ᠭᠡᠷᠰᠡᠩ ᠰᠣᠮᠣ ︽ᠭᠤᠷᠪᠠᠨ ᠵᠤᠶᠢᠯ ᠤᠨ ᠭᠤᠣᠯ ᠠᠵᠢᠯ︾ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/30
      ᠪᠦᠬᠦ ᠬᠤᠰᠢᠭᠤᠨ ᠤ ︽ᠭᠤᠷᠪᠠᠨ ᠵᠤᠶᠢᠯ ᠤᠨ ᠭᠤᠣᠯ ᠠᠵᠢᠯ︾ ᠤᠨ ᠵᠢᠯᠤᠭᠤᠳᠬᠤ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠢᠰᠢᠲᠠ ᠶᠢᠨ ᠭᠤᠣᠯ ᠠᠵᠢᠯ ᠢ ᠪᠠᠶᠢᠷᠢᠯᠠᠭᠤᠯᠬᠤ ᠶᠢᠨ ᠲᠦᠯᠦᠭᠡ᠂ 3 ᠰᠠᠷ᠎ᠠ ᠶᠢᠨ 31 ᠤ ᠡᠳᠤᠷ᠂ ᠭᠡᠷᠰᠡᠩ ᠰᠣᠮᠣ ︽ᠭᠤᠷᠪᠠᠨ ᠵᠤᠶᠢᠯ ᠤᠨ ᠭᠤᠣᠯ ᠠᠵᠢᠯ︾ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ ᠰᠣᠮᠣ ᠶᠢᠨ ᠪᠦᠬᠦ ᠺᠠᠲᠠᠷ ᠠᠵᠢᠯᠳᠠᠨ᠂ ᠭᠠᠴᠠᠭᠠᠨ ᠤ ︽ᠬᠤᠶᠠᠷ ᠵᠦᠪᠯᠡᠯ︾ ᠤᠨ ᠪᠠᠭ ᠬᠤᠷᠠᠯ ᠳᠤ ᠣᠷᠤᠯᠴᠠᠪᠠ᠃      ᠬᠤᠷᠠᠯ ᠨᠢ ︽ᠭᠤᠷᠪᠠᠨ ᠵᠤᠶᠢᠯ ᠤᠨ ᠭᠤᠣᠯ ᠠᠵᠢᠯ︾ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠳᠤ ᠵᠢᠭᠠᠵᠤ ᠭᠠᠷᠭᠠᠭᠰᠠᠨ ᠨᠢ᠂ ︽ᠠᠷᠪᠠ ᠶᠢ ᠪᠦᠷᠬᠦᠭᠦᠯᠬᠦ︾ ᠠᠵᠢᠯ ᠨᠢᠭᠡᠨᠲᠡ ᠲᠦᠪᠯᠡᠷᠡᠵᠤ ᠪᠣᠭᠤᠮᠲᠠ ᠰᠢᠪᠲᠤᠯᠬᠤ ᠭᠤᠣᠯ ᠱᠠᠲᠤᠨ ᠳᠤ ᠬᠦᠷᠪᠡ᠂ ᠡᠯ᠎ᠡ ᠱᠠᠲᠤᠨ ᠤ ᠺᠠᠲᠠᠷᠴᠤᠳ ᠤᠯᠠᠮ ᠨᠢᠭᠡ ᠠᠯᠬᠤᠮ ᠡᠷᠴᠢᠮ ᠢᠶᠠᠨ ᠨᠡᠮᠡᠭᠳᠡᠭᠦᠯᠵᠦ᠂ ︽ᠠᠷᠪᠠ ᠶᠢ ᠪᠦᠷᠭᠦᠬᠦᠯᠬᠦ︾ ᠠᠵᠢᠯ ᠢ ᠦᠨᠡᠨᠬᠦ ᠴᠢᠩᠭ᠎ᠠ ᠠᠳᠬᠤᠵᠤ᠂ ᠰᠠᠶᠢᠳᠤᠷ ᠠᠳᠬᠤᠵᠤ᠂ ᠦᠷ᠎ᠡ ᠪᠦᠲᠤᠮᠵᠢ ᠭᠠᠷᠭᠠᠨ᠎ᠠ᠃ ᠠᠰᠢᠭᠯᠠᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠤ ᠭᠠᠷᠭᠠᠵᠤ᠂ ᠠᠵᠢᠯᠯᠠᠵᠤ ᠪᠣᠯᠬᠤ ᠬᠤᠭᠤᠴᠠᠭ᠎ᠠ ᠶᠢ ᠵᠠᠪᠲᠤᠨ᠂ ᠲᠣᠭᠲᠠᠭᠰᠠᠨ ᠬᠤᠭᠤᠴᠠᠭᠠᠨ ᠳᠤ ᠡᠭᠦᠷᠭᠡ ᠪᠠᠨ ᠲᠤᠭ᠎ᠠ ᠴᠢᠨᠠᠷ ᠲᠠᠢ ᠪᠡᠶᠡᠯᠡᠭᠦᠯᠬᠦ ᠶᠢ ᠪᠠᠲᠤᠯᠠᠨ᠎ᠠ᠃ ᠬᠤᠷᠠᠯ ᠳᠤ ᠱᠠᠭᠠᠷᠳᠤᠭᠰᠠᠨ ᠨᠢ᠂ ᠡᠯ᠎ᠡ ᠭᠠᠴᠠᠭ᠎ᠠ ᠠᠵᠤ ᠤᠶᠢᠯᠡᠰ ᠤᠨ ᠬᠦᠭᠵᠢᠯᠲᠡ ᠪᠠ ᠠᠵᠤ ᠤᠶᠢᠯᠡᠰ ᠤᠨ ᠪᠦᠲᠤᠴᠡ ᠶᠢ ᠲᠣᠬᠢᠷᠠᠭᠤᠯᠬᠤ ᠠᠵᠢᠯ ᠢ ᠳᠡᠭᠡᠲᠤ ᠬᠡᠮᠵᠢᠶ᠎ᠡ ᠪᠠᠷ ᠴᠢᠬᠤᠯᠴᠢᠯᠠᠵᠤ᠂ ᠬᠤᠯᠪᠤᠭᠳᠠᠯ ᠪᠦᠬᠦᠢ ᠠᠵᠤ ᠤᠶᠢᠯᠡᠰ ᠤᠨ ᠭᠦᠭᠵᠢᠯᠲᠡ ᠶᠢᠨ ᠴᠢᠭᠯᠡᠯ ᠢ ᠲᠣᠳᠤᠷᠬᠠᠶᠢᠯᠠᠵᠤ᠂ ᠮᠠᠯ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠦᠴᠤᠯᠡᠨ ᠬᠤᠪᠢᠷᠭᠠᠵᠤ᠂ ᠮᠠᠯ ᠠᠵᠤ ᠠᠬᠤᠢ ᠶᠢᠨ ᠰᠠᠶᠢᠨ ᠡᠭᠦᠯᠳᠡᠷ ᠢ ᠪᠦᠷᠬᠦᠭᠦᠯᠬᠦ ᠨᠣᠷᠮ᠎ᠠ᠂ ᠮᠠᠯ ᠤᠨᠤᠭ᠎ᠠ ᠪᠣᠷᠤᠯᠠᠭᠤᠯᠤᠭᠰᠠᠨ ᠨᠣᠷᠮ᠎ᠠ ᠪᠠ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠤᠵᠤ᠂ ᠮᠠᠯᠴᠢᠳ ᠤᠨ ᠤᠶᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠪᠠᠲᠤᠯᠠᠨ᠎ᠠ᠃ ᠬᠤᠷᠠᠯ ᠳᠤ ᠴᠢᠬᠤᠯᠴᠢᠯᠠᠭᠰᠠᠨ ᠨᠢ᠂ ᠦᠨᠳᠤᠰᠤᠨ ᠱᠠᠲᠤᠨ ᠤ  ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮᠵᠢᠭᠰᠡᠨ ᠪᠦᠲᠤᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠨᠠᠮ ᠤᠨ ᠭᠡᠰᠢᠭᠦᠨ ᠤ ᠵᠢᠱᠢᠶᠡᠴᠢ ᠵᠢᠯᠤᠭᠤᠳᠬᠤ ᠤᠶᠢᠯᠡᠳᠤᠯ ᠢ ᠪᠠᠳᠠᠷᠠᠭᠤᠯᠵᠤ᠂ ᠬᠦᠳᠡᠭᠡ ᠲᠣᠰᠬᠤᠨ ᠮᠠᠯᠵᠢᠬᠤ ᠣᠷᠤᠨ ᠤ ᠥᠨᠳᠤᠰᠤᠨ ᠱᠠᠲᠤᠨ ᠤ ᠨᠠᠮ ᠤᠨ ᠪᠦᠲᠤᠭᠡᠨ ᠪᠠᠶᠢᠭᠤᠯᠤᠯᠲᠠ ᠶᠢᠨ ᠠᠵᠢᠯ ᠤᠨ ᠶᠡᠷᠤᠩᠭᠡᠢ ᠬᠢᠷᠢ ᠲᠦᠪᠰᠢᠨ ᠢ ᠭᠦᠴᠤᠯᠡᠨ ᠳᠡᠭᠡᠭᠰᠢᠯᠡᠬᠦᠯᠵᠦ᠂  ᠰᠣᠮᠣᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠡᠮᠬᠢ ᠵᠢᠷᠤᠮ  ᠲᠠᠢ ᠬᠦᠭᠵᠢᠬᠦ ᠳᠤ ᠳᠡᠮᠵᠢᠯᠭᠡ ᠦᠵᠡᠭᠦᠯᠦᠨ᠎ᠡ᠃      