ᠨᠠᠷᠠᠨ ᠬᠤᠸᠠᠷ ᠢᠶᠠᠷ ᠪᠤᠷᠳᠤᠭ᠎ᠠ ᠬᠢᠵᠤ ᠮᠠᠯ ᠲᠠᠵᠢᠭᠡᠪᠠᠯ ᠲᠠᠷᠭᠤ ᠨᠠᠮᠡᠭᠳᠠᠨ᠎ᠠ
ᠨᠡᠶᠢᠲᠡᠯᠡᠭᠰᠡᠨ ᠴᠠᠭ᠄
2016/5/31
      ᠨᠠᠷᠠᠨ ᠬᠤᠸᠠᠷ ᠤᠨ ᠦᠷ᠎ᠠ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠨ  ᠮᠠᠯ   ᠲᠠᠵᠢᠭᠡᠪᠤᠷᠢ ᠶᠢᠨ ᠲᠠᠵᠢᠭᠡᠯ ᠪᠤᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠤᠭᠦᠯᠢᠭ   ᠤᠭᠤᠷᠠᠭ ᠤᠨ  ᠠᠭᠤᠯᠤᠭᠳᠠᠴᠠ 7% ~ 9%᠂ ᠪᠦᠳᠤᠭᠦᠯᠢᠭ ᠦᠭᠡᠭᠦ 6.5% ~ 10.5%᠂ ᠪᠦᠳᠤᠭᠦᠯᠢᠭ  ᠰᠢᠷᠭᠡᠭᠯᠢᠭ 17.7%᠂  ᠠᠽᠤᠲ  ᠦᠭᠡᠢ ᠨᠠᠪᠴᠢᠮᠡᠭᠡᠢ ᠪᠤᠳᠠᠰ 43.9%᠂ ᠵᠢᠮᠢᠰ ᠤᠨ ᠴᠠᠪᠠᠤ 2.4% ~  3%᠂ ᠡᠭᠦᠨ ᠳᠤ ᠪᠦᠳᠤᠭᠦᠯᠢᠭ ᠤᠭᠤᠷᠠᠭ ᠭᠢᠭᠡᠳ ᠠᠽᠤᠲ ᠦᠭᠡᠢ ᠨᠠᠪᠴᠢᠮᠡᠭᠡᠢ ᠪᠤᠳᠠᠰ ᠤᠨ ᠠᠭᠤᠯᠤᠭᠳᠠᠴᠠ ᠨᠢ  ᠠᠮᠤ ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃              ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠢᠭᠰᠡᠨ ᠲᠠᠯᠬ᠎ᠠ ᠪᠤᠷᠳᠤᠭ᠎ᠠ ᠶᠢᠨ ᠵᠠᠭᠤᠨ ᠺᠢᠯᠦᠭᠷᠠᠮ  ᠪᠦᠷᠢ ᠶᠢᠨ ᠰᠢᠮ᠎ᠠ ᠲᠠᠵᠢᠭᠡᠯ ᠤᠨ ᠤᠢᠷᠳᠡᠭ ᠨᠢ 60 ~ 66 ᠺᠢᠯᠦᠭᠷᠠᠮ ᠡᠷᠳᠡᠨᠢ ᠰᠢᠰᠢ ᠪᠤᠶᠤ 70 ~ 80  ᠺᠢᠯᠦᠭᠷᠠᠮ ᠠᠷᠪᠠᠢ  ᠵᠡᠷᠭᠡ  ᠨᠠᠷᠢᠯᠢᠬ ᠪᠤᠷᠳᠤᠭ᠎ᠠ ᠶᠢᠨ ᠰᠢᠮ᠎ᠠ ᠲᠠᠵᠢᠭᠡᠯ ᠤᠨ ᠦᠷᠳᠡᠭ ᠲᠠᠢ ᠠᠳᠠᠯᠢᠬᠠᠨ᠃            ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠤᠭᠤᠭᠠᠨ ᠢᠶᠠᠷ ᠲᠠᠷᠤᠰᠢᠭᠤᠯᠵᠤ  ᠪᠤᠯᠤᠨ᠎ᠠ᠂   ᠨᠤᠭᠤᠭᠠᠨ ᠢᠶᠠᠷ ᠲᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠬᠠᠨ  ᠦᠨᠤᠷ ᠲᠠᠢ᠂ ᠮᠠᠯ ᠲᠠᠵᠢᠭᠡᠪᠤᠷᠢ ᠳᠤᠩ ᠢᠳᠡᠭᠦ ᠳᠤᠷᠠᠳᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ  ᠰᠠᠭᠤᠳᠠᠯ ᠳᠤ ᠶᠡᠭᠡ ᠭᠡᠮᠵᠢᠶᠠᠨ ᠤ  ᠺᠠᠯᠼᠠᠯᠢᠬ  ᠪᠤᠳᠠᠰ  ᠪᠤᠯᠤᠨ ᠨᠠᠯᠢᠶᠠᠳ ᠠᠷᠪᠢᠨ ᠵᠢᠮᠢᠰ ᠤᠨ ᠰᠢᠭᠢᠷ  ᠠᠭᠤᠯᠤᠭᠳᠠᠬᠤ ᠪᠤᠯᠬᠤᠷ᠂ ᠨᠢᠯᠬ᠎ᠠ ᠳᠦᠯ ᠮᠠᠯ ᠪᠤᠯᠤᠨ ᠭᠡᠭᠡᠯ ᠲᠠᠢ ᠡᠬᠡ ᠮᠠᠯ ᠢ ᠲᠠᠵᠢᠭᠡᠭᠦ ᠳᠤ ᠶᠡᠭᠡ ᠳᠤᠭᠢᠷᠠᠮᠵᠢᠳᠠᠢ᠃  ᠭᠡᠷᠪᠡ ᠨᠠᠷᠠᠨ ᠬᠤᠸᠠᠷ ᠤᠨ ᠴᠡᠴᠡᠭ ᠤᠨ  ᠰᠠᠭᠤᠳᠠᠯ ᠢᠶᠠᠷ  ᠭᠠᠭ᠋ᠠᠢ  ᠲᠠᠵᠢᠭᠡᠪᠠᠯ  ᠭᠠᠭ᠋ᠠᠢ  ᠲᠠᠷᠭᠤᠯᠠᠬᠤ ᠨᠢ  ᠬᠤᠷᠳᠤᠨ ᠪᠦᠭᠡᠳ ᠪᠤᠷᠳᠤᠭᠠᠨ ᠠᠮᠤ ᠶᠢ ᠠᠷᠪᠢᠯᠠᠨ᠂ ᠭᠠᠭ᠋ᠠᠢ ᠲᠠᠵᠢᠭᠡᠭᠦ ᠦᠪᠠᠷ ᠤᠨ ᠦᠷᠳᠡᠭ ᠢ ᠪᠠᠭᠠᠰᠬᠠᠵᠤ   ᠠᠰᠢᠭ ᠨᠢ  ᠶᠡᠭᠡ ᠪᠠᠶᠢᠳᠠᠭ᠃          
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号