ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2011 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2016/7/13
      ᠲᠤᠰ ᠵᠢᠯ ᠤᠨ ᠮᠡᠳᠡᠭᠦᠯᠦᠯᠲᠡ ᠨᠢ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠣᠷ᠎ᠠ ᠳᠦᠭᠦᠮᠴᠢᠯᠡᠭᠡᠳ ᠳᠦᠷᠢᠮ ᠭᠡᠨ᠎ᠡ︶᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ︽2011 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠲᠣᠬᠠᠢ ᠮᠡᠳᠡᠭᠳᠡᠯ︾ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠡᠵᠦ ᠨᠠᠶᠢᠷᠠᠭᠤᠯᠤᠨ ᠪᠢᠴᠢᠵᠡᠢ᠃       ᠲᠤᠰ ᠵᠢᠯ ᠤᠨ ᠮᠡᠳᠡᠭᠦᠯᠦᠯᠲᠡ ᠨᠢ ᠲᠣᠶᠢᠮᠤᠴᠢᠯᠠᠨ ᠦᠭᠦᠯᠡᠬᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ‌ᠢᠯᠡ  ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠭᠰᠠᠨ ᠪᠠᠶᠢᠳᠠᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠷᠭᠤᠯᠳᠤᠬᠤ ᠪᠠ ᠭᠤᠮᠤᠳᠠᠯ ᠲᠣᠭᠠᠴᠠᠬᠤ ᠪᠠᠶᠢᠳᠠᠯ᠂ ᠵᠠᠰᠠᠭ ᠤᠨ ᠣᠷᠳᠣᠨ ᠤ  ᠴᠢᠮᠡᠭᠡ ᠵᠠᠩᠭᠢ ᠶᠢ ᠢᠯᠡ ᠪᠣᠯᠭᠠᠬᠤ ᠵᠠᠷᠤᠳᠠᠯ ᠪᠠ ᠰᠤᠶᠢᠳᠭᠡᠯ ᠬᠤᠷᠢᠶᠠᠬᠤ ᠪᠠᠶᠢᠳᠠᠯ ᠵᠢᠴᠢ ᠣᠷᠤᠰᠢᠵᠤ ᠪᠠᠶᠢᠭ᠎ᠠ ᠭᠤᠣᠯ ᠠᠰᠠᠭᠤᠳᠠᠯ ᠪᠠ ᠰᠠᠶᠢᠵᠢᠷᠠᠭᠤᠯᠤᠭᠰᠠᠨ ᠠᠷᠭ᠎ᠠ ᠮᠠᠶ᠋ᠢᠭ ᠵᠡᠷᠭᠡ ᠨᠡᠶᠢᠲᠡ 6 ᠲᠠᠯ᠎ᠠ ᠪᠠᠷ ᠪᠦᠷᠢᠯᠳᠤᠪᠡ᠃ ᠲᠤᠰ ᠮᠡᠳᠡᠬᠦᠯᠦᠯᠲᠡ ᠳᠤ ᠵᠢᠭᠰᠠᠭᠠᠵᠤ ᠪᠠᠶᠢᠭ᠎ᠠ ᠲᠤᠭ᠎ᠠ ᠪᠠᠷᠢᠮᠲᠠ ᠶᠢᠨ ᠪᠦᠷᠢᠳᠭᠡᠯ ᠤᠨ ᠬᠤᠭᠤᠴᠠᠭ᠎ᠠ ᠪᠣᠯ 2011 ᠣᠨ ᠤ 1 ᠰᠠᠷ᠎ᠠ ᠶᠢᠨ 1 ᠎ ᠤ ᠡᠳᠤᠷ ᠠᠴᠠ ᠡᠬᠢᠯᠡᠵᠤ 2011 ᠣᠨ ᠤ 12 ᠰᠠᠷ᠎ᠠ ᠶᠢᠨ 31᠎ ᠤ ᠡᠳᠦᠷ ᠳᠠᠭᠤᠰᠤᠨ᠎ᠠ᠃       ᠨᠢᠭᠡ᠂ ᠲᠣᠶᠢᠮᠤᠴᠢᠯᠠᠨ ᠦᠭᠦᠯᠡᠬᠦ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ  ᠂ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠤᠷᠬᠠᠶᠢᠯᠠᠨ᠎ᠠ᠃       2011ᠣᠨ ᠳᠤ᠂ ᠬᠦᠮᠦᠨ ᠰᠣᠯᠢᠭᠳᠠᠬᠤ ᠪᠠ ᠠᠵᠢᠯ ᠤᠨ ᠬᠡᠷᠡᠭᠴᠡᠭᠡ ᠶᠢ ᠦᠨᠳᠤᠰᠤᠯᠡᠵᠦ᠂ ᠴᠠᠭ ᠲᠣᠬᠠᠢ ᠎ ᠳᠤᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠭᠡᠰᠢᠭᠦᠨ ᠢ ᠲᠣᠬᠢᠷᠠᠭᠤᠯᠬᠤ ᠪᠠ ᠲᠡᠭᠦᠯᠳᠡᠷᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠵᠢᠶᠠᠨ ᠮᠢᠨ ᠳᠣᠭᠤᠶᠢᠯᠠᠩ ᠤᠨ ᠳᠠᠷᠤᠭ᠎ᠠ ᠪᠣᠯᠵᠤ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠤᠭᠤᠳᠬᠤ ᠪᠠ ᠲᠣᠬᠢᠷᠠᠭᠤᠯᠪᠠ᠃ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠲᠣᠬᠢᠷᠠᠭᠤᠯᠵᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠳᠦᠷ ᠳᠤᠲᠤᠮ ᠤᠨ ᠠᠵᠢᠯ ᠢ ᠬᠠᠷᠢᠭᠤᠴᠠᠪᠠ᠃ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠨᠴᠠᠭᠠᠶᠢᠯᠠᠨ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾᠎ ᠢ ᠲᠤᠤᠱᠯᠠᠭᠤᠯᠤᠨ ᠨᠠᠶᠢᠲᠠᠪᠦᠷᠢᠵᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃       ︵ᠬᠤᠶᠠᠷ︶ ᠳᠦᠷᠢᠮ ᠤᠨ ᠪᠦᠲᠤᠭᠡᠨ ᠪᠠᠶᠢᠭᠤᠯᠤᠯᠲᠠ ᠶᠢ ᠴᠢᠩᠭᠠᠳᠬᠠᠵᠤ᠂ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ  ᠳᠦᠷᠢᠮᠵᠢᠭᠦᠯᠪᠡ᠃       ᠪᠢᠳᠡ ᠡᠯ᠎ᠡ  ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠠᠵᠢᠯ ᠤᠨ ᠳᠦᠷᠢᠮ ᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠᠷ ᠳᠠᠮᠵᠢᠵᠤ᠂ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠤᠶᠢᠯ ᠤᠨ ᠳᠦᠷᠢᠮ ᠢ  ᠪᠠᠶᠢᠭᠤᠯᠬᠤ ᠪᠠ ᠲᠡᠭᠦᠯᠳᠡᠷᠵᠢᠭᠦᠯᠵᠦ᠂ ᠢᠯᠡ ᠪᠣᠯᠭᠠᠬᠤ ᠬᠦᠷᠢᠶ᠎ᠡ ᠬᠡᠪᠴᠢᠶ᠎ᠡ᠂ ᠠᠭᠤᠯᠭ᠎ᠠ᠂ ᠬᠡᠯᠪᠡᠷᠢ ᠵᠢᠴᠢ  ᠬᠢᠨᠠᠨ ᠰᠢᠯᠭᠠᠬᠤ ᠵᠦᠪᠯᠡᠨ ᠲᠣᠭᠲᠠᠭᠠᠬᠤ ᠠᠷᠭ᠎ᠠ ᠮᠠᠶ᠋ᠢᠭ ᠢ ᠲᠣᠳᠤᠷᠬᠠᠶᠢᠯᠠᠪᠠ᠃ ᠡᠯ᠎ᠡ ᠰᠠᠯᠠᠭ᠎ᠠ ᠮᠦᠴᠢᠷ ᠪᠠᠶᠢᠭᠤᠯᠤᠮᠵᠢ ᠶᠢ ᠲᠣᠬᠢᠷᠠᠭᠤᠯᠵᠤ᠂ ᠲᠤᠰᠢᠶᠠᠯ ᠬᠠᠷᠢᠭᠤᠴᠠᠯᠭ᠎ᠠ ᠡᠷᠬᠡ ᠲᠤᠰᠢᠶᠠᠯ᠂  ᠠᠵᠢᠯ ᠡᠷᠬᠢᠯᠡᠬᠦ ᠭᠡᠷᠡᠴᠢ ᠪᠠᠷᠢᠮᠲᠠ᠂ ᠴᠢᠬᠤᠯᠠ ᠡᠯᠧᠮᠧᠨ᠋ᠲ ᠪᠠ ᠴᠠᠭ ᠬᠢᠵᠠᠭᠠᠷ᠂  ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠪᠠ ᠵᠠᠰᠠᠭ ᠤᠨ ᠶᠠᠪᠤᠳᠠᠯ ᠤᠨ ᠰᠢᠢᠳᠪᠤᠷᠢ ᠵᠡᠷᠭᠡ ᠶᠢ ᠢᠯᠡ  ᠪᠣᠯᠭᠠᠪᠠ᠃ ᠡᠯ᠎ᠡ ᠰᠣᠮᠣ ᠰᠢᠶᠠᠩ ᠪᠠᠯᠭᠠᠰᠤ ᠲᠠᠯᠠᠪᠠᠢ ᠵᠠᠷᠯᠠᠬᠤ ᠲᠠᠪᠴᠠᠩ᠂ ᠣᠶᠢᠯᠠᠭᠠᠬᠤ ᠴᠠᠭᠠᠰᠤ᠂ ᠤᠬᠠᠭᠤᠯᠬᠤ ᠬᠠᠭᠤᠳᠠᠰᠤ ᠵᠡᠷᠭᠡ ᠬᠡᠯᠪᠡᠷᠢ ᠪᠠᠷ᠂ ᠣᠯᠠᠨ ᠲᠦᠮᠡᠨ ᠢᠯᠡᠭᠦᠦ ᠠᠩᠬᠠᠷᠤᠯ ᠲᠠᠯᠪᠢᠭᠰᠠᠨ ᠬᠡᠯᠡᠯᠴᠡᠭᠡᠨ ᠲᠠᠢ ᠠᠰᠠᠭᠤᠳᠠᠯ᠂ ᠵᠠᠰᠠᠭ ᠵᠠᠬᠢᠷᠭᠠᠨ ᠎ ᠤ ᠬᠠᠮᠢᠶᠠᠷᠤᠯᠲᠠ᠂ ᠠᠵᠦ ᠠᠬᠤᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠵᠤᠶᠢᠯ ᠵᠢᠴᠢ ᠲᠤᠰᠬᠤᠨ ᠤ ᠠᠵᠢᠯ ᠢ ᠢᠯᠡ ᠪᠣᠯᠭᠠᠬᠤ ᠬᠠᠷᠢᠴᠠᠩᠭᠤᠢ ᠵᠤᠶᠢᠯ ᠳᠤ ᠬᠠᠨᠳᠤᠭᠤᠯᠤᠨ ᠦᠷᠭᠡᠨ ᠢᠶᠠᠷ ᠢᠯᠡ ᠪᠣᠯᠭᠠᠪᠠ᠃       ︵ᠭᠤᠷᠪᠠ︶ ᠵᠠᠰᠠᠭ ᠤᠨ ᠶᠠᠪᠤᠳᠠᠯ ᠎ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠢᠯᠡ ᠵᠠᠰᠠᠭ ᠤᠨ ᠣᠷᠳᠣᠨ ᠢ ᠪᠠᠶᠢᠭᠤᠯᠵᠤ᠂ ᠢᠯᠡ ᠪᠣᠯᠭᠠᠬᠤ ᠬᠡᠯᠪᠡᠷᠢ ᠨᠢ ᠠᠮᠢᠳᠤᠯᠢᠭ ᠣᠯᠠᠨ ᠶᠠᠩᠵᠤ᠂ ᠬᠦᠷᠢᠶ᠎ᠡ ᠬᠡᠪᠴᠢᠶ᠎ᠡ ᠶᠢ ᠢᠳᠡᠭ ᠢᠳᠡᠭ ᠢᠶᠠᠷ  ᠦᠷᠭᠡᠳᠭᠡᠪᠡ᠃       ᠬᠠᠥᠯᠢ ᠳᠦᠷᠢᠮ ᠲᠠᠢ᠂ ᠦᠨᠳᠤᠷ ᠦᠷ᠎ᠡ ᠠᠰᠢᠭ ᠲᠠᠢ᠂ ᠬᠠᠷᠢᠭᠤᠴᠠᠯᠭ᠎ᠠ ᠲᠠᠢ  ᠂ ᠲᠦᠪ ᠴᠢᠭᠡᠴᠢ᠂ ᠤᠶᠢᠯᠡᠴᠢᠯᠡᠭᠡᠨ ᠤ ᠬᠡᠯᠪᠡᠷᠢᠲᠤ ᠢᠯᠡ ᠵᠠᠰᠠᠭ ᠤᠨ ᠣᠷᠳᠣᠨ ᠢ ᠪᠠᠶᠢᠭᠤᠯᠬᠤ ᠶᠢᠨ ᠲᠦᠯᠦᠭᠡ᠂ ᠬᠤᠰᠢᠭᠤᠨ ᠤ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠭᠠᠵᠠᠷ  ᠣᠷᠣᠨ᠂ ᠡᠯ᠎ᠡ ᠰᠠᠯᠠᠭ᠎ᠠ ᠮᠦᠴᠢᠷ ᠢᠯᠡ ᠪᠣᠯᠭᠠᠬᠤ ᠳᠤ ᠬᠠᠷᠢᠶᠠᠯᠠᠭᠳᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠪᠦᠷ ᠵᠠᠰᠠᠭ ᠤᠨ ᠣᠷᠳᠣᠨ ᠤ ᠰᠦᠯᠵᠢᠶᠡᠨ ᠤ ᠴᠡᠭ ᠢᠶᠠᠷ ᠳᠠᠮᠵᠢᠵᠤ ᠢᠯᠡ ᠪᠣᠯᠭᠠᠪᠠᠯ ᠵᠣᠬᠢᠨ᠎ᠠ ᠭᠡᠵᠤ ᠱᠠᠭᠠᠷᠳᠠᠭᠰᠠᠨ ᠮᠦᠷᠲᠡᠭᠡᠨ ᠢᠯᠡ ᠪᠣᠯᠭᠠᠬᠤ ᠵᠠᠷᠴᠢᠮ᠂ ᠢᠯᠡ ᠪᠣᠯᠭᠠᠬᠤ ᠬᠦᠷᠢᠶ᠎ᠡ ᠬᠡᠪᠴᠢᠶ᠎ᠡ᠂ ᠢᠯᠡ ᠪᠣᠯᠭᠠᠬᠤ ᠴᠠᠭ ᠬᠤᠭᠤᠴᠠᠭ᠎ᠠ ᠶᠢ ᠲᠣᠭᠲᠠᠭᠠᠵᠠᠢ᠃ ᠡᠯᠧᠺᠲᠷᠤᠨ ᠵᠠᠰᠠᠭ ᠤᠨ ᠶᠠᠪᠤᠳᠠᠯ ᠤᠨ ᠪᠦᠲᠤᠭᠡᠨ ᠪᠠᠶᠢᠭᠤᠯᠤᠯᠲᠠ ᠶᠢ ᠨᠡᠮᠡᠭᠳᠡᠭᠦᠯᠵᠦ᠂ ᠮᠡᠷᠭᠡᠵᠢᠯ ᠲᠡᠷᠢᠭᠦᠨ᠂ ᠠᠵᠢᠯᠯᠠᠭ᠎ᠠ ᠳᠦᠷᠢᠮᠵᠢᠭᠰᠡᠨ᠂ ᠶᠠᠪᠤᠴᠠ ᠴᠢᠩᠭ᠎ᠠ ᠨᠢᠭᠲᠠ᠂ ᠠᠵᠢᠯᠯᠠᠭ᠎ᠠ ᠢᠯᠡ᠂ ᠦᠷ᠎ᠡ ᠳ᠋ᠦᠩ ᠭᠤᠣᠯᠴᠢ᠂ ᠬᠢᠨᠠᠯᠲᠠ ᠭᠦᠴᠤᠨ ᠲᠠᠢ ᠵᠠᠰᠠᠭ ᠵᠠᠬᠢᠷᠭᠠᠨ ᠤ ᠡᠷᠬᠡ ᠶᠢ ᠰᠦᠯᠵᠢᠶᠡᠨ ᠳᠡᠭᠡᠷ᠎ᠡ ᠢᠯᠡ ᠪᠣᠯᠭᠠᠬᠤ ᠦᠨᠳᠤᠷ ᠦᠷ᠎ᠡ ᠠᠰᠢᠭ ᠲᠠᠢ ᠠᠵᠢᠯᠯᠠᠭᠠᠨ ᠤ ᠪᠠᠶᠢᠭᠤᠯᠤᠮᠵᠢ ᠶᠢ ᠪᠠᠶᠢᠭᠤᠯᠵᠤ᠂ ᠵᠠᠰᠠᠭ ᠵᠠᠬᠢᠷᠭᠠᠨ ᠤ ᠡᠷᠬᠡ ᠰᠦᠯᠵᠢᠶᠡᠨ ᠳᠡᠭᠡᠷ᠎ᠡ ᠠᠵᠢᠯᠯᠠᠬᠤ᠂ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠰᠦᠯᠵᠢᠶᠡᠨ ᠳᠡᠭᠡᠷ᠎ᠡ ᠢᠯᠡ ᠪᠣᠯᠭᠠᠬᠤ᠂ ᠵᠠᠰᠠᠭ ᠵᠠᠬᠢᠷᠭᠠᠨ ᠤ ᠠᠵᠢᠯᠯᠠᠭᠠᠨ ᠢ ᠰᠦᠯᠵᠢᠶᠡᠨ ᠳᠡᠭᠡᠷ᠎ᠡ ᠦᠵᠡᠵᠤ ᠪᠣᠯᠬᠤ᠂ ᠡᠷᠬᠡ ᠲᠤᠰᠢᠶᠠᠯ ᠬᠡᠷᠡᠭᠵᠢᠭᠦᠯᠬᠦ ᠶᠢ ᠰᠦᠯᠵᠢᠶᠡᠨ ᠳᠡᠭᠡᠷ᠎ᠡ ᠬᠢᠨᠠᠨ ᠡᠵᠡᠮᠰᠢᠬᠦ ᠶᠢ ᠴᠢᠷᠮᠠᠶᠢᠨ ᠪᠡᠶᠡᠯᠡᠭᠦᠯᠪᠡ᠃ ᠵᠡᠷᠭᠡᠪᠡᠷ᠂ 2011 ᠣᠨ ᠤ ᠬᠤᠰᠢᠭᠤᠨ ᠤ ᠤᠯᠤᠰ ᠲᠦᠷᠤ ᠶᠢᠨ ᠣᠪᠤᠷ ᠰᠤᠷᠲᠠᠯ  ᠂ ᠤᠶᠢᠯᠡ ᠠᠵᠢᠯᠯᠠᠭ᠎ᠠ ᠶᠢᠨ ᠣᠪᠤᠷ ᠰᠤᠷᠲᠠᠯ ᠢ ᠵᠦᠪᠯᠡᠨ ᠲᠣᠭᠲᠠᠭᠠᠬᠤ ᠠᠵᠢᠯ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠨᠡᠶᠢᠲᠡ ᠶᠢᠨ ᠠᠵᠦ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢᠨ ᠰᠦᠯᠵᠢᠶᠡᠨ ᠤ ᠴᠡᠭ ᠤᠨ ᠪᠠᠶᠢᠭᠤᠯᠤᠯᠲᠠ ᠶᠢ ᠠᠵᠢᠯ ᠤᠨ ᠰᠤᠷᠲᠠᠯ ᠢ ᠵᠦᠪᠯᠡᠨ ᠲᠣᠭᠲᠠᠭᠠᠬᠤ ᠠᠵᠢᠯ ᠤᠨ ᠬᠢᠨᠠᠨ ᠰᠢᠯᠭᠠᠬᠤ ᠬᠦᠷᠢᠶ᠎ᠡ ᠬᠡᠪᠴᠢᠶᠡᠨ ᠎ ᠳᠤ ᠣᠷᠤᠭᠤᠯᠵᠤ᠂ ᠡᠯ᠎ᠡ ᠪᠠᠶᠢᠭᠤᠯᠤᠯᠭ᠎ᠠ ᠶᠢᠨ ᠲᠤᠰᠢᠶᠠᠯ ᠬᠠᠷᠢᠭᠤᠴᠠᠯᠭ᠎ᠠ  ᠂ ᠠᠵᠢᠯ ᠡᠷᠬᠢᠯᠡᠬᠦ ᠤᠳᠤᠷᠢᠳᠤᠮᠵᠢ᠂ ᠤᠶᠢᠯᠡᠴᠢᠯᠡᠬᠦ ᠠᠮᠠᠯᠠᠯᠲᠠ᠂ ᠰᠤᠶᠢᠳᠭᠡᠯ ᠬᠤᠷᠢᠶᠠᠬᠤ ᠪᠠᠷᠢᠮᠵᠢᠶ᠎ᠠ ᠵᠡᠷᠭᠡ ᠭᠤᠣᠯ ᠬᠡᠷᠡᠭ ᠡᠷᠬᠢᠯᠡᠬᠦ ᠴᠢᠮᠡᠭᠡ ᠵᠠᠩᠭᠢ ᠶᠢ ᠲᠤᠰ ᠪᠠᠶᠢᠭᠤᠯᠤᠯᠭ᠎ᠠ ᠶᠢᠨ ᠰᠦᠯᠵᠢᠶᠡᠨ ᠤ ᠴᠡᠭ ᠪᠠ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠳᠡᠭᠡᠷ᠎ᠡ ᠨᠡᠶᠢᠲᠡᠯᠡᠬᠦ ᠶᠢ  ᠱᠠᠭᠠᠷᠳᠠᠪᠠ᠃        ︵ᠳᠥᠷᠪᠡ︶ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ︽ᠳᠦᠷᠢᠮ︾᠎ ᠢ ᠬᠡᠷᠡᠭᠵᠢᠭᠦᠯᠬᠦ ᠤᠬᠠᠭᠤᠯᠬᠤ ᠪᠠ ᠰᠤᠷᠭᠠᠨ ᠬᠦᠮᠤᠵᠢᠯ ᠤᠨ ᠪᠣᠯᠪᠠᠰᠤᠷᠠᠯ ᠢ ᠬᠢᠨᠠᠮᠠᠭᠠᠢ ᠰᠠᠶᠢᠳᠤᠷ  ᠬᠢᠪᠡ᠃        ︽ᠳᠦᠷᠢᠮ︾᠎ ᠢ ᠬᠡᠷᠡᠭᠵᠢᠬᠦᠯᠬᠦ ᠤᠬᠠᠭᠤᠯᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠮᠠᠨ ᠤ ᠬᠤᠰᠢᠭᠤ ︽ᠳᠦᠷᠢᠮ︾᠎ ᠢ ᠲᠠᠷᠬᠠᠭᠠᠵᠤ᠂ ᠪᠠᠶᠢᠭᠤᠯᠤᠯᠭ᠎ᠠ ᠶᠢᠨ ᠺᠠᠲᠠᠷ ᠠᠵᠢᠯᠲᠠᠳ ᠢ ᠬᠢᠨᠠᠮᠠᠭᠠᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠪᠣᠯᠪᠠᠰᠤᠷᠠᠯ ᠳᠤ ᠣᠷᠤᠯᠴᠠᠭᠤᠯᠬᠤ᠂ ᠲᠠᠶᠢᠯᠤᠮᠵᠢ ᠶᠢ ᠦᠷᠨᠢᠭᠦᠯᠬᠦ ᠵᠡᠷᠭᠡ ᠬᠡᠯᠪᠡᠷᠢ ᠪᠠᠷ ︽ᠳᠦᠷᠢᠮ︾᠎ ᠢ  ᠤᠬᠠᠭᠤᠯᠵᠤ᠂ ︽ᠳᠦᠷᠢᠮ︾᠎ ᠢ ᠬᠡᠷᠡᠭᠵᠢᠭᠦᠯᠬᠦ ᠳᠤ ᠶᠡᠭᠡ ᠣᠷᠴᠢᠨ ᠲᠣᠭᠤᠷᠢᠨ ᠢ ᠡᠭᠦᠳᠴᠤ᠂ ᠰᠠᠶᠢᠨ ᠦᠷ᠎ᠡ ᠪᠦᠲᠤᠮᠵᠢ ᠣᠯᠪᠠ᠃        ᠬᠤᠶᠠᠷ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ  ᠪᠣᠯᠭᠠᠭᠰᠠᠨ ᠪᠠᠶᠢᠳᠠᠯ       ︵ᠨᠢᠭᠡ︶ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠤ ᠲᠤᠯᠭᠠᠭᠤᠷᠢ ᠪᠣᠯᠭᠠᠪᠠ᠃ ᠣᠩᠨᠢᠭᠤᠳ ᠬᠤᠰᠢᠭᠤᠨ ᠤ ᠵᠠᠰᠠᠭ ᠢ ᠣᠷᠳᠣᠨ ᠤ ᠫᠣᠷᠲ᠋ᠧᠯ ᠰᠦᠯᠵᠢᠶᠡᠨ ᠤ ᠴᠡᠭ ᠢᠶᠠᠷ ᠳᠠᠮᠵᠢᠵᠤ᠂  ᠰᠦᠯᠵᠢᠶᠡᠨ ᠤ ᠴᠡᠭ ᠤᠨ ᠡᠳᠤᠷ ᠳᠣᠲᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠰᠦᠯᠵᠢᠶᠡᠨ ᠤ ᠪᠣᠯᠤᠩ ᠤᠨ ᠲᠣᠬᠢᠷᠠᠭᠤᠯᠤᠯᠲᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠦᠯᠵᠢᠶᠡᠨ ᠤ ᠴᠡᠭ ᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠠᠪᠠᠭᠤᠯᠢᠭ ᠲᠠᠪᠴᠠᠩ ᠪᠣᠯᠭᠠᠪᠠ᠃ ᠵᠡᠷᠭᠡᠪᠡᠷ᠂ ᠢᠯᠡ ᠪᠣᠯᠭᠠᠪᠠᠯ ᠵᠣᠬᠢᠬᠤ ᠠᠭᠤᠯᠭ᠎ᠠ ᠶᠢ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠎ ᠤ ᠴᠢᠮᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠤ ᠴᠡᠭ ᠳᠡᠭᠡᠷ᠎ᠡ ᠨᠡᠶᠢᠲᠡᠯᠡᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠬᠦᠴᠤᠨ ᠲᠠᠢ ᠦᠷᠭᠡᠳᠭᠡᠵᠡᠢ᠃       ︵ᠬᠤᠶᠠᠷ︶ ᠠᠭᠤᠯᠭ᠎ᠠ ᠶᠢ ᠡᠮᠬᠢᠯᠡᠬᠦ ᠶᠢ ᠴᠢᠬᠤᠯᠴᠢᠯᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠪᠠ᠃ ᠮᠠᠨ ᠤ ᠬᠤᠰᠢᠭᠤᠨ ᠤ ᠪᠣᠲᠠᠲᠠᠢ ᠪᠠᠶᠢᠳᠠᠯ ᠲᠠᠢ ᠤᠶᠠᠯᠳᠤᠭᠤᠯᠤᠨ᠂ ᠬᠤᠯᠪᠤᠭᠳᠠᠯ ᠪᠦᠬᠦᠢ ᠬᠦᠮᠤᠰ ᠢ ᠵᠣᠬᠢᠶᠠᠨ ᠪᠠᠶᠢᠭᠤᠯᠵᠤ᠂ ᠢᠯᠡ ᠪᠣᠯᠭᠠᠬᠤ ᠪᠠᠷ ᠪᠠᠶᠢᠭ᠎ᠠ ᠠᠭᠤᠯᠭ᠎ᠠ ᠳᠤ ᠬᠢᠨᠠᠮᠠᠭᠠᠢ ᠡᠮᠬᠢᠯᠡᠯᠲᠡ ᠬᠢᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠪᠠᠯ ᠵᠣᠬᠢᠬᠤ ᠬᠦᠷᠢᠶ᠎ᠡ ᠬᠡᠪᠴᠢᠶ᠎ᠡ ᠪᠠ ᠠᠭᠤᠯᠭ᠎ᠠ ᠶᠢ ᠪᠦᠷᠢᠮᠤᠰᠤᠨ ᠡᠵᠡᠮᠰᠢᠭᠰᠡᠨ ᠪᠠᠶᠢᠳᠠᠯ ᠳᠣᠣᠷ᠎ᠠ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠤᠰᠤᠯᠡᠵᠤ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠲᠣᠳᠤᠷᠬᠠᠢ ᠬᠤᠪᠢᠶᠠᠵᠠᠢ᠃ ᠣᠨᠴᠠᠭᠠᠢ ᠲᠡᠥᠭᠡ ᠶᠢᠨ ᠬᠤᠭᠤᠴᠠᠭᠠᠨ ᠳᠤ ᠪᠣᠢ ᠪᠣᠯᠤᠭᠰᠠᠨ ᠳᠦᠷᠢᠮᠵᠢᠭᠰᠡᠨ ᠮᠠᠲ᠋ᠧᠷᠢᠶᠠᠯ᠂ ᠣᠳᠤ ᠪᠠᠷ ᠮᠦᠨᠴᠤ ᠨᠡᠶᠢᠳᠡᠮ ᠬᠡᠷᠡᠭᠯᠡᠵᠦ ᠪᠠᠶᠢᠪᠠᠯ᠂ ᠬᠤᠯᠪᠤᠭᠳᠠᠯ ᠪᠦᠬᠦᠢ ᠳᠦᠷᠢᠮ ᠢ ᠦᠨᠳᠤᠰᠤᠯᠡᠵᠦ ᠢᠯᠡ ᠪᠣᠯᠭᠠᠨ᠎ᠠ︔ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠠᠬᠦ  ᠦᠭᠡᠢ᠂ ᠬᠡᠷᠡᠭᠵᠢᠭᠦᠯᠬᠦ ᠪᠣᠲᠠᠲᠠᠢ ᠤᠳᠬ᠎ᠠ ᠪᠠᠨ ᠠᠯᠳᠠᠭᠰᠠᠨ ᠪᠠᠶᠢᠪᠠᠯ  ᠵᠠᠪᠠᠯ ᠬᠦᠴᠤᠨ ᠦᠭᠡᠢ ᠪᠣᠯᠭᠠᠵᠤ᠂ ᠢᠯᠡ ᠪᠣᠯᠭᠠᠬᠤ ᠦᠭᠡᠢ᠃       ︵ᠭᠤᠷᠪᠠ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠶᠢᠳᠠᠯ᠂ ︽ᠬᠡᠨ ᠬᠢᠪᠡᠯ ᠬᠡᠨ ᠬᠢᠨᠠᠨ ᠪᠠᠶᠢᠴᠠᠭᠠᠵᠤ᠂ ᠬᠡᠨ ᠢᠯᠡ ᠪᠣᠯᠭᠠᠪᠠᠯ ᠬᠡᠨ ᠬᠠᠷᠢᠭᠤᠴᠠᠬᠤ︾ ᠪᠠ ︽ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠶᠢ ᠤᠶᠠᠯᠳᠤᠭᠤᠯᠬᠤ︾ ᠵᠠᠷᠴᠢᠮ ᠢ ᠦᠨᠳᠤᠰᠤᠯᠡᠵᠦ ᠡᠯ᠎ᠡ ᠨᠢᠭᠡᠴᠡ ᠶᠢ ᠱᠠᠭᠠᠷᠳᠠᠵᠤ᠂ ᠵᠠᠰᠠᠭ ᠤᠨ ᠣᠷᠳᠣᠨ ᠤ ᠠᠵᠢᠯᠯᠠᠭ᠎ᠠ ᠲᠠᠢ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠡᠷᠬᠡ ᠲᠤᠰᠢᠶᠠᠯ᠂ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠢᠵᠠᠭᠠᠷᠯᠠᠯ᠂ ᠲᠦᠷᠤ ᠶᠢᠨ ᠪᠣᠳᠤᠯᠭ᠎ᠠ᠂ ᠬᠠᠥᠯᠢ ᠴᠠᠭᠠᠵᠠ᠂ ᠬᠠᠥᠯᠢ ᠳᠦᠷᠢᠮ᠂ ᠰᠢᠢᠳᠪᠦᠷᠢᠯᠡᠬᠦ ᠵᠤᠶᠢᠯᠡᠰ᠂ ᠠᠵᠢᠯ ᠡᠷᠬᠢᠯᠡᠬᠦ ᠶᠠᠪᠤᠴᠠ᠂ ᠠᠵᠢᠯ ᠡᠷᠬᠢᠯᠡᠬᠦ ᠬᠤᠭᠤᠴᠠᠭ᠎ᠠ᠂ ᠤᠶᠢᠯᠡᠴᠢᠯᠡᠬᠦ ᠲᠦᠷᠤᠯ ᠵᠤᠶᠢᠯ᠂ ᠡᠯ᠎ᠡ ᠲᠦᠷᠤᠯ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠵᠢᠴᠢ ᠭᠡᠷᠡᠴᠢ ᠪᠠᠷᠢᠮᠲᠠ᠂ ᠨᠢᠭᠤᠴᠠ ᠶᠢ ᠬᠠᠮᠠᠭᠠᠯᠠᠬᠤ ᠳᠦᠷᠢᠮ ᠠᠴᠠ ᠵᠦᠷᠢᠴᠡᠬᠦ ᠦᠭᠡᠢ ᠯᠠ ᠪᠣᠯ᠂ ᠴᠢᠮᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ  ᠬᠡᠷᠡᠭᠵᠢᠭᠦᠯᠪᠡ᠃ 2011 ᠣᠨ ᠳᠤ ᠪᠦᠬᠦ ᠵᠢᠯ ᠢᠶᠠᠷ ᠬᠤᠰᠢᠭᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠰᠠᠨᠠᠭᠠᠴᠢᠯᠠᠭ᠎ᠠ ᠠᠴᠠ ᠪᠠᠨ‌ᠢᠯᠡ ᠪᠣᠯᠭᠠᠭᠰᠠᠨ ᠡᠯ᠎ᠡ ᠲᠦᠷᠤᠯ ‍ᠤᠨ‌‍ᠴᠢᠮᠡᠭᠡ ᠵᠠᠩᠭᠢ 3600 ᠢᠯᠡᠭᠦᠦ ᠵᠣᠷᠪᠤᠰ ᠪᠠᠶᠢᠵᠤ᠂ ᠡᠭᠦᠨ ᠤ ᠳᠣᠲᠤᠷ᠎ᠠ ᠮᠠᠲ᠋ᠧᠷᠢᠶᠠᠯ ᠤᠨ ᠲᠦᠷᠤᠯ ᠨᠢ 1100 ᠢᠯᠡᠭᠦᠦ ᠵᠣᠷᠪᠤᠰ᠂ ᠵᠠᠰᠠᠭ ᠤᠨ ᠣᠷᠳᠣᠨ ᠤ ᠠᠵᠢᠯ ᠤᠨ ᠬᠦᠳᠡᠯᠤᠩᠬᠦᠢ ᠪᠠᠶᠢᠳᠠᠯ ᠤᠨ ᠲᠦᠷᠤᠯ 2500 ᠢᠯᠡᠭᠦᠦ ᠵᠣᠷᠪᠤᠰ᠃ ᠢᠯᠡ ᠡᠷᠢᠵᠤ ᠦᠵᠡᠬᠦ ᠲᠠᠯᠠᠪᠤᠷ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠡᠷᠢᠵᠤ ᠦᠵᠡᠬᠦ ᠬᠦᠮᠦᠨ ᠤ ᠲᠤᠭ᠎ᠠ 800 ᠤᠳᠠᠭ᠎ᠠ ᠠᠴᠠ ᠳᠡᠭᠡᠭᠰᠢ ᠬᠦᠷᠴᠠᠢ᠃ ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠴᠢᠮᠡᠭᠡ ᠵᠠᠩᠭᠢ ᠶᠢ ᠢᠯᠡ ᠪᠣᠯᠭᠠᠬᠤ ᠲᠤᠰᠬᠠᠢ ᠨᠢᠭᠤᠷ ᠢ  ᠦᠵᠡᠭᠰᠡᠨ ᠲᠤᠭ᠎ᠠ 3000 ᠤᠳᠠᠭ᠎ᠠ ᠠᠴᠠ ᠳᠡᠭᠡᠭᠰᠢ ᠬᠦᠷᠴᠡᠢ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠪᠦᠬᠦᠨ ᠢ ᠢᠯᠡ ᠪᠣᠯᠭᠠᠬᠤ᠂ ᠦᠨᠡᠨ ᠢᠯᠡ ᠪᠣᠯᠭᠠᠬᠤ᠂ ᠦᠷᠬᠦᠯᠵᠢ ᠢᠯᠡ ᠪᠣᠯᠭᠠᠬᠤ ᠶᠢ ᠦᠨᠳᠤᠰᠤᠨ ᠳᠡᠭᠡᠨ ᠪᠡᠶᠡᠯᠡᠭᠦᠯᠵᠡᠢ᠃       ᠭᠤᠷᠪᠠ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠭᠰᠠᠨ ᠪᠠᠶᠢᠳᠠᠯ ᠵᠢᠴᠢ ᠢᠯᠡ ᠪᠣᠯᠭᠠᠬᠤ ᠦᠭᠡᠢ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠪᠠᠶᠢᠳᠠᠯ       ᠵᠠᠰᠠᠭ ᠤᠨ ᠣᠷᠳᠣᠨ ᠤ ᠴᠢᠮᠡᠭᠡ ᠵᠠᠩᠭᠢ ᠶᠢ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠠᠵᠢᠯ ᠢ ᠳᠦᠷᠢᠮᠵᠢᠭᠦᠯᠬᠦ ᠲᠠᠯ᠎ᠠ ᠪᠠᠷ᠂ ᠮᠠᠨ ᠤ  ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠠᠵᠢᠯ ᠤᠨ ᠶᠠᠪᠤᠴᠠ ᠶᠢ ᠲᠣᠭᠲᠠᠭᠠᠵᠤ᠂  ᠭᠤᠶᠤᠴᠢᠯᠠᠬᠤ ᠶᠢ ᠬᠦᠯᠢᠶᠡᠨ ᠠᠪᠬᠤ ᠡᠯ᠎ᠡ ᠶᠠᠪᠤᠴᠠ ᠳᠠᠬᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠤᠷᠬᠠᠶᠢᠯᠠᠵᠤ᠂ ᠰᠦᠯᠵᠢᠶᠡᠨ ᠤ ᠴᠡᠭ᠂ ᠵᠠᠬᠢᠳᠠᠯ ᠴᠢᠮᠡᠭᠡ᠂ ᠳᠦᠷᠰᠤ ᠨᠡᠪᠲᠡᠷᠡᠭᠦᠯᠬᠦ᠂ ᠢᠮᠧᠯ ᠵᠡᠷᠭᠡ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠠᠷᠭ᠎ᠠ ᠵᠠᠮ ᠢ ᠪᠦᠬᠦ ᠲᠠᠯ᠎ᠠ ᠪᠠᠷ ᠰᠢᠯᠤᠭᠤᠳᠬᠠᠵᠠᠢ᠃       2011ᠣᠨ ᠳᠤ᠂ ᠮᠠᠨ ᠤ ᠬᠤᠰᠢᠭᠤ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠬᠦᠯᠢᠶᠡᠨ ᠣᠯᠤᠭᠰᠠᠨ ᠦᠭᠡᠢ᠃       ᠳᠥᠷᠪᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠠᠷᠤᠳᠠᠯ ᠪᠠ ᠰᠤᠶᠢᠳᠭᠡᠯ ᠬᠤᠷᠢᠶᠠᠬᠤ ᠪᠠᠶᠢᠳᠠᠯ       ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠠᠷᠤᠳᠠᠯ ᠢ ᠵᠢᠯ ᠤᠨ ᠲᠦᠰᠤᠪ ᠲᠤ ᠣᠷᠤᠭᠤᠯᠵᠤ᠂ ᠵᠢᠯ ᠪᠦᠷᠢ 5 ᠲᠦᠮᠡᠨ ᠲᠦᠭᠦᠷᠢᠭ ᠢ ᠲᠣᠬᠢᠷᠠᠭᠤᠯᠵᠤ᠂ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠢᠶᠠᠷ ᠵᠠᠮ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠬᠡᠷᠡᠭᠯᠡᠨ᠎ᠡ᠃       2011ᠣᠨ ᠳᠤ᠂ ᠪᠦᠬᠦ  ᠵᠢᠯ ᠢᠶᠠᠷ ᠢᠶᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠰᠤᠶᠢᠳᠭᠡᠯ ᠬᠤᠷᠢᠶᠠᠬᠤ ᠪᠠᠶᠢᠳᠠᠯ ᠡᠭᠦᠰᠤᠭ᠍ᠰᠡᠨ ᠦᠭᠡᠢ᠃       ᠲᠠᠪᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠷᠭᠤᠯᠳᠤᠬᠤ  ᠪᠠ ᠭᠤᠮᠤᠳᠠᠯ ᠲᠣᠭᠠᠴᠠᠬᠤ ᠪᠠᠶᠢᠳᠠᠯ ᠤᠨ ᠲᠣᠬᠠᠢ       ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠠᠩᠬ᠎ᠠ ᠠᠯᠬᠤᠮ ᠪᠠᠶᠢᠭᠤᠯᠵᠤ᠂ ᠬᠤᠰᠢᠭᠤᠨ ᠤ ᠬᠢᠨᠠᠨ ᠪᠠᠶᠢᠴᠠᠭᠠᠬᠤ ᠲᠣᠪᠴᠢᠶ᠎ᠠ ᠠᠴᠠ ᠡᠷᠬᠡᠲᠦ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠮᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠵᠢᠴᠢ ᠠᠵᠢᠯᠲᠠᠨ ︽ᠳᠦᠷᠢᠮ︾᠎ ᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠵᠠᠭᠠᠯᠳᠤᠯᠭ᠎ᠠ ᠶᠢ ᠬᠦᠯᠢᠶᠡᠨ ᠠᠪᠬᠤ ᠶᠢ ᠲᠣᠭᠲᠠᠭᠠᠵᠤ᠂ ᠭᠠᠳᠠᠭᠰᠢ ᠬᠠᠨᠳᠤᠭᠤᠯᠤᠭᠰᠠᠨ ᠲᠤᠰᠬᠠᠢ ᠤᠲᠠᠰᠤ᠂ ᠳᠦᠷᠰᠤ ᠨᠡᠪᠲᠡᠷᠡᠭᠦᠯᠬᠦ ᠪᠠ ᠢᠮᠧᠯ ᠢ ᠲᠣᠬᠢᠷᠠᠭᠤᠯᠵᠤ᠂ ᠡᠯ᠎ᠡ ᠲᠦᠷᠤᠯ ᠤᠨ ᠨᠡᠶᠢᠭᠡᠮ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠮᠦᠷᠲᠡᠭᠡᠨ ᠦᠷᠬᠦᠯᠵᠢ ᠶᠢᠨ ᠴᠢᠨᠠᠷᠲᠠᠢ ᠵᠠᠰᠠᠭ ᠵᠠᠬᠢᠷᠭᠠᠨ ᠤ  ᠴᠢᠳᠠᠮᠵᠢ ᠶᠢ ᠬᠢᠨᠠᠨ ᠪᠠᠶᠢᠴᠠᠭᠠᠬᠤ ᠶᠢ ᠦᠷᠨᠢᠭᠦᠯᠵᠦ᠂ ᠡᠯ᠎ᠡ ᠱᠠᠲᠤᠨ ᠤ ᠡᠯ᠎ᠡ ᠲᠦᠷᠤᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠬᠠᠥᠯᠢ ᠶᠣᠰᠤᠭᠠᠷ ᠳᠦᠷᠢᠮ ᠢ ᠦᠨᠳᠤᠰᠤᠯᠡᠵᠦ ᠵᠠᠰᠠᠭ ᠵᠠᠬᠢᠷᠭᠠᠨ ᠤ ᠴᠢᠮᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠡᠷᠡᠭᠵᠢᠭᠦᠯᠬᠦ ᠶᠢ ᠴᠢᠩᠭ᠎ᠠ ᠬᠢᠨᠠᠨ ᠵᠢᠯᠤᠭᠤᠳᠴᠤ᠂ ᠳᠦᠷᠢᠮ ᠢ ᠵᠦᠷᠢᠴᠡᠭᠰᠡᠨ ᠠᠵᠢᠯᠯᠠᠭ᠎ᠠ ᠪᠠ ᠦᠵᠡᠭᠳᠡᠯ ᠡᠭᠦᠰᠬᠦ ᠶᠢ ᠴᠢᠩᠭ᠎ᠠ ᠰᠡᠷᠭᠡᠶᠢᠯᠡᠪᠡ᠃       