ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ  ᠠᠵᠢᠯ ᠢ  ᠨᠡᠶᠢᠭᠡᠮ ᠠᠴᠠ ᠵᠦᠪᠯᠡᠨ ᠲᠣᠭᠲᠠᠭᠠᠬᠤ ᠳᠦᠷᠢᠮ
ᠨᠡᠶᠢᠲᠡᠯᠡᠭᠰᠡᠨ ᠴᠠᠭ᠄
2016/6/22
      ᠨᠢᠭᠡᠳᠤᠭᠡᠷ ᠵᠣᠷᠪᠤᠰ᠂ ᠪᠦᠬᠦ ᠬᠤᠰᠢᠭᠤᠨ ᠤ ᠡᠷᠬᠡᠳᠤ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠬᠠᠥᠯᠢ ᠶᠣᠰᠤᠭᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠣᠯᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠠᠷᠠᠳ ᠣᠯᠠᠨ ᠤ ᠤᠶᠢᠯᠡᠳᠪᠦᠷᠢᠯᠡᠯ᠂ ᠠᠮᠢᠳᠤᠷᠠᠯ ᠪᠠ ᠠᠵᠦ ᠠᠬᠤᠢ ᠨᠡᠶᠢᠭᠡᠮ ᠤᠨ ᠠᠵᠢᠯᠯᠠᠭᠠᠨ ᠳᠤ ᠤᠶᠢᠯᠡᠴᠢᠯᠡᠬᠦ ᠤᠶᠢᠯᠡᠳᠤᠯ ᠢ ᠪᠦᠷᠢᠮᠤᠰᠤᠨ ᠪᠠᠳᠠᠷᠠᠭᠤᠯᠬᠤ ᠶᠢᠨ ᠲᠦᠯᠦᠭᠡ᠂ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠤᠯᠪᠤᠭᠳᠠᠯ ᠪᠦᠬᠦᠢ ᠲᠣᠭᠲᠠᠭᠠᠯ ᠢ ᠦᠨᠳᠤᠰᠤᠯᠡᠵᠦ᠂ ᠮᠠᠨ ᠤ ᠬᠤᠰᠢᠭᠤᠨ ᠤ ᠪᠣᠲᠠᠲᠠᠢ ᠲᠠᠢ ᠤᠶᠠᠯᠳᠤᠭᠤᠯᠤᠨ ᠲᠤᠰ ᠳᠦᠷᠢᠮ ᠢ ᠲᠣᠭᠲᠠᠭᠠᠵᠠᠢ᠃       ᠬᠤᠶᠠᠳᠤᠭᠠᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠠᠵᠢᠯᠯᠠᠭ᠎ᠠ ᠶᠢ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ᠭᠤᠷᠪᠠᠳᠤᠭᠠᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠡᠲᠡᠭᠡᠳ ᠪᠣᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠠᠷᠠᠳ ᠣᠯᠠᠨ ᠤ ᠠᠰᠢᠭ ᠲᠤᠰᠠ ᠲᠠᠢ ᠨᠢᠭᠲᠠ  ᠬᠤᠯᠪᠤᠭᠳᠠᠵᠤ ᠪᠠᠶᠢᠭ᠎ᠠ ᠨᠡᠶᠢᠲᠡ ᠶᠢᠨ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠪᠣᠯᠤᠨ᠎ᠠ᠃       ᠳᠦᠷᠪᠡᠳᠤᠭᠡᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠨᠢ ᠣᠯᠠᠨ ᠨᠡᠶᠢᠲᠡ ᠵᠦᠪᠯᠡᠨ ᠲᠣᠭᠲᠠᠭᠠᠬᠤ᠂ ᠣᠨᠴᠠᠭᠠᠶᠢᠯᠠᠨ ᠤᠷᠢᠵᠤ ᠵᠦᠪᠯᠡᠨ ᠲᠣᠭᠲᠠᠭᠠᠬᠤ ᠠᠷᠭ᠎ᠠ ᠬᠡᠯᠪᠡᠷᠢ ᠶᠢ ᠬᠡᠷᠡᠭᠯᠡᠵᠦ ᠲᠣᠭᠲᠠᠭᠰᠠᠨ ᠬᠤᠭᠤᠴᠠᠭ᠎ᠠ ᠲᠠᠢ ᠶᠠᠪᠤᠭᠳᠠᠭᠤᠯᠤᠨ᠎ᠠ᠃ ᠣᠯᠠᠨ ᠨᠡᠶᠢᠲᠡ ᠵᠦᠪᠯᠡᠨ ᠲᠣᠭᠲᠠᠭᠠᠬᠤ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠤ ᠴᠡᠭ ᠳᠡᠭᠡᠷ᠎ᠡ ᠢᠯᠡ ᠪᠣᠯᠭᠠᠵᠤ ᠶᠠᠪᠤᠭᠳᠠᠭᠤᠯᠵᠤ ᠪᠣᠯᠤᠨ᠎ᠠ  ᠂ ᠪᠠᠰᠠ ᠵᠠᠭᠤᠴᠢ ᠪᠣᠶᠤ ᠬᠤᠯᠪᠤᠭᠳᠠᠯ ᠪᠦᠬᠦᠢ ᠨᠢᠭᠡᠴᠡ ᠳᠤ ᠨᠡᠶᠢᠳᠠᠵᠤ᠂ ᠠᠷᠠᠳ ᠤᠨ ᠰᠠᠨᠠᠯ ᠢ ᠪᠠᠶᠢᠴᠠᠭᠠᠬᠤ ᠶᠢ ᠵᠣᠬᠢᠶᠠᠨ ᠪᠠᠶᠢᠭᠤᠯᠵᠤ ᠶᠠᠪᠤᠭᠳᠠᠭᠤᠯᠵᠤ ᠪᠣᠯᠤᠨ᠎ᠠ︔ ᠣᠨᠴᠠᠭᠠᠶᠢᠯᠠᠨ ᠤᠷᠢᠵᠤ ᠵᠦᠪᠯᠡᠨ ᠲᠣᠭᠲᠠᠭᠠᠬᠤ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠲᠠᠨ᠂ ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠤ ᠶᠢᠨ ᠵᠦᠪᠯᠡᠯᠭᠡᠨ ᠤ ᠭᠡᠰᠢᠭᠦᠨ᠂ ᠣᠯᠠᠨ ᠲᠦᠮᠡᠨ ᠤ ᠲᠦᠯᠦᠭᠡᠯᠡᠭᠴᠢ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠠ ᠤᠷᠢᠵᠤ ᠶᠠᠪᠤᠭᠳᠠᠭᠤᠯᠬᠤ ᠪᠣᠯᠤᠨ᠎ᠠ᠃       ᠲᠠᠪᠤᠳᠤᠭᠠᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠭᠤᠣᠯ ᠠᠭᠤᠯᠭ᠎ᠠ᠄       ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠶᠢᠳᠠᠯ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢ ᠲᠣᠳᠤᠷᠬᠠᠶᠢᠯᠠᠵᠤ᠂ ᠤᠳᠤᠷᠢᠳᠤᠯᠭ᠎ᠠ ᠭᠤᠣᠯ ᠬᠠᠮᠢᠶᠠᠷᠴᠤ ᠲᠤᠰᠬᠠᠢ ᠬᠦᠮᠦᠨ ᠬᠠᠷᠢᠭᠤᠴᠠᠵᠤ ᠪᠠᠶᠢᠬᠤ ᠡᠰᠡᠬᠦ᠃       ︵ᠬᠤᠶᠠᠷ︶ ᠬᠠᠮᠢᠶ᠎ᠠ ᠪᠦᠬᠦᠢ ᠲᠣᠭᠲᠠᠭᠠᠯ ᠢ ᠲᠤᠤᠱᠯᠠᠭᠤᠯᠤᠨ ᠬᠡᠷᠡᠭᠵᠢᠬᠦᠯᠵᠦ ᠪᠠᠶᠢᠭ᠎ᠠ ᠪᠠᠶᠢᠳᠠᠯ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠪᠠ ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠨᠠᠶᠢᠲᠠᠪᠤᠷᠢᠵᠢᠭᠤᠯᠤᠭᠰᠠᠨ ᠪᠠᠶᠢᠳᠠᠯ᠃ ᠰᠣᠨᠢᠨ ᠮᠡᠳᠡᠭᠡ ᠨᠡᠶᠢᠲᠡᠯᠡᠬᠦ ᠪᠠ ᠰᠣᠨᠢᠨ ᠮᠡᠳᠡᠭᠡᠨ ᠤ ᠦᠭᠦᠯᠡᠭᠴᠢ ᠶᠢᠨ ᠳᠦᠷᠢᠮ ᠢ ᠪᠠᠷᠢᠮᠳᠠᠯᠠᠬᠤ ᠡᠰᠡᠬᠦ︔ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠵᠠᠰᠠᠭ ᠤᠨ ᠣᠷᠳᠣᠨ ᠤ  ᠴᠢᠮᠡᠭᠡ ᠵᠠᠩᠭᠢ ᠶᠢᠨ ᠨᠡᠶᠢᠭᠡᠮ ᠠᠴᠠ ᠵᠦᠪᠯᠡᠨ ᠲᠣᠭᠲᠠᠭᠠᠬᠤ ᠶᠢ ᠵᠣᠬᠢᠶᠠᠨ ᠪᠠᠶᠢᠭᠤᠯᠵᠤ ᠶᠠᠪᠤᠭᠳᠠᠭᠤᠯᠬᠤ ᠡᠰᠡᠬᠦ᠂ ᠵᠢᠯ ᠤᠨ ᠠᠵᠢᠯ ᠤᠨ ᠮᠡᠳᠡᠭᠦᠯᠦᠯᠲᠡ ᠶᠢ ᠴᠠᠭ ᠲᠣᠬᠠᠢ ᠳᠤᠨᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠡᠰᠡᠬᠦ  ᠃       ︵ᠭᠤᠷᠪᠠ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ ᠪᠠ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠬᠤ ᠪᠠᠶᠢᠳᠠᠯ᠃ ᠢᠯᠡ ᠪᠣᠯᠭᠠᠬᠤ ᠤᠳᠤᠷᠢᠳᠤᠮᠵᠢ ᠪᠠ ᠢᠯᠡ ᠪᠣᠯᠭᠠᠬᠤ ᠭᠠᠷᠴᠠᠭ ᠨᠢ ᠪᠣᠲᠠᠲᠠᠢ᠂ ᠪᠦᠷᠢᠨ ᠡᠰᠡᠬᠦ︔ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠤ ᠴᠡᠭ ᠪᠠ ᠬᠤᠯᠪᠤᠭᠳᠠᠯ ᠪᠦᠬᠦᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠡᠷᠢᠵᠤ ᠦᠵᠡᠬᠦ ᠲᠠᠯᠠᠪᠤᠷ ᠳᠡᠭᠡᠷ᠎ᠡ ᠨᠡᠶᠢᠲᠡᠯᠡᠭᠰᠡᠨ ᠡᠰᠡᠬᠦ︔ ᠴᠠᠭ ᠲᠣᠬᠠᠢ ᠳᠤᠨᠢ ᠰᠢᠨᠡᠳᠭᠡᠭᠰᠡᠨ ᠡᠰᠡᠬᠦ᠃       ︵ᠳᠥᠷᠪᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠠᠭᠤᠯᠭ᠎ᠠ ᠨᠢ ︽ᠳᠦᠷᠢᠮ︾ ᠲᠣᠭᠲᠠᠭᠠᠯ ᠤᠨ ᠱᠠᠭᠠᠷᠳᠠᠯᠭ᠎ᠠ ᠳᠤ ᠬᠦᠷᠬᠦ ᠡᠰᠡᠬᠦ︔ ᠭᠤᠣᠯᠳᠠᠯᠭ᠎ᠠ ᠲᠠᠢ ᠢᠯᠡ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠨᠢ ᠪᠣᠲᠠᠲᠠᠢ  ᠪᠦᠷᠢᠨ᠂ ᠪᠣᠲᠠᠲᠤ ᠪᠠᠶᠢᠳᠠᠯ ᠳᠤ ᠨᠡᠶᠢᠴᠠᠬᠦ᠂ ᠭᠡᠭᠡᠭᠳᠡᠭᠰᠡᠨ ᠵᠤᠶᠢᠯ ᠪᠠᠶᠢᠬᠤ ᠡᠰᠡᠬᠦ᠃       ︵ᠲᠠᠪᠤ︶ ᠢᠯᠡ ᠪᠣᠯᠭᠠᠬᠤ ᠠᠷᠭ᠎ᠠ ᠬᠡᠯᠪᠡᠷᠢ ᠪᠠ ᠶᠠᠪᠤᠴᠠ ᠶᠢᠨ ᠪᠠᠶᠢᠳᠠᠯ᠃ ᠵᠠᠰᠠᠭ ᠤᠨ ᠣᠷᠳᠣᠨ ᠴᠢᠮᠡᠭᠡ ᠵᠠᠩᠭᠢ ᠶᠢᠨ ᠲᠠᠯᠠᠪᠤᠷ ᠢ ᠪᠠᠶᠢᠭᠤᠯᠬᠤ ᠪᠠ ᠲᠣᠬᠢᠷᠠᠮᠵᠢᠲᠠᠢ ᠲᠦᠭᠦᠭᠡᠷᠤᠮᠵᠢ ᠶᠢ ᠲᠠᠭᠠᠷᠠᠭᠤᠯᠤᠭᠰᠠᠨ ᠡᠰᠡᠬᠦ︔ ᠵᠠᠰᠠᠭ ᠵᠠᠬᠢᠷᠭᠠᠨ ᠤ ᠪᠠᠶᠢᠭᠤᠯᠤᠯᠭ᠎ᠠ ᠨᠡᠶᠢᠲᠡ ᠶᠢᠨ ᠡᠷᠢᠵᠦ ᠦᠵᠡᠬᠦ ᠭᠡᠷ᠂ ᠮᠠᠲ᠋ᠧᠷᠢᠶᠠᠯ ᠡᠷᠢᠵᠤ ᠣᠯᠬᠤ ᠴᠡᠭ᠂ ᠴᠢᠮᠡᠭᠡ ᠵᠠᠩᠭᠢ ᠨᠡᠶᠢᠲᠡᠯᠡᠬᠦ ᠲᠠᠪᠴᠠᠩ᠂ ᠡᠯᠧᠺᠲᠷᠤᠨ ᠴᠢᠮᠡᠭᠡ ᠵᠠᠩᠭᠢ ᠶᠢᠨ ᠳᠡᠯᠭᠡᠴᠡ ᠵᠡᠷᠭᠡ ᠲᠠᠯᠠᠪᠤᠷ᠂ ᠲᠦᠭᠦᠭᠡᠷᠤᠮᠵᠢ ᠶᠢ ᠪᠠᠶᠢᠭᠤᠯᠤᠭᠰᠠᠨ ᠡᠰᠡᠬᠦ︔ ᠬᠦᠴᠦᠨ ᠲᠠᠢ ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶᠠᠨ ᠳᠤ ᠬᠠᠷᠢᠶᠠᠯᠠᠭᠳᠠᠬᠤ  ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠰᠡᠬᠦ︔ ᠲᠣᠭᠲᠠᠭᠰᠠᠨ ᠬᠤᠭᠤᠴᠠᠭᠠᠨ ᠳᠣᠲᠤᠷ᠎ᠠ ᠭᠤᠶᠤᠴᠢᠯᠠᠭᠰᠠᠨ ᠬᠦᠮᠦᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠦᠭᠬᠦ ᠡᠰᠡᠬᠦ︔ ᠲᠣᠭᠲᠠᠭᠠᠯ ᠢ ᠵᠦᠷᠢᠴᠠᠵᠤ ᠰᠤᠶᠢᠳᠭᠡᠯ ᠬᠤᠷᠢᠶᠠᠭᠰᠠᠨ ᠡᠰᠡᠬᠦ︔ ᠪᠣᠰᠤᠳ ᠵᠣᠬᠢᠶᠠᠨ ᠪᠠᠶᠢᠭᠤᠯᠤᠯᠲᠠ᠂ ᠬᠤᠪᠢ ᠬᠦᠮᠦᠨ ᠢᠶᠠᠷ ᠳᠠᠮᠵᠢᠵᠤ  ᠦᠨ᠎ᠡ ᠲᠦᠯᠦᠪᠤᠷᠢ ᠲᠠᠢ ᠤᠶᠢᠯᠡᠴᠢᠯᠡᠭᠡ ᠶᠢᠨ ᠬᠡᠯᠪᠡᠷᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠬᠠᠩᠭᠠᠬᠤ ᠡᠰᠡᠬᠦ︔ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠦᠭᠡᠢ ᠪᠣᠶᠤ ᠴᠠᠭ ᠲᠣᠬᠠᠢ ᠳᠤᠨᠢ ᠢᠯᠡ ᠪᠣᠯᠭᠠᠭᠰᠠᠨ ᠦᠭᠡᠢ ᠠᠴᠠ ᠪᠣᠯᠵᠤ ᠭᠡᠨᠡᠲᠡᠯ ᠪᠣᠶᠤ ᠣᠯᠠᠨ ᠲᠦᠮᠡᠨ ᠤ ᠵᠠᠭᠠᠯᠳᠤᠭᠠᠨ ᠡᠭᠦᠰᠤᠭ᠍ᠰᠡᠨ ᠡᠰᠡᠬᠦ᠃       ᠵᠢᠷᠭᠤᠳᠤᠭᠠᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠭᠤᠣᠯ ᠶᠠᠪᠤᠴᠠ᠄       ︵ᠨᠢᠭᠡ︶ ᠨᠡᠶᠢᠭᠡᠮ ᠠᠴᠠ ᠵᠦᠪᠯᠡᠨ ᠲᠣᠭᠲᠠᠭᠠᠬᠤ ᠮᠡᠳᠡᠭᠳᠡᠯ ᠢ ᠳᠣᠷᠤᠭᠰᠢ ᠲᠠᠷᠬᠠᠭᠠᠬᠤ ᠪᠣᠶᠤ ᠵᠠᠰᠠᠭ ᠤᠨ ᠣᠷᠳᠣᠨ ᠤ ᠰᠦᠯᠵᠢᠶᠡᠨ ᠤ ᠴᠡᠭ᠂ ᠬᠤᠯᠪᠤᠭᠳᠠᠯ ᠪᠦᠬᠦᠢ ᠪᠠᠶᠢᠴᠠᠭᠠᠨ ᠠᠰᠠᠭᠤᠬᠤ ᠲᠠᠪᠴᠠᠩ ᠳᠡᠭᠡᠷ᠎ᠡ ᠨᠡᠶᠢᠭᠡᠮ ᠠᠴᠠ ᠵᠦᠪᠯᠡᠨ ᠲᠣᠭᠲᠠᠭᠠᠬᠤ ᠵᠠᠷ ᠢ ᠨᠡᠶᠢᠲᠡᠯᠡᠨ᠎ᠡ᠃       ︵ᠬᠤᠶᠠᠷ︶ ᠨᠡᠶᠢᠭᠡᠮ ᠠᠴᠠ ᠵᠦᠪᠯᠡᠨ ᠲᠣᠭᠲᠠᠭᠠᠬᠤ ᠬᠡᠮᠵᠢᠨ ᠲᠣᠭᠲᠠᠭᠠᠯᠲᠠ ᠶᠢᠨ ᠬᠦᠰᠤᠨᠦᠭ ᠢ ᠨᠠᠶᠢᠷᠠᠭᠤᠯᠤᠨ ᠵᠣᠬᠢᠶᠠᠨ᠎ᠠ᠃       ︵ᠭᠤᠷᠪᠠ︶ ᠨᠡᠶᠢᠭᠡᠮ ᠠᠴᠠ ᠵᠦᠪᠯᠡᠨ ᠲᠣᠭᠲᠠᠭᠠᠬᠤ ᠳᠤ ᠣᠷᠤᠯᠴᠠᠬᠤ  