ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2015 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2016/7/13
      ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠣᠷ᠎ᠠ ᠳᠦᠭᠦᠮᠴᠢᠯᠡᠭᠡᠳ ︽ᠳᠦᠷᠢᠮ︾ ᠭᠡᠨ᠎ᠡ︶᠎ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ 2015 ᠣᠨ ᠎ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠲᠣᠬᠠᠢ ᠮᠡᠳᠡᠭᠳᠡᠯ ︵ᠤᠯᠠᠭᠠᠨᠬᠠᠳᠠ ᠵᠠᠰᠠᠭ ᠠᠯᠪᠠᠨ ᠦᠰᠦᠭ〔2016〕3 ᠳ᠋ᠤᠭᠠᠷ︶᠎ ᠤᠨ ᠪᠣᠳᠠᠲᠠᠢ ᠳᠦᠷᠢᠮ ᠤᠨ ᠶᠣᠰᠤᠭᠠᠷ᠂ ᠣᠩᠨᠢᠭᠤᠳ ᠬᠤᠰᠢᠭᠤᠨ ᠤ 2015 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠭᠰᠡᠨ ᠮᠦᠷᠲᠡᠭᠡᠨ ᠨᠡᠶᠢᠭᠡᠮ ᠳᠤ ᠨᠡᠶᠢᠲᠡᠯᠡᠪᠡ᠃       ᠲᠤᠰ ᠮᠡᠳᠡᠭᠦᠯᠦᠯᠲᠡ ᠨᠢ ᠵᠢᠯ ᠳᠣᠲᠤᠷᠠᠬᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠢ ᠲᠣᠶᠢᠮᠤᠴᠢᠯᠠᠨ ᠦᠬᠦᠯᠡᠬᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ᠂ ᠵᠠᠭᠠᠯᠳᠤᠬᠤ ᠪᠠᠶᠢᠳᠠᠯ ᠵᠢᠴᠢ ᠰᠢᠢᠳᠪᠦᠷᠢᠯᠡᠭᠰᠡᠨ ᠦᠷ᠎ᠡ ᠳ᠋ᠦᠩ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠤ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠳᠤᠷᠠᠳᠬᠤ ᠪᠠᠶᠢᠳᠠᠯ᠂  ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤᠮᠳᠠ ᠣᠷᠤᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠠᠷᠭ᠎ᠠ ᠮᠠᠶ᠋ᠢᠭ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠤᠪᠡ᠃ ᠲᠤᠰ ᠮᠡᠳᠡᠭᠦᠯᠦᠯᠲᠡ ᠳᠤ ᠵᠢᠭᠰᠠᠭᠠᠵᠤ ᠪᠠᠶᠢᠭ᠎ᠠ ᠲᠤᠭ᠎ᠠ ᠪᠠᠷᠢᠮᠲᠠ ᠶᠢᠨ ᠪᠦᠷᠢᠳᠭᠡᠯ ᠤᠨ ᠬᠤᠭᠤᠴᠠᠭ᠎ᠠ ᠪᠣᠯ 2015 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠵᠦ 2015 ᠣᠨ ᠤ 12 ᠰᠠᠷ᠎ᠠ ᠶᠢᠨ 31᠎ ᠤ ᠡᠳᠦᠷ ᠳᠠᠭᠤᠰᠤᠨ᠎ᠠ᠃       ᠨᠢᠭᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ  ᠠᠵᠢᠯ ᠤᠨ ᠪᠠᠶᠢᠳᠠᠯ       2015ᠣᠨ ᠳᠤ᠂ ᠮᠠᠨ ᠤ ᠬᠤᠰᠢᠭᠤ ︽ᠳᠦᠷᠢᠮ︾᠂ ᠤᠯᠤᠰ ᠤᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽2015 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠣᠯᠳᠠᠯᠭ᠎ᠠ︾᠎ ᠶᠢᠨ ᠬᠠᠮᠢᠶ᠎ᠠ ᠪᠦᠬᠦᠢ ᠦᠵᠡᠯ ᠰᠠᠨᠠᠭ᠎ᠠ ᠶᠢ ᠬᠢᠨᠠᠮᠠᠭᠠᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ᠂ ᠡᠳ᠋ ᠤᠨ ᠵᠠᠰᠠᠭ ᠤᠨ ᠪᠡᠯᠡ ᠮᠦᠩᠭᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠪᠠ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠵᠠᠬ᠎ᠠ ᠳᠡᠯᠭᠡᠭᠦᠷ ᠠᠴᠠ  ᠬᠠᠶᠢᠨ ᠬᠠᠮᠢᠶᠠᠷᠬᠤ ᠶᠢ ᠬᠦᠴᠤ ᠲᠠᠯᠪᠢᠨ ᠲᠦᠯᠬᠢᠨ ᠠᠬᠢᠭᠤᠯᠪᠠ᠃  ᠳᠦᠷᠢᠮ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠨᠠᠶᠢᠲᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠵᠢᠯ ᠤᠨ ᠴᠢᠨᠠᠷ ᠪᠠ ᠪᠣᠳᠠᠲᠤ ᠤᠶᠢᠯᠡᠳᠤᠯ ᠢ ᠪᠠᠲᠤᠯᠠᠪᠠ᠃       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠠᠭ ᠲᠣᠬᠠᠢ ᠳᠤᠨᠢ ᠲᠣᠬᠢᠷᠠᠭᠤᠯᠪᠠ᠃ ᠰᠢᠨ᠎ᠡ ᠪᠠᠷ ᠲᠣᠮᠢᠯᠠᠭᠳᠠᠭᠰᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠬᠤᠷᠴᠠ ᠨᠦᠬᠦᠷ ᠣᠩᠨᠢᠭᠤᠳ ᠬᠤᠰᠢᠭᠠᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠶᠢ ᠡᠭᠦᠷᠭᠡᠯᠡᠵᠦ  ᠂  ᠪᠦᠬᠦ ᠬᠤᠰᠢᠭᠤᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠬᠢᠷᠠᠭᠤᠯᠵᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠶᠢ ᠬᠠᠷᠢᠭᠤᠴᠠᠪᠠ᠃ ᠤᠳᠤᠷᠢᠳᠬᠤ ᠳᠣᠭᠤᠶᠢᠯᠠᠩ ᠨᠢ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ ᠲᠤ ᠠᠯᠪᠠᠨ ᠭᠡᠷ ᠪᠠᠶᠢᠭᠤᠯᠵᠤ᠂  ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ ᠤᠨ ᠡᠷᠬᠢᠯᠡᠭᠴᠢ ᠠᠯᠪᠠᠨ ᠭᠡᠷ ᠤᠨ ᠡᠷᠬᠢᠯᠡᠭᠴᠢ ᠶᠢ ᠡᠭᠦᠷᠭᠡᠯᠡᠵᠦ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠡᠳᠤᠷ ᠲᠣᠲᠤᠮ ᠤᠨ ᠠᠵᠢᠯ ᠢ ᠬᠠᠷᠢᠭᠤᠴᠠᠪᠠ᠃ 2015 ᠣᠨ ᠳᠤ᠂ 3.5 ᠲᠦᠮᠡᠨ ᠲᠦᠭᠦᠷᠢᠭ ᠣᠷᠤᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠴᠢᠮᠡᠭᠡ ᠵᠠᠩᠭᠢ ᠶᠢ ᠢᠯᠡ ᠪᠣᠯᠭᠠᠬᠤ ᠲᠤᠰᠬᠠᠢ  ᠪᠣᠯᠤᠩ ᠤᠨ ᠡᠷᠭᠢᠯᠲᠡ ᠶᠢ ᠬᠠᠮᠠᠭᠠᠯᠠᠪᠠ᠃       ︵ᠬᠤᠶᠠᠷ︶ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠴᠢᠮᠡᠭᠡ ᠵᠠᠩᠭᠢ ᠶᠢ ᠴᠠᠭ ᠲᠣᠬᠠᠢ ᠳᠤᠨᠢ ᠰᠢᠨᠡᠳᠭᠡᠪᠡ᠃ 2015 ᠣᠨ ᠳᠤ᠂ ᠨᠡᠶᠢᠭᠡᠮ ᠤᠨ ᠠᠩᠬᠠᠷᠤᠯ ᠳᠤ ᠴᠠᠭ ᠲᠣᠬᠠᠢ ᠳᠤᠨᠢ ᠬᠠᠷᠢᠭᠤ ᠦᠭᠬᠦ ᠶᠢ ᠴᠢᠬᠤᠯᠴᠢᠯᠠᠵᠦ ᠣᠯᠠᠨ ᠲᠦᠮᠡᠨ ᠤ ᠤᠶᠢᠯᠡᠳᠪᠦᠷᠢᠯᠡᠯ᠂ ᠠᠮᠢᠳᠤᠷᠠᠯ ᠲᠠᠢ ᠨᠢᠭᠲᠠ ᠬᠤᠯᠪᠤᠭᠳᠠᠬᠤ ᠴᠢᠮᠡᠭᠡ ᠵᠠᠩᠭᠢ ᠶᠢ ᠢᠯᠡ ᠪᠣᠯᠭᠠᠪᠠ᠃ 2015ᠣᠨ ᠤ 42 ᠵᠣᠷᠪᠤᠰ ᠡᠷᠬᠡ ᠮᠡᠳᠡᠯ ᠤᠨ ᠨᠠᠷᠢᠨ ᠳᠠᠩᠰᠠ ᠶᠢ ᠳᠠᠬᠢᠨ ᠢᠯᠡ ᠪᠣᠯᠭᠠᠪᠠ  ︔ 319 ᠵᠣᠷᠪᠤᠰ ᠡᠳ᠋ ᠤᠨ ᠵᠠᠰᠠᠭ ᠤᠨ ᠲᠦᠰᠤᠪ ᠪᠠ ᠲᠦᠰᠤᠪ ᠤᠨ ᠭᠦᠢᠴᠡᠳᠭᠡᠯ ᠤᠨ ᠴᠢᠮᠡᠭᠡ ᠵᠠᠩᠭᠢ︔ 65 ᠵᠣᠷᠪᠤᠰ ᠠᠷᠠᠳ ᠤᠨ ᠠᠮᠢᠳᠤᠷᠠᠯ ᠢ ᠪᠠᠲᠤᠯᠠᠬᠤ ᠲᠦᠷᠤᠯ ᠵᠤᠶᠢᠯ ᠤᠨ ᠴᠢᠮᠡᠭᠡ ᠵᠠᠩᠭᠢ᠂ ︽ᠨᠢᠭᠡ ᠺᠠᠷᠲ ᠢᠶᠠᠷ ᠣᠯᠭᠤᠬᠤ︾ ᠠᠷᠠᠳ ᠲᠤ ᠠᠰᠢᠭ ᠣᠯᠭᠤᠬᠤ ᠨᠦᠬᠦᠪᠦᠷᠢ ᠶᠢᠨ ᠮᠦᠩᠭᠦ ᠶᠢ ᠲᠠᠷᠬᠠᠭᠠᠭᠰᠠᠨ ᠪᠠᠶᠢᠳᠠᠯ᠂ ᠨᠡᠶᠢᠭᠡᠮ ᠤᠨ ᠳᠡᠳᠭᠦᠮᠵᠢ ᠶᠢᠨ ᠮᠦᠩᠭᠦ ᠶᠢ ᠲᠠᠷᠬᠠᠭᠠᠭᠰᠠᠨ ᠪᠠᠶᠢᠳᠠᠯ᠂ ᠬᠤᠲᠠ ᠬᠦᠳᠡᠭᠡ ᠶᠢᠨ ᠳᠣᠣᠷ᠎ᠠ ᠪᠠᠲᠤᠯᠠᠭ᠎ᠠ ᠶᠢᠨ ᠮᠦᠩᠭᠦ ᠶᠢ ᠲᠠᠷᠬᠠᠭᠠᠭᠰᠠᠨ ᠪᠠᠶᠢᠳᠠᠯ ᠵᠡᠷᠭᠡ ᠲᠠᠢ ᠬᠤᠯᠪᠤᠭᠳᠠᠬᠤ ᠴᠢᠮᠡᠭᠡ ᠵᠠᠩᠭᠢ︔ 71 ᠵᠣᠷᠪᠤᠰ ︽ᠭᠤᠷᠪᠠᠨ ᠲᠠᠷᠢᠶᠠᠯᠠᠩ︾᠎ ᠤᠨ ᠴᠢᠮᠡᠭᠡ ᠵᠠᠩᠭᠢ ᠶᠢ ᠨᠡᠶᠢᠲᠡᠯᠡᠪᠡ᠃       ︵ᠭᠤᠷᠪᠠ︶ ᠰᠦᠯᠵᠢᠶᠡᠨ  ᠎ ᠤ ᠴᠡᠭ ᠤᠨ ᠴᠢᠳᠠᠪᠬᠢ ᠶᠢ ᠴᠠᠭ ᠲᠣᠬᠠᠢ ᠳᠤᠨᠢ ᠲᠡᠭᠦᠯᠳᠡᠷᠵᠢᠭᠦᠯᠪᠡ᠃ ᠵᠠᠰᠠᠭ ᠤᠨ ᠣᠷᠳᠣᠨ ᠤ ᠰᠦᠯᠵᠢᠶᠡᠨ ᠤ ᠴᠡᠭ ᠢ ᠴᠠᠭ ᠲᠣᠬᠠᠢ ᠳᠤᠨᠢ᠂ ᠣᠨᠤᠪᠴᠢᠲᠠᠢ᠂ ᠢᠯᠡ ᠲᠣᠳᠣ ᠴᠢᠮᠡᠭᠡ ᠵᠠᠩᠭᠢ ᠨᠡᠶᠢᠲᠡᠯᠡᠬᠦ ᠲᠠᠪᠴᠠᠩ ᠪᠣᠯᠭᠠᠵᠤ ᠪᠠᠶᠢᠭᠤᠯᠬᠤ ᠶᠢᠨ ᠲᠦᠯᠦᠭᠡ᠂ ᠬᠤᠰᠢᠭᠤᠨ ᠳᠣᠲᠤᠷᠠᠬᠢ ᠡᠯ᠎ᠡ ᠵᠤᠶᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠪᠠ᠃ ︽ᠭᠤᠷᠪᠠᠨ ᠴᠢᠩᠭ᠎ᠠ ᠭᠤᠷᠪᠠᠨ ᠪᠣᠲᠠᠲᠠᠢ︾ ᠰᠤᠷᠭᠠᠨ ᠬᠦᠮᠦᠵᠢᠯ ᠤᠨ ᠲᠤᠰᠬᠠᠢ ᠰᠡᠳᠤᠪ᠂ 2015 ᠣᠨ ᠤ ︽ᠬᠤᠶᠠᠷ ᠬᠤᠷᠠᠯ︾᠎ ᠤᠨ ᠲᠤᠰᠬᠠᠢ ᠰᠡᠳᠤᠪ ᠂ ︽ᠠᠷᠪᠠ ᠶᠢ ᠪᠦᠷᠬᠦᠭᠦᠯᠬᠦ︾ ᠠᠵᠢᠯ ᠤᠨ ᠲᠤᠰᠬᠠᠢ ᠰᠡᠳᠤᠪ ᠢ ᠲᠣᠬᠢᠷᠠᠭᠤᠯᠵᠤ᠂ ᠠᠷᠠᠳ ᠲᠤ ᠳᠦᠭᠦᠮ ᠦᠵᠡᠭᠦᠯᠬᠦ ᠴᠢᠮᠡᠭᠡ ᠵᠠᠩᠭᠢ ᠶᠢᠨ ᠲᠤᠰᠬᠠᠢ ᠪᠣᠯᠤᠩ᠂ ︽ᠳᠠᠪᠬᠤᠷ ᠨᠡᠶᠢᠲᠡᠯᠡᠬᠦ︾ ᠲᠤᠰᠬᠠᠢ ᠪᠣᠯᠤᠩ ᠢ ᠨᠡᠮᠡᠵᠦ ᠲᠣᠬᠢᠷᠠᠭᠤᠯᠪᠠ᠃       ︵ᠳᠥᠷᠪᠡ︶ ᠴᠢᠮᠡᠭᠡ ᠵᠠᠩᠭᠢ ᠶᠢ ᠢᠯᠡ ᠪᠣᠯᠭᠠᠬᠤ ᠬᠡᠯᠪᠡᠷᠢ ᠶᠢ ᠴᠠᠭ ᠲᠣᠬᠠᠢ ᠳᠤᠨᠢ ᠪᠠᠶᠠᠯᠢᠭᠵᠢᠭᠤᠯᠪᠠ᠃ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠠᠴᠠ ᠭᠠᠳᠠᠨ᠎ᠠ᠂ ᠰᠢᠨ ᠯᠠᠩ ᠪᠢᠴᠢᠯ ᠪᠦᠷᠭᠡ᠂  ᠸᠠᠴᠠᠶᠢᠲ ᠤᠨ ᠨᠡᠶᠢᠲᠡ ᠶᠢᠨ ᠲᠠᠪᠴᠠᠩ ᠳᠡᠭᠡᠷ᠎ᠡ ᠲᠦᠷᠤ ᠶᠢᠨ ᠪᠣᠳᠤᠯᠭ᠎ᠠ ᠬᠠᠥᠯᠢ ᠳᠦᠷᠢᠮ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠴᠢᠮᠡᠭᠡ ᠵᠠᠩᠭᠢ ᠶᠢ ᠵᠡᠷᠭᠡᠪᠡᠷ ᠢᠯᠡ ᠪᠣᠯᠭᠠᠵᠤ᠂ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ ᠲᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ ᠤᠶᠢᠯᠡᠴᠢᠯᠡᠭᠡᠨ ᠤ ᠭᠠᠵᠠᠷ ᠢ ᠨᠡᠮᠡᠨ ᠪᠠᠶᠢᠭᠤᠯᠵᠤ᠂ 4 ᠬᠡᠰᠡᠭ ᠡᠯᠧᠺᠲᠷᠤᠨ ᠲᠡᠮᠲᠡᠷᠢᠯᠡᠵᠦ ᠯᠠᠪᠯᠠᠨ ᠠᠰᠠᠭᠤᠬᠤ ᠳᠡᠯᠭᠡᠴᠡ ᠶᠢ ᠰᠢᠨ᠎ᠡ ᠪᠠᠷ ᠨᠡᠮᠡᠵᠦ᠂ ᠣᠯᠠᠨ ᠲᠦᠮᠡᠨ ᠤ ᠮᠡᠳᠡᠬᠦ ᠡᠷᠬᠡ ᠶᠢ ᠣᠯᠠᠨ ᠵᠤᠶᠢᠯ ᠤᠨ ᠠᠷᠭ᠎ᠠ ᠵᠠᠮ ᠢᠶᠠᠷ ᠪᠦᠷᠢᠮᠤᠰᠤᠨ ᠪᠠᠲᠤᠯᠠᠪᠠ᠃       ︵ᠲᠠᠪᠤ︶ ᠤᠬᠠᠭᠤᠯᠬᠤ ᠪᠣᠯᠪᠠᠰᠤᠷᠠᠬᠤ ᠠᠵᠢᠯ ᠢ ᠴᠠᠭ ᠲᠣᠬᠠᠢ ᠳᠤᠨᠢ ᠦᠷᠨᠢᠭᠦᠯᠪᠡ᠃ ᠬᠤᠲᠠ ᠶᠢᠨ ᠳᠡᠰ ᠤᠨ ᠪᠣᠯᠪᠠᠰᠤᠷᠠᠯ ᠳᠤ ᠢᠳᠡᠪᠬᠢᠲᠡᠢ ᠣᠷᠤᠯᠴᠠᠵᠤ᠂ ᠬᠤᠰᠢᠭᠤᠨ ᠳᠣᠲᠤᠷᠠᠬᠢ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠦᠬᠦ ᠵᠢᠯ ᠳᠤ ᠨᠡᠶᠢᠲᠡ 4 ᠤᠳᠠᠭ᠎ᠠ ᠠᠵᠢᠯ ᠤᠨ ᠪᠣᠯᠪᠠᠰᠤᠷᠠᠯ ᠵᠣᠬᠢᠶᠠᠨ ᠪᠠᠶᠢᠭᠤᠯᠵᠤ᠂ 650 ᠬᠦᠮᠦᠨ ᠤᠳᠠᠭ᠎ᠠ ᠳᠤ ᠬᠦᠷᠴᠤ᠂ ᠪᠣᠯᠪᠠᠰᠤᠷᠠᠬᠤ ᠠᠭᠤᠯᠭ᠎ᠠ ᠭᠤᠣᠯ ᠨᠢ ᠲᠣᠣᠷ ᠰᠦᠯᠵᠢᠶᠡᠨ ᠤ ᠲᠠᠪᠴᠠᠩ ᠤᠨ ᠬᠡᠷᠡᠭᠯᠡᠭᠡ᠂ ᠳᠦᠭᠦᠮ ᠮᠡᠷᠭᠡᠵᠢᠯ ᠤᠶᠢᠯᠡᠳᠬᠦ᠂ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠮᠣᠷᠠᠯ ᠵᠡᠷᠭᠡ ᠲᠠᠢ ᠬᠤᠯᠪᠤᠭᠳᠠᠵᠤ᠂ ᠨᠢᠭᠤᠴᠠ ᠮᠠᠲ᠋ᠧᠷᠢᠶᠠᠯ ᠤᠨ ᠲᠣᠪᠴᠢᠶ᠎ᠡ ᠨᠢᠭᠤᠴᠠ ᠶᠢ ᠬᠠᠮᠠᠭᠠᠯᠠᠬᠤ ᠰᠡᠳᠭᠦᠯ ᠵᠠᠬᠢᠶᠠᠯᠠᠵᠤ ᠳᠣᠷᠤᠭᠰᠢ ᠡᠯ᠎ᠡ ᠡᠷᠬᠡ ᠲᠤᠰᠢᠶᠠᠯ ᠤᠨ ᠰᠠᠯᠠᠭ᠎ᠠ ᠮᠦᠴᠢᠷ ᠲᠤ ᠲᠠᠷᠬᠠᠭᠠᠬᠤ ᠶᠢ ᠬᠠᠷᠢᠭᠤᠴᠠᠵᠤ᠂ ᠴᠢᠮᠡᠭᠡ ᠵᠠᠩᠭᠢ ᠶᠢ ᠢᠯᠡ ᠪᠣᠯᠭᠠᠬᠤ᠂ ᠰᠦᠯᠵᠢᠶᠡᠨ ᠤ ᠴᠡᠭ ᠢ ᠬᠠᠮᠠᠭᠠᠯᠠᠬᠤ ᠪᠦᠬᠦ ᠠᠵᠢᠯᠲᠠᠨ ᠨᠢᠭᠤᠴᠠ ᠶᠢ ᠬᠠᠮᠠᠭᠠᠯᠠᠬᠤ ᠵᠦᠪᠯᠡᠯᠭᠡ ᠶᠢᠨ ᠭᠠᠷ ᠤᠨ ᠦᠰᠦᠭ ᠵᠢᠷᠤᠬᠤ ᠶᠢ ᠱᠠᠭᠠᠷᠳᠠᠵᠤ᠂ ᠪᠦᠬᠦ ᠬᠤᠰᠢᠭᠤᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠳᠤᠷ ᠬᠢᠬᠦ ᠳᠤ ᠯᠠᠪᠳᠠᠭᠤᠨ ᠰᠠᠭᠤᠷᠢ ᠲᠠᠯᠪᠢᠪᠠ᠃       ᠬᠤᠶᠠᠷ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ       ︽2015 ᠣᠨ ᠤ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠭᠤᠣᠯᠳᠠᠭ᠎ᠠ︾᠎ ᠶᠢᠨ ᠱᠠᠭᠠᠷᠳᠠᠯᠭ᠎ᠠ ᠶᠢ ᠦᠨᠳᠤᠰᠦᠯᠡᠵᠦ᠂ ᠢᠯᠡ ᠪᠣᠯᠭᠠᠬᠤ ᠪᠠᠷ ᠵᠠᠷᠴᠢᠮ ᠪᠣᠯᠭᠠᠵᠤ᠂ ᠢᠯᠡ ᠪᠣᠯᠭᠠᠬᠤ ᠦᠭᠡᠢ ᠪᠠᠷ ᠨᠠᠶᠢᠲᠠᠪᠤᠷᠢᠵᠢᠭᠤᠯᠵᠤ ᠴᠢᠩᠭᠠᠳᠬᠠᠪᠠ᠃ 2015 ᠣᠨ ᠳᠤ᠂ ᠮᠠᠨ ᠤ ᠬᠤᠰᠢᠭᠤ 4632 ᠵᠣᠷᠪᠤᠰ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ᠃ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ᠂ ᠨᠡᠶᠢᠲᠡ ᠶᠢᠨ ᠡᠷᠢᠵᠦ ᠦᠵᠡᠬᠦ  ᠲᠠᠯᠠᠪᠤᠷ ᠢ ᠰᠣᠷᠪᠤᠯᠵᠢᠯᠠᠭᠰᠠᠨ ᠲᠤᠭ᠎ᠠ 13 ᠲᠦᠮᠡ ᠢᠯᠡᠭᠦᠦ ᠳᠤ ᠬᠦᠷᠪᠡ᠃ 2015 ᠣᠨ ᠳᠤ ᠦᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠱᠠᠭᠠᠷᠳᠠᠯᠭ᠎ᠠ ᠶᠣᠰᠤᠭᠠᠷ᠂ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠲᠤ ︽ᠬᠤᠶᠠᠷ ᠢ ᠨᠡᠶᠢᠲᠡᠯᠡᠬᠦ︾ ᠲᠤᠰᠬᠠᠢ ᠪᠣᠯᠤᠩ ᠢ ᠲᠣᠬᠢᠷᠠᠭᠤᠯᠵᠤ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠰᠢᠳᠭᠡᠯ ᠤᠨ ᠴᠢᠮᠡᠭᠡ ᠵᠠᠩᠭᠢ ᠶᠢ ᠢᠯᠡ ᠪᠣᠯᠭᠠᠵᠤ᠂ ᠣᠳᠤ ᠨᠢᠭᠡᠨᠲᠡ 343 ᠵᠣᠷᠪᠤᠰ ᠢ ᠨᠡᠶᠢᠲᠡᠯᠡᠵᠦ᠂ ᠪᠠᠰᠠ ᠦᠷᠬᠦᠯᠵᠢᠯᠡᠨ ᠰᠢᠨᠡᠳᠭᠡᠵᠤ᠂ ᠵᠡᠷᠭᠡᠪᠡᠷ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠠᠴᠠ ᠦᠪᠤᠷ ᠮᠣᠩᠭᠤᠯ ᠤᠨ ᠢᠲᠡᠭᠡᠮᠵᠢ ᠶᠢᠨ ᠲᠠᠪᠴᠠᠩ ᠳᠤ ᠬᠦᠷᠭᠡᠪᠡ᠃       ᠭᠤᠷᠪᠠ᠂ ᠭᠤᠶᠤᠴᠢᠯᠠᠯ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ       2015ᠣᠨ ᠳᠤ᠂ ᠮᠠᠨ ᠤ ᠬᠤᠰᠢᠭᠤ ᠭᠤᠶᠤᠴᠢᠯᠠᠯ ᠢ ᠦᠨᠳᠦᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠨᠢᠭᠡ ᠵᠢᠱᠢᠶ᠎ᠡ ᠬᠤᠷᠢᠶᠠᠨ ᠠᠪᠴᠤ ᠰᠢᠢᠳᠪᠤᠷᠢᠯᠡᠵᠦ᠂ ᠭᠤᠶᠤᠴᠢᠯᠠᠭᠰᠠᠨ ᠬᠦᠮᠦᠨ ᠵᠠᠬᠢᠳᠠᠯ ᠴᠢᠮᠡᠭᠡ ᠶᠢᠨ ᠬᠡᠯᠪᠡᠷᠢ ᠪᠠᠷ ᠭᠡᠷ ᠪᠠᠶᠢᠰᠢᠩ ᠤᠨ ᠪᠠᠷᠤᠭᠴᠠᠭᠠᠯᠠᠭᠰᠠᠨ ᠦᠨ᠎ᠡ ᠶᠢᠨ ᠮᠡᠳᠡᠭᠦᠯᠦᠯᠲᠡ ᠭᠡᠷ ᠪᠠᠶᠢᠰᠢᠩ ᠭᠠᠵᠠᠷ ᠬᠦᠷᠤᠩᠭᠡ ᠶᠢ ᠨᠣᠷᠠᠭᠠᠵᠤ ᠨᠡᠭᠦᠯᠭᠡᠬᠦ ᠺᠣᠮᠫᠠᠨᠢ ᠶᠢᠨ ︽ᠨᠤᠷᠠᠭᠠᠵᠤ ᠨᠡᠭᠦᠯᠭᠡᠬᠦ ᠵᠦᠪᠰᠢᠶᠡᠷᠡᠯ ᠤᠨ ᠦᠨᠡᠮᠯᠡᠯ︾᠂ ᠣᠩᠨᠢᠭᠤᠳ ᠬᠤᠰᠢᠭᠤᠨ ᠤ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠳᠤᠮᠳᠠ ᠤᠷᠳᠤ ᠬᠤᠭᠤᠴᠠᠭᠠᠨ ᠎ ᠤ ᠲᠦᠯᠦᠪᠵᠢᠭᠦᠯᠭᠡ ᠪᠠ ᠵᠢᠯ ᠤᠨ ᠲᠦᠯᠦᠪᠯᠡᠭᠡ᠂ ᠵᠢᠴᠢ ᠪᠣᠷᠤᠬᠤᠲᠠ ᠪᠠᠯᠭᠠᠰᠤ ᠶᠢᠨ ᠭᠡᠷ ᠪᠠᠶᠢᠰᠢᠩ ᠤᠨ ᠨᠡᠶᠢᠭᠡᠮ ᠤᠨ ᠲᠣᠭᠲᠠᠭᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠮᠡᠳᠡᠭᠦᠯᠦᠯᠲᠡ ᠵᠡᠷᠭᠡ ᠠᠭᠤᠯᠭ᠎ᠠ ᠶᠢ ᠢᠯᠡ ᠪᠣᠯᠭᠠᠬᠤ ᠶᠢ ᠭᠤᠶᠤᠴᠢᠯᠠᠪᠠ᠃ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ ᠣᠩᠨᠢᠭᠤᠳ ᠬᠤᠰᠢᠭᠤᠨ ᠤ ᠣᠷᠣᠨ ᠰᠠᠭᠤᠴᠠ ᠶᠢᠨ ᠰᠠᠯᠠᠭ᠎ᠠ ᠮᠦᠴᠢᠷ ᠲᠠᠢ ᠬᠠᠷᠢᠯᠴᠠᠵᠤ ᠭᠤᠶᠤᠴᠢᠯᠠᠭᠰᠠᠨ ᠬᠦᠮᠦᠨ ᠎ ᠳᠤ ᠬᠠᠷᠢᠭᠤᠯᠲᠠ ᠦᠭᠪᠡ᠃       ᠳᠥᠷᠪᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ᠂ ᠵᠠᠷᠭᠤᠯᠳᠤᠭᠠᠨ ᠢ ᠬᠦᠯᠢᠶᠡᠨ ᠠᠪᠤᠭᠰᠠᠨ ᠪᠠᠶᠢᠳᠠᠯ ᠵᠢᠴᠢ ᠰᠢᠢᠳᠪᠦᠷᠢᠯᠡᠭᠰᠡᠨ ᠦᠷ᠎ᠡ ᠳ᠋ᠦᠩ       2015ᠣᠨ ᠳᠤ᠂ ᠮᠠᠨ ᠤ ᠬᠤᠰᠢᠭᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ᠂ ᠵᠠᠭᠠᠯᠳᠤᠬᠤ ᠪᠠᠶᠢᠳᠠᠯ ᠡᠭᠦᠰᠤᠭ᠍ᠰᠡᠨ ᠦᠭᠡᠢ᠃       ᠲᠠᠪᠤ᠂ ᠵᠠᠰᠠᠭ ᠤᠨ ᠣᠷᠳᠣᠨ ᠤ ᠴᠢᠮᠡᠭᠡ ᠵᠠᠩᠭᠢ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠷᠭᠤ ᠳᠤᠷᠠᠳᠬᠤ ᠶᠢ ᠢᠯᠡ ᠪᠣᠯᠭᠠᠬᠤ ᠪᠠᠶᠢᠳᠠᠯ       2015ᠣᠨ ᠳᠤ᠂ ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠴᠠ ᠨᠢᠭᠡ ᠬᠤᠪᠢ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠬᠤᠷᠢᠶᠠᠨ ᠣᠯᠵᠤ᠂ ᠭᠤᠶᠤᠴᠢᠯᠠᠭᠰᠠᠨ ᠬᠦᠮᠦᠨ ᠳᠤ ᠴᠠᠭ ᠲᠣᠬᠠᠢ ᠳᠤᠨᠢ ᠬᠠᠩᠭᠠᠮᠵᠢᠲᠠᠢ ᠬᠠᠷᠢᠭᠤᠯᠲᠠ ᠦᠭᠭᠦᠭᠰᠡᠨ ᠦᠭᠡᠢ ᠠᠴᠠ ᠪᠣᠯᠵᠤ ᠵᠠᠰᠠᠭ ᠵᠠᠬᠢᠷᠭᠠᠨ ᠎ ᠤ ᠳᠠᠬᠢᠨ ᠵᠦᠪᠯᠡᠬᠦ ᠶᠢ ᠬᠤᠷᠢᠶᠠᠨ ᠣᠯᠪᠠ᠃ ᠤᠯᠠᠭᠠᠨᠬᠠᠳᠠ ᠬᠤᠲᠠ ᠶᠢᠨ ᠬᠠᠥᠯᠢ ᠳᠦᠷᠢᠮ ᠤᠨ ᠠᠯᠪᠠᠨ ᠭᠡᠷ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠤᠷᠢ ᠶᠣᠰᠤᠭᠠᠷ᠂ ᠬᠤᠰᠢᠭᠤᠨ ᠤ ᠬᠠᠥᠯᠢ ᠳᠦᠷᠢᠮ ᠤᠨ ᠠᠯᠪᠠᠨ ᠭᠡᠷ᠂ ᠬᠤᠰᠢᠭᠤᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠠᠴᠠ ᠬᠠᠷᠢᠭᠤᠴᠠᠯᠭᠠᠲᠤ ᠰᠠᠯᠠᠭ᠎ᠠ ᠮᠦᠴᠢᠷ ᠲᠠᠢ ᠬᠠᠷᠢᠯᠴᠠᠬᠤ ᠶᠢ ᠬᠠᠷᠢᠭᠤᠴᠠᠵᠤ᠂ ᠲᠣᠭᠲᠠᠭᠰᠠᠨ ᠬᠤᠭᠤᠴᠠᠭᠠᠨ ᠳᠤ ᠭᠤᠶᠤᠴᠢᠯᠠᠭᠰᠠᠨ ᠬᠦᠮᠦᠨ ᠳᠤ ᠳᠠᠬᠢᠨ ᠬᠠᠷᠢᠭᠤᠯᠲᠠ ᠦᠭᠪᠡ᠃ 2016 ᠣᠨ ᠤ 1 ᠰᠠᠷ᠎ᠠ ᠶᠢᠨ 5᠎ ᠤ ᠡᠳᠦᠷ᠂ ᠣᠩᠨᠢᠭᠤᠳ ᠬᠤᠰᠢᠭᠤᠨ ᠤ ᠣᠷᠣᠨ ᠰᠠᠭᠤᠴᠠ ᠶᠢᠨ ᠲᠣᠪᠴᠢᠶ᠎ᠡ ᠠᠴᠠ ᠨᠢᠭᠡᠨᠲᠡ ᠭᠤᠶᠤᠴᠢᠯᠠᠭᠰᠠᠨ ᠬᠦᠮᠦᠨ ᠳᠤ ᠵᠣᠷᠪᠤᠰ ᠳᠠᠷᠠᠭᠠᠯᠠᠨ ᠬᠠᠷᠢᠭᠤᠯᠲᠠ ᠦᠭᠪᠡ᠃       ᠵᠢᠷᠭᠤᠭ᠎ᠠ᠂ ᠣᠷᠤᠰᠢᠵᠤ ᠪᠠᠶᠢᠭ᠎ᠠ ᠭᠤᠣᠯ ᠠᠰᠠᠭᠤᠳᠠᠯ ᠪᠠ ᠰᠠᠶᠢᠵᠢᠷᠠᠭᠤᠯᠤᠭᠰᠠᠨ ᠪᠠᠶᠢᠳᠠᠯ       2015ᠣᠨ ᠳᠤ᠂ ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠤ᠂ ᠴᠢᠮᠡᠭᠡ ᠵᠠᠩᠭᠢ ᠶᠢᠨ ᠲᠤᠭ᠎ᠠ ᠬᠡᠮᠵᠢᠶ᠎ᠡ᠂ ᠴᠢᠨᠠᠷ ᠦᠩᠭᠡᠷᠡᠭᠰᠡᠨ ᠲᠠᠢ ᠠᠳᠠᠯᠢᠳᠬᠠᠪᠠᠯ ᠨᠡᠯᠢᠶᠡᠳ ᠳᠡᠭᠡᠭᠰᠢᠯᠡᠯᠲᠡ ᠲᠠᠢ᠂ ᠭᠡᠪᠡᠴᠦ ᠬᠤᠪᠢ ᠪᠠᠷ ᠢᠶᠠᠨ ᠪᠠᠶᠢᠴᠠᠭᠠᠭᠰᠠᠨ ᠤ ᠰᠡᠭᠦᠯᠡᠷ ᠳᠣᠣᠷᠠᠬᠢ ᠮᠡᠲᠤ ᠠᠰᠠᠭᠤᠳᠠᠯ ᠣᠷᠤᠰᠢᠵᠤ ᠪᠠᠶᠢᠭ᠎ᠠ ᠶᠢ ᠰᠡᠷᠡᠵᠤ ᠮᠡᠳᠡᠪᠡ᠄       ︵ᠨᠢᠭᠡ︶ ᠢᠯᠡ ᠪᠣᠯᠭᠠᠭᠰᠠᠨ ᠴᠢᠮᠡᠭᠡ ᠵᠠᠩᠭᠢ ᠶᠢᠨ ᠠᠭᠤᠯᠭ᠎ᠠ ᠨᠢ ᠪᠦᠷᠢᠨ ᠪᠢᠰᠢ᠃ ᠵᠠᠷᠢᠮ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠭᠤᠣᠯᠳᠠᠯᠭ᠎ᠠ ᠲᠠᠢ ᠭᠦᠷᠢᠶ᠎ᠡ ᠬᠡᠪᠴᠢᠶᠡᠨ ᠤ ᠴᠢᠮᠡᠭᠡ ᠵᠠᠩᠭᠢ ᠎ ᠨᠢ ᠢᠯᠡ ᠪᠣᠯᠭᠠᠬᠤ ᠬᠦᠴᠦᠨ ᠬᠦᠷᠤᠯᠴᠡᠬᠦ ᠦᠭᠡᠢ᠂ ᠠᠷᠠᠳ ᠣᠯᠠᠨ ᠤ ᠤᠶᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭᠳᠠᠬᠤ ᠴᠢᠮᠡᠭᠡ ᠵᠠᠩᠭᠢ ᠶᠢ ᠢᠯᠡ ᠪᠣᠯᠭᠠᠬᠤ ᠨᠢ ᠳᠠᠷᠤᠢ ᠳᠤᠨᠢ ᠪᠢᠰᠢ᠂ ᠠᠭᠤᠯᠭ᠎ᠠ ᠪᠣᠲᠠᠲᠠᠢ ᠦᠭᠡᠢ ᠵᠡᠷᠭᠡ ᠠᠰᠠᠭᠤᠳᠠᠯ ᠣᠷᠤᠰᠢᠵᠤ᠂ ᠭᠤᠣᠯ ᠨᠢ ᠨᠡᠶᠢᠭᠡᠮ ᠤᠨ ᠠᠵᠢᠯ ᠤᠶᠢᠯᠡᠰ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠳᠤ ᠲᠦᠪᠯᠡᠷᠡᠵᠦ ᠪᠠᠶᠢᠨ᠎ᠠ᠃       ︵ᠬᠤᠶᠠᠷ︶ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠰᠢᠭᠤᠳ ᠰᠢᠯᠤᠭᠤᠨ ᠪᠢᠰᠢ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠭᠤᠣᠯ ᠨᠢ ᠲᠣᠣᠷ ᠰᠦᠯᠵᠢᠶ᠎ᠡ ᠶᠢ ᠠᠰᠢᠭᠯᠠᠵᠤ᠂ ᠭᠤᠶᠤᠴᠢᠯᠠᠯ ᠢ ᠦᠨᠳᠤᠰᠦᠯᠡᠵᠦ ᠢᠯᠡ ᠪᠣᠯᠭᠠᠬᠤ ᠳᠤ ᠬᠠᠷᠢᠭᠤᠯᠲᠠ ᠦᠭᠬᠦ ᠠᠷᠭ᠎ᠠ ᠵᠠᠮ ᠤᠨ ᠲᠠᠯ᠎ᠠ ᠪᠠᠷ ᠭᠠᠭᠴᠠ ᠳ᠋ᠢᠶᠠᠩᠬᠤᠸᠠ ᠳᠤ ᠬᠢᠵᠠᠭᠠᠷᠯᠠᠭᠳᠠᠵᠤ᠂ ᠣᠯᠠᠨ ᠨᠡᠶᠢᠲᠡ ᠶᠢᠨ ᠪᠣᠰᠤᠳ ᠠᠷᠭ᠎ᠠ ᠬᠡᠯᠪᠡᠷᠢ ᠪᠠᠷ ᠳᠤᠷᠠᠳᠤᠭᠰᠠᠨ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠦᠭᠬᠦ ᠦᠭᠡᠢ ᠪᠣᠶᠤ ᠬᠠᠷᠢᠭᠤᠯᠲᠠ ᠨᠢ ᠳᠠᠷᠤᠢ ᠳᠤᠨᠢ ᠪᠢᠰᠢ᠂ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠬᠤ ᠳᠤ ᠮᠦᠨ ᠬᠤᠪᠢ ᠬᠦᠮᠦᠨ ᠤ ᠴᠢᠮᠡᠭᠡ ᠵᠠᠩᠭᠢ ᠶᠢ ᠬᠡᠲᠤᠷᠬᠡᠢ ᠴᠤᠭᠯᠠᠭᠤᠯᠵᠤ᠂ ᠭᠤᠶᠤᠴᠢᠯᠠᠭᠰᠠᠨ ᠬᠦᠮᠦᠨ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢ ᠱᠠᠭᠠᠷᠳᠠᠵᠤ᠂ ᠰᠠᠯᠠᠭ᠎ᠠ ᠮᠦᠴᠢᠷ ᠤᠨ ᠬᠤᠭᠤᠷᠤᠨᠲᠤ ᠪᠠᠨ ᠬᠠᠷᠢᠯᠴᠠᠨ ᠲᠦᠯᠬᠢᠬᠦ ᠵᠡᠷᠭᠡ ᠪᠠᠶᠢᠳᠠᠯ ᠣᠷᠤᠰᠢᠵᠤ᠂ ᠣᠯᠠᠨ ᠲᠦᠮᠡᠨ ᠳᠤ ᠢᠯᠡᠭᠦᠴᠡ ᠳᠠᠷᠤᠭᠠᠰᠤ ᠦᠭᠴᠦ᠂ ᠢᠯᠡ ᠪᠣᠯᠭᠠᠬᠤ ᠶᠢ ᠭᠤᠶᠤᠴᠢᠯᠠᠬᠤ ᠠᠷᠭ᠎ᠠ ᠵᠠᠮ ᠢ ᠬᠠᠷᠰᠢᠯᠠᠵᠠᠢ᠃       ︵ᠭᠤᠷᠪᠠ︶ ᠴᠢᠮᠡᠭᠡ ᠵᠠᠩᠭᠢ ᠶᠢ ᠢᠯᠡ ᠪᠣᠯᠭᠠᠬᠤ ᠳᠤ ᠬᠢᠨᠠᠯᠲᠠ ᠲᠠᠯᠪᠢᠬᠤ ᠲᠣᠭᠲᠠᠯᠴᠠᠭ᠎ᠠ ᠲᠡᠭᠦᠯᠳᠡᠷ ᠪᠢᠰᠢ᠃ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠤ ᠬᠢᠨᠠᠯᠲᠠ ᠲᠠᠯᠪᠢᠬᠤ ᠳᠦᠷᠢᠮ ᠲᠡᠭᠦᠯᠳᠡᠷ ᠪᠢᠰᠢ᠂ ᠤᠳᠤᠷᠢᠳᠬᠤ ᠳᠣᠭᠤᠶᠢᠯᠠᠩ ᠤᠨ ᠳᠣᠲᠤᠭᠠᠳᠤ ᠳᠠᠭᠠᠨ ᠬᠢᠨᠠᠯᠲᠠ ᠲᠠᠯᠪᠢᠬᠤ ᠬᠦᠴᠦᠨ ᠦᠭᠡᠢ᠂ ᠵᠡᠷᠭᠡᠪᠡᠷ᠂ ᠭᠠᠳᠠᠭᠠᠲᠤ ᠶᠢᠨ ᠬᠢᠨᠠᠯᠲᠠ ᠳᠤᠲᠠᠮᠠᠭ᠂ ᠣᠨᠴᠠᠭᠠᠶᠢᠯᠠᠨ ᠭᠤᠶᠤᠴᠢᠯᠠᠯ ᠢ ᠦᠨᠳᠦᠰᠦᠯᠡᠵᠦ ᠢᠯᠡ ᠪᠣᠯᠭᠠᠬᠤ ᠠᠵᠢᠯ ᠳᠤ ᠬᠠᠨᠳᠤᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠣᠯᠠᠨ ᠲᠦᠮᠡᠨ ᠤ ᠭᠤᠶᠤᠴᠢᠯᠠᠯ ᠳᠤ ᠴᠠᠭ ᠲᠣᠬᠠᠢ ᠳᠤᠨᠢ ᠬᠠᠷᠢᠭᠤ ᠦᠭᠬᠦ ᠶᠢ ᠬᠢᠨᠠᠨ ᠱᠠᠭᠠᠷᠳᠠᠬᠤ ᠶᠢᠨ ᠠᠷᠭ᠎ᠠ ᠦᠭᠡᠢ᠃       ᠳᠡᠭᠡᠷᠡᠬᠢ ᠠᠰᠠᠭᠤᠳᠠᠯ ᠳᠤ ᠬᠠᠨᠳᠤᠭᠤᠯᠵᠤ᠂ ᠡᠭᠦᠨ ᠠᠴᠠ ᠰᠡᠭᠦᠯᠡᠷᠬᠢ ᠠᠵᠢᠯ ᠳᠤᠮᠳᠠ ᠳᠣᠣᠷᠠᠬᠢ ᠬᠡᠳᠤᠨ ᠲᠠᠯ᠎ᠠ ᠠᠴᠠ ᠠᠵᠢᠯ ᠤᠨ ᠬᠦᠴᠦᠨ ᠢᠶᠠᠨ  ᠨᠡᠮᠡᠭᠳᠡᠭᠦᠯᠪᠡ᠄       ︵ᠨᠢᠭᠡ︶ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠢ  ᠴᠢᠩᠭᠠᠳᠬᠠᠪᠠ᠃ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠢᠳᠡᠭ ᠢᠳᠡᠭ ᠢᠶᠠᠷ ᠦᠷᠭᠡᠳᠭᠡᠵᠦ᠂ ᠣᠯᠠᠨ ᠨᠡᠶᠢᠲᠡ ᠶᠢᠨ ᠠᠩᠬᠠᠷᠤᠯ ᠢ ᠲᠠᠲᠠᠭᠰᠠᠨ ᠬᠦᠷᠢᠶ᠎ᠡ ᠬᠡᠪᠴᠢᠶᠡᠨ ᠤ ᠪᠠᠶᠢᠳᠠᠯ ᠳᠤ ᠪᠦᠬᠦ ᠲᠠᠯ᠎ᠠ ᠪᠠᠷ᠂ ᠴᠠᠭ ᠲᠣᠬᠠᠢ ᠳᠤᠨᠢ ᠬᠠᠷᠢᠭᠤ ᠦᠭᠪᠡ᠃ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠢᠯᠡ ᠪᠣᠯᠭᠠᠬᠤ ᠠᠭᠤᠯᠭ᠎ᠠ ᠶᠢ ᠨᠠᠷᠢᠯᠢᠭ ᠪᠣᠯᠭᠠᠵᠤ᠂ ᠲᠤᠰᠬᠤᠨ ᠤ ᠱᠠᠲᠤᠨ ᠤ ᠴᠢᠮᠡᠭᠡ ᠵᠠᠩᠭᠢ ᠡᠷᠢᠵᠤ ᠦᠵᠡᠬᠦ ᠴᠡᠭ ᠢ ᠨᠡᠮᠡᠨ ᠲᠣᠬᠢᠷᠠᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠪᠣᠯᠤᠩ ᠤᠨ ᠲᠣᠬᠢᠷᠠᠭᠤᠯᠤᠯᠲᠠ  ᠪᠠ ᠰᠣᠷᠪᠤᠯᠵᠢᠯᠠᠭ᠎ᠠ᠂ ᠪᠠᠶᠢᠴᠠᠭᠠᠨ ᠡᠷᠢᠬᠦ᠂ ᠪᠠᠭᠤᠯᠭᠠᠬᠤ ᠴᠢᠳᠠᠪᠬᠢ ᠶᠢ ᠰᠢᠯᠢᠳᠡᠭᠵᠢᠭᠦᠯᠵᠦ᠂ ᠵᠡᠷᠭᠡᠪᠡᠷ ᠷᠠᠳᠢᠣ᠋ ᠲᠧᠯᠸᠢᠰ᠂ ᠰᠣᠨᠢᠨ ᠰᠡᠳᠭᠦᠯ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠭᠠᠷ ᠤᠲᠠᠰᠤᠨ ᠤ ᠣᠬᠤᠷ ᠮᠡᠳᠡᠭᠡ᠂ ᠦᠭᠦᠯᠡᠯ ᠤᠨ ᠲᠠᠪᠴᠠᠩ ᠵᠡᠷᠭᠡ ᠣᠯᠠᠨ ᠠᠷᠭ᠎ᠠ ᠬᠡᠯᠪᠡᠷᠢ ᠪᠠᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠲᠦᠯᠬᠢᠨ ᠠᠬᠢᠭᠤᠯᠪᠠ᠃        ︵ᠬᠤᠶᠠᠷ︶ ᠴᠢᠮᠡᠭᠡ ᠵᠠᠩᠭᠢ ᠶᠢ ᠢᠯᠡ ᠪᠣᠯᠭᠠᠬᠤ ᠪᠣᠯᠪᠠᠰᠤᠷᠠᠯ ᠤᠨ ᠠᠵᠢᠯ ᠢ ᠴᠢᠩᠭᠠᠳᠬᠠᠪᠠ᠃  ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠬᠢᠷᠢ ᠲᠦᠪᠰᠢᠨ ᠪᠠ ᠴᠢᠨᠠᠷ ᠤᠨ ᠬᠢᠷᠢ ᠲᠦᠪᠰᠢᠨ ᠳᠡᠭᠡᠭᠰᠢᠯᠡᠬᠦ ᠳᠤ ᠬᠡᠯᠪᠡᠶᠢᠬᠦ ᠶᠢᠨ ᠵᠡᠷᠭᠡᠪᠡᠷ ᠠᠵᠢᠯ ᠤᠨ ᠰᠤᠷᠳᠠᠯ᠂ ᠬᠠᠷᠢᠭᠤᠴᠠᠯᠭᠠᠲᠤ ᠤᠬᠠᠮᠰᠠᠷ᠂ ᠲᠤᠰᠬᠠᠢ ᠣᠣᠷ ᠴᠢᠨᠠᠷ ᠤᠨ ᠪᠣᠯᠪᠠᠰᠤᠷᠠᠯ ᠢ ᠨᠡᠮᠡᠭᠳᠡᠭᠦᠯᠵᠦ᠂ ᠣᠯᠠᠨ ᠵᠤᠶᠢᠯ ᠤᠨ ᠬᠡᠯᠪᠡᠷᠢ ᠪᠠᠷ ᠬᠠᠷᠢᠯᠴᠠᠬᠤ ᠶᠢ ᠦᠷᠨᠢᠭᠦᠯᠵᠦ᠂ ᠴᠢᠮᠡᠭᠡ ᠵᠠᠩᠭᠢ ᠶᠢᠨ ᠠᠭᠤᠯᠭ᠎ᠠ ᠶᠢ ᠪᠣᠯᠪᠠᠰᠤᠷᠠᠭᠤᠯᠬᠤ ᠪᠠ ᠦᠰᠤᠷᠤᠯᠲᠡ ᠭᠠᠷᠬᠤ ᠶᠢ ᠴᠢᠩᠭᠠᠳᠬᠤᠵᠤ᠂ ᠠᠵᠢᠯᠲᠠᠨ ᠤ ᠬᠠᠷᠠᠴᠠ ᠶᠢ ᠦᠷᠭᠡᠳᠭᠡᠵᠦ᠂ ᠦᠵᠡᠯ  ᠰᠠᠨᠠᠭᠠᠨ ᠤ ᠲᠠᠨᠢᠯᠲᠠ ᠶᠢ ᠳᠡᠭᠡᠭᠰᠢᠯᠡᠭᠦᠯᠵᠦ ᠂ ᠴᠢᠮᠡᠭᠡ ᠵᠠᠩᠭᠢ ᠳᠠᠬᠢ ᠰᠡᠷᠬᠡᠭ ᠬᠡᠮᠵᠢᠶ᠎ᠡ ᠶᠢ ᠳᠡᠭᠡᠭᠰᠢᠯᠡᠭᠦᠯᠪᠡ᠃        ︵ᠭᠤᠷᠪᠠ︶ ᠴᠢᠮᠡᠭᠡ ᠵᠠᠩᠭᠢ ᠶᠢ ᠢᠯᠡ ᠪᠣᠯᠭᠠᠬᠤ ᠳᠤ ᠬᠢᠨᠠᠯᠲᠠ ᠲᠠᠯᠪᠢᠬᠤ ᠬᠦᠴᠦᠨ ᠢ ᠨᠡᠮᠡᠭᠳᠡᠭᠦᠯᠪᠡ᠃ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠣᠨᠴᠠᠭᠠᠶᠢᠯᠠᠨ ᠴᠢᠮᠡᠭᠡ ᠵᠠᠩᠭᠢ ᠶᠢ ᠢᠯᠡ ᠪᠣᠯᠭᠠᠬᠤ ᠳᠤ ᠡᠭᠦᠰᠦᠭᠰᠡᠨ ᠵᠠᠭᠠᠯᠳᠤᠭᠠᠨ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠡᠷᠡᠭ ᠲᠤ ᠬᠠᠨᠳᠤᠭᠤᠯᠵᠤ᠂ ᠪᠣᠲᠠᠲᠠᠢ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠪᠠ᠃ ᠡᠷᠬᠡᠲᠦ ᠠᠷᠠᠳ ᠤᠨ ᠢᠯᠡᠴᠢᠯᠡᠨ ᠮᠡᠳᠡᠭᠦᠯᠬᠦ᠂ ᠳᠠᠬᠢᠨ ᠵᠦᠪᠯᠡᠬᠦ ᠪᠠ ᠵᠠᠭᠠᠯᠳᠤᠭᠠᠨ ᠳᠤ ᠵᠢᠯᠤᠭᠤᠳᠤᠯᠭ᠎ᠠ ᠬᠠᠩᠭᠠᠬᠤ ᠲᠤᠰᠬᠠᠢ ᠤᠳᠤᠷᠢᠳᠤᠮᠵᠢ ᠶᠢ ᠲᠣᠭᠲᠠᠭᠠᠵᠤ᠂ ᠭᠠᠳᠠᠭᠠᠲᠤ ᠶᠢᠨ ᠬᠢᠨᠠᠯᠲᠠ ᠲᠠᠯᠪᠢᠬᠤ ᠭᠦᠴᠤᠨ ᠢ ᠨᠡᠮᠡᠭᠳᠡᠭᠦᠯᠪᠡ᠃ ᠨᠡᠶᠢᠭᠡᠮ ᠠᠴᠠ ᠵᠦᠪᠯᠡᠨ ᠲᠣᠭᠲᠠᠭᠠᠬᠤ ᠨᠠᠷᠢᠯᠢᠭ ᠳᠦᠷᠢᠮ ᠢ ᠪᠠᠶᠢᠭᠤᠯᠵᠤ᠂ ᠰᠢᠰᠲ᠋ᠧᠮ ᠲᠠᠢ᠂ ᠬᠦᠢᠴᠡᠳᠭᠡᠯ ᠲᠤᠭ᠎ᠠ ᠶᠢᠨ ᠲᠣᠭᠲᠠᠯᠴᠠᠭ᠎ᠠ ᠶᠢᠨ ᠱᠠᠭᠠᠷᠳᠠᠯᠭ᠎ᠠ ᠳᠤ ᠨᠡᠶᠢᠴᠡᠬᠦ᠂ ᠨᠡᠶᠢᠭᠡᠮ ᠠᠴᠠ ᠵᠦᠪᠯᠡᠨ ᠲᠣᠭᠲᠠᠭᠠᠬᠤ ᠶᠢ ᠶᠠᠪᠤᠭᠳᠠᠭᠤᠯᠵᠤ᠂ ᠴᠠᠭ ᠲᠣᠬᠠᠢ ᠳᠤᠨᠢ ᠨᠡᠶᠢᠭᠡᠮ ᠳᠤ ᠢᠯᠡ  ᠪᠣᠯᠭᠠᠵᠤ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ  ᠬᠢᠨᠠᠨ ᠰᠢᠯᠭᠠᠬᠤ ᠪᠠᠶᠢᠳᠠᠯ ᠢ ᠣᠶᠢᠯᠠᠭᠠᠬᠤ  ᠬᠡᠷᠡᠭᠴᠡᠭᠡ ᠶᠢ ᠬᠠᠩᠭᠠᠵᠤ᠂ ᠨᠡᠶᠢᠭᠡᠮ ᠠᠴᠠ ᠵᠦᠪᠯᠡᠨ ᠲᠣᠭᠲᠠᠭᠠᠬᠤ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠬᠢᠨᠠᠯᠲᠠ ᠲᠠᠯᠪᠢᠬᠤ ᠤᠶᠢᠯᠡᠳᠤᠯ ᠢ  ᠪᠠᠳᠠᠷᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号