ᠨᠢᠭᠡᠳᠤᠭᠡᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ | ᠠᠬᠢᠭᠤᠯᠵᠤ᠂ ᠠᠷᠠᠳ ᠢᠷᠭᠡᠨ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ | ᠮᠡᠳᠡᠬᠦ ᠡᠷᠬᠡ ᠶᠢ ᠪᠠᠲᠤᠯᠠᠵᠤ᠂ ᠬᠠᠥᠯᠢ ᠶᠣᠰᠤᠭᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠲᠣᠭᠲᠠᠭᠠᠯ ᠢ ᠵᠥᠷᠢᠴᠡᠭᠰᠡᠨ ᠬᠠᠷᠢᠭᠤᠴᠠᠯᠭ᠎ᠠ ᠶᠢ ᠨᠡᠬᠡᠮᠵᠢᠯᠡᠵᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠥᠯᠢ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠲᠣᠭᠲᠠᠭᠠᠯ︾ ᠵᠡᠷᠭᠡ ᠬᠠᠥᠯᠢ | ᠴᠠᠭᠠᠵᠠ ᠬᠠᠥᠯᠢ ᠳᠦᠷᠢᠮ ᠢ ᠥᠨᠳᠤᠰᠤᠯᠡᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠣᠷᠪᠤᠰ᠂ ᠲᠤᠰ ᠳᠦᠷᠢᠮ ᠳᠤ ᠬᠡᠯᠡᠭᠰᠡᠨ ︽ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠲᠣᠭᠲᠠᠭᠠᠯ ᠢ ᠵᠥᠷᠢᠴᠡᠭᠰᠡᠨ︾ ᠭᠡᠳᠡᠭ ᠪᠣᠯ ︽ ᠪᠦᠭᠦᠲᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠲᠣᠭᠲᠠᠭᠠᠯ︾ ᠪᠠ ᠪᠣᠰᠤᠳ | ᠬᠤᠯᠪᠤᠭᠳᠠᠯ ᠪᠦᠬᠦᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠤᠨ ᠬᠠᠥᠯᠢ ᠴᠠᠭᠠᠵᠠ᠂ | ᠬᠠᠥᠯᠢ ᠳᠦᠷᠢᠮ ᠢ ᠵᠥᠷᠢᠴᠡᠭᠰᠡᠨ ᠢ ᠬᠡᠯᠡᠨ᠎ᠡ᠃ | ᠭᠤᠷᠪᠠᠳᠤᠭᠠᠷ ᠵᠣᠷᠪᠤᠰ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠢ | ᠵᠥᠷᠢᠴᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠳᠤ ᠪᠣᠲᠠᠲᠠᠢ ᠠᠴᠠ ᠡᠭᠦᠰᠴᠤ᠂ ᠪᠣᠰᠤᠳᠴᠢ ᠭᠤᠣᠯᠴᠢ ᠪᠠᠶᠢᠬᠤ | ᠬᠡᠷᠡᠭᠲᠡᠢ︔ ᠰᠤᠷᠭᠠᠨ ᠬᠦᠮᠤᠵᠢᠯ ᠢᠶᠠᠷ ᠵᠣᠭᠰᠤᠴᠠ ᠪᠣᠯᠭᠠᠵᠤ᠂ ᠰᠡᠷᠭᠡᠶᠢᠯᠡᠬᠦ ᠳᠤ ᠵᠣᠷᠢᠭᠤᠯᠤᠨ᠎ᠠ︔ ᠰᠠᠬᠢᠯᠭ᠎ᠠ ᠪᠠᠲᠤ | ᠲᠦᠪ ᠴᠢᠩᠭ᠎ᠠ᠂ ᠰᠠᠬᠢᠯᠭ᠎ᠠ ᠪᠠᠲᠤ ᠶᠢ ᠵᠥᠷᠢᠴᠡᠪᠠᠯ ᠡᠷᠬᠡᠪᠰᠢ ᠨᠡᠬᠡᠮᠵᠢᠯᠡᠬᠦ ᠶᠢ ᠪᠠᠷᠢᠮᠳᠠᠯᠠᠨ᠎ᠠ᠃ | ᠳᠦᠷᠪᠡᠳᠤᠭᠡᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠠᠵᠢᠯ ᠢ ᠴᠢᠬᠤᠯᠠ ᠵᠦᠪᠯᠡᠬᠦ ᠳᠠᠷᠠᠭᠠᠯᠠᠯ ᠳᠤ ᠣᠷᠤᠭᠤᠯᠤᠭᠰᠠᠨ ᠦᠭᠡᠢ᠂ ᠵᠣᠬᠢᠶᠠᠨ ᠪᠠᠶᠢᠭᠤᠯᠵᠤ | ᠤᠳᠤᠷᠢᠳᠬᠤ ᠬᠦᠴᠤᠨ ᠳᠣᠷᠤᠢ᠂ ᠠᠵᠢᠯ ᠢᠶᠠᠨ ᠠᠯᠪᠠ ᠬᠠᠰᠢᠵᠤ ᠠᠷᠭᠠᠴᠠᠬᠤ᠂ ᠬᠡᠯᠪᠡᠷᠢ ᠶᠢᠨ ᠲᠡᠳᠤᠢ᠂ ᠬᠠᠭᠤᠷᠮᠠᠭ | ᠢᠯᠡ ᠪᠣᠯᠭᠠᠬᠤ᠂ ᠳᠡᠭᠡᠷᠡᠬᠢ ᠪᠠᠨ ᠮᠡᠬᠡᠯᠡᠵᠤ ᠳᠣᠣᠷᠠᠬᠢ ᠪᠠᠨ ᠬᠠᠭᠤᠷᠬᠤ ᠪᠠᠶᠢᠳᠠᠯ ᠳᠣᠣᠷ᠎ᠠ᠂ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠭᠤᠣᠯ ᠤᠳᠤᠷᠢᠳᠤᠯᠭ᠎ᠠ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠰᠡᠷᠡᠮᠵᠢᠭᠦᠯᠵᠤ | ᠵᠣᠷᠢᠭᠵᠢᠭᠤᠯᠬᠤ ᠰᠤᠷᠭᠠᠨ ᠬᠦᠮᠦᠵᠢᠯ ᠬᠢᠵᠤ᠂ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠬᠤ ᠶᠢ ᠵᠠᠷᠯᠢᠭᠳᠠᠨ᠎ᠠ ︔ | ᠬᠤᠭᠤᠴᠠᠭ᠎ᠠ ᠬᠡᠲᠤᠷᠡᠵᠤ ᠵᠠᠯᠠᠷᠠᠭᠤᠯᠬᠤ ᠦᠭᠡᠢ ᠪᠣᠯ ᠨᠡᠶᠢᠲᠡᠯᠡᠬᠦ ᠰᠢᠭᠦᠮᠵᠢᠯᠡᠯ ᠥᠭᠭᠦᠨ᠎ᠡ︔ ᠵᠠᠰᠠᠭ ᠤᠨ ᠣᠷᠳᠣᠨ | ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠬᠡᠷᠡᠭᠵᠢᠭᠦᠯᠬᠦ ᠦᠭᠡᠢ ᠪᠣᠯ᠂ ᠵᠠᠰᠠᠭ ᠵᠠᠬᠢᠷᠭᠠᠨ ᠤ ᠰᠢᠳᠭᠡᠯ | ᠥᠭᠭᠦᠨ᠎ᠡ᠃ | ᠲᠠᠪᠤᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠳᠦᠷᠢᠮ ᠢ ᠵᠥᠷᠢᠴᠡᠵᠤ᠂ ᠳᠣᠣᠷᠠᠬᠢ ᠮᠡᠲᠤ ᠪᠠᠶᠢᠳᠠᠯ ᠤᠨ ᠨᠢᠭᠡ ᠪᠠᠶᠢᠪᠠᠯ᠂ ᠬᠢᠨᠠᠨ ᠪᠠᠶᠢᠴᠠᠭᠠᠬᠤ | ᠪᠠᠶᠢᠭᠤᠯᠤᠯᠭ᠎ᠠ᠂ ᠳᠡᠭᠡᠷ᠎ᠡ ᠨᠢᠭᠡ ᠱᠠᠲᠤ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠵᠠᠯᠠᠷᠠᠭᠤᠯᠬᠤ ᠶᠢ ᠵᠠᠷᠯᠢᠭᠳᠠᠨ᠎ᠠ ︔ | ᠤᠶᠢᠯᠡ ᠪᠠᠶᠢᠳᠠᠯ ᠨᠢ ᠨᠡᠯᠢᠶᠡᠳ ᠬᠦᠨᠳᠦ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠨᠡᠶᠢᠲᠡᠯᠡᠬᠦ ᠰᠢᠭᠦᠮᠵᠢ | ᠬᠢᠵᠤ᠂ ᠤᠶᠢᠯᠡ ᠪᠠᠶᠢᠳᠠᠯ ᠨᠢ ᠬᠦᠨᠳᠦ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠭᠤᠣᠯ ᠬᠠᠷᠢᠭᠤᠴᠠᠯᠭᠠᠲᠠᠨ | ᠳᠤ ᠬᠠᠥᠯᠢ ᠶᠣᠰᠤᠭᠠᠷ ᠰᠢᠳᠭᠡᠯ ᠥᠭᠭᠦᠨ᠎ᠡ ᠄ | ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ᠂ | ᠨᠡᠶᠢᠭᠡᠮ ᠤᠨ ᠵᠥᠪᠯᠡᠨ ᠲᠣᠭᠲᠠᠭᠠᠬᠤ ᠵᠡᠷᠭᠡ ᠠᠵᠢᠯ ᠤᠨ ᠳᠦᠷᠢᠮ ᠢ ᠪᠠᠶᠢᠭᠤᠯᠵᠤ ᠲᠡᠭᠦᠯᠳᠡᠷᠵᠢᠭᠦᠯᠦᠭᠰᠡᠨ ᠦᠭᠡᠢ︔ | ︵ᠬᠤᠶᠠᠷ︶ ᠲᠣᠭᠲᠠᠭᠰᠠᠨ ᠬᠡᠯᠪᠡᠷᠢ᠂ ᠠᠯᠬᠤᠮ ᠳᠠᠷᠠᠭ᠎ᠠ ᠵᠢᠴᠢ ᠴᠠᠭ ᠬᠤᠭᠤᠴᠠᠭ᠎ᠠ ᠪᠠ ᠠᠭᠤᠯᠭ᠎ᠠ | ᠶᠣᠰᠤᠭᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠭᠰᠡᠨ ᠦᠭᠡᠢ︔ | ︵ᠭᠤᠷᠪᠠ︶ ᠬᠤᠷᠢᠶᠠᠵᠤ ᠠᠪᠤᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠡᠭᠦᠷᠭᠡ ᠶᠢ ᠭᠦᠢᠴᠡᠳᠭᠡᠭᠰᠡᠨ ᠦᠭᠡᠢ ᠲᠣᠬᠠᠢ ᠢᠯᠡᠴᠢᠯᠡᠨ ᠮᠡᠳᠡᠭᠦᠯᠬᠦ ᠶᠢ ᠢᠳᠡᠪᠬᠢᠲᠡᠢ ᠰᠢᠢᠳᠪᠦᠷᠢᠯᠡᠬᠦ ᠦᠭᠡᠢ︔ | ︵ᠳᠥᠷᠪᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠬᠤ ᠪᠠᠶᠢᠭᠤᠯᠤᠮᠵᠢ ᠶᠢ ᠪᠠᠶᠢᠭᠤᠯᠵᠤ ᠲᠡᠭᠦᠯᠳᠡᠷᠵᠢᠭᠦᠯᠦᠭᠰᠡᠨ ᠦᠭᠡᠢ︔ | ︵ᠲᠠᠪᠤ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠰᠣᠨᠢᠨ ᠮᠡᠳᠡᠭᠡ ᠨᠡᠶᠢᠲᠡᠯᠡᠬᠦ | ᠵᠡᠷᠭᠡ ᠠᠵᠢᠯ ᠤᠨ ᠳᠦᠷᠢᠮ ᠢ ᠵᠥᠷᠢᠴᠡᠬᠦ︔ | ︵ᠵᠢᠷᠭᠤᠭ᠎ᠠ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠵᠢᠯ ᠤᠨ | ᠮᠡᠳᠡᠭᠦᠯᠦᠯᠲᠡ ᠪᠠᠨ ᠴᠠᠭ ᠲᠣᠬᠠᠢ ᠳᠤᠨᠢ ᠨᠡᠶᠢᠲᠡᠯᠡᠭᠰᠡᠨ ᠦᠭᠡᠢ︔ | ᠵᠢᠷᠭᠤᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠳᠦᠷᠢᠮ ᠢ ᠵᠥᠷᠢᠴᠡᠵᠤ᠂ ᠳᠣᠣᠷᠠᠬᠢ ᠪᠠᠶᠢᠳᠠᠯ ᠤᠨ ᠨᠢᠭᠡ ᠪᠠᠶᠢᠪᠠᠯ᠂ ᠬᠢᠨᠠᠨ ᠪᠠᠶᠢᠴᠠᠭᠠᠬᠤ | ᠪᠠᠶᠢᠭᠤᠯᠤᠯᠭ᠎ᠠ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠵᠠᠯᠠᠷᠠᠭᠤᠯᠬᠤ ᠶᠢ | ᠵᠠᠷᠯᠢᠭᠳᠠᠨ᠎ᠠ︔ ᠤᠶᠢᠯᠡ ᠪᠠᠶᠢᠳᠠᠯ ᠨᠡᠯᠢᠶᠡᠳ ᠬᠦᠨᠳᠦ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠵᠠᠷᠯᠠᠨ | ᠨᠡᠶᠢᠲᠡᠯᠡᠬᠦ ᠰᠢᠭᠦᠮᠵᠢ ᠥᠭᠭᠦᠨ᠎ᠡ︔ ᠤᠶᠢᠯᠡ ᠪᠠᠶᠢᠳᠠᠯ ᠨᠢ ᠬᠦᠨᠳᠦ ᠪᠣᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ | ᠰᠢᠭᠤᠳ ᠬᠠᠷᠢᠭᠤᠴᠠᠬᠤ ᠭᠤᠣᠯ ᠬᠠᠮᠢᠶᠠᠷᠬᠤ ᠬᠦᠮᠦᠨ ᠪᠠ ᠪᠣᠰᠤᠳ ᠰᠢᠭᠤᠳ ᠬᠠᠮᠢᠶᠠᠷᠬᠤ ᠬᠦᠮᠦᠨ ᠳᠤ ᠬᠠᠥᠯᠢ | ᠶᠣᠰᠤᠭᠠᠷ ᠰᠢᠳᠭᠡᠯ ᠥᠭᠭᠦᠨ᠎ᠡ︔ ᠶᠠᠯᠠᠲᠤ ᠠᠵᠢᠯᠠᠯᠭ᠎ᠠ ᠪᠣᠯᠤᠭᠰᠠᠨ ᠪᠣᠯ᠂ ᠬᠠᠥᠯᠢ ᠶᠣᠰᠤᠭᠠᠷ ᠡᠷᠡᠭᠦᠤ ᠶᠢᠨ | ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠭᠦᠷᠭᠡ ᠶᠢ ᠬᠠᠥᠯᠢ ᠶᠣᠰᠤᠭᠠᠷ | ᠭᠦᠢᠴᠡᠳᠭᠡᠬᠦ ᠦᠭᠡᠢ︔ | ︵ᠬᠤᠶᠠᠷ︶ ᠨᠡᠶᠢᠲᠡᠯᠡᠭᠰᠡᠨ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠠᠭᠤᠯᠭ᠎ᠠ᠂ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯᠤᠭᠤᠳᠤᠮᠵᠢ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠭᠠᠷᠴᠠᠭ ᠢ ᠴᠠᠭ ᠲᠣᠬᠠᠢ ᠳᠤᠨᠢ ᠰᠢᠨᠡᠳᠭᠡᠬᠦ ᠦᠭᠡᠢ︔ | ︵ᠭᠤᠷᠪᠠ︶ ᠲᠣᠭᠲᠠᠭᠠᠯ ᠢ ᠵᠥᠷᠢᠴᠡᠵᠤ ᠰᠤᠶᠢᠳᠭᠡᠯ ᠬᠤᠷᠢᠶᠠᠬᠤ︔ | ︵ᠳᠥᠷᠪᠡ︶ ᠪᠣᠰᠤᠳ ᠵᠣᠬᠢᠶᠠᠨ ᠪᠠᠶᠢᠭᠤᠯᠤᠯᠲᠠ ᠬᠤᠪᠢ ᠬᠦᠮᠦᠨ ᠢᠶᠠᠷ ᠳᠠᠮᠵᠢᠵᠤ ᠦᠨ᠎ᠡ ᠲᠦᠯᠦᠪᠦᠷᠢ | ᠲᠠᠢ ᠤᠶᠢᠯᠡᠴᠢᠯᠡᠬᠦ ᠬᠡᠯᠪᠡᠷᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠬᠠᠩᠭᠠᠵᠤ ᠥᠭᠬᠦ︔ | ︵ᠲᠠᠪᠤ︶ ᠨᠡᠶᠢᠲᠡᠯᠡᠵᠤ ᠪᠣᠯᠬᠤ ᠦᠭᠡᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ︔ | ︵ᠵᠢᠷᠭᠤᠭ᠎ᠠ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠳᠦᠷᠢᠮ ᠢ ᠵᠥᠷᠢᠴᠡᠭᠰᠡᠨ ᠪᠣᠰᠤᠳ | ᠠᠵᠢᠯᠠᠯᠭ᠎ᠠ︔ | ᠳᠣᠯᠤᠳᠤᠭᠠᠷ ᠵᠣᠷᠪᠤᠰ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠬᠢᠨᠠᠨ ᠪᠠᠶᠢᠴᠠᠭᠠᠬᠤ ᠠᠵᠢᠯ ᠢ ᠬᠠᠮᠵᠢᠯᠴᠠᠬᠤ ᠦᠭᠡᠢ ᠪᠣᠶᠤ ᠡᠰᠡᠷᠭᠦᠴᠡᠪᠡᠯ᠂ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠰᠢᠭᠤᠳ ᠬᠠᠷᠢᠭᠤᠴᠠᠬᠤ ᠭᠤᠣᠯ ᠬᠠᠮᠢᠶᠠᠷᠬᠤ ᠬᠦᠮᠦᠨ ᠪᠠ ᠪᠣᠰᠤᠳ ᠰᠢᠭᠤᠳ ᠬᠠᠷᠢᠭᠤᠴᠠᠬᠤ | ᠬᠦᠮᠦᠨ ᠳᠤ ᠬᠠᠥᠯᠢ ᠶᠣᠰᠤᠭᠠᠷ ᠰᠢᠳᠭᠡᠯ ᠥᠭᠭᠦᠨ᠎ᠡ᠃ | ᠨᠠᠢᠮᠠᠳᠤᠭᠠᠷ ᠵᠣᠷᠪᠤᠰ᠂ ᠬᠠᠷᠢᠭᠤᠴᠠᠯᠭ᠎ᠠ ᠨᠡᠭᠡᠮᠵᠢᠯᠡᠬᠦ ᠶᠢ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠳᠡᠭᠡᠷ᠎ᠡ | ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠲᠣᠭᠲᠠᠭᠠᠭᠰᠠᠨ ᠡᠷᠬᠡ ᠶᠢᠨ ᠬᠢᠵᠠᠭᠠᠷᠯᠠᠯ ᠪᠠ ᠠᠯᠬᠤᠮ | ᠳᠠᠷᠠᠭ᠎ᠠ ᠶᠢ ᠥᠨᠳᠤᠰᠤᠯᠡᠨ ᠬᠡᠷᠡᠭᠵᠢᠬᠦᠯᠵᠦ᠂ ᠲᠤᠰ ᠳᠦᠷᠢᠮ ᠢ ᠵᠥᠷᠢᠴᠡᠵᠤ᠂ ᠵᠣᠬᠢᠶᠠᠨ ᠪᠠᠶᠢᠭᠤᠯᠤᠯᠲᠠ᠂ | ᠠᠵᠢᠯᠲᠠᠨ ᠢ ᠬᠠᠮᠢᠶᠠᠷᠬᠤ ᠰᠠᠯᠠᠭ᠎ᠠ ᠮᠥᠴᠢᠷ ᠠᠴᠠ ᠺᠠᠲᠠᠷ ᠢ ᠬᠠᠮᠢᠶᠠᠷᠬᠤ ᠡᠷᠬᠡ ᠶᠢᠨ ᠬᠢᠵᠠᠭᠠᠷ ᠪᠠ ᠬᠤᠯᠪᠤᠭᠳᠠᠯ | ᠪᠦᠬᠦᠢ ᠲᠣᠭᠲᠠᠭᠠᠯ ᠢ ᠥᠨᠳᠤᠰᠤᠯᠡᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠤᠨ᠎ᠡ᠃ | ᠶᠢᠰᠤᠳᠤᠭᠡᠷ ᠵᠣᠷᠪᠤᠰ᠂ ᠲᠤᠰ ᠳᠦᠷᠢᠮ ᠨᠢ ᠮᠠᠨ ᠤ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠤᠯᠭ᠎ᠠ ᠳᠤ ᠲᠣᠬᠢᠷᠠᠨ᠎ᠠ᠃ ᠬᠠᠥᠯᠢ ᠴᠠᠭᠠᠵᠠ᠂ ᠬᠠᠥᠯᠢ ᠳᠦᠷᠢᠮ ᠣᠯᠭᠤᠭᠰᠠᠨ ᠨᠡᠶᠢᠲᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠷᠬᠡ ᠲᠤᠰᠢᠶᠠᠯ ᠲᠠᠢ ᠵᠣᠬᠢᠶᠠᠨ ᠪᠠᠶᠢᠭᠤᠯᠤᠯᠲᠠ ᠲᠤᠰ ᠳᠦᠷᠢᠮ ᠢ ᠬᠡᠷᠡᠭᠵᠢᠭᠦᠯᠦᠨ᠎ᠡ᠃ | ᠰᠤᠷᠭᠠᠨ ᠬᠦᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠲᠦᠯᠦᠪᠯᠡᠭᠡᠲᠤ ᠥᠷᠡᠵᠢᠯ᠂ ᠤᠰᠤ ᠬᠠᠩᠭᠠᠬᠤ᠂ | ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠣᠷᠴᠢᠨ ᠠᠬᠤᠢ ᠶᠢ ᠬᠠᠮᠠᠭᠠᠯᠠᠬᠤ᠂ ᠨᠡᠶᠢᠲᠡ ᠶᠢᠨ | ᠵᠠᠮ ᠬᠠᠷᠢᠯᠴᠠᠭ᠎ᠠ ᠵᠡᠷᠭᠡ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠤᠭᠳᠠᠬᠤ ᠨᠡᠶᠢᠲᠡ ᠶᠢᠨ ᠠᠵᠤ | ᠠᠬᠤᠶᠢᠯᠠᠯ᠂ ᠠᠵᠢᠯ ᠤᠶᠢᠯᠡᠰ ᠤᠨ ᠨᠢᠭᠡᠴᠡ᠂ ᠲᠤᠰ ᠳᠦᠷᠢᠮ ᠢ ᠬᠠᠷᠭᠠᠭᠤᠯᠵᠤ ᠬᠡᠷᠡᠭᠵᠢᠭᠦᠯᠤᠨ᠎ᠡ᠃ | ᠠᠷᠪᠠᠳᠤᠭᠠᠷ ᠵᠣᠷᠪᠤᠰ᠂ ᠲᠤᠰ ᠳᠦᠷᠢᠮ ᠢ ᠨᠡᠶᠢᠲᠡᠯᠡᠭᠰᠡᠨ ᠡᠳᠤᠷ ᠠᠴᠠ ᠡᠬᠢᠯᠡᠵᠤ ᠬᠡᠷᠡᠭᠵᠢᠭᠦᠯᠦᠨ᠎ᠡ᠃ | | |