ᠵᠢᠷᠬᠢᠶ᠎ᠠ ᠪᠠ ᠭᠠᠷ ᠤᠳᠠᠰᠤᠨ ᠤ QQ ᠠᠰᠢᠭ ᠦᠭᠡᠢ ᠰᠤᠷᠠᠭ ᠵᠠᠩᠬᠢ ᠶᠢ ᠢᠯᠡᠴᠢᠯᠡᠭᠦ ᠰᠢᠨ᠎ᠠ ᠵᠠᠮ ᠢ ᠭᠠᠷᠭᠠᠪᠠ
ᠨᠡᠶᠢᠲᠡᠯᠡᠭᠰᠡᠨ ᠴᠠᠭ᠄
2016/5/31
    ᠲᠸᠡᠭ ᠰᠢᠶᠦ᠋ᠨ ᠺᠤᠮᠫᠠᠨᠢ ᠪᠠ 12321 ᠰᠦᠯᠵᠢᠶᠡᠨ ᠤ ᠪᠤᠬᠢᠷ ᠮᠡᠳᠡᠭᠡ ᠶᠢ ᠢᠯᠡᠴᠢᠯᠠᠨ ᠮᠡᠳᠡᠭᠦᠯᠬᠦ  ᠦᠢᠯᠡᠴᠢᠯᠡᠭᠡ ᠶᠢᠨ ᠲᠦᠪ ᠬᠤᠯᠪᠤᠭᠠᠯᠠᠨ ᠨᠡᠶᠢᠳᠡᠯᠡᠭᠰᠡᠨ ᠢᠶᠠᠷ᠂ 12321 ᠰᠦᠯᠵᠢᠶᠡᠨ ᠤ ᠪᠤᠬᠢᠷ ᠮᠡᠳᠡᠭᠡ ᠶᠢ  ᠢᠯᠡᠴᠢᠯᠠᠨ ᠮᠡᠳᠡᠭᠦᠯᠬᠦ ᠦᠢᠯᠡᠴᠢᠯᠡᠭᠡ ᠨᠢ 5 ᠰᠠᠷ ᠎ᠠ ᠶᠢᠨ 17 ᠤ ᠡᠳᠦᠷ ︵ᠳᠡᠯᠡᠭᠡᠢ ᠶᠢᠨ ᠴᠠᠬᠢᠯᠭᠠᠨ  ᠬᠤᠯᠪᠤᠭ᠎ᠠ ᠶᠢᠨ ᠡᠳᠦᠷ︶ ᠲᠤ᠂ ᠲᠸᠡᠭ ᠰᠢᠶᠦ᠋ᠨ ᠤ ︽ᠢᠨᠲ᠋ᠧᠷ ᠰᠦᠯᠵᠢᠶ᠎ᠠ + ᠬᠤᠳᠠ ᠶᠢᠨ ᠦᠢᠯᠡᠴᠢᠯᠡᠭᠡ ᠶᠢᠨ  ᠲᠡᠪᠴᠡᠩ︾ ᠳᠡᠭᠡᠷ᠎ᠠ ᠵᠢᠩᠬᠢᠨᠢ ᠪᠠᠷ ᠭᠡᠷᠡᠭᠯᠡᠭᠳᠡᠵᠤ᠂ ᠰᠦᠯᠵᠢᠶ ᠎ᠠ ᠶᠢᠨ ᠬᠡᠷᠡᠭᠯᠡᠭᠴᠢᠳ ᠲᠤᠮᠳᠠᠳᠦ ᠤᠯᠤᠰ ᠤᠨ  ᠬᠠᠮᠤᠭ ᠤᠨ ᠶᠡᠭᠡ ᠨᠡᠭᠦᠳᠡᠯ ᠨᠡᠶᠢᠭᠡᠮ ᠤᠨ ᠬᠠᠷᠢᠯᠴᠠᠭ᠎ᠠ ᠶᠢᠨ ᠲᠡᠪᠴᠡᠩ ᠪᠤᠯᠤᠭᠰᠠᠨ ᠵᠢᠷᠬᠢᠶ᠎ᠠ ᠪᠠ QQ ᠳᠡᠭᠡᠷ ᠎ᠠ  ᠪᠤᠬᠢᠷ ᠮᠡᠳᠡᠭᠡ ᠵᠠᠩᠬᠢ ᠶᠢ ᠢᠯᠡᠴᠢᠯᠡᠨ ᠮᠡᠳᠡᠭᠦᠯᠵᠤ ᠪᠤᠯᠤᠨ᠎ᠠ᠃                         