ᠭᠡᠷᠰᠡᠩ ᠰᠣᠮᠣ ᠪᠦᠬᠦ ᠬᠦᠴᠤᠨ ᠢᠶᠠᠷ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2016/5/30
     ᠡᠨᠡ ᠵᠢᠯ᠂ ᠭᠡᠷᠰᠡᠩ ᠰᠣᠮᠣ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠵᠢᠯ ᠤᠨ ᠭᠤᠣᠯ ᠠᠵᠢᠯ ᠤᠨ ᠡᠭᠦᠷᠭᠡ ᠳᠤ ᠣᠷᠤᠭᠤᠯᠵᠤ᠂ ᠦᠷᠬᠦᠯᠵᠢᠯᠡᠨ ᠪᠦᠬᠦ ᠬᠦᠴᠤᠨ ᠢᠶᠠᠷ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠦᠲᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ 4 ᠰᠠᠷ᠎ᠠ ᠠᠴᠠ ᠨᠠᠰᠢ᠂ ᠰᠣᠮᠣ ᠶᠢᠨ ᠬᠦᠳᠡᠭᠡ ᠪᠠᠭᠤᠬᠤ ᠠᠵᠢᠯ ᠤᠨ ᠳᠣᠭᠤᠶᠢᠯᠠᠩ ᠲᠣᠰᠬᠤᠨ ᠳᠤ ᠣᠷᠤᠵᠤ ᠰᠠᠭᠤᠨ᠂ ᠭᠠᠴᠠᠭᠠᠨ ᠤ ᠺᠠᠲᠠᠷᠴᠤᠳ ᠲᠠᠢ ᠬᠠᠮᠲᠤ ᠲᠦᠯᠦᠪᠯᠡᠭᠡ ᠶᠢ ᠵᠦᠪᠳᠡᠯᠴᠡᠵᠤ᠂ ᠮᠠᠲ᠋ᠧᠷᠢᠶᠠᠯ ᠪᠡᠯᠡᠳᠭᠡᠵᠤ᠂ ᠠᠬᠢᠴᠠ ᠶᠢ ᠠᠳᠬᠤᠨ᠂ ᠬᠠᠭᠤᠴᠢᠨ ᠢ ᠨᠣᠷᠠᠭᠠᠵᠤ ᠰᠢᠨ᠎ᠡ ᠶᠢ ᠪᠠᠶᠢᠭᠤᠯᠬᠤ᠂ ᠮᠣᠳᠣ ᠵᠠᠶᠢᠯᠠᠵᠤ ᠣᠢ ᠪᠣᠯᠭᠠᠬᠤ ᠵᠡᠷᠭᠡ ᠰᠢᠨ᠎ᠡ ᠮᠠᠯᠵᠢᠬᠤ ᠣᠷᠣᠨ ᠤ ᠪᠦᠲᠤᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠤ᠂ ᠭᠤᠣᠯ ᠠᠵᠢᠯ ᠢ ᠨᠠᠶᠢᠲᠠᠪᠦᠷᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃      ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠬᠦᠯᠬᠦ ᠶᠢ ᠪᠠᠲᠤᠯᠠᠬᠤ ᠶᠢᠨ ᠲᠦᠯᠦᠭᠡ᠂ ᠰᠣᠮᠣ ᠨᠠᠷᠢᠨ ᠨᠢᠭᠲᠠ ᠪᠣᠲᠠᠲᠠᠢ ᠠᠵᠢᠯ ᠤᠨ ᠲᠦᠰᠤᠯ ᠢ ᠲᠣᠭᠲᠠᠭᠠᠵᠤ᠂ ᠲᠤᠰᠬᠤᠨ ᠢᠶᠠᠷ ᠨᠢᠭᠡᠴᠢ ᠪᠣᠯᠭᠠᠨ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠦᠲᠤᠭᠡᠨ ᠪᠠᠶᠢᠭᠤᠯᠤᠯᠲᠠ ᠶᠢᠨ ᠳᠠᠩᠰᠠ ᠡᠪᠭᠡᠮᠡᠯ ᠢ ᠪᠠᠶᠢᠭᠤᠯᠵᠤ᠂ ᠠᠵᠢᠯ ᠤᠨ ᠬᠤᠭᠤᠴᠠᠭ᠎ᠠ ᠶᠢ ᠬᠡᠳᠡᠷᠭᠦ ᠵᠢᠭᠰᠠᠭᠠᠵᠤ᠂ ᠠᠵᠢᠯ ᠮᠡᠳᠡᠭᠦᠯᠵᠤ ᠨᠡᠪᠲᠡᠷᠡᠯᠴᠠᠬᠦ ᠳᠦᠷᠢᠮ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠭᠰᠠᠨ ᠪᠦᠭᠡᠳ ᠬᠢᠨᠠᠨ ᠪᠠᠶᠢᠴᠠᠭᠠᠬᠤ ᠰᠢᠯᠭᠠᠨ ᠬᠤᠷᠢᠶᠠᠬᠤ ᠶᠢ ᠴᠢᠩᠭᠠᠳᠬᠠᠵᠤ᠂ ᠰᠡᠳᠬᠢᠯ ᠨᠢᠭᠡᠲᠤᠨ  ᠬᠦᠴᠤ ᠬᠠᠮᠳᠤᠳᠬᠠᠵᠤ ᠡᠯ᠎ᠡ ᠲᠦᠷᠤᠯ ᠤᠨ ᠠᠵᠢᠯ ᠤᠨ ᠡᠭᠦᠷᠭᠡ ᠶᠢ ᠰᠠᠶᠢᠳᠤᠷ ᠪᠡᠶᠡᠯᠡᠭᠦᠯᠦᠨ᠎ᠡ ᠭᠡᠵᠡᠢ᠃      ᠣᠳᠣ ᠪᠠᠷ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠡᠯ᠎ᠡ  ᠲᠦᠷᠤᠯ ᠤᠨ ᠠᠵᠢᠯ ᠡᠮᠬᠢ ᠳᠠᠷᠠᠭ᠎ᠠ  ᠲᠠᠢ ᠶᠠᠪᠤᠭᠳᠠᠵᠤ᠂ ᠡᠯ᠎ᠡ ᠭᠠᠴᠠᠭ᠎ᠠ ᠲᠣᠰᠬᠤᠨ ᠤ ᠣᠯᠠᠨ ᠲᠦᠮᠡᠨ ᠪᠠᠰᠠ ᠢᠳᠡᠪᠬᠢᠳᠡᠢ ᠣᠷᠤᠯᠴᠠᠵᠤ᠂ ᠦᠪᠡᠷ ᠤᠨ ᠬᠦᠷᠢᠶ᠎ᠡ ᠬᠠᠰᠢᠶ᠎ᠠ᠂ ᠭᠦᠷᠢᠶ᠎ᠡ ᠬᠡᠷᠡᠮ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠵᠤ᠂ ᠳᠡᠭᠡᠷ᠎ᠡ ᠳᠣᠣᠷ᠎ᠠ ᠰᠠᠯᠠᠭ᠎ᠠ ᠮᠦᠴᠢᠷ ᠬᠤᠯᠪᠤᠯᠲᠤᠨ ᠬᠦᠳᠡᠯᠦᠯᠴᠡᠭᠰᠡᠨ᠂ ᠬᠠᠮᠲᠤᠷᠠᠨ ᠬᠠᠮᠵᠢᠯᠴᠠᠵᠤ᠂ ᠣᠯᠠᠨ ᠲᠦᠮᠡᠨ ᠡᠷᠤᠭᠡ ᠪᠦᠷᠢ ᠣᠷᠤᠯᠴᠠᠵᠤ᠂ ᠬᠦᠮᠦᠨ ᠪᠦᠷᠢ ᠬᠦᠴᠤ ᠭᠠᠷᠭᠠᠵᠤ᠂ ᠬᠠᠮᠲᠤᠪᠠᠷ ᠰᠢᠨ᠎ᠡ ᠮᠠᠯᠵᠢᠬᠤ ᠣᠷᠤᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠲᠤᠭᠡᠨ ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ᠭᠡᠷᠰᠡᠩ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号