ᠰᠢᠨᠡᠰᠦ᠋ᠮ᠎ᠡ ᠰᠣᠮᠣ ᠶᠢᠨ ᠭᠤᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2016/5/31
     5 ᠰᠠᠷ᠎ᠠ ᠶᠢᠨ 27 ᠤ ᠡᠳᠤᠷ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠰᠢᠨᠡᠰᠦ᠋ᠮ᠎ᠡ ᠰᠣᠮᠣ ᠶᠢᠨ ᠭᠤᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠤᠯ ᠤᠨ ᠵᠦᠪᠯᠡᠬᠦ ᠠᠯᠬᠤᠮ ᠲᠡᠭᠦᠰ  ᠠᠮᠵᠢᠯᠲᠠ ᠲᠠᠢ ᠪᠡᠶᠡᠯᠡᠭᠳᠡᠵᠦ᠂ ᠢᠯᠠᠯᠲᠠ ᠲᠠᠢ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠤᠯᠤᠰ ᠲᠦᠷᠤ ᠬᠠᠥᠯᠢ ᠴᠠᠭᠠᠵᠠ ᠶᠢᠨ ᠬᠤᠷᠢᠶᠠᠨ ᠤ ᠱᠦᠵᠢ ᠴᠡᠩᠭᠡᠯ᠂ ᠰᠣᠮᠣ ᠶᠢᠨ ᠨᠠᠮ ᠤᠨ ᠲᠦᠯᠦᠭᠡᠯᠡᠭᠴᠢᠳ ᠪᠠ ᠡᠯ᠎ᠡ ᠨᠠᠮ ᠤᠨ ᠡᠭᠦᠷ ᠤᠨ ᠲᠦᠯᠦᠭᠡᠯᠡᠭᠴᠢᠳ ᠬᠤᠷᠠᠯ ᠳᠤ ᠣᠷᠤᠯᠴᠠᠪᠠ᠃ ᠬᠤᠷᠠᠯ  ᠳᠤ ᠣᠷᠤᠯᠴᠠᠪᠠᠯ ᠵᠣᠬᠢᠬᠤ ᠲᠦᠯᠦᠭᠡᠯᠡᠭᠴᠢ ᠶᠢᠨ ᠲᠤᠭ᠎ᠠ 90 ᠨᠡᠷ᠎ᠡ᠂ ᠪᠣᠲᠠᠲᠠᠢ ᠣᠷᠤᠯᠴᠠᠭᠰᠠᠨ ᠨᠢ 82 ᠨᠡᠷ᠎ᠡ᠂ ᠲᠣᠭᠳᠠᠭᠰᠠᠨ ᠬᠦᠮᠦᠨ ᠤ ᠲᠣᠭᠠᠨ ᠳᠤ ᠨᠡᠶᠢᠴᠡᠨ᠎ᠡ᠃      ᠬᠤᠷᠠᠯ ᠳᠡᠭᠡᠷ᠎ᠡ ︽ᠳᠤᠮᠳᠠᠲᠤ  ᠤᠯᠤᠰ ᠤᠨ ᠡᠪ ᠬᠠᠮᠲᠤ ᠨᠠᠮ ᠤᠨ ᠰᠢᠨᠡᠰᠦ᠋ᠮ᠎ᠡ ᠰᠣᠮᠣ ᠶᠢᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠤᠯᠲᠡ ᠶᠢᠨ ᠲᠣᠬᠠᠢ ᠰᠢᠢᠳᠪᠦᠷᠢ︾ ᠪᠠ ︽ᠳᠤᠮᠳᠠᠲᠤ ᠤᠯᠤᠰ ᠤᠨ ᠡᠪ ᠬᠠᠮᠲᠤ ᠨᠠᠮ ᠤᠨ ᠰᠢᠨᠡᠰᠦ᠋ᠮ᠎ᠡ ᠰᠣᠮᠣ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠣᠬᠠᠢ ᠰᠢᠢᠳᠪᠦᠷᠢ︾ ᠶᠢ ᠰᠠᠨᠠᠯ ᠨᠢᠭᠡᠲᠡᠢ ᠪᠠᠷ ᠪᠠᠲᠤᠯᠠᠪᠠ᠃ ᠬᠤᠷᠠᠯ ᠠᠴᠠ ᠰᠠᠶᠢᠨᠪᠠᠲᠤ ᠨᠦᠬᠦᠷ ᠲᠤᠮᠳᠠᠲᠤ ᠤᠯᠤᠰ ᠤᠨ ᠡᠪ ᠬᠠᠮᠲᠤ ᠨᠠᠮ ᠤᠨ ᠰᠢᠨᠡᠰᠦ᠋ᠮ᠎ᠡ ᠰᠣᠮᠣ ᠶᠢᠨ ᠬᠤᠶᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢ ᠲᠦᠯᠦᠭᠡᠯᠡᠵᠦ ᠬᠢᠭᠰᠡᠨ ︽ᠰᠢᠨ᠎ᠡ ᠳᠣᠬᠢᠶᠠᠯ ᠢ ᠡᠵᠡᠮᠲᠡᠨ ᠰᠢᠨ᠎ᠡ ᠳᠠᠪᠠᠯᠲᠠ ᠶᠢ ᠪᠡᠶᠡᠯᠡᠭᠦᠯᠵᠦ ᠬᠠᠮᠲᠤ ᠪᠠᠷ ᠭᠤᠶᠣ ᠰᠠᠶᠢᠬᠠᠨ ᠪᠠᠶᠠᠨ ᠴᠢᠨᠡᠭᠡᠯᠢᠭ ᠵᠣᠬᠢᠴᠠᠩᠭᠤᠢ ᠰᠢᠨᠡᠰᠦ᠋ᠮ᠎ᠡ ᠶᠢ ᠪᠠᠶᠢᠭᠤᠯᠬᠤ ᠪᠠᠷ ᠴᠢᠷᠮᠠᠶᠢᠨ᠎ᠠ︾ ᠭᠡᠬᠦ ᠠᠵᠢᠯ ᠤᠨ ᠮᠡᠳᠡᠭᠦᠯᠦᠯᠲᠡ ᠪᠠ ᠢᠦᠢ ᠵᠤᠸᠠᠩ ᠨᠦᠬᠦᠷ ᠤᠨ ᠳᠤᠮᠳᠠᠲᠤ ᠤᠯᠤᠰ ᠤᠨ ᠡᠪ ᠬᠠᠮᠲᠤ ᠨᠠᠮ ᠤᠨ ᠰᠢᠨᠡᠰᠦ᠋ᠮ᠎ᠡ ᠰᠣᠮᠣ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ ᠶᠢ ᠲᠦᠯᠦᠭᠡᠯᠡᠵᠤ ᠬᠢᠭᠰᠡᠨ ᠠᠵᠢᠯ ᠤᠨ ᠮᠡᠳᠡᠭᠦᠯᠤᠯᠲᠡ ᠶᠢ ᠵᠦᠪᠰᠢᠶᠡᠷᠪᠡ᠃      ᠲᠤᠰ ᠤᠳᠠᠭᠠᠨ ᠤ ᠶᠡᠭᠡ ᠬᠤᠷᠠᠯ ᠳᠡᠭᠡᠷ᠎ᠡ 9 ᠨᠡᠷ᠎ᠡ ᠰᠣᠮᠣ ᠶᠢᠨ ᠨᠠᠮ ᠤᠨ ᠬᠤᠷᠢᠶᠠᠨ ᠤ ᠭᠡᠰᠢᠭᠦᠨ᠂ 5 ᠨᠡᠷ᠎ᠡ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠪᠠ 6 ᠨᠡᠷ᠎ᠡ ᠣᠩᠨᠢᠭᠤᠳ ᠬᠤᠰᠢᠭᠤᠨ ᠤ ᠠᠷᠪᠠᠨ ᠳᠦᠷᠪᠡᠳᠤᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠵᠢᠱᠢᠭᠳᠡᠭᠰᠡᠨ ᠲᠦᠯᠦᠭᠡᠯᠡᠭᠴᠢ ᠶᠢ ᠰᠤᠩᠭᠤᠨ ᠭᠠᠷᠭᠠᠵᠤ᠂ ᠤᠷᠢᠳᠴᠢᠯᠠᠨ ᠲᠣᠭᠳᠠᠭᠰᠠᠨ ᠠᠵᠢᠯ ᠤᠨ ᠡᠭᠦᠷᠭᠡ ᠪᠠᠨ ᠤᠷᠤᠭᠰᠢᠲᠠᠢ ᠪᠡᠶᠡᠯᠡᠭᠦᠯᠪᠡ᠃      ᠲᠤᠰ ᠤᠳᠠᠭᠠᠨ ᠤ ᠬᠤᠷᠠᠯ ᠢ ᠬᠤᠷᠠᠯᠳᠤᠭᠰᠠᠨ ᠨᠢ᠂ ᠰᠢᠨᠡᠰᠦ᠋ᠮ᠎ᠡ ᠰᠣᠮᠣ ᠶᠢᠨ ᠬᠦᠭᠵᠢᠯᠲᠡ ᠶᠢ ᠰᠢᠨ᠎ᠡ ᠨᠢᠭᠡ ᠲᠡᠥᠭᠡ ᠶᠢᠨ ᠡᠬᠢᠯᠡᠯᠲᠡ ᠶᠢᠨ ᠴᠡᠭ ᠲᠤ ᠵᠣᠭᠰᠤᠭᠠᠵᠤ᠂  ᠵᠢᠷᠤᠭ ᠲᠦᠯᠦᠪᠯᠡᠭᠡ ᠨᠢ ᠬᠦᠮᠤᠰ ᠢ ᠡᠷᠡᠯᠬᠡᠭᠯᠡᠨ ᠤᠷᠤᠭᠰᠢᠯᠠᠭᠤᠯᠤᠨ᠎ᠠ᠂ ᠬᠤᠰᠢᠭᠤᠨ ᠤ ᠨᠠᠮ ᠤᠨ ᠬᠤᠷᠢᠶ᠎ᠠ ᠪᠠ ᠰᠣᠮᠣ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠰᠢᠨᠡᠰᠦ᠋ᠮ᠎ᠡ ᠰᠣᠮᠣ ᠤᠯᠠᠮ ᠠᠴᠠ ᠤᠯᠠᠮ ᠰᠠᠶᠢᠨ ᠪᠣᠯᠬᠤ  ᠶᠢ ᠪᠠᠲᠤ ᠢᠲᠡᠭᠡᠵᠤ ᠪᠠᠶᠢᠨ᠎ᠠ᠃
 
ᠢᠷᠡᠯᠲᠡ᠄ ᠰᠢᠨᠡᠰᠦ᠋ᠮ᠎ᠡ ᠰᠣᠮᠣ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号