ᠬᠤᠷᠠᠯ ᠳᠤ ᠱᠠᠭᠠᠷᠲᠠᠭᠰᠠᠨ ᠨᠢ᠂ ᠡᠯ᠎ᠡ ᠱᠠᠲᠤᠨ ᠤ ᠺᠠᠲᠠᠷᠴᠤᠳ ᠰᠡᠳᠬᠢᠯ ᠲᠠᠯᠪᠢᠨ ᠣᠷᠤᠯᠴᠠᠵᠤ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠢᠶᠠᠷ ᠵᠢᠯᠤᠭᠤᠳᠤᠯᠭ᠎ᠠ ᠪᠣᠯᠭᠠᠵᠤ᠂ ᠡᠯ᠎ᠡ ᠭᠠᠴᠠᠭᠠᠨ ᠤ ᠡᠯ᠎ᠡ ᠵᠤᠶᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠲᠦᠯᠬᠢᠨ ᠠᠬᠢᠭᠤᠯᠵᠤ᠂ ᠡᠯ᠎ᠡ ᠲᠦᠷᠤᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ︔ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠦᠲᠤᠭᠡᠨ ᠪᠠᠶᠢᠭᠤᠯᠤᠯᠲᠠ ᠶᠢ ᠠᠵᠤ ᠤᠶᠢᠯᠡᠰ ᠤᠨ ᠬᠦᠭᠵᠢᠯᠲᠡ ᠪᠠ ᠠᠵᠤ ᠤᠶᠢᠯᠡᠰ ᠤᠨ ᠪᠦᠲᠤᠴᠡ ᠶᠢ ᠲᠣᠬᠢᠷᠠᠭᠤᠯᠬᠤ ᠲᠠᠢ ᠤᠶᠠᠯᠳᠤᠭᠤᠯᠵᠤ᠂ ᠶᠠᠳᠠᠭᠤ ᠶᠢ ᠳᠡᠳᠭᠦᠵᠤ ᠪᠣᠭᠤᠮᠲᠠ ᠰᠢᠪᠲᠤᠯᠬᠤ ᠲᠠᠢ ᠤᠶᠠᠯᠳᠤᠭᠤᠯᠵᠤ᠂ ᠦᠨᠳᠤᠰᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠤᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ︽ᠭᠤᠷᠪᠠᠨ ᠵᠤᠶᠢᠯ ᠤᠨ ᠭᠤᠣᠯ ᠠᠵᠢᠯ︾ ᠢ ᠨᠢᠭᠡᠳᠤᠯᠲᠡᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠤ ᠤᠶᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠬᠦᠴᠦᠯᠡᠨ ᠳᠡᠭᠡᠭᠰᠢᠯᠡᠬᠦᠯᠵᠦ᠂ ᠭᠤᠶᠣ ᠰᠠᠶᠢᠬᠠᠨ ᠬᠦᠳᠡᠭᠡ ᠲᠣᠰᠬᠤᠨ ᠤ ᠪᠦᠲᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠦᠷᠭᠡᠳᠭᠡᠨ᠎ᠡ᠃    
 
ᠢᠷᠡᠯᠲᠡ᠄ ᠭᠡᠷᠰᠡᠩ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号