ᠴᠠᠰᠤ ᠵᠤᠳ ᠤᠨ ᠲᠤᠬᠠᠢ ᠲᠦᠭᠦᠮ ᠦᠢᠯᠠᠭᠠᠯᠳᠠ
ᠨᠡᠶᠢᠲᠡᠯᠡᠭᠰᠡᠨ ᠴᠠᠭ᠄
2016/5/4
    ᠵᠠᠯᠭᠠᠪᠡᠷ ᠤᠷᠤᠭᠰᠠᠨ ᠴᠠᠰᠤᠨ ᠤ ᠭᠡᠮᠵᠢᠶ᠎ᠡ ᠨᠢ 10 ᠮᠢᠯᠢᠮᠧᠲᠷ ᠠᠴᠠ ᠶᠡᠭᠡ ᠪᠤᠶᠤ ᠲᠡᠩᠴᠡᠬᠦᠥ  ᠪᠤᠯᠪᠠᠯ ᠴᠠᠰᠤ  ᠵᠤᠳ ᠭᠡᠨ᠎ᠡ᠃ ᠴᠠᠰᠤ ᠵᠤᠳ ᠭᠡᠳᠡᠭ ᠨᠢ ᠤᠷᠳᠤ ᠬᠤᠭᠤᠴᠠᠭ᠎ᠠ ᠪᠠᠷ ᠶᠡᠭᠡ ᠴᠠᠰᠤ ᠤᠷᠤᠭᠠᠳ  ᠶᠡᠭᠡ ᠭᠡᠮᠵᠢᠶ᠎ᠡ ᠪᠠᠷ ᠴᠠᠰᠤ  ᠬᠤᠷᠠᠵᠤ᠂ ᠵᠠᠮ ᠬᠠᠷᠢᠯᠴᠠᠭ᠎ᠠ᠂ ᠠᠵᠤ ᠥᠢᠯᠡᠳᠪᠥᠷᠢ ᠲᠡᠷᠢᠶᠠᠯᠠᠩ ᠤᠨ  ᠥᠢᠯᠡᠳᠪᠥᠷᠢᠯᠡᠯ ᠪᠤᠯᠤᠨ ᠠᠷᠠᠳ ᠤᠨ ᠠᠮᠢᠳᠤᠷᠠᠯ  ᠵᠡᠷᠭᠡ ᠶᠢ ᠨᠥᠯᠥᠭᠡᠯᠡᠬᠦ ᠪᠠᠶᠢᠭᠠᠯᠢ ᠶᠢᠨ ᠭᠠᠮᠰᠢᠬ ᠮᠥᠨ᠃                    ※  ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                 ● ᠵᠠᠮ ᠬᠠᠷᠢᠯᠴᠠᠭ᠎ᠠ᠂ ᠲᠡᠮᠥᠷ ᠵᠠᠮ᠂ ᠴᠠᠬᠢᠯᠭᠠᠨ ᠬᠥᠴᠥᠨ᠂ ᠴᠢᠮᠡᠭᠡ ᠨᠡᠪᠳᠡᠷᠡᠯᠭᠡ ᠵᠡᠷᠭᠡ ᠰᠠᠯᠠᠭ᠎ᠠ  ᠮᠥᠴᠢᠷ  ᠎ ᠤᠨ ᠬᠢᠨ ᠵᠠᠰᠠᠮᠠᠯ ᠵᠠᠮ᠂ ᠲᠡᠮᠥᠷ ᠵᠠᠮ ᠤᠨ ᠵᠠᠮ ᠱᠤᠭᠤᠮ ᠢᠶᠠᠨ ᠲᠤᠭᠤᠷᠢᠨ ᠪᠠᠶᠢᠴᠠᠭᠠᠵᠤ ᠬᠠᠮᠠᠭᠠᠯᠠᠬᠤ  ᠪᠥᠭᠡᠳ ᠵᠠᠮ  ᠱᠤᠭᠤᠮ ᠢᠶᠠᠷ ᠴᠡᠪᠡᠷᠯᠡᠵᠤ ᠱᠥᠬᠦᠷᠳᠡᠬᠦ ᠪᠠ ᠬᠤᠷᠠᠭᠰᠠᠨ ᠴᠠᠰᠤ ᠶᠢ ᠠᠷᠢᠯᠭᠠᠬᠤ ᠠᠵᠢᠯ ᠢ  ᠰᠠᠶᠢᠳᠤᠷ  ᠬᠢᠨ᠎ᠠ ᠃                 ● ᠶᠠᠪᠠᠭᠠᠨ ᠬᠥᠮᠥᠰ ᠲᠠᠭᠠᠷᠠᠬᠤ ᠪᠠ ᠬᠠᠯᠳᠤᠷᠢᠬᠤ ᠠᠴᠠ ᠰᠡᠷᠭᠡᠶᠢᠯᠡᠵᠤ᠂ ᠵᠢᠯᠤᠭᠤᠴᠢᠳ ᠲᠡᠷᠭᠡ  ᠬᠥᠰᠭᠡ ᠪᠠᠨ  ᠬᠢᠴᠢᠶᠡᠨ ᠵᠢᠯᠤᠭᠤᠳᠴᠤ᠂ ᠲᠡᠷᠭᠡ ᠬᠥᠰᠭᠡ ᠶᠢᠨ ᠬᠥᠷᠳᠥᠨ ᠳᠡᠭᠡᠨ ᠭᠤᠯᠭᠤᠬᠤ ᠠᠴᠠ ᠰᠡᠷᠭᠡᠶᠢᠯᠡᠬᠦ  ᠠᠷᠭ᠎ᠠ ᠭᠡᠮᠵᠢᠶ᠎ᠡ  ᠠᠪᠬᠤ ᠭᠡᠷᠡᠭᠳᠡᠢ᠃       & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ               ◆ ᠮᠠᠯ ᠰᠥᠷᠥᠭ ᠤᠨ ᠪᠠᠬᠢᠯᠢᠭ᠌ ᠪᠤᠰᠤ ᠫᠧᠩ ᠰᠠᠷᠠᠪᠴᠢ ᠪᠤᠯᠤᠨ ᠰᠥᠯᠢᠶᠤᠤ ᠫᠧᠩ ᠵᠡᠷᠭᠡ ᠴᠠᠰᠤᠨ  ᠎ ᠳᠤ  ᠬᠢᠯᠪᠠᠷ ᠲᠠᠷᠤᠭᠳᠠᠵᠤ ᠡᠪᠳᠡᠷᠡᠬᠦ ᠠᠶᠤᠯᠳᠠᠢ ᠪᠠᠷᠢᠯᠭ᠎ᠠ ᠶᠢ  ᠪᠠᠬᠢᠯᠡᠨ᠎ᠡ᠃                 ◆ ᠲᠠᠷᠢᠶᠠᠯᠠᠬᠤ ᠮᠠᠯᠵᠢᠬᠤ ᠤᠷᠤᠨ ᠪᠤᠯᠤᠨ ᠲᠡᠷᠢᠵᠤ ᠲᠡᠵᠢᠭᠡᠵᠤ ᠥᠷᠡᠵᠢᠬᠦᠯᠬᠦ ᠥᠢᠯᠡᠰ ᠤᠨ ᠬᠢᠨ  ᠲᠡᠵᠢᠭᠡᠯ  ᠪᠤᠷᠳᠤᠭ᠎ᠠ ᠪᠠᠨ ᠨᠥᠭᠡᠴᠡᠯᠡᠨ ᠬᠠᠳᠠᠭᠠᠯᠠᠵᠤ᠂ ᠵᠤᠳ ᠠᠴᠠ ᠰᠡᠷᠭᠡᠶᠢᠯᠡᠬᠦ ᠪᠠ ᠬᠥᠯᠳᠡᠵᠤ ᠬᠤᠬᠢᠷᠠᠬᠤ  ᠎ ᠠᠴᠠ ᠰᠡᠷᠭᠡᠶᠢᠯᠡᠬᠦ  ᠪᠡᠯᠡᠳᠭᠡᠯ ᠠᠵᠢᠯ ᠢᠶᠠᠨ ᠰᠠᠶᠢᠳᠤᠷ  ᠬᠢᠨ᠎ᠠ᠃             ◆ ᠵᠠᠰᠠᠭ ᠤᠨ ᠤᠷᠳᠤᠨ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠡᠬᠦᠷᠭᠡ ᠬᠠᠷᠢᠭᠤᠴᠠᠯᠭ᠎ᠠ  ᠎ ᠶᠢᠨ ᠢᠶᠠᠨ  ᠶᠤᠰᠤᠭᠠᠷ ᠵᠤᠳ ᠠᠴᠠ ᠰᠡᠷᠭᠡᠶᠢᠯᠡᠬᠦ ᠪᠠ ᠬᠥᠯᠳᠡᠵᠤ ᠬᠤᠬᠢᠷᠠᠬᠤ ᠠᠴᠠ ᠰᠡᠷᠭᠡᠶᠢᠯᠡᠬᠦ ᠠᠵᠢᠯ ᠢ  ᠨᠠᠶᠢᠳᠠᠪᠤᠷᠢᠵᠢᠭᠤᠯᠬᠤ  ᠭᠡᠷᠡᠭᠳᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号