ᠬᠠᠶᠢᠯᠠᠰᠤ ᠪᠠᠯᠭᠠᠰᠤᠨ ᠤ ︽ᠠᠷᠪᠠ ᠶᠢ ᠪᠦᠷᠬᠦᠭᠦᠯᠬᠦ︾ ᠶᠢ᠄ ᠬᠠᠭᠤᠴᠢᠨ ᠲᠦᠷᠰᠤ ᠲᠦᠷᠬᠦ ᠰᠢᠨ᠎ᠡ ᠪᠠᠶᠢᠳᠠᠯ ᠢᠶᠠᠷ ᠰᠣᠯᠢᠭᠳᠠᠵᠠᠢ ᠭᠡᠵᠤ ᠵᠣᠷᠢᠭᠲᠠᠢ ᠬᠡᠯᠡᠵᠤ ᠪᠣᠯᠤᠨ᠎ᠠ
ᠨᠡᠶᠢᠲᠡᠯᠡᠭᠰᠡᠨ ᠴᠠᠭ᠄
2016/5/30
      3 ᠰᠠᠷ᠎ᠠ ᠶᠢᠨ ᠰᠡᠭᠦᠯᠴᠢ ᠠᠴᠠ ᠡᠬᠢᠯᠡᠭᠡᠳ ᠬᠠᠶᠢᠯᠠᠰᠤ ᠪᠠᠯᠭᠠᠰᠤ ᠶᠢᠨ ᠣᠯᠠᠩᠬᠢ ᠭᠠᠴᠠᠭ᠎ᠠ ︽ᠠᠷᠪᠠ ᠶᠢ ᠪᠦᠷᠭᠦᠬᠦᠯᠬᠦ︾ ᠢᠨᠵᠧᠨᠧᠷᠢᠩ ᠢ ᠴᠤᠭᠠᠷ ᠡᠬᠢᠯᠡᠭᠦᠯᠵᠤ᠂ ᠨᠠᠮ ᠤᠨ ᠭᠡᠰᠢᠭᠦᠨ ᠺᠠᠲᠠᠷᠴᠤᠳ ᠮᠠᠯᠴᠢᠨ ᠲᠦᠮᠡᠨ ᠲᠠᠢ ᠬᠠᠮᠲᠤ ᠡᠳᠤᠷᠵᠢᠨ ᠰᠦᠨᠢᠵᠢᠨ ᠢᠨᠵᠧᠨᠧᠷᠢᠩ ᠤᠨ ᠲᠡᠷᠢᠭᠦᠨ ᠳᠤ ᠪᠠᠶᠢᠯᠳᠤᠵᠤ᠂ ᠵᠣᠯ ᠵᠢᠷᠭᠠᠯᠲᠤ ᠭᠡᠷ ᠬᠦᠷᠢᠶ᠎ᠡ ᠪᠠᠨ ᠪᠦᠲᠤᠭᠡᠨ ᠪᠠᠶᠢᠭᠤᠯᠵᠤ᠂ ᠲᠦᠷᠤᠯ ᠪᠦᠷᠢ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠨᠢ ᠣᠯᠠᠨ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠶᠡᠭᠡ ᠪᠠᠷ ᠣᠯᠪᠠ᠃      ᠢᠨᠵᠧᠨᠧᠷᠢᠩ ᠢ ᠪᠦᠲᠤᠭᠡᠨ ᠪᠠᠶᠢᠭᠤᠯᠬᠤ ᠦᠪᠡᠷ ᠤᠨ ᠦᠷᠳᠡᠭ ᠢ ᠪᠠᠭᠠᠰᠬᠠᠵᠤ᠂ ᠮᠥᠩᠭᠦ ᠪᠦᠷᠢ ᠶᠢᠨ ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢᠨ ᠲᠦᠯᠦᠭᠡ᠂ ᠬᠠᠶᠢᠯᠠᠰᠤ ᠪᠠᠯᠭᠠᠰᠤ ᠲᠣᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ᠂ ᠲᠣᠬᠠᠢ ᠶᠢᠨ ᠭᠠᠵᠠᠷ ᠤᠨ ᠪᠠᠷᠢᠯᠭ᠎ᠠ ᠶᠢᠨ ᠠᠵᠤ ᠠᠬᠤᠶᠢᠯᠠᠯ ᠤᠶᠢᠯᠡᠳᠪᠦᠷᠢᠯᠡᠭᠰᠡᠨ ᠱᠦᠢᠨᠢ ᠬᠦᠨᠳᠡᠢ ᠲᠣᠭᠤᠰᠭ᠎ᠠ ᠶᠢ ᠠᠰᠢᠭᠯᠠᠵᠤ ᠤᠯᠠᠮᠵᠢᠯᠠᠯᠲᠤ ᠤᠯᠠᠭᠠᠨ ᠲᠣᠭᠤᠰᠭ᠎ᠠ ᠶᠢ ᠣᠷᠤᠯᠠᠭᠤᠯᠵᠤ᠂ ᠲᠡᠭᠡᠭᠡᠪᠦᠷᠢ ᠶᠢᠨ ᠦᠪᠡᠷ ᠤᠨ ᠦᠷᠳᠡᠭ ᠢ ᠠᠷᠪᠢᠯᠠᠭᠰᠠᠨ ᠮᠦᠷᠲᠡᠭᠡᠨ ᠪᠦᠲᠤᠭᠡᠨ ᠪᠠᠶᠢᠭᠤᠯᠤᠯᠲᠠ ᠶᠢᠨ ᠦᠪᠡᠷ ᠤᠨ ᠦᠷᠳᠡᠭ ᠢ ᠪᠠᠭᠤᠷᠠᠭᠤᠯᠵᠤ᠂ ᠮᠧᠲᠷ ᠪᠦᠷᠢ ᠳᠤ 15 ᠲᠦᠭᠦᠷᠢᠭ ᠣᠷᠴᠢᠮ ᠪᠡᠯᠡ ᠠᠷᠪᠢᠯᠠᠵᠤ᠂ ᠭᠠᠭᠴᠠ ᠲᠤᠰ ᠲᠦᠷᠤᠯ ᠳᠤ᠂ ᠪᠦᠬᠦ ᠪᠠᠯᠭᠠᠰᠤ 60 ᠲᠦᠮᠡᠨ ᠲᠦᠭᠦᠷᠢᠭ ᠪᠦᠲᠤᠭᠡᠨ ᠪᠠᠶᠢᠭᠤᠯᠤᠯᠲᠠ ᠶᠢᠨ ᠪᠡᠯᠡ ᠮᠥᠩᠬᠦ ᠠᠷᠪᠢᠯᠠᠵᠠᠢ᠃ ᠪᠦᠲᠤᠭᠡᠨ ᠪᠠᠶᠢᠭᠤᠯᠤᠯᠲᠠ ᠶᠢᠨ ᠦᠪᠡᠷ ᠤᠨ ᠦᠷᠳᠡᠭ ᠳᠣᠷᠤᠭᠰᠢᠯᠠᠭᠰᠠᠨ ᠢᠶᠠᠷ ᠪᠠᠷᠠᠬᠤ ᠦᠭᠡᠢ᠂ ᠪᠠᠯᠭᠠᠰᠤ ᠪᠠᠰᠠ ᠣᠯᠠᠨ ᠲᠦᠮᠡᠨ ᠤ ᠠᠵᠢᠯ ᠬᠦᠳᠡᠯᠮᠤᠷᠢ ᠣᠷᠤᠭᠤᠯᠬᠤ  ᠶᠢ ᠳᠠᠶᠢᠴᠢᠯᠠᠵᠤ᠂ ︽ᠲᠦᠷᠤᠯ ᠵᠤᠶᠢᠯ ᠤᠨ ᠪᠡᠯᠡ ᠣᠷᠤᠭᠤᠯᠬᠤ + ᠣᠯᠠᠨ ᠢᠶᠠᠷ ᠢᠶᠠᠨ ᠴᠤᠭᠯᠠᠭᠤᠯᠬᠤ︾ ᠬᠡᠯᠪᠡᠷᠢ ᠶᠢ ᠬᠡᠷᠡᠭᠯᠡᠵᠦ᠂ ᠰᠢᠪᠠᠷ ᠬᠡᠷᠡᠮ ᠳᠤ ᠦᠭᠡᠷᠡᠴᠢᠯᠡᠯᠲᠡ ᠬᠢᠵᠤ᠂ ᠮᠧᠲᠷ ᠪᠦᠷᠢ ᠳᠤ ᠪᠠᠯᠭᠠᠰᠤ ᠠᠴᠠ 120 ᠲᠦᠭᠦᠷᠢᠭ ᠭᠠᠷᠭᠠᠵᠤ᠂ ᠣᠯᠠᠨ ᠲᠦᠮᠡᠨ ᠦᠪᠡᠷ ᠢᠶᠠᠨ 15 ᠲᠦᠭᠦᠷᠢᠭ ᠣᠷᠴᠢᠮ ᠴᠤᠭᠯᠠᠭᠤᠯᠵᠤ᠂ ᠣᠯᠠᠨ ᠲᠦᠮᠡᠨ ᠤ ᠪᠦᠲᠤᠭᠡᠨ ᠪᠠᠶᠢᠭᠤᠯᠤᠯᠲᠠ ᠶᠢᠨ ᠬᠠᠯᠠᠭᠤᠨ ᠰᠡᠳᠭᠢᠯᠭᠡ ᠶᠢ ᠬᠦᠭᠵᠢᠭᠡᠵᠦ᠂ ᠣᠯᠠᠨ ᠲᠦᠮᠡᠨ ᠤ ᠳᠡᠮᠵᠢᠯᠭᠡ ᠶᠢ ᠣᠯᠵᠠᠢ      ᠬᠦᠳᠡᠭᠡ ᠲᠣᠰᠬᠤᠨ ᠮᠠᠯᠵᠢᠬᠤ ᠣᠷᠤᠨ ᠳᠤ᠂ ᠡᠨᠡ ᠮᠡᠲᠤ ᠶᠢᠨ ᠦᠷᠭᠡᠨ ᠬᠡᠪᠴᠢᠶ᠎ᠡ ᠪᠠᠷ ᠪᠦᠲᠤᠭᠡᠨ ᠪᠠᠶᠢᠭᠤᠯᠬᠤ ᠪᠣᠯ ᠦᠷᠭᠡᠨ ᠣᠯᠠᠨ ᠺᠠᠲᠠᠷᠴᠤᠳ ᠤᠨ ᠨᠢᠭᠡ ᠤᠳᠠᠭᠠᠨ ᠤ ᠰᠢᠯᠭᠠᠯᠲᠠ ᠮᠥᠨ᠂ ᠮᠦᠨᠴᠤ ᠣᠯᠠᠨ ᠲᠦᠮᠡᠨ ᠳᠤ ᠤᠶᠢᠯᠡᠴᠢᠯᠡᠬᠦ ᠨᠡᠩ ᠰᠠᠶᠢᠨ ᠵᠠᠪᠰᠢᠶᠠᠨ ᠮᠥᠨ᠃ ᠢᠨᠵᠧᠨᠧᠷᠢᠩ ᠪᠦᠷᠢ ᠨᠢ ᠠᠷᠠᠳ ᠤᠨ ᠠᠮᠢᠳᠤᠷᠠᠯ ᠤᠨ ᠬᠡᠷᠡᠭᠴᠢᠭᠡ ᠲᠠᠢ ᠬᠠᠪᠢᠳᠠᠭᠰᠠᠨ ᠲᠤᠯᠠ᠂ ᠣᠯᠠᠨ ᠲᠦᠮᠡᠨ ᠺᠠᠲᠠᠷᠴᠤᠳ ᠤᠨ ᠲᠣᠭᠤᠷᠢᠨ ᠳᠤ ᠡᠷᠭᠢᠯᠳᠤᠨ᠂ ᠺᠠᠲᠠᠷᠴᠤᠳ ᠣᠯᠠᠨ ᠲᠦᠮᠡᠨ ᠢ ᠵᠢᠯᠤᠭᠤᠳᠤᠨ᠂ ᠪᠦᠬᠦ ᠪᠠᠯᠭᠠᠰᠤ ᠳᠤ ᠣᠯᠠᠨ ᠵᠢᠯ ᠢᠯᠡᠷᠡᠭᠰᠡᠨ ᠦᠭᠡᠢ ᠪᠦᠬᠦ ᠠᠷᠠᠳ ᠤᠨ ᠪᠠᠶᠢᠯᠳᠤᠭᠠᠨ ᠤ ᠪᠠᠶᠢᠳᠠᠯ ᠢᠯᠡᠷᠡᠵᠡᠢ᠃       ᠡᠨᠡ ᠵᠢᠯ᠂ ᠪᠦᠬᠦ ᠪᠠᠯᠭᠠᠰᠤ 10 ᠲᠤᠰᠬᠤᠨ ᠤ ᠠᠷᠠᠳ ᠤᠨ ᠳᠣᠭᠤᠶᠢᠯᠠᠩ ᠳᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ᠂ 4 ᠲᠦᠮᠡᠨ ᠮᠧᠲᠷ ᠲᠣᠭᠤᠰᠬᠠᠨ ᠬᠡᠷᠡᠮ ᠢᠶᠠᠷ ᠰᠢᠷᠤᠢ ᠬᠡᠷᠡᠮ ᠢ ᠰᠣᠯᠢᠬᠤ᠂ 1 ᠲᠦᠮᠡᠨ ᠰᠠᠭᠤᠷᠢ ᠨᠣᠭᠤᠭᠠᠷᠠᠭᠤᠯᠬᠤ ᠮᠣᠳᠤ ᠶᠢ ᠵᠠᠶᠢᠯᠠᠬᠤ᠂ 16 ᠺᠢᠯᠤᠮᠧᠲ᠋ᠧᠷ ᠵᠡᠭᠡᠯᠢ ᠭᠤᠲᠤᠮᠵᠢ ᠶᠢ ᠬᠠᠲᠠᠷᠠᠭᠤᠯᠬᠤ᠂ 460 ᠡᠷᠤᠭᠡ ᠨᠤᠷᠠᠬᠤ ᠠᠶᠤᠯ ᠲᠠᠢ ᠭᠡᠷ ᠢ ᠰᠡᠯᠪᠢᠨ ᠵᠠᠰᠠᠬᠤ ᠶᠢ ᠪᠡᠶᠡᠯᠡᠬᠦᠯᠵᠤ᠂ ᠠᠷᠠᠳ ᠲᠤ ᠳᠦᠬᠦᠮ ᠦᠵᠡᠬᠦᠯᠬᠦ ᠭᠡᠲᠤ ᠳᠡᠯᠭᠡᠭᠦᠷ᠂ ᠡᠷᠡᠭᠦᠯ ᠬᠠᠮᠠᠭᠠᠯᠠᠯ ᠤᠨ ᠭᠡᠷ᠂ ᠰᠣᠶᠣᠯ ᠤᠨ ᠠᠭᠤᠳᠠᠮ ᠲᠠᠯᠠᠪᠠᠢ ᠵᠡᠷᠭᠡ ᠣᠯᠠᠨ ᠨᠡᠶᠢᠲᠡ ᠶᠢᠨ ᠠᠰᠠᠷᠠᠮᠵᠢ ᠶᠢᠨ ᠲᠦᠷᠤᠯ ᠵᠤᠶᠢᠯ ᠢ ᠵᠡᠷᠭᠡᠪᠡᠷ ᠪᠦᠲᠤᠭᠡᠨ ᠪᠠᠶᠢᠭᠤᠯᠪᠠ᠃ ᠣᠳᠤ ᠡᠯ᠎ᠡ ᠲᠦᠷᠤᠯ ᠤᠨ ᠪᠠᠷᠢᠯᠭ᠎ᠠ ᠶᠢᠨ ᠮᠠᠲ᠋ᠧᠷᠢᠶᠠᠯ ᠢ ᠨᠢᠭᠡᠨᠲᠡ ᠪᠦᠷᠢᠮᠤᠰᠤᠨ ᠪᠡᠯᠡᠳᠭᠡᠭᠰᠡᠨ ᠪᠦᠭᠡᠳ ᠪᠦᠲᠤᠭᠡᠨ ᠪᠠᠶᠢᠭᠤᠯᠤᠯᠲᠠ ᠶᠢ ᠡᠬᠢᠯᠡᠬᠦᠯᠪᠡ᠃ ᠢᠨᠵᠧᠨᠧᠷᠢᠩ ᠨᠢ ᠡᠷᠲᠡ ᠮᠠᠯᠴᠢᠨ ᠲᠦᠮᠡᠨ ᠳᠤ ᠠᠰᠢᠭ ᠬᠦᠷᠳᠡᠭᠡᠭᠦ ᠶᠢ ᠪᠠᠲᠤᠯᠠᠬᠤ ᠶᠢᠨ ᠲᠦᠯᠦᠭᠡ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠠᠭ ᠲᠣᠬᠠᠢ   ᠳᠤᠨᠢ ᠲᠣᠷᠰᠢᠯᠭ᠎ᠠ ᠪᠠᠨ ᠳ᠋ᠦᠩᠨᠡᠵᠦ᠂ ᠨᠢᠭᠡᠨᠲᠡ ᠣᠯᠤᠭᠰᠠᠨ ᠦᠷ᠎ᠡ ᠪᠦᠲᠤᠮᠵᠢ ᠪᠠᠨ ᠪᠠᠬᠢᠵᠢᠬᠦᠯᠬᠦ ᠶᠢᠨ ᠰᠠᠭᠤᠷᠢᠨ ᠳᠡᠭᠡᠷ᠎ᠡ᠂  ︽ᠠᠷᠪᠠ ᠶᠢ ᠪᠦᠷᠬᠦᠬᠦᠯᠬᠦ︾ ᠠᠵᠢᠯ ᠤᠨ ᠠᠯᠬᠤᠴᠠ ᠪᠠᠨ ᠵᠣᠭᠰᠤᠯᠲᠠ ᠦᠭᠡᠢ ᠪᠠᠷᠢᠮᠳᠠᠯᠠᠵᠤ᠂ ᠪᠠᠷᠢᠮᠵᠢᠶ᠎ᠠ ᠳᠣᠷᠤᠭᠰᠢᠯᠠᠬᠤ ᠦᠭᠡᠢ᠂ ᠬᠦᠴᠤ ᠰᠤᠯᠠᠷᠠᠬᠤ ᠦᠭᠡᠢ᠂ ᠡᠷᠴᠢᠮ ᠬᠠᠰᠤᠭᠳᠠᠬᠤ ᠦᠭᠡᠢ ᠪᠠᠷ ᠡᠯ᠎ᠡ ᠵᠤᠶᠢᠯ ᠤᠨ ᠢᠨᠵᠧᠨᠧᠷᠢᠩ ᠢ ᠰᠢᠯᠭᠠᠨ ᠪᠠᠶᠢᠴᠠᠭᠠᠬᠤ ᠶᠢ  ᠳᠠᠭᠠᠭᠠᠵᠤ ᠳᠡᠶᠢᠯᠬᠦ ᠰᠠᠨᠠᠭ᠎ᠠ ᠠᠮᠤᠷ ᠢᠨᠵᠧᠨᠧᠷᠢᠩ ᠪᠣᠯᠭᠠᠵᠤ ᠪᠦᠲᠤᠭᠡᠨ ᠪᠠᠶᠢᠭᠤᠯᠤᠨ᠎ᠠ᠃
 
ᠢᠷᠡᠯᠲᠡ᠄ ᠬᠠᠶᠢᠯᠠᠰᠤ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号