ᠡᠨᠡ ᠵᠢᠯ᠂ ᠬᠠᠶᠢᠯᠠᠰᠤ ᠪᠠᠯᠭᠠᠰᠤ ᠤᠯᠠᠮᠵᠢᠯᠠᠯᠲᠤ ᠮᠠᠯᠵᠢᠯ ᠤᠨ ᠤᠶᠢᠯᠡᠰ ᠠᠴᠠ ᠣᠳᠤᠬᠢᠴᠢᠯᠠᠭᠰᠠᠨ | ᠮᠠᠯᠵᠢᠯ ᠤᠨ ᠤᠶᠢᠯᠡᠰ ᠲᠡᠰᠢ ᠰᠢᠯᠵᠢᠬᠦ ᠠᠯᠬᠤᠴᠠ ᠶᠢ ᠲᠦᠷᠭᠡᠳᠭᠡᠵᠤ᠂ ᠬᠠᠩᠭᠠᠯᠭ᠎ᠠ ᠬᠡᠯᠪᠡᠶᠢᠬᠦ ᠪᠦᠲᠤᠴᠡ ᠶᠢᠨ | ᠴᠢᠨᠠᠷᠲᠠᠢ ᠦᠭᠡᠷᠡᠴᠢᠯᠡᠯᠲᠡ ᠶᠢ ᠬᠦᠴᠤᠯᠡᠨ ᠭᠦᠨᠵᠡᠭᠡᠶᠢᠷᠡᠭᠦᠯᠵᠤ᠂ ᠠᠮᠤ ᠪᠣᠳᠠᠭ᠎ᠠ ᠶᠢ ᠲᠡᠵᠢᠭᠡᠯ ᠪᠣᠷᠳᠤᠭ᠎ᠠ ᠪᠣᠯᠭᠠᠬᠤ | ᠢᠨᠵᠧᠨᠧᠷᠢᠩ ᠢ ᠪᠦᠬᠦ ᠬᠦᠴᠤᠨ ᠢᠶᠠᠷ ᠲᠦᠯᠬᠢᠨ ᠠᠬᠢᠭᠤᠯᠪᠠ᠃ 5000 ᠢᠯᠡᠭᠦᠦ ᠮᠦ ᠦᠨᠳᠤᠷ ᠤᠨᠠᠯᠲᠠ ᠲᠠᠢ | ᠨᠣᠭᠤᠭᠠᠨ ᠳᠠᠷᠤᠰᠢ ᠶᠢ ᠲᠠᠷᠢᠬᠤ ᠪᠠᠷ ᠲᠦᠯᠦᠪᠯᠡᠵᠤ᠂ ᠪᠠᠷᠤᠭ 3500 ᠲᠦᠮᠡ ᠺᠢᠯᠤᠭ᠍ᠷᠡᠮ ᠠᠴᠠ ᠳᠡᠭᠡᠭᠰᠢ | ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠬᠤᠷᠢᠶᠠᠵᠤ᠂ ᠲᠡᠵᠢᠭᠡᠯ ᠡᠪᠡᠰᠤ ᠪᠣᠷᠳᠤᠭ᠎ᠠ ᠳᠤᠲᠠᠬᠤ | ᠠᠰᠠᠭᠤᠳᠠᠯ ᠢ ᠬᠦᠴᠤᠨ ᠲᠠᠢ ᠰᠢᠢᠳᠪᠦᠷᠢᠯᠡᠨ᠎ᠡ᠃ ᠠᠯᠠᠰᠢᠨ ᠦᠬᠡᠷ᠂ ᠠᠯᠠᠰᠢᠨ ᠬᠤᠨᠢᠨ ᠤ ᠲᠦᠷᠤᠯ ᠵᠤᠶᠢᠯ ᠢ | ᠰᠢᠯᠢᠳᠡᠭᠵᠢᠭᠦᠯᠬᠦ ᠠᠵᠢᠯ ᠢ ᠲᠦᠯᠬᠢᠨ ᠠᠬᠢᠭᠤᠯᠵᠤ᠂ ᠪᠦᠬᠦ ᠪᠠᠯᠭᠠᠰᠤᠨ ᠤ ᠮᠠᠯ ᠤᠨᠤᠭᠠᠨ ᠤ ᠲᠦᠷᠤᠯ ᠵᠤᠶᠢᠯ ᠤᠨ | ᠰᠢᠯᠢᠳᠡᠭᠵᠢᠬᠦ ᠪᠠ ᠰᠢᠨᠡᠳᠬᠦ ᠶᠢ ᠲᠦᠯᠬᠢᠨ ᠠᠬᠢᠭᠤᠯᠵᠤ ᠠᠵᠤ ᠤᠶᠢᠯᠡᠰ ᠤᠨ ᠬᠦᠭᠵᠢᠯᠲᠡ ᠶᠢᠨ ᠬᠡᠯᠪᠡᠷᠢ ᠶᠢ | ᠬᠤᠪᠢᠷᠭᠠᠵᠤ᠂ ᠰᠢᠯᠢᠳᠡᠭ ᠪᠣᠬᠢᠷᠳᠤᠯ ᠦᠭᠡᠢ ᠦᠬᠡᠷ ᠬᠤᠨᠢᠨ ᠮᠢᠬᠠᠨ ᠤ ᠪᠦᠲᠤᠭᠡᠭᠳᠡᠭᠦᠨ ᠢ ᠬᠠᠩᠭᠠᠬᠤ | ᠴᠢᠳᠠᠪᠤᠢ ᠶᠢ ᠳᠡᠭᠡᠭᠰᠢᠯᠡᠬᠦᠯᠵᠦ᠂ ᠪᠣᠬᠢᠷᠳᠤᠯ ᠦᠭᠡᠢ ᠦᠬᠡᠷ ᠬᠤᠨᠢᠨ ᠮᠢᠬᠠᠨ ᠤ ᠨᠡᠷ᠎ᠡ ᠲᠡᠮᠳᠡᠭ ᠢ ᠪᠣᠢ ᠪᠣᠯᠭᠠᠵᠤ᠂ | ᠮᠠᠯᠴᠢᠨ ᠤ ᠠᠵᠤ ᠠᠬᠤᠢ ᠶᠢᠨ ᠣᠷᠤᠯᠭ᠎ᠠ ᠶᠢᠨ ᠳᠡᠭᠡᠭᠰᠢᠯᠡᠬᠦ ᠴᠡᠭ ᠢ ᠨᠡᠮᠡᠭᠳᠡᠭᠦᠯᠦᠨ᠎ᠡ᠃ |