12331 ᠢᠳᠡᠭᠡᠨ ᠪᠠ ᠡᠮ ᠤᠨ ᠵᠦᠢᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠳᠠᠰᠤ
ᠨᠡᠶᠢᠲᠡᠯᠡᠭᠰᠡᠨ ᠴᠠᠭ᠄
2016/5/4
     12331 ᠪᠤᠯ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ  ᠮᠦᠴᠢᠷ ᠤᠨ ᠨᠢᠭᠡᠲᠥᠯᠲᠡᠢ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯᠣᠨ᠎ᠠ              ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄            ᠤᠯᠠᠨ ᠲᠦᠮᠡᠨ ᠠᠴᠠ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠡᠮ ᠤᠨ ᠵᠦᠢᠯ᠂ ᠡᠮᠴᠢᠯᠡᠭᠡᠨ ᠤ ᠮᠠᠰᠢᠨ  ᠪᠠᠭᠠᠵᠢ᠂ ᠡᠷᠡᠭᠦᠯᠵᠢᠯ ᠢᠳᠡᠭᠡᠨ᠂ ᠵᠠᠰᠠᠯ ᠴᠢᠮᠡᠭ ᠤᠨ ᠡᠳ᠋ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ  ᠂ ᠬᠡᠷᠡᠭᠯᠡᠬᠦ ᠭᠤᠭᠴᠣᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠭᠤᠯᠠ ᠤᠮᠳᠠᠭᠠᠨ ᠤ  ᠦᠢᠯᠡᠴᠢᠯᠡᠭᠡᠨ ᠤ ᠭᠤᠭᠴᠣᠭᠠᠨ ᠳᠠᠬᠢ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠦᠢᠯᠡ  ᠠᠵᠢᠯᠯᠠᠭ᠎ᠠ ᠶᠢ ᠲᠤᠰᠬᠠᠨ᠎ᠠ᠃              ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ  ᠪᠠᠶᠢᠭᠤᠯᠤᠮᠵᠢ ᠪᠠᠶᠢᠭᠤᠯᠵᠦ᠂ ᠢᠯᠡᠴᠢᠯᠡᠨ ᠮᠡᠳᠡᠭᠦᠯᠥᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ  ᠬᠡᠷᠡᠭᠲᠡᠢ᠃ ᠵᠠᠭᠠᠯᠳᠤᠵᠤ ᠢᠯᠡᠴᠢᠯᠡᠨ ᠮᠡᠳᠡᠭᠦᠯᠥᠭᠰᠡᠨ ᠢ ᠬᠦᠯᠢᠶᠠᠨ ᠠᠪᠤᠭᠰᠠᠨ ᠤ ᠳᠠᠷᠠᠭ᠎ᠠ᠂ ᠲᠤᠰ ᠪᠠᠶᠢᠭᠤᠯᠤᠮᠵᠢ  ᠨᠢᠭᠡᠳᠦᠯᠲᠡᠢ ᠳ᠋ᠤᠭᠠᠷᠯᠠᠨ ᠬᠠᠮᠢᠶᠠᠷᠴᠤ᠂ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠶᠢᠨ ᠬᠠᠮᠲᠤ 5 ᠠᠵᠢᠯᠯᠠᠬᠤ  ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ ᠰᠢᠢᠳᠪᠦᠷᠢ ᠭᠠᠷᠭᠠᠬᠤ ᠬᠡᠷᠡᠭᠲᠡᠢ᠃            ᠵᠠᠭᠠᠯᠳᠤᠵᠦ ᠢᠯᠡᠴᠢᠯᠡᠨ ᠮᠡᠳᠡᠭᠦᠯᠦᠭᠰᠡᠨ ᠡᠲᠡᠭᠡᠳ ᠬᠢᠭᠡᠳ ᠬᠠᠤᠯᠢ ᠠᠴᠠ ᠵᠦᠷᠢᠴᠡᠭᠰᠡᠨ ᠦᠢᠯᠡ  ᠠᠵᠢᠯᠯᠠᠭ᠎ᠠ ᠨᠢ ᠲᠣᠲᠣᠷᠬᠠᠢ ᠮᠥᠷᠲᠡᠭᠡᠨ ᠲᠤᠰ ᠵᠠᠰᠠᠭ ᠵᠠᠬᠢᠷᠭᠠᠨ ᠤ ᠣᠷᠣᠨ ᠤ ᠬᠠᠮᠢᠶᠠᠷᠤᠯᠲᠠ ᠳᠤ ᠬᠠᠷᠢᠶᠠᠯᠠᠭᠳᠠᠪᠠᠯ᠂ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠬᠦᠯᠢᠶᠡᠨ ᠠᠪᠴᠤ  ᠰᠢᠢᠳᠪᠦᠷᠢᠯᠡᠬᠦ ᠬᠡᠷᠡᠭᠲᠡᠢ᠃ ᠪᠦᠬᠦᠨ ᠢ ᠰᠢᠢᠳᠪᠦᠷᠢᠯᠡᠵᠦ ᠳᠠᠭᠤᠰᠬᠤ ᠬᠤᠭᠤᠴᠠᠭ᠎ᠠ ᠬᠢᠵᠠᠭᠠᠷ ᠨᠢ ᠶᠡᠷᠥᠩᠬᠡᠶᠢᠳᠡᠭᠡᠨ  60 ᠡᠳᠦᠷ ᠪᠣᠯᠤᠨ᠎ᠠ᠂ ᠪᠠᠶᠢᠳᠠᠯ ᠨᠢ ᠪᠣᠳᠤᠯᠢᠶᠠᠨᠲᠠᠢ ᠶᠢᠨ ᠤᠷᠲᠤᠳᠬᠠᠬᠤ ᠬᠤᠭᠤᠴᠠᠭ᠎ᠠ ᠶᠢ 30 ᠡᠳᠦᠷ ᠠᠴᠠ  ᠳᠠᠪᠠᠭᠤᠯᠵᠦ ᠪᠣᠯᠬᠤ ᠦᠭᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号