ᠮᠠᠰᠢᠨ ᠲᠡᠷᠭᠡᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2016/5/4
     ᠡᠷᠳᠡᠨ ᠤ ᠥᠭᠡᠨ ᠳᠤ᠄ ︽ᠠᠷᠪᠠᠨ ᠡ᠊ᠨᠳᠡᠯ ᠤᠨ ᠶᠢᠰᠤ ᠨᠢ ᠬᠤᠷᠳᠤᠨ ᠬᠥᠶᠥᠯᠭᠡᠭᠰᠡᠨ ᠠᠴᠠ ᠪᠤᠯᠵᠤ  ᠂ ᠰᠡᠳᠬᠢᠯ ᠰᠠᠨᠠᠭᠠᠨ ᠤ ᠠᠩᠬᠠᠷᠤᠮᠵᠢ ᠥᠭᠡᠢ ᠨᠢ ᠡ᠊ᠨᠳᠡᠯ ᠤᠨ ᠢᠷᠡᠯᠳᠡ︾ ᠭᠡᠳᠡᠭ᠃ ᠮᠠᠰᠢᠨᠳᠤ ᠲᠡᠷᠭᠡ ᠶᠢ  ᠵᠢᠯᠤᠭᠤᠳᠤᠨ ᠠᠶᠠᠯᠠᠬᠤ ᠳᠠᠭᠠᠨ ᠲᠤᠤᠷᠠᠬᠢ ᠭᠡᠳᠥᠨ ᠵᠥᠢᠯ ᠢ ᠡᠷᠭᠡᠪᠰᠢ ᠬᠥᠢᠴᠡᠳᠭᠡᠬᠦ ᠭᠡᠷᠡᠭᠳᠡᠢ᠃ ᠲᠤᠬᠠᠢᠢᠯᠠᠪᠠᠯ᠄  ︽ᠬᠠᠤᠯᠢ  ᠶᠤᠰᠤᠭᠠᠷ ᠮᠠᠰᠢᠨᠳᠤ ᠲᠡᠷᠭᠡ ᠶᠢᠨ ᠵᠢᠯᠤᠭᠤᠴᠢ ᠶᠢᠨ ᠥᠨᠡᠮᠯᠡᠯ ᠠᠪᠬᠤ ᠭᠡᠷᠡᠭᠳᠡᠢ︔ ᠵᠠᠰᠠᠮᠠᠯ ᠵᠠᠮ ᠤᠨ  ᠪᠠᠷᠠᠭᠤᠨ ᠲᠠᠯ᠎ᠠ  ᠎ ᠪᠠᠷ ᠠᠶᠠᠯᠠᠬᠤ ᠭᠡᠷᠡᠭᠳᠡᠢ︔ ᠮᠠᠰᠢᠨᠳᠤ ᠲᠡᠷᠭᠡᠨ ᠤ ᠠᠶᠠᠯᠠᠯ ᠤᠨ ᠲᠤᠭᠳᠠᠭᠠᠯ᠂ ᠠᠴᠢᠶᠠᠯᠭ᠎ᠠ ᠶᠢᠨ  ᠲᠤᠭᠳᠠᠭᠠᠯ᠂  ᠠᠶᠠᠨᠴᠢᠳ ᠰᠠᠭᠤᠯᠭᠠᠬᠤ ᠲᠤᠭᠳᠠᠭᠠᠯ᠂ ᠬᠥᠶᠥᠯᠭᠡᠭᠡᠬᠦ ᠬᠤᠷᠳᠤᠴᠠ ᠶᠢᠨ ᠲᠤᠭᠳᠠᠭᠠᠯ᠂ ᠲᠡᠷᠭᠡ  ᠵᠤᠭᠰᠤᠭᠠᠬᠤ ᠲᠤᠭᠳᠠᠭᠠᠯ ᠢ ᠴᠢᠩᠭ᠎ᠠ ᠵᠢᠷᠤᠮᠯᠠᠬᠤ ᠭᠡᠷᠡᠭᠳᠡᠢ︔ ᠵᠠᠮ ᠬᠠᠷᠢᠯᠴᠠᠭᠠᠨ ᠤ ᠴᠠᠭᠳᠠᠭ᠎ᠠ ᠶᠢᠨ  ᠵᠢᠯᠤᠭᠤᠳᠤᠯᠭ᠎ᠠ ᠶᠢ ᠲᠠᠭᠠᠬᠤ ᠭᠡᠷᠡᠭᠳᠡᠢ᠃︾                    ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                 ● ᠵᠠᠮ ᠬᠠᠷᠢᠯᠴᠠᠭᠠᠨ ᠤ ᠡ᠊ᠨᠳᠡᠯ ᠡᠬᠦᠰᠥᠭᠰᠡᠨ ᠥᠶ᠎ᠡ ᠳᠤ ᠲᠡᠷᠦ᠋ᠢᠬᠠᠨ ᠲᠡᠷᠭᠡ ᠪᠠᠨ ᠵᠤᠭᠰᠤᠭᠠᠵᠤ᠂  ᠲᠤᠬᠠᠢ  ᠎ ᠶᠢᠨ ᠭᠠᠵᠠᠷ ᠢ ᠬᠠᠮᠠᠭᠠᠯᠠᠨ᠂ ᠠᠶᠤᠯ ᠲᠥᠭᠰᠢᠬᠦᠷᠢ ᠶᠢ ᠮᠡᠳᠡᠭᠡᠯᠡᠬᠦ ᠲᠤᠬᠢᠶᠠᠨ ᠳ᠋ᠧᠩ ᠢ ᠭᠡᠷᠡᠯᠳᠥᠬᠦᠯᠬᠦ  ᠎ ᠶᠢᠨ ᠲᠠᠭᠠᠤ ᠲᠡᠷᠭᠡ  ᠢᠷᠡᠬᠦ ᠵᠥᠭ ᠲᠤ 50 ᠮᠧᠲᠷ ᠠᠴᠠ 100 ᠮᠧᠲᠷ ᠲᠤ ᠲᠤᠬᠢᠶᠠᠨ ᠤ ᠲᠡᠮᠳᠡᠭ   ᠲᠠᠯᠪᠢᠵᠤ ᠰᠡᠷᠡᠮᠵᠢ ᠦᠭᠬᠦᠨ᠎ᠡ᠃                 ● ᠬᠥᠮᠥᠨ ᠠᠮᠢᠳᠠᠨ ᠰᠢᠷᠬᠠᠳᠤᠭᠰᠠᠨ ᠪᠤᠯ ᠵᠢᠯᠤᠭᠤᠴᠢ ᠨᠢ ᠲᠡᠷᠦ᠋ᠢᠬᠠᠨ ᠰᠢᠷᠬᠠᠳᠤᠭᠰᠠᠳ ᠢ  ᠠᠪᠤᠷᠠᠨ  ᠲᠤᠰᠠᠯᠠᠬᠤ ᠶᠢᠨ ᠲᠠᠭᠠᠤ ᠴᠠᠭᠳᠠᠭ᠎ᠠ ᠳᠤ ᠲᠥᠷᠭᠡᠨ  ᠮᠡᠳᠡᠭᠦᠯᠦᠨ᠎ᠡ᠃                   ● ᠰᠢᠷᠬᠠᠳᠤᠭᠰᠠᠳ ᠢ ᠠᠪᠤᠷᠠᠬᠤ ᠶᠢᠨ ᠲᠤᠰᠠᠳᠠ ᠲᠤᠬᠠᠢ ᠶᠢᠨ ᠲᠠᠯᠠᠪᠠᠢ ᠶᠢ ᠥᠭᠡᠷᠡᠴᠢᠯᠡᠬᠦ ᠥᠶᠡᠰ᠂ ᠡ᠊ᠨᠳᠡᠯ  ᠎ ᠤᠨ ᠲᠡᠷᠭᠡ ᠪᠤᠯᠤᠨ ᠬᠥᠮᠥᠨ ᠤ ᠪᠠᠶᠢᠷᠢᠰᠢᠯ ᠢ ᠲᠤᠳᠤᠷᠬᠠᠶᠢᠯᠠᠨ᠎ᠠ᠃                 ● ᠵᠠᠮ ᠲᠡᠭᠡᠷ᠎ᠠ ᠵᠠᠮ ᠬᠠᠷᠢᠯᠴᠠᠭᠠᠨ ᠤ ᠡ᠊ᠨᠳᠡᠯ ᠭᠠᠷᠴᠤ᠂ ᠬᠥᠮᠥᠨ ᠬᠠᠷ᠎ᠠ ᠥᠬᠦᠵᠤ ᠰᠢᠷᠬᠠᠳᠤᠭᠰᠠᠨ  ᠥᠭᠡᠢ  ᠪᠤᠶᠤ ᠡᠳ᠋ ᠬᠥᠷᠥᠩᠭᠡ ᠲᠡᠮᠡᠢ ᠬᠤᠬᠢᠷᠠᠵᠤ ᠰᠥᠢᠳᠥᠭᠰᠡᠨ ᠥᠭᠡᠢ ᠪᠤᠯ ᠲᠤᠬᠠᠢ ᠶᠢᠨ ᠬᠥᠮᠥᠨ ᠨᠢ  ᠤᠷᠢᠳᠠᠪᠡᠷ ᠲᠤᠬᠠᠢ ᠶᠢᠨ  ᠲᠠᠯᠠᠪᠤᠷ ᠠᠴᠠ ᠵᠠᠶᠢᠯᠠᠵᠤ᠂ ᠲᠡᠬᠢᠨ ᠵᠥᠪᠳᠡᠯᠴᠡᠨ ᠰᠢᠢᠳᠪᠥᠷᠢᠯᠡᠵᠤ ᠪᠤᠯᠤᠨ᠎ᠠ᠃                     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                  ◇ ᠡᠪᠳᠡᠷᠭᠡᠢ ᠲᠡᠷᠭᠡ ᠵᠢᠯᠤᠭᠤᠳᠤᠨ ᠠᠶᠠᠯᠠᠵᠤ ᠪᠤᠯᠬᠤ ᠥᠭᠡᠢ᠃                ◇ ᠠᠭᠤᠯᠠᠨ ᠤ ᠵᠠᠰᠠᠮᠠᠯ ᠵᠠᠮ ᠢᠶᠠᠷ ᠠᠶᠠᠯᠠᠬᠤ ᠳᠠᠭᠠᠨ ᠬᠠᠰᠢᠷ ᠵᠢᠯᠤᠭᠤᠴᠢ ᠶᠢ ᠰᠤᠩᠭᠤᠨ  ᠵᠢᠯᠤᠭᠤᠳᠤᠭᠤᠯᠬᠤ  ᠭᠡᠷᠡᠭᠳᠡᠢ᠃              ◇ ᠠᠷᠢᠬᠢ ᠤᠤᠭᠤᠭᠠᠳ ᠲᠡᠷᠭᠡ ᠵᠢᠯᠤᠭᠤᠳᠬᠤ᠂ ᠥᠨᠡᠮᠯᠡᠯ ᠥᠭᠡᠢ ᠪᠠᠷ ᠲᠡᠷᠭᠡ ᠵᠢᠯᠤᠭᠤᠳᠬᠤ᠂  ᠶᠡᠳᠠᠷᠠᠯ ᠎ ᠲᠠᠢ  ᠎ ᠪᠠᠷ ᠲᠡᠷᠭᠡ ᠵᠢᠯᠤᠭᠤᠳᠬᠤ ᠶᠢ ᠴᠠᠭᠠᠵᠠᠯᠠᠬᠤ ᠪᠥᠭᠡᠳ ᠲᠡᠷᠭᠡ ᠵᠢᠯᠤᠭᠤᠳᠴᠤ ᠪᠠᠶᠢᠭᠠᠳ ᠭᠠᠷ  ᠤᠳᠠᠰᠤ ᠪᠠᠷ ᠤᠳᠠᠰᠤᠳᠠᠬᠤ  ᠎ ᠶᠢ ᠴᠠᠭᠠᠵᠠᠯᠠᠨ᠎ᠠ᠃              ◇ ᠲᠡᠮᠥᠷ ᠵᠠᠮ ᠤᠨ ᠠᠭᠤᠯᠵᠠᠷ ᠢᠶᠠᠷ ᠥᠡᠭᠭᠡᠷᠡᠬᠦ ᠳᠡᠭᠡᠨ ᠭᠠᠯ ᠲᠡᠷᠭᠡᠨ ᠳᠤ ᠰᠠᠨᠠᠭᠠᠴᠢᠯᠠᠭ᠎ᠠ ᠠᠴᠠ  ᠎ ᠪᠠᠨ ᠵᠠᠮ  ᠲᠠᠯᠪᠢᠵᠤ ᠥᠭᠬᠦ ᠭᠡᠷᠡᠭᠳᠡᠢ᠃ ᠵᠠᠪᠳᠤᠨ ᠲᠤᠪᠳᠤᠯᠬᠤ᠂ ᠪᠤᠯᠢᠶᠠᠯᠳᠤᠨ ᠲᠤᠪᠳᠤᠯᠬᠤ ᠠᠵᠢᠯᠯᠠᠭ᠎ᠠ ᠶᠢ  ᠡᠷᠡᠰ  ᠴᠡᠭᠡᠷᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号