠠᠨ ᠨᠤᠳᠤᠭ ᠲᠠᠭᠠᠨ ᠪᠤᠴᠠᠵᠤ ᠠᠵᠢᠯ ᠤᠶᠢᠯᠠᠰ ᠪᠤᠰᠬᠠᠬᠤ ᠵᠠᠬᠪᠤᠷ ᠢ ᠠᠪᠴᠤ᠂ ᠵᠡᠬᠡᠯᠢ ᠭᠤᠳᠤᠮᠵᠢ ᠶᠢ ᠬᠠᠳᠠᠭᠤᠷᠠᠭᠤᠯᠬᠤ᠂ ᠲᠤᠭᠤᠰᠬᠠᠨ ᠬᠡᠷᠡᠮ ᠪᠠᠷᠢᠬᠤ᠂ ᠠᠶᠢᠯ ᠲᠤᠰᠬᠤᠨ ᠢ ᠨᠤᠭᠤᠭᠠᠷᠠᠭᠤᠯᠬᠤ ᠵᠠᠷᠭᠡ ᠢᠨᠵᠧᠨᠧᠷᠢᠭ ᠤᠨ ᠪᠠᠶᠢᠭᠤᠯᠤᠯᠳᠠ ᠳᠤ ᠤᠷᠤᠯᠴᠠᠭᠤᠯᠤᠨ᠎ᠠ᠃ ᠮᠠᠯᠴᠢᠨ ᠲᠠᠷᠢᠶᠠᠴᠢᠨ ᠤ ᠪᠠᠯᠠ ᠤᠷᠤᠭᠤᠯᠬᠤ ᠬᠦᠳᠠᠯᠮᠤᠷᠢ ᠤᠷᠤᠭᠤᠯᠬᠤ ᠶᠢ ᠢᠳᠡᠪᠬᠢᠳᠠᠢ ᠲᠠᠶᠢᠴᠢᠯᠠᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠵᠠᠰᠠᠬᠤ᠂ ᠲᠦᠷᠦᠯ ᠵᠦᠢᠯ ᠢ ᠬᠠᠮᠢᠶᠠᠷᠬᠤ ᠵᠠᠷᠭᠡ ᠠᠵᠢᠯ ᠢ ᠰᠠᠶᠢᠳᠤᠷ ᠬᠢᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠭᠤᠶᠤ ᠰᠠᠶᠢᠬᠠᠨ ᠨᠤᠳᠤᠭ ᠤᠰᠤ ᠪᠠᠨ ᠪᠠᠶᠢᠭᠤᠯᠤᠨ᠎ᠠ᠃       2. ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠎ᠠ᠃ ︽ᠨᠢᠭᠡ ᠲᠤᠰᠬᠤᠨ ᠨᠢᠭᠡ ᠲᠦᠰᠦᠯ᠂ ᠨᠢᠭᠡ ᠲᠤᠰᠬᠤᠨ ᠨᠢᠭᠡ ᠲᠦᠯᠦᠪᠵᠢᠬᠦᠯᠭᠡ᠂ ᠨᠢᠭᠡ ᠡᠷᠦᠭᠡ ᠨᠢᠭᠡ ᠲᠦᠯᠦᠪᠯᠡᠭᠡ᠂ ᠨᠢᠭᠡ ᠡᠷᠦᠭᠡ ᠨᠢᠭᠡ ᠵᠢᠷᠤᠭ︾ ᠤᠨ ᠱᠠᠭᠠᠷᠳᠠᠯᠭ᠎ᠠ ᠶᠢ ᠦᠨᠳᠤᠰᠤᠯᠠᠨ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠬᠰᠠᠨ ᠲᠤᠰᠬᠤᠨ ᠤ ᠲᠦᠯᠦᠪᠵᠢᠬᠦᠯᠭᠡ᠂ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠭᠡ ᠪᠤᠯᠤᠨ ᠠᠵᠤ ᠤᠶᠢᠯᠠᠰ ᠤᠨ ᠬᠦᠭᠵᠢᠯᠳᠠ  ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ 1 ᠰᠠᠷ᠎ᠠ ᠶᠢᠨ ᠰᠠᠬᠦᠯᠴᠢ ᠠᠴᠠ ᠡᠮᠦᠨ᠎ᠠ ᠪᠦᠬᠦ ᠬᠤᠰᠢᠭᠤᠨ  ᠤ ᠡᠩ ᠤᠨ ᠲᠤᠰᠬᠤᠨ ᠤ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠲᠠᠭᠤᠰᠬᠠᠨ᠎ᠠ᠃ ᠡᠯ᠎ᠡ ᠲᠦᠷᠦᠯ ᠤᠨ ᠪᠤᠳᠠᠰ ᠤᠨ ᠮᠠᠲ᠋ᠧᠷᠢᠶᠠᠯ ᠢ ᠪᠠᠯᠠᠳᠭᠡᠬᠦ ᠵᠢᠴᠢ ᠲᠠᠭᠠᠭᠠᠴᠢᠯᠠᠯᠳᠠ ᠵᠠᠷᠯᠠᠬᠤ ᠵᠠᠷᠭᠡ ᠡᠮᠦᠨᠠᠬᠢ ᠬᠤᠭᠤᠴᠠᠭᠠᠨ ᠤ ᠠᠵᠢᠯ ᠢ ᠲᠦᠷᠭᠡᠳᠭᠡᠵᠤ᠂ 4 ᠰᠠᠷ᠎ᠠ ᠳᠤ ᠪᠠᠶᠢᠭᠤᠯᠤᠯᠳᠠ ᠶᠢ ᠪᠦᠬᠦ ᠲᠠᠯ᠎ᠠ ᠪᠠᠷ ᠡᠬᠢᠯᠠᠬᠦ ᠶᠢ ᠪᠠᠳᠤᠯᠠᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠨᠤᠷᠠᠬᠤ ᠠᠶᠤᠯ  ᠲᠠᠢ ᠬᠡᠷ ᠢ ᠰᠠᠯᠪᠢᠨ ᠵᠠᠰᠠᠬᠤ᠂ ᠭᠠᠴᠠᠭ᠎ᠠ ᠲᠤᠰᠬᠤᠨ ᠤ ᠵᠠᠬᠡᠯᠢ ᠭᠤᠳᠤᠮᠵᠢ ᠶᠢ 3250 ᠺᠢᠯᠤᠮᠧᠲᠷ ᠬᠠᠳᠠᠭᠤᠷᠠᠭᠤᠯᠵᠤ᠂ ᠲᠤᠰᠬᠤᠨ ᠢ ᠨᠤᠭᠤᠭᠠᠷᠠᠭᠤᠯᠬᠤ ᠠᠵᠢᠯ ᠢ 1.12 ᠲᠦᠮᠠᠨ ᠮᠤ᠋ ᠬᠡᠷᠡᠭᠵᠢᠬᠦᠯᠦᠨ᠎ᠠ᠃ ᠵᠢᠯ ᠤᠨ ᠰᠠᠬᠦᠯᠴᠢ ᠪᠤᠯᠬᠤ ᠦᠶ᠎ᠠ ᠳᠤ ᠪᠦᠬᠦ ᠬᠤᠰᠢᠭᠤᠨ ᠤ ᠮᠠᠯᠵᠢᠬᠤ ᠤᠷᠤᠨ᠂ ᠰᠤᠮᠤ ᠪᠠᠯᠭᠠᠰᠤ ᠶᠢᠨ ᠵᠠᠰᠠᠭ ᠤᠨ ᠤᠷᠳᠤᠨ  ᠤ ᠰᠠᠭᠤᠭ᠎ᠠ ᠭᠠᠵᠠᠷ᠂ ᠤᠯᠤᠰ ᠮᠤᠵᠢ ᠶᠢᠨ ᠭᠤᠤᠯ ᠱᠤᠭᠤᠮ ᠢ ᠲᠠᠭᠠᠬᠰᠠᠨ ᠭᠠᠴᠠᠭ᠎ᠠ ᠲᠤᠰᠬᠤᠨ ᠢ 100% ᠪᠠᠷ ᠪᠦᠷᠬᠦᠬᠦᠯᠦᠨ᠎ᠠ᠃ ᠦᠨᠳᠤᠰᠤᠨ ᠪᠦᠳᠦᠭᠡᠨ ᠪᠠᠶᠢᠭᠤᠯᠤᠯᠳᠠ ᠶᠢᠨ ᠶᠠᠪᠤᠴᠠ ᠶᠢ ᠴᠢᠩᠭᠠᠳᠬᠠᠵᠤ᠂ ᠴᠢᠨᠠᠷ ᠴᠢᠨᠰᠠᠭ᠎ᠠ ᠪᠤᠯᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠢᠷᠢ ᠲᠠᠩᠴᠠᠬᠦ ᠦᠭᠡᠢ ᠢᠨᠵᠧᠨᠧᠷᠢᠭ ᠪᠤᠯᠤᠨ ᠠᠶᠤᠯᠬᠦᠢ ᠤᠶᠢᠯᠠᠳᠪᠤᠷᠢᠯᠠᠯ ᠤᠨ ᠬᠡᠨᠡᠳᠡᠯ ᠭᠠᠷᠬᠤ ᠶᠢ ᠡᠷᠡᠰ ᠰᠡᠷᠭᠡᠶᠢᠯᠠᠨ᠂ ᠲᠦᠷᠦᠯ ᠵᠦᠢᠯ ᠤᠨ ᠪᠠᠯᠠ ᠮᠦᠩᠬᠦ ᠶᠢ ᠰᠢᠯᠵᠢᠬᠦᠯᠦᠨ ᠵᠠᠷᠤᠬᠤ᠂ ᠱᠠᠮᠰᠢᠨ ᠡᠵᠡᠯᠠᠬᠦ ᠶᠢ ᠲᠠᠰᠤ ᠬᠤᠷᠢᠬᠯᠠᠨ᠎ᠠ᠃      3. ᠢᠨᠵᠧᠨᠧᠷᠢᠭ ᠤᠨ ᠰᠠᠬᠦᠯᠴᠢ ᠶᠢᠨ ᠬᠤᠭᠤᠴᠠᠭᠠᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠢᠨᠵᠧᠨᠧᠷᠢᠭ  ᠤᠨ ᠰᠠᠬᠦᠯᠴᠢ ᠶᠢᠨ ᠬᠤᠭᠤᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠲᠤᠬᠳᠠᠭᠠᠵᠤ᠂ ᠮᠠᠯᠴᠢᠨ ᠲᠠᠷᠢᠶᠠᠴᠢᠨ ᠡᠷᠦᠭᠡ ᠂ ᠭᠠᠴᠠᠭ᠎ᠠ ᠲᠤᠰᠬᠤᠨ᠂ ᠰᠤᠮᠤ ᠪᠠᠯᠭᠠᠰᠤ ᠲᠠᠯᠠᠪᠠᠢ ᠵᠡᠬᠡᠯᠢ ᠭᠤᠳᠤᠮᠵᠢ᠂ ᠬᠠᠮᠢᠶ᠎ᠠ ᠪᠦᠬᠦᠢ ᠰᠠᠯᠠᠭ᠎ᠠ ᠮᠦᠴᠢᠷ ︽ᠲᠦᠷᠪᠠ ᠨᠢᠭᠡ ᠴᠤᠬᠴᠠᠵᠢᠬᠰᠠᠨ︾ ᠬᠠᠮᠢᠶᠠᠷᠤᠯᠳᠠ ᠶᠢᠨ ᠲᠤᠬᠳᠠᠯᠴᠠᠭ᠎ᠠ ᠶᠢ ᠪᠠᠶᠢᠭᠤᠯᠵᠤ᠂ ᠢᠨᠵᠧᠨᠧᠷᠢᠭ ᠤᠷᠳᠤ ᠬᠤᠭᠤᠴᠠᠭ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠳᠤᠯᠠᠨ᠎ᠠ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠤᠷᠳᠤ ᠬᠤᠭᠤᠴᠠᠭ᠎ᠠ ᠬᠦᠴᠦᠨ ᠲᠠᠢ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ ᠡᠬᠦᠳᠠᠨ ᠡᠮᠦᠨᠠᠬᠢ ︽ᠭᠤᠷᠪᠠ ᠲᠠᠭᠠᠭᠠᠴᠢᠯᠠᠬᠤ︾ ᠲᠦᠷᠢᠮ ᠢ ᠨᠠᠶᠢᠳᠠᠪᠤᠷᠢᠵᠢᠭᠤᠯᠵᠤ᠂ ᠲᠤᠬᠳᠠᠬᠰᠠᠨ ᠬᠤᠭ ᠨᠤᠪᠰᠢ ᠬᠠᠳᠠᠭᠠᠯᠠᠬᠤ ᠭᠠᠵᠠᠷ᠂ ᠬᠤᠭ ᠤᠨ ᠬᠠᠶᠢᠷᠴᠠᠭ᠂ ᠬᠤᠭ ᠨᠤᠪᠰᠢ ᠪᠤᠯᠠᠬᠤ ᠲᠠᠯᠠᠪᠠᠢ᠂ ᠬᠤᠭ ᠲᠠᠭᠡᠭᠡᠪᠤᠷᠢᠯᠠᠬᠦ ᠭᠠᠵᠠᠷ ᠵᠠᠷᠭᠡ ᠶᠢᠨ ᠲᠦᠬᠦᠭᠡᠷᠦᠮᠵᠢ ᠶᠢ ᠲᠠᠬᠦᠯᠳᠠᠷᠵᠢᠬᠦᠯᠦᠨ ᠲᠦᠬᠦᠷᠴᠢᠯᠠᠵᠤ᠂ ᠪᠦᠬᠦ ᠬᠤᠰᠢᠭᠤᠨ ᠤ 90% ᠠᠴᠠ ᠲᠠᠭᠡᠭᠰᠢ ᠠᠶᠢᠯ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠦᠷ᠎ᠡ ᠪᠦᠳᠦᠮᠵᠢ ᠲᠠᠢ ᠪᠠᠷ ᠵᠠᠰᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠶᠢᠯᠠᠳᠪᠤᠷᠢᠯᠠᠯ ᠠᠮᠢᠳᠤᠷᠠᠯ ᠤᠨ ᠨᠦᠬᠦᠴᠠᠯ ᠢ ᠦᠷᠬᠦᠯᠵᠢᠯᠠᠨ ᠰᠠᠶᠢᠵᠢᠷᠠᠭᠤᠯᠤᠨ᠎ᠠ᠃       ︵ᠬᠤᠶᠠᠷ︶ ᠶᠠᠳᠠᠭᠤ ᠶᠢ ᠲᠠᠳᠬᠦᠬᠦ ᠤᠨᠤᠪᠴᠢᠳᠠᠢ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠬᠤ ᠪᠤᠭᠤᠮᠳᠠ ᠰᠢᠪᠳᠤᠯᠬᠤ ᠪᠠᠶᠢᠯᠳᠤᠭᠠᠨ ᠢ ᠵᠠᠪᠠᠯ ᠢᠯᠠᠨ᠎ᠠ᠃       ᠤᠯᠠᠮ ᠡᠷᠡᠰ ᠴᠢᠩᠭ᠎ᠠ ᠵᠤᠷᠢᠭ ᠰᠠᠨᠠᠭ᠎ᠠ᠂ ᠤᠯᠠᠮ ᠲᠤᠳᠤᠷᠬᠠᠢ ᠰᠠᠳᠬᠢᠬᠦᠢ᠂ ᠤᠯᠠᠮ ᠤᠨᠤᠪᠴᠢᠳᠠᠢ ᠠᠷᠭ᠎ᠠ  ᠪᠠᠷ ᠵᠢᠯ ᠲᠤᠳᠤᠷ᠎ᠠ 1 ᠲᠦᠮᠠᠨ ᠶᠠᠳᠠᠭᠤ ᠬᠦᠴᠢᠷᠳᠠᠢ ᠬᠦᠮᠦᠨ ᠠᠮᠠ ᠶᠢ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃      4. ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠲᠠᠭᠡᠭᠰᠢᠯᠠᠬᠦᠯᠦᠨ᠎ᠠ᠃ ᠭᠤᠷᠪᠠ ᠲᠤᠰᠬᠤᠨ ᠳᠤ ᠬᠦᠷᠬᠦ ᠬᠢᠭᠡᠳ ᠭᠤᠷᠪᠠ ᠡᠷᠦᠭᠡ ᠳᠤ ᠬᠦᠷᠬᠦ︾ ᠡᠳ᠋ ᠤᠨ ᠵᠠᠰᠠᠭ ᠤᠨ ᠶᠠᠳᠠᠭᠤ ᠶᠢ ᠲᠠᠳᠬᠦᠬᠦ ᠪᠠᠯᠠ ᠮᠦᠩᠬᠦ ᠶᠢ 6000 ᠲᠦᠮᠠᠨ ᠲᠦᠬᠦᠷᠢᠭ ᠤᠷᠤᠭᠤᠯᠵᠤ᠂ 82 ᠭᠤᠤᠯᠳᠠᠯᠭ᠎ᠠ ᠲᠠᠢ ᠶᠠᠳᠠᠭᠤ ᠬᠦᠴᠢᠷᠳᠠᠢ ᠭᠠᠴᠠᠭ᠎ᠠ ᠲᠤᠰᠬᠤᠨ ᠢ ᠲᠠᠮᠵᠢᠵᠤ᠂ ᠠᠯᠠᠰᠢᠨ ᠦᠭᠡᠷ᠂ ᠠᠯᠠᠰᠢᠨ ᠬᠤᠨᠢ᠂ ᠭᠠᠭ᠋ᠠᠢ ᠲᠠᠵᠢᠭᠡᠬᠦ ᠵᠠᠷᠭᠡ ᠠᠷᠠᠳ ᠢ ᠪᠠᠶᠠᠵᠢᠭᠤᠯᠬᠤ ᠠᠵᠤ ᠤᠶᠢᠯᠠᠰ ᠢ ᠬᠦᠭᠵᠢᠬᠦᠯᠦᠨ᠎ᠠ᠃ ᠪᠦᠬᠦ ᠵᠢᠯ ᠳᠤ ᠶᠠᠳᠠᠭᠤ ᠶᠢ ᠲᠠᠳᠬᠦᠬᠦ ᠮᠦᠩᠬᠦᠨ ᠬᠦᠢᠯᠭᠡᠭᠡᠨ ᠤ ᠵᠢᠭᠡᠯᠡᠯᠭᠡ 1 ᠳ᠋ᠦᠩᠰᠢᠭᠤᠷ ᠲᠦᠬᠦᠷᠢᠭ ᠠᠴᠠ ᠲᠠᠭᠡᠭᠰᠢ᠂ ︽ᠲᠦᠪ ᠤᠨ ᠵᠢᠭᠡᠯᠡᠯᠭᠡ ᠪᠠᠷ ᠲᠠᠳᠬᠦᠬᠦ︾ ᠵᠢᠭᠡᠯᠡᠯᠭᠡ ᠶᠢᠨ ᠵᠤᠭᠤᠰ ᠢ 1.5 ᠳ᠋ᠦᠩᠰᠢᠭᠤᠷ ᠲᠦᠬᠦᠷᠢᠭ ᠠᠴᠠ ᠲᠠᠭᠡᠭᠰᠢ ᠲᠠᠷᠬᠠᠭᠠᠵᠤ᠂ ᠪᠦᠬᠦ ᠬᠤᠰᠢᠭᠤᠨ ᠤ ᠠᠯᠢᠪᠠ ᠶᠠᠳᠠᠭᠤ ᠠᠴᠠ ᠠᠩᠬᠢᠵᠢᠷᠠᠬᠤ ᠬᠦᠰᠠᠯ ᠲᠠᠢ ᠪᠤᠯᠤᠨ ᠬᠦᠭᠵᠢᠬᠦ ᠴᠢᠳᠠᠯ ᠲᠠᠢ ᠶᠠᠳᠠᠭᠤ ᠬᠦᠴᠢᠷᠳᠠᠢ ᠡᠷᠦᠭᠡ  ᠳᠤ ᠴᠦᠮ ᠵᠢᠭᠡᠯᠡᠯᠭᠡ ᠶᠢᠨ ᠵᠤᠭᠤᠰ ᠤᠯᠬᠤ ᠲᠠᠮᠵᠢᠯᠭᠡ ᠦᠵᠠᠬᠦᠯᠬᠦ ᠶᠢ ᠪᠠᠳᠤᠯᠠᠨ᠎ᠠ᠃ ᠭᠠᠵᠠᠷ ᠰᠤᠯᠢᠵᠤ ᠨᠠᠬᠦᠯᠭᠡᠨ ᠰᠢᠯᠵᠢᠬᠦᠯᠬᠦ ᠶᠠᠳᠠᠭᠤ ᠶᠢ ᠲᠠᠳᠬᠦᠬᠦ ᠲᠦᠯᠦᠪᠵᠢᠬᠦᠯᠭᠡ ᠶᠢ ᠰᠢᠨᠵᠢᠯᠠᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠬᠠᠰ ᠯᠤᠤ ᠠᠵᠤ ᠤᠶᠢᠯᠠᠳᠪᠤᠷᠢ ᠶᠢᠨ ᠲᠤᠭᠤᠷᠢᠭ᠂ ᠪᠤᠷᠤᠬᠤᠳᠠ ᠶᠢᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡ ᠶᠢᠨ ᠲᠤᠭᠤᠷᠢᠭ ᠪᠤᠯᠤᠨ ᠶᠠᠩ ᠵᠢᠶᠠ ᠢᠩᠽᠢ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠢ ᠲᠦᠰᠢᠭᠯᠡᠵᠤ᠂ ᠭᠠᠵᠠᠷ ᠰᠤᠯᠢᠵᠤ ᠨᠠᠬᠦᠯᠭᠡᠨ ᠰᠢᠯᠵᠢᠬᠦᠯᠬᠦ ᠶᠠᠳᠠᠭᠤ ᠶᠢ ᠲᠠᠳᠬᠦᠬᠦ ᠢᠨᠵᠧᠨᠧᠷᠢᠭ ᠢ ᠬᠡᠷᠡᠭᠵᠢᠬᠦᠯᠵᠤ᠂ ᠶᠠᠳᠠᠭᠤ ᠬᠦᠴᠢᠷᠳᠠᠢ ᠬᠦᠮᠦᠨ ᠠᠮᠠ ᠶᠢᠨ ᠨᠠᠬᠦᠵᠤ ᠭᠠᠷᠴᠤ ᠲᠠᠶᠢᠯᠬᠦ᠂ ᠰᠠᠭᠤᠷᠢᠰᠢᠵᠤ ᠲᠠᠶᠢᠯᠬᠦ᠂ ᠪᠠᠶᠠᠵᠢᠵᠤ ᠲᠠᠶᠢᠯᠬᠦ ᠶᠢ ᠪᠠᠳᠤᠯᠠᠨ᠎ᠠ᠃      5. ᠶᠠᠳᠠᠭᠤ ᠶᠢ ᠲᠠᠳᠬᠦᠬᠦ ᠠᠷᠭ᠎ᠠ ᠵᠠᠮ ᠤᠨ ᠵᠠᠬᠪᠤᠷ ᠢ ᠰᠢᠨᠠᠳᠭᠡᠨ᠎ᠠ᠃ ᠵᠤᠭᠠᠴᠠᠯ ᠢᠶᠠᠷ ᠶᠠᠳᠠᠭᠤ ᠶᠢ ᠲᠠᠳᠬᠦᠬᠦ ᠶᠢ ᠬᠡᠷᠡᠭᠵᠢᠬᠦᠯᠵᠤ᠂ ᠬᠠᠰ ᠯᠤᠤ ᠮᠠᠩᠬᠠᠨ ᠨᠠᠭᠤᠷ᠂ ᠲᠠᠩᠨᠠᠬᠦᠷ ᠤᠨ ᠭᠤᠤᠯ᠂ ᠬᠤᠩ ᠱᠠᠨ ᠨᠠᠭᠤᠷ ᠵᠠᠷᠭᠡ ᠦᠵᠠᠮᠵᠢ ᠶᠢᠨ ᠤᠷᠤᠨ ᠢ ᠲᠦᠰᠢᠭᠯᠡᠵᠤ᠂ ᠪᠦᠬᠦ ᠵᠢᠯ ᠳᠤ ᠲᠠᠷᠢᠶᠠᠴᠢᠨ ᠠᠶᠢᠯ ᠤᠨ ᠵᠤᠭᠤᠭ᠂ ᠮᠠᠯᠴᠢᠨ ᠠᠶᠢᠯ ᠤᠨ ᠵᠤᠭᠤᠭ᠂ ᠤᠢ ᠳᠠᠬᠢ ᠵᠤᠭᠤᠭ ᠢ 150 ᠠᠴᠠ ᠲᠠᠭᠡᠭᠰᠢ ᠬᠦᠭᠵᠢᠬᠦᠯᠵᠤ᠂ ᠶᠠᠳᠠᠭᠤ ᠬᠦᠴᠢᠷᠳᠠᠢ ᠡᠷᠦᠭᠡ ᠡᠬᠦᠳᠠᠨ ᠡᠮᠦᠨ᠎ᠠ ᠪᠠᠨ ᠤᠶᠢᠯᠠᠰ ᠪᠦᠳᠦᠭᠡᠵᠤ ᠠᠵᠢᠯ ᠤᠯᠬᠤ ᠶᠢ ᠪᠠᠶᠠᠯᠠᠬᠦᠯᠦᠨ᠎ᠠ᠃ ᠡᠯᠧᠺᠲᠷᠤᠨ ᠬᠤᠳᠠᠯᠳᠤᠭ᠎ᠠ ᠪᠠᠷ ᠶᠠᠳᠠᠭᠤ  ᠶᠢ ᠲᠠᠳᠬᠦᠬᠦ ᠶᠢ ᠦᠷᠨᠢᠬᠦᠯᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡ ᠶᠢᠨ ᠠᠷᠭ᠎ᠠ ᠵᠠᠮ ᠢ ᠨᠠᠪᠳᠠᠷᠠᠬᠦᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠠᠮᠡᠭᠳᠡᠬᠦᠯᠦᠨ᠎ᠠ᠃ ᠬᠡᠷᠡᠯᠯᠢᠭ ᠴᠠᠬᠢᠯᠭᠠᠨ ᠢᠶᠠᠷ ᠶᠠᠳᠠᠭᠤ ᠶᠢ ᠲᠠᠳᠬᠦᠬᠦ ᠶᠢ ᠰᠦᠪᠡᠭᠴᠢᠯᠠᠵᠤ᠂ ᠵᠢᠩ ᠨᠧᠩ ᠰᠢᠨ᠎ᠠ ᠡᠨᠧᠷᠬᠢ ᠶᠢᠨ ᠨᠢᠭᠡᠳᠦᠭᠡᠷ ᠬᠤᠭᠤᠴᠠᠭᠠᠨ ᠤ ᠬᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠬᠤᠷᠳᠤᠬᠠᠨ ᠬᠡᠷᠡᠭᠵᠢᠬᠦᠯᠬᠦ ᠶᠢ ᠲᠦᠯᠬᠢᠨ ᠠᠬᠢᠭᠤᠯᠤᠨ᠎ᠠ᠃ ᠲᠦᠭᠦᠭᠡᠷᠦᠮᠵᠢᠳᠤ ᠲᠠᠷᠢᠶᠠᠯᠠᠩ ᠤᠨ ᠫᠧᠩ ᠢ ᠲᠦᠬᠦᠷᠵᠢᠬᠦᠯᠦᠨ ᠪᠠᠶᠢᠭᠤᠯᠵᠤ᠂ ᠶᠠᠳᠠᠭᠤ ᠬᠦᠴᠢᠷᠳᠠᠢ ᠡᠷᠦᠭᠡ ᠶᠢᠨ ᠤᠷᠤᠯᠭ᠎ᠠ ᠨᠡᠮᠡᠭᠳᠡᠵᠤ ᠪᠠᠶᠠᠵᠢᠬᠤ ᠶᠢ ᠲᠠᠮᠵᠢᠨ᠎ᠠ᠃ ᠲᠤᠬᠠᠢ ᠶᠢᠨ ᠭᠠᠵᠠᠷ ᠲᠠᠭᠠᠨ ᠲᠤᠬᠢᠷᠠᠬᠰᠠᠨ ︽ᠭᠤᠷᠪᠠᠨ ᠬᠡᠯᠬᠢᠶ᠎ᠠ ᠬᠠᠷᠢᠯᠴᠠᠨ ᠬᠠᠪᠰᠤᠷᠤᠯᠴᠠᠬᠤ︾᠂ ︽ᠨᠢᠭᠡ ᠡᠷᠦᠭᠡ ᠲᠦᠷᠪᠠᠨ ᠡᠷᠦᠭᠡ ᠶᠢ ᠲᠠᠭᠠᠭᠠᠴᠢᠯᠠᠬᠤ︾᠂ ︽ᠵᠠᠬᠢᠶᠠᠯᠠᠭ᠎ᠠ ᠶᠢᠨ ᠬᠠᠭᠤᠳᠠᠰᠤ ᠪᠠᠷ ᠶᠠᠳᠠᠭᠤ ᠶᠢ ᠲᠠᠳᠬᠦᠬᠦ︾᠂ ︽ᠬᠤᠷᠰᠢᠨ ᠠᠵᠢᠯᠯᠠᠵᠤ ᠨᠠᠶᠢᠳᠠᠨ ᠲᠠᠵᠢᠭᠡᠬᠦ︾ ᠵᠠᠷᠭᠡ ᠶᠠᠳᠠᠭᠤ ᠶᠢ ᠲᠠᠳᠬᠦᠬᠦ ᠵᠠᠬᠪᠤᠷ ᠢ ᠦᠷᠭᠡᠨ ᠢᠶᠠᠷ ᠲᠠᠯᠭᠡᠷᠡᠬᠦᠯᠵᠤ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠬᠤ ᠪᠤᠭᠤᠮᠳᠠ ᠰᠢᠪᠳᠤᠯᠬᠤ ᠠᠬᠢᠴᠠ ᠶᠢ ᠲᠦᠷᠭᠡᠳᠭᠡᠨ᠎ᠠ᠃       6. ᠬᠠᠪᠰᠤᠷᠤᠨ ᠲᠠᠳᠬᠦᠬᠦ ᠲᠤᠬᠳᠠᠯᠴᠠᠭ᠎ᠠ ᠶᠢ ᠲᠠᠬᠦᠯᠳᠠᠷᠵᠢᠬᠦᠯᠦᠨ᠎ᠠ᠃ ᠱᠠᠭᠠᠷᠳᠠᠯᠭ᠎ᠠ ᠶᠤᠰᠤᠭᠠᠷ ︽ᠡᠷᠬᠢᠨ ᠬᠠᠷᠠᠬᠤ︾ ᠠᠵᠢᠯ ᠤᠨ ᠲᠠᠩᠰᠠ ᠺᠠᠷᠲ ᠶᠢ ᠪᠦᠷᠢᠨ ᠬᠦᠢᠴᠡᠳ ᠪᠤᠯᠭᠠᠵᠤ᠂ ᠶᠠᠳᠠᠭᠤ ᠬᠦᠴᠢᠷᠳᠠᠢ ᠬᠦᠮᠦᠨ ᠠᠮᠠ ᠶᠢᠨ ᠰᠠᠭᠤᠷᠢ ᠲᠤᠭ᠎ᠠ ᠪᠤᠯᠤᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠶᠢᠯᠠᠭᠠᠵᠤ᠂ ᠲᠦᠷᠦᠯ ᠵᠦᠢᠯ ᠡᠷᠦᠭᠡ ᠳᠤ ᠬᠦᠷᠬᠦ᠂ ᠨᠠᠷᠢᠯᠢᠭ ᠤᠨᠤᠪᠴᠢ ᠶᠢᠨ ᠬᠡᠮᠵᠢᠶ᠎ᠠ ᠶᠢ ᠬᠦᠮᠦᠨ ᠳᠤ ᠬᠦᠷᠬᠦ ᠶᠢ ᠪᠠᠶᠠᠯᠠᠬᠦᠯᠦᠨ᠎ᠠ᠃ ᠦᠷᠬᠦᠯᠵᠢᠯᠠᠨ ᠭᠠᠵᠠᠷ ᠤᠨ ᠲᠠᠰ ᠤᠨ ᠤᠳᠤᠷᠢᠳᠤᠯᠭ᠎ᠠ ᠰᠤᠮᠤ ᠶᠢ ᠲᠠᠭᠠᠭᠠᠴᠢᠯᠠᠬᠤ᠂ ᠰᠠᠯᠠᠭ᠎ᠠ ᠮᠦᠴᠢᠷ ᠲᠤᠰᠬᠤᠨ ᠢ ᠲᠠᠭᠠᠭᠠᠴᠢᠯᠠᠬᠤ᠂ ᠺᠠᠳ᠋ᠷ ᠠᠵᠢᠯᠳᠠᠨ ᠡᠷᠦᠭᠡ ᠶᠢ ᠲᠠᠭᠠᠭᠠᠴᠢᠯᠠᠬᠤ ᠬᠤᠤᠰᠯᠠᠨ ᠬᠠᠪᠰᠤᠷᠬᠤ ᠲᠦᠷᠢᠮ ᠢ ᠦᠷᠬᠦᠯᠵᠢᠯᠠᠨ ᠬᠡᠷᠡᠭᠵᠢᠬᠦᠯᠵᠤ᠂ ᠲᠤᠰᠬᠤᠨ ᠳᠤ ᠰᠠᠭᠤᠵᠤ ᠲᠠᠭᠠᠭᠠᠴᠢᠯᠠᠵᠤ ᠬᠠᠪᠰᠤᠷᠬᠤ ᠠᠵᠢᠯ ᠤᠨ ᠲᠤᠬᠳᠠᠭᠠᠯ ᠢ ᠴᠢᠩᠭ᠎ᠠ ᠬᠡᠷᠡᠭᠵᠢᠬᠦᠯᠵᠤ᠂ ᠺᠠᠳ᠋ᠷᠴᠤᠳ ᠤᠨ ᠪᠠᠭᠤᠵᠤ ᠲᠠᠶᠢᠯᠬᠦ᠂ ᠰᠠᠭᠤᠵᠤ ᠲᠠᠶᠢᠯᠬᠦ᠂ ᠪᠤᠳᠠᠳᠠᠢ ᠦᠷ᠎ᠡ ᠠᠰᠢᠭ ᠭᠠᠷᠭᠠᠬᠤ ᠶᠢ ᠪᠠᠳᠤᠯᠠᠨ᠎ᠠ᠃ ᠲᠠᠷᠢᠶᠠᠯᠠᠩ ᠮᠠᠯᠵᠢᠯ ᠤᠨ ᠤᠶᠢᠯᠠᠰ ᠤᠨ ᠲᠤᠰᠬᠠᠢ ᠮᠠᠷᠭᠡᠵᠢᠯ ᠪᠤᠯᠤᠨ ᠬᠡᠷᠡᠭᠯᠡᠭᠡᠨ ᠤ ᠮᠠᠷᠭᠡᠵᠢᠯ ᠤᠨ ᠪᠤᠯᠪᠠᠰᠤᠷᠠᠯ ᠢ ᠴᠢᠩᠭᠠᠳᠬᠠᠵᠤ᠂ ᠬᠤᠰᠢᠭᠤᠨ ᠲᠠᠰ ᠤᠨ ᠶᠠᠳᠠᠭᠤ ᠶᠢ ᠲᠠᠳᠬᠦᠬᠦ ᠪᠤᠯᠪᠠᠰᠤᠷᠠᠯ ᠤᠨ ᠲᠦᠪ ᠪᠤᠯᠤᠨ 6 ᠲᠤᠰᠬᠤᠨ ᠤ ᠲᠠᠰ ᠤᠨ ᠪᠤᠳᠠᠳᠠᠢ ᠪᠤᠯᠪᠠᠰᠤᠷᠠᠯ ᠤᠨ ᠰᠠᠭᠤᠷᠢᠨ ᠭᠠᠵᠠᠷ ᠢ ᠲᠦᠰᠢᠭᠯᠡᠵᠤ᠂ ᠵᠢᠯ ᠳᠤ 1 ᠲᠦᠮᠠᠨ ᠬᠦᠮᠦᠨ ᠤᠳᠠᠭ᠎ᠠ ᠲᠠᠷᠢᠶᠠᠴᠢᠨ ᠮᠠᠯᠴᠢᠨ ᠤ ᠪᠤᠯᠪᠠᠰᠤᠷᠠᠯ ᠬᠢᠵᠤ᠂ ᠶᠠᠳᠠᠭᠤ ᠬᠦᠴᠢᠷᠳᠠᠢ ᠡᠷᠦᠭᠡ ᠪᠦᠷᠢ 1—2 ᠵᠦᠢᠯ ᠤᠨ ᠬᠡᠷᠡᠭᠯᠡᠭᠡᠨ ᠤ ᠮᠠᠷᠭᠡᠵᠢᠯ ᠡᠵᠡᠮᠰᠢᠬᠦ ᠶᠢ ᠪᠠᠳᠤᠯᠠᠵᠤ᠂ ᠦᠪᠠᠷ ᠢᠶᠠᠨ ᠬᠦᠭᠵᠢᠬᠦ ᠴᠢᠳᠠᠪᠤᠷᠢ ᠶᠢ ᠨᠠᠮᠡᠭᠳᠡᠬᠦᠯᠦᠨ᠎ᠠ᠃ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ ᠨᠢᠭᠡᠳᠡᠢ ᠪᠠᠷ ᠬᠠᠪᠰᠤᠷᠤᠯᠴᠠᠬᠤ ᠲᠦᠷᠦᠯ ᠵᠦᠢᠯ ᠤᠨ ᠪᠠᠯᠠ ᠮᠦᠩᠬᠦ ᠶᠢ ᠬᠦᠢᠴᠡᠳ ᠠᠰᠢᠬᠯᠠᠵᠤ᠂ ᠪᠦᠬᠦᠨ ᠢ ᠶᠠᠳᠠᠭᠤ ᠬᠦᠴᠢᠷᠳᠠᠢ ᠲᠤᠰᠬᠤᠨ᠂ ᠶᠠᠳᠠᠭᠤ ᠬᠦᠴᠢᠷᠳᠠᠢ ᠡᠷᠦᠭᠡ᠂ ᠶᠠᠳᠠᠭᠤ ᠬᠦᠴᠢᠷᠳᠠᠢ ᠬᠦᠮᠦᠨ ᠠᠮᠠ ᠳᠤ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃       ︵ᠭᠤᠷᠪᠠ︶ ᠠᠵᠤ ᠤᠶᠢᠯᠠᠰ ᠤᠨ ᠪᠦᠳᠦᠴᠠ ᠶᠢ ᠲᠤᠬᠢᠷᠠᠭᠤᠯᠬᠤ ᠶᠢ ᠲᠦᠷᠭᠡᠳᠭᠡᠵᠤ᠂ ᠬᠦᠭᠵᠢᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠬᠠᠮᠳᠤᠪᠠᠷ ᠲᠠᠭᠡᠭᠰᠢᠯᠠᠬᠦᠯᠦᠨ᠎ᠠ       ᠪᠦᠳᠦᠴᠠ ᠶᠢ ᠲᠤᠬᠢᠷᠠᠭᠤᠯᠬᠤ ᠪᠠᠷ ᠭᠤᠤᠯ ᠡᠬᠦᠷᠭᠡ ᠪᠤᠯᠭᠠᠬᠤ ᠶᠢ ᠪᠠᠷᠢᠮᠳᠠᠯᠠᠵᠤ᠂ ᠭᠤᠷᠪᠠᠨ ᠠᠵᠤ ᠤᠶᠢᠯᠠᠰ ᠬᠠᠷᠢᠯᠴᠠᠨ ᠤᠶᠢᠯᠠᠳᠤᠯᠴᠠᠬᠦ ᠶᠢ ᠴᠢᠩᠭᠠᠳᠬᠠᠵᠤ᠂ ᠬᠠᠳᠠᠭᠠᠯᠠᠬᠤ ᠬᠡᠮᠵᠢᠶ᠎ᠠ ᠶᠢ ᠤᠯᠠᠮ ᠰᠢᠯᠢᠳᠡᠭᠵᠢᠬᠦᠯᠵᠤ᠂ ᠨᠠᠮᠡᠭᠳᠡᠬᠦ ᠬᠡᠮᠵᠢᠶ᠎ᠠ ᠶᠢ ᠶᠠᠬᠡᠳᠭᠡᠵᠤ᠂ ᠴᠢᠨᠠᠷ ᠴᠢᠨᠰᠠᠭ᠎ᠠ ᠶᠢ ᠲᠠᠭᠡᠭᠰᠢᠯᠠᠬᠦᠯᠵᠤ᠂ ᠠᠵᠤ ᠤᠶᠢᠯᠠᠰ ᠤᠨ ᠦᠷᠢᠰᠤᠯᠳᠤᠬᠦ ᠬᠦᠴᠦᠨ ᠢ ᠪᠦᠬᠦ ᠲᠠᠯ᠎ᠠ ᠪᠠᠷ ᠨᠡᠮᠡᠭᠳᠡᠬᠦᠯᠦᠨ᠎ᠠ᠃       7. ᠠᠵᠤ ᠦᠢᠯᠠᠳᠪᠤᠷᠢ ᠶᠢᠨ ᠬᠦᠭᠵᠢᠯᠳᠠ ᠶᠢᠨ ᠶᠠᠰᠤ ᠴᠢᠨᠠᠷ ᠢ ᠲᠠᠭᠡᠭᠰᠢᠯᠠᠬᠦᠯᠦᠨ᠎ᠠ᠃ ᠠᠨ ᠴᠢ ᠰᠢᠬᠢᠷ  ᠤᠨ ᠤᠶᠢᠯᠠᠰ᠂ ᠯᠢᠩ ᡁᠢ ᠲᠦᠮᠦᠰᠤ᠂ ᠮᠧᠩ ᠳ᠋ᠦ᠋ ᠬᠤᠨᠢᠨ ᠤ ᠤᠶᠢᠯᠠᠰ᠂ ᠬᠤᠸᠠ ᠶᠤᠸᠠᠨ ᠠᠷᠢᠬᠢᠨ ᠤ ᠤᠶᠢᠯᠠᠰ᠂ ᠮᠦ᠋ ᠡᠾᠧ ᠤᠰᠤ ᠠᠷᠪᠢᠯᠠᠬᠤ᠂ ᠭᠤᠸᠠᠩ ᠶᠤᠸᠠᠨ ᠴᠠᠬᠢᠯᠭᠠᠨ ᠬᠦᠴᠦᠨ ᠵᠠᠷᠭᠡ ᠤᠶᠢᠯᠠᠳᠪᠤᠷᠢᠯᠠᠯ ᠳᠤ ᠤᠷᠤᠬᠰᠠᠨ ᠠᠵᠤ ᠠᠬᠤᠶᠢᠯᠠᠯ ᠤᠨ ᠲᠤᠬᠳᠠᠭᠤᠨ ᠤᠶᠢᠯᠠᠳᠪᠤᠷᠢᠯᠠᠬᠦ ᠶᠢ ᠲᠦᠯᠬᠢᠨ ᠠᠬᠢᠭᠤᠯᠤᠨ᠎ᠠ᠃ ᠬᠦᠴᠦᠨ ᠢᠶᠠᠨ ᠲᠦᠪᠯᠡᠷᠡᠬᠦᠯᠵᠤ ᠯᠢᠩ ᡁᠢ ᠹᠠ ᠮᠦ ᠹᠦ᠋ ᠷᠦᠢ 7 ᠲᠦᠮᠠᠨ ᠲᠤᠨ ᠲᠦᠷᠭᠡᠨ ᠬᠦᠯᠳᠡᠭᠡᠭᠰᠡᠨ ᠲᠦᠮᠦᠰᠤᠨ ᠵᠦᠰᠦᠮ ᠢ ᠪᠤᠯᠪᠠᠰᠤᠷᠠᠭᠤᠯᠬᠤ᠂ ᠵᠦᠩ ᠯᠢᠶᠠᠩ ᠪᠦᠯᠦᠭᠯᠠᠯ ᠤᠨ 18 ᠲᠦᠮᠠᠨ ᠲᠤᠨ ᠪᠤᠷᠳᠤᠭᠤᠷ ᠪᠤᠯᠪᠠᠰᠤᠷᠠᠭᠤᠯᠬᠤ᠂ ᠡᠾᠧᠩ ᠳ᠋ᠦ᠋ ᠦᠭᠡᠷ ᠤᠨ ᠤᠶᠢᠯᠠᠰ ᠤᠨ 10 ᠲᠦᠮᠠᠨ ᠲᠤᠯᠤᠭᠠᠢ ᠠᠯᠠᠰᠢᠨ ᠦᠭᠡᠷ ᠢ ᠠᠯᠠᠵᠤ ᠪᠤᠯᠪᠠᠰᠤᠷᠠᠭᠤᠯᠬᠤ᠂ ᠵᠢᠤ ᠶᠤᠸᠠᠨ ᠮᠠᠯᠵᠢᠯ ᠤᠨ ᠤᠶᠢᠯᠠᠰ ᠤᠨ 100 ᠲᠦᠮᠠᠨ ᠠᠯᠠᠰᠢᠨ ᠬᠤᠨᠢ ᠶᠢ ᠠᠯᠠᠵᠤ ᠪᠤᠯᠪᠠᠰᠤᠷᠠᠭᠤᠯᠬᠤ ᠵᠠᠷᠭᠡ ᠵᠠᠯᠭᠠᠵᠤ ᠪᠠᠶᠢᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠲᠤᠰ ᠵᠢᠯ ᠳᠤ ᠪᠠᠶᠢᠭᠤᠯᠵᠤ ᠲᠠᠭᠤᠰᠬᠠᠨ ᠤᠶᠢᠯᠠᠳᠪᠤᠷᠢᠯᠠᠯ  ᠳᠤ ᠤᠷᠤᠭᠤᠯᠬᠤ ᠶᠢ ᠪᠠᠳᠤᠯᠠᠨ᠎ᠠ᠃ ᠶᠤᠸᠠᠨ ᠢ ᠠᠮᠢᠳᠤ ᠪᠤᠳᠠᠰ ᠤᠨ ᠰᠢᠳᠠᠮᠠᠬᠠᠢ ᠬᠡᠢ᠂ ᠱᠠᠨᠳᠦ᠋ᠩ ᠤᠨ ᠯᠢᠶᠠᠨ ᠱᠧᠩ ᠠᠯᠠᠰᠢᠨ ᠨᠤᠭᠤᠰᠤ ᠶᠢ ᠲᠠᠵᠢᠭᠡᠬᠦ ᠠᠯᠠᠵᠤ ᠪᠤᠯᠪᠠᠰᠤᠷᠠᠭᠤᠯᠬᠤ᠂ ᠪᠡᠭᠡᠵᠢᠩ ᠤᠨ ᠡᠾᠷᠦᠮ ᠽᠢᠷᠺᠤᠨ ᠵᠠᠰ ᠪᠤᠯᠪᠠᠰᠤᠷᠠᠭᠤᠯᠬᠤ᠂ ᠴᠢᠩ ᠢᠥᠢ ᠤᠷᠭᠠᠨᠢᠭ ᠪᠤᠷᠳᠤᠭᠤᠷ ᠤᠶᠢᠯᠠᠳᠪᠤᠷᠢᠯᠠᠬᠦ᠂ ᠲᠧ ᠷᠦᠨ ᠵᠢᠮᠢᠰ ᠤᠨ ᠤᠮᠳᠠᠭᠠᠨ ᠪᠤᠯᠪᠠᠰᠤᠷᠠᠭᠤᠯᠬᠤ᠂ ᠮᠢ ᠴᠤᠸᠠᠨ ᠬᠤᠯᠢᠮᠠᠭ ᠠᠮᠤ ᠪᠤᠷᠴᠠᠭ ᠪᠤᠯᠪᠠᠰᠤᠷᠠᠭᠤᠯᠬᠤ ᠵᠠᠷᠭᠡ ᠰᠢᠨ᠎ᠠ ᠪᠠᠷ ᠪᠠᠶᠢᠭᠤᠯᠬᠤ ᠲᠦᠷᠦᠯ ᠵᠦᠢᠯ ᠢ ᠡᠬᠢᠯᠠᠨ ᠪᠠᠶᠢᠭᠤᠯᠤᠨ᠎ᠠ᠃ ᠠᠭᠤᠷᠬᠠᠢ ᠶᠢᠨ ᠭᠠᠷᠤᠯᠳᠠ ᠶᠢᠨ ᠡᠭᠢ ᠪᠠᠶᠠᠯᠢᠭ ᠢ ᠨᠠᠶᠢᠯᠠᠬᠦᠯᠬᠦ ᠶᠢ ᠲᠦᠷᠭᠡᠳᠭᠡᠵᠤ᠂ ᠭᠤᠸᠠᠩᠳᠦ᠋ᠩ ᠤᠨ ᠰᠢᠶᠠᠨ ᠹᠧᠩ ᠬᠤᠸᠠᠩ ᠬᠦ᠋ ᠲᠦᠨ ᠤ ᠠᠭᠤᠷᠬᠠᠢ ᠶᠢᠨ ᠤᠶᠢᠯᠠᠰ᠂ ᠵᠦᠩ ᠰᠧ ᠳ᠋ᠢ ᠺᠧ ᠱᠧᠩ ᠱᠾᠢ ᠯᠢᠶᠠᠨ ᠬᠤᠸᠠ ᠠᠭᠤᠷᠬᠠᠢ ᠶᠢᠨ ᠤᠶᠢᠯᠠᠰ᠂ ᠴᠧᠩ ᠰᠢᠨ ᠠᠭᠤᠷᠬᠠᠢ ᠶᠢᠨ ᠤᠶᠢᠯᠠᠰ ᠤᠨ ᠴᠠᠶᠢᠷ ᠲᠤᠭᠤᠯᠠᠭ᠎ᠠ ᠰᠢᠯᠢᠬᠦ ᠲᠠᠯᠠᠪᠠᠢ ᠶᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠲᠤᠰ ᠵᠢᠯ ᠳᠤ ᠪᠠᠶᠢᠭᠤᠯᠵᠤ ᠲᠠᠭᠤᠰᠬᠠᠨ ᠠᠰᠢᠬᠯᠠᠯᠳᠠ ᠳᠤ ᠤᠷᠤᠭᠤᠯᠤᠨ᠎ᠠ᠃ ᠬᠤᠸᠠ ᠳ᠋ᠢᠶᠠᠨ ᠭᠤᠤ ᠵᠢᠶᠠ ᠯᠢᠶᠠᠩ ᠤᠨ 50 ᠰᠠᠶ᠎ᠠ ᠸᠠᠲ᠂ ᠲᠢᠶᠠᠨ ᠿᠦᠨ ᠡᠾᠧ ᠫᠢᠩ ᠢᠩᠽᠢ 50 ᠰᠠᠶ᠎ᠠ ᠸᠠᠲ᠂ ᠵᠠᠬᠦᠨ ᠬᠡᠰᠡᠭ ᠤᠨ ᠮᠠᠯᠵᠢᠬᠤ ᠤᠷᠤᠨ ᠳᠤ ᠲᠠᠷᠬᠠᠮᠠᠯ ᠬᠡᠯᠪᠠᠷᠢ ᠲᠠᠢ 30 ᠰᠠᠶ᠎ᠠ ᠸᠠᠲ᠂ ᠵᠦᠩ ᠰᠢᠨ ᠯᠢᠶᠠᠨ ᠢ ᠯᠤᠤᠬ᠎ᠠ ᠶᠢᠨ ᠭᠤᠤᠯ ᠤᠨ ᠲᠠᠷᠬᠠᠮᠠᠯ ᠬᠡᠯᠪᠠᠷᠢ ᠲᠠᠢ 9 ᠰᠠᠶ᠎ᠠ ᠸᠠᠲ ᠵᠠᠷᠭᠡ ᠰᠠᠯᠬᠢᠨ ᠴᠠᠬᠢᠯᠭᠠᠨ ᠤ ᠲᠦᠷᠦᠯ ᠵᠦᠢᠯ ᠢ ᠬᠡᠷᠡᠭᠵᠢᠬᠦᠯᠵᠤ᠂ ᠵᠢᠯ ᠤᠨ ᠰᠠᠬᠦᠯᠴᠢ ᠠᠴᠠ ᠡᠮᠦᠨ᠎ᠠ ᠲᠤᠤᠷ ᠨᠠᠶᠢᠯᠠᠬᠦᠯᠵᠤ ᠴᠠᠬᠢᠯᠭᠠᠨ ᠭᠠᠷᠭᠠᠬᠤ ᠶᠢ ᠴᠢᠷᠮᠠᠶᠢᠨ ᠪᠠᠶᠠᠯᠠᠬᠦᠯᠦᠨ᠎ᠠ᠃ ᠠᠵᠤ ᠠᠬᠤᠶᠢᠯᠠᠯ ᠤᠨ ᠬᠠᠳᠠᠭᠠᠯᠠᠵᠤ ᠪᠠᠶᠢᠬᠤ ᠡᠳ᠋ ᠬᠦᠷᠦᠩᠭᠡ ᠶᠢ ᠢᠳᠡᠪᠬᠢᠳᠠᠢ ᠠᠮᠢᠯᠠᠭᠤᠯᠵᠤ᠂ ᠶᠢᠨ ᠴᠧᠩ ᠬᠦᠨᠳᠤ ᠤᠶᠢᠯᠠᠳᠪᠤᠷᠢ᠂ ᠪᠤᠷᠤᠬᠤᠳᠠ ᠲᠤᠰᠤ᠂ ᠰᠢᠩ ᠠᠨ ᠳ᠋ᠠ ᠴᠢᠳᠬᠤᠮᠠᠯ ᠤᠨ ᠤᠶᠢᠯᠠᠰ ᠵᠠᠷᠭᠡ ᠠᠵᠤ ᠠᠬᠤᠶᠢᠯᠠᠯ ᠤᠨ ᠬᠤᠯᠪᠤᠭᠠᠯᠠᠬᠤ ᠲᠠᠬᠢᠨ ᠪᠠᠶᠢᠭᠤᠯᠬᠤ ᠠᠵᠢᠯ ᠢ ᠰᠠᠶᠢᠳᠤᠷ ᠬᠢᠵᠤ᠂ ᠲᠤᠰ ᠵᠢᠯ ᠳᠤ ᠤᠶᠢᠯᠠᠳᠪᠤᠷᠢᠯᠠᠯ ᠡᠬᠢᠯᠠᠬᠦ ᠶᠢ ᠴᠢᠷᠮᠠᠶᠢᠨ ᠪᠠᠶᠠᠯᠠᠬᠦᠯᠦᠨ᠎ᠠ᠃       8. ᠤᠳᠤᠬᠢᠴᠢᠯᠠᠬᠰᠠᠨ ᠲᠠᠷᠢᠶᠠᠯᠠᠩ ᠮᠠᠯ ᠠᠵᠤ ᠠᠬᠤᠢ ᠶᠢ ᠬᠦᠴᠦᠷᠭᠡᠭᠵᠢᠬᠦᠯᠦᠨ᠎ᠠ᠃ ᠵᠦᠩ ᠯᠢᠶᠠᠩ ᠭᠤᠷᠪᠠᠳᠤᠭᠠᠷ ᠬᠤᠭᠤᠴᠠᠭᠠᠨ ᠤ 40 ᠲᠦᠮᠠᠨ ᠭᠠᠭ᠋ᠠᠢ ᠲᠠᠵᠢᠭᠡᠬᠦ ᠰᠠᠭᠤᠷᠢᠨ ᠭᠠᠵᠠᠷ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠵᠢᠯ ᠤᠨ ᠰᠠᠬᠦᠯᠴᠢ ᠠᠴᠠ ᠡᠮᠦᠨ᠎ᠠ ᠬᠡᠷᠡᠭᠯᠡᠭᠡᠨ ᠳᠤ ᠤᠷᠤᠭᠤᠯᠬᠤ ᠶᠢ ᠪᠠᠳᠤᠯᠠᠨ᠎ᠠ᠃ ︽ᠲᠠᠪᠤ  ᠶᠢ ᠨᠢᠭᠡᠳᠭᠡᠭᠰᠡᠨ︾ ᠵᠠᠬᠪᠤᠷ ᠢ ᠵᠠᠷᠭᠡᠪᠠᠷ ᠲᠠᠮᠵᠢᠵᠤ᠂ 2 ᠲᠦᠮᠠᠨ ᠲᠠᠷᠢᠶᠠᠴᠢᠨ ᠮᠠᠯᠴᠢᠨ ᠤ ᠡᠷᠦᠭᠡ ᠶᠢ ᠲᠠᠶᠢᠴᠢᠯᠠᠵᠤ ᠭᠠᠭ᠋ᠠᠢ ᠲᠠᠵᠢᠭᠡᠬᠦ ᠶᠢ ᠬᠦᠭᠵᠢᠬᠦᠯᠦᠨ᠎ᠠ᠃ ᠡᠾᠧᠩ ᠳ᠋ᠦ᠋ ᠦᠭᠡᠷ ᠤᠨ ᠤᠶᠢᠯᠠᠰ ᠤᠨ 20 ᠮᠦᠷ ᠦᠨᠳᠤᠷ ᠪᠠᠷᠢᠮᠵᠢᠶᠠᠳᠤ ᠮᠠᠯ ᠤᠨ ᠬᠠᠰᠢᠶ᠎ᠠ ᠪᠠᠷᠢᠬᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠲᠤᠰ ᠵᠢᠯ ᠳᠤ ᠠᠯᠠᠰᠢᠨ ᠦᠭᠡᠷ ᠲᠠᠵᠢᠭᠡᠬᠦ ᠬᠡᠪᠴᠢᠶ᠎ᠠ ᠶᠢ 4 ᠲᠦᠮᠠᠨ ᠲᠤᠯᠤᠭᠠᠢ ᠳᠤ ᠬᠦᠷᠭᠡᠨ᠎ᠠ᠃ ᠠᠵᠤ ᠤᠶᠢᠯᠠᠰ ᠢ ᠬᠦᠭᠵᠢᠬᠦᠯᠬᠦ ᠰᠠᠭᠤᠷᠢ ᠮᠦᠩᠬᠦ 2000 ᠲᠦᠮᠠᠨ ᠲᠦᠬᠦᠷᠢᠭ ᠲᠤᠬᠢᠷᠠᠭᠤᠯᠵᠤ᠂ ᠰᠢᠨ᠎ᠠ ᠬᠡᠯᠪᠠᠷᠢ ᠶᠢᠨ ᠡᠵᠡᠩᠨᠠᠬᠦ ᠭᠤᠤᠯ ᠴᠤᠬᠴᠠ ᠶᠢ ᠲᠠᠮᠵᠢᠬᠦ ᠪᠤᠯᠤᠨ ᠨᠠᠷᠢᠯᠢᠭ ᠤᠨᠤᠪᠴᠢᠳᠠᠢ ᠶᠠᠳᠠᠭᠤ ᠶᠢ ᠲᠠᠳᠬᠦᠬᠦ ᠲᠠᠢ ᠤᠶᠠᠯᠳᠤᠭᠤᠯᠬᠤ ᠶᠢ ᠬᠡᠷᠡᠭᠵᠢᠬᠦᠯᠵᠤ᠂ ︽ᠱᠠᠩᠨᠠᠯ ᠢᠶᠠᠷ ᠨᠦᠬᠦᠪᠤᠷᠢᠯᠠᠬᠦ︾ ᠲᠠᠮᠵᠢᠯᠭᠡ ᠶᠢᠨ ᠬᠦᠴᠦᠨ ᠢ ᠨᠡᠮᠡᠭᠳᠡᠬᠦᠯᠵᠤ᠂ ᠲᠤᠰ ᠵᠢᠯ ᠳᠤ 30 ᠠᠴᠠ ᠲᠠᠭᠡᠭᠰᠢ ᠨᠢᠬᠳᠠᠷᠠᠬᠰᠠᠨ ᠬᠡᠯᠪᠠᠷᠢ ᠲᠠᠢ ᠲᠠᠷᠢᠶᠠᠴᠢᠨ ᠮᠠᠯᠴᠢᠨ ᠤ ᠲᠤᠰᠬᠠᠢ ᠬᠤᠷᠰᠢᠶᠠᠵᠢᠯ᠂ 55 ᠲᠤᠰᠬᠠᠢ ᠲᠠᠷᠢᠵᠤ ᠲᠠᠵᠢᠭᠡᠬᠦ ᠶᠡᠭᠡ ᠡᠷᠦᠭᠡ ᠪᠤᠯᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠪᠤᠶᠢᠵᠢᠭᠤᠯᠤᠨ᠎ᠠ᠃ ᠶᠠᠩ ᠵᠢᠶᠠ ᠢᠩᠽᠢ ᠶᠢᠨ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠤᠨ ᠬᠦᠭᠵᠢᠯᠳᠠ ᠶᠢᠨ ᠲᠦᠯᠦᠪᠵᠢᠬᠦᠯᠭᠡ ᠶᠢ ᠲᠠᠬᠦᠯᠳᠠᠷᠵᠢᠬᠦᠯᠵᠤ᠂ ᠪᠦᠬᠦ ᠬᠦᠴᠦ ᠪᠠᠨ ᠲᠦᠪᠯᠠᠷᠠᠬᠦᠯᠵᠤ ᠦᠪᠠᠷᠳᠡᠭᠡᠨ ᠵᠠᠰᠠᠬᠤ ᠤᠷᠤᠨ ᠤ ᠲᠠᠰ ᠤᠨ ᠲᠠᠷᠢᠶᠠᠯᠠᠩ ᠤᠨ ᠲᠤᠭᠤᠷᠢᠭ ᠢ ᠪᠠᠶᠢᠭᠤᠯᠤᠨ᠎ᠠ᠃ ᠶᠤᠸᠠᠨ ᠪᠤᠤ ᠱᠠᠨ ᠤ ᠬᠤᠳᠤᠭᠤᠷ ᠤᠢ ᠶᠢᠨ ᠵᠢᠮᠢᠰ ᠤᠨ ᠠᠮᠢ ᠠᠬᠤᠢ ᠶᠢᠨ ᠲᠤᠭᠤᠷᠢᠭ ᠪᠤᠯᠤᠨ ᠡᠯ ᠵᠢᠶᠧ ᠳ᠋ᠢ ᠶᠢᠨ ᠤᠳᠤᠬᠢᠴᠢᠯᠠᠬᠰᠠᠨ ᠠᠮᠢ ᠠᠬᠤᠢ ᠶᠢᠨ ᠲᠠᠷᠢᠶᠠᠯᠠᠩ ᠤᠨ ᠵᠢᠱᠢᠶ᠎ᠠ ᠦᠵᠠᠬᠦᠯᠬᠦ ᠲᠤᠭᠤᠷᠢᠭ ᠢ ᠪᠠᠬᠢᠵᠢᠬᠦᠯᠦᠨ ᠲᠠᠭᠡᠭᠰᠢᠯᠠᠬᠦᠯᠦᠨ᠎ᠠ᠃ ᠦᠨᠳᠤᠷ ᠦᠷ᠎ᠡ ᠠᠰᠢᠬᠳᠤ ᠤᠰᠤ ᠠᠷᠪᠢᠯᠠᠬᠤ ᠲᠠᠷᠢᠶᠠᠯᠠᠩ ᠮᠠᠯᠵᠢᠯ ᠤᠨ ᠤᠶᠢᠯᠠᠰ ᠢ ᠬᠡᠷᠡᠭᠵᠢᠬᠦᠯᠵᠤ᠂ ᠪᠦᠬᠦ ᠬᠤᠰᠢᠭᠤᠨ ᠳᠤ ᠪᠦᠷᠬᠦᠪᠴᠢ ᠶᠢᠨ ᠲᠤᠤᠷ᠎ᠠ ᠲᠤᠰᠤᠯᠭᠠᠨ ᠤᠰᠤᠯᠠᠬᠤ 9.1 ᠲᠦᠮᠠᠨ ᠮᠤ᠋ ᠶᠢ ᠰᠢᠨ᠎ᠠ ᠪᠠᠷ ᠪᠠᠶᠢᠭᠤᠯᠵᠤ᠂ ᠦᠷ᠎ᠡ ᠪᠦᠳᠦᠮᠵᠢ ᠪᠠᠨ ᠪᠠᠬᠢᠵᠢᠬᠦᠯᠬᠦ 80 ᠲᠦᠮᠠᠨ ᠮᠤ᠋᠂ ᠤᠰᠤ ᠠᠷᠪᠢᠯᠠᠵᠤ ᠤᠨᠠᠯᠳᠠ ᠨᠡᠮᠡᠭᠳᠡᠬᠦᠯᠬᠦ ᠢᠨᠵᠧᠨᠧᠷᠢᠭ 3 ᠲᠦᠮᠠᠨ ᠮᠤ᠋᠂ ᠦᠨᠳᠤᠷ ᠪᠠᠷᠢᠮᠵᠢᠶᠠᠳᠤ ᠲᠠᠷᠢᠶᠠᠨ ᠤ ᠲᠦᠷᠦᠯ ᠵᠦᠢᠯ 1 ᠲᠦᠮᠠᠨ ᠮᠤ᠋ ᠶᠢ ᠬᠡᠷᠡᠭᠵᠢᠬᠦᠯᠦᠨ᠎ᠠ᠃ ︽ᠠᠮᠤ ᠪᠤᠳᠠᠭ᠎ᠠ ᠶᠢ ᠪᠤᠷᠳᠤᠭᠤᠷ ᠬᠤᠪᠢᠷᠠᠭᠠᠬᠤ︾ ᠲᠤᠷᠰᠢᠯᠳᠠ ᠶᠢᠨ ᠠᠵᠢᠯ ᠢ ᠲᠦᠯᠬᠢᠨ ᠠᠬᠢᠭᠤᠯᠵᠤ᠂ ᠨᠤᠭᠤᠭᠠᠨ ᠲᠠᠷᠤᠰᠢ ᠶᠢᠨ ᠰᠢᠰᠢ 10 ᠲᠦᠮᠠᠨ ᠮᠤ᠋᠂ ᠬᠦᠮᠦᠨ ᠤ ᠬᠦᠴᠦ ᠪᠠᠷ ᠡᠪᠡᠰᠤ ᠲᠠᠷᠢᠬᠤ 10 ᠲᠦᠮᠠᠨ ᠮᠤ᠋᠂ ᠤᠰᠤ ᠠᠷᠪᠢᠯᠠᠬᠤ ᠪᠤᠷᠤ ᠬᠤᠸᠠᠷᠳᠤ ᠴᠠᠷᠭᠠᠰᠤ ᠶᠢ 1 ᠲᠦᠮᠠᠨ ᠮᠤ᠋ ᠬᠦᠭᠵᠢᠬᠦᠯᠦᠨ᠎ᠠ᠃ ᠰᠢᠷᠦᠢ ᠬᠡᠮᠵᠢᠵᠤ ᠵᠤᠷ ᠵᠤᠬᠢᠴᠠᠭᠤᠯᠵᠤ ᠪᠤᠷᠳᠤᠭᠤᠷ ᠦᠭᠬᠦ᠂ ᠮᠠᠯ ᠠᠵᠤ ᠠᠬᠤᠢ ᠶᠢᠨ ᠤᠶᠢᠯᠠᠰ ᠤᠨ ᠡᠬᠦᠯᠳᠠᠷ ᠰᠠᠶᠢᠵᠢᠷᠠᠭᠤᠯᠬᠤ ᠠᠵᠢᠯ ᠢ ᠵᠠᠷᠭᠡᠪᠠᠷ ᠰᠠᠶᠢᠳᠤᠷ ᠬᠢᠵᠤ᠂ ᠮᠠᠯ ᠲᠠᠷᠢᠶᠠᠯᠠᠩ ᠤᠨ ᠤᠶᠢᠯᠠᠰ ᠤᠨ ᠰᠢᠨᠵᠢᠯᠡᠭᠡ ᠮᠠᠷᠭᠡᠵᠢᠯ ᠤᠨ ᠲᠦᠪᠰᠢᠨ ᠢ ᠲᠠᠭᠡᠭᠰᠢᠯᠠᠬᠦᠯᠦᠨ᠎ᠠ᠃ 4 ᠳ᠋ᠤᠭᠡᠷ ᠤᠳᠠᠭᠠᠨ ᠤ ᠪᠦᠬᠦ ᠬᠤᠰᠢᠭᠤᠨ ᠤ ᠲᠠᠷᠢᠶᠠᠯᠠᠩ ᠤᠨ ᠤᠶᠢᠯᠠᠰ ᠤᠨ ᠰᠢᠨᠵᠢᠯᠡᠭᠡ ᠮᠠᠷᠭᠡᠵᠢᠯ ᠤᠨ ᠦᠷ᠎ᠡ ᠪᠦᠳᠦᠮᠵᠢ  ᠶᠢᠨ ᠦᠵᠠᠰᠬᠦᠯᠠᠩ ᠤᠨ ᠬᠤᠷᠠᠯ ᠢ ᠰᠠᠶᠢᠳᠤᠷ ᠵᠤᠬᠢᠶᠠᠨ ᠪᠠᠶᠢᠭᠤᠯᠵᠤ ᠪᠠᠯᠠᠳᠭᠡᠨ᠎ᠠ᠃ ᠤᠩᠨᠢᠭᠤᠳ ᠨᠠᠷᠠᠳᠤ ᠲᠠᠮᠳᠡᠭ  ᠢ ᠪᠤᠶᠢᠵᠢᠭᠤᠯᠤᠨ ᠲᠠᠮᠵᠢᠵᠤ᠂ ︽ᠤᠩᠨᠢᠭᠤᠳ ᠨᠠᠷᠢᠮᠤ︾ ︽ᠤᠩᠨᠢᠭᠤᠳ ᠨᠠᠷᠠᠨ ᠬᠤᠸᠠᠷ︾ ᠢ ᠤᠯᠤᠰ ᠤᠨ ᠲᠠᠸᠠᠷ  ᠤᠨ ᠲᠡᠮᠳᠡᠭ ᠤᠨ ᠲᠤᠪᠴᠢᠶ᠎ᠠ ᠪᠠᠷ ᠬᠡᠷᠡᠴᠢᠯᠠᠬᠦᠯᠬᠦ ᠪᠠᠷ ᠲᠠᠮᠵᠢᠵᠤ᠂ ︽ᠤᠩᠨᠢᠭᠤᠳ ᠰᠠᠭᠠᠭ︾ ᠬᠡᠬᠦ ᠤᠯᠤᠰ ᠤᠨ ᠭᠠᠵᠠᠷ ᠵᠦᠢ ᠶᠢᠨ ᠰᠢᠨᠵᠢ ᠲᠠᠮᠳᠡᠭ ᠢ ᠬᠡᠷᠡᠴᠢᠯᠡᠭᠰᠡᠨ ᠲᠠᠸᠠᠷ ᠤᠨ ᠲᠡᠮᠳᠡᠭ ᠢ ᠲᠡᠭᠡᠭᠰᠢ ᠮᠠᠳᠠᠬᠦᠯᠬᠦ ᠠᠵᠢᠯ ᠢ ᠰᠠᠶᠢᠳᠤᠷ ᠬᠢᠨ᠎ᠠ᠃ ᠡᠷᠳᠡᠨᠢ ᠰᠢᠰᠢ ᠶᠢᠨ ᠤᠨᠠᠯᠳᠠ᠂ ᠰᠢᠬᠢᠷ ᠯᠤᠤᠪᠠᠩ ᠵᠢᠴᠢ ᠮᠠᠯ ᠠᠵᠤ ᠠᠬᠤᠢ ᠶᠢᠨ ᠤᠶᠢᠯᠠᠰ ᠤᠨ ᠮᠠᠰᠢᠨ ᠮᠧᠬᠠᠨᠢᠭ ᠲᠠᠯᠭᠡᠷᠠᠬᠦᠯᠬᠦ ᠬᠦᠴᠦᠯᠠᠴᠠ ᠪᠠᠨ ᠨᠡᠮᠡᠭᠳᠡᠬᠦᠯᠵᠤ᠂ ᠪᠦᠬᠦ ᠬᠤᠰᠢᠭᠤᠨ ᠤ ᠮᠠᠰᠢᠨᠴᠢᠯᠠᠯᠳᠠ ᠶᠢᠨ ᠶᠠᠷᠦᠩᠭᠡᠢ ᠠᠵᠢᠯ ᠤᠨ ᠬᠢᠷᠢ ᠬᠡᠮᠵᠢᠶ᠎ᠠ ᠶᠢ 77% ᠳᠤ ᠬᠦᠷᠭᠡᠨ᠎ᠠ᠃       9. ᠭᠤᠷᠪᠠᠳᠤᠭᠠᠷ ᠠᠵᠤ ᠤᠶᠢᠯᠠᠰ ᠤᠨ ᠤᠶᠢᠯᠠᠴᠢᠯᠠᠭᠡᠨ ᠤ ᠲᠠᠰ ᠢ ᠲᠠᠭᠡᠭᠰᠢᠯᠠᠬᠦᠯᠦᠨ᠎ᠠ᠃ ᠵᠦᠩ ᠬᠤᠤ ᠪᠤᠳᠠᠰ ᠤᠨ ᠬᠦᠢᠯᠭᠡᠭᠡᠨ ᠤ ᠲᠤᠭᠤᠷᠢᠭ᠂ ᠵᠤ᠋ ᠰᠢᠨ ᠡᠮ ᠤᠨ ᠤᠶᠢᠯᠠᠰ ᠤᠨ ᠬᠦᠮᠦᠷᠬᠡᠯᠡᠬᠦ ᠬᠦᠢᠯᠭᠡᠭᠡᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠭ ᠤᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠵᠢᠯ ᠤᠨ ᠰᠠᠬᠦᠯᠴᠢ ᠠᠴᠠ ᠡᠮᠦᠨ᠎ᠠ ᠬᠡᠷᠡᠭᠯᠡᠭᠡᠨ ᠳᠤ ᠤᠷᠤᠭᠤᠯᠬᠤ ᠶᠢ ᠪᠠᠳᠤᠯᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠡᠯᠧᠺᠲᠷᠤᠨ ᠬᠤᠳᠠᠯᠳᠤᠭ᠎ᠠ ᠶᠢ ᠲᠠᠯᠭᠡᠷᠡᠬᠦᠯᠵᠤ ᠬᠡᠷᠡᠭᠯᠠᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠬᠤᠰᠢᠭᠤᠨ ᠲᠠᠰ ᠤᠨ ᠡᠯᠧᠺᠲᠷᠤᠨ ᠬᠤᠳᠠᠯᠳᠤᠭ᠎ᠠ ᠡᠵᠡᠩᠨᠠᠬᠦ ᠲᠦᠪ ᠪᠤᠯᠤᠨ 40 ᠲᠤᠰᠬᠤᠨ ᠤ ᠲᠠᠰ ᠤᠨ ᠡᠯᠧᠺᠲᠷᠤᠨ ᠬᠤᠳᠠᠯᠳᠤᠭ᠎ᠠ ᠤᠶᠢᠯᠠᠴᠢᠯᠡᠭᠡ ᠶᠢᠨ ᠰᠦᠯᠵᠢᠶᠠᠨ ᠲᠠᠯᠭᠡᠬᠦᠷ ᠢ ᠪᠠᠶᠢᠭᠤᠯᠵᠤ᠂ ᠲᠤᠰ ᠵᠢᠯ ᠳᠤ ᠤᠯᠤᠰ ᠤᠨ ᠡᠯᠧᠺᠲᠷᠤᠨ ᠬᠤᠳᠠᠯᠳᠤᠭ᠎ᠠ ᠬᠦᠳᠡᠭᠡ ᠳᠤ ᠬᠦᠷᠭᠡᠬᠦ ᠶᠠᠷᠦᠩᠭᠡᠢ ᠵᠢᠱᠢᠶ᠎ᠠ ᠦᠵᠠᠬᠦᠯᠬᠦ ᠰᠢᠶᠠᠨ ᠤ ᠡᠩᠨᠠᠬᠡᠨ ᠳᠤ ᠤᠷᠤᠬᠤ ᠪᠠᠷ ᠴᠢᠷᠮᠠᠶᠢᠨ᠎ᠠ᠃ ᠦ᠋ ᠽᠠᠢ ᠴᠧᠩ᠂ ᠬᠤᠩ ᠶᠤᠸᠠᠨ ᠲᠤᠮᠤ ᠠᠰᠠᠷ᠂ ᠯᠢ ᠨᠦᠩ ᠲᠤᠮᠤ ᠠᠰᠠᠷ᠂ ᠸᠠᠨ ᠯᠦᠩ ᠪᠠᠭᠤᠳᠠᠯ ᠵᠠᠷᠭᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠭᠡᠵᠤ᠂ ᠵᠢᠯ ᠤᠨ ᠡᠴᠦᠰ ᠲᠤ ᠡᠵᠡᠩᠨᠠᠯᠳᠠ ᠳᠤ ᠤᠷᠤᠭᠤᠯᠤᠨ᠎ᠠ᠃ ᠰᠤᠶᠤᠯ ᠤᠨ ᠠᠷᠠᠯᠵᠢᠶ᠎ᠠ ᠬᠤᠳᠠᠯᠳᠤᠭᠠᠨ ᠤ ᠰᠢᠨ᠎ᠠ ᠶᠢ ᠡᠬᠦᠳᠬᠦ ᠲᠤᠭᠤᠷᠢᠭ ᠤᠨ ᠲᠦᠷᠦᠯ ᠵᠦᠢᠯ ᠢ ᠡᠬᠢᠯᠠᠨ ᠬᠢᠵᠤ᠂ ᠡᠮᠴᠢᠯᠡᠭᠡ᠂ ᠰᠤᠪᠢᠯᠠᠯᠳᠠ᠂ ᠡᠷᠡᠬᠦᠯ ᠴᠢᠬᠢᠷᠠᠭ ᠠᠰᠠᠷᠠᠮᠵᠢ ᠶᠢᠨ ᠬᠦᠷᠢᠶᠠᠯᠠᠩ ᠤᠨ ᠲᠦᠷᠦᠯ ᠵᠦᠢᠯ ᠢ ᠬᠡᠷᠡᠭᠵᠢᠬᠦᠯᠦᠨ᠎ᠠ᠃ 9 ᠰᠠᠷ᠎ᠠ ᠶᠢᠨ ᠰᠠᠬᠦᠯᠴᠢ ᠠᠴᠠ ᠡᠮᠦᠨ᠎ᠠ ᠬᠠᠰ ᠯᠤᠤ ᠮᠠᠩᠬᠠᠨ ᠨᠠᠭᠤᠷ ᠤᠨ ᠵᠤᠭᠠᠴᠠᠯ ᠤᠨ ᠵᠠᠰᠠᠮᠠᠯ ᠵᠠᠮ ᠤᠨ ᠪᠠᠶᠢᠭᠤᠯᠤᠯᠳᠠ ᠶᠢ ᠲᠠᠭᠤᠰᠬᠠᠨ᠎ᠠ᠃ 1 ᠳ᠋ᠦᠩᠰᠢᠭᠤᠷ ᠲᠦᠬᠦᠷᠢᠭ ᠠᠴᠠ ᠲᠠᠭᠡᠭᠰᠢ ᠪᠠᠯᠠ ᠤᠷᠤᠭᠤᠯᠵᠤ᠂ ᠬᠠᠰ ᠯᠤᠤ ᠮᠠᠩᠬᠠᠨ ᠨᠠᠭᠤᠷ ᠤᠨ ᠦᠵᠠᠮᠵᠢ ᠶᠢᠨ ᠤᠷᠤᠨ ᠤ ᠬᠠᠭᠤᠴᠢᠨ ᠤᠳᠠ ᠮᠤᠳᠤᠨ ᠤ ᠦᠵᠠᠮᠤᠷᠢ ᠶᠢᠨ ᠲᠤᠭᠤᠷᠢᠭ ᠤᠨ ᠲᠦᠷᠦᠯ ᠵᠦᠢᠯ ᠢ ᠬᠡᠷᠡᠭᠵᠢᠬᠦᠯᠦᠨ᠎ᠠ᠃ ᠪᠦᠬᠦ ᠬᠤᠰᠢᠭᠤᠨ ᠳᠤ ᠵᠤᠭᠠᠴᠠᠬᠰᠠᠳ ᠢ ᠬᠦᠯᠢᠶᠠᠨ ᠠᠪᠬᠤ 110 ᠲᠦᠮᠠᠨ ᠬᠦᠮᠦᠨ ᠤᠳᠠᠭ᠎ᠠ ᠶᠢ ᠲᠠᠪᠠᠭᠤᠯᠵᠤ᠂ ᠵᠤᠭᠠᠴᠠᠯ ᠤᠨ ᠤᠷᠤᠯᠭ᠎ᠠ ᠶᠢ 13 ᠳ᠋ᠦᠩᠰᠢᠭᠤᠷ ᠲᠦᠬᠦᠷᠢᠭ ᠲᠤ ᠬᠦᠷᠭᠡᠨ᠎ᠠ᠃ ᠡᠯ᠎ᠡ ᠪᠠᠩᠬᠢ ᠶᠢᠨ ᠤᠶᠢᠯᠠᠰ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠮᠦᠩᠬᠦᠨ ᠬᠦᠢᠯᠭᠡᠭᠡᠨ ᠤ ᠪᠦᠳᠦᠭᠡᠭᠳᠡᠬᠦᠨ ᠢ ᠰᠢᠨᠠᠴᠢᠯᠠᠬᠦ ᠶᠢ ᠵᠢᠯᠤᠭᠤᠳᠴᠤ᠂ ᠲᠤᠮᠳᠠ ᠪᠠᠭ᠎ᠠ ᠵᠢᠵᠢᠭ ᠠᠵᠤ ᠠᠬᠤᠶᠢᠯᠠᠯ᠂ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠪᠤᠯᠤᠨ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠵᠢᠭᠡᠯᠠᠯᠭᠡ ᠳᠤ ᠲᠠᠮᠵᠢᠯᠭᠡ ᠦᠵᠠᠬᠦᠯᠬᠦ ᠬᠦᠴᠦᠨ ᠢ ᠨᠠᠮᠡᠭᠳᠡᠬᠦᠯᠦᠨ᠎ᠠ᠃ ᠮᠧᠩ ᠳ᠋ᠦ᠋ ᠬᠤᠨᠢᠨ ᠤ ᠤᠶᠢᠯᠠᠰ᠂ ᠮᠦ᠋ ᠡᠾᠧ ᠤᠰᠤ ᠠᠷᠪᠢᠯᠠᠬᠤ ᠤᠶᠢᠯᠠᠰ ᠤᠨ ᠵᠠᠬ᠎ᠠ ᠲᠠᠯᠭᠡᠬᠦᠷ ᠲᠤ ᠭᠠᠷᠬᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠠᠵᠤ ᠠᠬᠤᠶᠢᠯᠠᠯ ᠤᠨ ᠶᠡᠬᠡᠪᠠᠷ ᠬᠢᠵᠤ ᠰᠠᠶᠢᠨ ᠬᠢᠬᠦ ᠶᠢ ᠲᠠᠮᠵᠢᠨ᠎ᠠ᠃       ︵ᠲᠦᠷᠪᠠ︶ ᠬᠤᠳᠠ ᠬᠦᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠠᠵᠤ᠂ ᠬᠦᠭᠵᠢᠬᠦ ᠤᠷᠤᠨ ᠵᠠᠢ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠠ       ᠴᠢᠳᠠᠪᠬᠢ ᠶᠢ ᠲᠠᠬᠦᠯᠳᠠᠷᠵᠢᠬᠦᠯᠬᠦ ᠪᠤᠯᠤᠨ ᠪᠦᠳᠦᠴᠠ ᠶᠢ ᠰᠢᠯᠢᠳᠡᠭᠵᠢᠬᠦᠯᠬᠦ ᠶᠢ ᠪᠠᠷᠢᠮᠳᠠᠯᠠᠵᠤ᠂ ᠬᠤᠳᠠ ᠠᠵᠤ ᠤᠶᠢᠯᠠᠰ ᠨᠠᠶᠢᠯᠠᠬᠦ ᠶᠢ ᠲᠦᠯᠬᠢᠨ ᠠᠬᠢᠭᠤᠯᠵᠤ᠂ ᠬᠤᠳᠠ ᠪᠠᠷ ᠬᠦᠳᠡᠭᠡ ᠶᠢ ᠲᠠᠶᠢᠴᠢᠯᠠᠵᠤ᠂ ᠬᠤᠳᠠ ᠬᠦᠳᠡᠭᠡ  ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠵᠤ᠂ ᠰᠢᠶᠠᠨ ᠤ ᠬᠤᠳᠠ ᠶᠢᠨ ᠠᠵᠤ ᠠᠬᠤᠢ ᠶᠢ ᠠᠴᠢᠶᠠᠯᠠᠬᠤ ᠴᠢᠳᠠᠯ  ᠢ ᠨᠡᠮᠡᠭᠳᠡᠬᠦᠯᠦᠨ᠎ᠠ᠃       10. ᠰᠠᠭᠤᠬᠤ ᠳᠤ ᠲᠠᠭᠠᠯᠠᠮᠵᠢᠳᠠᠢ ᠤᠶᠢᠯᠠᠰ ᠪᠦᠳᠦᠭᠡᠬᠦ ᠳᠤ ᠲᠤᠬᠢᠷᠠᠮᠵᠢᠳᠠᠢ ᠬᠤᠳᠠ ᠪᠠᠯᠭᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ᠤᠩᠨᠢᠭᠤᠳ ᠬᠤᠰᠢᠭᠤᠨ ᠤ ᠪᠤᠷᠤᠬᠤᠳᠠ ᠪᠠᠯᠭᠠᠰᠤ ᠶᠢᠨ ᠬᠤᠳᠠ  ᠶᠢᠨ ᠶᠠᠷᠦᠩᠭᠡᠢ ᠲᠦᠯᠦᠪᠵᠢᠬᠦᠯᠭᠡ︾ ᠶᠢ ᠴᠢᠩᠭ᠎ᠠ ᠬᠡᠷᠡᠭᠵᠢᠬᠦᠯᠵᠤ᠂ ᠬᠠᠭᠤᠴᠢᠨ ᠬᠤᠳᠠ ᠲᠤᠭᠤᠷᠢᠭ ᠤᠨ 4.5 ᠲᠡᠭᠰᠢ ᠲᠦᠷᠪᠠᠯᠵᠢᠨ ᠺᠢᠯᠤᠮᠧᠲᠷ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ ᠶᠢ ᠨᠠᠶᠢᠷᠠᠭᠤᠯᠵᠤ ᠪᠠᠷᠠᠭᠠᠨ᠂ ᠬᠤᠳᠠᠨ ᠤ ᠭᠤᠤᠯᠳᠠᠯᠭ᠎ᠠ ᠲᠠᠢ ᠲᠦᠯᠦᠪᠯᠡᠭᠡ ᠶᠢ ᠰᠠᠶᠢᠳᠤᠷ ᠬᠢᠵᠤ᠂ ᠲᠦᠯᠦᠪᠵᠢᠬᠦᠯᠭᠡ ᠶᠢᠨ ᠭᠤᠤᠯᠯᠠᠨ ᠲᠠᠭᠠᠭᠤᠯᠬᠤ ᠤᠶᠢᠯᠠᠳᠤᠯ ᠢ ᠪᠠᠳᠠᠷᠠᠭᠤᠯᠤᠨ᠎ᠠ᠃ ᠬᠠᠶᠢᠯᠠᠰᠤ ᠵᠠᠬᠡᠯᠢ ᠶᠢ ᠵᠠᠬᠦᠨᠰᠢ ᠨᠠᠪᠳᠠᠷᠠᠬᠦᠯᠬᠦ᠂ ᠪᠤᠷᠤᠬᠤᠳᠠ ᠵᠠᠮ ᠢ ᠡᠮᠦᠨᠠᠰᠢ ᠭᠠᠳᠠᠷ ᠲᠤᠭᠤᠷᠢᠯ ᠵᠠᠮ ᠲᠠᠢ ᠨᠠᠪᠳᠠᠷᠠᠬᠦᠯᠬᠦ ᠢᠨᠵᠧᠨᠧᠷᠢᠭ ᠢ ᠪᠠᠷᠠᠭᠠᠵᠤ᠂ ᠴᠢᠩ ᠴᠢᠥᠸᠠᠨ ᠵᠠᠮ ᠪᠤᠯᠤᠨ ᠬᠤᠩ ᠱᠠᠨ ᠵᠠᠮ ᠤᠨ ᠬᠤᠭᠤᠷᠤᠨᠳᠤᠬᠢ ᠵᠠᠮ ᠵᠡᠬᠡᠯᠢ ᠶᠢᠨ ᠪᠠᠶᠢᠭᠤᠯᠤᠯᠳᠠ ᠶᠢ ᠬᠡᠷᠡᠭᠵᠢᠬᠦᠯᠵᠤ᠂ ᠸᠧᠢ ᠦ᠋ ᠵᠠᠮ ᠪᠤᠯᠤᠨ ᠸᠧᠢ ᠯᠢᠤ ᠵᠠᠮ ᠢ ᠨᠠᠪᠳᠠᠷᠠᠬᠦᠯᠵᠤ᠂ ᠲᠠᠷᠢᠶᠠᠯᠠᠩ ᠤᠨ ᠴᠠᠬᠢᠯᠭᠠᠨ ᠤ ᠲᠤᠭᠤᠷᠢᠭ ᠤᠨ ᠡᠮᠦᠨ᠎ᠠ ᠲᠠᠯ᠎ᠠ᠂ ᠪᠤᠷᠤᠬᠤᠳᠠ ᠬᠤᠶᠠᠳᠤᠭᠠᠷ ᠪᠠᠭ᠎ᠠ ᠰᠤᠷᠭᠠᠭᠤᠯᠢ ᠶᠢᠨ ᠬᠤᠶᠢᠳᠤ ᠲᠠᠯ᠎ᠠ ᠵᠠᠷᠭᠡ 5 ᠵᠤᠷᠪᠤᠰ ᠪᠠᠭ᠎ᠠ ᠭᠤᠳᠤᠮᠵᠢ ᠶᠢ ᠶᠠᠷᠦᠩᠭᠡᠶᠢᠯᠠᠨ ᠵᠠᠰᠠᠨ᠎ᠠ᠃ ᠬᠠᠰ ᠯᠤᠤ ᠵᠠᠮ ᠤᠨ ᠤᠰᠤ ᠲᠠᠳᠠᠷᠠᠭᠤᠯᠬᠤ ᠬᠤᠭᠤᠯᠠᠢ ᠶᠢᠨ ᠲᠤᠤᠷ ᠤᠨ ᠪᠦᠳᠦᠭᠡᠨ ᠪᠠᠶᠢᠭᠤᠯᠤᠯᠳᠠ ᠶᠢ ᠬᠡᠷᠡᠭᠵᠢᠬᠦᠯᠵᠤ᠂ ᠬᠤᠳᠠᠨ ᠲᠤᠮᠳᠠᠬᠢ ᠤᠰᠤᠳᠠᠬᠤ ᠠᠰᠠᠭᠤᠳᠠᠯ ᠢ ᠰᠢᠢᠳᠪᠤᠷᠢᠯᠠᠨ᠎ᠠ᠃ ᠬᠤᠳᠠ ᠪᠠᠯᠭᠠᠰᠤᠨ ᠤ ᠨᠤᠭᠤᠭᠠᠨ ᠭᠠᠵᠠᠷ ᠤᠨ ᠦᠵᠠᠮᠦᠷᠢ ᠶᠢᠨ ᠬᠤᠩᠬᠢᠯ ᠤᠨ ᠪᠠᠶᠢᠭᠤᠯᠤᠯᠳᠠ ᠶᠢᠨ ᠬᠦᠴᠦᠯᠠᠴᠠ ᠶᠢ ᠨᠠᠮᠡᠭᠳᠡᠬᠦᠯᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ ᠤᠪᠤᠭ᠎ᠠ ᠠᠭᠤᠯᠠ ᠶᠢᠨ ᠴᠡᠴᠡᠷᠯᠢᠭ ᠤᠨ ᠬᠦᠷᠢᠶᠠᠯᠠᠩ᠂ ᠴᠦᠨᠳᠤᠪ ᠤᠨ ᠭᠤᠤᠯ  ᠤᠨ ᠬᠤᠶᠢᠨ᠎ᠠ ᠡᠷᠬᠢ᠂ ᠬᠠᠰ ᠯᠤᠤ ᠵᠠᠮ ᠤᠨ ᠡᠮᠦᠨ᠎ᠠ ᠬᠡᠰᠡᠭ᠂ ᠤᠳᠠᠨᠳᠤᠬᠤᠢ ᠵᠠᠬᠡᠯᠢ ᠶᠢᠨ ᠨᠤᠭᠤᠭᠠᠷᠠᠭᠤᠯᠬᠤ ᠢᠨᠵᠧᠨᠧᠷᠢᠭ ᠢ ᠲᠠᠭᠤᠰᠬᠠᠬᠤ ᠶᠢ ᠪᠠᠳᠤᠯᠠᠨ᠎ᠠ᠃ ᠴᠦᠨᠳᠤᠪ ᠤᠨ ᠭᠤᠤᠯ ᠤᠨ ᠪᠤᠷᠤᠬᠤᠳᠠ ᠶᠢᠨ ᠬᠤᠳᠠ ᠲᠤᠭᠤᠷᠢᠭ  ᠤᠨ ᠬᠡᠰᠡᠭ ᠲᠠᠬᠢ ᠶᠢ ᠶᠠᠷᠦᠩᠭᠡᠶᠢᠯᠠᠨ ᠵᠠᠰᠠᠬᠤ ᠢᠨᠵᠧᠨᠧᠷᠢᠭ ᠢ ᠦᠷᠬᠦᠯᠵᠢᠯᠠᠨ ᠬᠡᠷᠡᠭᠵᠢᠬᠦᠯᠦᠨ᠎ᠠ᠃ ᠪᠠᠶᠢᠰᠢᠩ ᠬᠡᠷ  ᠤᠨ ᠲᠤᠭᠤᠷᠢᠭ ᠢ ᠦᠭᠡᠷᠠᠴᠢᠯᠠᠬᠦ᠂ ᠵᠠᠮ ᠢ ᠨᠤᠷᠠᠭᠠᠵᠤ ᠰᠢᠯᠵᠢᠬᠦᠯᠬᠦ ᠲᠠᠢ ᠤᠶᠠᠯᠳᠤᠭᠤᠯᠵᠤ᠂ ᠲᠦᠷᠦ ᠶᠢᠨ ᠪᠤᠳᠤᠯᠭ᠎ᠠ  ᠶᠢᠨ ᠲᠠᠭᠠᠭᠤᠯᠭ᠎ᠠ ᠪᠠᠷ ᠲᠠᠮᠵᠢᠵᠤ᠂ ᠬᠠᠳᠠᠭᠠᠯᠠᠬᠳᠠᠵᠤ ᠪᠠᠶᠢᠭ᠎ᠠ ᠲᠠᠸᠠᠷ ᠤᠨ ᠬᠡᠷ ᠢ 1800 ᠢᠵᠢ ᠶᠢ ᠪᠤᠷᠤᠯᠠᠭᠤᠯᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠭ ᠲᠤ ᠲᠦᠰᠢᠭᠯᠡᠵᠤ᠂ ᠰᠤᠮᠤ ᠪᠠᠯᠭᠠᠰᠤᠨ ᠤ ᠵᠢᠵᠢᠭ ᠬᠤᠳᠠ ᠪᠠᠯᠭᠠᠰᠤᠨ ᠤ ᠪᠠᠶᠢᠭᠤᠯᠤᠯᠳᠠ ᠶᠢ ᠵᠤᠬᠢᠬᠤ ᠬᠡᠮᠵᠢᠶ᠎ᠠ ᠪᠠᠷ ᠲᠦᠯᠬᠢᠨ ᠠᠬᠢᠭᠤᠯᠤᠨ᠎ᠠ᠃ ᠬᠤᠳᠠ ᠶᠢᠨ ᠲᠦᠷᠢ ᠪᠠᠶᠢᠳᠠᠯ ᠤᠨ ᠡᠮᠬᠢ ᠲᠢᠭᠯᠢᠮ ᠤᠨ ᠶᠠᠷᠦᠩᠭᠡᠢ ᠬᠠᠮᠢᠶᠠᠷᠤᠯᠳᠠ ᠶᠢ ᠰᠠᠶᠢᠳᠤᠷ ᠠᠳᠬᠤᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠨᠠᠷᠢᠯᠢᠬᠵᠢᠭᠤᠯᠬᠤ ᠶᠢ ᠬᠡᠷᠡᠭᠵᠢᠬᠦᠯᠵᠤ᠂ ᠬᠤᠳᠠ ᠪᠠᠯᠭᠠᠰᠤᠨ ᠳᠤ ᠦᠷᠬᠦᠯᠵᠢ ᠶᠢᠨ ᠴᠢᠨᠠᠷ ᠲᠠᠢ᠂ ᠬᠡᠪ ᠤᠨ ᠪᠠᠶᠢᠳᠠᠯ ᠲᠠᠢ ᠬᠠᠮᠢᠶᠠᠷᠤᠯᠳᠠ ᠶᠢ ᠪᠠᠶᠠᠯᠠᠬᠦᠯᠵᠤ᠂ ᠵᠢᠯ ᠲᠤᠳᠤᠷ᠎ᠠ ᠦᠪᠠᠷᠳᠡᠭᠡᠨ ᠵᠠᠰᠠᠬᠤ ᠤᠷᠤᠨ ᠤ ᠪᠤᠯᠪᠠᠰᠤᠨ ᠬᠤᠰᠢᠭᠤ ᠰᠢᠶᠠᠨ ᠤ ᠡᠩᠨᠠᠬᠡᠨ ᠳᠤ ᠤᠷᠤᠬᠤ ᠪᠠᠷ ᠴᠢᠷᠮᠠᠶᠢᠨ᠎ᠠ᠃       11. ᠵᠠᠮ ᠬᠠᠷᠢᠯᠴᠠᠭ᠎ᠠ ᠴᠠᠬᠢᠯᠭᠠᠨ ᠬᠦᠴᠦ ᠤᠰᠤᠨ ᠠᠰᠢᠬᠯᠠᠯᠳᠠ ᠶᠢᠨ ᠲᠦᠬᠦᠭᠡᠷᠦᠮᠵᠢ ᠶᠢ ᠲᠠᠬᠦᠯᠳᠠᠷᠵᠢᠬᠦᠯᠦᠨ᠎ᠠ᠃ ᠮᠤᠵᠢ ᠶᠢᠨ ᠵᠠᠮ 304 ᠱᠤᠭᠤᠮ ᠤᠨ ᠪᠤᠷᠤᠬᠤᠳᠠ ᠠᠴᠠ ᠲᠠᠩᠨᠠᠬᠦᠷ ᠤᠨ ᠭᠤᠤᠯ ᠬᠦᠷᠬᠦ ᠬᠡᠰᠡᠭ ᠤᠨ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠢᠨᠵᠧᠨᠧᠷᠢᠭ ᠤᠨ ᠠᠬᠢᠴᠠ ᠶᠢ ᠲᠦᠷᠭᠡᠳᠭᠡᠵᠤ᠂ 9 ᠰᠠᠷ᠎ᠠ ᠶᠢᠨ ᠰᠠᠬᠦᠯᠴᠢ ᠪᠠᠷ ᠠᠵᠢᠯ ᠲᠠᠭᠤᠰᠴᠤ ᠲᠠᠷᠭᠡ ᠨᠠᠪᠳᠠᠷᠠᠬᠦ ᠶᠢ ᠪᠠᠳᠤᠯᠠᠨ᠎ᠠ᠃ ᠮᠤᠵᠢ ᠶᠢᠨ ᠵᠠᠮ 304 ᠱᠤᠭᠤᠮ ᠪᠠ ᠬᠠᠰ ᠯᠤᠤ ᠵᠠᠮ ᠢ ᠬᠤᠯᠪᠤᠬᠤ ᠢᠨᠵᠧᠨᠧᠷᠢᠭ ᠢ ᠪᠠᠶᠠᠯᠠᠬᠦᠯᠦᠨ᠎ᠠ᠂ ᠮᠤᠵᠢ ᠶᠢᠨ ᠵᠠᠮ 304 ᠱᠤᠭᠤᠮ ᠤᠨ ᠳ᠋ᠠᠰᠢᠩ ᠠᠴᠠ ᠬᠠᠶᠢᠯᠠᠰᠤ ᠬᠦᠷᠬᠦ ᠬᠡᠰᠡᠭ ᠤᠨ ᠴᠠᠷᠳᠠᠮᠠᠯ ᠵᠠᠮ ᠪᠤᠯᠭᠠᠨ ᠦᠭᠡᠷᠠᠴᠢᠯᠠᠬᠦ ᠵᠠᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠡᠮᠦᠨᠠᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ ᠵᠢᠯ ᠤᠨ ᠰᠠᠬᠦᠯᠴᠢ ᠠᠴᠠ ᠡᠮᠦᠨ᠎ᠠ ᠡᠬᠢᠯᠠᠨ ᠪᠠᠶᠢᠭᠤᠯᠬᠤ ᠪᠠᠷ ᠴᠢᠷᠮᠠᠶᠢᠨ᠎ᠠ᠃ ᠲᠤᠰᠬᠤᠨ ᠳᠤ ᠨᠠᠪᠳᠠᠷᠠᠬᠦ 56 ᠵᠤᠷᠪᠤᠰ 768 ᠺᠢᠯᠤᠮᠧᠲᠷ ᠴᠠᠷᠳᠠᠮᠠᠯ ᠵᠠᠮ ᠢ ᠰᠢᠨ᠎ᠠ ᠪᠠᠷ ᠵᠠᠰᠠᠨ᠎ᠠ᠃ 66 ᠺᠢᠯᠤᠸᠤᠯᠲ ᠺᠠᠩ ᠵᠢᠶᠠ ᠢᠩᠽᠢ ᠠᠴᠠ ᠬᠤᠩ ᠱᠠᠨ ᠬᠦᠷᠬᠦ᠂ ᠺᠠᠩ ᠵᠢᠶᠠ ᠢᠩᠽᠢ ᠠᠴᠠ ᠠᠰᠢᠬᠠᠨ ᠬᠦᠷᠬᠦ ᠬᠦᠴᠦᠳᠠᠯ ᠬᠤᠪᠢᠷᠠᠭᠤᠯᠵᠤ ᠴᠠᠬᠢᠯᠭᠠᠨ ᠬᠦᠷᠭᠡᠬᠦ ᠢᠨᠵᠧᠨᠧᠷᠢᠭ ᠢ ᠰᠢᠨ᠎ᠠ ᠪᠠᠷ ᠪᠠᠶᠢᠭᠤᠯᠵᠤ᠂ 10 ᠺᠢᠯᠤᠸᠤᠯᠲ ᠶᠢᠨ ᠱᠤᠭᠤᠮ᠂ 118.5 ᠺᠢᠯᠤᠮᠧᠲᠷ ᠢ ᠰᠢᠨ᠎ᠠ ᠪᠠᠷ ᠦᠭᠡᠷᠡᠴᠢᠯᠠᠨ ᠪᠠᠶᠢᠭᠤᠯᠵᠤ᠂ ᠰᠢᠨ᠎ᠠ ᠪᠠᠷ ᠦᠭᠡᠷᠡᠴᠢᠯᠠᠨ ᠪᠠᠶᠢᠭᠤᠯᠵᠤ᠂ 18 ᠲᠤᠤᠷ᠎ᠠ ᠲᠠᠷᠤᠯᠳᠠ ᠶᠢᠨ ᠤᠷᠤᠨ ᠢ ᠦᠭᠡᠷᠡᠴᠢᠯᠠᠨ ᠪᠠᠶᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ ᠢᠨᠵᠧᠨᠧᠷᠢᠭ 68 ᠢ ᠪᠠᠳᠤᠳᠬᠠᠨ ᠲᠠᠭᠡᠭᠰᠢᠯᠠᠬᠦᠯᠵᠤ᠂ ᠬᠠᠮᠢᠶᠠᠷᠤᠯᠳᠠ ᠶᠢᠨ ᠪᠠᠶᠢᠭᠤᠯᠤᠮᠵᠢ᠂ ᠤᠰᠤᠨ ᠤ ᠴᠢᠨᠠᠷ ᠢ ᠬᠡᠮᠵᠢᠨ ᠪᠠᠶᠢᠴᠠᠭᠠᠬᠤ ᠲᠦᠪ ᠪᠤᠯᠤᠨ ᠢᠨᠵᠧᠨᠧᠷᠢᠭ ᠢ ᠬᠠᠮᠠᠭᠠᠯᠠᠵᠤ ᠵᠠᠰᠠᠬᠤ ᠰᠠᠭᠤᠷᠢ ᠮᠦᠩᠬᠦ ︽ᠭᠤᠷᠪᠠᠨ ᠲᠦᠷᠦᠯ ᠤᠨ ᠲᠤᠬᠳᠠᠯᠴᠠᠭ᠎ᠠ︾  ᠶᠢ ᠨᠠᠶᠢᠳᠠᠪᠤᠷᠢᠵᠢᠭᠤᠯᠤᠨ᠎ᠠ᠃ ᠰᠢᠷᠠᠮᠦ᠋ᠷᠠᠨ ᠭᠤᠤᠯ ᠤᠨ ᠡᠮᠦᠨ᠎ᠠ ᠡᠷᠬᠢ ᠶᠢᠨ ᠠᠶᠤᠯᠳᠠᠢ ᠬᠡᠰᠡᠭ ᠢ ᠵᠠᠰᠠᠵᠤ ᠬᠠᠮᠢᠶᠠᠷᠬᠤ᠂ ᠬᠠᠶᠢᠯᠠᠰᠤ ᠶᠢᠨ ᠤᠰᠤᠯᠠᠯᠳᠠ ᠶᠢᠨ ᠤᠷᠤᠨ ᠤ ᠵᠢᠷᠭᠠᠯ ᠤᠨ ᠭᠤᠤᠯ ᠤᠨ ᠤᠰᠤᠯᠠᠯᠳᠠ ᠶᠢᠨ ᠤᠷᠤᠨ ᠤ ᠵᠠᠯᠭᠠᠨ ᠪᠠᠶᠢᠭᠤᠯᠬᠤ ᠲᠦᠬᠦᠷᠵᠢᠬᠦᠯᠬᠦ ᠪᠤᠯᠤᠨ ᠤᠰᠤ ᠠᠷᠪᠢᠯᠠᠬᠤ ᠦᠭᠡᠷᠠᠴᠢᠯᠠᠨ ᠪᠠᠶᠢᠭᠤᠯᠬᠤ ᠵᠠᠷᠭᠡ ᠢᠨᠵᠧᠨᠧᠷᠢᠭ ᠢ ᠰᠠᠶᠢᠳᠤᠷ ᠬᠡᠷᠡᠭᠵᠢᠬᠦᠯᠦᠨ᠎ᠠ᠃       12. ᠠᠮᠢ ᠠᠬᠤᠢ ᠶᠢᠨ ᠤᠷᠴᠢᠨ ᠲᠤᠭᠤᠷᠢᠨ ᠢ ᠶᠠᠬᠡᠪᠠᠷ ᠰᠠᠶᠢᠵᠢᠷᠠᠭᠤᠯᠤᠨ᠎ᠠ᠃ ᠪᠡᠬᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠵᠤ ᠬᠠᠮᠢᠶᠠᠷᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠭ ᠪᠤᠯᠤᠨ ᠬᠤᠷᠢᠬᠯᠠᠵᠤ ᠬᠠᠮᠠᠭᠠᠯᠠᠬᠤ ᠤᠷᠤᠨ ᠤ ᠪᠠᠶᠢᠭᠤᠯᠤᠯᠳᠠ ᠶᠢ ᠲᠦᠷᠭᠡᠳᠭᠡᠵᠤ᠂ ᠮᠠᠩᠬ᠎ᠠ ᠶᠢ ᠰᠠᠷᠬᠡᠶᠢᠯᠠᠵᠤ ᠵᠠᠰᠠᠬᠤ ᠲᠤᠷᠰᠢᠯᠳᠠ ᠶᠢᠨ ᠵᠢᠱᠢᠶ᠎ᠠ ᠦᠵᠠᠬᠦᠯᠬᠦ ᠤᠷᠤᠨ ᠤ ᠰᠢᠯᠢᠳᠡᠭ ᠢᠨᠵᠧᠨᠧᠷᠢᠭ ᠢ ᠪᠠᠶᠢᠭᠤᠯᠵᠤ᠂ ᠲᠤᠰ ᠵᠢᠯ ᠳᠤ 30 ᠲᠦᠮᠠᠨ ᠮᠤ᠋ ᠮᠠᠩᠬᠠᠨ ᠭᠠᠵᠠᠷ ᠢ ᠶᠠᠷᠦᠩᠭᠡᠶᠢᠯᠠᠨ ᠵᠠᠰᠠᠵᠤ᠂ ᠭᠤᠤᠯᠳᠠᠯᠭ᠎ᠠ ᠲᠠᠢ ᠤᠷᠤᠨ ᠳᠤ 1.63 ᠲᠦᠮᠠᠨ ᠮᠤ᠋ ᠮᠤᠳᠤ ᠲᠠᠷᠢᠵᠤ ᠨᠤᠭᠤᠭᠠᠷᠠᠭᠤᠯᠬᠤ ᠶᠢ ᠬᠡᠷᠡᠭᠵᠢᠬᠦᠯᠦᠨ᠎ᠠ᠃ ᠠᠨ ᠴᠢ ᠢᠰᠭᠡᠬᠦᠷ ᠤᠨ ᠵᠤᠤᠬ᠎ᠠ ᠶᠢ ᠬᠦᠬᠦᠷ ᠦᠭᠡᠶᠢᠳᠠᠬᠦᠯᠵᠤ ᠲᠤᠭᠤᠰᠤ ᠦᠭᠡᠢ ᠪᠤᠯᠭᠠᠨ ᠦᠭᠡᠷᠡᠴᠢᠯᠠᠬᠦ᠂ ᠪᠤᠷᠤᠬᠤᠳᠠ ᠶᠢᠨ ᠪᠤᠵᠠᠷ ᠤᠰᠤ ᠶᠢ ᠰᠢᠢᠳᠪᠤᠷᠢᠯᠠᠬᠦ ᠤᠶᠢᠯᠠᠳᠪᠤᠷᠢ ᠶᠢᠨ ᠲᠤᠮᠳᠠᠬᠢ ᠤᠰᠤ ᠶᠢ ᠲᠠᠬᠢᠨ ᠠᠰᠢᠬᠯᠠᠬᠤ ᠵᠠᠷᠭᠡ ᠪᠤᠬᠢᠷᠳᠤᠯ ᠢ ᠭᠠᠳᠠᠬᠰᠢᠯᠠᠭᠤᠯᠬᠤ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ 10 ᠰᠠᠷ᠎ᠠ ᠶᠢᠨ ᠰᠠᠬᠦᠯᠴᠢ ᠠᠴᠠ ᠡᠮᠦᠨ᠎ᠠ ᠠᠰᠢᠬᠯᠠᠯᠳᠠ ᠳᠤ ᠤᠷᠤᠭᠤᠯᠤᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢ ᠬᠠᠮᠢᠶᠠᠷᠬᠤ ᠲᠦᠷᠢᠮ ᠢ ᠬᠡᠷᠡᠭᠵᠢᠬᠦᠯᠵᠤ᠂ ᠤᠰᠤ ᠵᠠᠷᠤᠬᠤ ᠬᠡᠮᠵᠢᠶ᠎ᠠ᠂ ᠤᠰᠤ ᠵᠠᠷᠤᠬᠤ ᠦᠷ᠎ᠡ ᠪᠦᠳᠦᠮᠵᠢ ᠪᠤᠯᠤᠨ ᠤᠰᠤᠨ ᠤ ᠴᠢᠳᠠᠪᠬᠢ ᠤᠷᠤᠨ ᠳᠤ ᠪᠤᠵᠠᠷ ᠤᠰᠤ ᠶᠢ ᠤᠷᠤᠭᠤᠯᠬᠤ ᠶᠢ ᠬᠢᠵᠠᠭᠠᠷᠯᠠᠬᠤ ︽ᠭᠤᠷᠪᠠᠨ ᠵᠤᠷᠪᠤᠰ ᠤᠯᠠᠭᠠᠨ ᠱᠤᠭᠤᠮ︾ ᠢ ᠴᠢᠩᠭ᠎ᠠ ᠬᠡᠷᠡᠭᠵᠢᠬᠦᠯᠦᠨ᠎ᠠ ᠃ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠬᠦᠯᠬᠦ ᠬᠦᠴᠦᠯᠠᠴᠠ ᠪᠠᠨ ᠨᠡᠮᠡᠭᠳᠡᠬᠦᠯᠵᠤ᠂ ᠬᠠᠤᠯᠢ ᠪᠤᠰᠤ ᠪᠠᠷ ᠪᠤᠬᠢᠷᠳᠤᠯ ᠭᠠᠳᠠᠬᠰᠢᠯᠠᠭᠤᠯᠬᠤ᠂ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠬᠤ᠂ ᠬᠠᠤᠯᠢ ᠪᠤᠰᠤ  ᠪᠠᠷ ᠮᠠᠯ ᠬᠠᠷᠢᠭᠤᠯᠬᠤ᠂ ᠬᠠᠤᠯᠢ ᠪᠤᠰᠤ ᠪᠠᠷ ᠡᠰᠢ ᠰᠦᠷᠠᠯ ᠢ ᠰᠢᠳᠠᠭᠠᠬᠤ ᠵᠠᠷᠭᠡ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃       ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠷᠠᠳ ᠲᠦᠮᠠᠨ ᠤ ᠠᠵᠠ ᠵᠢᠷᠭᠠᠯ ᠢ ᠦᠷᠬᠦᠯᠵᠢᠯᠠᠨ ᠨᠡᠮᠡᠭᠳᠡᠬᠦᠯᠦᠨ᠎ᠠ       ᠤᠯᠠᠨ ᠲᠦᠮᠠᠨ ᠤ ᠬᠠᠮᠤᠭ ᠠᠴᠠ ᠠᠩᠬᠠᠷᠴᠤ ᠪᠠᠶᠢᠬᠤ᠂ ᠬᠠᠮᠤᠭ ᠰᠢᠭᠤᠳ᠂ ᠬᠠᠮᠤᠭ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠦᠨᠠᠩᠬᠦ ᠰᠢᠢᠳᠪᠤᠷᠢᠯᠠᠵᠤ᠂ ᠦᠭᠡᠷᠡᠴᠢᠯᠠᠯᠳᠠ ᠬᠦᠭᠵᠢᠯᠳᠠ ᠶᠢᠨ ᠦᠷ᠎ᠡ ᠪᠦᠳᠦᠮᠵᠢ ᠶᠢ ᠤᠯᠠᠨ ᠲᠦᠮᠠᠨ ᠳᠤ ᠬᠠᠮᠳᠤ ᠪᠠᠷ ᠡᠳ᠋ᠯᠠᠬᠦᠯᠦᠨ᠎ᠠ᠃       13. ᠠᠷᠠᠳ ᠲᠦᠮᠠᠨ ᠳᠤ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠬᠢᠨ᠎ᠠ᠃ ᠪᠦᠬᠦ ᠬᠤᠰᠢᠭᠤᠨ  ᠳᠤ 10 ᠲᠤᠮᠳᠠᠳᠤ ᠰᠤᠷᠭᠠᠭᠤᠯᠢ᠂ 40 ᠪᠦᠷᠢᠨ ᠪᠠᠭ᠎ᠠ ᠰᠤᠷᠭᠠᠭᠤᠯᠢ᠂ 40 ᠵᠢᠭᠠᠨ ᠰᠤᠷᠭᠠᠬᠤ ᠴᠢᠭ ᠳᠠᠬᠢ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠩᠴᠠᠬᠦᠷᠢ ᠲᠠᠢ ᠬᠦᠭᠵᠢᠬᠦ ᠠᠵᠢᠯ ᠢ ᠡᠬᠢᠯᠠᠬᠦᠯᠦᠨ᠎ᠠ᠃ ᠪᠤᠷᠤᠬᠤᠳᠠ  ᠶᠢᠨ ᠬᠤᠶᠠᠳᠤᠭᠠᠷ ᠬᠡᠦᠭᠡᠳ ᠤᠨ ᠴᠡᠴᠡᠷᠯᠢᠭ᠂ ᠦ᠋ ᠹᠧᠨ ᠳ᠋ᠢ ᠪᠠᠯᠭᠠᠰᠤᠨ ᠤ ᠪᠠᠷᠢᠮᠵᠢᠶᠠᠯᠠᠬᠰᠠᠨ ᠵᠢᠱᠢᠶ᠎ᠠ ᠦᠵᠠᠬᠦᠯᠬᠦ ᠬᠡᠦᠭᠡᠳ ᠤᠨ ᠴᠡᠴᠡᠷᠯᠢᠭ ᠪᠤᠯᠤᠨ ᠬᠡᠷᠰᠠᠩ ᠰᠤᠮᠤ ᠶᠢᠨ ᠬᠦᠰᠠᠯᠳᠠᠢ ᠬᠡᠦᠭᠡᠳ ᠤᠨ ᠴᠡᠴᠡᠷᠯᠢᠭ ᠢ ᠡᠬᠢᠯᠠᠨ ᠪᠠᠶᠢᠭᠤᠯᠤᠨ᠎ᠠ᠃ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ᠂ ᠪᠤᠷᠤᠬᠤᠳᠠ ᠶᠢᠨ ᠲᠤᠷᠰᠢᠯᠳᠠ ᠶᠢᠨ ᠪᠠᠭ᠎ᠠ ᠰᠤᠷᠭᠠᠭᠤᠯᠢ ᠶᠢ ᠰᠢᠯᠵᠢᠬᠦᠯᠦᠨ ᠪᠠᠶᠢᠭᠤᠯᠬᠤ ᠲᠦᠷᠦᠯ ᠵᠦᠢᠯ ᠢ ᠲᠠᠭᠤᠰᠬᠠᠵᠤ᠂ 9 ᠰᠠᠷ᠎ᠠ ᠶᠢᠨ 1 ᠤ ᠡᠳᠦᠷ ᠠᠴᠠ ᠡᠮᠦᠨ᠎ᠠ ᠪᠠᠭᠰᠢ ᠰᠤᠷᠤᠬᠴᠢ ᠬᠠᠮᠳᠤ ᠳᠠᠭᠠᠨ ᠰᠢᠨ᠎ᠠ ᠰᠤᠷᠭᠠᠭᠤᠯᠢ ᠳᠠᠭᠠᠨ ᠨᠠᠬᠦᠨ ᠤᠷᠤᠬᠤ ᠶᠢ ᠪᠠᠶᠠᠯᠠᠬᠦᠯᠦᠨ᠎ᠠ᠃ ᠪᠠᠭᠰᠢ ᠶᠢᠨ ᠡᠩᠨᠠᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠤᠤᠷ ᠴᠢᠨᠠᠷ ᠢ ᠴᠢᠷᠮᠠᠶᠢᠨ ᠲᠠᠭᠡᠭᠰᠢᠯᠠᠬᠦᠯᠦᠨ᠎ᠠ᠂ ᠪᠠᠭᠰᠢ ᠨᠦᠬᠦᠪᠤᠷᠢᠯᠠᠬᠦ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠲᠤᠳᠠᠬᠳᠠᠵᠤ ᠪᠠᠶᠢᠭ᠎ᠠ ᠬᠢᠴᠢᠶᠠᠯ ᠲᠦᠷᠦᠯ ᠤᠨ ᠪᠠᠭᠰᠢ ᠶᠢ 150 ᠬᠦᠮᠦᠨ ᠡᠯᠰᠡᠨ᠎ᠠ᠃ ᠲᠠᠭᠡᠳᠤ ᠲᠤᠮᠳᠠᠳᠤ ᠶᠢᠨ ᠰᠤᠷᠭᠠᠨ ᠬᠦᠮᠦᠵᠢᠯ᠂ ᠰᠤᠷᠭᠠᠨ ᠬᠦᠮᠦᠵᠢᠯ ᠢ ᠴᠢᠩᠭ᠎ᠠ ᠠᠳᠬᠤᠵᠤ᠂ ᠦᠵᠠᠯᠳᠠ ᠪᠠᠨ ᠰᠢᠨᠠᠴᠢᠯᠠᠵᠤ᠂ ᠬᠠᠮᠢᠶᠠᠷᠤᠯᠳᠠ ᠪᠠᠨ ᠴᠢᠩᠭᠠᠳᠬᠠᠵᠤ᠂ ᠵᠢᠭᠠᠨ ᠰᠤᠷᠭᠠᠬᠤ ᠶᠠᠰᠤ ᠴᠢᠨᠠᠷ ᠢ ᠦᠨᠠᠩᠬᠦ ᠲᠠᠭᠡᠭᠰᠢᠯᠠᠬᠦᠯᠦᠨ᠎ᠠ᠃ ᠪᠡᠬᠡᠵᠢᠩ ᠤᠨ ᠲᠦᠩᠵᠸᠤ ᠲᠤᠭᠤᠷᠢᠭ ᠤᠨ 17 ᠰᠠᠭᠤᠷᠢ ᠲᠤᠮᠳᠠᠳᠤ ᠪᠠᠭ᠎ᠠ ᠰᠤᠷᠭᠠᠭᠤᠯᠢ᠂ ᠬᠡᠦᠭᠡᠳ ᠤᠨ ᠴᠡᠴᠡᠷᠯᠢᠭ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠡᠷᠬᠢᠯᠠᠬᠦ ᠲᠦᠪᠰᠢᠨ  ᠢᠶᠠᠨ ᠲᠠᠭᠡᠭᠰᠢᠯᠠᠬᠦᠯᠬᠦ ᠪᠠᠷ ᠴᠢᠷᠮᠠᠶᠢᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠦᠭᠡᠷᠠᠴᠢᠯᠠᠯᠳᠠ  ᠶᠢᠨ ᠠᠵᠢᠯ ᠢ ᠬᠦᠨᠵᠠᠬᠡᠢ ᠲᠦᠯᠬᠢᠨ ᠠᠬᠢᠭᠤᠯᠵᠤ᠂ ᠵᠠᠯᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢ ᠶᠠᠬᠡᠪᠠᠷ ᠲᠦᠭᠡᠮᠠᠯᠵᠢᠬᠦᠯᠵᠤ᠂ ᠪᠤᠷᠤᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠶᠢᠨ ᠬᠦᠯ ᠪᠦᠮᠪᠦᠭᠡ ᠶᠢᠨ ᠪᠤᠯᠪᠠᠰᠤᠷᠠᠯ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠡᠷᠡᠭᠵᠢᠬᠦᠯᠦᠨ᠎ᠠ᠃       14. ᠡᠷᠡᠬᠦᠯ ᠬᠠᠮᠠᠭᠠᠯᠠᠯ ᠲᠦᠯᠦᠪᠯᠠᠭᠡᠳᠤ ᠦᠷᠠᠵᠢᠯ ᠤᠨ ᠤᠶᠢᠯᠠᠴᠢᠯᠠᠭᠡᠨ ᠤ ᠲᠦᠪᠰᠢᠨ ᠢ ᠲᠠᠭᠡᠭᠰᠢᠯᠠᠬᠦᠯᠦᠨ᠎ᠠ᠃ 2 ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠰᠢᠨ᠎ᠠ ᠪᠠᠷ ᠪᠠᠶᠢᠭᠤᠯᠵᠤ᠂ 92 ᠰᠠᠭᠤᠷᠢ ᠨᠢᠭᠡ ᠴᠤᠬᠴᠠᠵᠢᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠬᠡᠷ ᠢ ᠦᠭᠡᠷᠡᠴᠢᠯᠠᠨ ᠰᠠᠶᠢᠵᠢᠷᠠᠭᠤᠯᠵᠤ᠂ ᠲᠤᠰ ᠵᠢᠯ ᠳᠤ ᠠᠰᠢᠬᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠰᠤᠮᠤ ᠲᠤᠰᠬᠤᠨ ᠬᠤᠶᠠᠷ ᠲᠠᠰ ᠤᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠨ᠎ᠠ ᠡᠮᠴᠢᠯᠠᠭᠡᠨ ᠤ ᠲᠦᠬᠦᠭᠡᠷᠦᠮᠵᠢ ᠶᠢ ᠰᠢᠨᠠᠳᠬᠡᠨ ᠲᠦᠬᠦᠷᠵᠢᠬᠦᠯᠵᠤ ᠦᠭᠬᠦᠨ᠎ᠠ᠃ ᠲᠸᠤ ᠫᠠᠶᠢᠽᠢ᠂ ᠵᠤᠸᠠᠩ ᠲᠸᠤ ᠢᠩᠽᠢ ᠵᠠᠷᠭᠡ 5 ᠡᠷᠡᠬᠦᠯ ᠬᠠᠮᠠᠭᠠᠯᠠᠯ  ᠤᠨ ᠬᠤᠷᠢᠶᠠᠨ ᠤ ᠲᠠᠭᠠᠭᠠᠴᠢᠯᠠᠵᠤ ᠡᠵᠡᠩᠨᠠᠬᠦ ᠡᠷᠭᠡ ᠶᠢ ᠬᠤᠷᠢᠶᠠᠨ ᠠᠪᠤᠨ᠎ᠠ᠃ ᠰᠢᠨ᠎ᠠ ᠬᠡᠯᠪᠠᠷᠢ ᠶᠢᠨ ᠬᠤᠷᠰᠢᠬᠰᠨᠨ ᠡᠮᠨᠡᠯᠭᠡ ᠶᠢᠨ ᠰᠠᠭᠤᠷᠢ ᠮᠦᠩᠬᠦ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠱᠠᠳᠤ ᠬᠤᠪᠢᠶᠠᠵᠤ ᠤᠨᠤᠰᠢᠯᠠᠨ ᠡᠮᠨᠠᠬᠦ ᠠᠵᠢᠯ ᠢ ᠲᠦᠯᠬᠢᠨ ᠠᠬᠢᠭᠤᠯᠵᠤ᠂ ᠬᠤᠷᠰᠢᠬᠰᠠᠨ ᠡᠮᠨᠠᠯᠭᠡ ᠳᠤ ᠤᠷᠤᠯᠴᠠᠬᠰᠠᠨ ᠡᠪᠡᠳᠴᠢᠳᠠᠨ ᠤ ᠡᠮᠨᠠᠯᠭᠡ ᠳᠤ ᠰᠠᠭᠤᠬᠤ ᠪᠤᠳᠠᠳᠠᠢ ᠲᠠᠩᠰᠠᠨ ᠠᠴᠠ ᠲᠠᠶᠢᠯᠬᠤ ᠬᠠᠷᠢᠴᠠᠯ ᠢ ᠲᠠᠭᠡᠭᠰᠢᠯᠠᠬᠦᠯᠦᠨ᠎ᠠ᠃ ᠡᠮᠴᠢᠯᠠᠨ ᠵᠠᠰᠠᠬᠤ ᠡᠷᠡᠬᠦᠯ ᠬᠠᠮᠠᠭᠠᠯᠠᠯ ᠤᠨ ᠲᠤᠰᠬᠠᠢ ᠮᠠᠷᠭᠡᠵᠢᠯᠳᠠᠨ ᠢ ᠦᠷᠬᠦᠯᠵᠢᠯᠠᠨ ᠲᠠᠳᠠᠨ ᠤᠷᠤᠭᠤᠯᠵᠤ᠂ ᠡᠷᠡᠬᠦᠯ ᠬᠠᠮᠠᠭᠠᠯᠠᠯ ᠲᠦᠯᠦᠪᠯᠠᠭᠡᠳᠤ ᠦᠷᠠᠵᠢᠯ ᠤᠨ ᠠᠵᠢᠯᠯᠠᠬᠰᠠᠳ ᠢ 5000 ᠬᠦᠮᠦᠨ ᠤᠳᠠᠭ᠎ᠠ ᠪᠤᠯᠪᠠᠰᠤᠷᠠᠭᠤᠯᠤᠨ᠎ᠠ᠃ ᠡᠭᠡ ᠨᠢᠯᠬᠠᠰ  ᠤᠨ ᠡᠷᠡᠬᠦᠯ ᠬᠠᠮᠠᠭᠠᠯᠠᠯ ᠪᠤᠯᠤᠨ ᠲᠦᠯᠦᠪᠯᠠᠭᠡᠳᠤ ᠦᠷᠠᠵᠢᠯ ᠤᠨ ᠮᠠᠷᠭᠡᠵᠢᠯ ᠤᠨ ᠤᠶᠢᠯᠠᠴᠢᠯᠠᠭᠡᠨ ᠤ ᠪᠠᠶᠢᠭᠤᠯᠤᠮᠵᠢ ᠶᠢ ᠨᠠᠶᠢᠯᠠᠬᠦᠯᠬᠦ ᠠᠵᠢᠯ ᠢ ᠡᠬᠢᠯᠠᠬᠦᠯᠦᠨ᠎ᠠ᠃ ︽ᠬᠤᠶᠠᠷ ᠬᠡᠦᠭᠡᠳ ᠠᠪᠴᠤ ᠪᠤᠯᠬᠤ︾ ᠲᠦᠷᠦ ᠶᠢᠨ ᠪᠤᠳᠤᠯᠭ᠎ᠠ   ᠶᠢ ᠰᠠᠶᠢᠳᠤᠷ ᠬᠡᠷᠡᠭᠵᠢᠬᠦᠯᠵᠤ᠂ ᠲᠦᠷᠦᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ ᠶᠠᠷᠦᠩᠭᠡᠶᠢᠯᠠᠨ ᠵᠠᠰᠠᠬᠤ ᠬᠦᠴᠦᠯᠠᠴᠠ ᠶᠢ ᠨᠡᠮᠡᠭᠳᠡᠬᠦᠯᠦᠨ᠎ᠠ᠃       15. ᠨᠠᠶᠢᠭᠡᠮ ᠤᠨ ᠪᠠᠳᠤᠯᠠᠭ᠎ᠠ ᠶᠢᠨ ᠲᠤᠤᠷ ᠢ ᠪᠠᠳᠤ ᠪᠠᠶᠢᠭᠤᠯᠤᠨ᠎ᠠ᠃ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠤᠨᠴᠠᠭᠠᠢ ᠬᠦᠴᠢᠷᠳᠠᠢ ᠬᠦᠮᠦᠨ ᠢ ᠲᠠᠵᠢᠭᠡᠨ ᠠᠰᠠᠷᠠᠬᠤ᠂ ᠭᠠᠮᠰᠢᠭ ᠠᠴᠠ ᠠᠪᠤᠷᠠᠵᠤ ᠲᠠᠳᠬᠦᠬᠦ ᠵᠠᠷᠭᠡ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠢ ᠪᠦᠷᠬᠦᠭᠰᠡᠨ ᠨᠠᠶᠢᠭᠡᠮ ᠤᠨ ᠲᠠᠭᠠᠳᠬᠠᠯ ᠤᠨ ᠲᠤᠬᠳᠠᠯᠴᠠᠭ᠎ᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠲᠠᠪᠬᠤᠷᠭ᠎ᠠ ᠲᠠᠢ᠂ ᠦᠷᠭᠡᠨ ᠪᠦᠷᠬᠦᠭᠰᠡᠨ ᠨᠠᠶᠢᠭᠡᠮ ᠤᠨ ᠠᠪᠤᠷᠠᠵᠤ ᠲᠠᠮᠵᠢᠬᠦ ᠲᠤᠬᠳᠠᠯᠴᠠᠭ᠎ᠠ ᠶᠢ ᠪᠦᠬᠦ ᠬᠦᠴᠦᠨ ᠢᠶᠠᠷ ᠪᠠᠶᠢᠭᠤᠯᠤᠨ᠎ᠠ᠃ ᠨᠠᠰᠤᠳᠠᠶᠢᠴᠤᠳ ᠢ ᠠᠰᠠᠷᠠᠨ ᠰᠤᠪᠢᠯᠠᠬᠤ ᠬᠦᠷᠢᠶᠠᠯᠠᠩ ᠪᠤᠯᠤᠨ ᠪᠤᠷᠤᠬᠤᠳᠠ ᠪᠠᠯᠭᠠᠰᠤ ᠶᠢᠨ ᠭᠤᠤᠯ ᠨᠠᠰᠤᠳᠠᠨ ᠢ ᠠᠰᠠᠷᠠᠬᠤ ᠬᠦᠷᠢᠶᠠᠯᠠᠩ ᠤᠨ ᠪᠠᠶᠢᠭᠤᠯᠤᠯᠳᠠ ᠶᠢ ᠡᠬᠢᠯᠠᠬᠦᠯᠦᠨ᠎ᠠ᠃ ᠨᠠᠶᠢᠳᠠ ᠶᠢᠨ ᠲᠦᠷᠢᠶᠠᠰᠤᠯᠠᠵᠤ ᠰᠠᠭᠤᠬᠤ ᠬᠡᠷ ᠢ 180 ᠢᠵᠢ ᠬᠤᠳᠠᠯᠳᠤᠨ ᠠᠪᠴᠤ᠂ ᠪᠠᠶᠢᠰᠢᠩ ᠬᠡᠷ ᠤᠨ ᠲᠤᠭᠤᠷᠢᠭ ᠤᠨ 100 ᠡᠷᠦᠭᠡ ᠶᠢ ᠦᠭᠡᠷᠡᠴᠢᠯᠠᠨ ᠪᠠᠶᠢᠭᠤᠯᠤᠨ᠎ᠠ᠃ ᠨᠠᠶᠢᠳᠠ ᠶᠢᠨ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠲᠤᠰᠢᠶᠠᠨ ᠬᠠᠳᠠᠭᠠᠯᠠᠬᠤ ᠪᠦᠷᠬᠦᠴᠠ ᠶᠢ ᠦᠷᠭᠡᠳᠭᠡᠵᠤ᠂ ᠰᠠᠭᠤᠭᠠᠯᠢ ᠠᠷᠠᠳ ᠤᠨ ᠬᠡᠷ ᠬᠤᠳᠠᠯᠳᠤᠨ ᠠᠪᠬᠤ ᠬᠡᠷᠡᠭᠯᠡᠭᠡᠨ ᠤ ᠴᠢᠳᠠᠯ ᠢ ᠲᠠᠭᠡᠭᠰᠢᠯᠠᠬᠦᠯᠦᠨ᠎ᠠ᠃ ᠠᠵᠢᠯ ᠤᠯᠬᠤ ᠤᠶᠢᠯᠠᠰ ᠪᠦᠳᠦᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠬᠤᠳᠠ ᠪᠠᠯᠭᠠᠰᠤᠨ ᠤ ᠪᠦᠬᠦ ᠵᠢᠯ ᠤᠨ ᠠᠵᠢᠯ ᠤᠯᠭᠤᠬᠰᠠᠳ ᠢ ᠰᠢᠨ᠎ᠠ ᠪᠠᠷ 1700 ᠬᠦᠮᠦᠨ ᠨᠠᠮᠡᠭᠳᠡᠬᠦᠯᠵᠤ᠂ ᠨᠠᠶᠢᠳᠠ ᠶᠢᠨ ᠠᠰᠠᠷᠠᠮᠵᠢ ᠶᠢᠨ ᠴᠢᠨᠠᠷ ᠲᠠᠢ ᠪᠠᠶᠢᠷᠢ ᠶᠢ ᠰᠢᠨ᠎ᠠ ᠪᠠᠷ ᠨᠡᠬᠡᠬᠡᠵᠤ᠂ ᠠᠵᠢᠯ ᠤᠯᠬᠤ ᠳᠤ ᠬᠦᠴᠢᠷᠳᠠᠢ 200 ᠬᠦᠮᠦᠨ ᠳᠤ ᠠᠵᠢᠯ ᠤᠯᠭᠤᠵᠤ᠂ ᠤᠶᠢᠯᠠᠰ ᠪᠦᠳᠦᠭᠡᠬᠦ ᠪᠠᠷ ᠲᠠᠭᠠᠭᠤᠯᠵᠤ 1000 ᠠᠴᠠ ᠲᠠᠭᠡᠭᠰᠢ ᠬᠦᠮᠦᠨ ᠳᠤ ᠠᠵᠢᠯ ᠤᠯᠭᠤᠨ᠎ᠠ᠃ ᠤᠯᠠᠭᠠᠠᠮᠦ᠋ᠴᠢᠷ ᠤᠨ ᠦᠨᠳᠤᠰᠤᠳᠠᠨ ᠤ ᠰᠤᠶᠤᠯ ᠪᠤᠯᠪᠠᠰᠤᠷᠠᠯ ᠤᠨ ᠲᠤᠰᠬᠠᠢ ᠪᠦᠯᠬᠦᠮ ᠤᠨ ᠤᠶᠢᠯᠠᠳᠤᠯ ᠢ ᠪᠠᠳᠠᠷᠠᠭᠤᠯᠵᠤ᠂ ᠰᠤᠶᠤᠯ ᠪᠤᠯᠪᠠᠰᠤᠷᠠᠯ ᠬᠦᠳᠡᠭᠡ ᠳᠤ ᠬᠦᠷᠬᠦ ᠶᠢ ᠲᠦᠯᠬᠢᠨ ᠠᠬᠢᠭᠤᠯᠵᠤ᠂ ᠤᠯᠠᠨ ᠲᠦᠮᠠᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠪᠦᠬᠦ ᠠᠷᠠᠳ ᠤᠨ ᠪᠠᠶ᠎ᠠ ᠪᠤᠯᠪᠠᠰᠤᠷᠠᠬᠤ ᠲᠦᠯᠦᠪᠯᠡᠭᠡ ᠶᠢ ᠰᠠᠶᠢᠳᠤᠷ ᠬᠡᠷᠡᠭᠵᠢᠬᠦᠯᠵᠤ᠂ ᠪᠦᠬᠦ ᠠᠷᠠᠳ ᠤᠨ ᠪᠠᠶ᠎ᠠ ᠪᠤᠯᠪᠠᠰᠤᠷᠠᠬᠤ ᠲᠠᠮᠢᠷ ᠤᠨ ᠬᠦᠳᠡᠯᠭᠡᠭᠡᠨ ᠢ ᠦᠷᠨᠢᠬᠦᠯᠦᠨ᠎ᠠ᠃       ︵ᠵᠢᠷᠭᠤᠭ᠎ᠠ︶ ᠦᠭᠡᠷᠠᠴᠢᠯᠠᠯᠳᠠ ᠰᠢᠨᠠᠴᠢᠯᠠᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠤᠳᠤᠭᠠᠳᠤ ᠬᠦᠳᠠᠯᠭᠡᠬᠦ ᠬᠦᠴᠦᠨ ᠪᠤᠯᠤᠨ ᠬᠦᠭᠵᠢᠯᠳᠠ ᠶᠢᠨ ᠢᠳᠡᠪᠬᠢᠵᠢᠯ ᠢ ᠨᠠᠮᠡᠭᠳᠡᠬᠦᠯᠦᠨ᠎ᠠ       ᠲᠦᠷᠦ ᠶᠢᠨ ᠪᠤᠳᠤᠯᠭ᠎ᠠ ᠶᠢᠨ ᠲᠠᠪᠠᠭᠤᠯᠢᠭ ᠲᠠᠯ᠎ᠠ ᠪᠠᠷ ᠬᠦᠳᠡᠯᠭᠡᠭᠡᠴᠢ ᠬᠦᠴᠦᠨ ᠪᠤᠯᠭᠠᠨ᠂ ᠦᠭᠡᠷᠡᠴᠢᠯᠠᠯᠳᠠ  ᠶᠢ ᠬᠦᠨᠵᠡᠭᠡᠶᠢᠷᠠᠬᠦᠯᠬᠦ ᠶᠢ ᠪᠠᠷᠢᠮᠳᠠᠯᠠᠵᠤ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠵᠠᠩᠬᠢᠯᠭ᠎ᠠ ᠶᠢᠨ ᠭᠤᠬᠴᠤᠭ᠎ᠠ  ᠳᠤ ᠰᠢᠨ᠎ᠠ ᠰᠢᠪᠳᠤᠯᠤᠯᠳᠠ ᠤᠯᠬᠤ ᠪᠠᠷ ᠴᠢᠷᠮᠠᠶᠢᠨ᠎ᠠ᠃       16. ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠦᠭᠡᠷᠠᠴᠢᠯᠠᠯᠳᠠ ᠶᠢ ᠰᠠᠶᠢᠳᠤᠷ ᠠᠳᠬᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ ᠦᠭᠡᠷᠡᠴᠢᠯᠠᠯᠳᠠ ᠶᠢ ᠤᠯᠠᠮ ᠨᠢᠭᠡ ᠠᠯᠬᠤᠮ ᠬᠦᠨᠵᠡᠭᠡᠶᠢᠷᠠᠬᠦᠯᠵᠤ᠂ ᠵᠠᠰᠠᠭ ᠤᠨ ᠤᠷᠳᠤᠨ ᠤ ᠡᠷᠭᠡ ᠶᠢ ᠰᠢᠰᠲ᠋ᠧᠮ ᠲᠠᠢ ᠪᠠᠷ ᠡᠮᠬᠢᠯᠠᠨ ᠲᠢᠭᠯᠡᠵᠤ᠂ 6 ᠰᠠᠷ᠎ᠠ ᠶᠢᠨ ᠰᠠᠬᠦᠯᠴᠢ ᠠᠴᠠ ᠡᠮᠦᠨ᠎ᠠ ᠬᠠᠷᠢᠭᠤᠴᠠᠯᠭ᠎ᠠ ᠶᠢᠨ ᠨᠠᠷᠢᠨ ᠲᠠᠩᠰᠠ᠂ ︽ᠤᠷᠢᠳᠠᠪᠠᠷ ᠦᠨᠠᠮᠯᠠᠯ ᠢᠶᠠᠨ ᠠᠪᠴᠤ ᠲᠠᠷᠠᠭ᠎ᠠ ᠨᠢ ᠭᠠᠷᠳᠠᠮ ᠬᠦᠢᠴᠠᠳᠭᠡᠬᠦ︾ ᠦᠭᠡᠷᠠᠴᠢᠯᠠᠯᠳᠠ ᠶᠢ ᠬᠦᠨᠵᠡᠭᠡᠶᠢᠷᠠᠬᠦᠯᠵᠤ᠂ ᠵᠢᠯ ᠤᠨ ᠲᠤᠳᠤᠷ᠎ᠠ ︽ᠤᠯᠠᠨ ᠦᠨᠠᠮᠯᠠᠯ ᠢ ᠨᠢᠭᠡᠳᠭᠡᠵᠤ ᠨᠢᠭᠡ ᠦᠨᠠᠮᠯᠠᠯ ᠨᠢᠭᠡ ᠲᠡᠮᠳᠡᠭ︾ ᠢ ᠪᠠᠶᠠᠯᠠᠬᠦᠯᠦᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠠᠴᠢᠯᠠᠯᠳᠠ ᠶᠢ ᠲᠦᠯᠬᠢᠨ ᠠᠬᠢᠭᠤᠯᠵᠤ᠂ ᠵᠠᠬ᠎ᠠ ᠲᠠᠯᠬᠡᠬᠦᠷ ᠤᠨ ᠭᠤᠤᠯ ᠴᠤᠬᠴᠠ ᠶᠢ ᠲᠠᠩᠰᠠᠯᠠᠵᠤ ᠲᠡᠮᠳᠡᠭᠯᠠᠬᠦ ᠠᠵᠢᠯ ᠢ ᠡᠯᠧᠺᠲᠷᠤᠨᠵᠢᠬᠦᠯᠬᠦ ᠶᠢ ᠦᠷᠨᠢᠬᠦᠯᠵᠤ᠂ ᠵᠢᠯ ᠤᠨ ᠰᠠᠬᠦᠯᠴᠢ ᠠᠴᠠ ᠡᠮᠦᠨ᠎ᠠ ᠡᠵᠡᠩᠨᠠᠯᠳᠠ ᠶᠢᠨ ᠦᠨᠠᠮᠯᠠᠯ ᠢ ᠰᠥᠯᠵᠢᠶᠠᠨ ᠲᠠᠭᠡᠷ᠎ᠡ ᠤᠷᠢᠳᠴᠢᠯᠠᠨ ᠬᠢᠨᠠᠵᠤ ᠲᠠᠮᠳᠡᠭᠯᠠᠬᠦ ᠶᠢ ᠪᠠᠶᠠᠯᠠᠬᠦᠯᠦᠨ᠎ᠠ᠃ ᠭᠠᠴᠠᠭ᠎ᠠ ᠲᠤᠰᠬᠤᠨ ᠤ ᠲᠦᠬᠦᠮ ᠦᠵᠠᠬᠦᠯᠬᠦ ᠤᠶᠢᠯᠠᠴᠢᠯᠠᠭᠡᠨ ᠤ ᠴᠢᠭ ᠤᠨ ᠪᠠᠷᠢᠮᠵᠢᠶᠠᠵᠢᠬᠰᠠᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠦᠬᠦᠮ ᠦᠵᠠᠬᠦᠯᠬᠦ ᠤᠶᠢᠯᠠᠴᠢᠯᠠᠭᠡᠨ ᠤ ᠶᠠᠪᠤᠳᠠᠯ ᠢ ᠲᠤᠰᠬᠤᠨ᠂ ᠲᠤᠭᠤᠶᠢᠯᠠᠩ ᠤᠷᠤᠯᠠᠨ ᠡᠷᠬᠢᠯᠠᠬᠦ᠂ ᠰᠦᠯᠵᠢᠶᠠᠨ ᠲᠠᠭᠡᠷ᠎ᠡ ᠬᠢᠨᠠᠨ ᠵᠦᠪᠰᠢᠶᠠᠷᠠᠬᠦ ᠶᠢ ᠲᠦᠷᠭᠡᠳᠭᠡᠨ᠎ᠠ᠃ ᠨᠠᠶᠢᠳᠠ ᠶᠢᠨ ᠡᠬᠢ ᠪᠠᠶᠠᠯᠢᠭ ᠰᠤᠯᠢᠯᠴᠠᠬᠤ ᠲᠠᠪᠴᠠᠩ ᠤᠨ ᠦᠭᠡᠷᠡᠴᠢᠯᠠᠯᠳᠠ ᠶᠢ ᠡᠬᠢᠯᠠᠬᠦᠯᠵᠤ᠂ ᠲᠠᠭᠡᠳᠤ ᠱᠠᠳᠤᠨ ᠤ ᠱᠠᠭᠠᠷᠳᠠᠯᠭ᠎ᠠ ᠶᠤᠰᠤᠭᠠᠷ ᠨᠠᠶᠢᠯᠠᠬᠦᠯᠬᠦ ᠡᠬᠦᠷᠭᠡ ᠶᠢ ᠪᠠᠶᠠᠯᠠᠬᠦᠯᠦᠨ᠎ᠠ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠲᠦᠯᠬᠢᠨ ᠠᠬᠢᠭᠤᠯᠵᠤ ᠂ ᠭᠠᠵᠠᠷ ᠤᠷᠤᠨ ᠤ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠬᠦᠢᠴᠡᠳᠭᠡᠯ ᠢ ᠢᠯᠠ ᠪᠤᠯᠭᠠᠬᠤ ᠶᠢ ᠬᠡᠷᠡᠭᠵᠢᠬᠦᠯᠵᠤ᠂ ᠡᠳ᠋ ᠤᠨ ᠵᠠᠰᠠᠭ ᠤᠨ ᠲᠦᠰᠦᠪ ᠨᠡᠮᠠᠬᠦ ᠲᠦᠷᠢᠮ ᠢ ᠬᠠᠤᠯᠢ ᠶᠤᠰᠤ ᠪᠠᠷ ᠲᠠᠬᠦᠯᠳᠠᠷᠵᠢᠬᠦᠯᠵᠤ᠂ ᠡᠳ᠋  ᠤᠨ ᠵᠠᠰᠠᠭ ᠤᠨ ᠪᠠᠯᠠ ᠮᠦᠩᠬᠦ ᠶᠢᠨ ᠬᠡᠷᠡᠭᠯᠡᠭᠡᠨ ᠤ ᠦᠷ᠎ᠡ ᠠᠰᠢᠭ ᠢ ᠨᠠᠮᠡᠭᠳᠡᠬᠦᠯᠦᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠠ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠠᠴᠢᠯᠠᠯᠳᠠ  ᠶᠢ ᠦᠷᠬᠦᠯᠵᠢᠯᠠᠨ ᠬᠦᠨᠵᠡᠭᠡᠶᠢᠷᠠᠬᠦᠯᠵᠤ᠂ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠶᠢᠨ ᠦᠭᠡᠷᠠᠴᠢᠯᠠᠯᠳᠠ ᠶᠢ ᠯᠠᠪᠳᠠᠭᠤᠨ ᠢᠶᠠᠷ ᠬᠡᠷᠡᠭᠵᠢᠬᠦᠯᠦᠨ᠎ᠠ᠃ 6 ᠰᠠᠷ᠎ᠠ ᠶᠢᠨ ᠰᠠᠬᠦᠯᠴᠢ ᠠᠴᠠ ᠡᠮᠦᠨ᠎ᠠ ᠠᠯᠪᠠᠨ ᠤ ᠲᠠᠷᠭᠡ ᠬᠡᠷᠡᠭᠯᠠᠬᠦ ᠦᠭᠡᠷᠠᠴᠢᠯᠠᠯᠳᠠ ᠶᠢ ᠲᠠᠭᠤᠰᠬᠠᠨ᠎ᠠ᠃ ᠨᠤᠳᠤᠭ ᠪᠠᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠲᠤᠬᠳᠠᠭᠠᠬᠤ ᠠᠵᠢᠯ ᠢ ᠪᠦᠬᠦ ᠲᠠᠯ᠎ᠠ ᠪᠠᠷ ᠡᠬᠢᠯᠠᠵᠤ ᠨᠤᠳᠤᠭ ᠪᠠᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠨᠤᠳᠠᠯᠠᠬᠤ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ 9 ᠰᠠᠷ᠎ᠠ ᠶᠢᠨ ᠰᠠᠬᠦᠯᠴᠢ ᠠᠴᠠ ᠡᠮᠦᠨ᠎ᠠ ᠡᠯ᠎ᠡ ᠲᠦᠷᠦᠯ ᠤᠨ ᠠᠵᠢᠯ ᠡᠬᠦᠷᠭᠡ ᠪᠠᠨ ᠪᠠᠶᠠᠯᠠᠬᠦᠯᠦᠨ᠎ᠠ᠃ ᠲᠤᠬᠳᠠᠮᠠᠯ ᠬᠦᠷᠦᠩᠭᠡ ᠲᠠᠩᠰᠠᠯᠠᠬᠤ ᠠᠵᠢᠯᠳᠠᠨ᠂ ᠪᠠᠶᠢᠭᠤᠯᠤᠮᠵᠢ ᠶᠢᠨ ᠨᠠᠶᠢᠯᠠᠬᠦ ᠠᠵᠢᠯ ᠢ ᠰᠠᠶᠢᠳᠤᠷ ᠬᠢᠵᠤ᠂ ᠵᠢᠯ ᠤᠨ ᠲᠤᠳᠤᠷ᠎ᠠ ᠲᠤᠬᠳᠠᠮᠠᠯ ᠬᠦᠷᠦᠩᠭᠡ ᠶᠢ ᠨᠢᠭᠡᠳᠦᠯᠳᠠᠢ ᠲᠠᠩᠰᠠᠯᠠᠨ ᠲᠡᠮᠳᠡᠭᠯᠠᠬᠦ ᠶᠢ ᠪᠠᠶᠠᠯᠠᠬᠦᠯᠦᠨ᠎ᠠ᠃       17. ᠭᠠᠳᠠᠬᠰᠢ ᠴᠢᠯᠦᠭᠡᠳᠠᠢ ᠶᠠᠪᠤᠯᠴᠠᠬᠤ ᠠᠯᠬᠤᠴᠠ ᠪᠠᠨ ᠲᠦᠷᠭᠡᠳᠭᠡᠨ᠎ᠠ᠃ ᠮᠤᠵᠢ ᠶᠢᠨ ᠲᠠᠰ ᠤᠨ ᠲᠠᠷᠤᠭ᠎ᠠ ᠺᠠᠳ᠋ᠷᠴᠤᠳ ᠤᠨ ᠶᠠᠳᠠᠭᠤ ᠬᠦᠴᠢᠷᠳᠠᠢ ᠰᠢᠶᠠᠨ ᠲᠠᠢ ᠬᠠᠷᠢᠯᠴᠠᠬᠤ᠂ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ ᠨᠢᠭᠡᠳᠡᠢ ᠪᠠᠷ ᠬᠠᠪᠰᠤᠷᠤᠯᠴᠠᠵᠤ ᠬᠠᠮᠳᠤᠷᠠᠨ ᠠᠵᠢᠯᠯᠠᠬᠤ ᠠᠰᠢᠬᠳᠠᠢ ᠲᠤᠬᠢᠶᠠᠯ ᠢ ᠪᠠᠳᠤ ᠡᠵᠡᠮᠰᠢᠨ᠂ ᠪᠡᠬᠡᠵᠢᠩ ᠲᠢᠶᠠᠨᠵᠢᠨ ᠡᠾᠧᠪᠸᠢ ᠶᠢᠨ ᠨᠢᠭᠡ ᠴᠤᠬᠴᠠᠵᠢᠬᠰᠠᠨ ᠬᠦᠭᠵᠢᠯᠳᠠ ᠲᠠᠢ ᠨᠠᠶᠢᠯᠠᠬᠦ ᠶᠢ ᠲᠦᠷᠭᠡᠳᠭᠡᠨ᠎ᠠ᠃ ᠲᠤᠰᠬᠠᠢ ᠪᠠ ᠲᠤᠰᠢᠶᠠᠯ ᠬᠠᠪᠰᠤᠷᠭᠠᠬᠤ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠵᠤ᠂ ᠲᠤᠬᠳᠠᠬᠰᠠᠨ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠵᠢᠯ ᠲᠦᠷᠦᠯ ᠨᠢᠭᠡᠳᠡᠢ ᠪᠠᠷ ᠠᠷᠠᠯᠵᠢᠶᠠᠴᠢᠨ ᠤᠷᠢᠬᠤ ᠵᠠᠷᠭᠡ ᠠᠷᠭ᠎ᠠ ᠬᠡᠯᠪᠠᠷᠢ ᠶᠢ ᠬᠡᠷᠡᠭᠯᠠᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ᠂ ᠰᠢᠨ᠎ᠠ ᠡᠨᠧᠷᠬᠢ ᠵᠠᠷᠭᠡ ᠭᠤᠤᠯᠯᠠᠬᠴᠢ ᠠᠵᠤ ᠤᠶᠢᠯᠠᠰ ᠤᠨ ᠲᠤᠭᠤᠷᠢᠨ ᠳᠤ ᠠᠵᠤ ᠤᠶᠢᠯᠠᠰ   ᠤᠨ ᠰᠢᠯᠵᠢᠯᠳᠠ ᠶᠢ ᠢᠳᠡᠪᠬᠢᠳᠠᠢ ᠵᠠᠯᠭᠠᠨ ᠠᠪᠴᠤ᠂ ᠲᠦᠪ ᠤᠨ ᠠᠵᠤ ᠠᠬᠤᠶᠢᠯᠠᠯ᠂ ᠠᠵᠢᠯ ᠲᠦᠷᠦᠯ ᠤᠨ ᠭᠤᠤᠯᠯᠠᠬᠴᠢ ᠠᠵᠤ ᠠᠬᠤᠶᠢᠯᠠᠯ ᠢ ᠤᠷᠤᠭᠤᠯᠬᠤ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠪᠡᠬᠡᠵᠢᠩ ᠲᠢᠶᠠᠨᠵᠢᠨ ᠵᠠᠷᠭᠡ ᠭᠠᠵᠠᠷ ᠤᠷᠤᠨ ᠤ ᠲᠠᠷᠢᠶᠠᠯᠠᠩ ᠤᠨ ᠬᠡᠳᠤ ᠲᠠᠯᠭᠡᠬᠦᠷ ᠲᠠᠢ ᠵᠠᠯᠭᠠᠯᠳᠤᠬᠤ  ᠶᠢ ᠴᠢᠩᠭᠠᠳᠬᠠᠵᠤ᠂ ᠪᠡᠬᠡᠵᠢᠩ ᠲᠢᠶᠠᠨᠵᠢᠨ ᠳᠤ ᠬᠠᠨᠳᠤᠭᠤᠯᠤᠬᠰᠠᠨ ᠨᠤᠭᠤᠭᠠᠨ ᠰᠠᠬᠰᠤ᠂ ᠪᠤᠳᠠᠭᠠᠨ ᠤᠭᠤᠳᠠ ᠶᠢ ᠪᠠᠶᠢᠭᠤᠯᠤᠨ᠎ᠠ᠃ ᠡᠯᠧᠺᠲᠷᠤᠨ ᠬᠤᠳᠠᠯᠳᠤᠭ᠎ᠠ᠂ ︽ᠶᠠᠰᠤ ᠴᠢᠨᠠᠷ ᠤᠯᠠᠭᠠᠨᠬᠠᠳᠠ᠂ ᠤᠩᠨᠢᠭᠤᠳ︾  ᠵᠠᠷᠭᠡ ᠲᠠᠪᠴᠠᠩ  ᠢ ᠠᠰᠢᠬᠯᠠᠵᠤ᠂ ᠲᠠᠪᠠᠭᠤᠯᠢᠭ ᠤᠨᠴᠠᠯᠢᠭ ᠲᠠᠢ ᠲᠠᠷᠢᠶᠠᠯᠠᠩ ᠮᠠᠯᠵᠢᠯ ᠤᠨ ᠪᠦᠳᠦᠭᠡᠭᠳᠡᠬᠦᠨ ᠢ ᠭᠠᠳᠠᠷ ᠤᠷᠤᠨ ᠤ ᠵᠠᠬ᠎ᠠ ᠲᠠᠯᠭᠡᠬᠦᠷ ᠲᠤ ᠲᠦᠯᠬᠢᠨ ᠬᠠᠨᠳᠤᠭᠤᠯᠤᠨ᠎ᠠ᠃ ᠡᠵᠡᠩᠨᠠᠯᠳᠠ ᠶᠢᠨ ᠤᠷᠴᠢᠨ ᠢ ᠤᠯᠠᠮ ᠨᠢᠭᠡ ᠠᠯᠬᠤᠮ ᠰᠢᠯᠢᠳᠡᠭᠵᠢᠬᠦᠯᠵᠤ᠂ ᠠᠵᠤ ᠠᠬᠤᠶᠢᠯᠠᠯ ᠤᠨ ᠡᠵᠡᠩᠨᠠᠯᠳᠠ ᠬᠢᠬᠦ ᠦᠪᠠᠷ ᠤᠨ ᠦᠷᠳᠡᠭ ᠢ ᠪᠠᠭᠤᠷᠠᠭᠤᠯᠵᠤ᠂ ᠨᠠᠩ ᠤᠯᠠᠨ ᠠᠵᠤ ᠠᠬᠤᠶᠢᠯᠠᠯ ᠤᠨ ᠤᠩᠨᠢᠭᠤᠳ ᠲᠤ ᠪᠠᠯᠠ ᠤᠷᠤᠭᠤᠯᠵᠤ ᠤᠶᠢᠯᠠᠰ ᠬᠦᠭᠵᠢᠬᠦᠯᠬᠦ ᠶᠢ ᠲᠠᠳᠠᠨ᠎ᠠ᠃       18. ᠪᠠᠯᠠ ᠴᠤᠬᠯᠠᠭᠤᠯᠬᠤ ᠠᠷᠭ᠎ᠠ ᠵᠠᠮ ᠢ ᠦᠷᠭᠡᠳᠭᠡᠨ᠎ᠠ᠃ ᠪᠦᠬᠦ ᠬᠤᠰᠢᠭᠤᠨ ᠤ ︽13.5︾ ᠲᠦᠯᠦᠪᠵᠢᠬᠦᠯᠭᠡ ᠶᠢᠨ ᠭᠤᠤᠯ ᠲᠦᠷᠦᠯ ᠵᠦᠢᠯ ᠪᠤᠯᠤᠨ ᠠᠵᠤ ᠤᠶᠢᠯᠠᠰ ᠤᠨ ᠪᠠᠯᠠ ᠤᠷᠤᠭᠤᠯᠬᠤ ᠬᠠᠨᠳᠤᠰᠢ ᠲᠠᠢ ᠤᠶᠠᠯᠳᠤᠭᠤᠯᠤᠨ᠂ ᠲᠦᠷᠦᠯ ᠵᠦᠢᠯ ᠤᠨ ᠬᠦᠮᠦᠷᠭᠡ ᠶᠢ ᠤᠯᠠᠮ ᠨᠢᠭᠡ ᠠᠯᠬᠤᠮ ᠲᠠᠬᠦᠯᠳᠠᠷᠵᠢᠬᠦᠯᠵᠤ᠂ ᠲᠠᠭᠡᠳᠤ ᠱᠠᠳᠤᠨ ᠤ ᠠᠵᠢᠯ ᠤᠨ ᠰᠠᠯᠠᠭ᠎ᠠ ᠮᠦᠴᠢᠷ ᠲᠠᠢ ᠬᠠᠷᠢᠯᠴᠠᠵᠤ ᠵᠠᠯᠭᠠᠯᠳᠤᠬᠤ ᠬᠦᠴᠦᠯᠠᠴᠠ ᠪᠠᠨ ᠨᠡᠮᠡᠭᠳᠡᠬᠦᠯᠵᠤ᠂ ᠵᠢᠯ ᠲᠤᠳᠤᠷ᠎ᠠ 6 ᠳ᠋ᠦᠩᠰᠢᠭᠤᠷ ᠲᠦᠬᠦᠷᠢᠭ ᠠᠴᠠ ᠲᠠᠭᠡᠭᠰᠢ ᠲᠦᠷᠦᠯ ᠵᠦᠢᠯ ᠤᠨ ᠮᠦᠩᠬᠦ ᠶᠢ ᠲᠠᠮᠠᠴᠠᠨ ᠤᠯᠤᠨ᠎ᠠ᠃ ᠨᠠᠶᠢᠭᠡᠮ ᠤᠨ ᠪᠠᠯᠠ ᠮᠦᠩᠬᠦ ᠪᠠᠯᠠ ᠨᠠᠶᠢᠯᠠᠬᠦᠯᠬᠦ᠂ ᠬᠤᠷᠰᠢᠬᠤ ᠬᠡᠯᠪᠠᠷᠢ ᠪᠠᠷ ᠨᠠᠶᠢᠭᠡᠮ ᠤᠨ ᠤᠶᠢᠯᠠᠴᠢᠯᠡᠭᠡ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠵᠠᠷᠭᠡ ᠬᠦᠷᠢᠶ᠎ᠠ ᠬᠡᠪᠴᠢᠶᠠᠨ ᠳᠤ ᠢᠳᠡᠪᠬᠢᠳᠠᠢ ᠤᠷᠤᠯᠴᠠᠬᠤ ᠶᠢ ᠵᠤᠷᠢᠬᠵᠢᠭᠤᠯᠵᠤ᠂ ᠲᠤᠬᠳᠠᠭᠤᠨ ᠦᠷ᠎ᠡ ᠠᠰᠢᠭ ᠲᠠᠢ ᠪᠠᠯᠠ ᠤᠷᠤᠭᠤᠯᠬᠤ ᠪᠠᠶᠢᠳᠠᠯ ᠲᠠᠢ ᠪᠤᠯᠭᠠᠨ᠎ᠠ᠃ ᠨᠠᠶᠢᠳᠠ ᠬᠤᠪᠢ ᠶᠢᠨ ᠬᠤᠷᠰᠢᠨ ᠡᠵᠡᠩᠨᠠᠬᠦ ᠪᠠᠷ ᠨᠠᠶᠢᠭᠡᠮ ᠤᠨ ᠪᠠᠯᠠ ᠮᠦᠩᠬᠦ ᠶᠢ ᠲᠠᠳᠠᠬᠤ PPP ᠵᠠᠬᠪᠤᠷ ᠢ ᠬᠡᠷᠡᠭᠯᠠᠵᠤ᠂ ᠵᠢᠯ ᠲᠤᠳᠤᠷ᠎ᠠ ᠪᠤᠵᠠᠷ ᠤᠰᠤ ᠶᠢ ᠰᠢᠢᠳᠪᠤᠷᠢᠯᠠᠬᠦ ᠤᠶᠢᠯᠠᠳᠪᠤᠷᠢ᠂ ᠰᠢᠨ᠎ᠠ ᠬᠤᠳᠠ ᠲᠤᠭᠤᠷᠢᠭ ᠤᠨ ᠬᠡᠦᠭᠡᠳ ᠤᠨ ᠴᠡᠴᠡᠷᠯᠢᠭ᠂ ᠴᠦᠨᠳᠤᠪ ᠤᠨ ᠭᠤᠤᠯ ᠤᠨ ᠪᠢᠨ ᠡᠾᠧ ᠴᠡᠴᠡᠷᠯᠢᠭ ᠵᠠᠷᠭᠡ ᠲᠦᠷᠦᠯ ᠵᠦᠢᠯ ᠤᠨ ᠪᠠᠶᠢᠭᠤᠯᠤᠯᠳᠠ ᠶᠢ ᠡᠬᠢᠯᠠᠬᠦᠯᠦᠨ᠎ᠠ᠃ ᠮᠦᠩᠬᠦᠨ ᠬᠦᠢᠯᠭᠡᠭᠡ ᠶᠢᠨ ᠪᠠᠶᠢᠭᠤᠯᠤᠯᠭ᠎ᠠ ᠯᠤᠭ᠎ᠠ ᠶᠢᠨ ᠵᠠᠯᠭᠠᠯᠳᠤᠬᠤ ᠶᠢ ᠴᠢᠩᠭᠠᠳᠬᠠᠵᠤ᠂ ᠦᠪᠠᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠬᠦᠭᠵᠢᠯᠳᠠ ᠶᠢᠨ ᠪᠠᠩᠬᠢ ᠶᠢᠨ ᠭᠠᠵᠠᠷ ᠰᠤᠯᠢᠵᠤ ᠨᠠᠬᠦᠯᠭᠡᠨ ᠰᠢᠯᠵᠢᠬᠦᠯᠵᠤ ᠶᠠᠳᠠᠭᠤ ᠶᠢ ᠲᠠᠳᠬᠦᠬᠦ ᠨᠠᠬᠦᠳᠠᠯᠯᠠᠨ ᠰᠢᠯᠵᠢᠬᠦᠯᠬᠦ᠂ ᠬᠤᠶᠠᠳᠤᠭᠠᠷ ᠬᠤᠭᠤᠴᠠᠭᠠᠨ ᠤ 4 ᠳ᠋ᠦᠩᠰᠢᠭᠤᠷ ᠲᠦᠬᠦᠷᠢᠭ ᠵᠢᠭᠡᠯᠡᠯᠭᠡ ᠶᠢᠨ ᠵᠤᠭᠤᠰ ᠢ ᠪᠦᠬᠦ ᠬᠦᠴᠦ ᠪᠠᠷ ᠲᠠᠮᠠᠴᠠᠨ ᠤᠯᠤᠨ᠎ᠠ᠃ ᠲᠤᠰᠬᠠᠢ ᠲᠦᠷᠦᠯ ᠤᠨ ᠪᠠᠶᠢᠭᠤᠯᠤᠯᠳᠠ ᠶᠢᠨ ᠵᠢᠭᠡᠯᠡᠯᠭᠡ ᠶᠢᠨ ᠲᠠᠮᠳᠡᠭ ᠢ ᠢᠳᠡᠪᠬᠢᠳᠠᠢ ᠮᠠᠳᠠᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠭᠠᠰᠤ ᠶᠢ ᠦᠨᠠᠩᠬᠦ ᠬᠦᠩᠭᠡᠷᠡᠬᠦᠯᠦᠨ᠎ᠠ᠃       ︵ᠲᠤᠯᠤᠭ᠎ᠠ︶ ᠨᠠᠶᠢᠭᠡᠮ ᠤᠨ ᠬᠠᠮᠢᠶᠠᠷᠤᠯᠳᠠ ᠶᠢ ᠰᠢᠨᠡᠳᠭᠡᠬᠦ ᠬᠦᠴᠦᠯᠠᠴᠠ ᠪᠠᠨ ᠨᠠᠮᠡᠭᠳᠡᠬᠦᠯᠵᠤ ᠪᠦᠬᠦ ᠬᠦᠴᠦᠨ ᠢᠶᠠᠷ ᠠᠮᠦᠷ ᠲᠦᠪᠰᠢᠨ ᠤᠩᠨᠢᠭᠤᠳ ᠢ ᠪᠠᠶᠢᠭᠤᠯᠤᠨ᠎ᠠ       ︽ᠲᠤᠬᠳᠠᠭᠤᠨ ᠢ ᠪᠠᠳᠤᠯᠠᠬᠤ᠂ ᠠᠮᠦᠷ ᠲᠦᠪᠰᠢᠨ ᠢ ᠡᠬᠦᠳᠦᠨ ᠪᠠᠶᠢᠭᠤᠯᠬᠤ ᠤᠶᠢᠯᠠᠴᠢᠯᠡᠭᠡ ᠶᠢ ᠰᠠᠶᠢᠵᠢᠷᠠᠭᠤᠯᠬᠤ᠂ ᠦᠨᠳᠤᠰᠤᠨ ᠱᠠᠳᠤ ᠶᠢ ᠬᠦᠴᠦᠷᠭᠡᠭᠵᠢᠬᠦᠯᠬᠦ︾ ᠠᠵᠢᠯ ᠤᠨ ᠴᠢᠭᠯᠡᠯᠳᠠ ᠶᠢ ᠪᠠᠷᠢᠮᠳᠠᠯᠠᠵᠤ᠂ ᠡᠶ᠎ᠡ ᠵᠤᠬᠢᠴᠠᠩᠭᠤᠢ ᠠᠮᠦᠷ ᠲᠦᠪᠰᠢᠨ ᠤᠩᠨᠢᠭᠤᠳ ᠬᠤᠰᠢᠭᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃       19. ᠠᠶᠤᠯᠬᠦᠢ ᠤᠶᠢᠯᠠᠳᠪᠤᠷᠢᠯᠠᠯ ᠤᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠦᠨ᠎ᠠ᠃ ᠠᠶᠤᠯᠬᠦᠢ ᠤᠶᠢᠯᠠᠳᠪᠤᠷᠢᠯᠠᠯ ᠤᠨ ᠤᠯᠠᠭᠠᠨ ᠱᠤᠭᠤᠮ ᠢ ᠪᠤᠢ ᠪᠤᠯᠭᠠᠵᠤ᠂ ᠠᠵᠤ ᠠᠬᠤᠶᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠤᠯᠤᠨ ᠰᠤᠮᠤ ᠪᠠᠯᠭᠠᠰᠤᠨ ᠤ ᠨᠠᠮ  ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠠᠩᠬᠦ ᠨᠠᠶᠢᠳᠠᠪᠤᠷᠢᠵᠢᠭᠤᠯᠤᠨ᠎ᠠ᠃ ᠠᠶᠤᠯᠬᠦᠢ ᠤᠶᠢᠯᠠᠳᠪᠤᠷᠢᠯᠠᠬᠦ ᠪᠠᠴᠢᠮ ᠪᠠᠶᠢᠳᠠᠯ ᠢ ᠠᠷᠭᠠᠴᠠᠭᠠᠬᠤ ᠪᠠᠯᠠᠳᠭᠡᠯ ᠲᠦᠰᠦᠪ ᠢ ᠲᠠᠬᠦᠯᠳᠠᠷᠵᠢᠬᠦᠯᠵᠤ᠂ ᠵᠢᠭᠠᠨ ᠰᠤᠷᠭᠠᠬᠤ ᠪᠤᠯᠪᠠᠰᠤᠷᠠᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠯ ᠬᠢᠬᠦ  ᠶᠢ ᠴᠢᠩᠭᠠᠳᠬᠠᠵᠤ᠂ ᠬᠡᠨᠡᠳᠳᠡ ᠶᠢᠨ ᠬᠡᠷᠡᠭ ᠢ ᠰᠢᠢᠳᠪᠤᠷᠢᠯᠠᠬᠦ ᠴᠢᠳᠠᠯ ᠢ ᠲᠠᠭᠡᠭᠰᠢᠯᠠᠬᠦᠯᠦᠨ᠎ᠠ᠃ ᠠᠶᠤᠯᠬᠦᠢ ᠤᠶᠢᠯᠠᠳᠪᠤᠷᠢᠯᠠᠯ ᠤᠨ ᠲᠠᠯ᠎ᠠ ᠶᠢᠨ ᠶᠡᠭᠡ ᠪᠠᠶᠢᠴᠠᠭᠠᠯᠳᠠ ᠶᠢ ᠦᠷᠬᠦᠯᠵᠢᠳᠠ ᠦᠷᠨᠢᠬᠦᠯᠵᠤ᠂ ᠠᠭᠤᠷᠬᠠᠢ ᠶᠢᠨ ᠪᠤᠰᠤ᠂ ᠫᠤᠤᠵᠢᠩ᠂ ᠪᠠᠷᠢᠯᠭ᠎ᠠ ᠶᠢᠨ ᠠᠵᠢᠯ ᠤᠨ ᠲᠠᠯᠠᠪᠤᠷ᠂ ᠵᠠᠮ ᠬᠠᠷᠢᠯᠴᠠᠭ᠎ᠠ᠂ ᠤᠨᠴᠠᠭᠠᠢ ᠲᠦᠬᠦᠭᠡᠷᠦᠮᠵᠢ᠂ ᠠᠶᠤᠯᠳᠠᠢ ᠬᠢᠮᠢ ᠶᠢᠨ ᠪᠤᠳᠠᠰ᠂ ᠠᠮᠠᠷᠬᠠᠨ ᠨᠤᠴᠤᠵᠤ ᠲᠠᠯᠪᠠᠷᠠᠬᠦ ᠪᠤᠳᠠᠰ᠂ ᠭᠠᠯ ᠤᠨ ᠠᠶᠤᠯ ᠢ ᠰᠠᠷᠭᠡᠶᠢᠯᠠᠬᠦ ᠵᠠᠷᠭᠡ ᠭᠤᠤᠯᠳᠠᠯᠭ᠎ᠠ  ᠲᠠᠢ ᠠᠵᠢᠯ ᠲᠦᠷᠦᠯ ᠵᠢᠴᠢ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠦᠵᠠᠮᠵᠢ ᠶᠢᠨ ᠭᠠᠵᠠᠷ ᠵᠠᠷᠭᠡ ᠬᠦᠮᠦᠨ ᠨᠢᠬᠳᠠᠷᠠᠵᠤ ᠴᠤᠬᠯᠠᠷᠠᠬᠰᠠᠨ ᠲᠠᠯᠠᠪᠠᠢ ᠶᠢᠨ ᠠᠮᠦᠷ ᠲᠦᠪᠰᠢᠨ ᠢ ᠬᠢᠨᠠᠨ ᠬᠠᠮᠢᠶᠠᠷᠬᠤ ᠶᠢ ᠤᠨᠴᠠᠭᠠᠶᠢᠯᠠᠨ ᠠᠳᠬᠤᠵᠤ᠂ ᠡᠯ᠎ᠡ ᠵᠦᠢᠯ ᠤᠨ ᠬᠡᠨᠡᠳᠡᠯ ᠭᠠᠷᠬᠤ ᠶᠢ ᠡᠷᠡᠰ ᠰᠠᠷᠭᠡᠶᠢᠯᠠᠨ᠎ᠠ᠃ ᠠᠵᠤ ᠠᠬᠤᠶᠢᠯᠠᠯ ᠤᠨ ᠢᠳᠡᠭᠡᠮᠵᠢ ᠶᠢᠨ ︽ᠨᠠᠷ᠎ᠠ ᠶᠢᠨ ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠠᠶᠤᠯᠬᠦᠢ ᠤᠶᠢᠯᠠᠳᠪᠤᠷᠢᠯᠠᠬᠦ ᠲᠠᠯ᠎ᠠ ᠪᠠᠷ ᠢᠳᠡᠭᠡᠯ ᠠᠯᠳᠠᠬᠰᠠᠨ ᠠᠵᠤ ᠠᠬᠤᠶᠢᠯᠠᠯ ᠢ ᠴᠢᠩᠭ᠎ᠠ ᠵᠠᠯᠬᠠᠭᠠᠨ ᠴᠠᠭᠡᠷᠯᠠᠬᠦᠯᠦᠨ᠎ᠠ᠃ ᠲᠤᠬᠠᠶᠢᠯᠠᠬᠰᠠᠨ ᠠᠵᠢᠯ ᠤᠨ ᠡᠷᠡᠬᠦᠯ ᠬᠠᠮᠠᠭᠠᠯᠠᠯ ᠤᠨ ᠬᠢᠨᠠᠨ ᠬᠠᠮᠢᠶᠠᠷᠬᠤ ᠠᠵᠢᠯ ᠢ ᠰᠠᠶᠢᠳᠤᠷ ᠠᠳᠬᠤᠵᠤ᠂ ᠠᠵᠢᠯ ᠤᠨ ᠨᠦᠯᠦᠭᠡᠨ ᠤ ᠡᠪᠡᠳᠴᠢᠨ ᠢ ᠰᠠᠷᠭᠡᠶᠢᠯᠠᠬᠦ᠂ ᠬᠢᠵᠠᠭᠠᠷᠯᠠᠬᠤ ᠪᠤᠯᠤᠨ ᠦᠭᠡᠶᠢᠰᠭᠡᠵᠤ ᠬᠦᠳᠠᠯᠮᠤᠷᠢᠴᠢᠳ ᠤᠨ ᠡᠷᠡᠬᠦᠯ ᠮᠠᠨᠳᠤ ᠶᠢᠨ ᠡᠷᠭᠡ ᠠᠰᠢᠭ ᠢ ᠦᠨᠠᠩᠬᠦ ᠬᠠᠮᠠᠭᠠᠯᠠᠨ᠎ᠠ᠃ ︽ᠶᠠᠰᠤ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠪᠦᠬᠦ ᠬᠤᠰᠢᠭᠤᠨ ᠤ ᠪᠦᠳᠦᠭᠡᠭᠳᠡᠬᠦᠨ ᠤ ᠴᠢᠨᠠᠷ ᠤᠨ ᠶᠠᠷᠦᠩᠭᠡᠢ ᠲᠦᠪᠰᠢᠨ ᠢ ᠲᠠᠰᠤᠷᠠᠯᠳᠠ ᠦᠭᠡᠢ ᠲᠠᠭᠡᠭᠰᠢᠯᠠᠬᠦᠯᠦᠨ᠎ᠠ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠦᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠵᠠᠷᠤᠬᠤ ᠠᠮᠦᠷ ᠲᠦᠪᠰᠢᠨ ᠢ ᠪᠠᠳᠤᠯᠠᠨ᠎ᠠ᠃       20. ᠵᠠᠬᠢᠳᠠᠯ ᠰᠤᠷᠪᠤᠯᠵᠢᠯᠠᠭ᠎ᠠ ᠲᠤᠬᠳᠠᠭᠤᠨ ᠢ ᠬᠠᠮᠠᠭᠠᠯᠠᠬᠤ ᠠᠵᠢᠯ ᠢ ᠦᠨᠠᠩᠬᠦ ᠰᠠᠶᠢᠳᠤᠷ ᠠᠳᠬᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ︽ᠬᠠᠤᠯᠢ ᠲᠦᠷᠢᠮᠵᠢᠯᠳᠠ᠂ ᠴᠢᠮᠡᠭᠡ ᠵᠠᠩᠬᠢᠴᠢᠯᠠᠯᠳᠠ᠂ ᠲᠦᠷᠢᠮᠵᠢᠬᠦᠯᠦᠯᠳᠠ︾ ᠶᠢᠨ ᠪᠠᠶᠢᠭᠤᠯᠤᠯᠳᠠ ᠪᠤᠯᠤᠨ ᠰᠦᠯᠵᠢᠶᠠᠨ ᠲᠠᠭᠡᠷ᠎ᠡ ᠵᠠᠬᠢᠳᠠᠯ ᠰᠤᠷᠪᠤᠯᠵᠢᠯᠠᠭ᠎ᠠ ᠬᠢᠬᠦ᠂ ᠲᠦᠷᠰᠤ ᠰᠢᠩᠭᠡᠭᠡᠯᠳᠡ ᠪᠠᠷ ᠰᠤᠷᠪᠤᠯᠵᠢᠯᠠᠭ᠎ᠠ ᠬᠢᠬᠦ ᠶᠢ ᠬᠦᠯᠢᠶᠠᠨ ᠠᠪᠬᠤ ᠠᠵᠢᠯ ᠢ ᠢᠳᠡᠪᠬᠢᠳᠠᠢ ᠲᠦᠯᠬᠢᠨ ᠠᠬᠢᠭᠤᠯᠤᠨ᠎ᠠ᠃ ᠨᠠᠶᠢᠭᠡᠮ ᠤᠨ ᠵᠦᠷᠢᠴᠠᠯ ᠮᠦᠷᠬᠦᠯᠳᠤᠭᠡᠨ ᠢ ᠲᠠᠷᠠᠭᠠᠯᠠᠨ ᠪᠠᠶᠢᠴᠠᠭᠠᠵᠤ ᠦᠭᠡᠶᠢᠰᠭᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠠᠯᠳᠠ ᠬᠡᠮ  ᠢ ᠦᠨᠳᠤᠰᠤ ᠠᠴᠠ ᠨᠢ ᠵᠠᠰᠠᠵᠤ ᠬᠠᠮᠢᠶᠠᠷᠬᠤ᠂ ᠦᠨᠳᠤᠰᠤᠨ ᠱᠠᠳᠤᠨ ᠤ ᠰᠠᠭᠤᠷᠢ ᠪᠠᠶᠢᠭᠤᠯᠤᠯᠳᠠ᠂ ᠤᠳᠤᠷᠢᠳᠤᠯᠭ᠎ᠠ ᠺᠠᠳ᠋ᠷᠴᠤᠳ ᠵᠠᠷᠭᠤ ᠲᠠᠭᠠᠭᠠᠴᠢᠯᠠᠵᠤ ᠰᠤᠷᠪᠤᠯᠵᠢᠯᠠᠭ᠎ᠠ ᠬᠦᠯᠢᠶᠠᠨ ᠠᠪᠬᠤ ᠶᠢ ᠰᠠᠶᠢᠳᠤᠷ ᠠᠳᠬᠤᠵᠤ᠂ ︽ᠶᠠᠪᠤᠳᠠᠯ ᠢ ᠰᠢᠢᠳᠪᠤᠷᠢᠯᠠᠬᠦ︾ ᠶᠢ ᠲᠦᠯᠬᠢᠨ ᠠᠬᠢᠭᠤᠯᠤᠨ᠎ᠠ᠃ ᠬᠠᠤᠯᠢ ᠶᠤᠰᠤᠭᠠᠷ ᠱᠠᠳᠤ ᠲᠠᠷᠠᠭᠠᠯᠠᠨ ᠰᠤᠷᠪᠤᠯᠵᠢᠯᠠᠭ᠎ᠠ ᠬᠢᠬᠦ᠂ ᠵᠠᠭᠠᠯᠳᠤᠬᠤ ᠰᠤᠷᠪᠤᠯᠵᠢᠯᠠᠬᠤ ᠶᠢ ᠰᠠᠯᠭᠠᠬᠰᠠᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠷᠭᠤᠯᠳᠤᠬᠤ᠂ ᠬᠡᠷᠡᠭ ᠡᠬᠦᠰᠭᠡᠬᠦ ᠵᠠᠷᠭᠡ ᠰᠤᠷᠪᠤᠯᠵᠢᠯᠠᠭ᠎ᠠ ᠶᠢᠨ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃       21. ᠨᠠᠶᠢᠭᠡᠮ ᠤᠨ ᠬᠠᠤᠯᠢ ᠬᠠᠮᠢᠶᠠᠷᠤᠯᠳᠠ ᠶᠢ ᠲᠠᠬᠦᠯᠳᠠᠷᠵᠢᠬᠦᠯᠦᠨ᠎ᠠ᠃ ︽7᠂ 5︾᠂ ᠬᠠᠤᠯᠢ ᠲᠦᠭᠡᠮᠠᠯᠵᠢᠬᠦᠯᠬᠦ ᠠᠵᠢᠯ ᠢ ᠡᠬᠢᠯᠠᠬᠦᠯᠵᠤ᠂ ︽ᠬᠠᠤᠯᠢ ᠪᠠᠷ ᠬᠤᠰᠢᠭᠤ ᠪᠠᠨ ᠵᠠᠰᠠᠬᠤ︾ ᠠᠬᠢᠴᠠ ᠶᠢ ᠪᠦᠬᠦ ᠲᠠᠯ᠎ᠠ  ᠪᠠᠷ  ᠲᠦᠯᠬᠢᠨ ᠠᠬᠢᠭᠤᠯᠵᠤ᠂ ᠪᠦᠬᠦ ᠠᠷᠠᠳ ᠤᠨ ᠬᠠᠤᠯᠢ ᠶᠢᠨ ᠤᠬᠠᠮᠰᠠᠷ ᠪᠤᠯᠤᠨ ᠬᠠᠤᠯᠢ ᠶᠢᠨ ᠦᠵᠠᠯᠳᠠ ᠶᠢ ᠲᠠᠭᠡᠭᠰᠢᠯᠠᠬᠦᠯᠦᠨ᠎ᠠ᠃ ᠨᠠᠶᠢᠭᠡᠮ ᠤᠨ ᠠᠮᠦᠷ ᠢ ᠬᠠᠮᠠᠭᠠᠯᠠᠬᠤ ᠲᠤᠬᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠠᠷᠠᠳ ᠤᠯᠠᠨ ᠤ ᠠᠮᠦᠷ ᠲᠦᠪᠰᠢᠨ ᠰᠠᠳᠬᠢᠯᠭᠡ ᠪᠤᠯᠤᠨ ᠬᠠᠨᠤᠮᠵᠢ ᠶᠢᠨ ᠬᠡᠮᠵᠢᠶ᠎ᠠ ᠶᠢ ᠴᠢᠷᠮᠠᠶᠢᠨ ᠲᠠᠭᠡᠭᠰᠢᠯᠠᠬᠦᠯᠦᠨ᠎ᠠ᠃ ᠰᠦᠯᠵᠢᠶᠠᠨ ᠲᠠᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠢᠬᠤᠯᠠᠴᠢᠯᠠᠨ ᠦᠵᠠᠵᠤ᠂ ᠨᠠᠶᠢᠭᠡᠮ ᠤᠨ ᠶᠠᠷᠢᠶ᠎ᠠ ᠬᠡᠯᠡᠯᠴᠡᠭᠡ ᠶᠢ ᠵᠦᠪ ᠲᠠᠰᠢ ᠲᠠᠭᠠᠭᠤᠯᠤᠨ᠎ᠠ᠃ ᠦᠨᠳᠤᠰᠤᠳᠠᠨ ᠱᠠᠰᠢᠨ ᠰᠤᠷᠳᠠᠬᠤᠨ᠂ ᠬᠤᠶᠠᠷ ᠢ ᠬᠦᠷᠢᠶᠠᠯᠠᠵᠤ ᠬᠠᠮᠳᠤᠪᠠᠷ ᠪᠠᠶᠢᠭᠤᠯᠬᠤ᠂ ᠲᠤᠭ᠎ᠠ ᠪᠦᠷᠢᠳᠭᠡᠯ᠂ ᠲᠠᠩᠰᠠ ᠡᠪᠬᠡᠮᠠᠯ᠂ ᠭᠠᠵᠠᠷ ᠬᠦᠳᠠᠯᠤᠯᠳᠠ᠂ ᠤᠯᠠᠭᠠᠨ ᠵᠠᠯᠠᠭᠠᠮᠠᠶᠢᠳᠠᠨ᠂ ᠠᠷᠠᠳ ᠤᠨ ᠠᠭᠠᠷ ᠢ ᠰᠠᠷᠭᠡᠶᠢᠯᠠᠬᠦ᠂ ᠴᠠᠭ ᠠᠭᠤᠷ᠂ ᠵᠠᠮᠳᠡᠭᠴᠤᠳ ᠵᠠᠷᠭᠡ ᠠᠵᠢᠯ ᠢ ᠬᠠᠤᠯᠢ ᠶᠤᠰᠤᠭᠠᠷ ᠲᠦᠯᠬᠢᠨ ᠠᠬᠢᠭᠤᠯᠤᠨ᠎ᠠ᠃       ︵ᠨᠠᠢᠮᠠ︶ ᠵᠠᠰᠠᠭ ᠤᠨ ᠤᠷᠳᠤᠨ ᠤ ᠬᠤᠪᠢ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠠᠴᠢᠯᠠᠬᠦ ᠴᠢᠳᠠᠮᠵᠢ ᠶᠢ ᠲᠠᠭᠡᠭᠰᠢᠯᠠᠬᠦᠯᠦᠨ᠎ᠠ       ᠰᠢᠨ᠎ᠠ ᠬᠡᠪ ᠪᠠᠶᠢᠳᠠᠯ ᠤᠨ ᠲᠤᠤᠷ᠎ᠠ ᠪᠢᠳᠠ ᠦᠭᠡᠷᠠᠴᠢᠯᠠᠯᠳᠠ ᠬᠦᠭᠵᠢᠯᠳᠠ ᠶᠢᠨ ᠰᠢᠨ᠎ᠠ ᠱᠠᠭᠠᠷᠳᠠᠯᠭ᠎ᠠ ᠪᠤᠯᠤᠨ ᠠᠷᠠᠳ ᠤᠯᠠᠨ ᠤ ᠰᠢᠨ᠎ᠠ ᠬᠦᠰᠠᠯ ᠡᠷᠠᠮᠠᠯᠵᠠᠯ ᠢ ᠤᠨᠤᠪᠴᠢᠳᠠᠢ ᠡᠵᠡᠮᠳᠡᠵᠤ᠂ ᠦᠵᠠᠯ ᠰᠠᠨᠠᠭ᠎ᠠ ᠪᠠᠨ ᠴᠢᠯᠦᠭᠡᠯᠡᠵᠤ᠂ ᠵᠤᠷᠢᠭ ᠲᠠᠢ ᠬᠠᠷᠢᠭᠤᠴᠠᠵᠤ᠂ ᠵᠠᠰᠠᠭ ᠤᠨ ᠤᠷᠳᠤᠨ ᠤ ᠬᠠᠮᠢᠶᠠᠷᠬᠤ ᠴᠢᠳᠠᠪᠬᠢ ᠶᠢ ᠴᠢᠷᠮᠠᠶᠢᠨ ᠲᠠᠭᠡᠭᠰᠢᠯᠠᠬᠦᠯᠦᠨ᠎ᠠ᠃       22. ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ︽ᠬᠠᠤᠯᠢ ᠳᠤ ᠲᠤᠰᠢᠶᠠᠬᠰᠠᠨ ᠦᠭᠡᠢ ᠡᠷᠭᠡ ᠶᠢ ᠬᠡᠷᠡᠭᠯᠠᠬᠦ ᠦᠭᠡᠢ᠂ ᠬᠠᠤᠯᠢ ᠪᠠᠷ ᠲᠤᠬᠳᠠᠭᠠᠬᠰᠠᠨ ᠬᠠᠷᠢᠭᠤᠴᠠᠯᠭ᠎ᠠ ᠶᠢ ᠡᠷᠭᠡᠪᠰᠢ ᠪᠠᠶᠠᠯᠠᠬᠦᠯᠬᠦ︾ ᠵᠠᠷᠴᠢᠮ ᠢ ᠦᠨᠳᠤᠰᠤᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠬᠡᠯᠪᠠᠷᠢ ᠪᠤᠯᠤᠨ ᠬᠠᠤᠯᠢ ᠪᠠᠷ ᠵᠠᠰᠠᠬᠤ ᠠᠷᠭ᠎ᠠ ᠶᠢ ᠤᠬᠠᠮᠰᠠᠷ ᠠᠴᠠ ᠪᠠᠨ ᠬᠡᠷᠡᠭᠵᠢᠬᠦᠯᠵᠤ᠂ ᠦᠭᠡᠷᠠᠴᠢᠯᠠᠯᠳᠠ ᠬᠦᠭᠵᠢᠯᠳᠠ ᠶᠢ ᠲᠦᠯᠬᠢᠨ ᠠᠬᠢᠭᠤᠯᠵᠤ᠂ ᠨᠠᠶᠢᠭᠡᠮ ᠤᠨ ᠲᠤᠬᠳᠠᠭᠤᠨ ᠢ ᠬᠠᠮᠠᠭᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠲᠦᠷᠦ ᠶᠢᠨ ᠵᠦᠪᠯᠠᠯᠭᠡᠨ ᠤ ᠠᠷᠠᠳᠴᠢᠯᠠᠯᠳᠤ ᠬᠢᠨᠠᠯᠳᠠ  ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠤᠯᠤᠨ ᠤᠯᠤᠰ ᠲᠦᠷᠦ  ᠶᠢᠨ ᠵᠦᠪᠯᠠᠯᠭᠡᠨ ᠤ ᠬᠡᠰᠢᠬᠦᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠬᠦᠢᠴᠠᠳᠭᠡᠵᠤ᠂ ᠵᠦᠢᠯ ᠪᠦᠷᠢ ᠶᠢ ᠬᠡᠷᠡᠭᠵᠢᠬᠦᠯᠵᠤ᠂ ᠶᠠᠪᠤᠳᠠᠯ ᠪᠦᠷᠢ ᠳᠤ ᠬᠠᠷᠢᠭᠤᠯᠳᠠ ᠲᠠᠢ ᠪᠠᠶᠢᠯᠭᠠᠨ᠎ᠠ᠃ ᠠᠷᠠᠳᠴᠢᠯᠠᠯᠳᠤ ᠨᠠᠮ ᠪᠦᠯᠦᠭ᠂ ᠤᠶᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠤᠰᠤ ᠪᠦᠯᠦᠭ ᠤᠨ ᠬᠦᠮᠦᠰ ᠪᠤᠯᠤᠨ ᠠᠷᠠᠳ ᠤᠨ ᠪᠦᠯᠬᠦᠮ  ᠤᠨ ᠰᠠᠨᠠᠭᠤᠯᠭ᠎ᠠ ᠶᠢ ᠢᠳᠡᠪᠬᠢᠳᠠᠢ ᠬᠦᠯᠢᠶᠠᠨ ᠠᠪᠤᠨ᠎ᠠ᠃ ᠬᠠᠤᠯᠢ ᠶᠤᠰᠤᠭᠠᠷ ᠰᠢᠢᠳᠪᠤᠷᠢ ᠭᠠᠷᠭᠠᠬᠤ ᠪᠠᠶᠢᠭᠤᠯᠤᠮᠵᠢ  ᠶᠢ ᠲᠠᠬᠦᠯᠳᠠᠷᠵᠢᠬᠦᠯᠵᠤ᠂ ᠤᠯᠠᠨ ᠨᠠᠶᠢᠳᠠ ᠤᠷᠤᠯᠴᠠᠬᠤ᠂ ᠮᠠᠷᠭᠡᠵᠢᠯᠳᠠᠨ ᠨᠤᠳᠠᠯᠠᠬᠤ᠂ ᠠᠶᠤᠯ ᠲᠦᠭᠰᠢᠬᠦᠷᠢ ᠶᠢ ᠦᠨᠠᠯᠠᠬᠦ᠂ ᠬᠠᠤᠯᠢ ᠳᠤ ᠨᠠᠶᠢᠴᠡᠭᠰᠡᠨ ᠴᠢᠨᠠᠷ ᠲᠠᠢ ᠲᠤᠮᠤ ᠬᠢᠨᠠᠨ ᠪᠠᠶᠢᠴᠠᠭᠠᠬᠤ ᠪᠤᠯᠤᠨ ᠬᠠᠮᠳᠤ ᠪᠠᠷ ᠶᠠᠷᠢᠯᠴᠠᠵᠤ ᠰᠢᠢᠳᠪᠤᠷᠢ ᠭᠠᠷᠭᠠᠬᠤ ᠶᠢ ᠵᠠᠰᠠᠭ ᠵᠠᠬᠢᠷᠭᠠᠨ ᠤ ᠰᠢᠢᠳᠪᠤᠷᠢ ᠲᠤᠬᠳᠠᠭᠠᠬᠤ ᠶᠢᠨ ᠬᠠᠤᠯᠢ ᠪᠠᠷ ᠲᠤᠬᠳᠠᠭᠠᠬᠰᠠᠨ ᠶᠠᠪᠤᠴᠠ ᠪᠤᠯᠭᠠᠵᠤ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠠᠷᠠᠳᠴᠢᠯᠠᠯᠳᠤ ᠰᠢᠨᠵᠢᠯᠠᠬᠦ ᠤᠬᠠᠭᠠᠨᠴᠢ᠂ ᠬᠠᠤᠯᠢ ᠶᠤᠰᠤᠭᠠᠷ ᠲᠤᠬᠳᠠᠭᠠᠯ ᠳᠤ ᠨᠠᠶᠢᠴᠡᠭᠰᠡᠨ ᠪᠠᠶᠢᠬᠤ ᠶᠢ ᠪᠠᠳᠤᠯᠠᠨ᠎ᠠ᠃       23. ᠠᠷᠠᠳ ᠤᠨ ᠲᠦᠯᠦᠭᠡ ᠠᠵᠢᠯᠯᠠᠬᠤ ᠵᠠᠰᠠᠭ ᠢ ᠪᠠᠷᠢᠮᠳᠠᠯᠠᠵᠤ᠂ ᠤᠶᠢᠯᠠᠴᠢᠯᠠᠭᠡᠨ ᠤ ᠵᠠᠰᠠᠭ ᠤᠨ ᠤᠷᠳᠤᠨ ᠢ ᠪᠠᠶᠢᠭᠤᠯᠤᠨ᠎ᠠ᠃ ᠡᠷᠭᠡ ᠶᠢ ᠲᠤᠷᠤᠬᠰᠢ ᠲᠠᠯᠪᠢᠵᠤ ᠤᠶᠢᠯᠠᠴᠢᠯᠡᠭᠡ ᠶᠢ ᠲᠤᠷᠤᠬᠰᠢ ᠤᠷᠳᠤᠳᠬᠠᠬᠤ ᠶᠢ ᠲᠦᠯᠬᠢᠨ ᠠᠬᠢᠭᠤᠯᠵᠤ᠂ ᠬᠤᠰᠢᠭᠤ ᠰᠤᠮᠤ ᠶᠢ ᠪᠦᠷᠬᠦᠬᠦᠯᠦᠭᠰᠡᠨ ᠡᠯᠧᠺᠲᠷᠤᠨ ᠵᠠᠰᠠᠭ ᠤᠨ ᠶᠠᠪᠤᠳᠠᠯ ᠤᠨ ᠰᠦᠯᠵᠢᠶ᠎ᠠ  ᠶᠢ ᠪᠠᠶᠢᠭᠤᠯᠵᠤ᠂ ᠵᠠᠰᠠᠭ ᠤᠨ ᠤᠷᠳᠤᠨ ᠤ ᠠᠵᠢᠯ ᠤᠨ ᠦᠷ᠎ᠡ ᠠᠰᠢᠭ ᠢ ᠲᠠᠭᠡᠭᠰᠢᠯᠠᠬᠦᠯᠦᠨ᠎ᠠ᠃ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠤᠷᠤᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠶᠢ ᠪᠠᠬᠢᠵᠢᠬᠦᠯᠵᠤ᠂ ᠵᠤᠷᠢᠯᠳᠠ ᠶᠢᠨ ᠦᠵᠠᠯ ᠤᠬᠠᠮᠰᠠᠷ᠂ ᠤᠶᠢᠯᠠᠴᠢᠯᠠᠬᠦ ᠦᠵᠠᠯ ᠤᠬᠠᠮᠰᠠᠷ ᠢ ᠴᠢᠩᠭᠠᠳᠬᠠᠵᠤ᠂ ᠪᠦᠬᠦ ᠬᠤᠰᠢᠭᠤᠨ ᠤ ᠦᠷᠭᠡᠨ ᠤᠯᠠᠨ ᠠᠷᠠᠳ ᠲᠦᠮᠠᠨ ᠤ ᠨᠠᠶᠢᠳᠠᠮ ᠳᠡᠭᠡᠨ ᠠᠩᠬᠠᠷᠴᠤ ᠰᠡᠳᠬᠢᠯ ᠲᠠᠯᠪᠢᠵᠤ ᠪᠠᠶᠢᠬᠤ ᠬᠠᠯᠠᠮᠰᠢᠯ ᠠᠰᠠᠭᠤᠳᠠᠯ ᠬᠦᠴᠢᠷᠳᠠᠯ ᠠᠰᠠᠭᠤᠳᠠᠯ ᠢ ᠦᠨᠠᠩᠬᠦ ᠰᠠᠶᠢᠨ ᠰᠢᠢᠳᠪᠤᠷᠢᠯᠠᠨ᠎ᠠ᠃ ᠵᠠᠰᠠᠭ ᠤᠨ ᠤᠷᠳᠤᠨ ᠤ ᠰᠤᠨᠢᠨ ᠮᠠᠳᠡᠭᠡ ᠨᠠᠶᠢᠳᠠᠯᠠᠬᠦ ᠲᠦᠷᠢᠮ ᠢ ᠲᠠᠬᠦᠯᠳᠠᠷᠵᠢᠬᠦᠯᠵᠤ᠂ ᠪᠢᠴᠢᠯ ᠪᠦᠷᠭᠡ᠂ ᠸᠠᠶᠢᠴᠠᠲ ᠵᠠᠷᠭᠡ ᠰᠢᠨ᠎ᠠ ᠲᠠᠮᠵᠢᠭᠤᠯᠤᠬᠴᠢ  ᠶᠢ ᠠᠰᠢᠬᠯᠠᠵᠤ ᠨᠠᠶᠢᠭᠡᠮ ᠤᠨ ᠠᠩᠬᠠᠷᠴᠤ ᠪᠠᠶᠢᠬᠤ ᠠᠰᠠᠭᠤᠳᠠᠯ ᠳᠤ ᠲᠠᠷᠤᠢ ᠳᠤᠨᠢ ᠬᠠᠷᠢᠭᠤ ᠦᠭᠬᠦᠨ᠎ᠠ᠃ ᠵᠠᠰᠠᠭ   ᠤᠨ ᠶᠠᠪᠤᠳᠠᠯ ᠢ ᠢᠯᠠ ᠪᠤᠯᠭᠠᠬᠤ ᠶᠢ ᠦᠷᠬᠦᠯᠵᠢᠯᠠᠨ ᠬᠦᠨᠵᠡᠭᠡᠶᠢᠷᠠᠬᠦᠯᠵᠤ᠂ ᠵᠠᠰᠠᠭ ᠤᠨ ᠤᠷᠳᠤᠨ ᠤ ᠡᠬᠦᠳᠠᠨ ᠤ ᠰᠦᠯᠵᠢᠶᠠᠨ ᠴᠡᠭ ᠤᠨ ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠴᠢᠨ ᠮᠠᠯᠴᠢᠨ ᠳᠤ ᠠᠰᠢᠭ ᠬᠦᠷᠳᠡᠭᠡᠬᠦ ᠲᠦᠷᠦ  ᠶᠢᠨ ᠪᠤᠳᠤᠯᠭ᠎ᠠ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠬᠦᠢᠴᠡᠳᠭᠡᠯ᠂ ᠨᠠᠶᠢᠭᠡᠮ ᠤᠨ ᠪᠠᠳᠤᠯᠠᠭ᠎ᠠ ᠵᠠᠷᠭᠡ ᠵᠠᠰᠠᠭ ᠤᠨ ᠤᠷᠳᠤᠨ ᠤ ᠴᠢᠮᠡᠭᠡ ᠵᠠᠩᠬᠢ ᠶᠢ ᠨᠠᠶᠢᠳᠠᠯᠠᠬᠦ ᠠᠵᠢᠯ ᠢ ᠰᠠᠶᠢᠳᠤᠷ ᠬᠢᠵᠤ᠂ ᠠᠷᠠᠳ ᠤᠯᠠᠨ ᠤ ᠪᠠᠶᠢᠳᠠᠯ ᠢ ᠤᠶᠢᠯᠠᠭᠠᠬᠤ ᠡᠷᠭᠡ ᠪᠤᠯᠤᠨ ᠬᠢᠨᠠᠯᠳᠠ ᠲᠠᠯᠪᠢᠬᠤ ᠡᠷᠭᠡ ᠶᠢ ᠪᠠᠳᠤᠯᠠᠨ᠎ᠠ᠃       24. ᠪᠤᠳᠠᠳᠠᠢ ᠠᠵᠢᠯᠯᠠᠭ᠎ᠠ ᠶᠢ ᠡᠷᠬᠢᠮᠯᠠᠬᠦ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠰᠢᠷᠭᠠᠭᠤ ᠠᠵᠢᠯᠯᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠬᠠᠷᠢᠭᠤᠴᠠᠯᠭᠠᠳᠤ ᠰᠡᠳᠬᠢᠯᠭᠡ᠂ ᠬᠠᠷᠢᠭᠤᠴᠠᠬᠤ ᠤᠬᠠᠮᠰᠠᠷ᠂ ᠪᠦᠬᠦ ᠲᠠᠯ᠎ᠠ  ᠪᠠᠷ ᠠᠰᠠᠭᠤᠳᠠᠯ ᠢ ᠦᠵᠠᠬᠦ ᠤᠬᠠᠮᠰᠠᠷ ᠢ ᠴᠢᠩᠭᠠᠳᠬᠠᠵᠤ᠂ ᠰᠢᠷᠭᠠᠭᠤ ᠠᠵᠢᠯᠯᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠡᠳᠬᠢᠯ ᠰᠠᠨᠠᠭ᠎ᠠ ᠬᠦᠴᠦ ᠴᠢᠳᠠᠯ ᠢᠶᠠᠨ ᠦᠨᠠᠩᠬᠦ ᠪᠤᠳᠠᠳᠠᠢ ᠠᠵᠢᠯᠯᠠᠬᠤ᠂ ᠬᠦᠭᠵᠢᠯᠳᠠ ᠶᠢ ᠠᠬᠢᠭᠤᠯᠬᠤ ᠲᠠᠭᠡᠷ᠎ᠡ ᠲᠠᠯᠪᠢᠵᠤ᠂ ᠨᠢᠭᠡ ᠲᠦᠷᠦᠯ ᠤᠨ ᠠᠵᠢᠯ ᠨᠢᠭᠡ ᠲᠦᠷᠦᠯ ᠤᠨ ᠠᠵᠢᠯ ᠢᠶᠠᠷ ᠲᠦᠯᠬᠢᠨ ᠠᠬᠢᠭᠤᠯᠵᠤ᠂ ᠨᠢᠭᠡ ᠭᠤᠬᠴᠤᠭ᠎ᠠ ᠨᠢᠭᠡ ᠭᠤᠬᠴᠤᠭ᠎ᠠ ᠪᠠᠷ ᠴᠢᠩᠭ᠎ᠠ ᠠᠳᠬᠤᠵᠤ᠂ ᠨᠢᠭᠡ ᠠᠰᠠᠭᠤᠳᠠᠯ ᠨᠢᠭᠡ ᠠᠰᠠᠭᠤᠳᠠᠯ ᠢᠶᠠᠷ ᠰᠢᠢᠳᠪᠤᠷᠢᠯᠠᠨ᠎ᠠ᠂ ᠠᠵᠢᠯ ᠤᠨ ᠰᠡᠳᠬᠢᠮᠵᠢ ᠪᠤᠯᠤᠨ ᠠᠷᠭ᠎ᠠ ᠬᠡᠯᠪᠠᠷᠢ ᠪᠠᠨ ᠰᠢᠨᠠᠳᠬᠡᠬᠦ ᠶᠢ ᠠᠩᠬᠠᠷᠴᠤ᠂ ᠰᠢᠨ᠎ᠠ ᠬᠡᠪ ᠪᠠᠶᠢᠳᠠᠯ ᠲᠤᠤᠷ᠎ᠠ ᠵᠠᠰᠠᠭ ᠤᠨ ᠤᠷᠳᠤᠨ ᠤ ᠠᠵᠤ ᠠᠬᠤᠢ ᠨᠠᠶᠢᠭᠡᠮ ᠢ ᠵᠢᠯᠤᠭᠤᠳᠬᠤ ᠴᠢᠳᠠᠪᠬᠢ ᠶᠢ ᠲᠠᠭᠡᠭᠰᠢᠯᠠᠬᠦᠯᠦᠨ᠎ᠠ᠃ ᠵᠠᠰᠠᠭ ᠤᠨ ᠶᠠᠪᠤᠳᠠᠯ ᠢ ᠬᠢᠨᠠᠨ ᠪᠠᠶᠢᠴᠠᠭᠠᠬᠤ ᠪᠠ ᠵᠠᠰᠠᠭ ᠤᠨ ᠬᠠᠷᠢᠭᠤᠴᠠᠯᠭ᠎ᠠ ᠠᠰᠠᠭᠤᠬᠤ ᠬᠦᠴᠦᠯᠠᠴᠠ ᠶᠢ ᠨᠡᠮᠡᠭᠳᠡᠬᠦᠯᠵᠤ᠂ ᠠᠵᠢᠯ ᠬᠢᠬᠦ ᠦᠭᠡᠢ᠂ ᠲᠤᠷ᠎ᠠ ᠪᠠᠷ ᠬᠢᠬᠦ᠂ ᠤᠳᠠᠭᠠᠨ ᠬᠢᠬᠦ᠂ ᠠᠯᠵᠠᠭᠤ ᠵᠠᠯᠬᠠᠭᠤ᠂ ᠰᠠᠯᠠᠩ ᠵᠠᠳᠠᠭᠠᠢ ᠵᠠᠷᠭᠡ ᠠᠵᠢᠯᠯᠠᠭ᠎ᠠ ᠶᠢ ᠲᠦᠪ ᠴᠢᠩᠭ᠎ᠠ ᠪᠠᠷ ᠵᠠᠯᠠᠷᠠᠭᠤᠯᠵᠤ᠂ ᠵᠠᠰᠠᠭ ᠤᠨ ᠵᠠᠷᠯᠢᠭ ᠰᠢᠭᠤᠳ ᠨᠠᠪᠳᠠᠷᠠᠬᠦ ᠶᠢ ᠪᠠᠳᠤᠯᠠᠵᠤ᠂ ᠵᠠᠰᠠᠭ ᠤᠨ ᠤᠷᠳᠤᠨ ᠤ ᠬᠦᠢᠴᠡᠳᠭᠡᠬᠦ ᠬᠦᠴᠦᠨ ᠪᠠ ᠨᠠᠶᠢᠳᠠ ᠶᠢ ᠢᠳᠡᠭᠡᠬᠦᠯᠬᠦ ᠬᠦᠴᠦᠨ ᠢ ᠲᠠᠭᠡᠭᠰᠢᠯᠠᠬᠦᠯᠦᠨ᠎ᠠ᠃       25. ᠠᠷᠪᠢᠯᠠᠵᠤ ᠭᠠᠮᠨᠠᠬᠤ ᠶᠢ ᠪᠠᠷᠢᠮᠳᠠᠯᠠᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠲᠦᠪ ᠤᠨ ᠨᠠᠢᠮᠠᠨ ᠲᠤᠬᠳᠠᠭᠠᠯ᠂ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠬᠦᠴᠠᠬᠦ ᠲᠤᠬᠳᠠᠭᠠᠯ ᠢ ᠴᠢᠩᠭ᠎ᠠ ᠬᠡᠷᠡᠭᠵᠢᠬᠦᠯᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠠᠯᠢᠪᠠ ᠴᠢᠬᠤᠯᠠ ᠦᠭᠡᠢ ᠵᠠᠰᠠᠭ ᠵᠠᠬᠢᠷᠭᠠᠨ ᠤ ᠵᠠᠷᠤᠳᠠᠯ ᠢ ᠪᠠᠭᠠᠰᠬᠠᠨ᠎ᠠ᠃ ᠡᠳ᠋ ᠤᠨ ᠵᠠᠰᠠᠭ ᠤᠨ ᠬᠢᠨᠠᠨ ᠲᠤᠬᠳᠠᠭᠠᠬᠤ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠯᠠ ᠮᠦᠩᠬᠦ ᠶᠢ ᠬᠠᠮᠤᠭ ᠤᠨ ᠶᠡᠭᠡ ᠬᠡᠮᠵᠢᠶ᠎ᠠ ᠪᠠᠷ ᠠᠷᠪᠢᠯᠠᠨ᠎ᠠ᠃ ᠨᠠᠮ ᠤᠨ ᠰᠤᠷᠳᠠᠯ ᠤᠨ ᠠᠷᠢᠭᠤᠨ ᠴᠢᠭᠡᠴᠢ ᠪᠠᠶᠢᠭᠤᠯᠤᠯᠳᠠ ᠶᠢᠨ ᠬᠠᠷᠢᠭᠤᠴᠠᠯᠭᠠᠳᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠵᠠᠷᠠᠨ ᠲᠤᠷᠤᠶᠢᠳᠠᠬᠤ ᠶᠢ ᠵᠠᠯᠬᠠᠭᠠᠬᠤ ᠪᠠ ᠰᠠᠷᠭᠡᠶᠢᠯᠠᠬᠦ ᠰᠢᠰᠲ᠋ᠧᠮ ᠤᠨ ᠪᠠᠶᠢᠭᠤᠯᠤᠯᠳᠠ  ᠶᠢ ᠲᠦᠯᠬᠢᠨ ᠠᠬᠢᠭᠤᠯᠵᠤ᠂ ᠡᠷᠭᠡ ᠶᠢ ᠬᠢᠵᠠᠭᠠᠷᠯᠠᠬᠤ ᠪᠠ ᠬᠢᠨᠠᠬᠤ ᠶᠢ ᠴᠢᠩᠭᠠᠳᠬᠠᠨ᠎ᠠ᠂ ᠬᠢᠨᠠᠨ ᠪᠤᠳᠤᠬᠤ ᠳᠤ ᠬᠢᠨᠠᠯᠳᠠ ᠲᠠᠯᠪᠢᠬᠤ᠂ ᠬᠠᠤᠯᠢ ᠬᠡᠷᠡᠭᠵᠢᠬᠦᠯᠵᠤ ᠬᠢᠨᠠᠨ ᠪᠠᠶᠢᠴᠠᠭᠠᠬᠤ ᠪᠠ ᠠᠷᠢᠭᠤᠨ ᠴᠢᠭᠡᠴᠢ ᠶᠢ ᠬᠢᠨᠠᠨ ᠪᠠᠶᠢᠴᠠᠭᠠᠬᠤ  ᠶᠢ ᠴᠢᠩᠭᠠᠳᠬᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠲᠠᠭᠠᠭᠠᠴᠢᠯᠠᠯᠳᠠ ᠵᠠᠷᠯᠠᠬᠤ ᠪᠠ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠬᠡᠷᠡᠭ ᠤᠴᠢᠷ ᠢ ᠡᠷᠡᠰ ᠪᠠᠶᠢᠴᠠᠭᠠᠨ ᠰᠢᠢᠳᠪᠤᠷᠢᠯᠠᠵᠤ᠂ ᠬᠡᠪ ᠰᠤᠷᠳᠠᠯ ᠴᠢᠭᠡᠴᠢ ᠰᠠᠶᠢᠨ ᠰᠠᠶᠢᠬᠠᠨ ᠵᠠᠰᠠᠭ ᠤᠨ ᠤᠷᠳᠤᠨ ᠤ ᠲᠦᠷᠢ ᠲᠦᠷᠬᠦ ᠶᠢ ᠪᠤᠢ ᠪᠤᠯᠭᠠᠨ᠎ᠠ᠃       ᠲᠦᠯᠦᠭᠡᠯᠡᠭᠴᠢᠳ ᠡ᠂ ᠪᠤᠳᠠᠳᠠᠢ ᠠᠵᠢᠯ ᠬᠢᠬᠦ ᠪᠤᠯ ᠬᠢᠵᠠᠭᠠᠷ ᠦᠭᠡᠢ ᠶᠤᠮ᠂ ᠡᠮᠦᠨ᠎ᠠ ᠡᠩᠨᠠᠬᠡᠨ ᠳᠤ ᠶᠠᠪᠤᠬᠤ ᠳᠠᠭᠠᠨ ᠰᠢᠨ᠎ᠠ ᠶᠢ ᠰᠦᠪᠡᠭᠴᠢᠯᠠᠬᠦ ᠬᠡᠷᠡᠭᠳᠡᠢ᠃ ᠪᠦᠬᠦ ᠬᠤᠰᠢᠭᠤᠨ ᠤ 48 ᠲᠦᠮᠠᠨ ᠡᠯ᠎ᠡ ᠦᠨᠳᠤᠰᠤᠳᠠᠨ ᠤ ᠠᠷᠠᠳ ᠲᠦᠮᠠᠨ ᠤ ᠶᠠᠳᠠᠭᠤ ᠠᠴᠠ ᠠᠩᠬᠢᠵᠢᠷᠠᠵᠤ᠂ ᠪᠠᠶᠠᠵᠢᠨ ᠴᠢᠨᠠᠬᠡᠯᠢᠭᠵᠢᠬᠦ ᠲᠠᠰᠢ ᠵᠤᠷᠢᠬᠤ ᠬᠦᠰᠠᠯ ᠤᠨ ᠬᠠᠷᠢᠭᠤ  ᠳᠤ ᠪᠢᠳᠠ ᠦᠴᠦᠭᠡᠨ ᠴᠦ ᠴᠠᠯᠠᠭᠠᠶᠢᠷᠠᠬᠤ ᠪᠠ ᠤᠬᠤᠷᠢᠵᠤ ᠪᠤᠯᠬᠤ ᠦᠭᠡᠢ᠃ ᠪᠢᠳᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠠᠯᠭᠡᠨ ᠤ ᠬᠢᠨᠠᠯᠳᠠ ᠪᠠ ᠲᠠᠮᠵᠢᠯᠭᠡ ᠲᠤᠤᠷ᠎ᠠ᠂ ᠪᠦᠯᠬᠦᠮᠳᠠᠨ ᠨᠢᠭᠡᠳᠴᠤ᠂ ᠯᠠᠪᠳᠠᠭᠤᠨ ᠪᠤᠳᠠᠳᠠᠢ ᠠᠵᠢᠯᠯᠠᠵᠤ᠂ ᠨᠡᠬᠡᠬᠡᠯᠳᠡ ᠲᠠᠢ ᠪᠠᠷ ᠤᠷᠤᠬᠰᠢᠯᠠᠵᠤ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠳᠠ ᠡᠬᠦᠷᠭᠡ ᠪᠠᠨ ᠲᠠᠬᠦᠰ ᠠᠮᠵᠢᠯᠳᠠ ᠲᠠᠢ ᠪᠠᠶᠠᠯᠠᠬᠦᠯᠵᠤ᠂ ᠪᠦᠬᠦ ᠲᠠᠯ᠎ᠠ ᠪᠠᠷ ᠴᠢᠨᠡᠬᠡᠯᠢᠭ ᠨᠠᠶᠢᠭᠡᠮ ᠢ ᠪᠠᠶᠢᠭᠤᠯᠬᠤ ᠠᠭᠤᠤ ᠶᠡᠭᠡ ᠬᠠᠷᠠᠯᠳᠠ ᠪᠠᠨ ᠲᠤᠬᠳᠠᠬᠰᠠᠨ ᠬᠤᠭᠤᠴᠠᠭᠠᠨ ᠳᠤ ᠪᠠᠶᠠᠯᠠᠬᠦᠯᠬᠦ ᠶᠢᠨ ᠲᠦᠯᠦᠭᠡ ᠴᠢᠷᠮᠠᠶᠢᠨ ᠲᠠᠮᠠᠴᠠᠵᠠᠬᠡᠶ᠎ᠡ︕
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号