ᠬᠦᠮᠤᠰ ᠢ ᠲᠣᠭᠲᠠᠭᠠᠨ᠎ᠠ᠃       ︵ᠳᠥᠷᠪᠡ︶ ᠣᠷᠤᠯᠴᠠᠵᠤ ᠲᠣᠭᠲᠠᠭᠠᠬᠤ ᠬᠦᠮᠤᠰ ᠢ ᠵᠣᠬᠢᠶᠠᠨ ᠪᠠᠶᠢᠭᠤᠯᠵᠤ ᠮᠠᠲ᠋ᠧᠷᠢᠶᠠᠯ ᠡᠷᠢᠵᠤ ᠦᠵᠡᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠮᠡᠳᠡᠬᠦᠯᠦᠯᠲᠡ ᠶᠢ ᠰᠤᠨᠤᠰᠤᠨ᠎ᠠ᠃       ︵ᠲᠠᠪᠤ︶ ᠨᠡᠶᠢᠭᠡᠮ ᠠᠴᠠ ᠵᠦᠪᠯᠡᠨ ᠲᠣᠭᠲᠠᠭᠠᠬᠤ ᠬᠡᠮᠵᠢᠨ ᠲᠣᠭᠲᠠᠭᠠᠯᠲᠠ ᠶᠢᠨ ᠬᠦᠰᠤᠨᠦᠭ ᠢ ᠲᠠᠷᠬᠠᠭᠠᠵᠤ᠂ ᠲᠠᠭᠯᠠᠵᠤ᠂ ᠬᠤᠷᠢᠶᠠᠨ᠎ᠠ᠃       ︵ᠵᠢᠷᠭᠤᠭ᠎ᠠ︶ ᠨᠡᠶᠢᠭᠡᠮ ᠠᠴᠠ ᠵᠦᠪᠯᠡᠨ ᠲᠣᠭᠲᠠᠭᠠᠬᠤ ᠪᠠᠶᠢᠳᠠᠯ ᠢ ᠬᠤᠷᠢᠶᠠᠩᠭᠤᠶᠢᠯᠠᠵᠤ ︵ᠰᠦᠯᠵᠢᠶᠡᠨ ᠳᠡᠭᠡᠷᠡᠬᠢ ᠬᠡᠮᠵᠢᠨ ᠲᠣᠭᠲᠠᠭᠠᠬᠤ ᠶᠢ  ᠪᠠᠭᠲᠠᠭᠠᠨ᠎ᠠ︶ ᠦᠷ᠎ᠡ ᠳ᠋ᠦᠩ ᠢ ᠲᠣᠭᠲᠠᠭᠰᠠᠨ ᠬᠡᠪᠴᠢᠶᠠᠨ ᠳᠤ ᠢᠯᠡ ᠪᠣᠯᠭᠠᠨ᠎ᠠ᠃       ︵ᠳᠣᠯᠤᠭ᠎ᠠ︶ ᠨᠡᠶᠢᠭᠡᠮ ᠠᠴᠠ ᠵᠦᠪᠯᠡᠨ ᠲᠣᠭᠲᠠᠭᠠᠬᠤ ᠦᠷ᠎ᠡ ᠳ᠋ᠦᠩ ᠢ ᠦᠨᠳᠤᠰᠤᠯᠡᠵᠦ᠂ ᠵᠣᠬᠢᠰᠲᠠᠢ ᠰᠢᠢᠳᠪᠤᠷᠢ ᠭᠠᠷᠭᠠᠨ᠎ᠠ᠃       ᠳᠣᠯᠤᠳᠤᠭᠠᠷ ᠵᠣᠷᠪᠤᠰ᠂ ᠨᠡᠶᠢᠭᠡᠮ ᠠᠴᠠ ᠵᠦᠪᠯᠡᠨ ᠲᠣᠭᠲᠠᠭᠠᠬᠤ ᠦᠷ᠎ᠡ ᠳ᠋ᠦᠩ ᠢ ᠰᠢᠯᠢᠳᠡᠭ᠂ ᠰᠠᠶᠢᠨ᠂ ᠶᠡᠷᠤᠮᠳᠡᠭ᠂ ᠮᠠᠭᠤ ᠳᠦᠷᠪᠡᠨ ᠳᠡᠰ ᠬᠤᠪᠢᠶᠠᠨ᠎ᠠ᠃ ᠵᠦᠪᠯᠡᠨ ᠲᠣᠭᠲᠠᠭᠠᠬᠤ ᠦᠷ᠎ᠡ ᠳ᠋ᠦᠩ ᠢ ᠪᠦᠬᠦ ᠬᠤᠰᠢᠭᠤᠨ ᠳᠤ ᠢᠯᠡ ᠪᠣᠯᠭᠠᠵᠤ ᠨᠡᠶᠢᠲᠡᠯᠡᠬᠦ  ᠮᠦᠷᠲᠡᠭᠡᠨ ᠵᠦᠪᠯᠡᠨ ᠲᠣᠭᠲᠠᠭᠠᠬᠤ ᠰᠠᠯᠠᠭ᠎ᠠ ᠮᠦᠴᠢᠷ᠂ ᠨᠢᠭᠡᠴᠡ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ ᠴᠢᠬᠤᠯᠠ ᠭᠡᠷᠡᠴᠢ  ᠪᠣᠯᠭᠠᠨ᠎ᠠ᠃       ᠨᠠᠢᠮᠠᠳᠤᠭᠠᠷ ᠵᠣᠷᠪᠤᠰ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号