ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2013 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠤᠯᠲᠡ
ᠨᠡᠶᠢᠲᠡᠯᠡᠭᠰᠡᠨ ᠴᠠᠭ᠄
2016/7/13
     ᠲᠤᠰ ᠵᠢᠯ ᠤᠨ ᠮᠡᠳᠡᠭᠦᠯᠤᠯᠲᠡ ᠨᠢ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾  ︵ᠳᠣᠣᠷ᠎ᠠ ᠳᠦᠭᠦᠮᠴᠢᠯᠡᠭᠡᠳ ᠳᠦᠷᠢᠮ ᠭᠡᠨ᠎ᠡ︶᠂ ᠤᠯᠠᠭᠠᠨᠬᠠᠲᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ︽2013 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ ᠶᠢ ᠮᠡᠳᠡᠭᠦᠯᠤᠨ ᠬᠦᠷᠭᠡᠬᠦ ᠲᠣᠬᠠᠢ ᠮᠡᠳᠡᠭᠳᠡᠯ︾ ︵ᠤᠯᠠᠭᠠᠨᠬᠠᠲᠠ ᠵᠠᠰᠠᠭ ᠠᠯᠪᠠᠨ ᠦᠰᠦᠭ〔2014〕1 ᠳ᠋ᠦ᠋ᠭᠡᠷ︶ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠡᠵᠦ ᠨᠠᠶᠢᠷᠠᠭᠤᠯᠤᠨ ᠪᠢᠴᠢᠵᠠᠢ᠃ ᠮᠡᠳᠡᠭᠳᠡᠯ ᠤᠨ ᠱᠠᠭᠠᠷᠳᠠᠯᠭ᠎ᠠ ᠶᠢ ᠦᠨᠳᠤᠰᠤᠯᠡᠵᠤ᠂ ᠲᠤᠰ ᠵᠢᠯ ᠤᠨ ᠮᠡᠳᠡᠭᠦᠯᠦᠯᠲᠡ ᠨᠢ ᠲᠤᠰ ᠵᠢᠯ ᠳᠣᠲᠤᠷᠠᠬᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠶᠢᠮᠤᠴᠢᠯᠠᠨ ᠦᠭᠦᠯᠡᠬᠦ ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠢᠯ ᠳᠣᠲᠤᠷ᠎ᠠ ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ᠂ ᠵᠠᠭᠠᠯᠲᠤᠬᠤ ᠪᠠᠶᠢᠳᠠᠯ ᠢ ᠬᠦᠯᠢᠶᠡᠨ ᠠᠪᠬᠤ ᠵᠢᠴᠢ ᠰᠢᠢᠳᠪᠦᠷᠢᠯᠡᠬᠦ ᠦᠷ᠎ᠡ ᠳ᠋ᠦᠩ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠤ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ ᠳᠤᠷᠠᠳᠬᠤ ᠪᠠᠶᠢᠳᠠᠯ᠂ ᠣᠷᠤᠰᠢᠵᠤ ᠪᠠᠶᠢᠭ᠎ᠠ ᠠᠰᠠᠭᠤᠳᠠᠯ ᠪᠠ ᠰᠠᠶᠢᠵᠢᠷᠠᠭᠤᠯᠤᠭᠰᠠᠨ ᠪᠠᠶᠢᠳᠠᠯ ᠵᠡᠷᠭᠡ 6 ᠲᠠᠯ᠎ᠠ ᠶᠢᠨ ᠠᠭᠤᠯᠭ᠎ᠠ ᠪᠠᠷ ᠪᠦᠷᠢᠯᠳᠤᠪᠡ᠃  ᠲᠤᠰ ᠮᠡᠳᠡᠭᠦᠯᠦᠯᠲᠡ ᠳᠤ ᠵᠢᠭᠰᠠᠭᠠᠵᠤ ᠪᠠᠶᠢᠭ᠎ᠠ ᠲᠤᠭ᠎ᠠ ᠪᠠᠷᠢᠮᠲᠠ ᠶᠢᠨ ᠪᠦᠷᠢᠳᠭᠡᠯ ᠤᠨ ᠬᠤᠭᠤᠴᠠᠭ᠎ᠠ ᠪᠣᠯ 2013 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠵᠤ 2013 ᠣᠨ ᠤ 12 ᠰᠠᠷ᠎ᠠ ᠶᠢᠨ 31᠎ ᠤ ᠡᠳᠦᠷ ᠳᠠᠭᠤᠰᠤᠨ᠎ᠠ᠃       ᠨᠢᠭᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠶᠢᠮᠤᠴᠢᠯᠠᠨ ᠦᠭᠦᠯᠡᠬᠦ       ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠲᠤᠭᠡᠨ ᠪᠠᠶᠢᠭᠤᠯᠤᠯᠲᠠ ᠪᠠ ᠵᠠᠷᠤᠳᠠᠯ ᠢ ᠪᠠᠲᠤᠯᠠᠬᠤ ᠪᠠᠶᠢᠳᠠᠯ       2013 ᠣᠨ ᠳᠤ᠂ ᠮᠠᠨ ᠤ ᠬᠤᠰᠢᠭᠤ ᠴᠢᠮᠡᠭᠡ ᠵᠠᠩᠭᠢ ᠶᠢᠨ ᠠᠵᠢᠯ ᠤᠨ ᠬᠡᠷᠡᠭᠴᠡᠭᠡ ᠶᠢ ᠦᠨᠳᠤᠰᠤᠯᠡᠵᠦ᠂ ᠦᠷᠬᠦᠯᠵᠢᠯᠡᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠭᠡᠰᠢᠭᠦᠨ ᠢ ᠲᠣᠬᠢᠷᠠᠭᠤᠯᠬᠤ ᠪᠠ ᠲᠡᠭᠦᠯᠳᠡᠷᠵᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠹᠠᠩ ᠷᠦᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠶᠢ ᠡᠭᠦᠷᠭᠡᠯᠡᠵᠦ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠤᠳᠤᠷᠢᠳᠪᠠ᠃ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠶᠢᠯᠡᠴᠢᠯᠡᠭᠡᠨ ᠤ ᠲᠦᠪ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠪᠣᠯᠭᠠᠵᠤ᠂ ᠲᠦᠪ ᠤᠨ ᠡᠷᠬᠢᠯᠡᠭᠴᠢ ᠶᠢᠨ ᠳᠠᠭᠠᠭᠤᠯᠭ᠎ᠠ ᠳᠣᠣᠷ᠎ᠠ᠂ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠳᠤᠷ ᠳᠣᠲᠤᠮ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠪᠠ᠃       ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠠᠷᠤᠳᠠᠯ ᠢ ᠵᠢᠯ ᠤᠨ ᠳᠦᠰᠤᠪ ᠲᠤ ᠣᠷᠤᠭᠤᠯᠵᠤ᠂ ᠵᠢᠯ ᠪᠦᠷᠢ 5 ᠲᠦᠮᠡᠨ ᠲᠦᠭᠦᠷᠢᠭ ᠲᠣᠬᠢᠷᠠᠭᠤᠯᠵᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠢᠶᠠᠷ ᠭᠤᠣᠯ ᠠᠷᠭ᠎ᠠ ᠵᠠᠮ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠬᠡᠷᠡᠭᠯᠡᠨ᠎ᠡ᠃       