ᠰᠢᠨᠡᠰᠦ᠋ᠮ᠎ᠡ ᠰᠣᠮᠣ ᠶᠢᠨ ︽ᠠᠷᠪᠠ ᠶᠢ ᠪᠦᠷᠬᠦᠭᠦᠯᠬᠦ︾ ᠵᠡᠭᠡᠯᠢ ᠭᠤᠲᠤᠮᠵᠢ ᠶᠢ ᠬᠠᠲᠠᠷᠠᠭᠤᠯᠬᠤ ᠢᠨᠵᠧᠨᠧᠷᠢᠩ  ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2016/5/30
      5 ᠰᠠᠷ᠎ᠠ ᠶᠢᠨ 3 ᠤ ᠡᠳᠤᠷ᠂ ᠰᠢᠨᠡᠰᠦ᠋ᠮ᠎ᠡ ᠰᠣᠮᠣ ︽ᠠᠷᠪᠠ ᠶᠢ ᠪᠦᠷᠬᠦᠭᠦᠯᠬᠦ︾ ᠵᠡᠭᠡᠯᠢ ᠭᠤᠲᠤᠮᠵᠢ ᠶᠢ ᠬᠠᠲᠠᠷᠠᠭᠤᠯᠬᠤ ᠢᠨᠵᠧᠨᠧᠷᠢᠩ ᠤᠨ ᠡᠬᠢᠯᠡᠬᠦ ᠶᠣᠰᠤᠯᠠᠯ ᠶᠠᠪᠤᠭᠤᠯᠵᠤ᠂ ᠡᠨᠡ ᠵᠢᠯ ᠤᠨ ᠵᠡᠭᠡᠯᠢ ᠭᠤᠲᠤᠮᠵᠢ ᠬᠠᠲᠠᠷᠠᠭᠤᠯᠬᠤ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠠᠢ᠃ ᠰᠣᠮᠣ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ᠂ ᠪᠠᠷᠢᠯᠭ᠎ᠠ ᠶᠢᠨ ᠳᠣᠭᠤᠶᠢᠯᠠᠩ ᠤᠨ ᠳᠠᠷᠤᠭ᠎ᠠ᠂ ᠰᠣᠮᠣ ᠠᠴᠠ ᠲᠣᠮᠢᠯᠠᠵᠤ ᠭᠠᠴᠠᠭᠠᠨ  ᠳᠤ ᠪᠠᠭᠤᠭᠰᠠᠨ ᠨᠢᠭᠡᠳᠤᠭᠡᠷ ᠱᠦᠵᠢ᠂ ᠠᠵᠢᠯ ᠤᠨ ᠳᠣᠭᠤᠶᠢᠯᠠᠩ ᠪᠠ ᠬᠡᠰᠡᠭ ᠰᠣᠮᠣᠨ ᠤ ᠺᠠᠲᠠᠷᠴᠤᠳ ᠡᠬᠢᠯᠡᠬᠦ ᠶᠣᠰᠤᠯᠠᠯ ᠳᠤ ᠣᠷᠤᠯᠴᠠᠪᠠ᠃      2016ᠣᠨ ᠳᠤ᠂ ᠰᠢᠨᠡᠰᠦ᠋ᠮ᠎ᠡ ᠰᠣᠮᠣ 74.7 ᠺᠢᠯᠤᠮᠧᠲ᠋ᠧᠷ ᠲᠣᠰᠬᠤᠨ ᠳᠤ ᠨᠡᠪᠲᠡᠷᠡᠬᠦ ᠱᠦᠢᠨᠢ ᠵᠠᠮ᠂ 129.8 ᠺᠢᠯᠤᠮᠧᠲ᠋ᠧᠷ ᠵᠡᠭᠡᠯᠢ ᠭᠤᠲᠤᠮᠵᠢ ᠶᠢ ᠬᠠᠲᠠᠷᠠᠭᠤᠯᠬᠤ ᠪᠠᠷ ᠲᠦᠯᠦᠪᠯᠡᠵᠤ᠂  ᠡᠭᠦᠨ ᠤ ᠳᠣᠲᠤᠷ᠎ᠠ 28 ᠺᠢᠯᠤᠮᠧᠲ᠋ᠧᠷ ᠨᠢ ᠬᠠᠶᠢᠷ ᠴᠢᠯᠠᠭᠤᠨ ᠵᠠᠮ ᠤᠨ ᠨᠢᠭᠤᠷ ᠪᠣᠯᠤᠨ᠎ᠠ᠃ ᠵᠡᠭᠡᠯᠢ ᠭᠤᠲᠤᠮᠵᠢ ᠶᠢ ᠬᠠᠲᠠᠷᠠᠭᠤᠯᠬᠤ ᠢᠨᠵᠧᠨᠧᠷᠢᠩ ᠢ ᠪᠡᠶᠡᠯᠡᠭᠦᠯᠦᠭᠰᠡᠨ ᠤ ᠳᠠᠷᠠᠭ᠎ᠠ᠂ ᠰᠣᠮᠣᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠤᠯᠠᠮ ᠨᠢᠭᠡ ᠠᠯᠬᠤᠮ ᠰᠢᠯᠢᠳᠡᠭᠵᠢᠵᠦ᠂ 10 ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ  ᠣᠷᠤᠵᠤ ᠭᠠᠷᠬᠤ ︽ᠬᠦᠴᠢᠷ ᠠᠰᠠᠭᠤᠳᠠᠯ︾ ᠢ ᠦᠷ᠎ᠡ ᠪᠦᠲᠤᠮᠵᠢᠲᠠᠢ ᠰᠢᠢᠳᠪᠦᠷᠢᠯᠡᠬᠦ ᠪᠦᠭᠡᠳ ᠨᠣᠭᠤᠭᠠᠷᠠᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠣᠰᠬᠤᠨ ᠤ ᠳᠦᠷᠢ ᠪᠠᠶᠢᠳᠠᠯ ᠤᠨ ᠶᠡᠭᠡ ᠬᠤᠪᠢᠷᠠᠯᠲᠠ ᠶᠢ ᠳᠠᠶᠢᠴᠢᠯᠠᠵᠤ᠂ ᠠᠷᠠᠳ ᠲᠤ ᠳᠦᠭᠦᠮ ᠦᠵᠡᠬᠦᠯᠵᠦ ᠠᠰᠢᠭ ᠣᠯᠭᠤᠬᠤ ︽ᠬᠠᠮᠤᠭ ᠰᠠᠭᠦᠯᠴᠢ ᠶᠢᠨ ᠨᠢᠭᠡ ᠺᠢᠯᠤᠮᠧᠲ᠋ᠧᠷ︾ ᠢ ᠦᠨᠡᠨᠬᠦ ᠨᠡᠪᠲᠡᠷᠡᠭᠦᠯᠦᠨ᠎ᠡ᠃
 
ᠢᠷᠡᠯᠲᠡ᠄ ᠰᠢᠨᠡᠰᠦ᠋ᠮ᠎ᠡ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号