110 ᠲᠦᠭᠰᠢᠭᠦᠷᠢ ᠮᠡᠳᠡᠭᠦᠯᠬᠦ ᠤᠳᠠᠰᠤ
ᠨᠡᠶᠢᠲᠡᠯᠡᠭᠰᠡᠨ ᠴᠠᠭ᠄
2016/5/4
     ᠣᠯᠠᠨ ᠨᠡᠶᠢᠲᠡ ᠶᠢᠨ ᠠᠮᠤᠷ ᠲᠦᠪᠰᠢᠨ ᠪᠠ ᠬᠤᠪᠢ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ  ᠲᠥᠪᠰᠢᠨ ᠳᠤ ᠠᠶᠤᠯᠲᠠᠢ ᠭᠡᠨᠡᠳᠲᠡ ᠶᠢᠨ ᠬᠡᠷᠡᠭ ᠭᠠᠷᠪᠠᠯ᠂ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠬᠦ ᠪᠣᠯ  ᠨᠡᠶᠢᠭᠡᠮ ᠤᠨ ᠪᠦᠷᠢᠯᠳᠦᠬᠦᠨ ᠨᠢᠭᠡᠪᠥᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃              ᠠᠶᠤᠯ ᠳᠤ ᠤᠴᠠᠷᠠᠪᠠᠯ 110᠎ ᠶᠢ ᠨᠣᠮᠧᠷᠳᠠᠨ᠎ᠠ᠃ ᠲᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110᠂ 119᠂ 122 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠳ᠋ᠢᠶᠠᠩᠬᠤᠸᠠ ᠶᠢᠨ ︽ᠭᠤᠷᠪᠠᠨ ᠳᠠᠪᠴᠠᠩ ᠢ  ᠨᠢᠭᠡᠳᠬᠡᠬᠦ︾᠎ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ᠂ ᠭᠠᠯ ᠤᠨ ᠠᠶᠤᠯ ᠭᠠᠷᠬᠤ᠂ ᠵᠠᠮ  ᠬᠠᠷᠢᠯᠴᠠᠭᠠᠨ ᠤ ᠠᠳᠡᠯ᠂ ᠵᠢᠴᠢ ᠤᠰᠤ᠂ ᠴᠠᠬᠢᠯᠭᠠᠨ᠂ ᠬᠡᠢ᠂ ᠢᠯᠴᠢ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠳᠤ  ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠥᠪᠰᠢᠨ ᠳᠤ ᠠᠶᠤᠯᠲᠠᠢ ᠬᠦᠨᠳᠦ ᠶᠡᠭᠡ ᠲᠦᠭᠰᠢᠭᠦᠷᠢᠲᠦ ᠪᠠᠶᠢᠳᠠᠯ  ᠭᠠᠷᠪᠠᠯ᠂ ᠴᠦᠮ 110᠎ ᠶᠢ ᠨᠣᠮᠧᠷᠳᠠᠵᠤ ᠪᠣᠯᠣᠨ᠎ᠠ︔ ᠤᠰᠤᠨ ᠳᠤ ᠵᠢᠪᠬᠦ᠂ ᠠᠰᠠᠷ ᠠᠴᠠ ᠤᠨᠠᠬᠤ᠂ ᠠᠮᠢ ᠪᠠᠨ  ᠬᠤᠣᠷᠯᠠᠬᠤ᠂ ᠲᠥᠭᠡᠷᠢᠬᠦ ᠵᠢᠴᠢ ᠬᠤᠪᠢ ᠬᠥᠮᠥᠨ ᠲᠦᠭᠰᠢᠭᠦᠷᠢᠲᠦ ᠪᠠᠶᠢᠳᠠᠯ ᠳᠤ ᠣᠷᠣᠪᠠᠯ᠂ ᠪᠠᠰᠠ 110᠎ ᠶᠢ  ᠨᠣᠮᠧᠷᠳᠠᠵᠤ ᠪᠣᠯᠣᠨ᠎ᠠ᠃ ︽110︾ ᠬᠢᠭᠡᠳ ᠡᠯ᠎ᠡ ᠡᠭᠦᠷᠭᠡ ᠴᠢᠳᠠᠪᠥᠷᠢᠲᠦ ᠰᠠᠯᠠᠭ᠎ᠠ ᠮᠥᠴᠢᠷ ᠬᠠᠮᠲᠤᠷᠠᠨ  ᠬᠦᠳᠡᠯᠥᠯᠴᠡᠬᠦ ᠲᠣᠭᠲᠠᠴᠠ ᠪᠠᠶᠢᠭᠤᠯᠵᠤ᠂ ᠡᠯ᠎ᠡ ᠵᠦᠢᠯ ᠤᠨ ᠲᠦᠭᠰᠢᠭᠦᠷᠢᠲᠦ ᠪᠠᠶᠢᠳᠠᠯ ᠳᠤ ᠴᠦᠮ ᠠᠪᠤᠷᠠᠨ  ᠲᠤᠰᠠᠯᠠᠬᠤ ᠶᠢ ᠬᠠᠩᠭᠠᠵᠤ ᠴᠢᠳᠠᠨ᠎ᠠ᠃            ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ            ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃ ᠠᠶᠤᠯᠲᠠᠢ ᠪᠠᠶᠢᠳᠠᠯ ᠭᠠᠷᠪᠠᠯ ᠳᠠᠷᠤᠢ ᠳᠤᠨᠢ  ᠲᠦᠭᠰᠢᠭᠦᠷᠢ ᠮᠡᠳᠡᠭᠦᠯᠬᠦ ᠬᠡᠷᠡᠭᠲᠡᠢ᠃ ᠬᠡᠷᠪᠡ ᠪᠠᠶᠢᠳᠠᠯ ᠪᠠᠴᠢᠮ ᠲᠦᠭᠰᠢᠭᠦᠷᠢᠲᠡᠢ ᠪᠣᠯᠤᠭᠠᠳ ᠳᠠᠷᠤᠢ ᠳᠤᠨᠢ  ᠲᠦᠭᠰᠢᠭᠦᠷᠢ ᠮᠡᠳᠡᠭᠦᠯᠬᠦ ᠶᠢᠨ ᠠᠷᠭ᠎ᠠ ᠦᠭᠡᠢ ᠪᠣᠯ ᠠᠶᠤᠯ ᠠᠴᠠ ᠬᠡᠯᠲᠦᠷᠢᠭᠰᠡᠨ ᠤ ᠳᠠᠷᠠᠭ᠎ᠠ ᠪᠤᠰᠢᠭᠤ ᠲᠦᠷᠭᠡᠨ  ᠲᠦᠭᠰᠢᠭᠦᠷᠢ ᠮᠡᠳᠡᠭᠦᠯᠬᠦ ᠬᠡᠷᠡᠭᠲᠡᠢ᠃            ︵2︶ ᠬᠡᠷᠡᠭ ᠤᠨ ᠲᠠᠯᠠᠪᠠᠢ ᠶᠢ ᠬᠠᠮᠠᠭᠠᠯᠠᠨ᠎ᠠ᠃ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ  ᠲᠠᠯᠠᠪᠠᠢ ᠶᠢ ᠬᠠᠮᠠᠭᠠᠯᠠᠬᠤ ᠶᠢ ᠠᠩᠬᠠᠷᠴᠤ᠂ ᠴᠠᠭᠳᠠᠭ᠎ᠠ ᠶᠢᠨ ᠲᠠᠯ᠎ᠠ ᠶᠢᠨ ᠬᠢᠨ ᠤ ᠰᠦᠪᠡᠭᠴᠢ ᠴᠤᠭᠯᠠᠭᠤᠯᠬᠤ ᠳᠤ  ᠳᠦᠭᠦᠮ ᠦᠵᠡᠭᠦᠯᠬᠦ ᠬᠡᠷᠡᠭᠲᠡᠢ᠃            ︵3︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃ ᠠᠶᠤᠯᠲᠠᠢ ᠪᠠᠶᠢᠳᠠᠯ ᠭᠠᠷᠤᠭᠰᠠᠨ ᠴᠠᠭ᠂ ᠭᠠᠵᠠᠷ  ᠣᠷᠣᠨ ᠢ ᠲᠣᠳᠣᠷᠬᠠᠢ ᠬᠡᠯᠡᠵᠦ ᠦᠭᠬᠦ ᠬᠡᠷᠡᠭᠲᠡᠢ᠃ ᠬᠡᠷᠪᠡ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ ᠨᠢ  ᠪᠤᠳᠤᠯᠢᠶᠠᠨᠲᠠᠢ ᠪᠣᠯ ᠡᠷᠭᠢᠨ ᠲᠣᠭᠤᠷᠢᠨ ᠤ ᠲᠡᠮᠳᠡᠭ ᠨᠢ ᠨᠡᠯᠢᠶᠡᠳ ᠢᠯᠡᠷᠬᠡᠢ ᠪᠠᠷᠢᠯᠭ᠎ᠠ᠂ ᠣᠯᠠᠨ ᠨᠡᠶᠢᠲᠡ ᠶᠢᠨ ᠮᠠᠰᠢᠨ  ᠲᠡᠷᠭᠡᠨ ᠤ ᠥᠷᠲᠡᠭᠡ᠂ ᠪᠠᠶᠢᠭᠤᠯᠭ᠎ᠠ ᠶᠢᠨ ᠨᠡᠷᠡᠶᠢᠳᠥᠯ᠂ ᠡᠭᠦᠳᠡᠨ ᠤ ᠨᠣᠮᠧᠷ ᠪᠤᠶᠤ ᠢᠯᠡᠷᠬᠡᠢ ᠭᠠᠵᠠᠷ ᠤᠨ  ᠭᠠᠳᠠᠷᠭᠤ ᠶᠢᠨ ᠣᠨᠴᠠᠯᠢᠭ ᠵᠡᠷᠭᠡ ᠶᠢ ᠮᠡᠳᠡᠭᠳᠡᠬᠦ ᠬᠡᠷᠡᠭᠲᠡᠢ᠃            ︵4︶ ᠪᠠᠴᠢᠮ ᠪᠠᠶᠢᠳᠠᠯ ᠢᠶᠠᠨ ᠲᠣᠳᠣᠷᠬᠠᠶᠢᠯᠠᠨ᠎ᠠ᠃ ᠠᠶᠤᠯ ᠲᠦᠭᠰᠢᠭᠦᠷᠢ ᠭᠠᠷᠤᠭᠰᠠᠨ ᠰᠢᠯᠲᠠᠭᠠᠨ᠂ ᠵᠢᠴᠢ  ᠶᠠᠮᠠᠷ ᠲᠤᠰᠠᠯᠠᠮᠵᠢ ᠬᠡᠷᠡᠭᠴᠡᠭᠡ ᠲᠠᠢ ᠪᠠᠶᠢᠭ᠎ᠠ ᠪᠠᠨ ᠲᠣᠪᠴᠢᠬᠠᠨ ᠲᠣᠳᠣᠷᠬᠠᠶᠢᠯᠠᠬᠤ ᠬᠡᠷᠡᠭᠲᠡᠢ᠃              ︵5︶ ᠣᠪᠣᠭ ᠨᠡᠷ᠎ᠡ ᠪᠠᠷ ᠦᠯᠡᠳᠡᠭᠡᠨ᠎ᠡ᠃ ᠲᠦᠭᠰᠢᠭᠦᠷᠢ ᠮᠡᠳᠡᠭᠦᠯᠥᠭᠴᠢ ᠥᠪᠡᠷ ᠤᠨ ᠣᠪᠣᠭ ᠨᠡᠷ᠎ᠡ᠂  ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠬᠦ ᠬᠡᠷᠡᠭᠲᠡᠢ᠃              ︵6︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ ᠠᠪᠤᠷᠠᠨ ᠲᠤᠰᠠᠯᠠᠬᠤ ᠬᠦᠮᠥᠰ ᠤᠨ ᠶᠡᠭᠡ  ᠲᠥᠯᠥᠪ ᠬᠦᠷᠴᠦ ᠢᠷᠡᠬᠦ ᠴᠠᠭ ᠢ ᠣᠶᠢᠯᠠᠭᠠᠨ ᠠᠪᠴᠦ᠂ ᠣᠶᠢᠷ᠎ᠠ ᠬᠠᠪᠢ ᠶᠢᠨ ᠨᠡᠯᠢᠶᠡᠳ ᠢᠯᠡᠷᠬᠡᠢ ᠲᠡᠮᠳᠡᠭ ᠲᠠᠢ  ᠭᠠᠵᠠᠷ᠂ ᠵᠢᠱᠢᠶᠡᠯᠡᠪᠡᠯ ᠵᠠᠮ ᠤᠨ ᠠᠭᠤᠯᠵᠠᠷ ᠪᠤᠶᠤ ᠭᠤᠳᠤᠮᠵᠢ ᠶᠢᠨ ᠠᠮᠠᠰᠠᠷ ᠲᠤ ᠤᠷᠢᠳᠠᠪᠡᠷ ᠬᠦᠷᠴᠦ ᠠᠪᠤᠷᠠᠨ  ᠲᠤᠰᠠᠯᠠᠬᠤ ᠬᠦᠮᠥᠰ ᠢ ᠬᠦᠯᠢᠶᠡᠬᠦ ᠶᠢᠨ ᠬᠠᠮᠲᠤ ᠵᠢᠭᠠᠨ ᠳᠠᠭᠠᠭᠤᠯᠤᠨ᠎ᠠ᠃            ᠬᠠᠯᠠᠭᠤᠮᠰᠤᠭ ᠰᠠᠨᠠᠭᠤᠯᠭ᠎ᠠ            ᠵᠢᠵᠢᠭ ᠰᠠᠵᠢᠭ ᠶᠠᠪᠤᠳᠠᠯ ᠳᠤ ᠴᠠᠭᠳᠠᠭ᠎ᠠ ᠨᠠᠷ ᠢ ᠲᠦᠢᠪᠡᠭᠡᠬᠦ ᠦᠭᠡᠢ ᠪᠠᠶᠢᠬᠤ ᠬᠡᠷᠡᠭᠲᠡᠢ᠂ ᠴᠠᠭᠳᠠᠭ᠎ᠠ ᠨᠠᠷ ᠢ  ᠲᠦᠢᠪᠡᠭᠡᠪᠡᠯ ᠰᠢᠳᠭᠡᠨ ᠲᠣᠷᠭᠠᠨ᠎ᠠ᠃ ᠥᠪᠡᠷ ᠢᠶᠠᠨ ᠰᠢᠢᠳᠪᠦᠷᠢᠯᠡᠵᠦ ᠪᠣᠯᠬᠤ ᠠᠰᠠᠭᠤᠳᠠᠯ ᠪᠣᠯ 110᠎ ᠶᠢ ᠳᠤᠷ᠎ᠠ  ᠮᠡᠳᠡᠨ ᠨᠣᠮᠧᠷᠳᠠᠬᠤ ᠦᠭᠡᠢ ᠪᠠᠶᠢᠬᠤ ᠬᠡᠷᠡᠭᠲᠡᠢ᠃ 110᠎ ᠶᠢ ᠡᠷᠤᠢ ᠬᠤᠷᠤᠢ ᠦᠭᠡᠢ ᠨᠣᠮᠧᠷᠳᠠᠵᠤ᠂ ︽110︾ ᠎ ᠤᠨ ᠬᠡᠪ ᠤᠨ ᠶᠣᠰᠤᠭᠠᠷ ᠠᠵᠢᠯᠯᠠᠬᠤ ᠶᠢ ᠰᠠᠮᠠᠭᠤᠷᠠᠭᠤᠯᠪᠠᠯ ᠰᠢᠳᠭᠡᠭᠳᠡᠨ ᠲᠣᠷᠭᠠᠭᠳᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号