2013 ᠣᠨ ᠳᠤ᠂ ᠬᠤᠰᠢᠭᠤᠨ ᠤ ᠵᠠᠰᠠᠭ ᠤᠨ ᠣᠷᠳᠣᠨ 276 ᠲᠦᠮᠡᠨ ᠲᠦᠭᠦᠷᠢᠭ ᠪᠡᠯᠡ ᠣᠷᠤᠭᠤᠯᠵᠤ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠰᠠᠭᠤᠷᠢ ᠲᠦᠭᠦᠭᠡᠷᠤᠮᠵᠢ ᠵᠢᠴᠢ ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠪᠦᠯᠦᠭ ᠢ ᠡᠬᠢᠯᠡᠨ ᠪᠦᠳᠤᠭᠡᠨ ᠪᠠᠶᠢᠭᠤᠯᠵᠤ᠂ ᠣᠳᠤ ᠨᠢᠭᠡᠨᠲᠡ ᠲᠠᠭᠤᠰᠴᠤ ᠬᠡᠷᠡᠭᠯᠡᠭᠡᠨ ᠳᠤ ᠣᠷᠤᠭᠤᠯᠵᠤ᠂ ᠰᠦᠯᠵᠢᠶᠡᠨ ᠤ ᠴᠡᠭ ᠤᠨ ᠠᠭᠤᠯᠭ᠎ᠠ ᠨᠢ ᠮᠦᠨ ᠲᠠᠰᠤᠷᠠᠯᠲᠠ ᠦᠭᠡᠢ ᠲᠡᠭᠦᠯᠳᠡᠷᠵᠢᠭᠦᠯᠵᠤ ᠲᠣᠬᠢᠷᠠᠭᠤᠯᠬᠤ ᠳᠤᠮᠳᠠ ᠪᠠᠨ ᠪᠠᠶᠢᠨ᠎ᠠ᠃       ︵ᠬᠤᠶᠠᠷ︶ ︽ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ︾ ᠪᠠ ︽ᠵᠠᠰᠠᠭ ᠤᠨ ᠣᠷᠳᠣᠨ ᠤ ᠢᠯᠡ ᠪᠣᠯᠭᠠᠬᠤ ᠭᠠᠷᠴᠠᠭ ︾᠎ ᠢ  ᠰᠢᠨᠡᠳᠭᠡᠵᠦ ᠲᠡᠭᠦᠯᠳᠡᠷᠵᠢᠭᠦᠯᠦᠭᠰᠡᠨ ᠪᠠᠶᠢᠳᠠᠯ       ᠡᠷᠬᠡᠳᠤ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠶᠢᠯᠡᠴᠢᠯᠡᠭᠡ ᠶᠢ ᠣᠯᠬᠤ ᠳᠤ ᠳᠦᠭᠦᠮ ᠦᠵᠡᠭᠦᠯᠬᠦ ᠶᠢᠨ ᠲᠦᠯᠦᠭᠡ᠂  ︽ᠳᠦᠷᠢᠮ︾ ᠲᠣᠭᠲᠠᠭᠠᠯ ᠢ ᠦᠨᠳᠤᠰᠤᠯᠡᠵᠦ  ᠂ ᠢᠯᠡ ᠪᠣᠯᠭᠠᠬᠤ ᠤᠳᠤᠷᠢᠳᠤᠮᠵᠢ ᠶᠢ ᠨᠠᠶᠢᠷᠠᠭᠤᠯᠤᠨ ᠪᠢᠴᠢᠪᠡ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠤᠶᠢᠯᠡᠴᠢᠯᠡᠭᠡ ᠶᠢ ᠣᠯᠬᠤ ᠬᠡᠷᠡᠭᠴᠡᠭᠡ ᠲᠠᠢ  ᠡᠷᠬᠡᠲᠦ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ︽ᠤᠳᠤᠷᠢᠳᠤᠮᠵᠢ︾᠎ ᠶᠢ ᠣᠩᠰᠢᠵᠤ ᠪᠣᠯᠤᠨ᠎ᠠ᠃ ︽ᠤᠳᠤᠷᠢᠳᠤᠮᠵᠢ︾᠎ ᠶᠢ ᠵᠠᠰᠠᠭ ᠤᠨ ᠣᠷᠳᠣᠨ ᠤ ᠰᠦᠯᠵᠢᠶᠡᠨ ᠤ ᠴᠡᠭ ︵ᠰᠦᠯᠵᠢᠶᠡᠨ ᠤ ᠬᠠᠶ᠋ᠢᠭ http://www.wnt.gov.cn︶ ᠳᠡᠭᠡᠷ᠎ᠡ ᠡᠷᠢᠵᠤ ᠦᠵᠡᠵᠤ ᠪᠣᠯᠤᠨ᠎ᠠ᠃ 2013 ᠣᠨ ᠳᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠲᠤ ᠳᠠᠬᠢᠨ ᠲᠣᠬᠢᠷᠠᠭᠤᠯᠤᠯᠲᠠ ᠬᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠤᠶᠢᠯᠡᠴᠢᠯᠡᠭᠡ ᠭᠡᠬᠦ ᠬᠤᠶᠠᠷ ᠲᠤᠰᠬᠠᠢ ᠪᠣᠯᠤᠩ ᠢ ᠪᠠᠶᠢᠭᠤᠯᠪᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ᠂ ᠬᠡᠯᠪᠡᠷᠢ ᠵᠡᠷᠭᠡ ᠠᠭᠤᠯᠭ᠎ᠠ ᠳᠤ ᠲᠠᠶᠢᠯᠪᠤᠷᠢ ᠬᠢᠵᠤ᠂ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠠᠭᠤᠯᠭ᠎ᠠ ᠳᠤ ᠰᠢᠢᠳᠪᠦᠷᠢᠯᠡᠬᠦ ᠶᠠᠪᠤᠴᠠ ᠶᠢ ᠲᠣᠭᠲᠠᠭᠠᠵᠤ᠂ ᠬᠢᠨᠠᠯᠲᠠ ᠲᠠᠯᠪᠢᠬᠤ ᠪᠠ ᠵᠠᠭᠠᠯᠳᠤᠬᠤ ᠠᠷᠭ᠎ᠠ ᠬᠡᠯᠪᠡᠷᠢ ᠶᠢ ᠬᠠᠩᠭᠠᠪᠠ᠃ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠠᠷᠴᠠᠭ ᠤᠨ ᠪᠣᠯᠤᠩ ᠢ ᠪᠠᠶᠢᠭᠤᠯᠵᠤ᠂ ᠴᠢᠮᠡᠭᠡ ᠵᠠᠩᠭᠢ ᠶᠢ ᠲᠦᠷᠤᠯ ᠬᠤᠪᠢᠶᠠᠵᠤ᠂ ᠠᠯᠢᠪᠠ ᠳᠡᠳ᠋ ᠭᠠᠷᠴᠠᠭ ᠢ ᠦᠵᠡᠮᠡᠭᠴᠡ ᠲᠣᠪ ᠲᠤᠳᠤᠷᠬᠠᠢ       ︵ᠭᠤᠷᠪᠠ︶ ᠠᠵᠢᠯ ᠤᠨ ᠲᠣᠭᠲᠠᠴᠠ ᠪᠠ ᠳᠦᠷᠢᠮ ᠢ ᠪᠠᠶᠢᠭᠤᠯᠵᠤ ᠲᠡᠭᠦᠯᠳᠡᠷᠵᠢᠭᠦᠯᠦᠭᠰᠡᠨ ᠪᠠᠶᠢᠳᠠᠯ       ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠠᠵᠢᠯ ᠤᠨ ᠳᠦᠷᠢᠮ ᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠵᠤ᠂ ᠪᠦᠬᠦ ᠬᠤᠰᠢᠭᠤᠨ ᠤ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠤᠶᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠳᠤᠷᠢᠳᠤᠯᠭ᠎ᠠ ᠬᠤᠪᠢᠶᠠᠨ ᠬᠠᠮᠢᠶᠠᠷᠬᠤ᠂ ᠡᠳᠤᠷ ᠳᠣᠲᠤᠮ ᠤᠨ ᠠᠵᠢᠯ ᠤᠨ ᠬᠠᠷᠢᠭᠤᠴᠠᠯᠭ᠎ᠠ ᠶᠢ ᠬᠦᠮᠦᠨ ᠳᠤ ᠬᠦᠷᠭᠡᠬᠦ ᠶᠢ ᠪᠡᠶᠡᠯᠡᠭᠦᠯᠪᠡ᠃ ᠡᠯ᠎ᠡ ᠨᠢᠭᠡᠴᠡ ᠶᠢᠨ ᠢᠯᠡ ᠪᠣᠯᠭᠠᠬᠤ ᠴᠢᠬᠤᠯᠠ ᠲᠠᠢ ᠠᠭᠤᠯᠭ᠎ᠠ᠂ ᠬᠡᠯᠪᠡᠷᠢ ᠵᠢᠴᠢ ᠬᠢᠨᠠᠨ ᠰᠢᠯᠭᠠᠬᠤ ᠵᠦᠪᠯᠡᠨ ᠲᠣᠭᠲᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠤᠷᠬᠠᠶᠢᠯᠠᠪᠠ᠃ ᠡᠯ᠎ᠡ ᠰᠠᠯᠠᠭ᠎ᠠ ᠮᠦᠴᠢᠷ ᠢ ᠱᠠᠭᠠᠷᠳᠠᠵᠤ ᠲᠤᠰ ᠨᠢᠭᠡᠴᠡ ᠶᠢᠨ ᠢᠶᠠᠨ ᠦᠨᠳᠤᠰᠤᠨ ᠪᠠᠶᠢᠳᠠᠯ᠂ ᠵᠢᠱᠢᠶᠡᠯᠡᠪᠡᠯ᠄ ᠪᠠᠶᠢᠭᠤᠯᠤᠮᠵᠢ ᠪᠠᠶᠢᠭᠤᠯᠬᠤ᠂ ᠲᠤᠰᠢᠶᠠᠯ ᠬᠠᠷᠢᠭᠤᠴᠠᠯᠭ᠎ᠠ᠂ ᠡᠷᠬᠡ ᠲᠤᠰᠢᠶᠠᠯ᠂ ᠠᠵᠢᠯ ᠡᠷᠬᠢᠯᠡᠬᠦ ᠭᠡᠷᠡᠴᠢ ᠪᠠᠷᠢᠮᠲᠠ᠂ ᠴᠢᠬᠤᠯᠠ ᠡᠯᠧᠮᠧᠨ᠋ᠲ ᠪᠠ ᠴᠠᠭ ᠤᠨ ᠬᠢᠵᠠᠭᠠᠷᠯᠠᠯ᠂ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ ᠪᠠ ᠵᠠᠰᠠᠭ ᠤᠨ ᠶᠠᠪᠤᠳᠠᠯ ᠤᠨ ᠰᠢᠢᠳᠪᠤᠷᠢ ᠵᠡᠷᠭᠡ ᠶᠢ ᠢᠯᠡ ᠪᠣᠯᠭᠠᠪᠠ᠃ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠣᠯᠭᠠᠬᠤ ᠪᠦᠯᠦᠭ ᠢ ᠪᠠᠶᠢᠭᠤᠯᠵᠤ᠂ ᠴᠠᠭ ᠲᠣᠬᠠᠢ ᠳᠤᠨᠢ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠴᠠᠭ ᠲᠣᠬᠠᠢ ᠳᠤᠨᠢ ᠢᠯᠡ ᠪᠣᠯᠭᠠᠬᠤ ᠴᠢᠬᠤᠯᠠ ᠲᠠᠢ ᠴᠢᠮᠡᠭᠡ ᠵᠠᠩᠭᠢ ᠶᠢ ᠮᠡᠳᠡᠭᠳᠡᠪᠡ᠃ ᠵᠠᠰᠠᠭ ᠤᠨ ᠣᠷᠳᠣᠨ ᠤ  ᠫᠣᠷᠲ᠋ᠧᠯ ᠰᠦᠯᠵᠢᠶᠡᠨ ᠤ ᠴᠡᠭ ᠳᠡᠭᠡᠷ᠎ᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠭᠦᠢ ᠳᠦᠷᠢᠮ ᠤᠨ ᠲᠤᠰᠬᠠᠢ ᠪᠣᠯᠤᠩ ᠢ ᠪᠠᠶᠢᠭᠤᠯᠪᠠ᠃       ︵ᠳᠥᠷᠪᠡ︶ ᠬᠤᠯᠪᠤᠭᠳᠠᠯ ᠪᠦᠬᠦᠢ ᠪᠦᠷᠢᠨ ᠲᠦᠭᠦᠷ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠ ᠨᠠᠶᠢᠲᠠᠪᠦᠷᠢᠵᠢᠭᠤᠯᠤᠭᠰᠠᠨ ᠪᠠᠶᠢᠳᠠᠯ       ᠬᠤᠯᠪᠤᠭᠳᠠᠯ ᠪᠦᠬᠦᠢ ᠪᠦᠷᠢᠨ ᠲᠦᠭᠦᠷ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠨᠠᠶᠢᠲᠠᠪᠤᠷᠢᠵᠢᠭᠤᠯᠬᠤ ᠲᠠᠯ᠎ᠠ ᠪᠠᠷ᠂ 2013 ᠣᠨ ᠳᠤ ᠮᠠᠨ ᠤ ᠬᠤᠰᠢᠭᠤ 60 ᠲᠦᠮᠡ ᠢᠯᠡᠭᠦᠦ ᠪᠡᠯᠡ ᠣᠷᠤᠭᠤᠯᠵᠤ 7ᠰᠣᠮᠣ ᠪᠠᠯᠭᠠᠰᠤ ᠶᠢᠨ ᠳᠦᠭᠦᠮ ᠦᠵᠡᠭᠦᠯᠬᠦ ᠤᠶᠢᠯᠡᠴᠢᠯᠡᠭᠡᠨ ᠤ ᠲᠦᠪ᠂ 25 ᠳᠦᠭᠦᠮ ᠦᠵᠡᠭᠦᠯᠬᠦ ᠤᠶᠢᠯᠡᠴᠢᠯᠡᠭᠡᠨ ᠤ ᠴᠡᠭ ᠢ ᠪᠠᠶᠢᠭᠤᠯᠪᠠ᠃ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠶᠢᠯᠡᠴᠢᠯᠡᠭᠡᠨ ᠤ ᠲᠦᠪ ᠠᠴᠠ 7 ᠰᠣᠮᠣ ᠪᠠᠯᠭᠠᠰᠤᠨ ᠤ ᠳᠦᠭᠦᠮ ᠦᠵᠡᠭᠦᠯᠬᠦ ᠤᠶᠢᠯᠡᠴᠢᠯᠡᠭᠡᠨ ᠤ ᠲᠦᠪ ᠲᠤ ᠨᠢᠭᠡᠳᠤᠯᠲᠡᠢ ᠠᠯᠪᠠᠨ ᠭᠡᠷ ᠤᠨ ᠬᠡᠷᠡᠭᠰᠡᠯ ᠲᠣᠬᠢᠷᠠᠭᠤᠯᠵᠤ᠂ ᠨᠢᠭᠡᠲᠤᠯᠲᠡᠢ ᠵᠢᠷᠤᠭ ᠤᠨ ᠪᠠᠷ ᠬᠢᠵᠤ᠂ ᠨᠢᠭᠡᠲᠤᠯᠲᠡᠢ ᠠᠵᠢᠯᠲᠠᠨ ᠢ ᠲᠣᠬᠢᠷᠠᠭᠤᠯᠬᠤ ᠪᠠ ᠪᠣᠯᠪᠠᠰᠤᠷᠠᠭᠤᠯᠵᠤ᠂ ᠳᠦᠭᠦᠮ ᠦᠵᠡᠭᠦᠯᠬᠦ ᠤᠶᠢᠯᠡᠴᠢᠯᠡᠭᠡ ᠶᠢ ᠪᠦᠷᠬᠦᠭᠦᠯᠬᠦ ᠨᠣᠷᠮ᠎ᠡ ᠪᠦᠬᠦ ᠬᠤᠰᠢᠭᠤᠨ ᠤ ᠬᠦᠮᠦᠨ ᠠᠮᠠ ᠶᠢᠨ 50 %᠎ ᠲᠤ ᠬᠦᠷᠴᠤ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠡᠢ᠃ ᠠᠷᠠᠳ ᠲᠤ ᠳᠦᠭᠦᠮ ᠦᠵᠡᠭᠦᠯᠬᠦ ᠤᠶᠢᠯᠡᠴᠢᠯᠡᠭᠡ ᠶᠢᠨ ᠵᠤᠶᠢᠯᠡᠰ ᠢ ᠳᠠᠬᠢᠨ ᠡᠮᠬᠢᠯᠡᠵᠦ᠂ ᠵᠤᠶᠢᠯ ᠪᠦᠷᠢ ᠶᠢᠨ ᠠᠵᠢᠯ ᠡᠷᠬᠢᠯᠡᠬᠦ ᠭᠡᠷᠡᠴᠢ ᠪᠠᠷᠢᠮᠲᠠ᠂ ᠬᠡᠷᠡᠭᠯᠡᠬᠦ ᠮᠠᠲ᠋ᠧᠷᠢᠶᠠᠯ᠂ ᠠᠵᠢᠯ ᠡᠷᠬᠢᠯᠡᠬᠦ ᠶᠠᠪᠤᠴᠠ᠂ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠳᠠᠷᠤᠮᠯᠠᠵᠤ ᠤᠶᠢᠯᠡᠴᠢᠯᠡᠬᠦ ᠤᠳᠤᠷᠢᠳᠤᠮᠵᠢ ᠶᠢᠨ ᠳᠡᠪᠲᠡᠷ ᠪᠣᠯᠭᠠᠪᠠ᠃ ᠬᠢᠲᠠᠳ ᠬᠡᠯᠡ ᠶᠢᠨ ᠤᠶᠢᠯᠡᠴᠢᠯᠡᠭᠡ ᠶᠢᠨ ᠤᠳᠤᠷᠢᠳᠤᠮᠵᠢ ᠶᠢ ᠳᠠᠷᠤᠮᠯᠠᠵᠤ ᠬᠢᠬᠦ  ᠶᠢᠨ ᠵᠡᠷᠭᠡᠪᠡᠷ᠂ ᠮᠣᠩᠭᠤᠯ ᠬᠡᠯᠡᠨ ᠤ ᠤᠶᠢᠯᠡᠴᠢᠯᠡᠭᠡ ᠶᠢᠨ ᠤᠳᠤᠷᠢᠳᠤᠮᠵᠢ ᠶᠢ ᠳᠠᠷᠤᠮᠯᠠᠨ ᠬᠢᠵᠤ᠂ ᠪᠦᠬᠦ  ᠬᠤᠰᠢᠭᠤᠨ ᠤ ᠠᠷᠠᠳ ᠲᠦᠮᠡᠨ ᠳᠤ ᠴᠢᠷᠮᠠᠶᠢᠨ ᠤᠶᠢᠯᠡᠴᠢᠯᠡᠪᠡ᠃ ᠡᠯ᠎ᠡ ᠵᠤᠶᠢᠯ ᠤᠨ ᠤᠶᠢᠯᠡᠴᠢᠯᠡᠭᠡ ᠶᠢᠨ ᠳᠦᠷᠢᠮ ᠢ ᠳᠡᠪᠲᠡᠷ ᠪᠣᠯᠭᠠᠨ᠂ ᠡᠷᠢᠵᠤ ᠦᠵᠡᠬᠦ ᠳᠤ ᠳᠦᠭᠦᠮ ᠪᠣᠯᠭᠠᠪᠠ᠃       ︵ᠲᠠᠪᠤ︶  ᠤᠬᠠᠭᠤᠯᠵᠤ ᠪᠣᠯᠪᠠᠰᠤᠷᠠᠭᠤᠯᠤᠭᠰᠠᠨ ᠪᠠᠶᠢᠳᠠᠯ       ︽ᠳᠦᠷᠢᠮ︾᠎ ᠢ ᠬᠡᠷᠡᠭᠵᠢᠭᠦᠯᠬᠦ ᠤᠬᠠᠭᠤᠯᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠮᠠᠨ ᠤ ᠬᠤᠰᠢᠭᠤ ︽ᠳᠦᠷᠢᠮ︾᠎ ᠢ ᠲᠠᠷᠬᠠᠭᠠᠬᠤ ᠪᠠᠷ ᠳᠠᠮᠵᠢᠵᠤ᠂ ᠪᠠᠶᠢᠭᠤᠯᠤᠯᠭ᠎ᠠ ᠶᠢᠨ ᠺᠠᠲᠠᠷ ᠠᠵᠢᠯᠲᠠᠨ ᠢ ᠬᠢᠨᠠᠮᠠᠭᠠᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠪᠣᠯᠪᠠᠰᠤᠷᠠᠯ ᠳᠤ ᠣᠷᠤᠯᠴᠠᠬᠤ᠂ ᠲᠠᠶᠢᠯᠪᠤᠷᠢ ᠦᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ︽ᠳᠦᠷᠢᠮ︾᠎ ᠢ ᠤᠬᠠᠭᠤᠯᠵᠤ᠂ ︽ᠳᠦᠷᠢᠮ︾᠎ ᠢ  ᠬᠡᠷᠡᠭᠵᠢᠭᠦᠯᠬᠦ ᠳᠤ ᠶᠡᠭᠡ ᠣᠷᠴᠢᠨ ᠲᠣᠭᠤᠷᠢᠨ ᠢ ᠡᠭᠦᠳᠴᠤ᠂ ᠰᠠᠶᠢᠨ ᠦᠷ᠎ᠡ ᠪᠦᠳᠤᠮᠵᠢ ᠣᠯᠪᠠ᠃       2013 ᠣᠨ ᠳᠤ᠂ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠠᠴᠠ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠡᠯ᠎ᠡ ᠨᠢᠭᠡᠴᠡ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠤᠯᠴᠠᠵᠤ ᠪᠠᠶᠢᠭ᠎ᠠ ᠠᠵᠢᠯᠲᠠᠨ ᠢ 3 ᠤᠳᠠᠭ᠎ᠠ ᠲᠦᠪᠯᠡᠷᠡᠭᠦᠯᠦᠨ ᠰᠤᠷᠤᠯᠴᠠᠭᠤᠯᠵᠤ᠂ 2 ᠤᠳᠠᠭ᠎ᠠ ᠪᠣᠯᠪᠠᠰᠤᠷᠠᠯ ᠤᠨ ᠠᠩᠭᠢ ᠡᠷᠬᠢᠯᠡᠵᠦ᠂ ᠪᠣᠯᠪᠠᠰᠤᠷᠠᠯ ᠳᠤ ᠣᠷᠤᠯᠴᠠᠭᠰᠠᠨ ᠠᠵᠢᠯᠲᠠᠨ 140 ᠬᠦᠮᠦᠨ ᠤᠳᠠᠭ᠎ᠠ ᠳᠤ ᠬᠦᠷᠴᠡᠢ᠃ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠨᠢᠭᠦᠯᠦᠭᠰᠡᠨ ᠪᠠᠶᠢᠳᠠᠯ ᠳᠤ ᠪᠠᠶᠢᠴᠠᠭᠠᠬᠤ ᠠᠵᠢᠯ ᠬᠢᠵᠤ᠂ ᠬᠢᠨᠠᠨ ᠪᠠᠶᠢᠴᠠᠭᠠᠬᠤ ᠶᠢ ᠨᠡᠶᠢᠲᠡᠯᠡᠬᠦ ᠶᠢ ᠪᠦᠷᠢᠯᠳᠤᠭᠦᠯᠵᠦ᠂ ᠡᠯ᠎ᠡ ᠨᠢᠭᠡᠴᠡ ᠬᠤᠯᠪᠤᠭᠳᠠᠯ ᠪᠦᠬᠦᠢ ᠠᠵᠢᠯ ᠢ ᠬᠢᠨᠠᠮᠠᠭᠠᠢ ᠪᠡᠶᠡᠯᠡᠬᠦᠯᠬᠦ ᠶᠢ ᠱᠠᠭᠠᠷᠳᠠᠪᠠ᠃       ᠬᠤᠶᠠᠷ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ       ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠭᠤᠯᠭ᠎ᠠ       ᠮᠠᠨ ᠤ ᠬᠤᠰᠢᠭᠤ ᠦᠪᠡᠷ ᠤᠨ ᠪᠣᠲᠠᠲᠠᠢ ᠲᠠᠢ ᠤᠶᠠᠯᠳᠤᠭᠤᠯᠤᠨ᠂ ᠬᠤᠯᠪᠤᠭᠳᠠᠯ ᠪᠦᠬᠦᠢ ᠬᠦᠮᠦᠰ ᠢ ᠵᠣᠬᠢᠶᠠᠨ ᠪᠠᠶᠢᠭᠤᠯᠵᠤ ᠢᠯᠡ ᠪᠣᠯᠭᠠᠬᠤ ᠪᠠᠷ ᠪᠠᠶᠢᠬᠤ ᠠᠭᠤᠯᠭ᠎ᠠ ᠳᠤ ᠬᠢᠨᠠᠮᠠᠭᠠᠢ ᠡᠮᠬᠢᠯᠡᠯᠡᠲᠡ ᠬᠢᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠪᠠᠯ ᠵᠣᠬᠢᠬᠤ ᠬᠦᠷᠢᠶ᠎ᠡ ᠬᠡᠪᠴᠢᠶ᠎ᠡ ᠪᠠ ᠠᠭᠤᠯᠭ᠎ᠠ ᠶᠢ ᠪᠦᠷᠢᠮᠤᠰᠤᠨ ᠡᠵᠡᠮᠰᠢᠭᠰᠡᠨ ᠪᠠᠶᠢᠳᠠᠯ ᠳᠣᠣᠷ᠎ᠠ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠲᠣᠳᠤᠷᠬᠠᠢ ᠢᠯᠭᠠᠵᠠᠢ᠃ ᠣᠨᠴᠠᠭᠠᠢ ᠲᠡᠥᠭᠡ ᠶᠢᠨ ᠬᠤᠭᠤᠴᠠᠭᠠᠨ ᠳᠤ ᠪᠣᠢ ᠪᠣᠯᠤᠭᠰᠠᠨ ᠳᠦᠷᠢᠮᠵᠢᠯᠲᠤ ᠴᠢᠨᠠᠷ ᠲᠠᠢ ᠮᠠᠲ᠋ᠧᠷᠢᠶᠠᠯ᠂ ᠣᠳᠤ ᠪᠠᠷ ᠮᠦᠨᠴᠤ ᠨᠡᠶᠢᠳᠡᠮ ᠬᠡᠷᠡᠭᠵᠢᠭᠦᠯᠵᠦ ᠪᠠᠶᠢᠭ᠎ᠠ ᠪᠣᠯ᠂ ᠬᠤᠯᠪᠤᠭᠳᠠᠯ ᠪᠦᠬᠦᠢ ᠳᠦᠷᠢᠮ ᠢ ᠦᠨᠳᠤᠰᠤᠯᠡᠵᠦ ᠢᠯᠡ ᠪᠣᠯᠭᠠᠨ᠎ᠠ᠃ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠬᠡᠷᠡᠭᠵᠢᠭᠦᠯᠬᠦ ᠪᠣᠲᠠᠲᠠᠢ ᠤᠳᠬ᠎ᠠ ᠠᠭᠤᠯᠭ᠎ᠠ ᠪᠠᠨ ᠠᠯᠳᠠᠭᠰᠠᠨ ᠪᠣᠯ ᠡᠷᠡᠰ ᠬᠦᠴᠦᠨ ᠦᠭᠡᠢ ᠪᠣᠯᠭᠠᠨ᠎ᠠ᠃ ︽ᠬᠡᠨ ᠬᠢᠪᠡᠯ᠂ ᠬᠡᠨ ᠬᠢᠨᠠᠨ ᠪᠠᠶᠢᠴᠠᠭᠠᠵᠤ᠂ ᠬᠡᠨ ᠢᠯᠡ ᠪᠣᠯᠭᠠᠪᠠᠯ᠂ ᠬᠡᠨ ᠬᠠᠷᠢᠭᠤᠴᠠᠬᠤ︾ ᠪᠠ ︽ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠶᠢ ᠤᠶᠠᠯᠳᠤᠭᠤᠯᠬᠤ︾ ᠵᠠᠷᠴᠢᠮ ᠢ ᠦᠨᠳᠦᠰᠦᠯᠡᠵᠦ᠂ ᠡᠯ᠎ᠡ ᠨᠢᠭᠡᠴᠡ ᠶᠢ ᠱᠠᠭᠠᠷᠳᠠᠵᠤ ᠠᠯᠢᠪᠠ ᠵᠠᠰᠠᠭ ᠤᠨ ᠣᠷᠳᠣᠨ ᠤ ᠤᠶᠢᠯᠡ ᠠᠵᠢᠯᠯᠠᠭ᠎ᠠ ᠶᠢ ᠬᠠᠮᠢᠶᠠᠷᠬᠤ ᠲᠠᠢ ᠬᠤᠯᠪᠤᠭᠳᠠᠬᠤ ᠡᠷᠬᠡ ᠲᠤᠰᠢᠶᠠᠯ᠂ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠢᠵᠠᠭᠠᠷᠯᠠᠯ᠂ ᠲᠦᠷᠤ ᠶᠢᠨ ᠪᠣᠳᠤᠯᠭ᠎ᠠ᠂ ᠬᠠᠥᠯᠢ ᠴᠠᠭᠠᠵᠠ᠂ ᠬᠠᠥᠯᠢ ᠳᠦᠷᠢᠮ᠂ ᠡᠷᠬᠢᠯᠡᠬᠦ  ᠵᠤᠶᠢᠯ᠂ ᠠᠵᠢᠯ ᠡᠷᠬᠢᠯᠡᠬᠦ ᠶᠠᠪᠤᠴᠠ᠂ ᠠᠵᠢᠯ ᠡᠷᠬᠢᠯᠡᠬᠦ ᠬᠤᠭᠤᠴᠠᠭ᠎ᠠ᠂ ᠤᠶᠢᠯᠡᠴᠢᠯᠡᠬᠦ ᠲᠦᠷᠤᠯ ᠵᠤᠶᠢᠯ᠂ ᠡᠯ᠎ᠡ ᠲᠦᠷᠤᠯ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠵᠢᠴᠢ ᠭᠡᠷᠡᠴᠢ ᠪᠠᠷᠢᠮᠲᠠ᠂ ᠨᠢᠭᠤᠴᠠ ᠶᠢ ᠬᠠᠮᠠᠭᠠᠯᠠᠬᠤ ᠳᠦᠷᠢᠮ ᠠᠴᠠ ᠵᠦᠷᠢᠴᠠᠬᠦ ᠦᠭᠡᠢ ᠪᠣᠯ᠂ ᠴᠢᠮᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃       ᠢᠯᠡ ᠪᠣᠯᠭᠠᠬᠤ ᠠᠭᠤᠯᠭ᠎ᠠ ᠳᠤ᠂  ᠢᠳᠡᠭᠡᠨ ᠡᠮ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠤᠨ ᠪᠠᠶᠢᠳᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠰᠢᠯᠭᠠᠨ ᠬᠢᠨᠠᠬᠤ ᠪᠠᠶᠢᠳᠠᠯ ᠵᠡᠷᠭᠡ ᠠᠷᠠᠳ ᠣᠯᠠᠨ ᠤ ᠠᠮᠢᠳᠤᠷᠠᠯ ᠲᠠᠢ ᠬᠤᠯᠪᠤᠭᠳᠠᠯ ᠪᠦᠬᠦᠢ ᠴᠢᠮᠡᠭᠡ ᠵᠠᠩᠭᠢ ᠶᠢ ᠭᠤᠣᠯᠴᠢᠯᠠᠨ ᠢᠯᠡ ᠪᠣᠯᠭᠠᠪᠠ᠃ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠳᠡᠭᠡᠷ᠎ᠡ᠂ ᠦᠨᠦᠳᠤᠷ ᠤᠨ ᠣᠩᠨᠢᠭᠤᠳ ᠬᠤᠰᠢᠭᠤ᠂ ᠦᠨᠳᠤᠰᠤᠨ ᠱᠠᠲᠤᠨ ᠤ ᠬᠦᠳᠡᠯᠦᠩᠭᠦᠢ ᠪᠠᠶᠢᠳᠠᠯ ᠨᠢ ᠰᠢᠶᠠᠩ ᠪᠠᠯᠭᠠᠰᠤ ᠶᠢᠨ ᠠᠵᠢᠯ᠂ ᠣᠩᠨᠢᠭᠤᠳ ᠬᠤᠰᠢᠭᠤᠨ ᠤ ᠰᠢᠨ᠎ᠡ ᠳᠦᠷᠢ ᠳᠦᠷᠭᠦ ᠶᠢ ᠴᠠᠭ ᠲᠣᠬᠠᠢ  ᠎ ᠳᠤᠨᠢ ᠲᠤᠰᠬᠠᠵᠤ ᠪᠠᠶᠢᠨ᠎ᠠ᠃       ︵ᠬᠤᠶᠠᠷ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠷᠭ᠎ᠠ ᠬᠡᠯᠪᠡᠷᠢ       ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠴᠢᠮᠡᠭᠡ ᠵᠠᠩᠭᠢ ᠶᠢ ᠢᠯᠡ ᠪᠣᠯᠭᠠᠬᠤ ᠳᠤ ᠲᠤᠯᠭᠠᠭᠤᠷᠢ ᠪᠣᠯᠭᠠᠪᠠ᠃ ᠰᠦᠯᠵᠢᠶᠡᠨ ᠤ ᠴᠡᠭ ᠤᠨ ᠪᠣᠯᠤᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠦᠯᠵᠢᠶᠡᠨ ᠤ ᠴᠡᠭ ᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠠᠪᠠᠭᠤᠯᠢᠭ ᠲᠠᠪᠴᠠᠩ ᠪᠣᠯᠭᠠᠪᠠ᠃ ᠵᠡᠷᠭᠡᠪᠡᠷ᠂ ᠢᠯᠡ ᠪᠣᠯᠭᠠᠪᠠᠯ ᠵᠣᠬᠢᠬᠤ ᠠᠭᠤᠯᠭ᠎ᠠ ᠶᠢ ᠤᠯᠠᠭᠠᠨᠬᠠᠲᠠ ᠬᠤᠲᠠ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠤ ᠴᠡᠭ ᠳᠡᠭᠡᠷ᠎ᠡ ᠨᠡᠶᠢᠲᠡᠯᠡᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠬᠦᠴᠦᠨ ᠲᠠᠢ ᠦᠷᠭᠡᠳᠭᠡᠪᠡ᠃ 2013 ᠣᠨ ᠳᠤ᠂ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠰᠠᠭᠤᠷᠢ ᠲᠦᠭᠦᠭᠡᠷᠤᠮᠵᠢ ᠵᠢᠴᠢ ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠪᠦᠯᠦᠭ ᠢ ᠳᠠᠬᠢᠨ ᠪᠠᠶᠢᠭᠤᠯᠵᠤ᠂ ᠴᠢᠮᠡᠭᠡ ᠵᠠᠩᠭᠢ ᠶᠢ ᠢᠯᠡ ᠪᠣᠯᠭᠠᠬᠤ ᠪᠣᠯᠤᠩ ᠤᠨ ᠪᠠᠶᠢᠭᠤᠯᠤᠯᠲᠠ ᠶᠢ ᠳᠠᠬᠢᠨ ᠲᠣᠬᠢᠷᠠᠭᠤᠯᠵᠤ᠂ ᠲᠡᠭᠦᠨ ᠢ ᠨᠡᠩ ᠵᠣᠬᠢᠰᠲᠠᠢ᠂ ᠡᠷᠢᠵᠤ ᠦᠵᠡᠬᠦ ᠎ ᠳᠤ ᠳᠦᠭᠦᠮ ᠪᠣᠯᠭᠠᠪᠠ᠃       2013ᠣᠨ ᠳᠤ᠂ ᠪᠦᠬᠦ ᠵᠢᠯ ᠢᠶᠠᠷ ᠢᠶᠠᠨ ᠬᠤᠰᠢᠭᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠎ ᠤ ᠴᠡᠭ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠡᠯ᠎ᠡ ᠲᠦᠷᠤᠯ ᠤᠨ ᠴᠢᠮᠡᠭᠡ ᠵᠠᠩᠭᠢ ᠨᠡᠶᠢᠲᠡ 3900 ᠢᠯᠡᠭᠦᠦ ᠵᠣᠷᠪᠤᠰ᠂ ᠵᠠᠰᠠᠭ ᠤᠨ ᠣᠷᠳᠣᠨ ᠤ ᠠᠵᠢᠯ ᠤᠨ ᠬᠦᠳᠡᠯᠦᠩᠭᠦᠢ ᠲᠦᠷᠤᠯ ᠤᠨ ᠴᠢᠮᠡᠭᠡ ᠵᠠᠩᠭᠢ ᠶᠢ 2100 ᠢᠯᠡᠭᠦᠦ ᠵᠣᠷᠪᠤᠰ ᠰᠢᠨᠡᠳᠭᠡᠪᠡ᠃ ᠢᠯᠡ ᠪᠠᠶᠢᠴᠠᠭᠠᠨ ᠦᠵᠡᠬᠦ ᠲᠠᠯᠠᠪᠤᠷ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠪᠠᠶᠢᠴᠠᠭᠠᠨ ᠦᠵᠡᠭᠰᠡᠨ ᠬᠦᠮᠦᠨ ᠤ ᠲᠤᠭ᠎ᠠ 1000 ᠤᠳᠠᠭ᠎ᠠ ᠠᠴᠠ ᠳᠡᠭᠡᠭᠰᠢ ᠬᠦᠷᠴᠡᠢ᠃ ᠵᠠᠰᠠᠭ ᠤᠨ ᠣᠷᠳᠣᠨ ᠤ ᠰᠦᠯᠵᠢᠶᠡᠨ ᠤ  ᠴᠡᠭ ᠤᠨ ᠴᠢᠮᠡᠭᠡ ᠵᠠᠩᠭᠢ ᠶᠢ ᠢᠯᠡ ᠪᠣᠯᠭᠠᠭᠰᠠᠨ ᠲᠤᠰᠬᠠᠢ ᠪᠣᠯᠤᠩ ᠤᠨ ᠨᠢᠭᠤᠷ ᠢ ᠰᠣᠷᠪᠤᠯᠵᠢᠯᠠᠭᠰᠠᠨ ᠲᠤᠭ᠎ᠠ 30000 ᠤᠳᠠᠭ᠎ᠠ ᠠᠴᠠ ᠳᠡᠭᠡᠭᠰᠢ ᠬᠦᠷᠴᠡᠢ᠃       ᠭᠤᠷᠪᠠ᠂ ᠭᠤᠶᠤᠴᠢᠯᠠᠯ ᠢ ᠦᠨᠳᠦᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ       ᠭᠤᠶᠤᠴᠢᠯᠠᠯ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠳᠦᠷᠢᠮᠵᠢᠭᠦᠯᠬᠦ ᠲᠠᠯ᠎ᠠ ᠪᠠᠷ᠂ ᠮᠠᠨ ᠤ ᠬᠤᠰᠢᠭᠤ ᠭᠤᠶᠤᠴᠢᠯᠠᠯ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠶᠠᠪᠤᠴᠠ ᠶᠢ ᠲᠣᠭᠲᠠᠭᠠᠵᠤ᠂ ᠭᠤᠶᠤᠴᠢᠯᠠᠯ ᠢ ᠬᠦᠯᠢᠶᠠᠨ ᠠᠪᠬᠤ ᠡᠯ᠎ᠡ ᠬᠤᠭᠤᠴᠠᠭ᠎ᠠ ᠳᠠᠬᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠢ ᠲᠣᠳᠤᠷᠬᠠᠶᠢᠯᠠᠵᠤ᠂ ᠰᠦᠯᠵᠢᠶᠡᠨ ᠤ ᠴᠡᠭ᠂ ᠵᠠᠬᠢᠳᠠᠯ ᠴᠢᠮᠡᠭᠡ᠂ ᠳᠦᠷᠰᠤ ᠨᠡᠪᠲᠡᠷᠡᠭᠦᠯᠬᠦ᠂ ᠢᠮᠧᠯ ᠵᠡᠷᠭᠡ ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠪᠦᠬᠦ ᠲᠠᠯ᠎ᠠ ᠪᠠᠷ ᠰᠢᠯᠦᠭᠤᠳᠬᠠᠵᠠᠢ᠃       2013ᠣᠨ ᠳᠤ ᠨᠡᠶᠢᠲᠡ 2 ᠤᠳᠠᠭ᠎ᠠ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠵᠤ᠂  ᠪᠦᠬᠦᠨ ᠢ ᠬᠤᠰᠢᠭᠤᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠬᠦᠯᠢᠶᠡᠨ ᠠᠪᠴᠤ᠂ ᠢᠯᠡ ᠪᠣᠯᠭᠠᠬᠤ ᠪᠠᠷ ᠱᠠᠭᠠᠷᠳᠠᠭᠳᠠᠭᠰᠠᠨ ᠨᠢᠭᠡᠴᠡ ᠲᠠᠢ ᠬᠠᠷᠢᠯᠴᠠᠵᠤ᠂ ᠰᠠᠶᠢᠲᠤᠷ ᠰᠢᠢᠳᠪᠤᠷᠢᠯᠡᠪᠡ᠃       ᠳᠥᠷᠪᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ ᠵᠠᠭᠠᠯᠳᠤᠬᠤ ᠶᠢ ᠬᠦᠯᠢᠶᠡᠨ ᠠᠪᠤᠭᠰᠠᠨ ᠪᠠᠶᠢᠳᠠᠯ ᠵᠢᠴᠢ ᠰᠢᠢᠳᠪᠤᠷᠢᠯᠡᠭᠰᠡᠨ ᠦᠷ᠎ᠡ ᠳ᠋ᠦᠩ       ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ ᠠᠵᠢᠯ ᠳᠤᠮᠳᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠠᠯᠪᠠᠨ ᠭᠡᠷ ᠪᠠᠶᠢᠭᠤᠯᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ ᠵᠠᠭᠠᠯᠳᠤᠬᠤ ᠪᠠ ᠰᠢᠢᠳᠪᠤᠷᠢᠯᠡᠬᠦ ᠳᠦᠷᠢᠮ ᠢ ᠲᠣᠭᠲᠠᠭᠠᠵᠤ᠂ ᠦᠨᠳᠤᠰᠤᠨ  ᠭᠤᠭᠴᠤᠭ᠎ᠠ ᠳᠠᠬᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠢ ᠲᠣᠳᠤᠷᠬᠠᠶᠢᠯᠠᠵᠦ᠂ ᠵᠠᠭᠠᠯᠳᠤᠬᠤ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠪᠡ᠃       2013ᠣᠨ ᠳᠤ᠂ ᠮᠠᠨ ᠤ ᠬᠤᠰᠢᠭᠤ  ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ ᠵᠠᠭᠠᠯᠳᠤᠬᠤ ᠪᠠᠶᠢᠳᠠᠯ ᠡᠭᠦᠰᠤᠭ᠍ᠰᠡᠨ ᠦᠭᠡᠢ᠃       ᠲᠠᠪᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠤ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ ᠳᠤᠷᠠᠳᠤᠭᠰᠠᠨ ᠪᠠᠶᠢᠳᠠᠯ       ᠮᠠᠨ ᠤ ᠬᠤᠰᠢᠭᠤ ᠵᠠᠰᠠᠭ ᠤᠨ ᠣᠷᠳᠣᠨ  ᠎ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠠᠩᠬ᠎ᠠ ᠠᠯᠬᠤᠮ ᠪᠠᠶᠢᠭᠤᠯᠵᠤ᠂ ᠬᠤᠰᠢᠭᠤᠨ ᠤ ᠬᠢᠨᠠᠨ ᠪᠠᠶᠢᠴᠠᠭᠠᠬᠤ ᠲᠣᠪᠴᠢᠶᠠᠨ ᠠᠴᠠ ᠡᠷᠬᠡᠲᠦ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠮᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠵᠢᠴᠢ ᠠᠵᠢᠯᠳᠠᠨ ︽ᠳᠦᠷᠢᠮ︾᠎ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠵᠠᠭᠠᠯᠳᠤᠬᠤ ᠶᠢ ᠬᠠᠷᠢᠭᠤᠴᠠᠵᠤ ᠬᠦᠯᠢᠶᠡᠨ ᠠᠪᠬᠤ ᠶᠢ ᠲᠣᠳᠤᠷᠬᠠᠶᠢᠯᠠᠵᠤ᠂ ᠭᠠᠳᠠᠭᠰᠢ ᠬᠠᠨᠳᠤᠭᠤᠯᠤᠭᠰᠠᠨ ᠲᠤᠰᠬᠠᠢ ᠤᠲᠠᠰᠤ᠂ ᠳᠦᠷᠰᠦ ᠨᠡᠪᠲᠡᠷᠡᠭᠦᠯᠬᠦ ᠮᠠᠰᠢᠨ ᠪᠠ ᠢᠮᠧᠯ ᠲᠣᠬᠢᠷᠠᠭᠤᠯᠵᠤ᠂ ᠡᠯ᠎ᠡ ᠲᠦᠷᠤᠯ ᠤᠨ ᠨᠡᠶᠢᠭᠡᠮ ᠤᠨ ᠵᠠᠭᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠭᠰᠡᠨ ᠮᠦᠷᠲᠡᠭᠡᠨ ᠨᠡᠶᠢᠳᠡᠮ ᠤᠨ ᠴᠢᠨᠠᠷᠲᠠᠢ ᠵᠠᠰᠠᠭ ᠵᠠᠬᠢᠷᠭᠠᠨ ᠤ ᠦᠷ᠎ᠡ ᠪᠦᠳᠤᠮᠵᠢᠲᠤ ᠪᠠᠶᠢᠴᠠᠭᠠᠯᠲᠠ ᠶᠢ ᠦᠷᠨᠢᠭᠦᠯᠵᠦ᠂ ᠡᠯ᠎ᠡ ᠱᠠᠲᠤ᠂ ᠡᠯ᠎ᠡ ᠲᠦᠷᠤᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠬᠠᠥᠯᠢ ᠶᠣᠰᠤᠭᠠᠷ ᠳᠦᠷᠢᠮ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠭᠦᠷᠭᠡ ᠶᠢ ᠬᠢᠨᠠᠮᠠᠭᠠᠢ ᠶᠠᠪᠤᠭᠳᠠᠭᠤᠯᠬᠤ ᠳᠤ ᠴᠢᠩᠭ᠎ᠠ ᠬᠢᠨᠠᠯᠲᠠ ᠲᠠᠯᠪᠢᠵᠤ᠂ ᠳᠦᠷᠢᠮ ᠠᠴᠠ ᠵᠦᠷᠢᠴᠡᠬᠦ ᠤᠶᠢᠯᠡ ᠠᠵᠢᠯᠯᠠᠭ᠎ᠠ ᠪᠠ ᠦᠵᠡᠭᠳᠡᠯ ᠡᠭᠦᠰᠬᠦ ᠶᠢ ᠴᠢᠩᠭ᠎ᠠ ᠰᠡᠷᠭᠡᠶᠢᠯᠡᠪᠡ᠃       2013 ᠣᠨ ᠳᠤ᠂ ᠪᠦᠬᠦ ᠵᠢᠯ ᠢᠶᠠᠷ ᠢᠶᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ  ᠪᠣᠯᠭᠠᠭᠰᠠᠨ ᠠᠴᠠ ᠪᠣᠯᠤᠭᠰᠠᠨ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠳᠤᠷᠠᠳᠤᠭᠰᠠᠨ ᠪᠠᠶᠢᠳᠠᠯ ᠦᠭᠡᠢ᠃       ᠵᠢᠷᠭᠤᠭ᠎ᠠ᠂ ᠣᠷᠤᠰᠢᠵᠤ ᠪᠠᠶᠢᠭ᠎ᠠ ᠭᠤᠣᠯ ᠠᠰᠠᠭᠤᠳᠠᠯ ᠪᠠ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ       ︵ᠨᠢᠭᠡ︶ ᠣᠷᠤᠰᠢᠵᠤ ᠪᠠᠶᠢᠭ᠎ᠠ ᠠᠰᠠᠭᠤᠳᠠᠯ       ᠨᠢᠭᠡ ᠳᠤ ᠲᠠᠨᠢᠯᠲᠠ ᠦᠨᠳᠤᠷ ᠪᠢᠰᠢ᠃ ᠵᠠᠷᠢᠮ ᠭᠠᠵᠠᠷ ᠣᠷᠤᠨ ᠪᠠ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠪᠠᠰᠠ ᠴᠢᠬᠤᠯᠠ ᠵᠦᠪᠯᠡᠬᠦ ᠲᠠᠷᠠᠭᠠᠯᠠᠯ ᠳᠤ ᠣᠷᠤᠭᠤᠯᠤᠭᠠᠳᠤᠢ᠂ ᠴᠢᠮᠡᠭᠡ ᠵᠠᠩᠭᠢ ᠶᠢ ᠵᠦᠪᠬᠡᠨ ᠨᠢᠭᠡ ᠵᠤᠶᠢᠯ ᠤᠨ ᠬᠡᠷᠡᠭ ᠶᠠᠪᠤᠳᠠᠯ ᠤᠨ ᠴᠢᠨᠠᠷᠲᠠᠢ᠂ ᠱᠠᠲᠤᠴᠢ ᠴᠢᠨᠠᠷᠲᠠᠢ ᠡᠭᠦᠷᠭᠡ ᠪᠠᠷ ᠦᠵᠡᠵᠤ᠂ ᠵᠠᠰᠠᠭ ᠤᠨ ᠣᠷᠳᠣᠨ ᠤ ᠡᠷᠬᠡ ᠲᠤᠰᠢᠶᠠᠯ ᠢ ᠬᠤᠪᠢᠷᠭᠠᠬᠤ᠂ ᠠᠷᠠᠳ ᠤᠨ ᠲᠦᠯᠦᠭᠡ ᠲᠦᠷᠤ ᠪᠠᠷᠢᠬᠤ ᠦᠵᠡᠯ ᠢ ᠪᠣᠢ ᠪᠣᠯᠭᠠᠬᠤ᠂ ᠠᠷᠢᠭᠤᠨ ᠴᠢᠭᠡᠴᠢ ᠪᠠᠶᠢᠭᠤᠯᠤᠯᠲᠠ ᠶᠢ ᠴᠢᠩᠭᠠᠳᠬᠠᠬᠤ ᠳᠡᠭᠡᠲᠤ ᠵᠡᠷᠭᠡ ᠶᠢᠨ ᠲᠠᠨᠢᠯᠲᠠ ᠪᠠᠶᠢᠬᠤ ᠦᠭᠡᠢ᠃  