ᠬᠠᠶᠢᠯᠠᠰᠤ ᠪᠠᠯᠭᠠᠰᠤ ︽ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠤᠨ ᠠᠵᠢᠯᠯᠠᠭᠠᠨ ᠢ  ᠯᠠᠪᠳᠠᠭᠤᠨ ᠦᠷᠨᠢᠭᠦᠯᠪᠡ
ᠨᠡᠶᠢᠲᠡᠯᠡᠭᠰᠡᠨ ᠴᠠᠭ᠄
2016/5/30
    ︽ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠤᠵᠢᠯ ᠤᠨ ᠠᠵᠢᠯᠯᠠᠭᠠᠨ ᠢ ᠦᠷᠨᠢᠭᠦᠯᠦᠭᠰᠡᠨ ᠠᠴᠠ ᠨᠠᠰᠢ᠂ ᠬᠠᠶᠢᠯᠠᠰᠤ ᠪᠠᠯᠭᠠᠰᠤ ᠦᠨᠳᠤᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠦᠨᠳᠤᠷ ᠴᠢᠨᠠᠷ ᠢ ᠪᠠᠷᠢᠮᠳᠠᠯᠠᠵᠤ ᠰᠤᠷᠤᠯᠴᠠᠯᠭ᠎ᠠ ᠬᠦᠮᠤᠵᠢᠯ ᠤᠨ ᠠᠵᠢᠯᠯᠠᠭᠠᠨ ᠢ ᠲᠦᠯᠬᠢᠨ ᠠᠬᠢᠭᠤᠯᠵᠤ᠂ ᠪᠦᠬᠦ ᠨᠠᠮ ᠤᠨ ᠭᠡᠰᠢᠭᠦᠨ ᠤ ᠳᠤᠮᠳᠠ ︽ᠨᠠᠮ ᠤᠨ ᠳᠦᠷᠢᠮ ᠲᠣᠭᠲᠠᠭᠠᠯ ᠢ ᠰᠤᠷᠤᠯᠴᠠᠵᠤ᠂ ᠰᠢᠷᠢᠰ ᠶᠠᠷᠢᠶ᠎ᠠ ᠶᠢ ᠰᠤᠷᠤᠯᠴᠠᠵᠤ᠂  ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠦᠷᠨᠢᠯᠲᠡ ᠶᠢ ᠰᠡᠭᠦᠪᠡ᠃      ᠨᠢᠭᠡ᠂ ᠨᠠᠮ ᠤᠨ ᠭᠡᠰᠢᠭᠦᠨ ᠺᠠᠲᠠᠷᠴᠤᠳ ᠤᠨ ︽ᠦᠪᠡᠷ ᠢᠶᠠᠨ ᠰᠤᠷᠤᠯᠴᠠᠬᠤ︾ ᠠᠵᠢᠯᠯᠠᠭᠠᠨ ᠢ ᠦᠷᠨᠢᠭᠦᠯᠪᠡ ᠃ ᠰᠣᠮᠣ ᠶᠢᠨ ᠨᠠᠮ ᠤᠨ ᠬᠤᠷᠢᠶ᠎ᠠ ︽︿ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ﹀ ᠰᠤᠷᠤᠯᠴᠠᠭ᠎ᠠ ᠬᠦᠮᠤᠵᠢᠯ ᠤᠨ ᠠᠵᠢᠯᠯᠠᠭᠠᠨ ᠤ ᠲᠦᠰᠣᠯ︾ ᠪᠠ ᠰᠤᠷᠤᠯᠴᠠᠬᠤ ᠲᠦᠯᠦᠪᠯᠡᠭᠡ ᠶᠢ ᠳᠠᠷᠤᠮᠯᠠᠨ ᠲᠠᠷᠬᠠᠭᠠᠵᠤ᠂ ᠪᠦᠬᠦ ᠪᠠᠯᠭᠠᠰᠤ ᠶᠢᠨ ᠨᠠᠮ ᠤᠨ ᠭᠡᠰᠢᠭᠦᠨ ᠺᠠᠲᠠᠷᠴᠤᠳ  ᠬᠤᠪᠢᠨ ᠤ ᠠᠵᠢᠯ ᠤᠨ ᠪᠣᠲᠠᠲᠠᠢ ᠪᠠᠶᠢᠳᠠᠯ  ᠲᠠᠢ ᠪᠠᠨ ᠤᠶᠠᠯᠳᠤᠭᠤᠯᠵᠤ᠂ ᠦᠪᠡᠷ ᠢᠶᠠᠨ ᠰᠤᠷᠤᠯᠴᠠᠬᠤ ᠠᠵᠢᠯᠯᠠᠭᠠᠨ ᠢ ᠦᠷᠨᠢᠭᠦᠯᠵᠦ᠂ ᠦᠰᠦᠭ ᠵᠣᠷᠪᠤᠰ ᠳᠠᠷᠠᠭᠠᠯᠠᠨ ᠨᠠᠮ ᠤᠨ ᠳᠦᠷᠢᠮ ᠲᠣᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠠᠳᠬᠤᠵᠤ ᠲᠣᠭᠲᠠᠭᠰᠠᠨ ᠠᠭᠤᠯᠠᠭᠳᠠᠬᠤᠨ ᠢ ᠣᠨᠤᠪᠴᠢᠲᠠᠢ ᠣᠶᠢᠯᠠᠭᠠᠵᠤ᠂ ᠨᠠᠮ ᠤᠨ ᠳᠦᠷᠢᠮ ᠲᠣᠭᠲᠠᠭᠠᠯ ᠢ ᠰᠡᠳᠬᠢᠯ ᠳᠡᠭᠡᠨ ᠦᠯᠡᠳᠡᠭᠡᠵᠤ᠂ ᠠᠵᠢᠯᠯᠠᠭᠠᠨ ᠳᠠᠭᠠᠨ ᠢᠯᠡᠷᠡᠭᠦᠯᠵᠦ᠂ ᠠᠵᠢᠯ  ᠳᠠᠭᠠᠨ ᠨᠠᠶᠢᠲᠠᠪᠦᠷᠢᠵᠢᠭᠤᠯᠵᠤ᠂ ᠪᠣᠲᠠᠲᠠᠢ ᠤᠶᠢᠯᠡ ᠠᠵᠢᠯᠯᠠᠭ᠎ᠠ ᠪᠠᠷ ᠢᠶᠠᠨ ᠨᠠᠮ ᠤᠨ ᠳᠦᠷᠢᠮ ᠲᠣᠭᠲᠠᠭᠠᠯ ᠢ ᠣᠨᠤᠪᠴᠢᠲᠠᠢ ᠲᠠᠶᠢᠯᠪᠦᠷᠢᠯᠠᠵᠤ᠂ ᠣᠯᠠᠨ ᠲᠦᠮᠡᠨ ᠳᠤ ᠠᠵᠢᠯᠯᠠᠭ᠎ᠠ ᠪᠠ ᠬᠤᠪᠢᠷᠠᠯᠲᠠ ᠪᠠᠨ ᠦᠵᠡᠭᠦᠯᠵᠦ᠂ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ᠎ᠠ᠃      ᠬᠤᠶᠠᠷ᠂ ᠪᠠᠯᠭᠠᠰᠤ ᠶᠢᠨ ᠨᠠᠮ ᠤᠨ ᠬᠤᠷᠢᠶᠠᠨ ᠤ ᠪᠠᠭ ︽ᠳᠠᠭᠠᠭᠤᠯᠵᠤ ᠰᠤᠷᠤᠯᠴᠠᠬᠤ︾ ᠠᠵᠢᠯᠯᠠᠭᠠᠨ ᠢ ᠦᠷᠨᠢᠭᠦᠯᠪᠡ᠃ ᠪᠠᠯᠭᠠᠰᠤ ᠶᠢᠨ ᠨᠠᠮ ᠤᠨ ᠬᠤᠷᠢᠶ᠎ᠠ ᠨᠠᠮ ᠤᠨ ᠭᠡᠰᠢᠭᠦᠨ ᠺᠠᠲᠠᠷᠴᠤᠳ ᠢ ᠵᠣᠬᠢᠶᠠᠨ ᠪᠠᠶᠢᠭᠤᠯᠵᠤ ᠨᠠᠮ ᠤᠨ ᠳᠦᠷᠢᠮ ᠲᠣᠭᠲᠠᠭᠠᠯ ᠢ ᠲᠦᠪᠯᠡᠷᠡᠨ  ᠰᠤᠷᠤᠯᠴᠠᠭᠤᠯᠵᠤ᠂  ᠨᠠᠮ ᠤᠨ ᠬᠤᠷᠢᠶᠠᠨ ᠤ ᠱᠦᠵᠢ ᠨᠠᠮ ᠤᠨ ︽ᠳᠦᠷᠢᠮ ᠲᠣᠭᠲᠠᠭᠠᠯ︾ ︽ᠳᠦᠷᠢᠮ︾ ᠢ ᠲᠠᠶᠢᠯᠪᠦᠷᠢᠯᠠᠵᠤ᠂ ᠬᠤᠰᠢᠭᠤᠨ ᠤ ᠤᠬᠠᠭᠤᠯᠬᠤ ᠬᠡᠯᠲᠡᠰ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢᠯᠠᠭᠴᠢᠳ ᠤᠨ ᠪᠦᠯᠬᠦᠮ ᠢ ᠤᠷᠢᠵᠤ “ᠨᠠᠮ ᠤᠨ ᠳᠦᠷᠢᠮ ᠲᠣᠭᠲᠠᠭᠠᠯ”ᠪᠠ ᠰᠢᠷᠢᠰ ᠶᠠᠷᠢᠶ᠎ᠠ ᠶᠢ  ᠲᠠᠶᠢᠯᠪᠦᠷᠢᠯᠠᠭᠤᠯᠤᠵᠠᠢ᠃ ᠨᠠᠮ ᠤᠨ ᠡᠭᠦᠷ  ᠪᠦᠷᠢ ᠸᠡᠶᠢᠴᠠᠲ ᠤᠨ ᠪᠦᠯᠦᠭ ᠪᠠᠶᠢᠭᠤᠯᠵᠤ᠂ ᠪᠠᠯᠭᠠᠰᠤ ᠶᠢᠨ ᠰᠤᠷᠤᠯᠴᠠᠬᠤ ᠭᠤᠣᠯᠯᠠᠭᠴᠢ ᠳᠣᠭᠤᠶᠢᠯᠠᠩ ᠠᠴᠠ ᠲᠣᠭᠲᠠᠭᠰᠠᠨ ᠬᠤᠭᠤᠴᠠᠭ᠎ᠠ ᠲᠠᠢ ᠪᠠᠷ ︽ᠳᠦᠷᠢᠮ︾ ᠪᠠ ︽ᠲᠣᠭᠲᠠᠭᠠᠯ︾ ᠵᠡᠷᠭᠡ ᠶᠢᠨ ᠮᠣᠩᠭᠤᠯ ᠢᠶᠠᠷ ᠣᠷᠴᠢᠭᠤᠯᠤᠭᠰᠠᠨ ᠠᠭᠤᠯᠭ᠎ᠠ ᠶᠢ ᠶᠠᠪᠤᠭᠤᠯᠤᠨ᠎ᠠ᠃ ᠤᠳᠤᠷᠢᠳᠤᠯᠭ᠎ᠠ ᠳᠠᠭᠠᠭᠤᠯᠤᠨ ᠰᠤᠷᠤᠯᠴᠠᠵᠤ᠂ ᠪᠦᠬᠦ ᠪᠠᠯᠭᠠᠰᠤᠨ  ᠤ ᠨᠠᠮ ᠤᠨ ᠭᠡᠰᠢᠭᠦᠨ ᠺᠠᠲᠠᠷᠴᠤᠳ ᠤᠨ ︽ᠳᠦᠷᠢᠮ︾ ᠪᠠ ︽ᠲᠣᠭᠲᠠᠭᠠᠯ︾ ᠢ ᠦᠨᠡᠨ ᠰᠤᠷᠬᠤ᠂ ᠦᠨᠡᠨ ᠣᠶᠢᠯᠠᠭᠠᠬᠤ᠂ ᠦᠨᠡᠨ ᠬᠡᠷᠡᠭᠯᠡᠬᠦ ᠶᠢ ᠵᠢᠯᠤᠭᠤᠳᠴᠤ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠰᠡᠳᠬᠢᠯ ᠳᠡᠭᠡᠨ ᠰᠠᠭᠤᠯᠭᠠᠵᠤ᠂ ᠤᠶᠢᠯᠡ ᠠᠵᠢᠯᠯᠠᠭᠠᠨ ᠳᠠᠭᠠᠨ ᠣᠷᠤᠭᠤᠯᠵᠤ᠂ ︽ᠳᠦᠷᠢᠮ︾ ᠪᠠ ︽ᠲᠣᠭᠲᠠᠭᠠᠯ︾ ᠤᠨ ᠱᠠᠭᠠᠷᠳᠠᠯᠭ᠎ᠠ ᠶᠢ ᠵᠠᠪᠠᠯ ᠦᠨᠳᠤᠰᠤᠯᠡᠵᠤ᠂ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ᠎ᠠ᠃      ᠭᠤᠷᠪᠠ᠂ ︽ᠰᠤᠷᠤᠯᠴᠠᠬᠤ ᠶᠢ ᠠᠬᠢᠭᠤᠯᠬᠤ︾ ᠲᠤᠰᠬᠠᠢ ᠠᠵᠢᠯᠯᠠᠭᠠᠨ ᠦᠷᠨᠢᠭᠦᠯᠪᠡ  ᠃ ᠪᠠᠯᠭᠠᠰᠤᠨ ᠤ ᠨᠠᠮ ᠤᠨ ᠬᠤᠷᠢᠶ᠎ᠠ  ︽ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ  ︾ ᠠᠵᠢᠯᠯᠠᠭᠠᠨ ᠦᠷᠨᠢᠭᠦᠯᠬᠦ ᠶᠢ 2016 ᠣᠨ ᠤ ᠨᠠᠮ ᠤᠨ ᠭᠡᠰᠢᠭᠦᠨ ᠺᠠᠲᠠᠷᠴᠤᠳ ᠤᠨ ᠰᠤᠷᠤᠯᠴᠠᠯᠭ᠎ᠠ ᠬᠦᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ︽︿ᠬᠤᠶᠠᠷ ᠢ ᠰᠤᠷᠤᠯᠴᠠᠵᠤ ᠨᠢᠭᠡ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ﹀ ᠬᠦᠮᠦᠵᠢᠭᠦᠯᠬᠦ ᠶᠢ ᠬᠡᠷᠡᠭᠵᠢᠭᠦᠯᠬᠦ ᠲᠦᠰᠤᠯ︾ ᠢ ᠳᠣᠷᠤᠭᠰᠢ ᠲᠠᠷᠬᠠᠭᠠᠵᠤ᠂ ᠡᠯ᠎ᠡ ᠨᠠᠮ ᠤᠨ ᠡᠭᠦᠷ ᠪᠠᠰᠠ ᠵᠠᠯᠭᠠᠯᠳᠤᠭ᠎ᠠ ᠪᠠᠷ ᠨᠠᠷᠢᠨ ᠨᠢᠭᠲᠠ ᠰᠤᠷᠤᠯᠴᠠᠬᠤ ᠲᠦᠯᠦᠪᠯᠡᠭᠡ ᠶᠢ ᠲᠣᠭᠲᠠᠭᠠᠵᠤ᠂ ᠨᠠᠮ ᠤᠨ ᠳᠦᠷᠢᠮ ᠲᠣᠭᠲᠠᠭᠠᠯ᠂ ᠰᠢᠷᠢᠰ ᠶᠠᠷᠢᠶ᠎ᠠ ᠶᠢ ᠬᠢᠨᠠᠮᠠᠭᠠᠢ ᠰᠤᠷᠤᠯᠴᠠᠪᠠ᠃ ᠵᠡᠷᠭᠡᠪᠡᠷ᠂ ᠪᠠᠯᠭᠠᠰᠤᠨ ᠤ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠠ ᠭᠠᠴᠠᠭ᠎ᠠ ᠨᠡᠶᠢᠭᠡᠮ ᠲᠣᠭᠤᠷᠢᠭ ᠲᠠᠢ ᠬᠠᠷᠢᠯᠴᠠᠵᠤ ᠪᠠᠶᠢᠬᠤ ᠤᠲᠤᠷᠢᠳᠤᠯᠭ᠎ᠠ ᠲᠣᠯᠤᠭᠠᠶᠢᠯᠠᠨ ᠳᠠᠭᠠᠵᠤ ᠬᠢᠨᠠᠨ ᠪᠠᠶᠢᠴᠠᠭᠠᠬᠤ᠂ ᠰᠤᠷᠤᠯᠴᠠᠭᠰᠠᠨ ᠲᠡᠮᠲᠡᠭᠯᠡᠯ᠂ ᠣᠯᠤᠯᠲᠠ ᠵᠡᠷᠭᠡ ᠳᠤ ᠴᠠᠭ ᠲᠣᠬᠠᠢ ᠳᠤᠨᠢ ᠪᠠᠶᠢᠴᠠᠭᠠᠯᠲᠠ ᠬᠢᠬᠦ ᠶᠢ ᠦᠷᠨᠢᠭᠦᠯᠵᠤ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠰᠤᠷᠤᠯᠴᠠᠯᠭ᠎ᠠ ᠶᠢ ᠲᠣᠣᠱᠯᠠᠭᠤᠯᠤᠭᠰᠠᠨ ᠪᠠᠶᠢᠳᠠᠯ ᠢ ᠴᠠᠭ ᠲᠣᠬᠠᠢ ᠳᠤᠨᠢ ᠣᠶᠢᠯᠠᠭᠠᠨ ᠡᠵᠡᠮᠰᠢᠵᠤ᠂ ᠴᠠᠭ ᠲᠣᠬᠠᠢ ᠳᠤᠨᠢ ᠲᠣᠷᠰᠢᠯᠭ᠎ᠠ ᠬᠢᠳᠡᠯ ᠢᠶᠠᠨ ᠨᠡᠪᠲᠡᠷᠡᠯᠴᠡᠵᠤ᠂ ᠰᠤᠷᠤᠯᠴᠠᠯᠭ᠎ᠠ ᠶᠢ ᠲᠣᠣᠱᠯᠠᠭᠤᠯᠵᠤ ᠠᠵᠢᠯ ᠢ  ᠨᠠᠶᠢᠲᠠᠪᠦᠷᠢᠵᠢᠭᠤᠯᠬᠤ ᠶᠢ ᠲᠦᠯᠬᠢᠨ ᠠᠬᠢᠭᠤᠯᠵᠤ᠂  ︽ᠰᠤᠷᠤᠯᠴᠠᠬᠤ ᠶᠢ ᠠᠬᠢᠭᠤᠯᠬᠤ︾ ᠪᠠᠷ ᠪᠦᠬᠦ  ᠪᠠᠯᠭᠠᠰᠤᠨ ᠤ ᠨᠠᠮ ᠤᠨ ᠭᠡᠰᠢᠭᠦᠨ ᠺᠠᠲᠠᠷᠴᠤᠳ ᠢ ᠬᠢᠷᠢ ᠲᠡᠩᠴᠡᠭᠰᠡᠨ ᠨᠠᠮ ᠤᠨ ᠭᠡᠰᠢᠭᠦᠨ ᠤ ᠪᠠᠷᠢᠮᠵᠢᠶ᠎ᠠ ᠪᠠ ᠱᠠᠭᠠᠷᠳᠠᠯᠭ᠎ᠠ ᠳᠤ ᠬᠦᠷᠭᠡᠬᠦ ᠪᠠᠷ ᠬᠦᠴᠤᠯᠡᠨ ᠠᠬᠢᠭᠤᠯᠤᠨ᠎ᠠ᠃
 
ᠢᠷᠡᠯᠲᠡ᠄ ᠬᠠᠶᠢᠯᠠᠰᠤ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号