ᠬᠠᠶᠢᠯᠠᠰᠤ ᠪᠠᠯᠭᠠᠰᠤ ︽ᠭᠤᠷᠪᠠᠨ ᠠᠷᠭ᠎ᠠ ᠪᠠᠷᠢᠯ︾ ᠢᠶᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2016/5/30
      ᠪᠠᠯᠭᠠᠰᠤ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠢ ᠰᠠᠶᠢᠳᠤᠷ ᠠᠳᠬᠤᠬᠤ ᠶᠢᠨ ᠲᠦᠯᠦᠭᠡ᠂ ᠬᠠᠶᠢᠯᠠᠰᠤ ᠪᠠᠯᠭᠠᠰᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠪᠤᠷ ᠢᠶᠠᠨ ᠰᠠᠶᠢᠵᠢᠷᠠᠭᠤᠯᠵᠤ ᠰᠠᠬᠢᠯᠭ᠎ᠠ ᠪᠠᠨ ᠴᠢᠩᠭᠠᠳᠬᠠᠵᠤ᠂ ᠣᠪᠤᠷ ᠰᠤᠷᠲᠠᠯ ᠲᠦᠪ ᠴᠢᠭᠡᠴᠢ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠢᠳᠡᠪᠬᠢᠲᠡᠢ ᠪᠣᠢ ᠪᠣᠯᠭᠠᠵᠠᠢ᠃      ᠨᠢᠭᠡ᠂ ᠵᠣᠬᠢᠶᠠᠨ ᠪᠠᠶᠢᠭᠤᠯᠤᠯᠲᠠ ᠶᠢᠨ ᠤᠲᠤᠷᠢᠳᠤᠯᠭ᠎ᠠ ᠶᠢ ᠴᠢᠩᠭᠠᠳᠬᠠᠪᠠ᠃ ᠪᠠᠯᠭᠠᠰᠤ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠤᠲᠤᠷᠢᠳᠬᠤ ᠳᠣᠭᠤᠶᠢᠯᠠᠩ ᠪᠠ  ᠨᠠᠮ ᠤᠨ ᠲᠦᠯᠦᠭᠡᠯᠡᠭᠴᠢᠳ ᠤᠨ ᠬᠤᠷᠠᠯ ᠤᠨ ᠲᠦᠯᠦᠭᠡᠯᠡᠭᠴᠢ ᠶᠢ ᠬᠢᠨᠠᠨ ᠪᠠᠶᠢᠴᠠᠭᠠᠬᠤ ᠳᠣᠭᠤᠶᠢᠯᠠᠩ ᠢ ᠪᠠᠶᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠲᠦᠰᠤᠯ ᠪᠠ ᠲᠦᠯᠦᠭᠡᠯᠡᠭᠴᠢ ᠶᠢ ᠰᠤᠩᠭᠤᠬᠤ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠶᠢ ᠬᠡᠷᠡᠭᠵᠢᠭᠦᠯᠬᠦ ᠲᠦᠰᠤᠯ ᠢ ᠰᠣᠳᠤᠯᠤᠨ ᠲᠣᠭᠲᠠᠭᠠᠵᠤ᠂ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠪᠠ᠃      ᠬᠤᠶᠠᠷ᠂ ᠰᠤᠷᠤᠯᠴᠠᠯᠭ᠎ᠠ ᠬᠦᠮᠦᠵᠢᠯ ᠤᠨ ᠵᠢᠯᠤᠭᠤᠳᠤᠯᠭ᠎ᠠ ᠶᠢ ᠴᠢᠩᠭᠠᠳᠬᠠᠪᠠ᠃ ︽ᠰᠤᠷᠤᠯᠴᠠᠨ ᠬᠦᠮᠦᠵᠢᠭᠦᠯᠬᠦ ᠤᠷᠢᠳᠠᠪᠠᠷ᠂ ᠰᠡᠷᠡᠮᠵᠢᠯᠡᠬᠦᠯᠬᠦ ᠤᠷᠢᠳᠠᠪᠠᠷ᠂ ᠰᠡᠷᠭᠡᠶᠢᠯᠡᠬᠦ ᠤᠷᠢᠳᠠᠪᠠᠷ︾ ᠠᠵᠢᠯ ᠤᠨ ᠱᠠᠭᠠᠷᠳᠠᠯᠭ᠎ᠠ ᠶᠢ ᠪᠠᠷᠢᠮᠳᠠᠯᠠᠨ᠂ ᠲᠤᠰᠬᠠᠢ ᠰᠡᠳᠤᠪᠲᠤ ᠰᠤᠷᠤᠯᠴᠠᠯᠭ᠎ᠠ᠂ ︽ ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾  ᠰᠤᠷᠤᠯᠴᠠᠯᠭ᠎ᠠ ᠬᠦᠮᠤᠵᠢᠯ ᠵᠡᠷᠭᠡ ᠬᠡᠯᠪᠡᠷᠢ ᠪᠠᠷ ᠳᠠᠮᠵᠢᠵᠤ᠂ ᠬᠤᠶᠠᠷ ᠱᠠᠲᠤᠨ ᠤ ᠤᠳᠤᠷᠢᠳᠬᠤ ᠪᠠᠭ ᠪᠠ ᠨᠠᠮ ᠤᠨ ᠭᠡᠰᠢᠬᠦᠨ ᠺᠠᠲᠠᠷᠴᠤᠳ ᠵᠢᠴᠢ ᠬᠤᠭᠤᠴᠠᠭ᠎ᠠ ᠰᠣᠯᠢᠬᠤ ᠳᠤ ᠣᠷᠤᠯᠴᠠᠭᠰᠠᠨ ᠬᠤᠯᠪᠤᠭᠳᠠᠯ ᠪᠦᠬᠦᠢ ᠬᠦᠮᠤᠰ ᠢ ᠵᠣᠬᠢᠶᠠᠨ ᠪᠠᠶᠢᠭᠤᠯᠵᠤ᠂ ᠺᠠᠲᠠᠷ ᠢ ᠰᠤᠩᠭᠤᠵᠤ ᠬᠡᠷᠡᠭᠯᠡᠬᠦ᠂ ᠬᠤᠭᠤᠴᠠᠭ᠎ᠠ ᠰᠣᠯᠢᠵᠤ ᠰᠤᠩᠭᠤᠬᠤ ᠠᠵᠢᠯ ᠤᠨ ᠲᠦᠷᠤ ᠶᠢᠨ ᠪᠣᠳᠤᠯᠭ᠎ᠠ ᠪᠠ ᠬᠠᠥᠯᠢ ᠴᠠᠭᠠᠵᠠ ᠬᠠᠥᠯᠢ ᠳᠦᠷᠢᠮ ᠢ ᠭᠦᠨᠵᠡᠭᠡᠢ ᠰᠤᠷᠤᠯᠴᠠᠵᠤ᠂ ᠬᠤᠨᠠᠨ ᠡᠾᠧᠩᠶᠠᠩ ᠤᠨ ᠰᠤᠩᠭᠤᠯᠲᠠ ᠶᠢ ᠡᠪᠳᠡᠭᠰᠡᠨ ᠬᠡᠷᠡᠭ᠂ ᠰᠧᠴᠤᠸᠠᠨ ᠨᠠᠨᠴᠤᠩ ᠤᠨ ᠬᠡᠬᠡᠯᠢ ᠲᠦᠯᠬᠢᠵᠤ ᠫᠢᠶᠣᠣ ᠣᠯᠤᠭᠰᠠᠨ ᠬᠡᠷᠡᠭ ᠢ ᠰᠤᠷᠤᠯᠴᠠᠵᠤ᠂ ᠲᠡᠭᠦᠨ ᠢᠶᠠᠷ ᠰᠡᠷᠡᠮᠵᠢ ᠪᠣᠯᠭᠠᠨ᠂ ︽ ᠶᠢᠰᠤᠨ ᠡᠷᠡᠰ ᠴᠠᠭᠠᠵᠠᠯᠠᠬᠤ︾ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠦᠮᠦᠨ ᠤ ᠰᠡᠳᠬᠢᠯ ᠳᠤ ᠭᠦᠨ ᠰᠠᠭᠤᠭᠳᠠᠬᠤ ᠶᠢ ᠪᠠᠲᠤᠯᠠᠨ᠎ᠠ᠃      ᠭᠤᠷᠪᠠ᠂ ᠬᠢᠨᠠᠯᠲᠠ ᠲᠠᠯᠪᠢᠵᠤ ᠪᠠᠶᠢᠴᠠᠭᠠᠨ ᠭᠠᠷᠭᠠᠬᠤ ᠶᠢ ᠴᠢᠩᠭᠠᠳᠬᠠᠪᠠ᠃ ᠪᠦᠬᠦ ᠨᠠᠮ ᠤᠨ ᠭᠡᠰᠢᠭᠦᠨ  ᠺᠠᠲᠠᠷᠴᠤᠳ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠡᠷᠡᠰ ᠰᠠᠬᠢᠬᠤ︾ ᠭᠤᠣᠯ ᠰᠡᠲᠤᠪ ᠤᠨ ᠲᠣᠭᠤᠷᠢᠨ ᠳᠤ ᠠᠮᠠᠯᠠᠯᠲᠠ ᠲᠣᠭᠲᠠᠨ᠎ᠠ᠃ ᠬᠤᠭᠤᠴᠠᠭ᠎ᠠ ᠰᠣᠯᠢᠬᠤ ᠠᠵᠢᠯ ᠤᠨ ᠪᠦᠬᠦ ᠶᠠᠪᠤᠴᠠ ᠳᠤ ᠦᠷᠬᠦᠯᠵᠢᠯᠡᠭᠰᠡᠨ ᠡᠷᠡᠰ ᠴᠢᠩᠭ᠎ᠠ ᠬᠢᠨᠠᠯᠲᠠ ᠲᠠᠯᠪᠢᠵᠤ᠂ ᠺᠠᠲᠠᠷ ᠨᠡᠷ᠎ᠡ ᠳᠤᠷᠠᠳᠴᠤ ᠰᠤᠩᠭᠤᠨ ᠲᠠᠨᠢᠯᠴᠠᠭᠤᠯᠬᠤ᠂ ᠵᠣᠬᠢᠶᠠᠨ ᠪᠠᠶᠢᠭᠤᠯᠤᠯᠲᠠ ᠠᠴᠠ ᠰᠢᠯᠭᠠᠨ ᠪᠠᠶᠢᠴᠠᠭᠠᠬᠤ᠂ ᠬᠡᠷᠡᠭᠯᠡᠬᠦ ᠨᠡᠶᠢᠲᠡᠯᠡᠯ ᠪᠠ ᠵᠢᠩᠬᠢᠨᠢ ᠪᠠᠷ ᠰᠤᠩᠭᠤᠬᠤ ᠵᠡᠷᠭᠡ ᠶᠠᠪᠤᠴᠠ ᠪᠦᠷᠢ ᠳᠤ ᠨᠠᠶᠢᠲᠠᠪᠦᠷᠢᠵᠢᠭᠤᠯᠤᠨ᠎ᠠ᠃ ᠰᠠᠨᠠᠯ ᠬᠤᠷᠢᠶᠠᠬᠤ ᠬᠠᠶᠢᠷᠴᠠᠭ ᠪᠠ ᠢᠯᠡᠴᠢᠯᠡᠨ ᠮᠡᠳᠡᠭᠦᠯᠬᠦ ᠤᠲᠠᠰᠤ ᠶᠢ ᠪᠠᠶᠢᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠵᠠᠮ ᠢ ᠨᠡᠪᠲᠡᠷᠡᠭᠦᠯᠦᠨ᠎ᠡ᠃ ᠠᠰᠠᠭᠤᠳᠠᠯ ᠢ ᠰᠡᠷᠡᠵᠤ ᠮᠡᠳᠡᠪᠡᠯ ᠬᠤᠷᠳᠤᠨ ᠬᠠᠷᠢᠭᠤ ᠳᠤᠰᠬᠠᠯ ᠦᠭᠴᠦ᠂ ᠴᠠᠭ ᠲᠣᠬᠠᠢ ᠳᠤᠨᠢ ᠪᠠᠶᠢᠴᠠᠭᠠᠨ ᠭᠠᠷᠭᠠᠵᠤ᠂ ᠡᠷᠡᠰ ᠴᠢᠩᠭ᠎ᠠ ᠰᠢᠢᠳᠪᠦᠷᠢᠯᠡᠨ᠎ᠡ᠃      ᠪᠠᠶᠢᠴᠠᠭᠠᠵᠤ ᠭᠠᠷᠭᠠᠭᠰᠠᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠦᠷᠢᠴᠡᠭᠰᠡᠨ ᠬᠡᠷᠡᠭ ᠢ ᠴᠠᠭ ᠲᠣᠬᠠᠢ ᠳᠤᠨᠢ ᠨᠡᠶᠢᠲᠡᠯᠡᠨ ᠢᠯᠡᠴᠢᠯᠡᠵᠤ᠂ ᠬᠠᠵᠠᠭᠤ ᠳᠠᠬᠢ ᠬᠡᠷᠡᠭ  ᠤᠴᠢᠷ ᠢᠶᠠᠷ ᠬᠠᠵᠠᠭᠤ ᠶᠢᠨ ᠬᠦᠮᠦᠨ ᠢᠶᠠᠨ ᠵᠢᠭᠠᠨ ᠰᠤᠷᠭᠠᠵᠤ᠂ ᠪᠠᠶᠢᠴᠠᠭᠠᠨ ᠭᠠᠷᠭᠠᠬᠤ ᠶᠢᠨ ᠰᠦᠷ ᠬᠦᠴᠦᠨ ᠢ ᠦᠨᠡᠨᠬᠦ ᠪᠠᠳᠠᠷᠠᠭᠤᠯᠵᠤ᠂ ᠴᠢᠩᠭ᠎ᠠ ᠬᠠᠲᠠᠭᠤ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠬᠡᠪ ᠰᠤᠷᠲᠠᠯ ᠢ ᠰᠠᠶᠢᠵᠢᠷᠠᠭᠤᠯᠪᠠ᠃
 
ᠢᠷᠡᠯᠲᠡ᠄ ᠬᠠᠶᠢᠯᠠᠰᠤ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号