ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ  ᠵᠠᠩᠭᠢ ᠶᠢ ᠢᠯᠡ ᠪᠣᠯᠭᠠᠬᠤ  ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ
ᠨᠡᠶᠢᠲᠡᠯᠡᠭᠰᠡᠨ ᠴᠠᠭ᠄
2016/6/22
    ᠨᠢᠭᠡᠳᠤᠭᠡᠷ ᠵᠣᠷᠪᠤᠰ᠂ ᠢᠯᠡ ᠪᠣᠯᠭᠠᠬᠤ ᠪᠠᠷ ᠪᠠᠶᠢᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠰᠠᠶᠢᠳᠤᠷ ᠬᠢᠬᠦ ᠶᠢᠨ ᠲᠦᠯᠦᠭᠡ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠣᠷᠣᠨ ᠤ ᠨᠢᠭᠤᠴᠠ ᠶᠢ ᠬᠠᠮᠠᠭᠠᠯᠠᠬᠤ ᠬᠠᠥᠯᠢ︾ ᠪᠠ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠤᠰᠤᠯᠡᠵᠦ᠂ ᠲᠤᠰ ᠳᠦᠷᠢᠮ ᠢ ᠲᠣᠭᠲᠠᠭᠠᠵᠠᠢ᠃     ᠬᠤᠶᠠᠳᠤᠭᠠᠷ ᠵᠣᠷᠪᠤᠰ᠂ ᠲᠤᠰ ᠳᠦᠷᠢᠮ ᠨᠢ ᠪᠦᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ  ᠶᠠᠪᠤᠴᠠ ᠳᠤ ᠬᠢᠭᠦ ᠪᠣᠶᠤ ᠣᠯᠤᠭᠰᠠᠨ᠂ ᠲᠣᠭᠲᠠᠭᠰᠠᠨ ᠬᠡᠯᠪᠡᠷᠢ ᠪᠠᠷ ᠲᠡᠮᠲᠡᠭᠯᠡᠵᠦ ᠬᠠᠳᠠᠭᠠᠯᠠᠭᠰᠠᠨ ᠴᠢᠮᠡᠭᠡ ᠵᠠᠩᠭᠢ ᠶᠢ ᠢᠯᠡ ᠪᠣᠯᠭᠠᠬᠤ ᠠᠴᠠ ᠡᠮᠤᠨᠡᠬᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠳᠤ ᠲᠣᠬᠢᠷᠠᠨ᠎ᠠ᠃     ᠭᠤᠷᠪᠠᠳᠤᠭᠠᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠤ ︽ᠬᠡᠨ ᠭᠤᠣᠯ ᠬᠠᠮᠢᠶᠠᠷᠪᠠᠯ᠂ ᠬᠡᠨ ᠬᠠᠷᠢᠭᠤᠴᠠᠬᠤ︔  ᠬᠡᠨ ᠢᠯᠡ ᠪᠣᠯᠭᠠᠪᠠᠯ ᠂ ᠬᠡᠨ ᠬᠢᠨᠠᠨ ᠪᠠᠶᠢᠴᠠᠭᠠᠬᠤ︾ ᠵᠠᠷᠴᠢᠮ ᠢ ᠵᠢᠷᠤᠮᠯᠡᠪᠡᠯ ᠵᠣᠬᠢᠵᠤ᠂ ᠢᠯᠡ ᠪᠣᠯᠭᠠᠬᠤ ᠪᠠᠷ ᠪᠣᠯᠤᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠳᠤ ᠪᠦᠷ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠪᠡᠯ ᠵᠣᠬᠢᠨ᠎ᠠ᠃     ᠳᠦᠷᠪᠡᠳᠤᠭᠡᠷ ᠵᠣᠷᠪᠤᠰ᠂ ᠬᠤᠰᠢᠭᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠤᠨ ᠲᠣᠬᠢᠷᠠᠭᠤᠯᠬᠤ᠂ ᠵᠢᠯᠤᠭᠤᠳᠬᠤ ᠪᠠ ᠪᠠᠶᠢᠴᠠᠭᠠᠵᠤ ᠬᠢᠨᠠᠬᠤ ᠶᠢ ᠬᠠᠷᠢᠭᠤᠴᠠᠨ᠎ᠠ᠃     ᠲᠠᠪᠤᠳᠤᠭᠠᠷ ᠵᠣᠷᠪᠤᠰ᠂ ᠢᠯᠡ ᠪᠣᠯᠭᠠᠬᠤ ᠪᠠᠷ ᠪᠠᠶᠢᠬᠤ ᠵᠠᠰᠠᠭ ᠤᠨ ᠣᠷᠳᠣᠨ ᠤ ᠴᠢᠮᠡᠭᠡ ᠵᠠᠩᠭᠢ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠭᠦ ᠳᠤ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠣᠷᠣᠨ ᠤ ᠨᠢᠭᠤᠴᠠ ᠶᠢ ᠬᠠᠮᠠᠭᠠᠯᠠᠬᠤ ᠬᠠᠥᠯᠢ︾ ᠵᠡᠷᠭᠡ ᠬᠤᠯᠪᠤᠭᠳᠠᠯ ᠪᠦᠬᠦᠢ ᠬᠠᠥᠯᠢ ᠴᠠᠭᠠᠵᠠ ᠂ ᠬᠠᠥᠯᠢ ᠳᠦᠷᠢᠮ ᠵᠢᠴᠢ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ  ᠂ ᠲᠦᠪ ᠤᠨ ᠤᠯᠤᠰ ᠤᠨ ᠪᠠᠶᠢᠭᠤᠯᠤᠯᠭ᠎ᠠ ᠲᠠᠢ ᠬᠠᠮᠲᠤ ᠪᠠᠷ ᠲᠣᠭᠲᠠᠭᠠᠭᠰᠠᠨ ︽ᠤᠯᠤᠰ ᠤᠨ ᠨᠢᠭᠤᠴᠠ ᠵᠢᠴᠢ ᠲᠡᠭᠦᠨ ᠤ ᠨᠢᠭᠤᠴᠠ ᠶᠢᠨ ᠳᠡᠰ ᠤᠨ ᠪᠣᠲᠠᠲᠠᠢ ᠬᠦᠷᠢᠶ᠎ᠡ ᠬᠡᠪᠴᠢᠶᠡᠨ ᠤ ᠲᠣᠭᠲᠠᠭᠠᠯ︾ ᠢ ᠦᠨᠳᠤᠰᠤᠯᠡᠪᠡᠯ ᠵᠣᠬᠢᠨ᠎ᠠ᠃     ᠵᠢᠷᠭᠤᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ  ᠬᠤᠯᠪᠤᠭᠳᠠᠯ ᠪᠦᠬᠦᠢ ᠲᠣᠭᠲᠠᠭᠠᠯ ᠪᠠ ᠲᠤᠰ ᠳᠦᠷᠢᠮ ᠤᠨ ᠱᠠᠭᠠᠷᠳᠠᠯᠭ᠎ᠠ ᠶᠢ ᠦᠨᠳᠤᠰᠤᠯᠡᠵᠦ᠂ ᠲᠤᠰ ᠵᠠᠰᠠᠭ ᠵᠠᠬᠢᠷᠭᠠᠨ ᠠᠵᠢᠯ ᠡᠷᠬᠢᠯᠡᠬᠦ ᠠᠵᠢᠯ ᠤᠨ ᠶᠠᠪᠤᠴᠠ ᠪᠠ ᠣᠨᠴᠠᠯᠢᠭ ᠲᠠᠢ ᠤᠶᠠᠯᠳᠤᠭᠤᠯᠵᠤ᠂ ᠬᠢᠨᠠᠨ ᠪᠠᠶᠢᠴᠠᠭᠠᠬᠤ ᠶᠠᠪᠤᠴᠠ ᠪᠠ ᠬᠠᠷᠢᠭᠤᠴᠠᠯᠭ᠎ᠠ ᠶᠢ ᠲᠣᠳᠤᠷᠬᠠᠶᠢᠯᠠᠬᠤ ᠮᠦᠷᠲᠡᠭᠡᠨ 1 ᠨᠡᠷ᠎ᠡ ᠪᠠᠶᠢᠭᠤᠯᠤᠯᠭ᠎ᠠ ᠵᠠᠰᠠᠭ ᠵᠠᠬᠢᠷᠭᠠᠨ ᠤ ᠬᠠᠷᠢᠭᠤᠴᠠᠬᠤ ᠬᠦᠮᠦᠨ ᠢ ᠲᠣᠳᠤᠷᠬᠠᠶᠢᠯᠠᠵᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠭᠤᠯᠵᠤ᠂ ᠲᠣᠭᠲᠠᠭᠰᠠᠨ ᠪᠠᠶᠢᠭᠤᠯᠤᠮᠵᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠡᠳᠤᠷ ᠳᠣᠲᠤᠮ ᠤᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠦᠷᠨᠢᠭᠦᠯᠬᠦ ᠦᠶ᠎ᠡ ᠳᠤ ᠬᠢᠨᠠᠵᠤ ᠪᠠᠶᠢᠴᠠᠭᠠᠬᠤ᠂ ᠬᠢᠨᠠᠵᠤ ᠵᠦᠪᠰᠢᠶᠡᠷᠡᠬᠦ ᠭᠠᠷ ᠭᠦᠢᠴᠡᠳᠭᠡᠯ ᠢ ᠭᠦᠢᠴᠡᠳᠭᠡᠪᠡᠯ ᠵᠣᠬᠢᠨ᠎ᠠ᠃     ᠳᠣᠯᠤᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠤᠭᠲᠠᠬᠤ ᠳᠣᠣᠷᠠᠬᠢ ᠮᠡᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠵᠤ ᠪᠣᠯᠬᠤ ᠦᠭᠡᠢ᠃     ︵ᠨᠢᠭᠡ︶ ᠤᠯᠤᠰ ᠤᠨ ᠨᠢᠭᠤᠴᠠ ᠶᠢ ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠨᠢᠭᠤᠴᠠ ᠲᠣᠭᠲᠠᠭᠠᠭᠰᠠᠨ ᠳᠦᠷᠢᠮ ᠢ ᠦᠨᠳᠤᠰᠤᠯᠡᠵᠦ᠂ ︽ᠨᠢᠭᠤᠴᠠ︾᠂ ︽ᠨᠠᠷᠢᠨ ᠨᠢᠭᠤᠴᠠ︾᠂ ︽ᠲᠠᠰᠤ ᠨᠢᠭᠤᠴᠠ︾ ᠭᠡᠵᠤ ᠲᠣᠳᠤᠷᠬᠠᠢ ᠲᠡᠮᠲᠡᠭ ᠬᠢᠭᠰᠡᠨ ᠴᠢᠮᠡᠭᠡ ᠵᠠᠩᠭᠢ︔     ︵ᠬᠤᠶᠠᠷ︶ ᠲᠡᠮᠲᠡᠭ ᠬᠢᠭᠰᠡᠨ ᠦᠭᠡᠢ ᠪᠣᠯᠪᠠᠴᠤ ᠠᠭᠤᠯᠭ᠎ᠠ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠤᠭᠳᠠᠬᠤ ᠴᠢᠮᠡᠭᠡ ᠵᠠᠩᠭᠢ︔     ︵ᠭᠤᠷᠪᠠ︶ ᠪᠣᠰᠤᠳ ᠢᠯᠡ ᠪᠣᠯᠭᠠᠭᠰᠠᠨ ᠤ ᠰᠡᠭᠦᠯᠡᠷ ᠤᠯᠤᠰ ᠤᠨ ᠠᠮᠤᠷ ᠲᠦᠪᠰᠢᠨ᠂ ᠨᠡᠶᠢᠲᠡ ᠶᠢᠨ ᠠᠮᠤᠷ ᠲᠦᠪᠰᠢᠨ᠂ ᠠᠵᠦ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠰᠦᠷᠳᠡᠭᠦᠯᠵᠦ ᠮᠡᠳᠡᠬᠦ ᠴᠢᠮᠡᠭᠡ ᠵᠠᠩᠭᠢ᠃     ᠨᠠᠢᠮᠠᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠬᠦ ᠳᠤ ᠳᠣᠣᠷᠠᠬᠢ ᠶᠠᠪᠤᠴᠠ ᠶᠢ ᠦᠨᠳᠤᠰᠤᠯᠡᠵᠦ ᠶᠠᠪᠤᠭᠳᠠᠭᠤᠯᠪᠠᠯ ᠵᠣᠬᠢᠨ᠎ᠠ︔     ︵ᠨᠢᠭᠡ︶ ᠴᠢᠮᠡᠭᠡ ᠵᠠᠩᠭᠢ ᠪᠣᠢ ᠪᠣᠯᠤᠭᠰᠠᠨ ᠪᠠᠶᠢᠭᠤᠯᠤᠮᠵᠢ᠂ ᠢᠯᠡ ᠪᠣᠯᠭᠠᠬᠤ ᠡᠰᠡᠬᠦ ᠠᠩᠬᠠᠳᠠᠭᠴᠢ ᠰᠠᠨᠠᠯ ᠢ ᠲᠤᠷᠠᠳᠤᠨ᠎ᠠ︔     ︵ᠬᠤᠶᠠᠷ︶ ᠴᠢᠮᠡᠭᠡ ᠵᠠᠩᠭᠢ  ᠪᠣᠢ ᠪᠣᠯᠤᠭᠰᠠᠨ ᠪᠠᠶᠢᠭᠤᠯᠤᠮᠵᠢ ᠶᠢᠨ ᠬᠠᠷᠢᠭᠤᠴᠠᠬᠤ ᠬᠦᠮᠦᠨ ᠢᠯᠡ ᠪᠣᠯᠭᠠᠬᠤ ᠡᠰᠡᠬᠦ ᠬᠢᠨᠠᠨ ᠪᠠᠶᠢᠴᠠᠭᠠᠬᠤ ᠰᠠᠨᠠᠯ ᠢ ᠳᠤᠷᠠᠳᠤᠨ᠎ᠠ︔     ︵ᠭᠤᠷᠪᠠ︶ ᠪᠠᠶᠢᠭᠤᠯᠤᠯᠭ᠎ᠠ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠬᠢᠨᠠᠨ ᠪᠠᠶᠢᠴᠠᠭᠠᠬᠤ ᠰᠠᠨᠠᠯ ᠳᠤᠷᠠᠳᠤᠨ᠎ᠠ  ︔     ︵ᠳᠥᠷᠪᠡ︶ ᠪᠠᠶᠢᠭᠤᠯᠤᠯᠭ᠎ᠠ ᠶᠢᠨ  ᠬᠤᠪᠢᠶᠠᠨ ᠬᠠᠮᠢᠶᠠᠷᠬᠤ  ᠤᠳᠤᠷᠢᠳᠤᠯᠭ᠎ᠠ ᠬᠢᠨᠠᠨ ᠪᠠᠶᠢᠴᠠᠭᠠᠵᠤ ᠵᠦᠪᠰᠢᠶᠡᠷᠡᠨ᠎ᠡ  ᠃     ᠶᠢᠰᠤᠳᠤᠭᠡᠷ ᠵᠣᠷᠪᠤᠰ᠂ ᠠᠳᠠᠯᠢ ᠪᠣᠰᠤ ᠵᠠᠰᠠᠭ ᠵᠠᠬᠢᠷᠭᠠᠨ ᠤ ᠪᠠᠶᠢᠭᠤᠯᠤᠯᠭ᠎ᠠ ᠬᠠᠮᠲᠤ ᠪᠠᠷ ᠪᠦᠷᠢᠯᠳᠤᠭ᠍ᠰᠡᠨ ᠵᠠᠰᠠᠭ ᠤᠨ ᠣᠷᠳᠣᠨ ᠤ ᠴᠢᠮᠡᠭᠡ  ᠵᠠᠩᠭᠢ ᠶᠢ ᠢᠯᠡ ᠪᠣᠯᠭᠠᠬᠤ ᠦᠶ᠎ᠡ ᠳᠤ᠂ ᠭᠤᠣᠯ ᠡᠷᠬᠢᠯᠡᠭᠰᠡᠨ ᠵᠠᠰᠠᠭ ᠵᠠᠬᠢᠷᠭᠠᠨ  ᠤ ᠪᠠᠶᠢᠭᠤᠯᠤᠯᠭ᠎ᠠ ᠢᠯᠡ ᠪᠣᠯᠭᠠᠬᠤ ᠠᠴᠠ ᠡᠮᠤᠨᠡᠬᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠶᠢ ᠬᠠᠷᠢᠭᠤᠴᠠᠬᠤ  ᠮᠦᠷᠲᠡᠭᠡᠨ ᠪᠣᠰᠤᠳ ᠪᠠᠶᠢᠭᠤᠯᠤᠯᠭ᠎ᠠ ᠨᠢᠭᠡᠴᠡ ᠶᠢᠨ ᠪᠢᠴᠢᠭ ᠤᠨ ᠬᠡᠯᠪᠡᠷᠢ ᠶᠢᠨ ᠵᠦᠪᠰᠢᠶᠡᠷᠡᠯ ᠢ ᠣᠯᠤᠭᠰᠠᠨ ᠤ ᠳᠠᠷᠠᠭ᠎ᠠ  ᠳᠠᠷᠤᠢ ᠢᠯᠡ ᠪᠣᠯᠭᠠᠵᠤ ᠪᠣᠯᠤᠨ᠎ᠠ᠃     ᠠᠷᠪᠠᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ  ᠵᠠᠰᠠᠭ ᠤᠨ ᠣᠷᠳᠣᠨ ᠤ ᠴᠢᠮᠡᠭᠡ ᠵᠠᠩᠭᠢ ᠤᠯᠤᠰ ᠤᠨ ᠨᠢᠭᠤᠴᠠ ᠲᠠᠢ ᠬᠤᠯᠪᠤᠭᠳᠠᠬᠤ ᠡᠰᠡᠬᠦ ᠪᠠ ᠠᠯᠢ ᠨᠢᠭᠤᠴᠠ ᠶᠢᠨ ᠳᠡᠰ ᠲᠤ ᠬᠠᠷᠢᠶᠠᠯᠠᠭᠳᠠᠬᠤ ᠶᠢ ᠲᠣᠳᠤᠷᠬᠠᠶᠢᠯᠠᠵᠤ ᠳᠡᠶᠢᠯᠬᠦ ᠦᠭᠡᠢ ᠪᠣᠯ᠂  ᠭᠤᠣᠯᠯᠠᠨ ᠬᠠᠮᠢᠶᠠᠷᠬᠤ ᠲᠣᠬᠠᠶᠢᠯᠠᠭᠰᠠᠨ ᠠᠵᠢᠯ ᠤᠨ ᠲᠠᠯ᠎ᠠ ᠳᠤ ᠬᠠᠷᠢᠶᠠᠯᠠᠭᠳᠠᠪᠠᠯ᠂ ᠲᠤᠰ ᠵᠤᠶᠢᠯᠡᠰ ᠤᠨ ᠨᠢᠭᠤᠴᠠ ᠶᠢᠨ ᠳᠡᠰ ᠢ ᠲᠣᠭᠲᠠᠭᠠᠬᠤ ᠡᠷᠬᠡ ᠲᠠᠢ ᠲᠡᠭᠡᠲᠤ ᠱᠠᠲᠤᠨ ᠤ ᠪᠠᠶᠢᠭᠤᠯᠤᠯᠭ᠎ᠠ ᠪᠠ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠦᠴᠢᠷ ᠲᠤ ᠳᠡᠰ ᠳᠠᠷᠠᠭᠠᠯᠠᠨ ᠮᠡᠳᠡᠭᠦᠯᠵᠦ ᠲᠣᠭᠲᠠᠭᠠᠨ᠎ᠠ︔ ᠪᠣᠰᠤᠳ ᠲᠠᠯ᠎ᠠ ᠶᠢᠨ ᠵᠦᠢᠯᠡᠰ ᠢ ᠲᠤᠰ ᠵᠤᠶᠢᠯᠡᠰ ᠤᠨ ᠨᠢᠭᠤᠴᠠ ᠶᠢᠨ ᠳᠡᠰ ᠢ ᠲᠣᠭᠲᠠᠭᠠᠬᠤ ᠡᠷᠬᠡ ᠲᠠᠢ ᠨᠢᠭᠤᠴᠠ ᠶᠢ ᠬᠠᠮᠠᠭᠠᠯᠠᠬᠤ ᠰᠠᠯᠠᠭ᠎ᠠ ᠮᠦᠴᠢᠷ ᠲᠤ ᠳᠡᠰ ᠳᠠᠷᠠᠭᠠᠯᠠᠨ ᠮᠡᠳᠡᠭᠦᠯᠵᠦ ᠲᠣᠭᠲᠠᠭᠠᠨ᠎ᠠ᠃     ᠠᠷᠪᠠᠨ ᠨᠢᠭᠡᠳᠤᠭᠡᠷ ᠵᠣᠷᠪᠤᠰ᠂ ᠤᠯᠤᠰ ᠤᠨ ᠨᠢᠭᠤᠴᠠ ᠭᠡᠵᠤ ᠲᠣᠭᠲᠠᠭᠠᠭᠰᠠᠨ ᠪᠣᠯᠪᠠᠴᠤ ᠨᠢᠭᠡᠨᠲᠡ ᠨᠢᠭᠤᠴᠠ ᠶᠢ ᠬᠠᠮᠠᠭᠠᠯᠠᠬᠤ ᠬᠤᠭᠤᠴᠠᠭᠠᠨ ᠠᠴᠠ ᠬᠡᠲᠤᠷᠡᠵᠤ ᠢᠯᠡ ᠪᠣᠯᠭᠠᠬᠤ ᠪᠠᠷ ᠪᠣᠯᠤᠭᠰᠠᠨ ᠵᠠᠰᠠᠭ ᠤᠨ ᠣᠷᠳᠣᠨ  ᠤ ᠴᠢᠮᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠵᠤ ᠢᠯᠡ ᠪᠣᠯᠭᠠᠵᠤ ᠪᠣᠯᠬᠤ ᠶᠢ ᠨᠣᠲᠠᠯᠠᠭᠰᠠᠨ ᠤ ᠳᠠᠷᠠᠭ᠎ᠠ᠂ ᠨᠢᠭᠤᠴᠠ ᠶᠢ ᠬᠠᠮᠠᠭᠠᠯᠠᠬᠤ ᠳᠦᠷᠢᠮ ᠢ ᠦᠨᠳᠤᠰᠤᠯᠡᠵᠦ ᠨᠢᠭᠤᠴᠠ ᠶᠢ ᠦᠭᠡᠶᠢᠰᠭᠡᠬᠦ ᠭᠠᠷ ᠭᠦᠢᠴᠡᠳᠭᠡᠯ ᠭᠦᠢᠴᠡᠳᠭᠡᠭᠰᠡᠨ ᠤ ᠳᠠᠷᠠᠭ᠎ᠠ ᠢᠯᠡ ᠪᠣᠯᠭᠠᠪᠠᠯ ᠵᠣᠬᠢᠨ᠎ᠠ᠃     ᠠᠷᠪᠠᠨ ᠬᠤᠶᠠᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠲᠣᠬᠠᠶᠢᠯᠠᠭᠰᠠᠨ ᠠᠵᠢᠯ ᠤᠨ ᠪᠠᠶᠢᠭᠤᠯᠤᠮᠵᠢ᠂ ᠵᠠᠰᠠᠭ ᠤᠨ ᠣᠷᠳᠣᠨ ᠤ ᠴᠢᠮᠡᠭᠡ ᠵᠠᠩᠭᠢ ᠡᠭᠦᠰᠬᠦ᠂ ᠬᠢᠨᠠᠵᠤ ᠭᠠᠷ ᠤᠨ ᠦᠰᠦᠭ ᠵᠢᠷᠤᠬᠤ ᠦᠶ᠎ᠡ ᠳᠤ ᠨᠢᠭᠤᠴᠠ ᠶᠢ ᠬᠠᠮᠠᠭᠠᠯᠠᠬᠤ ᠵᠦᠢᠯᠡᠰ ᠲᠤ ᠬᠠᠷᠢᠶᠠᠯᠠᠭᠳᠠᠬᠤ ᠡᠰᠡᠬᠦ ᠳᠤ ᠲᠡᠮᠲᠡᠭ ᠲᠠᠯᠪᠢᠨ᠎ᠠ︔ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠭᠦ ᠦᠶ᠎ᠡ ᠳᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠪᠠ ᠬᠦᠮᠦᠨ ︽ᠢᠯᠡ ᠪᠣᠯᠭᠠᠬᠤ︾ ︽ᠢᠯᠡ ᠪᠣᠯᠭᠠᠬᠤ ᠠᠴᠠ ᠵᠠᠶᠢᠯᠠᠬᠤ︾ ︽ᠮᠡᠳᠡᠭᠦᠯᠵᠦ ᠬᠢᠨᠠᠭᠤᠯᠬᠤ ᠴᠢᠬᠤᠯᠲᠠᠢ︾ ᠵᠡᠷᠭᠡ ᠬᠢᠨᠠᠨ ᠪᠠᠶᠢᠴᠠᠭᠠᠬᠤ ᠰᠠᠨᠠᠯ ᠢ ᠳᠤᠷᠠᠳᠪᠠᠯ ᠵᠣᠬᠢᠬᠤ ᠪᠦᠭᠡᠳ ᠦᠨᠳᠤᠰᠤᠯᠡᠯ ᠪᠠ ᠰᠢᠯᠲᠠᠭᠠᠨ ᠢᠶᠠᠨ ᠲᠡᠮᠲᠡᠭᠯᠡᠨ ᠲᠣᠳᠤᠷᠬᠠᠶᠢᠯᠠᠨ᠎ᠠ᠃     ᠠᠷᠪᠠᠨ ᠭᠤᠷᠪᠠᠳᠤᠭᠠᠷ ᠵᠣᠷᠪᠤᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠴᠢᠮᠡᠭᠡ ᠵᠠᠩᠭᠢ ᠶᠢ ᠬᠢᠨᠠᠨ ᠪᠠᠶᠢᠴᠠᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ 15 ᠠᠵᠢᠯᠯᠠᠬᠤ ᠡᠳᠦᠷ ᠳᠣᠲᠤᠷ᠎ᠠ ᠬᠢᠨᠠᠨ ᠪᠠᠶᠢᠴᠠᠭᠠᠵᠤ ᠳᠤᠲᠤᠯᠬᠤ ᠰᠠᠨᠠᠯ ᠳᠤᠷᠠᠳᠪᠠᠯ ᠵᠣᠬᠢᠨ᠎ᠠ᠃     ᠠᠷᠪᠠᠨ ᠳᠦᠷᠪᠡᠳᠤᠭᠡᠷ ᠵᠣᠷᠪᠤᠰ᠂ ᠢᠯᠡ ᠪᠣᠯᠭᠠᠬᠤ ᠪᠠᠷ ᠪᠠᠶᠢᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠳᠤᠮᠲᠠ ᠬᠡᠰᠡᠭ ᠪᠦᠯᠦᠭ ᠨᠢᠭᠤᠴᠠ ᠳᠤ ᠬᠤᠯᠪᠤᠭᠳᠠᠬᠤ ᠠᠭᠤᠯᠭ᠎ᠠ ᠪᠠᠶᠢᠪᠠᠯ᠂ ᠬᠤᠯᠪᠤᠭᠳᠠᠯ ᠪᠦᠬᠦᠢ ᠲᠣᠭᠲᠠᠭᠠᠯ ᠢ ᠦᠨᠳᠤᠰᠤᠯᠡᠵᠦ ᠨᠢᠭᠤᠴᠠ ᠪᠣᠰᠤ ᠰᠢᠢᠳᠪᠤᠷᠢ ᠬᠢᠪᠡᠯ ᠵᠣᠬᠢᠬᠤ᠂ ᠤᠯᠤᠰ ᠤᠨ ᠨᠢᠭᠤᠴᠠ ᠳᠤ ᠬᠠᠷᠢᠶᠠᠯᠠᠭᠳᠠᠬᠤ ᠬᠡᠰᠡᠭ ᠢ ᠢᠯᠡ ᠪᠣᠯᠭᠠᠬᠤ ᠦᠭᠡᠢ ᠪᠠᠶᠢᠵᠤ᠂ ᠪᠣᠰᠤᠳ ᠬᠡᠰᠡᠭ ᠢ ᠢᠯᠡ  ᠪᠣᠯᠭᠠᠬᠤ ᠠᠷᠭ᠎ᠠ ᠶᠢ ᠭᠡᠷᠡᠭᠯᠡᠵᠦ ᠰᠢᠢᠳᠪᠤᠷᠢᠯᠡᠨ᠎ᠡ᠃     ᠠᠷᠪᠠᠨ ᠲᠠᠪᠤᠳᠤᠭᠠᠷ ᠵᠣᠷᠪᠤᠰ᠂ ᠡᠷᠭᠡᠲᠤ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤᠮᠲᠠ ᠨᠢᠭᠤᠴᠠ ᠶᠢ ᠬᠠᠮᠠᠭᠠᠯᠠᠬᠤ ᠠᠰᠠᠭᠤᠳᠠᠯ ᠠᠴᠠ ᠪᠣᠯᠵᠤ ᠢᠯᠡ ᠪᠣᠯᠭᠠᠭᠰᠠᠨ ᠦᠭᠡᠢ ᠬᠠᠮᠢᠶ᠎ᠠ ᠪᠦᠬᠦᠢ ᠴᠢᠮᠡᠭᠡ ᠵᠠᠩᠭᠢ ᠳᠤ ᠰᠡᠵᠢᠭᠯᠡᠯ  ᠲᠠᠢ ᠪᠣᠯ᠂ ᠵᠠᠰᠠᠭ ᠤᠨ ᠣᠷᠳᠣᠨ ᠤ ᠴᠢᠮᠡᠭᠡ ᠵᠠᠩᠭᠢ ᠡᠭᠦᠰᠤᠭ᠍ᠰᠡᠨ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠭᠤᠶᠤᠴᠢᠯᠠᠯ ᠲᠤᠷᠠᠳᠴᠤ᠂ ᠲᠤᠰ ᠪᠠᠶᠢᠭᠤᠯᠤᠯᠭ᠎ᠠ ᠬᠤᠯᠪᠤᠭᠳᠠᠯ ᠪᠦᠬᠦᠢ ᠴᠢᠮᠡᠭᠡ ᠵᠠᠩᠭᠢ ᠶᠢ ᠢᠯᠡ ᠪᠣᠯᠭᠠᠬᠤ ᠦᠭᠡᠢ ᠦᠨᠳᠤᠰᠤᠯᠡᠯ ᠪᠠ ᠰᠢᠯᠲᠠᠭᠠᠨ ᠢᠶᠠᠨ ᠲᠠᠶᠢᠯᠪᠤᠷᠢᠯᠠᠬᠤ ᠶᠢ ᠱᠠᠭᠠᠷᠳᠠᠵᠤ ᠪᠣᠯᠤᠨ᠎ᠠ᠃     ᠠᠷᠪᠠᠨ ᠵᠢᠷᠭᠤᠳᠤᠭᠠᠷ ᠵᠣᠷᠪᠤᠰ᠂ ᠡᠯ᠎ᠡ ᠱᠠᠲᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠦᠴᠢᠷ ᠬᠠᠥᠯᠢ ᠶᠣᠰᠤᠭᠠᠷ ᠠᠳᠠᠯᠢ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤᠮᠳᠠᠬᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠳᠤ ᠬᠢᠨᠠᠯᠲᠠ ᠲᠠᠯᠪᠢᠨ ᠪᠠᠶᠢᠴᠠᠭᠠᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠳᠦᠷᠢᠮ ᠢ ᠵᠦᠷᠢᠴᠡᠭᠰᠡᠨ ᠪᠠᠶᠢᠬᠤ ᠶᠢ ᠰᠡᠷᠡᠵᠤ ᠮᠡᠳᠡᠪᠡᠯ ᠵᠠᠯᠠᠷᠠᠭᠤᠯᠪᠠᠯ ᠵᠣᠬᠢᠨ᠎ᠠ᠃     ᠠᠷᠪᠠᠨ ᠳᠣᠯᠤᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠭᠰᠠᠨ ᠦᠭᠡᠢ ᠪᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠦᠭᠰᠡᠨ ᠨᠢ ᠬᠦᠴᠦᠨ ᠲᠠᠢ ᠪᠢᠰᠢ ᠪᠣᠯ᠂ ᠬᠢᠨᠠᠵᠤ ᠪᠠᠶᠢᠴᠠᠭᠠᠬᠤ ᠪᠠᠶᠢᠭᠤᠯᠤᠯᠭ᠎ᠠ᠂ ᠳᠡᠭᠡᠲᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠵᠠᠷᠯᠢᠭᠳᠠᠵᠤ ᠵᠠᠯᠠᠷᠠᠭᠤᠯᠤᠨ᠎ᠠ  ︔ ᠪᠠᠶᠢᠳᠠᠯ ᠨᠢ ᠬᠦᠨᠳᠦ ᠨᠤᠴᠢᠲᠠᠢ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠭᠤᠣᠯ ᠬᠠᠷᠢᠭᠤᠴᠠᠬᠤ ᠬᠦᠮᠦᠨ ᠳᠤ ᠬᠠᠥᠯᠢ ᠶᠣᠰᠤᠭᠠᠷ ᠰᠢᠳᠭᠡᠯ ᠦᠭᠭᠦᠨ᠎ᠡ᠃     ᠠᠷᠪᠠᠨ ᠨᠠᠢᠮᠠᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠬᠤᠯᠪᠤᠭᠳᠠᠯ ᠪᠦᠬᠦᠢ  ᠳᠦᠷᠢᠮ ᠢ ᠵᠦᠷᠢᠴᠡᠵᠤ᠂ ᠤᠯᠤᠰ ᠤᠨ ᠨᠢᠭᠤᠴᠠ ᠲᠠᠢ ᠬᠤᠯᠪᠤᠭᠳᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠵᠤ᠂ ᠨᠢᠭᠤᠴᠠ ᠶᠢ ᠵᠠᠳᠠᠷᠠᠭᠤᠯᠬᠤ ᠬᠡᠷᠡᠭ ᠶᠠᠪᠤᠳᠠᠯ ᠡᠭᠦᠰᠭᠡᠪᠡᠯ᠂ ᠬᠤᠯᠪᠤᠭᠳᠠᠯ ᠪᠦᠬᠦᠢ ᠳᠦᠷᠢᠮ ᠢ ᠦᠨᠳᠤᠰᠤᠯᠡᠵᠦ ᠪᠠᠶᠢᠴᠠᠭᠠᠨ ᠰᠢᠢᠳᠪᠦᠷᠢᠯᠡᠨ᠎ᠡ︔ ᠪᠠᠶᠢᠳᠠᠯ ᠨᠢ ᠬᠦᠨᠳᠦ ᠨᠣᠴᠢᠲᠠᠢ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠶᠢ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠯᠲᠠ ᠶᠢᠨ ᠬᠦᠮᠦᠨ ᠪᠠ ᠰᠢᠭᠤᠳ ᠬᠠᠷᠢᠭᠤᠴᠠᠬᠤ ᠬᠦᠮᠦᠨ ᠳᠤ ᠬᠠᠥᠯᠢ ᠶᠣᠰᠤᠭᠠᠷ ᠰᠢᠳᠭᠡᠯ ᠦᠭᠭᠦᠨ᠎ᠡ︔  ᠶᠠᠯᠠᠲᠤ ᠠᠵᠢᠯᠯᠠᠭ᠎ᠠ  ᠪᠣᠯᠪᠠᠯ᠂ ᠬᠠᠤᠯᠢ ᠶᠣᠰᠤᠭᠠᠷ ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃     ᠠᠷᠪᠠ ᠶᠢᠰᠤᠳᠤᠭᠡᠷ ᠵᠣᠷᠪᠤᠰ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号