ᠪᠠᠶᠠᠨᠲᠤᠬᠤᠢ ᠰᠣᠮᠣ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ  ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/30
      3 ᠰᠠᠷ᠎ᠠ ᠶᠢᠨ 31 ᠤ ᠡᠳᠦᠷ᠂ ᠪᠠᠶᠠᠨᠳᠤᠬᠤᠢ ᠰᠣᠮᠣ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃  ᠬᠤᠷᠠᠯ ᠳᠤ ᠳᠤᠷᠠᠳᠤᠭᠰᠠᠨ ᠨᠢ 2016 ᠣᠨ ᠳᠤ ᠪᠦᠬᠦ ᠰᠣᠮᠣ ︽ᠳᠦᠷᠪᠡᠨ ᠵᠤᠶᠢᠯ ᠤᠨ ᠭᠤᠣᠯ ᠠᠵᠢᠯ︾ ᠢᠶᠠᠷ ᠭᠤᠣᠯᠳᠠᠯᠭ᠎ᠠ ᠪᠣᠯᠭᠠᠵᠤ᠂ ᠪᠦᠬᠦ ᠬᠦᠴᠤᠨ ᠢᠶᠠᠷ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠦᠲᠤᠭᠡᠨ ᠪᠠᠶᠢᠭᠤᠯᠤᠯᠲᠠ ᠪᠠ ᠶᠠᠳᠠᠭᠤ ᠠᠴᠠ ᠠᠩᠬᠢᠵᠢᠷᠠᠵᠤ ᠪᠣᠭᠤᠮᠲᠠ ᠰᠢᠪᠲᠤᠯᠬᠤ ᠪᠠᠶᠢᠯᠳᠤᠭᠠᠨ ᠢ ᠰᠠᠶᠢᠳᠤᠷ ᠬᠢᠵᠤ᠂ ᠠᠵᠤ ᠤᠶᠢᠯᠡᠰ ᠤᠨ ᠪᠦᠲᠤᠴᠡ ᠶᠢ ᠲᠣᠬᠢᠷᠠᠭᠤᠯᠬᠤ ᠲᠠᠢ ᠭᠤᠣᠯᠳᠠᠯᠭ᠎ᠠ ᠲᠠᠢ ᠤᠶᠠᠯᠳᠤᠭᠤᠯᠵᠤ᠂ ᠪᠦᠬᠦ ᠬᠤᠲᠠ ᠳᠤ ᠠᠯᠳᠠᠷᠰᠢᠭᠰᠠᠨ ᠳᠣᠲᠤᠷᠭ᠎ᠠ ᠲᠠᠷᠢᠬᠤ ᠰᠠᠭᠤᠷᠢᠨ ᠭᠠᠵᠠᠷ᠂ ᠮᠠᠯ ᠤᠨᠤᠭ᠎ᠠ ᠵᠢᠭᠦᠷᠲᠡᠨ ᠤᠰᠤᠨ ᠭᠠᠷᠤᠯᠲᠠ ᠲᠡᠵᠢᠭᠡᠬᠦ ᠰᠠᠭᠤᠷᠢᠨ ᠭᠠᠵᠠᠷ ᠪᠠ ᠰᠢᠬᠢᠷ ᠯᠣᠣᠪᠠᠩ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ᠂ ᠬᠤᠷᠴᠢᠨ ᠤ ᠡᠯᠡᠰᠦᠨ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠪᠠ ᠯᠣᠤᠬ᠎ᠠ ᠭᠤᠣᠯ ᠤᠨ ᠡᠷᠬᠢ ᠶᠢ ᠳᠠᠭᠠᠭᠰᠠᠨ ᠬᠦᠳᠡᠭᠡ ᠲᠣᠰᠬᠤᠨ ᠤ ᠵᠣᠭᠠᠴᠠᠨ ᠠᠮᠠᠷᠠᠬᠤ ᠣᠷᠣᠨ ᠢ ᠪᠠᠶᠢᠭᠤᠯᠵᠤ᠂ ︽13·5︾ ᠤ ᠰᠡᠭᠦᠯᠴᠢ ᠶᠢᠨ ᠬᠤᠭᠤᠴᠠᠭ᠎ᠠ ᠪᠣᠯᠲᠠᠯ᠎ᠠ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠪᠠᠶᠢᠯᠳᠤᠭᠠᠨ ᠤ ᠬᠠᠷᠠᠯᠲᠠ ᠪᠠᠨ ᠪᠡᠶᠡᠯᠡᠬᠦᠯᠬᠦ ᠪᠠᠷ ᠴᠢᠷᠮᠠᠶᠢᠨ᠎ᠠ ᠭᠡᠪᠡ᠃
 
ᠢᠷᠡᠯᠲᠡ᠄ ᠪᠠᠶᠠᠨᠲᠤᠬᠤᠢ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号