120 ᠡᠮᠴᠢᠯᠡᠭᠡᠨ ᠤ ᠲᠥᠷᠭᠡᠨ ᠠᠪᠤᠷᠠᠬᠤ ᠤᠳᠠᠰᠤ
ᠨᠡᠶᠢᠲᠡᠯᠡᠭᠰᠡᠨ ᠴᠠᠭ᠄
2016/5/4
      120 ᠪᠣᠯ ᠡᠮᠴᠢᠯᠡᠭᠡᠨ ᠤ ᠲᠥᠷᠭᠡᠨ ᠠᠪᠤᠷᠠᠬᠤ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠣᠯᠤᠨ᠎ᠠ᠂  ᠳᠡᠷᠭᠡᠳᠡᠬᠢ ᠬᠥᠮᠦᠨ ᠴᠢᠨᠢ ᠭᠡᠨᠡᠳᠲᠡ ᠡᠪᠡᠳᠴᠢᠨ ᠬᠥᠳᠡᠯᠥᠭᠰᠡᠨ ᠪᠣᠶᠤ ᠰᠠᠨᠠᠭᠠᠨ ᠳᠤ ᠦᠭᠡᠢ ᠭᠡᠮᠳᠥᠪᠡᠯ ᠴᠠᠭ  ᠲᠤᠬᠠᠢ ᠳᠤᠨᠢ ᠤᠳᠠᠰᠤᠲᠠᠬᠤ ᠬᠡᠷᠡᠭᠲᠡᠢ᠃            ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ             ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃           ︵2︶ ᠭᠠᠵᠠᠷ ᠢᠶᠠᠨ ᠲᠣᠳᠤᠷᠬᠠᠢ ᠬᠡᠯᠡᠵᠦ ᠦᠭᠭᠦᠨ᠎ᠡ᠃           ︵3︶ ᠡᠪᠡᠳᠴᠢᠨ ᠤ ᠪᠠᠶᠢᠳᠠᠯ ᠢ ᠨᠢ ᠲᠣᠳᠣᠷᠬᠠᠢ ᠬᠡᠯᠡᠵᠦ ᠦᠭᠭᠦᠨ᠎ᠡ᠃ ᠡᠪᠡᠳᠴᠢᠲᠡᠨ ᠤ ᠨᠠᠰᠤ ᠵᠢᠯ᠂  ᠬᠦᠢᠰᠦ ᠢᠯᠭᠠᠯ᠂ ᠡᠪᠡᠳᠴᠢᠯᠡᠭᠰᠡᠨ ᠴᠠᠭ ᠬᠤᠭᠤᠴᠠᠭ᠎ᠠ ᠪᠠ ᠡᠪᠡᠳᠴᠢᠨ ᠤ ᠨᠡᠶᠢᠲᠡᠯᠢᠭ ᠢᠯᠡᠷᠡᠯ ᠵᠢᠱᠢᠶᠡᠯᠡᠪᠡᠯ  ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠪᠥᠭᠡᠯᠵᠢᠭᠡᠳ ᠵᠣᠭᠰᠤᠬᠤ ᠦᠭᠡᠢ ᠪᠠᠶᠢᠬᠤ᠂  ᠠᠮᠢᠰᠬᠤᠯ ᠴᠢᠬᠤᠯᠳᠠᠵᠦ ᠪᠠᠶᠢᠭ᠎ᠠ ᠵᠡᠷᠭᠡ ᠶᠢ ᠲᠣᠳᠤᠷᠬᠠᠢ ᠬᠡᠯᠡᠵᠦ ᠦᠭᠬᠦ ᠬᠡᠷᠡᠭᠲᠡᠢ᠃ ᠰᠠᠨᠠᠭᠠᠨ ᠳᠤ ᠦᠭᠡᠢ  ᠭᠡᠮᠲᠥᠭᠰᠡᠨ ᠪᠣᠯ ᠰᠢᠷᠠᠭᠲᠤᠭᠰᠠᠨ ᠰᠢᠯᠲᠠᠭᠠᠨ ᠢ ᠨᠢ ᠲᠣᠳᠣᠷᠬᠠᠢ ᠬᠡᠯᠡᠵᠦ ᠦᠭᠬᠦ ᠬᠡᠷᠡᠭᠲᠡᠢ᠂ ᠵᠢᠱᠢᠶᠡᠯᠡᠪᠡᠯ ᠴᠠᠬᠢᠯᠭᠠᠨ   ᠳᠤ ᠴᠤᠬᠢᠭᠳᠠᠭᠰᠠᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ ᠵᠡᠷᠭᠡ ᠰᠢᠷᠠᠭᠲᠤᠭᠴᠢ ᠶᠢᠨ  ᠰᠢᠷᠬ᠎ᠠ ᠶᠢᠨ ᠪᠠᠶᠢᠳᠠᠯ ᠢ ᠲᠣᠳᠣᠷᠬᠠᠢ ᠬᠡᠯᠡᠵᠦ ᠦᠭᠭᠦᠨ᠎ᠡ᠃           ︵4︶ ᠣᠪᠣᠭ ᠨᠡᠷ᠎ᠡ ᠪᠠᠨ ᠦᠯᠡᠳᠡᠭᠡᠨ᠎ᠡ᠃             ︵5︶ ᠬᠦᠯᠢᠶᠡᠨ ᠠᠪᠴᠦ ᠵᠢᠭᠠᠨ ᠳᠠᠭᠠᠭᠤᠯᠤᠨ᠎ᠠ᠃           ᠬᠠᠯᠠᠭᠤᠮᠰᠤᠭ ᠰᠠᠨᠠᠭᠤᠯᠤᠮᠵᠢ           ᠬᠦᠯᠢᠶᠡᠬᠦ ᠶᠢᠨ ᠵᠡᠷᠭᠡᠴᠡᠪᠡᠷ ᠢᠳᠡᠪᠬᠢᠲᠡᠢ ᠪᠠᠷ ᠠᠪᠤᠷᠠᠬᠤ ᠠᠵᠢᠯ ᠬᠢᠨ᠎ᠡ᠃ ᠭᠠᠮᠰᠢᠭ ᠪᠣᠯᠤᠭᠰᠠᠨ ᠠᠳᠡᠯ  ᠭᠠᠷᠤᠭᠰᠠᠨ ᠤ ᠳᠠᠷᠠᠭ᠎ᠠ ᠨᠡᠩ ᠢᠯᠡᠭᠦᠦ ᠭᠡᠮᠲᠥᠯ ᠪᠣᠯᠭᠠᠬᠤ ᠦᠭᠡᠢ ᠪᠠᠶᠢᠬᠤ ᠶᠢ ᠦᠨᠡᠨᠬᠦ ᠪᠠᠳᠤᠯᠠᠭᠰᠠᠨ ᠪᠠᠶᠢᠳᠠᠯ ᠤᠨ  ᠳᠣᠣᠷ᠎ᠠ᠂ ᠰᠢᠷᠠᠭᠳᠤᠭᠰᠠᠳ ᠲᠤ ᠪᠥᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠮᠨᠡᠯᠭᠡ ᠶᠢᠨ ᠠᠵᠢᠯᠲᠠᠳ ᠢ ᠬᠦᠷᠴᠦ  ᠢᠷᠡᠲᠡᠯ᠎ᠡ ᠲᠥᠷᠭᠡᠨ ᠠᠪᠤᠷᠠᠯᠲᠠ ᠬᠢᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号