ᠵᠢᠷᠬᠢᠶ᠎ᠠ ᠪᠠ ᠭᠠᠷ ᠤᠳᠠᠰᠤᠨ ᠤ QQ ᠤᠳᠤᠬᠠᠨ ᠳᠡᠭᠡᠷ ᠎ᠠ ᠪᠠᠨ ᠬᠤᠳᠠ ᠶᠢᠨ ᠦᠢᠯᠡᠴᠢᠯᠡᠭᠡ ᠶᠢᠨ 5  ᠵᠦᠢᠯ ᠤᠨ ᠢᠯᠡᠴᠢᠯᠡᠨ ᠮᠡᠳᠡᠭᠦᠯᠬᠦ ᠴᠢᠳᠠᠮᠵᠢ ᠶᠢ ᠲᠡᠮᠵᠢᠵᠤ᠂ ᠲᠤᠰᠪᠤᠷᠢ ᠪᠤᠬᠢᠷ ᠴᠠᠬᠢᠮ ᠮᠡᠳᠡᠭᠡ ᠶᠢ ᠢᠯᠡᠴᠢᠯᠡᠬᠦ᠂  ᠮᠡᠬᠡᠯᠡᠯ ᠤᠨ ᠤᠳᠠᠰᠤ ᠶᠢ ᠢᠯᠡᠴᠢᠯᠡᠬᠦ᠂ ᠬᠠᠯᠳᠠᠯᠭ᠎ᠠ ᠶᠢᠨ ᠤᠳᠠᠰᠤ ᠶᠢ ᠢᠯᠡᠴᠢᠯᠡᠬᠦ᠂ ᠬᠤᠪᠢ ᠬᠦᠮᠦᠨ ᠤ  ᠨᠢᠭᠤᠴᠠ ᠶᠢ ᠵᠠᠳᠠᠷᠠᠭᠤᠯᠤᠭᠰᠠᠨ ᠢ ᠢᠯᠡᠴᠢᠯᠡᠬᠦ ᠪᠠ ᠳᠤᠰᠠ ᠦᠭᠡᠢ APP ᠶᠢ ᠢᠯᠡᠴᠢᠯᠡᠬᠦ ᠴᠢᠳᠠᠮᠵᠢ ᠶᠢ ᠲᠡᠮᠵᠢᠨ᠎ᠠ  ᠃                         ᠦᠢᠯᠠᠭᠠᠭᠰᠠᠨ ᠢᠶᠠᠷ᠂ ᠵᠢᠷᠬᠢᠶ᠎ᠠ ᠶᠢᠨ ᠲᠤᠳᠤᠷ ᠎ᠠ ᠬᠡᠷᠡᠭᠯᠡᠭᠴᠢᠳ ︽ᠪᠢ — ᠮᠦᠩᠬᠦ ᠶᠢᠨ ᠴᠦᠩᠬᠦ —   ᠬᠤᠳᠠ ᠶᠢᠨ ᠦᠢᠯᠡᠴᠢᠯᠡᠭᠡ — ᠪᠤᠬᠢᠷ ᠮᠡᠳᠡᠭᠡ ᠶᠢ ᠢᠯᠡᠴᠢᠯᠡᠨ ᠮᠡᠳᠡᠭᠦᠯᠬᠦ︾ ᠳᠡᠰ ᠳᠠᠷᠠᠭ᠎ᠠ ᠪᠠᠷ ᠢᠯᠡᠴᠢᠯᠡᠨ  ᠮᠡᠳᠡᠭᠦᠯᠬᠦ ᠪᠤᠯᠤᠩ ᠳᠤ ᠤᠷᠤᠵᠤ ᠢᠯᠡᠴᠢᠯᠡᠨ ᠮᠡᠳᠡᠭᠦᠯᠵᠤ ᠪᠤᠯᠤᠨ᠎ᠠ᠃  ᠢᠯᠡᠴᠢᠯᠡᠨ ᠮᠡᠳᠡᠭᠦᠯᠬᠦ ᠦᠶ᠎ᠠ ᠳᠤ᠂   ᠬᠡᠷᠡᠭᠯᠡᠭᠴᠢᠳ ᠤᠷᠢᠳᠠᠪᠡᠷ ᠢᠯᠡᠴᠢᠯᠡᠬᠦ ᠲᠦᠷᠦᠯ ᠵᠦᠢᠯ ᠢᠶᠠᠨ ᠰᠤᠩᠭᠤᠵᠤ ᠳᠠᠷᠠᠭ᠎ᠠ ᠨᠢ ᠢᠯᠡᠴᠢᠯᠡᠬᠦ ᠠᠭᠤᠯᠭ᠎ᠠ ᠪᠠᠨ  ᠪᠢᠴᠢᠵᠤ ᠲᠤᠰᠢᠶᠠᠨ᠎ᠠ᠃                         ᠲᠸᠡᠭ ᠰᠢᠶᠦ᠋ᠨ  ᠺᠤᠮᠫᠠᠨᠢ  ᠪᠠ  12321  ᠰᠦᠯᠵᠢᠶᠡᠨ ᠤ  ᠪᠤᠬᠢᠷ  ᠮᠡᠳᠡᠭᠡ  ᠵᠠᠩᠬᠢ ᠶᠢ  ᠢᠯᠡᠴᠢᠯᠠᠨ   ᠮᠡᠳᠡᠭᠦᠯᠬᠦ ᠦᠢᠯᠡᠴᠢᠯᠡᠭᠡ ᠶᠢᠨ ᠲᠦᠪ ᠂ ᠠᠯᠪᠠᠨ ᠤ ᠵᠢᠷᠭᠢᠶ᠎ᠠ ᠪᠠᠷ ᠲᠠᠮᠵᠢᠨ 12321 ᠰᠦᠯᠵᠢᠶᠡᠨ ᠤ ᠪᠤᠬᠢᠷ ᠰᠤᠷᠠᠭ  ᠵᠠᠩᠬᠢ ᠶᠢ  ᠢᠯᠡᠴᠢᠯᠠᠨ ᠮᠡᠳᠡᠭᠦᠯᠬᠦ ᠦᠢᠯᠡᠴᠢᠯᠡᠭᠡ ᠶᠢᠨ ᠲᠦᠪ ᠲᠤᠭᠳᠠᠮᠠᠯ ᠪᠤᠰᠤ ᠬᠤᠭᠤᠴᠠᠭ᠎ᠠ ᠪᠠᠷ ᠰᠦᠯᠵᠢᠶᠡᠨ  ᠬᠡᠷᠡᠭᠯᠡᠭᠴᠢᠳ ᠲᠤ ᠰᠦᠯᠵᠢᠶᠡᠨ ᠤ  ᠪᠤᠬᠢᠷ ᠮᠡᠳᠡᠭᠡ ᠵᠠᠩᠬᠢ ᠶᠢ ᠰᠢᠢᠳᠪᠦᠷᠢᠯᠡᠭᠰᠡᠨ ᠬᠠᠮᠢᠶ᠎ᠠ ᠪᠦᠬᠦᠢ ᠦᠷ᠎ᠠ ᠳ᠋ᠦᠡᠭ ᠂  ᠲᠤᠬᠠᠢᠢᠯᠠᠭᠰᠠᠨ ᠠᠵᠢᠯ ᠤᠨ ᠦᠪᠡᠷ ᠢ ᠪᠠᠨ ᠱᠠᠭᠠᠷᠳᠠᠬᠤ ᠵᠢᠷᠦᠮᠵᠢᠯ ᠪᠠ ᠡᠯ᠎ᠠ ᠵᠦᠢᠯ ᠤᠨ ᠠᠵᠢᠯᠯᠠᠭᠠᠨ ᠤ ᠬᠠᠮᠢᠶ᠎ᠠ  ᠪᠦᠬᠦᠢ  ᠰᠤᠨᠢᠨ  ᠮᠡᠳᠡᠭᠡ ᠶᠢ  ᠨᠡᠶᠢᠳᠡᠯᠡᠬᠦ  ᠪᠦᠭᠡᠳ  ᠬᠡᠷᠡᠭᠯᠡᠭᠴᠢᠳ ᠲᠤ ᠮᠡᠬᠡᠯᠡᠯ ᠢ ᠰᠡᠷᠭᠡᠶᠢᠯᠡᠬᠦ ᠮᠡᠳᠡᠭᠡ  ᠵᠠᠩᠬᠢ ᠶᠢ ᠬᠠᠨᠭ᠍ᠭᠠᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号