ᠶᠠᠷᠢᠶ᠎ᠠ ᠬᠡᠯᠡᠯᠴᠡᠭᠡ ᠪᠠᠷ ᠳᠠᠭᠠᠭᠤᠯᠬᠤ ᠶᠢ ᠴᠢᠩᠭᠠᠳᠬᠤᠵᠤ᠂ ᠪᠦᠬᠦ ᠬᠤᠰᠢᠭᠤᠨ ᠤ ᠬᠦᠨᠳᠦ ᠴᠢᠬᠤᠯᠠ | ᠲᠣᠬᠢᠷᠠᠭᠤᠯᠤᠯᠲᠠ ᠪᠠ ᠲᠦᠷᠤ ᠶᠢᠨ ᠪᠣᠳᠤᠯᠭ᠎ᠠ᠂ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠵᠥᠪ ᠣᠨᠤᠪᠴᠢᠲᠠᠢ | ᠳᠤᠰᠬᠠᠵᠤ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠳᠠᠷᠤᠢ ᠳᠤᠨᠢ | ᠪᠦᠷᠢᠮᠤᠰᠤᠨ ᠤᠬᠠᠭᠤᠯᠵᠤ᠂ ᠡᠯ᠎ᠠ ᠲᠦᠷᠤᠯ ᠤᠨ ᠭᠡᠨᠡᠳᠲᠡ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠰᠠᠨᠠᠭᠠᠴᠢᠯᠭᠠᠲᠤ | ᠡᠷᠬᠡ ᠶᠢ ᠳᠠᠷᠤᠢ ᠳᠤᠨᠢ ᠡᠵᠡᠮᠰᠢᠬᠦ ᠶᠢᠨ ᠲᠦᠯᠦᠭᠡ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠤᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ ᠲᠣᠭᠲᠠᠭᠠᠯ︾ ᠵᠢᠴᠢ ︽ᠤᠯᠠᠭᠠᠨᠬᠠᠲᠠ | ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠳᠠᠷᠤᠮᠯᠠᠨ ᠲᠠᠷᠬᠠᠭᠠᠭᠰᠠᠨ ᠤᠯᠠᠭᠠᠨᠬᠠᠲᠠ | ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠤᠯᠪᠤᠭᠳᠠᠯ ᠪᠦᠬᠦᠢ ᠳᠦᠷᠢᠮ ᠤᠨ ᠲᠣᠬᠠᠢ | ᠮᠡᠳᠡᠭᠳᠡᠯ︾ ᠤᠨ ᠬᠠᠮᠢᠶ᠎ᠠ ᠪᠦᠬᠦᠢ ᠲᠣᠭᠲᠠᠭᠠᠯ ᠢ ᠥᠨᠳᠤᠰᠤᠯᠡᠨ᠂ ᠬᠤᠰᠢᠭᠤᠨ ᠤ ᠵᠠᠰᠠᠭ ᠤᠨ ᠣᠷᠳᠤᠨ ᠤ ᠰᠣᠨᠢᠨ | ᠮᠡᠳᠡᠭᠡᠨ ᠤ ᠥᠭᠦᠯᠡᠭᠴᠢ ᠶᠢᠨ ᠳᠦᠷᠢᠮ ᠢ ᠲᠣᠭᠲᠠᠭᠠᠵᠠᠢ᠃ | ᠨᠢᠭᠡ᠂ ᠰᠣᠨᠢᠨ ᠮᠡᠳᠡᠭᠡᠨ ᠤ ᠥᠭᠦᠯᠡᠭᠴᠢ | ᠵᠠᠰᠠᠭ ᠤᠨ ᠣᠷᠳᠤᠨ ᠤ ᠰᠣᠨᠢᠨ ᠮᠡᠳᠡᠭᠡᠨ ᠤ ᠦᠬᠦᠯᠡᠭᠴᠢ ᠶᠢ ᠬᠤᠰᠢᠭᠤᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠦᠭᠦᠯᠡᠭᠴᠢ ᠪᠠ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠰᠣᠨᠢᠨ | ᠮᠡᠳᠡᠭᠡᠨ ᠤ ᠦᠭᠦᠯᠡᠭᠴᠢ ᠭᠡᠵᠤ ᠬᠤᠪᠢᠶᠠᠨ᠎ᠠ᠃ | ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠥᠭᠦᠯᠡᠭᠴᠢ ᠶᠢ ᠶᠡᠷᠤ ᠳᠡᠭᠡᠨ ᠬᠤᠰᠢᠭᠤᠨ ᠤ | ᠵᠠᠰᠠᠭ ᠤᠨ ᠣᠷᠳᠤᠨ ᠤ ᠠᠯᠪᠠᠨ ᠭᠡᠷ ᠤᠨ ᠡᠷᠬᠢᠯᠡᠭᠴᠢ᠂ ᠬᠤᠯᠪᠤᠭᠳᠠᠯ ᠪᠦᠬᠦᠢ ᠳᠡᠳ᠋ ᠡᠷᠬᠢᠯᠡᠭᠴᠢ ᠬᠠᠷᠢᠭᠤᠴᠠᠨ᠎ᠠ᠃ | ᠬᠤᠰᠢᠭᠤᠨ ᠤ ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠰᠣᠨᠢᠨ ᠮᠡᠳᠡᠭᠡᠨ ᠤ ᠥᠭᠦᠯᠡᠭᠴᠢ ᠶᠢ ᠶᠡᠷᠦ | ᠳᠡᠭᠡᠨ ᠬᠤᠰᠢᠭᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠭᠤᠣᠯ ᠤᠳᠤᠷᠢᠳᠤᠯᠭ᠎ᠠ ᠪᠣᠶᠥ ᠨᠢᠭᠡ | ᠳᠡᠳ᠋ ᠲᠤᠰᠢᠶᠠᠯ ᠲᠠᠢ ᠤᠳᠤᠷᠢᠳᠤᠯᠭ᠎ᠠ ᠬᠠᠷᠢᠭᠤᠴᠠᠨ᠎ᠠ᠃ | ᠵᠠᠰᠠᠭ ᠤᠨ ᠣᠷᠳᠤᠨ ᠤ ᠰᠣᠨᠢᠨ ᠮᠡᠳᠡᠭᠡᠨ ᠤ ᠥᠬᠦᠯᠡᠭᠴᠢ ᠬᠤᠰᠢᠭᠤᠨ ᠤ ᠵᠠᠰᠠᠭ ᠤᠨ ᠣᠷᠳᠤᠨ ᠪᠠ | ᠰᠠᠯᠠᠭ᠎ᠠ ᠮᠦᠴᠢᠷ ᠤᠨ ᠡᠷᠬᠡ ᠣᠯᠭᠤᠬᠤ ᠶᠢ ᠥᠨᠳᠤᠰᠤᠯᠡᠨ ᠭᠠᠳᠠᠭᠰᠢ ᠰᠣᠨᠢᠨ ᠮᠡᠳᠡᠭᠡᠨ ᠤ ᠴᠢᠮᠡᠭᠡ ᠵᠠᠩᠭᠢ ᠶᠢ | ᠨᠡᠶᠢᠲᠡᠯᠡᠨ᠎ᠡ᠃ | ᠬᠤᠶᠠᠷ᠂ ᠰᠣᠨᠢᠨ ᠮᠡᠳᠡᠭᠡ ᠶᠢ ᠨᠡᠶᠢᠲᠡᠯᠡᠬᠦ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠬᠤᠰᠢᠭᠤᠨ ᠤ ᠵᠠᠰᠠᠭ ᠤᠨ ᠣᠷᠳᠤᠨ ᠤ ᠰᠣᠨᠢᠨ ᠮᠡᠳᠡᠭᠡᠨ ᠤ ᠥᠬᠦᠯᠡᠭᠴᠢ ᠨᠢ ᠬᠤᠰᠢᠭᠤᠨ ᠤ | ᠵᠠᠰᠠᠭ ᠤᠨ ᠣᠷᠳᠤᠨ ᠤ ᠬᠦᠨᠳᠦ ᠴᠢᠬᠤᠯᠠ ᠲᠣᠬᠢᠷᠠᠭᠤᠯᠤᠯᠲᠠ ᠪᠠ ᠲᠦᠷᠤ ᠶᠢᠨ ᠪᠣᠳᠤᠯᠭ᠎ᠠ ᠠᠷᠭ᠎ᠠ ᠬᠡᠮᠵᠢᠶ᠎ᠡ᠂ ᠪᠦᠬᠦ | ᠲᠠᠯ᠎ᠠ ᠶᠢᠨ ᠴᠢᠨᠠᠷ ᠲᠠᠢ ᠬᠤᠯᠪᠤᠭᠳᠠᠬᠤ ᠬᠦᠨᠳᠦ ᠶᠡᠭᠡ ᠠᠰᠠᠭᠤᠳᠠᠯ᠂ ᠴᠢᠬᠤᠯᠠ ᠠᠵᠢᠯᠠᠯᠭᠠᠨ᠂ ᠴᠢᠬᠤᠯᠠ ᠵᠦᠢᠯᠡᠰ | ᠵᠢᠴᠢ ᠲᠣᠮᠣ ᠶᠡᠭᠡ ᠭᠡᠨᠡᠳᠲᠡ ᠶᠢᠨ ᠬᠡᠷᠡᠭ ᠶᠠᠪᠤᠳᠠᠯ᠂ ᠨᠡᠶᠢᠲᠡ ᠶᠢᠨ ᠬᠡᠷᠡᠭ ᠶᠠᠪᠤᠳᠠᠯ ᠵᠡᠷᠭᠡ ᠰᠣᠨᠢᠨ ᠮᠡᠳᠡᠭᠡᠨ ᠤ | ᠨᠡᠶᠢᠲᠡᠯᠡᠯᠲᠡ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠰᠣᠨᠢᠨ ᠮᠡᠳᠡᠭᠡᠨ | ᠤ ᠥᠭᠦᠯᠡᠭᠴᠢ ᠶᠢ ᠴᠤᠭᠯᠠᠭᠤᠯᠵᠤ ᠰᠣᠨᠢᠨ ᠮᠡᠳᠡᠭᠡ ᠶᠢ ᠨᠡᠶᠢᠲᠡᠯᠡᠬᠦ ᠠᠵᠢᠯ ᠢ ᠰᠣᠳᠤᠯᠤᠨ᠎ᠠ᠃ | ︵ᠬᠤᠶᠠᠷ︶ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠪᠣᠯ ᠪᠦᠬᠦ ᠬᠤᠰᠢᠭᠤᠨ ᠤ ᠰᠣᠨᠢᠨ | ᠮᠡᠳᠡᠭᠡ ᠶᠢ ᠨᠡᠶᠢᠲᠡᠯᠡᠬᠦ ᠠᠵᠢᠯ ᠤᠨ ᠵᠣᠬᠢᠶᠠᠨ ᠪᠠᠶᠢᠭᠤᠯᠬᠤ ᠪᠠ ᠵᠣᠬᠢᠴᠠᠭᠤᠯᠵᠤ ᠬᠠᠶᠢᠮᠢᠶᠠᠷᠬᠤ ᠰᠠᠯᠠᠭ᠎ᠠ ᠮᠦᠴᠢᠷ | ᠮᠥᠨ᠃ ᠪᠦᠬᠦ ᠬᠤᠰᠢᠭᠤᠨ ᠤ ᠰᠣᠨᠢᠨ ᠮᠡᠳᠡᠭᠡ ᠶᠢ ᠨᠡᠶᠢᠲᠡᠯᠡᠬᠦ ᠠᠵᠢᠯ ᠤᠨ ᠲᠦᠯᠦᠪᠯᠡᠭᠡ ᠶᠢ ᠲᠣᠭᠲᠠᠭᠠᠬᠤ ᠶᠢ | ᠬᠠᠷᠢᠭᠤᠴᠠᠨ᠎ᠠ᠃ ᠬᠤᠰᠢᠭᠤᠨ ᠤ ᠳᠡᠰ ᠤᠨ ᠰᠣᠨᠢᠨ ᠮᠡᠳᠡᠭᠡ ᠶᠢ ᠨᠡᠶᠢᠲᠡᠯᠡᠬᠦ ᠠᠵᠢᠯᠯᠠᠭᠠᠨ ᠢ ᠵᠣᠬᠢᠶᠠᠨ ᠪᠠᠶᠢᠭᠤᠯᠤᠨ᠎ᠠ | ᠃ ᠬᠤᠰᠢᠭᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠰᠣᠨᠢᠨ ᠮᠡᠳᠡᠭᠡ ᠨᠡᠶᠢᠲᠡᠯᠡᠬᠦ ᠠᠵᠢᠯ ᠢ | ᠬᠠᠷᠢᠯᠴᠠᠵᠤ ᠵᠣᠬᠢᠴᠠᠭᠤᠯᠤᠨ᠎ᠠ᠃ ᠬᠤᠰᠢᠭᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠦᠴᠢᠷ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠬᠤ᠂ ᠰᠣᠷᠪᠦᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠢ ᠬᠢᠨᠠᠵᠤ | ᠵᠥᠪᠰᠢᠶᠡᠷᠡᠵᠤ ᠬᠠᠮᠢᠶᠠᠷᠬᠤ ᠶᠢ ᠬᠠᠷᠢᠭᠤᠴᠠᠨ᠎ᠠ ︔ ᠤᠯᠤᠰ ᠤᠨ ᠳᠤᠲᠤᠭᠠᠳᠤ ᠭᠠᠳᠠᠭᠠᠳᠤ ᠶᠢᠨ ᠰᠣᠨᠢᠨ ᠮᠡᠳᠡᠭᠡᠨ ᠤ | ᠵᠠᠭᠤᠴᠢ ᠳᠤ ᠬᠠᠮᠢᠶ᠎ᠠ ᠪᠦᠬᠦᠢ ᠤᠬᠠᠭᠤᠯᠬᠤ ᠮᠠᠲ᠋ᠧᠷᠢᠶᠠᠯ ᠪᠠ ᠰᠣᠨᠢᠨ ᠮᠡᠳᠡᠭᠡᠨ ᠤ ᠡᠬᠡ ᠪᠢᠴᠢᠭ ᠢ ᠬᠠᠩᠭᠠᠵᠤ | ᠥᠭᠭᠦᠨ᠎ᠡ︔ ᠪᠦᠬᠦ ᠬᠤᠰᠢᠭᠤᠨ ᠤ ᠰᠣᠨᠢᠨ ᠮᠡᠳᠡᠭᠡᠨ ᠤ ᠥᠭᠦᠯᠡᠭᠴᠢ ᠶᠢᠨ ᠪᠣᠯᠪᠠᠰᠤᠷᠠᠯ ᠤᠨ ᠠᠵᠢᠯ ᠢ | ᠥᠷᠨᠢᠭᠦᠯᠤᠨ᠎ᠡ᠃ | ︵ᠭᠤᠷᠪᠠ︶ ᠬᠤᠰᠢᠭᠤᠨ ᠤ ᠵᠠᠰᠠᠭ ᠤᠨ ᠣᠷᠳᠤᠨ ᠤ ᠰᠠᠯᠠᠭ᠎ᠠ ᠮᠥᠴᠢᠷ ᠤᠨ ᠰᠣᠨᠢᠨ ᠮᠡᠳᠡᠭᠡᠨ ᠤ | ᠥᠭᠦᠯᠡᠭᠴᠢ ᠨᠢ ᠲᠤᠰ ᠨᠢᠭᠡᠴᠡ ᠶᠢᠨ ᠢᠶᠠᠨ ᠴᠢᠬᠤᠯᠠ ᠰᠣᠨᠢᠨ ᠮᠡᠳᠡᠭᠡ ᠶᠢ ᠭᠠᠳᠠᠭᠰᠢ ᠨᠡᠶᠢᠲᠡᠯᠡᠬᠦ ᠶᠢ ᠬᠠᠷᠢᠭᠤᠴᠠᠨ᠎ᠠ | ᠃ ᠲᠤᠰ ᠰᠠᠯᠠᠭ᠎ᠠ ᠮᠥᠴᠢᠷ ᠤᠨ ᠰᠣᠨᠢᠨ ᠮᠡᠳᠡᠭᠡ ᠨᠡᠶᠢᠲᠡᠯᠡᠬᠦ ᠠᠵᠢᠯᠯᠠᠭᠠᠨ ᠤ ᠲᠦᠰᠤᠯ ᠢ ᠬᠢᠨᠠᠵᠤ ᠲᠣᠭᠲᠠᠭᠠᠬᠤ ᠶᠢ | ᠬᠠᠷᠢᠭᠤᠴᠠᠵᠤ᠂ ᠰᠣᠨᠢᠨ ᠮᠡᠳᠡᠭᠡᠨ ᠤ ᠨᠡᠶᠢᠲᠡᠯᠡᠭᠰᠡᠨ ᠠᠭᠤᠯᠭ᠎ᠠ᠂ ᠬᠡᠯᠪᠡᠷᠢ᠂ ᠣᠷᠤᠯᠴᠠᠭᠰᠠᠨ ᠡᠲᠡᠭᠡᠳ ᠵᠡᠷᠭᠡ ᠶᠢ | ᠪᠠᠭᠲᠠᠭᠠᠨ᠎ᠠ︔ ᠵᠠᠭᠤᠴᠢ ᠲᠠᠢ ᠡᠳᠤᠷ ᠳᠣᠲᠤᠮ ᠬᠠᠷᠢᠯᠴᠠᠬᠤ ᠶᠢ ᠬᠠᠷᠢᠭᠤᠴᠠᠵᠤ᠂ ᠰᠣᠷᠪᠦᠯᠵᠢᠯᠠᠭᠴᠢ ᠶᠢᠨ | ᠰᠣᠷᠪᠤᠯᠵᠢᠯᠠᠭ᠎ᠠ ᠶᠢ ᠬᠦᠯᠢᠶᠡᠨ ᠠᠪᠴᠤ᠂ ᠥᠷᠬᠦᠯᠵᠢ ᠲᠤᠰ ᠰᠠᠯᠠᠭ᠎ᠠ ᠮᠥᠴᠢᠷ ᠤᠨ ᠨᠢᠭᠡ ᠬᠤᠭᠤᠴᠠᠭᠠᠨ ᠳᠠᠬᠢ | ᠠᠵᠢᠯ ᠤᠨ ᠭᠤᠣᠯᠳᠠᠯᠭ᠎ᠠ ᠶᠢ ᠵᠠᠭᠤᠴᠢ ᠳᠤ ᠮᠡᠳᠡᠭᠦᠯᠵᠤ᠂ ᠢᠯᠡ ᠪᠣᠯᠭᠠᠵᠤ ᠪᠣᠯᠬᠤ ᠴᠢᠮᠡᠭᠡ ᠵᠠᠩᠭᠢ ᠶᠢ ᠨᠡᠶᠢᠲᠡᠯᠡᠨ᠎ᠡ ︔ | ᠲᠤᠰ ᠰᠠᠯᠠᠭ᠎ᠠ ᠮᠥᠴᠢᠷ ᠤᠨ ᠡᠳᠤᠷ ᠳᠣᠲᠤᠮ ᠤᠨ ᠰᠣᠨᠢᠨ ᠮᠡᠳᠡᠭᠡᠨ ᠤ ᠰᠣᠷᠪᠦᠯᠵᠢᠯᠠᠭ᠎ᠠ ᠶᠢ ᠬᠦᠯᠢᠶᠡᠨ ᠠᠪᠬᠤ | ᠠᠯᠬᠤᠮ ᠳᠠᠷᠠᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠭᠡᠨᠡᠳᠲᠡ ᠶᠢᠨ ᠬᠡᠷᠡᠭ ᠶᠠᠪᠤᠳᠠᠯ ᠤᠨ ᠰᠣᠨᠢᠨ | ᠮᠡᠳᠡᠭᠡᠯᠡᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠶᠢ ᠬᠠᠷᠢᠭᠤᠴᠠᠨ᠎ᠠ᠃ | ᠡᠯ᠎ᠡ ᠰᠠᠯᠠᠭ᠎ᠠ ᠮᠦᠴᠢᠷ ᠤᠨ ᠰᠣᠨᠢᠨ ᠮᠡᠳᠡᠭᠡ ᠨᠡᠶᠢᠲᠡᠯᠡᠬᠦ ᠡᠷᠬᠡ ᠶᠢᠨ ᠬᠢᠵᠠᠭᠠᠷᠯᠠᠯ ᠪᠣᠯᠤᠨ ᠵᠠᠰᠠᠭ | ᠵᠠᠬᠢᠷᠭᠠᠨ ᠤ ᠬᠡᠷᠡᠭ ᠶᠠᠪᠤᠳᠠᠯ ᠢ ᠬᠠᠮᠢᠶᠠᠷᠬᠤ ᠡᠷᠬᠡ ᠲᠠᠢ ᠬᠠᠷᠢᠯᠴᠠᠨ ᠵᠣᠬᠢᠴᠠᠯᠳᠤᠵᠤ᠂ ᠶᠡᠷᠦ ᠳᠡᠭᠡᠨ ︽ᠬᠡᠨ | ᠬᠠᠷᠢᠭᠤᠴᠠᠪᠠᠯ ᠬᠡᠨ ᠨᠡᠶᠢᠲᠡᠯᠡᠬᠦ︾ ᠶᠢ ᠬᠡᠷᠡᠭᠵᠢᠬᠦᠯᠦᠨ᠎ᠡ᠃ | ᠭᠤᠷᠪᠠ᠂ ᠰᠣᠨᠢᠨ ᠮᠡᠳᠡᠭᠡ ᠨᠡᠶᠢᠲᠡᠯᠡᠬᠦ ᠠᠭᠤᠯᠭ᠎ᠠ | ︵ᠨᠢᠭᠡ︶ ᠬᠤᠰᠢᠭᠤᠨ ᠤ ᠵᠠᠰᠠᠭ ᠤᠨ ᠣᠷᠳᠤᠨ ᠤ ᠬᠦᠨᠳᠦ ᠶᠡᠭᠡ ᠰᠢᠢᠳᠪᠦᠷᠢᠲᠦ ᠪᠣᠳᠤᠯᠭ᠎ᠠ᠂ | ᠭᠤᠣᠯᠳᠠᠯᠭ᠎ᠠ ᠲᠠᠢ ᠠᠵᠢᠯ᠂ ᠴᠢᠬᠤᠯᠠ ᠲᠣᠭᠲᠠᠭᠠᠯ︔ | ︵ᠬᠤᠶᠠᠷ︶ ᠪᠦᠬᠦ ᠬᠤᠰᠢᠭᠤᠨ ᠤ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠱᠠᠲᠤᠴᠢ ᠴᠢᠨᠠᠷ ᠲᠠᠢ | ᠥᠷ᠎ᠡ ᠪᠦᠲᠤᠭᠡᠯ︔ | ︵ᠭᠤᠷᠪᠠ︶ ᠬᠤᠰᠢᠭᠤᠨ ᠤ ᠵᠠᠰᠠᠭ ᠤᠨ ᠣᠷᠳᠤᠨ ᠨᠡᠶᠢᠭᠡᠮ ᠤᠨ ᠬᠠᠯᠠᠮᠰᠢᠯ ᠠᠰᠠᠭᠤᠳᠠᠯ ᠳᠤ ᠬᠠᠨᠳᠤᠭᠰᠠᠨ | ᠣᠪᠤᠷ ᠪᠠ ᠰᠢᠢᠳᠪᠦᠷᠢᠯᠡᠬᠦ ᠰᠠᠨᠠᠭᠤᠯᠭ᠎ᠠ ︔ | ︵ᠳᠥᠷᠪᠡ︶ ᠲᠤᠰ ᠬᠤᠰᠢᠭᠤᠨ ᠤ ᠶᠠᠪᠤᠭᠳᠠᠭᠤᠯᠤᠭᠰᠠᠨ ᠪᠠ ᠳᠠᠭᠠᠭᠠᠨ ᠬᠢᠭᠰᠡᠨ ᠴᠢᠬᠤᠯᠠ ᠠᠵᠢᠯᠯᠠᠭᠠᠨ ᠤ | ᠪᠠᠶᠢᠳᠠᠯ︔ | ︵ᠲᠠᠪᠤ︶ ᠲᠤᠰ ᠬᠤᠰᠢᠭᠤᠨ ᠳᠤ ᠡᠭᠦᠰᠤᠭ᠍ᠰᠡᠨ ᠬᠦᠨᠳᠦ ᠶᠡᠭᠡ ᠭᠡᠨᠡᠳᠲᠡ ᠶᠢᠨ ᠬᠡᠷᠡᠭ ᠶᠠᠪᠤᠳᠠᠯ᠂ | ᠨᠡᠶᠢᠲᠡ ᠶᠢᠨ ᠬᠡᠷᠡᠭ ᠶᠠᠪᠤᠳᠠᠯ ᠤᠨ ᠪᠣᠲᠠᠲᠠᠢ ᠪᠠᠶᠢᠳᠠᠯ ᠪᠠ ᠰᠢᠢᠳᠪᠦᠷᠢᠯᠡᠭᠰᠡᠨ ᠠᠷᠭ᠎ᠠ ᠬᠡᠮᠵᠢᠶ᠎ᠡ ᠵᠡᠷᠭᠡ︔ | ︵ᠵᠢᠷᠭᠤᠭ᠎ᠠ︶ ᠰᠣᠨᠢᠨ ᠮᠡᠳᠡᠭᠡᠨ ᠤ ᠵᠠᠭᠤᠴᠢ ᠶᠢᠨ ᠬᠤᠯᠪᠤᠭᠲᠠᠯ ᠪᠦᠬᠦᠢ ᠮᠡᠳᠡᠭᠡᠯᠡᠯ ᠳᠤ ᠬᠠᠷᠢᠭᠤ ᠥᠭᠬᠦ ᠪᠠ | ᠲᠣᠳᠤᠷᠬᠠᠶᠢᠯᠠᠬᠤ︔ | ︵ᠳᠣᠯᠤᠭ᠎ᠠ︶ ᠪᠣᠰᠤᠳ ᠰᠣᠨᠢᠨ ᠮᠡᠳᠡᠭᠡ ᠨᠡᠶᠢᠲᠡᠯᠡᠬᠦ ᠵᠣᠬᠢᠰᠲᠠᠢ ᠵᠤᠶᠢᠯᠡᠰ ᠪᠠ ᠬᠡᠷᠡᠭ ᠶᠠᠪᠤᠳᠠᠯ ᠵᠡᠷᠭᠡ᠃ | ᠳᠥᠷᠪᠡ᠂ ᠰᠣᠨᠢᠨ ᠮᠡᠳᠡᠭᠡ ᠨᠡᠶᠢᠲᠡᠯᠡᠬᠦ ᠬᠡᠯᠪᠡᠷᠢ | ᠵᠠᠰᠠᠭ ᠤᠨ ᠣᠷᠳᠤᠨ ᠤ ᠰᠣᠨᠢᠨ ᠮᠡᠳᠡᠭᠡ ᠨᠡᠶᠢᠲᠡᠯᠡᠬᠦ ᠨᠢ ᠰᠣᠨᠢᠨ ᠮᠡᠳᠡᠭᠡ ᠨᠡᠶᠢᠲᠡᠯᠡᠬᠦ ᠬᠤᠷᠠᠯ᠂ | ᠰᠣᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ᠂ ᠵᠠᠭᠤᠴᠢ ᠶᠢᠨ ᠮᠡᠳᠡᠭᠡ ᠨᠡᠪᠲᠡᠷᠡᠯᠴᠡᠬᠦ ᠬᠤᠷᠠᠯ᠂ ᠰᠥᠯᠵᠢᠶᠡᠨ ᠤ | ᠴᠡᠭ ᠢᠶᠠᠷ ᠳᠠᠮᠵᠢᠵᠤ ᠰᠣᠨᠢᠨ ᠮᠡᠳᠡᠭᠡ ᠨᠡᠶᠢᠲᠡᠯᠡᠬᠦ᠂ ᠵᠠᠭᠤᠴᠢ ᠶᠢᠨ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠰᠣᠨᠢᠨ | ᠮᠡᠳᠡᠭᠡᠨ ᠤ ᠶᠠᠷᠢᠯᠴᠠᠭ᠎ᠠ ᠶᠢ ᠨᠡᠶᠢᠲᠡᠯᠡᠬᠦ᠂ ᠵᠠᠭᠤᠴᠢ ᠶᠢ ᠤᠷᠢᠵᠤ ᠵᠠᠰᠠᠭ ᠤᠨ ᠣᠷᠳᠤᠨ ᠤ ᠬᠤᠯᠪᠤᠭᠳᠠᠯ ᠪᠦᠬᠦᠢ | ᠠᠵᠢᠯ ᠤᠨ ᠬᠤᠷᠠᠯ ᠳᠤ ᠤᠷᠤᠯᠴᠠᠭᠤᠯᠬᠤ ᠵᠡᠷᠭᠡ ᠬᠡᠯᠪᠡᠷᠢ ᠶᠢ ᠬᠡᠷᠡᠭᠯᠡᠵᠦ ᠶᠠᠪᠤᠭᠳᠠᠨ᠎ᠠ᠃ | ᠬᠤᠰᠢᠭᠤᠨ ᠤ ᠵᠠᠰᠠᠭ ᠤᠨ ᠣᠷᠳᠣᠨ ᠲᠣᠭᠲᠠᠭᠰᠠᠨ ᠬᠤᠭᠤᠴᠠᠭ᠎ᠠ ᠦᠭᠡᠢ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠵᠤ᠂ ᠬᠤᠰᠢᠭᠤᠨ ᠵᠠᠰᠠᠭ ᠤᠨ ᠣᠷᠳᠤᠨ ᠤ ᠴᠢᠬᠤᠯᠠ ᠴᠢᠮᠡᠭᠡ ᠵᠠᠩᠭᠢ ᠶᠢ ᠨᠡᠶᠢᠲᠡᠯᠡᠨ᠎ᠡ᠃ | ᠲᠠᠪᠦ᠂ ᠬᠠᠮᠢᠶᠠᠷᠬᠤ ᠪᠠ ᠵᠥᠪᠰᠢᠶᠡᠷᠡᠬᠦ | ︵ᠨᠢᠭᠡ︶ ᠡᠩ ᠤᠨ ᠴᠢᠨᠠᠷᠲᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠰᠢᠭᠤᠨ ᠤ ᠵᠠᠰᠠᠭ ᠤᠨ ᠣᠷᠳᠤᠨ | ᠤ ᠠᠯᠪᠠᠨ ᠭᠡᠷ ᠠᠴᠠ ᠲᠦᠯᠦᠪᠯᠡᠭᠡ ᠶᠢ ᠥᠨᠳᠤᠰᠤᠯᠡᠵᠤ ᠶᠠᠪᠤᠭᠳᠠᠭᠤᠯᠤᠨ᠎ᠠ᠃ | ︵ᠬᠤᠶᠠᠷ︶ ᠬᠤᠰᠢᠭᠤᠨ ᠤ ᠵᠠᠰᠠᠭ ᠤᠨ ᠣᠷᠳᠤᠨ ᠤ ᠴᠢᠬᠤᠯᠠ ᠠᠵᠢᠯᠠᠯᠭ᠎ᠠ᠂ ᠬᠦᠨᠳᠦ ᠶᠡᠭᠡ ᠬᠡᠷᠡᠭ | ᠶᠠᠪᠤᠳᠠᠯ ᠵᠡᠷᠭᠡ ᠲᠠᠢ ᠬᠤᠯᠪᠤᠭᠲᠠᠬᠤ ᠲᠦᠷ ᠴᠠᠭ ᠬᠤᠷᠠᠯᠳᠤᠬᠤ ᠴᠢᠬᠤᠯᠲᠠᠢ ᠰᠣᠨᠢᠨ ᠮᠡᠳᠡᠭᠡ ᠨᠡᠶᠢᠲᠡᠯᠡᠬᠦ ᠬᠤᠷᠠᠯ᠂ | ᠰᠣᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠢ ᠬᠤᠰᠢᠭᠤᠨ ᠤ ᠵᠠᠰᠠᠭ ᠤᠨ ᠣᠷᠳᠤᠨ ᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠠ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠵᠦᠪᠳᠡᠯᠴᠡᠭᠰᠡᠨ ᠤ ᠳᠠᠷᠠᠭ᠎ᠠ | ᠳᠤᠷᠠᠳᠴᠤ᠂ ᠬᠤᠰᠢᠭᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ | ᠬᠤᠷᠠᠯᠳᠤᠭᠤᠯᠤᠨ᠎ᠠ᠃ | ︵ᠭᠤᠷᠪᠠ︶ ᠨᠡᠶᠢᠭᠡᠮ ᠤᠨ ᠣᠯᠠᠨ ᠨᠡᠶᠢᠲᠡ ᠶᠢᠨ ᠬᠠᠯᠠᠮᠰᠢᠯ ᠠᠰᠠᠭᠤᠳᠠᠯ ᠪᠠ ᠰᠣᠨᠢᠨ ᠮᠡᠳᠡᠭᠡᠨ ᠤ | ᠵᠠᠭᠤᠴᠢ ᠶᠢᠨ ᠮᠡᠳᠡᠬᠦᠯᠵᠤ ᠪᠠᠶᠢᠭ᠎ᠠ ᠰᠡᠷᠬᠡᠭ ᠰᠡᠳᠤᠪ ᠤᠨ ᠭᠤᠣᠯᠳᠠᠯᠭ᠎ᠠ ᠳᠤ ᠰᠣᠨᠢᠨ ᠮᠡᠳᠡᠭᠡᠨ ᠤ ᠥᠭᠦᠯᠡᠭᠴᠢ | ᠪᠡᠶ᠎ᠡ ᠪᠠᠷ ᠢᠶᠠᠨ ᠶᠠᠷᠢᠶ᠎ᠠ ᠬᠡᠯᠡᠯᠴᠡᠭᠡ ᠶᠢ ᠬᠦᠳᠤᠯᠬᠦ ᠪᠣᠶᠤ ᠪᠣᠲᠠᠲᠠᠢ ᠬᠡᠷᠡᠭ ᠤᠨ ᠲᠣᠳᠤᠷᠬᠠᠶᠢᠯᠠᠯᠲᠠ ᠬᠢᠬᠦ ᠴᠢᠬᠤᠯᠲᠠᠢ | ᠥᠶ᠎ᠡ ᠳᠤ᠂ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠰᠠᠨᠠᠭᠤᠯᠭ᠎ᠠ ᠳᠤᠷᠠᠳᠴᠤ᠂ ᠬᠤᠰᠢᠭᠤᠨ ᠤ | ᠬᠤᠯᠪᠤᠭᠳᠠᠯ ᠪᠦᠬᠦᠢ ᠤᠳᠤᠷᠢᠳᠤᠯᠭ᠎ᠠ ᠵᠥᠪᠰᠢᠶᠡᠷᠡᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ | ᠰᠠᠯᠠᠭ᠎ᠠ ᠮᠦᠴᠢᠷ ᠤᠨ ᠰᠣᠨᠢᠨ ᠮᠡᠳᠡᠭᠡᠨ ᠤ ᠥᠭᠦᠯᠡᠭᠴᠢ ᠨᠡᠶᠢᠲᠡᠯᠡᠯ ᠶᠠᠪᠤᠭᠤᠯᠤᠨ᠎ᠠ᠃ | ︵ᠳᠥᠷᠪᠡ︶ ᠵᠥᠪᠰᠢᠶᠡᠷᠡᠯ ᠦᠭᠡᠢ ᠪᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ | ᠳᠤᠷ᠎ᠠ ᠪᠠᠷ ᠢᠶᠠᠨ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠣᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠢ ᠵᠣᠬᠢᠶᠠᠨ | ᠪᠠᠶᠢᠭᠤᠯᠵᠤ ᠪᠣᠯᠬᠤ ᠦᠭᠡᠢ᠃ ᠵᠠᠰᠠᠭ ᠤᠨ ᠣᠷᠳᠤᠨ ᠤ ᠡᠯ᠎ᠡ ᠰᠠᠯᠠᠭ᠎ᠠ ᠮᠥᠴᠢᠷ ᠰᠣᠨᠢᠨ ᠮᠡᠳᠡᠭᠡ ᠨᠡᠶᠢᠲᠡᠯᠡᠬᠦ ᠬᠤᠷᠠᠯ | ᠂ ᠰᠣᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠵᠣᠬᠢᠶᠠᠨ ᠪᠠᠶᠢᠭᠤᠯᠬᠤ ᠴᠢᠬᠤᠯᠲᠠᠢ ᠪᠣᠯ᠂ ᠭᠤᠣᠯ ᠡᠷᠬᠢᠯᠡᠬᠦ | ᠨᠢᠭᠡᠴᠡ ᠠᠴᠠ3 ᠠᠵᠢᠯᠠᠯᠬᠤ ᠡᠳᠤᠷ ᠠᠴᠠ ᠡᠮᠤᠨ᠎ᠡ ᠭᠤᠶᠤᠴᠢᠯᠠᠭᠰᠠᠨ ᠪᠢᠴᠢᠭ ᠵᠢᠴᠢ ᠠᠵᠢᠯᠠᠯᠭᠠᠨ ᠤ ᠲᠦᠰᠤᠯ ︵ | ᠴᠠᠭ ᠬᠤᠭᠤᠴᠠᠭ᠎ᠠ᠂ ᠭᠠᠵᠠᠷ ᠣᠷᠤᠨ᠂ ᠠᠭᠤᠯᠭ᠎ᠠ᠂ ᠰᠣᠷᠪᠤᠯᠵᠢᠯᠠᠭᠴᠢ ᠶᠢ ᠤᠷᠢᠭᠰᠠᠨ ᠬᠡᠪᠴᠢᠶ᠎ᠡ ᠵᠡᠷᠭᠡ︶ ᠪᠠᠨ | ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠲᠤ ᠮᠡᠳᠡᠭᠦᠯᠵᠤ᠂ ᠵᠥᠪᠰᠢᠶᠡᠷᠡᠭᠰᠡᠨ ᠤ ᠳᠠᠷᠠᠭ᠎ᠠ ᠡᠷᠬᠢᠯᠡᠵᠤ | ᠪᠣᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠭᠤᠶᠤᠴᠢᠯᠠᠯ ᠢ ᠣᠯᠤᠭᠰᠠᠨ ᠤ ᠳᠠᠷᠠᠭ᠎ᠠ 2 | ᠠᠵᠢᠯᠠᠯᠬᠤ ᠡᠳᠤᠷ ᠲᠤ ᠬᠠᠷᠢᠭᠤᠯᠲᠠ ᠥᠭᠭᠦᠨ᠎ᠡ᠃ | ︵ᠲᠠᠪᠤ︶ ᠭᠡᠨᠡᠳᠲᠡ ᠶᠢᠨ ᠬᠡᠷᠡᠭ ᠶᠠᠪᠤᠳᠠᠯ ᠤᠨ ᠰᠣᠨᠢᠨ ᠮᠡᠳᠡᠭᠡᠨ ᠤ ᠨᠡᠶᠢᠲᠡᠯᠡᠯ ᠨᠢ ᠪᠣᠲᠠᠲᠠᠢ ᠪᠠᠶᠢᠳᠠᠯ ᠢ | ᠥᠨᠳᠤᠰᠤᠯᠡᠵᠤ ᠬᠡᠵᠢᠶ᠎ᠡ ᠴᠤ ᠶᠠᠪᠤᠭᠳᠠᠵᠤ ᠪᠣᠯᠤᠨ᠎ᠠ᠃ ᠬᠦᠨᠳᠦ ᠶᠡᠭᠡ ᠨᠥᠯᠦᠭᠡ ᠲᠠᠢ ᠭᠡᠨᠡᠳᠲᠡ ᠶᠢᠨ ᠬᠡᠷᠡᠭ | ᠶᠠᠪᠤᠳᠠᠯ ᠢ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠥᠭᠦᠯᠡᠭᠴᠢ ᠨᠡᠶᠢᠲᠡᠯᠡᠨ᠎ᠡ ︔ ᠨᠡᠯᠢᠶᠡᠳ | ᠶᠡᠭᠡ ᠨᠥᠯᠦᠭᠡ ᠲᠠᠢ ᠭᠡᠨᠡᠳᠲᠡ ᠶᠢᠨ ᠬᠡᠷᠡᠭ ᠶᠠᠪᠤᠳᠠᠯ ᠢ ᠬᠤᠰᠢᠭᠤᠨ ᠤ ᠵᠠᠰᠠᠭ ᠤᠨ ᠣᠷᠳᠤᠨ ᠵᠥᠪᠰᠢᠶᠡᠷᠡᠭᠰᠡᠨ ᠤ | ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠣᠨᠢᠨ ᠮᠡᠳᠡᠭᠡᠨ ᠤ ᠥᠭᠦᠯᠡᠭᠴᠢ ᠪᠣᠶᠥ | ᠬᠡᠷᠡᠭ ᠶᠠᠪᠤᠳᠠᠯ ᠡᠭᠦᠰᠤᠭ᠍ᠰᠡᠨ ᠭᠠᠵᠠᠷ ᠣᠷᠤᠨ ᠤ ᠰᠤᠮᠤ ᠰᠢᠶᠠᠩ ᠪᠠᠯᠭᠠᠰᠤ ᠲᠠᠯᠠᠪᠠᠢ ᠶᠢᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠥᠭᠦᠯᠡᠭᠴᠢ ᠨᠡᠶᠢᠲᠡᠯᠡᠨ᠎ᠡ ︔ ᠡᠩ ᠤᠨ ᠴᠢᠨᠠᠷᠲᠠᠢ ᠭᠡᠨᠡᠳᠲᠡ ᠶᠢᠨ ᠬᠡᠷᠡᠭ ᠶᠠᠪᠤᠳᠠᠯ ᠢ ᠰᠣᠮᠣ | ᠰᠢᠶᠠᠩ ᠪᠠᠯᠭᠠᠰᠤ ᠲᠠᠯᠠᠪᠠᠢ ᠶᠢᠨ ᠵᠠᠰᠠᠭ ᠤᠨ ᠣᠷᠳᠤᠨ ᠤ ᠰᠣᠨᠢᠨ ᠮᠡᠳᠡᠭᠡᠨ ᠤ ᠥᠭᠦᠯᠡᠭᠴᠢ ᠨᠡᠶᠢᠲᠡᠯᠡᠨ᠎ᠡ᠃ | ᠬᠤᠰᠢᠭᠤᠨ ᠤ ᠵᠠᠰᠠᠭ ᠤᠨ ᠣᠷᠳᠤᠨ ᠤ ᠡᠯ᠎ᠡ ᠰᠠᠯᠠᠭ᠎ᠠ ᠮᠥᠴᠢᠷ ᠪᠠ ᠰᠣᠮᠣ ᠰᠢᠶᠠᠩ ᠪᠠᠯᠭᠠᠰᠤ ᠲᠠᠯᠠᠪᠠᠢ ᠶᠢᠨ | ᠠᠷᠠᠳ ᠤᠨ ᠵᠠᠰᠠᠭ ᠤᠨ ᠣᠷᠳᠤᠨ ᠭᠡᠨᠡᠳᠲᠡ ᠶᠢᠨ ᠬᠡᠷᠡᠭ ᠶᠠᠪᠤᠳᠠᠯ ᠤᠨ ᠰᠣᠨᠢᠨ ᠮᠡᠳᠡᠭᠡ ᠶᠢ ᠨᠡᠶᠢᠲᠡᠯᠡᠬᠦ ᠪᠠᠴᠢᠮ | ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠵᠤ᠂ ᠬᠠᠮᠤᠭ ᠤᠨ ᠲᠡᠷᠢᠬᠦᠨ ᠳᠤ ᠬᠡᠷᠡᠭ | ᠶᠠᠪᠤᠳᠠᠯ ᠤᠨ ᠥᠨᠳᠤᠰᠤᠨ ᠪᠠᠶᠢᠳᠠᠯ ᠢ ᠡᠵᠡᠮᠰᠢᠬᠦ ᠪᠠᠷ ᠴᠢᠷᠮᠠᠶᠢᠨ ︽ᠪᠣᠲᠠᠲᠠᠢ ᠬᠡᠷᠡᠭ ᠢ ᠬᠤᠷᠳᠤᠨ ᠬᠡᠯᠡᠵᠤ᠂ | ᠰᠢᠯᠲᠠᠭᠠᠨ ᠢ ᠬᠢᠴᠢᠶᠡᠩᠭᠦᠢ ᠶᠠᠷᠢᠬᠤ︾ ᠵᠠᠷᠴᠢᠮ ᠢ ᠥᠨᠳᠤᠰᠤᠯᠡᠵᠤ᠂ ᠣᠯᠠᠨ ᠨᠡᠶᠢᠲᠡ ᠳᠤ ᠬᠡᠷᠡᠭ ᠶᠠᠪᠤᠳᠠᠯ ᠤᠨ | ᠥᠨᠡᠨ ᠪᠣᠲᠠᠲᠠᠢ ᠪᠠᠶᠢᠳᠠᠯ ᠢ ᠬᠤᠷᠳᠤᠨ ᠲᠦᠷᠭᠡᠨ ᠨᠡᠶᠢᠲᠡᠯᠡᠨ᠎ᠡ᠃ | ︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ᠂ ᠬᠤᠰᠢᠭᠤᠨ ᠤ ᠵᠠᠰᠠᠭ ᠤᠨ ᠣᠷᠳᠤᠨ | ᠤ ᠡᠯ᠎ᠡ ᠰᠠᠯᠠᠭ᠎ᠠ ᠮᠥᠴᠢᠷ ᠰᠣᠨᠢᠨ ᠮᠡᠳᠡᠭᠡᠨ ᠤ ᠵᠠᠭᠤᠴᠢ ᠶᠢ ᠬᠦᠴᠤᠨ ᠲᠠᠢ ᠠᠰᠢᠭᠯᠠᠬᠤ᠂ ᠶᠠᠷᠢᠶ᠎ᠠ ᠬᠡᠯᠡᠯᠴᠡᠭᠡ ᠶᠢ | ᠢᠳᠡᠪᠬᠢᠲᠡᠢ ᠬᠦᠲᠤᠯᠬᠦ ᠵᠠᠷᠴᠢᠮ ᠢ ᠥᠨᠳᠤᠰᠤᠯᠡᠵᠤ᠂ ᠰᠣᠨᠢᠨ ᠮᠡᠳᠡᠭᠡ ᠨᠡᠶᠢᠲᠡᠯᠡᠬᠦ ᠭᠤᠣᠯ ᠰᠡᠳᠤᠪ᠂ ᠠᠭᠤᠯᠭ᠎ᠠ᠂ | ᠴᠠᠭ ᠥᠶ᠎ᠡ ᠪᠠ ᠬᠡᠯᠪᠡᠷᠢ ᠶᠢ ᠨᠠᠷᠢᠨ ᠬᠢᠨᠠᠮᠠᠭᠠᠢ ᠲᠦᠰᠤᠪᠯᠡᠨᠡ︔ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠵᠤ | ᠰᠣᠳᠤᠯᠤᠨ ᠲᠣᠳᠤᠯᠬᠤ ᠵᠣᠬᠢᠴᠠᠮᠵᠢ ᠶᠢ ᠪᠠᠶᠢᠭᠤᠯᠵᠤ ᠲᠡᠭᠦᠯᠳᠡᠷᠵᠢᠭᠦᠯᠵᠤ᠂ ᠬᠢᠯᠢ ᠶᠢᠨ ᠳᠣᠲᠤᠨ᠎ᠠ ᠭᠠᠳᠠᠨᠠᠬᠢ | ᠵᠠᠭᠤᠴᠢ ᠲᠤᠰ ᠭᠠᠵᠠᠷ ᠲᠤᠰ ᠰᠠᠯᠠᠭ᠎ᠠ ᠮᠥᠴᠢᠷ ᠤᠨ ᠠᠵᠢᠯ ᠳᠤ ᠬᠢᠭᠰᠡᠨ ᠬᠤᠯᠪᠤᠭᠳᠠᠯ ᠪᠦᠭᠦᠢ ᠮᠡᠳᠡᠭᠦᠯᠤᠯᠲᠡ ᠶᠢ | ᠴᠤᠭᠯᠠᠭᠤᠯᠵᠤ ᠵᠠᠳᠠᠯᠵᠤ᠂ ᠴᠠᠭ ᠲᠣᠬᠠᠢ ᠳᠤᠨᠢ ᠲᠡᠭᠦᠨ ᠤ ᠳᠤᠮᠳᠠᠬᠢ ᠴᠢᠬᠤᠯᠠ ᠴᠢᠮᠡᠭᠡ ᠵᠠᠩᠭᠢ ᠳᠤ ᠲᠣᠳᠤᠯᠠᠨ | ᠪᠠᠶᠢᠴᠠᠭᠠᠵᠤ᠂ ᠰᠢᠢᠳᠪᠦᠷᠢᠯᠡᠬᠦ ᠠᠷᠭ᠎ᠠ ᠶᠢ ᠰᠣᠳᠤᠯᠵᠤ᠂ ᠰᠣᠨᠢᠨ ᠮᠡᠳᠡᠭᠡ ᠨᠡᠶᠢᠲᠡᠯᠡᠬᠦ ᠬᠠᠨᠳᠤᠯᠭᠠᠳᠤ ᠴᠢᠨᠠᠷ ᠪᠠ | ᠶᠠᠷᠢᠶ᠎ᠠ ᠬᠡᠯᠡᠯᠴᠡᠭᠡ ᠶᠢᠨ ᠬᠦᠲᠤᠯᠬᠦ ᠥᠷ᠎ᠡ ᠠᠰᠢᠭᠲᠤ ᠴᠢᠨᠠᠷ ᠢ ᠨᠡᠮᠡᠭᠳᠡᠬᠦᠯᠦᠨ᠎ᠡ᠃ | |