ᠨᠢᠭᠡᠳᠤᠭᠡᠷ ᠵᠣᠷᠪᠤᠰ᠂ ᠡᠷᠬᠡᠲᠦ ᠠᠷᠠᠳ ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ | ᠬᠠᠥᠯᠢ ᠶᠣᠰᠤᠭᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠣᠯᠵᠦ᠂ ᠵᠠᠰᠠᠭ ᠤᠨ ᠣᠷᠳᠣᠨ ᠤ ᠠᠵᠢᠯ ᠤᠨ ᠢᠯᠡ | ᠬᠡᠮᠵᠢᠶ᠎ᠡ ᠶᠢ ᠳᠡᠭᠡᠭᠰᠢᠯᠡᠭᠦᠯᠵᠦ᠂ ᠬᠠᠥᠯᠢ ᠶᠣᠰᠤᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠦ᠂ ᠵᠠᠰᠠᠭ ᠤᠨ | ᠣᠷᠳᠤᠨ ᠤ ᠴᠢᠮᠡᠭᠡ ᠵᠠᠩᠭᠢ ᠠᠷᠠᠳ ᠲᠦᠮᠡᠨ ᠤ ᠤᠶᠢᠯᠡᠳᠪᠦᠷᠢᠯᠡᠯ᠂ ᠠᠮᠢᠳᠤᠷᠠᠯ ᠪᠠ ᠠᠵᠤ ᠠᠬᠤᠢ ᠨᠡᠶᠢᠭᠡᠮ ᠤᠨ | ᠠᠵᠢᠯᠯᠠᠭᠠᠨ ᠳᠤ ᠤᠶᠢᠯᠡᠴᠢᠯᠡᠬᠦ ᠤᠶᠢᠯᠡᠳᠤᠯ ᠢ ᠪᠦᠷᠢᠮᠤᠰᠤᠨ ᠪᠠᠳᠠᠷᠠᠭᠤᠯᠬᠤ ᠶᠢ ᠪᠠᠲᠤᠯᠠᠬᠤ ᠶᠢᠨ ᠲᠦᠯᠤᠭᠡ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠳᠦᠷᠢᠮ︾ ︵ᠳᠣᠣᠷ᠎ᠠ ᠳᠦᠭᠦᠮᠴᠢᠯᠡᠭᠡᠳ ︽ᠳᠦᠷᠢᠮ︾ ᠭᠡᠨ᠎ᠡ︶ ᠤᠨ ᠲᠣᠭᠲᠠᠭᠠᠯ ᠢ ᠦᠨᠳᠤᠰᠤᠯᠡᠵᠦ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠣᠷᠪᠤᠰ᠂ ᠲᠤᠰ ᠳᠦᠷᠢᠮ ᠢ ᠪᠦᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠤᠯᠭ᠎ᠠ ᠵᠢᠴᠢ ᠬᠠᠥᠯᠢ ᠴᠠᠭᠠᠵᠠ᠂ ᠬᠠᠥᠯᠢ ᠳᠦᠷᠢᠮ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠳᠤ | ᠬᠡᠷᠡᠭᠯᠡᠨ᠎ᠡ᠃ ᠰᠤᠷᠭᠠᠨ ᠬᠦᠮᠤᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ | ᠬᠠᠷᠢᠯᠴᠠᠭ᠎ᠠ ᠬᠤᠯᠪᠤᠭ᠎ᠠ᠂ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠣᠯᠠᠨ ᠤ ᠠᠰᠢᠭ ᠲᠤᠰᠠ ᠲᠠᠢ ᠨᠢᠭᠲᠠ | ᠬᠠᠷᠢᠴᠠᠭ᠎ᠠ ᠲᠠᠢ ᠨᠡᠶᠢᠲᠡ ᠶᠢᠨ ᠠᠵᠤ ᠠᠬᠤᠶᠢᠯᠠᠯ ᠠᠵᠤ ᠤᠶᠢᠯᠡᠰ ᠤᠨ ᠨᠢᠭᠡᠴᠡ ᠯᠠᠪᠯᠠᠨ ᠦᠨᠳᠤᠰᠤᠯᠡᠵᠤ | ᠬᠡᠷᠡᠭᠵᠢᠭᠦᠯᠦᠨ᠎ᠡ᠃ | ᠭᠤᠷᠪᠠᠳᠤᠭᠠᠷ ᠵᠣᠷᠪᠤᠰ᠂ ᠲᠤᠰ ᠳᠦᠷᠢᠮ ᠳᠤ ᠬᠡᠯᠡᠭᠰᠡᠨ ᠵᠠᠰᠠᠭ ᠤᠨ ᠣᠷᠳᠤᠨ ᠤ ᠴᠢᠮᠡᠭᠡ ᠵᠠᠩᠭᠢ ᠭᠡᠰᠡᠨ | ᠨᠢ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠬᠠᠥᠯᠢ ᠴᠠᠭᠠᠵᠠ ᠬᠠᠥᠯᠢ ᠳᠦᠷᠢᠮ ᠡᠷᠬᠡ ᠣᠯᠭᠤᠭᠰᠠᠨ ᠵᠣᠬᠢᠶᠠᠨ | ᠪᠠᠶᠢᠭᠤᠯᠤᠯᠲᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤᠮᠳᠠ ᠬᠢᠭᠰᠡᠨ ᠪᠣᠶᠤ ᠣᠯᠤᠭᠰᠠᠨ᠂ | ᠲᠣᠭᠲᠠᠭᠰᠠᠨ ᠬᠡᠯᠪᠡᠷᠢ ᠪᠠᠷ ᠲᠡᠮᠲᠡᠭᠯᠡᠵᠦ ᠬᠠᠳᠠᠭᠠᠯᠠᠭᠰᠠᠨ ᠴᠢᠮᠡᠭᠡ ᠵᠠᠩᠭᠢ ᠶᠢ ᠬᠡᠯᠡᠨ᠎ᠡ᠃ | ᠳᠦᠷᠪᠡᠳᠤᠭᠡᠷ ᠵᠣᠷᠪᠤᠰ᠂ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ | ᠳᠣᠭᠤᠶᠢᠯᠠᠩ ᠤᠨ ᠠᠯᠪᠠᠨ ᠭᠡᠷ ᠨᠢ ᠵᠠᠰᠠᠭ ᠤᠨ ᠣᠷᠳᠤᠨ ᠤ ᠴᠢᠮᠡᠭᠡ ᠵᠠᠩᠭᠢ ᠶᠢ ᠢᠯᠡ ᠪᠣᠯᠭᠠᠬᠤ ᠡᠳᠤᠷ | ᠳᠣᠲᠤᠮ ᠤᠨ ᠠᠵᠢᠯ ᠤᠨ ᠪᠠᠶᠢᠭᠤᠯᠤᠮᠵᠢ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ | ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ | ᠲᠠᠪᠤᠳᠤᠭᠠᠷ ᠵᠣᠷᠪᠤᠰ᠂ ᠡᠯ᠎ᠡ ᠰᠠᠯᠠᠭ᠎ᠠ ᠮᠦᠴᠢᠷ᠂ ᠨᠢᠭᠡᠴᠡ ᠬᠤᠰᠢᠭᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠤᠨ ᠨᠢᠭᠡᠳᠤᠯᠲᠡᠢ ᠵᠢᠯᠤᠭᠤᠳᠤᠯᠭ᠎ᠠ᠂ ᠲᠣᠬᠢᠷᠠᠭᠤᠯᠤᠯᠲᠠ᠂ | ᠬᠢᠨᠠᠯᠲᠠ ᠳᠣᠣᠷ᠎ᠠ ᠲᠤᠰ ᠲᠤᠰ ᠲᠠᠭᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠬᠠᠤᠯᠢ ᠶᠣᠰᠤᠭᠠᠷ ᠰᠠᠨᠠᠭᠠᠴᠢᠯᠠᠭ᠎ᠠ ᠠᠴᠠ ᠪᠠᠨ ᠪᠣᠶᠤ ᠭᠤᠶᠤᠴᠢᠯᠠᠯ ᠢ ᠦᠨᠳᠤᠰᠤᠯᠡᠵᠦ ᠢᠯᠡ | ᠪᠣᠯᠭᠠᠨ᠎ᠠ᠃ | ᠰᠢᠰᠲ᠋ᠧᠮ ᠤᠨ ᠬᠠᠮᠢᠶᠠᠷᠤᠯᠲᠠ ᠪᠠ ᠳᠠᠪᠬᠤᠷ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠰᠠᠯᠠᠭ᠎ᠠ ᠮᠦᠴᠢᠷ | ᠨᠢᠭᠡᠴᠡ ᠨᠢ ᠳᠡᠭᠡᠷ᠎ᠡ ᠱᠠᠲᠤᠨ ᠤ ᠠᠵᠢᠯ ᠡᠷᠬᠢᠯᠡᠬᠦ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠤᠰᠢᠭᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠤᠯᠲᠡᠢ ᠵᠢᠯᠤᠭᠤᠳᠤᠯᠭ᠎ᠠ᠂ ᠲᠣᠬᠢᠷᠠᠭᠤᠯᠤᠯᠲᠠ | ᠳᠣᠣᠷ᠎ᠠ ᠵᠠᠰᠠᠭ ᠤᠨ ᠣᠷᠳᠤᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠦᠷᠨᠢᠭᠦᠯᠦᠨ᠎ᠡ᠃ | ᠵᠢᠷᠭᠤᠳᠤᠭᠠᠷ ᠵᠣᠷᠪᠤᠰ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠠᠵᠢᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠤᠯᠭ᠎ᠠ ︵ᠵᠣᠬᠢᠶᠠᠨ ᠪᠠᠶᠢᠭᠤᠯᠤᠯᠲᠠ︶ ᠶᠢ ᠵᠣᠬᠢᠶᠠᠨ ᠪᠠᠶᠢᠭᠤᠯᠵᠤ᠂ ᠲᠣᠬᠢᠷᠠᠭᠤᠯᠤᠨ᠂ ᠴᠢᠮᠡᠭᠡ ᠵᠠᠩᠭᠢ ᠶᠢ | ᠨᠡᠶᠢᠲᠡᠯᠡᠬᠦ ᠵᠣᠬᠢᠴᠠᠩᠭᠤᠢ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠭᠤᠳ ᠨᠡᠪᠲᠡᠷᠡᠭᠰᠡᠨ ᠦᠨᠳᠤᠷ | ᠠᠰᠢᠭᠯᠠᠮᠵᠢ ᠲᠠᠢ ᠴᠢᠮᠡᠭᠡ ᠵᠠᠩᠭᠢ ᠨᠡᠶᠢᠲᠡᠯᠡᠬᠦ ᠵᠠᠮ ᠢ ᠪᠦᠷᠢᠯᠳᠤᠬᠦᠯᠤᠨ᠎ᠡ᠃ ᠵᠠᠰᠠᠭ ᠵᠠᠬᠢᠷᠭᠠᠨ ᠤ ᠪᠠᠶᠢᠭᠤᠯᠤᠯᠭ᠎ᠠ ︵ | ᠵᠣᠬᠢᠶᠠᠨ ᠪᠠᠶᠢᠭᠤᠯᠤᠯᠲᠠ︶ ᠨᠠᠶᠢᠷᠠᠭᠤᠯᠵᠤ ᠲᠠᠷᠬᠠᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠨᠢ ᠪᠣᠰᠤᠳ | ᠵᠠᠰᠠᠭ ᠵᠠᠬᠢᠷᠭᠠᠨ ᠤ ᠪᠠᠶᠢᠭᠤᠯᠤᠯᠭ᠎ᠠ ︵ᠵᠣᠬᠢᠶᠠᠨ ᠪᠠᠶᠢᠭᠤᠯᠤᠯᠲᠠ︶ ᠲᠠᠢ ᠬᠤᠯᠪᠤᠭᠳᠠᠪᠠᠯ᠂ ᠬᠤᠯᠪᠤᠭᠳᠠᠯ ᠪᠦᠬᠦᠢ | ᠵᠠᠰᠠᠭ ᠵᠠᠬᠢᠷᠭᠠᠨ ᠤ ᠪᠠᠶᠢᠭᠤᠯᠤᠯᠭ᠎ᠠ ︵ᠵᠣᠬᠢᠶᠠᠨ ᠪᠠᠶᠢᠭᠤᠯᠤᠯᠲᠠ︶ ᠲᠠᠢ ᠨᠡᠪᠲᠡᠷᠡᠯᠴᠡᠵᠦ ᠲᠣᠬᠢᠷᠠᠭᠤᠯᠵᠤ᠂ ᠲᠡᠭᠦᠨ | ᠤ ᠵᠦᠪᠰᠢᠶᠡᠷᠡᠯ ᠢ ᠣᠯᠤᠭᠰᠠᠨ ᠤ ᠳᠠᠷᠠᠭ᠎ᠠ ᠨᠡᠶᠢᠲᠡᠯᠡᠵᠦ ᠪᠣᠯᠤᠨ᠎ᠠ᠃ ᠨᠡᠪᠲᠡᠷᠡᠯᠴᠡᠵᠦ ᠲᠣᠬᠢᠷᠠᠭᠤᠯᠤᠭᠰᠠᠨ ᠤ | ᠳᠠᠷᠠᠭ᠎ᠠ ᠰᠠᠨᠠᠯ ᠨᠢᠭᠡᠳᠬᠦ ᠦᠭᠡᠢ ᠪᠣᠯ᠂ ᠲᠤᠰ ᠴᠢᠮᠡᠭᠡ ᠵᠠᠩᠭᠢ ᠶᠢ ᠨᠠᠶᠢᠷᠠᠭᠤᠯᠵᠤ ᠲᠠᠷᠬᠠᠭᠠᠭᠰᠠᠨ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ︵ᠵᠣᠬᠢᠶᠠᠨ ᠪᠠᠶᠢᠭᠤᠯᠤᠯᠲᠠ︶ ᠠᠴᠠ ᠬᠤᠰᠢᠭᠤᠨ ᠤ ᠵᠠᠰᠠᠭ ᠤᠨ | ᠣᠷᠳᠣᠨ ᠤ ᠴᠢᠮᠡᠭᠡ ᠶᠢ ᠢᠯᠡ ᠪᠣᠯᠭᠠᠬᠤ ᠠᠵᠢᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ | ᠵᠣᠬᠢᠴᠠᠭᠤᠯᠵᠤ ᠰᠢᠢᠳᠪᠦᠷᠢᠯᠡᠨ᠎ᠡ᠃ | ᠳᠣᠯᠤᠳᠤᠭᠠᠷ ᠵᠣᠷᠪᠤᠰ᠂ ᠬᠤᠰᠢᠭᠤᠨ ᠤ ᠵᠠᠰᠠᠭ ᠤᠨ ᠣᠷᠳᠣᠨ ᠵᠢᠴᠢ ᠲᠡᠭᠦᠨ ᠤ ᠡᠯ᠎ᠡ ᠰᠠᠯᠠᠭ᠎ᠠ ᠮᠦᠴᠢᠷ᠂ | ᠨᠢᠭᠡᠴᠡ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠨᠢᠭᠤᠴᠠ ᠪᠠᠷ ᠬᠢᠨᠠᠨ ᠪᠠᠶᠢᠴᠠᠭᠠᠬᠤ ᠳᠦᠷᠢᠮ ᠢ | ᠪᠠᠶᠢᠭᠤᠯᠵᠤ ᠲᠡᠭᠦᠯᠳᠡᠷᠵᠢᠭᠦᠯᠦᠨ᠎ᠡ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠣᠷᠣᠨ ᠤ | ᠨᠢᠭᠤᠴᠠ ᠶᠢ ᠬᠠᠮᠠᠭᠠᠯᠠᠬᠤ ᠬᠠᠥᠯᠢ︾ ᠵᠢᠴᠢ ᠲᠡᠭᠦᠨ ᠤ ᠬᠡᠷᠡᠭᠵᠢᠭᠦᠯᠬᠦ ᠠᠷᠭ᠎ᠠ ᠵᠡᠷᠭᠡ ᠬᠤᠯᠪᠤᠭᠳᠠᠯ ᠪᠦᠬᠦᠢ | ᠳᠦᠷᠢᠮ ᠢ ᠴᠢᠩᠭ᠎ᠠ ᠦᠨᠳᠤᠰᠤᠯᠡᠵᠦ᠂ ᠨᠡᠶᠢᠲᠡᠯᠡᠬᠦ ᠪᠠᠷ ᠪᠠᠶᠢᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠬᠤᠯᠪᠤᠭᠳᠠᠯ ᠪᠦᠬᠦᠢ ᠠᠵᠢᠯ ᠡᠷᠬᠢᠯᠡᠬᠦ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ︵ᠨᠢᠭᠡᠴᠡ︶ ᠪᠣᠶᠤ | ᠨᠢᠭᠤᠴᠠ ᠠᠵᠢᠯ ᠤᠨ ᠰᠠᠯᠠᠭ᠎ᠠ ᠮᠦᠴᠢᠷ ᠲᠤ ᠮᠡᠳᠡᠭᠦᠯᠵᠦ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠨ᠎ᠡ᠃ | ᠤᠯᠤᠰ ᠤᠨ ᠨᠢᠭᠤᠴᠠ ᠳᠤ ᠬᠠᠷᠢᠶᠠᠯᠠᠭᠳᠠᠬᠤ ᠪᠣᠶᠤ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ ᠲᠦᠪᠰᠢᠨ | ᠂ ᠨᠡᠶᠢᠲᠡ ᠶᠢᠨ ᠠᠮᠤᠷ ᠲᠦᠪᠰᠢᠨ᠂ ᠠᠵᠦ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ | ᠰᠦᠷᠳᠡᠭᠦᠯᠵᠦ ᠮᠡᠳᠡᠬᠦ ᠵᠠᠰᠠᠭ ᠤᠨ ᠣᠷᠳᠣᠨ ᠤ ᠴᠢᠮᠡᠭᠡ ᠵᠠᠩᠭᠢ ᠵᠢᠴᠢ ᠬᠤᠳᠠᠯᠳᠤᠭᠠᠨ ᠤ ᠨᠢᠭᠤᠴᠠ᠂ ᠬᠤᠪᠢ | ᠬᠦᠮᠦᠨ ᠤ ᠨᠢᠭᠤᠴᠠ ᠲᠠᠢ ᠬᠤᠯᠪᠤᠭᠳᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠢ᠃ | | ᠭᠤᠣᠯ ᠠᠭᠤᠯᠭ᠎ᠠ ᠶᠢ ᠨᠡᠶᠢᠲᠡ ᠣᠯᠠᠨ ᠢᠶᠠᠷ ᠢᠶᠠᠨ ᠮᠡᠳᠡᠬᠦ ᠪᠣᠶᠤ ᠣᠷᠤᠯᠴᠠᠬᠤ ᠴᠢᠬᠤᠯᠲᠠᠢ᠂ ᠭᠡᠪᠡᠴᠤ ᠲᠡᠬᠦᠨ | ᠤ ᠬᠡᠰᠡᠭ ᠠᠭᠤᠯᠭ᠎ᠠ ᠨᠢ ᠤᠯᠤᠰ ᠤᠨ ᠨᠢᠭᠤᠴᠠ ᠲᠠᠢ ᠬᠤᠯᠪᠤᠭᠳᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠬᠠᠥᠯᠢ ᠪᠠᠷ ᠲᠣᠭᠲᠠᠭᠰᠠᠨ ᠶᠠᠪᠤᠴᠠ ᠪᠠᠷ ᠨᠢᠭᠤᠴᠠ ᠶᠢ ᠲᠠᠶᠢᠯᠬᠤ ᠪᠣᠶᠤ ᠨᠢᠭᠤᠴᠠ ᠲᠠᠢ ᠬᠤᠯᠪᠤᠭᠳᠠᠬᠤ | ᠠᠭᠤᠯᠭ᠎ᠠ ᠶᠢ ᠦᠭᠡᠶᠢᠰᠭᠡᠭᠰᠡᠨ ᠤ ᠳᠠᠷᠠᠭ᠎ᠠ ᠨᠡᠶᠢᠲᠡᠯᠡᠵᠦ ᠪᠣᠯᠤᠨ᠎ᠠ᠃ | ᠨᠠᠢᠮᠠᠳᠤᠭᠠᠷ ᠵᠣᠷᠪᠤᠰ᠂᠂ ᠬᠤᠰᠢᠭᠤᠨ ᠤ ᠵᠠᠰᠠᠭ ᠤᠨ ᠣᠷᠳᠣᠨ ᠵᠢᠴᠢ ᠲᠡᠬᠦᠨ ᠤ ᠡᠯ᠎ᠡ ᠰᠠᠯᠠᠭ᠎ᠠ ᠮᠦᠴᠢᠷ ︵ | ᠨᠢᠭᠡᠴᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ ᠪᠠ ᠵᠠᠰᠠᠭ ᠤᠨ ᠣᠷᠳᠣᠨ | ᠤ ᠴᠢᠮᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠪᠠᠯ ᠵᠣᠬᠢᠬᠤ ᠮᠦᠷᠲᠡᠭᠡᠨ ᠴᠠᠭ ᠲᠣᠬᠠᠢ | ᠳᠤᠨᠢ ᠰᠢᠨᠡᠳᠭᠡᠨ᠎ᠡ᠃ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ ᠨᠢ ᠵᠠᠰᠠᠭ ᠤᠨ ᠣᠷᠳᠣᠨ ᠤ | ᠴᠢᠮᠡᠭᠡ ᠵᠠᠩᠭᠢ ᠶᠢᠨ ᠲᠦᠷᠤᠯ ᠬᠤᠪᠢᠶᠠᠬᠤ᠂ ᠨᠠᠶᠢᠷᠠᠭᠤᠯᠵᠤ ᠵᠢᠭᠰᠠᠭᠠᠬᠤ ᠰᠢᠰᠲ᠋ᠧᠮ᠂ ᠣᠯᠬᠤ ᠬᠡᠯᠪᠡᠷᠢ᠂ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠨᠡᠷᠡᠶᠢᠳᠤᠯ᠂ ᠠᠵᠢᠯᠯᠠᠬᠤ | ᠭᠠᠵᠠᠷ ᠤᠨ ᠬᠠᠶ᠋ᠢᠭ᠂ ᠠᠵᠢᠯᠯᠠᠬᠤ ᠴᠠᠭ᠂ ᠬᠠᠷᠢᠯᠴᠠᠬᠤ ᠤᠲᠠᠰᠤ᠂ ᠳᠦᠷᠰᠤ ᠨᠡᠪᠲᠡᠷᠡᠬᠦᠯᠬᠦ ᠮᠠᠰᠢᠨ ᠤ ᠨᠣᠮᠧᠷ᠂ | ᠢᠮᠧᠯ ᠵᠡᠷᠭᠡ ᠠᠭᠤᠯᠭ᠎ᠠ ᠶᠢ ᠪᠠᠭᠲᠠᠭᠠᠪᠠᠯ ᠵᠣᠬᠢᠨ᠎ᠠ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠭᠠᠷᠴᠠᠭ ᠨᠢ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠬᠡᠯᠬᠢᠶᠡᠰᠤ᠂ ᠨᠡᠷᠡᠶᠢᠳᠤᠯ᠂ ᠠᠭᠤᠯᠭ᠎ᠠ ᠶᠢᠨ ᠲᠣᠶᠢᠮᠣ᠂ | ᠦᠭᠦᠯᠡᠯᠲᠡ᠂ ᠪᠦᠷᠢᠯᠳᠤᠭ᠍ᠰᠡᠨ ᠡᠳᠤᠷ ᠵᠡᠷᠭᠡ ᠠᠭᠤᠯᠭ᠎ᠠ ᠶᠢ ᠪᠠᠭᠲᠠᠭᠠᠪᠠᠯ ᠵᠣᠬᠢᠨ᠎ᠠ᠃ | ᠶᠢᠰᠤᠳᠤᠭᠡᠷ ᠵᠣᠷᠪᠤᠰ᠂ ᠬᠠᠥᠯᠢ ᠴᠠᠭᠠᠵᠠ᠂ ᠬᠠᠥᠯᠢ ᠳᠦᠷᠢᠮ ᠡᠷᠬᠡ ᠣᠯᠭᠤᠭᠰᠠᠨ᠂ ᠨᠡᠶᠢᠲᠡ ᠶᠢᠨ ᠬᠡᠷᠡᠭ | ᠶᠠᠪᠤᠳᠠᠯ ᠤᠨ ᠲᠤᠰᠢᠶᠠᠯ ᠬᠠᠷᠢᠭᠤᠴᠠᠯᠭ᠎ᠠ ᠲᠠᠢ ᠵᠣᠬᠢᠶᠠᠨ ᠪᠠᠶᠢᠭᠤᠯᠤᠯᠲᠠ ᠪᠠ ᠠᠷᠠᠳ ᠣᠯᠠᠨ ᠤ ᠠᠰᠢᠭ ᠲᠤᠰᠠ | ᠲᠠᠢ ᠨᠢᠭᠲᠠ ᠬᠤᠯᠪᠤᠭᠳᠠᠬᠤ ᠨᠡᠶᠢᠲᠡ ᠶᠢᠨ ᠠᠵᠦ ᠠᠬᠤᠶᠢᠯᠠᠯ᠂ ᠠᠵᠢᠯ ᠤᠶᠢᠯᠡᠰ ᠤᠨ ᠨᠢᠭᠡᠴᠡ ︽ᠳᠦᠷᠢᠮ︾ ᠤᠨ | ᠬᠤᠯᠪᠤᠭᠳᠠᠯ ᠪᠦᠬᠦᠢ ᠲᠣᠭᠲᠠᠭᠠᠯ ᠢ ᠦᠨᠳᠤᠰᠤᠯᠡᠪᠡᠯ ᠵᠣᠬᠢᠵᠤ᠂ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ᠂ ᠬᠤᠪᠢ ᠬᠦᠮᠦᠨ ᠤ ᠨᠢᠭᠤᠴᠠ ᠲᠠᠢ ᠯᠠ ᠬᠤᠯᠪᠤᠭᠳᠠᠬᠤ ᠦᠭᠡᠢ ᠪᠣᠯ ᠪᠦᠷ ᠲᠣᠭᠲᠠᠭᠠᠯ ᠪᠠ ᠵᠣᠬᠢᠬᠤ | ᠬᠡᠮᠵᠢᠶᠡᠨ ᠤ ᠬᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ ᠣᠨᠴᠠᠭᠠᠶᠢᠯᠠᠨ ᠣᠯᠠᠨ ᠲᠦᠮᠡᠨ ᠵᠢᠴᠢ | ᠠᠵᠦ ᠠᠬᠤᠶᠢᠯᠠᠯ ᠤᠨ ᠳᠤᠰᠬᠠᠯ ᠬᠠᠮᠤᠭ ᠴᠢᠩᠭ᠎ᠠ᠂ ᠬᠠᠮᠤᠭ ᠰᠡᠳᠬᠢᠯ ᠲᠠᠯᠪᠢᠬᠤ᠂ ᠨᠡᠶᠢᠭᠡᠮ ᠤᠨ ᠬᠠᠮᠤᠭ ᠠᠮᠠᠷᠬᠠᠨ | ᠵᠦᠷᠢᠴᠠᠯ ᠡᠭᠦᠰᠬᠦ ᠪᠠ ᠢᠯᠵᠠᠷᠠᠮᠠᠯ ᠪᠣᠢ ᠪᠣᠯᠬᠤ ᠠᠰᠠᠭᠤᠳᠠᠯ ᠢ ᠢᠯᠡ ᠪᠣᠯᠭᠠᠬᠤ ᠶᠢ ᠭᠤᠣᠯᠳᠠᠯᠭ᠎ᠠ ᠪᠣᠯᠭᠠᠵᠤ᠂ ᠴᠠᠭ | ᠲᠣᠬᠠᠢ ᠳᠤᠨᠢ᠂ ᠪᠦᠬᠦ ᠲᠠᠯ᠎ᠠ ᠪᠠᠷ᠂ ᠬᠦᠴᠤᠨ ᠲᠠᠢ ᠢᠯᠡ ᠪᠣᠯᠭᠠᠨ᠎ᠠ᠃ | ᠠᠷᠪᠠᠳᠤᠭᠠᠷ ᠵᠣᠷᠪᠤᠰ᠂ ᠡᠷᠬᠡᠳᠤ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ | ᠪᠠᠶᠢᠭᠤᠯᠤᠯᠲᠠ ᠶᠢᠨ ᠬᠦᠨᠳᠦ ᠶᠡᠭᠡ ᠠᠰᠢᠭ ᠲᠤᠰᠠ ᠲᠠᠢ ᠬᠤᠯᠪᠤᠭᠳᠠᠬᠤ ᠪᠣᠶᠤ ᠬᠦᠨᠳᠦ ᠶᠡᠭᠡ ᠨᠡᠶᠢᠭᠡᠮ ᠤᠨ ᠨᠦᠯᠦᠭᠡ | ᠲᠠᠢ ᠵᠤᠶᠢᠯᠡᠰ ᠢ ᠵᠢᠩᠬᠢᠨᠢ ᠨᠡᠶᠢᠲᠡᠯᠡᠬᠦ ᠠᠴᠠ ᠡᠮᠤᠨ᠎ᠡ᠂ ᠤᠷᠢᠳᠴᠢᠯᠠᠵᠤ ᠢᠯᠡ ᠪᠣᠯᠭᠠᠬᠤ ᠳᠦᠷᠢᠮ ᠢ ᠬᠡᠷᠡᠭᠵᠢᠭᠦᠯᠪᠡᠯ | ᠵᠣᠬᠢᠨ᠎ᠠ᠃ ᠲᠣᠭᠤᠷᠪᠢᠬᠤ ᠪᠠᠶᠢᠭᠤᠯᠤᠯᠭ᠎ᠠ ᠪᠣᠶᠤ ᠰᠢᠢᠳᠪᠦᠷᠢ ᠭᠠᠷᠭᠠᠬᠤ ᠪᠠᠶᠢᠭᠤᠯᠤᠯᠭ᠎ᠠ ᠲᠦᠰᠤᠯ ᠢ ᠨᠡᠶᠢᠭᠡᠮ ᠳᠤ | ᠢᠯᠡ ᠪᠣᠯᠭᠠᠪᠠᠯ ᠵᠣᠬᠢᠵᠤ᠂ ᠣᠯᠠᠨ ᠨᠡᠶᠢᠲᠡ ᠶᠢᠨ ᠰᠠᠨᠠᠯ ᠢ ᠪᠦᠷᠢᠮᠤᠰᠤᠨ ᠰᠣᠨᠤᠰᠤᠭᠰᠠᠨ ᠤ ᠳᠠᠷᠠᠭ᠎ᠠ ᠰᠢᠢᠳᠪᠦᠷᠢ | ᠭᠠᠷᠭᠠᠨ᠎ᠠ᠃ | ᠠᠷᠪᠠᠨ ᠨᠢᠭᠡᠳᠤᠭᠡᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠶᠠᠪᠤᠴᠠ᠄ | ⒈ ︽ᠳᠦᠷᠢᠮ︾ ᠢ ᠦᠨᠳᠤᠰᠤᠯᠡᠵᠦ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ | ᠤ ᠴᠢᠮᠡᠭᠡ ᠵᠠᠩᠭᠢ ᠶᠢᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠰᠡᠬᠦ ᠶᠢ ᠵᠠᠭᠠᠭ ᠲᠣᠭᠲᠠᠭᠠᠵᠤ᠂ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠬᠦᠷᠢᠶᠡᠨ ᠬᠡᠪᠴᠢᠶᠡᠨ ᠳᠤ | ᠬᠠᠷᠢᠶᠠᠯᠠᠭᠳᠠᠬᠤ ᠦᠭᠡᠢ ᠪᠣᠯ ᠢᠯᠡ ᠪᠣᠯᠭᠠᠬᠤ ᠦᠭᠡᠢ᠃ | ⒉ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠳᠤ | ᠬᠠᠷᠢᠶᠠᠯᠠᠭᠳᠠᠪᠠᠯ ᠬᠠᠷᠠᠭᠠᠯᠵᠠᠭᠰᠠᠨ ᠨᠢᠭᠤᠴᠠ ᠶᠢ ᠬᠠᠮᠠᠭᠠᠯᠠᠬᠤ ᠪᠠᠶᠢᠭᠤᠯᠤᠮᠵᠢ ᠠᠴᠠ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠰᠠᠨ ᠤ ᠳᠠᠷᠠᠭ᠎ᠠ ᠨᠢᠭᠤᠴᠠ ᠶᠢ ᠬᠠᠮᠠᠭᠠᠯᠠᠬᠤ ᠳᠤ ᠬᠠᠷᠢᠶᠠᠯᠠᠭᠳᠠᠪᠠᠯ ᠢᠯᠡ | ᠪᠣᠯᠭᠠᠬᠤ ᠦᠭᠡᠢ᠃ | ⒊ ᠨᠢᠭᠤᠴᠠ ᠶᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠦᠭᠡᠢ᠂ ᠲᠡᠷᠡ ᠨᠢ | ᠭᠤᠷᠪᠠᠳᠤᠭᠠᠷ ᠡᠳᠡᠭᠡᠳ ᠤᠨ ᠵᠦᠪᠰᠢᠶᠡᠷᠡᠯ ᠢ ᠣᠯᠬᠤ ᠴᠢᠬᠤᠯᠲᠠᠢ ᠡᠰᠡᠬᠦ ᠶᠢ ᠨᠣᠲᠠᠯᠠᠵᠤ᠂ ᠭᠤᠷᠪᠠᠳᠤᠭᠠᠷ | ᠡᠲᠡᠭᠡᠳ ᠤᠨ ᠰᠠᠨᠠᠯ ᠢ ᠬᠤᠷᠢᠶᠠᠵᠤ᠂ ᠭᠤᠷᠪᠠᠳᠤᠭᠠᠷ ᠡᠲᠡᠭᠡᠳ ᠢᠯᠡ ᠪᠣᠯᠭᠠᠬᠤ ᠶᠢ ᠵᠦᠪᠰᠢᠶᠡᠷᠡᠬᠦ ᠦᠭᠡᠢ ᠪᠣᠯ ᠢᠯᠡ | ᠪᠣᠯᠭᠠᠵᠤ ᠪᠣᠯᠬᠤ ᠦᠭᠡᠢ᠃ | ⒋ ᠢᠯᠡ ᠪᠣᠯᠭᠠᠬᠤ ᠶᠢ ᠵᠦᠪᠰᠢᠶᠡᠷᠡᠭᠰᠡᠨ ᠨᠢ ᠲᠡᠬᠦᠨ ᠤ ᠪᠣᠰᠤᠳ ᠰᠠᠯᠠᠭ᠎ᠠ ᠮᠦᠴᠢᠷ ᠲᠠᠢ ᠵᠣᠬᠢᠴᠠᠭᠤᠯᠬᠤ | ᠬᠡᠷᠡᠭᠴᠡᠭᠡ ᠲᠠᠢ ᠡᠰᠡᠬᠦ ᠶᠢ ᠦᠵᠡᠨ᠎ᠡ᠂ ᠵᠣᠬᠢᠴᠠᠭᠤᠯᠬᠤ ᠬᠡᠷᠡᠭᠴᠡᠭᠡ ᠲᠠᠢ ᠨᠢ ᠵᠣᠬᠢᠴᠠᠭᠤᠯᠤᠭᠰᠠᠨ ᠤ ᠳᠠᠷᠠᠭ᠎ᠠ ᠢᠯᠡ | ᠪᠣᠯᠭᠠᠬᠤ ᠪᠠᠶᠢᠭᠤᠯᠤᠮᠵᠢ ᠶᠢ ᠲᠣᠭᠲᠠᠭᠠᠵᠤ ᠵᠣᠬᠢᠬᠤ ᠬᠡᠯᠪᠡᠷᠢ ᠪᠠᠷ ᠢᠯᠡ ᠪᠣᠯᠭᠠᠨ᠎ᠠ᠃ | ᠠᠷᠪᠠᠨ ᠬᠤᠶᠠᠳᠤᠭᠠᠷ ᠵᠣᠷᠪᠤᠰ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶᠡᠨ ᠳᠤ | ᠬᠠᠷᠢᠶᠠᠯᠠᠭᠳᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠨᠢ ᠲᠤᠰ ᠵᠠᠰᠠᠭ ᠤᠨ ᠣᠷᠳᠣᠨ ᠤ ᠴᠢᠮᠡᠭᠡ ᠵᠠᠩᠭᠢ | ᠪᠦᠷᠢᠯᠳᠤᠭ᠍ᠰᠡᠨ ᠪᠣᠶᠤ ᠬᠤᠪᠢᠷᠠᠭᠰᠠᠨ ᠡᠳᠤᠷ ᠠᠴᠠ ᠡᠬᠢᠯᠡᠭᠡᠳ 20 ᠠᠵᠢᠯ ᠤᠨ ᠡᠳᠦᠷ ᠳᠤᠲᠤᠷ᠎ᠠ ᠢᠯᠡ ᠪᠣᠯᠭᠠᠪᠠᠯ | ᠵᠣᠬᠢᠨ᠎ᠠ᠃ ᠬᠠᠥᠯᠢ ᠴᠠᠭᠠᠵᠠ᠂ ᠬᠠᠥᠯᠢ ᠳᠦᠷᠢᠮ ᠠᠴᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠬᠤᠭᠤᠴᠠᠭ᠎ᠠ ᠳᠤ ᠪᠣᠰᠤᠳ ᠲᠣᠭᠲᠠᠭᠠᠯ ᠲᠠᠢ ᠪᠣᠯ ᠲᠤᠰ ᠲᠣᠭᠲᠠᠭᠠᠯ ᠢ ᠵᠢᠷᠤᠮᠯᠡᠨ᠎ᠡ᠃ | ᠠᠷᠪᠠᠨ ᠭᠤᠷᠪᠠᠳᠤᠭᠠᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠪᠠ ᠬᠡᠷᠡᠭ ᠡᠷᠬᠢᠯᠡᠬᠦ ᠴᠢᠮᠡᠭᠡ | ᠵᠠᠩᠭᠢ ᠶᠢ ᠢᠯᠡ ᠪᠣᠯᠭᠠᠬᠤ ᠳᠤ᠂ ᠳᠣᠣᠷᠠᠬᠢ ᠵᠠᠰᠠᠭ ᠵᠠᠬᠢᠷᠭᠠᠨ ᠤ ᠡᠷᠬᠡ ᠪᠠ ᠬᠡᠷᠡᠭ ᠡᠷᠬᠢᠯᠡᠬᠦ ᠵᠤᠶᠢᠯᠡᠰ ᠤᠨ | ᠣᠨᠴᠠᠯᠢᠭ ᠲᠤ ᠨᠡᠶᠢᠴᠡᠬᠦ ᠨᠢᠭᠡ ᠵᠤᠶᠢᠯ ᠪᠣᠶᠤ ᠬᠡᠳᠤᠨ ᠵᠤᠶᠢᠯ ᠤᠨ ᠬᠡᠯᠪᠡᠷᠢ ᠶᠢ ᠬᠡᠷᠡᠭᠯᠡᠵᠦ ᠢᠯᠡ ᠪᠣᠯᠭᠠᠪᠠᠯ ᠵᠣᠬᠢᠨ᠎ᠠ | ᠃ | ⒈ ᠰᠦᠯᠵᠢᠶ᠎ᠡ ᠲᠣᠣᠷ᠂ ᠰᠣᠨᠢᠨ ᠰᠡᠳᠭᠦᠯ᠂ ᠷᠠᠳᠢᠣ᠋᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢ ᠃ | ⒉ ᠨᠡᠶᠢᠲᠡ ᠶᠢᠨ ᠡᠷᠢᠵᠤ ᠦᠵᠡᠬᠦ ᠭᠡᠷ᠂ ᠮᠠᠲ᠋ᠧᠷᠢᠶᠠᠯ ᠡᠷᠢᠬᠦ ᠴᠡᠭ᠂ ᠳᠠᠩᠰᠠ ᠡᠪᠬᠡᠮᠡᠯ ᠤᠨ ᠰᠠᠩ᠂ | ᠨᠡᠶᠢᠲᠡ ᠶᠢᠨ ᠨᠣᠮ ᠤᠨ ᠰᠠᠩ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠠᠯᠪᠠᠨ ᠵᠠᠷ ᠤᠨ ᠪᠣᠯᠤᠩ᠂ | ᠡᠯᠧᠺᠲᠷᠤᠨ ᠦᠵᠡᠬᠦᠯᠬᠦ ᠳᠡᠯᠭᠡᠴᠡ᠂ ᠡᠯᠧᠺᠲᠷᠤᠨ ᠲᠡᠮᠲᠡᠷᠢᠯᠡᠬᠦ ᠳᠡᠯᠭᠡᠴᠡ ᠵᠡᠷᠭᠡ ᠲᠠᠯᠠᠪᠤᠷ ᠪᠣᠶᠤ ᠲᠦᠭᠦᠭᠡᠷᠤᠮᠵᠢ ᠃ | | ⒊ ᠰᠣᠨᠢᠨ ᠮᠡᠳᠡᠭᠡ ᠨᠡᠶᠢᠲᠡᠯᠡᠬᠦ ᠬᠤᠷᠠᠯ | ⒋ ᠨᠡᠶᠢᠲᠡ ᠣᠯᠠᠨ ᠴᠠᠭ ᠲᠣᠬᠠᠢ ᠳᠤᠨᠢ ᠣᠨᠤᠪᠴᠢᠲᠠᠢ ᠴᠢᠮᠡᠭᠡ ᠵᠠᠩᠭᠢ ᠶᠢ ᠣᠯᠬᠤ ᠳᠤ ᠳᠦᠭᠦᠮ | ᠦᠵᠡᠬᠦᠯᠬᠦ ᠪᠣᠰᠤᠳ ᠬᠡᠯᠪᠡᠷᠢ᠃ | ᠠᠷᠪᠠᠨ ᠳᠦᠷᠪᠡᠳᠤᠭᠡᠷ ᠵᠣᠷᠪᠤᠰ᠂ ᠢᠯᠡ ᠪᠣᠯᠭᠠᠬᠤ ᠬᠦᠷᠢᠶ᠎ᠡ ᠬᠡᠪᠴᠢᠶ᠎ᠡ ᠨᠢ ᠵᠠᠰᠠᠭ ᠵᠠᠬᠢᠷᠭᠠᠨ ᠤ ᠡᠷᠬᠡ ᠪᠠ | ᠬᠡᠷᠡᠭ ᠡᠷᠬᠢᠯᠡᠬᠦ ᠵᠤᠶᠢᠯᠡᠰ ᠤᠨ ᠬᠦᠷᠢᠶ᠎ᠡ ᠬᠡᠪᠴᠢᠶ᠎ᠡ ᠲᠠᠢ ᠨᠢᠭᠡᠳᠤᠯᠲᠡᠢ ᠪᠠᠶᠢᠪᠠᠯ ᠵᠣᠬᠢᠨ᠎ᠠ᠃ ᠪᠠᠭ ᠪᠣᠶᠤ | ᠪᠠᠶᠢᠭᠤᠯᠤᠯᠭ᠎ᠠ ᠨᠢᠭᠡᠴᠡ ᠶᠢᠨ ᠠᠵᠢᠯᠲᠠᠨ ᠳᠤ ᠪᠠᠶᠢᠳᠠᠯ ᠢ ᠮᠡᠳᠡᠭᠦᠯᠪᠡᠯ ᠵᠣᠬᠢᠬᠤ ᠪᠣᠯᠭᠠᠨ ᠢ ᠤᠳᠤᠷᠢᠳᠬᠤ ᠪᠠᠭ ᠪᠣᠶᠤ | ᠪᠠᠶᠢᠭᠤᠯᠤᠯᠭ᠎ᠠ ᠨᠢᠭᠡᠴᠡ ᠶᠢᠨ ᠳᠣᠲᠤᠭᠠᠳᠤ ᠳᠤ ᠢᠯᠡ ᠪᠣᠯᠭᠠᠪᠠᠯ ᠵᠣᠬᠢᠨ᠎ᠠ᠃ ᠬᠡᠰᠡᠭ ᠬᠦᠮᠦᠨ ᠪᠣᠶᠤ ᠬᠡᠷᠡᠭ ᠲᠤ | ᠬᠤᠯᠪᠤᠭᠳᠠᠬᠤ ᠨᠢ ᠲᠣᠭᠲᠠᠭᠰᠠᠨ ᠬᠡᠪᠴᠢᠶᠡᠨ ᠳᠤ ᠢᠯᠡ ᠪᠣᠯᠭᠠᠬᠤ ᠪᠣᠶᠤ ᠬᠤᠯᠪᠤᠭᠳᠠᠬᠤ ᠬᠦᠮᠦᠨ ᠤ | ᠭᠤᠶᠤᠴᠢᠯᠠᠯ ᠢᠶᠠᠷ ᠲᠣᠭᠲᠠᠭᠰᠠᠨ ᠶᠠᠪᠤᠴᠠ ᠶᠢ ᠦᠨᠳᠤᠰᠤᠯᠡᠵᠦ ᠢᠯᠡ ᠪᠣᠯᠭᠠᠨ᠎ᠠ︔ ᠪᠦᠬᠦ ᠨᠡᠶᠢᠭᠡᠮ ᠪᠠᠶᠢᠳᠠᠯ ᠢ | ᠮᠡᠳᠡᠬᠦ ᠴᠢᠬᠤᠯᠠ ᠲᠠᠢ ᠯᠠ ᠪᠣᠯ᠂ ᠴᠠᠭ ᠲᠣᠬᠠᠢ ᠳᠤᠨᠢ ᠪᠦᠬᠦ ᠨᠡᠶᠢᠭᠡᠮ ᠳᠤ ᠢᠯᠡ ᠪᠣᠯᠭᠠᠪᠠᠯ ᠵᠣᠬᠢᠨ᠎ᠠ᠃ | ᠠᠷᠪᠠᠨ ᠲᠠᠪᠤᠳᠤᠭᠠᠷ ᠵᠣᠷᠪᠤᠰ᠂ ᠡᠷᠬᠡᠲᠦ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ | ᠪᠠᠶᠢᠭᠤᠯᠤᠯᠲᠠ ᠬᠤᠪᠢ ᠪᠡᠶ᠎ᠡ ᠶᠢᠨ ᠤᠶᠢᠯᠡᠳᠪᠦᠷᠢᠯᠡᠯ᠂ ᠠᠮᠢᠳᠤᠷᠠᠯ ᠪᠠ ᠰᠢᠨᠵᠢᠯᠡᠵᠦ ᠰᠣᠳᠤᠯᠬᠤ ᠬᠡᠷᠡᠭᠴᠡᠭᠡ ᠠᠴᠠ | ᠪᠣᠯᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠵᠢᠭᠰᠠᠭᠠᠭᠰᠠᠨ ᠦᠭᠡᠢ ᠪᠣᠰᠣᠳ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠣᠯᠬᠤ ᠪᠠᠷ ᠭᠤᠶᠤᠴᠢᠯᠠᠬᠤ ᠡᠷᠬᠡ ᠲᠠᠢ᠃ | ᠠᠷᠪᠠᠨ ᠵᠢᠷᠭᠤᠳᠤᠭᠠᠷ ᠵᠣᠷᠪᠤᠰ᠂ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠡᠷᠬᠢᠯᠡᠬᠦ ᠳᠤ᠂ ︽ᠬᠡᠨ ᠬᠢᠪᠡᠯ ᠬᠡᠨ ᠬᠠᠷᠢᠭᠤᠴᠠᠵᠤ᠂ ᠬᠡᠨ ᠬᠠᠳᠠᠭᠠᠯᠠᠪᠠᠯ ᠬᠡᠨ ᠬᠠᠷᠢᠭᠤᠴᠠᠬᠤ︾ | ᠵᠠᠷᠴᠢᠮ ᠢ ᠦᠨᠳᠤᠰᠤᠯᠡᠵᠦ ᠬᠡᠷᠡᠭᠵᠢᠭᠦᠯᠤᠨ᠎ᠡ᠃ | ᠠᠷᠪᠠᠨ ᠳᠣᠯᠤᠳᠤᠭᠠᠷ ᠵᠣᠷᠪᠤᠰ᠂ ᠡᠯ᠎ᠡ ᠰᠠᠯᠠᠭ᠎ᠠ ᠮᠦᠴᠢᠷ ᠨᠢᠭᠡᠴᠡ ᠠᠴᠠ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠢᠯᠡ ᠪᠣᠯᠭᠠᠬᠤ ᠭᠤᠶᠤᠴᠢᠯᠠᠯ ᠴᠠᠭ ᠲᠣᠬᠠᠢ ᠳᠤᠨᠢ᠂ ᠵᠣᠬᠢᠰᠲᠠᠢ ᠰᠢᠢᠳᠪᠦᠷᠢᠯᠡᠭᠳᠡᠬᠦ ᠶᠢ ᠪᠠᠲᠤᠯᠠᠨ᠎ᠠ᠃ | ᠠᠷᠪᠠᠨ ᠨᠠᠢᠮᠠᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠬᠠᠥᠯᠢ ᠴᠠᠭᠠᠵᠠ᠂ ᠬᠠᠥᠯᠢ ᠳᠦᠷᠢᠮ | ᠡᠷᠬᠡ ᠣᠯᠭᠤᠭᠰᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠵᠣᠬᠢᠶᠠᠨ | ᠪᠠᠶᠢᠭᠤᠯᠤᠯᠲᠠ᠂ ᠰᠤᠷᠭᠠᠨ ᠬᠦᠮᠦᠵᠢᠯ᠂ ᠣᠷᠴᠢᠨ ᠠᠬᠤᠢ ᠶᠢ ᠬᠠᠮᠠᠭᠠᠯᠠᠬᠤ᠂ ᠡᠮ ᠡᠮᠨᠡᠯᠭᠡ ᠡᠷᠡᠭᠦᠯ ᠬᠠᠮᠠᠭᠠᠯᠠᠯ᠂ | ᠲᠦᠯᠦᠪᠯᠡᠭᠡᠲᠤ ᠦᠷᠡᠵᠢᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠨᠡᠶᠢᠲᠡ ᠶᠢᠨ ᠵᠠᠮ | ᠬᠠᠷᠢᠯᠴᠠᠭ᠎ᠠ ᠵᠡᠷᠭᠡ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠤᠭᠳᠠᠬᠤ ᠨᠡᠶᠢᠲᠡ ᠶᠢᠨ ᠠᠵᠦ ᠠᠬᠤᠶᠢᠯᠠᠯ | ᠠᠵᠢᠯ ᠤᠶᠢᠯᠡᠰ ᠤᠨ ᠨᠢᠭᠡᠴᠡ ᠬᠠᠥᠯᠢ ᠶᠣᠰᠤᠨ ᠳᠤ ᠨᠡᠶᠢᠴᠡᠬᠦ᠂ ᠴᠠᠭ ᠲᠣᠬᠠᠢ ᠳᠤᠨᠢ᠂ ᠣᠨᠤᠪᠴᠢᠲᠠᠢ᠂ ᠠᠷᠠᠳ ᠲᠤ | ᠳᠦᠬᠦᠮ ᠦᠵᠡᠬᠦᠯᠬᠦ ᠵᠠᠷᠴᠢᠮ ᠢ ᠵᠢᠷᠤᠮᠯᠡᠪᠡᠯ ᠵᠣᠬᠢᠵᠤ᠂ ᠲᠤᠰ ᠲᠤᠰ ᠤᠨ ᠡᠷᠬᠡ ᠲᠤᠰᠢᠶᠠᠯ ᠤᠨ ᠬᠡᠪᠴᠢᠶᠡᠨ ᠳᠤ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠤᠷᠢᠶᠠᠬᠤ᠂ ᠬᠢᠨᠠᠨ ᠪᠠᠶᠢᠴᠠᠭᠠᠬᠤ | ᠪᠠ ᠰᠢᠢᠳᠪᠤᠷᠢ ᠬᠢᠨ᠎ᠡ᠂ ᠭᠤᠶᠤᠴᠢᠯᠠᠭᠰᠠᠨ ᠢᠯᠡ ᠪᠣᠯᠭᠠᠬᠤ ᠠᠭᠤᠯᠭ᠎ᠠ ᠨᠢ ᠬᠠᠥᠯᠢ ᠶᠣᠰᠤᠭᠠᠷ ᠢᠯᠡ ᠪᠣᠯᠭᠠᠪᠠᠯ | ᠵᠣᠬᠢᠬᠤ ᠪᠣᠯ᠂ ᠭᠤᠶᠤᠴᠢᠯᠠᠭᠰᠠᠨ ᠬᠦᠮᠦᠨ ᠤ ᠱᠠᠭᠠᠷᠳᠠᠯᠭ᠎ᠠ ᠶᠢ ᠦᠨᠳᠤᠰᠤᠯᠡᠵᠦ᠂ ᠲᠣᠭᠲᠠᠭᠰᠠᠨ ᠬᠤᠭᠤᠴᠠᠭᠠᠨ ᠳᠤ | ᠬᠠᠷᠢᠭᠤᠯᠲᠠ ᠦᠭᠬᠦ ᠪᠣᠶᠤ ᠬᠡᠷᠡᠭᠯᠡᠬᠦ ᠴᠢᠮᠡᠭᠡ ᠵᠠᠩᠭᠢ ᠶᠢ ᠬᠠᠩᠭᠠᠨ᠎ᠠ᠃ ᠭᠤᠶᠤᠴᠢᠯᠠᠭᠰᠠᠨ ᠬᠦᠮᠦᠨ ᠤ | ᠭᠤᠶᠤᠴᠢᠯᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠨᠢ ᠤᠯᠤᠰ ᠤᠨ ᠨᠢᠭᠤᠴᠠ ᠲᠠᠢ ᠬᠤᠯᠪᠤᠭᠳᠠᠬᠤ ᠪᠣᠶᠤ | ᠢᠯᠡ ᠪᠣᠯᠭᠠᠭᠰᠠᠨ ᠤ ᠰᠡᠭᠦᠯᠡᠷ ᠤᠯᠤᠰ ᠤᠨ ᠠᠮᠤᠷ ᠲᠦᠪᠰᠢᠨ᠂ ᠨᠡᠶᠢᠲᠡ ᠶᠢᠨ ᠠᠮᠤᠷ ᠲᠦᠪᠰᠢᠨ᠂ ᠠᠵᠦ | ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠰᠦᠷᠳᠡᠭᠦᠯᠵᠦ ᠮᠡᠳᠡᠪᠡᠯ᠂ ︽ᠳᠦᠷᠢᠮ︾ ᠤᠨ | ᠲᠣᠭᠲᠠᠭᠠᠯ ᠢᠶᠠᠷ ᠬᠠᠩᠭᠠᠵᠤ ᠦᠭᠬᠦ ᠦᠭᠡᠢ᠂ ᠭᠤᠶᠤᠴᠢᠯᠠᠭᠰᠠᠨ ᠬᠦᠮᠦᠨ ᠳᠤ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠦᠭᠡᠢ ᠶᠢ ᠬᠡᠯᠡᠵᠤ ᠦᠭᠭᠦᠨ᠎ᠡ᠃ | ᠠᠷᠪᠠ ᠶᠢᠰᠤᠳᠤᠭᠡᠷ ᠵᠣᠷᠪᠤᠰ᠂ ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠶᠢ ᠰᠢᠢᠳᠪᠤᠷᠢᠯᠡᠬᠦ ᠶᠠᠪᠤᠴᠠ᠄ | ⒈ ︽ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠤᠨᠦᠭ︾ ᠢ | ᠭᠤᠶᠤᠴᠢᠯᠠᠭᠰᠠᠨ ᠬᠦᠮᠦᠨ ᠲᠠᠭᠯᠠᠬᠤ ᠪᠣᠶᠤ ᠬᠦᠯᠢᠶᠡᠨ ᠠᠪᠤᠭᠰᠠᠨ ᠪᠠᠶᠢᠭᠤᠯᠤᠮᠵᠢ ᠲᠦᠯᠦᠭᠡᠯᠡᠵᠦ ᠲᠠᠭᠯᠠᠵᠤ᠂ | ᠬᠦᠴᠤᠨ ᠲᠠᠢ ᠪᠡᠶ᠎ᠡ ᠶᠢᠨ ᠦᠨᠡᠮᠯᠡᠯ ᠢ ᠦᠵᠡᠭᠦᠯᠬᠦ ᠪᠦᠭᠡᠳ ᠭᠤᠶᠤᠴᠢᠯᠠᠯ ᠤᠨ ᠬᠦᠰᠤᠨᠦᠭ ᠢ ᠬᠦᠯᠢᠶᠡᠨ ᠠᠪᠤᠭᠰᠠᠨ | ᠪᠠᠶᠢᠭᠤᠯᠤᠮᠵᠢ ᠳᠤ ᠬᠦᠷᠭᠡᠨ᠎ᠡ᠃ | ⒉ ᠬᠦᠯᠢᠶᠡᠨ ᠠᠪᠤᠭᠰᠠᠨ ᠪᠠᠶᠢᠭᠤᠯᠤᠮᠵᠢ ᠠᠴᠠ ᠭᠤᠶᠤᠴᠢᠯᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠤ | ᠂ ᠲᠤᠰ ᠪᠠᠶᠢᠭᠤᠯᠤᠯᠭ᠎ᠠ ᠢᠯᠡ ᠪᠣᠯᠭᠠᠪᠠᠯ ᠵᠣᠬᠢᠬᠤ ᠳᠤ ᠬᠠᠷᠢᠶᠠᠯᠠᠭᠳᠠᠬᠤ ᠦᠭᠡᠢ ᠪᠣᠶᠤ ᠢᠯᠡ ᠪᠣᠯᠭᠠᠪᠠᠯ ᠵᠣᠬᠢᠬᠤ | ᠬᠠᠷᠢᠶᠠᠯᠠᠭᠳᠠᠬᠤ ᠬᠡᠪᠴᠢᠶᠡᠨᠳᠥ ᠦᠭᠡᠢ᠂ ᠡᠰᠡᠭᠦᠯ᠎ᠡ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ | ᠴᠢᠮᠡᠭᠡ ᠵᠠᠩᠭᠢ ᠣᠷᠤᠰᠢᠬᠤ ᠦᠭᠡᠢ ᠵᠡᠷᠭᠡ ᠪᠠᠶᠢᠳᠠᠯ ᠳᠤ ᠵᠣᠷᠢᠭᠤᠯᠵᠤ᠂ ᠲᠤᠰ ᠲᠤᠰ ᠳᠤᠨᠢ ᠬᠦᠯᠢᠶᠡᠨ ᠠᠪᠬᠤ | ᠦᠭᠡᠢ ᠰᠢᠢᠳᠪᠤᠷᠢᠯᠡᠬᠦ ᠰᠠᠨᠠᠯ ᠭᠠᠷᠭᠠᠨ᠎ᠠ᠃ ᠲᠤᠰ ᠪᠠᠶᠢᠭᠤᠯᠤᠯᠭ᠎ᠠ ᠢᠯᠡ ᠪᠣᠯᠭᠠᠪᠠᠯ ᠵᠣᠬᠢᠬᠤ ᠵᠠᠰᠠᠭ ᠤᠨ ᠣᠷᠳᠣᠨ | ᠤ ᠴᠢᠮᠡᠭᠡ ᠵᠠᠩᠭᠢ ᠶᠢᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠨᠢ᠂ ᠲᠤᠰᠢᠶᠠᠭᠰᠠᠨ ᠮᠠᠲ᠋ᠧᠷᠢᠶᠠᠯ ᠴᠢᠬᠤᠯᠠ | ᠡᠯᠧᠮᠧᠨ᠋ᠲ ᠨᠢ ᠪᠦᠷᠢᠨ ᠪᠣᠰᠤ ᠪᠣᠯ᠂ ᠮᠠᠲ᠋ᠧᠷᠢᠶᠠᠯ ᠢᠶᠠᠨ ᠨᠦᠭᠦᠪᠤᠷᠢᠯᠡᠬᠦ ᠶᠢ ᠱᠠᠭᠠᠷᠳᠠᠭᠰᠠᠨ ᠤ ᠳᠠᠷᠠᠭ᠎ᠠ ᠳᠠᠬᠢᠨ | ᠬᠦᠯᠢᠶᠡᠨ ᠠᠪᠤᠨ᠎ᠠ᠃ ᠬᠦᠯᠢᠶᠡᠨ ᠠᠪᠬᠤ ᠨᠦᠬᠦᠴᠡᠯ ᠳᠤ ᠨᠡᠶᠢᠴᠡᠪᠡᠯ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠳᠤ | ᠮᠡᠳᠡᠭᠦᠯᠵᠦ ᠬᠢᠨᠠᠨ ᠪᠠᠶᠢᠴᠠᠭᠠᠵᠤ ᠵᠦᠪᠰᠢᠶᠡᠷᠡᠭᠰᠡᠨ ᠤ ᠳᠠᠷᠠᠭ᠎ᠠ᠂ ᠭᠤᠶᠤᠴᠢᠯᠠᠭᠰᠠᠨ ᠬᠦᠮᠦᠨ ᠳᠤ ︽ᠬᠦᠯᠢᠶᠡᠨ | ᠠᠪᠤᠭᠰᠠᠨ ᠮᠡᠳᠡᠭᠳᠡᠯ ᠤᠨ ᠪᠢᠴᠢᠭ︾ ᠢ ᠬᠦᠷᠭᠡᠨ᠎ᠡ᠃ | ⒊ ᠬᠦᠯᠢᠶᠡᠨ ᠠᠪᠤᠭᠰᠠᠨ ᠪᠠᠶᠢᠭᠤᠯᠤᠯᠭ᠎ᠠ ᠭᠤᠶᠤᠴᠢᠯᠠᠯ ᠳᠤ ᠪᠣᠲᠠᠲᠠᠢ ᠴᠢᠨᠠᠷ ᠤᠨ ᠬᠢᠨᠠᠨ ᠪᠠᠶᠢᠴᠠᠭᠠᠯᠲᠠ | ᠬᠢᠨ᠎ᠡ᠃ ᠢᠯᠡ ᠪᠣᠯᠭᠠᠬᠤ ᠪᠠᠷ ᠱᠠᠭᠠᠷᠳᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠨᠢ ᠣᠯᠠᠨ ᠰᠠᠯᠠᠭ᠎ᠠ | ᠮᠦᠴᠢᠷ᠂ ᠪᠠᠶᠢᠭᠤᠯᠤᠯᠭ᠎ᠠ ᠳᠤ ᠬᠤᠯᠪᠤᠭᠳᠠᠪᠠᠯ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠠᠴᠠ ᠵᠦᠪᠳᠡᠯᠴᠡᠬᠦ | ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠰᠢᠢᠳᠪᠤᠷᠢᠯᠡᠨ᠎ᠡ᠃ ᠭᠠᠭᠴᠠ ᠪᠠᠶᠢᠭᠤᠯᠤᠯᠭ᠎ᠠ ᠲᠠᠢ ᠬᠤᠯᠪᠤᠭᠳᠠᠪᠠᠯ᠂ | ᠬᠤᠪᠢᠶᠠᠨ ᠬᠠᠮᠢᠶᠠᠷᠬᠤ ᠤᠳᠤᠷᠢᠳᠤᠯᠭ᠎ᠠ ᠵᠦᠪᠰᠢᠶᠡᠷᠡᠭᠰᠡᠨ ᠤ ᠳᠠᠷᠠᠭ᠎ᠠ ᠰᠢᠭᠤᠳ ᠲᠤᠰᠢᠶᠠᠵᠤ ᠰᠢᠢᠳᠪᠤᠷᠢᠯᠡᠨ᠎ᠡ᠃ | ⒋ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠷᠢ ᠨᠢᠭᠡᠴᠡ ︽ᠭᠤᠶᠤᠴᠢᠯᠠᠯ ᠢ ᠦᠨᠳᠤᠰᠤᠯᠡᠵᠦ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠰᠢᠢᠳᠪᠤᠷᠢᠯᠡᠬᠦ ᠬᠠᠭᠤᠳᠠᠰᠤ︾ ᠶᠢ ᠣᠯᠤᠭᠰᠠᠨ ᠤ ᠰᠡᠭᠦᠯᠡᠷ᠂ | ᠲᠣᠭᠲᠠᠭᠰᠠᠨ ᠬᠤᠭᠤᠴᠠᠭᠠᠨ ᠳᠤ ᠬᠠᠷᠢᠭᠤᠯᠲᠠ ᠦᠭᠬᠦ ᠱᠠᠭᠠᠷᠳᠠᠯᠭ᠎ᠠ ᠶᠢ ᠦᠨᠳᠤᠰᠤᠯᠡᠵᠦ᠂ ᠬᠠᠷᠢᠭᠤ ᠦᠭᠬᠦ | ᠰᠠᠨᠠᠯ ᠤᠨ ᠪᠢᠴᠢᠭ ᠦᠭᠴᠦ᠂ ᠬᠤᠯᠪᠤᠭᠳᠠᠯ ᠪᠦᠬᠦᠢ ᠮᠠᠲ᠋ᠧᠷᠢᠶᠠᠯ ᠲᠠᠢ ᠬᠠᠮᠲᠤ ᠬᠤᠷᠢᠶᠠᠨ ᠠᠪᠤᠭᠰᠠᠨ ᠪᠠᠶᠢᠭᠤᠯᠤᠯᠭ᠎ᠠ | ᠳᠤ ᠮᠡᠳᠡᠭᠦᠯᠦᠨ᠎ᠡ᠃ | ⒌ ᠬᠤᠷᠢᠶᠠᠨ ᠠᠪᠤᠭᠰᠠᠨ ᠪᠠᠶᠢᠭᠤᠯᠤᠯᠭ᠎ᠠ ᠡᠯ᠎ᠡ ᠰᠠᠯᠠᠭ᠎ᠠ ᠮᠦᠴᠢᠷ ᠨᠢᠭᠡᠴᠡ ᠶᠢᠨ ᠪᠣᠴᠠᠭᠠᠭᠰᠠᠨ | ᠬᠠᠷᠢᠭᠤᠯᠲᠠ ᠶᠢᠨ ᠪᠢᠴᠢᠭ ᠢ ᠦᠨᠳᠤᠰᠤᠯᠡᠵᠦ ᠬᠠᠷᠢᠭᠤᠯᠬᠤ ᠪᠢᠴᠢᠭ ᠢ ᠨᠠᠶᠢᠷᠠᠭᠤᠯᠤᠨ ᠪᠢᠴᠢᠵᠦ᠂ ᠬᠠᠥᠯᠢ | ᠳᠦᠷᠢᠮ ᠤᠨ ᠰᠠᠯᠠᠭ᠎ᠠ ᠮᠦᠴᠢᠷ ᠲᠤ ᠬᠦᠷᠭᠡᠵᠤ ᠬᠢᠨᠠᠨ ᠪᠠᠶᠢᠴᠠᠭᠠᠵᠤ᠂ ᠬᠠᠷᠢᠭᠤᠴᠠᠵᠤ᠂ ᠰᠠᠨᠠᠯ ᠳᠤ ᠭᠠᠷ ᠤᠨ | ᠦᠰᠦᠭ ᠵᠢᠷᠤᠨ᠎ᠠ᠃ | ⒍ ᠰᠠᠨᠠᠯ ᠢ ᠬᠤᠷᠢᠶᠠᠭᠰᠠᠨ ᠤ ᠳᠠᠷᠠᠭᠠᠬᠢ ᠬᠠᠷᠢᠭᠤᠯᠲᠠ ᠶᠢᠨ ᠪᠢᠴᠢᠭ ᠢ ᠬᠤᠰᠢᠭᠤᠨ ᠤ ᠵᠠᠰᠠᠭ ᠤᠨ ᠣᠷᠳᠣᠨ | ᠤ ᠬᠤᠯᠪᠤᠭᠳᠠᠯ ᠪᠦᠬᠦᠢ ᠤᠳᠤᠷᠢᠳᠤᠯᠭ᠎ᠠ ᠳᠤ ᠬᠦᠷᠭᠡᠵᠤ ᠬᠢᠨᠠᠨ ᠲᠣᠭᠲᠠᠭᠠᠵᠤ᠂ ᠵᠢᠩᠬᠢᠨᠢ ᠪᠢᠴᠢᠭ ᠮᠠᠲ᠋ᠧᠷᠢᠶᠠᠯ | ᠪᠦᠷᠢᠯᠳᠤᠭ᠍ᠰᠡᠨ ᠤ ᠳᠠᠷᠠᠭ᠎ᠠ᠂ ᠭᠤᠶᠤᠴᠢᠯᠠᠭᠰᠠᠨ ᠬᠦᠮᠦᠨ ᠬᠠᠷᠢᠭᠤᠯᠲᠠ ᠶᠢᠨ ᠪᠢᠴᠢᠭ ᠠᠪᠬᠤ ᠪᠠᠷ ᠢᠷᠡᠬᠦ ᠶᠢ | ᠮᠡᠳᠡᠭᠦᠯᠤᠨ᠎ᠡ᠃ | ᠬᠤᠷᠢᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠲᠣᠬᠠᠢ ᠶᠢᠨ ᠭᠠᠵᠠᠷ ᠲᠤ ᠬᠠᠷᠢᠭᠤᠯᠵᠤ | ᠳᠡᠶᠢᠯᠬᠦ ᠵᠠᠰᠠᠭ ᠤᠨ ᠣᠷᠳᠣᠨ ᠤ ᠴᠢᠮᠡᠭᠡ ᠵᠠᠩᠭᠢ ᠳᠤ᠂ ᠲᠣᠬᠠᠢ ᠶᠢᠨ ᠭᠠᠵᠠᠷ ᠲᠤ ᠬᠠᠷᠢᠭᠤᠯᠲᠠ ᠦᠭᠪᠡᠯ ᠵᠣᠬᠢᠨ᠎ᠠ᠃ | ᠲᠣᠬᠠᠢ ᠶᠢᠨ ᠭᠠᠵᠠᠷ ᠲᠤ ᠬᠠᠷᠢᠭᠤᠯᠵᠤ ᠳᠡᠶᠢᠯᠬᠦ ᠦᠭᠡᠢ ᠪᠣᠯ᠂ ᠭᠤᠶᠤᠴᠢᠯᠠᠯ ᠢ ᠬᠦᠯᠢᠶᠡᠵᠦ ᠠᠪᠤᠭᠰᠠᠨ | ᠡᠳᠤᠷ ᠠᠴᠠ ᠡᠬᠢᠯᠡᠵᠦ 15 ᠠᠵᠢᠯ ᠤᠨ ᠡᠳᠤᠷ ᠳᠤᠲᠤᠷ᠎ᠠ ᠬᠠᠷᠢᠭᠤᠯᠲᠠ ᠦᠭᠪᠡᠯ ᠵᠣᠬᠢᠨ᠎ᠠ ︔ ᠬᠡᠷᠪᠡ ᠬᠠᠷᠢᠭᠤᠯᠲᠠ | ᠦᠭᠬᠦ ᠬᠤᠭᠤᠴᠠᠭ᠎ᠠ ᠪᠠᠨ ᠤᠷᠳᠤᠳᠬᠠᠬᠤ ᠴᠢᠬᠤᠯᠠ ᠲᠠᠢ ᠪᠣᠯ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠦᠪᠰᠢᠶᠡᠷᠡᠯ ᠢ ᠣᠯᠤᠭᠰᠠᠨ ᠤ ᠳᠠᠷᠠᠭ᠎ᠠ᠂ | ᠭᠤᠶᠤᠴᠢᠯᠠᠭᠰᠠᠨ ᠬᠦᠮᠦᠨ ᠳᠤ ᠮᠡᠳᠡᠭᠦᠯᠪᠡᠯ ᠵᠣᠬᠢᠨ᠎ᠠ᠂ ᠬᠠᠷᠢᠭᠤᠯᠲᠠ ᠦᠭᠬᠦ ᠬᠤᠭᠤᠴᠠᠭ᠎ᠠ ᠶᠢ ᠬᠠᠮᠤᠭ | ᠢᠯᠡᠭᠦᠦ ᠳᠡᠭᠡᠨ 15 ᠠᠵᠢᠯ ᠤᠨ ᠡᠳᠦᠷ ᠠᠴᠠ ᠬᠡᠳᠤᠷᠡᠭᠦᠯᠵᠦ ᠪᠣᠯᠬᠤ ᠦᠭᠡᠢ᠃ | ᠬᠤᠷᠢᠨ ᠨᠢᠭᠡᠳᠤᠭᠡᠷ ᠵᠣᠷᠪᠤᠰ᠂ ᠬᠤᠯᠪᠤᠭᠳᠠᠯ ᠪᠦᠬᠦᠢ ᠰᠤᠶᠢᠳᠭᠡᠯ ᠬᠤᠷᠢᠶᠠᠬᠤ ᠴᠢᠬᠤᠯᠠ ᠲᠠᠢ ᠪᠣᠯ᠂ | ᠭᠤᠶᠤᠴᠢᠯᠠᠭᠰᠠᠨ ᠬᠦᠮᠦᠨ ᠳᠤ ᠮᠡᠳᠡᠭᠦᠯᠬᠦ ᠮᠦᠷᠲᠡᠭᠡᠨ ᠤᠶᠢᠯᠡᠳᠪᠤᠷᠢ ᠬᠤᠳᠠᠯᠳᠤᠭᠠᠨ ᠤ ᠲᠣᠪᠴᠢᠶ᠎ᠠ ᠪᠠ ᠬᠤᠰᠢᠭᠤᠨ | ᠤ ᠡᠳ᠋ ᠤᠨ ᠵᠠᠰᠠᠭ ᠤᠨ ᠬᠠᠮᠲᠤ ᠶᠢᠨ ᠵᠦᠪᠰᠢᠶᠡᠷᠡᠯ ᠤᠨ ᠪᠠᠷᠢᠮᠵᠢᠶ᠎ᠠ ᠶᠢ ᠦᠨᠳᠤᠰᠤᠯᠡᠵᠦ ᠪᠠᠶᠢᠴᠠᠭᠠᠨ ᠡᠷᠢᠬᠦ᠂ | ᠳᠠᠷᠤᠮᠯᠠᠬᠤ᠂ ᠰᠢᠥᠳᠠᠨ ᠢᠶᠠᠷ ᠶᠠᠪᠤᠭᠤᠯᠬᠤ ᠵᠡᠷᠭᠡ ᠦᠪᠡᠷ ᠤᠨ ᠦᠷᠳᠡᠭ ᠤᠨ ᠵᠠᠷᠤᠳᠠᠯ ᠢ ᠬᠤᠷᠢᠶᠠᠨ᠎ᠠ᠃ | ᠭᠤᠶᠤᠴᠢᠯᠠᠭᠰᠠᠨ ᠬᠦᠮᠦᠨ ᠠᠵᠦ ᠠᠬᠤᠢ ᠬᠦᠴᠢᠷᠲᠡᠢ ᠪᠣᠯ᠂ ᠲᠤᠰ ᠬᠦᠮᠦᠨ ᠤ ᠭᠤᠶᠤᠴᠢᠯᠠᠬᠤ ᠪᠠᠷ ᠳᠠᠮᠵᠢᠵᠤ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠭᠤᠣᠯ | ᠬᠠᠷᠢᠭᠤᠴᠠᠯᠭᠠᠲᠠᠨ ᠬᠢᠨᠠᠵᠤ ᠵᠦᠪᠰᠢᠶᠡᠷᠡᠭᠰᠡᠨ ᠤ ᠳᠠᠷᠠᠭ᠎ᠠ᠂ ᠵᠣᠬᠢᠬᠤ ᠬᠡᠮᠵᠢᠶ᠎ᠡ ᠪᠠᠷ ᠬᠤᠯᠪᠤᠭᠳᠠᠯ ᠪᠦᠬᠦᠢ | ᠰᠤᠶᠢᠳᠭᠡᠯ ᠢ ᠬᠠᠰᠤᠵᠤ ᠬᠡᠯᠲᠦᠷᠢᠭᠦᠯᠵᠦ ᠪᠣᠯᠤᠨ᠎ᠠ᠃ | ᠬᠤᠷᠢᠨ ᠬᠤᠶᠠᠳᠤᠭᠠᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ | ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠪᠠᠨ | ᠴᠢᠩᠭᠠᠳᠬᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠠᠷᠭ᠎ᠠ | ᠮᠠᠶ᠋ᠢᠭ ᠢᠶᠠᠨ ᠲᠡᠭᠦᠯᠳᠡᠷᠵᠢᠭᠦᠯᠵᠦ ᠰᠢᠯᠭᠠᠨ ᠬᠢᠨᠠᠬᠤ ᠵᠠᠷᠴᠢᠮ᠂ ᠠᠭᠤᠯᠭ᠎ᠠ᠂ ᠪᠠᠷᠢᠮᠵᠢᠶ᠎ᠠ᠂ ᠶᠠᠪᠤᠴᠠ ᠪᠠ ᠠᠷᠭ᠎ᠠ | ᠬᠡᠯᠪᠡᠷᠢ ᠶᠢ ᠲᠣᠳᠤᠷᠬᠠᠶᠢᠯᠠᠨ᠎ᠠ᠃ ᠨᠡᠶᠢᠭᠡᠮ ᠠᠴᠠ ᠵᠦᠪᠯᠡᠨ ᠲᠣᠭᠲᠠᠭᠠᠬᠤ ᠳᠦᠷᠢᠮ ᠢ ᠪᠠᠶᠢᠭᠤᠯᠵᠤ᠂ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠨᠡᠶᠢᠭᠡᠮ ᠤᠨ ᠤᠯᠤᠰ ᠲᠦᠷᠤ ᠶᠢᠨ ᠣᠪᠤᠷ ᠰᠤᠷᠲᠠᠯ᠂ | ᠤᠶᠢᠯᠡ ᠠᠵᠢᠯᠯᠠᠭ᠎ᠠ ᠶᠢᠨ ᠣᠪᠤᠷ ᠰᠤᠷᠲᠠᠯ ᠤᠨ ᠬᠦᠷᠢᠶ᠎ᠡ ᠬᠡᠪᠴᠢᠶᠡᠨ ᠳᠤ ᠣᠷᠤᠭᠤᠯᠬᠤ ᠮᠥᠷᠲᠡᠭᠡᠨ ᠵᠦᠪᠯᠡᠨ | ᠲᠣᠭᠲᠠᠭᠠᠭᠰᠠᠨ ᠦᠷ᠎ᠡ ᠳ᠋ᠦᠩ ᠢ ᠦᠨᠳᠤᠰᠤᠯᠡᠵᠦ ᠳᠦᠷᠢᠮ ᠢ ᠲᠡᠭᠦᠯᠳᠡᠷᠵᠢᠭᠦᠯᠵᠦ᠂ ᠠᠵᠢᠯ ᠢᠶᠠᠨ ᠰᠠᠶᠢᠵᠢᠷᠠᠭᠤᠯᠤᠨ᠎ᠠ | ᠃ ᠬᠦᠯᠢᠶᠡᠨ ᠠᠪᠬᠤ ᠵᠠᠭᠠᠯᠳᠤᠬᠤ ᠳᠦᠷᠢᠮ ᠢ ᠪᠠᠶᠢᠭᠤᠯᠵᠤ᠂ ᠴᠠᠭ ᠲᠣᠬᠠᠢ ᠳᠤᠨᠢ ᠪᠠᠶᠢᠴᠠᠭᠠᠵᠤ᠂ ᠬᠠᠥᠯᠢ ᠶᠣᠰᠤᠭᠠᠷ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ︽ᠳᠦᠷᠢᠮ︾ ᠲᠣᠭᠲᠠᠭᠠᠯ ᠠᠴᠠ | ᠵᠦᠷᠢᠴᠡᠭᠰᠡᠨ ᠡᠯ᠎ᠡ ᠵᠤᠶᠢᠯ ᠤᠨ ᠪᠠᠶᠢᠳᠠᠯ ᠳᠤ ᠰᠢᠳᠭᠡᠯ ᠦᠭᠭᠦᠨ᠎ᠡ᠃ | ᠬᠤᠷᠢᠨ ᠭᠤᠷᠪᠠᠳᠤᠭᠠᠷ ᠵᠣᠷᠪᠤᠰ᠂ ᠡᠯ᠎ᠡ ᠱᠠᠲᠤᠨ ᠤ ᠢᠯᠡ ᠪᠣᠯᠭᠠᠬᠤ ᠭᠤᠣᠯ ᠴᠣᠭᠴᠠ ᠲᠤᠰ ᠳᠦᠷᠢᠮ ᠢ | ᠵᠦᠷᠢᠴᠡᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠶᠠᠪᠤᠭᠳᠠᠭᠤᠯᠬᠤ ᠦᠭᠡᠢ ᠪᠣᠶᠤ | ᠵᠦᠪ ᠶᠠᠪᠤᠭᠳᠠᠭᠤᠯᠬᠤ ᠦᠭᠡᠢ ᠪᠣᠯ᠂ ᠬᠠᠥᠯᠢ ᠶᠣᠰᠤᠭᠠᠷ ᠪᠠᠶᠢᠴᠠᠭᠠᠬᠤ ᠪᠠᠶᠢᠭᠤᠯᠤᠯᠭ᠎ᠠ ᠠᠴᠠ ᠵᠠᠰᠠᠭ ᠵᠠᠬᠢᠷᠭᠠᠨ ᠤ | ᠬᠠᠷᠢᠭᠤᠴᠠᠯᠭ᠎ᠠ ᠡᠷᠢᠨ᠎ᠡ᠃ ᠪᠠᠶᠢᠳᠠᠯ ᠬᠦᠨᠳᠦ ᠨᠣᠴᠢᠲᠠᠢ ᠪᠣᠯ᠂ ᠬᠠᠥᠯᠢ ᠶᠣᠰᠤᠭᠠᠷ ᠰᠢᠳᠭᠡᠯ ᠦᠭᠭᠦᠨ᠎ᠡ ︔ ᠶᠠᠯᠠᠲᠤ | ᠠᠵᠢᠯᠯᠠᠭ᠎ᠠ ᠪᠣᠯᠤᠭᠰᠠᠨ ᠪᠣᠯ ᠬᠠᠥᠯᠢ ᠶᠣᠰᠤᠭᠠᠷ ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠬᠤᠷᠢᠨ ᠳᠦᠷᠪᠡᠳᠤᠭᠡᠷ ᠵᠣᠷᠪᠤᠰ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠤ | ᠬᠡᠷᠡᠭᠵᠢᠭᠦᠯᠦᠨ᠎ᠡ᠃ | | |