ᠠᠵᠢᠯᠯᠠᠬᠤ ᠨᠢ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠪᠠ ᠦᠷᠬᠦᠯᠵᠢᠯᠡᠭᠰᠡᠨ ᠴᠢᠨᠠᠷ ᠢᠶᠠᠷ ᠳᠤᠲᠠᠮᠠᠭ᠂ ᠭᠠᠭᠴᠠ ᠳᠡᠭᠡᠲᠤ ᠱᠠᠲᠤᠨ ᠤ ᠲᠣᠬᠢᠷᠠᠭᠤᠯᠤᠭᠰᠠᠨ ᠱᠠᠲᠤᠴᠢ ᠴᠢᠨᠠᠷ ᠲᠠᠢ ᠠᠵᠢᠯ ᠢ ᠪᠡᠶᠡᠯᠡᠬᠦᠯᠬᠦ ᠳᠤ ᠬᠠᠨᠤᠵᠤ᠂ ᠰᠢᠨ᠎ᠡ ᠡᠭᠦᠳᠤᠯᠲᠡ ᠪᠠᠶᠢᠬᠤ ᠦᠭᠡᠢ ᠪᠦᠭᠡᠳ ᠦᠷᠭᠦᠯᠵᠢ ᠦᠪᠡᠷ ᠢᠶᠠᠨ ᠡᠵᠡᠨ ᠮᠡᠳᠡᠵᠤ ᠠᠵᠢᠯ ᠢᠶᠠᠨ ᠲᠣᠬᠢᠷᠠᠭᠤᠯᠵᠤ ᠳᠡᠶᠢᠯᠬᠦ ᠦᠭᠡᠢ᠃        ᠬᠤᠶᠠᠷ ᠲᠤ ᠢᠯᠡ ᠪᠣᠯᠭᠠᠬᠤ ᠴᠢᠨᠠᠷ ᠲᠡᠶᠢᠮᠦ ᠰᠠᠶᠢᠨ ᠪᠢᠰᠢ᠃ ᠬᠡᠰᠡᠭ ᠭᠠᠵᠠᠷ ᠣᠷᠣᠨ ᠪᠠ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠦᠭᠦᠮ᠂ ᠬᠡᠯᠪᠡᠷᠢ ᠲᠠᠩ ᠴᠣᠯᠭᠤᠢ᠃ ᠠᠭᠤᠯᠭ᠎ᠠ ᠶᠢ ᠢᠯᠡ ᠪᠣᠯᠭᠠᠬᠤ ᠳᠡᠭᠡᠷ᠎ᠡ ᠠᠳᠠᠯᠢ ᠪᠣᠰᠤ ᠬᠡᠮᠵᠢᠶᠡᠨ ᠤ ᠬᠡᠶᠢᠰᠪᠤᠷᠢ᠂ ᠴᠠᠭ ᠠᠴᠠ ᠦᠩᠭᠡᠷᠡᠭᠰᠡᠨ ᠵᠡᠷᠭᠡ ᠦᠵᠡᠭᠳᠡᠯ ᠣᠷᠤᠰᠢᠵᠤ᠂ ᠨᠡᠶᠢᠲᠡᠯᠡᠬᠦ ᠬᠠᠮᠤᠭ ᠡᠴᠤᠰ ᠤᠨ ᠦᠷ᠎ᠡ ᠳ᠋ᠦᠩ ᠢ ᠴᠢᠬᠤᠯᠴᠢᠯᠠᠵᠤ᠂ ᠬᠠᠷᠢᠨ‌‍ᠰᠢᠢᠳᠪᠤᠷᠢ ᠠᠴᠠ ᠡᠮᠤᠨ᠎ᠡ ᠪᠠ ᠰᠢᠢᠳᠪᠤᠷᠢ ᠭᠠᠷᠭᠠᠬᠤ ᠶᠠᠪᠤᠴᠠ ᠳᠤᠮᠳᠠ ᠳᠠᠬᠢ ᠴᠢᠮᠡᠭᠡ ᠵᠠᠩᠭᠢ ᠶᠢ ᠨᠡᠶᠢᠲᠡᠯᠡᠬᠦ ᠨᠡᠯᠢᠶᠡᠳ ᠪᠠᠭ᠎ᠠ᠂ ᠬᠦᠨᠳᠦ ᠠᠴᠠ ᠵᠠᠶᠢᠯᠠᠵᠤ ᠬᠦᠩᠬᠡᠨ ᠢ ᠡᠷᠢᠵᠤ᠂  ᠮᠦᠨ ᠴᠢᠨᠠᠷ ᠤᠨ ᠵᠤᠶᠢᠯᠡᠰ ᠠᠴᠠ ᠵᠠᠶᠢᠯᠠᠨ᠎ᠠ᠃ ᠪᠠᠰᠠ ᠵᠠᠷᠢᠮ ᠨᠢ ᠢᠯᠡ ᠪᠣᠯᠭᠠᠬᠤ ᠠᠷᠭ᠎ᠠ ᠮᠠᠶ᠋ᠢᠭ ᠬᠤᠴᠤᠷᠤᠩᠭᠤᠢ᠂ ᠰᠦᠯᠵᠢᠶᠡᠨ ᠤ ᠴᠡᠭ ᠪᠠ ᠰᠣᠨᠢᠨ ᠮᠡᠳᠡᠭᠡᠨ ᠤ ᠵᠠᠭᠤᠴᠢ ᠶᠢ ᠠᠰᠢᠭᠯᠠᠵᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠬᠠᠷᠢᠴᠠᠯ ᠨᠢ ᠪᠠᠭ᠎ᠠ᠂ ᠣᠯᠠᠨ ᠲᠦᠮᠡᠨ ᠪᠠ ᠠᠵᠦ ᠠᠬᠤᠶᠢᠯᠠᠯ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠣᠯᠬᠤ ᠵᠠᠮ ᠰᠢᠭᠤᠳ‌ᠦᠭᠡᠢ ᠪᠠᠶᠢᠨ᠎ᠠ᠃        ᠭᠤᠷᠪᠠ ᠳᠤ ᠠᠵᠢᠯ ᠦᠷᠨᠢᠭᠦᠯᠬᠦ ᠨᠢ ᠲᠡᠩᠴᠡᠭᠦᠷᠢ ᠦᠭᠡᠢ᠃ ᠴᠢᠮᠡᠭᠡ ᠵᠠᠩᠭᠢ ᠶᠢ ᠢᠯᠡ ᠪᠣᠯᠭᠠᠬᠤ ᠨᠢ ᠬᠡᠳᠤᠶᠢᠪᠡᠷ ᠡᠯ᠎ᠡ ᠭᠠᠵᠠᠷ  ᠣᠷᠣᠨ᠂ ᠡᠯ᠎ᠡ ᠰᠠᠯᠠᠭ᠎ᠠ ᠮᠦᠴᠢᠷ ᠲᠤ ᠨᠡᠶᠢᠳᠡᠮ ᠬᠡᠷᠡᠭᠵᠢᠭᠦᠯᠵᠦ ᠪᠠᠶᠢᠪᠠᠴᠤ᠂ ᠦᠷᠨᠢᠭᠦᠯᠵᠦ ᠪᠠᠶᠢᠭ᠎ᠠ ᠬᠡᠮᠵᠢᠶ᠎ᠡ ᠨᠢ ᠮᠠᠰᠢ ᠲᠡᠩᠴᠡᠭᠦᠷᠢ ᠦᠭᠡᠢ᠃ ᠵᠠᠷᠢᠮ ᠦᠢᠯᠡᠴᠢᠯᠡᠭᠡᠨ ᠤ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠦᠨᠳᠤᠰᠤᠨ ᠳᠡᠭᠡᠨ ᠨᠡᠯᠢᠶᠡᠳ ᠪᠣᠯᠪᠠᠰᠤᠷᠠᠩᠭᠤᠢ ᠳᠦᠷᠢᠮ ᠲᠣᠭᠲᠠᠭᠠᠯ ᠲᠠᠢ ᠪᠣᠯᠵᠤ᠂ ᠣᠯᠠᠨ ᠲᠦᠮᠡᠨ ᠳᠤ ᠳᠦᠭᠦᠮ ᠦᠵᠡᠭᠦᠯᠬᠦ ᠪᠠᠶᠢᠴᠠᠭᠠᠨ ᠠᠰᠠᠭᠤᠬᠤ᠂ ᠬᠢᠨᠠᠯᠲᠠ ᠲᠠᠯᠪᠢᠬᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠬᠡᠯᠪᠡᠷᠢ ᠶᠢ ᠰᠤᠩᠭᠤᠵᠠᠢ᠃ ᠭᠡᠲᠡᠯ᠎ᠡ ᠵᠠᠷᠢᠮ ᠭᠠᠵᠠᠷ ᠣᠷᠣᠨ᠂ ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠨᠢ ᠪᠠᠰᠠ ︽ᠬᠠᠭᠤᠴᠢᠨ ᠪᠡᠨ᠎ᠡ ᠪᠠᠨ ᠢᠳᠡᠬᠦ︾ ᠦᠵᠡᠭᠳᠡᠯ ᠪᠠᠶᠢᠵᠤ᠂ ᠠᠵᠢᠯ ᠰᠢᠨ᠎ᠡ ᠡᠭᠦᠳᠤᠯᠲᠡ‌ᠦᠭᠡᠢ᠂ ᠴᠠᠭ ᠤᠨ ᠪᠠᠶᠢᠳᠠᠯ ᠤᠨ ᠬᠦᠭᠵᠢᠯᠲᠡ ᠶᠢᠨ ᠬᠡᠷᠡᠭᠴᠡᠭᠡᠨ ᠳᠤ ᠵᠣᠬᠢᠴᠠᠵᠤ ᠳᠡᠶᠢᠯᠬᠦ ᠦᠭᠡᠢ᠂ ᠵᠠᠷᠢᠮ ᠨᠢ ᠨᠡᠩᠲᠡ ᠪᠠᠰᠠ ᠡᠬᠢᠯᠡᠯᠲᠡ ᠶᠢᠨ ᠱᠠᠲᠤᠨ ᠳᠠᠭᠠᠨ ᠣᠷᠤᠰᠢᠵᠤ ᠪᠠᠶᠢᠨ᠎ᠠ᠃ ᠭᠠᠵᠠᠷ ᠣᠷᠤᠨ ᠤ ᠬᠤᠭᠤᠷᠤᠨᠳᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠠᠵᠢᠯ ᠤᠨ ᠬᠢᠷᠢ ᠲᠦᠪᠰᠢᠨ ᠤ ᠵᠦᠷᠢᠶ᠎ᠡ ᠨᠡᠯᠢᠶᠡᠳ ᠶᠡᠭᠡ᠃       ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ       ᠨᠢᠭᠡ ᠳᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠤᠬᠠᠭᠤᠯᠵᠤ ᠪᠣᠯᠪᠠᠰᠤᠷᠠᠬᠤ ᠠᠵᠢᠯ ᠢ ᠦᠨᠡᠨᠬᠦ ᠴᠢᠩᠭᠠᠳᠬᠠᠪᠠ᠃ ᠪᠢᠳᠡ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠢ ᠱᠠᠭᠠᠷᠳᠠᠵᠤ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠪᠠ ᠲᠣᠬᠢᠷᠠᠭᠤᠯᠤᠯᠲᠠ ᠶᠢ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠦᠭᠦᠴᠡᠯ ᠢ ᠴᠢᠷᠮᠠᠶᠢᠨ  ᠪᠦᠷᠢᠯᠳᠤᠭᠦᠯᠪᠡ᠃ ᠠᠯᠪᠠᠨ ᠭᠡᠷ ᠵᠣᠬᠢᠶᠠᠨ ᠪᠠᠶᠢᠭᠤᠯᠤᠨ ᠲᠣᠬᠢᠷᠠᠭᠤᠯᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠴᠢᠬᠤᠯᠠ ᠵᠦᠪᠯᠡᠬᠦ ᠳᠠᠷᠠᠭᠠᠯᠠᠯ ᠳᠤ ᠣᠷᠤᠭᠤᠯᠵᠤ᠂ ᠡᠯ᠎ᠡ ᠲᠦᠷᠤᠯ ᠤᠨ ᠠᠵᠢᠯ ᠡᠷᠬᠢᠯᠡᠬᠦ ᠠᠵᠢᠯ ᠲᠠᠢ ᠬᠠᠮᠲᠤ ᠪᠠᠶᠢᠷᠢᠯᠠᠭᠤᠯᠬᠤ  ᠂ ᠬᠠᠮᠲᠤ ᠪᠠᠶᠢᠴᠠᠭᠠᠬᠤ᠂ ᠬᠠᠮᠲᠤ ᠬᠢᠨᠠᠨ ᠰᠢᠯᠭᠠᠬᠤ᠂ ᠬᠠᠮᠲᠤ ᠲᠦᠯᠬᠢᠨ ᠠᠬᠢᠭᠤᠯᠬᠤ ᠶᠢ ᠪᠠᠷᠢᠮᠳᠠᠯᠠᠪᠠ᠃       ᠬᠤᠶᠠᠷ ᠲᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠴᠢᠶᠠᠯᠠᠭᠴᠢ ᠶᠢᠨ ᠪᠦᠲᠤᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 2014 ᠣᠨ ᠳᠤ᠂ ᠪᠢᠳᠡ ᠢᠯᠡ ᠪᠣᠯᠭᠠᠬᠤ ᠠᠴᠢᠶᠠᠯᠠᠭᠴᠢ ᠶᠢ ᠲᠠᠰᠤᠷᠠᠯᠲᠠ ᠦᠭᠡᠢ ᠰᠢᠨ᠎ᠡ ᠶᠢ ᠡᠭᠦᠳᠴᠤ᠂ ᠰᠦᠯᠵᠢᠶᠡᠨ ᠤ ᠴᠡᠭ ᠤᠨ ᠲᠤᠰᠬᠠᠢ ᠪᠣᠯᠤᠩ ᠤᠨ ᠪᠠᠶᠢᠭᠤᠯᠤᠯᠲᠠ ᠶᠢ ᠴᠢᠩᠭᠠᠳᠬᠠᠵᠤ᠂  ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠢᠮᠡᠭᠡ ᠵᠠᠩᠭᠢ ᠶᠢ ᠢᠯᠡ ᠪᠣᠯᠭᠠᠬᠤ᠂ ᠰᠦᠯᠵᠢᠶᠡᠨ ᠳᠡᠭᠡᠷ᠎ᠡ ᠠᠵᠢᠯ ᠡᠷᠬᠢᠯᠡᠬᠦ᠂ ᠠᠷᠠᠳ ᠲᠤ ᠳᠦᠭᠦᠮ ᠦᠵᠡᠭᠦᠯᠬᠦ ᠤᠶᠢᠯᠡᠴᠢᠯᠡᠭᠡ᠂ ᠬᠢᠨᠠᠯᠲᠠ ᠶᠢ ᠬᠦᠯᠢᠶᠡᠬᠦ ᠵᠡᠷᠭᠡ ᠲᠤᠰᠬᠠᠢ ᠪᠣᠯᠤᠩ ᠤᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠵᠦᠪᠰᠢᠶᠡᠷᠡᠬᠦ᠂ ᠪᠠᠶᠢᠴᠠᠭᠠᠨ ᠠᠰᠠᠭᠤᠬᠤ᠂ ᠰᠤᠶᠢᠳᠭᠡᠯ ᠲᠤᠰᠢᠶᠠᠬᠤ᠂ ᠵᠠᠭᠠᠯᠳᠤᠬᠤ᠂ ᠳᠡᠮᠵᠢᠯᠭᠡ ᠭᠤᠶᠤᠴᠢᠯᠠᠬᠤ ᠵᠡᠷᠭᠡ ᠤᠶᠢᠯᠡᠴᠢᠯᠡᠭᠡᠨ ᠤ ᠲᠦᠷᠤᠯ ᠵᠤᠶᠢᠯ ᠤᠨ ᠬᠡᠪᠴᠢᠶ᠎ᠡ ᠶᠢ ᠢᠳᠡᠭ ᠢᠳᠡᠭ ᠢᠶᠠᠷ ᠦᠷᠭᠡᠳᠭᠡᠨ᠎ᠡ᠃ ᠪᠡᠯᠡᠨ ᠪᠠᠶᠢᠬᠤ ᠡᠬᠢ ᠰᠣᠷᠪᠤᠯᠵᠢ ᠶᠢ ᠭᠦᠢᠴᠡᠳ ᠠᠰᠢᠭᠯᠠᠬᠤ ᠪᠠ ᠨᠢᠭᠡᠳᠭᠡᠵᠤ᠂ ᠪᠦᠬᠦ ᠬᠤᠰᠢᠭᠤᠨ ᠎ ᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯᠧᠺᠲᠷᠤᠨ ᠵᠠᠰᠠᠭ ᠤᠨ ᠶᠠᠪᠤᠳᠠᠯ ᠢ ᠬᠡᠷᠡᠭᠵᠢᠭᠦᠯᠬᠦ ᠳᠤ ᠰᠦᠯᠵᠢᠶᠡᠨ ᠤ ᠣᠷᠴᠢᠨ ᠲᠣᠭᠤᠷᠢᠨ ᠤ ᠳᠡᠮᠵᠢᠯᠭᠡ ᠶᠢ ᠬᠠᠩᠭᠠᠨ᠎ᠠ᠃ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠷᠠᠳᠢᠣ᠋᠂ ᠲᠧᠯᠸᠢᠰ᠂ ᠰᠣᠨᠢᠨ ᠰᠡᠳᠭᠦᠯ ᠵᠡᠷᠭᠡ ᠵᠠᠭᠤᠴᠢ ᠶᠢ ᠭᠦᠢᠴᠡᠳ ᠠᠰᠢᠭᠯᠠᠵᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠠᠵᠢᠯ ᠤᠨ ᠰᠤᠷᠲᠠᠯ ᠢ ᠵᠦᠪᠯᠡᠨ ᠲᠣᠭᠲᠠᠭᠠᠬᠤ᠂ ᠶᠠᠭᠠᠷᠠᠯᠲᠠᠢ ᠳ᠋ᠢᠶᠠᠩᠬᠤᠸᠠ᠂ ᠰᠠᠨᠠᠯ ᠳᠤᠷᠠᠳᠤᠯᠭ᠎ᠠ᠂ ᠣᠯᠠᠨ ᠨᠡᠶᠢᠲᠡ ᠶᠢᠨ ᠴᠢᠮᠡᠭᠡ ᠵᠠᠩᠭᠢ ᠵᠡᠷᠭᠡ ᠴᠢᠮᠡᠭᠡ ᠵᠠᠩᠭᠢ ᠶᠢᠨ ᠡᠬᠢ ᠰᠣᠷᠪᠤᠯᠵᠢ ᠪᠠ ᠲᠣᠭᠠᠴᠢᠯᠲᠠ ᠶᠢᠨ ᠠᠷᠭ᠎ᠠ ᠵᠠᠮ ᠢ ᠨᠢᠭᠡᠳᠭᠡᠬᠦ ᠪᠠ ᠴᠢᠩᠭᠠᠳᠬᠠᠵᠤ᠂ ᠵᠠᠰᠠᠭ ᠤᠨ ᠣᠷᠳᠣᠨ ᠪᠠ ᠠᠷᠠᠳ ᠣᠯᠠᠨ ᠤ ᠬᠠᠷᠢᠯᠴᠠᠭ᠎ᠠ ᠶᠢ ᠨᠢᠭᠲᠠᠷᠠᠭᠤᠯᠤᠨ᠎ᠠ᠃       ᠭᠤᠷᠪᠠ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠭᠦᠨ ᠠᠴᠠ ᠬᠤᠶᠢᠰᠢ᠂ ᠪᠢᠳᠡ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ ᠶᠠᠪᠤᠭᠳᠠᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ ᠲᠣᠭᠤᠷᠢᠨ ᠳᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠮ᠎ᠡ ᠶᠣᠰᠤ ᠶᠢ ᠰᠦᠪᠡᠭᠴᠢᠯᠡᠨ᠂ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ ᠶᠠᠪᠤᠭᠳᠠᠭᠤᠯᠬᠤ ᠬᠤᠯᠪᠤᠭᠳᠠᠯ ᠪᠦᠬᠦᠢ ᠳᠦᠷᠢᠮ ᠢ ᠬᠤᠷᠳᠤᠨ ᠲᠡᠭᠦᠯᠳᠡᠷᠵᠢᠭᠦᠯᠵᠦ᠂ ᠤᠷᠳᠤ ᠬᠤᠭᠤᠴᠠᠭ᠎ᠠ ᠬᠦᠴᠤᠨ ᠎ ᠲᠠᠢ ᠲᠣᠭᠲᠠᠯᠴᠠᠭ᠎ᠠ ᠶᠢ ᠢᠳᠡᠭ ᠢᠳᠡᠭ ᠢᠶᠠᠷ  ᠪᠠᠶᠢᠭᠤᠯᠤᠨ᠎ᠠ᠂ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ᠂ ᠠᠵᠢᠯ ᠢ ᠬᠢᠨᠠᠨ ᠰᠢᠯᠭᠠᠬᠤ᠂ ᠨᠡᠶᠢᠭᠡᠮ ᠠᠴᠠ ᠵᠦᠪᠯᠡᠨ ᠲᠣᠭᠲᠠᠭᠠᠬᠤ᠂ ᠬᠠᠷᠢᠭᠤᠴᠠᠯᠭ᠎ᠠ ᠶᠢ ᠨᠡᠬᠡᠮᠵᠢᠯᠡᠬᠦ᠂ ᠰᠣᠨᠢᠨ ᠮᠡᠳᠡᠭᠡᠨ ᠤ ᠦᠭᠦᠯᠡᠭᠴᠢ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ  ᠳᠦᠷᠢᠮᠵᠢᠭᠦᠯᠦᠭᠰᠡᠨ ᠢ  ᠪᠠᠲᠤᠯᠠᠨ᠎ᠠ᠃ ᠲᠣᠷᠰᠢᠯᠲᠠ ᠶᠢᠨ ᠴᠡᠭ ᠤᠨ ᠵᠠᠪᠰᠢᠶᠠᠨ ᠢᠶᠠᠷ ᠳᠣᠬᠢᠶᠠᠯ ᠪᠣᠯᠭᠠᠵᠤ᠂ ᠠᠷᠠᠳ ᠲᠦᠮᠡᠨ ᠳᠤ ᠤᠶᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号