ᠫᠤᠤᠵᠢᠩ ᠤᠨ ᠡ᠊ᠨᠳᠡᠯ ᠢ ᠠᠩᠬᠠᠷᠬᠤ ᠨᠢ
ᠨᠡᠶᠢᠲᠡᠯᠡᠭᠰᠡᠨ ᠴᠠᠭ᠄
2016/5/4
     ᠫᠤᠤᠵᠢᠩ ᠤᠨ ᠡ᠊ᠨᠳᠡᠯ ᠪᠤᠯ ᠶᠡᠷᠥ ᠨᠢ ᠫᠤᠤᠵᠢᠩ ᠲᠠᠯᠪᠢᠬᠤ ᠶᠡᠷᠥ ᠶᠢᠨ ᠮᠡᠳᠡᠯᠭᠡ ᠮᠡᠬᠦᠰ ᠪᠤᠶᠤ  ᠰᠤᠬᠤᠷ ᠪᠠᠯᠠᠢ ᠪᠠᠷ ᠲᠡᠯᠪᠢᠭ᠌ᠰᠠᠨ ᠠᠴᠠ ᠡᠬᠦᠰᠳᠡᠭ᠃               ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                   ᠰᠢᠷᠬᠠᠳᠠᠭᠰᠠᠳ ᠢ ᠲᠠᠷᠦ᠋ᠢᠬᠠᠨ ᠤᠢᠢᠷᠠᠯᠴᠠᠭ᠎ᠠ ᠡᠮᠨᠡᠯᠭᠡ ᠳᠤ ᠬᠥᠷᠭᠡᠨ ᠠᠪᠤᠷᠠᠨ ᠡᠮᠨᠡᠭᠦᠯᠤᠨ  ᠠᠪᠤᠷᠠᠯᠳᠠ ᠬᠢᠨ᠎ᠠ  ᠃                 ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                 ◇ᠫᠤᠤᠵᠢᠩ ᠲᠠᠯᠪᠢᠬᠤ ᠠᠴᠠ ᠪᠠᠨ ᠡᠮᠥᠨ᠎ᠡ ᠫᠤᠤᠵᠢᠩ ᠲᠠᠯᠪᠢᠬᠤ ᠲᠤᠳᠤᠷᠬᠠᠢᠢᠯᠠᠯᠳᠠ ᠪᠤᠯᠤᠨ  ᠰᠡᠷᠡᠮᠵᠢ ᠶᠢᠨ ᠥᠭᠡᠰ ᠢ ᠬᠢᠨᠠᠮᠠᠭᠠᠢ ᠤᠡᠭᠰᠢᠨ ᠤᠢᠢᠯᠠᠭᠠᠬᠤ ᠭᠡᠷᠡᠭᠳᠡᠢ᠃                   ◇ᠬᠥᠭᠵᠢᠭᠡᠨ ᠲᠠᠢ ᠵᠡᠭᠡᠯᠢ ᠭᠤᠳᠤᠮᠵᠢ᠂ ᠵᠥᠴᠥᠭᠡ ᠶᠢᠨ ᠲᠢᠶᠠᠨᠲᠷ ᠵᠡᠷᠭᠡ ᠤᠯᠠᠨ ᠨᠡᠶᠢᠳᠡ ᠶᠢᠨ  ᠭᠠᠵᠠᠷ ᠲᠠᠯᠠᠪᠤᠷ ᠪᠤᠯᠤᠨ ᠤᠢ ᠰᠢᠭᠤᠢ᠂ ᠴᠠᠬᠢᠯᠭᠠᠨ ᠲᠠᠢ ᠪᠡᠯᠡᠳᠭᠡᠮᠵᠢ ᠵᠢᠴᠢ ᠠᠮᠠᠷᠬᠠᠨ ᠨᠤᠴᠤᠵᠤ ᠲᠡᠯᠪᠡᠷᠡᠬᠦ ᠪᠤᠳᠠᠰ   ᠤᠨ ᠤᠢᠢᠷᠠᠯᠴᠠᠭ᠎ᠠ ᠭᠠᠵᠠᠷ ᠲᠤ ᠫᠤᠤᠵᠢᠩ ᠲᠠᠯᠪᠢᠬᠤ ᠶᠢ ᠴᠠᠭᠠᠵᠠᠯᠠᠨ᠎ᠠ︔ ᠡᠷᠭᠡᠪᠰᠢ ᠡᠵᠡᠬᠦᠢ ᠬᠤᠭᠤᠰᠤᠨ᠂ ᠲᠡᠭᠰᠢ  ᠲᠥᠪᠰᠢᠨ  ᠂ ᠬᠠᠷᠰᠢᠯᠠᠯ ᠡᠳ᠋ ᠥᠭᠡᠢ ᠭᠠᠵᠠᠷ ᠲᠤ ᠫᠤᠤᠵᠢᠩ ᠲᠠᠯᠪᠢᠬᠤ   ᠪᠠᠷ ᠲᠤᠬᠢᠷᠠᠭᠤᠯᠵᠤ ᠪᠤᠯᠤᠨ᠎ᠠ᠃             ◇ᠬᠤᠸᠠᠷ ᠫᠤᠤᠵᠢᠩ ᠲᠠᠯᠪᠢᠬᠤ ᠳᠠᠭᠠᠨ ᠲᠤᠩᠭᠤᠷᠠᠭᠤᠯᠤᠨ ᠲᠠᠯᠪᠢᠬᠤ ᠪᠠ ᠬᠥᠮᠥᠨ ᠪᠤᠶᠤ ᠪᠤᠳᠠᠰ   ᠤᠨ ᠥᠭᠡᠳᠡ ᠴᠢᠭᠯᠡᠬᠦᠯᠥᠨ ᠲᠠᠯᠪᠢᠵᠤ ᠪᠤᠯᠬᠤ ᠥᠭᠡᠢ᠃ ᠫᠤᠤᠵᠢᠩ ᠲᠠᠯᠪᠢᠬᠤ ᠳᠠᠭᠠᠨ ᠪᠢᠯᠳᠡ ᠶᠢᠨ ᠨᠤᠴᠤᠬᠤ ᠴᠠᠭ  ᠵᠢᠴᠢ ᠲᠤᠮᠳᠠ ᠨᠢ ᠠᠯᠤᠰᠯᠠᠬᠤ ᠴᠠᠭ ᠢ ᠠᠩᠬᠠᠷᠤᠯ ᠳᠠᠭᠠᠨ ᠠᠪᠬᠤ ᠭᠡᠷᠡᠭᠳᠡᠢ᠃ ᠬᠠᠭᠠᠰ ᠲᠤᠮᠳᠠ ᠨᠢ ᠤᠢᠢᠷᠠᠳᠤᠨ  ᠥᠵᠡᠵᠤ ᠤᠭᠳᠤ ᠪᠤᠯᠬᠤ  ᠥᠭᠡᠢ᠃ ᠭᠡᠷᠪᠡ ᠪᠢᠯᠳᠡ ᠨᠢ ᠤᠨᠳᠠᠷᠠᠪᠠᠯ᠂ ᠶᠡᠷᠥᠩᠭᠡᠢ ᠳᠡᠭᠡᠨ 15 ᠮᠢᠨᠦ᠋ᠲ ᠤᠨ  ᠲᠠᠷᠠᠭ᠎ᠠ ᠲᠡᠬᠢᠨ ᠰᠢᠢᠳᠪᠦᠷᠢᠯᠡᠨ᠎ᠡ᠃                 ◇ᠨᠤᠴᠤᠭᠠᠬᠤ ᠪᠠᠶᠢᠷᠢᠰᠢᠯ ᠢ ᠤᠯᠵᠤ ᠠᠪᠴᠤ᠂ ᠨᠤᠴᠤᠭᠠᠬᠤ ᠪᠢᠯᠳᠡ ᠶᠢᠨ ᠱᠤᠭᠤᠮ ᠢ ᠪᠠᠶᠢᠴᠠᠭᠠᠨ  ᠥᠵᠡᠵᠤ᠂  ᠲᠥᠷᠭᠡᠨ ᠨᠤᠴᠤᠬᠤ ᠪᠠ ᠤᠳᠠᠭᠠᠨ ᠨᠤᠴᠤᠬᠤ ᠶᠢ ᠢᠯᠭᠠᠨ ᠲᠤᠳᠤᠯᠤᠭᠠᠳ᠂ ᠲᠡᠮᠡᠬᠢᠨ ᠭᠠᠯ ᠪᠤᠶᠤ  ᠬᠥᠵᠢ ᠪᠠᠷ ᠨᠤᠴᠤᠭᠠᠪᠠᠯ ᠰᠠᠶᠢᠨ᠃                 ◇ᠵᠥᠪ ᠨᠤᠴᠤᠭᠠᠬᠤ ᠠᠷᠭ᠎ᠠ ᠪᠤᠯ ᠬᠠᠵᠠᠭᠤ ᠲᠡᠯ᠎ᠠ ᠪᠠᠷ ᠨᠤᠴᠤᠭᠠᠵᠤ᠂ ᠪᠡᠶ᠎ᠡ ᠪᠠᠨ ᠫᠤᠤᠵᠢᠩ  ᠲᠠᠯᠪᠢᠬᠤ ᠵᠠᠮ ᠮᠥᠷ ᠵᠥᠭ ᠬᠠᠨᠳᠤᠭᠤᠯᠵᠤ ᠪᠤᠯᠬᠤ ᠥᠭᠡᠢ᠃                 ◇ᠨᠤᠴᠤᠭᠠᠮᠠᠭᠴᠠ ᠪᠠᠨ ᠲᠥᠷᠭᠡᠨ ᠭᠡᠭᠴᠢ ᠠᠮᠤᠷ ᠲᠥᠪᠰᠢᠨ ᠭᠠᠵᠠᠷ  ᠵᠠᠶᠢᠯᠠᠨ᠎ᠠ᠃                 ◇ᠭᠡᠥᠭᠡᠳ ᠪᠤᠯ ᠡᠷᠭᠡᠪᠰᠢ ᠲᠤᠮᠤ ᠬᠥᠮᠥᠰ ᠤᠨ ᠵᠢᠯᠤᠭᠤᠳᠤᠯᠭ᠎ᠠ ᠲᠤᠤᠷ᠎ᠠ ᠲᠠᠯᠪᠢᠨ᠎ᠠ  ᠃                   ◇ᠮᠡᠳᠡᠷᠡᠯ ᠤᠨ ᠡᠪᠡᠳᠴᠢᠨ ᠲᠠᠢ ᠪᠠ ᠠᠷᠢᠬᠢ ᠤᠤᠭᠤᠭᠰᠠᠨ ᠬᠥᠮᠥᠰ ᠫᠤᠤᠵᠢᠩ ᠲᠠᠯᠪᠢᠵᠤ ᠪᠤᠯᠬᠤ  ᠥᠭᠡᠢ᠂  ᠶᠡᠭᠡ ᠰᠠᠯᠬᠢ᠂ ᠶᠡᠭᠡ ᠪᠤᠷᠤᠭ᠎ᠠ᠂ ᠶᠡᠭᠡ ᠮᠠᠨᠠᠨ ᠲᠠᠢ ᠥᠶ᠎ᠡ ᠳᠤ ᠫᠤᠤᠵᠢᠩ ᠲᠠᠯᠪᠢᠵᠤ ᠪᠤᠯᠬᠤ ᠥᠭᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号