ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ ᠳᠦᠷᠢᠮ
ᠨᠡᠶᠢᠲᠡᠯᠡᠭᠰᠡᠨ ᠴᠠᠭ᠄
2016/6/22
      ᠨᠢᠭᠡᠳᠤᠭᠡᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ ᠪᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ ᠣᠨᠴᠠᠭᠠᠶᠢᠯᠠᠨ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠣᠷᠪᠤᠰ᠂ ᠰᠢᠯᠭᠠᠨ ᠬᠢᠨᠠᠬᠤ ᠠᠵᠢᠯ ᠪᠣᠰᠤᠳᠴᠢ ᠭᠤᠣᠯᠴᠢ ᠶᠢ ᠪᠠᠷᠢᠮᠳᠠᠯᠠᠵᠤ᠂ ᠪᠣᠳᠠᠲᠤ ᠤᠶᠢᠯᠡᠳᠤᠯ ᠤᠨ ᠵᠠᠷᠴᠢᠮ ᠢ ᠴᠢᠬᠤᠯᠴᠢᠯᠠᠨ᠎ᠠ᠃      ᠭᠤᠷᠪᠠᠳᠤᠭᠠᠷ ᠵᠣᠷᠪᠤᠰ᠂ ᠰᠢᠯᠭᠠᠨ ᠬᠢᠨᠠᠬᠤ ᠠᠵᠢᠯ ᠢ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠬᠡᠷᠡᠭᠵᠢᠭᠦᠯᠤᠨ᠎ᠡ᠃      ᠳᠦᠷᠪᠡᠳᠤᠭᠡᠷ ᠵᠣᠷᠪᠤᠰ᠂ ᠰᠢᠯᠭᠠᠨ ᠬᠢᠨᠠᠬᠤ ᠡᠲᠡᠭᠡᠳ ᠨᠢ ᠭᠤᠣᠯ ᠨᠢ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠷᠠᠳ ᠣᠯᠠᠨ ᠤ  ᠠᠰᠢᠭ ᠲᠤᠰᠠ ᠲᠠᠢ ᠨᠢᠭᠲᠠ ᠬᠤᠯᠪᠤᠭᠳᠠᠬᠤ ᠨᠡᠶᠢᠲᠡ ᠶᠢᠨ ᠠᠵᠦ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢ ᠪᠠᠭᠲᠠᠭᠠᠨ᠎ᠠ᠃      ᠲᠠᠪᠤᠳᠤᠭᠠᠷ ᠵᠣᠷᠪᠤᠰ᠂ ᠰᠢᠯᠭᠠᠨ ᠬᠢᠨᠠᠬᠤ ᠭᠤᠣᠯ ᠠᠭᠤᠯᠭ᠎ᠠ᠄      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠶᠢᠳᠠᠯ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢ ᠲᠣᠭᠲᠠᠭᠠᠬᠤ ᠪᠣᠶᠤ ᠪᠠᠶᠢᠭᠤᠯᠬᠤ ᠡᠰᠡᠬᠦ᠂ ᠤᠳᠤᠷᠢᠳᠤᠯᠭ᠎ᠠ ᠭᠤᠣᠯ ᠬᠠᠮᠢᠶᠠᠷᠴᠤ᠂ ᠲᠤᠰᠬᠠᠢ ᠬᠦᠮᠦᠨ ᠬᠠᠷᠢᠭᠤᠴᠠᠵᠤ ᠪᠠᠶᠢᠬᠤ ᠡᠰᠡᠬᠦ ᠶᠢ ᠲᠣᠳᠤᠷᠬᠠᠶᠢᠯᠠᠨ᠎ᠠ᠃       ︵ᠬᠤᠶᠠᠷ︶ ᠳᠦᠷᠢᠮ ᠤᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢᠨ ᠪᠠᠶᠢᠳᠠᠯ᠃ ᠵᠠᠰᠠᠭ ᠤᠨ ᠣᠷᠳᠣᠨ  ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮ ᠪᠠ ᠭᠤᠶᠤᠴᠢᠯᠠᠯ ᠢ ᠦᠨᠳᠤᠰᠤᠯᠡᠵᠦ  ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮ ᠢ ᠪᠠᠶᠢᠭᠤᠯᠬᠤ ᠡᠰᠡᠬᠦ︔ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠢ ᠨᠡᠶᠢᠲᠡᠯᠡᠬᠦ ᠡᠰᠡᠬᠦ︔ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠬᠦ ᠡᠰᠡᠬᠦ︔ ᠬᠢᠨᠠᠯᠲᠠ ᠲᠠᠯᠪᠢᠵᠤ ᠪᠠᠲᠤᠯᠠᠬᠤ ᠪᠠ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠪᠠᠶᠢᠭᠤᠯᠵᠤ ᠲᠡᠭᠦᠯᠳᠡᠷᠵᠢᠭᠦᠯᠬᠦ ᠡᠰᠡᠬᠦ︔ ᠡᠯ᠎ᠡ ᠰᠣᠮᠣ ᠰᠢᠶᠠᠩ ᠪᠠᠯᠭᠠᠰᠤ ᠲᠠᠯᠠᠪᠠᠢ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ᠂ ᠨᠡᠶᠢᠭᠡᠮ ᠠᠴᠠ ᠵᠦᠪᠯᠡᠨ ᠲᠣᠭᠲᠠᠭᠠᠬᠤ ᠳᠦᠷᠢᠮ ᠵᠡᠷᠭᠡ ᠶᠢ ᠪᠠᠶᠢᠭᠤᠯᠬᠤ ᠡᠰᠡᠬᠦ᠃      ︵ᠭᠤᠷᠪᠠ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ ᠪᠠ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠬᠤ ᠪᠠᠶᠢᠳᠠᠯ᠃ ᠢᠯᠡ ᠪᠣᠯᠭᠠᠬᠤ ᠤᠳᠤᠷᠢᠳᠤᠮᠵᠢ ᠪᠠ ᠢᠯᠡ ᠪᠣᠯᠭᠠᠬᠤ ᠭᠠᠷᠴᠠᠭ ᠨᠢ ᠪᠣᠲᠠᠲᠠᠢ᠂ ᠪᠦᠷᠢᠨ ᠡᠰᠡᠬᠦ︔ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠤ ᠴᠡᠭ ᠪᠠ ᠬᠤᠯᠪᠤᠭᠳᠠᠯ ᠪᠦᠬᠦᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠡᠷᠢᠵᠤ ᠦᠵᠡᠬᠦ ᠲᠠᠯᠠᠪᠤᠷ ᠲᠤ ᠨᠡᠶᠢᠲᠡᠯᠡᠭᠰᠡᠨ ᠡᠰᠡᠬᠦ︔ ᠴᠠᠭ ᠲᠣᠬᠠᠢ ᠳᠤᠨᠢ ᠰᠢᠨᠡᠳᠭᠡᠭᠰᠡᠨ ᠡᠰᠡᠬᠦ᠃      ︵ᠳᠥᠷᠪᠡ︶ ᠢᠯᠡ ᠪᠣᠯᠭᠠᠬᠤ ᠬᠦᠷᠢᠶ᠎ᠡ ᠬᠡᠪᠴᠢᠶᠡᠨ ᠤ ᠪᠠᠶᠢᠳᠠᠯ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠠᠭᠤᠯᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ᠲᠣᠭᠲᠠᠭᠠᠯ ᠤᠨ ᠱᠠᠭᠠᠷᠳᠠᠯᠭ᠎ᠠ ᠳᠤ ᠬᠦᠷᠬᠦ ᠡᠰᠡᠬᠦ︔ ᠭᠤᠣᠯᠳᠠᠯᠭ᠎ᠠ ᠲᠠᠢ ᠢᠯᠡ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ  ᠨᠢ ᠪᠣᠲᠠᠲᠠᠢ ᠪᠦᠷᠢᠨ᠂ ᠪᠣᠲᠠᠲᠤ ᠪᠠᠶᠢᠳᠠᠯ ᠳᠤ ᠨᠡᠶᠢᠴᠡᠬᠦ᠂ ᠭᠡᠭᠡᠭᠳᠡᠭᠰᠡᠨ ᠵᠤᠶᠢᠯ ᠪᠠᠶᠢᠬᠤ ᠡᠰᠡᠬᠦ︔ ᠢᠯᠡ ᠪᠣᠯᠭᠠᠬᠤ ᠦᠭᠡᠢ ᠪᠣᠯ ᠵᠣᠬᠢᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠰᠠᠭᠤᠳᠠᠯ ᠣᠷᠤᠰᠢᠵᠤ ᠪᠠᠶᠢᠬᠤ ᠡᠰᠡᠬᠦ᠃      ︵ᠲᠠᠪᠤ︶ ᠢᠯᠡ ᠪᠣᠯᠭᠠᠬᠤ ᠠᠷᠭ᠎ᠠ ᠬᠡᠯᠪᠡᠷᠢ ᠪᠠ ᠶᠠᠪᠤᠴᠠ ᠶᠢᠨ ᠪᠠᠶᠢᠳᠠᠯ᠃ ᠵᠠᠰᠠᠭ ᠤᠨ ᠣᠷᠳᠣᠨ ᠴᠢᠮᠡᠭᠡ ᠵᠠᠩᠭᠢ ᠶᠢᠨ ᠲᠠᠯᠠᠪᠤᠷ ᠢ ᠪᠠᠶᠢᠭᠤᠯᠬᠤ ᠪᠠ ᠲᠣᠬᠢᠷᠠᠮᠵᠢᠲᠠᠢ ᠲᠦᠭᠦᠭᠡᠷᠤᠮᠵᠢ ᠶᠢ ᠲᠠᠭᠠᠷᠠᠭᠤᠯᠤᠭᠰᠠᠨ ᠡᠰᠡᠬᠦ︔ ᠵᠠᠰᠠᠭ ᠵᠠᠬᠢᠷᠭᠠᠨ ᠤ ᠪᠠᠶᠢᠭᠤᠯᠤᠯᠭ᠎ᠠ ᠨᠡᠶᠢᠲᠡ ᠶᠢᠨ ᠡᠷᠢᠵᠦ ᠦᠵᠡᠬᠦ ᠭᠡᠷ᠂ ᠮᠠᠲ᠋ᠧᠷᠢᠶᠠᠯ ᠡᠷᠢᠵᠤ ᠣᠯᠬᠤ ᠴᠡᠭ᠂ ᠴᠢᠮᠡᠭᠡ ᠵᠠᠩᠭᠢ ᠨᠡᠶᠢᠲᠡᠯᠡᠬᠦ ᠲᠠᠪᠴᠠᠩ᠂ ᠡᠯᠧᠺᠲᠷᠤᠨ ᠴᠢᠮᠡᠭᠡ ᠵᠠᠩᠭᠢ ᠶᠢᠨ ᠳᠡᠯᠭᠡᠴᠡ ᠵᠡᠷᠭᠡ ᠲᠠᠯᠠᠪᠤᠷ᠂ ᠲᠦᠭᠦᠭᠡᠷᠤᠮᠵᠢ ᠶᠢ ᠪᠠᠶᠢᠭᠤᠯᠤᠭᠰᠠᠨ ᠡᠰᠡᠬᠦ︔ ᠬᠦᠴᠦᠨ ᠲᠠᠢ ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶᠠᠨ ᠳᠤ ᠬᠠᠷᠢᠶᠠᠯᠠᠭᠳᠠᠬᠤ  ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠰᠡᠬᠦ︔ ᠲᠣᠭᠲᠠᠭᠰᠠᠨ ᠬᠤᠭᠤᠴᠠᠭᠠᠨ ᠳᠣᠲᠤᠷ᠎ᠠ ᠭᠤᠶᠤᠴᠢᠯᠠᠭᠰᠠᠨ ᠬᠦᠮᠦᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠦᠭᠬᠦ ᠡᠰᠡᠬᠦ︔ ᠲᠣᠭᠲᠠᠭᠠᠯ ᠢ ᠵᠦᠷᠢᠴᠠᠵᠤ ᠰᠤᠶᠢᠳᠭᠡᠯ ᠬᠤᠷᠢᠶᠠᠬᠤ ᠡᠰᠡᠬᠦ︔ ᠪᠣᠰᠤᠳ ᠵᠣᠬᠢᠶᠠᠨ ᠪᠠᠶᠢᠭᠤᠯᠤᠯᠲᠠ᠂ ᠬᠤᠪᠢ ᠬᠦᠮᠦᠨ ᠢᠶᠠᠷ ᠳᠠᠮᠵᠢᠵᠤ  ᠦᠨ᠎ᠡ ᠲᠦᠯᠦᠪᠤᠷᠢ  ᠲᠠᠢ ᠤᠶᠢᠯᠡᠴᠢᠯᠡᠭᠡ ᠶᠢᠨ ᠬᠡᠯᠪᠡᠷᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠬᠠᠩᠭᠠᠬᠤ ᠡᠰᠡᠬᠦ︔ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠦᠭᠡᠢ ᠪᠣᠶᠤ ᠴᠠᠭ ᠲᠣᠬᠠᠢ ᠳᠤᠨᠢ ᠢᠯᠡ ᠪᠣᠯᠭᠠᠭᠰᠠᠨ ᠦᠭᠡᠢ ᠠᠴᠠ ᠪᠣᠯᠵᠤ ᠭᠡᠨᠡᠲᠡᠯ ᠪᠣᠶᠤ ᠣᠯᠠᠨ ᠲᠦᠮᠡᠨ ᠤ ᠵᠠᠭᠠᠯᠳᠤᠭᠠᠨ ᠡᠭᠦᠰᠬᠦ ᠡᠰᠡᠬᠦ᠃      ︵ᠵᠢᠷᠭᠤᠭ᠎ᠠ︶ ᠬᠢᠨᠠᠯᠲᠠ ᠲᠠᠯᠪᠢᠬᠤ ᠪᠠ ᠪᠠᠲᠤᠯᠠᠭ᠎ᠠ ᠶᠢᠨ ᠪᠠᠶᠢᠳᠠᠯ᠃ ᠲᠣᠭᠲᠠᠭᠰᠠᠨ ᠬᠤᠭᠤᠴᠠᠭ᠎ᠠ ᠲᠠᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠰᠢᠯᠭᠠᠨ ᠬᠢᠨᠠᠯᠲᠠ᠂ ᠵᠦᠪᠯᠡᠨ ᠲᠣᠭᠲᠠᠭᠠᠯᠲᠠ ᠬᠢᠬᠦ ᠡᠰᠡᠬᠦ︔ ᠵᠢᠯ ᠤᠨ ᠠᠵᠢᠯ ᠤᠨ ᠮᠡᠳᠡᠭᠦᠯᠤᠯᠲᠡ ᠶᠢ ᠴᠠᠭ ᠲᠣᠬᠠᠢ ᠲᠠᠭᠠᠨ ᠨᠠᠶᠢᠷᠠᠭᠤᠯᠤᠨ  ᠵᠣᠬᠢᠶᠠᠬᠤ᠂ ᠨᠡᠶᠢᠲᠡᠯᠡᠬᠦ ᠡᠰᠡᠬᠦ︔ ᠬᠠᠥᠯᠢ ᠶᠣᠰᠤᠭᠠᠷ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠡᠰᠡᠬᠦ᠃      ᠵᠢᠷᠭᠤᠳᠤᠭᠠᠷ ᠵᠣᠷᠪᠤᠰ᠂ ᠰᠢᠯᠭᠠᠨ ᠬᠢᠨᠠᠬᠤ ᠬᠡᠯᠪᠡᠷᠢ ᠨᠢ ᠮᠡᠳᠡᠭᠦᠯᠦᠯᠲᠡ ᠶᠢ ᠰᠣᠨᠤᠰᠬᠤ᠂ ᠬᠤᠯᠪᠤᠭᠳᠠᠯ ᠪᠦᠬᠦᠢ ᠮᠠᠲ᠋ᠧᠷᠢᠶᠠᠯ ᠢ ᠡᠷᠢᠵᠤ ᠦᠵᠡᠬᠦ᠂ ᠲᠣᠬᠠᠢ ᠶᠢᠨ ᠭᠠᠵᠠᠷ ᠲᠤ ᠪᠠᠶᠢᠴᠠᠭᠠᠨ ᠦᠵᠡᠬᠦ᠂ ᠣᠯᠠᠨ ᠲᠦᠮᠡᠨ ᠤ ᠵᠦᠪᠯᠡᠨ ᠲᠣᠭᠲᠠᠭᠠᠬᠤ ᠦᠷ᠎ᠡ ᠳ᠋ᠦᠩ ᠢ ᠯᠠᠪᠯᠠᠨ ᠦᠵᠡᠬᠦ ᠵᠡᠷᠭᠡ ᠶᠢ ᠪᠠᠭᠲᠠᠭᠠᠨ᠎ᠠ᠃      ᠳᠣᠯᠤᠳᠤᠭᠠᠷ ᠵᠣᠷᠪᠤᠰ᠂ ᠰᠢᠯᠭᠠᠨ ᠬᠢᠨᠠᠬᠤ ᠠᠷᠭ᠎ᠠ ᠮᠠᠶ᠋ᠢᠭ ᠨᠢ ᠡᠳᠦᠷ ᠳᠣᠲᠤᠮ ᠪᠠᠶᠢᠴᠠᠭᠠᠬᠤ᠂ ᠬᠠᠭᠠᠰ ᠵᠢᠯ ᠤᠨ ᠰᠤᠩᠭᠤᠵᠤ ᠪᠠᠶᠢᠴᠠᠭᠠᠬᠤ᠂ ᠵᠢᠯ ᠤᠨ ᠡᠴᠤᠰ ᠤᠨ ᠰᠢᠯᠭᠠᠨ ᠬᠢᠨᠠᠬᠤ ᠶᠢ ᠪᠠᠭᠲᠠᠭᠠᠨ᠎ᠠ᠃      ᠨᠠᠢᠮᠠᠳᠤᠭᠠᠷ ᠵᠣᠷᠪᠤᠰ᠂ ᠰᠢᠯᠭᠠᠨ ᠬᠢᠨᠠᠬᠤ ᠦᠷ᠎ᠡ ᠳ᠋ᠦᠩ ᠢ ᠰᠢᠯᠢᠳᠡᠭ᠂ ᠰᠠᠶᠢᠨ᠂ ᠶᠡᠷᠤᠮᠳᠡᠭ᠂ ᠮᠠᠭᠤ ᠭᠡᠵᠤ  ᠳᠦᠷᠪᠡᠨ ᠳᠡᠰ ᠲᠣᠭᠲᠠᠭᠠᠨ᠎ᠠ᠃      ᠰᠢᠯᠢᠳᠡᠭ ᠭᠡᠵᠤ ᠰᠢᠯᠭᠠᠨ ᠬᠢᠨᠠᠵᠤ ᠲᠣᠭᠲᠠᠭᠠᠭᠰᠠᠨ ᠨᠢᠭᠡᠴᠡ ᠳᠤ᠂ ᠬᠤᠰᠢᠭᠤᠨ ᠤ ᠵᠠᠰᠠᠭ ᠤᠨ ᠣᠷᠳᠣᠨ ᠠᠴᠠ ᠰᠠᠶᠢᠰᠢᠶᠠᠯ ᠬᠦᠬᠢᠭᠦᠯᠦᠯ ᠦᠭᠭᠦᠨ᠎ᠡ︔ ᠠᠰᠠᠭᠤᠳᠠᠯ ᠣᠷᠤᠰᠢᠵᠤ ᠮᠠᠭᠤ ᠭᠡᠵᠤ ᠰᠢᠯᠭᠠᠨ ᠬᠢᠨᠠᠵᠤ ᠲᠣᠭᠲᠠᠭᠠᠭᠰᠠᠨ ᠨᠢᠭᠡᠴᠡ ᠳᠤ᠂ ︽ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠢ ᠵᠦᠷᠢᠴᠡᠭᠰᠡᠨ ᠠᠵᠢᠯᠯᠠᠭ᠎ᠠ ᠳᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠢ ᠦᠨᠳᠤᠰᠤᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃      ᠶᠢᠰᠤᠳᠤᠭᠡᠷ ᠵᠣᠷᠪᠤᠰ᠂ ᠲᠤᠰ ᠳᠦᠷᠢᠮ ᠢ ᠨᠡᠶᠢᠲᠡᠯᠡᠭᠰᠡᠨ ᠡᠳᠤᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号