ᠢᠳᠡᠭᠡᠨ ᠤ ᠬᠤᠤᠷᠳᠠᠯ ᠤᠨ ᠲᠤᠬᠠᠢ ᠦᠢᠯᠠᠭᠠᠯᠳᠠ
ᠨᠡᠶᠢᠲᠡᠯᠡᠭᠰᠡᠨ ᠴᠠᠭ᠄
2016/5/4
     ᠢᠳᠡᠭᠡᠨ ᠤ ᠬᠤᠤᠷᠳᠠᠯ ᠭᠡᠳᠡᠭ ᠪᠤᠯ ᠬᠤᠤᠷ ᠬᠥᠨᠥᠭᠡᠯ ᠠᠭᠤᠯᠤᠭᠳᠠᠵᠤ ᠪᠥᠬᠦᠢ ᠢᠳᠡᠭᠡᠨ ᠢ ᠢᠳᠡᠭᠰᠡᠨ  ᠪᠤᠶᠤ  ᠬᠤᠤᠷ ᠬᠥᠨᠥᠭᠡᠯ ᠲᠠᠢ ᠵᠥᠢᠯ ᠢ ᠠᠳᠡᠬᠦᠷᠡᠨ ᠢᠳᠡᠭᠰᠡᠨ ᠤ ᠰᠡᠬᠦᠯᠡᠷ ᠬᠠᠯᠳᠠᠪᠤᠷᠢᠳᠤ ᠪᠤᠰᠤ ᠴᠢᠨᠠᠷᠳᠠᠢ  ᠡᠪᠡᠳᠴᠢᠨ ᠭᠡᠮ ᠡᠬᠦᠰᠬᠦ ᠶᠢ ᠵᠢᠭᠠᠵᠤ ᠪᠠᠶᠢᠨ᠎ᠠ᠃ ᠡᠬᠦᠨ ᠢ ᠪᠠᠺᠲ᠋ᠧᠷᠢ ᠶᠢᠨ ᠴᠢᠨᠠᠷᠳᠠᠢ ᠢᠳᠡᠭᠡᠨ ᠤ ᠬᠤᠤᠷᠳᠠᠯ᠂  ᠵᠢᠩᠬᠢᠨᠢ ᠮᠥᠬᠦ ᠶᠢᠨ ᠴᠢᠨᠠᠷᠳᠠᠢ ᠢᠳᠡᠭᠡᠨ ᠤ ᠬᠤᠤᠷᠳᠠᠯ᠂ ᠬᠢᠮᠢ ᠶᠢᠨ ᠴᠢᠨᠠᠷᠳᠠᠢ ᠢᠳᠡᠭᠡᠨ ᠤ ᠬᠤᠤᠷᠳᠠᠯ ᠭᠡᠵᠤ  ᠬᠤᠪᠢᠶᠠᠳᠠᠭ᠃                  ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                 ●ᠲᠠᠪᠤᠰᠤ ᠲᠠᠢ ᠱᠥᠯᠳᠤ ᠪᠠᠷ ᠪᠥᠭᠡᠯᠵᠢᠬᠦᠯᠬᠦ᠄ ᠬᠤᠤᠷᠳᠠᠯ ᠤᠨ ᠭᠡᠮᠵᠢᠶ᠎ᠡ ᠨᠢ ᠪᠠᠭ᠎ᠠ ᠪᠥᠭᠡᠳ  ᠬᠤᠤᠷᠳᠤ ᠡᠳ᠋  ᠤᠤᠭᠤᠵᠤ ᠢᠳᠡᠭᠡᠳ 2 — 3 ᠴᠠᠭ ᠪᠤᠯᠵᠤ ᠪᠠᠶᠢᠭ᠎ᠠ ᠬᠤᠤᠷᠳᠠᠭᠳᠠᠭᠰᠠᠳ ᠢ ᠪᠤᠯ ᠠᠯᠢ  ᠴᠢᠳᠠᠬᠤ ᠪᠠᠷ ᠲᠠᠪᠤᠰᠤ ᠲᠠᠢ ᠤᠰᠤ ᠢᠯᠡᠬᠦᠭᠡᠨ ᠤᠤᠭᠤᠯᠭᠠᠭᠰᠠᠨ ᠤ ᠰᠡᠬᠦᠯᠡᠷ᠂ ᠰᠠᠪᠬ᠎ᠠ ᠪᠤᠶᠤ ᠬᠤᠷᠤᠭᠤ ᠪᠠᠷ ᠢᠶᠠᠨ  ᠭᠡᠥᠭᠡᠨ ᠭᠡᠯᠡ ᠶᠢ ᠨᠢ ᠬᠥᠭᠳᠡᠨ ᠤᠭᠰᠢᠭᠤᠯᠵᠤ ᠪᠥᠭᠡᠯᠵᠢᠬᠦᠯᠬᠦ ᠭᠡᠷᠡᠭᠳᠡᠢ᠃               ●ᠴᠢᠨᠠᠷ ᠨᠢ ᠬᠤᠪᠢᠷᠠᠭᠰᠠᠨ ᠵᠢᠭᠠᠰᠤ᠂ ᠰᠡᠮ ᠬᠤᠷᠤᠬᠠᠢ᠂ ᠨᠠᠢᠮᠠᠯᠵᠢ ᠵᠡᠷᠭᠡ ᠶᠢ ᠢᠳᠡᠭᠡᠳ  ᠬᠤᠤᠷᠳᠠᠭᠰᠠᠨ  ᠢᠳᠡᠭᠡᠨ ᠤ ᠬᠤᠤᠷᠳᠠᠯ ᠢ ᠲᠡᠷᠦ᠋ᠢᠬᠠᠨ ᠡᠮᠨᠡᠯᠭᠡ ᠳᠤ ᠬᠥᠷᠭᠡᠨ ᠡᠮᠨᠡᠬᠦᠯᠬᠦ ᠭᠡᠷᠡᠭᠳᠡᠢ᠃                   ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                 ◇ᠢᠳᠡᠭᠡᠨ ᠳᠤ ᠬᠤᠤᠷᠳᠠᠭᠰᠠᠨ ᠪᠤᠯ ᠬᠤᠤᠷᠳᠠᠭᠳᠠᠭᠰᠠᠳ ᠤᠨ ᠢᠳᠡᠭᠰᠡᠨ ᠢᠳᠡᠭᠡᠨ ᠤ ᠥᠯᠢᠭᠡᠷ ᠭᠡᠪ   ᠢ ᠠᠯᠢ ᠴᠢᠳᠠᠬᠤ ᠪᠠᠷ ᠥᠯᠡᠳᠡᠭᠡᠨ ᠠᠪᠬᠤ ᠪᠠ ᠪᠥᠭᠡᠯᠵᠢᠰᠤ᠂ ᠢᠯᠭᠠᠳᠠᠰᠤ ᠶᠢ ᠨᠢ ᠥᠯᠡᠳᠡᠭᠡᠨ ᠠᠪᠴᠤ᠂ ᠰᠢᠯᠭᠠᠨ  ᠪᠠᠶᠢᠴᠠᠭᠠᠬᠤ ᠳᠤ ᠭᠡᠷᠡᠭᠯᠡᠬᠦᠯᠬᠦ ᠭᠡᠷᠡᠭᠳᠡᠢ᠃                 ◇ᠪᠤᠯᠭᠤᠭᠰᠠᠨ ᠲᠥᠬᠦᠭᠡᠢ ᠢᠳᠡᠭᠡᠨ ᠢ ᠠᠰ ᠠᠰ ᠲᠤᠨᠢ ᠰᠠᠯᠭᠠᠨ ᠲᠠᠯᠪᠢᠵᠤ᠂ ᠤᠰᠤᠨ ᠤ  ᠭᠠᠷᠤᠯᠳᠠ ᠵᠢᠴᠢ  ᠮᠢᠬᠠᠨ ᠤ ᠵᠥᠢᠯ ᠤᠨ ᠢᠳᠡᠭᠡᠨ ᠢ ᠬᠠᠭᠤᠷᠠᠵᠤ ᠪᠤᠯᠭᠤᠭᠰᠠᠨ ᠤ ᠰᠡᠬᠦᠯᠡᠷ ᠰᠠᠶ᠋ᠢ  ᠢᠳᠡᠵᠤ  ᠪᠤᠯᠤᠨ᠎ᠠ᠃               ◇ᠤᠮᠳᠠᠭᠠᠨ ᠤ ᠯᠤᠩᠬᠤᠨ ᠳᠤ ᠬᠢᠮᠢ ᠶᠢᠨ ᠵᠥᠢᠯ ᠢ ᠰᠠᠪᠠᠯᠠᠵᠤ ᠪᠤᠯᠬᠤ ᠥᠭᠡᠢ᠂ ᠬᠢᠮᠢ ᠶᠢᠨ ᠵᠥᠢᠯ  ᠰᠠᠪᠠᠯᠠᠭᠰᠠᠨ ᠯᠤᠩᠬᠤᠨ ᠲᠡᠭᠡᠷ᠎ᠡ ᠢᠯᠡ ᠲᠤᠳᠤ ᠲᠡᠮᠳᠡᠭ ᠲᠠᠯᠪᠢᠬᠤ ᠶᠢᠨ ᠲᠠᠭᠠᠤ ᠨᠢᠭᠤᠴᠠ ᠲᠠᠯᠳᠠ ᠭᠠᠵᠠᠷ  ᠬᠠᠳᠠᠭᠠᠯᠠᠵᠤ᠂ ᠭᠡᠥᠭᠡᠳ ᠰᠢᠬᠤᠳ ᠠᠳᠡᠬᠦᠷᠡᠨ ᠤᠤᠭᠤᠬᠤ ᠠᠴᠠ ᠬᠢᠴᠢᠶᠡᠬᠦ ᠭᠡᠷᠡᠭᠳᠡᠢ᠃       ◇ᠢᠳᠡᠭᠡᠨ ᠳᠤ ᠬᠤᠤᠷᠳᠠᠭᠰᠠᠨ ᠬᠥᠮᠥᠨ ᠢ ᠤᠯᠵᠤ ᠮᠡᠳᠡᠪᠡᠯ ᠡᠷᠭᠡᠪᠰᠢ ᠡᠮᠨᠡᠯᠭᠡ ᠳᠤ ᠲᠥᠷᠭᠡᠨ  ᠬᠥᠷᠭᠡᠵᠤ  ᠠᠪᠤᠷᠠᠯᠳᠠ ᠬᠢᠯᠭᠡᠬᠦ ᠭᠡᠷᠡᠭᠳᠡᠢ᠂ ᠲᠤᠷ᠎ᠠ ᠪᠠᠷ ᠢᠶᠠᠨ ᠡᠮ ᠤᠤᠭᠤᠯᠭᠠᠵᠤ ᠪᠤᠯᠬᠤ ᠥᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号