2011ᠣᠨ ᠳᠤ  ᠂ ᠪᠦᠬᠦ ᠵᠢᠯ ᠢᠶᠠᠷ ᠢᠶᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠭᠰᠠᠨ ᠠᠴᠠ ᠪᠣᠯᠵᠤ᠂ ᠵᠠᠰᠠᠭ ᠵᠠᠬᠢᠷᠭᠠᠨ ᠤ ᠵᠠᠷᠭᠤᠯᠳᠤᠭᠠᠨ ᠳᠤᠷᠠᠳᠤᠭᠰᠠᠨ ᠪᠠᠶᠢᠳᠠᠯ ᠪᠠᠶᠢᠬᠤ ᠦᠭᠡᠢ᠃       ᠵᠢᠷᠭᠤᠭ᠎ᠠ᠂ ᠣᠷᠤᠰᠢᠵᠤ ᠪᠠᠶᠢᠭ᠎ᠠ ᠭᠤᠣᠯ ᠠᠰᠠᠭᠤᠳᠠᠯ ᠪᠠ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ       ︵ᠨᠢᠭᠡ︶ ᠣᠷᠤᠰᠢᠵᠤ ᠪᠠᠶᠢᠭ᠎ᠠ ᠠᠰᠠᠭᠤᠳᠠᠯ       2011ᠣᠨ ᠳᠤ᠂ ᠡᠯ᠎ᠡ ᠲᠦᠷᠤᠯ ᠤᠨ ᠢᠳᠡᠪᠬᠢᠲᠡᠢ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠬᠤᠰᠢᠭᠤᠨ ᠎ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢᠳᠡᠪᠬᠢᠲᠡᠢ ᠦᠷ᠎ᠡ  ᠪᠦᠲᠤᠮᠵᠢ ᠣᠯᠵᠠᠢ᠃ ᠭᠡᠪᠡᠴᠤ ᠪᠠᠰᠠ ᠵᠠᠷᠢᠮ ᠳᠣᠪᠤᠶᠢᠮ᠎ᠠ ᠠᠰᠠᠭᠤᠳᠠᠯ ᠣᠷᠤᠰᠢᠵᠤ ᠪᠠᠶᠢᠨ᠎ᠠ᠂ ᠪᠣᠲᠠᠲᠠᠢ ᠢᠯᠡᠷᠡᠯ ᠨᠢ ᠳᠣᠣᠷᠠᠬᠢ ᠬᠡᠳᠤᠨ ᠲᠠᠯ᠎ᠠ ᠮᠡᠲᠤ᠄       ᠨᠢᠭᠡ ᠳᠤ ᠲᠠᠨᠢᠯᠲᠠ ᠦᠨᠳᠤᠷ ᠪᠢᠰᠢ᠃ ᠵᠠᠷᠢᠮ ᠭᠠᠵᠠᠷ ᠣᠷᠤᠨ ᠪᠠ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠪᠠᠰᠠ ᠴᠢᠬᠤᠯᠠ ᠵᠦᠪᠯᠡᠬᠦ ᠲᠠᠷᠠᠭᠠᠯᠠᠯ ᠳᠤ ᠣᠷᠤᠯᠤᠭᠠᠳᠤᠢ᠂ ᠴᠢᠮᠡᠭᠡ ᠵᠠᠩᠭᠢ ᠶᠢ ᠵᠦᠪᠬᠡᠨ ᠨᠢᠭᠡ ᠵᠤᠶᠢᠯ ᠤᠨ ᠬᠡᠷᠡᠭ ᠶᠠᠪᠤᠳᠠᠯ ᠤᠨ ᠴᠢᠨᠠᠷᠲᠠᠢ᠂ ᠱᠠᠲᠤᠴᠢ ᠴᠢᠨᠠᠷᠲᠠᠢ ᠡᠭᠦᠷᠭᠡ ᠪᠠᠷ ᠦᠵᠡᠵᠤ᠂ ᠵᠠᠰᠠᠭ ᠤᠨ ᠣᠷᠳᠣᠨ ᠤ ᠡᠷᠬᠡ ᠲᠤᠰᠢᠶᠠᠯ ᠢ ᠬᠤᠪᠢᠷᠭᠠᠬᠤ᠂ ᠠᠷᠠᠳ ᠤᠨ ᠲᠦᠯᠦᠭᠡ ᠲᠦᠷᠤ ᠪᠠᠷᠢᠬᠤ ᠦᠵᠡᠯ ᠢ ᠪᠣᠢ ᠪᠣᠯᠭᠠᠬᠤ᠂ ᠠᠷᠢᠭᠤᠨ ᠴᠢᠭᠡᠴᠢ ᠪᠠᠶᠢᠭᠤᠯᠤᠯᠲᠠ ᠶᠢ ᠴᠢᠩᠭᠠᠳᠬᠠᠬᠤ ᠳᠡᠭᠡᠲᠤ ᠵᠡᠷᠭᠡ ᠶᠢᠨ ᠲᠠᠨᠢᠯᠲᠠ ᠪᠠᠶᠢᠬᠤ ᠦᠭᠡᠢ᠃ ᠠᠵᠢᠯᠯᠠᠬᠤ ᠎ ᠨᠢ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠪᠠ ᠦᠷᠬᠦᠯᠵᠢᠯᠡᠭᠰᠡᠨ ᠴᠢᠨᠠᠷ ᠢᠶᠠᠷ ᠳᠤᠲᠠᠮᠠᠭ᠂ ᠭᠠᠭᠴᠠ ᠳᠡᠭᠡᠲᠤ ᠱᠠᠲᠤᠨ ᠤ ᠲᠣᠬᠢᠷᠠᠭᠤᠯᠤᠭᠰᠠᠨ ᠱᠠᠲᠤᠴᠢ ᠴᠢᠨᠠᠷ ᠲᠠᠢ ᠠᠵᠢᠯ ᠢ ᠪᠡᠶᠡᠯᠡᠬᠦᠯᠬᠦ ᠳᠤ ᠬᠠᠨᠤᠵᠤ᠂ ᠰᠢᠨ᠎ᠡ ᠡᠭᠦᠳᠤᠯᠲᠡ ᠪᠠᠶᠢᠬᠤ ᠦᠭᠡᠢ ᠪᠦᠭᠡᠳ ᠦᠷᠭᠦᠯᠵᠢ ᠦᠪᠡᠷ ᠢᠶᠠᠨ ᠡᠵᠡᠨ ᠮᠡᠳᠡᠵᠤ ᠠᠵᠢᠯ ᠢᠶᠠᠨ ᠲᠣᠬᠢᠷᠠᠭᠤᠯᠵᠤ ᠳᠡᠶᠢᠯᠬᠦ ᠦᠭᠡᠢ᠃       ᠬᠤᠶᠠᠷ ᠲᠤ ᠢᠯᠡ ᠪᠣᠯᠭᠠᠬᠤ ᠴᠢᠨᠠᠷ ᠲᠡᠶᠢᠮᠦ ᠰᠠᠶᠢᠨ ᠪᠢᠰᠢ᠃ ᠬᠡᠰᠡᠭ ᠭᠠᠵᠠᠷ ᠣᠷᠣᠨ ᠪᠠ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠦᠭᠦᠮ᠂ ᠬᠡᠯᠪᠡᠷᠢ ᠲᠠᠩ ᠴᠣᠯᠭᠤᠢ᠃ ᠠᠭᠤᠯᠭ᠎ᠠ ᠶᠢ ᠢᠯᠡ ᠪᠣᠯᠭᠠᠬᠤ ᠳᠡᠭᠡᠷ᠎ᠡ ᠠᠳᠠᠯᠢ ᠪᠣᠰᠤ ᠬᠡᠮᠵᠢᠶᠡᠨ ᠤ ᠬᠡᠶᠢᠰᠪᠤᠷᠢ᠂ ᠴᠠᠭ ᠠᠴᠠ ᠦᠩᠭᠡᠷᠡᠭᠰᠡᠨ ᠵᠡᠷᠭᠡ ᠦᠵᠡᠭᠳᠡᠯ ᠣᠷᠤᠰᠢᠵᠤ᠂ ᠨᠡᠶᠢᠲᠡᠯᠡᠬᠦ ᠬᠠᠮᠤᠭ ᠡᠴᠤᠰ ᠤᠨ ᠦᠷ᠎ᠡ ᠳ᠋ᠦᠩ ᠢ ᠴᠢᠬᠤᠯᠴᠢᠯᠠᠵᠤ᠂ ᠬᠠᠷᠢᠨ‌‍ᠰᠢᠢᠳᠪᠤᠷᠢ ᠠᠴᠠ ᠡᠮᠤᠨ᠎ᠡ ᠪᠠ ᠰᠢᠢᠳᠪᠤᠷᠢ ᠭᠠᠷᠭᠠᠬᠤ ᠶᠠᠪᠤᠴᠠ ᠳᠤᠮᠳᠠ ᠳᠠᠬᠢ ᠴᠢᠮᠡᠭᠡ ᠵᠠᠩᠭᠢ ᠶᠢ ᠨᠡᠶᠢᠲᠡᠯᠡᠬᠦ ᠨᠡᠯᠢᠶᠡᠳ ᠪᠠᠭ᠎ᠠ᠂ ᠬᠦᠨᠳᠦ ᠠᠴᠠ ᠵᠠᠶᠢᠯᠠᠵᠤ ᠬᠦᠩᠬᠡᠨ ᠢ ᠡᠷᠢᠵᠤ᠂  ᠮᠦᠨ ᠴᠢᠨᠠᠷ ᠤᠨ ᠵᠤᠶᠢᠯᠡᠰ ᠠᠴᠠ ᠵᠠᠶᠢᠯᠠᠨ᠎ᠠ᠃ ᠪᠠᠰᠠ ᠵᠠᠷᠢᠮ ᠨᠢ ᠢᠯᠡ ᠪᠣᠯᠭᠠᠬᠤ ᠠᠷᠭ᠎ᠠ ᠮᠠᠶ᠋ᠢᠭ ᠬᠤᠴᠤᠷᠤᠩᠭᠤᠢ᠂ ᠰᠦᠯᠵᠢᠶᠡᠨ ᠤ ᠴᠡᠭ ᠪᠠ ᠰᠣᠨᠢᠨ ᠮᠡᠳᠡᠭᠡᠨ ᠤ ᠵᠠᠭᠤᠴᠢ ᠶᠢ ᠠᠰᠢᠭᠯᠠᠵᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠬᠠᠷᠢᠴᠠᠯ ᠨᠢ ᠪᠠᠭ᠎ᠠ᠂ ᠣᠯᠠᠨ ᠲᠦᠮᠡᠨ ᠪᠠ ᠠᠵᠦ ᠠᠬᠤᠶᠢᠯᠠᠯ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠣᠯᠬᠤ ᠵᠠᠮ ᠰᠢᠭᠤᠳ ᠦᠭᠡᠢ  ᠪᠠᠶᠢᠨ᠎ᠠ᠃       ᠭᠤᠷᠪᠠ ᠳᠤ ᠠᠵᠢᠯ ᠦᠷᠨᠢᠭᠦᠯᠬᠦ ᠨᠢ ᠲᠡᠩᠴᠡᠭᠦᠷᠢ ᠦᠭᠡᠢ  ᠃ ᠴᠢᠮᠡᠭᠡ ᠵᠠᠩᠭᠢ ᠶᠢ ᠢᠯᠡ ᠪᠣᠯᠭᠠᠬᠤ ᠨᠢ ᠬᠡᠳᠤᠶᠢᠪᠡᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠲᠤ ᠨᠡᠶᠢᠳᠡᠮ ᠬᠡᠷᠡᠭᠵᠢᠭᠦᠯᠵᠦ ᠪᠠᠶᠢᠪᠠᠴᠤ᠂ ᠦᠷᠨᠢᠭᠦᠯᠵᠦ ᠪᠠᠶᠢᠭ᠎ᠠ ᠬᠡᠮᠵᠢᠶ᠎ᠡ ᠨᠢ ᠮᠠᠰᠢ ᠲᠡᠩᠴᠡᠭᠦᠷᠢ ᠦᠭᠡᠢ᠃ ᠵᠠᠷᠢᠮ ᠦᠢᠯᠡᠴᠢᠯᠡᠭᠡᠨ ᠤ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠦᠨᠳᠤᠰᠤᠨ ᠳᠡᠭᠡᠨ ᠨᠡᠯᠢᠶᠡᠳ ᠪᠣᠯᠪᠠᠰᠤᠷᠠᠩᠭᠤᠢ ᠳᠦᠷᠢᠮ ᠲᠣᠭᠲᠠᠭᠠᠯ ᠲᠠᠢ ᠪᠣᠯᠵᠤ᠂ ᠣᠯᠠᠨ ᠲᠦᠮᠡᠨ ᠤ ᠪᠠᠶᠢᠴᠠᠭᠠᠨ ᠠᠰᠠᠭᠤᠬᠤ ᠳᠤ ᠳᠦᠭᠦᠮ  ᠦᠵᠡᠭᠦᠯᠵᠦ᠂ ᠬᠢᠨᠠᠯᠲᠠ ᠲᠠᠯᠪᠢᠬᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠬᠡᠯᠪᠡᠷᠢ ᠶᠢ ᠰᠤᠩᠭᠤᠵᠠᠢ᠃ ᠭᠡᠲᠡᠯ᠎ᠡ ᠵᠠᠷᠢᠮ ᠭᠠᠵᠠᠷ ᠣᠷᠣᠨ᠂ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠨᠢ ᠪᠠᠰᠠ ︽ᠬᠠᠭᠤᠴᠢᠨ ᠪᠡᠨ᠎ᠡ ᠪᠠᠨ ᠢᠳᠡᠬᠦ︾ ᠦᠵᠡᠭᠳᠡᠯ ᠪᠠᠶᠢᠵᠤ᠂ ᠠᠵᠢᠯ ᠰᠢᠨ᠎ᠡ ᠡᠭᠦᠳᠤᠯᠲᠡ ᠦᠭᠡᠢ᠂ ᠴᠠᠭ ᠤᠨ ᠪᠠᠶᠢᠳᠠᠯ ᠤᠨ ᠬᠦᠭᠵᠢᠯᠲᠡ ᠶᠢᠨ ᠬᠡᠷᠡᠭᠴᠡᠭᠡᠨ ᠎ ᠳᠤ ᠵᠣᠬᠢᠴᠠᠵᠤ ᠳᠡᠶᠢᠯᠬᠦ ᠦᠭᠡᠢ᠂ ᠵᠠᠷᠢᠮ ᠨᠢ ᠨᠡᠩᠲᠡ ᠪᠠᠰᠠ ᠡᠬᠢᠯᠡᠯᠲᠡ ᠶᠢᠨ ᠱᠠᠲᠤᠨ ᠳᠠᠭᠠᠨ ᠣᠷᠤᠰᠢᠵᠤ ᠪᠠᠶᠢᠨ᠎ᠠ᠃ ᠭᠠᠵᠠᠷ ᠣᠷᠤᠨ ᠤ ᠬᠤᠭᠤᠷᠤᠨᠳᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠠᠵᠢᠯ ᠤᠨ ᠬᠢᠷᠢ ᠲᠦᠪᠰᠢᠨ ᠤ ᠵᠦᠷᠢᠶ᠎ᠡ ᠨᠡᠯᠢᠶᠡᠳ ᠶᠡᠭᠡ᠃       ︵ᠬᠤᠶᠠᠷ︶  ᠰᠠᠶᠢᠵᠢᠷᠠᠭᠤᠯᠤᠭᠰᠠᠨ ᠠᠷᠭ᠎ᠠ ᠮᠠᠶ᠋ᠢᠭ       ᠨᠢᠭᠡ ᠳᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠤᠬᠠᠭᠤᠯᠵᠤ ᠪᠣᠯᠪᠠᠰᠤᠷᠠᠬᠤ ᠠᠵᠢᠯ ᠢ ᠦᠨᠡᠨᠬᠦ ᠴᠢᠩᠭᠠᠳᠬᠠᠪᠠ᠃ ᠪᠢᠳᠡ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠢ ᠱᠠᠭᠠᠷᠳᠠᠵᠤ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠪᠠ ᠲᠣᠬᠢᠷᠠᠭᠤᠯᠤᠯᠲᠠ ᠶᠢ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠦᠭᠦᠴᠡᠯ ᠢ ᠴᠢᠷᠮᠠᠶᠢᠨ ᠪᠦᠷᠢᠯᠳᠤᠭᠦᠯᠪᠡ᠃ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠣᠯᠯᠠᠨ ᠠᠳᠬᠤᠵᠤ᠂ ᠵᠠᠰᠠᠭ ᠤᠨ ᠣᠷᠳᠣᠨ ᠤ ᠠᠯᠪᠠᠨ ᠭᠡᠷ ᠵᠣᠬᠢᠶᠠᠨ ᠪᠠᠶᠢᠭᠤᠯᠤᠨ ᠲᠣᠬᠢᠷᠠᠭᠤᠯᠵᠤ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠬᠢᠨᠠᠨ ᠪᠠᠶᠢᠴᠠᠭᠠᠬᠤ︾᠎ ᠶᠢᠨ ᠤᠳᠤᠷᠢᠳᠤᠯᠭ᠎ᠠ ᠪᠠ ᠲᠣᠬᠢᠷᠠᠭᠤᠯᠬᠤ ᠪᠠᠶᠢᠭᠤᠯᠤᠮᠵᠢ ᠶᠣᠰᠤᠭᠠᠷ᠂ ᠤᠳᠤᠷᠢᠳᠤᠯᠭ᠎ᠠ ᠪᠠ ᠠᠵᠢᠯ ᠤᠨ ᠪᠠᠶᠢᠭᠤᠯᠤᠮᠵᠢ ᠶᠢ ᠢᠳᠡᠭ ᠠᠯᠬᠤᠮ ᠢᠶᠠᠷ ᠪᠠᠶᠢᠭᠤᠯᠵᠤ᠂ ᠲᠣᠬᠢᠷᠠᠭᠤᠯᠬᠤ ᠪᠠ ᠲᠡᠭᠦᠯᠳᠡᠷᠵᠢᠭᠦᠯᠵᠦ ᠢᠯᠡ ᠪᠣᠯᠭᠠᠨ᠎ᠠ᠃ ᠡᠯ᠎ᠡ ᠭᠠᠵᠠᠷ ᠣᠷᠤᠨ᠂ ᠰᠠᠯᠠᠭ᠎ᠠ ᠮᠦᠴᠢᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠭᠤᠣᠯ ᠵᠦᠪᠯᠡᠬᠦ ᠳᠠᠷᠠᠭᠠᠯᠠᠯ ᠳᠤ ᠣᠷᠤᠭᠤᠯᠵᠤ᠂ ᠡᠯ᠎ᠡ ᠵᠤᠶᠢᠯ ᠤᠨ ᠡᠷᠬᠢᠯᠡᠬᠦ ᠠᠵᠢᠯ ᠎ ᠲᠠᠢ ᠬᠠᠮᠲᠤ ᠪᠠᠶᠢᠷᠢᠯᠠᠭᠤᠯᠵᠤ᠂ ᠬᠠᠮᠲᠤ ᠪᠠᠶᠢᠴᠠᠭᠠᠵᠤ᠂ ᠬᠠᠮᠲᠤ ᠬᠢᠨᠠᠨ ᠰᠢᠯᠭᠠᠵᠤ᠂ ᠬᠠᠮᠲᠤ ᠲᠦᠯᠬᠢᠨ ᠤᠷᠤᠭᠰᠢᠯᠠᠭᠤᠯᠬᠤ ᠶᠢ ᠡᠷᠡᠰ ᠪᠠᠷᠢᠮᠳᠠᠯᠠᠪᠠ᠃       ᠬᠤᠶᠠᠷ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠴᠢᠶᠠᠯᠠᠭᠴᠢ ᠶᠢᠨ ᠪᠦᠲᠤᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 2012 ᠣᠨ ᠳᠤ᠂ ᠪᠢᠳᠡ ᠢᠯᠡ ᠪᠣᠯᠭᠠᠬᠤ ᠠᠴᠢᠶᠠᠯᠠᠭᠴᠢ ᠶᠢ ᠲᠠᠰᠤᠷᠠᠯᠲᠠ ᠦᠭᠡᠢ ᠰᠢᠨ᠎ᠡ ᠶᠢ ᠡᠭᠦᠳᠴᠤ᠂ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠰᠣᠮᠣ ᠰᠢᠶᠠᠩ ᠪᠠᠯᠭᠠᠰᠤ ᠲᠠᠯᠠᠪᠠᠢ ᠪᠦᠷ ᠵᠠᠰᠠᠭ ᠤᠨ ᠣᠷᠳᠣᠨ ᠎ ᠤ ᠫᠣᠷᠲ᠋ᠧᠯ ᠰᠦᠯᠵᠢᠶᠡᠨ ᠤ ᠴᠡᠭ ᠢ  ᠨᠡᠪᠲᠡᠷᠡᠭᠦᠯᠬᠦ ᠮᠦᠷᠲᠡᠭᠡᠨ ᠬᠤᠰᠢᠭᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠲᠠᠢ ᠵᠠᠯᠭᠠᠯᠳᠤᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠤᠨ ᠴᠢᠮᠡᠭᠡ ᠵᠠᠩᠭᠢ ᠶᠢ ᠢᠯᠡ ᠪᠣᠯᠭᠠᠬᠤ᠂ ᠰᠦᠯᠵᠢᠶᠡᠨ ᠳᠡᠭᠡᠷ᠎ᠡ ᠠᠵᠢᠯ ᠡᠷᠬᠢᠯᠡᠬᠦ᠂ ᠠᠷᠠᠳ ᠲᠤ ᠳᠦᠭᠦᠮ ᠦᠵᠡᠭᠦᠯᠬᠦ ᠤᠶᠢᠯᠡᠴᠢᠯᠡᠭᠡ᠂ ᠬᠢᠨᠠᠯᠲᠠ ᠬᠢᠭᠦ ᠶᠢ ᠬᠦᠯᠢᠶᠡᠨ ᠠᠪᠬᠤ ᠵᠡᠷᠭᠡ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠰᠦᠯᠵᠢᠶᠡᠨ ᠳᠡᠭᠡᠷ᠎ᠡ ᠵᠦᠪᠰᠢᠶᠡᠷᠡᠬᠦ᠂ ᠪᠠᠶᠢᠴᠠᠭᠠᠨ ᠠᠰᠠᠭᠤᠬᠤ᠂ ᠰᠤᠶᠢᠳᠭᠡᠯ ᠲᠤᠰᠢᠶᠠᠬᠤ᠂ ᠵᠠᠭᠠᠯᠳᠤᠬᠤ᠂ ᠲᠤᠰᠠᠯᠠᠮᠵᠢ ᠭᠤᠶᠤᠴᠢᠯᠠᠬᠤ ᠵᠡᠷᠭᠡ ᠤᠶᠢᠯᠡᠴᠢᠯᠡᠭᠡᠨ ᠤ ᠲᠦᠷᠤᠯ ᠵᠤᠶᠢᠯ ᠤᠨ ᠬᠡᠪᠴᠢᠶ᠎ᠡ ᠶᠢ ᠢᠳᠡᠭ ᠢᠳᠡᠭ ᠢᠶᠠᠷ ᠦᠷᠭᠡᠳᠭᠡᠨ᠎ᠡ᠃ ᠪᠡᠯᠡᠨ ᠪᠠᠶᠢᠬᠤ ᠡᠬᠢ ᠰᠣᠷᠪᠤᠯᠵᠢ ᠶᠢ ᠪᠦᠷᠢᠮᠤᠰᠤᠨ ᠠᠰᠢᠭᠯᠠᠬᠤ ᠪᠠ ᠨᠢᠭᠡᠳᠭᠡᠵᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯᠧᠺᠲᠷᠤᠨ ᠵᠠᠰᠠᠭ ᠤᠨ ᠶᠠᠪᠤᠳᠠᠯ ᠢ ᠬᠡᠷᠡᠭᠯᠡᠬᠦ ᠳᠤ ᠲᠣᠣᠷ ᠰᠦᠯᠵᠢᠶᠡᠨ ᠤ ᠣᠷᠴᠢᠨ ᠲᠣᠭᠤᠷᠢᠨ ᠤ ᠳᠡᠮᠵᠢᠯᠭᠡ ᠶᠢ ᠬᠠᠩᠭᠠᠨ᠎ᠠ᠃ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠷᠠᠳᠢᠣ᠋᠂ ᠲᠧᠯᠸᠢᠰ᠂ ᠰᠣᠨᠢᠨ ᠰᠡᠳᠭᠦᠯ ᠵᠡᠷᠭᠡ ᠵᠠᠭᠤᠴᠢ ᠶᠢ ᠪᠦᠷᠢᠮᠤᠰᠤᠨ ᠠᠰᠢᠭᠯᠠᠵᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂  ᠠᠵᠢᠯ ᠤᠨ ᠰᠤᠷᠲᠠᠯ ᠢ ᠵᠦᠪᠯᠡᠨ ᠲᠣᠭᠲᠠᠭᠠᠬᠤ᠂ ᠵᠦᠪᠯᠡᠯᠭᠡ ᠳᠤᠷᠠᠳᠤᠯᠭ᠎ᠠ᠂ ᠣᠯᠠᠨ ᠨᠡᠶᠢᠲᠡ ᠶᠢᠨ ᠴᠢᠮᠡᠭᠡ ᠵᠠᠩᠭᠢ ᠵᠡᠷᠭᠡ ᠴᠢᠮᠡᠭᠡ ᠵᠠᠩᠭᠢ ᠶᠢᠨ ᠡᠬᠢ ᠰᠣᠷᠪᠤᠯᠵᠢ ᠪᠠ ᠲᠣᠭᠠᠴᠢᠨ ᠬᠡᠯᠡᠬᠦ ᠵᠠᠮ ᠢ ᠨᠢᠭᠡᠳᠭᠡᠬᠦ ᠪᠠ ᠴᠢᠩᠭᠠᠳᠬᠠᠵᠤ᠂ ᠵᠠᠰᠠᠭ ᠤᠨ ᠣᠷᠳᠣᠨ ᠪᠠ ᠠᠷᠠᠳ ᠣᠯᠠᠨ ᠤ  ᠬᠠᠷᠢᠴᠠᠭ᠎ᠠ ᠶᠢ ᠨᠢᠭᠲᠠᠷᠠᠭᠤᠯᠤᠨ᠎ᠠ᠃       ᠭᠤᠷᠪᠠ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠭᠦᠨ ᠠᠴᠠ ᠬᠤᠶᠢᠰᠢ᠂ ᠪᠢᠳᠡ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ ᠶᠠᠪᠤᠭᠳᠠᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ ᠲᠣᠭᠤᠷᠢᠨ ᠳᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠮ᠎ᠡ ᠶᠣᠰᠤ ᠶᠢ ᠰᠦᠪᠡᠭᠴᠢᠯᠡᠨ᠂ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ ᠶᠠᠪᠤᠭᠳᠠᠭᠤᠯᠬᠤ ᠬᠤᠯᠪᠤᠭᠳᠠᠯ ᠪᠦᠬᠦᠢ ᠳᠦᠷᠢᠮ ᠢ ᠬᠤᠷᠳᠤᠨ ᠲᠡᠭᠦᠯᠳᠡᠷᠵᠢᠭᠦᠯᠵᠦ᠂ ᠤᠷᠳᠤ ᠬᠤᠭᠤᠴᠠᠭ᠎ᠠ ᠬᠦᠴᠤᠨ ᠎ ᠲᠠᠢ ᠲᠣᠭᠲᠠᠯᠴᠠᠭ᠎ᠠ ᠶᠢ ᠢᠳᠡᠭ ᠢᠳᠡᠭ ᠢᠶᠠᠷ ᠪᠠᠶᠢᠭᠤᠯᠤᠨ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠦᠨᠳᠤᠰᠤᠯᠡᠨ᠂ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠨᠢᠭᠡᠨᠲᠡ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠢ ᠦᠨᠳᠤᠰᠤᠯᠡᠵᠤ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ᠂ ᠠᠵᠢᠯ ᠢ  ᠬᠢᠨᠠᠨ ᠰᠢᠯᠭᠠᠬᠤ᠂ ᠬᠠᠷᠢᠭᠤᠴᠠᠯᠭ᠎ᠠ ᠶᠢ ᠨᠡᠬᠡᠮᠵᠢᠯᠡᠬᠦ᠂ ᠰᠣᠨᠢᠨ ᠮᠡᠳᠡᠭᠡᠨ ᠤ ᠦᠭᠦᠯᠡᠭᠴᠢ ᠵᠡᠷᠭᠡ ᠳᠦᠷᠢᠮ ᠢ ᠲᠣᠭᠲᠠᠭᠠᠭᠰᠠᠨ ᠮᠦᠷᠲᠡᠭᠡᠨ ᠲᠠᠷᠬᠠᠭᠠᠵᠤ᠂ ᠠᠵᠢᠯ ᠤᠨ ᠳᠤᠮᠳᠠ ᠬᠢᠨᠠᠮᠠᠭᠠᠢ ᠲᠣᠣᠱᠯᠠᠭᠤᠯᠤᠨ ᠬᠡᠷᠡᠭᠵᠢᠭᠦᠯᠵᠦ᠂ ᠵᠠᠪᠠᠯ ᠳᠦᠷᠢᠮ ᠢ ᠦᠨᠳᠤᠰᠤᠯᠡᠨ  ᠠᠵᠢᠯ ᠡᠷᠬᠢᠯᠡᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠳᠦᠷᠢᠮᠵᠢᠭᠦᠯᠬᠦ ᠶᠢ ᠪᠠᠲᠤᠯᠠᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号