119 ᠭᠠᠯ ᠲᠦᠢᠮᠡᠷ ᠤᠨ ᠮᠡᠳᠡᠭᠡ ᠶᠢᠨ ᠤᠳᠠᠰᠤ
ᠨᠡᠶᠢᠲᠡᠯᠡᠭᠰᠡᠨ ᠴᠠᠭ᠄
2016/5/4
      ᠭᠠᠯ ᠤᠨ ᠠᠶᠤᠯ ᠭᠠᠷᠤᠭᠰᠠᠨ ᠢ ᠣᠯᠵᠤ ᠮᠡᠳᠡᠪᠡᠯ ᠲᠦᠷᠭᠡᠬᠡᠨ 119 ᠶᠢ ᠨᠣᠮᠧᠷᠳᠡᠨ᠎ᠡ᠃ ᠭᠠᠯ ᠤᠨ  ᠠᠶᠤᠯ ᠠᠴᠠ ᠭᠠᠳᠠᠨ᠎ᠠ᠂ ︽119︾ ᠪᠠᠰᠠ ᠪᠤᠰᠤᠳ ᠠᠳᠡᠯ ᠤᠨ ᠭᠠᠮᠰᠢᠭ ᠤᠨ ᠠᠶᠤᠯ ᠠᠴᠠ ᠠᠪᠤᠷᠠᠵᠦ  ᠲᠤᠰᠠᠯᠠᠬᠤ ᠠᠵᠢᠯ ᠳᠤ ᠣᠷᠣᠯᠴᠠᠨ᠎ᠠ᠂ ᠵᠢᠱᠢᠶᠡᠯᠡᠪᠡᠯ ᠭᠠᠵᠠᠷ ᠬᠦᠳᠡᠯᠦᠯᠲᠡ᠂ ᠦᠶᠡᠷ ᠤᠨ ᠭᠠᠮᠰᠢᠭ᠂ ᠨᠢᠰᠬᠡᠯ ᠤᠨ  ᠠᠳᠡᠯ᠂ ᠪᠠᠷᠢᠯᠭ᠎ᠠ ᠨᠤᠷᠠᠬᠤ᠂ ᠠᠶᠤᠯ ᠲᠠᠢ ᠬᠢᠮᠢ ᠶᠢᠨ ᠡᠳ᠋ ᠭᠤᠭᠤᠵᠢᠬᠤ᠂ ᠵᠢᠴᠢ ᠣᠯᠠᠨ ᠲᠦᠮᠡᠨ ᠤ ᠠᠮᠢᠳᠤᠷᠠᠯ ᠤᠨ  ᠳᠤᠮᠳᠠ ᠲᠣᠬᠢᠶᠠᠯᠳᠤᠭᠰᠠᠨ ᠪᠤᠰᠤᠳ ᠲᠦᠭᠰᠢᠭᠦᠷᠢᠲᠦ ᠪᠠᠶᠢᠳᠠᠯ᠃              ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ            ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃              ︵2︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃            ︵3︶ ᠭᠠᠯ ᠲᠦᠢᠮᠡᠷ ᠤᠨ ᠰᠢᠯᠲᠠᠭᠠᠨ ᠢᠶᠠᠨ ᠲᠣᠳᠣᠷᠬᠠᠶᠢᠯᠠᠨ᠎ᠠ᠃ 119 ᠭᠠᠯ ᠲᠦᠢᠮᠡᠷ ᠤᠨ ᠮᠡᠳᠡᠭᠡ ᠶᠢᠨ  ᠳ᠋ᠢᠶᠠᠩᠬᠤᠸᠠ ᠶᠢ ᠨᠣᠮᠧᠷᠳᠠᠬᠤ ᠳᠤ ᠭᠠᠯ ᠭᠠᠷᠤᠭᠰᠠᠨ ᠰᠢᠯᠲᠠᠭᠠᠨ ᠵᠢᠱᠢᠶᠡᠯᠡᠪᠡᠯ ᠴᠠᠬᠢᠯᠭᠠᠨ ᠬᠡᠯᠬᠢᠶ᠎ᠡ ᠠᠴᠠ ᠭᠠᠯ  ᠭᠠᠷᠤᠭᠰᠠᠨ᠂ ᠨᠡᠭᠦᠷᠡᠰᠦᠨ ᠬᠡᠢ ᠠᠴᠠ ᠭᠠᠯ ᠭᠠᠷᠤᠭᠰᠠᠨ᠂ ᠴᠢᠶ᠋ᠢᠦ ᠲᠣᠰᠤᠨ ᠠᠴᠠ ᠭᠠᠯ ᠭᠠᠷᠤᠭᠰᠠᠨ᠂ ᠡᠰᠡᠬᠦᠯ᠎ᠡ  ᠪᠤᠰᠤᠳ ᠰᠢᠯᠲᠠᠭᠠᠨ ᠠᠴᠠ ᠪᠣᠯᠵᠦ ᠡᠭᠦᠰᠥᠭᠰᠡᠨ ᠭᠠᠯ ᠤᠨ ᠠᠶᠤᠯ ᠭᠡᠳᠡᠭ ᠢ ᠣᠨᠴᠠᠭᠠᠶᠢᠯᠠᠨ ᠲᠣᠳᠣᠷᠬᠠᠶᠢᠯᠠᠵᠦ᠂  ᠭᠠᠯ ᠤᠨᠲᠠᠷᠠᠭᠠᠭᠴᠢᠳ ᠤᠨ ᠵᠣᠬᠢᠴᠠᠩᠭᠤᠢ ᠭᠠᠯ ᠤᠨᠲᠠᠷᠠᠭᠠᠬᠤ ᠲᠣᠨᠤᠭ ᠲᠥᠬᠦᠭᠡᠷᠥᠮᠵᠢ ᠪᠠ ᠡᠳ᠋ ᠪᠠᠷᠠᠭ᠎ᠠ ᠠᠪᠴᠤ  ᠶᠠᠪᠤᠬᠤ ᠳᠤ ᠳᠥᠭᠦᠮ ᠦᠵᠡᠭᠦᠯᠬᠦ ᠬᠡᠷᠡᠭᠲᠡᠢ᠃            ︵4︶ ᠣᠪᠣᠭ ᠨᠡᠷ᠎ᠡ ᠪᠠᠨ ᠦᠯᠡᠳᠡᠭᠡᠨ᠎ᠡ᠃            ︵5︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号